2023 ᠣᠨ ᠤ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/3/22
      3 ᠰᠠᠷ᠎ᠠ ᠶᠢᠨ 21 ᠤ ᠡᠳᠦᠷ᠂ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯ ᠬᠤᠷᠠᠯᠳᠤᠪᠠ᠃ ᠬᠤᠷᠠᠯ ᠠᠴᠠ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠯᠤᠰ ᠲᠥᠷᠥ ᠬᠠᠤᠯᠢ ᠴᠠᠭᠠᠵᠠ ᠶᠢᠨ ᠠᠵᠢᠯ ᠳᠤ ᠭᠠᠷᠭᠠᠭᠰᠠᠨ ᠴᠢᠬᠤᠯᠠ ᠵᠢᠭᠠᠪᠤᠷᠢ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠳᠡᠭᠡᠷ᠎ᠡ ᠭᠤᠷᠪᠠᠨ ᠱᠠᠲᠤᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2022 ᠣᠨ ᠤ ᠪᠥᠬᠦ  ᠲᠤᠭᠤᠷᠢᠭ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠳᠤ ᠣᠯᠣᠭᠰᠠᠨ ᠪᠦᠲᠦᠮᠵᠢᠲᠡᠶ ᠠᠮᠵᠢᠯᠲᠠ ᠪᠦᠲᠦᠮᠵᠢ ᠪᠠ ᠡᠷᠬᠢᠮ ᠨᠠᠨᠳᠢᠨ ᠲᠤᠷᠰᠢᠯᠭ᠎ᠠ ᠶᠢ ᠳ᠋ᠦᠩᠨᠡᠨ᠂ ᠣᠳᠣᠬᠠᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠳᠤ ᠲᠤᠯᠭᠠᠷᠠᠵᠤ ᠪᠠᠶᠢᠭ᠎ᠠ ᠲᠦᠭᠰᠢᠭᠦᠷᠢ ᠥᠷᠢᠰᠦᠯᠳᠦᠭᠡᠨ ᠢ ᠭᠦᠨᠵᠡᠭᠡᠢ ᠵᠠᠳᠠᠯᠵᠤ᠂ 2023 ᠣᠨ ᠤ ᠪᠥᠬᠦ ᠲᠤᠭᠤᠷᠢᠭ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ ᠬᠤᠷᠠᠯ ᠡᠷᠭᠢᠯᠡᠵᠦ᠂ ᠲᠤᠭᠤᠷᠢᠭ ᠤᠨ ᠠᠷᠠᠳ ᠤᠨ ᠰᠢᠭᠦᠬᠦ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠷᠢᠶᠠᠨ ᠳᠠᠷᠤᠭ᠎ᠠ ᠬᠤᠷᠠᠯ ᠳᠤ ᠣᠷᠣᠯᠴᠠᠵᠠᠢ᠃      ᠬᠤᠷᠠᠯ ᠠᠴᠠ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠬᠤ ᠡᠬᠢᠯᠡᠯᠲᠡ ᠶᠢᠨ ᠵᠢᠯ ᠪᠣᠯᠣᠨ᠎ᠠ᠂ ᠶᠡᠷᠦᠩᠬᠡᠢ ᠱᠦᠵᠢ ᠰᠢ ᠶᠢᠨ ᠫᠢᠩ ᠤᠨ ︽ᠨᠢᠭᠡ ᠰᠢᠨ᠎ᠡ ᠶᠢ ᠡᠭᠦᠳᠴᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ᠂ ᠲᠡᠦᠬᠡ ᠶᠢᠨ ᠬᠠᠮᠤᠭ ᠤᠨ ᠥᠨᠳᠥᠷ ᠲᠦᠪᠰᠢᠨ ᠳᠤ ᠪᠤᠴᠠᠵᠤ ᠢᠷᠡᠬᠦ᠂ ᠪᠤᠭᠤᠲᠤ ᠶᠢᠨ ᠰᠦᠷ ᠵᠢᠪᠬᠤᠭ᠎ᠠ ᠶᠢ ᠲᠠᠬᠢᠨ ᠮᠠᠨᠳᠤᠭᠤᠯᠬᠤ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠵᠠᠩᠭᠢᠯᠠᠭ᠎ᠠ ᠶᠢᠨ ᠵᠢᠯ ᠪᠣᠯᠣᠨ᠎ᠠ᠃ ᠪᠦᠬᠦ ᠲᠤᠭᠤᠷᠢᠭ ᠤᠨ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠭ᠎ᠠ ᠡᠷᠬᠡᠪᠰᠢ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠰᠢ ᠶᠢᠨ ᠫᠢᠩ ᠶᠡᠷᠦᠩᠬᠡᠢ ᠱᠦᠵᠢ ᠶᠢᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠳᠡᠭᠡᠷ᠎ᠡ ᠦᠨᠡᠨᠬᠦ ᠨᠢᠭᠡᠳᠬᠡᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠵᠦ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠣᠳᠣᠬᠢᠴᠢᠯᠠᠯᠲᠠ ᠶᠢ ᠠᠬᠢᠭᠤᠯᠬᠤ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠨᠡᠩ ᠡᠷᠡᠰ ᠪᠠᠲᠤ ᠵᠣᠷᠢᠭ᠂ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ᠂ ᠯᠠᠪᠳᠠᠭᠤᠨ ᠪᠠᠲᠤᠲᠠᠢ ᠦᠢᠯᠡ ᠠᠵᠢᠯᠯᠠᠭ᠎ᠠ ᠪᠠᠷ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠵᠦᠢᠯ ᠤᠨ ᠠᠵᠢᠯ ᠤᠨ ᠪᠣᠳᠠᠲᠠᠢ ᠨᠠᠶᠢᠳᠠᠪᠤᠷᠢᠵᠢᠵᠤ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠨ ᠭᠠᠷᠭᠠᠭᠰᠠᠨ ᠪᠠᠶᠢᠨ᠎ᠠ᠃      ᠬᠤᠷᠠᠯ ᠠᠴᠠ᠂ ᠡᠨᠡ ᠵᠢᠯ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠢ ᠰᠠᠶᠢᠲᠤᠷ ᠬᠢᠬᠦ ᠶᠡᠷᠦᠩᠬᠡᠢ ᠰᠡᠳᠬᠢᠴᠡ ᠪᠣᠯ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠣᠳᠣᠬᠢᠴᠢᠯᠠᠯᠲᠠ ᠶᠢ ᠬᠦᠴᠦᠯᠡᠨ ᠠᠬᠢᠭᠤᠯᠬᠤ ᠭᠤᠣᠯ ᠰᠢᠵᠢᠮ ᠲᠠᠢ ᠨᠢᠭᠲᠠ ᠤᠶᠠᠯᠳᠤᠭᠤᠯᠤᠨ᠂ ᠨᠢᠭᠡ ᠡᠭᠦᠷᠭᠡ ᠬᠠᠷᠢᠭᠤᠴᠠᠯᠭ᠎ᠠ ᠶᠢ ᠪᠠᠲᠤ ᠴᠡᠭᠡᠵᠢᠯᠡᠵᠦ᠂ ᠬᠤᠶᠠᠷ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠭᠤᠷᠪᠠᠨ ᠭᠠᠷᠳᠠᠴᠠ ᠶᠢ ᠭᠦᠨᠵᠡᠭᠡᠶᠢᠷᠡᠭᠦᠯᠵᠦ᠂ ᠲᠦᠷᠪᠡᠨ ᠵᠦᠢᠯ ᠢ ᠡᠭᠦᠳᠦᠨ ᠪᠠᠶᠢᠭᠤᠯᠬᠤ ᠪᠠᠷ ᠬᠦᠴᠦᠯᠡᠨ ᠴᠢᠷᠮᠠᠶᠢᠵᠤ᠂ ᠨᠠᠢᠮᠠᠨ ᠶᠡᠭᠡ ᠠᠵᠢᠯᠯᠠᠭ᠎ᠠ ᠶᠢ ᠥᠷᠨᠢᠭᠦᠯᠵᠦ᠂ ᠶᠢᠰᠦᠨ ᠵᠦᠢᠯ ᠤᠨ ᠭᠤᠣᠯᠳᠠᠯᠭ᠎ᠠ ᠲᠠᠢ ᠠᠵᠢᠯ ᠢ ᠪᠤᠲᠠᠲᠠᠶᠢᠵᠢᠭᠤᠯᠤᠨ᠎ᠠ᠃ ᠬᠠᠷᠠᠯᠲᠠ ᠪᠠᠨ ᠲᠣᠭᠲᠠᠭᠠᠵᠤ᠂ ᠵᠣᠷᠢᠭᠲᠠᠢ ᠪᠠᠷ ᠤᠷᠤᠭᠰᠢᠯᠠᠵᠤ᠂ ᠪᠣᠳᠠᠲᠠᠢ ᠠᠳᠬᠤᠨ ᠠᠮᠵᠢᠯᠲᠠ ᠣᠯᠵᠤ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠴᠢᠩᠱᠠᠨ᠂ ᠬᠠᠤᠯᠢᠵᠢᠯ ᠤᠨ ᠴᠢᠩᠱᠠᠨ ᠶᠢ ᠲᠦᠷᠭᠡᠨ ᠪᠠᠶᠢᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠰᠢᠨ᠎ᠡ ᠴᠢᠩᠱᠠᠨ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠤᠯᠤᠰ ᠲᠦᠷᠦ ᠬᠠᠤᠯᠢ ᠴᠠᠭᠠᠵᠠ ᠶᠢᠨ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠲᠣᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ᠂ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠨᠢᠭᠡᠴᠡ ᠶᠢᠨ ᠤᠳᠤᠷᠢᠳᠬᠤ ᠪᠠᠭ ᠤᠨ ᠪᠦᠷᠢᠯᠳᠦᠭᠦᠨ ᠵᠢᠴᠢ ᠲᠣᠭᠤᠷᠢᠭ ᠤᠨ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠵᠡᠭᠡᠯᠢ ᠭᠤᠲᠤᠮᠵᠢ ︵ᠪᠠᠯᠭᠠᠰᠤ︶ ᠶᠢᠨ ᠤᠯᠤᠰ ᠲᠦᠷᠦ ᠬᠠᠤᠯᠢ ᠴᠠᠭᠠᠵᠠ ᠶᠢᠨ ᠭᠡᠰᠢᠭᠦᠨ ᠬᠤᠷᠠᠯ ᠳᠤ ᠣᠷᠣᠯᠴᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号