2 ᠳ᠋ᠤᠭᠠᠷ ᠰᠠᠷ᠎ᠠ ᠳᠤ ᠴᠢᠩᠱᠠᠨ ᠲᠣᠭᠤᠷᠢᠭ ᠤᠨ ᠢᠳᠡᠭᠡᠨ ᠤᠮᠳᠠᠭᠠᠨ ᠤ ᠵᠤᠴᠢᠳ ᠤᠨ ᠲᠤᠭ᠎ᠠ ᠬᠡᠮᠵᠢᠶ᠎ᠡ ᠳᠡᠭᠡᠭᠰᠢᠯᠡᠵᠦ ᠬᠡᠷᠡᠭᠯᠡᠭᠡ ᠪᠥᠬᠦ ᠲᠠᠯ᠎ᠠ ᠪᠠᠷ ᠰᠠᠶᠢᠵᠢᠷᠠᠪᠠ
ᠨᠡᠶᠢᠲᠡᠯᠡᠭᠰᠡᠨ ᠴᠠᠭ᠄
2023/3/23
      ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠲᠥᠷᠥ ᠶᠢᠨ ᠪᠣᠳᠣᠯᠭ᠎ᠠ ᠶᠢᠨ ᠰᠢᠯᠢᠳᠡᠭᠵᠢᠬᠦ ᠶᠢ ᠳᠠᠭᠠᠯᠳᠤᠨ᠂ ᠴᠢᠯᠦᠭᠡᠲᠡᠢ ᠲᠠᠯᠪᠢᠭᠰᠠᠨ ᠤ ᠳᠠᠷᠠᠭᠠᠬᠢ ᠠᠩᠬᠠᠨ ᠤ ᠴᠠᠭᠠᠨ ᠰᠠᠷ᠎ᠠ ᠶᠢᠨ ᠠᠮᠠᠷᠠᠯᠲᠠ ᠶᠢᠨ ᠭᠠᠷᠠᠭ ᠲᠤ ᠴᠢᠩᠱᠠᠨ ᠲᠣᠭᠤᠷᠢᠭ ᠤᠨ ᠬᠤᠨᠤᠭ ᠤᠨ ᠢᠳᠡᠭᠡᠨ ᠤᠮᠳᠠᠭᠠᠨ ᠤ ᠵᠠᠬ᠎ᠠ ᠳᠡᠯᠭᠡᠭᠦᠷ ᠪᠥᠬᠦ ᠲᠠᠯ᠎ᠠ ᠪᠠᠷ ᠰᠡᠷᠭᠦᠵᠦ᠂ ᠢᠳᠡᠭᠡᠨ ᠤᠮᠳᠠᠭᠠᠨ ᠤ ᠬᠡᠷᠡᠭᠯᠡᠭᠡ ᠠᠮᠢᠵᠢᠷᠠᠯ ᠤᠨ ᠬᠦᠴᠦᠨ ᠲᠠᠢ ᠪᠣᠯᠤᠭᠰᠠᠨ ᠪᠠᠶᠢᠨ᠎ᠠ᠃      ᠴᠠᠭᠠᠨ ᠰᠠᠷ᠎ᠠ ᠶᠢᠨ ᠬᠤᠭᠤᠴᠠᠭᠠᠨ ᠳᠤ᠂ ᠬᠥᠮᠥᠰ ᠤᠨ ᠭᠠᠳᠠᠭᠰᠢ ᠭᠠᠷᠴᠤ ᠬᠤᠭᠤᠯᠠᠯᠠᠬᠤ ᠴᠤᠭᠯᠠᠭᠠᠨ᠂ ᠳᠠᠶᠢᠯᠠᠯᠭ᠎ᠠ ᠶᠢᠨ ᠵᠠᠬᠢᠶᠠᠯᠠᠭ᠎ᠠ ᠶᠢᠨ ᠬᠠᠭᠤᠳᠠᠰᠤ ᠢᠯᠡᠳᠲᠡ ᠨᠡᠮᠡᠭᠳᠡᠵᠦ᠂ ᠵᠤᠴᠢᠳ ᠤᠨ ᠲᠤᠭ᠎ᠠ ᠬᠡᠮᠵᠢᠶ᠎ᠡ ᠢᠯᠡᠳᠲᠡ ᠨᠡᠮᠡᠭᠳᠡᠨ᠂ ᠪᠠᠷᠤᠭ ᠠᠷᠪᠠᠨ ᠤ ᠨᠠᠢᠮᠠᠨ ᠬᠤᠪᠢ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠤᠨᠤᠭ ᠤᠨ ᠪᠠ ᠢᠳᠡᠭᠡᠨ ᠤᠮᠳᠠᠭᠠᠨ ᠤ ᠨᠢᠭᠡᠴᠡ ᠶᠢᠨ ᠬᠤᠭᠤᠯᠠᠨ ᠤ ᠵᠠᠷᠤᠳᠠᠯ ᠤᠨ ᠣᠷᠣᠯᠭ᠎ᠠ ᠶᠢᠨ ᠨᠡᠶᠢᠯᠡᠪᠦᠷᠢ ᠨᠢ ᠬᠡᠪ ᠤᠨ ᠨᠡᠮᠡᠭᠳᠡᠯ ᠢᠶᠠᠨ ᠪᠠᠲᠤᠯᠠᠵᠤ ᠪᠠᠶᠢᠨ᠎ᠠ᠃ 1—2 ᠳ᠋ᠤᠭᠠᠷ ᠰᠠᠷ᠎ᠠ ᠳᠤ᠂ ᠴᠢᠩᠱᠠᠨ ᠲᠣᠭᠤᠷᠢᠭ ᠤᠨ ᠬᠢᠵᠠᠭᠠᠷᠯᠠᠭᠰᠠᠨ ᠲᠤᠭ᠎ᠠ ᠎ ᠠᠴᠠ ᠳᠡᠭᠡᠭᠰᠢᠬᠢ ᠬᠤᠨᠤᠭ ᠤᠨ ᠪᠠ ᠢᠳᠡᠭᠡᠨ ᠤᠮᠳᠠᠭᠠᠨ ᠤ ᠦᠢᠯᠡᠰ ᠤᠨ ᠬᠤᠭᠤᠯᠠᠨ ᠤ ᠵᠠᠷᠤᠳᠠᠯ ᠤᠨ ᠣᠷᠣᠯᠭ᠎ᠠ ᠨᠢ ᠠᠳᠠᠯᠢ ᠬᠤᠭᠤᠴᠠᠭᠠᠨ ᠤ ᠬᠢ ᠠᠴᠠ ᠨᠡᠶᠢᠲᠡ 9.2% ᠨᠡᠮᠡᠭᠳᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 33.1 ᠵᠠᠭᠤᠨ ᠤ ᠨᠢᠭᠡᠴᠢ ᠨᠡᠮᠡᠭᠳᠡᠨ᠂ ᠬᠢᠵᠠᠭᠠᠷᠯᠠᠭᠰᠠᠨ ᠲᠤᠭ᠎ᠠ ᠎ ᠠᠴᠠ ᠳᠡᠭᠡᠭᠰᠢᠬᠢ ᠵᠢᠵᠢᠭᠯᠡᠨ ᠬᠤᠳᠠᠯᠳᠤᠬᠤ ᠬᠡᠮᠵᠢᠶ᠎ᠡ 0.8 ᠵᠠᠭᠤᠨ ᠤ ᠨᠢᠭᠡᠴᠢ ᠨᠡᠮᠡᠭᠳᠡᠵᠡᠢ᠃ ᠡᠭᠦᠨ ᠳᠤ᠂ ᠴᠡᠷᠢᠭ ᠤᠨ ᠵᠡᠪᠰᠡᠭ ᠤᠨ ᠠᠵᠤ ᠦᠢᠯᠡᠳᠪᠦᠷᠢ ᠶᠢᠨ ᠰᠢᠨ᠎ᠡ ᠵᠠᠭᠤᠨ᠂ ᠴᠢᠩᠱᠠᠨ ᠵᠣᠴᠢᠳ ᠤᠨ ᠪᠠᠭᠤᠳᠠᠯ᠂ ᠵᠥᠩ ᠺᠤᠸᠠᠢ ᠢᠳᠡᠭᠡᠨ ᠤᠮᠳᠠᠭᠠᠨ᠂ ᠎ ᠶᠢᠨ ᠮᠠᠢ ᠶᠤᠸᠠᠨ᠂ ᠰᠢᠶᠠᠩ ᠭᠧ ᠯᠢ ᠯᠡ ᠵᠡᠷᠭᠡ 5 ᠭᠤᠣᠯᠳᠠᠯᠭ᠎ᠠ ᠲᠠᠢ ᠬᠤᠨᠤᠭ ᠤᠨ ᠪᠠ ᠢᠳᠡᠭᠡᠨ ᠤᠮᠳᠠᠭᠠᠨ ᠤ ᠠᠵᠤ ᠠᠬᠤᠶᠢᠯᠠᠯ ᠬᠢᠵᠠᠭᠠᠷᠯᠠᠭᠰᠠᠨ ᠲᠤᠭ᠎ᠠ ᠎ ᠠᠴᠠ ᠳᠡᠭᠡᠭᠰᠢᠬᠢ ᠬᠤᠨᠤᠭ ᠤᠨ ᠪᠠ ᠢᠳᠡᠭᠡᠨ ᠤᠮᠳᠠᠭᠠᠨ ᠤ ᠵᠠᠷᠤᠳᠠᠯ ᠤᠨ ᠣᠷᠣᠯᠭ᠎ᠠ ᠶᠢ 19.9 ᠵᠠᠭᠤᠨ ᠤ ᠨᠢᠭᠡᠴᠢ ᠨᠡᠮᠡᠭᠳᠡᠭᠦᠯᠵᠦ᠂ ᠬᠢᠵᠠᠭᠠᠷᠯᠠᠭᠰᠠᠨ ᠲᠤᠭ᠎ᠠ ᠎ ᠠᠴᠠ ᠳᠡᠭᠡᠭᠰᠢᠬᠢ ᠵᠢᠵᠢᠭᠯᠡᠨ ᠬᠤᠳᠠᠯᠳᠤᠬᠤ ᠶᠢᠨ ᠬᠡᠮᠵᠢᠶ᠎ᠡ ᠶᠢ 1.7 ᠵᠠᠭᠤᠨ ᠤ ᠨᠢᠭᠡᠴᠢ ᠨᠡᠮᠡᠭᠳᠡᠭᠦᠯᠵᠡᠢ᠃ ᠢᠳᠡᠭᠡᠨ ᠤᠮᠳᠠᠭᠠᠨ ᠤ ᠬᠡᠰᠡᠭ ᠬᠤᠪᠢ ᠶᠢᠨ ᠡᠷᠦᠬᠡ ᠢᠯᠡᠷᠬᠡᠶᠢᠯᠡᠬᠦ ᠳᠡᠭᠡᠨ᠂ ᠣᠶᠢᠷ᠎ᠠ ᠶᠢᠨ ᠬᠤᠶᠠᠳᠤᠭᠠᠷ ᠰᠠᠷ᠎ᠠ ᠳᠤ ᠳᠡᠯᠭᠡᠭᠦᠷ ᠲᠤ ᠰᠠᠭᠤᠬᠤ ᠨᠣᠷᠮ᠎ᠠ ᠢᠯᠡᠳᠲᠡ ᠳᠡᠭᠡᠭᠰᠢᠯᠡᠵᠦ᠂ ᠴᠠᠭᠠᠨ ᠰᠠᠷ᠎ᠠ ᠶᠢᠨ ᠬᠤᠭᠤᠴᠠᠭᠠᠨ ᠳᠤ ᠦᠨᠳᠦᠰᠦᠨ ᠳᠡᠭᠡᠨ ᠳᠦᠭᠦᠷᠡᠩ ᠪᠣᠯᠵᠤ᠂ ᠬᠡᠷᠡᠭᠯᠡᠭᠡ ᠬᠥᠭᠵᠢᠶᠡᠨᠲᠡᠢ ᠪᠣᠯᠪᠠ ᠭᠡᠵᠡᠢ᠃      1—2 ᠳ᠋ᠤᠭᠠᠷ ᠰᠠᠷ᠎ᠠ ᠳᠤ᠂ ᠬᠢᠵᠠᠭᠠᠷᠯᠠᠭᠰᠠᠨ ᠲᠤᠭ᠎ᠠ ᠎ ᠠᠴᠠ ᠳᠡᠭᠡᠭᠰᠢᠬᠢ ᠢᠳᠡᠭᠡᠨ ᠤᠮᠳᠠᠭᠠᠨ ᠤ ᠬᠤᠪᠢ ᠶᠢᠨ ᠲᠣᠮᠣ ᠬᠤᠭᠤᠯᠠᠨ ᠵᠠᠷᠤᠳᠠᠯ ᠤᠨ ᠣᠷᠣᠯᠭ᠎ᠠ ᠨᠢ ᠠᠳᠠᠯᠢ ᠬᠤᠭᠤᠴᠠᠭᠠᠨ ᠤ ᠬᠢ ᠠᠴᠠ ᠨᠡᠶᠢᠲᠡ 45.7%᠎ ᠪᠠᠷ ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠎ ᠠᠴᠠ ᠳᠡᠭᠡᠭᠰᠢᠬᠢ ᠬᠤᠨᠤᠭ ᠤᠨ ᠵᠠᠷᠤᠳᠠᠯ ᠪᠠ ᠢᠳᠡᠭᠡᠨ ᠤᠮᠳᠠᠭᠠᠨ ᠤ ᠵᠠᠷᠤᠳᠠᠯ ᠤᠨ ᠨᠡᠮᠡᠭᠳᠡᠯ ᠳᠤ 10.8 ᠵᠠᠭᠤᠨ ᠤ ᠨᠢᠭᠡᠴᠢ ᠬᠦᠷᠴᠦ᠂ ᠬᠢᠵᠠᠭᠠᠷᠯᠠᠭᠰᠠᠨ ᠲᠤᠭ᠎ᠠ ᠎ ᠠᠴᠠ ᠳᠡᠭᠡᠭᠰᠢᠬᠢ ᠵᠢᠵᠢᠭᠯᠡᠨ ᠬᠤᠳᠠᠯᠳᠤᠬᠤ ᠬᠦᠴᠦᠨ ᠤ ᠨᠡᠮᠡᠭᠳᠡᠯ ᠳᠤ 0.9 ᠵᠠᠭᠤᠨ ᠤ ᠨᠢᠭᠡᠴᠢ ᠭᠦᠷᠦᠭᠰᠡᠨ ᠪᠠᠶᠢᠨ᠎ᠠ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号