ᠵᠤᠯ ᠵᠢᠷᠭᠠᠯᠲᠦ ᠵᠠᠮ ᠤᠨ ᠵᠡᠭᠡᠯᠢ ᠭᠤᠳᠤᠮᠵᠢ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠰᠤᠷᠤᠯᠴᠠᠬᠤ ᠠᠵᠢᠯᠯᠠᠭ᠎ᠠ ᠶᠢ ᠦᠷᠨᠢᠭᠦᠯᠪᠡ
ᠨᠡᠶᠢᠲᠡᠯᠡᠭᠰᠡᠨ ᠴᠠᠭ᠄
2023/3/23
      ᠰᠢ ᠶᠢᠨ ᠫᠢᠩ ᠶᠡᠷᠦᠩᠬᠡᠢ ᠱᠦᠵᠢ ᠶᠢᠨ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠬᠠᠤᠯᠢ ᠪᠠᠷ ᠵᠠᠰᠠᠬᠤ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ 3 ᠰᠠᠷ᠎ᠠ ᠶᠢᠨ 21 ᠤ ᠡᠳᠦᠷ ᠤᠨ ᠦᠳᠡ ᠶᠢᠨ ᠬᠤᠶᠢᠨ᠎ᠠ᠂ ᠵᠤᠯ ᠵᠢᠷᠭᠠᠯᠲᠦ ᠵᠠᠮ ᠤᠨ ᠵᠡᠭᠡᠯᠢ ᠭᠤᠳᠤᠮᠵᠢ ᠶᠢᠨ ᠬᠢᠨ ᠵᠡᠭᠡᠯᠢ ᠭᠤᠳᠤᠮᠵᠢ᠂ ᠨᠡᠶᠢᠭᠡᠮ ᠲᠣᠭᠤᠷᠢᠭ᠂ ᠠᠵᠤ ᠠᠬᠤᠶᠢᠯᠠᠯ ᠨᠡᠶᠢᠲᠡ 81 ᠬᠥᠮᠥᠨ ᠢ ᠵᠣᠬᠢᠶᠠᠨ ᠪᠠᠶᠢᠭᠤᠯᠵᠤ᠂ ᠲᠥᠪᠯᠡᠷᠡᠩᠭᠦᠢ ᠰᠤᠷᠤᠯᠴᠠᠯᠭ᠎ᠠ ᠥᠷᠨᠢᠭᠦᠯᠪᠡ᠃      ᠬᠤᠷᠠᠯ ᠳᠡᠭᠡᠷ᠎ᠡ᠂ ︽ᠲᠤᠭ᠎ᠠ ᠪᠦᠷᠢᠳᠬᠡᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ ᠢ ᠳᠡᠭᠡᠭᠰᠢᠯᠡᠭᠦᠯᠬᠦ ᠲᠤᠬᠠᠢ ᠰᠠᠨᠠᠯ︾᠂ ︽ᠲᠤᠭ᠎ᠠ ᠪᠦᠷᠢᠳᠬᠡᠯ ᠤᠨ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠬᠠᠷᠢᠭᠤᠴᠠᠯᠭᠠᠲᠠᠨ ᠳᠤ ᠰᠢᠢᠳᠭᠡᠯ ᠥᠭᠴᠦ ᠰᠢᠢᠳᠪᠦᠷᠢᠯᠡᠬᠦ ᠪᠠᠶᠢᠭᠤᠯᠤᠯᠲᠠ ᠶᠢᠨ ᠠᠷᠭ᠎ᠠ︾᠂ ︽ᠲᠤᠭ᠎ᠠ ᠪᠦᠷᠢᠳᠬᠡᠯ ᠤᠨ ᠬᠤᠳᠠᠯ ᠬᠡᠯᠡᠵᠦ ᠬᠠᠭᠤᠷᠮᠠᠭ ᠢᠶᠠᠷ ᠦᠢᠯᠡᠳᠬᠦ ᠶᠢ ᠱᠠᠯᠠᠪᠳᠠᠭᠤᠯᠤᠨ ᠪᠠᠶᠢᠴᠠᠭᠠᠬᠤ ᠠᠵᠢᠯ ᠢ ᠰᠡᠷᠭᠡᠶᠢᠯᠡᠬᠦ ᠪᠠ ᠵᠠᠯᠬᠠᠭᠠᠨ ᠰᠢᠢᠳᠭᠡᠬᠦ ᠲᠣᠭᠲᠠᠭᠠᠯ︾᠂ ︽ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠡᠭᠦᠷᠭᠡ ᠴᠢᠳᠠᠪᠬᠢ ᠶᠢᠨ ᠦᠢᠯᠡᠳᠦᠯ ᠢ ᠨᠡᠩ ᠪᠦᠲᠦᠮᠵᠢᠲᠡᠢ ᠪᠠᠳᠠᠷᠠᠭᠤᠯᠬᠤ ᠲᠤᠬᠠᠢ ᠰᠠᠨᠠᠯ︾ ᠵᠡᠷᠭᠡ ᠰᠤᠷᠤᠯᠴᠠᠬᠤ ᠪᠢᠴᠢᠭ ᠮᠠᠲ᠋ᠧᠷᠢᠶᠠᠯ ᠲᠠᠢ ᠤᠶᠠᠯᠳᠤᠭᠤᠯᠵᠤ᠂ ᠲᠤᠭ᠎ᠠ ᠪᠦᠷᠢᠳᠬᠡᠯ ᠤᠨ ᠬᠠᠤᠯᠢ ᠶᠢ ᠬᠡᠷᠡᠭᠵᠢᠭᠦᠯᠬᠦ ᠳᠦᠷᠢᠮ᠂ ᠲᠤᠭ᠎ᠠ ᠪᠦᠷᠢᠳᠬᠡᠯ ᠤᠨ ᠬᠤᠳᠠᠯ ᠬᠠᠭᠤᠷᠮᠠᠭ ᠢᠶᠠᠷ ᠵᠣᠬᠢᠶᠠᠬᠤ ᠶᠢ ᠰᠡᠷᠭᠡᠶᠢᠯᠡᠬᠦ ᠪᠠ ᠵᠠᠯᠬᠠᠭᠠᠨ ᠰᠢᠢᠳᠭᠡᠬᠦ ᠴᠢᠬᠤᠯᠠ ᠪᠢᠴᠢᠭ ᠮᠠᠲ᠋ᠧᠷᠢᠶᠠᠯ ᠤᠨ ᠡᠮᠬᠢᠳᠬᠡᠯ ᠵᠡᠷᠭᠡ ᠭᠤᠷᠪᠠᠨ ᠲᠠᠯ᠎ᠠ  ᠠᠴᠠ ᠲᠠᠶᠢᠯᠤᠮᠵᠢ ᠬᠢᠵᠦ᠂ ᠰᠤᠷᠤᠯᠴᠠᠯᠭ᠎ᠠ ᠶᠢᠨ ᠳᠤᠮᠳᠠ ᠭᠤᠷᠪᠠᠨ ᠱᠠᠭᠠᠷᠳᠠᠯᠭ᠎ᠠ ᠳᠤᠷᠠᠳᠴᠠᠢ᠄ ᠨᠢᠭᠡ ᠳᠤ ᠪᠢᠴᠢᠭ ᠮᠠᠲ᠋ᠧᠷᠢᠶᠠᠯ ᠤᠨ ᠠᠭᠤᠯᠭ᠎ᠠ ᠶᠢᠨ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠣᠶᠢᠯᠠᠭᠠᠵᠤ᠂ ᠣᠨᠣᠪᠴᠢᠲᠠᠶ ᠡᠵᠡᠮᠰᠢᠬᠦ ᠬᠡᠷᠡᠭᠲᠡᠢ︔ ᠬᠤᠶᠠᠷ ᠲᠤ ᠬᠠᠮᠲᠤᠪᠠᠷ ᠠᠳᠬᠤᠵᠤ ᠬᠠᠮᠲᠤᠪᠠᠷ ᠬᠠᠮᠢᠶᠠᠷᠴᠤ᠂ ᠲᠤᠭ᠎ᠠ ᠪᠦᠷᠢᠳᠬᠡᠯ ᠤᠨ ᠠᠵᠢᠯ ᠤᠨ ᠬᠠᠷᠢᠭᠤᠴᠠᠯᠭ᠎ᠠ ᠶᠢᠨ ᠰᠢᠰᠲ᠋ᠧᠮ ᠢ ᠪᠦᠷᠢᠨᠰᠢᠭᠦᠯᠬᠦ ᠬᠡᠷᠡᠭᠲᠡᠢ︔ ᠭᠤᠷᠪᠠ ᠳᠤ ᠬᠠᠤᠯᠢ ᠶᠣᠰᠣᠭᠠᠷ ᠪᠦᠷᠢᠳᠬᠡᠵᠦ᠂ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ ᠭᠡᠪᠠ᠃      ᠲᠣᠰ ᠤᠳᠠᠭᠠᠨ ᠤ ᠪᠤᠯᠪᠠᠰᠤᠷᠠᠯ ᠨᠢ ᠬᠤᠶᠢᠰᠢᠳᠠ ᠶᠢᠨ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠲᠤᠬᠠᠶᠢᠯᠠᠭᠰᠠᠨ ᠠᠵᠢᠯ ᠢ ᠰᠠᠶᠢᠲᠤᠷ ᠬᠢᠬᠦ ᠳᠤ ᠮᠠᠰᠢ ᠰᠠᠶᠢᠨ ᠵᠢᠯᠤᠭᠤᠳᠬᠤ ᠦᠢᠯᠡᠳᠦᠯ ᠪᠠᠳᠠᠷᠠᠭᠤᠯᠵᠤ᠂ ᠨᠡᠶᠢᠭᠡᠮ ᠨᠡᠶᠢᠲᠡ ᠶᠢᠨ ᠲᠤᠭ᠎ᠠ ᠪᠦᠷᠢᠳᠬᠡᠯ ᠢ ᠲᠠᠨᠢᠬᠤ᠂ ᠲᠤᠭ᠎ᠠ ᠪᠦᠷᠢᠳᠬᠡᠯ ᠳᠤ ᠣᠶᠢᠷᠠᠲᠤᠬᠤ᠂ ᠬᠠᠤᠯᠢ ᠶᠣᠰᠣᠭᠠᠷ ᠪᠦᠷᠢᠳᠬᠡᠬᠦ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠬᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠳᠤ ᠰᠠᠶᠢᠨ ᠰᠠᠶᠢᠬᠠᠨ ᠨᠡᠶᠢᠭᠡᠮ ᠤᠨ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号