2023 ᠣᠨ ᠤ ᠪᠦᠬᠦ ᠲᠤᠭᠤᠷᠢᠭ ᠤᠨ ᠵᠣᠬᠢᠶᠠᠨ ᠪᠠᠶᠢᠭᠤᠯᠬᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/3/23
      3 ᠰᠠᠷ᠎ᠠ ᠶᠢᠨ 22 ᠤ ᠡᠳᠦᠷ ᠤᠨ ᠦᠳᠡ ᠶᠢᠨ ᠡᠮᠦᠨ᠎ᠡ᠂ ᠴᠢᠩᠱᠠᠨ ᠲᠣᠭᠤᠷᠢᠭ 2023 ᠣᠨ ᠤ ᠵᠣᠬᠢᠶᠠᠨ ᠪᠠᠶᠢᠭᠤᠯᠬᠤ ᠠᠵᠢᠯ ᠤᠨ ᠬᠤᠷᠠᠯ ᠬᠤᠷᠠᠯᠳᠤᠭᠤᠯᠪᠠ᠃ ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠤᠯᠤᠰ ᠪᠦᠬᠦ ᠣᠷᠣᠨ ᠪᠦᠬᠦ ᠬᠤᠳᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ 2022 ᠣᠨ ᠤ ᠠᠵᠢᠯ ᠢ ᠡᠷᠭᠢᠴᠡᠭᠦᠯᠦᠨ ᠳ᠋ᠦᠩᠨᠡᠵᠦ᠂ 2023 ᠣᠨ ᠤ ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠵᠠᠢ᠃ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠬᠤᠷᠠᠯ ᠠᠴᠠ ᠳᠡᠭᠡᠷ᠎ᠡ ᠭᠤᠷᠪᠠᠨ ᠱᠠᠲᠤᠨ ᠤ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ 2022 ᠣᠨ ᠤ ᠴᠢᠩᠱᠠᠨ ᠲᠣᠭᠤᠷᠢᠭ ᠤᠨ ᠰᠢᠭᠤᠳ ᠬᠠᠷᠢᠶ᠎ᠠ ᠨᠠᠮ ︵ᠠᠵᠢᠯᠴᠢᠨ︶ ᠤᠨ ᠬᠤᠷᠢᠶ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠭᠦᠢᠴᠡᠳᠭᠡᠭᠰᠡᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠨ ᠬᠢᠨᠠᠨ ᠰᠢᠯᠭᠠᠭᠰᠠᠨ ᠦᠷ᠎ᠡ ᠳ᠋ᠦᠩ ᠢ ᠵᠠᠷᠯᠠᠨ ᠮᠡᠳᠡᠭᠳᠡᠵᠦ᠂ ᠴᠢᠯᠦᠭᠡᠲᠦ ᠵᠠᠮ ᠤᠨ ᠵᠡᠭᠡᠯᠢ ᠭᠤᠳᠤᠮᠵᠢ᠂ ᠰᠢᠩ ᠱᠧᠩ ᠪᠠᠯᠭᠠᠰᠤ᠂ ᠡᠳ᠋ ᠤᠨ ᠵᠠᠰᠠᠭ ᠤᠨ ᠲᠣᠪᠴᠢᠶ᠎ᠠ ᠵᠡᠷᠭᠡ 3 ᠨᠢᠭᠡᠴᠢ ᠨᠡᠶᠢᠲᠡᠯᠢᠭ ᠴᠢᠨᠠᠷᠲᠠᠢ ᠰᠣᠯᠢᠯᠴᠠᠭᠠᠨ ᠤ ᠶᠠᠷᠢᠶ᠎ᠠ ᠲᠠᠯᠪᠢᠵᠠᠢ᠃      ᠬᠤᠷᠠᠯ ᠠᠴᠠ᠂ ᠥᠩᠭᠡᠷᠡᠭᠰᠡᠨ ᠨᠢᠭᠡ ᠵᠢᠯ ᠳᠤ᠂ ᠪᠦᠬᠦ ᠲᠤᠭᠤᠷᠢᠭ ᠤᠨ ᠵᠣᠬᠢᠶᠠᠨ ᠪᠠᠶᠢᠭᠤᠯᠬᠤ ᠠᠵᠢᠯ ᠨᠢ ᠤᠯᠤᠰ ᠲᠥᠷᠥ ᠶᠢᠨ ᠪᠠᠶᠢᠭᠤᠯᠤᠯᠲᠠ ᠶᠢᠨ ᠭᠤᠣᠯ ᠱᠤᠭᠤᠮ ᠲᠠᠢ ᠨᠢᠭᠲᠠ ᠤᠶᠠᠯᠳᠤᠵᠤ᠂ ᠶᠡᠭᠡ ᠲᠠᠯ᠎ᠠ ᠳᠤ ᠦᠢᠯᠡᠴᠢᠯᠡᠵᠦ᠂ ᠰᠦᠪᠡᠭᠴᠢᠯᠡᠨ ᠦᠢᠯᠡᠳᠦᠯᠭᠡᠵᠢᠭᠦᠯᠬᠦ ᠶᠢ ᠪᠠᠷᠢᠮᠲᠠᠯᠠᠵᠤ᠂ ᠭᠤᠣᠯᠳᠠᠭᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ︽ᠰᠠᠭᠤᠷᠢ ᠶᠢ ᠪᠠᠲᠤᠳᠬᠠᠬᠤ︾᠂ ᠺᠠᠳ᠋ᠷ ᠤᠨ ᠡᠩᠨᠡᠭᠡ ᠶᠢᠨ ︽ᠲᠤᠭ᠎ᠠ ᠭᠦᠢᠴᠡᠳ ᠶᠠᠰᠤ ᠴᠢᠨᠠᠷ ᠰᠢᠯᠢᠳᠡᠭ︾᠂ ᠨᠠᠮ ᠤᠨ ᠭᠡᠰᠢᠭᠦᠨ ᠤ ᠡᠩᠨᠡᠭᠡ ᠶᠢᠨ ︽ᠴᠡᠪᠡᠷ ᠪᠥᠭᠡᠳ ᠬᠦᠴᠦᠨ ᠲᠠᠢ︾᠂ ᠴᠢᠳᠠᠪᠤᠷᠢᠲᠠᠨ ᠤ ᠡᠩᠨᠡᠭᠡ ᠶᠢᠨ ︽ᠴᠤᠭᠯᠠᠷᠠᠯ ᠤᠨ ᠤᠯᠠᠨ ᠡᠰᠢᠵᠢᠯᠲᠡ︾ ᠲᠠᠢ ᠤᠶᠠᠯᠳᠤᠭᠤᠯᠤᠨ ᠪᠦᠬᠦ ᠲᠠᠯ᠎ᠠ ᠪᠠᠷ ᠬᠦᠴᠦᠯᠡᠵᠦ᠂ ︽ᠳᠤᠯᠠᠭᠠᠮᠰᠤᠭ · ᠴᠢᠩᠱᠠᠨ︾ ᠦᠨᠳᠦᠰᠦᠨ ᠱᠠᠲᠤᠨ ᠤ ᠠᠭᠤᠰᠤᠯᠴᠠᠭᠰᠠᠨ ᠨᠠᠮ ᠤᠨ ᠪᠠᠶᠢᠭᠤᠯᠤᠯᠲᠠ ᠶᠢᠨ ᠨᠠᠷᠠᠲᠤ ᠲᠡᠮᠳᠡᠭ᠂ ︽ᠠᠮᠢᠵᠢᠷᠠᠯ ᠤᠨ ᠬᠦᠴᠦᠨ · ᠴᠢᠩᠱᠠᠨ︾ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢᠨ ᠨᠠᠷᠠᠲᠤ ᠲᠡᠮᠳᠡᠭ᠂ ︽ᠬᠤᠰᠢᠭᠤᠴᠢ · ᠴᠢᠩᠱᠠᠨ︾ ᠨᠠᠮ ᠤᠨ ᠭᠡᠰᠢᠭᠦᠨ ᠤ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠨᠠᠷᠠᠲᠤ ᠲᠡᠮᠳᠡᠭ᠂ ︽ᠰᠢᠨ᠎ᠡ ᠶᠢ ᠡᠭᠦᠳᠬᠦ · ᠴᠢᠩᠱᠠᠨ︾ ᠴᠢᠳᠠᠪᠤᠷᠢᠲᠠᠨ ᠴᠤᠭᠯᠠᠷᠠᠭᠰᠠᠨ ᠨᠠᠷᠠᠲᠤ ᠲᠡᠮᠳᠡᠭ ᠢ ᠪᠥᠬᠦ ᠰᠡᠳᠬᠢᠯ ᠢᠶᠠᠷ ᠢᠶᠠᠨ ᠪᠣᠶ ᠪᠣᠯᠭᠠᠵᠤ᠂ ᠡᠯ᠎ᠡ ᠵᠦᠢᠯ ᠤᠨ ᠠᠵᠢᠯ ᠳᠤ ᠴᠥᠮ ᠨᠡᠯᠢᠶᠡᠳ ᠪᠣᠯᠪᠠᠰᠤᠷᠠᠩᠭᠤᠢ ᠣᠨᠴᠠᠯᠢᠭ ᠲᠠᠢ ᠠᠴᠢᠶᠠᠯᠠᠪᠤᠷᠢ ᠪᠠ ᠪᠣᠳᠠᠲᠠᠢ ᠶᠢ ᠡᠷᠬᠢᠮᠯᠡᠬᠦ ᠭᠠᠷᠳᠠᠴᠠ ᠲᠠᠢ ᠪᠣᠯᠵᠤ᠂ ᠰᠢᠨ᠎ᠡ ᠳᠡᠭᠡᠭᠰᠢᠯᠡᠯᠲᠡ ᠶᠢ ᠪᠡᠶᠡᠯᠡᠭᠦᠯᠦᠨ᠎ᠡ ᠭᠡᠵᠦ ᠵᠢᠭᠠᠨ ᠭᠠᠷᠭᠠᠪᠠ᠃     ᠬᠤᠷᠠᠯ ᠠᠴᠠ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ  ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠮᠥᠨ ᠴᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠴᠢᠩᠱᠠᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ ᠵᠢᠯ ᠮᠥᠨ᠂ ᠡᠨᠡ ᠵᠢᠯ ᠤᠨ ᠵᠣᠬᠢᠶᠠᠨ ᠪᠠᠶᠢᠭᠤᠯᠬᠤ ᠠᠵᠢᠯ ᠢ ᠰᠠᠶᠢᠲᠤᠷ ᠬᠢᠬᠦ ᠳᠤ ᠬᠠᠷᠢᠭᠤᠴᠠᠯᠭ᠎ᠠ ᠬᠦᠨᠳᠦ᠂ ᠡᠭᠦᠷᠭᠡ ᠢᠷᠠᠭᠤ ᠠᠯᠳᠠᠷᠲᠠᠢ᠂ ᠡᠷᠬᠡᠪᠰᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠪᠠ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠴᠢᠩᠭ᠎ᠠ ᠵᠢᠷᠤᠮᠯᠠᠵᠤ᠂ ᠳᠡᠭᠡᠷ᠎ᠡ ᠭᠤᠷᠪᠠᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠰᠠᠶᠢᠳ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠦ᠂ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠥᠷᠪᠡᠳᠦᠭᠡᠷ ᠪᠥᠬᠦᠳᠡ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ︽ᠵᠢᠷᠭᠤᠭ᠎ᠠ ᠶᠢ ᠪᠣᠳᠣᠯᠬᠢᠯᠠᠬᠤ︾ ᠶᠢᠨ ᠲᠣᠭᠤᠷᠢᠨ ᠳᠤ᠂ ︽ᠲᠠᠪᠤᠨ ᠶᠡᠭᠡ ᠠᠵᠢᠯᠯᠠᠭ᠎ᠠ︾ ᠶᠢ ᠭᠦᠨᠵᠡᠭᠡᠢ ᠬᠡᠷᠡᠭᠵᠢᠭᠦᠯᠵᠦ᠂ ︽ᠳᠥᠷᠪᠡᠨ ᠬᠦᠴᠦᠯᠡᠴᠡ︾ ᠶᠢ ᠪᠦᠲᠦᠮᠵᠢᠲᠡᠶ ᠠᠬᠢᠭᠤᠯᠵᠤ᠂ ︽ᠭᠤᠷᠪᠠᠨ ᠶᠡᠭᠡ ᠢᠨᠵᠧᠨᠧᠷᠢᠩ︾ ᠢ ᠪᠠᠬᠢᠵᠢᠭᠦᠯᠬᠦ᠂ ᠰᠢᠯᠢᠳᠡᠭᠵᠢᠭᠦᠯᠬᠦ᠂ ᠳᠡᠭᠡᠭᠰᠢᠯᠡᠭᠦᠯᠬᠦ ᠶᠢ ᠪᠠᠷᠢᠮᠲᠠᠯᠠᠵᠤ᠂ ︽ᠬᠤᠶᠠᠷ ᠶᠡᠭᠡ ᠶᠠᠪᠤᠳᠠᠯ︾ ᠢ ᠨᠠᠶᠢᠳᠠᠪᠤᠷᠢᠵᠢᠭᠤᠯᠬᠤ ᠳᠤ ᠦᠢᠯᠡᠴᠢᠯᠡᠵᠦ᠂ ᠴᠢᠩᠱᠠᠨ ᠤ ᠵᠣᠬᠢᠶᠠᠨ ᠪᠠᠶᠢᠭᠤᠯᠬᠤ ᠠᠵᠢᠯ ᠤᠨ ᠰᠢᠨ᠎ᠡ ᠶᠢ ᠡᠭᠦᠳᠴᠦ ᠲᠡᠷᠢᠭᠦᠨ ᠤ ᠬᠢ ᠶᠢ ᠡᠭᠦᠳᠬᠦ᠂ ᠪᠦᠬᠦᠯᠢ ᠴᠣᠭᠴᠠ ᠪᠠᠷ ᠳᠡᠭᠡᠭᠰᠢᠯᠡᠭᠦᠯᠬᠦ ᠶᠢ ᠨᠢᠭᠡ ᠴᠣᠭᠴᠠᠵᠢᠭᠤᠯᠤᠨ ᠠᠬᠢᠭᠤᠯᠵᠦ᠂ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ᠂ ᠪᠦᠬᠦᠨ ᠢ ᠪᠦᠷᠬᠦᠭᠦᠯᠦᠨ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠵᠡᠪᠰᠡᠭᠯᠡᠬᠦ ᠶᠢ ᠠᠬᠢᠭᠤᠯᠬᠤ᠂ ᠪᠦᠬᠦ ᠬᠡᠯᠬᠢᠶ᠎ᠡ ᠪᠠᠷ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠥᠨᠳᠥᠷ ᠬᠡᠪ ᠪᠣᠯᠪᠠᠰᠤᠷᠠᠯ ᠲᠠᠢ ᠺᠠᠳ᠋ᠷ ᠤᠨ ᠡᠩᠨᠡᠭᠡ ᠶᠢ ᠳᠠᠪᠲᠠᠨ ᠪᠤᠯᠪᠠᠰᠤᠷᠠᠭᠤᠯᠬᠤ᠂ ᠪᠦᠬᠦ ᠦᠶᠡᠯᠡᠯ ᠤᠨ ᠬᠤᠭᠤᠴᠠᠭᠠᠨ ᠳᠤ ᠴᠢᠳᠠᠪᠤᠷᠢᠲᠠᠨ ᠢ ᠬᠥᠮᠥᠵᠢᠭᠦᠯᠦᠨ ᠦᠯᠡᠳᠡᠭᠡᠨ ᠬᠡᠷᠡᠭᠯᠡᠬᠦ ᠠᠵᠢᠯ ᠤᠨ ᠰᠢᠰᠲ᠋ᠧᠮ ᠤᠨ ᠪᠠᠶᠢᠷᠢᠰᠢᠯ ᠢ ᠪᠠᠶᠢᠭᠤᠯᠬᠤ᠂ ᠪᠦᠬᠦ ᠬᠦᠷᠢᠶ᠎ᠡ ᠪᠠᠷ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠪᠬᠢ ᠪᠠ ᠵᠣᠬᠢᠶᠠᠨ ᠪᠠᠶᠢᠭᠤᠯᠤᠯᠲᠠ ᠶᠢᠨ ᠴᠢᠳᠠᠪᠬᠢ ᠶᠢ ᠴᠢᠩᠭᠠᠳᠬᠠᠬᠤ᠂ ᠪᠦᠬᠦ ᠡᠯᠧᠮᠧᠨ᠋ᠲ ᠢᠶᠠᠷ ᠵᠢᠱᠢᠶᠡᠴᠢ ᠰᠠᠯᠠᠭ᠎ᠠ ᠮᠥᠴᠢᠷ ᠪᠠ ᠠᠵᠢᠯ ᠳᠠᠭᠠᠨ ᠴᠠᠭᠠᠷᠠᠭᠰᠠᠨ ᠺᠠᠳ᠋ᠷ ᠤᠨ ᠡᠩᠨᠡᠭᠡ ᠶᠢ ᠴᠤᠭᠴᠠᠯᠠᠬᠤ ᠶᠢ ᠭᠤᠣᠯᠳᠠᠯᠭ᠎ᠠ ᠲᠠᠢ ᠳᠣᠪᠤᠶᠢᠯᠭᠠᠵᠤ᠂ ︽ᠳᠣᠯᠣᠭᠠᠨ ᠰᠢᠨ᠎ᠡ ᠴᠢᠩᠱᠠᠨ︾ ᠶᠢ ᠲᠦᠷᠭᠡᠪᠴᠢᠯᠡᠨ ᠪᠦᠲᠦᠭᠡᠨ ᠪᠠᠶᠢᠭᠤᠯᠬᠤ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃      ᠬᠤᠷᠠᠯ ᠠᠴᠠ᠂ ᠪᠦᠬᠦ ᠲᠤᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠰᠢᠨ᠎ᠡ ᠴᠠᠭ ᠦᠶ᠎ᠡ ᠶᠢᠨ ᠵᠣᠬᠢᠶᠠᠨ ᠪᠠᠶᠢᠭᠤᠯᠬᠤ ᠠᠵᠢᠯ ᠤᠨ ᠰᠢᠨ᠎ᠡ ᠡᠭᠦᠷᠭᠡ ᠶᠢ ᠡᠷᠡᠰ ᠡᠭᠦᠷᠭᠡᠯᠡᠵᠦ᠂ ᠤᠯᠤᠰ ᠲᠦᠷᠦ ᠪᠠᠷ ᠬᠥᠲᠥᠯᠥᠨ ᠳᠠᠭᠠᠭᠤᠯᠬᠤ ᠡᠨᠡᠬᠦ ᠦᠨᠳᠦᠰᠦᠨ ᠵᠦᠢᠯ ᠢ ᠡᠵᠡᠮᠳᠡᠵᠦ᠂ ᠨᠠᠮ ᠤᠨ ᠪᠠᠶᠢᠭᠤᠯᠤᠯᠲᠠ ᠶᠢ ᠶᠡᠷᠦᠩᠬᠡᠶᠢᠯᠡᠨ ᠵᠢᠯᠤᠭᠤᠳᠬᠤ ᠡᠨᠡᠬᠦ ᠭᠤᠣᠯ ᠱᠤᠭᠤᠮ ᠢ ᠰᠠᠶᠢᠲᠤᠷ ᠠᠳᠬᠤᠵᠤ᠂ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠡᠨᠡᠬᠦ ᠭᠤᠣᠯᠳᠠᠯᠭ᠎ᠠ ᠶᠢ ᠴᠢᠩᠭ᠎ᠠ ᠡᠵᠡᠮᠳᠡᠵᠦ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ  ᠪᠠ ᠡᠭᠦᠷᠭᠡ ᠬᠠᠷᠢᠭᠤᠴᠠᠯᠭ᠎ᠠ ᠪᠠᠷ ᠰᠢᠨ᠎ᠡ ᠴᠠᠭ ᠦᠶ᠎ᠡ ᠶᠢᠨ ᠴᠢᠩᠱᠠᠨ ᠤ ᠵᠣᠬᠢᠶᠠᠨ ᠪᠠᠶᠢᠭᠤᠯᠬᠤ ᠠᠵᠢᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠤᠷᠢᠶᠠᠯᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号