︽ᠴᠢᠩᠱᠠᠨ ᠲᠣᠭᠤᠷᠢᠭ ᠤᠨ ᠡᠮᠡᠭᠲᠡᠶᠢᠴᠦᠳ ᠤᠨ ᠬᠥᠭᠵᠢᠯᠲᠡ ᠶᠢᠨ ᠲᠥᠯᠦᠪᠵᠢᠭᠦᠯᠭᠡ ︵2021 ︱ 2030 ᠣᠨ︶︾ ︽ᠴᠢᠩᠱᠠᠨ ᠲᠣᠭᠤᠷᠢᠭ ᠤᠨ ᠬᠡᠦᠬᠡᠳ ᠤᠨ ᠬᠥᠭᠵᠢᠯᠲᠡ ᠶᠢᠨ ᠲᠥᠯᠦᠪᠵᠢᠭᠦᠯᠭᠡ ︵2021 ︱ 2030 ᠣᠨ︶︾᠎ ᠶᠢ ᠳᠠᠷᠤᠮᠠᠯᠯᠠᠨ ᠲᠠᠷᠬᠠᠭᠠᠬᠤ ᠲᠤᠬᠠᠢ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ ︵ᠨᠢᠭᠡ︶
ᠨᠡᠶᠢᠲᠡᠯᠡᠭᠰᠡᠨ ᠴᠠᠭ᠄
2023/3/24
      ᠴᠢᠩᠱᠠᠨ ᠵᠠᠰᠠᠭ ᠲᠠᠷᠬᠠᠭᠠᠭᠰᠠᠨ〔2023〕 1 ᠳ᠋ᠤᠭᠡᠷ ᠲᠣᠭᠠᠲᠤ      ︽ᠴᠢᠩᠱᠠᠨ ᠲᠣᠭᠤᠷᠢᠭ ᠤᠨ ᠡᠮᠡᠭᠲᠡᠶᠢᠴᠦᠳ ᠤᠨ ᠬᠥᠭᠵᠢᠯᠲᠡ ᠶᠢᠨ ᠲᠥᠯᠦᠪᠵᠢᠭᠦᠯᠭᠡ ︵2021 ︱ 2030 ᠣᠨ︶︾ ︽ᠴᠢᠩᠱᠠᠨ ᠲᠣᠭᠤᠷᠢᠭ ᠤᠨ ᠬᠡᠦᠬᠡᠳ ᠤᠨ ᠬᠥᠭᠵᠢᠯᠲᠡ ᠶᠢᠨ ᠲᠥᠯᠦᠪᠵᠢᠭᠦᠯᠭᠡ ︵2021 ︱ 2030 ᠣᠨ︶︾᠎ ᠶᠢ ᠳᠠᠷᠤᠮᠠᠯᠯᠠᠨ ᠲᠠᠷᠬᠠᠭᠠᠬᠤ ᠲᠤᠬᠠᠢ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ     ᠲᠤᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂  ᠨᠢᠭᠡᠴᠢ᠂ ᠡᠯ᠎ᠡ ᠵᠡᠭᠡᠯᠢ ᠪᠠᠯᠭᠠᠰᠤ ᠳᠤ᠄     ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ 2022 ᠣᠨ ᠤ 20 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ︽ᠴᠢᠩᠱᠠᠨ ᠲᠣᠭᠤᠷᠢᠭ ᠤᠨ ᠡᠮᠡᠭᠲᠡᠶᠢᠴᠦᠳ ᠤᠨ ᠬᠥᠭᠵᠢᠯᠲᠡ ᠶᠢᠨ ᠲᠥᠯᠦᠪᠵᠢᠭᠦᠯᠭᠡ ︵2021 ︱ 2030 ᠣᠨ︶︾ ︽ᠴᠢᠩᠱᠠᠨ ᠲᠣᠭᠤᠷᠢᠭ ᠤᠨ ᠬᠡᠦᠬᠡᠳ ᠤᠨ ᠬᠥᠭᠵᠢᠯᠲᠡ ᠶᠢᠨ ᠲᠥᠯᠦᠪᠵᠢᠭᠦᠯᠭᠡ ︵2021 ︱ 2030 ᠣᠨ︶︾᠎ ᠶᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠲᠦᠭᠡᠢ᠃     ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ     2023 ᠣᠨ ᠤ 1 ᠰᠠᠷ᠎ᠠ ᠶᠢᠨ 16᠎ ᠤ ᠡᠳᠦᠷ     ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶     ᠴᠢᠩᠱᠠᠨ ᠲᠣᠭᠤᠷᠢᠭ ᠤᠨ ᠡᠮᠡᠭᠲᠡᠶᠢᠴᠦᠳ ᠤᠨ ᠬᠥᠭᠵᠢᠯᠲᠡ ᠶᠢᠨ ᠲᠥᠯᠦᠪᠵᠢᠭᠦᠯᠭᠡ ︵2021 ︱ 2030 ᠣᠨ︶     ᠡᠮᠦᠨᠡᠬᠢ ᠦᠭᠡ     ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠶᠢ ᠬᠡᠷᠡᠭᠵᠢᠭᠦᠯᠬᠦ ᠪᠣᠯ ᠤᠯᠤᠰ ᠤᠨ ᠦᠨᠳᠦᠰᠦᠨ ᠪᠣᠳᠣᠯᠭ᠎ᠠ ᠮᠥᠨ᠃ ᠡᠮᠡᠭᠲᠡᠶᠢᠴᠦᠳ ᠪᠣᠯ ᠬᠥᠮᠥᠨ ᠲᠥᠷᠥᠯᠬᠢᠲᠡᠨ ᠤ ᠪᠣᠯᠪᠠᠰᠤᠨ ᠤ ᠡᠭᠦᠳᠦᠭᠴᠢ᠂ ᠨᠡᠶᠢᠭᠡᠮ ᠤᠨ ᠲᠠᠪᠰᠢᠯᠳᠠ ᠶᠢᠨ ᠠᠬᠢᠭᠤᠯᠤᠭᠴᠢ ᠮᠥᠨ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠴᠢᠬᠤᠯᠠ ᠬᠦᠴᠦᠨ ᠮᠥᠨ᠃ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠪᠠ ᠡᠮᠡᠭᠲᠡᠶᠢᠴᠦᠳ ᠤᠨ ᠪᠥᠬᠦ ᠲᠠᠯ᠎ᠠ ᠶᠢᠨ ᠬᠥᠭᠵᠢᠯᠲᠡ ᠶᠢᠨ ᠬᠡᠮᠵᠢᠶ᠎ᠡ ᠪᠣᠯ ᠨᠡᠶᠢᠭᠡᠮ ᠤᠨ ᠪᠣᠯᠪᠠᠰᠤᠨ ᠤ ᠳᠠᠪᠰᠢᠯᠲᠠ ᠶᠢ ᠰᠢᠯᠭᠠᠬᠤ ᠴᠢᠬᠤᠯᠠ ᠪᠠᠷᠢᠮᠵᠢᠶ᠎ᠠ ᠮᠥᠨ᠂ ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠬᠢᠷᠢ ᠬᠡᠮᠵᠢᠶ᠎ᠡ ᠶᠢ ᠬᠡᠮᠵᠢᠬᠦ ᠴᠢᠬᠤᠯᠠ ᠬᠡᠮᠵᠢᠭᠦᠷ ᠮᠥᠨ᠃     ᠨᠠᠮ ᠪᠠ ᠤᠯᠤᠰ ᠠᠴᠠ ᠡᠮᠡᠭᠲᠡᠶᠢᠴᠦᠳ ᠤᠨ ᠦᠢᠯᠡᠰ ᠪᠠ ᠡᠮᠡᠭᠲᠡᠶᠢᠴᠦᠳ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠦ ᠪᠤᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ︽ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠎ ᠶᠢ ᠪᠠᠷᠢᠮᠲᠠᠯᠠᠵᠤ᠂ ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠎ ᠢ ᠪᠠᠲᠤᠯᠠᠬᠤ︾᠎ ᠶᠢ ᠨᠠᠮ ᠤᠨ ᠵᠠᠰᠠᠭ ᠶᠠᠪᠤᠭᠤᠯᠬᠤ ᠬᠥᠲᠥᠯᠪᠦᠷᠢ ᠳᠤ ᠪᠢᠴᠢᠨ ᠣᠷᠣᠭᠤᠯᠵᠤ᠂ ᠲᠥᠷᠥ ᠶᠢ ᠵᠠᠰᠠᠵᠤ ᠵᠠᠰᠠᠭ ᠢ ᠡᠷᠬᠢᠯᠡᠬᠦ ᠶᠢᠨ ᠴᠢᠬᠤᠯᠠ ᠠᠭᠤᠯᠭ᠎ᠠ ᠪᠣᠯᠤᠭᠰᠠᠨ ᠤ ᠬᠤᠪᠢ ᠳᠤ᠂ ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ ᠭᠤᠣᠯᠯᠠᠨ ᠬᠠᠷᠢᠭᠤᠴᠠᠬᠤ᠂ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ︵ᠳᠣᠷᠣᠭᠰᠢ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠭᠡᠵᠦ ᠲᠣᠪᠴᠢᠯᠠᠨ᠎ᠠ︶᠎ ᠤᠨ ᠵᠣᠬᠢᠴᠠᠭᠤᠯᠬᠤ᠂ ᠰᠠᠯᠠᠭ᠎ᠠ ᠮᠥᠴᠢᠷ ᠬᠠᠮᠵᠢᠯᠴᠠᠬᠤ᠂ ᠨᠡᠶᠢᠭᠡᠮ ᠨᠡᠶᠢᠲᠡ ᠪᠠᠷ ᠢᠶᠠᠨ ᠣᠷᠤᠯᠴᠠᠬᠤ ᠠᠵᠢᠯ ᠤᠨ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠠᠤᠯᠢ ᠴᠠᠭᠠᠵᠠ ᠨᠡᠶᠢᠲᠡᠯᠡᠬᠦ᠂ ᠲᠥᠷᠥ ᠶᠢᠨ ᠪᠣᠳᠣᠯᠭ᠎ᠠ ᠲᠣᠭᠲᠠᠭᠠᠬᠤ᠂ ᠲᠥᠯᠦᠪᠵᠢᠭᠦᠯᠭᠡ ᠨᠠᠶᠢᠷᠠᠭᠤᠯᠤᠨ ᠵᠣᠬᠢᠶᠠᠬᠤ᠂ ᠠᠵᠢᠯ ᠪᠠᠶᠢᠷᠢᠯᠠᠭᠤᠯᠬᠤ ᠳᠠᠭᠠᠨ ᠬᠤᠶᠠᠷ ᠬᠦᠢᠰᠦᠲᠡᠨ ᠤ ᠪᠣᠳᠠᠲᠤ ᠵᠥᠷᠢᠶ᠎ᠡ ᠪᠠ ᠡᠮᠡᠭᠲᠡᠶᠢᠴᠦᠳ ᠤᠨ  ᠤᠨᠴᠠᠭᠠᠢ ᠠᠰᠢᠭ ᠲᠤᠰᠠ ᠶᠢ ᠭᠦᠢᠴᠡᠳ ᠪᠣᠳᠣᠯᠬᠢᠯᠠᠵᠤ᠂ ᠡᠮᠡᠭᠲᠡᠶᠢᠴᠦᠳ ᠤᠨ ︽ᠬᠠᠭᠠᠰ ᠲᠡᠭᠷᠢ︾᠎ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠬᠤ ᠶᠢ ᠳᠡᠮᠵᠢᠵᠦ᠂ ᠡᠮᠡᠭᠲᠡᠶᠢᠴᠦᠳ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃     2013 ᠣᠨ ᠳᠤ᠂ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠭᠰᠡᠨ ︽ᠪᠤᠭᠤᠲᠤ ᠬᠤᠲᠠ ᠶᠢᠨ ᠡᠮᠡᠭᠲᠡᠶᠢᠴᠦᠳ ᠤᠨ ᠬᠥᠭᠵᠢᠯᠲᠡ ᠶᠢᠨ ᠲᠥᠯᠦᠪᠵᠢᠭᠦᠯᠭᠡ ︵2011 ︱ 2020 ᠣᠨ︶︾᠎ ᠶᠢ ᠦᠨᠳᠦᠰᠦᠯᠡᠨ᠂ ᠲᠤᠭᠤᠷᠢᠭ ᠤᠨ ᠵᠠᠰᠠᠭ ᠤᠨ ᠣᠷᠳᠣᠨ ᠎ ᠠᠴᠠ ︽ᠴᠢᠩᠱᠠᠨ ᠲᠣᠭᠤᠷᠢᠭ ᠤᠨ ᠡᠮᠡᠭᠲᠡᠶᠢᠴᠦᠳ ᠤᠨ ᠬᠥᠭᠵᠢᠯᠲᠡ ᠶᠢᠨ ᠲᠥᠯᠦᠪᠵᠢᠭᠦᠯᠭᠡ ︵2011 ︱ 2020 ᠣᠨ︶︾ ︵ᠳᠣᠷᠣᠭᠰᠢ ︽ᠲᠥᠯᠦᠪᠵᠢᠭᠦᠯᠭᠡ︾ ᠭᠡᠵᠦ ᠲᠣᠪᠴᠢᠯᠠᠨ᠎ᠠ︶᠎ ᠎ ᠶᠢ ᠲᠣᠭᠲᠠᠭᠠᠪᠠ᠃ ᠡᠮᠡᠭᠲᠡᠶᠢᠴᠦᠳ ᠬᠢᠭᠡᠳ ᠡᠷᠡᠭᠦᠯ ᠮᠡᠨᠳᠤ᠂ ᠡᠮᠡᠭᠲᠡᠶᠢᠴᠦᠳ ᠬᠢᠭᠡᠳ ᠰᠤᠷᠭᠠᠨ ᠬᠥᠮᠦᠵᠢᠯ᠂ ᠡᠮᠡᠭᠲᠡᠶᠢᠴᠦᠳ ᠬᠢᠭᠡᠳ ᠠᠵᠤ ᠠᠬᠤᠢ᠂ ᠡᠮᠡᠭᠲᠡᠶᠢᠴᠦᠳ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠬᠠᠮᠢᠶᠠᠷᠬᠤ ᠳᠤ ᠣᠷᠤᠯᠴᠠᠬᠤ᠂ ᠡᠮᠡᠭᠲᠡᠶᠢᠴᠦᠳ ᠬᠢᠭᠡᠳ ᠨᠡᠶᠢᠭᠡᠮ ᠤᠨ ᠪᠠᠲᠤᠯᠠᠭ᠎ᠠ᠂ ᠡᠮᠡᠭᠲᠡᠶᠢᠴᠦᠳ ᠬᠢᠭᠡᠳ ᠣᠷᠴᠢᠨ ᠲᠣᠭᠤᠷᠢᠨ᠂ ᠡᠮᠡᠭᠲᠡᠶᠢᠴᠦᠳ ᠬᠢᠭᠡᠳ ᠬᠠᠤᠯᠢ ᠴᠠᠭᠠᠵᠠ ᠵᠡᠷᠭᠡ ᠤᠷᠢᠳᠠᠪᠠᠷ ᠬᠥᠭᠵᠢᠭᠦᠯᠬᠦ ᠲᠤᠯᠤᠭᠠᠨ ᠬᠦᠷᠢᠶᠡᠨ ᠤ ᠭᠤᠣᠯ ᠬᠠᠷᠠᠯᠲᠠ ᠪᠠ ᠠᠷᠭ᠎ᠠ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠵᠠᠢ᠃ ᠠᠷᠪᠠᠨ ᠵᠢᠯ ᠤᠨ ᠲᠤᠷᠰᠢ᠂ ᠮᠠᠨ ᠤ ᠲᠤᠭᠤᠷᠢᠭ ᠡᠮᠡᠭᠲᠡᠶᠢᠴᠦᠳ ᠤᠨ ᠬᠥᠭᠵᠢᠯᠲᠡ ᠶᠢᠨ ᠲᠥᠯᠦᠪᠵᠢᠭᠦᠯᠭᠡ ᠶᠢ ᠪᠥᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠲᠥᠯᠦᠪᠵᠢᠭᠦᠯᠭᠡ ᠳᠤ ᠣᠷᠣᠭᠤᠯᠵᠤ᠂ ᠡᠮᠡᠭᠲᠡᠶᠢᠴᠦᠳ ᠤᠨ ᠠᠵᠢᠯ ᠦᠢᠯᠡᠰ ᠤᠨ ᠪᠥᠬᠦ ᠲᠠᠯ᠎ᠠ ᠶᠢᠨ ᠬᠥᠭᠵᠢᠯᠲᠡ ᠶᠢ ᠬᠦᠴᠦᠲᠡᠢ ᠲᠦᠯᠬᠢᠨ ᠠᠬᠢᠭᠤᠯᠵᠤ᠂ ᠡᠮᠡᠭᠲᠡᠶᠢᠴᠦᠳ ᠤᠨ ᠣᠷᠣᠰᠢᠨ ᠲᠣᠭᠲᠠᠨᠢᠬᠤ᠂ ᠬᠠᠮᠠᠭᠠᠯᠠᠬᠤ ᠪᠠ ᠬᠥᠭᠵᠢᠬᠦ ᠨᠥᠬᠦᠴᠡᠯ ᠢ ᠢᠯᠡᠳᠲᠡ ᠰᠠᠶᠢᠵᠢᠷᠠᠭᠤᠯᠤᠨ᠂ ︽ᠲᠥᠯᠦᠪᠵᠢᠭᠦᠯᠭᠡ︾᠎ ᠳᠤ ᠲᠣᠭᠲᠠᠭᠠᠭᠰᠠᠨ ᠭᠤᠣᠯ ᠬᠠᠷᠠᠯᠲᠠ ᠶᠢ ᠪᠥᠬᠦ ᠲᠠᠯ᠎ᠠ ᠪᠠᠷ ᠪᠡᠶᠡᠯᠡᠭᠦᠯᠵᠦ᠂ ᠡᠮᠡᠭᠲᠡᠶᠢᠴᠦᠳ ᠤᠨ ᠬᠥᠭᠵᠢᠯᠲᠡ ᠪᠠ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠶᠢ ᠠᠬᠢᠭᠤᠯᠬᠤ ᠲᠠᠯ᠎ᠠ ᠪᠠᠷ ᠴᠢᠬᠤᠯᠠ ᠶᠡᠭᠡ ᠬᠥᠭᠵᠢᠯᠲᠡ ᠲᠠᠢ ᠪᠣᠯᠪᠠ᠃ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠶᠢ ᠭᠦᠨᠵᠡᠭᠡᠢ ᠲᠤᠤᠱᠯᠠᠭᠤᠯᠵᠤ᠂ ᠡᠮᠡᠭᠲᠡᠶᠢᠴᠦᠳ ᠤᠨ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠬᠡᠷᠡᠭ ᠢ ᠵᠥᠪᠯᠡᠬᠦ ᠴᠢᠳᠠᠪᠤᠷᠢ ᠪᠠ ᠨᠡᠶᠢᠭᠡᠮ ᠤᠨ ᠣᠷᠤᠯᠴᠠᠬᠤ ᠤᠬᠠᠮᠰᠠᠷ ᠢᠯᠡᠳᠲᠡ ᠴᠢᠩᠭᠠᠷᠠᠵᠤ᠂ ᠤᠯᠤᠰ ᠲᠦᠷᠦ ᠶᠢᠨ ᠪᠠᠶᠢᠷᠢ ᠰᠠᠭᠤᠷᠢ ᠤᠯᠠᠮ ᠨᠢᠭᠡ ᠠᠯᠬᠤᠮ ᠳᠡᠭᠡᠭᠰᠢᠯᠡᠪᠡ︔ ᠡᠮᠡᠭᠲᠡᠶᠢᠴᠦᠳ ᠠᠵᠤ ᠠᠬᠤᠢ ᠶᠢᠨ ᠡᠬᠢ ᠪᠠᠶᠠᠯᠢᠭ ᠪᠠ ᠥᠭᠡᠷᠡᠴᠢᠯᠡᠯᠲᠡ ᠨᠡᠭᠡᠭᠡᠯᠲᠡ ᠶᠢᠨ ᠦᠷ᠎ᠡ ᠪᠦᠲᠦᠭᠡᠯ ᠢ ᠡᠷᠬᠡ ᠲᠡᠭᠰᠢ ᠪᠠᠷ ᠡᠳ᠋ᠯᠡᠵᠦ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠳᠤ ᠣᠷᠤᠯᠴᠠᠬᠤ ᠬᠡᠪ ᠴᠢᠨᠠᠷ ᠲᠠᠰᠤᠷᠠᠯᠲᠠ ᠦᠭᠡᠢ ᠳᠡᠭᠡᠭᠰᠢᠯᠡᠵᠦ᠂ ᠦᠢᠯᠡᠳᠦᠯ ᠨᠢ ᠨᠠᠩ ᠲᠣᠪᠣᠶᠢᠮ᠎ᠠ ᠪᠣᠯᠪᠠ︔ ᠡᠮᠡᠭᠲᠡᠶᠢᠴᠦᠳ ᠤᠨ ᠡᠳ᠋ᠯᠡᠬᠦ ᠡᠷᠡᠭᠦᠯ ᠬᠠᠮᠠᠭᠠᠯᠠᠯ ᠡᠷᠡᠭᠦᠯᠵᠢᠯ ᠤᠨ ᠦᠢᠯᠡᠴᠢᠯᠡᠭᠡ ᠲᠠᠰᠤᠷᠠᠯᠲᠠ ᠦᠭᠡᠢ ᠲᠡᠭᠦᠯᠳᠡᠷᠵᠢᠵᠦ᠂ ᠡᠷᠡᠭᠦᠯ ᠮᠡᠨᠳᠦ ᠶᠢᠨ ᠬᠢᠷᠢ ᠬᠡᠮᠵᠢᠶ᠎ᠡ ᠢᠯᠡᠳᠲᠡ ᠳᠡᠭᠡᠭᠰᠢᠯᠡᠵᠡᠢ︔ ᠰᠤᠷᠭᠠᠨ ᠬᠥᠮᠦᠵᠢᠯ ᠤᠨ ᠬᠦᠢᠰᠦ ᠶᠢᠨ ᠢᠯᠭᠠᠯ ᠤᠨ ᠵᠥᠷᠢᠶ᠎ᠡ ᠶᠢ ᠦᠨᠳᠦᠰᠦᠨ ᠳᠡᠭᠡᠨ ᠠᠷᠢᠯᠭᠠᠵᠤ᠂ ᠡᠮᠡᠭᠲᠡᠶᠢᠴᠦᠳ ᠤᠨ ᠰᠤᠷᠭᠠᠨ ᠬᠥᠮᠦᠵᠢᠯ ᠭᠥᠷᠳᠡᠬᠦ ᠬᠢᠷᠢ ᠲᠦᠪᠰᠢᠨ ᠪᠥᠬᠦ ᠲᠠᠯ᠎ᠠ ᠪᠠᠷ ᠳᠡᠭᠡᠭᠰᠢᠯᠡᠪᠡ︔ ᠡᠮᠡᠭᠲᠡᠶᠢᠴᠦᠳ ᠤᠨ ᠡᠷᠬᠡ ᠠᠰᠢᠭ ᠤᠯᠠᠮ ᠨᠢᠭᠡ ᠠᠯᠬᠤᠮ ᠪᠠᠲᠤᠯᠠᠭ᠎ᠠ ᠲᠠᠢ ᠪᠣᠯᠪᠠ︔ ᠡᠮᠡᠭᠲᠡᠶᠢᠴᠦᠳ ᠤᠨ ᠬᠥᠭᠵᠢᠯᠲᠡ ᠶᠢᠨ ᠣᠷᠴᠢᠨ ᠨᠥᠬᠦᠴᠡᠯ ᠤᠯᠠᠮ ᠨᠢᠭᠡ ᠠᠯᠬᠤᠮ ᠰᠢᠯᠢᠳᠡᠭᠵᠢᠪᠡ᠃ ᠥᠩᠭᠡᠷᠡᠭᠰᠡᠨ ᠠᠷᠪᠠᠨ ᠵᠢᠯ ᠳᠤ᠂ ᠮᠠᠨ ᠤ ᠲᠤᠭᠤᠷᠢᠭ ᠤᠨ ᠡᠮᠡᠭᠲᠡᠶᠢᠴᠦᠳ ᠤᠨ ᠦᠢᠯᠡᠰ ᠲᠠᠪᠠᠯᠳᠠᠳᠤ ᠮᠠᠶ᠋ᠢᠭ ᠤᠨ ᠬᠥᠭᠵᠢᠯᠲᠡ ᠶᠢ ᠪᠡᠶᠡᠯᠡᠭᠦᠯᠵᠦ᠂ ᠡᠮᠡᠭᠲᠡᠶᠢᠴᠦᠳ ᠤᠨ ᠬᠥᠭᠵᠢᠯᠲᠡ ᠶᠢᠨ ᠲᠡᠦᠬᠡ ᠶᠢᠨ ᠬᠠᠮᠤᠭ ᠤᠨ ᠰᠠᠶᠢᠨ ᠴᠠᠭ ᠦᠶ᠎ᠡ ᠶᠢᠨ ᠨᠢᠭᠡ ᠪᠣᠯᠵᠠᠢ᠃      ᠣᠳᠣᠬᠠᠨ ᠳᠤ᠂ ᠮᠠᠨ ᠤ ᠲᠤᠭᠤᠷᠢᠭ ᠶᠠᠭ ᠠᠵᠤ ᠠᠬᠤᠢ ᠨᠡᠶᠢᠭᠡᠮ ᠤᠨ ᠬᠡᠯᠪᠡᠷᠢ ᠪᠠᠨ ᠬᠤᠪᠢᠷᠠᠭᠤᠯᠬᠤ ᠵᠠᠩᠭᠢᠯᠠᠭ᠎ᠠ ᠶᠢᠨ ᠴᠠᠭ ᠦᠶ᠎ᠡ ᠳᠤ ᠣᠷᠣᠰᠢᠵᠤ᠂ ᠡᠮᠡᠭᠲᠡᠶᠢᠴᠦᠳ ᠤᠨ ᠬᠥᠭᠵᠢᠯᠲᠡ ᠳᠤ ᠰᠢᠨ᠎ᠡ ᠪᠠᠶᠢᠳᠠᠯ ᠪᠠ ᠥᠷᠢᠰᠦᠯᠳᠦᠭᠡᠨ ᠲᠤᠯᠭᠠᠷᠠᠵᠤ ᠪᠠᠶᠢᠨ᠎ᠠ᠃ ᠡᠮᠡᠭᠲᠡᠶᠢᠴᠦᠳ ᠤᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠬᠤ ᠳᠤ ᠵᠣᠬᠢᠴᠠᠬᠤ ᠠᠵᠢᠯ ᠣᠯᠬᠤ ᠴᠢᠳᠠᠪᠤᠷᠢ ᠶᠢ ᠨᠡᠮᠡᠭᠳᠡᠭᠦᠯᠬᠦ ᠴᠢᠬᠤᠯᠠᠲᠠᠢ︔ ᠦᠨᠳᠦᠰᠦᠨ ᠱᠠᠲᠤᠨ ᠤ ᠡᠮᠡᠭᠲᠡᠶᠢᠴᠦᠳ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠬᠠᠮᠢᠶᠠᠷᠤᠯᠲᠠ ᠳᠤ ᠣᠷᠤᠯᠴᠠᠬᠤ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ︔ ᠶᠠᠪᠤᠭᠤᠯ ᠬᠥᠮᠥᠨ ᠠᠮᠠ ᠶᠢᠨ ᠳᠣᠲᠣᠷᠠᠬᠢ ᠡᠮᠡᠭᠲᠡᠶᠢᠴᠦᠳ ᠤᠨ ᠰᠣᠶᠣᠯ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯᠵᠢᠯ᠂ ᠨᠡᠶᠢᠭᠡᠮ ᠤᠨ ᠪᠠᠲᠤᠯᠠᠭ᠎ᠠ᠂ ᠬᠠᠤᠯᠢ ᠴᠠᠭᠠᠵᠠ ᠶᠢᠨ ᠬᠠᠮᠠᠭᠠᠯᠠᠯᠲᠠ ᠵᠡᠷᠭᠡ ᠡᠷᠬᠡ ᠪᠠ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠡᠷᠬᠡ ᠲᠡᠭᠰᠢ ᠪᠠᠷ ᠡᠳ᠋ᠯᠡᠬᠦ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ︔ ᠬᠤᠲᠠ ᠬᠥᠳᠡᠭᠡ ᠶᠢᠨ ᠡᠮᠡᠭᠲᠡᠶᠢᠴᠦᠳ ᠤᠨ ᠵᠣᠬᠢᠴᠠᠩᠭᠤᠢ ᠬᠥᠭᠵᠢᠯᠲᠡ ᠶᠢ ᠨᠢᠭᠡᠳᠦᠯᠲᠡᠢ ᠲᠥᠯᠥᠪᠯᠡᠬᠦ ᠶᠢ ᠮᠥᠨ ᠬᠦ ᠲᠦᠷᠭᠡᠳᠬᠡᠨ ᠠᠬᠢᠭᠤᠯᠬᠤ ᠴᠢᠬᠤᠯᠠᠲᠠᠢ︔ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠪᠠ ᠡᠮᠡᠭᠲᠡᠶᠢᠴᠦᠳ ᠤᠨ ᠪᠦᠬᠦ ᠲᠠᠯ᠎ᠠ ᠶᠢᠨ ᠬᠥᠭᠵᠢᠯᠲᠡ ᠶᠢ ᠨᠡᠩ ᠥᠨᠳᠥᠷ ᠲᠦᠪᠰᠢᠨ ᠳᠤ ᠠᠬᠢᠭᠤᠯᠬᠤ ᠳᠤ ᠡᠭᠦᠷᠭᠡ ᠲᠤᠰᠢᠶᠠᠯ ᠬᠠᠲᠠᠭᠤ ᠪᠡᠷᠬᠡ᠂ ᠵᠠᠮ ᠬᠤᠯᠠ ᠪᠠᠶᠢᠨ᠎ᠠ᠃      2021 ᠣᠨ ᠠᠴᠠ 2030 ᠣᠨ ᠪᠣᠯᠲᠠᠯᠠᠬᠢ ᠬᠤᠭᠤᠴᠠᠭ᠎ᠠ ᠪᠣᠯ ᠮᠠᠨ ᠤ ᠤᠯᠤᠰ ᠤᠨ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠂ ᠮᠥᠨᠴᠦ ᠮᠠᠨ ᠤ  ᠲᠤᠭᠤᠷᠢᠭ ᠤᠨ ︽ᠭᠤᠷᠪᠠᠨ ᠰᠢᠰᠲ᠋ᠧᠮ︾᠎ ᠢ ᠲᠡᠭᠦᠯᠳᠡᠷᠵᠢᠭᠦᠯᠬᠦ᠂ ︽ᠲᠦᠷᠪᠡᠨ ᠥᠨᠳᠦᠷᠯᠢᠭ︾᠎ ᠢ ᠪᠠᠶᠢᠭᠤᠯᠬᠤ᠂ ︽ᠲᠠᠪᠤᠨ ᠬᠤᠳᠠ ᠲᠣᠭᠤᠷᠢᠭ︾ ᠎ ᠢ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ᠂ ︽ᠲᠤᠯᠤᠭᠠᠨ ᠰᠢᠨ᠎ᠡ ᠴᠢᠩᠱᠠᠨ︾᠎ ᠶᠢ ᠪᠦᠲᠦᠭᠡᠨ ᠪᠠᠶᠢᠭᠤᠯᠬᠤ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠂ ᠡᠨᠡ ᠨᠢ ᠪᠦᠬᠦ ᠲᠤᠭᠤᠷᠢᠭ ᠤᠨ ᠡᠮᠡᠭᠲᠡᠶᠢᠴᠦᠳ ᠤᠨ ᠬᠥᠭᠵᠢᠯᠲᠡ ᠳᠤ ᠤᠷᠢᠳ ᠡᠮᠦᠨ᠎ᠡ ᠪᠠᠶᠢᠭ᠎ᠠ ᠦᠭᠡᠢ ᠠᠵᠠ ᠲᠣᠬᠢᠶᠠᠯ ᠬᠠᠩᠭᠠᠬᠤ ᠪᠣᠯᠣᠨ᠎ᠠ᠃      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠪᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ︽ᠳᠤᠮᠳᠠᠳᠤ ᠤᠯᠤᠰ ᠤᠨ ᠡᠮᠡᠭᠲᠡᠶᠢᠴᠦᠳ ᠤᠨ ᠬᠥᠭᠵᠢᠯᠲᠡ ᠶᠢᠨ ᠬᠥᠲᠥᠯᠪᠦᠷᠢ ︵2021 ︱ 2030 ᠣᠨ︶︾ ᠪᠠ ︽ᠪᠤᠭᠤᠲᠤ ᠬᠤᠲᠠ ᠶᠢᠨ ᠡᠮᠡᠭᠲᠡᠶᠢᠴᠦᠳ ᠤᠨ ᠬᠥᠭᠵᠢᠯᠲᠡ ᠶᠢᠨ ᠲᠥᠯᠦᠪᠵᠢᠭᠦᠯᠭᠡ ︵2021 ︱ 2030 ᠣᠨ︶︾ ᠵᠡᠷᠭᠡ ᠳᠡᠭᠡᠳᠦ ᠪᠠᠶᠢᠷᠢ ᠶᠢᠨ ᠲᠥᠯᠦᠪᠵᠢᠭᠦᠯᠭᠡ ᠪᠠᠷ ᠯᠠᠪᠯᠠᠯᠲᠠ ᠪᠣᠯᠭᠠᠵᠤ᠂ ︽ᠴᠢᠩᠱᠠᠨ ᠲᠣᠭᠤᠷᠢᠭ ᠤᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾᠎ ᠶᠢᠨ ᠶᠡᠷᠦᠩᠬᠡᠢ ᠱᠠᠭᠠᠷᠳᠠᠯᠭ᠎ᠠ ᠶᠣᠰᠣᠭᠠᠷ᠂ ᠴᠢᠩᠱᠠᠨ ᠲᠣᠭᠤᠷᠢᠭ ᠤᠨ ᠡᠮᠡᠭᠲᠡᠶᠢᠴᠦᠳ ᠤᠨ ᠬᠥᠭᠵᠢᠯᠲᠡ ᠪᠠ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠰ ᠲᠥᠯᠦᠪᠵᠢᠭᠦᠯᠭᠡ ᠶᠢ ᠲᠣᠭᠲᠠᠭᠠᠪᠠ᠃      ᠨᠢᠭᠡᠳᠦᠭᠡᠷ ᠪᠦᠯᠦᠭ       ᠵᠢᠯᠤᠭᠤᠳᠬᠤ ᠦᠵᠡᠯ ᠰᠠᠨᠠᠭ᠎ᠠ ᠪᠠ ᠦᠨᠳᠦᠰᠦᠨ ᠵᠠᠷᠴᠢᠮ      ︵ᠨᠢᠭᠡ︶ ᠵᠢᠯᠤᠭᠤᠳᠬᠤ ᠦᠵᠡᠯ ᠰᠠᠨᠠᠭ᠎ᠠ      ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠡᠮᠡᠭᠲᠡᠶᠢᠴᠦᠳ ᠪᠠ ᠡᠮᠡᠭᠲᠡᠶᠢᠴᠦᠳ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠵᠢᠴᠢ ᠥᠪᠥᠷ ᠮᠣᠩᠭᠤᠯ ᠤᠨ ᠴᠢᠬᠤᠯᠠ ᠶᠠᠷᠢᠶᠠᠨ ᠤ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠡᠮᠡᠭᠲᠡᠶᠢᠴᠦᠳ ᠤᠨ ᠦᠢᠯᠡᠰ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠡᠮᠡᠭᠲᠡᠶᠢᠴᠦᠳ ᠤᠨ ᠬᠥᠭᠵᠢᠯᠲᠡ ᠶᠢᠨ ᠵᠠᠮ ᠢᠶᠠᠷ  ᠵᠠᠮᠨᠠᠵᠦ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ ᠪᠣᠯᠭᠠᠵᠤ᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠪᠠ ᠡᠮᠡᠭᠲᠡᠶᠢᠴᠦᠳ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠳᠦᠷᠢᠮ ᠲᠣᠭᠲᠠᠴᠠ ᠶᠢ ᠲᠡᠭᠦᠯᠳᠡᠷᠵᠢᠭᠦᠯᠦᠨ᠂ ᠡᠮᠡᠭᠲᠡᠶᠢᠴᠦᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠬᠦᠢᠰᠦ ᠶᠢᠨ ᠢᠯᠭᠠᠯ ᠤᠨ ᠡᠷᠬᠡ ᠲᠡᠭᠰᠢ ᠪᠠᠶᠢᠬᠤ ᠶᠢ ᠲᠦᠯᠬᠢᠨ ᠠᠬᠢᠭᠤᠯᠬᠤ ᠶᠠᠪᠤᠳᠠᠯ ᠢ ᠪᠦᠬᠦ ᠨᠡᠶᠢᠭᠡᠮ ᠢᠶᠠᠷ ᠢᠶᠠᠨ ᠬᠠᠮᠲᠤ ᠪᠠᠷ ᠵᠢᠷᠤᠮᠯᠠᠬᠤ ᠦᠢᠯᠡ ᠠᠵᠢᠯᠯᠠᠭᠠᠨ ᠤ ᠵᠢᠷᠤᠮᠵᠢᠯ ᠪᠠ ᠦᠷᠳᠡᠭ ᠤᠨ ᠪᠠᠷᠢᠮᠵᠢᠶ᠎ᠠ ᠪᠣᠯᠭᠠᠨ᠎ᠠ᠃ ᠡᠮᠡᠭᠲᠡᠶᠢᠴᠦᠳ ᠢ ᠬᠥᠲᠥᠯᠥᠨ ᠵᠢᠯᠤᠭᠤᠳᠴᠤ ᠪᠠᠶᠢᠭᠠᠳ ᠠᠭᠤᠤ ᠶᠡᠭᠡ ᠦᠢᠯᠡᠰ ᠤᠨ ᠪᠦᠲᠦᠭᠡᠨ ᠪᠠᠶᠢᠭᠤᠯᠤᠭᠴᠢ᠂ ᠪᠣᠯᠪᠠᠰᠤᠨ ᠬᠡᠪ ᠰᠤᠷᠲᠠᠯ ᠤᠨ ᠰᠠᠨᠠᠭᠠᠴᠢᠯᠠᠭᠴᠢ᠂ ᠬᠦᠰᠡᠯ ᠵᠡᠭᠦᠳᠦ ᠪᠠᠨ ᠵᠣᠷᠢᠭᠲᠠᠢ ᠪᠠᠷ ᠬᠥᠭᠡᠭᠡᠴᠡᠯᠳᠦᠨ ᠲᠡᠮᠡᠴᠡᠭᠴᠢ ᠪᠣᠯᠭᠠᠵᠤ᠂ ᠡᠮᠡᠭᠲᠡᠶᠢᠴᠦᠳ ᠤᠨ ᠴᠡᠴᠡᠭᠯᠡᠨ ᠬᠥᠭᠵᠢᠭᠰᠡᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠰᠢᠨ᠎ᠡ ᠴᠢᠩᠱᠠᠨ ᠶᠢ ᠪᠦᠲᠦᠭᠡᠨ ᠪᠠᠶᠢᠭᠤᠯᠬᠤ ᠳᠤᠮᠳᠠ ︽ᠬᠠᠭᠠᠰ ᠲᠡᠭᠷᠢ︾᠎ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠮᠠᠨ ᠤ ᠲᠤᠭᠤᠷᠢᠭ ᠤᠨ ᠡᠮᠡᠭᠲᠡᠶᠢᠴᠦᠳ ᠤᠨ ᠦᠢᠯᠡᠰ ᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠠᠶᠠᠨ ᠵᠠᠮ ᠳᠤ ᠡᠮᠦᠨ᠎ᠡ ᠡᠩᠨᠡᠭᠡᠨ ᠳᠤ ᠶᠠᠪᠤᠬᠤ ᠶᠢ ᠠᠬᠢᠭᠤᠯᠤᠨ᠎ᠠ᠃      ︵ᠬᠤᠶᠠᠷ︶ ᠦᠨᠳᠦᠰᠦᠨ ᠵᠠᠷᠴᠢᠮ     1᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ᠎ᠠ᠃ ︽ᠳᠥᠷᠪᠡᠨ ᠤᠬᠠᠮᠰᠠᠷ︾᠎ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠨᠠᠮ ᠤᠨ ᠡᠮᠡᠭᠲᠡᠶᠢᠴᠦᠳ ᠤᠨ ᠦᠢᠯᠡᠰ ᠳᠠᠬᠢ ᠪᠥᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠨ᠂ ᠡᠮᠡᠭᠲᠡᠶᠢᠴᠦᠳ ᠤᠨ ᠦᠢᠯᠡᠰ ᠤᠨ ᠬᠥᠭᠵᠢᠯᠲᠡ ᠶᠢᠨ ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠢ ᠪᠠᠷᠢᠮᠲᠠᠯᠠᠵᠤ᠂ ᠡᠮᠡᠭᠲᠡᠶᠢᠴᠦᠳ ᠤᠨ ᠦᠢᠯᠡᠰ ᠤᠨ ᠬᠥᠭᠵᠢᠯᠲᠡ ᠶᠢᠨ ᠲᠤᠬᠠᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠤᠳᠤᠷᠢᠳᠤᠯᠭ᠎ᠠ ᠶᠢ ᠡᠮᠡᠭᠲᠡᠶᠢᠴᠦᠳ ᠤᠨ ᠦᠢᠯᠡᠰ ᠤᠨ ᠬᠥᠭᠵᠢᠯᠲᠡ ᠶᠢᠨ ᠪᠥᠬᠦ ᠶᠠᠪᠤᠴᠠ ᠪᠠ ᠡᠯ᠎ᠡ ᠲᠠᠯ᠎ᠠ ᠳᠤ ᠦᠨᠡᠨ ᠬᠦ ᠲᠤᠤᠱᠯᠠᠭᠤᠯᠤᠨ᠂ ᠡᠮᠡᠭᠲᠡᠶᠢᠴᠦᠳ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠦᠨᠳᠦᠰᠦᠨ ᠪᠠᠲᠤᠯᠠᠭ᠎ᠠ ᠬᠠᠩᠭᠠᠨ᠎ᠠ᠃      2᠂ ᠡᠷᠡᠭᠲᠡᠢ ᠡᠮᠡᠭᠲᠡᠢ ᠬᠤᠶᠠᠷ ᠬᠦᠢᠰᠦᠲᠡᠨ ᠤ ᠡᠷᠬᠡ ᠲᠡᠭᠰᠢ ᠬᠥᠭᠵᠢᠯᠲᠡ ᠶᠢ ᠪᠠᠷᠢᠮᠲᠠᠯᠠᠨ᠎ᠠ᠃ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠶᠢ ᠠᠬᠢᠭᠤᠯᠬᠤ ᠬᠠᠤᠯᠢ ᠲᠣᠭᠲᠠᠭᠠᠯ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ ᠬᠠᠤᠯᠢ ᠲᠣᠭᠲᠠᠭᠠᠯ ᠲᠦᠷᠦ ᠶᠢᠨ ᠪᠣᠳᠣᠯᠭ᠎ᠠ ᠶᠢ ᠲᠣᠭᠲᠠᠭᠠᠬᠤ᠂ ᠲᠥᠯᠦᠪᠵᠢᠭᠦᠯᠭᠡ ᠶᠢᠨ ᠲᠣᠪᠴᠢ ᠶᠢ ᠨᠠᠶᠢᠷᠠᠭᠤᠯᠤᠨ ᠵᠣᠬᠢᠶᠠᠬᠤ᠂ ᠲᠣᠬᠢᠷᠠᠭᠤᠯᠤᠨ ᠪᠠᠶᠢᠷᠢᠯᠠᠭᠤᠯᠬᠤ ᠠᠵᠢᠯ ᠤᠨ ᠳᠤᠮᠳᠠ ᠬᠤᠶᠠᠷ ᠬᠦᠢᠰᠦᠲᠡᠨ ᠤ ᠪᠣᠳᠠᠲᠤ ᠵᠥᠷᠢᠶ᠎ᠡ ᠪᠠ ᠡᠮᠡᠭᠲᠡᠶᠢᠴᠦᠳ ᠤᠨ ᠣᠨᠴᠠᠭᠠᠶ ᠠᠰᠢᠭ ᠲᠤᠰᠠ ᠶᠢ ᠭᠦᠢᠴᠡᠳ ᠪᠣᠳᠣᠯᠬᠢᠯᠠᠵᠤ᠂ ᠨᠡᠩ ᠡᠷᠬᠡ ᠲᠡᠭᠰᠢ᠂ ᠪᠠᠭᠲᠠᠭᠠᠮᠵᠢᠲᠠᠢ᠂ ᠦᠷᠭᠦᠯᠵᠢᠯᠡᠬᠦᠶᠢᠴᠡ ᠬᠥᠭᠵᠢᠯᠲᠡ ᠶᠢᠨ ᠣᠷᠴᠢᠨ ᠨᠥᠬᠦᠴᠡᠯ ᠢ ᠪᠤᠢ ᠪᠣᠯᠭᠠᠵᠤ᠂ ᠡᠷᠡᠭᠲᠡᠢ ᠡᠮᠡᠭᠲᠡᠢ ᠬᠤᠶᠠᠷ ᠬᠦᠢᠰᠦᠲᠡᠨ ᠤ ᠬᠥᠭᠵᠢᠯᠲᠡ ᠶᠢᠨ ᠵᠥᠷᠢᠶ᠎ᠡ ᠶᠢ ᠪᠠᠭᠠᠰᠬᠠᠵᠤ᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠶᠢ ᠪᠡᠶᠡᠯᠡᠭᠦᠯᠬᠦ ᠶᠢ ᠠᠬᠢᠭᠤᠯᠤᠨ᠎ᠠ᠃      3᠂ ᠡᠮᠡᠭᠲᠡᠶᠢᠴᠦᠳ ᠤᠨ ᠠᠵᠢᠯ ᠦᠢᠯᠡᠰ ᠢ ᠠᠵᠤ ᠠᠬᠤᠢ ᠨᠡᠶᠢᠭᠡᠮ ᠯᠦᠭᠡ ᠵᠡᠷᠭᠡᠪᠡᠷ ᠵᠣᠬᠢᠴᠠᠩᠭᠤᠢ ᠪᠠᠷ ᠬᠥᠭᠵᠢᠭᠦᠯᠬᠦ ᠶᠢ ᠪᠠᠷᠢᠮᠲᠠᠯᠠᠨ᠎ᠠ᠃ ᠡᠮᠡᠭᠲᠡᠶᠢᠴᠦᠳ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠵᠢᠴᠢ ᠲᠡᠭᠦᠨ ᠤ ᠬᠠᠷᠠᠯᠲᠠ ᠡᠭᠦᠷᠭᠡ ᠶᠢ ᠴᠢᠩᠱᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠲᠥᠯᠦᠪᠵᠢᠭᠦᠯᠭᠡ ᠳᠤ ᠣᠷᠣᠭᠤᠯᠵᠤ᠂ ᠰᠠᠯᠠᠭ᠎ᠠ ᠮᠥᠴᠢᠷ ᠤᠨ ᠲᠤᠰᠬᠠᠢ ᠲᠥᠯᠦᠪᠵᠢᠭᠦᠯᠭᠡ ᠳᠤ ᠣᠷᠣᠭᠤᠯᠤᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠳᠤ ᠣᠷᠣᠭᠤᠯᠵᠤ᠂ ᠬᠠᠮᠲᠤ ᠳᠤᠨᠢ ᠪᠠᠶᠢᠷᠢᠯᠠᠭᠤᠯᠵᠤ᠂ ᠬᠠᠮᠲᠤ ᠳᠤᠨᠢ ᠨᠠᠶᠢᠳᠠᠪᠤᠷᠢᠵᠢᠭᠤᠯᠤᠨ᠎ᠠ᠃ ᠬᠤᠳᠠ ᠬᠥᠳᠡᠭᠡ᠂ ᠣᠷᠣᠨ ᠪᠦᠰᠡ᠂ ᠬᠠᠮᠲᠤᠯᠢᠭ ᠤᠨ ᠬᠤᠭᠤᠷᠣᠨᠳᠣᠬᠢ ᠡᠮᠡᠭᠲᠡᠶᠢᠴᠦᠳ ᠤᠨ ᠢᠵᠢᠯ ᠠᠯᠬᠤᠮ ᠢᠶᠠᠷ ᠲᠡᠩᠴᠡᠭᠦᠷᠢᠲᠡᠢ ᠬᠥᠭᠵᠢᠬᠦ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠥᠷᠭᠡᠨ ᠤᠯᠠᠨ ᠡᠮᠡᠭᠲᠡᠶᠢᠴᠦᠳ ᠲᠤ ᠨᠡᠩ ᠤᠯᠠᠨ ᠨᠡᠩ ᠭᠤᠣᠯᠴᠢ ᠪᠠᠷ ᠡᠳ᠋ᠯᠡᠭᠦᠯᠦᠨ᠎ᠡ᠃      4᠂ ᠡᠮᠡᠭᠲᠡᠶᠢᠴᠦᠳ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠨ᠎ᠠ᠃ ᠡᠮᠡᠭᠲᠡᠶᠢᠴᠦᠳ ᠤᠨ ᠤᠯᠤᠰ ᠲᠦᠷᠦ᠂ ᠠᠵᠤ ᠠᠬᠤᠢ᠂ ᠰᠣᠶᠣᠯ᠂ ᠨᠡᠶᠢᠭᠡᠮ ᠪᠠ ᠭᠡᠷ ᠪᠦᠯᠢ ᠶᠢᠨ ᠡᠯ᠎ᠡ ᠲᠠᠯ᠎ᠠ ᠶᠢᠨ ᠬᠥᠭᠵᠢᠯᠲᠡ ᠶᠢᠨ ᠠᠰᠢᠭ ᠲᠤᠰᠠ ᠶᠢ ᠨᠢᠭᠡᠳᠦᠯᠲᠡᠢ ᠲᠥᠯᠥᠪᠯᠡᠨ ᠨᠡᠶᠢᠳᠡ ᠳᠤᠨᠢ ᠬᠠᠷᠠᠭᠠᠯᠵᠠᠵᠤ᠂ ᠡᠮᠡᠭᠲᠡᠶᠢᠴᠦᠳ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠭᠤᠣᠯᠳᠠᠯᠭ᠎ᠠ ᠲᠠᠢ ᠪᠡᠷᠬᠡ ᠠᠰᠠᠭᠤᠳᠠᠯ ᠢ ᠪᠦᠲᠦᠮᠵᠢᠲᠡᠶ ᠪᠠᠷ ᠰᠢᠢᠳᠪᠦᠷᠢᠯᠡᠵᠦ᠂ ᠡᠮᠡᠭᠲᠡᠶᠢᠴᠦᠳ ᠤᠨ ᠬᠥᠭᠵᠢᠯᠲᠡ ᠳᠤ ᠠᠰᠢᠭ ᠦᠭᠡᠢ ᠬᠠᠷᠰᠢ ᠰᠠᠭᠠᠳ ᠢ ᠠᠷᠢᠯᠭᠠᠵᠤ᠂ ᠬᠤᠳᠠ ᠬᠥᠳᠡᠭᠡ᠂ ᠣᠷᠣᠨ ᠪᠦᠰᠡ᠂ ᠬᠠᠮᠲᠤᠯᠢᠭ ᠤᠨ ᠬᠤᠭᠤᠷᠣᠨᠳᠣᠬᠢ ᠡᠮᠡᠭᠲᠡᠶᠢᠴᠦᠳ ᠤᠨ ᠲᠡᠩᠴᠡᠭᠦᠷᠢᠲᠡᠢ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠡᠮᠡᠭᠲᠡᠶᠢᠴᠦᠳ ᠤᠨ ᠡᠯ᠎ᠡ ᠬᠦᠷᠢᠶᠡᠨ ᠳᠠᠬᠢ ᠪᠦᠬᠦ ᠲᠠᠯ᠎ᠠ ᠶᠢᠨ ᠬᠥᠭᠵᠢᠯᠲᠡ ᠶᠢ ᠵᠣᠬᠢᠴᠠᠩᠭᠤᠢ ᠪᠠᠷ ᠠᠬᠢᠭᠤᠯᠤᠨ᠎ᠠ᠃      5᠂ ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠶᠢ ᠪᠠᠷᠢᠮᠲᠠᠯᠠᠨ᠎ᠠ᠃ ᠡᠮᠡᠭᠲᠡᠶᠢᠴᠦᠳ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠣᠷᠤᠯᠴᠠᠬᠤ ᠡᠷᠬᠡ ᠶᠢ ᠬᠠᠤᠯᠢ ᠶᠣᠰᠣᠭᠠᠷ ᠪᠠᠲᠤᠯᠠᠵᠤ᠂ ᠡᠮᠡᠭᠲᠡᠶᠢᠴᠦᠳ ᠤᠨ ᠭᠤᠣᠯ ᠴᠣᠭᠴᠠ ᠶᠢᠨ ᠪᠠᠶᠢᠷᠢ ᠰᠠᠭᠤᠷᠢ ᠶᠢ ᠬᠦᠨᠳᠦᠳᠬᠡᠨ᠂ ᠡᠮᠡᠭᠲᠡᠶᠢᠴᠦᠳ ᠤᠨ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠬᠤ᠂ ︽ᠳᠥᠷᠪᠡᠨ ᠪᠥᠬᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠩᠭᠤᠢ ᠪᠠᠷ ᠠᠬᠢᠭᠤᠯᠬᠤ ᠳᠤᠮᠳᠠᠬᠢ ᠰᠢᠨ᠎ᠡ ᠬᠦᠴᠦᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠡᠮᠡᠭᠲᠡᠶᠢᠴᠦᠳ ᠤᠨ ︽ᠲᠤᠯᠤᠭᠠᠨ ᠰᠢᠨ᠎ᠡ ᠴᠢᠩᠱᠠᠨ︾᠎ ᠤ ᠦᠢᠯᠡᠰ ᠢ ᠴᠣᠭᠴᠠᠯᠠᠨ ᠪᠠᠶᠢᠭᠤᠯᠬᠤ ᠡᠮᠦᠨ᠎ᠡ ᠡᠩᠨᠡᠭᠡᠨ ᠳᠤ ᠤᠷᠢᠳᠠᠪᠠᠷ ᠶᠠᠪᠤᠵᠤ ᠲᠣᠰ ᠪᠡᠶ᠎ᠡ ᠶᠢᠨ ᠳᠠᠪᠰᠢᠯᠲᠠ ᠬᠢᠭᠡᠳ ᠬᠥᠭᠵᠢᠯᠲᠡ ᠪᠠᠨ ᠪᠡᠶᠡᠯᠡᠭᠦᠯᠬᠦ ᠶᠢ ᠬᠥᠲᠥᠯᠥᠨ ᠵᠢᠯᠤᠭᠤᠳᠬᠤ ᠪᠠ ᠳᠡᠮᠵᠢᠨ᠎ᠡ᠃      ᠬᠤᠶᠠᠳᠤᠭᠠᠷ ᠪᠦᠯᠦᠭ       ᠶᠡᠷᠦᠩᠬᠡᠢ ᠬᠠᠷᠠᠯᠲᠠ      2030 ᠣᠨ ᠪᠣᠯᠬᠤ ᠳᠤ᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠪᠠ ᠡᠮᠡᠭᠲᠡᠶᠢᠴᠦᠳ ᠢ ᠪᠥᠬᠦ ᠲᠠᠯ᠎ᠠ ᠪᠠᠷ ᠬᠥᠭᠵᠢᠭᠦᠯᠬᠦ ᠳᠦᠷᠢᠮ ᠲᠣᠭᠲᠠᠴᠠ ᠶᠢᠨ ᠰᠢᠨ᠎ᠡ ᠶᠢ ᠡᠭᠦᠳᠦᠨ ᠲᠡᠭᠦᠯᠳᠡᠷᠵᠢᠭᠦᠯᠵᠦ᠂ ᠡᠮᠡᠭᠲᠡᠶᠢᠴᠦᠳ ᠤᠨ ᠡᠯ᠎ᠡ ᠠᠵᠢᠯ ᠲᠥᠷᠥᠯ ᠳᠤ ᠭᠠᠪᠢᠶ᠎ᠠ ᠪᠠᠶᠢᠭᠤᠯᠤᠨ ᠦᠢᠯᠡᠰ ᠪᠦᠲᠦᠭᠡᠵᠦ᠂ ︽ᠬᠠᠭᠠᠰ ᠲᠡᠭᠷᠢ︾᠎ ᠶᠢᠨ ᠦᠢᠯᠡᠳᠦᠯ ᠢ ᠨᠠᠩ ᠢᠯᠡᠭᠦᠦ ᠢᠯᠡᠷᠡᠭᠦᠯᠦᠨ᠎ᠡ᠃ ᠡᠮᠡᠭᠲᠡᠶᠢᠴᠦᠳ ᠪᠦᠬᠦ ᠲᠠᠯ᠎ᠠ ᠶᠢᠨ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠡᠷᠡᠭᠦᠯ ᠮᠡᠨᠳᠦ ᠶᠢᠨ ᠦᠢᠯᠡᠴᠢᠯᠡᠭᠡ ᠶᠢ ᠡᠷᠬᠡ ᠲᠡᠭᠰᠢ ᠪᠠᠷ ᠡᠳ᠋ᠯᠡᠵᠦ᠂ ᠡᠷᠡᠭᠦᠯ ᠮᠡᠨᠳᠦ ᠶᠢᠨ ᠲᠦᠪᠰᠢᠨ ᠦᠷᠭᠦᠯᠵᠢᠯᠡᠨ ᠳᠡᠭᠡᠭᠰᠢᠯᠡᠭᠦᠯᠦᠨ᠎ᠡ᠃ ᠡᠮᠡᠭᠲᠡᠶᠢᠴᠦᠳ ᠰᠤᠷᠭᠠᠨ ᠬᠥᠮᠦᠵᠢᠯ ᠬᠥᠷᠳᠡᠬᠦ ᠡᠷᠬᠡ ᠶᠢ ᠡᠷᠬᠡ ᠲᠡᠭᠰᠢ ᠪᠠᠷ ᠡᠳ᠋ᠯᠡᠵᠦ᠂ ᠬᠡᠪ ᠴᠢᠨᠠᠷ ᠪᠠ ᠴᠢᠳᠠᠪᠤᠷᠢ ᠨᠢ ᠦᠷᠭᠦᠯᠵᠢᠯᠡᠨ ᠳᠡᠭᠡᠭᠰᠢᠯᠡᠭᠦᠯᠦᠨ᠎ᠡ᠃ ᠡᠮᠡᠭᠲᠡᠶᠢᠴᠦᠳ ᠠᠵᠤ ᠠᠬᠤᠢ ᠶᠢᠨ ᠡᠷᠬᠡ ᠠᠰᠢᠭ ᠢ ᠠᠳᠠᠯᠢ ᠲᠡᠭᠰᠢ ᠪᠠᠷ ᠡᠳ᠋ᠯᠡᠵᠦ᠂ ᠠᠵᠤ ᠠᠬᠤᠢ ᠶᠢᠨ ᠪᠠᠶᠢᠷᠢ ᠰᠠᠭᠤᠷᠢ  ᠶᠢ ᠲᠣᠭᠲᠠᠭᠤᠨ ᠢᠶᠠᠷ ᠳᠡᠭᠡᠭᠰᠢᠯᠡᠨ᠎ᠡ᠃ ᠡᠮᠡᠭᠲᠡᠶᠢᠴᠦᠳ ᠤᠯᠤᠰ ᠲᠤᠶᠢᠷᠦ ᠶᠢᠨ ᠡᠷᠬᠡ ᠶᠢ ᠠᠳᠠᠯᠢ ᠲᠡᠭᠰᠢ ᠪᠠᠷ ᠡᠳ᠋ᠯᠡᠵᠦ᠂ ᠤᠯᠤᠰ ᠣᠷᠣᠨ ᠪᠠ ᠠᠵᠤ ᠠᠬᠤᠢ ᠰᠣᠶᠣᠯ ᠨᠡᠶᠢᠭᠡᠮ ᠤᠨ ᠬᠡᠷᠡᠭ ᠶᠠᠪᠤᠳᠠᠯ ᠤᠨ ᠬᠠᠮᠢᠶᠠᠷᠤᠯᠲᠠ ᠳᠤ ᠣᠷᠤᠯᠴᠠᠬᠤ ᠬᠢᠷᠢ ᠬᠡᠮᠵᠢᠶ᠎ᠡ ᠎ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠡᠮᠡᠭᠲᠡᠶᠢᠴᠦᠳ ᠤᠯᠠᠨ ᠲᠡᠰ ᠳᠠᠪᠬᠤᠷᠭ᠎ᠠ ᠶᠢᠨ ᠦᠷᠭᠦᠯᠵᠢᠯᠡᠬᠦ ᠨᠡᠶᠢᠭᠡᠮ ᠤᠨ ᠪᠠᠲᠤᠯᠠᠭ᠎ᠠ ᠶᠢ ᠡᠷᠬᠡ ᠲᠡᠭᠰᠢ ᠪᠠᠷ ᠡᠳ᠋ᠯᠡᠵᠦ᠂ ᠬᠠᠷᠠᠭᠠᠯᠵᠠᠯ ᠤᠨ ᠲᠦᠪᠰᠢᠨ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ᠭᠡᠷ ᠪᠦᠯᠢ ᠶᠢᠨ ᠬᠥᠭᠵᠢᠯᠲᠡ ᠶᠢ ᠳᠡᠮᠵᠢᠬᠦ ᠬᠠᠤᠯᠢ ᠲᠣᠭᠲᠠᠭᠠᠯ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠨᠡᠩ ᠲᠡᠭᠦᠯᠳᠡᠷᠵᠢᠭᠦᠯᠵᠦ᠂ ᠨᠡᠶᠢᠭᠡᠮ ᠵᠢᠷᠤᠮ ᠤᠨ ᠭᠡᠷ ᠪᠦᠯᠢ ᠶᠢᠨ ᠪᠣᠯᠪᠠᠰᠤᠨ ᠤ ᠰᠢᠨ᠎ᠡ ᠬᠡᠪ ᠰᠤᠷᠲᠠᠯ ᠢ ᠥᠷᠭᠡᠨ ᠢᠶᠠᠷ ᠪᠠᠳᠠᠷᠠᠭᠤᠯᠤᠨ᠎ᠠ᠃ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠣᠶᠢᠯᠠᠭᠠᠭᠳᠠᠬᠤᠨ ᠬᠥᠮᠥᠰ ᠤᠨ ᠰᠡᠳᠬᠢᠯ ᠳᠤ ᠨᠡᠩ ᠭᠦᠨ ᠰᠠᠭᠤᠭᠳᠠᠵᠤ᠂ ᠡᠮᠡᠭᠲᠡᠶᠢᠴᠦᠳ ᠤᠨ ᠬᠥᠭᠵᠢᠯᠲᠡ ᠶᠢᠨ ᠣᠷᠴᠢᠨ ᠨᠥᠬᠦᠴᠡᠯ ᠨᠡᠩ ᠰᠢᠯᠢᠳᠡᠭᠵᠢᠭᠦᠯᠦᠨ᠎ᠡ᠃ ᠬᠠᠤᠯᠢ ᠪᠠᠷ ᠵᠠᠰᠠᠬᠤ ᠰᠢᠰᠲ᠋ᠧᠮ ᠢ ᠨᠡᠩ ᠲᠡᠭᠦᠯᠳᠡᠷᠵᠢᠭᠦᠯᠵᠦ᠂ ᠡᠮᠡᠭᠲᠡᠶᠢᠴᠦᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠨ᠎ᠠ᠃ ᠡᠮᠡᠭᠲᠡᠶᠢᠴᠦᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢᠯᠡᠳᠲᠡ ᠳᠡᠭᠡᠭᠰᠢᠯᠡᠭᠦᠯᠦᠨ᠎ᠡ᠃ 2035 ᠣᠨ ᠢ ᠪᠠᠷᠠᠯᠠᠬᠤᠶ᠎ᠠ᠂ ᠤᠯᠤᠰ ᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠲᠠᠢ ᠵᠣᠬᠢᠴᠠᠭᠤᠯᠤᠨ᠂ ᠡᠷᠡᠭᠲᠡᠢ ᠡᠮᠡᠭᠲᠡᠢ ᠡᠷᠬᠡ ᠲᠡᠭᠰᠢ ᠪᠠ ᠡᠮᠡᠭᠲᠡᠶᠢᠴᠦᠳ ᠤᠨ ᠪᠦᠬᠦ ᠲᠠᠯ᠎ᠠ ᠶᠢᠨ ᠬᠥᠭᠵᠢᠯᠲᠡ ᠨᠡᠩ ᠢᠯᠡᠷᠬᠡᠢ ᠪᠣᠳᠠᠲᠤ ᠠᠬᠢᠴᠠ ᠲᠠᠢ ᠪᠣᠯᠵᠤ᠂ ᠡᠮᠡᠭᠲᠡᠶᠢᠴᠦᠳ ᠰᠢᠨ᠎ᠡ ᠴᠠᠭ ᠦᠶ᠎ᠡ ᠠᠴᠠ ᠣᠯᠭᠤᠭᠰᠠᠨ ᠢᠷᠠᠭᠤ ᠠᠯᠳᠠᠷᠲᠤ ᠡᠭᠦᠷᠭᠡ ᠶᠢ ᠨᠡᠩ ᠰᠠᠶᠢᠲᠤᠷ ᠡᠭᠦᠷᠭᠡᠯᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠨ᠎ᠡ᠃      ᠭᠤᠷᠪᠠᠳᠤᠭᠠᠷ ᠪᠦᠯᠦᠭ       ᠬᠥᠭᠵᠢᠯᠲᠡ ᠶᠢᠨ ᠬᠦᠷᠢᠶ᠎ᠡ᠂ ᠭᠤᠣᠯ ᠬᠠᠷᠠᠯᠲᠠ ᠪᠠ ᠠᠷᠭ᠎ᠠ ᠪᠣᠳᠣᠯᠭ᠎ᠠ ᠠᠷᠭ᠎ᠠ ᠬᠡᠮᠵᠢᠶ᠎ᠡ      (ᠨᠢᠭᠡ) ᠡᠮᠡᠭᠲᠡᠶᠢᠴᠦᠳ ᠬᠢᠭᠡᠳ ᠡᠷᠡᠭᠦᠯ ᠮᠡᠨᠳᠦ      ᠭᠤᠣᠯ ᠬᠠᠷᠠᠯᠲᠠ᠄      1᠂ ᠡᠮᠡᠭᠲᠡᠶᠢᠴᠦᠳ ᠤᠨ ᠠᠮᠢ ᠨᠠᠰᠤᠨ ᠤ ᠪᠥᠬᠦ ᠦᠶᠡᠯᠡᠯ ᠤᠨ ᠬᠤᠭᠤᠴᠠᠭᠠᠨ ᠳᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠶᠢᠨ ᠦᠢᠯᠡᠴᠢᠯᠡᠭᠡ ᠶᠢ ᠬᠦᠷᠲᠡᠵᠦ᠂ ᠡᠮᠡᠭᠲᠡᠶᠢᠴᠦᠳ ᠤᠨ ᠬᠥᠮᠥᠨ ᠪᠦᠷᠢ ᠶᠢᠨ ᠳᠤᠮᠳᠠᠴᠢ‌ᠵᠢᠱᠢᠭᠰᠡᠨ ᠨᠠᠰᠤᠨ ᠬᠤᠲᠤᠭ ᠤᠷᠲᠤᠳᠴᠤ᠂ ᠬᠥᠮᠥᠨ‌‍ᠪᠦ᠋ᠷᠢ ᠶᠢᠨ ᠳᠤᠮᠳᠠᠴᠢ ᠡᠷᠡᠭᠦᠯ ᠮᠡᠨᠳᠦ ᠶᠢᠨ ᠵᠢᠱᠢᠭᠰᠡᠨ ᠨᠠᠰᠤᠨ ᠬᠤᠲᠤᠭ ᠢ ᠳᠡᠭᠡᠭᠰᠢᠯᠡᠭᠦᠯᠦᠨ᠎ᠡ᠃      2᠂ ᠵᠢᠷᠮᠦᠰᠦᠨ ᠡᠮᠡᠭᠲᠡᠢ ᠶᠢᠨ ᠰᠢᠰᠲ᠋ᠧᠮ ᠤᠨ ᠬᠠᠮᠢᠶᠠᠷᠤᠯᠲᠠ ᠶᠢᠨ ᠨᠣᠷᠮ᠎ᠠ ᠶᠢ 90%᠎ ᠠᠴᠠ ᠳᠡᠭᠡᠭᠰᠢ ᠳᠤ ᠪᠠᠶᠢᠯᠭᠠᠨ᠎ᠠ᠃ ᠵᠢᠷᠮᠦᠰᠦᠨ ᠡᠮᠡᠭᠲᠡᠢ ᠬᠥᠩᠭᠡᠵᠢᠭᠰᠡᠨ ᠡᠮᠡᠭᠲᠡᠢ ᠶᠢᠨ ᠦᠬᠦᠯ ᠤᠨ ᠨᠤᠷᠮ᠎ᠠ ᠶᠢ 12/10 ᠲᠦᠮᠡ ᠠᠴᠠ ᠳᠣᠭᠤᠭᠰᠢ ᠪᠣᠯᠲᠠᠯ᠎ᠠ ᠪᠠᠭᠤᠷᠠᠭᠤᠯᠵᠤ᠂ ᠬᠤᠳᠠ ᠬᠥᠳᠡᠭᠡ᠂ ᠣᠷᠣᠨ ᠪᠦᠰᠡ ᠶᠢᠨ ᠵᠥᠷᠢᠶ᠎ᠡ ᠶᠢ ᠪᠠᠭᠠᠰᠬᠠᠨ᠎ᠠ᠃      3᠂ ᠠᠶᠠᠨᠳᠠᠭᠠᠨ ᠬᠥᠩᠭᠡᠵᠢᠬᠦ ᠶᠢ ᠰᠠᠨᠠᠭᠠᠴᠢᠯᠠᠵᠤ᠂ ᠬᠡᠪᠡᠯᠢ ᠬᠠᠭᠠᠯᠠᠵᠦ ᠬᠥᠩᠭᠡᠵᠢᠭᠦᠯᠬᠦ ᠨᠣᠷᠮ᠎ᠠ ᠶᠢ ᠵᠣᠬᠢᠰᠲᠠᠢ ᠬᠢᠵᠠᠭᠠᠷᠯᠠᠨ᠎ᠠ᠃ ᠡᠯ᠎ᠡ ᠬᠥᠩᠭᠡᠵᠢᠭᠦᠯᠬᠦ ᠪᠠᠶᠢᠭᠤᠯᠤᠮᠵᠢ ᠶᠢᠨ ᠬᠥᠩᠭᠡᠵᠢᠭᠦᠯᠬᠦ ᠣᠷᠣ ᠬᠢᠭᠡᠳ ᠬᠥᠩᠭᠡᠵᠢᠭᠦᠯᠦᠭᠴᠢ ᠶᠢᠨ ᠲᠤᠭ᠎ᠠ ᠶᠢᠨ ᠬᠠᠷᠢᠴᠠᠯ ᠢ 1᠄ 3᠎ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃      4᠂ ᠡᠮᠡᠭᠲᠡᠶᠢᠴᠦᠳ ᠤᠨ ᠰᠠᠪᠠ ᠶᠢᠨ ᠬᠦᠵᠦᠭᠦᠨ ᠤ ᠥᠮᠡᠨ ᠪᠠ ᠬᠥᠬᠦᠨ ᠪᠤᠯᠴᠢᠷᠬᠠᠢ ᠶᠢᠨ ᠥᠮᠡᠨ ᠢ ᠰᠡᠷᠭᠡᠶᠢᠯᠡᠨ ᠵᠠᠰᠠᠬᠤ ᠦᠵᠡᠯ ᠤᠬᠠᠮᠰᠠᠷ ᠢ ᠢᠯᠡᠳᠲᠡ ᠳᠡᠭᠡᠭᠰᠢᠯᠡᠭᠦᠯᠵᠦ᠂ ᠰᠡᠷᠭᠡᠶᠢᠯᠡᠨ ᠵᠠᠰᠠᠬᠤ ᠮᠡᠳᠡᠯᠭᠡ ᠶᠢ ᠮᠡᠳᠡᠬᠦ ᠨᠣᠷᠮ᠎ᠠ ᠶᠢ 90% ᠎ ᠠᠴᠠ ᠳᠡᠭᠡᠭᠰᠢ ᠳᠤ ᠬᠦᠷᠦᠭᠦᠯᠦᠨ᠎ᠡ᠃ ᠵᠣᠬᠢᠬᠤ ᠨᠠᠰᠤᠨ ᠤ ᠡᠮᠡᠭᠲᠡᠶᠢᠴᠦᠳ ᠤᠨ ᠰᠠᠪᠠ ᠶᠢᠨ ᠬᠦᠵᠦᠭᠦᠨ ᠤ ᠥᠮᠡᠨ ᠤ ᠬᠥᠮᠥᠰ ᠢ ᠰᠢᠭᠰᠢᠨ ᠪᠠᠶᠢᠴᠠᠭᠠᠬᠤ ᠨᠣᠷᠮ᠎ᠠ ᠶᠢ 70%᠎ ᠠᠴᠠ ᠳᠡᠭᠡᠭᠰᠢ ᠳᠤ ᠬᠦᠷᠦᠭᠦᠯᠵᠦ᠂ ᠬᠥᠬᠦᠨ ᠪᠤᠯᠴᠢᠷᠬᠠᠢ ᠶᠢᠨ ᠥᠮᠡᠨ ᠤ ᠬᠥᠮᠥᠰ ᠢ ᠰᠢᠭᠰᠢᠨ ᠪᠠᠶᠢᠴᠠᠭᠠᠬᠤ ᠨᠣᠷᠮ᠎ᠠ ᠶᠢ ᠠᠯᠭᠤᠷ ᠢᠶᠠᠷ ᠳᠡᠭᠡᠭᠰᠢᠯᠡᠭᠦᠯᠦᠨ᠎ᠡ᠃ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠵᠢᠷᠭᠤᠭᠠᠨ ᠰᠠᠯᠠᠭ᠎ᠠ ᠮᠥᠴᠢᠷ ᠤᠨ ᠬᠠᠮᠲᠤᠷᠠᠨ ᠪᠠᠭᠤᠯᠭᠠᠭᠰᠠᠨ ︽ᠪᠤᠭᠤᠲᠤ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠪᠠ ᠬᠤᠲᠠ ᠪᠠᠯᠭᠠᠰᠤ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠵᠣᠬᠢᠬᠤ ᠨᠠᠰᠤᠨ ᠤ ᠡᠮᠡᠭᠲᠡᠶᠢᠴᠦᠳ ᠤᠨ ︿ᠬᠤᠶᠠᠷ ᠥᠮᠡᠨ﹀᠎ ᠢ ᠰᠢᠭᠰᠢᠨ ᠪᠠᠶᠢᠴᠠᠭᠠᠬᠤ ᠲᠥᠷᠥᠯ ᠵᠦᠢᠯ ᠤᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾᠎ ᠢ ᠴᠢᠩᠭ᠎ᠠ ᠬᠡᠷᠡᠭᠵᠢᠭᠦᠯᠵᠦ᠂ ︽ᠭᠤᠷᠪᠠᠨ ᠵᠢᠯ ᠪᠦᠷᠢ ᠳᠤ ᠨᠢᠭᠡ ᠦᠶᠡᠯᠡᠯ ᠤᠨ ᠬᠤᠭᠤᠴᠠᠭ᠎ᠠ︾ ᠶᠣᠰᠣᠭᠠᠷ᠂ 2022 ᠣᠨ ᠠᠴᠠ ᠡᠬᠢᠯᠡᠨ᠂ 3 ᠵᠢᠯ ᠤᠨ ᠳᠣᠲᠣᠷ᠎ᠠ ᠬᠥᠳᠡᠭᠡ ᠲᠣᠰᠬᠤᠨ ᠤ ᠵᠣᠬᠢᠬᠤ ᠨᠠᠰᠤᠨ ᠤ ᠡᠮᠡᠭᠲᠡᠶᠢᠴᠦᠳ ᠤᠨ ︿ᠬᠤᠶᠠᠷ ᠥᠮᠡᠨ﹀᠎ ᠢ ᠰᠢᠭᠰᠢᠨ ᠪᠠᠶᠢᠴᠠᠭᠠᠬᠤ ᠪᠦᠷᠬᠦᠴᠡ ᠶᠢᠨ ᠨᠣᠷᠮ᠎ᠠ ᠶᠢ 100%᠎ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ ᠰᠠᠪᠠ ᠶᠢᠨ ᠬᠦᠵᠦᠭᠦᠨ ᠤ ᠥᠮᠡᠨ ᠪᠠ ᠬᠥᠬᠦᠨ ᠪᠤᠯᠴᠢᠷᠬᠠᠢ ᠶᠢᠨ ᠥᠮᠡᠨ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠴᠢᠳᠠᠪᠤᠷᠢ ᠶᠢ ᠲᠠᠰᠤᠷᠠᠯᠲᠠ ᠦᠭᠡᠢ ᠴᠢᠩᠭᠠᠷᠠᠭᠤᠯᠵᠤ᠂ ᠰᠠᠪᠠ ᠶᠢᠨ ᠬᠦᠵᠦᠭᠦᠨ ᠤ ᠥᠮᠡᠨ ᠳᠤ ᠨᠡᠷᠪᠡᠭᠳᠡᠭᠰᠡᠳ ᠢ ᠡᠮᠨᠡᠨ ᠵᠠᠰᠠᠬᠤ ᠨᠣᠷᠮ᠎ᠠ ᠶᠢ 90%᠎ ᠠᠴᠠ ᠳᠡᠭᠡᠭᠰᠢ ᠭᠦᠷᠦᠭᠦᠯᠦᠨ᠎ᠡ᠃      5᠂ ᠦᠷᠡᠵᠢᠯ ᠤᠨ ᠡᠷᠡᠭᠦᠯ ᠮᠡᠨᠳᠦ ᠪᠠ ᠰᠠᠶᠢᠨ ᠢ ᠲᠦᠷᠦᠵᠦ ᠰᠠᠶᠢᠬᠠᠨ ᠢ ᠦᠰᠭᠡᠬᠦ ᠮᠡᠳᠡᠯᠭᠡ ᠶᠢ ᠪᠥᠬᠦ ᠲᠠᠯ᠎ᠠ ᠪᠠᠷ ᠲᠦᠭᠡᠮᠡᠯᠵᠢᠭᠦᠯᠵᠦ᠂ ᠡᠷᠡᠭᠦᠯ ᠴᠢᠭᠢᠷᠠᠭ ᠪᠤᠶᠢᠵᠢᠯᠲᠠ ᠶᠢ ᠠᠬᠢᠭᠤᠯᠤᠨ᠂ ᠰᠠᠨᠠᠭᠠᠨ ᠳᠤ ᠦᠭᠡᠢ ᠪᠠᠷ ᠵᠢᠷᠮᠦᠰᠦᠯᠡᠬᠦ ᠶᠢ ᠪᠠᠭᠠᠰᠬᠠᠵᠤ᠂ ᠬᠥᠮᠥᠨ ᠤ ᠬᠦᠴᠦ ᠪᠠᠷ ᠣᠷᠤᠭ ᠤᠨᠠᠭᠠᠬᠤ ᠨᠣᠷᠮ᠎ᠠ ᠶᠢ ᠪᠠᠭᠤᠷᠠᠭᠤᠯᠤᠨ᠎ᠠ᠃      6᠂ ᠵᠢᠷᠮᠦᠰᠦᠨ ᠡᠮᠡᠭᠲᠡᠢ ᠬᠥᠩᠭᠡᠵᠢᠭᠰᠡᠨ ᠡᠮᠡᠭᠲᠡᠢ ᠶᠢᠨ ᠠᠶᠢᠽ ᠡᠪᠡᠳᠴᠢᠨ᠂ ᠲᠡᠮᠪᠦᠦ ᠪᠠ ᠡᠯᠢᠭᠡᠨ ᠤ B ᠦᠷᠪᠢᠰᠦᠯ ᠤᠨ ᠪᠠᠶᠢᠴᠠᠭᠠᠯᠲᠠ ᠶᠢᠨ ᠨᠣᠷᠮ᠎ᠠ ᠶᠢ 98%᠎ ᠠᠴᠠ ᠳᠡᠭᠡᠭᠰᠢ ᠳᠤ ᠬᠦᠷᠦᠭᠦᠯᠦᠨ᠎ᠡ᠃ ᠠᠶᠢᠽ ᠡᠪᠡᠳᠴᠢᠨ᠂ ᠲᠡᠮᠪᠦᠦ ᠶᠢᠨ ᠵᠢᠷᠮᠦᠰᠦᠨ ᠡᠮᠡᠭᠲᠡᠢ ᠪᠠ ᠬᠥᠩᠭᠡᠵᠢᠭᠰᠡᠨ ᠡᠮᠡᠭᠲᠡᠢ ᠶᠢᠨ ᠬᠠᠯᠳᠠᠪᠤᠷᠢᠯᠠᠭᠰᠠᠳ ᠢ ᠡᠮᠨᠡᠨ ᠵᠠᠰᠠᠬᠤ ᠨᠣᠷᠮ᠎ᠠ ᠶᠢ 95%᠎ ᠠᠴᠠ ᠳᠡᠭᠡᠭᠰᠢ ᠳᠤ ᠬᠦᠷᠦᠭᠦᠯᠦᠨ᠎ᠡ᠃ ᠠᠶᠢᠽ ᠡᠪᠡᠳᠴᠢᠨ᠂ ᠲᠡᠮᠪᠦᠦ ᠪᠠ ᠡᠯᠢᠭᠡᠨ ᠤ B ᠦᠷᠪᠢᠰᠦᠯ ᠤᠨ ᠡᠬᠡ ᠨᠢᠯᠬᠠᠰ ᠤᠨ ᠲᠠᠷᠬᠠᠯᠲᠠ ᠶᠢ ᠪᠠᠭᠠᠰᠬᠠᠵᠤ᠂ ᠠᠶᠢᠽ ᠡᠪᠡᠳᠴᠢᠨ ᠤ ᠡᠬᠡ ᠨᠢᠯᠬᠠᠰ ᠤᠨ ᠲᠠᠷᠬᠠᠯᠲᠠ ᠶᠢᠨ ᠨᠣᠷᠮ᠎ᠠ ᠶᠢ 2% ᠎ ᠠᠴᠠ ᠳᠣᠭᠤᠭᠰᠢ ᠪᠣᠯᠲᠠᠯ᠎ᠠ ᠪᠠᠭᠤᠷᠠᠭᠤᠯᠤᠨ᠎ᠠ᠃      7᠂ ᠡᠮᠡᠭᠲᠡᠶᠢᠴᠦᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠲᠦᠪᠰᠢᠨ ᠢ ᠳᠡᠭᠡᠭᠢᠰᠢᠯᠡᠭᠦᠯᠦᠨ᠎ᠡ᠃ ᠡᠮᠡᠭᠲᠡᠶᠢᠴᠦᠳ ᠤᠨ ᠵᠣᠪᠠᠨᠢᠯ ᠤᠨ ᠰᠠᠭᠠᠲᠠᠯ᠂ ᠪᠤᠬᠢᠨᠢᠳᠤᠯ ᠭᠡᠮ ᠤᠨ ᠡᠪᠡᠳᠴᠢᠯᠡᠬᠦ ᠨᠣᠷᠮ᠎ᠠ ᠶᠢᠨ ᠳᠡᠭᠡᠭᠰᠢᠯᠡᠬᠦ ᠬᠠᠨᠳᠤᠰᠢ ᠶᠢ ᠤᠳᠠᠭᠠᠰᠢᠷᠠᠭᠤᠯᠤᠨ᠎ᠠ᠃      8᠂ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠵᠦ᠂ ᠡᠮᠡᠭᠲᠡᠶᠢᠴᠦᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃      9᠂ ᠡᠮᠡᠭᠲᠡᠶᠢᠴᠦᠳ ᠤᠨ ᠰᠢᠮ᠎ᠡ ᠲᠡᠵᠢᠭᠡᠯ ᠤᠨ ᠪᠠᠶᠢᠳᠠᠯ ᠢ ᠰᠠᠶᠢᠵᠢᠷᠠᠭᠤᠯᠤᠨ᠎ᠠ᠃ ᠡᠮᠡᠭᠲᠡᠶᠢᠴᠦᠳ ᠤᠨ ᠰᠢᠮ᠎ᠡ ᠲᠡᠵᠢᠭᠡᠯ ᠤᠨ ᠮᠡᠳᠡᠯᠭᠡ ᠪᠣᠯᠪᠠᠰᠤᠷᠠᠯ ᠢ ᠢᠯᠡᠳᠲᠡ ᠳᠡᠭᠡᠭᠰᠢᠯᠡᠭᠦᠯᠦᠨ᠎ᠡ᠃ ᠵᠢᠷᠮᠦᠰᠦᠨ ᠡᠮᠡᠭᠲᠡᠢ ᠬᠥᠩᠭᠡᠵᠢᠭᠰᠡᠨ ᠡᠮᠡᠭᠲᠡᠢ ᠶᠢᠨ ᠴᠢᠰᠤ ᠳᠤᠲᠠᠬᠤ ᠶᠢ ᠤᠷᠢᠳᠴᠢᠯᠠᠨ ᠰᠡᠷᠭᠡᠶᠢᠯᠡᠬᠦ ᠪᠠ ᠡᠮᠨᠡᠨ ᠵᠠᠰᠠᠨ᠎ᠠ᠃      10᠂ ᠡᠮᠡᠭᠲᠡᠶᠢᠴᠦᠳ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠪᠠᠶᠢᠩᠭᠤ ᠣᠷᠤᠯᠴᠠᠬᠤ ᠬᠥᠮᠥᠨ ᠤ ᠲᠤᠭ᠎ᠠ ᠶᠢᠨ ᠬᠠᠷᠢᠴᠠᠯ ᠢ ᠳᠡᠭᠡᠭᠰᠢᠯᠡᠭᠦᠯᠦᠨ᠎ᠡ᠃ ᠡᠮᠡᠭᠲᠡᠶᠢᠴᠦᠳ ᠤᠨ ᠪᠡᠶ᠎ᠡ ᠮᠠᠬᠠᠪᠤᠳ ᠢ ᠬᠡᠮᠵᠢᠨ ᠲᠣᠭᠲᠠᠭᠠᠬᠤ ᠪᠠᠷᠢᠮᠵᠢᠶ᠎ᠠ ᠶᠢᠨ ᠬᠢᠷᠢ ᠲᠡᠩᠴᠡᠬᠦ ᠬᠠᠷᠢᠴᠠᠯ ᠢ ᠳᠡᠭᠡᠭᠰᠢᠯᠡᠭᠦᠯᠦᠨ᠎ᠡ᠃      11᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠵᠦ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠡᠮᠡᠭᠲᠡᠶᠢᠴᠦᠳ ᠤᠨ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠬᠡ ᠨᠢᠯᠬᠠᠰ ᠤᠨ ᠡᠷᠡᠭᠦᠯ ᠮᠡᠨᠳᠦ ᠶᠢᠨ ᠪᠠᠷᠢᠮᠵᠢᠶᠠᠵᠢᠭᠰᠠᠨ ᠪᠠᠶᠢᠭᠤᠯᠤᠮᠵᠢ ᠶᠢ 1 ᠪᠠᠶᠢᠭᠤᠯᠤᠨ᠎ᠠ᠃      ᠠᠷᠭ᠎ᠠ ᠪᠣᠳᠣᠯᠭ᠎ᠠ ᠶᠢᠨ ᠠᠷᠭ᠎ᠠ ᠬᠡᠮᠵᠢᠶ᠎ᠡ᠄      1᠂ ᠡᠮᠡᠭᠲᠡᠶᠢᠴᠦᠳ ᠤᠨ ᠡᠷᠡᠭᠦᠯ ᠮᠡᠨᠳᠦ ᠶᠢ ᠪᠠᠲᠤᠯᠠᠬᠤ ᠳᠦᠷᠢᠮ ᠲᠣᠭᠲᠠᠴᠠ ᠶᠢ ᠲᠡᠭᠦᠯᠳᠡᠷᠵᠢᠭᠦᠯᠦᠨ᠎ᠡ᠃ ᠠᠷᠠᠳ ᠲᠦᠮᠡᠨ ᠤ ᠡᠷᠡᠭᠦᠯ ᠮᠡᠨᠳᠦ ᠶᠢ ᠪᠠᠲᠤᠯᠠᠬᠤ ᠶᠢ ᠡᠩ ᠲᠡᠷᠢᠭᠦᠨ ᠳᠤ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠨ ᠳᠤ ᠲᠠᠯᠪᠢᠵᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠨ᠂ ︽ᠡᠷᠡᠭᠦᠯ ᠡᠩᠬᠡ ᠪᠤᠭᠤᠲᠤ ᠶᠢᠨ ᠠᠵᠢᠯᠯᠠᠭ᠎ᠠ︾᠎ ᠶᠢ ᠶᠡᠬᠡᠪᠡᠷ ᠠᠬᠢᠭᠤᠯᠵᠤ᠂ ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ᠂ ᠰᠠᠯᠠᠭ᠎ᠠ ᠮᠥᠴᠢᠷ ᠤᠳ ᠬᠠᠮᠵᠢᠯᠴᠠᠭᠰᠠᠨ᠂ ᠨᠡᠶᠢᠭᠡᠮ ᠢᠶᠠᠷ ᠢᠶᠠᠨ ᠣᠷᠣᠯᠴᠠᠭᠰᠠᠨ᠂ ᠠᠵᠢᠯ ᠲᠥᠷᠥᠯ ᠢᠶᠠᠷ ᠢᠶᠠᠨ ᠬᠢᠨᠠᠨ ᠬᠠᠮᠢᠶᠠᠷᠤᠭᠰᠠᠨ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠭᠰᠠᠨ ᠡᠮᠡᠭᠲᠡᠶᠢᠴᠦᠳ ᠤᠨ ᠡᠷᠡᠭᠦᠯ ᠮᠡᠨᠳᠦ ᠶᠢ ᠪᠠᠲᠤᠯᠠᠬᠤ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠡᠮ ᠡᠮᠨᠡᠯᠭᠡ ᠶᠢᠨ ᠳᠠᠭᠠᠳᠬᠠᠯ᠂ ᠡᠮ ᠡᠮᠨᠡᠯᠭᠡ᠂ ᠡᠮ ᠡᠮᠨᠡᠯᠭᠡ ᠪᠠ ᠬᠢᠨᠠᠨ ᠬᠠᠮᠢᠶᠠᠷᠬᠤ ᠲᠣᠭᠲᠠᠴᠠ ᠶᠢ ᠨᠢᠭᠡᠳᠦᠯᠲᠡᠢ ᠲᠥᠯᠥᠪᠯᠡᠨ ᠲᠡᠭᠦᠯᠳᠡᠷᠵᠢᠭᠦᠯᠵᠦ᠂ ᠡᠮᠡᠭᠲᠡᠶᠢᠴᠦᠳ ᠤᠨ ᠴᠢᠨᠠᠷ ᠰᠠᠶᠢᠲᠠᠢ᠂ ᠦᠷ᠎ᠡ ᠪᠦᠲᠦᠮᠵᠢᠲᠡᠶ᠂ ᠡᠭᠦᠷᠭᠡᠯᠡᠵᠦ ᠪᠣᠯᠬᠤ ᠡᠮ ᠡᠮᠨᠡᠯᠭᠡ ᠪᠠ ᠡᠷᠡᠭᠦᠯᠵᠢᠯ ᠤᠨ ᠦᠢᠯᠡᠴᠢᠯᠡᠭᠡ ᠬᠦᠷᠳᠡᠬᠦ ᠶᠢ ᠪᠠᠲᠤᠯᠠᠨ᠎ᠠ᠃ ᠡᠮᠡᠭᠲᠡᠶᠢᠴᠦᠳ ᠤᠨ ᠡᠷᠡᠭᠦᠯ ᠮᠡᠨᠳᠦ ᠶᠢᠨ ᠦᠢᠯᠡᠰ ᠲᠤ ᠣᠷᠣᠭᠤᠯᠬᠤ ᠡᠳ᠋ ᠤᠨ ᠵᠠᠰᠠᠭ ᠤᠨ ᠣᠷᠣᠭᠤᠯᠤᠯᠲᠠ᠂ ᠢᠯᠠᠩᠭᠤᠶ᠎ᠠ ᠦᠨᠳᠦᠰᠦᠨ ᠱᠠᠲᠤᠨ ᠳᠤ ᠣᠷᠣᠭᠤᠯᠬᠤ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠡᠮᠡᠭᠲᠡᠢ ᠠᠵᠢᠯᠲᠠᠨ ᠠᠵᠢᠯᠴᠢᠨ ᠤ ᠡᠷᠡᠭᠦᠯ ᠬᠠᠮᠠᠭᠠᠯᠠᠯ ᠤᠨ ᠵᠠᠷᠤᠳᠠᠯ ᠤᠨ ᠪᠠᠷᠢᠮᠵᠢᠶ᠎ᠠ ᠶᠢ ᠳᠡᠭᠡᠭᠰᠢᠯᠡᠭᠦᠯᠬᠦ ᠶᠢ ᠲᠦᠯᠬᠢᠨ ᠠᠬᠢᠭᠤᠯᠤᠨ᠎ᠠ᠃ ᠬᠦᠨᠳᠦ ᠶᠡᠭᠡ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠪᠤᠷᠠᠨ ᠵᠠᠰᠠᠬᠤ ᠲᠣᠭᠲᠠᠴᠠ ᠶᠢ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠡᠮᠡᠭᠲᠡᠶᠢᠴᠦᠳ ᠤᠨ ᠣᠨᠴᠠᠭᠠᠶ ᠬᠡᠷᠡᠭᠴᠡᠭᠡ ᠶᠢ ᠠᠩᠬᠠᠷᠴᠤ᠂ ᠡᠮᠡᠭᠲᠡᠶᠢᠴᠦᠳ ᠤᠨ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠶᠢ ᠤᠯᠠᠨ ᠠᠷᠭ᠎ᠠ ᠵᠠᠮ ᠢᠶᠠᠷ ᠲᠡᠮᠵᠢᠨ᠎ᠠ᠃      2᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠪᠠᠷ ᠭᠤᠣᠯᠯᠠᠭᠤᠯᠤᠭᠰᠠᠨ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠠᠷ ᠰᠠᠭᠤᠷᠢ ᠪᠣᠯᠭᠠᠭᠰᠠᠨ᠂ ᠲᠣᠮᠣ ᠳᠤᠮᠳᠠ ᠬᠡᠯᠪᠡᠷᠢ ᠶᠢᠨ ᠡᠮᠨᠡᠯᠭᠡ ᠶᠢᠨ ᠬᠤᠷᠢᠶ᠎ᠠ ᠪᠠ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠪᠠᠷ ᠲᠤᠯᠭᠠᠭᠤᠷᠢᠯᠠᠭᠤᠯᠤᠭᠰᠠᠨ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠣᠣᠷ ᠰᠦᠯᠵᠢᠶ᠎ᠡ ᠶᠢ ᠪᠦᠷᠢᠨᠰᠢᠭᠦᠯᠵᠦ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠴᠢᠳᠠᠪᠤᠷᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠶᠢ ᠪᠥᠬᠦ ᠲᠠᠯ᠎ᠠ ᠪᠠᠷ ᠥᠷᠨᠢᠭᠦᠯᠵᠦ᠂ ᠰᠢᠯᠭᠠᠨ ᠬᠢᠨᠠᠭᠰᠠᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠷᠠᠭᠤᠯᠤᠨ᠂ ᠡᠮᠡᠭᠲᠡᠶᠢᠴᠦᠳ ᠬᠡᠦᠬᠡᠳ ᠲᠤ ᠴᠢᠨᠠᠷ ᠰᠠᠶᠢᠲᠠᠢ ᠡᠮᠴᠢᠯᠡᠭᠡ ᠡᠷᠡᠭᠦᠯᠵᠢᠯ ᠤᠨ ᠦᠢᠯᠡᠴᠢᠯᠡᠭᠡ ᠬᠦᠷᠲᠡᠭᠡᠬᠦ ᠶᠢ ᠪᠠᠲᠤᠯᠠᠨ᠎ᠠ᠃ ᠬᠦᠨᠳᠦ ᠲᠦᠭᠰᠢᠭᠦᠷᠢ ᠲᠠᠢ ᠵᠢᠷᠮᠦᠰᠦᠨ ᠡᠮᠡᠭᠲᠡᠢ ᠶᠢ ᠠᠪᠤᠷᠠᠨ ᠵᠠᠰᠠᠬᠤ ᠪᠠᠲᠤᠯᠠᠭ᠎ᠠ ᠶᠢ ᠴᠢᠩᠭᠠᠷᠠᠭᠤᠯᠵᠤ᠂ ᠣᠲᠣ ᠶᠢᠨ ᠪᠠᠶᠢᠭ᠎ᠠ ᠡᠮᠴᠢᠯᠡᠭᠡᠨ ᠤ ᠪᠠᠶᠢᠭᠤᠯᠤᠮᠵᠢ ᠳᠤ ᠲᠦᠰᠢᠭᠯᠡᠨ᠂ ᠡᠯ᠎ᠡ ᠱᠠᠲᠤᠨ ᠤ ᠬᠦᠨᠳᠦ ᠲᠦᠭᠰᠢᠭᠦᠷᠢ ᠲᠠᠢ ᠵᠢᠷᠮᠦᠰᠦᠨ ᠡᠮᠡᠭᠲᠡᠢ ᠶᠢ ᠠᠪᠤᠷᠠᠨ ᠵᠠᠰᠠᠬᠤ ᠲᠥᠪ ᠤᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠎ᠠ᠃ ᠲᠣᠭᠤᠷᠢᠭ᠂ ᠰᠢᠶᠠᠩ ᠪᠠᠯᠭᠠᠰᠤ ᠵᠡᠭᠡᠯᠢ ᠭᠤᠳᠤᠮᠵᠢ᠂ ᠲᠣᠰᠬᠤᠨ ᠨᠡᠶᠢᠭᠡᠮ ᠲᠣᠭᠤᠷᠢᠭ ᠭᠤᠷᠪᠠᠨ ᠱᠠᠲᠤᠨ ᠤ ᠡᠬᠡ ᠨᠢᠯᠬᠠᠰ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠎ ᠤ ᠲᠣᠣᠷ ᠰᠦᠯᠵᠢᠶᠡᠨ ᠤ ᠪᠠᠶᠢᠭᠤᠯᠤᠯᠲᠠ ᠶᠢ ᠴᠢᠩᠭᠠᠷᠠᠭᠤᠯᠵᠤ᠂ ᠦᠨᠳᠦᠰᠦᠨ ᠱᠠᠲᠤᠨ ᠎ ᠤ ᠲᠣᠣᠷ ᠰᠦᠯᠵᠢᠶᠡᠨ ᠤ ᠰᠠᠭᠤᠷᠢ ᠪᠠ ᠰᠢᠯᠵᠢᠭᠦᠯᠦᠨ ᠣᠨᠣᠰᠢᠯᠠᠬᠤ ᠲᠣᠣᠷ ᠰᠦᠯᠵᠢᠶ᠎ᠡ ᠵᠢᠴᠢ ᠠᠯᠤᠰ ᠠᠴᠠ ᠬᠠᠮᠲᠤᠷᠠᠨ ᠣᠨᠣᠰᠢᠯᠠᠬᠤ ᠲᠣᠣᠷ ᠰᠦᠯᠵᠢᠶ᠎ᠡ ᠶᠢ ᠲᠡᠭᠦᠯᠳᠡᠷᠵᠢᠭᠦᠯᠦᠨ᠎ᠡ᠃ ᠬᠥᠳᠡᠭᠡ ᠲᠣᠰᠬᠤᠨ ᠤ ᠲᠣᠭᠲᠠᠮᠠᠯ ᠪᠠ ᠨᠡᠭᠦᠳᠡᠯ ᠢ ᠤᠶᠠᠯᠳᠤᠭᠤᠯᠤᠭᠰᠠᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠪᠠᠬᠢᠵᠢᠭᠦᠯᠦᠨ ᠲᠡᠭᠦᠯᠳᠡᠷᠵᠢᠭᠦᠯᠵᠦ᠂ ᠡᠷᠡᠭᠦᠯ ᠮᠡᠨᠳᠦ ᠶᠢ ᠪᠠᠲᠤᠯᠠᠬᠤ ᠵᠢᠵᠢᠭ ᠡᠮ ᠤᠨ ᠬᠠᠶᠢᠷᠴᠠᠭ ᠤᠨ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠲᠦᠰᠢᠭᠯᠡᠨ᠂ ᠨᠡᠭᠦᠳᠡᠯ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠦᠷᠳᠡᠭᠡ ᠶᠢ ᠪᠠᠶᠢᠭᠤᠯᠤᠨ᠎ᠠ᠃ ᠡᠰᠡᠬᠦᠯ᠎ᠡ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠲᠦᠰᠢᠭᠯᠡᠨ ᠬᠥᠷᠰᠢ ᠵᠡᠷᠭᠡᠯᠡᠳᠡᠭᠡ ᠭᠠᠴᠠᠭᠠᠨ ᠤ ᠡᠷᠡᠭᠦᠯ ᠬᠠᠮᠠᠭᠠᠯᠠᠯ ᠤᠨ ᠲᠠᠰᠤᠭ ᠲᠠᠢ ᠬᠠᠮᠵᠢᠯᠴᠠᠨ ᠨᠡᠭᠦᠳᠡᠯ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠠᠩᠭᠠᠨ᠎ᠠ᠃ ᠬᠠᠮ ᠬᠡᠯᠪᠡᠷᠢ ᠶᠢᠨ ᠡᠬᠡ ᠨᠢᠯᠬᠠᠰ ᠤᠨ ᠡᠷᠡᠭᠦᠯ ᠮᠡᠨᠳᠦ ᠶᠢᠨ ᠴᠢᠳᠠᠪᠤᠷᠢᠲᠠᠨ ᠪᠠ ᠬᠥᠩᠭᠡᠵᠢᠭᠦᠯᠬᠦ ᠰᠠᠯᠠᠭ᠎ᠠ᠂ ᠬᠥᠩᠭᠡᠵᠢᠭᠦᠯᠬᠦ ᠵᠡᠷᠭᠡ ᠪᠠᠴᠢᠮ ᠲᠤᠲᠠᠭᠳᠠᠵᠤ ᠪᠠᠶᠢᠭ᠎ᠠ ᠴᠢᠳᠠᠪᠤᠷᠢᠲᠠᠨ ᠢ ᠬᠥᠮᠥᠵᠢᠭᠦᠯᠦᠨ ᠬᠡᠷᠡᠭᠯᠡᠬᠦ ᠶᠢ ᠴᠢᠩᠭᠠᠳᠬᠠᠨ᠎ᠠ᠃      3᠂ ᠡᠮᠡᠭᠲᠡᠶᠢᠴᠦᠳ ᠤᠨ ᠪᠥᠬᠦ ᠠᠮᠢ ᠨᠠᠰᠤᠨ ᠤ ᠦᠶᠡᠯᠡᠯ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠵᠠᠭᠪᠤᠷ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠵᠠᠯᠠᠭᠤ ᠨᠠᠰᠤᠨ ᠤ ᠦᠶ᠎ᠡ᠂ ᠬᠥᠩᠭᠡᠵᠢᠬᠦ ᠨᠠᠰᠤᠨ ᠤ ᠬᠤᠭᠤᠴᠠᠭ᠎ᠠ᠂ ᠵᠢᠷᠮᠦᠰᠦᠯᠡᠵᠦ ᠬᠥᠩᠭᠡᠵᠢᠬᠦ ᠬᠤᠭᠤᠴᠠᠭ᠎ᠠ᠂ ᠴᠡᠪᠡᠷᠰᠢᠬᠦ ᠬᠤᠭᠤᠴᠠᠭ᠎ᠠ ᠪᠠ ᠥᠲᠡᠭᠦᠰ ᠬᠤᠭᠤᠴᠠᠭᠠᠨ ᠤ ᠡᠮᠡᠭᠲᠡᠶᠢᠴᠦᠳ ᠤᠨ ᠡᠷᠡᠭᠦᠯ ᠮᠡᠨᠳᠦ ᠶᠢᠨ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ᠂ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠵᠠᠭᠪᠤᠷ ᠢ ᠪᠦᠷᠢᠨᠰᠢᠭᠦᠯᠵᠦ᠂ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠪᠥᠬᠦ ᠲᠠᠯ᠎ᠠ ᠶᠢᠨ ᠦᠢᠯᠡᠴᠢᠯᠡᠭᠡ ᠶᠢ ᠬᠠᠩᠭᠠᠨ᠎ᠠ᠃ ᠡᠷᠡᠭᠦᠯᠵᠢᠯ ᠬᠢᠭᠡᠳ ᠡᠮᠴᠢᠯᠡᠭᠡ ᠶᠢ ᠤᠶᠠᠯᠳᠤᠭᠤᠯᠬᠤ ᠶᠢ ᠪᠠᠷᠢᠮᠲᠠᠯᠠᠵᠤ᠂ ᠰᠡᠷᠭᠡᠶᠢᠯᠡᠬᠦ ᠪᠠᠷ ᠭᠤᠣᠯ ᠪᠣᠯᠭᠠᠨ᠂ ᠪᠣᠭᠤᠮᠲᠠ ᠶᠢ ᠤᠷᠤᠭᠰᠢ ᠰᠢᠯᠵᠢᠭᠦᠯᠵᠦ᠂ ᠣᠯᠠᠨ ᠰᠢᠨᠵᠢᠯᠡᠭᠡᠨ ᠤ ᠬᠠᠮᠵᠢᠯᠴᠠᠬᠤ ᠳᠠᠪᠠᠭᠤᠯᠢᠭ ᠢ ᠪᠠᠳᠠᠷᠠᠭᠤᠯᠤᠨ᠂ ᠬᠢᠲᠠᠳ ︵ᠮᠣᠩᠭᠤᠯ︶ ᠡᠮ ᠡᠮᠨᠡᠯᠭᠡ ᠶᠢᠨ ᠡᠬᠡ ᠨᠢᠯᠬᠠᠰ ᠤᠨ ᠡᠷᠡᠭᠦᠯᠵᠢᠯ ᠪᠠ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠳᠤᠮᠳᠠᠬᠢ ᠦᠢᠯᠡᠳᠦᠯ ᠢ ᠢᠳᠡᠪᠬᠢᠲᠡᠢ ᠪᠠᠳᠠᠷᠠᠭᠤᠯᠤᠨ᠎ᠠ᠃ ᠡᠮᠡᠭᠲᠡᠶᠢᠴᠦᠳ ᠲᠤ ᠤᠬᠠᠭᠤᠯᠭ᠎ᠠ ᠬᠥᠮᠦᠵᠢᠯ᠂ ᠯᠠᠪᠯᠠᠭ᠎ᠠ ᠥᠭᠴᠦ ᠵᠢᠭᠠᠨ ᠵᠢᠯᠤᠭᠤᠳᠬᠤ᠂ ᠰᠢᠭᠰᠢᠨ ᠪᠠᠶᠢᠴᠠᠭᠠᠵᠤ ᠦᠨᠡᠯᠡᠨ ᠵᠢᠱᠢᠬᠦ᠂ ᠶᠡᠷᠦᠩᠬᠡᠶᠢᠯᠡᠨ ᠬᠠᠮᠢᠶᠠᠷᠬᠤ ᠪᠠ ᠪᠠᠴᠢᠮ ᠪᠠᠶᠢᠳᠠᠯ ᠢ ᠠᠷᠭᠠᠴᠠᠵᠤ ᠠᠪᠤᠷᠠᠨ ᠵᠠᠰᠠᠬᠤ ᠵᠡᠷᠭᠡ ᠪᠥᠬᠦ ᠲᠠᠯ᠎ᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠵᠤ᠂ ᠡᠮᠡᠭᠲᠡᠶᠢᠴᠦᠳ ᠤᠨ ᠡᠷᠡᠭᠦᠯ ᠮᠡᠨᠳᠦ ᠶᠢᠨ ᠬᠢᠷᠢ ᠬᠡᠮᠵᠢᠶ᠎ᠡ ᠪᠠ ᠬᠥᠮᠥᠨ ᠪᠦᠷᠢ ᠶᠢᠨ ᠳᠤᠮᠳᠠᠴᠢ ᠡᠷᠡᠭᠦᠯ ᠮᠡᠨᠳᠦ ᠶᠢᠨ ᠵᠢᠱᠢᠭᠰᠡᠨ ᠨᠠᠰᠤᠨ ᠬᠤᠲᠤᠭ ᠢ ᠤᠷᠳᠤᠳᠬᠠᠨ᠎ᠠ᠃ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠡᠬᠡ ᠨᠢᠯᠬᠠᠰ ᠤᠨ ᠡᠷᠡᠭᠦᠯ ᠮᠡᠨᠳᠦ ᠪᠠᠷ ᠰᠢᠨ᠎ᠡ ᠪᠠᠷ ᠬᠥᠭᠵᠢᠭᠰᠡᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠵᠢᠷᠤᠮᠵᠢᠭᠤᠯᠤᠨ ᠬᠥᠭᠵᠢᠭᠦᠯᠬᠦ ᠶᠢ ᠠᠬᠢᠭᠤᠯᠤᠨ᠎ᠠ᠃      4᠂ ᠵᠢᠷᠮᠦᠰᠦᠨ ᠡᠮᠡᠭᠲᠡᠢ ᠶᠢᠨ ᠠᠮᠤᠷ ᠲᠦᠪᠰᠢᠨ ᠢᠶᠠᠷ ᠬᠥᠩᠭᠡᠵᠢᠬᠦ ᠶᠢ ᠪᠠᠲᠤᠯᠠᠨ᠎ᠠ᠃ ᠦᠷᠡᠵᠢᠯ ᠤᠨ ᠪᠥᠬᠦ ᠶᠠᠪᠤᠴᠠ ᠶᠢᠨ ᠦᠨᠳᠦᠰᠦᠨ ᠡᠮᠴᠢᠯᠡᠭᠡ ᠡᠷᠡᠭᠦᠯᠵᠢᠯ ᠤᠨ ᠦᠢᠯᠡᠴᠢᠯᠡᠭᠡ ᠬᠠᠩᠭᠠᠵᠤ᠂ ᠵᠢᠷᠮᠦᠰᠦᠨ ᠡᠮᠡᠭᠲᠡᠢ ᠶᠢᠨ ᠡᠷᠡᠭᠦᠯ ᠮᠡᠨᠳᠦ ᠶᠢᠨ ᠬᠠᠮᠢᠶᠠᠷᠤᠯᠲᠠ ᠶᠢ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠡᠪᠴᠢᠶᠡᠨ ᠳᠤ ᠣᠷᠣᠭᠤᠯᠤᠨ᠎ᠠ᠃ ᠡᠮᠴᠢᠯᠡᠭᠡᠨ ᠤ ᠪᠠᠶᠢᠭᠤᠯᠤᠮᠵᠢ ᠶᠢᠨ ᠬᠥᠩᠭᠡᠵᠢᠭᠦᠯᠬᠦ ᠰᠠᠯᠠᠭ᠎ᠠ ᠶᠢᠨ ᠶᠠᠰᠤ ᠴᠢᠨᠠᠷ ᠢ ᠵᠢᠷᠤᠮᠵᠢᠭᠤᠯᠤᠨ ᠬᠠᠮᠢᠶᠠᠷᠬᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠬᠥᠩᠭᠡᠵᠢᠭᠦᠯᠬᠦ ᠰᠠᠯᠠᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃  ᠨᠡᠭᠦᠳᠡᠯ ᠵᠢᠷᠮᠦᠰᠦᠨ ᠡᠮᠡᠭᠲᠡᠢ ᠪᠠ ᠬᠥᠩᠭᠡᠵᠢᠭᠰᠡᠨ ᠡᠮᠡᠭᠲᠡᠢ ᠶᠢᠨ ᠬᠠᠮᠢᠶᠠᠷᠤᠯᠲᠠ ᠦᠢᠯᠡᠴᠢᠯᠡᠭᠡ ᠶᠢ ᠴᠢᠩᠭᠠᠳᠬᠠᠨ᠎ᠠ᠃ ᠳᠣᠣᠷ᠎ᠠ ᠣᠷᠣᠯᠭ᠎ᠠ ᠲᠠᠢ ᠵᠢᠷᠮᠦᠰᠦᠨ ᠡᠮᠡᠭᠲᠡᠢ ᠶᠢᠨ ᠡᠮᠨᠡᠯᠭᠡ ᠳᠤ ᠰᠠᠭᠤᠵᠤ ᠬᠥᠩᠭᠡᠵᠢᠬᠦ ᠪᠠ ᠬᠦᠨᠳᠦ ᠲᠦᠭᠰᠢᠭᠦᠷᠢᠲᠡᠢ ᠵᠢᠷᠮᠦᠰᠦᠨ ᠡᠮᠡᠭᠲᠡᠢ ᠶᠢ ᠠᠪᠤᠷᠠᠨ ᠵᠠᠰᠠᠬᠤ ᠳᠤ ᠴᠢᠬᠤᠯᠠ ᠪᠦᠬᠦᠢ ᠠᠪᠤᠷᠠᠨ ᠲᠤᠰᠠᠯᠠᠯᠲᠠ ᠬᠠᠩᠭᠠᠨ᠎ᠠ᠃ ᠥᠨᠳᠥᠷ ᠨᠠᠰᠤᠨ ᠤ ᠵᠢᠷᠮᠦᠰᠦᠨ ᠡᠮᠡᠭᠲᠡᠢ ᠪᠠ ᠬᠥᠩᠭᠡᠵᠢᠭᠰᠡᠨ ᠡᠮᠡᠭᠲᠡᠢ ᠵᠡᠷᠭᠡ ᠭᠤᠣᠯᠳᠠᠯᠭ᠎ᠠ ᠲᠠᠢ ᠬᠥᠮᠥᠰ ᠢ ᠲᠦᠷᠦᠯ ᠬᠤᠪᠢᠶᠠᠨ ᠬᠠᠮᠢᠶᠠᠷᠬᠤ ᠪᠠ ᠦᠢᠯᠡᠴᠢᠯᠡᠬᠦ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠵᠢᠷᠮᠦᠰᠦᠨ ᠤ ᠠᠶᠤᠯ ᠲᠦᠭᠰᠢᠭᠦᠷᠢ ᠶᠢ ᠰᠢᠭᠰᠢᠨ ᠪᠠᠶᠢᠴᠠᠭᠠᠬᠤ ᠪᠠ ᠦᠨᠡᠯᠡᠨ ᠵᠢᠱᠢᠬᠦ᠂ ᠠᠶᠤᠯ ᠶᠡᠬᠡᠲᠡᠢ ᠵᠢᠷᠮᠦᠰᠦᠨ ᠡᠮᠡᠭᠲᠡᠢ ᠪᠠ ᠬᠥᠩᠭᠡᠵᠢᠭᠰᠡᠨ ᠡᠮᠡᠭᠲᠡᠢ ᠶᠢᠨ ᠲᠤᠰᠬᠠᠢ ᠬᠡᠷᠡᠭ ᠤᠨ ᠬᠠᠮᠢᠶᠠᠷᠤᠯᠲᠠ᠂ ᠪᠠᠴᠢᠮ ᠲᠦᠭᠰᠢᠭᠦᠷᠢᠲᠡᠢ ᠬᠦᠨᠳᠦ ᠡᠪᠡᠳᠴᠢᠨ ᠢ ᠠᠪᠤᠷᠠᠨ ᠵᠠᠰᠠᠬᠤ᠂ ᠵᠢᠷᠮᠦᠰᠦᠨ ᠡᠮᠡᠭᠲᠡᠢ ᠪᠠ ᠬᠥᠩᠭᠡᠵᠢᠭᠰᠡᠨ ᠡᠮᠡᠭᠲᠡᠢ ᠶᠢᠨ ᠦᠬᠦᠭᠰᠡᠨ ᠣᠨᠴᠠᠭᠠᠶ ᠬᠡᠷᠡᠭ ᠤᠨ ᠮᠡᠳᠡᠭᠦᠯᠦᠯᠲᠡ ᠪᠠ ᠪᠣᠯᠵᠣᠨ ᠬᠡᠯᠡᠯᠴᠡᠵᠦ ᠮᠡᠳᠡᠭᠡᠯᠡᠬᠦ ᠵᠡᠷᠭᠡ ᠡᠬᠡ ᠨᠢᠯᠬᠠᠰ ᠤᠨ ᠠᠮᠤᠷ ᠲᠦᠪᠰᠢᠨ ᠤ ᠲᠠᠪᠤᠨ ᠵᠦᠢᠯ ᠤᠨ ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠬᠦᠨᠳᠦ ᠲᠦᠭᠰᠢᠭᠦᠷᠢᠲᠡᠢ ᠵᠢᠷᠮᠦᠰᠦᠨ ᠡᠮᠡᠭᠲᠡᠢ ᠶᠢ ᠠᠪᠤᠷᠠᠨ ᠵᠠᠰᠠᠬᠤ ᠲᠣᠣᠷ ᠰᠦᠯᠵᠢᠶ᠎ᠡ ᠶᠢ ᠪᠦᠲᠦᠮᠵᠢᠲᠡᠶ ᠠᠵᠢᠯᠯᠠᠭᠤᠯᠵᠤ᠂ ᠪᠠᠴᠢᠮ ᠲᠦᠭᠰᠢᠭᠦᠷᠢᠲᠡᠢ ᠬᠦᠨᠳᠦ ᠡᠪᠡᠳᠴᠢᠨ ᠢ ᠠᠪᠤᠷᠠᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃      5᠂ ᠡᠮᠡᠭᠲᠡᠶᠢᠴᠦᠳ ᠢ ᠬᠥᠲᠥᠯᠥᠨ ᠵᠢᠯᠤᠭᠤᠳᠴᠤ ᠪᠠᠶᠢᠭᠠᠳ ᠠᠮᠤᠷ ᠲᠦᠪᠰᠢᠨ ᠡᠷᠡᠭᠦᠯ ᠰᠠᠷᠠᠭᠤᠯ ᠬᠥᠩᠭᠡᠵᠢᠬᠦ ᠠᠷᠭ᠎ᠠ ᠮᠠᠶ᠋ᠢᠭ ᠢ ᠰᠣᠩᠭᠤᠭᠤᠯᠤᠨ᠎ᠠ᠃ ᠤᠬᠠᠭᠤᠯᠭ᠎ᠠ ᠬᠥᠮᠦᠵᠢᠯ ᠤᠨ ᠡᠷᠴᠢᠮ ᠢ ᠴᠢᠩᠭᠠᠷᠠᠭᠤᠯᠵᠤ᠂ ᠰᠢᠨᠵᠢᠯᠡᠬᠦ ᠤᠬᠠᠭᠠᠨᠴᠢ ᠪᠠᠷ ᠵᠢᠷᠮᠦᠰᠦᠯᠡᠬᠦ ᠳᠤ ᠪᠡᠯᠡᠳᠬᠡᠬᠦ ᠪᠠ ᠵᠣᠬᠢᠬᠤ ᠨᠠᠰᠤᠨ ᠤ ᠤᠷᠤᠭᠯᠠᠵᠤ ᠵᠢᠷᠮᠦᠰᠦᠯᠡᠬᠦ ᠶᠢ ᠰᠠᠨᠠᠭᠠᠴᠢᠯᠠᠵᠤ᠂ ᠵᠣᠬᠢᠬᠤ ᠬᠡᠮᠵᠢᠶᠡᠨ ᠤ ᠦᠷᠡᠵᠢᠯ ᠤᠨ ᠵᠠᠢ ᠶᠢ ᠪᠠᠲᠤᠯᠠᠨ᠎ᠠ᠃ ᠠᠶᠠᠨᠳᠠᠭᠠᠨ ᠬᠥᠩᠭᠡᠵᠢᠬᠦ ᠶᠢᠨ ᠲᠤᠬᠠᠢ ᠵᠢᠷᠮᠦᠰᠦᠨ ᠡᠮᠡᠭᠲᠡᠢ ᠵᠢᠴᠢ ᠭᠡᠷ ᠪᠦᠯᠢ ᠶᠢᠨ ᠬᠢᠨ ᠤ ᠲᠠᠨᠢᠯᠲᠠ ᠶᠢ ᠳᠡᠭᠡᠭᠰᠢᠯᠡᠭᠦᠯᠵᠦ᠂ ᠠᠶᠠᠨᠳᠠᠭᠠᠨ ᠬᠥᠩᠭᠡᠵᠢᠬᠦ ᠶᠢ ᠰᠠᠨᠠᠭᠠᠴᠢᠯᠠᠨ ᠠᠬᠢᠭᠤᠯᠤᠨ᠎ᠠ᠃ ᠳᠦᠷᠢᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠬᠥᠩᠭᠡᠵᠢᠭᠦᠯᠬᠦ ᠰᠠᠯᠠᠭᠠᠨ ᠤ ᠶᠠᠰᠤ ᠴᠢᠨᠠᠷ ᠤᠨ ᠵᠠᠩᠭᠢᠯᠠᠭ᠎ᠠ ᠶᠢᠨ ᠭᠤᠭᠴᠤᠭ᠎ᠠ ᠶᠢᠨ ᠬᠠᠮᠢᠶᠠᠷᠤᠯᠲᠠ ᠶᠢ ᠴᠢᠩᠭᠠᠳᠬᠠᠨ᠂ ᠠᠨᠠᠭᠠᠬᠤ ᠤᠬᠠᠭᠠᠨ ᠤ ᠪᠤᠰᠤ ᠰᠢᠨᠵᠢᠲᠡᠢ ᠬᠡᠪᠡᠯᠢ ᠬᠠᠭᠠᠯᠵᠤ ᠬᠥᠩᠭᠡᠵᠢᠬᠦ ᠶᠢ ᠬᠢᠵᠠᠭᠠᠷᠯᠠᠨ᠎ᠠ᠃ ᠬᠥᠩᠭᠡᠵᠢᠭᠦᠯᠬᠦ ᠶᠢ ᠲᠤᠰᠠᠯᠠᠬᠤ ᠮᠡᠷᠭᠡᠵᠢᠯ ᠢ ᠳᠡᠭᠡᠭᠰᠢᠯᠡᠭᠦᠯᠵᠦ᠂ ᠬᠥᠩᠭᠡᠵᠢᠭᠦᠯᠬᠦ ᠶᠢ ᠲᠤᠰᠠᠯᠠᠬᠤ ᠪᠠᠶᠢᠭᠤᠯᠤᠮᠵᠢ ᠶᠢᠨ ᠬᠥᠮᠥᠨᠴᠢᠯᠡᠭᠰᠡᠨ᠂ ᠥᠪᠡᠷᠮᠢᠴᠡᠵᠢᠭᠰᠡᠨ᠂ ᠰᠢᠨᠵᠢᠯᠡᠬᠦ ᠤᠬᠠᠭᠠᠨᠴᠢᠯᠠᠭᠰᠠᠨ  ᠬᠥᠲᠥᠯᠥᠮᠵᠢ ᠪᠠᠷ ᠬᠥᠩᠭᠡᠵᠢᠬᠦ᠂ ᠬᠥᠩᠭᠡᠵᠢᠬᠦ ᠳᠤ ᠬᠠᠨᠢ ᠪᠣᠯᠬᠤ ᠵᠡᠷᠭᠡ ᠦᠢᠯᠡᠴᠢᠯᠡᠭᠡ ᠥᠷᠨᠢᠭᠦᠯᠬᠦ ᠶᠢ ᠵᠣᠷᠢᠭᠵᠢᠭᠤᠯᠤᠨ᠎ᠠ᠃      6᠂ ᠰᠠᠪᠠ ᠶᠢᠨ ᠬᠦᠵᠦᠭᠦᠨ ᠤ ᠥᠮᠡᠨ ᠪᠠ ᠬᠥᠬᠦᠨ ᠪᠤᠯᠴᠢᠷᠬᠠᠢ ᠶᠢᠨ ᠥᠮᠡᠨ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠰᠢᠰᠲ᠋ᠧᠮᠵᠢ ᠪᠠ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠪᠠᠶᠢᠭᠤᠯᠤᠮᠵᠢ ᠶᠢᠨ ᠰᠠᠭᠤᠷᠢ ᠪᠡᠯᠡᠳᠬᠡᠮᠵᠢ ᠪᠠ ᠲᠥᠬᠦᠭᠡᠷᠦᠮᠵᠢ ᠶᠢ ᠴᠢᠩᠭᠠᠳᠬᠠᠵᠤ᠂ ᠰᠠᠪᠠ ᠶᠢᠨ ᠬᠦᠵᠦᠭᠦᠨ ᠤ ᠥᠮᠡᠨ ᠪᠠ ᠬᠥᠬᠦᠨ ᠪᠤᠯᠴᠢᠷᠬᠠᠢ ᠶᠢᠨ ᠥᠮᠡᠨ ᠢ ᠰᠢᠭᠰᠢᠨ ᠪᠠᠶᠢᠴᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠵᠣᠬᠢᠬᠤ ᠨᠠᠰᠤᠨ ᠤ ᠡᠮᠡᠭᠲᠡᠶᠢᠴᠦᠳ ᠤᠨ ᠰᠠᠪᠠ ᠶᠢᠨ ᠬᠦᠵᠦᠭᠦᠨ ᠤ ᠥᠮᠡᠨ ᠪᠠ ᠬᠥᠬᠦᠨ ᠪᠤᠯᠴᠢᠷᠬᠠᠢ ᠶᠢᠨ ᠥᠮᠡᠨ ᠢ ᠰᠢᠭᠰᠢᠨ ᠪᠠᠶᠢᠴᠠᠭᠠᠬᠤ ᠪᠦᠷᠬᠦᠴᠡ ᠶᠢᠨ ᠨᠣᠷᠮ᠎ᠠ ᠶᠢ 90%᠎ ᠠᠴᠠ ᠳᠡᠭᠡᠭᠰᠢ ᠳᠤ ᠬᠦᠷᠦᠭᠦᠯᠵᠦ᠂ ᠵᠠᠷᠤᠳᠠᠯ ᠤᠨ ᠣᠷᠣᠭᠤᠯᠤᠯᠲᠠ ᠶᠢ ᠪᠠᠲᠤᠯᠠᠨ᠂ ᠰᠢᠭᠰᠢᠨ ᠪᠠᠶᠢᠴᠠᠭᠠᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠬᠥᠮᠥᠨ ᠬᠡᠷᠡᠭᠯᠡᠬᠦ  ᠨᠢᠭᠡᠴᠢ ᠶᠢᠨ ᠡᠮᠡᠭᠲᠡᠢ ᠠᠵᠢᠯᠲᠠᠨ ᠠᠵᠢᠯᠴᠢᠨ ᠤ ᠡᠷᠡᠭᠦᠯ ᠮᠡᠨᠳᠦ ᠶᠢ ᠬᠠᠮᠠᠭᠠᠯᠠᠬᠤ ᠠᠵᠢᠯ ᠤᠨ ᠲᠣᠭᠲᠠᠭᠠᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠡᠮᠡᠭᠲᠡᠢ ᠠᠵᠢᠯᠲᠠᠨ ᠠᠵᠢᠯᠴᠢᠨ ᠤ ᠰᠠᠪᠠ ᠶᠢᠨ ᠬᠦᠵᠦᠭᠦᠨ ᠤ ᠥᠮᠡᠨ ᠪᠠ ᠬᠥᠬᠦᠨ ᠪᠤᠯᠴᠢᠷᠬᠠᠢ ᠶᠢᠨ ᠥᠮᠡᠨ ᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ ᠶᠢ ᠶᠠᠪᠤᠭᠳᠠᠭᠤᠯᠤᠨ᠎ᠠ᠃ ᠡᠮᠡᠭᠲᠡᠶᠢᠴᠦᠳ ᠤᠨ 35—45 ᠨᠠᠰᠤᠨ ᠤ ᠦᠶ᠎ᠡ ᠳᠤ ᠥᠨᠳᠥᠷ ᠪᠦᠲᠦᠮᠵᠢᠲᠡᠶ ᠰᠠᠪᠠ ᠶᠢᠨ ᠬᠦᠵᠦᠭᠦᠨ ᠤ ᠥᠮᠡᠨ ᠤ ᠰᠢᠭᠰᠢᠨ ᠪᠠᠶᠢᠴᠠᠭᠠᠯᠲᠠ ᠶᠢ ᠬᠦᠯᠢᠶᠡᠬᠦ ᠶᠢ ᠠᠬᠢᠭᠤᠯᠤᠨ᠎ᠠ᠃ ᠰᠠᠪᠠ ᠶᠢᠨ ᠬᠦᠵᠦᠭᠦᠨ ᠤ ᠥᠮᠡᠨ ᠪᠠ ᠬᠥᠬᠦᠨ ᠪᠤᠯᠴᠢᠷᠬᠠᠢ ᠶᠢᠨ ᠥᠮᠡᠨ ᠢ ᠰᠢᠭᠰᠢᠨ ᠪᠠᠶᠢᠴᠠᠭᠠᠬᠤ ᠪᠠ ᠣᠨᠣᠰᠢᠯᠠᠬᠤ ᠮᠡᠷᠭᠡᠵᠢᠯ ᠤᠨ ᠰᠢᠨ᠎ᠡ ᠶᠢ ᠡᠭᠦᠳᠦᠨ ᠬᠡᠷᠡᠭᠯᠡᠬᠦ ᠶᠢ ᠴᠢᠩᠭᠠᠳᠬᠠᠵᠤ᠂ ᠰᠢᠭᠰᠢᠨ ᠪᠠᠶᠢᠴᠠᠭᠠᠬᠤ ᠪᠠ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠬᠢᠨᠠᠨ ᠬᠡᠮᠵᠢᠵᠦ ᠦᠨᠡᠯᠡᠨ ᠵᠢᠱᠢᠬᠦ ᠶᠢ ᠴᠢᠩᠭᠠᠳᠬᠠᠨ᠎ᠠ᠃ ᠰᠢᠭᠰᠢᠨ ᠪᠠᠶᠢᠴᠠᠭᠠᠬᠤ ᠪᠠ ᠦᠷᠭᠦᠯᠵᠢᠯᠡᠨ ᠣᠨᠣᠰᠢᠯᠠᠨ ᠵᠠᠰᠠᠬᠤ ᠦᠢᠯᠡᠴᠢᠯᠡᠭᠡᠨ ᠢ ᠵᠣᠯᠭᠠᠭᠤᠯᠬᠤ ᠶᠢ ᠴᠢᠩᠭᠠᠷᠠᠭᠤᠯᠵᠤ᠂ ᠡᠷᠲᠡ ᠣᠨᠣᠰᠢᠯᠠᠵᠤ ᠡᠷᠲᠡ ᠵᠠᠰᠠᠬᠤ ᠶᠢ ᠠᠬᠢᠭᠤᠯᠤᠨ᠎ᠠ᠃ ᠡᠮᠡᠭᠲᠡᠶᠢᠴᠦᠳ ᠤᠨ ᠰᠠᠪᠠ ᠶᠢᠨ ᠬᠦᠵᠦᠭᠦᠨ ᠤ ᠥᠮᠡᠨ ᠪᠠ ᠬᠥᠬᠦᠨ ᠪᠤᠯᠴᠢᠷᠬᠠᠢ ᠶᠢᠨ ᠥᠮᠡᠨ ᠢ ᠰᠡᠷᠭᠡᠶᠢᠯᠡᠨ ᠵᠠᠰᠠᠬᠤ ᠦᠵᠡᠯ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠦᠨ᠎ᠡ᠃ ᠵᠣᠬᠢᠬᠤ ᠨᠠᠰᠤᠨ ᠤ ᠡᠮᠡᠭᠲᠡᠶᠢᠴᠦᠳ ᠤᠨ ᠬᠥᠬᠦᠨ ᠲᠣᠪᠴᠢ ᠶᠢᠨ ᠬᠠᠪᠤᠳᠠᠷ ᠤᠨ ᠸᠢᠷᠦ᠋ᠰ ︵HPV︶᠎ ᠤᠨ ᠸᠠᠺᠼᠢᠨ ᠤ ᠲᠠᠷᠢᠯᠭ᠎ᠠ ᠶᠢᠨ ᠠᠵᠢᠯ ᠢ ᠰᠦᠪᠡᠭᠴᠢᠯᠡᠨ ᠳᠡᠯᠭᠡᠷᠡᠭᠦᠯᠦᠨ᠎ᠡ᠃ ᠰᠠᠪᠠ ᠶᠢᠨ ᠬᠦᠵᠦᠭᠦᠨ ᠤ ᠥᠮᠡᠨ᠂ ᠬᠥᠬᠦᠨ ᠪᠤᠯᠴᠢᠷᠬᠠᠢ ᠶᠢᠨ ᠥᠮᠡᠨ ᠳᠤ ᠨᠡᠷᠪᠡᠭᠳᠡᠭᠰᠡᠳ ᠤᠨ ᠡᠮ ᠬᠡᠷᠡᠭᠯᠡᠬᠦ ᠳᠠᠷᠤᠭᠠᠰᠤ ᠶᠢ ᠬᠥᠩᠭᠡᠷᠡᠭᠦᠯᠵᠦ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠬᠦᠴᠢᠷᠳᠡᠯ ᠲᠠᠢ ᠡᠪᠡᠳᠴᠢᠲᠡᠨ ᠢ ᠠᠪᠤᠷᠠᠨ ᠲᠤᠰᠠᠯᠠᠬᠤ ᠠᠵᠢᠯ ᠢ ᠴᠢᠩᠭᠠᠳᠬᠠᠨ᠎ᠠ᠃      7᠂ ᠡᠮᠡᠭᠲᠡᠶᠢᠴᠦᠳ  ᠤᠨ ᠦᠷᠡᠵᠢᠯ  ᠤᠨ ᠡᠷᠡᠭᠦᠯ ᠮᠡᠨᠳᠤ  ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠦᠷᠡᠵᠢᠯ ᠤᠨ ᠵᠠᠮ ᠤᠨ ᠬᠠᠯᠳᠠᠪᠤᠷᠢᠯᠠᠯ᠂ ᠪᠡᠯᠭᠡ ᠶᠢᠨ ᠬᠠᠯᠳᠠᠪᠤᠷᠢᠯᠠᠯ ᠤᠨ ᠡᠪᠡᠳᠴᠢᠨ ᠵᠡᠷᠭᠡ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠲᠦᠭᠡᠮᠡᠯᠵᠢᠭᠦᠯᠦᠨ᠎ᠡ᠃ ᠰᠤᠷᠭᠠᠭᠤᠯᠢ ᠶᠢᠨ ᠰᠤᠷᠭᠠᠨ ᠬᠥᠮᠦᠵᠢᠯ ᠤᠨ ᠠᠳᠠᠯᠢ ᠪᠤᠰᠤ ᠱᠠᠲᠤ ᠦᠶ᠎ᠡ ᠳᠤ ᠣᠯᠠᠨ ᠵᠦᠢᠯ ᠤᠨ ᠬᠡᠯᠪᠡᠷᠢ ᠪᠠᠷ ᠰᠢᠨᠵᠢᠯᠡᠬᠦ ᠤᠬᠠᠭᠠᠨᠴᠢ᠂ ᠪᠣᠳᠠᠲᠤ ᠬᠡᠷᠡᠭᠯᠡᠭᠡᠨ ᠤ ᠡᠷᠡᠭᠦᠯ ᠮᠡᠨᠳᠦ ᠶᠢᠨ ᠰᠤᠷᠭᠠᠨ ᠬᠥᠮᠦᠵᠢᠯ ᠢ ᠥᠷᠨᠢᠭᠦᠯᠵᠦ᠂ ᠡᠷᠡᠭᠦᠯ ᠮᠡᠨᠳᠦ ᠶᠢᠨ ᠰᠤᠷᠭᠠᠨ ᠬᠥᠮᠦᠵᠢᠯ ᠤᠨ ᠬᠢᠴᠢᠶᠡᠯ ᠡᠬᠢᠯᠡᠬᠦ ᠨᠣᠷᠮ᠎ᠠ ᠶᠢ 100%᠎ ᠳᠤ ᠬᠦᠷᠦᠭᠦᠯᠵᠦ᠂ ᠰᠤᠷᠤᠭᠴᠢᠳ ᠤᠨ ᠦᠷᠡᠵᠢᠯ ᠤᠨ ᠡᠷᠡᠭᠦᠯ ᠮᠡᠨᠳᠦ ᠶᠢᠨ ᠮᠡᠳᠡᠯᠭᠡ ᠶᠢ ᠡᠵᠡᠮᠰᠢᠬᠦ ᠶᠢ ᠠᠬᠢᠭᠤᠯᠤᠨ᠂ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠷᠡᠭᠲᠡᠢ ᠡᠮᠡᠭᠲᠡᠢ ᠶᠢᠨ ᠪᠡᠯᠭᠡ ᠶᠢᠨ ᠶᠣᠰᠣ ᠮᠣᠷᠠᠯ᠂ ᠪᠡᠯᠭᠡ ᠶᠢᠨ ᠡᠷᠡᠭᠦᠯ ᠮᠡᠨᠳᠦ᠂ ᠪᠡᠯᠭᠡ ᠶᠢᠨ ᠠᠮᠤᠷ ᠲᠦᠪᠰᠢᠨ ᠤ ᠦᠵᠡᠯ ᠤᠬᠠᠮᠰᠠᠷ ᠢ ᠴᠢᠩᠭᠠᠳᠬᠠᠵᠤ᠂ ᠵᠢᠷᠮᠦᠰᠦᠯᠡᠬᠦ ᠶᠢ ᠬᠤᠷᠢᠭᠯᠠᠬᠤ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠬᠦ ᠶᠢ ᠰᠠᠨᠠᠭᠠᠴᠢᠯᠠᠨ᠎ᠠ᠃ ᠦᠷᠡᠵᠢᠯ ᠤᠨ ᠡᠷᠡᠭᠦᠯ ᠮᠡᠨᠳᠦ ᠶᠢᠨ ᠦᠢᠯᠡᠴᠢᠯᠡᠭᠡ ᠶᠢ ᠡᠮᠡᠭᠲᠡᠶᠢᠴᠦᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠪᠥᠬᠦ ᠶᠠᠪᠤᠴᠠ ᠳᠤ ᠠᠭᠤᠰᠬᠠᠵᠤ᠂ ᠡᠮᠡᠭᠲᠡᠶᠢᠴᠦᠳ ᠤᠨ ᠵᠢᠷᠮᠦᠰᠦᠯᠡᠬᠦ ᠶᠢ ᠬᠤᠷᠢᠭᠯᠠᠵᠤ ᠦᠷᠡᠵᠢᠬᠦ ᠶᠢ ᠬᠢᠵᠠᠭᠠᠷᠯᠠᠬᠤ ᠪᠠᠶᠢᠳᠠᠯ ᠢ ᠡᠵᠡᠨ‌ᠮᠡᠳᠡᠵᠦ ᠰᠤᠩᠭᠤᠬᠤ ᠶᠢ ᠪᠠᠲᠤᠯᠠᠨ᠎ᠠ᠃ ᠵᠢᠷᠮᠦᠰᠦᠯᠡᠬᠦ ᠶᠢ ᠬᠤᠷᠢᠭᠯᠠᠬᠤ ᠦᠨᠳᠦᠰᠦᠨ ᠦᠢᠯᠡᠴᠢᠯᠡᠭᠡᠨ ᠤ ᠲᠥᠷᠥᠯ ᠵᠦᠢᠯ ᠢ ᠨᠠᠶᠢᠳᠠᠪᠤᠷᠢᠵᠢᠭᠤᠯᠵᠤ᠂ ᠬᠥᠩᠭᠡᠵᠢᠭᠰᠡᠨ ᠤ ᠳᠠᠷᠠᠭᠠᠬᠢ ᠪᠠ ᠣᠷᠤᠭ ᠤᠨᠠᠭᠠᠭᠰᠠᠨ ᠤ ᠳᠠᠷᠠᠭᠠᠬᠢ ᠵᠢᠷᠮᠦᠰᠦᠯᠡᠬᠦ ᠶᠢ ᠬᠤᠷᠢᠭᠯᠠᠵᠤ ᠦᠷᠡᠵᠢᠬᠦ ᠶᠢ ᠬᠢᠵᠠᠭᠠᠷᠯᠠᠬᠤ ᠦᠢᠯᠡᠴᠢᠯᠡᠭᠡ ᠶᠢ ᠴᠢᠩᠭᠠᠳᠬᠠᠨ᠂ ᠦᠢᠯᠡᠴᠢᠯᠡᠭᠡᠨ ᠤ ᠪᠣᠯᠣᠮᠵᠢᠲᠤ ᠴᠢᠨᠠᠷ ᠢ ᠳᠡᠭᠡᠭᠰᠢᠯᠡᠭᠦᠯᠵᠦ᠂ ᠰᠠᠨᠠᠭᠠᠨ ᠳᠤ ᠦᠭᠡᠢ ᠪᠠᠷ ᠵᠢᠷᠮᠦᠰᠦᠯᠡᠬᠦ ᠶᠢ ᠤᠷᠢᠳᠴᠢᠯᠠᠨ ᠰᠡᠷᠭᠡᠶᠢᠯᠡᠨ᠎ᠡ᠃ ᠤᠷᠤᠭᠯᠠᠬᠤ ᠠᠴᠠ ᠡᠮᠦᠨᠡᠬᠢ ᠡᠮᠨᠡᠯᠭᠡ ᠶᠢᠨ ᠤᠬᠠᠭᠠᠨ ᠤ ᠪᠠᠶᠢᠴᠠᠭᠠᠯᠲᠠ᠂ ᠵᠢᠷᠮᠦᠰᠦᠯᠡᠬᠦ ᠠᠴᠠ ᠡᠮᠦᠨᠡᠬᠢ ᠡᠷᠡᠭᠦᠯ ᠮᠡᠨᠳᠦ ᠶᠢᠨ ᠪᠠᠶᠢᠴᠠᠭᠠᠯᠲᠠ᠂ ᠨᠠᠪᠴᠢᠨ ᠤ ᠬᠦᠴᠢᠯ ᠵᠡᠷᠭᠡ ᠶᠢ ᠨᠦᠬᠦᠪᠦᠷᠢᠯᠡᠬᠦ ᠤᠷᠤᠭᠯᠠᠬᠤ ᠠᠴᠠ ᠡᠮᠦᠨᠡᠬᠢ ᠵᠢᠷᠮᠦᠰᠦᠯᠡᠬᠦ ᠠᠴᠠ ᠡᠮᠦᠨᠡᠬᠢ ᠡᠷᠡᠭᠦᠯ ᠮᠡᠨᠳᠦ ᠶᠢ ᠬᠠᠮᠠᠭᠠᠯᠠᠬᠤ ᠦᠢᠯᠡᠴᠢᠯᠡᠭᠡ ᠶᠢ ᠨᠡᠩ ᠲᠥᠪ ᠭᠤᠣᠯᠴᠢ ᠪᠣᠯᠭᠠᠨ᠎ᠠ᠃ ᠠᠨᠠᠭᠠᠬᠤ ᠤᠬᠠᠭᠠᠨ ᠤ ᠬᠡᠷᠡᠭᠴᠡᠭᠡ ᠦᠭᠡᠢ ᠬᠥᠮᠥᠨ ᠤ ᠬᠦᠴᠦ ᠪᠠᠷ ᠤᠷᠤᠭ ᠤᠨᠠᠭᠠᠬᠤ ᠶᠢ ᠪᠠᠭᠠᠰᠬᠠᠨ᠎ᠠ᠃ ᠡᠮᠡᠭᠲᠡᠶᠢᠴᠦᠳ ᠤᠨ ᠡᠷᠡᠭᠦᠯ ᠮᠡᠨᠳᠦ ᠠᠮᠤᠷ ᠲᠦᠪᠰᠢᠨ ᠤ ᠬᠡᠷᠡᠭᠰᠡᠯ ᠤᠨ ᠦᠢᠯᠡᠳᠬᠦᠨ ᠤ ᠶᠠᠰᠤ ᠴᠢᠨᠠᠷ ᠤᠨ ᠪᠠᠲᠤᠯᠠᠭ᠎ᠠ ᠶᠢ ᠴᠢᠩᠭᠠᠳᠬᠠᠨ᠎ᠠ᠃ ᠵᠢᠷᠮᠦᠰᠦᠯᠡᠬᠦ ᠦᠭᠡᠢ ᠬᠡᠦᠬᠡᠳ ᠠᠪᠬᠤ ᠦᠭᠡᠢ ᠡᠪᠡᠳᠴᠢᠨ ᠢ ᠣᠨᠣᠰᠢᠯᠠᠨ ᠡᠮᠨᠡᠬᠦ ᠦᠢᠯᠡᠴᠢᠯᠡᠭᠡ ᠶᠢ ᠵᠢᠷᠤᠮᠵᠢᠭᠤᠯᠤᠨ᠎ᠠ᠃ ᠬᠦᠮᠦᠨ ᠲᠥᠷᠥᠯᠬᠢᠲᠡᠨ ᠤ ᠲᠤᠰᠠᠯᠠᠬᠤ ᠦᠷᠡᠵᠢᠯ ᠤᠨ ᠮᠡᠷᠭᠡᠵᠢᠯ ᠤᠨ ᠬᠡᠷᠡᠭᠯᠡᠯᠲᠡ ᠶᠢ ᠵᠢᠷᠤᠮᠵᠢᠭᠤᠯᠤᠨ᠎ᠠ᠃      8᠂ ᠠᠶᠢᠽ ᠡᠪᠡᠳᠴᠢᠨ ᠲᠡᠮᠪᠦᠦ ᠶᠠᠷ᠎ᠠ ᠡᠯᠢᠭᠡᠨ ᠤ B ᠦᠷᠪᠢᠰᠦᠯ ᠤᠨ ᠡᠬᠡ ᠨᠢᠯᠬ᠎ᠠ ᠶᠢᠨ ᠬᠠᠯᠳᠠᠪᠤᠷᠢᠯᠠᠯ ᠢ ᠰᠡᠷᠭᠡᠶᠢᠯᠡᠨ ᠴᠢᠩᠭᠠᠳᠬᠠᠨ᠎ᠠ᠃ ᠬᠥᠩᠭᠡᠵᠢᠬᠦ ᠠᠴᠠ ᠡᠮᠦᠨᠡᠬᠢ ᠰᠢᠭᠰᠢᠨ ᠪᠠᠶᠢᠴᠠᠭᠠᠬᠤ ᠪᠠ ᠬᠥᠩᠭᠡᠵᠢᠬᠦ ᠠᠴᠠ ᠡᠮᠦᠨᠡᠬᠢ ᠣᠨᠣᠰᠢᠯᠠᠯᠲᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠠᠶᠢᠽ ᠡᠪᠡᠳᠴᠢᠨ᠂ ᠲᠡᠮᠪᠦᠦ ᠪᠠ ᠡᠯᠢᠭᠡᠨ ᠤ B ᠦᠷᠪᠢᠰᠦᠯ ᠤᠨ ᠡᠬᠡ ᠨᠢᠯᠬᠠᠰ ᠤᠨ ᠬᠠᠯᠳᠠᠪᠤᠷᠢᠯᠠᠯ ᠢ ᠤᠷᠢᠳᠴᠢᠯᠠᠨ ᠰᠡᠷᠭᠡᠶᠢᠯᠡᠬᠦ ᠶᠡᠷᠦᠩᠬᠡᠶᠢᠯᠡᠭᠰᠡᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠢᠷᠮᠦᠰᠦᠨ ᠤ ᠡᠬᠢᠨ ᠤ ᠬᠤᠭᠤᠴᠠᠭᠠᠨ ᠤ ᠪᠠᠶᠢᠴᠠᠭᠠᠨ ᠰᠢᠯᠭᠠᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠠᠶᠢᠽ ᠡᠪᠡᠳᠴᠢᠨ ᠢ ᠰᠡᠷᠭᠡᠶᠢᠯᠡᠨ ᠡᠵᠡᠮᠳᠡᠬᠦ ᠡᠷᠴᠢᠮ ᠢ‌ᠨᠡᠮᠡᠭᠳᠡᠭᠦᠯᠦᠨ᠂ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠮᠡᠳᠡᠯᠭᠡ ᠪᠠ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠨ᠂ ᠡᠮᠡᠭᠲᠡᠶᠢᠴᠦᠳ ᠤᠨ ᠰᠡᠷᠭᠡᠶᠢᠯᠡᠬᠦ ᠦᠵᠡᠯ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠮᠡᠭᠲᠡᠶᠢᠴᠦᠳ ᠲᠤ ᠬᠠᠯᠳᠠᠪᠤᠷᠢᠯᠠᠭᠳᠠᠭᠰᠠᠳ ᠢᠯᠠᠩᠭᠤᠶ᠎ᠠ ᠨᠡᠭᠦᠳᠡᠯ ᠡᠮᠡᠭᠲᠡᠶᠢᠴᠦᠳ ᠲᠤ ᠬᠠᠯᠳᠠᠪᠤᠷᠢᠯᠠᠭᠳᠠᠭᠰᠠᠳ ᠤᠨ ᠡᠮ ᠡᠮᠨᠡᠯᠭᠡ ᠶᠢᠨ ᠦᠢᠯᠡᠴᠢᠯᠡᠭᠡ ᠶᠢ ᠴᠢᠩᠭᠠᠳᠬᠠᠵᠤ᠂ ᠳᠠᠭᠠᠵᠤ ᠰᠤᠷᠪᠤᠯᠵᠢᠯᠠᠬᠤ ᠨᠤᠷᠮ᠎ᠠ ᠶᠢ ᠳᠡᠭᠡᠭᠰᠢᠯᠡᠭᠦᠯᠦᠨ᠎ᠡ᠃ ᠵᠢᠷᠮᠦᠰᠦᠨ ᠡᠮᠡᠭᠲᠡᠢ ᠪᠠ ᠬᠥᠩᠭᠡᠵᠢᠭᠰᠡᠨ ᠡᠮᠡᠭᠲᠡᠢ ᠶᠢᠨ ᠬᠠᠯᠳᠠᠪᠤᠷᠢᠯᠠᠭᠰᠠᠳ ᠵᠢᠴᠢ ᠲᠡᠳᠡᠨᠤᠰ ᠤᠨ ᠭᠡᠷ ᠪᠦᠯᠢ ᠳᠤ ᠣᠯᠠᠨ ᠵᠦᠢᠯ ᠤᠨ ᠬᠡᠯᠪᠡᠷᠢ ᠶᠢᠨ ᠡᠷᠡᠭᠦᠯ ᠮᠡᠨᠳᠦ ᠶᠢᠨ ᠯᠠᠪᠯᠠᠯᠭ᠎ᠠ᠂ ᠰᠡᠳᠬᠢᠴᠡ ᠪᠠ ᠨᠡᠶᠢᠭᠡᠮ ᠤᠨ ᠳᠡᠮᠵᠢᠯᠭᠡ ᠵᠡᠷᠭᠡ ᠦᠢᠯᠡᠴᠢᠯᠡᠭᠡ ᠬᠠᠩᠭᠠᠨ᠎ᠠ᠃      9᠂ ᠡᠮᠡᠭᠲᠡᠶᠢᠴᠦᠳ ᠤᠨ ᠰᠡᠳᠬᠢᠴᠡ ᠶᠢᠨ ᠡᠷᠡᠭᠦᠯ ᠮᠡᠨᠳᠤ ᠶᠢ ᠠᠬᠢᠭᠤᠯᠤᠨ᠎ᠠ᠃ ᠰᠡᠳᠬᠢᠴᠡ ᠶᠢᠨ ᠡᠷᠡᠭᠦᠯ ᠮᠡᠨᠳᠦ ᠶᠢᠨ ᠬᠠᠮᠢᠶ᠎ᠠ ᠪᠦᠬᠦᠢ ᠮᠡᠳᠡᠯᠭᠡ ᠶᠢᠨ ᠤᠬᠠᠭᠤᠯᠭ᠎ᠠ ᠶᠢ ᠴᠢᠩᠭᠠᠳᠬᠠᠵᠤ᠂ ᠡᠮᠡᠭᠲᠡᠶᠢᠴᠦᠳ ᠤᠨ ᠬᠡᠷᠡᠭᠴᠡᠭᠡ ᠶᠢ ᠦᠨᠳᠦᠰᠦᠯᠡᠨ ᠰᠡᠳᠬᠢᠴᠡ ᠶᠢᠨ ᠵᠥᠪᠯᠡᠯᠭᠡ ᠥᠭᠬᠦ᠂ ᠦᠨᠡᠯᠡᠨ ᠵᠢᠱᠢᠬᠦ ᠪᠠ ᠵᠢᠯᠤᠭᠤᠳᠬᠤ ᠶᠢ ᠥᠷᠨᠢᠭᠦᠯᠵᠦ᠂ ᠡᠮᠡᠭᠲᠡᠶᠢᠴᠦᠳ ᠤᠨ ᠰᠡᠳᠬᠢᠴᠡ ᠶᠢᠨ ᠵᠣᠬᠢᠴᠠᠭᠤᠯᠭ᠎ᠠ ᠶᠢᠨ ᠦᠨᠳᠦᠰᠦᠨ ᠠᠷᠭ᠎ᠠ ᠶᠢ ᠡᠵᠡᠮᠰᠢᠬᠦ ᠶᠢ ᠠᠬᠢᠭᠤᠯᠤᠨ᠂ ᠭᠠᠩᠰᠠᠷᠠᠬᠤ᠂ ᠵᠣᠪᠠᠨᠢᠬᠤ ᠵᠡᠷᠭᠡ ᠰᠡᠳᠬᠢᠴᠡ ᠶᠢᠨ ᠠᠰᠠᠭᠤᠳᠠᠯ ᠢ ᠤᠷᠢᠳᠴᠢᠯᠠᠨ ᠰᠡᠷᠭᠡᠶᠢᠯᠡᠨ᠎ᠡ᠃ ᠰᠡᠳᠬᠢᠴᠡ ᠶᠢᠨ ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠰᠡᠳᠬᠢᠴᠡ ᠶᠢᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠵᠠᠯᠠᠭᠤ ᠨᠠᠰᠤᠨ ᠤ ᠦᠶ᠎ᠡ᠂ ᠵᠢᠷᠮᠦᠰᠦᠯᠡᠵᠦ ᠬᠥᠩᠭᠡᠵᠢᠬᠦ ᠬᠤᠭᠤᠴᠠᠭ᠎ᠠ᠂ ᠴᠡᠪᠡᠷᠰᠢᠬᠦ ᠬᠤᠭᠤᠴᠠᠭ᠎ᠠ ᠪᠠ ᠥᠲᠡᠭᠦᠰ ᠬᠤᠭᠤᠴᠠᠭᠠᠨ ᠤ ᠡᠮᠡᠭᠲᠡᠶᠢᠴᠦᠳ ᠤᠨ ᠰᠡᠳᠬᠢᠴᠡ ᠶᠢᠨ ᠡᠷᠡᠭᠦᠯ ᠮᠡᠨᠳᠦ ᠶᠢ ᠭᠤᠣᠯᠳᠠᠯᠭ᠎ᠠ ᠲᠠᠢ ᠠᠩᠬᠠᠷᠤᠨ᠎ᠠ᠃ ᠡᠮᠡᠭᠲᠡᠶᠢᠴᠦᠳ ᠤᠨ ᠡᠷᠡᠭᠦᠯ ᠮᠡᠨᠳᠦ ᠶᠢ ᠬᠠᠮᠠᠭᠠᠯᠠᠬᠤ ᠪᠠ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠳᠤᠮᠳᠠᠬᠢ ᠰᠡᠳᠬᠢᠴᠡ ᠶᠢᠨ ᠵᠥᠪᠯᠡᠯᠭᠡ ᠥᠭᠬᠦ ᠪᠠ ᠡᠮᠨᠡᠨ ᠵᠠᠰᠠᠬᠤ ᠮᠡᠷᠭᠡᠵᠢᠯ ᠤᠨ ᠬᠡᠷᠡᠭᠯᠡᠯᠲᠡ ᠶᠢ ᠴᠢᠩᠭᠠᠳᠬᠠᠨ᠎ᠠ᠃ ᠬᠡᠷᠡᠭᠯᠡᠭᠡᠨ ᠤ ᠬᠡᠯᠪᠡᠷᠢ ᠶᠢᠨ ᠰᠡᠳᠬᠢᠴᠡ ᠶᠢᠨ ᠡᠷᠡᠭᠦᠯ ᠮᠡᠨᠳᠦ ᠪᠠ ᠨᠡᠶᠢᠭᠡᠮ ᠤᠨ ᠠᠵᠢᠯᠲᠠᠨ ᠢ ᠬᠥᠮᠥᠵᠢᠭᠦᠯᠬᠦ ᠡᠷᠴᠢᠮ ᠢ ᠴᠢᠩᠭᠠᠷᠠᠭᠤᠯᠵᠤ᠂ ᠡᠮᠴᠢᠯᠡᠭᠡᠨ ᠤ ᠪᠠᠶᠢᠭᠤᠯᠤᠮᠵᠢ᠂ ᠰᠡᠳᠬᠢᠴᠡ ᠶᠢᠨ ᠡᠷᠡᠭᠦᠯ ᠮᠡᠨᠳᠦ ᠪᠠ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠡᠮᠡᠭᠲᠡᠶᠢᠴᠦᠳ ᠲᠤ ᠵᠢᠷᠤᠮᠵᠢᠭᠰᠠᠨ ᠦᠢᠯᠡᠴᠢᠯᠡᠭᠡ ᠬᠠᠩᠭᠠᠬᠤ ᠶᠢ ᠠᠬᠢᠭᠤᠯᠤᠨ᠎ᠠ᠃ ᠨᠡᠶᠢᠭᠡᠮ ᠲᠣᠭᠤᠷᠢᠭ ᠬᠡᠷᠡᠭᠴᠡᠭᠡ ᠲᠠᠢ ᠡᠮᠡᠭᠲᠡᠶᠢᠴᠦᠳ ᠲᠤ ᠰᠡᠳᠬᠢᠴᠡ ᠶᠢᠨ ᠡᠷᠡᠭᠦᠯ ᠮᠡᠨᠳᠦ ᠶᠢᠨ ᠦᠢᠯᠡᠴᠢᠯᠡᠭᠡ ᠳᠡᠮᠵᠢᠯᠭᠡ ᠬᠠᠩᠭᠠᠬᠤ ᠶᠢ ᠵᠣᠷᠢᠭᠵᠢᠭᠤᠯᠤᠨ᠎ᠠ᠃      10᠂ ᠡᠮᠡᠭᠲᠡᠶᠢᠴᠦᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠃ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠡᠮᠡᠭᠲᠡᠶᠢᠴᠦᠳ ᠤᠨ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠬᠦ ᠡᠷᠴᠢᠮ ᠢ ᠴᠢᠩᠭᠠᠷᠠᠭᠤᠯᠵᠤ᠂ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠤᠰᠬᠠᠢ ᠮᠡᠷᠭᠡᠵᠢᠯᠲᠡᠨ ᠤ ᠬᠥᠮᠥᠷᠭᠡ ᠪᠠ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠤᠨ ᠲᠡᠭᠦᠯᠳᠡᠷᠵᠢᠭᠦᠯᠵᠦ᠂ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠡᠮᠡᠭᠲᠡᠶᠢᠴᠦᠳ ᠤᠨ ᠡᠷᠡᠭᠦᠯ ᠮᠡᠨᠳᠦ ᠶᠢᠨ ᠮᠡᠳᠡᠭᠡ ᠵᠠᠩᠭᠢ ᠶᠢ ᠵᠢᠷᠤᠮᠵᠢᠭᠤᠯᠤᠨ ᠨᠡᠶᠢᠲᠡᠯᠡᠵᠦ᠂ ᠡᠮᠡᠭᠲᠡᠶᠢᠴᠦᠳ ᠢᠯᠠᠩᠭᠤᠶ᠎ᠠ ᠬᠥᠳᠡᠭᠡ ᠲᠣᠰᠬᠤᠨ ᠤ ᠡᠮᠡᠭᠲᠡᠶᠢᠴᠦᠳ ᠢ ᠬᠥᠲᠥᠯᠥᠨ ᠵᠢᠯᠤᠭᠤᠳᠴᠤ ᠪᠠᠶᠢᠭᠠᠳ ᠰᠢᠨᠵᠢᠯᠡᠬᠦ ᠤᠬᠠᠭᠠᠨᠴᠢ ᠡᠷᠡᠭᠦᠯ ᠮᠡᠨᠳᠦ ᠶᠢᠨ ᠣᠨᠣᠯᠵᠢᠬᠤᠨ ᠢ ᠪᠣᠶ ᠪᠣᠯᠭᠠᠵᠤ᠂ ᠡᠷᠡᠭᠦᠯ ᠮᠡᠨᠳᠦ ᠶᠢᠨ ᠮᠡᠳᠡᠯᠭᠡ ᠶᠢ ᠰᠤᠷᠤᠯᠴᠠᠭᠤᠯᠤᠨ᠂ ᠪᠡᠶ᠎ᠡ ᠰᠡᠳᠬᠢᠯ ᠤᠨ ᠡᠷᠡᠭᠦᠯ ᠮᠡᠨᠳᠦ᠂ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ᠂ ᠰᠢᠨᠵᠢᠯᠡᠬᠦ ᠤᠬᠠᠭᠠᠨᠴᠢ ᠪᠠᠷ ᠡᠮᠨᠡᠭᠦᠯᠬᠦ᠂ ᠵᠦᠢ ᠵᠣᠬᠢᠰᠲᠠᠢ ᠪᠠᠷ ᠡᠮ ᠬᠡᠷᠡᠭᠯᠡᠬᠦ ᠵᠡᠷᠭᠡ ᠮᠡᠳᠡᠯᠭᠡ ᠴᠢᠳᠠᠪᠤᠷᠢ ᠶᠢ ᠡᠵᠡᠮᠰᠢᠭᠦᠯᠬᠦ ᠬᠡᠷᠡᠭᠲᠡᠢ᠃ ᠡᠮᠡᠭᠲᠡᠶᠢᠴᠦᠳ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ ᠳᠤ ᠣᠷᠤᠯᠴᠠᠬᠤ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠮᠡᠭᠲᠡᠶᠢᠴᠦᠳ ᠲᠤ ᠬᠠᠨᠳᠤᠭᠤᠯᠤᠨ ᠲᠠᠮᠠᠬᠢᠨ ᠤ ᠬᠤᠣᠷ ᠬᠥᠨᠥᠭᠡᠯ ᠢ ᠬᠢᠵᠠᠭᠠᠷᠯᠠᠬᠤ᠂ ᠠᠷᠢᠬᠢᠨ ᠳᠤ ᠰᠣᠭᠲᠣᠬᠤ ᠶᠢ ᠲᠡᠪᠴᠢᠬᠦ᠂ ᠬᠤᠣᠷᠲᠤ ᠡᠳ᠋ ᠠᠴᠠ ᠬᠤᠯᠠ ᠵᠠᠶᠢᠳᠠᠬᠤ ᠤᠬᠠᠭᠤᠯᠭ᠎ᠠ ᠬᠥᠮᠦᠵᠢᠯ ᠢ ᠥᠷᠨᠢᠭᠦᠯᠦᠨ᠎ᠡ᠃ ᠡᠮᠡᠭᠲᠡᠶᠢᠴᠦᠳ ᠢ ᠬᠥᠲᠥᠯᠥᠨ ᠵᠢᠯᠤᠭᠤᠳᠴᠤ ᠪᠠᠶᠢᠭᠠᠳ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ  ᠠᠵᠢᠯᠯᠠᠭᠠᠨ ᠳᠤ ᠢᠳᠡᠪᠬᠢᠲᠡᠢ ᠣᠷᠣᠯᠴᠠᠭᠤᠯᠵᠤ᠂ ᠪᠣᠯᠪᠠᠰᠤᠨ ᠡᠷᠡᠭᠦᠯ ᠠᠮᠢᠳᠤᠷᠠᠯ ᠤᠨ ᠠᠷᠭ᠎ᠠ ᠮᠠᠶ᠋ᠢᠭ ᠢ ᠪᠤᠢ ᠪᠣᠯᠭᠠᠨ᠎ᠠ᠃      11᠂ ᠡᠮᠡᠭᠲᠡᠶᠢᠴᠦᠳ ᠤᠨ ᠰᠢᠮ᠎ᠡ ᠲᠡᠵᠢᠭᠡᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠢᠮ᠎ᠡ ᠲᠡᠵᠢᠭᠡᠯ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ ᠦᠷᠭᠦᠯᠵᠢᠯᠡᠨ ᠥᠷᠨᠢᠭᠦᠯᠵᠦ᠂ ︽ᠢᠨᠲ᠋ᠧᠷ ᠰᠦᠯᠵᠢᠶ᠎ᠡ︾᠎ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠡᠷᠡᠭᠦᠯ ᠮᠡᠨᠳᠦ ᠶᠢᠨ ᠲᠠᠯ᠎ᠠ ᠪᠠᠷ ᠬᠢ ᠳᠥᠭᠦᠮ ᠳᠥᠲᠡ ᠯᠠᠪᠯᠠᠭ᠎ᠠ ᠵᠡᠷᠭᠡ ᠦᠢᠯᠡᠴᠢᠯᠡᠭᠡ ᠶᠢ ᠬᠠᠩᠭᠠᠨ᠎ᠠ᠃ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠢᠮ᠎ᠡ ᠲᠡᠵᠢᠭᠡᠯ ᠪᠠ ᠢᠳᠡᠭᠡᠨ ᠤᠮᠳᠠᠭᠠᠨ ᠤ ᠵᠢᠯᠣᠭᠤᠳᠤᠯᠭ᠎ᠠ ᠶᠢ ᠥᠷᠨᠢᠭᠦᠯᠵᠦ᠂ ᠡᠮᠡᠭᠲᠡᠶᠢᠴᠦᠳ ᠤᠨ ᠰᠢᠮ᠎ᠡ ᠲᠡᠵᠢᠭᠡᠯ ᠤᠨ ᠱᠣᠰᠢᠭ᠎ᠠ ᠶᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠦᠨ᠂ ᠡᠮᠡᠭᠲᠡᠶᠢᠴᠦᠳ ᠤᠨ ᠰᠢᠮ᠎ᠡ ᠲᠡᠵᠢᠭᠡᠯ ᠤᠨ ᠮᠡᠳᠡᠯᠭᠡ ᠶᠢ ᠰᠤᠷᠤᠯᠴᠠᠨ ᠡᠵᠡᠮᠰᠢᠬᠦ ᠶᠢ ᠠᠬᠢᠭᠤᠯᠵᠤ᠂ ᠢᠳᠡᠭᠡᠨ ᠤᠮᠳᠠᠭᠠᠨ᠂ ᠬᠦᠳᠡᠯᠭᠡᠭᠡᠨ ᠤ ᠲᠡᠩᠴᠡᠭᠦᠷᠢ ᠶᠢ ᠲᠡᠩᠴᠡᠭᠦᠯᠵᠦ᠂ ᠰᠢᠮ᠎ᠡ ᠲᠡᠵᠢᠭᠡᠯ ᠳᠤᠲᠠᠭᠳᠠᠬᠤ ᠪᠠ ᠮᠠᠷᠢᠶᠠᠯᠠᠬᠤ ᠶᠢ ᠰᠡᠷᠭᠡᠶᠢᠯᠡᠨ ᠬᠢᠵᠠᠭᠠᠷᠯᠠᠬᠤ ᠶᠢᠨ ᠬᠠᠮᠲᠤ ᠭᠡᠷ ᠪᠦᠯᠢ ᠶᠢᠨ ᠪᠦᠷᠢᠯᠳᠦᠭᠦᠨ ᠢᠶᠠᠨ ᠬᠥᠲᠥᠯᠥᠨ ᠵᠢᠯᠤᠭᠤᠳᠴᠤ ᠪᠠᠶᠢᠭᠠᠳ ᠡᠷᠡᠭᠦᠯ ᠴᠢᠭᠢᠷᠠᠭ ᠠᠮᠢᠳᠤᠷᠠᠯ ᠤᠨ ᠳᠠᠳᠬᠠᠯ ᠲᠠᠢ ᠪᠣᠯᠭᠠᠨ᠎ᠠ᠃ ᠠᠳᠠᠯᠢ ᠪᠤᠰᠤ ᠨᠠᠰᠤᠨ ᠤ ᠱᠠᠲᠤ ᠦᠶ᠎ᠡ ᠶᠢᠨ ᠡᠮᠡᠭᠲᠡᠶᠢᠴᠦᠳ ᠤᠨ ᠬᠠᠮᠲᠤᠯᠢᠭ ᠲᠤ ᠬᠠᠨᠳᠤᠭᠤᠯᠤᠨ ᠰᠢᠮ᠎ᠡ ᠲᠡᠵᠢᠭᠡᠯ ᠡᠷᠡᠭᠦᠯ ᠮᠡᠨᠳᠦ ᠶᠢᠨ ᠤᠬᠠᠭᠤᠯᠭ᠎ᠠ ᠶᠢᠨ ᠮᠡᠳᠡᠭᠡ ᠵᠠᠩᠭᠢ ᠪᠠ ᠦᠢᠯᠡᠳᠬᠦᠨ ᠢ ᠨᠡᠭᠡᠭᠡᠨ ᠬᠥᠭᠵᠢᠭᠦᠯᠵᠦ᠂ ᠬᠠᠨᠳᠤᠯᠭᠠᠲᠤ ᠴᠢᠨᠠᠷᠲᠠᠢ ᠦᠢᠯᠡᠴᠢᠯᠡᠭᠡ ᠬᠠᠩᠭᠠᠨ᠎ᠠ᠃ ᠵᠢᠷᠮᠦᠰᠦᠨ ᠡᠮᠡᠭᠲᠡᠢ ᠪᠠ ᠬᠥᠩᠭᠡᠵᠢᠭᠰᠡᠨ ᠡᠮᠡᠭᠲᠡᠢ ᠶᠢᠨ ᠰᠢᠮ᠎ᠡ ᠲᠡᠵᠢᠭᠡᠯ ᠢ ᠬᠢᠨᠠᠨ ᠬᠡᠮᠵᠢᠬᠦ ᠪᠠ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠬᠦ ᠠᠵᠢᠯ ᠢ ᠥᠷᠨᠢᠭᠦᠯᠵᠦ᠂ ᠵᠢᠷᠮᠦᠰᠦᠨ ᠡᠮᠡᠭᠲᠡᠢ ᠪᠠ ᠬᠥᠩᠭᠡᠵᠢᠭᠰᠡᠨ ᠡᠮᠡᠭᠲᠡᠢ ᠶᠢᠨ ᠲᠡᠮᠦᠷ ᠳᠤᠲᠠᠬᠤ ᠴᠢᠨᠠᠷᠲᠠᠢ ᠴᠢᠰᠤ ᠳᠤᠲᠠᠬᠤ ᠶᠠᠪᠤᠳᠠᠯ ᠢ ᠤᠷᠢᠳᠴᠢᠯᠠᠨ ᠰᠡᠷᠭᠡᠶᠢᠯᠡᠬᠦ ᠪᠠ ᠡᠮᠨᠡᠨ ᠵᠠᠰᠠᠨ᠎ᠠ᠃ ᠨᠠᠰᠤ ᠠᠬᠢᠭᠰᠠᠨ ᠡᠮᠡᠭᠲᠡᠶᠢᠴᠦᠳ ᠤᠨ ᠪᠡᠶ᠎ᠡ ᠶᠢᠨ ᠬᠦᠨᠳᠦ ᠳᠣᠣᠷ᠎ᠠ ᠪᠠ ᠴᠢᠰᠤ ᠳᠤᠲᠠᠬᠤ ᠶᠢ ᠰᠡᠷᠭᠡᠶᠢᠯᠡᠨ ᠬᠢᠵᠠᠭᠠᠷᠯᠠᠨ᠎ᠠ᠃      12᠂ ᠡᠮᠡᠭᠲᠡᠶᠢᠴᠦᠳ ᠢ ᠬᠥᠲᠥᠯᠥᠨ ᠵᠢᠯᠤᠭᠤᠳᠴᠤ ᠪᠠᠶᠢᠭᠠᠳ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠭᠤᠯᠤᠨ᠎ᠠ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠲᠣᠭᠤᠷᠢᠭ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ᠂ ᠰᠢᠶᠠᠩ ᠪᠠᠯᠭᠠᠰᠤ ᠶᠢᠨ ᠵᠢᠵᠢᠭ ᠬᠡᠯᠪᠡᠷᠢ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ︵ᠣᠯᠠᠨ ᠴᠢᠳᠠᠪᠤᠷᠢᠲᠤ ᠪᠡᠶ᠎ᠡ ᠴᠢᠭᠢᠷᠠᠭᠵᠢᠭᠤᠯᠬᠤ ᠣᠷᠳᠣᠨ︶᠎ ᠢ ᠪᠦᠬᠦᠨ ᠢ ᠬᠠᠮᠤᠷᠬᠤ ᠶᠢ ᠠᠬᠢᠭᠤᠯᠤᠨ᠂ ᠲᠣᠰᠬᠤᠨ᠂ ᠨᠡᠶᠢᠭᠡᠮ ᠲᠣᠭᠤᠷᠢᠭ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠥᠷᠲᠡᠭᠡ ᠴᠡᠭ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠤᠲᠠ ᠶᠢᠨ ᠨᠡᠶᠢᠭᠡᠮ ᠲᠣᠭᠤᠷᠢᠭ ᠲᠤ ︽10 ᠮᠢᠨᠦ᠋ᠲ ᠤᠨ ᠪᠡᠶ᠎ᠡ ᠴᠢᠭᠢᠷᠠᠭᠵᠢᠭᠤᠯᠬᠤ ᠲᠣᠭᠤᠷᠢᠭ︾᠎ ᠢ ᠪᠣᠶ ᠪᠣᠯᠭᠠᠨ᠎ᠠ᠃ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠪᠡᠯᠡᠳᠬᠡᠮᠵᠢ ᠪᠠ ᠨᠡᠭᠡᠭᠡᠬᠦ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠪᠡᠯᠡᠳᠬᠡᠮᠵᠢ ᠶᠢ ᠨᠡᠶᠢᠭᠡᠮ ᠨᠡᠶᠢᠲᠡ ᠳᠤ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠬᠦ ᠶᠢ ᠲᠦᠯᠬᠢᠨ ᠠᠬᠢᠭᠤᠯᠤᠨ᠎ᠠ᠃ ᠡᠮᠡᠭᠲᠡᠶᠢᠴᠦᠳ ᠢ ᠬᠥᠲᠥᠯᠥᠨ ᠵᠢᠯᠤᠭᠤᠳᠴᠤ ᠪᠠᠶᠢᠭᠠᠳ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠠᠶ ᠣᠷᠳᠣᠨ ︵ᠲᠠᠯᠠᠪᠤᠷ︶᠎ ᠢ ᠪᠦᠲᠦᠮᠵᠢᠲᠡᠶ ᠠᠰᠢᠭᠯᠠᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠷᠤᠯᠳᠤᠭᠠᠨ ᠤ ᠠᠵᠢᠯᠯᠠᠭ᠎ᠠ ᠳᠤ ᠢᠳᠡᠪᠬᠢᠲᠡᠢ ᠣᠷᠣᠯᠴᠠᠭᠤᠯᠵᠤ᠂ ᠡᠯ᠎ᠡ ᠲᠥᠷᠥᠯ ᠤᠨ ᠪᠡᠶ᠎ᠡ ᠴᠢᠭᠢᠷᠠᠭᠵᠢᠭᠤᠯᠬᠤ ᠵᠣᠬᠢᠶᠠᠨ ᠪᠠᠶᠢᠭᠤᠯᠤᠯᠲᠠ ᠳᠤ ᠣᠷᠣᠯᠴᠠᠭᠤᠯᠤᠨ᠎ᠠ᠃ ᠠᠯᠪᠠᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠵᠢᠯ ᠤᠨ ᠵᠠᠪᠰᠠᠷᠯᠠᠭ᠎ᠠ ᠶᠢᠨ ᠲᠠᠮᠢᠷ ᠥᠷᠨᠢᠭᠦᠯᠬᠦ ᠶᠢ ᠰᠠᠨᠠᠭᠠᠴᠢᠯᠠᠨ᠎ᠠ᠃ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠲᠣᠭᠤᠷᠢᠭ ᠤᠨ ᠡᠮᠡᠭᠲᠡᠶᠢᠴᠦᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠤᠨ ᠳᠡᠮᠵᠢᠵᠦ᠂ ᠡᠮᠡᠭᠲᠡᠶᠢᠴᠦᠳ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠦᠵᠡᠯ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠪᠡᠶ᠎ᠡ ᠴᠢᠭᠢᠷᠠᠭᠵᠢᠭᠤᠯᠬᠤ ᠳᠠᠳᠬᠠᠯ ᠢ ᠬᠥᠮᠥᠵᠢᠭᠦᠯᠦᠨ᠎ᠡ᠃      13᠂ ᠡᠮᠡᠭᠲᠡᠶᠢᠴᠦᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠨ᠎ᠠ᠃ ︽ᠢᠨᠲ᠋ᠧᠷ ᠰᠦᠯᠵᠢᠶ᠎ᠡ + ᠡᠬᠡ ᠨᠢᠯᠬᠠᠰ ᠤᠨ ᠡᠷᠡᠭᠦᠯ ᠮᠡᠨᠳᠦ︾᠎ ᠶᠢ ᠠᠬᠢᠭᠤᠯᠵᠤ᠂ ᠲᠣᠮᠣ ᠳ᠋ᠠᠶᠢᠲ᠋ᠠ᠂ ᠡᠭᠦᠯᠡᠨ ᠪᠣᠳᠣᠯᠲᠠ᠂ ᠵᠣᠬᠢᠶᠠᠮᠠᠯ ᠣᠶᠤᠨ ᠴᠢᠳᠠᠪᠤᠷᠢ᠂ ᠺᠣᠮᠫᠢᠦ᠋ᠲ᠋ᠧᠷ ᠤᠨ ᠳᠠᠭᠤᠷᠢᠶᠠᠮᠠᠯ ᠮᠡᠷᠭᠡᠵᠢᠯ ᠵᠡᠷᠭᠡ ᠶᠢ ᠡᠮᠡᠭᠲᠡᠶᠢᠴᠦᠳ ᠤᠨ ᠡᠷᠡᠭᠦᠯ ᠮᠡᠨᠳᠦ ᠶᠢᠨ ᠬᠦᠷᠢᠶᠡᠨ ᠳᠤ ᠰᠢᠨ᠎ᠡ ᠶᠢ ᠡᠭᠦᠳᠦᠨ ᠬᠡᠷᠡᠭᠯᠡᠬᠦ ᠶᠢ ᠠᠬᠢᠭᠤᠯᠤᠨ᠎ᠠ᠃ ᠡᠮᠡᠭᠲᠡᠶᠢᠴᠦᠳ ᠤᠨ ᠡᠷᠡᠭᠦᠯ ᠮᠡᠨᠳᠤ ᠶᠢᠨ ᠬᠠᠮᠢᠶᠠᠷᠤᠯᠲᠠ ᠪᠠ ᠡᠷᠡᠭᠦᠯ ᠮᠡᠨᠳᠤ ᠶᠢᠨ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠶᠢ ᠬᠡᠷᠡᠭᠵᠢᠭᠦᠯᠦᠨ᠎ᠡ᠃ ᠡᠮᠡᠭᠲᠡᠶᠢᠴᠦᠳ ᠤᠨ ᠡᠷᠡᠭᠦᠯ ᠮᠡᠨᠳᠦ ᠶᠢᠨ ᠬᠦᠷᠢᠶᠡᠨ ᠳᠠᠬᠢ ᠲᠤᠰᠬᠠᠢ ᠡᠮᠴᠢᠯᠡᠭᠡᠨ ᠤ ᠬᠤᠯᠪᠣᠭᠠᠲᠤ ᠴᠣᠭᠴᠠ ᠶᠢᠨ ᠪᠠᠶᠢᠭᠤᠯᠤᠯᠲᠠ ᠳᠠᠬᠢ ᠮᠡᠳᠡᠭᠡ ᠵᠠᠩᠭᠢ ᠶᠢᠨ ᠮᠡᠷᠭᠡᠵᠢᠯ ᠤᠨ ᠬᠡᠷᠡᠭᠯᠡᠯᠲᠡ ᠶᠢ ᠠᠬᠢᠭᠤᠯᠵᠤ᠂ ᠡᠮᠴᠢᠯᠡᠭᠡᠨ ᠤ ᠪᠠᠶᠢᠭᠤᠯᠤᠮᠵᠢ ᠶᠢᠨ ᠬᠤᠭᠤᠷᠣᠨᠳᠣᠬᠢ ᠬᠠᠮᠵᠢᠯᠴᠠᠭ᠎ᠠ ᠶᠢ ᠴᠢᠩᠭᠠᠳᠬᠠᠨ᠂ ᠱᠠᠲᠤ ᠬᠤᠪᠢᠶᠠᠨ ᠣᠨᠣᠰᠢᠯᠠᠨ ᠡᠮᠨᠡᠬᠦ ᠪᠠ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠬᠦ ᠶᠢ ᠠᠬᠢᠭᠤᠯᠤᠨ᠎ᠠ᠃ ᠡᠮᠡᠭᠲᠡᠶᠢᠴᠦᠳ ᠤᠨ ᠪᠡᠶ᠎ᠡ ᠰᠡᠳᠬᠢᠴᠡ ᠶᠢᠨ ᠡᠷᠡᠭᠦᠯ ᠮᠡᠨᠳᠦ ᠶᠢᠨ ᠬᠦᠷᠢᠶᠡᠨ ᠳᠠᠬᠢ ᠰᠢᠨᠵᠢᠯᠡᠬᠦ ᠤᠬᠠᠭᠠᠨ ᠤ ᠰᠤᠳᠤᠯᠭᠠᠨ ᠪᠠ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠠᠬᠢᠭᠤᠯᠤᠨ᠎ᠠ᠃      (ᠬᠤᠶᠠᠷ) ᠡᠮᠡᠭᠲᠡᠶᠢᠴᠦᠳ ᠬᠢᠭᠡᠳ ᠰᠤᠷᠭᠠᠨ ᠬᠦᠮᠦᠵᠢᠯ      ᠭᠤᠣᠯ ᠬᠠᠷᠠᠯᠲᠠ᠄      1᠂ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ ᠴᠢᠩᠭᠠᠳᠬᠠᠵᠤ᠂ ᠡᠮᠡᠭᠲᠡᠶᠢᠴᠦᠳ ᠤᠨ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠤᠬᠠᠢ ᠤᠯᠤᠰ ᠲᠥᠷᠥ ᠶᠢᠨ ᠮᠡᠳᠡᠷᠡᠮᠵᠢ᠂ ᠦᠵᠡᠯ ᠰᠠᠨᠠᠭᠠᠨ ᠤ ᠮᠡᠳᠡᠷᠡᠮᠵᠢ᠂ ᠬᠠᠶᠢᠷ᠎ᠠ ᠰᠡᠳᠬᠢᠯᠭᠡ ᠶᠢᠨ ᠮᠡᠳᠡᠷᠡᠮᠵᠢ ᠶᠢ ᠨᠡᠮᠡᠭᠳᠡᠭᠦᠯᠦᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠡᠮᠡᠭᠲᠡᠶᠢᠴᠦᠳ ᠢ ᠬᠥᠲᠥᠯᠥᠨ ᠳᠠᠭᠠᠭᠤᠯᠵᠤ ᠠᠭᠤᠤ ᠶᠡᠭᠡ ᠦᠢᠯᠡᠰ ᠤᠨ ᠪᠦᠲᠦᠭᠡᠨ ᠪᠠᠶᠢᠭᠤᠯᠤᠭᠴᠢ᠂ ᠪᠣᠯᠪᠠᠰᠤᠨ ᠬᠡᠪ ᠰᠤᠷᠲᠠᠯ ᠤᠨ ᠰᠠᠨᠠᠭᠠᠴᠢᠯᠠᠭᠴᠢ᠂ ᠬᠦᠰᠡᠯ ᠵᠡᠭᠦᠳᠦ ᠪᠠᠨ ᠵᠣᠷᠢᠭᠲᠠᠢ ᠬᠥᠭᠡᠭᠡᠴᠡᠯᠳᠦᠭᠴᠢ ᠪᠣᠯᠭᠠᠨ᠎ᠠ᠃      2᠂ ᠰᠤᠷᠭᠠᠨ ᠬᠥᠮᠦᠵᠢᠯ ᠤᠨ ᠠᠵᠢᠯ ᠳᠤ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠎ᠠ᠃     3᠂ ᠳᠤᠮᠳᠠᠳᠤ ᠪᠠᠭ᠎ᠠ ᠰᠤᠷᠭᠠᠭᠤᠯᠢ ᠶᠢᠨ ᠬᠦᠢᠰᠦ ᠶᠢᠨ ᠢᠯᠭᠠᠯ ᠤᠨ ᠡᠷᠬᠡ ᠲᠡᠭᠰᠢ ᠪᠠᠶᠢᠬᠤ ᠰᠤᠷᠭᠠᠨ ᠬᠥᠮᠦᠵᠢᠯ ᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠪᠠᠭᠰᠢ ᠪᠠ ᠰᠤᠷᠤᠭᠴᠢᠳ ᠤᠨ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠦᠵᠡᠯ ᠤᠬᠠᠮᠰᠠᠷ ᠢ ᠢᠯᠡᠳᠲᠡ ᠴᠢᠩᠭᠠᠷᠠᠭᠤᠯᠤᠨ᠎ᠠ᠃      4᠂ ᠵᠢᠭᠠᠯ ᠥᠬᠢᠳ ᠠᠯᠪᠠᠨ ᠵᠢᠷᠤᠮ ᠤᠨ ᠰᠤᠷᠭᠠᠨ ᠬᠥᠮᠦᠵᠢᠯ ᠢ ᠡᠷᠬᠡ ᠲᠡᠭᠰᠢ ᠪᠠᠷ ᠬᠦᠷᠲᠡᠵᠦ᠂ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠤᠷᠮ᠎ᠠ ᠶᠢ 97%᠎ ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠦᠨ᠎ᠡ᠃      5᠂ ᠡᠮᠡᠭᠲᠡᠶᠢᠴᠦᠳ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠢ ᠡᠷᠬᠡ ᠲᠡᠭᠰᠢ ᠪᠠᠷ ᠬᠦᠷᠲᠡᠵᠦ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠬᠤ ᠪᠦᠬᠦ ᠨᠤᠷᠮ᠎ᠠ ᠶᠢ 100%᠎ ᠳᠤ ᠪᠠᠶᠢᠯᠭᠠᠨ᠎ᠠ᠃      6᠂ ᠰᠢᠨᠵᠢᠯᠡᠬᠦ ᠤᠬᠠᠭᠠᠨ ᠮᠡᠷᠭᠡᠵᠢᠯ ᠤᠨ ᠡᠮᠡᠭᠲᠡᠢ ᠴᠢᠳᠠᠪᠤᠷᠢᠲᠠᠨ ᠢ ᠶᠡᠬᠡᠪᠡᠷ ᠬᠥᠮᠥᠵᠢᠭᠦᠯᠦᠨ᠎ᠡ᠃ ᠡᠷᠡᠭᠲᠡᠢ ᠡᠮᠡᠭᠲᠡᠢ ᠶᠢᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠬᠢᠷᠢ ᠬᠡᠮᠵᠢᠶ᠎ᠡ ᠶᠢᠨ ᠵᠥᠷᠢᠶ᠎ᠡ ᠲᠠᠰᠤᠷᠠᠯᠲᠠ ᠦᠭᠡᠢ ᠪᠠᠭᠠᠰᠴᠤ ᠪᠠᠶᠢᠨ᠎ᠠ᠃      7᠂ ᠡᠮᠡᠭᠲᠡᠶᠢᠴᠦᠳ ᠤᠨ ᠨᠠᠰᠤᠨ ᠲᠤᠷᠰᠢᠲᠠ ᠶᠢᠨ ᠰᠤᠷᠤᠯᠴᠠᠬᠤ ᠤᠬᠠᠮᠰᠠᠷ ᠲᠠᠢ ᠪᠣᠯᠬᠤ ᠶᠢ ᠠᠬᠢᠭᠤᠯᠵᠤ᠂ ᠡᠮᠡᠭᠲᠡᠶᠢᠴᠦᠳ ᠤᠨ ᠨᠠᠰᠤᠨ ᠲᠤᠷᠰᠢᠲᠠ ᠶᠢᠨ ᠰᠤᠷᠭᠠᠨ ᠬᠥᠮᠦᠵᠢᠯ ᠭᠥᠷᠳᠡᠬᠦ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃      8᠂ ᠵᠠᠯᠠᠭᠤ ᠢᠳᠡᠷᠴᠦᠳ ᠤᠨ ᠡᠮᠡᠭᠲᠡᠶᠢᠴᠦᠳ ᠤᠨ ᠰᠣᠶᠣᠯ ᠤᠨ ᠪᠠᠯᠠᠢ ᠶᠢ ᠦᠨᠳᠦᠰᠦᠨ ᠳᠡᠭᠡᠨ ᠠᠷᠢᠯᠭᠠᠵᠤ᠂ ᠡᠮᠡᠭᠲᠡᠶᠢᠴᠦᠳ ᠤᠨ ᠰᠤᠷᠭᠠᠨ ᠬᠥᠮᠦᠵᠢᠯ ᠭᠥᠷᠳᠡᠬᠦ ᠳᠤᠮᠳᠠᠴᠢ ᠵᠢᠯ ᠬᠤᠭᠤᠴᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃      ᠠᠷᠭ᠎ᠠ ᠪᠣᠳᠣᠯᠭ᠎ᠠ ᠠᠷᠭ᠎ᠠ ᠬᠡᠮᠵᠢᠶ᠎ᠡ᠄      1᠂ ᠡᠮᠡᠭᠲᠡᠶᠢᠴᠦᠳ ᠲᠤ ᠬᠠᠨᠳᠤᠭᠤᠯᠤᠨ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠢ ᠥᠷᠭᠡᠨ ᠢᠶᠠᠷ ᠥᠷᠨᠢᠭᠦᠯᠦᠨ᠎ᠡ᠃ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠶᠢᠨ ᠲᠡᠦᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ ᠶᠢᠨ ᠬᠥᠮᠦᠵᠢᠯ ᠢ ᠴᠢᠩᠭᠠᠳᠬᠠᠵᠤ᠂ ᠡᠬᠡ ᠣᠷᠣᠨᠴᠢ ᠦᠵᠡᠯ᠂ ᠨᠡᠶᠢᠲᠡᠴᠢ ᠦᠵᠡᠯ᠂ ᠨᠡᠶᠢᠭᠡᠮ ᠵᠢᠷᠤᠮ ᠤᠨ ᠬᠥᠮᠦᠵᠢᠯ ᠢ ᠴᠢᠩᠭᠠᠳᠬᠠᠵᠤ᠂ ᠡᠮᠡᠭᠲᠡᠶᠢᠴᠦᠳ ᠤᠨ ᠬᠦᠰᠡᠯ ᠢᠲᠡᠭᠡᠯ ᠵᠣᠷᠢᠭ ᠢᠶᠠᠨ ᠨᠡᠩ ᠪᠠᠲᠤᠳᠬᠠᠬᠤ ᠶᠢ ᠠᠬᠢᠭᠤᠯᠵᠤ᠂ ᠡᠬᠡ ᠣᠷᠣᠨᠴᠢ ᠰᠡᠳᠬᠢᠯᠭᠡ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠬᠤᠪᠢ ᠬᠥᠮᠥᠨ ᠤ ᠬᠦᠰᠡᠯ ᠬᠥᠭᠡᠭᠡᠴᠡᠯᠳᠦᠯ ᠢᠶᠠᠨ ᠨᠠᠮ ᠪᠠ ᠤᠯᠤᠰ ᠣᠷᠣᠨ ᠤ ᠠᠵᠢᠯ ᠦᠢᠯᠡᠰ ᠤᠨ ᠶᠡᠭᠡ ᠲᠠᠯ᠎ᠠ ᠳᠤ ᠠᠭᠤᠰᠬᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠦᠮᠦᠵᠢᠯ ᠢ ᠭᠦᠨᠵᠡᠭᠡᠶᠢᠷᠡᠭᠦᠯᠦᠨ᠎ᠡ᠃ ᠰᠤᠷᠭᠠᠭᠤᠯᠢ ᠶᠢᠨ ᠰᠤᠷᠭᠠᠨ ᠬᠥᠮᠦᠵᠢᠯ ᠤᠨ ᠭᠤᠣᠯ ᠵᠢᠭᠰᠠᠭᠠᠯ ᠤᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠦᠵᠡᠯ ᠰᠠᠨᠠᠭᠠᠨ ᠤ ᠥᠷᠲᠡᠭ ᠤᠨ ᠬᠥᠲᠥᠯᠥᠨ ᠳᠠᠭᠠᠭᠤᠯᠬᠤ ᠶᠢ ᠰᠤᠷᠭᠠᠨ ᠬᠥᠮᠦᠵᠢᠯ ᠵᠢᠭᠠᠨ ᠰᠤᠷᠭᠠᠯᠲᠠ ᠵᠢᠴᠢ ᠬᠠᠮᠢᠶᠠᠷᠤᠯᠲᠠ ᠶᠢᠨ ᠪᠥᠬᠦ ᠶᠠᠪᠤᠴᠠ ᠪᠠ ᠰᠤᠷᠭᠠᠭᠤᠯᠢ ᠶᠢᠨ ᠬᠦᠷᠢᠶᠡᠨ ᠤ ᠠᠮᠢᠳᠤᠷᠠᠯ ᠤᠨ ᠡᠯ᠎ᠡ ᠲᠠᠯ᠎ᠠ ᠳᠤ ᠲᠤᠤᠱᠯᠠᠭᠤᠯᠤᠨ᠂ ᠰᠤᠷᠭᠠᠭᠤᠯᠢ ᠶᠢᠨ ᠨᠠᠮ ᠤᠨ ᠵᠣᠬᠢᠶᠠᠨ ᠪᠠᠶᠢᠭᠤᠯᠤᠯᠲᠠ᠂ ᠡᠪ ᠬᠠᠮᠲᠤ ᠵᠠᠯᠠᠭᠤᠴᠤᠳ ᠤᠨ ᠡᠪᠯᠡᠯ᠂ ᠪᠠᠭᠠᠴᠤᠳ ᠤᠨ ᠬᠤᠰᠢᠭᠤᠴᠢ ᠠᠩᠭᠢ ᠶᠢᠨ ᠡᠯ᠎ᠡ ᠲᠥᠷᠥᠯ ᠤᠨ ᠭᠤᠣᠯ ᠰᠡᠳᠦᠪᠲᠦ ᠬᠥᠮᠦᠵᠢᠯ ᠪᠠ ᠦᠢᠯᠡᠳᠦᠯᠭᠡ ᠶᠢᠨ ᠠᠵᠢᠯᠯᠠᠭ᠎ᠠ ᠳᠤ ᠠᠭᠤᠰᠬᠠᠨ ᠣᠷᠣᠭᠤᠯᠤᠨ᠎ᠠ᠃ ᠡᠬᠡ ᠣᠷᠣᠨᠴᠢ ᠦᠵᠡᠯ ᠤᠨ ᠬᠥᠮᠦᠵᠢᠯ ᠤᠨ ᠰᠠᠭᠤᠷᠢᠨ ᠭᠠᠵᠠᠷ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠰᠠᠭᠤᠷᠢᠨ ᠭᠠᠵᠠᠷ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ ᠤᠨ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠤᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃      2᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠤᠷᠭᠠᠨ ᠬᠥᠮᠦᠵᠢᠯ ᠤᠨ ᠠᠵᠢᠯ ᠤᠨ ᠪᠥᠬᠦ ᠶᠠᠪᠤᠴᠠ ᠳᠤ ᠢᠯᠡᠷᠡᠭᠦᠯᠦᠨ᠎ᠡ᠃ ᠰᠤᠷᠭᠠᠨ ᠬᠥᠮᠦᠵᠢᠯ ᠤᠨ ᠠᠵᠢᠯᠲᠠᠳ ᠤᠨ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠶᠢ ᠤᠬᠠᠮᠰᠠᠷ ᠠᠴᠠ ᠪᠠᠨ ᠲᠤᠤᠱᠯᠠᠭᠤᠯᠬᠤ ᠰᠠᠨᠠᠭᠠᠴᠢᠯᠠᠭᠠᠲᠤ ᠴᠢᠨᠠᠷ ᠪᠠ ᠴᠢᠳᠠᠮᠠᠭᠠᠢ ᠴᠢᠨᠠᠷ ᠢ ᠨᠡᠮᠡᠭᠳᠡᠭᠦᠯᠦᠨ᠎ᠡ᠃ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠶᠢ ᠰᠤᠷᠭᠠᠨ ᠬᠥᠮᠦᠵᠢᠯ ᠤᠨ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠵᠢᠴᠢ ᠲᠥᠯᠦᠪᠵᠢᠭᠦᠯᠭᠡ ᠶᠢ ᠲᠣᠭᠲᠠᠭᠠᠬᠤ᠂ ᠵᠠᠰᠠᠪᠤᠷᠢ ᠣᠷᠣᠭᠤᠯᠬᠤ᠂ ᠬᠡᠷᠡᠭᠵᠢᠭᠦᠯᠬᠦ ᠪᠠ ᠦᠨᠡᠯᠡᠨ ᠵᠢᠱᠢᠬᠦ ᠳᠤᠮᠳᠠ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠠᠭᠤᠯᠭ᠎ᠠ᠂ ᠵᠢᠭᠠᠨ ᠰᠤᠷᠭᠠᠯᠲᠠ ᠶᠢᠨ ᠶᠠᠪᠤᠴᠠ᠂ ᠰᠤᠷᠭᠠᠭᠤᠯᠢ ᠶᠢᠨ ᠬᠠᠮᠢᠶᠠᠷᠤᠯᠲᠠ ᠳᠤ ᠨᠠᠶᠢᠳᠠᠪᠤᠷᠢᠵᠢᠭᠤᠯᠤᠨ᠎ᠠ᠃ ᠣᠷᠣᠨ ᠨᠤᠲᠤᠭ ᠤᠨ ᠵᠢᠭᠠᠬᠤ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ᠂ ᠬᠢᠴᠢᠶᠡᠯ ᠤᠨ ᠪᠠᠶᠢᠷᠢᠯᠠᠭᠤᠯᠤᠯᠲᠠ᠂ ᠵᠢᠭᠠᠨ ᠰᠤᠷᠭᠠᠯᠲᠠ ᠶᠢᠨ ᠶᠠᠪᠤᠴᠠ ᠳᠠᠬᠢ ᠬᠦᠢᠰᠦ ᠶᠢᠨ ᠢᠯᠭᠠᠯ ᠢ ᠠᠳᠠᠯᠢ ᠲᠡᠭᠰᠢ ᠪᠠᠷ ᠦᠨᠡᠯᠡᠨ ᠵᠢᠱᠢᠬᠦ ᠶᠢ ᠴᠢᠩᠭᠠᠳᠬᠠᠨ᠎ᠠ᠃      3᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠬᠦᠢᠰᠦ ᠶᠢᠨ ᠢᠯᠭᠠᠯ ᠡᠷᠬᠡ ᠲᠡᠭᠰᠢ ᠪᠠᠶᠢᠬᠤ ᠬᠥᠮᠦᠵᠢᠯ ᠢ ᠥᠷᠭᠡᠨ ᠢᠶᠠᠷ ᠥᠷᠨᠢᠭᠦᠯᠬᠦ ᠶᠢ ᠲᠦᠯᠬᠢᠨ ᠠᠬᠢᠭᠤᠯᠤᠨ᠎ᠠ᠃ ᠬᠦᠢᠰᠦ ᠶᠢᠨ ᠢᠯᠭᠠᠯ ᠤᠨ ᠡᠷᠬᠡ ᠲᠡᠭᠰᠢ ᠪᠠᠶᠢᠬᠤ ᠬᠥᠮᠦᠵᠢᠯ ᠢ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠦᠵᠡᠯ ᠰᠠᠨᠠᠭ᠎ᠠ ᠤᠯᠤᠰ ᠲᠥᠷᠥ ᠵᠡᠷᠭᠡ ᠬᠢᠴᠢᠶᠡᠯ ᠤᠨ ᠰᠢᠰᠲ᠋ᠧᠮᠵᠢ ᠳᠤ ᠣᠷᠣᠭᠤᠯᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠦᠢᠰᠦ ᠶᠢᠨ ᠢᠯᠭᠠᠯ ᠤᠨ ᠡᠷᠬᠡ ᠲᠡᠭᠰᠢ ᠪᠠᠶᠢᠬᠤ ᠬᠢᠴᠢᠶᠡᠯ ᠢ ᠨᠡᠭᠡᠭᠡᠨ ᠬᠥᠭᠵᠢᠭᠦᠯᠬᠦ ᠪᠤᠶᠤ ᠣᠷᠣᠭᠤᠯᠤᠨ ᠠᠪᠴᠢᠷᠠᠬᠤ ᠶᠢ ᠠᠬᠢᠭᠤᠯᠵᠤ᠂ ᠬᠦᠢᠰᠦ ᠶᠢᠨ ᠢᠯᠭᠠᠯ ᠤᠨ ᠡᠷᠬᠡ ᠲᠡᠭᠰᠢ ᠪᠠᠶᠢᠬᠤ ᠭᠤᠣᠯ ᠰᠡᠳᠦᠪᠲᠦ ᠬᠢᠴᠢᠶᠡᠯ᠂ ᠨᠡᠶᠢᠯᠡᠯ ᠬᠢᠴᠢᠶᠡᠯ ᠪᠠ ᠦᠢᠯᠡᠳᠦᠯᠭᠡ ᠶᠢᠨ ᠬᠢᠴᠢᠶᠡᠯ ᠨᠡᠭᠡᠭᠡᠬᠦ ᠶᠢ ᠵᠣᠷᠢᠭᠵᠢᠭᠤᠯᠤᠨ᠂ ᠲᠤᠰᠬᠠᠢ ᠰᠡᠳᠦᠪᠲᠦ ᠪᠠᠭᠰᠢ ᠶᠢᠨ ᠪᠣᠯᠪᠠᠰᠤᠷᠠᠭᠤᠯᠤᠯ ᠢ ᠴᠢᠩᠭᠠᠳᠬᠠᠨ᠎ᠠ᠃ ᠬᠦᠢᠰᠦ ᠶᠢᠨ ᠢᠯᠭᠠᠯ ᠡᠷᠬᠡ ᠲᠡᠭᠰᠢ ᠪᠠᠶᠢᠬᠤ ᠬᠥᠮᠦᠵᠢᠯ ᠢ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠭᠤᠯᠭ᠎ᠠ᠂ ᠰᠤᠷᠭᠠᠭᠤᠯᠢ ᠶᠢᠨ ᠬᠦᠷᠢᠶᠡᠨ ᠤ ᠰᠣᠶᠣᠯ᠂ ᠨᠡᠶᠢᠭᠡᠮ ᠤᠨ ᠪᠦᠯᠬᠦᠮ ᠤᠨ ᠠᠵᠢᠯᠯᠠᠭ᠎ᠠ ᠪᠠ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠳᠤ ᠠᠭᠤᠰᠤᠯᠴᠠᠭᠤᠯᠬᠤ ᠶᠢ ᠠᠬᠢᠭᠤᠯᠤᠨ᠎ᠠ᠃ ᠰᠤᠷᠭᠠᠭᠤᠯᠢ ᠶᠢᠨ ᠰᠤᠷᠭᠠᠨ ᠬᠥᠮᠦᠵᠢᠯ᠂ ᠭᠡᠷ ᠪᠦᠯᠢ ᠶᠢᠨ ᠰᠤᠷᠭᠠᠨ ᠬᠥᠮᠦᠵᠢᠯ᠂ ᠨᠡᠶᠢᠭᠡᠮ ᠤᠨ ᠰᠤᠷᠭᠠᠨ ᠬᠥᠮᠦᠵᠢᠯ ᠢ ᠬᠠᠷᠢᠯᠴᠠᠨ ᠤᠶᠠᠯᠳᠤᠭᠤᠯᠤᠭᠰᠠᠨ ᠬᠦᠢᠰᠦ ᠶᠢᠨ ᠢᠯᠭᠠᠯ ᠤᠨ ᠡᠷᠬᠡ ᠲᠡᠭᠰᠢ ᠰᠤᠷᠭᠠᠨ ᠬᠥᠮᠦᠵᠢᠯ ᠤᠨ ᠵᠠᠭᠪᠤᠷ ᠢ ᠰᠦᠪᠡᠭᠴᠢᠯᠡᠨ ᠪᠠᠶᠢᠭᠤᠯᠤᠨ᠎ᠠ᠃      4᠂ ᠡᠮᠡᠭᠲᠡᠢ ᠬᠡᠤᠬᠡᠳ ᠤᠨ ᠡᠷᠬᠡ ᠲᠡᠭᠰᠢ ᠪᠠᠷ ᠠᠯᠪᠠᠨ ᠵᠢᠷᠤᠮ ᠤᠨ ᠰᠤᠷᠭᠠᠨ ᠬᠥᠮᠦᠵᠢᠯ ᠬᠥᠷᠳᠡᠬᠦ ᠡᠷᠬᠡ ᠪᠠ ᠲᠣᠬᠢᠶᠠᠯ ᠢ ᠪᠠᠲᠤᠯᠠᠨ᠎ᠠ᠃ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠳᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠲᠦᠷᠭᠡᠳᠬᠡᠨ᠂ ᠰᠤᠷᠭᠠᠨ ᠬᠥᠮᠦᠵᠢᠯ ᠤᠨ ᠡᠬᠢ ᠪᠠᠶᠠᠯᠢᠭ ᠢ ᠲᠡᠩᠴᠡᠭᠦᠷᠢᠲᠡᠢ ᠲᠣᠬᠢᠷᠠᠭᠤᠯᠵᠤ᠂ ᠡᠮᠡᠭᠲᠡᠢ ᠬᠡᠤᠬᠡᠳ ᠤᠨ ᠡᠷᠬᠡ ᠲᠡᠭᠰᠢ ᠴᠢᠨᠠᠷ ᠰᠠᠶᠢᠲᠠᠢ ᠠᠯᠪᠠᠨ ᠵᠢᠷᠤᠮ ᠤᠨ ᠰᠤᠷᠭᠠᠨ ᠬᠥᠮᠦᠵᠢᠯ ᠬᠥᠷᠳᠡᠬᠦ ᠶᠢ  ᠦᠨᠡᠨᠬᠦ ᠪᠠᠲᠤᠯᠠᠨ᠎ᠠ᠃ ᠰᠤᠷᠤᠯᠭ᠎ᠠ ᠪᠠᠨ ᠳᠣᠷᠭᠤᠨ ᠵᠣᠭᠰᠣᠬᠤ ᠶᠢ ᠣᠨᠣᠪᠴᠢᠲᠠᠶ ᠬᠢᠵᠠᠭᠠᠷᠯᠠᠨ ᠰᠤᠷᠤᠯᠭ᠎ᠠ ᠶᠢ ᠪᠠᠲᠤᠯᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠵᠦ᠂ ᠲᠥᠷᠥᠯ ᠬᠤᠪᠢᠶᠠᠨ ᠵᠢᠯᠤᠭᠤᠳᠬᠤ ᠶᠢ ᠴᠢᠩᠭᠠᠳᠬᠠᠨ᠂ ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ ᠶᠢ ᠱᠠᠯᠠᠪᠳᠠᠭᠤᠯᠵᠦ ᠪᠠᠶᠢᠭᠠᠳ ᠡᠮᠡᠭᠲᠡᠢ ᠬᠡᠤᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠭᠥᠷᠳᠡᠬᠦ ᠶᠢ ᠬᠠᠤᠯᠢ ᠶᠣᠰᠣᠭᠠᠷ ᠪᠠᠲᠤᠯᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠡᠮᠡᠭᠲᠡᠢ ᠬᠡᠤᠬᠡᠳ ᠤᠨ ᠰᠤᠷᠤᠯᠭ᠎ᠠ ᠠᠯᠳᠠᠬᠤ ᠪᠠ ᠬᠥᠳᠡᠭᠡ ᠲᠣᠰᠬᠤᠨ ᠤ ᠭᠡᠷ ᠢᠶᠠᠨ ᠰᠠᠬᠢᠵᠤ ᠬᠤᠴᠣᠷᠤᠭᠰᠠᠨ ᠡᠮᠡᠭᠲᠡᠢ ᠬᠡᠦᠬᠡᠳ᠂ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢᠨ ᠳᠠᠭᠠᠵᠤ ᠨᠡᠭᠦᠭᠰᠡᠨ ᠦᠷ᠎ᠡ ᠬᠡᠦᠬᠡᠳ ᠵᠢᠴᠢ ᠵᠡᠮᠳᠡᠭ ᠡᠮᠡᠭᠲᠡᠢ ᠬᠡᠦᠬᠡᠳ ᠤᠨ ᠰᠤᠷᠭᠠᠨ ᠬᠥᠮᠦᠵᠢᠯ ᠭᠥᠷᠳᠡᠬᠦ ᠡᠷᠬᠡ ᠪᠠ ᠠᠵᠠ ᠲᠣᠬᠢᠶᠠᠯ ᠢ ᠪᠠᠲᠤᠯᠠᠨ᠎ᠠ᠃ ᠰᠤᠷᠤᠯᠭ᠎ᠠ ᠨᠢ ᠬᠦᠴᠢᠷᠲᠡᠢ ᠡᠮᠡᠭᠲᠡᠢ ᠬᠡᠤᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠡᠭᠦᠰᠬᠡᠬᠦ ᠶᠢ ᠳᠡᠮᠵᠢᠵᠦ᠂ ᠡᠮᠡᠭᠲᠡᠢ ᠬᠡᠤᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠬᠦ ᠨᠤᠷᠮ᠎ᠠ ᠶᠢ ᠳᠡᠭᠡᠭᠰᠢᠯᠡᠭᠦᠯᠦᠨ᠎ᠡ᠃      5᠂ ᠡᠮᠡᠭᠲᠡᠶᠢᠴᠦᠳ ᠤᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠭᠥᠷᠳᠡᠬᠦ ᠬᠠᠷᠢᠴᠠᠯ ᠢ ᠳᠡᠭᠡᠭᠰᠢᠯᠡᠭᠦᠯᠦᠨ᠎ᠡ᠃ ᠡᠮᠡᠭᠲᠡᠶᠢᠴᠦᠳ ᠢᠯᠠᠩᠭᠤᠶ᠎ᠠ ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠭᠡᠷ ᠪᠦᠯᠢ ᠶᠢᠨ ᠡᠮᠡᠭᠲᠡᠶᠢᠴᠦᠳ ᠤᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠢ ᠡᠷᠬᠡ ᠲᠡᠭᠰᠢ ᠪᠠᠷ ᠬᠦᠷᠳᠡᠬᠦ ᠡᠷᠬᠡ ᠪᠠ ᠲᠣᠬᠢᠶᠠᠯ ᠢ ᠪᠠᠲᠤᠯᠠᠨ᠎ᠠ᠃ ᠡ᠊ᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠤᠯᠠᠨ ᠶᠠᠩᠵᠤᠴᠢᠯᠠᠭᠰᠠᠨ ᠥᠪᠡᠷᠮᠢᠴᠡ ᠣᠨᠴᠠᠯᠢᠭ ᠲᠠᠢ ᠬᠥᠭᠵᠢᠯᠲᠡ ᠶᠢ ᠲᠦᠯᠬᠢᠨ ᠠᠬᠢᠭᠤᠯᠵᠤ᠂ ᠡ᠊ᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠢᠴᠢᠶᠡᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠤᠯᠠᠨ ᠲᠡᠰ ᠳᠠᠪᠬᠤᠷᠭ᠎ᠠ ᠶᠢᠨ᠂ ᠥᠪᠡᠷᠮᠢᠴᠡ ᠣᠨᠴᠠᠯᠢᠭ ᠲᠠᠢ ᠬᠢᠴᠢᠶᠡᠯ ᠤᠨ ᠠᠭᠤᠯᠭ᠎ᠠ ᠶᠢ ᠲᠣᠬᠢᠷᠠᠭᠤᠯᠵᠤ᠂ ᠡᠮᠡᠭᠲᠡᠶᠢᠴᠦᠳ ᠤᠨ ᠪᠦᠬᠦ ᠲᠠᠯ᠎ᠠ ᠶᠢᠨ ᠬᠥᠭᠵᠢᠯᠲᠡ ᠪᠠ ᠥᠪᠡᠷᠮᠢᠴᠡ ᠬᠥᠭᠵᠢᠯᠲᠡ ᠶᠢᠨ ᠬᠡᠷᠡᠭᠴᠡᠭᠡ ᠶᠢ ᠬᠠᠩᠭᠠᠨ᠎ᠠ᠃ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠬᠢᠭᠡᠳ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠢᠴᠢᠶᠡᠯ ᠢᠶᠠᠨ ᠬᠠᠷᠢᠯᠴᠠᠨ ᠰᠣᠩᠭᠤᠬᠤ᠂ ᠰᠤᠷᠤᠯᠭ᠎ᠠ ᠶᠢᠨ ᠬᠤᠪᠢ ᠪᠠᠨ ᠬᠠᠷᠢᠯᠴᠠᠨ ᠮᠡᠳᠡᠷᠡᠬᠦ᠂ ᠡᠬᠢ ᠪᠠᠶᠠᠯᠢᠭ ᠢᠶᠠᠨ ᠬᠠᠷᠢᠯᠴᠠᠨ ᠨᠡᠪᠲᠡᠷᠡᠯᠴᠡᠬᠦ ᠬᠥᠮᠥᠵᠢᠭᠦᠯᠬᠦ ᠵᠠᠭᠪᠤᠷ ᠢ ᠪᠠᠶᠢᠭᠤᠯᠵᠤ᠂ ᠡᠮᠡᠭᠲᠡᠶᠢᠴᠦᠳ ᠤᠨ ᠦᠰᠦᠨ ᠪᠣᠶᠢᠵᠢᠵᠤ ᠬᠥᠭᠵᠢᠬᠦ ᠠᠷᠭ᠎ᠠ ᠵᠠᠮ ᠢ ᠥᠷᠭᠡᠳᠬᠡᠬᠦ ᠶᠢ ᠵᠣᠷᠢᠭᠵᠢᠭᠤᠯᠤᠨ᠎ᠠ᠃ ᠰᠢᠨᠵᠢᠯᠡᠭᠡᠨ ᠤ ᠰᠠᠯᠠᠭ᠎ᠠ ᠶᠢᠨ ᠰᠣᠩᠭᠤᠯᠲᠠ ᠪᠠ ᠠᠵᠢᠯ ᠮᠡᠷᠭᠡᠵᠢᠯ ᠤᠨ ᠠᠮᠢᠳᠤᠷᠠᠯ ᠤᠨ ᠲᠥᠯᠦᠪᠵᠢᠭᠦᠯᠭᠡ ᠶᠢᠨ ᠵᠢᠯᠣᠭᠤᠳᠤᠯᠭ᠎ᠠ ᠶᠢ ᠬᠠᠨᠳᠤᠯᠭᠠᠲᠤ ᠴᠢᠨᠠᠷᠲᠠᠢ ᠪᠠᠷ ᠥᠷᠨᠢᠭᠦᠯᠵᠦ᠂ ᠡᠮᠡᠭᠲᠡᠶᠢᠴᠦᠳ ᠤᠨ ᠪᠡᠶ᠎ᠡ ᠪᠠᠨ ᠳᠠᠭᠠᠭᠠᠵᠤ ᠰᠣᠩᠭᠤᠯᠲᠠ ᠬᠢᠬᠦ ᠴᠢᠳᠠᠪᠤᠷᠢ ᠶᠢ ᠳᠡᠭᠡᠭᠰᠢᠯᠡᠭᠦᠯᠦᠨ᠂ ᠬᠦᠢᠰᠦ ᠶᠢᠨ ᠢᠯᠭᠠᠯ ᠤᠨ ᠬᠦᠴᠦᠨ ᠵᠦᠢᠯ ᠤᠨ ᠡᠮᠡᠭᠲᠡᠶᠢᠴᠦᠳ ᠤᠨ ᠰᠤᠷᠤᠯᠭ᠎ᠠ ᠪᠠ ᠠᠵᠢᠯ ᠮᠡᠷᠭᠡᠵᠢᠯ ᠤᠨ ᠬᠥᠭᠵᠢᠯᠲᠡ ᠳᠤ ᠦᠵᠡᠭᠦᠯᠬᠦ ᠨᠥᠯᠥᠭᠡ ᠶᠢ ᠠᠷᠢᠯᠭᠠᠨ᠎ᠠ᠃      6᠂ ᠭᠡᠷ ᠲᠡᠭᠡᠨ ᠠᠳᠠᠯ ᠦᠢᠯᠡᠰ ᠴᠣᠭᠴᠠᠯᠠᠵᠤ ᠠᠵᠢᠯ ᠣᠯᠭᠤᠬᠤ ᠵᠢᠴᠢ ᠠᠮᠢᠳᠤᠯᠢᠭ ᠢᠶᠠᠷ ᠠᠵᠢᠯ ᠣᠯᠬᠤ ᠡᠮᠡᠭᠲᠡᠶᠢᠴᠦᠳ ᠤᠨ ᠪᠣᠯᠪᠠᠰᠤᠷᠠᠭᠤᠯᠤᠯ ᠤᠨ ᠡᠷᠴᠢᠮ ᠢ ᠴᠢᠩᠭᠠᠷᠠᠭᠤᠯᠤᠨ᠎ᠠ᠃ ᠡᠮᠡᠭᠲᠡᠶᠢᠴᠦᠳ ᠤᠨ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ᠂ ᠦᠰᠦᠨ ᠪᠣᠶᠢᠵᠢᠵᠤ ᠴᠢᠳᠠᠪᠤᠷᠢᠲᠠᠨ ᠪᠣᠯᠬᠤ᠂ ᠬᠥᠭᠵᠢᠨ ᠳᠠᠪᠰᠢᠬᠤ᠂ ᠦᠢᠯᠡᠳᠦᠯ ᠢᠶᠠᠨ ᠪᠠᠳᠠᠷᠠᠭᠤᠯᠬᠤ᠂ ᠬᠦᠴᠦᠨ ᠴᠢᠳᠠᠯ ᠢᠶᠠᠨ ᠡᠷᠭᠦᠬᠦ ᠲᠠᠪᠴᠠᠩ ᠢ ᠪᠠᠶᠢᠭᠤᠯᠤᠨ᠎ᠠ᠃       7᠂ ᠡᠮᠡᠭᠲᠡᠶᠢᠴᠦᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠶᠡᠬᠡᠪᠡᠷ ᠳᠡᠭᠡᠭᠰᠢᠯᠡᠭᠦᠯᠦᠨ᠎ᠡ᠃ ᠪᠦᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠠᠵᠢᠯᠯᠠᠭ᠎ᠠ ᠶᠢ ᠥᠷᠨᠢᠭᠦᠯᠵᠦ᠂ ᠣᠲᠣ ᠦᠶ᠎ᠡ ᠶᠢᠨ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠠᠰᠢᠭᠯᠠᠨ᠂ ᠡᠮᠡᠭᠲᠡᠶᠢᠴᠦᠳ ᠲᠤ ᠬᠠᠨᠳᠤᠭᠤᠯᠤᠭᠰᠠᠨ ᠰᠢᠨᠵᠢᠯᠡᠬᠦ ᠤᠬᠠᠭᠠᠨ ᠤ ᠮᠡᠳᠡᠯᠭᠡ ᠶᠢᠨ ᠬᠥᠮᠦᠵᠢᠯ᠂ ᠤᠯᠠᠮᠵᠢᠯᠠᠨ ᠳᠡᠯᠭᠡᠷᠡᠭᠦᠯᠬᠦ ᠪᠠ ᠲᠦᠭᠡᠮᠡᠯᠵᠢᠭᠦᠯᠬᠦ ᠡᠷᠴᠢᠮ ᠢ ᠴᠢᠩᠭᠠᠷᠠᠭᠤᠯᠤᠨ᠂ ᠡᠮᠡᠭᠲᠡᠢ ᠰᠢᠨᠵᠢᠯᠡᠬᠦ ᠤᠬᠠᠭᠠᠨᠲᠠᠨ ᠤ ᠰᠤᠷᠭᠠᠭᠤᠯᠢ ᠶᠢᠨ ᠬᠦᠷᠢᠶᠡᠨ ᠳᠤ ᠣᠷᠣᠬᠤ ᠠᠵᠢᠯᠯᠠᠭ᠎ᠠ ᠶᠢ ᠥᠷᠨᠢᠭᠦᠯᠵᠦ᠂ ᠰᠢᠯᠢᠳᠡᠭ ᠡᠮᠡᠭᠲᠡᠢ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠥᠯᠢᠭᠡᠷ ᠳᠠᠭᠤᠷᠢᠶᠠᠯ ᠢᠶᠠᠷ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠳᠤᠮᠳᠠᠳᠤ ᠪᠠᠭ᠎ᠠ ᠰᠤᠷᠭᠠᠭᠤᠯᠢ ᠶᠢᠨ ᠡᠮᠡᠭᠲᠡᠢ ᠰᠣᠷᠣᠭᠴᠢ ᠶᠢ ᠬᠥᠲᠥᠯᠥᠨ ᠵᠢᠯᠤᠭᠤᠳᠴᠤ ᠪᠠᠶᠢᠭᠠᠳ ᠡᠯ᠎ᠡ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯᠯᠠᠭ᠎ᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠤᠷᠤᠯᠳᠤᠭᠠᠨ ᠳᠤ ᠣᠷᠣᠯᠴᠠᠭᠤᠯᠵᠤ᠂ ᠰᠢᠨᠵᠢᠯᠡᠬᠦ ᠤᠬᠠᠭᠠᠨ ᠤ ᠳᠤᠷ᠎ᠠ ᠰᠣᠨᠢᠷᠬᠠᠯ᠂ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠ ᠦᠢᠯᠡᠳᠦᠯᠭᠡ ᠶᠢᠨ ᠴᠢᠳᠠᠪᠤᠷᠢ ᠶᠢ ᠬᠥᠮᠥᠵᠢᠭᠦᠯᠦᠨ᠎ᠡ᠃ ᠬᠥᠳᠡᠭᠡ ᠲᠣᠰᠬᠤᠨ ᠤ ᠡᠮᠡᠭᠲᠡᠶᠢᠴᠦᠳ ᠤᠨ ᠬᠡᠪ ᠴᠢᠨᠠᠷ ᠢ ᠳᠡᠭᠡᠭᠰᠢᠯᠡᠭᠦᠯᠬᠦ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠬᠥᠳᠡᠭᠡ ᠲᠣᠰᠬᠤᠨ ᠤ ᠡᠮᠡᠭᠲᠡᠶᠢᠴᠦᠳ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠤᠷᠤᠯᠴᠠᠬᠤ ᠶᠢ ᠳᠡᠮᠵᠢᠨ᠎ᠡ᠃      8᠂ ᠡᠮᠡᠭᠲᠡᠢ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠶᠢ ᠶᠡᠬᠡᠪᠡᠷ ᠴᠢᠩᠭᠠᠳᠬᠠᠨ᠎ᠠ᠃ ᠤᠯᠠᠨ ᠲᠡᠰ ᠳᠠᠪᠬᠤᠷᠭ᠎ᠠ ᠶᠢᠨ ᠡᠮᠡᠭᠲᠡᠢ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠰᠢᠰᠲ᠋ᠧᠮ ᠢ ᠰᠦᠪᠡᠭᠴᠢᠯᠡᠨ ᠪᠠᠶᠢᠭᠤᠯᠤᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠡᠮᠡᠭᠲᠡᠢ ᠰᠣᠷᠣᠭᠴᠢ ᠶᠢᠨ ᠰᠢᠨᠵᠢᠯᠡᠬᠦ ᠤᠬᠠᠭᠠᠨ ᠢ ᠬᠠᠶᠢᠷᠠᠯᠠᠬᠤ᠂ ᠰᠢᠨᠵᠢᠯᠡᠬᠦ ᠤᠬᠠᠭᠠᠨ ᠢ ᠰᠤᠷᠤᠯᠴᠠᠬᠤ ᠳᠤᠷ᠎ᠠ ᠰᠣᠨᠢᠷᠬᠠᠯ ᠪᠠ ᠬᠦᠰᠡᠯ ᠵᠣᠷᠢᠯᠲᠠ ᠶᠢ ᠬᠥᠮᠥᠵᠢᠭᠦᠯᠬᠦ ᠶᠢ ᠠᠩᠬᠠᠷᠤᠨ᠎ᠠ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠡᠮᠡᠭᠲᠡᠢ ᠰᠣᠷᠣᠭᠴᠢ ᠶᠢᠨ ᠰᠢᠨᠵᠢᠯᠡᠬᠦ ᠤᠬᠠᠭᠠᠨ ᠤ ᠳᠤᠷ᠎ᠠ ᠰᠣᠨᠢᠷᠬᠠᠯ ᠪᠠ ᠰᠢᠮᠳᠠᠨ ᠰᠤᠳᠤᠯᠬᠤ ᠵᠣᠷᠢᠭ ᠰᠠᠨᠠᠭ᠎ᠠ ᠲᠠᠢ ᠪᠣᠯᠬᠤ ᠶᠢ ᠬᠥᠲᠥᠯᠥᠨ ᠵᠢᠯᠤᠭᠤᠳᠴᠤ᠂ ᠬᠦᠰᠡᠯ ᠡᠷᠡᠮᠡᠯᠵᠡᠯ ᠲᠠᠢ ᠡᠮᠡᠭᠲᠡᠢ ᠰᠣᠷᠣᠭᠴᠢ ᠶᠢᠨ ᠪᠠᠶᠢᠭᠠᠯᠢ ᠲᠧᠭᠨᠢᠭ ᠤᠨ ᠤᠬᠠᠭᠠᠨ ᠤ ᠲᠥᠷᠥᠯ ᠤᠨ ᠳᠡᠭᠡᠳᠦ ᠰᠤᠷᠭᠠᠭᠤᠯᠢ ᠳᠤ ᠨᠡᠷ᠎ᠡ ᠮᠡᠳᠡᠭᠦᠯᠬᠦ ᠶᠢ ᠳᠡᠮᠵᠢᠨ᠎ᠡ᠃ ᠡᠮᠡᠭᠲᠡᠶᠢᠴᠦᠳ ᠤᠨ ᠰᠢᠨ᠎ᠡ ᠶᠢ ᠡᠭᠦᠳᠬᠦ ᠬᠡᠯᠪᠡᠷᠢ ᠶᠢᠨ᠂ ᠬᠠᠮ ᠬᠡᠷᠡᠭᠯᠡᠭᠡᠨ ᠤ ᠬᠡᠯᠪᠡᠷᠢ ᠶᠢᠨ ᠴᠢᠳᠠᠪᠤᠷᠢᠲᠠᠨ ᠢ ᠬᠥᠮᠥᠵᠢᠭᠦᠯᠬᠦ ᠡᠷᠴᠢᠮ ᠢ ᠴᠢᠩᠭᠠᠷᠠᠭᠤᠯᠤᠨ᠎ᠠ᠃ ᠡᠮᠡᠭᠲᠡᠶᠢᠴᠦᠳ ᠤᠨ ᠰᠢᠨᠵᠢᠯᠡᠬᠦ ᠤᠬᠠᠭᠠᠨ ᠪᠠ ᠮᠡᠷᠭᠡᠵᠢᠯ ᠤᠨ ᠬᠠᠮᠢᠶ᠎ᠠ ᠪᠦᠬᠦᠢ ᠠᠵᠢᠯ ᠳᠤ ᠣᠷᠤᠯᠴᠠᠬᠤ ᠶᠢ ᠬᠥᠲᠥᠯᠥᠨ ᠵᠢᠯᠤᠭᠤᠳᠴᠤ᠂ ᠡᠮᠡᠭᠲᠡᠢ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠦᠷᠭᠦᠯᠵᠢᠯᠡᠭᠰᠡᠨ ᠰᠤᠷᠭᠠᠨ ᠬᠥᠮᠦᠵᠢᠯ ᠪᠠ ᠲᠤᠰᠬᠠᠢ ᠮᠡᠷᠭᠡᠵᠢᠯ ᠤᠨ ᠪᠣᠯᠪᠠᠰᠤᠷᠠᠭᠤᠯᠤᠯ ᠳᠤ ᠣᠷᠤᠯᠴᠠᠬᠤ ᠲᠣᠬᠢᠶᠠᠯ ᠢ ᠨᠡᠮᠡᠭᠳᠡᠭᠦᠯᠦᠨ᠎ᠡ᠃      9᠂ ᠡᠮᠡᠭᠲᠡᠶᠢᠴᠦᠳ ᠤᠨ ᠨᠠᠰᠤᠨ ᠲᠤᠷᠰᠢᠲᠠ ᠶᠢᠨ ᠰᠤᠷᠤᠯᠴᠠᠯᠭ᠎ᠠ ᠳᠤ ᠳᠡᠮᠵᠢᠯᠭᠡ ᠬᠠᠩᠭᠠᠨ᠎ᠠ᠃ ᠨᠡᠩ ᠨᠡᠭᠡᠭᠡᠯᠲᠡ ᠲᠠᠢ ᠪᠥᠭᠡᠳ ᠠᠮᠢᠳᠤᠯᠢᠭ ᠨᠠᠰᠤᠨ ᠲᠤᠷᠰᠢᠲᠠ ᠶᠢᠨ ᠰᠤᠷᠤᠯᠴᠠᠯᠭ᠎ᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠬᠢᠭᠡᠳ ᠡᠩ ᠤᠨ ᠰᠤᠷᠭᠠᠨ ᠬᠥᠮᠦᠵᠢᠯ᠂ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠬᠢᠭᠡᠳ ᠰᠤᠷᠤᠯᠭ᠎ᠠ ᠶᠢᠨ ᠨᠠᠮᠲᠠᠷ ᠤᠨ ᠪᠤᠰᠤ ᠰᠤᠷᠭᠠᠨ ᠬᠥᠮᠦᠵᠢᠯ ᠢ ᠨᠡᠪᠲᠡᠷᠡᠯᠴᠡᠭᠦᠯᠦᠨ ᠵᠣᠯᠭᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠳᠠᠩᠰᠠᠯᠠᠭᠤᠯᠤᠨ ᠰᠤᠷᠤᠯᠴᠠᠭᠤᠯᠬᠤ᠂ ᠤᠶᠠᠨ ᠬᠠᠳᠠᠨ ᠢᠶᠠᠷ ᠰᠤᠷᠤᠯᠴᠠᠭᠤᠯᠬᠤ ᠪᠠ ᠦᠷᠭᠦᠯᠵᠢᠯᠡᠨ ᠬᠥᠮᠥᠵᠢᠭᠦᠯᠬᠦ ᠳᠦᠷᠢᠮ ᠢ ᠲᠡᠭᠦᠯᠳᠡᠷᠵᠢᠭᠦᠯᠵᠦ᠂ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠤᠨ ᠠᠷᠭ᠎ᠠ ᠵᠠᠮ ᠢ ᠥᠷᠭᠡᠳᠬᠡᠵᠦ᠂ ᠡᠮᠡᠭᠲᠡᠶᠢᠴᠦᠳ ᠤᠨ ᠤᠯᠠᠨ ᠶᠠᠩᠵᠤᠴᠢᠯᠠᠭᠰᠠᠨ ᠰᠤᠷᠤᠯᠴᠠᠯᠭ᠎ᠠ ᠶᠢᠨ ᠬᠡᠷᠡᠭᠴᠡᠭᠡ ᠶᠢ ᠬᠠᠩᠭᠠᠵᠤ᠂ ᠬᠥᠩᠭᠡᠵᠢᠬᠦ ᠠᠴᠠ ᠪᠣᠯᠵᠤ ᠰᠤᠷᠤᠯᠭ᠎ᠠ ᠪᠠᠨ ᠵᠣᠭᠰᠣᠬᠤ ᠪᠠ ᠠᠵᠢᠯ ᠮᠡᠷᠭᠡᠵᠢᠯ ᠲᠠᠢ ᠡᠮᠡᠭᠲᠡᠶᠢᠴᠦᠳ ᠤᠨ ᠬᠥᠭᠵᠢᠯᠲᠡ ᠶᠢᠨ ᠬᠡᠷᠡᠭᠴᠡᠭᠡ ᠶᠢ ᠠᠩᠬᠠᠷᠬᠤ ᠬᠡᠷᠡᠭᠲᠡᠢ᠃ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠥᠷᠭᠡᠳᠬᠡᠵᠦ᠂ ᠡᠮᠡᠭᠲᠡᠶᠢᠴᠦᠳ ᠲᠤ ᠳᠥᠭᠦᠮ ᠳᠥᠲᠡ ᠨᠡᠶᠢᠭᠡᠮ ᠲᠣᠭᠤᠷᠢᠭ ᠤᠨ ᠪᠠ ᠰᠦᠯᠵᠢᠶᠡᠨ ᠤ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠠᠩᠭᠠᠵᠤ᠂ ᠬᠡᠷᠡᠭᠴᠡᠭᠡ ᠲᠠᠢ ᠬᠤᠲᠠ ᠳᠤ ᠣᠷᠣᠵᠤ ᠠᠵᠢᠯ ᠬᠥᠳᠡᠯᠮᠦᠷᠢ ᠬᠢᠵᠦ ᠪᠠᠶᠢᠭ᠎ᠠ ᠡᠮᠡᠭᠲᠡᠶᠢᠴᠦᠳ᠂ ᠡᠮᠡᠭᠲᠡᠶᠢᠴᠦᠳ ᠤᠨ ᠰᠢᠨ᠎ᠡ ᠬᠤᠲᠠ ᠶᠢᠨ ᠠᠷᠠᠳ᠂ ᠠᠵᠢᠯ ᠬᠦᠯᠢᠶᠡᠵᠦ ᠪᠠᠶᠢᠭ᠎ᠠ ᠡᠮᠡᠭᠲᠡᠶᠢᠴᠦᠳ ᠵᠡᠷᠭᠡ ᠳᠤ ᠬᠠᠨᠳᠤᠯᠭᠠᠲᠤ ᠴᠢᠨᠠᠷᠲᠠᠢ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠬᠠᠩᠭᠠᠨ᠎ᠠ᠃      10᠂ ᠡᠮᠡᠭᠲᠡᠢ ᠵᠠᠯᠠᠭᠤ ᠢᠳᠡᠷᠴᠦᠳ ᠤᠨ ᠦᠰᠦᠭ ᠦᠯᠦ ᠲᠠᠨᠢᠬᠤ ᠶᠠᠪᠤᠳᠠᠯ ᠢ ᠠᠷᠢᠯᠭᠠᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠨᠡᠶᠢᠲᠡᠯᠢᠭ ᠬᠡᠯᠡ ᠶᠢ ᠳᠡᠯᠭᠡᠷᠡᠭᠦᠯᠬᠦ ᠡᠷᠴᠢᠮ ᠢ ᠴᠢᠩᠭᠠᠷᠠᠭᠤᠯᠤᠨ᠎ᠠ᠃ ᠰᠣᠶᠣᠯ ᠤᠨ ᠪᠠᠯᠠᠢ ᠶᠢ ᠠᠷᠢᠯᠭᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠥᠮᠦᠵᠢᠯ ᠢ ᠴᠢᠩᠭᠠᠳᠬᠠᠵᠤ᠂ ᠡᠮᠡᠭᠲᠡᠢ ᠬᠡᠦᠬᠡᠳ ᠤᠨ ᠰᠤᠷᠤᠯᠭ᠎ᠠ ᠪᠠᠨ ᠲᠤᠷᠭᠤᠨ ᠵᠣᠭᠰᠣᠬᠤ ᠦᠵᠡᠭᠳᠡᠯ ᠢ ᠠᠷᠢᠯᠭᠠᠵᠤ᠂ ᠵᠠᠯᠠᠭᠤ ᠢᠳᠡᠷᠴᠦᠳ ᠤᠨ ᠰᠢᠨ᠎ᠡ ᠰᠣᠶᠣᠯ ᠤᠨ ᠪᠠᠯᠠᠢ ᠪᠤᠢ ᠪᠣᠯᠬᠤ ᠶᠢ ᠬᠤᠷᠢᠭᠯᠠᠨ᠎ᠠ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠪᠣᠯᠪᠠᠰᠤᠷᠠᠭᠤᠯᠤᠯ ᠵᠢᠴᠢ ᠡᠯ᠎ᠡ ᠲᠦᠷᠦᠯ ᠤᠨ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠢ ᠵᠡᠮᠳᠡᠭ ᠡᠮᠡᠭᠲᠡᠶᠢᠴᠦᠳ ᠵᠡᠷᠭᠡ ᠬᠠᠮᠲᠤᠯᠢᠭ ᠲᠤ ᠬᠡᠯᠪᠡᠶᠢᠯᠭᠡᠨ᠎ᠡ᠃ ᠦᠰᠦᠭ ᠦᠯᠦ ᠲᠠᠨᠢᠬᠤ ᠶᠠᠪᠤᠳᠠᠯ ᠢ ᠠᠷᠢᠯᠭᠠᠭᠰᠠᠨ ᠤ ᠳᠠᠷᠠᠭᠠᠬᠢ ᠦᠷᠭᠦᠯᠵᠢᠯᠡᠭᠰᠡᠨ ᠰᠤᠷᠭᠠᠨ ᠬᠥᠮᠦᠵᠢᠯ ᠢ ᠭᠦᠨᠵᠡᠭᠡᠶᠢᠷᠡᠭᠦᠯᠦᠨ᠎ᠡ᠃ ᠡᠮᠡᠭᠲᠡᠶᠢᠴᠦᠳ ᠤᠨ ᠰᠤᠷᠭᠠᠨ ᠬᠥᠮᠦᠵᠢᠯ ᠬᠦᠷᠳᠡᠬᠦ ᠳᠤᠮᠳᠠᠴᠢ ᠵᠢᠯ ᠬᠤᠭᠤᠴᠠᠭ᠎ᠠ ᠶᠢ ᠳᠡᠭᠡᠭᠰᠢᠯᠡᠭᠦᠯᠦᠨ᠎ᠡ᠃      11᠂ ᠡᠷᠬᠡ ᠲᠡᠭᠰᠢ ᠬᠦᠨᠳᠦᠳᠬᠡᠬᠦ ᠪᠠ ᠠᠮᠤᠷ ᠲᠦᠪᠰᠢᠨ ᠨᠥᠬᠦᠷᠰᠡᠭ ᠨᠠᠶᠢᠷᠰᠠᠭ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠪᠠᠶᠢᠭᠤᠯᠤᠨ᠎ᠠ᠃ ᠬᠠᠷᠢᠯᠴᠠᠨ ᠬᠦᠨᠳᠦᠳᠬᠡᠬᠦ᠂ ᠡᠷᠬᠡ ᠲᠡᠭᠰᠢ ᠡᠶ᠎ᠡ ᠨᠠᠶᠢᠷᠲᠠᠢ ᠪᠠᠭᠰᠢ ᠰᠣᠷᠣᠭᠴᠢ᠂ ᠬᠠᠮᠲᠤ ᠰᠣᠷᠣᠭᠴᠢ ᠶᠢᠨ ᠬᠠᠷᠢᠴᠠᠭ᠎ᠠ ᠪᠠᠶᠢᠭᠤᠯᠬᠤ ᠶᠢ ᠠᠬᠢᠭᠤᠯᠵᠤ᠂ ᠰᠤᠷᠭᠠᠭᠤᠯᠢ ᠶᠢᠨ ᠠᠮᠢ ᠨᠠᠰᠤᠨ ᠤ ᠬᠥᠮᠦᠵᠢᠯ᠂ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠪᠠ ᠤᠷᠢᠳᠴᠢᠯᠠᠨ ᠰᠡᠷᠭᠡᠶᠢᠯᠡᠬᠦ ᠴᠢᠨᠠᠷᠲᠠᠢ ᠬᠠᠯᠳᠠᠯᠭ᠎ᠠ᠂ ᠪᠡᠯᠭᠡ ᠶᠢᠨ ᠬᠠᠯᠳᠠᠯᠭ᠎ᠠ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠤᠷᠢᠳᠴᠢᠯᠠᠨ ᠰᠡᠷᠭᠡᠶᠢᠯᠡᠬᠦ ᠬᠠᠮᠢᠶ᠎ᠠ ᠪᠦᠬᠦᠢ ᠬᠢᠴᠢᠶᠡᠯ ᠲᠣᠬᠢᠷᠠᠭᠤᠯᠬᠤ ᠶᠢ ᠵᠣᠷᠢᠭᠵᠢᠭᠤᠯᠵᠤ᠂ ᠰᠤᠷᠤᠭᠴᠢᠳ ᠤᠨ ᠥᠪᠡᠷ ᠢ ᠪᠠᠨ ᠬᠠᠮᠠᠭᠠᠯᠠᠬᠤ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠦᠨ᠎ᠡ᠃ ᠳᠤᠮᠳᠠᠳᠤ ᠪᠠᠭ᠎ᠠ ᠰᠤᠷᠭᠠᠭᠤᠯᠢ ᠨᠤᠭᠤᠳ ᠨᠠᠰᠤᠨ ᠳᠤ ᠥᠯᠥ ᠭᠦᠷᠦᠭᠰᠡᠳ ᠲᠤ ᠤᠷᠢᠳᠴᠢᠯᠠᠨ ᠰᠡᠷᠭᠡᠶᠢᠯᠡᠬᠦ ᠴᠢᠨᠠᠷᠲᠠᠢ ᠬᠠᠯᠳᠠᠯᠭ᠎ᠠ ᠬᠢᠬᠦ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠳᠦᠷ ᠲᠤᠲᠤᠮ ᠤᠨ ᠬᠠᠮᠢᠶᠠᠷᠤᠯᠲᠠ᠂ ᠤᠷᠢᠳᠴᠢᠯᠠᠨ ᠰᠡᠷᠭᠡᠶᠢᠯᠡᠵᠦ ᠵᠢᠭᠰᠠᠭᠠᠨ ᠪᠠᠶᠢᠴᠠᠭᠠᠬᠤ᠂ ᠵᠠᠭᠠᠯᠳᠤᠯᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠪᠠ ᠪᠠᠶᠢᠴᠠᠭᠠᠨ ᠰᠢᠢᠳᠪᠦᠷᠢᠯᠡᠬᠦ ᠪᠠᠨ ᠴᠢᠩᠭᠠᠳᠬᠠᠬᠤ ᠬᠡᠷᠡᠭᠲᠡᠢ᠃ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠪᠠᠶᠢᠴᠠᠭᠠᠨ ᠯᠠᠪᠯᠠᠬᠤ ᠬᠠᠤᠯᠢ ᠪᠠᠷ ᠲᠣᠭᠲᠠᠭᠠᠭᠰᠠᠨ ᠡᠭᠦᠷᠭᠡ ᠶᠢ ᠭᠦᠢᠴᠡᠳᠬᠡᠵᠦ᠂ ᠨᠥᠬᠦᠴᠡᠯ ᠳᠤ ᠨᠡᠶᠢᠴᠡᠬᠦ ᠦᠭᠡᠢ ᠪᠠᠭᠰᠢ ᠠᠵᠢᠯᠲᠠᠨ ᠢ ᠰᠢᠢᠳᠪᠦᠷᠢᠯᠡᠨ᠎ᠡ᠃      (ᠭᠤᠷᠪᠠ) ᠡᠮᠡᠭᠲᠡᠶᠢᠴᠦᠳ ᠬᠢᠭᠡᠳ ᠠᠵᠤ ᠠᠬᠤᠢ      ᠭᠤᠣᠯ ᠬᠠᠷᠠᠯᠲᠠ᠄      1᠂ ᠡᠮᠡᠭᠲᠡᠶᠢᠴᠦᠳ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠶᠢ ᠵᠣᠷᠢᠭᠵᠢᠭᠤᠯᠤᠨ ᠳᠡᠮᠵᠢᠵᠦ᠂ ᠡᠮᠡᠭᠲᠡᠶᠢᠴᠦᠳ ᠤᠨ ᠠᠵᠤ ᠠᠬᠤᠢ ᠶᠢᠨ ᠬᠥᠭᠵᠢᠯᠲᠡ ᠳᠤ ᠡᠷᠬᠡ ᠲᠡᠭᠰᠢ ᠪᠠᠷ ᠣᠷᠤᠯᠴᠠᠬᠤ ᠡᠷᠬᠡ ᠪᠠ ᠠᠵᠠ ᠲᠣᠬᠢᠶᠠᠯ ᠢ ᠪᠠᠲᠤᠯᠠᠭ᠎ᠠ ᠲᠠᠢ ᠪᠣᠯᠭᠠᠨ᠎ᠠ᠃      2᠂ ᠡᠷᠬᠡ ᠲᠡᠭᠰᠢ ᠪᠠᠷ ᠠᠵᠢᠯ ᠣᠯᠬᠤ ᠶᠢ ᠠᠬᠢᠭᠤᠯᠵᠤ᠂ ᠠᠵᠢᠯ ᠣᠯᠭᠤᠯᠲᠠ ᠶᠢᠨ ᠬᠦᠢᠰᠦ ᠶᠢᠨ ᠭᠠᠳᠠᠭᠤᠷᠴᠢᠯᠠᠯ ᠢ ᠠᠷᠢᠯᠭᠠᠨ᠎ᠠ᠃ ᠠᠵᠢᠯ ᠣᠯᠣᠭᠰᠠᠳ ᠤᠨ ᠳᠣᠲᠣᠷᠠᠬᠢ ᠡᠮᠡᠭᠲᠡᠶᠢᠴᠦᠳ ᠤᠨ ᠬᠠᠷᠢᠴᠠᠯ ᠎ ᠢ 45% ᠣᠷᠴᠢᠮ ᠪᠠᠶᠢᠯᠭᠠᠨ᠎ᠠ᠃      3᠂ ᠪᠥᠬᠦᠳᠡ ᠤᠯᠠᠨ ᠢᠶᠠᠷ ᠢᠶᠠᠨ ᠠᠳᠠᠯ ᠦᠢᠯᠡᠰ ᠴᠣᠭᠴᠠᠯᠠᠬᠤ᠂ ᠲᠦᠮᠡᠨ ᠤᠯᠠᠨ ᠢᠶᠠᠷ ᠢᠶᠠᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠵᠤ᠂ ᠡᠮᠡᠭᠲᠡᠶᠢᠴᠦᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠶᠡᠬᠡᠪᠡᠷ ᠲᠡᠮᠵᠢᠨ᠎ᠡ᠃      4᠂ ᠡᠮᠡᠭᠲᠡᠢ ᠣᠶᠤᠲᠠᠳ ᠤᠨ ᠭᠦᠢᠴᠡᠳ ᠠᠳᠠᠯ ᠦᠢᠯᠡᠰ ᠴᠣᠭᠴᠠᠯᠠᠵᠤ ᠠᠵᠢᠯ ᠣᠯᠬᠤ ᠶᠢ ᠳᠡᠮᠵᠢᠨ᠎ᠡ᠃      5᠂ ᠡᠮᠡᠭᠲᠡᠶᠢᠴᠦᠳ ᠤᠨ ᠠᠵᠢᠯ ᠣᠯᠭᠤᠯᠲᠠ ᠶᠢᠨ ᠪᠦᠲᠦᠴᠡ ᠶᠢ ᠰᠢᠯᠢᠳᠡᠭᠵᠢᠭᠦᠯᠦᠨ᠎ᠡ᠃ ᠬᠤᠲᠠ ᠪᠠᠯᠭᠠᠰᠤ ᠶᠢᠨ ᠨᠢᠭᠡᠴᠡ ᠳᠤ ᠠᠵᠢᠯᠯᠠᠵᠤ ᠪᠠᠶᠢᠭ᠎ᠠ ᠬᠥᠮᠥᠰ ᠤᠨ ᠳᠣᠲᠣᠷᠠᠬᠢ ᠡᠮᠡᠭᠲᠡᠶᠢᠴᠦᠳ ᠤᠨ ᠬᠠᠷᠢᠴᠠᠯ ᠢ 40% ᠣᠷᠴᠢᠮ ᠳᠤ ᠬᠦᠷᠦᠭᠦᠯᠦᠨ᠎ᠡ᠃      6᠂ ᠡᠮᠡᠭᠲᠡᠢ ᠴᠢᠳᠠᠪᠤᠷᠢᠲᠠᠨ ᠤ ᠬᠥᠭᠵᠢᠯᠲᠡ ᠶᠢ ᠠᠬᠢᠭᠤᠯᠤᠨ᠎ᠠ᠃ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠠᠵᠢᠯᠲᠠᠨ ᠤ ᠳᠣᠲᠣᠷᠠᠬᠢ ᠡᠮᠡᠭᠲᠡᠶᠢᠴᠦᠳ ᠤᠨ ᠬᠠᠷᠢᠴᠠᠯ ᠢ 50%᠎ ᠳᠤ ᠬᠦᠷᠦᠭᠦᠯᠵᠦ᠂ ᠡᠮᠡᠭᠲᠡᠢ ᠬᠥᠳᠡᠯᠮᠦᠷᠢᠴᠢᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠶᠢ ᠠᠬᠢᠭᠤᠯᠤᠨ᠎ᠠ᠃      7᠂ ᠡᠮᠡᠭᠲᠡᠶᠢᠴᠦᠳ ᠤᠨ ᠭᠤᠣᠯᠴᠢ ᠬᠥᠳᠡᠯᠮᠦᠷᠢ ᠶᠢᠨ ᠬᠥᠯᠥᠰᠦ ᠣᠯᠭᠤᠮᠵᠢ ᠣᠯᠬᠤ ᠶᠢ ᠪᠠᠲᠤᠯᠠᠵᠤ᠂ ᠡᠷᠡᠭᠲᠡᠢ ᠡᠮᠡᠭᠲᠡᠢ ᠶᠢᠨ ᠣᠷᠣᠯᠭ᠎ᠠ ᠶᠢᠨ ᠵᠥᠷᠢᠶ᠎ᠡ ᠶᠢ ᠢᠯᠡᠳᠲᠡ ᠪᠠᠭᠠᠰᠬᠠᠨ᠎ᠠ᠃      8᠂ ᠡᠮᠡᠭᠲᠡᠢ ᠬᠥᠳᠡᠯᠮᠦᠷᠢᠴᠢᠳ ᠤᠨ ᠬᠥᠳᠡᠯᠮᠦᠷᠢ ᠶᠢᠨ ᠠᠮᠤᠷ ᠲᠦᠪᠰᠢᠨ ᠪᠠ ᠡᠷᠡᠭᠦᠯ ᠮᠡᠨᠳᠦ ᠶᠢ ᠪᠠᠲᠤᠯᠠᠨ᠎ᠠ᠃ ᠡᠮᠡᠭᠲᠡᠢ ᠠᠵᠢᠯᠲᠠᠨ ᠠᠵᠢᠯᠴᠢᠨ ᠤ ᠠᠵᠢᠯ ᠤᠨ ᠨᠥᠯᠥᠭᠡᠨ ᠤ ᠡᠪᠡᠳᠴᠢᠨ ᠤ ᠡᠭᠦᠰᠬᠦ ᠨᠣᠷᠮ᠎ᠠ ᠶᠢ ᠳᠤᠷᠤᠭᠰᠢᠯᠠᠭᠤᠯᠤᠨ᠎ᠠ᠃      9᠂ ᠬᠥᠳᠡᠭᠡ ᠲᠣᠰᠬᠤᠨ ᠤ ᠡᠮᠡᠭᠲᠡᠶᠢᠴᠦᠳ ᠤᠨ ᠭᠠᠵᠠᠷ ᠰᠢᠷᠣᠢ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠬᠦ ᠡᠷᠬᠡ᠂ ᠣᠷᠣᠨ ᠰᠠᠭᠤᠴᠠ ᠶᠢᠨ ᠰᠠᠭᠤᠷᠢ ᠭᠠᠵᠠᠷ ᠢ ᠬᠡᠷᠡᠭᠯᠡᠬᠦ ᠡᠷᠬᠡ᠂ ᠬᠠᠮᠲᠤ ᠶᠢᠨ ᠠᠵᠤ ᠠᠬᠤᠢ ᠶᠢᠨ ᠠᠰᠢᠭ ᠣᠷᠣᠯᠭ᠎ᠠ ᠶᠢ ᠬᠤᠪᠢᠶᠠᠷᠢᠯᠠᠬᠤ ᠡᠷᠬᠡ ᠵᠡᠷᠭᠡ ᠡᠯ᠎ᠡ ᠵᠦᠢᠯ ᠤᠨ ᠡᠷᠬᠡ ᠠᠰᠢᠭ ᠢ ᠠᠳᠠᠯᠢ ᠲᠡᠭᠰᠢ ᠪᠠᠷ ᠡᠳ᠋ᠯᠡᠬᠦ ᠶᠢ ᠪᠠᠲᠤᠯᠠᠵᠤ᠂ ᠭᠠᠵᠠᠷ ᠰᠢᠷᠣᠢ ᠨᠤᠲᠤᠭ ᠪᠡᠯᠴᠢᠭᠡᠷ ᠢ ᠲᠠᠲᠠᠪᠤᠷᠢᠯᠠᠬᠤ ᠪᠤᠶᠤ ᠲᠠᠲᠠᠪᠤᠷᠢᠯᠠᠨ ᠬᠡᠷᠡᠭᠯᠡᠵᠦ ᠲᠥᠪᠬᠢᠨᠡᠭᠦᠯᠬᠦ ᠨᠥᠬᠦᠪᠦᠷᠢ ᠶᠢᠨ ᠡᠷᠬᠡ ᠠᠰᠢᠭ ᠢ ᠠᠳᠠᠯᠢ ᠲᠡᠭᠰᠢ ᠪᠠᠷ ᠡᠳ᠋ᠯᠡᠬᠦ ᠶᠢ ᠪᠠᠲᠤᠯᠠᠨ᠎ᠠ᠃      10᠂ ᠬᠥᠳᠡᠭᠡ ᠲᠣᠰᠬᠤᠨ ᠤ ᠡᠮᠡᠭᠲᠡᠶᠢᠴᠦᠳ ᠤᠨ ᠦᠷᠭᠦᠯᠵᠢᠯᠡᠬᠦ ᠬᠥᠭᠵᠢᠯᠲᠡ ᠶᠢᠨ ᠴᠢᠳᠠᠪᠤᠷᠢ ᠶᠢ ᠨᠡᠮᠡᠭᠳᠡᠭᠦᠯᠵᠦ᠂ ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠡᠮᠡᠭᠲᠡᠶᠢᠴᠦᠳ ᠤᠨ ᠬᠠᠮᠲᠤᠯᠢᠭ ᠎ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢ ᠬᠠᠪᠰᠤᠷᠤᠨ᠎ᠠ᠃      11᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠠᠬᠢ ᠡᠮᠡᠭᠲᠡᠶᠢᠴᠦᠳ ᠤᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃      ᠠᠷᠭ᠎ᠠ ᠪᠣᠳᠣᠯᠭ᠎ᠠ ᠠᠷᠭ᠎ᠠ ᠬᠡᠮᠵᠢᠶ᠎ᠡ᠄      1᠂ ᠡᠮᠡᠭᠲᠡᠶᠢᠴᠦᠳ ᠤᠨ ᠠᠵᠤ ᠠᠬᠤᠢ ᠶᠢᠨ ᠬᠥᠭᠵᠢᠯᠲᠡ ᠳᠤ ᠡᠷᠬᠡ ᠲᠡᠭᠰᠢ ᠪᠠᠷ ᠣᠷᠤᠯᠴᠠᠬᠤ ᠶᠢ ᠪᠠᠲᠤᠯᠠᠬᠤ ᠡᠷᠴᠢᠮ ᠢ ᠴᠢᠩᠭᠠᠷᠠᠭᠤᠯᠤᠨ᠎ᠠ᠃ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠡᠮᠡᠭᠲᠡᠶᠢᠴᠦᠳ ᠤᠨ ᠡᠷᠬᠡ ᠲᠡᠭᠰᠢ ᠪᠠᠷ ᠠᠵᠤ ᠠᠬᠤᠢ ᠶᠢᠨ ᠡᠬᠢ ᠪᠠᠶᠠᠯᠢᠭ ᠣᠯᠬᠤ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠳᠤ ᠣᠷᠤᠯᠴᠠᠬᠤ᠂ ᠠᠵᠤ ᠠᠬᠤᠢ ᠶᠢᠨ ᠬᠥᠭᠵᠢᠯᠲᠡ ᠶᠢᠨ ᠦᠷ᠎ᠡ ᠪᠦᠲᠦᠭᠡᠯ ᠢ ᠡᠳ᠋ᠯᠡᠬᠦ ᠶᠢ ᠪᠠᠲᠤᠯᠠᠬᠤ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠡᠮᠡᠭᠲᠡᠢ ᠴᠢᠳᠠᠪᠤᠷᠢᠲᠠᠨ ᠤ ᠰᠢᠨ᠎ᠡ ᠶᠢ ᠡᠭᠦᠳᠬᠦ ᠬᠥᠭᠵᠢᠯᠲᠡ ᠶᠢᠨ ᠳᠤᠮᠳᠠ ᠨᠡᠩ ᠶᠡᠭᠡ ᠦᠢᠯᠡᠳᠦᠯ ᠪᠠᠳᠠᠷᠠᠭᠤᠯᠬᠤ ᠶᠢ ᠳᠡᠮᠵᠢᠬᠦ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠳᠦᠷᠢᠮ ᠤᠨ ᠲᠣᠭᠲᠠᠴᠠ ᠶᠢᠨ ᠰᠢᠨ᠎ᠡ ᠶᠢ ᠡᠭᠦᠳᠴᠦ᠂ ᠡᠮᠡᠭᠲᠡᠶᠢᠴᠦᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ᠂ ᠠᠵᠢᠯ ᠮᠡᠷᠭᠡᠵᠢᠯ ᠤᠨ ᠬᠥᠭᠵᠢᠯᠲᠡ᠂ ᠬᠥᠳᠡᠯᠮᠦᠷᠢ ᠶᠢᠨ ᠬᠥᠯᠥᠰᠦ ᠣᠯᠭᠤᠮᠵᠢ᠂ ᠠᠵᠢᠯ ᠮᠡᠷᠭᠡᠵᠢᠯ ᠤᠨ ᠡᠷᠡᠭᠦᠯ ᠮᠡᠨᠳᠦ ᠬᠢᠭᠡᠳ ᠠᠮᠤᠷ ᠲᠦᠪᠰᠢᠨ᠂ ᠠᠵᠢᠯ ᠮᠡᠷᠭᠡᠵᠢᠯ ᠠᠴᠠ ᠤᠬᠤᠷᠢᠨ ᠭᠠᠷᠬᠤ᠂ ᠭᠠᠵᠠᠷ ᠰᠢᠷᠣᠢ ᠨᠤᠲᠤᠭ ᠪᠡᠯᠴᠢᠭᠡᠷ ᠵᠡᠷᠭᠡ ᠲᠠᠯ᠎ᠠ ᠶᠢᠨ ᠡᠷᠬᠡ ᠠᠰᠢᠭ ᠢ ᠪᠠᠲᠤᠯᠠᠵᠤ᠂ ᠡᠮᠡᠭᠲᠡᠶᠢᠴᠦᠳ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠭᠦᠢᠴᠡᠳ ᠣᠷᠤᠯᠴᠠᠬᠤ ᠳᠤ ᠠᠰᠢᠭᠲᠠᠢ ᠨᠥᠬᠦᠴᠡᠯ ᠢ ᠡᠭᠦᠳᠴᠦ ᠥᠭᠭᠦᠨ᠎ᠡ᠃      2᠂ ᠠᠵᠢᠯ ᠣᠯᠭᠤᠬᠤ ᠬᠦᠢᠰᠦ ᠶᠢᠨ ᠢᠯᠭᠠᠯ ᠤᠨ ᠭᠠᠳᠠᠭᠤᠷᠴᠢᠯᠠᠯ ᠢ ᠠᠷᠢᠯᠭᠠᠬᠤ ᠠᠵᠢᠯ ᠤᠨ ᠡᠷᠴᠢᠮ ᠢ ᠨᠡᠮᠡᠭᠳᠡᠭᠦᠯᠦᠨ᠎ᠡ᠃ ᠠᠵᠢᠯ ᠣᠯᠭᠤᠯᠲᠠ ᠶᠢᠨ ᠬᠦᠢᠰᠦ ᠶᠢᠨ ᠢᠯᠭᠠᠯ ᠤᠨ ᠭᠠᠳᠠᠭᠤᠷᠴᠢᠯᠠᠯ ᠢ ᠠᠷᠢᠯᠭᠠᠬᠤ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠦᠢᠰᠦ ᠶᠢᠨ ᠢᠯᠭᠠᠯ ᠤᠨ ᠡᠷᠬᠡ ᠲᠡᠭᠰᠢ ᠪᠠᠶᠢᠬᠤ ᠠᠵᠢᠯ ᠣᠯᠭᠤᠯᠲᠠ ᠶᠢᠨ ᠲᠣᠭᠲᠠᠴᠠ ᠪᠠ ᠵᠠᠬ᠎ᠠ ᠳᠡᠯᠭᠡᠭᠦᠷ ᠤᠨ ᠤᠷᠴᠢᠨ ᠲᠤᠭᠤᠷᠢᠨ ᠢ ᠡᠭᠦᠳᠦᠨ᠎ᠡ᠃ ᠬᠥᠮᠥᠨ ᠬᠡᠷᠡᠭᠯᠡᠬᠦ ᠨᠢᠭᠡᠴᠡ ᠡᠯᠰᠡᠨ ᠠᠪᠬᠤ ︵ᠤᠷᠢᠬᠤ︶ ᠶᠠᠪᠤᠴᠠ ᠳᠠᠭᠠᠨ ᠤᠯᠤᠰ ᠠᠴᠠ ᠲᠣᠭᠲᠠᠭᠠᠭᠰᠠᠨ ᠡᠮᠡᠭᠲᠡᠶᠢᠴᠦᠳ ᠲᠤ ᠲᠣᠬᠢᠷᠠᠬᠤ ᠦᠭᠡᠢ ᠠᠵᠢᠯ ᠲᠦᠷᠦᠯ ᠪᠤᠶᠤ ᠠᠵᠢᠯ ᠤᠨ ᠪᠠᠶᠢᠷᠢ ᠶᠢ ᠭᠠᠷᠭᠠᠪᠠᠯ᠂ ᠬᠦᠢᠰᠦ ᠶᠢᠨ ᠢᠯᠭᠠᠯ ᠢᠶᠠᠷ ᠪᠤᠶᠤ ᠬᠡᠯᠪᠡᠷᠢ ᠶᠢ ᠨᠢ ᠥᠭᠡᠷᠡᠳᠡᠭᠦᠯᠦᠨ ᠬᠦᠢᠰᠦ ᠶᠢᠨ ᠢᠯᠭᠠᠯ ᠢᠶᠠᠷ ᠰᠢᠯᠲᠠᠭ ᠪᠣᠯᠭᠠᠵᠤ ᠡᠮᠡᠭᠲᠡᠶᠢᠴᠦᠳ ᠢ ᠡᠯᠰᠡᠨ ᠬᠡᠷᠡᠭᠯᠡᠬᠦ ᠶᠢ ᠲᠡᠪᠴᠢᠬᠦ ᠪᠤᠶᠤ ᠡᠮᠡᠭᠲᠡᠶᠢᠴᠦᠳ ᠢ ᠡᠯᠰᠡᠨ ᠬᠡᠷᠡᠭᠯᠡᠬᠦ ᠪᠠᠷᠢᠮᠵᠢᠶ᠎ᠠ ᠶᠢ ᠳᠡᠭᠡᠭᠰᠢᠯᠡᠭᠦᠯᠵᠦ ᠪᠣᠯᠬᠤ ᠦᠭᠡᠢ᠃ ᠬᠥᠳᠡᠯᠮᠦᠷᠢ ᠶᠢᠨ ᠭᠡᠷ᠎ᠡ ᠳᠤ ᠡᠮᠡᠭᠲᠡᠶᠢᠴᠦᠳ ᠤᠨ ᠤᠷᠤᠭᠯᠠᠬᠤ᠂ ᠬᠡᠦᠬᠡᠳ ᠠᠪᠬᠤ ᠶᠢ ᠲᠣᠭᠲᠠᠭᠠᠬᠤ ᠪᠤᠶᠤ ᠪᠤᠰᠤᠳ ᠠᠷᠭ᠎ᠠ ᠮᠠᠶ᠋ᠢᠭ ᠢᠶᠠᠷ ᠬᠡᠯᠪᠡᠷᠢ ᠶᠢ ᠨᠢ ᠥᠭᠡᠷᠡᠲᠦᠭᠦᠯᠦᠨ ᠬᠢᠵᠠᠭᠠᠷᠯᠠᠵᠤ ᠪᠣᠯᠬᠤ ᠦᠭᠡᠢ᠃ ᠬᠥᠮᠥᠨ ᠬᠡᠷᠡᠭᠯᠡᠬᠦ ᠨᠢᠭᠡᠴᠡ ᠶᠢᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠬᠦ ᠶᠢ ᠱᠠᠯᠠᠪᠳᠠᠭᠤᠯᠵᠦ᠂ ᠠᠵᠢᠯ ᠣᠯᠭᠤᠯᠲᠠ ᠶᠢᠨ ᠬᠦᠢᠰᠦ ᠶᠢᠨ ᠢᠯᠭᠠᠯ ᠤᠨ ᠭᠠᠳᠠᠭᠤᠷᠴᠢᠯᠠᠯ ᠢ ᠥᠪᠡᠷ ᠲᠡᠭᠡᠨ ᠪᠠᠶᠢᠴᠠᠭᠠᠵᠤ ᠥᠪᠡᠷ ᠲᠡᠬᠡᠨ‌‍ᠬᠥ᠋ᠳᠡᠯᠮᠦᠷᠢ ᠶᠢᠨ ᠪᠠᠲᠤᠯᠠᠭ᠎ᠠ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠵᠤ᠂ ᠠᠵᠢᠯ ᠣᠯᠭᠤᠯᠲᠠ ᠶᠢᠨ ᠬᠦᠢᠰᠦ ᠶᠢᠨ ᠢᠯᠭᠠᠯ ᠤᠨ ᠭᠠᠳᠠᠭᠤᠷᠴᠢᠯᠠᠯ ᠢᠶᠠᠷ ᠰᠡᠵᠢᠭᠯᠡᠭᠳᠡᠭᠰᠡᠨ ᠬᠥᠮᠥᠨ ᠬᠡᠷᠡᠭᠯᠡᠬᠦ ᠨᠢᠭᠡᠴᠡ ᠳᠤ ᠵᠠᠯᠠᠷᠠᠭᠤᠯᠬᠤ ᠰᠠᠨᠠᠯ ᠳᠤᠷᠠᠳᠴᠤ᠂ ᠬᠠᠤᠯᠢ ᠶᠣᠰᠣᠭᠠᠷ ᠰᠢᠢᠳᠪᠦᠷᠢᠯᠡᠨ᠎ᠡ᠃ ᠤᠷᠢᠨ ᠬᠡᠷᠡᠭᠯᠡᠬᠦ᠂ ᠡᠯᠰᠡᠨ ᠬᠡᠷᠡᠭᠯᠡᠬᠦ ᠵᠠᠩᠭᠢᠯᠠᠭ᠎ᠠ ᠳᠠᠬᠢ ᠬᠦᠢᠰᠦ ᠶᠢᠨ ᠢᠯᠭᠠᠯ ᠤᠨ ᠭᠠᠳᠠᠭᠤᠷᠴᠢᠯᠠᠯ ᠳᠤ ᠬᠤᠯᠪᠣᠭᠳᠠᠭᠰᠠᠨ ᠬᠥᠮᠥᠨ ᠬᠡᠷᠡᠭᠯᠡᠬᠦ ᠨᠢᠭᠡᠴᠡ ᠲᠠᠢ ᠬᠠᠮᠲᠤᠷᠠᠨ ᠪᠣᠯᠵᠣᠨ ᠶᠠᠷᠢᠯᠴᠠᠵᠤ᠂ ᠬᠠᠤᠯᠢ ᠶᠣᠰᠣᠭᠠᠷ ᠵᠠᠯᠬᠠᠭᠠᠨ ᠰᠢᠳᠬᠡᠨ᠎ᠡ᠃ ᠠᠵᠢᠯ ᠣᠯᠭᠤᠯᠲᠠ ᠶᠢᠨ ᠬᠦᠢᠰᠦ ᠢᠯᠭᠠᠯ ᠤᠨ ᠭᠠᠳᠠᠭᠤᠷᠴᠢᠯᠠᠯ ᠤᠨ ᠵᠠᠭᠠᠯᠳᠤᠬᠤ ᠪᠠ ᠰᠢᠢᠳᠪᠦᠷᠢᠯᠡᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠠᠵᠢᠯ ᠣᠯᠭᠤᠯᠲᠠ ᠶᠢᠨ ᠬᠦᠢᠰᠦ ᠢᠯᠭᠠᠯ ᠤᠨ ᠭᠠᠳᠠᠭᠤᠷᠴᠢᠯᠠᠯ ᠳᠤ ᠬᠤᠯᠪᠣᠭᠳᠠᠭᠰᠠᠨ ᠵᠠᠷᠭᠤ ᠶᠢ ᠬᠠᠤᠯᠢ ᠶᠤᠰᠤᠭᠠᠷ ᠰᠢᠢᠳᠪᠦᠷᠢᠯᠡᠨ᠎ᠡ᠃ ᠠᠵᠢᠯ ᠲᠦᠷᠦᠯ ᠤᠨ ᠨᠡᠶᠢᠭᠡᠮᠯᠢᠭ᠂ ᠬᠤᠳᠠᠯᠳᠤᠭᠠᠴᠢᠳ ᠤᠨ ᠡᠪᠯᠡᠯ ᠤᠨ ᠵᠣᠬᠢᠴᠠᠭᠤᠯᠵᠤ ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠵᠤ᠂ ᠠᠵᠢᠯ ᠲᠦᠷᠦᠯ ᠤᠨ ᠥᠪᠡᠷ ᠢ ᠪᠠᠨ ᠱᠠᠭᠠᠷᠳᠠᠬᠤ ᠤᠬᠠᠮᠰᠠᠷ ᠢ ᠳᠡᠭᠡᠭᠰᠢᠯᠡᠭᠦᠯᠦᠨ᠎ᠡ᠃ ᠨᠠᠮ ᠵᠠᠰᠠᠭ ᠤᠨ ᠪᠠᠶᠢᠭᠤᠯᠭ᠎ᠠ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠨᠢ ᠡᠯᠰᠡᠨ ᠬᠡᠷᠡᠭᠯᠡᠬᠦ ︵ᠤᠷᠢᠬᠤ︶ ᠪᠠ ᠠᠵᠢᠯᠲᠠᠨ ᠠᠵᠢᠯᠴᠢᠨ ᠤ ᠲᠤᠰᠢᠶᠠᠯ ᠳᠡᠪᠰᠢᠬᠦ᠂ ᠲᠤᠰᠬᠠᠢ ᠮᠡᠷᠭᠡᠵᠢᠯ ᠤᠨ ᠴᠣᠯᠠ ᠶᠢ ᠦᠨᠡᠯᠡᠨ ᠲᠣᠭᠲᠠᠭᠠᠬᠤ ᠵᠡᠷᠭᠡ ᠲᠠᠯ᠎ᠠ ᠪᠠᠷ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠶᠢᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠎ᠠ᠃      3᠂ ᠡᠮᠡᠭᠲᠡᠶᠢᠴᠦᠳ ᠤᠨ ᠭᠦᠢᠴᠡᠳ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠠᠬᠢᠭᠤᠯᠤᠨ᠎ᠠ᠃ ᠡᠯ᠎ᠡ ᠲᠥᠷᠥᠯ ᠤᠨ ᠴᠢᠨᠠᠷ ᠰᠠᠶᠢᠲᠠᠢ ᠪᠣᠯᠪᠠᠰᠤᠷᠠᠭᠤᠯᠤᠯ ᠬᠥᠮᠦᠵᠢᠯ ᠤᠨ ᠡᠬᠢ ᠪᠠᠶᠠᠯᠢᠭ ᠤᠨ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠤᠨ ᠠᠵᠢᠯ ᠳᠤ ᠢᠳᠡᠪᠬᠢᠲᠡᠢ ᠣᠷᠤᠯᠴᠠᠬᠤ ᠶᠢ ᠵᠣᠷᠢᠭᠵᠢᠭᠤᠯᠵᠤ᠂ ᠠᠳᠠᠯ ᠦᠢᠯᠡᠰ ᠴᠣᠭᠴᠠᠯᠠᠬᠤ ᠬᠦᠰᠡᠯ ᠡᠷᠡᠮᠡᠯᠵᠡᠯ ᠪᠠ ᠪᠣᠯᠪᠠᠰᠤᠷᠠᠭᠤᠯᠤᠯ ᠤᠨ ᠬᠡᠷᠡᠭᠴᠡᠭᠡ ᠱᠠᠭᠠᠷᠳᠠᠯᠭ᠎ᠠ ᠲᠠᠢ ᠡᠮᠡᠭᠲᠡᠢ ᠬᠥᠳᠡᠯᠮᠦᠷᠢᠴᠢᠳ ᠲᠤ ᠲᠤᠰᠬᠠᠶᠢᠵᠢᠭᠰᠠᠨ᠂ ᠵᠢᠷᠤᠮᠵᠢᠭᠰᠠᠨ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠪᠠ ᠠᠳᠠᠯ ᠦᠢᠯᠡᠰ ᠴᠣᠭᠴᠠᠯᠠᠬᠤ ᠦᠢᠯᠡᠴᠢᠯᠡᠭᠡ ᠬᠠᠩᠭᠠᠵᠤ᠂ ᠨᠠᠩ ᠣᠯᠠᠨ ᠡᠮᠡᠭᠲᠡᠢ ᠠᠳᠠᠯ ᠦᠢᠯᠡᠰ ᠴᠣᠭᠴᠠᠯᠠᠭᠴᠢ ᠶᠢᠨ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠶᠢ ᠪᠡᠶᠡᠯᠡᠭᠦᠯᠬᠦ ᠶᠢ ᠠᠬᠢᠭᠤᠯᠤᠨ᠎ᠠ᠃ ᠤᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠲᠤᠰᠬᠠᠢ ᠵᠦᠢᠯ ᠤᠨ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠡᠮᠡᠭᠲᠡᠶᠢᠴᠦᠳ ᠤᠨ ᠠᠵᠢᠯ ᠣᠯᠬᠤ ᠶᠢᠨ ᠬᠥᠮᠥᠨ ᠪᠠ ᠠᠵᠢᠯ ᠤᠨ ᠪᠠᠶᠢᠷᠢ ᠶᠢᠨ ᠵᠤᠯᠭᠠᠭᠤᠯᠬᠤ ᠶᠢ ᠠᠬᠢᠭᠤᠯᠤᠨ᠎ᠠ᠃ ᠪᠤᠭᠤᠲᠤ ᠬᠤᠲᠠ ᠶᠢᠨ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠮᠡᠳᠡᠭᠡ ᠵᠠᠩᠭᠢᠵᠢᠯᠲᠠ ᠶᠢᠨ ᠲᠠᠪᠴᠠᠩ ᠢᠶᠠᠷ ᠲᠦᠰᠢᠭ ᠪᠣᠯᠭᠠᠵᠤ᠂ ᠠᠵᠢᠯ ᠡᠷᠢᠬᠦ᠂ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠪᠠ ᠪᠣᠯᠪᠠᠰᠤᠷᠠᠭᠤᠯᠤᠯ ᠢ ᠨᠠᠷᠢᠯᠢᠭ ᠤᠨᠤᠪᠴᠢᠲᠠᠢ ᠪᠠᠷ ᠵᠣᠯᠭᠠᠭᠤᠯᠬᠤ ᠶᠢ ᠠᠬᠢᠭᠤᠯᠤᠨ᠂ ᠪᠦᠲᠦᠴᠡ ᠶᠢᠨ ᠴᠢᠨᠠᠷᠲᠠᠢ ᠠᠵᠢᠯ ᠣᠯᠭᠤᠯᠲᠠ ᠶᠢᠨ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠪᠠ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠡᠮᠡᠭᠲᠡᠶᠢᠴᠦᠳ ᠢ ᠰᠢᠩᠭᠡᠬᠡᠨ ᠠᠪᠴᠤ ᠠᠵᠢᠯ ᠣᠯᠭᠤᠬᠤ ᠴᠢᠳᠠᠮᠵᠢ ᠶᠢ ᠭᠦᠢᠴᠡᠳ ᠪᠠᠳᠠᠷᠠᠭᠤᠯᠵᠤ᠂ ᠡᠮᠡᠭᠲᠡᠶᠢᠴᠦᠳ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠤᠨ ᠠᠵᠢᠯ ᠡᠷᠬᠢᠯᠡᠭᠰᠡᠳ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠳᠤ ᠣᠷᠤᠯᠴᠠᠬᠤ ᠶᠢ ᠳᠡᠮᠵᠢᠨ᠎ᠡ᠃ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠠᠵᠢᠯ ᠣᠯᠬᠤ ᠳᠤ ᠬᠦᠴᠢᠷᠲᠡᠢ ᠡᠮᠡᠭᠲᠡᠶᠢᠴᠦᠳ ᠢ ᠤᠯᠠᠨ ᠠᠷᠭ᠎ᠠ ᠵᠠᠮ ᠢᠶᠠᠷ ᠬᠠᠪᠰᠤᠷᠴᠤ ᠪᠠᠶᠢᠭᠠᠳ ᠠᠵᠢᠯ ᠣᠯᠭᠤᠯᠲᠠ ᠶᠢ ᠨᠢ ᠪᠡᠶᠡᠯᠡᠭᠦᠯᠦᠨ᠎ᠡ᠃ ᠬᠥᠳᠡᠭᠡ ᠲᠣᠰᠬᠤᠨ ᠤ ᠡᠮᠡᠭᠲᠡᠶᠢᠴᠦᠳ ᠤᠨ ᠬᠥᠳᠡᠯᠮᠦᠷᠢ ᠶᠢᠨ ᠬᠦᠴᠦᠨ ᠳᠤ ᠴᠢᠭᠯᠡᠭᠦᠯᠦᠨ ᠬᠥᠳᠡᠯᠮᠦᠷᠢ ᠦᠢᠯᠡᠴᠢᠯᠡᠭᠡᠨ ᠤ ᠵᠠᠬ᠎ᠠ ᠳᠡᠯᠭᠡᠭᠦᠷ ᠪᠤᠶᠤ ᠡᠳᠦᠷ ᠤᠨ ᠬᠦᠴᠦᠨ ᠤ ᠵᠠᠬ᠎ᠠ ᠳᠡᠯᠭᠡᠭᠦᠷ ᠭᠠᠷᠭᠠᠬᠤ ᠶᠢ ᠵᠣᠷᠢᠭᠵᠢᠭᠤᠯᠵᠤ᠂ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠭᠠᠷ ᠤᠷᠠᠯᠠᠯ ᠤᠨ ᠪᠦᠲᠦᠭᠡᠭᠳᠡᠬᠦᠨ ᠤ ᠠᠵᠤ ᠦᠢᠯᠡᠰ ᠤᠨ ᠬᠥᠭᠵᠢᠯᠲᠡ ᠶᠢ ᠲᠡᠮᠵᠢᠵᠤ᠂ ᠵᠣᠬᠢᠶᠠᠨ ᠪᠠᠶᠢᠭᠤᠯᠤᠯᠴᠠᠭᠰᠠᠨ ᠬᠡᠮᠵᠢᠶ᠎ᠡ ᠶᠢ ᠳᠡᠭᠡᠭᠰᠢᠯᠡᠭᠦᠯᠵᠦ᠂ ᠡᠮᠡᠭᠲᠡᠶᠢᠴᠦᠳ ᠤᠨ ᠣᠶᠢᠷ᠎ᠠ ᠬᠠᠪᠢ ᠳᠠᠭᠠᠨ ᠠᠵᠢᠯ ᠣᠯᠬᠤ ᠶᠢ ᠠᠬᠢᠭᠤᠯᠤᠨ᠎ᠠ᠃ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ᠂ ᠠᠳᠠᠯ ᠦᠢᠯᠡᠰ ᠴᠣᠭᠴᠠᠯᠠᠬᠤ ᠦᠢᠯᠡᠳᠦᠯᠭᠡ᠂ ᠯᠠᠪᠯᠠᠭ᠎ᠠ ᠥᠭᠴᠦ ᠵᠢᠯᠤᠭᠤᠳᠬᠤ᠂ ᠮᠥᠷᠳᠡᠵᠦ ᠬᠠᠪᠰᠤᠷᠤᠨ ᠲᠡᠳᠬᠦᠬᠦ ᠵᠡᠷᠭᠡ ᠨᠢᠭᠡ ᠴᠣᠭᠴᠠᠵᠢᠭᠤᠯᠤᠭᠰᠠᠨ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠤᠨ ᠰᠢᠰᠲ᠋ᠧᠮᠵᠢ ᠶᠢ ᠪᠣᠶ ᠪᠣᠯᠭᠠᠵᠤ᠂ ᠡᠮᠡᠭᠲᠡᠶᠢᠴᠦᠳ ᠤᠨ ᠠᠳᠠᠯ ᠦᠢᠯᠡᠰ ᠴᠣᠭᠴᠠᠯᠠᠬᠤ ᠶᠢ ᠡᠯ᠎ᠡ ᠲᠥᠷᠥᠯ ᠤᠨ ᠲᠠᠪᠴᠠᠩ ᠢᠶᠠᠷ ᠳᠡᠮᠵᠢᠬᠦ ᠶᠢ ᠠᠬᠢᠭᠤᠯᠤᠨ᠎ᠠ᠃ ᠮᠥᠩᠭᠦᠨ ᠭᠦᠢᠯᠭᠡᠭᠡ᠂ ᠳᠠᠭᠠᠳᠬᠠᠯ ᠤᠨ ᠦᠢᠯᠡᠳᠬᠦᠨ ᠪᠠ ᠦᠢᠯᠡᠴᠢᠯᠡᠭᠡᠨ ᠤ ᠵᠠᠭᠪᠤᠷ ᠤᠨ ᠲᠠᠯ᠎ᠠ ᠪᠠᠷ ᠰᠢᠨ᠎ᠡ ᠶᠢ ᠡᠭᠦᠳᠴᠦ᠂ ᠡᠮᠡᠭᠲᠡᠶᠢᠴᠦᠳ ᠤᠨ ᠠᠳᠠᠯ ᠦᠢᠯᠡᠰ ᠴᠣᠭᠴᠠᠯᠠᠬᠤ ᠪᠡᠯᠡ ᠲᠣᠬᠢᠷᠠᠭᠤᠯᠬᠤ ᠠᠷᠭ᠎ᠠ ᠵᠠᠮ ᠢ ᠥᠷᠭᠡᠳᠬᠡᠨ᠎ᠡ᠃ ᠲᠠᠯᠠᠪᠤᠷ ᠭᠠᠵᠠᠷ ᠤᠨ ᠳᠡᠮᠵᠢᠯᠭᠡ᠂ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠬᠦ᠂ ᠭᠠᠶᠢᠯᠢ ᠲᠠᠲᠠᠪᠤᠷᠢ ᠶᠢᠨ ᠬᠠᠷᠠᠭᠠᠯᠵᠠᠯ᠂ ᠠᠳᠠᠯ ᠦᠢᠯᠡᠰ ᠴᠣᠭᠴᠠᠯᠠᠬᠤ ᠨᠥᠬᠦᠪᠦᠷᠢ ᠵᠡᠷᠭᠡ ᠲᠥᠷᠥ ᠶᠢᠨ ᠪᠣᠳᠣᠯᠭ᠎ᠠ ᠶᠢᠨ ᠳᠡᠮᠵᠢᠯᠭᠡ ᠬᠠᠩᠭᠠᠨ᠎ᠠ᠃ ᠡᠮᠡᠭᠲᠡᠢ ᠠᠵᠤ ᠠᠬᠤᠶᠢᠯᠠᠯᠲᠠᠨ ᠤ ᠪᠣᠳᠠᠲᠤ ᠴᠣᠭᠴᠠ ᠶᠢᠨ ᠠᠵᠤ ᠠᠬᠤᠢ ᠶᠢ ᠬᠦᠴᠦᠷᠬᠡᠭᠵᠢᠭᠦᠯᠦᠨ ᠰᠢᠯᠢᠳᠡᠭᠵᠢᠭᠦᠯᠬᠦ ᠶᠢ ᠵᠣᠷᠢᠭᠵᠢᠭᠤᠯᠵᠤ᠂ ᠨᠠᠩ ᠣᠯᠠᠨ ᠡᠮᠡᠭᠲᠡᠶᠢᠴᠦᠳ ᠢ ᠡᠯᠰᠡᠨ ᠠᠵᠢᠯ ᠣᠯᠭᠤᠵᠤ ᠠᠳᠠᠯ ᠦᠢᠯᠡᠰ ᠴᠣᠭᠴᠠᠯᠠᠭᠤᠯᠤᠨ᠎ᠠ᠃      4᠂ ᠡᠮᠡᠭᠲᠡᠢ ᠣᠶᠤᠲᠠᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠳᠡᠮᠵᠢᠨ᠎ᠡ᠃ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠎ ᠠᠴᠠ ᠲᠠᠰᠤᠷᠠᠯᠲᠠ ᠦᠭᠡᠢ ᠠᠵᠢᠯ ᠣᠯᠭᠤᠬᠤ ᠬᠠᠪᠰᠤᠷᠤᠨ ᠲᠡᠳᠬᠦᠬᠦ ᠦᠢᠯᠡᠴᠢᠯᠡᠭᠡ ᠬᠠᠩᠭᠠᠵᠤ᠂ ᠡᠮᠡᠭᠲᠡᠢ ᠣᠶᠤᠲᠠᠳ ᠤᠨ ᠵᠠᠬ᠎ᠠ ᠳᠡᠯᠭᠡᠭᠦᠷᠴᠢᠯᠡᠭᠰᠡᠨ ᠨᠡᠶᠢᠭᠡᠮᠴᠢᠯᠡᠭᠰᠡᠨ ᠠᠵᠢᠯ ᠣᠯᠭᠤᠯᠲᠠ ᠶᠢᠨ ᠠᠷᠭ᠎ᠠ ᠵᠠᠮ ᠢ ᠥᠷᠭᠡᠳᠬᠡᠨ᠎ᠡ᠃ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠠᠵᠢᠯ ᠣᠯᠭᠤᠯᠲᠠ ᠶᠢᠨ ᠮᠡᠳᠡᠭᠡ ᠵᠠᠩᠭᠢ ᠶᠢ ᠣᠯᠠᠨ ᠠᠷᠭ᠎ᠠ ᠵᠠᠮ ᠢᠶᠠᠷ ᠴᠤᠭᠯᠠᠭᠤᠯᠤᠨ ᠨᠡᠶᠢᠲᠡᠯᠡᠵᠦ᠂ ᠡᠯ᠎ᠡ ᠲᠥᠷᠥᠯ ᠤᠨ ᠤᠷᠢᠨ ᠬᠡᠷᠡᠭᠯᠡᠬᠦ ᠠᠵᠢᠯᠯᠠᠭ᠎ᠠ ᠶᠢ ᠰᠠᠶᠢᠲᠤᠷ ᠡᠷᠭᠢᠯᠡᠨ᠎ᠡ᠃ ᠡᠮᠡᠭᠲᠡᠶᠢᠴᠦᠳ ᠤᠨ ᠭᠠᠷ ᠤᠷᠠᠯᠠᠯ ᠤᠨ ᠠᠳᠠᠯ ᠦᠢᠯᠡᠰ ᠴᠣᠭᠴᠠᠯᠠᠨ ᠠᠵᠢᠯ ᠣᠯᠭᠤᠬᠤ ᠠᠵᠢᠯᠯᠠᠭ᠎ᠠ ᠶᠢᠨ ᠲᠥᠯᠥᠪᠯᠡᠭᠡ ᠶᠢ ᠬᠡᠷᠡᠭᠵᠢᠭᠦᠯᠵᠦ᠂ ᠰᠢᠨ᠎ᠡ ᠶᠢ ᠡᠭᠦᠳᠬᠦ ᠳᠤ ᠲᠤᠰᠠᠯᠠᠬᠤ ᠠᠵᠤ ᠦᠢᠯᠡᠰ ᠤᠨ ᠬᠤᠯᠪᠣᠭ᠎ᠠ᠂ ᠡᠭᠦᠳᠦᠨ ᠪᠠᠶᠢᠭᠤᠯᠬᠤ ᠬᠤᠲᠠ᠂ ᠲᠣᠭᠤᠷᠢᠭ ᠤᠨ ᠡᠮᠡᠭᠲᠡᠶᠢᠴᠦᠳ ᠤᠨ ᠭᠠᠷ ᠤᠷᠠᠯᠠᠯ ᠢᠶᠠᠷ ᠰᠤᠳᠤᠯᠤᠨ ᠰᠤᠷᠤᠯᠴᠠᠬᠤ ᠰᠠᠭᠤᠷᠢᠨ ᠭᠠᠵᠠᠷ᠂ ᠠᠳᠠᠯ ᠦᠢᠯᠡᠰ ᠴᠣᠭᠴᠠᠯᠠᠨ ᠰᠢᠨ᠎ᠡ ᠶᠢ ᠡᠭᠦᠳᠬᠦ ᠶᠢ ᠨᠡᠪᠴᠢᠭᠦᠯᠬᠦ ᠰᠠᠭᠤᠷᠢᠨ ᠭᠠᠵᠠᠷ ᠵᠢᠴᠢ ᠣᠶᠤᠲᠠᠳ ᠤᠨ ᠠᠳᠠᠯ ᠦᠢᠯᠡᠰ ᠴᠣᠭᠴᠠᠯᠠᠨ ᠠᠵᠢᠯ ᠣᠯᠭᠤᠬᠤ ᠳᠠᠳᠤᠯᠭ᠎ᠠ ᠶᠢᠨ ᠰᠠᠭᠤᠷᠢᠨ ᠭᠠᠵᠠᠷ᠂ ᠲᠥᠯᠥᠪᠯᠡᠭᠴᠢ ᠶᠢ ᠬᠥᠮᠥᠵᠢᠭᠦᠯᠬᠦ ᠰᠠᠭᠤᠷᠢᠨ ᠭᠠᠵᠠᠷ ᠢ ᠪᠠᠶᠢᠭᠤᠯᠤᠨ᠎ᠠ᠃ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠵᠡᠷᠭᠡ ᠦᠨᠳᠦᠰᠦᠨ ᠱᠠᠲᠤᠨ ᠳᠤ ᠦᠢᠯᠡᠴᠢᠯᠡᠬᠦ ᠲᠥᠷᠥᠯ ᠵᠦᠢᠯ ᠤᠨ ᠠᠵᠢᠯ ᠢ ᠰᠠᠶᠢᠲᠤᠷ ᠨᠠᠶᠢᠳᠠᠪᠤᠷᠢᠵᠢᠭᠤᠯᠵᠤ᠂ ᠡᠮᠡᠭᠲᠡᠢ ᠳᠡᠭᠡᠳᠦ ᠰᠤᠷᠭᠠᠭᠤᠯᠢ ᠲᠡᠭᠦᠰᠦᠭᠰᠡᠳ ᠢ ᠬᠥᠲᠥᠯᠥᠨ ᠵᠢᠯᠤᠭᠤᠳᠴᠤ ᠪᠠᠶᠢᠭᠠᠳ ᠦᠨᠳᠦᠰᠦᠨ ᠱᠠᠲᠤᠨ ᠳᠤ ᠦᠢᠯᠡᠴᠢᠯᠡᠬᠦ ᠲᠥᠷᠥᠯ ᠵᠦᠢᠯ ᠤᠨ ᠰᠢᠯᠭᠠᠯᠲᠠ ᠳᠤ ᠢᠳᠡᠪᠬᠢᠲᠡᠢ ᠣᠷᠣᠯᠴᠠᠭᠤᠯᠤᠨ᠎ᠠ᠃      5᠂ ᠡᠮᠡᠭᠲᠡᠶᠢᠴᠦᠳ ᠤᠨ ᠠᠵᠢᠯ ᠣᠯᠭᠤᠯᠲᠠ ᠶᠢᠨ ᠪᠦᠲᠦᠴᠡ ᠶᠢ ᠰᠠᠶᠢᠵᠢᠷᠠᠭᠤᠯᠤᠨ᠎ᠠ᠃ ᠨᠠᠰᠤᠨ ᠲᠤᠷᠰᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠳᠦᠷᠢᠮ ᠢ ᠲᠡᠭᠦᠯᠳᠡᠷᠵᠢᠭᠦᠯᠵᠦ᠂ ᠡᠮᠡᠭᠲᠡᠶᠢᠴᠦᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠮᠡᠳᠡᠯᠭᠡ ᠶᠢᠨ ᠬᠡᠯᠪᠡᠷᠢ ᠶᠢᠨ᠂ ᠤᠷ᠎ᠠ ᠴᠢᠳᠠᠪᠤᠷᠢ ᠶᠢᠨ ᠬᠡᠯᠪᠡᠷᠢ ᠶᠢᠨ᠂ ᠰᠢᠨ᠎ᠡ ᠶᠢ ᠡᠭᠦᠳᠬᠦ ᠬᠡᠯᠪᠡᠷᠢ ᠶᠢᠨ ᠡᠮᠡᠭᠲᠡᠢ ᠬᠥᠳᠡᠯᠮᠦᠷᠢᠴᠢᠳ ᠢ ᠬᠦᠴᠦᠯᠡᠨ ᠪᠤᠯᠪᠠᠰᠤᠷᠠᠭᠤᠯᠤᠨ᠎ᠠ᠃ ᠡᠮᠡᠭᠲᠡᠶᠢᠴᠦᠳ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠪᠠ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠠᠵᠢᠯ ᠡᠷᠬᠢᠯᠡᠭᠰᠡᠳ ᠤᠨ ᠳᠣᠲᠣᠷᠠᠬᠢ ᠬᠠᠷᠢᠴᠠᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠮᠡᠭᠲᠡᠶᠢᠴᠦᠳ ᠤᠨ ᠴᠢᠨᠠᠷ ᠰᠠᠶᠢᠲᠠᠢ ᠠᠵᠢᠯ ᠣᠯᠭᠤᠯᠲᠠ ᠵᠢ‌ᠠᠵᠢᠯ ᠮᠡᠷᠭᠡᠵᠢᠯ ᠤᠨ ᠬᠦᠢᠰᠦ ᠶᠢᠨ ᠢᠯᠭᠠᠯ ᠤᠨ ᠲᠤᠰᠠᠭᠠᠷᠯᠠᠯ ᠢ ᠠᠯᠬᠤᠮ ᠠᠯᠬᠤᠮ ᠢᠶᠠᠷ ᠠᠷᠢᠯᠭᠠᠵᠤ᠂ ᠬᠤᠳᠠ ᠪᠠᠯᠭᠠᠰᠤᠨ ᠤ ᠨᠢᠭᠡᠴᠢ ᠳᠤ ᠠᠵᠢᠯᠯᠠᠵᠤ ᠪᠠᠶᠢᠭ᠎ᠠ ᠬᠥᠮᠥᠰ ᠤᠨ ᠳᠣᠲᠣᠷᠠᠬᠢ ᠡᠮᠡᠭᠲᠡᠶᠢᠴᠦᠳ ᠤᠨ ᠬᠠᠷᠢᠴᠠᠯ ᠢ ᠳᠡᠭᠡᠭᠰᠢᠯᠡᠭᠦᠯᠦᠨ᠎ᠡ᠃ ᠬᠤᠳᠠ ᠬᠥᠳᠡᠭᠡ᠂ ᠣᠷᠣᠨ ᠪᠦᠰᠡ ᠶᠢᠨ ᠬᠥᠭᠵᠢᠯᠲᠡ ᠶᠢ ᠨᠢᠭᠡᠳᠦᠯᠲᠡᠢ ᠲᠥᠯᠥᠪᠯᠡᠵᠦ᠂ ᠡᠷᠡᠭᠲᠡᠢ ᠡᠮᠡᠭᠲᠡᠢ ᠶᠢᠨ ᠰᠢᠯᠵᠢᠵᠦ ᠠᠵᠢᠯ ᠣᠯᠬᠤ ᠵᠥᠷᠢᠶ᠎ᠡ ᠶᠢ ᠪᠠᠭᠠᠰᠬᠠᠨ᠎ᠠ᠃ ᠬᠥᠳᠡᠭᠡ ᠲᠣᠰᠬᠤᠨ ᠤ ᠡᠮᠡᠭᠲᠡᠢ ᠬᠥᠳᠡᠯᠮᠦᠷᠢ ᠶᠢᠨ ᠬᠦᠴᠦᠨ ᠢ ᠰᠢᠯᠵᠢᠭᠦᠯᠦᠨ ᠠᠵᠢᠯ ᠣᠯᠭᠤᠬᠤ ᠪᠠ ᠲᠤᠬᠠᠢ ᠶᠢᠨ ᠭᠠᠵᠠᠷ ᠲᠤᠨᠢ ᠠᠳᠠᠯ ᠦᠢᠯᠡᠰ ᠴᠣᠭᠴᠠᠯᠠᠨ ᠠᠵᠢᠯ ᠣᠯᠭᠤᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠡᠮᠡᠭᠲᠡᠢ ᠲᠠᠷᠢᠶᠠᠴᠢᠨ ᠤ ᠴᠠᠯᠢᠩ ᠤᠨ ᠴᠢᠨᠠᠷᠲᠠᠢ ᠣᠷᠣᠯᠭ᠎ᠠ ᠶᠢ ᠳᠡᠭᠡᠭᠰᠢᠯᠡᠭᠦᠯᠦᠨ᠎ᠡ᠃      6᠂ ᠡᠮᠡᠭᠲᠡᠶᠢᠴᠦᠳ ᠤᠨ ᠲᠤᠰᠬᠠᠢ ᠮᠡᠷᠭᠡᠵᠢᠯ ᠤᠨ ᠪᠠ ᠤᠷ᠎ᠠ ᠴᠢᠳᠠᠪᠤᠷᠢ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠ ᠰᠢᠨᠵᠢᠯᠡᠬᠦ ᠤᠬᠠᠭᠠᠨ ᠮᠡᠷᠭᠡᠵᠢᠯ ᠤᠨ ᠡᠮᠡᠭᠲᠡᠢ ᠴᠢᠳᠠᠪᠤᠷᠢᠲᠠᠨ ᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠪᠠᠲᠤᠯᠠᠨ ᠬᠥᠭᠵᠢᠭᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠡᠮᠡᠭᠲᠡᠢ ᠴᠢᠳᠠᠪᠤᠷᠢᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠳᠤ ᠣᠷᠤᠯᠴᠠᠬᠤ ᠬᠡᠮᠵᠢᠶ᠎ᠡ ᠶᠢ ᠳᠡᠭᠡᠭᠰᠢᠯᠡᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠡᠮᠡᠭᠲᠡᠢ ᠴᠢᠳᠠᠪᠤᠷᠢᠲᠠᠨ ᠤ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠨ ᠬᠥᠭᠵᠢᠭᠦᠯᠬᠦ᠂ ᠥᠨᠳᠥᠷ ᠬᠢᠷᠢ ᠲᠦᠪᠰᠢᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ ᠪᠡᠶᠡᠯᠡᠭᠦᠯᠬᠦ ᠳᠤᠮᠳᠠ ᠦᠢᠯᠡᠳᠦᠯ ᠢᠶᠠᠨ ᠪᠠᠳᠠᠷᠠᠭᠤᠯᠬᠤ ᠶᠢ ᠠᠬᠢᠭᠤᠯᠤᠨ᠎ᠠ᠃ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠡᠮᠡᠭᠲᠡᠶᠢᠴᠦᠳ ᠤᠨ ᠠᠵᠢᠯᠯᠠᠭ᠎ᠠ︾᠎ ᠶᠢ ᠬᠡᠷᠡᠭᠵᠢᠭᠦᠯᠵᠦ᠂ ᠲᠠᠪᠴᠠᠩ ᠪᠠᠶᠢᠭᠤᠯᠤᠨ᠂ ᠦᠢᠯᠡᠴᠢᠯᠡᠭᠡ ᠬᠠᠩᠭᠠᠵᠤ᠂ ᠡᠮᠡᠭᠲᠡᠢ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ᠂ ᠮᠡᠷᠭᠡᠵᠢᠯ ᠤᠷ᠎ᠠ ᠴᠢᠳᠠᠪᠤᠷᠢ ᠶᠢᠨ ᠴᠢᠳᠠᠪᠤᠷᠢᠲᠠᠨ ᠤ ᠠᠵᠢᠯ ᠤᠨ ᠪᠠᠶᠢᠷᠢ ᠳᠠᠭᠠᠨ ᠰᠠᠭᠤᠷᠢᠯᠠᠨ ᠵᠣᠷᠢᠭᠲᠠᠢ ᠪᠠᠷ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠡᠮᠡᠭᠲᠡᠢ ᠴᠢᠳᠠᠪᠤᠷᠢᠲᠠᠨ ᠢ ᠦᠨᠡᠯᠡᠨ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠳᠡᠭᠡᠳᠦ ᠲᠡᠰ ᠳᠠᠪᠬᠤᠷᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠡᠮᠡᠭᠲᠡᠢ ᠴᠢᠳᠠᠪᠤᠷᠢᠲᠠᠨ ᠢ ᠬᠥᠮᠥᠵᠢᠭᠦᠯᠦᠨ᠎ᠡ᠃ ᠡᠮᠡᠭᠲᠡᠶᠢᠴᠦᠳ ᠤᠨ ᠲᠤᠰᠬᠠᠢ ᠮᠡᠷᠭᠡᠵᠢᠯ ᠤᠨ ᠪᠠ ᠤᠷ᠎ᠠ ᠴᠢᠳᠠᠪᠤᠷᠢ ᠲᠠᠢ ᠴᠢᠳᠠᠪᠤᠷᠢᠲᠠᠨ ᠤ ᠲᠤᠰᠬᠠᠢ ᠮᠡᠷᠭᠡᠵᠢᠯ ᠤᠨ ᠮᠡᠳᠡᠯᠭᠡ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠢᠶᠠᠷᠤᠯᠲᠠ᠂ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠵᠡᠷᠭᠡ ᠶᠢᠨ ᠪᠣᠯᠪᠠᠰᠤᠷᠠᠭᠤᠯᠤᠯ ᠢ ᠴᠢᠩᠭᠠᠳᠬᠠᠨ᠎ᠠ᠃ ᠨᠡᠶᠢᠲᠡᠯᠢᠭ ᠵᠢᠱᠢᠶ᠎ᠡ ᠶᠢᠨ ᠤᠬᠠᠭᠤᠯᠭ᠎ᠠ ᠶᠢ ᠴᠢᠩᠭᠠᠳᠬᠠᠵᠤ᠂ ᠦᠯᠢᠭᠡᠷ ᠳᠠᠭᠤᠷᠢᠶᠠᠯ ᠤᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠎ᠠ᠃      7᠂ ᠡᠷᠡᠭᠲᠡᠢ ᠡᠮᠡᠭᠲᠡᠢ ᠶᠢᠨ ᠣᠷᠣᠯᠭ᠎ᠠ ᠶᠢᠨ ᠵᠥᠷᠢᠶ᠎ᠡ ᠶᠢ ᠪᠠᠭᠠᠰᠬᠠᠨ᠎ᠠ᠃ ᠡᠷᠡᠭᠲᠡᠢ ᠡᠮᠡᠭᠲᠡᠢ ᠶᠢᠨ ᠠᠳᠠᠯᠢ ᠠᠵᠢᠯ ᠳᠤ ᠠᠳᠠᠯᠢ ᠬᠥᠯᠥᠰᠦ ᠣᠯᠭᠤᠬᠤ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠷᠣᠯᠭ᠎ᠠ ᠶᠢᠨ ᠭᠤᠣᠯᠴᠢ ᠪᠠᠶᠢᠬᠤ ᠶᠢ ᠪᠠᠲᠤᠯᠠᠨ᠎ᠠ᠃ ᠡᠮᠡᠭᠲᠡᠶᠢᠴᠦᠳ ᠤᠨ ᠮᠡᠳᠡᠯᠭᠡ᠂ ᠮᠡᠷᠭᠡᠵᠢᠯ᠂ ᠬᠠᠮᠢᠶᠠᠷᠤᠯᠲᠠ᠂ ᠲᠤᠭ᠎ᠠ ᠪᠠᠷᠢᠮᠲᠠ ᠵᠡᠷᠭᠡ ᠦᠢᠯᠡᠳᠪᠦᠷᠢᠯᠡᠯ ᠤᠨ ᠡᠯᠧᠮᠧᠨ᠋ᠲ ᠢ ᠡᠵᠡᠮᠰᠢᠬᠦ ᠪᠠ ᠬᠡᠷᠡᠭᠯᠡᠬᠦ ᠶᠢ ᠠᠬᠢᠭᠤᠯᠵᠤ᠂ ᠡᠮᠡᠭᠲᠡᠶᠢᠴᠦᠳ ᠤᠨ ᠠᠵᠢᠯ ᠮᠡᠷᠭᠡᠵᠢᠯ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠬᠥᠳᠡᠯᠮᠦᠷᠢ ᠶᠢᠨ ᠭᠡᠷ᠎ᠡ ᠶᠢᠨ ᠬᠠᠤᠯᠢ ᠶᠢ ᠴᠢᠩᠭ᠎ᠠ ᠲᠤᠤᠱᠯᠠᠭᠤᠯᠤᠨ ᠬᠡᠷᠡᠭᠵᠢᠭᠦᠯᠵᠦ᠂ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠬᠤ ᠪᠠ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠎ᠠ᠃ ᠬᠥᠮᠥᠨ ᠬᠡᠷᠡᠭᠯᠡᠬᠦ ᠨᠢᠭᠡᠴᠢ ᠶᠢ ᠱᠠᠯᠠᠪᠳᠠᠭᠤᠯᠵᠦ ᠪᠠᠶᠢᠭᠠᠳ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠬᠥᠮᠥᠨ ᠤ ᠬᠦᠴᠦᠨ ᠤ ᠡᠬᠢ ᠪᠠᠶᠠᠯᠢᠭ ᠤᠨ ᠳᠦᠷᠢᠮ ᠢ ᠲᠣᠭᠲᠠᠭᠠᠨ ᠬᠡᠷᠡᠭᠵᠢᠭᠦᠯᠵᠦ᠂ ᠲᠤᠰᠢᠶᠠᠯ ᠳᠡᠪᠰᠢᠬᠦ᠂ ᠲᠠᠰ ᠳᠡᠪᠰᠢᠬᠦ᠂ ᠲᠤᠰᠬᠠᠢ ᠮᠡᠷᠭᠡᠵᠢᠯ ᠤᠨ ᠲᠤᠰᠢᠶᠠᠯ ᠢ ᠦᠨᠡᠯᠡᠨ ᠲᠣᠭᠲᠠᠭᠠᠬᠤ᠂ ᠲᠤᠰᠬᠠᠢ ᠮᠡᠷᠭᠡᠵᠢᠯ ᠤᠨ ᠪᠣᠯᠪᠠᠰᠤᠷᠠᠭᠤᠯᠤᠯ ᠵᠡᠷᠭᠡ ᠲᠠᠯ᠎ᠠ ᠪᠠᠷ ᠡᠮᠡᠭᠲᠡᠶᠢᠴᠦᠳ ᠢ ᠭᠠᠳᠠᠭᠤᠷᠴᠢᠯᠠᠵᠤ ᠪᠣᠯᠬᠤ ᠦᠭᠡᠢ᠂ ᠡᠮᠡᠭᠲᠡᠶᠢᠴᠦᠳ ᠤᠨ ᠠᠵᠢᠯ ᠮᠡᠷᠭᠡᠵᠢᠯ ᠤᠨ ᠬᠥᠭᠵᠢᠯᠲᠡ ᠪᠠ ᠲᠤᠰᠢᠶᠠᠯ ᠤᠨ ᠵᠡᠷᠭᠡ ᠳᠡᠰ ᠢ ᠳᠡᠪᠰᠢᠭᠦᠯᠬᠦ ᠵᠠᠮ ᠢ ᠰᠠᠭᠠᠳ ᠦᠭᠡᠢ ᠨᠡᠪᠲᠡᠷᠡᠭᠦᠯᠦᠨ᠎ᠡ᠃      8᠂ ᠡᠮᠡᠭᠲᠡᠢ ᠬᠥᠳᠡᠯᠮᠦᠷᠢᠴᠢᠳ ᠤᠨ ᠬᠥᠳᠡᠯᠮᠦᠷᠢ ᠶᠢᠨ ᠠᠮᠤᠷ ᠲᠦᠪᠰᠢᠨ ᠤ ᠪᠠᠶᠢᠳᠠᠯ ᠢ ᠰᠠᠶᠢᠵᠢᠷᠠᠭᠤᠯᠤᠨ᠎ᠠ᠃ ᠬᠥᠳᠡᠯᠮᠦᠷᠢ ᠶᠢᠨ ᠠᠮᠤᠷ ᠲᠦᠪᠰᠢᠨ ᠪᠠ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ︽ᠡᠮᠡᠭᠲᠡᠢ ᠠᠵᠢᠯᠲᠠᠨ ᠠᠵᠢᠯᠴᠢᠨ ᠤ ᠬᠥᠳᠡᠯᠮᠦᠷᠢ ᠶᠢᠨ ᠬᠠᠮᠠᠭᠠᠯᠠᠯᠲᠠ ᠶᠢᠨ ᠲᠤᠬᠠᠢ ᠣᠨᠴᠠᠭᠠᠶ ᠲᠣᠭᠲᠠᠭᠠᠯ︾᠎ ᠢ ᠤᠬᠠᠭᠤᠯᠤᠨ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠬᠥᠮᠥᠨ ᠬᠡᠷᠡᠭᠯᠡᠬᠦ ᠨᠢᠭᠡᠴᠢ ᠶᠢᠨ ᠡᠮᠡᠭᠲᠡᠢ ᠬᠥᠳᠡᠯᠮᠦᠷᠢᠴᠢᠨ ᠤ ᠬᠥᠳᠡᠯᠮᠦᠷᠢ ᠶᠢᠨ ᠬᠠᠮᠠᠭᠠᠯᠠᠯᠲᠠ ᠶᠢᠨ ᠲᠤᠬᠠᠢ ᠦᠵᠡᠯ ᠤᠬᠠᠮᠰᠠᠷ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠡᠮᠡᠭᠲᠡᠢ ᠬᠥᠳᠡᠯᠮᠦᠷᠢᠴᠢᠨ ᠤ ᠠᠶᠤᠯᠭᠦᠢ ᠦᠢᠯᠡᠳᠪᠦᠷᠢᠯᠡᠯ ᠤᠨ ᠦᠵᠡᠯ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠮᠡᠭᠲᠡᠢ ᠠᠵᠢᠯᠲᠠᠨ ᠠᠵᠢᠯᠴᠢᠨ ᠤ ᠬᠥᠳᠡᠯᠮᠦᠷᠢ ᠶᠢᠨ ᠬᠠᠮᠠᠭᠠᠯᠠᠯᠲᠠ ᠶᠢ ᠠᠵᠢᠯ ᠮᠡᠷᠭᠡᠵᠢᠯ ᠤᠨ ᠡᠷᠡᠭᠦᠯ ᠮᠡᠨᠳᠤ ᠪᠠ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠡᠪᠴᠢᠶᠡᠨ ᠳᠤ ᠣᠷᠣᠭᠤᠯᠵᠤ᠂ ᠬᠥᠮᠥᠨ ᠬᠡᠷᠡᠭᠯᠡᠬᠦ ᠨᠢᠭᠡᠴᠢ ᠶᠢᠨ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠵᠢᠴᠢ ᠬᠥᠳᠡᠯᠮᠦᠷᠢ ᠶᠢᠨ ᠠᠮᠤᠷ ᠲᠦᠪᠰᠢᠨ ᠪᠠ ᠠᠵᠢᠯ ᠮᠡᠷᠭᠡᠵᠢᠯ ᠤᠨ ᠡᠷᠡᠭᠦᠯ ᠮᠡᠨᠳᠤ ᠶᠢᠨ ᠬᠢᠨᠠᠯᠲᠠ ᠶᠢ ᠴᠢᠩᠭᠠᠳᠬᠠᠨ᠎ᠠ᠃ ᠬᠥᠮᠥᠨ ᠬᠡᠷᠡᠭᠯᠡᠬᠦ ᠨᠢᠭᠡᠴᠢ ᠶᠢ ᠱᠠᠯᠠᠪᠳᠠᠭᠤᠯᠵᠦ ᠪᠠᠶᠢᠭᠠᠳ ᠡᠮᠡᠭᠲᠡᠢ ᠠᠵᠢᠯᠲᠠᠨ ᠠᠵᠢᠯᠴᠢᠨ ᠤ ᠰᠠᠷ᠎ᠠ ᠶᠢᠨ ᠭᠬᠢᠷ ᠤᠨ ᠬᠤᠭᠤᠴᠠᠭ᠎ᠠ᠂ ᠵᠢᠷᠮᠦᠰᠦᠨ ᠬᠤᠭᠤᠴᠠᠭ᠎ᠠ᠂ ᠭᠥᠭᠦᠭᠦᠯᠬᠦ ᠬᠤᠭᠤᠴᠠᠭᠠᠨ ᠳᠠᠬᠢ ᠤᠨᠴᠠᠭᠠᠢ ᠬᠠᠮᠠᠭᠠᠯᠠᠯᠲᠠ ᠶᠢ ᠴᠢᠩᠭᠠᠳᠬᠠᠵᠤ᠂ ᠭᠥᠭᠦᠭᠦᠯᠬᠦ ᠴᠠᠭ ᠪᠠ ᠬᠥᠩᠭᠡᠵᠢᠬᠦ ᠴᠢᠯᠦᠭᠡᠨ ᠤ ᠳᠦᠷᠢᠮ ᠢ ᠨᠠᠶᠢᠲᠠᠪᠦᠷᠢᠵᠢᠭᠤᠯᠤᠨ᠎ᠠ᠃ ᠬᠥᠮᠥᠨ ᠬᠡᠷᠡᠭᠯᠡᠬᠦ  ᠨᠢᠭᠡᠴᠢ ᠶᠢ ᠱᠠᠯᠠᠪᠳᠠᠭᠤᠯᠵᠦ ᠪᠠᠶᠢᠭᠠᠳ ᠠᠵᠢᠯ ᠮᠡᠷᠭᠡᠵᠢᠯ ᠤᠨ ᠬᠠᠮᠠᠭᠠᠯᠠᠯᠲᠠ ᠪᠠ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠬᠢᠨᠠᠯᠲᠠ ᠬᠠᠮᠠᠭᠠᠯᠠᠯᠲᠠ ᠶᠢ ᠴᠢᠩᠭᠠᠳᠬᠠᠵᠤ᠂ ᠡᠮᠡᠭᠲᠡᠢ ᠠᠵᠢᠯᠲᠠᠨ ᠠᠵᠢᠯᠴᠢᠨ ᠤ ᠠᠵᠢᠯ ᠤᠨ ᠳᠤᠮᠳᠠ ᠪᠠᠨ ᠬᠤᠣᠷ ᠬᠥᠨᠥᠭᠡᠯ ᠲᠠᠢ ᠪᠣᠳᠠᠰ ᠪᠠ ᠠᠶᠤᠯᠲᠠᠢ ᠦᠢᠯᠡᠳᠪᠦᠷᠢᠯᠡᠯ ᠤᠨ ᠤᠷᠠᠨ ᠮᠡᠷᠭᠡᠰᠢᠯ ᠤᠨ ᠬᠤᠣᠷ ᠬᠥᠨᠥᠭᠡᠯ ᠠᠴᠠ ᠵᠠᠶᠢᠯᠠᠭᠤᠯᠬᠤ ᠶᠢ ᠪᠠᠲᠤᠯᠠᠨ᠎ᠠ᠃      9᠂ ᠡᠮᠡᠭᠲᠡᠢ ᠠᠵᠢᠯᠲᠠᠨ ᠠᠵᠢᠯᠴᠢᠨ ᠤ ᠬᠥᠳᠡᠯᠮᠦᠷᠢ ᠶᠢᠨ ᠡᠷᠬᠡ ᠠᠰᠢᠭ ᠢ ᠪᠠᠲᠤᠯᠠᠨ᠎ᠠ᠃ ᠬᠥᠮᠥᠨ ᠬᠡᠷᠡᠭᠯᠡᠬᠦ ᠨᠢᠭᠡᠴᠢ ᠶᠢ ᠱᠠᠯᠠᠪᠳᠠᠭᠤᠯᠤᠨ ᠠᠵᠢᠯᠴᠢᠨ ᠬᠡᠷᠡᠭᠯᠡᠬᠦ ᠠᠵᠢᠯᠯᠠᠭ᠎ᠠ ᠶᠢ ᠵᠢᠷᠤᠮᠵᠢᠭᠤᠯᠵᠤ᠂ ᠡᠮᠡᠭᠲᠡᠢ ᠠᠵᠢᠯᠲᠠᠨ ᠠᠵᠢᠯᠴᠢᠨ ᠲᠠᠢ ᠬᠠᠤᠯᠢ ᠶᠣᠰᠣᠭᠠᠷ ᠬᠥᠳᠡᠯᠮᠦᠷᠢ ᠶᠢᠨ ᠭᠡᠷ᠎ᠡ ᠲᠣᠭᠲᠠᠭᠠᠵᠤ᠂ ᠡᠮᠡᠭᠲᠡᠢ ᠠᠵᠢᠯᠲᠠᠨ ᠠᠵᠢᠯᠴᠢᠨ ᠤ ᠡᠷᠬᠡ ᠠᠰᠢᠭ ᠢ ᠬᠠᠮᠠᠭᠠᠯᠠᠬᠤ ᠲᠤᠰᠬᠠᠢ ᠵᠦᠢᠯ ᠤᠨ ᠬᠠᠮᠲᠤ ᠶᠢᠨ ᠭᠡᠷ᠎ᠡ ᠲᠣᠭᠲᠠᠭᠠᠬᠤ ᠶᠢ ᠲᠦᠯᠬᠢᠨ ᠠᠬᠢᠭᠤᠯᠤᠨ᠎ᠠ᠃ ᠬᠥᠳᠡᠯᠮᠦᠷᠢ ᠶᠢᠨ ᠪᠠᠲᠤᠯᠠᠭ᠎ᠠ ᠶᠢᠨ ᠬᠠᠤᠯᠢ ᠴᠠᠭᠠᠵᠠ ᠶᠢᠨ ᠬᠢᠨᠠᠯᠲᠠ ᠶᠢ ᠴᠢᠩᠭᠠᠳᠬᠠᠨ᠎ᠠ᠃ ᠡᠮᠡᠭᠲᠡᠢ ᠠᠵᠢᠯᠲᠠᠨ ᠠᠵᠢᠯᠴᠢᠨ ᠤ ᠬᠥᠳᠡᠯᠮᠦᠷᠢ ᠶᠢᠨ ᠪᠠᠲᠤᠯᠠᠭ᠎ᠠ ᠶᠢᠨ ᠡᠷᠬᠡ ᠠᠰᠢᠭ ᠤᠨ ᠲᠤᠰᠬᠠᠢ ᠪᠠᠶᠢᠴᠠᠭᠠᠯᠲᠠ ᠶᠢ ᠥᠷᠨᠢᠭᠦᠯᠵᠦ᠂ ᠡᠮᠡᠭᠲᠡᠢ ᠠᠵᠢᠯᠲᠠᠨ ᠠᠵᠢᠯᠴᠢᠨ ᠤ ᠬᠥᠳᠡᠯᠮᠦᠷᠢ ᠶᠢᠨ ᠬᠠᠮᠠᠭᠠᠯᠠᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠎ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠬᠥᠮᠥᠨ ᠬᠡᠷᠡᠭᠯᠡᠬᠦ ᠨᠢᠭᠡᠴᠢ ᠶᠢ ᠵᠢᠯᠣᠭᠤᠳᠤᠨ ᠪᠡᠯᠭᠡ ᠶᠢᠨ ᠬᠠᠯᠳᠠᠯᠭ᠎ᠠ ᠶᠢ ᠰᠡᠷᠭᠡᠶᠢᠯᠡᠬᠦ ᠪᠠ ᠬᠤᠷᠢᠭᠯᠠᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠬᠠᠮᠢᠶ᠎ᠠ ᠪᠦᠬᠦᠢ ᠬᠠᠤᠯᠢ ᠬᠡᠷᠡᠭᠵᠢᠭᠦᠯᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ᠃ ᠬᠥᠳᠡᠯᠮᠦᠷᠢ ᠬᠦᠴᠦᠨ ᠬᠡᠷᠡᠭᠯᠡᠬᠦ ᠬᠦᠷᠢᠶᠡᠨ ᠳᠠᠬᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠮᠡᠭᠲᠡᠢ ᠠᠵᠢᠯᠲᠠᠨ ᠠᠵᠢᠯᠴᠢᠨ ᠤ ᠬᠥᠳᠡᠯᠮᠦᠷᠢ ᠶᠢᠨ ᠡᠷᠬᠡ ᠠᠰᠢᠭ ᠲᠤ ᠬᠠᠯᠳᠠᠭᠰᠠᠨ ᠦᠶᠯᠡ ᠠᠵᠢᠯᠯᠠᠭ᠎ᠠ ᠶᠢᠨ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠡᠷᠴᠢᠮ ᠢ ᠴᠢᠩᠭᠠᠷᠠᠭᠤᠯᠤᠨ᠎ᠠ᠃      10᠂ ᠡᠮᠡᠭᠲᠡᠶᠢᠴᠦᠳ ᠤᠨ ᠬᠥᠩᠭᠡᠵᠢᠭᠰᠡᠨ ᠤ ᠳᠠᠷᠠᠭᠠᠬᠢ ᠠᠵᠢᠯ ᠮᠡᠷᠭᠡᠵᠢᠯ ᠤᠨ ᠬᠥᠭᠵᠢᠯᠲᠡ ᠳᠤ ᠠᠰᠢᠭᠲᠠᠢ ᠨᠥᠬᠦᠴᠡᠯ ᠢ ᠪᠦᠷᠢᠯᠳᠦᠭᠦᠯᠵᠦ ᠥᠭᠭᠦᠨ᠎ᠡ᠃ ᠱᠠᠯᠠᠪᠳᠠᠭᠤᠯᠨ ᠪᠠᠶᠢᠴᠠᠭᠠᠬᠤ ᠪᠠᠨ ᠴᠢᠩᠭᠠᠳᠬᠠᠵᠤ᠂ ᠬᠥᠮᠥᠨ ᠬᠡᠷᠡᠭᠯᠡᠬᠦ ᠨᠢᠭᠡᠴᠢ ᠶᠢᠨ ᠦᠷᠡᠵᠢᠯ ᠤᠨ ᠪᠠᠶᠢᠳᠠᠯ ᠢ ᠡᠮᠡᠭᠲᠡᠢ ᠠᠵᠢᠯᠲᠠᠨ ᠤᠷᠢᠵᠤ ᠡᠯᠰᠡᠨ ᠬᠡᠷᠡᠭᠯᠡᠬᠦ᠂ ᠪᠣᠯᠪᠠᠰᠤᠷᠠᠭᠤᠯᠤᠯ ᠤᠨ ᠲᠠᠰ ᠲᠣᠭᠲᠠᠭᠠᠬᠤ᠂ ᠰᠢᠯᠭᠠᠷᠠᠭᠤᠯᠤᠨ ᠤᠷᠢᠵᠤ ᠳᠡᠪᠰᠢᠭᠦᠯᠬᠦ ᠵᠡᠷᠭᠡ ᠲᠠᠯ᠎ᠠ ᠶᠢᠨ ᠰᠢᠯᠭᠠᠨ ᠪᠠᠶᠢᠴᠠᠭᠠᠬᠤ ᠨᠥᠬᠦᠴᠡᠯ ᠪᠣᠯᠭᠠᠬᠤ ᠶᠢ ᠴᠠᠭᠠᠵᠠᠯᠠᠵᠤ᠂ ᠬᠥᠮᠥᠨ ᠬᠡᠷᠡᠭᠯᠡᠬᠦ ᠨᠢᠭᠡᠴᠢ ᠶᠢᠨ ᠡᠮᠡᠭᠲᠡᠢ ᠠᠵᠢᠯᠲᠠᠨ ᠠᠵᠢᠯᠴᠢᠨ ᠤ ᠵᠢᠷᠮᠦᠰᠦᠯᠡᠬᠦ᠂ ᠬᠥᠩᠭᠡᠵᠢᠬᠦ᠂ ᠬᠥᠬᠦᠭᠦᠯᠬᠦ ᠠᠴᠠ ᠪᠣᠯᠵᠤ ᠴᠠᠯᠢᠩ ᠢ ᠪᠠᠭᠤᠷᠠᠭᠤᠯᠬᠤ᠂ ᠮᠠᠭᠤ ᠰᠠᠨᠠᠭ᠎ᠠ ᠲᠠᠢ ᠪᠠᠷ ᠠᠵᠢᠯ ᠤᠨ ᠪᠠᠶᠢᠷᠢ ᠰᠢᠯᠵᠢᠭᠦᠯᠬᠦ᠂ ᠠᠵᠢᠯ ᠠᠴᠠ ᠨᠢ ᠵᠣᠭᠰᠤᠭᠠᠬᠤ᠂ ᠬᠥᠳᠡᠯᠮᠦᠷᠢ ︵ᠤᠷᠢᠨ ᠬᠡᠷᠡᠭᠯᠡᠬᠦ︶᠎ ᠶᠢᠨ ᠭᠡᠷ᠎ᠡ ᠶᠢ ᠬᠦᠴᠦᠨ ᠦᠭᠡᠢ ᠪᠣᠯᠭᠠᠬᠤ ᠶᠢ ᠴᠠᠭᠠᠵᠠᠯᠠᠨ᠎ᠠ᠃ ᠦᠷᠡᠵᠢᠯ ᠤᠨ ᠱᠠᠩᠨᠠᠯ ᠤᠨ ᠴᠢᠯᠦᠭᠡ ᠶᠢ ᠨᠠᠶᠢᠳᠠᠪᠤᠷᠢᠵᠢᠭᠤᠯᠵᠤ᠂ ᠦᠷᠡᠵᠢᠯ ᠤᠨ ᠨᠡᠮᠡᠭᠦᠷᠢ ᠶᠢ ᠲᠤᠭ᠎ᠠ ᠶᠣᠰᠣᠭᠠᠷ ᠭᠦᠢᠴᠡᠳ ᠣᠯᠭᠤᠬᠤ ᠶᠢ ᠠᠬᠢᠭᠤᠯᠤᠨ᠎ᠠ᠃ ᠬᠥᠮᠥᠨ ᠬᠡᠷᠡᠭᠯᠡᠬᠦ ᠨᠢᠭᠡᠴᠢ ᠶᠢᠨ ᠡᠬᠡ ᠨᠢᠯᠬᠠᠰ ᠤᠨ ᠪᠡᠯᠡᠳᠬᠡᠮᠵᠢ ᠶᠢ ᠪᠠᠶᠢᠭᠤᠯᠬᠤ ᠶᠣᠰᠣᠲᠠᠢ ᠶᠢ ᠨᠢ ᠪᠦᠬᠦᠨ ᠢ ᠪᠠᠶᠢᠭᠤᠯᠬᠤ ᠶᠢ ᠠᠬᠢᠭᠤᠯᠵᠤ᠂ ᠬᠥᠮᠥᠨ ᠬᠠᠷ᠎ᠠ ᠬᠤᠷᠠᠨ ᠴᠤᠭᠯᠠᠷᠠᠭᠰᠠᠨ ᠭᠠᠵᠠᠷ ᠲᠠᠯᠠᠪᠤᠷ ᠤᠨ ᠪᠠᠷᠢᠮᠵᠢᠶᠠᠵᠢᠭᠰᠠᠨ ᠡᠬᠡ ᠨᠢᠯᠬᠠᠰ ᠤᠨ ᠪᠡᠯᠡᠳᠬᠡᠮᠵᠢ ᠶᠢ ᠪᠠᠶᠢᠭᠤᠯᠬᠤ ᠶᠢ ᠱᠠᠯᠠᠪᠳᠠᠭᠤᠯᠬᠤ ᠬᠡᠷᠡᠭᠲᠡᠢ᠃ ᠨᠥᠬᠦᠴᠡᠯ ᠲᠠᠢ ᠬᠥᠮᠥᠨ ᠬᠡᠷᠡᠭᠯᠡᠬᠦ ᠨᠢᠭᠡᠴᠢ ᠶᠢᠨ ᠠᠵᠢᠯᠲᠠᠨ ᠠᠵᠢᠯᠴᠢᠨ ᠳᠤ ᠠᠰᠠᠷᠠᠮᠵᠢ ᠶᠢᠨ ᠴᠢᠨᠠᠷᠲᠠᠢ ᠨᠠᠶᠢᠳᠠᠨ ᠬᠥᠮᠥᠵᠢᠭᠦᠯᠬᠦ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡ ᠬᠠᠩᠭᠠᠬᠤ ᠶᠢ ᠲᠡᠮᠵᠢᠨ᠎ᠡ᠃      11᠂ ᠬᠥᠳᠡᠭᠡ ᠲᠣᠰᠬᠤᠨ ᠤ ᠡᠮᠡᠭᠲᠡᠶᠢᠴᠦᠳ ᠤᠨ ᠡᠯ᠎ᠡ ᠵᠦᠢᠯ ᠤᠨ ᠡᠷᠬᠡ ᠠᠰᠢᠭ ᠢ ᠠᠳᠠᠯᠢ ᠲᠡᠭᠰᠢ ᠪᠠᠷ ᠪᠠᠲᠤᠯᠠᠨ᠎ᠠ᠃ ᠬᠥᠳᠡᠭᠡ ᠲᠣᠰᠬᠤᠨ ᠤ ᠭᠠᠵᠠᠷ ᠰᠢᠷᠣᠢ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠡᠷᠬᠡ ᠶᠢ ᠨᠤᠲᠠᠯᠠᠨ ᠲᠣᠭᠲᠠᠭᠠᠬᠤ᠂ ᠣᠷᠣᠨ ᠰᠠᠭᠤᠴᠠ ᠶᠢᠨ ᠭᠠᠵᠠᠷ ᠤᠨ ᠬᠡᠷᠡᠭᠯᠡᠬᠦ ᠡᠷᠬᠡ ᠶᠢᠨ ᠡᠷᠬᠡ ᠶᠢ ᠨᠤᠲᠠᠯᠠᠨ ᠳᠠᠩᠰᠠᠯᠠᠬᠤ ᠠᠵᠢᠯ ᠤᠨ ᠳᠤᠮᠳᠠ ᠬᠥᠳᠡᠭᠡ ᠲᠣᠰᠬᠤᠨ ᠤ ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠨ᠎ᠠ᠃ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠠᠬᠢᠭᠤᠯᠬᠤ ᠠᠵᠢᠯ ᠳᠤᠮᠳᠠ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤ ᠪᠡᠶ᠎ᠡ ᠶᠢᠨ ᠦᠨᠡᠮᠯᠡᠯ ᠢ ᠨᠤᠲᠠᠯᠠᠬᠤ ᠠᠷᠭ᠎ᠠ ᠶᠢ ᠨᠠᠶᠢᠲᠠᠪᠦᠷᠢᠵᠢᠭᠤᠯᠵᠦ᠂ ᠭᠠᠵᠠᠷ ᠰᠢᠷᠣᠢ ᠶᠢᠨ ᠲᠠᠲᠠᠪᠤᠷᠢᠯᠠᠯᠲᠠ ᠶᠢᠨ ᠲᠥᠯᠥᠪᠦᠷᠢ ᠣᠯᠭᠤᠵᠤ ᠲᠥᠪᠬᠢᠨᠡᠭᠦᠯᠬᠦ ᠶᠢ ᠪᠠᠭᠲᠠᠭᠠᠭᠰᠠᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠡᠳ᠋ ᠬᠥᠷᠥᠩᠭᠡ ᠶᠢᠨ ᠠᠰᠢᠭ ᠣᠷᠣᠯᠭ᠎ᠠ ᠶᠢᠨ ᠳᠣᠲᠣᠭᠠᠳᠤ ᠬᠤᠪᠢᠶᠠᠷᠢᠯᠠᠯᠲᠠ ᠶᠢᠨ ᠲᠣᠭᠲᠠᠴᠠ ᠶᠢ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠡᠮᠡᠭᠲᠡᠶᠢᠴᠦᠳ ᠤᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠡᠳ᠋ ᠬᠥᠷᠥᠩᠭᠡ ᠶᠢᠨ ᠰᠲ᠋ᠣᠺ ᠤᠨ ᠡᠷᠬᠡ ᠶᠢ ᠲᠣᠬᠢᠷᠠᠭᠤᠯᠬᠤ᠂ ᠰᠲ᠋ᠣᠺ ᠤᠨ ᠡᠷᠬᠡ ᠶᠢ ᠬᠡᠮᠵᠢᠶᠡᠵᠢᠭᠦᠯᠬᠦ᠂ ᠡᠷᠬᠡ ᠠᠰᠢᠭ ᠢ ᠰᠢᠯᠵᠢᠭᠦᠯᠬᠦ ᠪᠠ ᠵᠠᠯᠭᠠᠮᠵᠢᠯᠠᠬᠤ ᠵᠡᠷᠭᠡ ᠡᠯ᠎ᠡ ᠵᠠᠩᠭᠢᠯᠠᠭ᠎ᠠ ᠳᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠪᠠ ᠭᠡᠷ ᠪᠦᠯᠢ ᠶᠢᠨ ᠪᠦᠷᠢᠯᠳᠦᠭᠦᠨ ᠤ ᠬᠤᠪᠢ ᠪᠠᠷ ᠪᠠᠶᠢᠳᠠᠯ ᠢ ᠮᠡᠳᠡᠬᠦ ᠡᠷᠬᠡ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠣᠷᠤᠯᠴᠠᠬᠤ ᠡᠷᠬᠡ ᠪᠠ ᠠᠰᠢᠭ ᠣᠯᠬᠤ ᠡᠷᠬᠡ ᠶᠢ ᠠᠳᠠᠯᠢ ᠲᠡᠭᠰᠢ ᠪᠠᠷ ᠡᠳ᠋ᠯᠡᠬᠦ ᠡᠷᠬᠡ ᠲᠠᠢ᠃ ᠬᠤᠳᠠ ᠳᠤ ᠡᠷᠦᠭᠡ ᠠᠮᠠ ᠣᠷᠣᠭᠰᠠᠨ ᠬᠥᠳᠡᠭᠡ ᠲᠣᠰᠬᠤᠨ ᠤ ᠡᠮᠡᠭᠲᠡᠶᠢᠴᠦᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠠᠵᠤ ᠠᠬᠤᠢ ᠶᠢᠨ ᠡᠷᠬᠡ ᠠᠰᠢᠭ ᠨᠢ ᠬᠤᠬᠢᠷᠠᠯ ᠳᠤ ᠤᠴᠠᠷᠠᠭᠰᠠᠨ ᠬᠥᠳᠡᠭᠡ ᠲᠣᠰᠬᠤᠨ ᠤ ᠡᠮᠡᠭᠲᠡᠶᠢᠴᠦᠳ ᠤᠨ ᠡᠷᠬᠡ ᠪᠠᠨ ᠬᠠᠮᠠᠭᠠᠯᠠᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠦᠨ᠎ᠡ᠃      12᠂ ᠡᠮᠡᠭᠲᠡᠶᠢᠴᠦᠳ ᠤᠨ ᠶᠠᠳᠠᠭᠤ ᠎ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ︽ᠳᠥᠷᠪᠡ ᠶᠢ ᠰᠠᠯᠭᠠᠬᠤ ᠦᠭᠡᠢ︾ ᠪᠠᠶᠢᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠬᠡᠪᠴᠢᠶᠡᠵᠢᠭᠦᠯᠦᠨ ᠶᠠᠳᠠᠭᠤᠷᠠᠭᠤᠯᠬᠤ ᠦᠭᠡᠢ ᠪᠠᠶᠢᠬᠤ ᠬᠢᠵᠠᠭᠠᠷ ᠱᠤᠭᠤᠮ ᠢ ᠡᠷᠡᠰ ᠰᠠᠬᠢᠨ᠎ᠠ᠃ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠭᠦᠯᠦᠨ᠎ᠡ᠃ ᠣᠲᠣ ᠶᠢᠨ ᠪᠠᠶᠢᠭ᠎ᠠ ᠭᠤᠣᠯ ᠪᠣᠯᠬᠤ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠶᠡᠷᠦᠩᠬᠡᠢ ᠳᠡᠭᠡᠨ ᠲᠣᠭᠲᠠᠭᠤᠨ ᠪᠠᠶᠢᠯᠭᠠᠬᠤ ᠶᠢ ᠪᠠᠲᠤᠯᠠᠬᠤ ᠶᠢᠨ ᠬᠠᠮᠲᠤ ᠲᠥᠷᠥᠯ ᠵᠦᠢᠯ ᠳᠠᠷᠠᠭᠠᠯᠠᠨ ᠲᠥᠷᠥᠯ ᠬᠤᠪᠢᠶᠠᠨ ᠰᠢᠯᠢᠳᠡᠭᠵᠢᠭᠦᠯᠦᠨ ᠲᠣᠬᠢᠷᠠᠭᠤᠯᠵᠤ᠂ ᠡᠯ᠎ᠡ ᠵᠦᠢᠯ ᠤᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠵᠤ᠂ ᠵᠣᠯᠭᠠᠭᠤᠯᠬᠤ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠨ᠂ ᠡᠬᠢ ᠪᠠᠶᠠᠯᠢᠭ ᠢ ᠲᠥᠪᠯᠡᠷᠡᠭᠦᠯᠦᠨ ᠳᠡᠮᠵᠢᠵᠦ ᠪᠠᠶᠢᠭᠠᠳ ᠶᠠᠳᠠᠭᠤ ᠎ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠳᠠᠰᠢ ᠠᠯᠬᠤᠮ ᠠᠯᠬᠤᠮ ᠢᠶᠠᠷ ᠲᠣᠭᠲᠠᠭᠤᠨ ᠢᠶᠠᠷ ᠰᠢᠯᠵᠢᠬᠦ ᠶᠢ ᠪᠡᠶᠡᠯᠡᠭᠦᠯᠦᠨ᠎ᠡ᠃ ᠬᠥᠳᠡᠭᠡ ᠲᠣᠰᠬᠤᠨ ᠤ ᠡᠮᠡᠭᠲᠡᠶᠢᠴᠦᠳ ᠢ ᠪᠣᠯᠪᠠᠰᠤᠷᠠᠭᠤᠯᠬᠤ ᠡᠷᠴᠢᠮ ᠢ ᠴᠢᠩᠭᠠᠷᠠᠭᠤᠯᠵᠤ᠂ ᠰᠢᠨ᠎ᠡ ᠮᠠᠶ᠋ᠢᠭ ᠤᠨ ᠲᠠᠷᠢᠶᠠᠯᠠᠩ ᠤᠨ ᠡᠵᠡᠩᠨᠡᠯᠲᠡ ᠶᠢᠨ ᠪᠡᠶᠡᠴᠢ ᠴᠣᠭᠴᠠ ᠪᠣᠯᠣᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠤᠨ ᠬᠠᠮᠲᠤᠷᠠᠯᠴᠠᠬᠤ ᠶᠢ ᠵᠣᠷᠢᠭᠵᠢᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠲᠣᠣᠷ ᠰᠦᠯᠵᠢᠶ᠎ᠡ ᠪᠠᠷ ᠪᠤᠷᠤᠯᠠᠭᠤᠯᠬᠤ ᠶᠢ ᠲᠦᠯᠬᠢᠨ ᠠᠬᠢᠭᠤᠯᠤᠨ᠎ᠠ᠃ ᠬᠤᠳᠠ ᠬᠥᠳᠡᠭᠡ ᠶᠢᠨ ᠣᠷᠣᠯᠭ᠎ᠠ ᠪᠠᠭᠠᠲᠠᠢ ᠡᠮᠡᠭᠲᠡᠶᠢᠴᠦᠳ ᠤᠨ ᠪᠡᠶ᠎ᠡ ᠪᠠᠨ ᠳᠠᠭᠠᠭᠠᠵᠤ ᠬᠥᠭᠵᠢᠬᠦ ᠳᠤ ᠲᠣᠬᠢᠷᠠᠬᠤ ᠭᠠᠷ ᠤᠷᠠᠯᠠᠯ ᠤᠨ ᠨᠡᠬᠡᠮᠡᠯ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭ᠎ᠠ ᠵᠡᠷᠭᠡ ᠣᠨᠴᠠᠯᠢᠭᠲᠤ ᠠᠵᠤ ᠦᠢᠯᠡᠰ ᠤᠨ ᠵᠦᠢᠯᠡᠰ ᠢ ᠲᠡᠳᠬᠦᠨ ᠬᠥᠭᠵᠢᠭᠦᠯᠦᠨ᠎ᠡ᠃ ᠪᠠᠶᠠᠵᠢᠯ ᠤᠨ ᠳᠠᠭᠠᠭᠤᠯᠤᠭᠴᠢ ᠶᠢ ᠪᠣᠶᠢᠵᠢᠭᠤᠯᠬᠤ᠂ ᠬᠠᠪᠰᠤᠷᠤᠨ ᠲᠡᠳᠬᠦᠬᠦ ᠦᠢᠯᠡᠳᠪᠦᠷᠢ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠪᠠ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠥᠳᠡᠭᠡ ᠲᠣᠰᠬᠤᠨ ᠤ ᠡᠮᠡᠭᠲᠡᠶᠢᠴᠦᠳ ᠤᠨ ᠲᠤᠬᠠᠢ ᠶᠢᠨ ᠭᠠᠵᠠᠷ ᠲᠠᠭᠠᠨ ᠪᠤᠶᠤ ᠣᠶᠢᠷ᠎ᠠ ᠬᠠᠪᠢ ᠳᠠᠭᠠᠨ ᠠᠵᠢᠯ ᠣᠯᠬᠤ ᠶᠢ ᠲᠡᠮᠵᠢᠵᠤ᠂ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠬᠤ ᠶᠢ ᠪᠡᠶᠡᠯᠡᠭᠦᠯᠦᠨ᠎ᠡ᠃      13᠂ ᠡᠮᠡᠭᠲᠡᠶᠢᠴᠦᠳ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠢᠳᠡᠪᠬᠢᠲᠡᠢ ᠣᠷᠤᠯᠴᠠᠬᠤ ᠶᠢ ᠳᠡᠮᠵᠢᠨ᠎ᠡ᠃ ᠡᠮᠡᠭᠲᠡᠶᠢᠴᠦᠳ ᠤᠨ ᠬᠥᠳᠡᠭᠡ ᠲᠣᠰᠬᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠪᠠ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠳᠤᠮᠳᠠᠬᠢ ᠦᠢᠯᠡᠳᠦᠯ ᠢ ᠢᠳᠡᠪᠬᠢᠲᠡᠢ ᠪᠠᠷ ᠪᠠᠳᠠᠷᠠᠭᠤᠯᠤᠨ᠎ᠠ᠃ ︽ᠬᠥᠳᠡᠭᠡ ᠲᠣᠰᠬᠤᠨ ᠤ ᠡᠮᠡᠭᠲᠡᠶᠢᠴᠦᠳ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ︾᠎ ᠶᠢ ᠨᠠᠶᠢᠳᠠᠪᠤᠷᠢᠵᠢᠭᠤᠯᠵᠤ᠂ ᠡᠮᠡᠭᠲᠡᠶᠢᠴᠦᠳ ᠤᠨ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠪᠠ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠡᠭᠦᠳᠦᠨ ᠪᠠᠶᠢᠭᠤᠯᠬᠤ ᠶᠢ ᠵᠣᠷᠢᠭᠵᠢᠭᠤᠯᠤᠨ ᠳᠡᠮᠵᠢᠨ᠎ᠡ᠃ ᠥᠨᠳᠥᠷ ᠬᠡᠪ ᠴᠢᠨᠠᠷ ᠪᠦᠬᠦᠢ ᠡᠮᠡᠭᠲᠡᠢ ᠲᠠᠷᠢᠶᠠᠴᠢᠨ ᠢ ᠬᠥᠮᠥᠵᠢᠭᠦᠯᠬᠦ ᠠᠵᠢᠯ ᠢ ᠴᠢᠩᠭᠠᠳᠬᠠᠵᠤ᠂ ᠡᠮᠡᠭᠲᠡᠢ ᠲᠠᠷᠢᠶᠠᠴᠢᠨ ᠤ ᠪᠣᠯᠪᠠᠰᠤᠷᠠᠭᠤᠯᠤᠯ ᠢ ᠵᠠᠰᠠᠭ ᠤᠨ ᠣᠷᠳᠣᠨ ᠤ ᠲᠦᠭᠡᠮᠡᠯ ᠬᠠᠷᠠᠭᠠᠯᠵᠠᠯ ᠤᠨ ᠴᠢᠨᠠᠷᠲᠠᠢ ᠪᠣᠯᠪᠠᠰᠤᠷᠠᠭᠤᠯᠤᠯ ᠤᠨ ᠲᠥᠯᠥᠪᠯᠡᠭᠡ ᠳᠤ ᠣᠷᠣᠭᠤᠯᠬᠤ ᠶᠢ ᠲᠦᠯᠬᠢᠨ ᠠᠬᠢᠭᠤᠯᠵᠤ᠂ ᠡᠮᠡᠭᠲᠡᠶᠢᠴᠦᠳ ᠤᠨ ᠪᠣᠯᠪᠠᠰᠤᠷᠠᠭᠤᠯᠤᠯ ᠳᠤ ᠣᠷᠤᠯᠴᠠᠬᠤ ᠬᠠᠷᠢᠴᠠᠯ ᠢ ᠳᠡᠭᠡᠭᠰᠢᠯᠡᠭᠦᠯᠦᠨ᠎ᠡ᠃ ᠡᠮᠡᠭᠲᠡᠢ ᠠᠵᠤ ᠠᠬᠤᠶᠢᠯᠠᠯᠲᠠᠨ᠂ ᠡᠮᠡᠭᠲᠡᠢ ᠣᠶᠤᠲᠠᠨ᠂ ᠡᠮᠡᠭᠲᠡᠢ ᠬᠥᠯᠥᠰᠦᠨ ᠠᠵᠢᠯᠴᠢᠨ ᠵᠡᠷᠭᠡ ᠶᠢᠨ ᠨᠤᠲᠤᠭ ᠲᠠᠭᠠᠨ ᠪᠤᠴᠠᠵᠤ ᠬᠥᠳᠡᠭᠡ ᠪᠠᠭᠤᠵᠤ ᠠᠳᠠᠯ ᠦᠢᠯᠡᠰ ᠴᠣᠭᠴᠠᠯᠠᠬᠤ ᠶᠢ ᠵᠣᠷᠢᠭᠵᠢᠭᠤᠯᠤᠨ ᠳᠡᠮᠵᠢᠵᠦ᠂ ᠲᠡᠲᠡᠨᠤᠰ ᠲᠤ ᠴᠠᠭ ᠲᠤᠬᠠᠢ ᠳᠤᠨᠢ ᠳᠥᠭᠦᠮ ᠳᠥᠲᠡ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ᠂ ᠲᠥᠷᠥᠯ ᠵᠦᠢᠯ ᠢ ᠵᠣᠯᠭᠠᠭᠤᠯᠬᠤ᠂ ᠪᠡᠯᠡ ᠲᠣᠬᠢᠷᠠᠭᠤᠯᠭ᠎ᠠ ᠪᠠᠷ ᠬᠥᠲᠥᠯᠥᠨ ᠳᠠᠭᠠᠭᠤᠯᠬᠤ ᠵᠡᠷᠭᠡ ᠦᠢᠯᠡᠴᠢᠯᠡᠭᠡ ᠬᠠᠩᠭᠠᠨ᠎ᠠ᠃ ᠡᠮᠡᠭᠲᠡᠢ ᠲᠠᠷᠢᠶᠠᠴᠢᠳ ᠢ ᠬᠥᠲᠥᠯᠥᠨ ᠵᠢᠯᠤᠭᠤᠳᠴᠤ ᠪᠠᠶᠢᠭᠠᠳ ᠬᠥᠳᠡᠭᠡ ᠲᠣᠰᠬᠤᠨ ᠤ ᠤᠷᠠᠨ ᠲᠠᠷᠬᠠᠨ᠂ ᠰᠣᠶᠣᠯ ᠤᠨ ᠴᠢᠳᠠᠪᠤᠷᠢᠲᠠᠨ᠂ ᠭᠠᠷ ᠤᠷᠠᠴᠤᠳ᠂ ᠲᠠᠷᠢᠶᠠᠯᠠᠩ ᠤᠨ ᠮᠡᠷᠭᠡᠵᠢᠯ ᠤᠨ ᠨᠡᠶᠢᠭᠡᠮᠯᠢᠭ ᠤᠨ ᠳᠠᠭᠠᠭᠤᠯᠤᠭᠴᠢ ᠪᠠ ᠰᠢᠨ᠎ᠡ ᠮᠠᠶ᠋ᠢᠭ ᠤᠨ ᠲᠠᠷᠢᠶᠠᠯᠠᠩ ᠤᠨ ᠬᠠᠮᠢᠶᠠᠷᠤᠯᠲᠠ ᠶᠢᠨ ᠡᠵᠡᠩᠨᠡᠯᠲᠡ ᠶᠢᠨ ᠴᠢᠳᠠᠪᠤᠷᠢᠲᠠᠨ ᠪᠣᠯᠬᠤ ᠪᠠᠷ ᠴᠢᠷᠮᠠᠶᠢᠨ᠎ᠠ᠃      (ᠳᠦᠷᠪᠡ) ᠡᠮᠡᠭᠲᠡᠶᠢᠴᠦᠳ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠬᠠᠮᠢᠶᠠᠷᠤᠯᠲᠠ ᠳᠤ ᠤᠷᠤᠯᠴᠠᠬᠤ      ᠭᠤᠣᠯ ᠬᠠᠷᠠᠯᠲᠠ᠄      1᠂ ᠡᠮᠡᠭᠲᠡᠶᠢᠴᠦᠳ ᠤᠨ ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ ᠲᠥᠷᠥ ᠶᠢᠨ ᠪᠠᠶᠢᠭᠤᠯᠤᠯᠲᠠ ᠪᠠ ᠨᠡᠶᠢᠭᠡᠮ ᠤᠨ ᠵᠠᠰᠠᠯᠲᠠ ᠳᠤ ᠣᠷᠤᠯᠴᠠᠬᠤ ᠶᠢ ᠪᠠᠲᠤᠯᠠᠵᠤ᠂ ᠣᠷᠤᠯᠴᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃      2᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠮᠡᠭᠲᠡᠢ ᠨᠠᠮ ᠤᠨ ᠭᠡᠰᠢᠭᠦᠨ ᠤ ᠵᠦᠢ ᠵᠣᠬᠢᠰᠲᠠᠢ ᠬᠠᠷᠢᠴᠠᠯ ᠢ ᠪᠠᠲᠤᠯᠠᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠭᠡᠰᠢᠭᠦᠨ ᠤ ᠲᠥᠯᠥᠭᠡᠯᠡᠭᠴᠢᠳ ᠤᠨ ᠶᠡᠭᠡ ᠬᠤᠷᠠᠯ ᠳᠤ ᠡᠮᠡᠭᠲᠡᠢ ᠨᠠᠮ ᠤᠨ ᠭᠡᠰᠢᠭᠦᠨ ᠲᠥᠯᠥᠭᠡᠯᠡᠭᠴᠢ ᠶᠢᠨ ᠬᠠᠷᠢᠴᠠᠯ ᠨᠢ ᠡᠩ ᠤᠨ ᠪᠠᠶᠢᠳᠠᠯ ᠳᠤ ᠲᠣᠰ ᠭᠠᠵᠠᠷ ᠣᠷᠣᠨ ᠤ ᠨᠠᠮ ᠤᠨ ᠭᠡᠰᠢᠭᠦᠨ ᠤ ᠶᠡᠷᠦᠩᠬᠡᠢ ᠲᠤᠭ᠎ᠠ ᠶᠢᠨ ᠬᠠᠷᠢᠴᠠᠯ ᠠᠴᠠ ᠳᠤᠤᠷ᠎ᠠ ᠪᠠᠶᠢᠵᠦ ᠪᠤᠯᠬᠤ ᠦᠭᠡᠢ᠃      3᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠ ᠪᠠᠶᠢᠩᠭᠤ ᠶᠢᠨ ᠬᠤᠷᠢᠶᠠᠨ ᠤ ᠭᠡᠰᠢᠭᠦᠳ ᠤᠨ ᠳᠣᠲᠣᠷᠠᠬᠢ ᠡᠮᠡᠭᠲᠡᠶᠢᠴᠦᠳ ᠤᠨ ᠬᠠᠷᠢᠴᠠᠯ ᠢ ᠬᠤᠭᠤᠴᠠᠭ᠎ᠠ ᠳᠠᠷᠠᠭᠠᠯᠠᠨ ᠳᠡᠭᠡᠭᠰᠢᠯᠡᠭᠦᠯᠦᠨ᠎ᠡ᠃ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠠ ᠪᠠᠶᠢᠩᠭᠤ ᠶᠢᠨ ᠭᠡᠰᠢᠭᠦᠳ ᠤᠨ ᠳᠣᠲᠣᠷᠠᠬᠢ ᠡᠮᠡᠭᠲᠡᠶᠢᠴᠦᠳ ᠤᠨ ᠬᠠᠷᠢᠴᠠᠯ ᠢ ᠬᠤᠭᠤᠴᠠᠭ᠎ᠠ ᠳᠠᠷᠠᠭᠠᠯᠠᠨ ᠳᠡᠭᠡᠭᠰᠢᠯᠡᠭᠦᠯᠦᠨ᠎ᠡ᠃      4᠂ ᠲᠤᠭᠤᠷᠢᠭ ᠤᠨ ᠱᠠᠲᠤᠨ ᠤ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠤᠨ ᠤᠳᠤᠷᠢᠳᠬᠤ ᠪᠠᠭ ᠤᠨ ᠳᠣᠲᠣᠷᠠᠬᠢ ᠡᠮᠡᠭᠲᠡᠢ ᠺᠠᠳ᠋ᠷ ᠤᠨ ᠬᠠᠷᠢᠴᠠᠯ ᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠲᠡᠭᠦᠨ ᠤ ᠳᠣᠲᠣᠷ᠎ᠠ ᠵᠣᠬᠢᠬᠤ ᠲᠣᠭᠠᠨ ᠤ ᠵᠢᠩᠬᠢᠨᠢ ᠲᠤᠰᠢᠶᠠᠯ ᠲᠠᠢ ᠪᠠᠶᠢᠯᠭᠠᠨ᠎ᠠ᠃      5᠂ ᠰᠤᠮᠤ ᠪᠠᠯᠭᠠᠰᠤᠨ ᠤ ᠤᠳᠤᠷᠢᠳᠬᠤ ᠪᠠᠭ ᠤᠨ ᠳᠣᠲᠣᠷ᠎ᠠ ᠨᠠᠭᠠᠲᠤ ᠵᠠᠬ᠎ᠠ ᠳᠠᠭᠠᠨ ᠨᠢᠭᠡ ᠡᠮᠡᠭᠲᠡᠢ ᠺᠠᠳ᠋ᠷ ᠲᠣᠬᠢᠷᠠᠭᠤᠯᠬᠤ ᠬᠡᠷᠡᠭᠲᠡᠢ᠂ ᠡᠭᠦᠨ ᠤ ᠳᠣᠲᠣᠷ᠎ᠠ ᠵᠣᠬᠢᠬᠤ ᠲᠣᠭᠠᠨ ᠤ ᠵᠢᠩᠬᠢᠨᠢ ᠲᠤᠰᠢᠶᠠᠯ ᠲᠠᠢ ᠪᠠᠶᠢᠬᠤ ᠬᠡᠷᠡᠭᠲᠡᠢ᠃      6᠂ ᠲᠤᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ᠂ ᠲᠤᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠳᠣᠲᠣᠷᠠᠬᠢ ᠡᠮᠡᠭᠲᠡᠶᠢᠴᠦᠳ ᠤᠨ ᠬᠠᠷᠢᠴᠠᠯ ᠢ ᠠᠯᠬᠤᠮ ᠢᠶᠠᠷ ᠳᠡᠭᠡᠭᠰᠢᠯᠡᠭᠦᠯᠦᠨ᠎ᠡ᠃ ᠲᠤᠰᠬᠤᠨ ᠤ ᠠᠷᠠᠳ ᠤᠨ ᠡᠮᠡᠭᠲᠡᠢ ᠲᠥᠯᠥᠭᠡᠯᠡᠭᠴᠢ ᠨᠢ ᠲᠤᠰᠬᠤᠨ ᠤ ᠠᠷᠠᠳ ᠤᠨ ᠲᠥᠯᠥᠭᠡᠯᠡᠭᠴᠢᠳ ᠤᠨ ᠬᠤᠷᠠᠯ ᠤᠨ ᠪᠦᠷᠢᠯᠳᠦᠭᠦᠨ ᠤ ᠭᠤᠷᠪᠠᠨ ᠤ ᠨᠢᠭᠡ ᠬᠤᠪᠢ ᠠᠴᠠ ᠳᠡᠭᠡᠭᠰᠢᠬᠢ ᠶᠢ ᠡᠵᠡᠯᠡᠵᠦ᠂ ᠲᠤᠰᠬᠤᠨ ᠤ ︽ᠬᠤᠶᠠᠷ ᠵᠥᠪᠯᠡᠯ︾᠎ ᠤᠨ ᠪᠦᠷᠢᠯᠳᠦᠭᠦᠨ ᠤ ᠳᠣᠲᠣᠷ᠎ᠠ ᠡᠮᠡᠭᠲᠡᠶᠢᠴᠦᠳ ᠤᠨ ᠬᠠᠷᠢᠴᠠᠯ ᠢ 30%᠎ ᠠᠴᠠ ᠳᠡᠭᠡᠭᠰᠢ ᠪᠠᠶᠢᠯᠭᠠᠬᠤ ᠶᠢ ᠪᠠᠲᠤᠯᠠᠨ᠎ᠠ᠃      7᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠳᠣᠲᠣᠷᠠᠬᠢ ᠡᠮᠡᠭᠲᠡᠶᠢᠴᠦᠳ ᠤᠨ ᠬᠠᠷᠢᠴᠠᠯ ᠢ ᠠᠯᠬᠤᠮ ᠢᠶᠠᠷ ᠳᠡᠭᠡᠭᠰᠢᠯᠡᠭᠦᠯᠦᠨ᠎ᠡ᠃ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠤᠨ ᠪᠦᠷᠢᠯᠳᠦᠭᠦᠨ ᠤ ᠳᠣᠲᠣᠷ᠎ᠠ ᠡᠮᠡᠭᠲᠡᠶᠢᠴᠦᠳ ᠤᠨ ᠬᠠᠷᠢᠴᠠᠯ ᠢ 50% ᠣᠷᠴᠢᠮ ᠪᠠᠶᠢᠯᠭᠠᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠤᠨ ᠡᠷᠬᠢᠯᠡᠭᠴᠢ ᠶᠢᠨ ᠳᠣᠲᠣᠷ᠎ᠠ ᠡᠮᠡᠭᠲᠡᠶᠢᠴᠦᠳ ᠤᠨ ᠬᠠᠷᠢᠴᠠᠯ ᠢ 40%᠎ ᠠᠴᠠ ᠳᠡᠭᠡᠭᠰᠢ ᠳᠤ ᠬᠦᠷᠦᠭᠦᠯᠦᠨ᠎ᠡ᠃     8᠂ ᠠᠵᠢᠯ ᠦᠢᠯᠡᠰ ᠤᠨ ᠨᠢᠭᠡᠴᠢ ᠶᠢᠨ ᠤᠳᠤᠷᠢᠳᠬᠤ ᠪᠠᠭ ᠤᠨ ᠪᠦᠷᠢᠯᠳᠦᠭᠦᠨ ᠤ ᠳᠣᠲᠣᠷᠠᠬᠢ ᠡᠮᠡᠭᠲᠡᠶᠢᠴᠦᠳ ᠤᠨ ᠬᠠᠷᠢᠴᠠᠯ ᠢ ᠠᠯᠬᠤᠮ ᠢᠶᠠᠷ ᠳᠡᠭᠡᠭᠰᠢᠯᠡᠭᠦᠯᠵᠦ᠂ ᠵᠦᠢ ᠵᠣᠬᠢᠰᠲᠠᠢ ᠪᠦᠲᠦᠴᠡ ᠶᠢ ᠪᠠᠲᠤᠯᠠᠨ᠎ᠠ᠃      9᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠡᠷᠡᠭ ᠮᠡᠳᠡᠭᠴᠢᠳ ᠤᠨ ᠵᠥᠪᠯᠡᠯ᠂ ᠬᠢᠨᠠᠭᠴᠢᠳ ᠤᠨ ᠵᠥᠪᠯᠡᠯ ᠤᠨ ᠪᠦᠷᠢᠯᠳᠦᠭᠦᠨ ᠵᠢᠴᠢ ᠬᠠᠮᠢᠶᠠᠷᠤᠯᠲᠠ ᠶᠢᠨ ᠳᠠᠪᠬᠤᠷᠭ᠎ᠠ ᠳᠠᠬᠢ ᠡᠮᠡᠭᠲᠡᠶᠢᠴᠦᠳ ᠲᠤ ᠵᠣᠬᠢᠬᠤ ᠬᠠᠷᠢᠴᠠᠯ ᠢ ᠪᠠᠲᠤᠯᠠᠨ᠎ᠠ᠃ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠠᠵᠢᠯᠴᠢᠨ ᠤ ᠲᠥᠯᠥᠭᠡᠯᠡᠭᠴᠢᠳ ᠤᠨ ᠶᠡᠭᠡ ᠬᠤᠷᠠᠯ ᠳᠠᠬᠢ ᠡᠮᠡᠭᠲᠡᠶᠢᠴᠦᠳ ᠤᠨ ᠬᠠᠷᠢᠴᠠᠯ ᠪᠣᠯᠣᠨ ᠡᠮᠡᠭᠲᠡᠢ ᠠᠵᠢᠯᠲᠠᠨ ᠠᠵᠢᠯᠴᠢᠨ ᠤ ᠬᠠᠷᠢᠴᠠᠯ ᠢ ᠬᠠᠷᠢᠯᠴᠠᠨ ᠲᠤᠬᠢᠷᠠᠴᠠᠭᠤᠯᠤᠨ᠎ᠠ᠃       10᠂ ᠡᠮᠡᠭᠲᠡᠶᠢᠴᠦᠳ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠣᠷᠤᠯᠴᠠᠬᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠪᠣᠯᠬᠤ ᠶᠢ ᠵᠣᠷᠢᠭᠵᠢᠭᠤᠯᠤᠨ ᠳᠡᠮᠵᠢᠨ᠎ᠡ᠃      ᠠᠷᠭ᠎ᠠ ᠪᠣᠳᠣᠯᠭ᠎ᠠ ᠠᠷᠭ᠎ᠠ ᠬᠡᠮᠵᠢᠶ᠎ᠡ᠄      1᠂ ᠡᠮᠡᠭᠲᠡᠶᠢᠴᠦᠳ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠬᠠᠮᠢᠶᠠᠷᠤᠯᠲᠠ ᠳᠤ ᠣᠷᠤᠯᠴᠠᠬᠤ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ᠡᠮᠡᠭᠲᠡᠶᠢᠴᠦᠳ ᠤᠨ ᠤᠯᠤᠰ ᠪᠠ ᠨᠡᠶᠢᠭᠡᠮ ᠤᠨ ᠬᠡᠷᠡᠭ ᠶᠠᠪᠤᠳᠠᠯ ᠤᠨ ᠬᠠᠮᠢᠶᠠᠷᠤᠯᠲᠠ ᠳᠤ ᠣᠷᠤᠯᠴᠠᠬᠤ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠡᠮᠡᠭᠲᠡᠶᠢᠴᠦᠳ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠬᠠᠮᠢᠶᠠᠷᠤᠯᠲᠠ ᠳᠤ ᠣᠷᠤᠯᠴᠠᠬᠤ ᠶᠢ ᠬᠢᠵᠠᠭᠠᠷᠯᠠᠵᠤ ᠪᠠᠶᠢᠭ᠎ᠠ ᠬᠠᠷᠰᠢ ᠰᠠᠭᠠᠳ ᠢ ᠠᠷᠢᠯᠭᠠᠵᠤ᠂ ᠡᠮᠡᠭᠲᠡᠶᠢᠴᠦᠳ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠬᠠᠮᠢᠶᠠᠷᠤᠯᠲᠠ ᠳᠤ ᠣᠷᠤᠯᠴᠠᠬᠤ ᠬᠢᠷᠢ ᠬᠡᠮᠵᠢᠶ᠎ᠡ ᠶᠢ ᠡᠮᠡᠭᠲᠡᠶᠢᠴᠦᠳ ᠤᠨ ᠪᠠᠶᠢᠷᠢ ᠰᠠᠭᠤᠷᠢ ᠦᠢᠯᠡᠳᠦᠯ ᠯᠦᠭᠡ ᠬᠠᠷᠢᠯᠴᠠᠨ ᠵᠣᠬᠢᠴᠠᠭᠤᠯᠬᠤ ᠶᠢ ᠠᠬᠢᠭᠤᠯᠤᠨ᠎ᠠ᠃ ᠪᠣᠯᠪᠠᠰᠤᠷᠠᠭᠤᠯᠤᠯ ᠤᠨ ᠡᠷᠴᠢᠮ ᠢᠶᠠᠨ ᠴᠢᠩᠭᠠᠷᠠᠭᠤᠯᠵᠤ᠂ ᠤᠳᠤᠷᠢᠳᠬᠤ ᠺᠠᠳ᠋ᠷᠴᠤᠳ ᠤᠨ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠦᠵᠡᠯ ᠤᠬᠠᠮᠰᠠᠷ ᠢ ᠳᠡᠭᠡᠭᠰᠢᠯᠡᠭᠦᠯᠦᠨ᠂ ᠡᠮᠡᠭᠲᠡᠶᠢᠴᠦᠳ ᠤᠨ ᠵᠠᠰᠠᠭ ᠤᠨ ᠶᠠᠪᠤᠳᠠᠯ ᠳᠤ ᠣᠷᠤᠯᠴᠠᠬᠤ ᠶᠢ ᠠᠬᠢᠭᠤᠯᠬᠤ ᠶᠠᠪᠤᠳᠠᠯ ᠢ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠬᠠᠷᠠᠯᠲᠠ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠨ᠎ᠠ᠃ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ᠂ ᠨᠠᠮ ᠵᠠᠰᠠᠭ ᠤᠨ ᠠᠵᠢᠯ ᠤᠨ ᠰᠠᠯᠠᠭ᠎ᠠ ᠮᠥᠴᠢᠷ ᠵᠢᠴᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠦᠨᠳᠦᠰᠦᠨ ᠱᠠᠲᠤᠨ ᠤ ᠤᠯᠠᠨ ᠲᠦᠮᠡᠨ ᠤ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠠᠬᠢ ᠡᠮᠡᠭᠲᠡᠶᠢᠴᠦᠳ ᠤᠨ ᠬᠠᠷᠢᠴᠠᠯ ᠢ ᠳᠡᠭᠡᠭᠰᠢᠯᠡᠭᠦᠯᠦᠨ᠎ᠡ᠃      2᠂ ᠡᠮᠡᠭᠲᠡᠶᠢᠴᠦᠳ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠬᠠᠮᠢᠶᠠᠷᠤᠯᠲᠠ ᠳᠤ ᠣᠷᠤᠯᠴᠠᠬᠤ ᠦᠵᠡᠯ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠮᠡᠭᠲᠡᠶᠢᠴᠦᠳ ᠢ ᠬᠥᠲᠥᠯᠥᠨ ᠵᠢᠯᠤᠭᠤᠳᠴᠤ ᠪᠠᠶᠢᠭᠠᠳ ᠤᠯᠤᠰ ᠣᠷᠣᠨ ᠪᠠ ᠨᠡᠶᠢᠭᠡᠮ ᠤᠨ ᠬᠡᠷᠡᠭ ᠶᠠᠪᠤᠳᠠᠯ ᠳᠤ ᠰᠡᠳᠬᠢᠯ ᠲᠠᠯᠪᠢᠭᠤᠯᠵᠤ᠂ ᠣᠷᠤᠯᠴᠠᠬᠤ ᠤᠬᠠᠮᠰᠠᠷ ᠢ ᠨᠢ ᠳᠡᠭᠡᠭᠰᠢᠯᠡᠭᠦᠯᠦᠨ᠂ ᠤᠯᠤᠰ ᠲᠦᠷᠦ ᠶᠢᠨ ᠡᠷᠬᠡ ᠪᠠᠨ ᠬᠠᠤᠯᠢ ᠶᠣᠰᠣᠭᠠᠷ ᠬᠡᠷᠡᠭᠵᠢᠭᠦᠯᠵᠦ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠢᠳᠡᠪᠬᠢᠲᠡᠢ ᠣᠷᠣᠯᠴᠠᠭᠤᠯᠤᠨ᠎ᠠ᠃ ᠨᠠᠮ ᠤᠨ ᠰᠤᠷᠭᠠᠭᠤᠯᠢ ᠳᠤ ᠡᠮᠡᠭᠲᠡᠢ ᠤᠳᠤᠷᠢᠳᠬᠤ ᠺᠠᠳ᠋ᠷᠴᠤᠳ ᠤᠨ ᠤᠯᠤᠰ ᠲᠦᠷᠦ ᠶᠢᠨ ᠬᠡᠪ ᠴᠢᠨᠠᠷ ᠪᠠ ᠤᠳᠤᠷᠢᠳᠬᠤ ᠴᠢᠳᠠᠪᠤᠷᠢ ᠶᠢᠨ ᠪᠣᠯᠪᠠᠰᠤᠷᠠᠭᠤᠯᠤᠯ ᠢ ᠥᠷᠨᠢᠭᠦᠯᠦᠨ᠎ᠡ᠃ ᠵᠠᠯᠠᠭᠤ ᠡᠮᠡᠭᠲᠡᠶᠢᠴᠦᠳ ᠤᠨ ᠤᠯᠤᠰ ᠲᠥᠷᠥ ᠶᠢᠨ ᠬᠡᠪ ᠪᠣᠯᠪᠠᠰᠤᠷᠠᠯ ᠵᠢᠴᠢ ᠰᠢᠢᠳᠪᠦᠷᠢᠲᠦ ᠪᠣᠳᠣᠯᠭ᠎ᠠ ᠪᠠ ᠬᠠᠮᠢᠶᠠᠷᠤᠯᠲᠠ ᠳᠤ ᠣᠷᠤᠯᠴᠠᠬᠤ ᠤᠬᠠᠮᠰᠠᠷ ᠢ ᠬᠥᠮᠥᠵᠢᠭᠦᠯᠦᠨ᠎ᠡ᠃ ᠦᠨᠳᠦᠰᠦᠨ ᠱᠠᠲᠤᠨ ᠤ ᠡᠮᠡᠭᠲᠡᠶᠢᠴᠦᠳ ᠤᠨ ᠭᠤᠣᠯᠯᠠᠭᠴᠢ ᠬᠦᠴᠦᠨ ᠤ ᠪᠣᠯᠪᠠᠰᠤᠷᠠᠭᠤᠯᠤᠯ ᠤᠨ ᠡᠷᠴᠢᠮ ᠢ ᠴᠢᠩᠭᠠᠷᠠᠭᠤᠯᠵᠤ᠂ ᠡᠮᠡᠭᠲᠡᠶᠢᠴᠦᠳ ᠤᠨ ᠲᠣᠰᠬᠤᠨ ︵ᠰᠠᠭᠤᠭᠠᠯᠢ︶᠎ ᠤ ᠠᠷᠠᠳ ᠤᠨ ᠬᠡᠷᠡᠭ ᠵᠥᠪᠯᠡᠬᠦ ᠵᠥᠪᠯᠡᠯ᠂ ᠬᠡᠷᠡᠭ ᠡᠷᠬᠢᠯᠡᠭᠴᠢᠳ ᠤᠨ ᠵᠥᠪᠯᠡᠯ ᠵᠡᠷᠭᠡ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠳᠤ ᠢᠳᠡᠪᠬᠢᠲᠡᠢ ᠣᠷᠤᠯᠴᠠᠬᠤ ᠶᠢ ᠵᠣᠷᠢᠭᠵᠢᠭᠤᠯᠤᠨ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠡᠮᠡᠭᠲᠡᠶᠢᠴᠦᠳ ᠤᠨ ᠬᠡᠷᠡᠭ ᠡᠷᠬᠢᠯᠡᠬᠦ ᠵᠥᠪᠯᠡᠯ ᠤᠨ ᠪᠦᠬᠦᠨ ᠢ ᠬᠠᠮᠤᠷᠬᠤ ᠶᠢ ᠪᠡᠶᠡᠯᠡᠭᠦᠯᠬᠦ ᠶᠢᠨ ᠬᠠᠮᠲᠤ ᠪᠦᠲᠦᠮᠵᠢᠲᠡᠶ ᠠᠵᠢᠯᠯᠠᠬᠤ ᠶᠢ ᠠᠬᠢᠭᠤᠯᠤᠨ᠎ᠠ᠃      3᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠮᠡᠭᠲᠡᠢ ᠨᠠᠮ ᠤᠨ ᠭᠡᠰᠢᠭᠦᠨ ᠡᠯᠰᠡᠬᠦ ᠶᠢ ᠴᠢᠬᠤᠯᠠᠴᠢᠯᠠᠨ᠎ᠠ᠃ ᠡᠮᠡᠭᠲᠡᠶᠢᠴᠦᠳ ᠲᠤ ᠬᠠᠨᠳᠤᠭᠤᠯᠤᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠭᠦᠨᠵᠡᠭᠡᠢ ᠥᠷᠨᠢᠭᠦᠯᠵᠦ᠂ ᠨᠠᠮ ᠤᠨ ᠤᠯᠤᠰ ᠲᠦᠷᠦ ᠶᠢᠨ ᠵᠣᠷᠢᠯᠲᠠ ᠶᠢ ᠤᠬᠠᠭᠤᠯᠤᠨ᠂ ᠨᠠᠮ ᠤᠨ ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠵᠦ᠂ ᠨᠠᠮ ᠤᠨ ᠲᠤᠬᠠᠢ ᠬᠠᠶᠢᠷ᠎ᠠ ᠰᠡᠳᠬᠢᠯᠭᠡ ᠶᠢ ᠬᠥᠮᠥᠵᠢᠭᠦᠯᠦᠨ᠂ ᠡᠮᠡᠭᠲᠡᠶᠢᠴᠦᠳ ᠤᠨ ᠨᠠᠮ ᠳᠤ ᠣᠷᠣᠬᠤ ᠪᠠᠷ ᠢᠳᠡᠪᠬᠢᠲᠡᠢ ᠱᠠᠭᠠᠷᠳᠠᠬᠤ ᠤᠯᠤᠰ ᠲᠦᠷᠦ ᠶᠢᠨ ᠬᠦᠰᠡᠯ ᠡᠷᠡᠮᠡᠯᠵᠡᠯ ᠢ ᠬᠥᠭᠵᠢᠭᠡᠵᠦ᠂ ᠨᠠᠮ ᠤᠨ ᠡᠮᠡᠭᠲᠡᠢ ᠤᠯᠠᠨ ᠲᠦᠮᠡᠨ ᠤ ᠰᠠᠭᠤᠷᠢ ᠶᠢ ᠤᠯᠠᠮ ᠨᠢᠭᠡ ᠠᠯᠬᠤᠮ ᠪᠠᠲᠤᠳᠬᠠᠨ᠎ᠠ᠃ ᠨᠠᠮ ᠳᠤ ᠣᠷᠣᠭᠰᠠᠨ ᠡᠮᠡᠭᠲᠡᠶᠢᠴᠦᠳ ᠤᠨ ᠢᠳᠡᠪᠬᠢᠲᠡᠨ ᠢ ᠬᠥᠮᠥᠵᠢᠭᠦᠯᠬᠦ ᠶᠢ ᠴᠢᠩᠭᠠᠳᠬᠠᠨ᠎ᠠ᠃ ᠡᠯ᠎ᠡ ᠠᠵᠢᠯ ᠲᠦᠷᠦᠯ ᠤᠨ ᠵᠠᠯᠠᠭᠤ ᠡᠮᠡᠭᠲᠡᠶᠢᠴᠦᠳ ᠤᠨ ᠳᠣᠲᠣᠷ᠎ᠠ ᠠᠴᠠ ᠨᠠᠮ ᠤᠨ ᠭᠡᠰᠢᠭᠦᠨ ᠡᠯᠰᠡᠬᠦ ᠶᠢ ᠴᠢᠬᠤᠯᠠᠴᠢᠯᠠᠨ᠎ᠠ᠃ ᠨᠠᠮ ᠤᠨ ᠲᠥᠯᠥᠭᠡᠯᠡᠭᠴᠢ ᠶᠢᠨ ᠵᠢᠱᠢᠭᠳᠡᠭᠰᠡᠳ ᠢ ᠶᠠᠷᠢᠯᠴᠠᠬᠤ ᠶᠠᠪᠤᠴᠠ ᠳᠤ᠂ ᠤᠯᠤᠰ ᠲᠥᠷᠥ ᠶᠢᠨ ᠲᠠᠯ᠎ᠠ ᠪᠠᠷ ᠪᠠᠲᠤ ᠴᠢᠩᠭ᠎ᠠ᠂ ᠣᠪᠣᠷ ᠰᠤᠷᠲᠠᠯ ᠰᠢᠯᠢᠳᠡᠭ ᠰᠠᠶᠢᠨ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠳᠡᠭ᠂ ᠪᠣᠳᠠᠲᠤ ᠪᠦᠲᠦᠮᠵᠢ ᠪᠠᠷ ᠲᠣᠪᠣᠶᠢᠮ᠎ᠠ ᠰᠢᠯᠢᠳᠡᠭ ᠡᠮᠡᠭᠲᠡᠶᠢᠴᠦᠳ ᠢ ᠭᠦᠢᠴᠡᠳ ᠠᠩᠬᠠᠷᠴᠤ᠂ ᠨᠠᠮ ᠤᠨ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠡᠮᠡᠭᠲᠡᠢ ᠨᠠᠮ ᠤᠨ ᠭᠡᠰᠢᠭᠦᠨ ᠲᠥᠯᠥᠭᠡᠯᠡᠭᠴᠢ ᠶᠢᠨ ᠵᠦᠢ ᠵᠣᠬᠢᠰᠲᠠᠢ ᠬᠠᠷᠢᠴᠠᠯ ᠢ ᠪᠠᠲᠤᠯᠠᠬᠤ ᠶᠢ ᠦᠨᠡᠨᠬᠦ ᠪᠠᠲᠤᠯᠠᠨ᠎ᠠ᠃      4᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠮᠡᠭᠲᠡᠢ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠡᠮᠡᠭᠲᠡᠢ ᠭᠡᠰᠢᠭᠦᠨ ᠤ ᠬᠠᠷᠢᠴᠠᠯ ᠢ ᠳᠡᠭᠡᠭᠰᠢᠯᠡᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠰᠣᠩᠭᠤᠬᠤ ᠳᠦᠷᠢᠮ ᠪᠠ ᠵᠢᠷᠤᠮ ᠢ ᠨᠠᠶᠢᠳᠠᠪᠤᠷᠢᠵᠢᠭᠤᠯᠵᠤ᠂ ᠰᠣᠩᠭᠤᠭᠤᠯᠢ ᠶᠢᠨ ᠲᠣᠭᠤᠷᠢᠭ ᠢ ᠬᠤᠪᠢᠶᠠᠷᠢᠯᠠᠬᠤ᠂ ᠲᠥᠯᠥᠭᠡᠯᠡᠭᠴᠢ ᠶᠢᠨ ᠲᠤᠭ᠎ᠠ ᠶᠢ ᠬᠤᠪᠢᠶᠠᠷᠢᠯᠠᠬᠤ᠂ ᠵᠢᠱᠢᠭᠳᠡᠭᠰᠡᠳ ᠢ ᠲᠠᠨᠢᠯᠴᠠᠭᠤᠯᠬᠤ᠂ ᠰᠣᠩᠭᠤᠬᠤ ᠵᠡᠷᠭᠡ ᠵᠠᠩᠭᠢᠯᠠᠭ᠎ᠠ ᠳᠤ ᠡᠮᠡᠭᠲᠡᠶᠢᠴᠦᠳ ᠤᠨ ᠠᠳᠠᠯᠢ ᠲᠡᠭᠰᠢ ᠡᠷᠬᠡ ᠪᠠ ᠲᠣᠬᠢᠶᠠᠯ ᠡᠳ᠋ᠯᠡᠬᠦ ᠶᠢ ᠪᠠᠲᠤᠯᠠᠨ᠎ᠠ᠃ ᠦᠨᠳᠦᠰᠦᠨ ᠱᠠᠲᠤ᠂ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠠᠴᠠ ᠡᠮᠡᠭᠲᠡᠶᠢᠴᠦᠳ ᠤᠨ ᠶᠡᠭᠡ ᠬᠤᠷᠠᠯ ᠤᠨ ᠲᠥᠯᠥᠭᠡᠯᠡᠭᠴᠢ ᠪᠠᠷ ᠵᠢᠱᠢᠭᠳᠡᠭᠰᠡᠳ ᠢ ᠲᠠᠨᠢᠯᠴᠠᠭᠤᠯᠬᠤ ᠶᠢ ᠴᠢᠬᠤᠯᠠᠴᠢᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠᠷ ᠵᠢᠱᠢᠭᠳᠡᠭᠰᠡᠳ ᠤᠨ ᠳᠣᠲᠣᠷ᠎ᠠ ᠵᠣᠬᠢᠬᠤ ᠲᠣᠭᠠᠨ ᠤ ᠡᠮᠡᠭᠲᠡᠢ ᠲᠥᠯᠥᠭᠡᠯᠡᠭᠴᠢ  ᠪᠠᠶᠢᠯᠭᠠᠨ᠎ᠠ᠃ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠭᠤᠯᠭ᠎ᠠ ᠶᠢᠨ ᠨᠡᠷᠡᠰ ᠢ ᠨᠡᠷ᠎ᠡ ᠳᠤᠷᠠᠳᠴᠤ ᠲᠠᠨᠢᠯᠴᠠᠭᠤᠯᠬᠤ᠂ ᠵᠥᠪᠳᠡᠯᠴᠡᠨ ᠲᠣᠭᠲᠠᠭᠠᠬᠤ ᠦᠶ᠎ᠡ ᠳᠤ᠂ ᠵᠣᠬᠢᠬᠤ ᠬᠠᠷᠢᠴᠠᠯ ᠢᠶᠠᠷ ᠨᠡᠷ᠎ᠡ ᠳᠤᠷᠠᠳᠤᠭᠰᠠᠨ ᠡᠮᠡᠭᠲᠡᠶᠢᠴᠦᠳ ᠢ ᠪᠠᠲᠤᠯᠠᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠮᠡᠭᠲᠡᠢ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠡᠮᠡᠭᠲᠡᠢ ᠭᠡᠰᠢᠭᠦᠳ ᠤᠨ ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ ᠲᠦᠷᠦ ᠪᠠ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠦᠢᠯᠡᠰ ᠢ ᠬᠥᠭᠵᠢᠭᠦᠯᠬᠦ ᠳᠤᠮᠳᠠᠬᠢ ᠢᠳᠡᠪᠬᠢᠲᠡᠢ ᠦᠢᠯᠡᠳᠦᠯ ᠢ ᠭᠦᠢᠴᠡᠳ ᠪᠠᠳᠠᠷᠠᠭᠤᠯᠤᠨ᠎ᠠ᠃      5᠂ ᠡᠮᠡᠭᠲᠡᠢ ᠺᠠᠳ᠋ᠷ ᠢ ᠬᠥᠮᠥᠵᠢᠭᠦᠯᠵᠦ ᠰᠣᠩᠭᠤᠨ ᠳᠡᠪᠰᠢᠭᠦᠯᠬᠦ ᠠᠵᠢᠯ ᠤᠨ ᠡᠷᠴᠢᠮ ᠢ ᠴᠢᠩᠭᠠᠷᠠᠭᠤᠯᠤᠨ᠎ᠠ᠃ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠳᠠᠬᠢ ᠡᠮᠡᠭᠲᠡᠢ ᠺᠠᠳ᠋ᠷ ᠢ ᠬᠥᠮᠥᠵᠢᠭᠦᠯᠵᠦ ᠰᠢᠯᠢᠨ ᠳᠡᠪᠰᠢᠭᠦᠯᠬᠦ ᠪᠠ ᠲᠣᠬᠢᠷᠠᠭᠤᠯᠬᠤ ᠲᠤᠬᠠᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠦᠨᠡᠨᠴᠢ ᠰᠢᠳᠤᠷᠭᠤ ᠴᠡᠪᠡᠷ ᠴᠢᠬᠡᠴᠢ ᠬᠠᠷᠢᠭᠤᠴᠠᠯᠭ᠎ᠠ ᠲᠠᠢ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠡᠮᠡᠭᠲᠡᠢ ᠺᠠᠳ᠋ᠷ ᠢ ᠬᠥᠮᠥᠵᠢᠭᠦᠯᠵᠦ᠂ ᠡᠮᠡᠭᠲᠡᠢ ᠺᠠᠳ᠋ᠷ ᠤᠨ ᠰᠤᠷᠤᠯᠴᠠᠬᠤ ᠴᠢᠳᠠᠪᠤᠷᠢ᠂ ᠤᠯᠤᠰ ᠲᠥᠷᠥ ᠶᠢᠨ ᠤᠳᠤᠷᠢᠳᠬᠤ ᠴᠢᠳᠠᠪᠤᠷᠢ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠴᠢᠳᠠᠪᠤᠷᠢ᠂ ᠰᠢᠨᠵᠢᠯᠡᠬᠦ ᠤᠬᠠᠭᠠᠨᠴᠢ ᠪᠠᠷ ᠬᠥᠭᠵᠢᠭᠦᠯᠬᠦ ᠴᠢᠳᠠᠪᠤᠷᠢ᠂ ᠬᠠᠤᠯᠢ ᠶᠣᠰᠣᠭᠠᠷ ᠲᠥᠷᠥ ᠪᠠᠷᠢᠬᠤ ᠴᠢᠳᠠᠪᠤᠷᠢ᠂ ᠣᠯᠠᠨ ᠲᠦᠮᠡᠨ ᠤ ᠠᠵᠢᠯ ᠤᠨ ᠴᠢᠳᠠᠪᠤᠷᠢ᠂ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠬᠤ ᠴᠢᠳᠠᠪᠤᠷᠢ᠂ ᠠᠶᠤᠯ ᠲᠦᠭᠰᠢᠭᠦᠷᠢ ᠶᠢ ᠡᠵᠡᠮᠳᠡᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠡᠮᠡᠭᠲᠡᠢ ᠺᠠᠳ᠋ᠷ ᠤᠨ ᠦᠰᠦᠨ ᠪᠣᠶᠢᠵᠢᠬᠤ ᠠᠷᠭ᠎ᠠ ᠵᠠᠮ ᠢ ᠰᠢᠯᠢᠳᠡᠭᠵᠢᠭᠦᠯᠵᠦ᠂ ᠡᠳᠦᠷ ᠲᠤᠲᠤᠮ ᠤᠨ ᠬᠥᠮᠦᠵᠢᠯ ᠪᠠ ᠪᠠᠶᠢᠯᠳᠤᠬᠤ ᠪᠣᠳᠣᠯᠭ᠎ᠠ ᠶᠢᠨ ᠬᠥᠮᠦᠵᠢᠯ ᠢ ᠴᠢᠬᠤᠯᠠᠴᠢᠯᠠᠨ᠂ ᠡᠮᠡᠭᠲᠡᠢ ᠺᠠᠳ᠋ᠷ ᠤᠨ ᠬᠥᠮᠦᠵᠢᠯ ᠪᠣᠯᠪᠠᠰᠤᠷᠠᠭᠤᠯᠤᠯ ᠳᠤ ᠣᠷᠤᠯᠴᠠᠬᠤ᠂ ᠰᠣᠯᠢᠯᠴᠠᠨ ᠲᠤᠰᠢᠶᠠᠯ ᠬᠠᠷᠢᠭᠤᠴᠠᠬᠤ᠂ ᠲᠤᠰᠢᠶᠠᠯ ᠡᠭᠦᠷᠭᠡᠯᠡᠨ ᠪᠣᠯᠪᠠᠰᠤᠷᠠᠭᠤᠯᠬᠤ ᠳᠤ ᠨᠥᠬᠦᠴᠡᠯ ᠪᠠ ᠲᠣᠬᠢᠶᠠᠯ ᠡᠭᠦᠳᠴᠦ ᠥᠭᠭᠦᠨ᠎ᠡ᠃ ᠦᠨᠳᠦᠰᠦᠨ ᠱᠠᠲᠤ᠂ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠎ ᠠᠴᠠ ᠡᠮᠡᠭᠲᠡᠢ ᠺᠠᠳ᠋ᠷ ᠢ ᠬᠥᠮᠥᠵᠢᠭᠦᠯᠵᠦ ᠰᠣᠩᠭᠤᠨ ᠳᠡᠪᠰᠢᠭᠦᠯᠬᠦ ᠶᠢ ᠴᠢᠬᠤᠯᠠᠴᠢᠯᠠᠵᠤ᠂ ᠡᠮᠡᠭᠲᠡᠢ ᠺᠠᠳ᠋ᠷ ᠢ ᠴᠢᠬᠤᠯᠠ ᠰᠠᠯᠠᠭ᠎ᠠ ᠮᠥᠴᠢᠷ᠂ ᠵᠠᠩᠭᠢᠯᠠᠭ᠎ᠠ ᠶᠢᠨ ᠠᠵᠢᠯ ᠤᠨ ᠪᠠᠶᠢᠷᠢᠨ ᠳᠤ ᠰᠣᠩᠭᠤᠨ ᠳᠡᠪᠰᠢᠭᠦᠯᠵᠦ ᠤᠳᠤᠷᠢᠳᠬᠤ ᠲᠤᠰᠢᠶᠠᠯ ᠡᠭᠦᠷᠭᠡᠯᠡᠭᠦᠯᠬᠦ ᠶᠢ ᠴᠢᠬᠤᠯᠠᠴᠢᠯᠠᠨ᠎ᠠ᠃ ᠰᠢᠯᠢᠳᠡᠭ ᠵᠠᠯᠠᠭᠤ ᠡᠮᠡᠭᠲᠡᠢ ᠺᠠᠳ᠋ᠷᠴᠤᠳ ᠢ ᠬᠥᠮᠥᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠵᠠᠯᠠᠭᠤ ᠡᠮᠡᠭᠲᠡᠢ ᠺᠠᠳ᠋ᠷᠴᠤᠳ ᠤᠨ ᠤᠯᠤᠰ ᠲᠦᠷᠦ ᠶᠢᠨ ᠴᠢᠳᠠᠪᠤᠷᠢ᠂ ᠪᠠᠶᠢᠴᠠᠭᠠᠨ ᠰᠤᠳᠤᠯᠬᠤ ᠴᠢᠳᠠᠪᠤᠷᠢ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠴᠢᠳᠠᠪᠤᠷᠢ᠂ ᠥᠭᠡᠷᠡᠴᠢᠯᠡᠯᠲᠡ ᠶᠢᠨ ᠪᠡᠷᠬᠡ ᠰᠡᠳᠦᠪ ᠢ ᠰᠢᠢᠳᠪᠦᠷᠢᠯᠡᠬᠦ ᠴᠢᠳᠠᠪᠤᠷᠢ᠂ ᠪᠠᠴᠢᠮ ᠪᠠᠶᠢᠳᠠᠯ ᠢ ᠠᠷᠭᠠᠴᠠᠵᠤ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ᠂ ᠤᠯᠠᠨ ᠲᠦᠮᠡᠨ ᠤ ᠠᠵᠢᠯ ᠤᠨ ᠴᠢᠳᠠᠪᠤᠷᠢ᠂ ᠨᠠᠶᠢᠳᠠᠪᠤᠷᠢᠵᠢᠭᠤᠯᠤᠯᠲᠠ ᠶᠢ ᠠᠳᠬᠤᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠯᠢᠳᠡᠭ ᠵᠠᠯᠠᠭᠤ ᠺᠠᠳ᠋ᠷᠴᠤᠳ ᠤᠨ ᠡᠩᠨᠡᠭᠡᠨ ᠳᠠᠬᠢ ᠡᠮᠡᠭᠲᠡᠢ ᠺᠠᠳ᠋ᠷᠴᠤᠳ ᠤᠨ ᠵᠦᠢ ᠵᠣᠬᠢᠰᠲᠠᠢ ᠬᠠᠷᠢᠴᠠᠯ ᠢ ᠪᠠᠲᠤᠯᠠᠬᠤ ᠶᠢ ᠴᠢᠬᠤᠯᠠᠴᠢᠯᠠᠨ᠎ᠠ᠃ ᠡᠮᠡᠭᠲᠡᠢ ᠺᠠᠳ᠋ᠷ ᠢ ᠰᠢᠯᠢᠨ ᠰᠣᠩᠭᠤᠵᠤ ᠲᠣᠬᠢᠷᠠᠭᠤᠯᠬᠤ ᠬᠠᠷᠠᠯᠲᠠ ᠡᠭᠦᠷᠭᠡ ᠶᠢ ᠨᠠᠶᠢᠳᠠᠪᠤᠷᠢᠵᠢᠭᠤᠯᠵᠤ᠂ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ ᠲᠣᠬᠢᠷᠠᠭᠤᠯᠬᠤ ᠶᠣᠰᠣᠲᠠᠢ ᠶᠢ ᠨᠢ ᠪᠦᠬᠦᠨ ᠢ ᠲᠣᠬᠢᠷᠠᠭᠤᠯᠬᠤ ᠶᠢ ᠪᠡᠶᠡᠯᠡᠭᠦᠯᠦᠨ᠎ᠡ᠃ ᠡᠮᠡᠭᠲᠡᠶᠢᠴᠦᠳ ᠤᠨ ᠺᠠᠳ᠋ᠷ ᠢ ᠡᠯᠰᠡᠨ ᠬᠡᠷᠡᠭᠯᠡᠬᠦ᠂ ᠰᠢᠯᠢᠨ ᠳᠡᠪᠰᠢᠭᠦᠯᠬᠦ᠂ ᠲᠤᠰᠢᠶᠠᠯ ᠳᠤ ᠲᠤᠮᠢᠯᠠᠵᠦ ︵ᠤᠷᠢᠬᠤ︶ ᠬᠡᠷᠡᠭᠯᠡᠬᠦ᠂ ᠵᠡᠷᠭᠡ ᠳᠡᠪᠰᠢᠬᠦ᠂ ᠨᠠᠰᠤᠨ ᠤ ᠠᠮᠠᠷᠠᠯᠲᠠ ᠠᠪᠬᠤ ᠵᠡᠷᠭᠡ ᠡᠯ᠎ᠡ  ᠭᠤᠭᠴᠤᠭ᠎ᠠ‌‍ᠳᠤ ᠬᠦᠢᠰᠦ ᠶᠢᠨ ᠢᠯᠭᠠᠯ ᠠᠴᠠ ᠪᠣᠯᠵᠤ ᠭᠠᠳᠠᠭᠤᠷᠴᠢᠯᠠᠭᠳᠠᠬᠤ ᠦᠭᠡᠢ ᠪᠠᠶᠢᠬᠤ ᠶᠢ ᠪᠠᠲᠤᠯᠠᠨ᠎ᠠ᠃      6᠂ ᠡᠮᠡᠭᠲᠡᠶᠢᠴᠦᠳ ᠤᠨ ᠬᠤᠲᠠ ᠬᠥᠳᠡᠭᠡ ᠶᠢᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠡᠮᠬᠢ ᠵᠢᠷᠤᠮ ᠲᠠᠢ ᠪᠠᠷ ︽ᠢᠯᠡ ᠪᠠᠶᠢᠯᠭᠠᠬᠤ᠂ ᠡᠷᠬᠡ ᠲᠡᠭᠰᠢ ᠪᠠᠶᠢᠯᠭᠠᠬᠤ᠂ ᠥᠷᠢᠰᠦᠯᠳᠦᠭᠦᠯᠬᠦ᠂ ᠰᠢᠯᠢᠳᠡᠭ ᠢ ᠨᠢ ᠰᠣᠩᠭᠤᠬᠤ︾ ᠵᠠᠷᠴᠢᠮ ᠢ ᠪᠠᠷᠢᠮᠲᠠᠯᠠᠨ᠂ ᠡᠮᠡᠭᠲᠡᠶᠢᠴᠦᠳ ᠤᠨ ᠬᠤᠳᠠ ᠬᠥᠳᠡᠭᠡ ᠶᠢᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠣᠷᠤᠯᠴᠠᠬᠤ ᠳᠤ ᠲᠠᠪᠴᠠᠩ ᠪᠠ ᠲᠣᠬᠢᠶᠠᠯ ᠬᠠᠩᠭᠠᠨ᠎ᠠ᠃ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠶᠣᠰᠣ ᠮᠣᠷᠠᠯ ᠢᠶᠠᠷ ᠵᠠᠰᠠᠬᠤ ᠳᠤᠮᠳᠠᠬᠢ ᠡᠮᠡᠭᠲᠡᠶᠢᠴᠦᠳ ᠤᠨ ᠣᠷᠤᠯᠴᠠᠬᠤ ᠴᠢᠳᠠᠪᠤᠷᠢ ᠶᠢ ᠳᠡᠭᠡᠭᠰᠢᠯᠡᠭᠦᠯᠵᠦ᠂ ᠬᠤᠳᠠ ᠬᠥᠳᠡᠭᠡ ᠶᠢᠨ ᠦᠨᠳᠦᠰᠦᠨ ᠱᠠᠲᠤᠨ ᠤ ᠵᠠᠰᠠᠯᠲᠠ ᠳᠠᠬᠢ ᠡᠮᠡᠭᠲᠡᠶᠢᠴᠦᠳ ᠤᠨ ᠢᠳᠡᠪᠬᠢ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠪᠠᠶᠠᠵᠢᠯ ᠤᠨ ᠡᠮᠡᠭᠲᠡᠢ ᠴᠢᠳᠠᠪᠤᠷᠢᠲᠠᠨ᠂ ᠬᠤᠳᠠᠯᠳᠤᠭ᠎ᠠ ᠡᠵᠡᠩᠨᠡᠵᠦ ᠬᠥᠯᠥᠰᠦᠨ ᠠᠵᠢᠯ ᠬᠢᠵᠦ ᠪᠠᠶᠢᠭ᠎ᠠ ᠡᠮᠡᠭᠲᠡᠢ᠂ ᠬᠥᠳᠡᠭᠡ ᠲᠣᠰᠬᠤᠨ ᠤ ᠡᠮᠡᠭᠲᠡᠢ ᠪᠠᠭᠰᠢ᠂ ᠡᠮᠡᠭᠲᠡᠢ ᠡᠮᠴᠢ᠂ ᠡᠮᠡᠭᠲᠡᠢ ᠨᠡᠶᠢᠭᠡᠮ ᠤᠨ ᠠᠵᠢᠯᠲᠠᠨ᠂ ᠡᠮᠡᠭᠲᠡᠢ ᠣᠶᠤᠲᠠᠨ ᠭᠠᠴᠠᠭᠠᠨ ᠳᠠᠷᠤᠭ᠎ᠠ᠂ ᠠᠵᠢᠯ ᠠᠴᠠ ᠪᠠᠨ ᠠᠮᠠᠷᠠᠭᠰᠠᠨ ᠡᠮᠡᠭᠲᠡᠢ ᠺᠠᠳ᠋ᠷ ᠠᠵᠢᠯᠲᠠᠨ ᠠᠵᠢᠯᠴᠢᠨ ᠵᠡᠷᠭᠡ ᠬᠠᠮᠲᠤᠯᠢᠭ ᠤᠨ ᠳᠣᠲᠣᠷ᠎ᠠ ᠎ ᠠᠴᠠ ᠲᠣᠰᠬᠤᠨ ︵ᠨᠡᠶᠢᠭᠡᠮ ᠲᠣᠭᠤᠷᠢᠭ︶᠎ ᠤ ᠺᠠᠳ᠋ᠷ ᠢ ᠬᠥᠮᠥᠵᠢᠭᠦᠯᠵᠦ ᠰᠣᠩᠭᠤᠨ ᠳᠡᠪᠰᠢᠭᠦᠯᠬᠦ ᠶᠢ ᠴᠢᠬᠤᠯᠠᠴᠢᠯᠠᠨ᠎ᠠ᠃ ᠲᠣᠰᠬᠤᠨ ︵ᠨᠡᠶᠢᠭᠡᠮ ᠲᠣᠭᠤᠷᠢᠭ︶᠎ ᠤ ︽ᠬᠤᠶᠠᠷ ᠵᠥᠪᠯᠡᠯ︾᠎ ᠤᠨ ᠬᠤᠭᠤᠴᠠᠭ᠎ᠠ ᠰᠣᠯᠢᠬᠤ ᠠᠵᠢᠯ ᠤᠨ ᠳᠤᠮᠳᠠ᠂ ᠲᠣᠰᠬᠤᠨ ︵ᠰᠠᠭᠤᠭᠠᠯᠢ ᠠᠷᠠᠳ︶᠎ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠡᠮᠡᠭᠲᠡᠢ ᠱᠦᠵᠢ ᠶᠢ ᠬᠥᠮᠥᠵᠢᠭᠦᠯᠵᠦ ᠰᠢᠯᠢᠨ ᠰᠣᠩᠭᠤᠬᠤ ᠡᠷᠴᠢᠮ ᠢ ᠴᠢᠩᠭᠠᠷᠠᠭᠤᠯᠤᠨ᠎ᠠ᠃ ᠡᠮᠡᠭᠲᠡᠢ ᠵᠢᠱᠢᠭᠳᠡᠭᠰᠡᠳ ᠢ ᠨᠡᠷ᠎ᠡ ᠳᠤᠷᠠᠳᠴᠤ ᠲᠣᠭᠲᠠᠭᠠᠬᠤ᠂ ᠡᠮᠡᠭᠲᠡᠢ ᠭᠡᠰᠢᠭᠦᠨ ᠤ ᠲᠤᠰᠬᠠᠢ ᠲᠤᠰᠢᠶᠠᠯ ᠤᠨ ᠲᠤᠰᠬᠠᠢ ᠰᠣᠩᠭᠤᠭᠤᠯᠢ ᠶᠢ ᠲᠣᠭᠲᠠᠭᠠᠬᠤ᠂ ᠡᠮᠡᠭᠲᠡᠢ ᠪᠦᠷᠢᠯᠳᠦᠭᠦᠨ ᠤ ᠣᠷᠣ ᠰᠤᠯᠠ ᠭᠠᠷᠤᠭᠰᠠᠨ ᠢ ᠨᠡᠮᠡᠵᠦ ᠨᠥᠬᠦᠪᠦᠷᠢᠯᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠲᠣᠰᠬᠤᠨ ︵ᠰᠠᠭᠤᠭᠠᠯᠢ ᠠᠷᠠᠳ︶᠎ ᠤ ᠵᠥᠪᠯᠡᠯ ᠤᠨ ᠪᠦᠷᠢᠯᠳᠦᠭᠦᠨ᠂ ᠲᠣᠰᠬᠤᠨ ︵ᠰᠠᠭᠤᠭᠠᠯᠢ ᠠᠷᠠᠳ︶᠎ ᠤ ᠵᠥᠪᠯᠡᠯ ᠤᠨ ᠡᠷᠬᠢᠯᠡᠭᠴᠢ ᠶᠢᠨ ᠳᠣᠲᠣᠷᠠᠬᠢ ᠡᠮᠡᠭᠲᠡᠶᠢᠴᠦᠳ ᠤᠨ ᠬᠠᠷᠢᠴᠠᠯ ᠢ ᠳᠡᠭᠡᠭᠰᠢᠯᠡᠭᠦᠯᠦᠨ᠎ᠡ᠃ ᠡᠮᠡᠭᠲᠡᠶᠢᠴᠦᠳ ᠤᠨ ᠵᠥᠪᠯᠡᠯ ᠳᠤ ᠲᠦᠰᠢᠭᠯᠡᠨ᠂ ᠡᠮᠡᠭᠲᠡᠶᠢᠴᠦᠳ ᠢ ᠵᠣᠬᠢᠶᠠᠨ ᠪᠠᠶᠢᠭᠤᠯᠤᠨ ᠲᠤᠰᠬᠤᠨ ᠤ ᠲᠣᠭᠲᠠᠭᠠᠯ ᠠᠷᠠᠳ ᠤᠨ ᠭᠡᠷ᠎ᠡ᠂ ᠰᠠᠭᠤᠭᠠᠯᠢ ᠠᠷᠠᠳ ᠤᠨ ᠨᠡᠶᠢᠲᠡ ᠶᠢᠨ ᠭᠡᠷ᠎ᠡ ᠶᠢ ᠲᠣᠭᠲᠠᠭᠠᠬᠤ ᠪᠠ ᠵᠠᠰᠠᠪᠤᠷᠢ ᠣᠷᠣᠭᠤᠯᠬᠤ ᠳᠤ ᠢᠳᠡᠪᠬᠢᠲᠡᠢ ᠣᠷᠣᠯᠴᠠᠭᠤᠯᠵᠤ᠂ ᠵᠥᠪᠳᠡᠯᠴᠡᠨ ᠵᠥᠪᠯᠡᠬᠦ ᠠᠵᠢᠯᠯᠠᠭ᠎ᠠ ᠶᠢ ᠥᠷᠨᠢᠭᠦᠯᠦᠨ᠎ᠡ᠃ ᠡᠮᠡᠭᠲᠡᠶᠢᠴᠦᠳ ᠢ ᠬᠥᠲᠥᠯᠥᠨ ᠵᠢᠯᠤᠭᠤᠳᠴᠤ ᠪᠠᠶᠢᠭᠠᠳ ᠦᠨᠳᠦᠰᠦᠨ ᠱᠠᠲᠤᠨ ᠤ ᠠᠷᠠᠳᠴᠢᠯᠠᠯ ᠢᠶᠠᠷ ᠬᠠᠮᠢᠶᠠᠷᠬᠤ ᠪᠠ ᠦᠨᠳᠦᠰᠦᠨ ᠱᠠᠲᠤᠨ ᠤ ᠠᠷᠠᠳᠴᠢᠯᠠᠯ ᠢᠶᠠᠷ ᠵᠥᠪᠳᠡᠯᠴᠡᠬᠦ ᠳᠤ ᠢᠳᠡᠪᠬᠢᠲᠡᠢ ᠪᠥᠭᠡᠳ ᠡᠮᠬᠢ ᠵᠢᠷᠤᠮ ᠲᠠᠢ ᠪᠠᠷ ᠣᠷᠣᠯᠴᠠᠭᠤᠯᠵᠤ᠂ ᠨᠡᠶᠢᠭᠡᠮ ᠤᠨ ᠰᠢᠨ᠎ᠡ ᠳᠠᠪᠬᠤᠷᠭ᠎ᠠ᠂ ᠨᠡᠶᠢᠭᠡᠮ ᠤᠨ ᠠᠵᠢᠯᠲᠠᠨ ᠪᠠ ᠰᠠᠶᠢᠨ ᠳᠤᠷ᠎ᠠ ᠶᠢᠨ ᠠᠵᠢᠯᠯᠠᠭᠴᠢᠳ ᠤᠨ ᠳᠣᠲᠣᠷᠠᠬᠢ ᠡᠮᠡᠭᠲᠡᠶᠢᠴᠦᠳ ᠤᠨ ᠣᠷᠤᠯᠴᠠᠬᠤ ᠢᠳᠡᠪᠬᠢᠵᠢᠯ ᠢ ᠳᠡᠭᠡᠭᠰᠢᠯᠡᠭᠦᠯᠦᠨ᠎ᠡ᠃      7᠂ ᠡᠮᠡᠭᠲᠡᠶᠢᠴᠦᠳ ᠤᠨ ᠠᠵᠢᠯ ᠦᠢᠯᠡᠰ ᠤᠨ ᠨᠢᠭᠡᠴᠢ ᠶᠢᠨ ᠰᠢᠢᠳᠪᠦᠷᠢᠲᠦ ᠪᠣᠳᠣᠯᠭ᠎ᠠ ᠶᠢᠨ ᠬᠠᠮᠢᠶᠠᠷᠤᠯᠲᠠ ᠳᠤ ᠢᠳᠡᠪᠬᠢᠲᠡᠢ ᠤᠷᠤᠯᠴᠠᠬᠤ ᠶᠢ ᠲᠦᠯᠬᠢᠨ ᠠᠬᠢᠭᠤᠯᠤᠨ᠎ᠠ᠃ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠠᠵᠢᠯᠴᠢᠨ ᠤ ᠲᠥᠯᠥᠭᠡᠯᠡᠭᠴᠢᠳ ᠤᠨ ᠶᠡᠭᠡ ᠬᠤᠷᠠᠯ ᠳᠠᠬᠢ ᠡᠮᠡᠭᠲᠡᠢ ᠲᠥᠯᠥᠭᠡᠯᠡᠭᠴᠢ ᠵᠣᠬᠢᠬᠤ ᠬᠠᠷᠢᠴᠠᠯ ᠲᠠᠢ ᠪᠠᠶᠢᠵᠤ᠂ ᠡᠷᠡᠭᠦᠯ ᠬᠠᠮᠠᠭᠠᠯᠠᠯ᠂ ᠰᠤᠷᠭᠠᠨ ᠬᠥᠮᠦᠵᠢᠯ᠂ ᠰᠣᠶᠣᠯ ᠵᠡᠷᠭᠡ ᠡᠮᠡᠭᠲᠡᠶᠢᠴᠦᠳ ᠲᠥᠪᠯᠡᠷᠡᠭᠰᠡᠨ ᠠᠵᠢᠯ ᠲᠦᠷᠦᠯ ᠳᠤ ᠰᠢᠢᠳᠪᠦᠷᠢᠲᠦ ᠪᠣᠳᠣᠯᠭ᠎ᠠ ᠶᠢᠨ ᠬᠠᠮᠢᠶᠠᠷᠤᠯᠲᠠ ᠶᠢᠨ ᠳᠠᠪᠬᠤᠷᠭ᠎ᠠ ᠳᠠᠬᠢ ᠡᠮᠡᠭᠲᠡᠶᠢᠴᠦᠳ ᠤᠨ ᠬᠠᠷᠢᠴᠠᠯ ᠢ ᠳᠡᠭᠡᠭᠰᠢᠯᠡᠭᠦᠯᠬᠦ ᠶᠢ ᠴᠢᠬᠤᠯᠠᠴᠢᠯᠠᠵᠤ᠂ ᠰᠢᠯᠢᠳᠡᠭ ᠡᠮᠡᠭᠲᠡᠢ ᠲᠤᠰᠬᠠᠢ ᠮᠡᠷᠭᠡᠵᠢᠯ ᠤᠨ ᠠᠵᠢᠯᠲᠠᠨ ᠢ ᠬᠥᠮᠥᠵᠢᠭᠦᠯᠦᠨ ᠰᠣᠩᠭᠤᠵᠤ ᠰᠢᠢᠳᠪᠦᠷᠢᠲᠦ ᠪᠣᠳᠣᠯᠭ᠎ᠠ ᠶᠢᠨ ᠬᠠᠮᠢᠶᠠᠷᠤᠯᠲᠠ ᠶᠢᠨ ᠳᠠᠪᠬᠤᠷᠭ᠎ᠠ ᠳᠤ ᠣᠷᠣᠭᠤᠯᠤᠨ᠂ ᠠᠵᠢᠯ ᠦᠢᠯᠡᠰ ᠤᠨ ᠨᠢᠭᠡᠴᠢ ᠳᠠᠬᠢ ᠡᠮᠡᠭᠲᠡᠶᠢᠴᠦᠳ ᠤᠨ ᠰᠢᠢᠳᠪᠦᠷᠢᠲᠦ ᠪᠣᠳᠣᠯᠭ᠎ᠠ ᠶᠢᠨ ᠬᠠᠮᠢᠶᠠᠷᠤᠯᠲᠠ ᠳᠤ ᠣᠷᠤᠯᠴᠠᠬᠤ ᠬᠠᠷᠢᠴᠠᠯ ᠢ ᠡᠮᠡᠭᠲᠡᠢ ᠠᠵᠢᠯᠲᠠᠨ ᠠᠵᠢᠯᠴᠢᠨ ᠤ ᠬᠠᠷᠢᠴᠠᠯ ᠲᠠᠢ ᠵᠣᠬᠢᠴᠠᠭᠤᠯᠬᠤ ᠶᠢ  ᠦᠨᠡᠨᠬᠦ ᠪᠠᠲᠤᠯᠠᠨ᠎ᠠ᠃ ᠡᠮᠡᠭᠲᠡᠶᠢᠴᠦᠳ ᠤᠨ ᠲᠤᠰ ᠨᠢᠭᠡᠴᠢ ᠶᠢᠨ ᠢᠶᠠᠨ ᠨᠠᠮ ᠤᠨ ᠪᠠᠶᠢᠭᠤᠯᠤᠯᠲᠠ ᠪᠠ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠳᠤ ᠢᠳᠡᠪᠬᠢᠲᠡᠢ ᠣᠷᠤᠯᠴᠠᠬᠤ ᠶᠢ ᠵᠣᠷᠢᠭᠵᠢᠭᠤᠯᠤᠨ᠎ᠠ᠃ ᠠᠵᠢᠯ ᠦᠢᠯᠡᠰ ᠤᠨ ᠨᠢᠭᠡᠴᠢ  ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠠᠪᠤᠴᠠ ᠳᠤ᠂ ᠡᠮᠡᠭᠲᠡᠶᠢᠴᠦᠳ ᠤᠨ ᠠᠵᠢᠯ ᠤᠨ ᠪᠠᠶᠢᠷᠢ ᠳᠡᠪᠰᠢᠬᠦ᠂ ᠠᠵᠢᠯᠲᠠᠨ ᠤ ᠲᠠᠰ ᠳᠡᠪᠰᠢᠬᠦ᠂ ᠮᠡᠷᠭᠡᠵᠢᠯ ᠤᠨ ᠴᠣᠯᠠ ᠲᠣᠭᠲᠠᠭᠠᠬᠤ ᠪᠠ ᠤᠷᠢᠬᠤ ᠵᠡᠷᠭᠡ ᠲᠠᠯ᠎ᠠ ᠪᠠᠷ ᠠᠳᠠᠯᠢ ᠲᠡᠭᠰᠢ ᠡᠷᠬᠡ ᠪᠠ ᠠᠵᠠ ᠲᠣᠬᠢᠶᠠᠯ ᠡᠳ᠋ᠯᠡᠬᠦ ᠶᠢ ᠦᠨᠡᠨᠬᠦ ᠪᠠᠲᠤᠯᠠᠨ᠎ᠠ᠃      8᠂ ᠡᠮᠡᠭᠲᠡᠶᠢᠴᠦᠳ  ᠤᠨ ᠠᠵᠤ ᠠᠬᠤᠶᠢᠯᠠᠯ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠠᠮᠢᠶᠠᠷᠤᠯᠲᠠ ᠎ ᠲᠤ ᠥᠷᠭᠡᠨ ᠢᠶᠠᠷ ᠣᠷᠤᠯᠴᠠᠬᠤ ᠶᠢ ᠲᠦᠯᠬᠢᠨ ᠠᠬᠢᠭᠤᠯᠤᠨ᠎ᠠ᠃ ᠡᠮᠡᠭᠲᠡᠢ ᠺᠠᠳ᠋ᠷ ᠢ ᠰᠢᠯᠢᠨ ᠰᠣᠩᠭᠤᠵᠤ ᠲᠣᠬᠢᠷᠠᠭᠤᠯᠬᠤ ᠠᠵᠢᠯ ᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠤᠳᠤᠷᠢᠳᠬᠤ ᠪᠠᠭ ᠪᠠ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢᠨ ᠲᠥᠯᠦᠪᠵᠢᠭᠦᠯᠭᠡ ᠳᠤ ᠣᠷᠣᠭᠤᠯᠵᠤ᠂ ᠬᠥᠮᠥᠵᠢᠭᠦᠯᠬᠦ᠂ ᠰᠢᠯᠢᠨ ᠳᠡᠪᠰᠢᠭᠦᠯᠬᠦ᠂ ᠬᠡᠷᠡᠭᠯᠡᠬᠦ ᠡᠷᠴᠢᠮ ᠢᠶᠠᠨ ᠴᠢᠩᠭᠠᠷᠠᠭᠤᠯᠤᠨ᠎ᠠ᠃ ᠠᠵᠤ ᠠᠬᠤᠶᠢᠯᠠᠯ ᠤᠨ ᠠᠵᠢᠯᠲᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠠᠪᠤᠴᠠ ᠳᠤ᠂ ᠵᠣᠬᠢᠶᠠᠨ ᠪᠠᠶᠢᠭᠤᠯᠤᠯᠲᠠ ᠎ ᠠᠴᠠ ᠲᠠᠨᠢᠯᠴᠠᠭᠤᠯᠬᠤ᠂ ᠢᠯᠡ ᠪᠠᠷ ᠤᠷᠢᠬᠤ᠂ ᠠᠷᠠᠳᠴᠢᠯᠠᠯ ᠢᠶᠠᠷ ᠲᠠᠨᠢᠯᠴᠠᠭᠤᠯᠬᠤ ᠵᠡᠷᠭᠡ ᠠᠷᠭ᠎ᠠ ᠮᠠᠶ᠋ᠢᠭ ᠢ ᠠᠪᠴᠤ᠂ ᠰᠢᠯᠢᠳᠡᠭ ᠡᠮᠡᠭᠲᠡᠶᠢᠴᠦᠳ ᠤᠨ ᠠᠵᠤ ᠠᠬᠤᠶᠢᠯᠠᠯ ᠤᠨ ᠬᠡᠷᠡᠭ ᠮᠡᠳᠡᠭᠴᠢᠳ ᠤᠨ ᠵᠥᠪᠯᠡᠯ᠂ ᠬᠢᠨᠠᠭᠴᠢᠳ ᠤᠨ ᠵᠥᠪᠯᠡᠯ ᠪᠠ ᠬᠠᠮᠢᠶᠠᠷᠤᠯᠲᠠ ᠶᠢᠨ ᠳᠠᠪᠬᠤᠷᠭ᠎ᠠ ᠳᠤ ᠣᠷᠣᠬᠤ ᠶᠢ ᠠᠬᠢᠭᠤᠯᠤᠨ᠎ᠠ᠃ ᠠᠵᠤ ᠠᠬᠤᠶᠢᠯᠠᠯ ᠤᠨ ᠠᠷᠠᠳᠴᠢᠯᠠᠯ ᠢᠶᠠᠷ ᠬᠠᠮᠢᠶᠠᠷᠬᠤ ᠳᠦᠷᠢᠮ ᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠲᠥᠯᠥᠭᠡᠯᠡᠭᠴᠢᠳ ᠤᠨ ᠶᠡᠭᠡ ᠬᠤᠷᠠᠯ ᠳᠠᠬᠢ ᠡᠮᠡᠭᠲᠡᠢ ᠠᠵᠢᠯᠲᠠᠨ ᠠᠵᠢᠯᠴᠢᠨ ᠤ ᠲᠥᠯᠥᠭᠡᠯᠡᠭᠴᠢ ᠶᠢᠨ ᠬᠠᠷᠢᠴᠠᠯ ᠢ ᠠᠵᠤ ᠠᠬᠤᠶᠢᠯᠠᠯ ᠤᠨ ᠡᠮᠡᠭᠲᠡᠢ ᠠᠵᠢᠯᠲᠠᠨ ᠠᠵᠢᠯᠴᠢᠨ ᠤ ᠬᠠᠷᠢᠴᠠᠯ ᠲᠠᠢ ᠵᠣᠬᠢᠴᠠᠭᠤᠯᠬᠤ ᠶᠢ ᠠᠬᠢᠭᠤᠯᠵᠤ᠂ ᠡᠮᠡᠭᠲᠡᠢ ᠠᠵᠢᠯᠲᠠᠨ ᠠᠵᠢᠯᠴᠢᠨ ᠎ ᠨᠢ ᠠᠵᠢᠯᠲᠠᠨ ᠠᠵᠢᠯᠴᠢᠨ ᠤ ᠲᠥᠯᠥᠭᠡᠯᠡᠭᠴᠢᠳ ᠤᠨ ᠶᠡᠭᠡ ᠬᠤᠷᠠᠯ ᠵᠡᠷᠭᠡ ᠬᠡᠯᠪᠡᠷᠢ ᠪᠠᠷ ᠳᠠᠮᠵᠢᠭᠤᠯᠤᠨ ᠠᠵᠤ ᠠᠬᠤᠶᠢᠯᠠᠯ ᠤᠨ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠷᠠᠳᠴᠢᠯᠠᠯ ᠢᠶᠠᠷ ᠬᠠᠮᠢᠶᠠᠷᠬᠤ ᠪᠠ ᠠᠷᠠᠳᠴᠢᠯᠠᠯ ᠢᠶᠠᠷ ᠬᠢᠨᠠᠯᠲᠠ ᠲᠠᠯᠪᠢᠬᠤ ᠳᠤ ᠣᠷᠤᠯᠴᠠᠬᠤ ᠶᠢ ᠳᠡᠮᠵᠢᠨ᠎ᠡ᠃ ᠠᠵᠤ ᠠᠬᠤᠶᠢᠯᠠᠯ ᠬᠤᠯᠪᠣᠭᠳᠠᠯ ᠪᠦᠬᠦᠢ ᠳᠦᠷᠢᠮ ᠲᠣᠭᠲᠠᠭᠠᠯ ᠢ ᠲᠣᠭᠲᠠᠭᠠᠬᠤ ᠳᠠᠭᠠᠨ ᠡᠮᠡᠭᠲᠡᠢ ᠠᠵᠢᠯᠲᠠᠨ ᠠᠵᠢᠯᠴᠢᠨ ᠤ ᠡᠷᠬᠡ ᠠᠰᠢᠭ ᠲᠤ ᠬᠤᠯᠪᠣᠭᠳᠠᠬᠤ ᠤᠴᠢᠷ ᠶᠠᠪᠤᠳᠠᠯ ᠳᠤ ᠠᠵᠢᠯᠴᠢᠨ ᠤ ᠡᠪᠯᠡᠯ ᠤᠨ ᠡᠮᠡᠭᠲᠡᠢ ᠠᠵᠢᠯᠲᠠᠨ ᠠᠵᠢᠯᠴᠢᠨ ᠤ ᠵᠥᠪᠯᠡᠯ ᠤᠨ ᠰᠠᠨᠠᠯ ᠢ ᠰᠣᠨᠣᠰᠬᠤ ᠶᠢ ᠴᠢᠬᠤᠯᠠᠴᠢᠯᠠᠨ᠎ᠠ᠃      9᠂ ᠡᠮᠡᠭᠲᠡᠶᠢᠴᠦᠳ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠣᠷᠤᠯᠴᠠᠬᠤ ᠶᠢ ᠳᠡᠮᠵᠢᠵᠦ ᠬᠥᠲᠥᠯᠥᠨ ᠵᠢᠯᠣᠭᠤᠳᠤᠨ᠎ᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢᠨ ᠳᠦᠷᠢᠮ ᠤᠨ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠡᠮᠡᠭᠲᠡᠢ ᠪᠦᠷᠢᠯᠳᠦᠭᠦᠨ ᠢᠶᠠᠷ ᠭᠤᠣᠯ ᠴᠣᠭᠴᠠ ᠪᠣᠯᠭᠠᠭᠰᠠᠨ ᠪᠤᠶᠤ ᠡᠮᠡᠭᠲᠡᠢ ᠪᠠᠷ ᠭᠤᠣᠯ ᠠᠵᠢᠯ ᠡᠷᠬᠢᠯᠡᠭᠰᠡᠳ ᠢᠶᠠᠨ ᠪᠣᠯᠭᠠᠭᠰᠠᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠪᠣᠶᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠳᠡᠮᠵᠢᠬᠦ ᠪᠠ ᠵᠢᠯᠤᠭᠤᠳᠬᠤ ᠦᠢᠯᠡᠴᠢᠯᠡᠭᠡ ᠪᠠᠨ ᠴᠢᠩᠭᠠᠳᠬᠠᠵᠤ᠂ ᠲᠡᠲᠡᠨᠤᠰ ᠤᠨ ᠡᠷᠡᠭᠦᠯ ᠪᠥᠭᠡᠳ ᠡᠮᠬᠢ ᠵᠢᠷᠤᠮ ᠲᠠᠢ ᠪᠠᠷ ᠬᠥᠭᠵᠢᠬᠦ ᠶᠢ ᠠᠬᠢᠭᠤᠯᠬᠤ ᠶᠢᠨ ᠬᠠᠮᠲᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠵᠥᠪᠳᠡᠯᠴᠡᠭᠡ ᠳᠤ ᠢᠳᠡᠪᠬᠢᠲᠡᠢ ᠤᠷᠤᠯᠴᠠᠭᠤᠯᠤᠨ᠎ᠠ᠃ ᠨᠡᠩ ᠤᠯᠠᠨ ᠡᠮᠡᠭᠲᠡᠶᠢᠴᠦᠳ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠪᠤᠶᠤ ᠠᠵᠢᠯᠯᠠᠭᠴᠢᠳ ᠪᠣᠯᠬᠤ ᠶᠢ ᠵᠣᠷᠢᠭᠵᠢᠭᠤᠯᠤᠨ ᠲᠡᠮᠵᠢᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠡᠮᠡᠭᠲᠡᠢ ᠲᠤᠰᠬᠠᠢ ᠮᠡᠷᠭᠡᠵᠢᠯ ᠤᠨ ᠴᠢᠳᠠᠪᠤᠷᠢᠲᠠᠨ ᠪᠠ ᠬᠠᠮᠢᠶᠠᠷᠤᠯᠲᠠ ᠶᠢᠨ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠡᠮᠡᠭᠲᠡᠢ ᠬᠠᠷᠢᠭᠤᠴᠠᠯᠭᠠᠲᠠᠨ ᠢ ᠢᠯᠡᠷᠡᠭᠦᠯᠦᠨ ᠬᠥᠮᠥᠵᠢᠭᠦᠯᠬᠦ ᠶᠢ ᠴᠢᠬᠤᠯᠠᠴᠢᠯᠠᠨ᠎ᠠ᠃      10᠂ ᠤᠯᠤᠰ ᠤᠨ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠶᠠᠪᠤᠴᠠ ᠳᠠᠬᠢ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠪᠠᠳᠠᠷᠠᠭᠤᠯᠤᠨ᠎ᠠ᠃ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠡᠮᠡᠭᠲᠡᠶᠢᠴᠦᠳ ᠢ ᠲᠥᠯᠥᠭᠡᠯᠡᠨ ᠤᠯᠤᠰ ᠤᠨ ᠬᠡᠷᠡᠭ ᠶᠠᠪᠤᠳᠠᠯ᠂ ᠠᠵᠤ ᠠᠬᠤᠢ ᠰᠣᠶᠣᠯ ᠤᠨ ᠦᠢᠯᠡᠰ ᠪᠠ ᠨᠡᠶᠢᠭᠡᠮ ᠤᠨ ᠬᠡᠷᠡᠭ ᠶᠠᠪᠤᠳᠠᠯ ᠢ ᠬᠠᠮᠢᠶᠠᠷᠬᠤ ᠳᠤ ᠣᠷᠤᠯᠴᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠳᠡᠮᠵᠢᠵᠦ᠂ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠷᠠᠳᠴᠢᠯᠠᠯ ᠢᠶᠠᠷ ᠬᠠᠮᠢᠶᠠᠷᠬᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠳᠤ ᠣᠷᠤᠯᠴᠠᠬᠤ᠂ ᠬᠤᠯᠪᠣᠭᠳᠠᠯ ᠪᠦᠬᠦᠢ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠲᠣᠭᠲᠠᠭᠠᠬᠤ ᠳᠤ ᠣᠷᠤᠯᠴᠠᠬᠤ᠂ ᠨᠡᠶᠢᠭᠡᠮ ᠤᠨ ᠵᠠᠰᠠᠯᠲᠠ ᠪᠠ ᠣᠯᠠᠨ ᠨᠡᠶᠢᠲᠡ ᠶᠢᠨ ᠦᠢᠯᠡᠴᠢᠯᠡᠭᠡᠨ ᠳᠤ ᠣᠷᠤᠯᠴᠠᠬᠤ ᠳᠦᠷᠢᠮ ᠤᠨ ᠪᠠᠲᠤᠯᠠᠭ᠎ᠠ ᠶᠢ ᠴᠢᠩᠭᠠᠷᠠᠭᠤᠯᠤᠨ᠎ᠠ᠃ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠶᠢ ᠠᠬᠢᠭᠤᠯᠬᠤ ᠪᠠ ᠡᠮᠡᠭᠲᠡᠶᠢᠴᠦᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢ ᠲᠣᠭᠲᠠᠭᠠᠬᠤ ᠵᠢᠴᠢ ᠡᠮᠡᠭᠲᠡᠢ ᠺᠠᠳ᠋ᠷ ᠢ ᠬᠥᠮᠥᠵᠢᠭᠦᠯᠵᠦ ᠰᠢᠯᠢᠨ ᠳᠡᠪᠰᠢᠭᠦᠯᠬᠦ ᠠᠵᠢᠯ ᠤᠨ ᠳᠤᠮᠳᠠ᠂ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠰᠠᠨᠠᠯ ᠰᠠᠨᠠᠭᠤᠯᠭ᠎ᠠ ᠶᠢ ᠭᠦᠢᠴᠡᠳ ᠰᠣᠨᠣᠰᠤᠨ᠎ᠠ᠃      ︵ᠲᠠᠪᠤ︶ ᠡᠮᠡᠭᠲᠡᠶᠢᠴᠤᠳ ᠬᠢᠭᠡᠳ ᠨᠡᠶᠢᠭᠡᠮ ᠶᠢᠨ ᠪᠠᠲᠤᠯᠠᠭ᠎ᠠ      ᠭᠤᠣᠯ ᠬᠠᠷᠠᠯᠲᠠ᠄      1᠂ ᠡᠮᠡᠭᠲᠡᠶᠢᠴᠦᠳ ᠨᠡᠶᠢᠭᠡᠮ ᠤᠨ ᠪᠠᠲᠤᠯᠠᠭ᠎ᠠ ᠶᠢᠨ ᠡᠷᠬᠡ ᠠᠰᠢᠭ ᠢ ᠡᠷᠬᠡ ᠲᠡᠭᠰᠢ ᠪᠠᠷ ᠡᠳ᠋ᠯᠡᠵᠦ᠂ ᠪᠠᠲᠤᠯᠠᠭ᠎ᠠ ᠶᠢᠨ ᠬᠢᠷᠢ ᠬᠡᠮᠵᠢᠶ᠎ᠡ ᠲᠠᠰᠤᠷᠠᠯᠲᠠ ᠦᠭᠡᠢ ᠳᠡᠭᠡᠭᠰᠢᠯᠡᠨ᠎ᠡ᠃      2᠂ ᠦᠷᠡᠵᠢᠯ ᠤᠨ ᠪᠠᠲᠤᠯᠠᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠨ᠎ᠠ᠃ ᠦᠷᠡᠵᠢᠯ ᠤᠨ ᠳᠠᠭᠠᠳᠬᠠᠯ ᠳᠤ ᠣᠷᠤᠯᠴᠠᠬᠤ ᠨᠤᠷᠮ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃      3᠂ ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮᠵᠢ ᠶᠢ ᠨᠠᠶᠢᠳᠠᠪᠤᠷᠢᠵᠢᠭᠤᠯᠤᠨ᠎ᠠ᠃ᠡᠮᠡᠭᠲᠡᠶᠢᠴᠦᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠤᠯᠴᠠᠬᠤ ᠨᠤᠷᠮ᠎ᠠ ᠶᠢ 95%᠎ ᠠᠴᠠ ᠳᠡᠭᠡᠭᠰᠢ ᠬᠡᠮᠵᠢᠶᠡᠨ ᠳᠤ ᠲᠣᠭᠲᠠᠪᠤᠷᠢᠵᠢᠭᠤᠯᠵᠤ᠂ ᠬᠠᠷᠠᠭᠠᠯᠵᠠᠯᠠᠯ ᠤᠨ ᠪᠠᠲᠤᠯᠠᠭ᠎ᠠ ᠶᠢ ᠭᠤᠣᠯᠴᠢ ᠪᠥᠭᠡᠳ ᠲᠣᠬᠢᠷᠠᠮᠵᠢᠲᠠᠢ ᠪᠠᠶᠢᠯᠭᠠᠨ᠎ᠠ᠃      4᠂ ᠨᠠᠰᠤᠵᠢᠯ  ᠤᠨ ᠳᠠᠭᠠᠳᠬᠠᠯ ᠤᠨ ᠳᠦᠷᠢᠮ  ᠤᠨ  ᠰᠢᠰᠲ᠋ᠧᠮᠵᠢ ᠶᠢ ᠨᠠᠶᠢᠳᠠᠪᠤᠷᠢᠵᠢᠭᠤᠯᠤᠨ᠎ᠠ᠃ ᠡᠮᠡᠭᠲᠡᠶᠢᠴᠦᠳ ᠤᠨ ᠨᠠᠰᠤᠵᠢᠯ ᠤᠨ ᠦᠨᠳᠦᠰᠦᠨ ᠳᠠᠭᠠᠳᠬᠠᠯ ᠳᠤ ᠣᠷᠤᠯᠴᠠᠬᠤ ᠨᠤᠷᠮ᠎ᠠ ᠶᠢ 95%᠎ ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠵᠦ᠂ ᠬᠠᠷᠠᠭᠠᠯᠵᠠᠯᠠᠯ ᠤᠨ ᠬᠢᠷᠢ ᠬᠡᠮᠵᠢᠶ᠎ᠡ ᠶᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃      5᠂ ᠠᠵᠢᠯ ᠠᠯᠳᠠᠯᠲᠠ ᠶᠢᠨ ᠳᠠᠭᠠᠳᠬᠠᠯ ᠪᠠ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠳᠦᠷᠢᠮ ᠢ ᠨᠠᠶᠢᠳᠠᠪᠤᠷᠢᠵᠢᠭᠤᠯᠤᠨ᠎ᠠ᠃ ᠡᠮᠡᠭᠲᠡᠶᠢᠴᠦᠳ ᠤᠨ ᠠᠵᠢᠯ ᠠᠯᠳᠠᠯᠲᠠ ᠶᠢᠨ ᠳᠠᠭᠠᠳᠬᠠᠯ ᠪᠠ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠤᠯᠴᠠᠬᠤ ᠬᠥᠮᠥᠨ ᠤ ᠲᠤᠭ᠎ᠠ ᠶᠢ ᠳᠡᠭᠡᠭᠰᠢᠯᠡᠭᠦᠯᠵᠦ᠂ ᠬᠤᠯᠪᠣᠭᠳᠠᠯ ᠪᠦᠬᠦᠢ ᠬᠠᠷᠠᠭᠠᠯᠵᠠᠯ ᠤᠨ ᠪᠠᠲᠤᠯᠠᠭ᠎ᠠ ᠶᠢ ᠨᠠᠶᠢᠳᠠᠪᠤᠷᠢᠵᠢᠭᠤᠯᠤᠨ᠎ᠠ᠃      6᠂ ᠲᠠᠰ ᠳᠠᠪᠬᠤᠷᠭ᠎ᠠ ᠲᠥᠷᠥᠯ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢ ᠪᠦᠷᠢᠨᠰᠢᠭᠦᠯᠦᠨ᠎ᠡ᠃ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠢ᠂ ᠵᠡᠮᠳᠡᠭᠴᠦᠳ ᠪᠠ ᠣᠷᠣᠯᠭ᠎ᠠ ᠪᠠᠭᠠᠲᠠᠢ ᠭᠡᠷ ᠪᠦᠯᠢ ᠶᠢᠨ ᠡᠮᠡᠭᠲᠡᠶᠢᠴᠦᠳ ᠤᠨ ᠠᠮᠢᠳᠤᠷᠠᠯ ᠢ ᠦᠨᠳᠦᠰᠦᠨ ᠳᠡᠭᠡᠨ ᠪᠠᠲᠤᠯᠠᠭ᠎ᠠ ᠲᠠᠢ ᠪᠤᠯᠭᠠᠨ᠎ᠠ᠃      7᠂ ᠡᠮᠡᠭᠲᠡᠶᠢᠴᠦᠳ ᠤᠨ ᠠᠰᠠᠷᠠᠮᠵᠢ ᠶᠢᠨ ᠬᠠᠷᠠᠭᠠᠯᠵᠠᠯ ᠤᠨ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠨᠠᠰᠤᠲᠠᠢ ᠡᠮᠡᠭᠲᠡᠶᠢᠴᠦᠳ᠂ ᠵᠡᠮᠳᠡᠭ ᠡᠮᠡᠭᠲᠡᠶᠢᠴᠦᠳ ᠵᠡᠷᠭᠡ ᠬᠠᠮᠲᠤᠯᠢᠭ ᠳᠠᠰᠢ ᠭᠤᠣᠯᠳᠠᠯᠭ᠎ᠠ ᠲᠠᠢ ᠪᠠᠷ ᠬᠡᠯᠪᠡᠶᠢᠯᠭᠡᠨ᠎ᠡ᠃      8᠂ ᠣᠯᠠᠨ ᠲᠠᠰ ᠳᠠᠪᠬᠤᠷᠭ᠎ᠠ ᠶᠢᠨ ᠨᠠᠰᠤᠵᠢᠯ ᠤᠨ ᠦᠢᠯᠡᠴᠢᠯᠡᠭᠡᠨ ᠤ ᠪᠠ ᠣᠷᠳᠣ ᠬᠤᠭᠤᠴᠠᠭ᠎ᠠ ᠪᠠᠷ ᠬᠠᠷᠠᠭᠠᠯᠵᠠᠨ ᠠᠰᠠᠷᠠᠬᠤ ᠪᠠᠲᠤᠯᠠᠭ᠎ᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠨᠠᠰᠤᠲᠠᠢ ᠡᠮᠡᠭᠲᠡᠶᠢᠴᠦᠳ ᠲᠤ ᠠᠳᠠᠯᠢ ᠲᠡᠭᠰᠢ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠬᠦᠷᠲᠡᠭᠡᠬᠦ ᠶᠢ ᠪᠠᠲᠤᠯᠠᠵᠤ᠂ ᠪᠥᠬᠦ ᠲᠤᠭᠤᠷᠢᠭ ᠤᠨ ᠰᠤᠪᠢᠯᠠᠯᠲᠠ ᠶᠢᠨ ᠮᠠᠶ᠋ᠢᠭ ᠤᠨ ᠨᠠᠰᠤᠵᠢᠯ ᠤᠨ ᠠᠰᠠᠷᠠᠮᠵᠢ ᠶᠢᠨ ᠣᠷᠣ ᠶᠢ ᠶᠡᠷᠦᠩᠬᠡᠢ ᠣᠷᠣ ᠶᠢᠨ 60%᠎ ᠳᠤ ᠬᠦᠷᠦᠭᠦᠯᠦᠨ᠎ᠡ᠃      9᠂ ᠡᠮᠡᠭᠲᠡᠶᠢᠴᠦᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠶᠢ ᠴᠢᠩᠭᠠᠳᠬᠠᠵᠤ᠂ ᠬᠦᠴᠢᠷᠳᠡᠯ ᠳᠤ ᠲᠤᠯᠭᠠᠷᠠᠭᠰᠠᠨ᠂ ᠬᠡᠷᠡᠭᠴᠡᠭᠡ ᠱᠠᠭᠠᠷᠳᠠᠯᠭ᠎ᠠ ᠲᠠᠢ ᠡᠮᠡᠭᠲᠡᠶᠢᠴᠦᠳ ᠲᠤ ᠭᠤᠣᠯᠳᠠᠯᠭ᠎ᠠ ᠲᠠᠢ ᠪᠠᠷ ᠬᠠᠪᠰᠤᠷᠤᠨ ᠲᠡᠳᠭᠦᠨ᠎ᠡ᠃      ᠠᠷᠭ᠎ᠠ ᠪᠣᠳᠣᠯᠭ᠎ᠠ ᠠᠷᠭ᠎ᠠ ᠬᠡᠮᠵᠢᠶ᠎ᠡ᠄      1᠂ ᠡᠮᠡᠭᠲᠡᠶᠢᠴᠦᠳ ᠤᠨ ᠬᠠᠮᠲᠤᠯᠢᠭ ᠲᠤ ᠠᠰᠢᠭ ᠬᠦᠷᠲᠡᠭᠡᠬᠦ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢ ᠲᠣᠭᠲᠠᠭᠠᠬᠤ ᠪᠠ ᠲᠡᠭᠦᠨ ᠳᠤ ᠵᠠᠰᠠᠪᠤᠷᠢ ᠣᠷᠣᠭᠤᠯᠬᠤ ᠵᠢᠴᠢ ᠪᠦᠬᠦ ᠠᠷᠠᠳ ᠢ ᠬᠠᠮᠤᠷᠤᠭᠰᠠᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ ᠠᠵᠢᠯ ᠤᠨ ᠳᠤᠮᠳᠠ᠂ ᠡᠮᠡᠭᠲᠡᠶᠢᠴᠦᠳ ᠤᠨ ᠣᠨᠴᠠᠭᠠᠶ ᠠᠰᠢᠭ ᠲᠤᠰᠠ ᠪᠠ ᠬᠡᠷᠡᠭᠴᠡᠭᠡ ᠶᠢ ᠠᠩᠬᠠᠷᠤᠨ ᠪᠠᠲᠤᠯᠠᠨ᠎ᠠ᠃ ᠨᠡᠶᠢᠭᠡᠮ ᠤᠨ ᠳᠠᠭᠠᠳᠬᠠᠯ ᠤᠨ ᠳᠠᠭᠠᠳᠬᠠᠯ ᠳᠤ ᠣᠷᠤᠯᠴᠠᠬᠤ ᠬᠡᠪᠴᠢᠶ᠎ᠡ ᠶᠢ ᠥᠷᠭᠡᠳᠬᠡᠬᠦ ᠶᠢ ᠦᠷᠭᠦᠯᠵᠢᠯᠡᠨ ᠲᠦᠯᠬᠢᠨ ᠠᠬᠢᠭᠤᠯᠵᠤ᠂ ᠠᠮᠢᠳᠤᠯᠢᠭ ᠢᠶᠠᠷ ᠠᠵᠢᠯ ᠣᠯᠬᠤ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠷ ᠠᠵᠢᠯ ᠣᠯᠣᠭᠰᠠᠨ ᠡᠮᠡᠭᠲᠡᠶᠢᠴᠦᠳ ᠤᠨ ᠵᠣᠬᠢᠴᠠᠩᠭᠤᠢ ᠨᠡᠶᠢᠭᠡᠮ ᠤᠨ ᠳᠠᠭᠠᠳᠬᠠᠯ ᠳᠤ ᠣᠷᠤᠯᠴᠠᠬᠤ ᠶᠢ ᠠᠬᠢᠭᠤᠯᠵᠤ᠂ ᠪᠠᠲᠤᠯᠠᠬᠤ ᠶᠣᠰᠣᠲᠠᠢ ᠶᠢ ᠨᠢ ᠴᠥᠮ ᠪᠠᠲᠤᠯᠠᠬᠤ ᠶᠢ ᠪᠡᠶᠡᠯᠡᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠬᠦᠢᠰᠦ ᠶᠢᠨ ᠢᠯᠭᠠᠯ ᠤᠨ ᠵᠥᠷᠢᠶ᠎ᠡ ᠶᠢ ᠪᠠᠭᠠᠰᠬᠠᠨ᠎ᠠ᠃ ᠨᠡᠶᠢᠭᠡᠮ ᠤᠨ ᠳᠠᠭᠠᠳᠬᠠᠯ ᠤᠨ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠤᠯᠴᠠᠬᠤ ᠶᠢ ᠳᠠᠩᠰᠠᠯᠠᠬᠤ ᠮᠡᠳᠡᠭᠡ ᠵᠠᠩᠭᠢ ᠶᠢᠨ ᠬᠥᠮᠥᠷᠭᠡ ᠶᠢ ᠪᠠᠶᠢᠭᠤᠯᠵᠤ᠂ ᠨᠡᠶᠢᠭᠡᠮ ᠤᠨ ᠪᠠᠲᠤᠯᠠᠭ᠎ᠠ ᠶᠢᠨ ᠬᠦᠢᠰᠦ ᠶᠢᠨ ᠢᠯᠭᠠᠯ ᠬᠤᠪᠢᠶᠠᠨ ᠪᠦᠷᠢᠳᠬᠡᠬᠦ᠂ ᠮᠡᠳᠡᠭᠡ ᠵᠠᠩᠭᠢ ᠶᠢᠨ ᠬᠥᠳᠡᠯᠦᠩᠭᠦᠢ ᠬᠢᠨᠠᠨ ᠬᠡᠮᠵᠢᠯᠲᠡ ᠪᠠ ᠬᠠᠮᠢᠶᠠᠷᠤᠯᠲᠠ ᠶᠢ ᠴᠢᠩᠭᠠᠳᠬᠠᠨ᠎ᠠ᠃ ᠣᠲᠣ ᠶᠢᠨ ᠪᠠᠶᠢᠭ᠎ᠠ ᠨᠥᠬᠦᠴᠡᠯ ᠪᠠ ᠵᠠᠰᠠᠭ ᠤᠨ ᠣᠷᠳᠣᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠯᠠᠪᠤᠷ ᠭᠠᠵᠠᠷ ᠲᠤ ᠭᠦᠢᠴᠡᠳ ᠲᠦᠰᠢᠭᠯᠡᠨ᠂ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠪᠡᠯᠡᠳᠬᠡᠮᠵᠢ ᠶᠢ ᠲᠡᠭᠦᠯᠳᠡᠷᠵᠢᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠵᠡᠷᠭᠡ ᠦᠢᠯᠡᠴᠢᠯᠡᠭᠡᠨ ᠤ ᠨᠥᠬᠦᠴᠡᠯ ᠢ ᠠᠬᠢᠭᠤᠯᠤᠨ ᠰᠠᠶᠢᠵᠢᠷᠠᠭᠤᠯᠤᠨ᠎ᠠ᠃      2᠂ ᠬᠤᠲᠠ ᠬᠥᠳᠡᠭᠡ ᠶᠢᠨ ᠡᠮᠡᠭᠲᠡᠶᠢᠴᠦᠳ ᠢ ᠬᠠᠮᠤᠷᠤᠭᠰᠠᠨ ᠦᠷᠡᠵᠢᠯ ᠤᠨ ᠪᠠᠲᠤᠯᠠᠭ᠎ᠠ ᠶᠢᠨ ᠳᠦᠷᠢᠮ ᠢ ᠪᠦᠷᠢᠨᠰᠢᠭᠦᠯᠦᠨ᠎ᠡ᠃ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠦᠷᠢᠮ ᠢᠶᠠᠷ ᠲᠦᠰᠢᠭ ᠪᠣᠯᠭᠠᠨ᠂ ᠦᠷᠡᠵᠢᠯ ᠤᠨ ᠪᠠᠲᠤᠯᠠᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ ᠡᠮ ᠡᠮᠨᠡᠯᠭᠡ ᠶᠢᠨ ᠦᠢᠯᠡᠴᠢᠯᠡᠭᠡᠨ ᠤ ᠬᠠᠮᠢᠶᠠᠷᠤᠯᠲᠠ ᠶᠢ ᠴᠢᠩᠭᠠᠳᠬᠠᠵᠤ᠂ ᠦᠷᠡᠵᠢᠯ ᠤᠨ ᠪᠠᠲᠤᠯᠠᠭ᠎ᠠ ᠶᠢᠨ ᠲᠦᠷᠦ ᠶᠢᠨ ᠪᠣᠳᠣᠯᠭ᠎ᠠ ᠶᠢ ᠴᠠᠭ ᠲᠤᠨᠢ ᠲᠣᠬᠢᠷᠠᠭᠤᠯᠤᠨ᠎ᠠ᠃ ᠦᠷᠡᠵᠢᠯ ᠤᠨ ᠳᠠᠭᠠᠳᠬᠠᠯ ᠤᠨ ᠪᠦᠷᠬᠦᠴᠡ ᠶᠢᠨ ᠨᠤᠷᠮ᠎ᠠ ᠶᠢ ᠪᠠᠬᠢᠵᠢᠭᠦᠯᠦᠨ ᠳᠡᠭᠡᠭᠰᠢᠯᠡᠭᠦᠯᠵᠦ᠂ ᠠᠮᠢᠳᠤᠯᠢᠭ ᠠᠵᠢᠯ ᠣᠯᠭᠤᠯᠲᠠ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠲᠠᠢ ᠠᠵᠢᠯ ᠣᠯᠭᠤᠯᠲᠠ ᠵᠡᠷᠭᠡ ᠡᠮᠡᠭᠲᠡᠶᠢᠴᠦᠳ ᠤᠨ ᠬᠠᠮᠲᠤᠯᠢᠭ ᠤᠨ ᠦᠷᠡᠵᠢᠯ ᠤᠨ ᠳᠠᠭᠠᠳᠬᠠᠯ ᠳᠤ ᠣᠷᠤᠯᠴᠠᠬᠤ ᠶᠢ ᠠᠬᠢᠭᠤᠯᠵᠤ᠂ ᠨᠡᠭᠦᠳᠡᠯ ᠬᠥᠮᠥᠨ ᠠᠮᠠ ᠶᠢᠨ ᠳᠣᠲᠣᠷᠠᠬᠢ ᠡᠮᠡᠭᠲᠡᠶᠢᠴᠦᠳ ᠤᠨ ᠦᠷᠡᠵᠢᠯ ᠤᠨ ᠡᠷᠬᠡ ᠠᠰᠢᠭ ᠢ ᠪᠠᠲᠤᠯᠠᠨ᠎ᠠ᠃ ᠦᠷᠡᠵᠢᠯ ᠤᠨ ᠳᠠᠭᠠᠳᠬᠠᠯ᠂ ᠦᠷᠡᠵᠢᠯ ᠤᠨ ᠡᠮ ᠡᠮᠨᠡᠯᠭᠡ ᠶᠢᠨ ᠵᠠᠷᠤᠳᠠᠯ ᠢ ᠥᠭᠬᠦ ᠵᠢᠴᠢ ᠦᠷᠡᠵᠢᠯ ᠤᠨ ᠨᠥᠬᠦᠪᠦᠷᠢ ᠮᠥᠩᠭᠦ ᠶᠢᠨ ᠳᠦᠷᠢᠮ ᠢ ᠨᠠᠶᠢᠳᠠᠪᠤᠷᠢᠵᠢᠭᠤᠯᠵᠤ᠂ ᠡᠮᠡᠭᠲᠡᠶᠢᠴᠦᠳ ᠤᠨ ᠦᠷᠡᠵᠢᠯ ᠤᠨ ᠡᠮ ᠡᠮᠨᠡᠯᠭᠡ ᠶᠢᠨ ᠬᠠᠷᠠᠭᠠᠯᠵᠠᠯ ᠪᠠ ᠦᠷᠡᠵᠢᠯ ᠤᠨ ᠨᠥᠬᠦᠪᠦᠷᠢ ᠮᠥᠩᠭᠦ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠡᠮᠡᠭᠲᠡᠶᠢᠴᠦᠳ ᠤᠨ ᠠᠵᠢᠯ ᠣᠯᠬᠤ ᠪᠠ ᠠᠵᠢᠯ ᠠᠯᠳᠠᠯᠲᠠ ᠶᠢᠨ ᠮᠥᠩᠭᠦ ᠠᠪᠴᠤ ᠪᠠᠶᠢᠭ᠎ᠠ ᠬᠤᠭᠤᠴᠠᠭᠠᠨ ᠳᠠᠬᠢ ᠦᠷᠡᠵᠢᠯ ᠤᠨ ᠪᠠᠲᠤᠯᠠᠭ᠎ᠠ ᠶᠢᠨ ᠠᠰᠠᠭᠤᠳᠠᠯ ᠢ ᠲᠣᠬᠢᠲᠠᠢ ᠰᠢᠢᠳᠪᠦᠷᠢᠯᠡᠨ᠎ᠡ᠃ ᠦᠷᠡᠵᠢᠯ ᠤᠨ ᠳᠠᠭᠠᠳᠬᠠᠯ ᠬᠢᠭᠡᠳ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠢ ᠨᠡᠶᠢᠯᠡᠭᠦᠯᠦᠨ ᠬᠡᠷᠡᠭᠵᠢᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠦᠷᠡᠵᠢᠯ ᠤᠨ ᠳᠠᠭᠠᠳᠬᠠᠯ ᠬᠢᠭᠡᠳ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠳ ᠤᠨ ᠳᠡᠩᠰᠡᠯᠡᠨ ᠲᠡᠮᠳᠡᠭᠯᠡᠬᠦ᠂ ᠰᠦᠢᠳᠬᠡᠯ ᠲᠤᠰᠢᠶᠠᠬᠤ᠂ ᠬᠠᠮᠢᠶᠠᠷᠬᠤ᠂ ᠭᠠᠷᠲᠠᠨ ᠭᠦᠢᠴᠡᠳᠬᠡᠬᠦ᠂ ᠮᠡᠳᠡᠭᠡ ᠵᠠᠩᠭᠢ ᠶᠢᠨ ᠰᠢᠰᠲ᠋ᠧᠮ ᠤᠨ ᠨᠢᠭᠡᠳᠦᠯᠲᠡᠢ ᠪᠠᠶᠢᠬᠤ ᠶᠢ ᠪᠡᠶᠡᠯᠡᠭᠦᠯᠦᠨ᠎ᠡ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠷᠡᠵᠢᠯ ᠤᠨ ᠡᠮ ᠡᠮᠨᠡᠯᠭᠡ ᠶᠢᠨ ᠪᠠᠲᠤᠯᠠᠭ᠎ᠠ ᠶᠢ ᠴᠢᠩᠭᠠᠳᠬᠠᠨ᠎ᠠ᠃      3᠂ ᠡᠮᠡᠭᠲᠡᠶᠢᠴᠦᠳ  ᠤᠨ ᠡᠮ ᠡᠮᠨᠡᠯᠭᠡ ᠶᠢᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠡᠮᠡᠭᠲᠡᠢ ᠠᠵᠢᠯᠲᠠᠨ ᠠᠵᠢᠯᠴᠢᠨ ᠪᠠ ᠬᠤᠳᠠ ᠬᠥᠳᠡᠭᠡ ᠶᠢᠨ ᠡᠮᠡᠭᠲᠡᠢ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠦᠷᠭᠦᠯᠵᠢᠯᠡᠨ ᠣᠷᠤᠯᠴᠠᠬᠤ ᠶᠢ ᠲᠦᠯᠬᠢᠨ ᠠᠬᠢᠭᠤᠯᠵᠤ᠂ ᠬᠦᠨᠳᠦ ᠣᠨᠴᠠ ᠶᠡᠭᠡ ᠡᠪᠡᠳᠴᠢᠨ ᠡᠮᠭᠡᠭ ᠤᠨ ᠡᠮ ᠡᠮᠨᠡᠯᠭᠡ ᠶᠢᠨ ᠳᠠᠭᠠᠳᠬᠠᠯ ᠪᠠ ᠠᠪᠤᠷᠠᠨ ᠲᠤᠰᠠᠯᠠᠬᠤ ᠳᠦᠷᠢᠮ ᠢ ᠲᠡᠭᠦᠯᠳᠡᠷᠵᠢᠭᠦᠯᠵᠦ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ ᠵᠡᠷᠭᠡ ᠭᠤᠷᠪᠠᠨ ᠵᠦᠢᠯ ᠤᠨ ᠳᠦᠷᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢ ᠴᠢᠩᠭᠠᠳᠬᠠᠵᠤ᠂ ᠡᠮᠡᠭᠲᠡᠶᠢᠴᠦᠳ ᠤᠨ ᠦᠨᠳᠦᠰᠦᠨ ᠡᠮ ᠡᠮᠨᠡᠯᠭᠡ ᠶᠢᠨ ᠪᠠᠲᠤᠯᠠᠭ᠎ᠠ ᠶᠢᠨ ᠬᠡᠷᠡᠭᠴᠡᠭᠡ ᠶᠢ ᠬᠠᠩᠭᠠᠨ᠎ᠠ᠃ ᠡᠮᠴᠢᠯᠡᠭᠡᠨ ᠤ ᠪᠠᠲᠤᠯᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠢ ᠪᠠᠷᠢᠮᠵᠢᠶᠠᠵᠢᠭᠤᠯᠤᠨ ᠵᠢᠷᠤᠮᠵᠢᠭᠤᠯᠬᠤ ᠶᠢ ᠠᠬᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ︽ᠨᠢᠭᠡ ᠥᠷᠲᠡᠭᠡᠨ ᠤ ᠮᠠᠶ᠋ᠢᠭ ᠤᠨ ᠦᠢᠯᠡᠴᠢᠯᠡᠭᠡ᠂ ᠨᠢᠭᠡ ᠴᠣᠩᠬᠤᠪᠴᠢ ᠮᠠᠶ᠋ᠢᠭ ᠤᠨ ᠭᠦᠢᠴᠡᠳᠬᠡᠬᠦ᠂ ᠨᠢᠭᠡ ᠲᠤᠰᠠᠭᠠᠷ ᠳᠦᠷᠢᠮ ᠢᠶᠠᠷ ᠳ᠋ᠦᠩᠨᠡᠨ ᠪᠤᠳᠤᠬᠤ︾᠎ ᠶᠢ ᠪᠡᠶᠡᠯᠡᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠣᠨᠳᠣᠣ ᠭᠠᠵᠠᠷ ᠲᠤ ᠡᠮᠴᠢᠯᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠦᠢᠯᠡᠴᠢᠯᠡᠭᠡ ᠶᠢ ᠳᠡᠭᠡᠭᠰᠢᠯᠡᠭᠦᠯᠦᠨ᠎ᠡ᠃ ᠡᠮᠡᠭᠲᠡᠢ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠬᠠᠪᠰᠤᠷᠤᠯᠴᠠᠭ᠎ᠠ ᠶᠢ ᠪᠠᠶᠢᠭᠤᠯᠬᠤ ᠶᠢ ᠠᠬᠢᠭᠤᠯᠵᠤ᠂ ᠬᠤᠳᠠᠯᠳᠤᠭᠠᠨ ᠤ ᠳᠠᠭᠠᠳᠬᠠᠯ ᠤᠨ ᠰᠠᠪᠠ ᠶᠢᠨ ᠬᠦᠵᠦᠭᠦᠨ ᠤ ᠥᠮᠡᠨ᠂ ᠬᠥᠬᠦᠨ ᠪᠤᠯᠴᠢᠷᠬᠠᠢ ᠶᠢᠨ ᠥᠮᠡᠨ ᠵᠡᠷᠭᠡ ᠬᠦᠨᠳᠦ ᠶᠡᠭᠡ ᠡᠪᠡᠳᠴᠢᠨ ᠡᠮᠭᠡᠭ ᠲᠤ ᠦᠵᠡᠭᠦᠯᠬᠦ ᠪᠠᠲᠤᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃      4᠂ ᠡᠮᠡᠭᠲᠡᠶᠢᠴᠦᠳ ᠤᠨ ᠦᠷᠭᠦᠯᠵᠢᠯᠡᠬᠦᠶᠢᠴᠡ ᠣᠯᠠᠨ ᠲᠠᠰ ᠳᠠᠪᠬᠤᠷᠭ᠎ᠠ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠡᠳ᠋ᠯᠡᠭᠦᠯᠬᠦ ᠶᠢ ᠠᠬᠢᠭᠤᠯᠤᠨ᠎ᠠ᠃ ᠨᠠᠰᠤᠵᠢᠯ ᠤᠨ ᠦᠨᠳᠦᠰᠦᠨ ᠳᠠᠭᠠᠳᠬᠠᠯ ᠢ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠵᠤ᠂ ᠡᠮᠡᠭᠲᠡᠶᠢᠴᠦᠳ ᠤᠨ ᠨᠠᠰᠤᠵᠢᠯ ᠤᠨ ᠦᠨᠳᠦᠰᠦᠨ ᠳᠠᠭᠠᠳᠬᠠᠯ ᠳᠤ ᠣᠷᠤᠯᠴᠠᠬᠤ ᠨᠤᠷᠮ᠎ᠠ ᠶᠢ ᠳᠡᠭᠡᠭᠰᠢᠯᠡᠭᠦᠯᠵᠦ᠂ ᠠᠳᠠᠯᠢ ᠪᠤᠰᠤ ᠣᠷᠣᠨ ᠪᠦᠰᠡ᠂ ᠠᠳᠠᠯᠢ ᠪᠤᠰᠤ ᠡᠮᠡᠭᠲᠡᠶᠢᠴᠦᠳ ᠤᠨ ᠬᠠᠮᠲᠤᠯᠢᠭ ᠤᠨ ᠨᠠᠰᠤᠵᠢᠯ ᠤᠨ ᠦᠨᠳᠦᠰᠦᠨ ᠳᠠᠭᠠᠳᠬᠠᠯ ᠤᠨ ᠡᠷᠬᠡ ᠠᠰᠢᠭ ᠢ ᠬᠠᠤᠯᠢ ᠶᠣᠰᠣᠭᠠᠷ ᠡᠷᠬᠡ ᠲᠡᠭᠰᠢ ᠪᠠᠷ ᠡᠳ᠋ᠯᠡᠬᠦ ᠶᠢ ᠠᠬᠢᠭᠤᠯᠤᠨ᠎ᠠ᠃ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠥᠩᠭᠦ ᠶᠢ ᠵᠦᠢ ᠵᠣᠬᠢᠰᠲᠠᠢ ᠲᠣᠬᠢᠷᠠᠭᠤᠯᠬᠤ ᠲᠣᠭᠲᠠᠴᠠ ᠶᠢ ᠨᠠᠶᠢᠳᠠᠪᠤᠷᠢᠵᠢᠭᠤᠯᠵᠤ᠂ ᠭᠠᠵᠠᠷ ᠰᠢᠷᠣᠢ ᠪᠠᠨ ᠲᠠᠲᠠᠪᠤᠷᠢᠯᠠᠭᠳᠠᠭᠰᠠᠨ ᠡᠮᠡᠭᠲᠡᠢ ᠲᠠᠷᠢᠶᠠᠴᠢᠳ ᠤᠨ ᠨᠠᠰᠤᠵᠢᠯ ᠤᠨ ᠦᠨᠳᠦᠰᠦᠨ ᠠᠰᠠᠷᠠᠮᠵᠢ ᠶᠢᠨ ᠳᠠᠭᠠᠳᠬᠠᠯ ᠤᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠬᠥᠮᠥᠨ ᠬᠡᠷᠡᠭᠯᠡᠬᠦ ᠨᠢᠭᠡᠴᠢ ᠶᠢ ᠱᠠᠯᠠᠪᠳᠠᠭᠤᠯᠤᠨ ᠡᠮᠡᠭᠲᠡᠢ ᠠᠵᠢᠯᠲᠠᠨ ᠠᠵᠢᠯᠴᠢᠨ ᠳᠤ ᠨᠠᠰᠤᠵᠢᠯ ᠤᠨ ᠦᠨᠳᠦᠰᠦᠨ ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠢ ᠬᠠᠤᠯᠢ ᠶᠣᠰᠣᠭᠠᠷ ᠭᠦᠢᠴᠡᠳ ᠲᠤᠰᠢᠶᠠᠯᠭᠠᠵᠤ᠂ ᠠᠵᠤ ᠠᠬᠤᠶᠢᠯᠠᠯ ᠤᠨ ᠣᠨ ᠤ ᠮᠥᠩᠭᠦ ᠶᠢᠨ ᠳᠦᠷᠢᠮ ᠢ ᠬᠥᠭᠵᠢᠭᠦᠯᠬᠦ ᠶᠢ ᠵᠣᠷᠢᠭᠵᠢᠭᠤᠯᠵᠤ᠂ ᠨᠠᠰᠤᠵᠢᠯ ᠤᠨ ᠬᠤᠳᠠᠯᠳᠤᠭᠠᠨ ᠤ ᠠᠰᠠᠷᠠᠮᠵᠢ ᠶᠢᠨ ᠳᠠᠭᠠᠳᠬᠠᠯ ᠤᠨ ᠦᠢᠯᠡᠳᠬᠦᠨ ᠢ ᠪᠠᠶᠠᠯᠢᠭᠵᠢᠭᠤᠯᠤᠨ᠂ ᠡᠮᠡᠭᠲᠡᠶᠢᠴᠦᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃      5᠂ ᠡᠮᠡᠭᠲᠡᠶᠢᠴᠦᠳ ᠤᠨ ᠠᠵᠢᠯ ᠠᠯᠳᠠᠯᠲᠠ ᠶᠢᠨ ᠳᠠᠭᠠᠳᠬᠠᠯ ᠤᠨ ᠡᠷᠬᠡ ᠠᠰᠢᠭ ᠢ ᠪᠠᠲᠤᠯᠠᠨ᠎ᠠ᠃ ᠠᠵᠢᠯ ᠠᠯᠳᠠᠯᠲᠠ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠰᠦᠢᠳᠬᠡᠯ ᠤᠨ ᠨᠤᠷᠮ᠎ᠠ ᠪᠠ ᠬᠠᠷᠠᠭᠠᠯᠵᠠᠯ ᠤᠨ ᠪᠠᠷᠢᠮᠵᠢᠶ᠎ᠠ ᠶᠢ ᠨᠢᠭᠡᠳᠬᠡᠵᠦ᠂ ᠠᠵᠢᠯ ᠠᠯᠳᠠᠯᠲᠠ ᠶᠢᠨ ᠳᠠᠭᠠᠳᠬᠠᠯ ᠤᠨ ᠠᠵᠢᠯ ᠣᠯᠭᠤᠯᠲᠠ ᠶᠢ ᠠᠬᠢᠭᠤᠯᠬᠤ᠂ ᠠᠵᠢᠯ ᠠᠯᠳᠠᠯᠲᠠ ᠶᠢ ᠰᠡᠷᠭᠡᠶᠢᠯᠡᠬᠦ ᠴᠢᠳᠠᠮᠵᠢ ᠶᠢ ᠴᠢᠩᠭᠠᠳᠬᠠᠵᠤ᠂ ᠡᠮᠡᠭᠲᠡᠢ ᠠᠵᠢᠯᠲᠠᠨ ᠠᠵᠢᠯᠴᠢᠨ ᠤ ᠲᠣᠭᠲᠠᠪᠤᠷᠢᠲᠠᠢ ᠠᠵᠢᠯ ᠣᠯᠬᠤ ᠶᠢ ᠲᠡᠮᠵᠢᠨ᠎ᠠ᠃ ᠬᠥᠮᠥᠨ ᠬᠡᠷᠡᠭᠯᠡᠬᠦ ᠨᠢᠭᠡᠴᠢ ᠶᠢ  ᠱᠠᠯᠠᠪᠳᠠᠭᠤᠯᠵᠦ ᠪᠠᠶᠢᠭᠠᠳ ᠬᠠᠤᠯᠢ ᠶᠣᠰᠣᠭᠠᠷ ᠡᠮᠡᠭᠲᠡᠢ ᠠᠵᠢᠯᠲᠠᠨ ᠠᠵᠢᠯᠴᠢᠨ ᠳᠤ ᠠᠵᠢᠯ ᠠᠯᠳᠠᠭᠰᠠᠳ ᠤᠨ ᠳᠠᠭᠠᠳᠬᠠᠯ ᠢ ᠭᠦᠢᠴᠡᠳᠬᠡᠭᠦᠯᠵᠦ᠂ ᠡᠮᠡᠭᠲᠡᠢ ᠠᠵᠢᠯᠲᠠᠨ ᠠᠵᠢᠯᠴᠢᠨ ᠢᠯᠠᠩᠭᠤᠶ᠎ᠠ ᠡᠮᠡᠭᠲᠡᠢ ᠬᠥᠯᠥᠰᠦᠨ ᠠᠵᠢᠯᠴᠢᠨ ᠤ ᠳᠠᠭᠠᠳᠬᠠᠯ ᠳᠤ ᠣᠷᠤᠯᠴᠠᠬᠤ ᠨᠤᠷᠮ᠎ᠠ ᠶᠢ ᠳᠡᠭᠡᠭᠰᠢᠯᠡᠭᠦᠯᠦᠨ᠎ᠡ᠃ ᠨᠥᠬᠦᠴᠡᠯ ᠳᠤ ᠨᠡᠶᠢᠴᠡᠬᠦ ᠠᠵᠢᠯ ᠠᠯᠳᠠᠭᠰᠠᠨ ᠡᠮᠡᠭᠲᠡᠢ ᠠᠵᠢᠯᠲᠠᠨ ᠠᠵᠢᠯᠴᠢᠨ ᠤ ᠠᠵᠢᠯ ᠠᠯᠳᠠᠭᠰᠠᠳ ᠤᠨ ᠳᠠᠭᠠᠳᠬᠠᠯ ᠤᠨ ᠣᠯᠭᠤᠮᠵᠢ ᠶᠢ ᠴᠠᠭ ᠲᠤᠬᠠᠢ ᠳᠤᠨᠢ ᠭᠥᠷᠳᠡᠬᠦ ᠶᠢ ᠪᠠᠲᠤᠯᠠᠵᠤ᠂ ᠮᠡᠷᠭᠡᠵᠢᠯ ᠴᠢᠳᠠᠪᠤᠷᠢ ᠶᠢᠨ ᠳᠡᠭᠡᠭᠰᠢᠯᠡᠯᠲᠡ ᠶᠢᠨ ᠨᠥᠬᠦᠪᠦᠷᠢ ᠭᠤᠶᠤᠴᠢᠯᠠᠨ ᠠᠪᠬᠤ ᠴᠤᠪᠤᠷᠠᠯ ᠢ ᠲᠡᠭᠦᠯᠳᠡᠷᠵᠢᠭᠦᠯᠦᠨ᠂ ᠨᠥᠬᠦᠴᠡᠯ ᠳᠤ ᠨᠡᠶᠢᠴᠡᠬᠦ ᠠᠵᠢᠯ ᠳᠤ ᠪᠠᠶᠢᠭ᠎ᠠ ᠡᠮᠡᠭᠲᠡᠢ ᠠᠵᠢᠯᠲᠠᠨ ᠠᠵᠢᠯᠴᠢᠨ ᠤ ᠮᠡᠷᠭᠡᠵᠢᠯ ᠴᠢᠳᠠᠪᠤᠷᠢ ᠶᠢᠨ ᠳᠡᠭᠡᠭᠰᠢᠯᠡᠯᠲᠡ ᠶᠢᠨ ᠨᠥᠬᠦᠪᠦᠷᠢ ᠶᠢ ᠴᠠᠭ ᠲᠤᠬᠠᠢ ᠳᠤᠨᠢ ᠲᠤᠭ᠎ᠠ ᠶᠣᠰᠣᠭᠠᠷ ᠭᠦᠢᠴᠡᠳ ᠣᠯᠬᠤ ᠶᠢ ᠪᠠᠲᠤᠯᠠᠨ᠎ᠠ᠃ ᠠᠵᠢᠯ ᠠᠯᠳᠠᠯᠲᠠ ᠶᠢᠨ ᠳᠠᠭᠠᠳᠬᠠᠯ ᠤᠨ ᠬᠠᠷᠠᠭᠠᠯᠵᠠᠯ ᠢ ᠲᠣᠬᠢᠷᠠᠭᠤᠯᠬᠤ ᠲᠣᠭᠲᠠᠴᠠ ᠶᠢ ᠨᠠᠶᠢᠳᠠᠪᠤᠷᠢᠵᠢᠭᠤᠯᠵᠤ᠂ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠶᠢ ᠪᠠᠷᠠᠭᠠᠨ ᠤ ᠦᠨ᠎ᠡ ᠶᠢᠨ ᠥᠰᠦᠯᠲᠡ ᠲᠠᠢ ᠬᠤᠯᠪᠣᠯᠳᠤᠭᠤᠯᠤᠨ ᠬᠥᠳᠡᠯᠭᠡᠭᠦ ᠲᠣᠭᠲᠠᠴᠠ ᠪᠠ ᠣᠨᠴᠠᠭᠠᠶ ᠴᠠᠭ ᠦᠶ᠎ᠡ ᠶᠢᠨ ᠠᠵᠢᠯ ᠠᠯᠳᠠᠯᠲᠠ ᠶᠢᠨ ᠪᠠᠲᠤᠯᠠᠭ᠎ᠠ ᠶᠢᠨ ᠲᠦᠷᠦ ᠶᠢᠨ ᠪᠤᠳᠤᠯᠭ᠎ᠠ ᠶᠢ ᠨᠠᠶᠢᠲᠠᠪᠦᠷᠢᠵᠢᠭᠤᠯᠤᠨ᠎ᠠ᠃      6᠂ ᠡᠮᠡᠭᠲᠡᠶᠢᠴᠦᠳ ᠤᠨ ᠠᠵᠢᠯ ᠠᠴᠠ ᠪᠣᠯᠤᠭᠰᠠᠨ ᠭᠡᠮᠲᠦᠯ  ᠤᠨ ᠳᠠᠭᠠᠳᠬᠠᠯ ‍ᠤᠨ‌ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠪᠠᠲᠤᠯᠠᠭ᠎ᠠ ᠶᠢᠨ ᠴᠢᠳᠠᠮᠵᠢ ᠶᠢ ᠴᠢᠩᠭᠠᠷᠠᠭᠤᠯᠵᠤ᠂ ᠠᠮᠢᠳᠤᠯᠢᠭ ᠢᠶᠠᠷ ᠠᠵᠢᠯ ᠣᠯᠣᠭᠰᠠᠳ᠂ ᠪᠦᠬᠦᠯᠢ ᠡᠳᠦᠷ ᠢᠶᠠᠷ ᠠᠵᠢᠯᠯᠠᠬᠤ ᠪᠤᠰᠤ ᠳᠦᠷᠢᠮᠲᠦ ᠠᠵᠢᠯᠴᠢᠨ ᠬᠡᠷᠡᠭᠯᠡᠬᠦ ᠬᠥᠮᠥᠰ ᠵᠡᠷᠭᠡ ᠶᠢᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠤᠯᠴᠠᠬᠤ ᠪᠠᠲᠤᠯᠠᠭ᠎ᠠ ᠶᠢᠨ ᠳᠦᠷᠢᠮ ᠢ ᠰᠦᠪᠡᠭᠴᠢᠯᠡᠨ ᠪᠠᠶᠢᠭᠤᠯᠤᠨ᠎ᠠ᠃ ᠤᠯᠤᠰ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠦᠷᠢᠶᠡᠨ ᠳᠠᠬᠢ ᠠᠵᠢᠯ ᠮᠡᠷᠭᠡᠵᠢᠯ ᠤᠨ ᠭᠡᠮᠲᠦᠯ ᠤᠨ ᠳᠠᠭᠠᠳᠬᠠᠯ ᠳᠤ ᠣᠷᠤᠯᠴᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠮᠢᠳᠤᠯᠢᠭ ᠢᠶᠠᠷ ᠠᠵᠢᠯ ᠣᠯᠣᠭᠰᠠᠨ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢᠶᠠᠷ ᠠᠵᠢᠯ ᠣᠯᠣᠭᠰᠠᠨ ᠡᠮᠡᠭᠲᠡᠶᠢᠴᠦᠳ ᠢ ᠳᠠᠭᠠᠳᠬᠠᠯ ᠳᠤ ᠣᠷᠤᠯᠴᠠᠬᠤ ᠬᠡᠪᠴᠢᠶᠡᠨ ᠳᠤ ᠤᠷᠤᠭᠤᠯᠬᠤ ᠶᠢ ᠨᠠᠶᠢᠲᠠᠪᠦᠷᠢᠵᠢᠭᠤᠯᠤᠨ᠎ᠠ᠃ ᠬᠥᠮᠥᠨ ᠬᠡᠷᠡᠭᠯᠡᠬᠦ ᠨᠢᠭᠡᠴᠢ ᠶᠢᠨ ᠡᠮᠡᠭᠲᠡᠢ ᠠᠵᠢᠯᠲᠠᠨ ᠠᠵᠢᠯᠴᠢᠨ ᠳᠤ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠢ ᠬᠠᠤᠯᠢ ᠶᠣᠰᠣᠭᠠᠷ ᠭᠦᠢᠴᠡᠳᠭᠡᠵᠦ᠂ ᠲᠦᠭᠰᠢᠭᠦᠷᠢ ᠶᠡᠬᠡᠲᠡᠢ ᠠᠵᠢᠯ ᠲᠥᠷᠥᠯ ᠤᠨ ᠡᠮᠡᠭᠲᠡᠢ ᠠᠵᠢᠯᠲᠠᠨ ᠠᠵᠢᠯᠴᠢᠨ ᠳᠤ ᠳᠠᠭᠠᠳᠬᠠᠯ ᠬᠢᠬᠦ ᠶᠢ ᠴᠢᠬᠤᠯᠠᠴᠢᠯᠠᠬᠤ ᠶᠢ ᠱᠠᠯᠠᠪᠳᠠᠭᠤᠯᠤᠨ᠎ᠠ᠃ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠠᠵᠢᠯ ᠠᠴᠠ ᠪᠣᠯᠤᠭᠰᠠᠨ ᠭᠡᠮᠲᠦᠯ ᠢ ᠤᠷᠢᠳᠴᠢᠯᠠᠨ ᠰᠡᠷᠭᠡᠢᠯᠡᠬᠦ᠂ ᠨᠥᠬᠦᠪᠦᠷᠢᠯᠡᠬᠦ᠂ ᠡᠷᠡᠭᠦᠯᠵᠢᠭᠦᠯᠬᠦ ᠴᠢᠳᠠᠮᠵᠢ ᠶᠢ ᠴᠢᠩᠭᠠᠳᠬᠠᠵᠤ᠂ ᠠᠵᠢᠯ ᠠᠴᠠ ᠪᠣᠯᠵᠤ ᠦᠬᠦᠵᠦ ᠰᠢᠷᠬᠠᠲᠤᠭᠰᠠᠨ ᠡᠮᠡᠭᠲᠡᠢᠴᠦᠳ ᠤᠨ ᠳᠠᠭᠠᠳᠬᠠᠯ ᠤᠨ ᠡᠷᠬᠡ ᠡᠳ᠋ᠯᠡᠬᠦ ᠶᠢ ᠪᠠᠲᠤᠯᠠᠨ᠎ᠠ᠃      7᠂ ᠠᠮᠢᠳᠤᠷᠠᠯ ᠨᠢ ᠬᠦᠴᠢᠷᠳᠡᠯ ᠳᠤ ᠲᠤᠯᠭᠠᠷᠠᠭᠰᠠᠨ ᠡᠮᠡᠭᠲᠡᠶᠢᠴᠦᠳ ᠲᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠶᠢᠨ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢ ᠴᠢᠩᠭᠠᠷᠠᠭᠤᠯᠤᠨ᠎ᠠ᠃ ᠲᠤᠰᠬᠠᠢ ᠵᠦᠢᠯ ᠢᠶᠠᠷ ᠠᠪᠤᠷᠠᠨ ᠲᠤᠰᠠᠯᠠᠬᠤ ᠳᠦᠷᠢᠮ ᠢ ᠲᠡᠭᠦᠯᠳᠡᠷᠵᠢᠭᠦᠯᠵᠦ᠂ ᠲᠦᠷ ᠴᠠᠭ ᠤᠨ ᠠᠪᠤᠷᠠᠨ ᠲᠤᠰᠠᠯᠠᠬᠤ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠪᠠᠴᠢᠮ ᠪᠡᠷᠬᠡ ᠨᠡᠶᠢᠭᠡᠮ ᠤᠨ ᠠᠪᠤᠷᠠᠨ ᠲᠤᠰᠠᠯᠠᠬᠤ ᠴᠢᠳᠠᠮᠵᠢ ᠶᠢ ᠴᠢᠩᠭᠠᠷᠠᠭᠤᠯᠤᠨ᠎ᠠ᠃ ᠡᠮᠴᠢᠯᠡᠭᠡ ᠪᠠᠷ ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠬᠦ ᠬᠦᠴᠢᠷᠳᠡᠯ ᠳᠤ ᠲᠤᠯᠭᠠᠷᠠᠭᠰᠠᠨ ᠡᠮᠡᠭᠲᠡᠶᠢᠴᠦᠳ ᠲᠤ ᠡᠮᠴᠢᠯᠡᠭᠡ ᠪᠠᠷ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠵᠦ᠂ ᠡᠮᠴᠢᠯᠡᠭᠡ ᠪᠠᠷ ᠠᠪᠤᠷᠠᠨ ᠲᠤᠰᠠᠯᠠᠬᠤ ᠵᠠᠷᠤᠳᠠᠯ ᠢ ᠨᠢᠭᠡ ᠯᠡ ᠥᠷᠲᠡᠭᠡᠨ ᠤ ᠮᠠᠶ᠋ᠢᠭ ᠢᠶᠠᠷ ᠴᠠᠭ ᠲᠤᠬᠠᠢ ᠳᠤᠨᠢ ᠳ᠋ᠦᠩᠨᠡᠨ ᠪᠤᠳᠤᠬᠤ ᠶᠢ ᠨᠠᠶᠢᠳᠠᠪᠤᠷᠢᠵᠢᠭᠤᠯᠤᠨ᠂ ᠬᠦᠴᠢᠷᠳᠡᠯ ᠳᠤ ᠲᠤᠯᠭᠠᠷᠠᠭᠰᠠᠨ ᠡᠮᠡᠭᠲᠡᠶᠢᠴᠦᠳ ᠤᠨ ᠡᠪᠡᠳᠴᠢᠨ ᠦᠵᠡᠭᠦᠯᠬᠦ ᠳᠤ ᠲᠥᠬᠦᠮ ᠦᠵᠡᠭᠦᠯᠦᠨ᠎ᠡ᠃ ᠬᠤᠳᠠ ᠬᠥᠳᠡᠭᠡ ᠶᠢᠨ ᠣᠨᠴᠠ ᠬᠦᠴᠢᠷᠳᠡᠯ ᠲᠠᠢ ᠬᠥᠮᠥᠰ ᠤᠨ ᠳᠣᠲᠣᠷᠠᠬᠢ ᠡᠮᠡᠭᠲᠡᠶᠢᠴᠦᠳ ᠢ ᠠᠪᠤᠷᠠᠨ ᠲᠤᠰᠠᠯᠠᠬᠤ ᠠᠵᠢᠯ ᠢ ᠴᠢᠩᠭᠠᠳᠬᠠᠵᠤ᠂ ᠬᠦᠴᠢᠷᠳᠡᠯ ᠳᠤ ᠲᠤᠯᠭᠠᠷᠠᠭᠰᠠᠨ ᠡᠮᠡᠭᠲᠡᠢ ᠤᠯᠠᠨ ᠲᠦᠮᠡᠨ ᠤ ᠦᠨᠳᠦᠰᠦᠨ ᠠᠮᠢᠳᠤᠷᠠᠯ ᠢ ᠪᠦᠲᠦᠮᠵᠢᠲᠡᠶ ᠪᠠᠷ ᠪᠠᠲᠤᠯᠠᠨ᠎ᠠ᠃ ᠦᠢᠯᠡᠴᠢᠯᠡᠭᠡᠨ ᠤ ᠲᠦᠷᠦᠯ ᠤᠨ ᠨᠡᠶᠢᠭᠡᠮ ᠤᠨ ᠠᠪᠤᠷᠠᠨ ᠲᠤᠰᠠᠯᠠᠯᠲᠠ ᠶᠢ ᠢᠳᠡᠪᠬᠢᠲᠡᠢ ᠬᠥᠭᠵᠢᠭᠦᠯᠵᠦ᠂ ᠵᠠᠰᠠᠭ ᠤᠨ ᠣᠷᠳᠣᠨ ᠠᠴᠠ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡ ᠬᠤᠳᠠᠯᠳᠤᠨ ᠠᠪᠬᠤ ᠶᠢ ᠲᠦᠯᠬᠢᠨ ᠠᠬᠢᠭᠤᠯᠵᠤ᠂ ︽ᠪᠣᠳᠠᠰ + ᠦᠢᠯᠡᠴᠢᠯᠡᠭᠡ︾᠎ ᠶᠢᠨ ᠨᠡᠶᠢᠭᠡᠮ ᠤᠨ ᠠᠪᠤᠷᠠᠨ ᠲᠤᠰᠠᠯᠠᠬᠤ ᠠᠷᠭ᠎ᠠ ᠮᠠᠶ᠋ᠢᠭ ᠢ ᠪᠤᠢ ᠪᠣᠯᠭᠠᠬᠤ ᠶᠢ ᠲᠦᠯᠬᠢᠨ ᠠᠬᠢᠭᠤᠯᠤᠨ᠎ᠠ᠃ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠨᠢ ᠬᠦᠴᠢᠷᠳᠡᠯᠲᠡᠢ ᠡᠮᠡᠭᠲᠡᠶᠢᠴᠦᠳ ᠲᠤ ᠬᠠᠤᠯᠢ ᠲᠣᠭᠲᠠᠭᠠᠯ ᠶᠣᠰᠣᠭᠠᠷ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠶᠢ ᠵᠣᠷᠢᠭᠵᠢᠭᠤᠯᠤᠨ ᠳᠡᠮᠵᠢᠨ᠎ᠡ᠃ ᠨᠢᠭᠡᠳᠦᠯᠲᠡᠢ ᠠᠪᠤᠷᠠᠨ ᠲᠤᠰᠠᠯᠠᠬᠤ ᠮᠡᠳᠡᠭᠡ ᠵᠠᠩᠭᠢ ᠶᠢᠨ ᠲᠠᠪᠴᠠᠩ ᠪᠠᠶᠢᠭᠤᠯᠬᠤ ᠶᠢ ᠲᠦᠯᠬᠢᠨ ᠠᠬᠢᠭᠤᠯᠵᠤ᠂ ᠨᠡᠶᠢᠭᠡᠮ ᠤᠨ ᠠᠪᠤᠷᠠᠨ ᠲᠤᠰᠠᠯᠠᠯᠲᠠ ᠶᠢᠨ ᠬᠦᠢᠰᠦ ᠶᠢᠨ ᠢᠯᠭᠠᠯ ᠬᠤᠪᠢᠶᠠᠨ ᠪᠦᠷᠢᠳᠬᠡᠬᠦ ᠶᠢ ᠴᠢᠩᠭᠠᠳᠬᠠᠨ᠂ ᠠᠪᠤᠷᠠᠨ ᠲᠤᠰᠠᠯᠠᠬᠤ ᠡᠲᠡᠭᠡᠳ ᠢ ᠣᠨᠣᠪᠴᠢᠲᠠᠶ ᠢᠯᠭᠠᠨ ᠲᠠᠨᠢᠨ᠎ᠠ᠃      8᠂ ᠡᠮᠡᠭᠲᠡᠶᠢᠴᠦᠳ ᠤᠨ ᠬᠠᠮᠲᠤᠯᠢᠭ ᠤᠨ ᠨᠡᠶᠢᠭᠡᠮ ᠤᠨ ᠠᠰᠠᠷᠠᠮᠵᠢ ᠶᠢᠨ ᠬᠡᠷᠡᠭᠴᠡᠭᠡ ᠶᠢ ᠨᠠᠩ ᠰᠠᠶᠢᠨ ᠬᠠᠩᠭᠠᠨ᠎ᠠ᠃ ᠨᠡᠶᠢᠭᠡᠮ ᠤᠨ ᠠᠰᠠᠷᠠᠮᠵᠢ ᠶᠢᠨ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠠᠰᠠᠷᠠᠮᠵᠢ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠡᠮᠡᠭᠲᠡᠶᠢᠴᠦᠳ ᠤᠨ ᠨᠡᠶᠢᠭᠡᠮ ᠤᠨ ᠠᠰᠠᠷᠠᠮᠵᠢ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠭᠡᠷ ᠲᠡᠭᠡᠨ ᠬᠤᠴᠣᠷᠤᠭᠰᠠᠨ ᠭᠡᠷ ᠪᠦᠯᠢ᠂ ᠨᠠᠰᠤᠲᠠᠶᠢᠴᠤᠳ ᠢ ᠠᠰᠠᠷᠠᠬᠤ ᠭᠡᠷ ᠪᠦᠯᠢ᠂ ᠭᠠᠭᠴᠠ ᠬᠡᠦᠬᠡᠳ ᠢᠶᠠᠨ ᠠᠯᠳᠠᠭᠰᠠᠨ ᠭᠡᠷ ᠪᠦᠯᠢ ᠶᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠲᠣᠭᠲᠠᠴᠠ ᠶᠢ ᠨᠠᠶᠢᠳᠠᠪᠤᠷᠢᠵᠢᠭᠤᠯᠵᠤ᠂ ᠥᠨᠳᠥᠷ ᠨᠠᠰᠤᠲᠠᠢ ᠨᠠᠰᠤᠲᠠᠶᠢᠴᠤᠳ ᠤᠨ ᠨᠡᠮᠡᠭᠦᠷᠢ ᠮᠥᠩᠭᠦ᠂ ᠠᠵᠤ ᠠᠬᠤᠢ ᠶᠢᠨ ᠬᠦᠴᠢᠷᠳᠡᠯ ᠲᠠᠢ ᠨᠠᠰᠤᠲᠠᠶᠢᠴᠤᠳ ᠤᠨ ᠨᠠᠰᠤᠵᠢᠯ ᠤᠨ ᠦᠢᠯᠡᠴᠢᠯᠡᠭᠡᠨ ᠤ ᠨᠥᠬᠦᠪᠦᠷᠢ ᠪᠠ ᠴᠢᠳᠠᠪᠤᠷᠢ ᠪᠠᠨ ᠠᠯᠳᠠᠭᠰᠠᠨ ᠨᠠᠰᠤᠲᠠᠶᠢᠴᠤᠳ ᠢ ᠠᠰᠠᠷᠠᠨ ᠰᠤᠪᠢᠯᠠᠬᠤ ᠨᠥᠬᠦᠪᠦᠷᠢ ᠵᠡᠷᠭᠡ ᠣᠯᠭᠤᠮᠵᠢ ᠶᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ᠵᠡᠮᠳᠡᠭᠴᠦᠳ ᠤᠨ ᠲᠤᠰᠬᠠᠢ ᠠᠰᠠᠷᠠᠮᠵᠢ ᠶᠢᠨ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠨᠥᠬᠦᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠵᠡᠮᠳᠡᠭ ᠡᠮᠡᠭᠲᠡᠶᠢᠴᠦᠳ ᠤᠨ ᠣᠨᠴᠠᠭᠠᠶ ᠬᠡᠷᠡᠭᠴᠡᠭᠡ ᠳᠤ ᠲᠣᠬᠢᠷᠠᠭᠰᠠᠨ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠥᠷᠭᠡᠳᠬᠡᠨ᠎ᠡ᠃      9᠂ ᠡᠮᠡᠭᠲᠡᠶᠢᠴᠦᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠭᠥᠷᠳᠡᠬᠦ ᠶᠢ ᠪᠠᠲᠤᠯᠠᠨ᠎ᠠ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠦᠭᠦᠭᠡᠷᠦᠮᠵᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠰᠤᠪᠢᠯᠠᠬᠤ ᠮᠠᠶ᠋ᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢ ᠭᠤᠣᠯᠳᠠᠯᠭ᠎ᠠ ᠲᠠᠢ ᠬᠥᠭᠵᠢᠭᠦᠯᠵᠦ᠂ ᠴᠢᠳᠠᠪᠤᠷᠢ ᠪᠠᠨ ᠠᠯᠳᠠᠭᠰᠠᠨ᠂ ᠴᠢᠳᠠᠪᠤᠷᠢ ᠪᠠᠨ ᠬᠠᠭᠠᠰ ᠠᠯᠳᠠᠭᠰᠠᠨ ᠨᠠᠰᠤᠲᠠᠢ ᠡᠮᠡᠭᠲᠡᠶᠢᠴᠦᠳ ᠤᠨ ᠨᠠᠰᠤᠵᠢᠯ ᠤᠨ ᠠᠰᠠᠷᠠᠮᠵᠢ ᠶᠢᠨ ᠰᠤᠪᠢᠯᠠᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠭᠤᠤᠯᠳᠠᠯᠭ᠎ᠠ ᠲᠠᠢ ᠬᠦᠭᠵᠢᠭᠦᠯᠦᠨ᠎ᠡ᠃ ᠭᠡᠷ ᠲᠡᠭᠡᠨ ᠰᠠᠭᠤᠵᠤ ᠪᠠᠶᠢᠭ᠎ᠠ ᠨᠡᠶᠢᠭᠡᠮ ᠲᠣᠭᠤᠷᠢᠭ ᠤᠨ ᠪᠠᠶᠢᠭᠤᠯᠤᠮᠵᠢ ᠶᠢ ᠬᠠᠷᠢᠯᠴᠠᠨ ᠵᠣᠬᠢᠴᠠᠭᠤᠯᠤᠭᠰᠠᠨ᠂ ᠡᠮᠨᠡᠬᠦ ᠡᠷᠡᠭᠦᠯᠵᠢᠭᠦᠯᠬᠦ ᠰᠤᠪᠢᠯᠠᠬᠤ ᠶᠢ ᠤᠶᠠᠯᠳᠤᠭᠤᠯᠤᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ᠲᠦᠭᠡᠮᠡᠯ ᠬᠠᠷᠠᠭᠠᠯᠵᠠᠯᠠᠯ ᠦᠵᠡᠭᠦᠯᠬᠦ ᠮᠠᠶ᠋ᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠶᠡᠭᠡ ᠪᠠᠷ ᠬᠥᠭᠵᠢᠭᠦᠯᠦᠨ᠎ᠡ᠃ ᠨᠡᠶᠢᠭᠡᠮ ᠲᠣᠭᠤᠷᠢᠭ ᠤᠨ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠲᠣᠣᠷ ᠰᠦᠯᠵᠢᠶ᠎ᠡ ᠶᠢ ᠲᠡᠭᠦᠯᠳᠡᠷᠵᠢᠭᠦᠯᠵᠦ᠂ ᠨᠠᠰᠤᠵᠢᠬᠤ ᠳᠤ ᠲᠣᠬᠢᠷᠠᠬᠤ ᠥᠭᠡᠷᠡᠴᠢᠯᠡᠯᠲᠡ ᠶᠢ ᠠᠬᠢᠭᠤᠯᠤᠨ᠂ ᠲᠤᠰᠬᠠᠢ ᠪᠠᠶᠢᠭᠤᠯᠤᠮᠵᠢ ᠶᠢᠨ ᠦᠢᠯᠡᠴᠢᠯᠡᠭᠡ ᠶᠢ ᠨᠡᠶᠢᠭᠡᠮ ᠲᠣᠭᠤᠷᠢᠭ ᠪᠠ ᠭᠡᠷ ᠪᠦᠯᠢ ᠳᠠᠰᠢ ᠤᠷᠲᠤᠳᠬᠠᠬᠤ ᠶᠢ ᠠᠬᠢᠭᠤᠯᠤᠨ᠎ᠠ᠃ ᠠᠯᠪᠠᠨ ᠠᠴᠠ ᠡᠷᠭᠢᠯᠡᠭᠰᠡᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠪᠤᠷᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠠᠯᠪᠠᠨ ᠎ ᠠᠴᠠ ᠪᠠᠶᠢᠭᠤᠯᠵᠤ ᠠᠷᠠᠳ ᠎ ᠠᠴᠠ ᠡᠵᠡᠩᠨᠡᠬᠦ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠦᠢᠯᠡᠴᠢᠯᠡᠭᠡᠨ ᠤ ᠴᠢᠳᠠᠪᠤᠷᠢ ᠲᠠᠢ ᠪᠠᠨ ᠤᠶᠠᠯᠳᠤᠭᠤᠯᠤᠨ ᠦᠢᠯᠡᠴᠢᠯᠡᠬᠦ ᠡᠲᠡᠭᠡᠳ ᠢᠶᠠᠨ ᠵᠣᠬᠢᠰᠲᠠᠢ ᠥᠷᠭᠡᠳᠬᠡᠵᠦ᠂ ᠠᠵᠤ ᠠᠬᠤᠢ ᠶᠢᠨ ᠬᠦᠴᠢᠷᠳᠡᠯ ᠲᠠᠢ ᠴᠢᠳᠠᠪᠤᠷᠢ ᠪᠠᠨ ᠠᠯᠳᠠᠭᠰᠠᠨ ᠣᠶᠤᠨ ᠤᠬᠠᠭᠠᠨ ᠢᠶᠠᠨ ᠠᠯᠳᠠᠭᠰᠠᠨ᠂ ᠲᠥᠯᠥᠪᠯᠡᠭᠡᠲᠦ ᠦᠷᠡᠵᠢᠯ ᠤᠨ ᠤᠨᠴᠠᠭᠠᠢ ᠭᠡᠷ ᠪᠦᠯᠢ ᠶᠢᠨ ᠨᠠᠰᠤᠲᠠᠶᠢᠴᠤᠳ ᠲᠤ ᠭᠤᠣᠯᠳᠠᠯᠭ᠎ᠠ ᠲᠠᠢ ᠪᠠᠷ ᠨᠠᠶᠢᠳᠠᠨ ᠠᠰᠠᠷᠠᠭᠤᠯᠬᠤ ᠦᠢᠯᠡᠴᠢᠯᠡᠭᠡ ᠬᠠᠩᠭᠠᠨ᠎ᠠ᠃ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠣᠯᠠᠨ ᠡᠰᠢᠵᠢᠭᠰᠡᠨ᠂ ᠳᠥᠭᠦᠮᠴᠢᠯᠡᠭᠰᠡᠨ᠂ ᠥᠪᠡᠷᠮᠢᠴᠡ ᠦᠢᠯᠡᠴᠢᠯᠡᠭᠡ ᠬᠠᠩᠭᠠᠬᠤ ᠶᠢ ᠠᠬᠢᠭᠤᠯᠵᠤ᠂ ᠨᠠᠰᠤᠲᠠᠢ ᠡᠮᠡᠭᠲᠡᠶᠢᠴᠦᠳ ᠤᠨ ᠠᠮᠢᠳᠤᠷᠠᠯ ᠢ ᠬᠠᠷᠠᠭᠠᠯᠵᠠᠬᠤ᠂ ᠪᠠᠴᠢᠮ ᠠᠪᠤᠷᠠᠨ ᠲᠤᠰᠠᠯᠠᠬᠤ᠂ ᠣᠶᠤᠨ ᠰᠠᠨᠠᠭᠠᠨ ᠤ ᠲᠠᠶᠢᠳᠬᠤᠷᠠᠭᠤᠯᠤᠯ ᠵᠡᠷᠭᠡ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠠ ᠡᠮᠨᠡᠯᠭᠡ ᠶᠢᠨ ᠠᠵᠢᠯᠲᠠᠨ ᠤ ᠭᠡᠷ ᠲᠡᠭᠡᠨ ᠰᠠᠭᠤᠵᠤ ᠪᠠᠶᠢᠭ᠎ᠠ ᠨᠡᠶᠢᠭᠡᠮ ᠲᠣᠭᠤᠷᠢᠭ ᠤᠨ ᠪᠠᠶᠢᠭᠤᠯᠤᠮᠵᠢ ᠶᠢᠨ ᠡᠷᠡᠭᠦᠯᠵᠢᠯ ᠨᠠᠰᠤᠵᠢᠯ ᠤᠨ ᠦᠢᠯᠡᠴᠢᠯᠡᠭᠡ ᠳᠤ ᠣᠷᠤᠯᠴᠠᠬᠤ ᠶᠢ ᠠᠬᠢᠭᠤᠯᠤᠨ᠎ᠠ᠃ ᠨᠡᠶᠢᠭᠡᠮ ᠤᠨ ᠬᠦᠴᠦᠨ ᠤ ᠨᠡᠶᠢᠳᠡᠮ ᠬᠠᠷᠠᠭᠠᠯᠵᠠᠬᠤ ᠮᠠᠶ᠋ᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠩᠭᠠᠯᠭ᠎ᠠ ᠶᠢ ᠥᠷᠭᠡᠳᠬᠡᠬᠦ ᠶᠢ ᠳᠡᠮᠵᠢᠵᠦ᠂ ᠬᠥᠷᠰᠢ ᠵᠡᠷᠭᠡᠯᠡᠳᠡᠭᠡ ᠶᠢᠨ ᠬᠤᠭᠤᠷᠣᠨᠳᠣᠬᠢ ᠬᠠᠷᠢᠯᠴᠠᠨ ᠬᠠᠪᠰᠤᠷᠤᠯᠴᠠᠬᠤ ᠴᠢᠨᠠᠷᠲᠠᠢ ᠨᠠᠰᠤᠵᠢᠯ ᠤᠨ ᠠᠰᠠᠷᠠᠮᠵᠢ ᠶᠢ ᠳᠡᠮᠵᠢᠨ᠎ᠡ᠃ ᠨᠠᠰᠤᠵᠢᠯ ᠤᠨ ᠠᠰᠠᠷᠠᠮᠵᠢ ᠶᠢᠨ ᠬᠡᠯᠪᠡᠷᠢ ᠶᠢᠨ ᠴᠢᠳᠠᠪᠤᠷᠢᠲᠠᠨ ᠢ ᠬᠥᠮᠥᠵᠢᠭᠦᠯᠬᠦ ᠡᠷᠴᠢᠮ ᠢ ᠴᠢᠩᠭᠠᠷᠠᠭᠤᠯᠵᠤ᠂ ᠥᠨᠳᠥᠷ ᠬᠡᠪ ᠴᠢᠨᠠᠷ ᠲᠠᠢ᠂ ᠲᠤᠰᠬᠠᠶᠢᠵᠢᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠡᠩᠨᠡᠭᠡ ᠶᠢ ᠪᠠᠶᠢᠭᠤᠯᠤᠨ᠎ᠠ᠃ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ︽ᠣᠶᠤᠨᠲᠤ ᠨᠠᠰᠤᠵᠢᠯ ᠤᠨ ᠠᠰᠠᠷᠠᠮᠵᠢ︾᠎ ᠶᠢᠨ ᠦᠢᠯᠡᠴᠢᠯᠡᠭᠡᠨ ᠤ ᠲᠠᠪᠴᠠᠩ ᠤᠨ ᠪᠦᠲᠦᠭᠡᠨ ᠪᠠᠶᠢᠭᠤᠯᠤᠯᠲᠠ ᠳᠤ ᠲᠦᠰᠢᠭᠯᠡᠨ᠂ ᠲᠣᠭᠤᠷᠢᠭ᠂ ᠪᠠᠯᠭᠠᠰᠤ ᠵᠡᠭᠡᠯᠢ ᠭᠤᠳᠤᠮᠵᠢ᠂ ᠲᠣᠰᠬᠤᠨ ᠨᠡᠶᠢᠭᠡᠮ ᠲᠣᠭᠤᠷᠢᠭ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠭᠰᠡᠨ ᠨᠠᠰᠤᠵᠢᠯ ᠤᠨ ᠦᠢᠯᠡᠴᠢᠯᠡᠭᠡᠨ ᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢ ᠴᠢᠷᠮᠠᠶᠢᠨ ᠪᠠᠶᠢᠭᠤᠯᠵᠤ᠂ ᠦᠢᠯᠡᠴᠢᠯᠡᠭᠡ ᠬᠢᠭᠡᠳ ᠬᠢᠨᠠᠯᠲᠠ ᠬᠠᠮᠢᠶᠠᠷᠤᠯᠲᠠ ᠶᠢ ᠨᠢᠭᠡ ᠴᠣᠭᠴᠠᠵᠢᠭᠤᠯᠤᠭᠰᠠᠨ ᠣᠶᠤᠨᠲᠤ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠣᠶ ᠪᠣᠯᠭᠠᠨ᠎ᠠ᠃      10᠂ ᠣᠯᠠᠨ ᠲᠠᠰ ᠳᠠᠪᠬᠤᠷᠭ᠎ᠠ ᠶᠢᠨ ᠣᠷᠳᠣ ᠬᠤᠭᠤᠴᠠᠭᠠᠨ ᠤ ᠬᠠᠷᠠᠭᠠᠯᠵᠠᠨ ᠠᠰᠠᠷᠠᠬᠤ ᠪᠠᠲᠤᠯᠠᠭ᠎ᠠ ᠶᠢᠨ ᠳᠦᠷᠢᠮ ᠢ ᠪᠠᠶᠢᠭᠤᠯᠤᠨ᠎ᠠ᠃ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠢ ᠰᠦᠪᠡᠭᠴᠢᠯᠡᠨ ᠪᠠᠶᠢᠭᠤᠯᠵᠤ᠂ ᠴᠢᠳᠠᠪᠤᠷᠢ ᠪᠠᠨ ᠠᠯᠳᠠᠭᠰᠠᠨ ᠪᠤᠶᠤ ᠬᠠᠭᠠᠰ ᠠᠯᠳᠠᠭᠰᠠᠨ ᠡᠮᠡᠭᠲᠡᠶᠢᠴᠦᠳ ᠤᠨ ᠣᠷᠳᠣ ᠬᠤᠭᠤᠴᠠᠭᠠᠨ ᠤ ᠰᠤᠪᠢᠯᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠰᠤᠪᠢᠯᠠᠬᠤ ᠬᠡᠯᠪᠡᠷᠢ ᠶᠢᠨ ᠣᠷᠣ ᠶᠢᠨ ᠬᠠᠩᠭᠠᠯᠭ᠎ᠠ ᠶᠢ ᠥᠷᠭᠡᠳᠬᠡᠵᠦ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠤᠪᠢᠯᠠᠬᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠭᠡᠷ ᠪᠦᠯᠢ ᠶᠢᠨ ᠠᠰᠠᠷᠠᠨ ᠬᠠᠷᠠᠭᠠᠯᠵᠠᠭᠰᠠᠳ ᠲᠤ ᠬᠠᠷᠠᠭᠠᠯᠵᠠᠨ ᠠᠰᠠᠷᠠᠬᠤ ᠪᠣᠯᠪᠠᠰᠤᠷᠠᠭᠤᠯᠤᠯ᠂ ᠰᠡᠳᠬᠢᠴᠡ ᠶᠢᠨ ᠵᠢᠯᠣᠭᠤᠳᠤᠯᠭ᠎ᠠ ᠵᠡᠷᠭᠡ ᠳᠡᠮᠵᠢᠯᠭᠡ ᠬᠠᠩᠭᠠᠨ᠎ᠠ᠃ ᠣᠨᠴᠠᠭᠠᠶ ᠬᠦᠴᠢᠷᠳᠡᠯ ᠳᠤ ᠲᠤᠯᠭᠠᠷᠠᠭᠰᠠᠨ ᠴᠢᠳᠠᠪᠤᠷᠢ ᠪᠠᠨ ᠠᠯᠳᠠᠭᠰᠠᠨ ᠨᠠᠰᠤᠲᠠᠶᠢᠴᠤᠳ ᠢ ᠡᠷᠬᠢᠨ ᠦᠵᠡᠵᠦ ᠬᠠᠯᠠᠮᠵᠢᠯᠠᠨ ᠬᠠᠶᠢᠷᠠᠯᠠᠬᠤ ᠳᠦᠷᠢᠮ ᠢ ᠲᠡᠭᠦᠯᠳᠡᠷᠵᠢᠭᠦᠯᠵᠦ᠂ ᠨᠠᠰᠤᠲᠠᠶᠢᠴᠤᠳ ᠲᠤ ᠦᠢᠯᠡᠴᠢᠯᠡᠬᠦ ᠨᠡᠶᠢᠭᠡᠮ ᠤᠨ ᠠᠵᠢᠯᠲᠠᠨ᠂ ᠰᠠᠶᠢᠨ ᠳᠤᠷ᠎ᠠ ᠶᠢᠨ ᠠᠵᠢᠯᠯᠠᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠲᠦᠷᠭᠡᠳᠬᠡᠨ᠎ᠡ᠃      11᠂ ᠡᠮᠡᠭᠲᠡᠶᠢᠴᠦᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠭᠡᠷ ᠢᠶᠠᠨ ᠰᠠᠬᠢᠵᠤ ᠬᠤᠴᠣᠷᠤᠭᠰᠠᠨ ᠡᠮᠡᠭᠲᠡᠶᠢᠴᠦᠳ ᠢ ᠬᠠᠯᠠᠮᠵᠢᠯᠠᠬᠤ ᠠᠵᠢᠯᠯᠠᠭ᠎ᠠ ᠶᠢ ᠦᠷᠨᠢᠭᠦᠯᠦᠨ᠎ᠡ᠃ ᠬᠥᠳᠡᠭᠡ ᠲᠣᠰᠬᠤᠨ ᠤ ᠭᠡᠷ ᠢᠶᠠᠨ ᠰᠠᠬᠢᠵᠤ ᠬᠤᠴᠣᠷᠤᠭᠰᠠᠨ ᠡᠮᠡᠭᠲᠡᠶᠢᠴᠦᠳ ᠤᠨ ᠮᠡᠳᠡᠭᠡ ᠵᠠᠩᠭᠢ ᠶᠢᠨ ᠡᠬᠡ ᠲᠠᠩᠰᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠥᠷᠥᠯ ᠬᠤᠪᠢᠶᠠᠨ ᠬᠠᠮᠢᠶᠠᠷᠬᠤ ᠪᠠ ᠦᠢᠯᠡᠴᠢᠯᠡᠬᠦ ᠶᠢ ᠴᠢᠩᠭᠠᠳᠬᠠᠨ᠎ᠠ᠃ ᠬᠥᠳᠡᠭᠡ ᠲᠣᠰᠬᠤᠨ ᠤ ᠭᠡᠷ ᠢᠶᠠᠨ ᠰᠠᠬᠢᠵᠤ ᠬᠤᠴᠣᠷᠤᠭᠰᠠᠨ ᠡᠮᠡᠭᠲᠡᠶᠢᠴᠦᠳ ᠤᠨ ᠠᠳᠠᠯ ᠦᠢᠯᠡᠰ ᠴᠣᠭᠴᠠᠯᠠᠬᠤ ᠬᠥᠭᠵᠢᠯᠲᠡ ᠳᠤ ᠢᠳᠡᠪᠬᠢᠲᠡᠢ ᠪᠠᠷ ᠲᠠᠪᠴᠠᠩ ᠪᠠᠶᠢᠭᠤᠯᠤᠨ᠂ ᠦᠢᠯᠡᠴᠢᠯᠡᠭᠡ ᠬᠠᠩᠭᠠᠨ᠎ᠠ᠃ ᠭᠡᠷ ᠲᠡᠭᠡᠨ ᠬᠤᠴᠣᠷᠤᠭᠰᠠᠨ ᠡᠮᠡᠭᠲᠡᠶᠢᠴᠦᠳ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠭᠡᠷ ᠪᠦᠯᠢ ᠶᠢᠨ ᠪᠣᠯᠪᠠᠰᠤᠨ ᠤ ᠪᠠᠶᠢᠭᠤᠯᠤᠯᠲᠠ ᠳᠤ ᠢᠳᠡᠪᠬᠢᠲᠡᠢ ᠣᠷᠤᠯᠴᠠᠬᠤ ᠶᠢ ᠳᠡᠮᠵᠢᠵᠦ᠂ ᠬᠥᠳᠡᠭᠡ ᠲᠣᠰᠬᠤᠨ ᠢ ᠵᠠᠰᠠᠬᠤ᠂ ᠬᠥᠷᠰᠢ ᠵᠡᠷᠭᠡᠯᠡᠳᠡᠭᠡ ᠪᠠᠷ ᠢᠶᠠᠨ ᠬᠠᠷᠢᠯᠴᠠᠨ ᠬᠠᠪᠰᠤᠷᠤᠯᠴᠠᠬᠤ᠂ ᠭᠡᠷ ᠲᠡᠭᠡᠨ ᠬᠤᠴᠣᠷᠤᠭᠰᠠᠨ ᠨᠠᠰᠤᠲᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠳᠤ ᠢᠳᠡᠪᠬᠢᠲᠡᠢ ᠦᠢᠯᠡᠳᠦᠯ ᠢᠶᠠᠨ ᠪᠠᠳᠠᠷᠠᠭᠤᠯᠤᠨ᠎ᠠ᠃ ᠬᠥᠳᠡᠭᠡ ᠲᠣᠰᠬᠤᠨ ᠤ ᠭᠡᠷ ᠢᠶᠠᠨ ᠰᠠᠬᠢᠵᠤ ᠬᠤᠴᠣᠷᠤᠭᠰᠠᠨ ᠬᠦᠴᠢᠷᠳᠡᠯ ᠲᠠᠢ᠂ ᠬᠡᠷᠡᠭᠴᠡᠭᠡ ᠱᠠᠭᠠᠷᠳᠠᠯᠭ᠎ᠠ ᠲᠠᠢ ᠡᠮᠡᠭᠲᠡᠶᠢᠴᠦᠳ ᠲᠤ ᠡᠷᠬᠡ ᠠᠰᠢᠭ ᠢ ᠬᠠᠮᠠᠭᠠᠯᠠᠬᠤ᠂ ᠦᠢᠯᠡᠳᠪᠦᠷᠢᠯᠡᠯ ᠢᠶᠠᠷ ᠬᠠᠪᠰᠤᠷᠤᠨ ᠲᠡᠳᠬᠦᠬᠦ᠂ ᠬᠥᠮᠥᠨ ᠤ ᠪᠡᠶ᠎ᠡ ᠶᠢᠨ ᠠᠮᠤᠷ ᠲᠦᠪᠰᠢᠨ᠂ ᠣᠶᠤᠨ ᠰᠠᠨᠠᠭᠠᠨ ᠤ ᠲᠠᠶᠢᠳᠬᠤᠷᠠᠭᠤᠯᠤᠯ᠂ ᠭᠡᠷ ᠪᠦᠯᠢ ᠶᠢᠨ ᠬᠥᠮᠦᠵᠢᠯ ᠤᠨ ᠳᠡᠮᠵᠢᠯᠭᠡ ᠵᠡᠷᠭᠡ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠬᠠᠩᠭᠠᠨ᠎ᠠ᠃      ︵ᠵᠢᠷᠭᠤᠭ᠎ᠠ︶ ᠡᠮᠡᠭᠲᠡᠶᠢᠴᠦᠳ ᠬᠢᠭᠡᠳ ᠭᠡᠷ ᠪᠦᠯᠢ ᠶᠢᠨ ᠪᠦᠲᠦᠭᠡᠨ ᠪᠠᠶᠢᠭᠤᠯᠤᠯᠲᠠ      ᠭᠤᠣᠯ ᠬᠠᠷᠠᠯᠲᠠ᠄      1᠂ ᠰᠢᠨ᠎ᠡ ᠴᠠᠭ ᠦᠶ᠎ᠡ ᠶᠢᠨ ᠭᠡᠷ ᠪᠦᠯᠢ ᠶᠢᠨ ᠦᠵᠡᠯᠲᠡ ᠶᠢ ᠪᠣᠶ ᠪᠣᠯᠭᠠᠵᠤ᠂ ᠤᠯᠤᠰ ᠢᠶᠠᠨ ᠬᠠᠶᠢᠷᠠᠯᠠᠵᠤ ᠭᠡᠷ ᠢᠶᠠᠨ ᠬᠠᠶᠢᠷᠠᠯᠠᠬᠤ᠂ ᠬᠠᠷᠢᠯᠴᠠᠨ ᠬᠠᠶᠢᠷᠠᠯᠠᠬᠤ᠂ ᠥᠭᠡᠳᠡᠯᠡᠨ ᠳᠠᠪᠰᠢᠬᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠨᠡᠶᠢᠭᠡᠮ ᠵᠢᠷᠤᠮ ᠤᠨ ᠭᠡᠷ ᠪᠦᠯᠢ ᠶᠢᠨ ᠪᠣᠯᠪᠠᠰᠤᠨ ᠤ ᠰᠢᠨ᠎ᠡ ᠬᠡᠪ ᠰᠤᠷᠲᠠᠯ ᠢ ᠪᠠᠳᠠᠷᠠᠭᠤᠯᠵᠤ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢᠨ ᠭᠡᠷ ᠪᠦᠯᠢ ᠳᠤ ᠦᠨᠳᠦᠰᠦ ᠬᠠᠳᠬᠤᠬᠤ ᠶᠢ ᠠᠬᠢᠭᠤᠯᠤᠨ᠎ᠠ᠃      2᠂ ᠡᠮᠡᠭᠲᠡᠶᠢᠴᠦᠳ ᠤᠨ ᠭᠡᠷ ᠪᠦᠯᠢ ᠶᠢᠨ ᠠᠮᠢᠳᠤᠷᠠᠯ ᠳᠠᠬᠢ ᠥᠪᠡᠷᠮᠢᠴᠡ ᠦᠢᠯᠡᠳᠦᠯ ᠢ ᠭᠦᠢᠴᠡᠳ ᠪᠠᠳᠠᠷᠠᠭᠤᠯᠵᠤ᠂ ᠡᠮᠡᠭᠲᠡᠶᠢᠴᠦᠳ ᠤᠨ ᠵᠣᠯ ᠵᠢᠷᠭᠠᠯᠲᠤ ᠠᠮᠤᠷ ᠠᠮᠤᠭᠤᠯᠠᠩ ᠭᠡᠷ ᠪᠦᠯᠢ ᠶᠢᠨ ᠪᠦᠲᠦᠭᠡᠨ ᠪᠠᠶᠢᠭᠤᠯᠤᠭᠴᠢ᠂ ᠰᠠᠨᠠᠭᠠᠴᠢᠯᠠᠭᠴᠢ ᠪᠣᠯᠬᠤ ᠶᠢ ᠳᠡᠮᠵᠢᠨ᠎ᠡ᠃ ᠭᠡᠷ ᠪᠦᠯᠢ ᠶᠢᠨ ᠬᠥᠮᠦᠵᠢᠯ ᠭᠡᠷ ᠤᠨ ᠰᠤᠷᠲᠠᠯ ᠤᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠴᠢᠬᠤᠯᠠ ᠦᠢᠯᠡᠳᠦᠯ ᠪᠠᠳᠠᠷᠠᠭᠤᠯᠬᠤ ᠶᠢ ᠲᠦᠯᠬᠢᠨ ᠠᠬᠢᠭᠤᠯᠤᠨ᠎ᠠ᠃      3᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠪᠠ ᠡᠮᠡᠭᠲᠡᠶᠢᠴᠦᠳ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠭᠡᠷ ᠪᠦᠯᠢ ᠶᠢᠨ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠬᠡᠷᠡᠭᠵᠢᠭᠦᠯᠬᠦ ᠶᠢ ᠠᠬᠢᠭᠤᠯᠵᠤ᠂ ᠭᠡᠷ ᠪᠦᠯᠢ ᠶᠢᠨ ᠴᠢᠳᠠᠮᠵᠢ ᠶᠢ ᠨᠡᠮᠡᠭᠳᠡᠭᠦᠯᠦᠨ᠂ ᠭᠡᠷ ᠪᠦᠯᠢ ᠶᠢᠨ ᠬᠥᠭᠵᠢᠯᠲᠡ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃      4᠂ ᠭᠡᠷ ᠪᠦᠯᠢ ᠶᠢᠨ ᠬᠦᠷᠢᠶᠡᠨ ᠳᠤ ᠢᠯᠡᠷᠡᠭᠰᠡᠨ ᠰᠢᠨ᠎ᠡ ᠪᠠᠶᠢᠳᠠᠯ᠂ ᠰᠢᠨ᠎ᠡ ᠠᠰᠠᠭᠤᠳᠠᠯ ᠢ ᠰᠤᠳᠤᠯᠬᠤ ᠶᠢ ᠵᠣᠷᠢᠭᠵᠢᠭᠤᠯᠤᠨ᠎ᠠ᠃      5᠂ ᠭᠡᠷ ᠪᠦᠯᠢ ᠬᠢᠭᠡᠳ ᠡᠮᠡᠭᠲᠡᠶᠢᠴᠦᠳ ᠤᠨ ᠪᠥᠬᠦ ᠲᠠᠯ᠎ᠠ ᠪᠠᠷ ᠬᠥᠭᠵᠢᠬᠦ ᠶᠢ ᠳᠡᠮᠵᠢᠬᠦ ᠣᠯᠠᠨ ᠨᠡᠶᠢᠲᠡ ᠶᠢᠨ ᠦᠢᠯᠡᠴᠢᠯᠡᠭᠡᠨ ᠢ ᠥᠷᠭᠡᠳᠬᠡᠨ᠎ᠡ᠃      6᠂ ᠡᠷᠡᠭᠲᠡᠢ ᠡᠮᠡᠭᠲᠡᠢ ᠡᠷᠬᠡ ᠲᠡᠭᠰᠢ᠂ ᠡᠶ᠎ᠡ ᠨᠠᠶᠢᠷᠲᠠᠢ᠂ ᠪᠣᠯᠪᠠᠰᠤᠨ ᠣᠷᠤᠭ ᠭᠡᠷ ᠪᠦᠯᠢ ᠶᠢᠨ ᠬᠠᠷᠢᠴᠠᠭ᠎ᠠ ᠶᠢ ᠪᠠᠶᠢᠭᠤᠯᠬᠤ ᠶᠢ ᠰᠠᠨᠠᠭᠠᠴᠢᠯᠠᠵᠤ᠂ ᠰᠠᠶᠢᠨ ᠰᠠᠶᠢᠬᠠᠨ ᠭᠡᠷ ᠪᠦᠯᠢ ᠶᠢᠨ ᠣᠷᠴᠢᠨ ᠲᠣᠭᠤᠷᠢᠨ ᠢ ᠪᠣᠶ ᠪᠣᠯᠭᠠᠨ᠎ᠠ᠃      7᠂ ᠡᠷᠡᠭᠲᠡᠢ ᠡᠮᠡᠭᠲᠡᠢ ᠭᠡᠷ ᠤᠨ ᠠᠵᠢᠯ ᠢ ᠬᠠᠮᠲᠤ ᠪᠠᠷ ᠡᠭᠦᠷᠭᠡᠯᠡᠬᠦ᠂ ᠨᠠᠰᠤᠲᠠᠨ ᠢᠶᠠᠨ ᠠᠴᠢᠯᠠᠨ ᠲᠡᠵᠢᠭᠡᠬᠦ᠂ ᠦᠷ᠎ᠡ ᠬᠡᠦᠬᠡᠳ ᠢᠶᠠᠨ ᠥᠰᠬᠡᠨ ᠪᠣᠶᠢᠵᠢᠭᠤᠯᠬᠤ ᠵᠡᠷᠭᠡ ᠭᠡᠷ ᠪᠦᠯᠢ ᠶᠢᠨ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠬᠦ ᠶᠢ ᠰᠠᠨᠠᠭᠠᠴᠢᠯᠠᠨ ᠲᠡᠮᠵᠢᠨ᠎ᠠ᠃      8᠂ ᠭᠡᠷ ᠪᠦᠯᠢ ᠶᠢᠨ ᠬᠥᠮᠦᠵᠢᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠴᠢᠭᠡ ᠡᠬᠡ ᠪᠣᠯᠣᠭᠰᠠᠳ ᠬᠠᠮᠲᠤᠪᠠᠷ ᠡᠭᠦᠷᠭᠡᠯᠡᠬᠦ ᠦᠵᠡᠯ ᠤᠬᠠᠮᠰᠠᠷ ᠪᠠ ᠴᠢᠳᠠᠪᠤᠷᠢ ᠶᠢ ᠨᠡᠮᠡᠭᠳᠡᠭᠦᠯᠦᠨ᠎ᠡ᠃      9᠂ ᠤᠷᠤᠬ ᠭᠡᠷ ᠪᠦᠯᠢ ᠶᠢᠨ ᠵᠢᠭᠤᠷᠠᠯᠳᠤᠭᠠᠨ ᠢ ᠰᠡᠷᠭᠡᠶᠢᠯᠡᠨ ᠠᠷᠢᠯᠭᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠬᠤᠳᠠ ᠶᠢᠨ ᠱᠠᠲᠤᠨ ᠤ ᠱᠠᠭᠠᠷᠳᠠᠯᠭ᠎ᠠ ᠶᠣᠰᠣᠭᠠᠷ ᠤᠷᠤᠬ ᠭᠡᠷ ᠪᠦᠯᠢ ᠶᠢᠨ ᠵᠢᠭᠤᠷᠠᠯᠳᠤᠭᠠᠨ ᠢ ᠠᠷᠠᠳ ᠤᠨ ᠡᠶᠡᠳᠡᠭᠦᠯᠬᠦ ᠺᠣᠮᠢᠰ ᠢ ᠪᠠᠶᠢᠭᠤᠯᠵᠤ᠂ ᠭᠡᠷ ᠪᠦᠯᠢ ᠶᠢᠨ ᠬᠦᠴᠦᠷᠬᠡᠭᠯᠡᠯ ᠢ ᠰᠡᠷᠭᠡᠶᠢᠯᠡᠨ ᠬᠤᠷᠢᠭᠯᠠᠨ᠎ᠠ᠃      ᠠᠷᠭ᠎ᠠ ᠪᠣᠳᠣᠯᠭ᠎ᠠ ᠠᠷᠭ᠎ᠠ ᠬᠡᠮᠵᠢᠶ᠎ᠡ᠄      1᠂ ᠭᠡᠷ ᠪᠦᠯᠢ ᠶᠢᠨ ᠪᠦᠷᠢᠯᠳᠦᠭᠦᠨ ᠤ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠦᠢᠯᠡᠳᠦᠯᠭᠡᠵᠢᠭᠦᠯᠬᠦ ᠶᠢ ᠠᠬᠢᠭᠤᠯᠤᠨ᠎ᠠ᠃ ᠰᠤᠷᠭᠠᠨ ᠬᠥᠮᠥᠵᠢᠭᠦᠯᠵᠦ ᠬᠥᠲᠥᠯᠥᠨ ᠵᠢᠯᠤᠭᠤᠳᠬᠤ᠂ ᠶᠠᠷᠢᠶ᠎ᠠ ᠬᠡᠯᠡᠯᠴᠡᠭᠡᠨ ᠤ ᠤᠬᠠᠭᠤᠯᠭ᠎ᠠ᠂ ᠰᠣᠶᠣᠯ ᠤᠨ ᠬᠥᠮᠦᠵᠢᠯ᠂ ᠦᠢᠯᠡᠳᠦᠯᠭᠡ ᠶᠢᠨ ᠪᠣᠯᠪᠠᠰᠤᠷᠠᠯ ᠢ ᠴᠢᠩᠭᠠᠳᠬᠠᠵᠤ᠂ ᠨᠠᠰᠤᠲᠠᠨ ᠢᠶᠠᠨ ᠬᠦᠨᠳᠦᠯᠡᠵᠦ ᠨᠢᠯᠬᠠᠰ ᠢᠶᠠᠨ ᠬᠠᠶᠢᠷᠠᠯᠠᠬᠤ᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ᠂ ᠡᠷ᠎ᠡ ᠡᠮ᠎ᠡ ᠬᠤᠶᠠᠭᠤᠯᠠ ᠡᠶ᠎ᠡ ᠨᠠᠶᠢᠷᠲᠠᠢ ᠪᠠᠶᠢᠬᠤ᠂ ᠠᠵᠢᠯᠴᠢ ᠠᠷᠪᠢᠴᠢ ᠪᠠᠷ ᠠᠵᠤ ᠲᠦᠷᠦᠭᠦ᠂ ᠬᠥᠷᠰᠢ ᠵᠡᠷᠭᠡᠯᠡᠳᠡᠭᠡ ᠪᠠᠷ ᠢᠶᠠᠨ ᠪᠦᠯᠬᠦᠮᠳᠡᠬᠦ ᠵᠡᠷᠭᠡ ᠭᠡᠷ ᠪᠦᠯᠢ ᠶᠢᠨ ᠰᠠᠶᠢᠬᠠᠨ ᠰᠤᠷᠲᠠᠯ ᠢ ᠤᠬᠠᠭᠤᠯᠵᠤ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠭᠡᠷ ᠤᠨ ᠰᠤᠷᠲᠠᠯ᠂ ᠬᠤᠪᠢᠰᠬᠠᠯᠴᠢᠳ ᠤᠨ ᠬᠤᠪᠢᠰᠬᠠᠯᠲᠤ ᠭᠡᠷ ᠤᠨ ᠰᠤᠷᠲᠠᠯ ᠢ ᠪᠠᠳᠠᠷᠠᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠦᠢᠯᠡᠳᠦᠯᠭᠡᠵᠢᠭᠦᠯᠬᠦ ᠣᠲᠣ ᠦᠶ᠎ᠡ ᠶᠢᠨ ᠭᠡᠷ ᠤᠨ ᠰᠤᠷᠲᠠᠯ ᠢ ᠪᠠᠳᠠᠷᠠᠭᠤᠯᠤᠨ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠭᠡᠷ ᠪᠦᠯᠢ ᠶᠢᠨ ᠬᠥᠭᠡᠭᠡᠴᠡᠯᠳᠦᠯ ᠢ ᠪᠡᠶᠡᠯᠡᠭᠦᠯᠵᠦ᠂ ᠡᠮᠡᠭᠲᠡᠶᠢᠴᠦᠳ ᠪᠠ ᠭᠡᠷ ᠪᠦᠯᠢ ᠶᠢᠨ ᠪᠦᠷᠢᠯᠳᠦᠭᠦᠨ ᠤ ᠤᠬᠠᠮᠰᠠᠷ ᠎ ᠠᠴᠠ ᠪᠠᠨ ᠠᠮᠢᠳᠤᠷᠠᠬᠤᠢ ᠶᠢᠨ ᠬᠦᠰᠡᠯ᠂ ᠭᠡᠷ ᠪᠦᠯᠢ ᠶᠢᠨ ᠵᠣᠯ ᠵᠢᠷᠭᠠᠯ ᠢᠶᠠᠨ ᠤᠯᠤᠰ ᠣᠷᠣᠨ ᠤ ᠪᠠᠶᠠᠨ ᠬᠦᠴᠦᠷᠬᠡᠭ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠲᠤ ᠠᠭᠤᠰᠬᠠᠵᠤ᠂ ᠰᠢᠨ᠎ᠡ ᠴᠠᠭ ᠦᠶ᠎ᠡ ᠶᠢᠨ ᠬᠦᠰᠡᠯ ᠵᠡᠭᠦᠳᠦ ᠶᠢᠨ ᠬᠥᠭᠡᠭᠡᠴᠡᠯᠳᠦᠭᠴᠢ ᠪᠣᠯᠬᠤ ᠶᠢ ᠬᠥᠲᠥᠯᠥᠨ ᠵᠢᠯᠣᠭᠤᠳᠤᠨ᠎ᠠ᠃      2᠂ ᠭᠡᠷ ᠪᠦᠯᠢ ᠭᠡᠷ ᠤᠨ ᠰᠤᠷᠭᠠᠯ ᠭᠡᠷ ᠤᠨ ᠰᠤᠷᠲᠠᠯ ᠤᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠴᠢᠬᠤᠯᠠ ᠦᠢᠯᠡᠳᠦᠯ ᠪᠠᠳᠠᠷᠠᠭᠤᠯᠬᠤ ᠶᠢ ᠠᠬᠢᠭᠤᠯᠤᠨ᠎ᠠ᠃ ᠨᠠᠮ ᠤᠨ ᠬᠤᠷᠢᠶ᠎ᠠ ᠤᠳᠤᠷᠢᠳᠤᠭᠰᠠᠨ᠂ ᠵᠠᠰᠠᠭ ᠤᠨ ᠣᠷᠳᠣᠨ ᠭᠤᠣᠯᠯᠠᠨ ᠤᠳᠤᠷᠢᠳᠤᠭᠰᠠᠨ᠂ ᠰᠠᠯᠠᠭ᠎ᠠ ᠮᠥᠴᠢᠷ ᠬᠠᠮᠲᠤᠷᠠᠨ ᠠᠵᠢᠯᠯᠠᠭᠰᠠᠨ᠂ ᠭᠡᠷ ᠪᠦᠯᠢ ᠪᠠᠷ ᠢᠶᠠᠨ ᠬᠠᠷᠢᠭᠤᠴᠠᠯᠭ᠎ᠠ ᠪᠠᠨ ᠭᠦᠢᠴᠡᠳᠬᠡᠭᠰᠡᠨ᠂ ᠨᠡᠶᠢᠭᠡᠮ ᠢᠶᠠᠷ ᠢᠶᠠᠨ ᠣᠷᠣᠯᠴᠠᠭᠰᠠᠨ ᠭᠡᠷ ᠪᠦᠯᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠪᠠᠶᠢᠷᠢᠰᠢᠯ ᠢ ᠪᠠᠶᠢᠭᠤᠯᠤᠨ᠎ᠠ᠃ ᠭᠡᠷ ᠪᠦᠯᠢ ᠶᠢᠨ ᠰᠠᠶᠢᠨ ᠰᠠᠶᠢᠬᠠᠨ ᠭᠡᠷ ᠤᠨ ᠰᠤᠷᠲᠠᠯ ᠢ ᠤᠬᠠᠭᠤᠯᠤᠨ ᠲᠠᠶᠢᠯᠪᠤᠷᠢᠯᠠᠬᠤ᠂ ᠲᠣᠭᠤᠷᠢᠨ ᠲᠠᠶᠢᠯᠪᠤᠷᠢᠯᠠᠬᠤ ᠵᠡᠷᠭᠡ ᠠᠵᠢᠯᠯᠠᠭ᠎ᠠ ᠶᠢ ᠪᠠᠶᠢᠩᠭᠤᠵᠢᠭᠤᠯᠤᠨ ᠰᠠᠶᠢᠲᠤᠷ ᠥᠷᠨᠢᠭᠦᠯᠵᠦ᠂ ᠭᠡᠷ ᠤᠨ ᠰᠤᠷᠲᠠᠯ ᠭᠡᠷ ᠤᠨ ᠰᠤᠷᠭᠠᠯ ᠤᠨ ᠭᠤᠣᠯ ᠰᠡᠳᠦᠪᠲᠦ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠥᠷᠭᠡᠳᠬᠡᠨ᠎ᠡ᠃ ᠭᠡᠷ ᠪᠦᠯᠢ ᠶᠢ ᠰᠠᠶᠢᠲᠤᠷ ᠪᠦᠲᠦᠭᠡᠨ ᠪᠠᠶᠢᠭᠤᠯᠬᠤ᠂ ᠭᠡᠷ ᠤᠨ ᠰᠤᠷᠭᠠᠯ ᠢ ᠰᠠᠶᠢᠲᠤᠷ ᠬᠡᠷᠡᠭᠵᠢᠭᠦᠯᠬᠦ᠂ ᠭᠡᠷ ᠤᠨ ᠰᠤᠷᠲᠠᠯ ᠢ ᠰᠠᠶᠢᠲᠤᠷ ᠪᠠᠳᠠᠷᠠᠭᠤᠯᠬᠤ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦᠯᠢ ᠴᠣᠭᠴᠠ ᠶᠢᠨ ᠪᠠᠶᠢᠷᠢᠯᠠᠭᠤᠯᠤᠯᠲᠠ ᠪᠠ ᠲᠤᠰᠬᠠᠢ ᠲᠥᠯᠦᠪᠵᠢᠭᠦᠯᠭᠡ ᠳᠤ ᠣᠷᠣᠭᠤᠯᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠰᠲ᠋ᠧᠮᠵᠢ ᠵᠢᠴᠢ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠦᠨᠡᠯᠡᠨ ᠰᠢᠯᠭᠠᠬᠤ ᠠᠭᠤᠯᠭ᠎ᠠ ᠳᠤ ᠣᠷᠣᠭᠤᠯᠬᠤ ᠶᠢ ᠲᠦᠯᠬᠢᠨ ᠠᠬᠢᠭᠤᠯᠤᠨ᠎ᠠ᠃ ᠭᠡᠷ ᠪᠦᠯᠢ ᠶᠢᠨ ᠪᠦᠷᠢᠯᠳᠦᠭᠦᠨ ᠤ ᠭᠡᠷ ᠪᠦᠯᠢ ᠪᠠ ᠨᠡᠶᠢᠭᠡᠮ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠵᠣᠷᠢᠭᠵᠢᠭᠤᠯᠤᠨ᠎ᠠ᠃ ᠵᠠᠰᠠᠭ ᠤᠨ ᠣᠷᠳᠣᠨ ᠤ ᠵᠠᠰᠠᠯᠲᠠ ᠪᠠ ᠨᠡᠶᠢᠭᠡᠮ ᠤᠨ ᠵᠣᠬᠢᠴᠠᠭᠤᠯᠭ᠎ᠠ᠂ ᠰᠠᠭᠤᠭᠠᠯᠢ ᠠᠷᠠᠳ ᠤᠨ ᠥᠪᠡᠷᠲᠡᠭᠡᠨ ᠵᠠᠰᠠᠬᠤ ᠰᠠᠶᠢᠨ ᠨᠥᠬᠦᠴᠡᠯᠳᠦᠯ ᠢ ᠴᠢᠩᠭᠠᠳᠬᠠᠵᠤ᠂ ᠰᠠᠶᠢᠨ ᠰᠠᠶᠢᠬᠠᠨ ᠭᠡᠷ ᠤᠨ ᠰᠤᠷᠲᠠᠯ ᠢᠶᠠᠷ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠲᠤᠯᠭᠠᠭᠤᠷᠢᠯᠠᠨ᠎ᠠ᠃ ᠡᠮᠡᠭᠲᠡᠶᠢᠴᠦᠳ ᠤᠨ ᠭᠡᠷ ᠪᠦᠯᠢ ᠶᠢᠨ ᠤᠶᠤᠨ ᠤ ᠪᠣᠯᠪᠠᠰᠤᠨ ᠤ ᠪᠠᠶᠢᠭᠤᠯᠤᠯᠲᠠ ᠳᠤ ᠣᠷᠤᠯᠴᠠᠬᠤ ᠶᠢ ᠵᠣᠷᠢᠭᠵᠢᠭᠤᠯᠤᠨ ᠲᠡᠮᠵᠢᠵᠤ᠂ ᠳᠤᠮᠳᠠᠳᠤ ᠶᠢᠨ ᠦᠨᠳᠦᠰᠦᠲᠡᠨ ᠤ ᠭᠡᠷ ᠪᠦᠯᠢ ᠶᠢᠨ ᠰᠠᠶᠢᠨ ᠰᠠᠶᠢᠬᠠᠨ ᠵᠠᠩ ᠰᠤᠷᠲᠠᠯ ᠢ ᠪᠠᠳᠠᠷᠠᠭᠤᠯᠵᠤ᠂ ᠰᠠᠶᠢᠨ ᠰᠠᠶᠢᠬᠠᠨ ᠭᠡᠷ ᠤᠨ ᠰᠤᠷᠲᠠᠯ ᠢ ᠪᠤᠢ ᠪᠣᠯᠭᠠᠨ᠎ᠠ᠃ ︽ᠭᠡᠷ ᠪᠣᠯᠭᠠᠨ ᠵᠣᠯ ᠵᠢᠷᠭᠠᠯ ᠲᠠᠢ ᠠᠮᠤᠷ ᠠᠮᠤᠭᠤᠯᠠᠩ ᠪᠠᠶᠢᠬᠤ ᠢᠨᠵᠧᠨᠧᠷᠢᠩ︾᠎ ᠢ ᠭᠦᠨᠵᠡᠭᠡᠶᠢᠷᠡᠭᠦᠯᠦᠨ ᠬᠡᠷᠡᠭᠵᠢᠭᠦᠯᠵᠦ᠂ ᠡᠮᠡᠭᠲᠡᠶᠢᠴᠦᠳ ᠤᠨ ᠭᠡᠷ ᠪᠦᠯᠢ ᠶᠢᠨ ᠪᠦᠷᠢᠯᠳᠦᠭᠦᠨ ᠢᠶᠠᠨ ᠳᠠᠭᠠᠭᠤᠯᠤᠨ ᠲᠠᠪᠤᠨ ᠰᠠᠶᠢᠨᠲᠠᠢ ᠭᠡᠷ ᠪᠦᠯᠢ᠂ ᠪᠣᠯᠪᠠᠰᠤᠨ ᠭᠡᠷ ᠪᠦᠯᠢ᠂ ᠬᠠᠮᠤᠭ ᠤᠨ ᠭᠤᠶᠣ ᠭᠡᠷ ᠪᠦᠯᠢ ᠵᠡᠷᠭᠡ ᠣᠯᠠᠨ ᠲᠦᠮᠡᠨᠴᠢ ᠴᠢᠨᠠᠷᠲᠠᠢ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯᠯᠠᠭ᠎ᠠ ᠳᠤ ᠢᠳᠡᠪᠬᠢᠲᠡᠢ ᠣᠷᠤᠯᠴᠠᠬᠤ ᠶᠢ ᠵᠣᠷᠢᠭᠵᠢᠭᠤᠯᠤᠨ᠂ ᠪᠣᠬᠢᠷᠳᠤᠯ ᠦᠭᠡᠢ ᠭᠡᠷ ᠪᠦᠯᠢ ᠶᠢ ᠡᠭᠦᠳᠦᠨ ᠪᠠᠶᠢᠭᠤᠯᠬᠤ ᠳᠤ ᠣᠷᠣᠯᠴᠠᠭᠤᠯᠵᠤ᠂ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠂ ᠪᠣᠬᠢᠷᠳᠤᠯ ᠦᠭᠡᠢ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠡᠷᠭᠢᠯᠲᠡᠲᠦ᠂ ᠦᠷᠭᠦᠯᠵᠢᠯᠡᠬᠦ ᠠᠮᠢᠳᠤᠷᠠᠯ ᠤᠨ ᠠᠷᠭ᠎ᠠ ᠮᠠᠶ᠋ᠢᠭ ᠢ ᠦᠢᠯᠡᠳᠦᠯᠭᠡᠵᠢᠭᠦᠯᠵᠦ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠰᠠᠶᠢᠨ ᠳᠠᠳᠬᠠᠯ ᠢ ᠪᠣᠶ ᠪᠣᠯᠭᠠᠵᠤ᠂ ᠪᠦᠷᠢᠯᠭᠡᠨ ᠰᠦᠢᠳᠬᠡᠬᠦ ᠶᠢ ᠡᠷᠡᠰ ᠬᠤᠷᠢᠭᠯᠠᠨ᠎ᠠ᠃ ᠠᠮᠤᠷ ᠠᠮᠤᠭᠤᠯᠠᠩ ᠭᠡᠷ ᠪᠦᠯᠢ᠂ ᠲᠠᠮᠠᠬᠢ ᠲᠠᠲᠠᠬᠤ ᠦᠭᠡᠢ ᠭᠡᠷ ᠪᠦᠯᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃      3᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠪᠠ ᠡᠮᠡᠭᠲᠡᠶᠢᠴᠦᠳ ᠤᠨ ᠪᠥᠬᠦ ᠲᠠᠯ᠎ᠠ ᠪᠠᠷ ᠬᠥᠭᠵᠢᠬᠦ ᠶᠢ ᠠᠬᠢᠭᠤᠯᠬᠤ ᠭᠡᠷ ᠪᠦᠯᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ᠃ ᠬᠥᠮᠥᠨ ᠠᠮᠠ ᠶᠢᠨ ᠦᠷᠡᠵᠢᠯ ᠤᠨ ᠬᠠᠮᠢᠶ᠎ᠠ ᠪᠦᠬᠦᠢ ᠣᠷᠣᠨ ᠨᠤᠲᠤᠭ ᠤᠨ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠦᠷᠡᠵᠢᠯ ᠤᠨ ᠲᠥᠷᠥ ᠶᠢᠨ ᠪᠣᠳᠣᠯᠭ᠎ᠠ ᠶᠢ ᠮᠠᠨ ᠤ ᠲᠤᠭᠤᠷᠢᠭ ᠤᠨ ᠠᠵᠤ ᠠᠬᠤᠢ ᠨᠡᠶᠢᠭᠡᠮ ᠤᠨ ᠲᠥᠷᠥ ᠶᠢᠨ ᠪᠣᠳᠣᠯᠭ᠎ᠠ ᠯᠤᠭ᠎ᠠ ᠢᠵᠢ ᠪᠦᠷᠢᠳᠦᠭᠦᠯᠦᠨ ᠵᠣᠯᠭᠠᠭᠤᠯᠬᠤ ᠶᠢ ᠠᠬᠢᠭᠤᠯᠤᠨ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠵᠤ᠂ ᠭᠡᠷ ᠪᠦᠯᠢ ᠶᠢᠨ ᠬᠡᠦᠬᠡᠳ ᠠᠪᠬᠤ᠂ ᠥᠰᠬᠡᠨ ᠪᠣᠶᠢᠵᠢᠭᠤᠯᠬᠤ᠂ ᠰᠤᠷᠭᠠᠨ ᠬᠥᠮᠥᠵᠢᠭᠦᠯᠬᠦ ᠳᠠᠷᠤᠭᠠᠰᠤ ᠶᠢ ᠭᠦᠩᠭᠡᠷᠡᠭᠦᠯᠦᠨ᠎ᠡ᠃ ᠨᠢᠯᠬ᠎ᠠ ᠬᠡᠦᠬᠡᠳ ᠢ ᠥᠰᠬᠡᠨ ᠪᠣᠶᠢᠵᠢᠭᠤᠯᠬᠤ᠂ ᠵᠠᠯᠠᠭᠤᠴᠤᠳ ᠪᠠᠭᠠᠴᠤᠳ ᠢ ᠬᠥᠭᠵᠢᠭᠦᠯᠬᠦ᠂ ᠨᠠᠰᠤᠲᠠᠨ ᠢ ᠠᠴᠢᠯᠠᠨ ᠲᠡᠵᠢᠭᠡᠬᠦ᠂ ᠡᠪᠡᠳᠴᠢᠨ ᠲᠠᠢ ᠵᠡᠮᠳᠡᠭ ᠢ ᠬᠠᠷᠠᠭᠠᠯᠵᠠᠬᠤ ᠵᠡᠷᠭᠡ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠬᠦᠴᠢᠷᠳᠡᠯ ᠳᠤ ᠲᠤᠯᠭᠠᠷᠠᠭᠰᠠᠨ ᠭᠡᠷ ᠪᠦᠯᠢ᠂ ᠭᠠᠭᠴᠠ ᠬᠡᠦᠬᠡᠳ ᠢᠶᠠᠨ ᠠᠯᠳᠠᠭᠰᠠᠨ ᠭᠡᠷ ᠪᠦᠯᠢ᠂ ᠥᠨᠥᠴᠢᠨ ᠥᠷᠥᠭᠡᠰᠦᠨ ᠣᠨᠴᠠ ᠬᠦᠴᠢᠷᠳᠡᠯ ᠲᠠᠢ ᠭᠡᠷ ᠪᠦᠯᠢ ᠳᠤ ᠲᠦᠷᠦ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠵᠦ ᠠᠪᠤᠷᠠᠨ ᠲᠤᠰᠠᠯᠠᠬᠤ ᠦᠢᠯᠡᠴᠢᠯᠡᠭᠡ ᠶᠢ ᠨᠡᠮᠡᠭᠳᠡᠭᠦᠯᠵᠦ᠂ ᠭᠡᠷ ᠪᠦᠯᠢ ᠶᠢᠨ ᠦᠨᠳᠦᠰᠦᠨ ᠴᠢᠳᠠᠮᠵᠢ ᠶᠢ ᠲᠡᠭᠦᠯᠳᠡᠷᠵᠢᠭᠦᠯᠬᠦ ᠶᠢ ᠳᠡᠮᠵᠢᠬᠦ᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠪᠠ ᠡᠮᠡᠭᠲᠡᠶᠢᠴᠦᠳ ᠤᠨ ᠪᠦᠬᠦ ᠲᠠᠯ᠎ᠠ ᠪᠠᠷ ᠬᠥᠭᠵᠢᠬᠦ ᠶᠢ ᠠᠬᠢᠭᠤᠯᠬᠤ ᠭᠡᠷ ᠪᠦᠯᠢ ᠶᠢᠨ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠪᠤᠢ ᠪᠣᠯᠭᠠᠵᠤ᠂ ᠭᠡᠷ ᠪᠦᠯᠢ ᠶᠢᠨ ᠬᠥᠭᠵᠢᠯᠲᠡ ᠶᠢᠨ ᠴᠢᠳᠠᠪᠤᠷᠢ ᠶᠢ ᠨᠡᠮᠡᠭᠳᠡᠭᠦᠯᠦᠨ᠎ᠡ᠃ ᠬᠥᠩᠭᠡᠵᠢᠯᠲᠡ ᠶᠢᠨ ᠴᠢᠯᠦᠭᠡ᠂ ᠬᠦᠬᠦᠬᠦᠯᠬᠦ ᠴᠢᠯᠦᠭᠡ ᠵᠡᠷᠭᠡ ᠳᠦᠷᠢᠮ ᠢ ᠲᠡᠭᠦᠯᠳᠡᠷᠵᠢᠭᠦᠯᠵᠦ᠂ ᠡᠴᠢᠭᠡ ᠡᠬᠡ ᠶᠢᠨ ᠬᠡᠦᠬᠡᠳ ᠪᠣᠶᠢᠵᠢᠭᠤᠯᠬᠤ ᠴᠢᠯᠦᠭᠡ ᠶᠢ ᠰᠦᠪᠡᠭᠴᠢᠯᠡᠨ ᠬᠡᠷᠡᠭᠵᠢᠭᠦᠯᠦᠨ᠎ᠡ᠃ ᠭᠡᠷ ᠪᠦᠯᠢ ᠶᠢᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠤᠨ᠎ᠠ᠃      4᠂ ᠭᠡᠷ ᠪᠦᠯᠢ ᠶᠢᠨ ᠬᠦᠷᠢᠶ᠎ᠡ ᠴᠠᠷᠠᠭ᠎ᠠ ᠶᠢᠨ ᠣᠨᠣᠯ ᠪᠠ ᠦᠢᠯᠡᠳᠦᠯᠭᠡ ᠶᠢᠨ ᠰᠤᠳᠤᠯᠭᠠᠨ ᠢ ᠴᠢᠩᠭᠠᠳᠬᠠᠨ᠎ᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂  ᠴᠢᠩᠱᠠᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠭᠡᠷ ᠪᠦᠯᠢ ᠶᠢᠨ ᠪᠠᠶᠢᠭᠤᠯᠤᠯᠲᠠ᠂ ᠭᠡᠷ ᠪᠦᠯᠢ ᠶᠢᠨ ᠬᠥᠮᠦᠵᠢᠯ᠂ ᠭᠡᠷ ᠤᠨ ᠰᠤᠷᠲᠠᠯ ᠢ ᠬᠥᠮᠥᠵᠢᠭᠦᠯᠬᠦ ᠵᠡᠷᠭᠡ ᠭᠡᠷ ᠪᠦᠯᠢ ᠶᠢᠨ ᠬᠦᠷᠢᠶᠡᠨ ᠳᠤ ᠢᠯᠡᠷᠡᠭᠰᠡᠨ ᠰᠢᠨ᠎ᠡ ᠪᠠᠶᠢᠳᠠᠯ ᠰᠢᠨ᠎ᠡ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠲᠥᠯᠥᠨ ᠳᠠᠭᠠᠭᠤᠯᠬᠤ ᠴᠢᠨᠠᠷ᠂ ᠡᠷᠬᠡ ᠰᠦᠷᠲᠦ ᠴᠢᠨᠠᠷ᠂ ᠲᠤᠰᠬᠠᠢ ᠮᠡᠷᠭᠡᠵᠢᠯ ᠤᠨ ᠴᠢᠨᠠᠷ ᠪᠠ ᠵᠢᠯᠤᠭᠤᠳᠬᠤ ᠴᠢᠨᠠᠷ ᠤᠨ ᠰᠤᠳᠤᠯᠭᠠᠨ ᠤ ᠦᠷ᠎ᠡ ᠪᠦᠲᠦᠭᠡᠯ ᠢᠶᠠᠷ ᠭᠡᠷ ᠪᠦᠯᠢ ᠶᠢᠨ ᠬᠦᠷᠢᠶᠡᠨ ᠤ ᠠᠰᠠᠭᠤᠳᠠᠯ ᠤᠨ ᠲᠤᠬᠠᠢ ᠠᠷᠠᠳ ᠣᠯᠠᠨ ᠤ ᠰᠢᠨ᠎ᠡ ᠬᠦᠰᠡᠯ ᠱᠠᠭᠠᠷᠳᠠᠯᠭ᠎ᠠ‌‍ᠳᠤ ᠢᠳᠡᠪᠬᠢᠲᠡᠢ ᠬᠠᠷᠢᠭᠤᠯᠲᠠ ᠥᠭᠭᠦᠨ᠎ᠡ᠃ ᠨᠡᠶᠢᠭᠡᠮ ᠤᠨ ᠬᠦᠴᠦᠨ ᠢ ᠵᠣᠷᠢᠭᠵᠢᠭᠤᠯᠤᠨ ᠭᠡᠷ ᠪᠦᠯᠢ ᠶᠢᠨ ᠦᠢᠯᠡᠴᠢᠯᠡᠭᠡᠨ ᠤ ᠬᠦᠷᠢᠶᠡᠨ ᠳᠠᠬᠢ ᠠᠷᠭᠠᠴᠠᠬᠤ ᠪᠣᠳᠣᠯᠭ᠎ᠠ ᠶᠢᠨ ᠰᠤᠳᠤᠯᠤᠯ ᠢ ᠴᠢᠩᠭᠠᠷᠠᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠬᠥᠲᠥᠯᠥᠨ ᠵᠢᠯᠤᠭᠤᠳᠴᠤ ᠪᠠᠶᠢᠭᠠᠳ ᠲᠤᠰᠬᠠᠶᠢᠵᠢᠭᠰᠠᠨ᠂ ᠣᠯᠠᠨ ᠲᠠᠰ ᠳᠠᠪᠬᠤᠷᠭ᠎ᠠ ᠶᠢᠨ᠂ ᠣᠯᠠᠨ ᠶᠠᠩᠵᠤ ᠶᠢᠨ ᠭᠡᠷ ᠪᠦᠯᠢ ᠶᠢᠨ ᠦᠢᠯᠡᠴᠢᠯᠡᠭᠡᠨ ᠤ ᠳᠡᠮᠵᠢᠯᠭᠡ ᠬᠠᠩᠭᠠᠨ᠎ᠠ᠃      5᠂ ᠭᠡᠷ ᠪᠦᠯᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠢ ᠶᠡᠬᠡᠪᠡᠷ ᠬᠥᠭᠵᠢᠭᠦᠯᠦᠨ᠎ᠡ᠃ ᠭᠡᠷ ᠪᠦᠯᠢ ᠳᠤ ᠬᠠᠨᠳᠤᠭᠤᠯᠤᠭᠰᠠᠨ ᠤᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠨᠠᠰᠤᠵᠢᠯ ᠤᠨ ᠠᠰᠠᠷᠠᠮᠵᠢ᠂ ᠭᠡᠷ ᠤᠨ ᠶᠠᠪᠤᠳᠠᠯ ᠵᠡᠷᠭᠡ ᠦᠢᠯᠡᠴᠢᠯᠡᠭᠡᠨ ᠤ ᠪᠠᠷᠢᠮᠵᠢᠶ᠎ᠠ ᠶᠢ ᠲᠦᠷᠭᠡᠪᠴᠢᠯᠡᠨ ᠲᠡᠭᠦᠯᠳᠡᠷᠵᠢᠭᠦᠯᠵᠦ᠂ ᠤᠷᠤᠭ ᠭᠡᠷ ᠪᠦᠯᠢ ᠶᠢᠨ ᠬᠠᠪᠰᠤᠷᠤᠨ ᠵᠢᠯᠤᠭᠤᠳᠬᠤ ᠦᠢᠯᠡᠴᠢᠯᠡᠭᠡ᠂ ᠭᠡᠷ ᠪᠦᠯᠢ ᠶᠢᠨ ᠬᠥᠮᠦᠵᠢᠯ ᠤᠨ ᠵᠢᠭᠠᠨ ᠵᠢᠯᠤᠭᠤᠳᠬᠤ ᠦᠢᠯᠡᠴᠢᠯᠡᠭᠡ ᠶᠢ ᠨᠡᠶᠢᠳᠡᠮ ᠬᠦᠷᠲᠡᠭᠡᠬᠦ ᠶᠢ ᠲᠦᠯᠬᠢᠨ ᠠᠬᠢᠭᠤᠯᠤᠨ᠎ᠠ᠃ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠡᠶᠢᠭᠡᠮ ᠤᠨ ᠬᠦᠴᠦᠨ ᠤ ᠭᠡᠷ ᠪᠦᠯᠢ ᠶᠢᠨ ᠦᠢᠯᠡᠴᠢᠯᠡᠭᠡ ᠥᠷᠨᠢᠭᠦᠯᠬᠦ ᠶᠢ ᠬᠥᠲᠥᠯᠥᠨ ᠵᠢᠯᠤᠭᠤᠳᠴᠤ᠂ ᠭᠡᠷ ᠪᠦᠯᠢ ᠶᠢᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠥᠪᠡᠷᠮᠢᠴᠡ᠂ ᠣᠯᠠᠨ ᠡᠰᠢᠵᠢᠭᠰᠡᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠬᠤᠳᠠ ᠶᠢᠨ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠬᠦᠭᠡᠷᠦᠮᠵᠢ ᠶᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠨᠠᠶᠢᠳᠠᠨ ᠬᠥᠮᠥᠵᠢᠭᠦᠯᠬᠦ᠂ ᠭᠡᠷ ᠤᠨ ᠶᠠᠪᠤᠳᠠᠯ ᠠᠳᠠᠯ ᠠᠬᠤᠢ ᠵᠡᠷᠭᠡ ᠦᠢᠯᠡᠴᠢᠯᠡᠭᠡᠨ ᠤ ᠲᠣᠣᠷ ᠰᠦᠯᠵᠢᠶ᠎ᠡ ᠶᠢ ᠲᠡᠭᠦᠯᠳᠡᠷᠵᠢᠭᠦᠯᠦᠨ᠎ᠡ᠃ ᠲᠣᠭᠠᠴᠢᠯᠠᠭᠰᠠᠨ ᠭᠡᠷ ᠪᠦᠯᠢ ᠶᠢ ᠬᠥᠭᠵᠢᠭᠦᠯᠦᠨ᠎ᠡ᠃ ᠬᠦᠴᠢᠷᠳᠡᠯ ᠳᠤ ᠲᠤᠯᠭᠠᠷᠠᠭᠰᠠᠨ ᠭᠡᠷ ᠪᠦᠯᠢ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠷᠢᠯᠢᠭ ᠤᠨᠤᠪᠴᠢᠲᠠᠢ ᠦᠢᠯᠡᠴᠢᠯᠡᠭᠡ ᠥᠷᠨᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠬᠠᠮᠲᠤᠪᠠᠷ ᠬᠦᠷᠲᠡᠵᠦ᠂ ᠠᠵᠢᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠬᠡᠦᠬᠡᠳ ᠤᠨ ᠴᠡᠴᠡᠷᠯᠢᠭ ᠢ ᠨᠢᠭᠡ ᠴᠣᠭᠴᠠᠵᠢᠭᠤᠯᠤᠭᠰᠠᠨ ᠦᠢᠯᠡᠴᠢᠯᠡᠭᠡᠨ ᠥᠷᠨᠢᠭᠦᠯᠬᠦ ᠶᠢ ᠵᠣᠷᠢᠭᠵᠢᠭᠤᠯᠤᠨ᠂ ᠣᠲᠣ ᠶᠢᠨ ᠪᠠᠶᠢᠭ᠎ᠠ ᠦᠢᠯᠡᠴᠢᠯᠡᠭᠡᠨ ᠤ ᠵᠢᠭᠰᠠᠭᠠᠯ ᠤᠨ ᠭᠠᠵᠠᠷ ᠢ ᠠᠰᠢᠭᠯᠠᠨ ᠲᠦᠷ ᠴᠠᠭ ᠤᠨ ᠨᠠᠶᠢᠳᠠᠨ ᠬᠠᠮᠢᠶᠠᠷᠤᠭᠤᠯᠬᠤ ᠶᠢ ᠬᠠᠩᠭᠠᠵᠤ᠂ ᠨᠡᠶᠢᠳᠡᠮ ᠬᠠᠷᠠᠭᠠᠯᠵᠠᠬᠤ ᠨᠠᠶᠢᠳᠠᠨ ᠬᠥᠮᠥᠵᠢᠭᠦᠯᠬᠦ ᠦᠢᠯᠡᠴᠢᠯᠡᠭᠡᠨ ᠤ ᠰᠢᠰᠲ᠋ᠧᠮᠵᠢ ᠪᠠᠶᠢᠭᠤᠯᠬᠤ ᠶᠢ ᠲᠦᠯᠬᠢᠨ ᠠᠬᠢᠭᠤᠯᠤᠨ᠎ᠠ᠃      6᠂ ᠤᠷᠤᠬ ᠭᠡᠷ ᠪᠦᠯᠢ ᠶᠢᠨ ᠬᠠᠷᠢᠴᠠᠭ᠎ᠠ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠵᠣᠬᠢᠬᠤ ᠨᠠᠰᠤᠨ ᠤ ᠡᠷᠡᠭᠲᠡᠢ ᠡᠮᠡᠭᠲᠡᠢ ᠵᠠᠯᠠᠭᠤᠴᠤᠳ ᠤᠨ ᠤᠷᠤᠭ ᠢᠨᠠᠭ ᠤᠨ ᠨᠠᠶᠢᠵᠠᠯᠠᠯ ᠳᠤ ᠭᠡᠷ ᠪᠦᠯᠢ ᠶᠢᠨ ᠲᠠᠪᠴᠠᠩ ᠪᠠᠶᠢᠭᠤᠯᠤᠨ ᠥᠭᠴᠦ᠂ ᠣᠷᠤᠭ ᠤᠨ ᠳᠠᠩᠰᠠᠯᠠᠯᠲᠠ᠂ ᠤᠷᠤᠭᠯᠠᠬᠤ ᠬᠥᠩᠭᠡᠵᠢᠬᠦ ᠡᠷᠡᠭᠦᠯ ᠮᠡᠨᠳᠦ ᠶᠢᠨ ᠤᠬᠠᠭᠤᠯᠭ᠎ᠠ ᠬᠥᠮᠦᠵᠢᠯ᠂ ᠣᠷᠤᠭ ᠭᠡᠷ ᠪᠦᠯᠢ ᠶᠢᠨ ᠬᠠᠷᠢᠴᠠᠭ᠎ᠠ ᠶᠢ ᠬᠠᠪᠰᠤᠷᠤᠨ ᠵᠢᠯᠤᠭᠤᠳᠬᠤ ᠵᠡᠷᠭᠡ ︽ᠨᠢᠭᠡ ᠯᠡ ᠥᠷᠲᠡᠭᠡᠨ ᠤ ᠮᠠᠶ᠋ᠢᠭ︾᠎ ᠤᠨ ᠦᠢᠯᠡᠴᠢᠯᠡᠭᠡ ᠶᠢ ᠳᠡᠯᠭᠡᠷᠡᠭᠦᠯᠵᠦ᠂ ᠣᠷᠤᠭ ᠭᠡᠷ ᠪᠦᠯᠢ ᠶᠢᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠪᠠ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠦᠵᠡᠯᠲᠡ᠂ ᠡᠷ᠎ᠡ ᠡᠮ᠎ᠡ ᠬᠤᠶᠠᠭᠤᠯᠠ ᠭᠡᠷ ᠪᠦᠯᠢ ᠶᠢᠨ ᠬᠡᠷᠡᠭ ᠶᠠᠪᠤᠳᠠᠯ ᠤᠨ ᠰᠢᠢᠳᠪᠦᠷᠢᠲᠦ ᠪᠣᠳᠣᠯᠭ᠎ᠠ ᠳᠤ ᠡᠷᠬᠡ ᠲᠡᠭᠰᠢ ᠪᠠᠷ ᠣᠷᠤᠯᠴᠠᠬᠤ᠂ ᠭᠡᠷ ᠪᠦᠯᠢ ᠶᠢᠨ ᠠᠯᠢᠪᠠ ᠬᠡᠯᠪᠡᠷᠢ ᠶᠢᠨ ᠬᠦᠴᠦᠷᠬᠡᠭᠯᠡᠯ ᠢ ᠡᠰᠡᠷᠭᠦᠴᠡᠬᠦ ᠵᠡᠷᠭᠡ ᠣᠨᠣᠯᠵᠢᠬᠤᠨ ᠢ ᠤᠷᠤᠭᠯᠠᠬᠤ ᠎ ᠠᠴᠠ ᠡᠮᠦᠨᠡᠬᠢ ᠰᠤᠷᠤᠯᠴᠠᠯᠭ᠎ᠠ ᠶᠢ ᠵᠢᠯᠤᠭᠤᠳᠬᠤ ᠠᠭᠤᠯᠭ᠎ᠠ ᠳᠤ ᠣᠷᠣᠭᠤᠯᠤᠨ᠎ᠠ᠃ ᠦᠷᠡᠵᠢᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠦᠷᠭᠡᠨ ᠢᠶᠠᠷ ᠶᠠᠪᠤᠭᠳᠠᠭᠤᠯᠤᠨ᠎ᠠ᠃ ᠵᠠᠩ ᠳᠠᠳᠬᠠᠯ ᠢ ᠥᠭᠡᠷᠡᠴᠢᠯᠡᠬᠦ ᠶᠢ ᠲᠦᠯᠬᠢᠨ ᠠᠬᠢᠭᠤᠯᠵᠤ᠂ ᠡᠮᠡᠭᠲᠡᠶᠢᠴᠦᠳ ᠤᠨ ᠤᠷᠤᠭ ᠤᠨ ᠡᠷᠬᠡ ᠴᠢᠯᠦᠭᠡ ᠶᠢ ᠪᠠᠲᠤᠯᠠᠵᠤ᠂ ᠡᠷᠲᠡ ᠤᠷᠤᠭᠯᠠᠵᠤ ᠡᠷᠲᠡ ᠬᠡᠦᠬᠡᠳ ᠠᠪᠬᠤ᠂ ᠥᠨᠳᠥᠷ ᠦᠨ᠎ᠡ ᠲᠠᠢ ᠪᠣᠭᠲᠣᠯᠠᠬᠤ ᠪᠡᠯᠡᠭ ᠵᠡᠷᠭᠡ ᠦᠵᠡᠭᠳᠡᠯ ᠢ ᠡᠰᠡᠷᠭᠦᠴᠡᠨ ᠬᠤᠷᠢᠭᠯᠠᠵᠤ᠂ ᠤᠷᠤᠭ ᠤᠨ ᠶᠠᠪᠤᠳᠠᠯ ᠢ ᠰᠢᠨ᠎ᠡ ᠪᠠᠷ ᠡᠷᠬᠢᠯᠡᠭᠰᠡᠨ ᠨᠡᠶᠢᠲᠡᠯᠢᠭ ᠵᠢᠱᠢᠶ᠎ᠡ ᠶᠢ ᠰᠣᠩᠭᠤᠨ ᠤᠬᠠᠭᠤᠯᠵᠤ᠂ ᠡᠷᠡᠭᠲᠡᠶᠢᠴᠦᠳ ᠤᠨ ᠳᠤᠷ᠎ᠠ ᠰᠣᠨᠢᠷᠬᠠᠯ ᠢ ᠬᠤᠪᠢᠷᠠᠭᠤᠯᠬᠤ ᠶᠢ ᠬᠥᠲᠥᠯᠥᠨ ᠵᠢᠯᠤᠭᠤᠳᠴᠤ᠂ ᠰᠢᠨ᠎ᠡ ᠮᠠᠶ᠋ᠢᠭ ᠤᠨ ᠤᠷᠤᠭᠯᠠᠵᠤ ᠬᠥᠩᠭᠡᠵᠢᠬᠦ ᠰᠣᠶᠣᠯ ᠢ ᠪᠤᠢ ᠪᠣᠯᠭᠠᠨ᠎ᠠ᠃ ᠰᠦᠯᠵᠢᠶ᠎ᠡ ᠵᠡᠷᠭᠡ ᠤᠷᠤᠭ ᠢᠨᠠᠭ ᠤᠨ ᠠᠵᠢᠯᠯᠠᠭ᠎ᠠ ᠪᠠ ᠦᠢᠯᠡᠴᠢᠯᠡᠭᠡᠨ ᠤ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠨ᠎ᠠ᠃      7᠂ ᠭᠡᠷ ᠪᠦᠯᠢ ᠶᠢᠨ ᠠᠵᠢᠯ ᠢ ᠡᠷᠡᠭᠲᠡᠢ ᠡᠮᠡᠭᠲᠡᠢ ᠡᠷᠬᠡ ᠲᠡᠭᠰᠢ ᠪᠠᠷ ᠬᠤᠪᠢᠶᠠᠨ ᠡᠭᠦᠷᠭᠡᠯᠡᠬᠦ ᠶᠢ ᠠᠬᠢᠭᠤᠯᠤᠨ᠎ᠠ᠃ ᠡᠷ᠎ᠡ ᠡᠮ᠎ᠡ ᠬᠤᠶᠠᠭᠤᠯᠠ ᠶᠢᠨ ᠭᠡᠷ ᠵᠠᠭᠤᠷ᠎ᠠ ᠶᠢᠨ ᠠᠵᠢᠯ ᠬᠥᠳᠡᠯᠮᠦᠷᠢ ᠳᠤᠮᠳᠠ ᠠᠵᠢᠯ ᠬᠤᠪᠢᠶᠠᠷᠢᠯᠠᠨ ᠬᠠᠮᠵᠢᠯᠴᠠᠬᠤ ᠶᠢ ᠰᠠᠨᠠᠭᠠᠴᠢᠯᠠᠵᠤ᠂ ᠦᠷ᠎ᠡ ᠬᠡᠦᠬᠡᠳ ᠨᠠᠰᠤᠲᠠᠨ ᠢᠶᠠᠨ ᠠᠰᠠᠷᠠᠨ ᠬᠠᠷᠠᠭᠠᠯᠵᠠᠬᠤ᠂ ᠦᠷ᠎ᠡ ᠬᠡᠦᠬᠡᠳ ᠢᠶᠠᠨ ᠰᠤᠷᠭᠠᠨ ᠬᠥᠮᠥᠵᠢᠭᠦᠯᠬᠦ᠂ ᠭᠡᠷ ᠵᠠᠭᠤᠷ᠎ᠠ ᠶᠢᠨ ᠠᠵᠢᠯ ᠡᠷᠭᠢᠯᠡᠬᠦ ᠵᠡᠷᠭᠡ ᠭᠡᠷ ᠪᠦᠯᠢ ᠶᠢᠨ ᠬᠠᠷᠢᠭᠤᠴᠠᠯᠭ᠎ᠠ ᠶᠢ ᠬᠠᠮᠲᠤᠪᠠᠷ ᠡᠭᠦᠷᠭᠡᠯᠡᠵᠦ᠂ ᠡᠷ᠎ᠡ ᠡᠮ᠎ᠡ ᠶᠢᠨ ᠭᠡᠷ ᠵᠠᠭᠤᠷ᠎ᠠ ᠶᠢᠨ ᠠᠵᠢᠯ ᠬᠥᠳᠡᠯᠮᠦᠷᠢ ᠶᠢᠨ ᠴᠠᠭ ᠤᠨ ᠵᠥᠷᠢᠶ᠎ᠡ ᠶᠢ ᠪᠠᠭᠠᠰᠬᠠᠨ᠎ᠠ᠃ ᠠᠰᠠᠷᠠᠨ ᠬᠠᠷᠠᠭᠠᠯᠵᠠᠬᠤ᠂ ᠠᠷᠢᠭᠤᠨ ᠴᠡᠪᠡᠷ ᠪᠠᠶᠢᠯᠭᠠᠬᠤ᠂ ᠬᠤᠭᠤᠯᠠ ᠬᠢᠬᠦ ᠵᠡᠷᠭᠡ ᠭᠡᠷ ᠪᠦᠯᠢ ᠶᠢᠨ ᠠᠵᠢᠯ ᠤᠨ ᠨᠡᠶᠢᠭᠡᠮᠴᠢᠯᠡᠯᠲᠡ ᠶᠢ ᠠᠬᠢᠭᠤᠯᠵᠤ᠂ ᠭᠡᠷ ᠠᠬᠤᠢ ᠶᠢᠨ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠵᠤ᠂ ᠨᠢᠯᠬ᠎ᠠ ᠬᠡᠦᠬᠡᠳ ᠢ ᠠᠰᠠᠷᠠᠨ ᠬᠠᠷᠠᠭᠠᠯᠵᠠᠬᠤ ᠦᠢᠯᠡᠴᠢᠯᠡᠭᠡ ᠪᠠ ᠴᠢᠳᠠᠪᠤᠷᠢ ᠪᠠᠨ ᠠᠯᠳᠠᠭᠰᠠᠨ ᠣᠶᠤᠨ ᠢᠶᠠᠨ ᠠᠯᠳᠠᠭᠰᠠᠨ ᠨᠠᠰᠤᠲᠠᠶᠢᠴᠤᠳ ᠢ ᠣᠷᠳᠣ ᠬᠤᠭᠤᠴᠠᠭ᠎ᠠ ᠪᠠᠷ ᠠᠰᠠᠷᠠᠨ ᠬᠠᠷᠠᠭᠠᠯᠵᠠᠬᠤ ᠦᠢᠯᠡᠴᠢᠯᠡᠭᠡ ᠶᠢ ᠬᠥᠭᠵᠢᠭᠦᠯᠵᠦ᠂ ᠭᠡᠷ ᠪᠦᠯᠢ ᠶᠢᠨ ᠠᠰᠠᠷᠠᠨ ᠬᠠᠷᠠᠭᠠᠯᠵᠠᠬᠤ ᠴᠢᠳᠠᠪᠤᠷᠢ ᠶᠢ ᠨᠡᠮᠡᠭᠳᠡᠭᠦᠯᠦᠨ᠎ᠡ᠃ ᠬᠥᠮᠥᠨ ᠬᠡᠷᠡᠭᠯᠡᠬᠦ ᠨᠢᠭᠡᠴᠢ ᠶᠢ ᠱᠠᠯᠠᠪᠳᠠᠭᠤᠯᠵᠦ ᠪᠠᠶᠢᠭᠠᠳ ᠲᠥᠷᠥᠯ ᠰᠠᠳᠤᠨ ᠢᠶᠠᠨ ᠡᠷᠭᠢᠵᠦ ᠦᠵᠡᠬᠦ ᠴᠢᠯᠦᠭᠡ᠂ ᠠᠵᠢᠯᠲᠠᠨ ᠠᠵᠢᠯᠴᠢᠨ ᠤ ᠴᠠᠯᠢᠩ ᠲᠠᠢ ᠪᠠᠷ ᠠᠮᠠᠷᠠᠬᠤ ᠴᠢᠯᠦᠭᠡ᠂ ᠬᠤᠯᠪᠣᠰᠤ ᠶᠢᠨ ᠬᠥᠩᠭᠡᠵᠢᠯᠲᠡ ᠳᠤ ᠪᠠᠷ᠎ᠠ ᠪᠣᠯᠬᠤ ᠴᠢᠯᠦᠭᠡ ᠵᠡᠷᠭᠡ ᠳᠦᠷᠢᠮ ᠢ ᠨᠠᠶᠢᠳᠠᠪᠤᠷᠢᠵᠢᠭᠤᠯᠵᠤ᠂ ᠬᠥᠮᠥᠨ ᠬᠡᠷᠡᠭᠯᠡᠬᠦ ᠨᠢᠭᠡᠴᠡ ᠶᠢᠨ ᠠᠵᠢᠯᠲᠠᠨ ᠠᠵᠢᠯᠴᠢᠨ ᠤ ᠠᠵᠢᠯ ᠪᠠ ᠭᠡᠷ ᠪᠦᠯᠢ ᠶᠢᠨ ᠬᠠᠷᠢᠴᠠᠭ᠎ᠠ ᠶᠢ ᠲᠡᠩᠴᠡᠭᠦᠷᠢᠲᠡᠢ ᠪᠠᠶᠢᠯᠭᠠᠬᠤ ᠳᠤ ᠠᠰᠢᠭᠲᠠᠢ ᠠᠷᠭ᠎ᠠ ᠬᠡᠮᠵᠢᠶ᠎ᠡ ᠲᠣᠭᠲᠠᠭᠠᠬᠤ ᠶᠢ ᠵᠣᠷᠢᠭᠵᠢᠭᠤᠯᠵᠤ᠂ ᠠᠮᠢᠳᠤᠯᠢᠭ ᠢᠶᠠᠷ ᠠᠮᠠᠷᠠᠬᠤ ᠪᠠ ᠤᠶᠠᠨ ᠬᠠᠲᠠᠨ ᠠᠵᠢᠯᠯᠠᠬᠤ ᠳᠦᠷᠢᠮ ᠢ ᠬᠡᠷᠡᠭᠵᠢᠭᠦᠯᠦᠨ᠂ ᠦᠷᠡᠵᠢᠯ ᠤᠨ ᠨᠥᠬᠦᠷᠰᠡᠭ ᠠᠵᠢᠯᠯᠠᠬᠤ ᠣᠷᠴᠢᠨ ᠲᠣᠭᠤᠷᠢᠨ ᠢ ᠪᠣᠶ ᠪᠣᠯᠭᠠᠵᠤ᠂ ᠡᠷᠡᠭᠲᠡᠢ ᠡᠮᠡᠭᠲᠡᠢ ᠠᠵᠢᠯᠲᠠᠨ ᠠᠵᠢᠯᠴᠢᠨ ᠤ ᠭᠡᠷ ᠪᠦᠯᠢ ᠶᠢᠨ ᠬᠠᠷᠢᠭᠤᠴᠠᠯᠭ᠎ᠠ ᠪᠠᠨ ᠬᠠᠮᠲᠤ ᠪᠠᠷ ᠭᠦᠢᠴᠡᠳᠬᠡᠬᠦ ᠶᠢ ᠳᠡᠮᠵᠢᠨ᠎ᠡ᠃      8᠂ ᠭᠡᠷ ᠪᠦᠯᠢ ᠶᠢᠨ ᠬᠥᠮᠦᠵᠢᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠴᠢᠭᠡ ᠡᠬᠡ ᠪᠣᠯᠣᠭᠰᠠᠳ ᠬᠠᠮᠲᠤᠪᠠᠷ ᠡᠭᠦᠷᠭᠡᠯᠡᠬᠦ ᠦᠵᠡᠯ ᠤᠬᠠᠮᠰᠠᠷ ᠪᠠ ᠴᠢᠳᠠᠪᠤᠷᠢ ᠶᠢ ᠨᠡᠮᠡᠭᠳᠡᠭᠦᠯᠦᠨ᠎ᠡ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠷ ᠪᠦᠯᠢ ᠶᠢᠨ ᠬᠥᠮᠦᠵᠢᠯ ᠢ ᠠᠬᠢᠭᠤᠯᠬᠤ ᠬᠠᠤᠯᠢ︾᠎ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠡᠷ ᠪᠦᠯᠢ ᠶᠢᠨ ᠬᠥᠮᠦᠵᠢᠯ ᠤᠨ ᠠᠵᠢᠯ ᠤᠨ ᠲᠤᠰᠬᠠᠢ ᠲᠥᠯᠦᠪᠵᠢᠭᠦᠯᠭᠡ ᠶᠢ ᠲᠣᠭᠲᠠᠭᠠᠨ᠎ᠠ᠃ ᠡᠴᠢᠭᠡ ᠡᠬᠡ ᠪᠤᠶᠤ ᠪᠤᠰᠤᠳ ᠬᠢᠨᠠᠨ ᠬᠠᠮᠠᠭᠠᠯᠠᠭᠴᠢ ᠶᠢᠨ ᠭᠡᠷ ᠪᠦᠯᠢ ᠶᠢᠨ ᠬᠥᠮᠦᠵᠢᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠬᠠᠮᠲᠤᠪᠠᠷ ᠨᠠᠶᠢᠳᠠᠪᠤᠷᠢᠵᠢᠭᠤᠯᠬᠤ ᠶᠢ ᠠᠬᠢᠭᠤᠯᠵᠤ᠂ ᠵᠥᠪ ᠣᠨᠣᠪᠴᠢᠲᠠᠶ ᠭᠡᠷ ᠪᠦᠯᠢ ᠶᠢᠨ ᠬᠥᠮᠦᠵᠢᠯ ᠤᠨ ᠣᠶᠢᠯᠠᠭᠠᠭᠳᠠᠬᠤᠨ ᠢ ᠪᠤᠶ ᠪᠣᠯᠭᠠᠵᠤ᠂ ᠭᠡᠷ ᠪᠦᠯᠢ ᠶᠢᠨ ᠬᠥᠮᠦᠵᠢᠯ ᠤᠨ ᠮᠡᠳᠡᠯᠭᠡ ᠶᠢ ᠤᠬᠠᠮᠰᠠᠷ ᠎ ᠠᠴᠠ ᠪᠠᠨ ᠰᠤᠷᠤᠯᠴᠠᠵᠤ᠂ ᠵᠢᠷᠮᠦᠰᠦᠨ ᠬᠤᠭᠤᠴᠠᠭᠠᠨ ᠳᠤ ᠪᠠ ᠨᠠᠰᠤᠨ ᠳᠤ ᠥᠯᠥ ᠭᠦᠷᠦᠭᠰᠡᠳ ᠨᠢᠯᠬ᠎ᠠ ᠬᠡᠦᠬᠡᠳ ᠢ ᠠᠰᠠᠷᠠᠨ ᠬᠠᠷᠠᠭᠠᠯᠵᠠᠬᠤ ᠦᠢᠯᠡᠴᠢᠯᠡᠭᠡᠨ ᠤ ᠪᠠᠶᠢᠭᠤᠯᠤᠮᠵᠢ᠂ ᠬᠡᠦᠬᠡᠳ ᠤᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ ᠳᠤ ᠣᠷᠣᠬᠤ ᠵᠡᠷᠭᠡ ᠴᠢᠬᠤᠯᠠ ᠴᠠᠭ ᠬᠤᠭᠤᠴᠠᠭᠠᠨ ᠳᠤ ᠴᠢᠭᠯᠡᠭᠦᠯᠬᠦ ᠴᠢᠨᠠᠷᠲᠠᠢ ᠪᠠᠷ ᠰᠤᠷᠤᠯᠴᠠᠵᠤ᠂ ᠭᠡᠷ ᠪᠦᠯᠢ ᠶᠢᠨ ᠬᠥᠮᠦᠵᠢᠯ ᠤᠨ ᠰᠢᠨᠵᠢᠯᠡᠬᠦ ᠤᠬᠠᠭᠠᠨᠴᠢ ᠠᠷᠭ᠎ᠠ ᠶᠢ ᠡᠵᠡᠮᠰᠢᠨ᠂ ᠭᠡᠷ ᠪᠦᠯᠢ ᠶᠢᠨ ᠬᠥᠮᠦᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠨᠠᠰᠤᠨ ᠳᠤ ᠥᠯᠥ ᠬᠦᠷᠬᠦ ᠦᠷ᠎ᠡ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠪᠠ ᠬᠥᠭᠵᠢᠬᠦ ᠳᠤ ᠠᠰᠢᠭᠲᠠᠢ ᠭᠡᠷ ᠪᠦᠯᠢ ᠶᠢᠨ ᠣᠷᠴᠢᠨ ᠲᠣᠭᠤᠷᠢᠨ ᠢ ᠪᠣᠶ ᠪᠤᠯᠭᠠᠨ᠎ᠠ᠃      9᠂ ᠨᠠᠰᠤᠲᠠᠢ ᠡᠮᠡᠭᠲᠡᠶᠢᠴᠦᠳ ᠤᠨ ᠭᠡᠷ ᠪᠦᠯᠢ ᠶᠢᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠨᠠᠰᠤᠲᠠᠨ ᠢᠶᠠᠨ ᠠᠰᠠᠷᠠᠬᠤ᠂ ᠨᠠᠰᠤᠲᠠᠨ ᠢᠶᠠᠨ ᠠᠴᠢᠯᠠᠬᠤ᠂ ᠨᠠᠰᠤᠲᠠᠨ ᠢᠶᠠᠨ ᠬᠦᠨᠳᠦᠯᠡᠬᠦ ᠭᠡᠷ ᠪᠦᠯᠢ ᠶᠢᠨ ᠰᠠᠶᠢᠬᠠᠨ ᠰᠤᠷᠲᠠᠯ ᠢ ᠰᠠᠨᠠᠭᠠᠴᠢᠯᠠᠵᠤ᠂ ᠭᠡᠷ ᠪᠦᠯᠢ ᠶᠢᠨ ᠨᠠᠰᠤᠲᠠᠨ ᠢᠶᠠᠨ ᠠᠰᠠᠷᠠᠨ ᠲᠡᠵᠢᠭᠡᠬᠦ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠳᠡᠮᠵᠢᠨ᠎ᠡ᠃ ᠨᠠᠰᠤᠨ ᠳᠤ ᠬᠦᠷᠦᠭᠰᠡᠨ ᠦᠷ᠎ᠡ ᠬᠡᠦᠬᠡᠳ ᠤᠨ ᠨᠠᠰᠤᠲᠠᠢ ᠡᠴᠢᠭᠡ ᠡᠬᠡ ᠲᠠᠢ ᠪᠠᠨ ᠣᠶᠢᠷ᠎ᠠ ᠬᠠᠪᠢ ᠳᠠᠭᠠᠨ ᠰᠠᠭᠤᠬᠤ ᠪᠤᠶᠤ ᠬᠠᠮᠲᠤ ᠠᠮᠢᠳᠤᠷᠠᠬᠤ ᠶᠢ ᠵᠣᠷᠢᠭᠵᠢᠭᠤᠯᠵᠤ᠂ ᠨᠠᠰᠤᠲᠠᠶᠢᠴᠤᠳ ᠢᠶᠠᠨ ᠣᠷᠳᠣ ᠬᠤᠭᠤᠴᠠᠭ᠎ᠠ ᠪᠠᠷ ᠠᠰᠠᠷᠠᠨ ᠬᠠᠷᠠᠭᠠᠯᠵᠠᠵᠤ ᠪᠠᠶᠢᠭ᠎ᠠ ᠭᠡᠷ ᠪᠦᠯᠢ ᠶᠢᠨ ᠪᠦᠷᠢᠯᠳᠦᠭᠦᠨ ᠳᠡᠭᠡᠨ ︽ᠠᠮᠤᠰᠬᠢᠬᠦ ᠦᠢᠯᠡᠴᠢᠯᠡᠭᠡ︾ ᠬᠠᠩᠭᠠᠨ᠎ᠠ᠃ ᠬᠥᠮᠥᠨ ᠬᠡᠷᠡᠭᠯᠡᠬᠦ ᠨᠢᠭᠡᠴᠢ ᠶᠢ ᠱᠠᠯᠠᠪᠳᠠᠭᠤᠯᠵᠦ ᠪᠠᠶᠢᠭᠠᠳ ᠠᠴᠢᠯᠠᠨ ᠲᠡᠵᠢᠭᠡᠬᠦ ᠡᠭᠦᠷᠭᠡᠲᠦ ᠬᠥᠮᠥᠨ ᠤ ᠲᠦᠷᠦᠯ ᠰᠠᠳᠤᠨ ᠢᠶᠠᠨ ᠡᠷᠭᠢᠵᠦ ᠦᠵᠡᠬᠦ ᠪᠠ ᠠᠮᠠᠷᠠᠯᠲᠠ ᠶᠢᠨ ᠴᠢᠯᠦᠭᠡ ᠠᠪᠬᠤ ᠡᠷᠬᠡ ᠶᠢ ᠪᠠᠲᠤᠯᠠᠵᠤ᠂ ᠦᠷ᠎ᠡ ᠬᠡᠦᠬᠡᠳ ᠢᠶᠠᠨ ᠠᠰᠠᠷᠠᠨ ᠰᠤᠪᠢᠯᠠᠬᠤ ᠴᠢᠯᠦᠭᠡᠨ ᠤ ᠳᠦᠷᠢᠮ ᠪᠠᠶᠢᠭᠤᠯᠬᠤ ᠶᠢ ᠲᠦᠯᠬᠢᠨ ᠠᠬᠢᠭᠤᠯᠤᠨ᠎ᠠ᠃ ᠭᠡᠷ ᠲᠡᠭᠡᠨ ᠰᠠᠭᠤᠵᠤ ᠪᠠᠶᠢᠭ᠎ᠠ ᠨᠡᠶᠢᠭᠡᠮ ᠲᠣᠭᠤᠷᠢᠭ ᠤᠨ ᠪᠠᠶᠢᠭᠤᠯᠤᠮᠵᠢ ᠶᠢ ᠬᠠᠷᠢᠯᠴᠠᠨ ᠵᠣᠬᠢᠴᠠᠭᠤᠯᠤᠭᠰᠠᠨ᠂ ᠡᠮᠴᠢᠯᠡᠭᠡ ᠰᠤᠪᠢᠯᠠᠯᠲᠠ ᠡᠷᠡᠭᠦᠯᠵᠢᠯ ᠰᠤᠪᠢᠯᠠᠯᠲᠠ ᠶᠢ ᠬᠠᠷᠢᠯᠴᠠᠨ ᠤᠶᠠᠯᠳᠤᠭᠤᠯᠤᠭᠰᠠᠨ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮᠵᠢ ᠪᠠ ᠡᠷᠡᠭᠦᠯ ᠮᠡᠨᠳᠦ ᠶᠢᠨ ᠲᠤᠯᠭᠠᠭᠤᠷᠢᠯᠠᠯ ᠤᠨ ᠰᠢᠰᠲ᠋ᠧᠮᠵᠢ ᠶᠢ ᠪᠠᠶᠢᠭᠤᠯᠤᠨ᠎ᠠ᠃ ᠰᠤᠪᠢᠯᠠᠯᠲᠠ ᠶᠢᠨ ᠬᠦᠷᠢᠶᠡᠯᠡᠩ ︵ᠲᠥᠪ᠂ ᠥᠷᠲᠡᠭᠡ︶᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠵᠡᠷᠭᠡ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠵᠢᠴᠢ ᠦᠢᠯᠡᠴᠢᠯᠡᠭᠡᠨ ᠤ ᠴᠢᠳᠠᠪᠤᠷᠢ ᠲᠠᠢ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠳᠤ ᠲᠦᠰᠢᠭᠯᠡᠨ᠂ ᠴᠢᠳᠠᠪᠤᠷᠢ ᠪᠠᠨ ᠠᠯᠳᠠᠭᠰᠠᠨ ᠨᠠᠰᠤᠲᠠᠶᠢᠴᠤᠳ ᠲᠤ ᠣᠷᠳᠣ ᠬᠤᠭᠤᠴᠠᠭ᠎ᠠ ᠪᠠᠷ ᠬᠠᠷᠠᠭᠠᠯᠵᠠᠨ ᠠᠰᠠᠷᠠᠬᠤ ᠦᠢᠯᠡᠴᠢᠯᠡᠭᠡ ᠬᠠᠩᠭᠠᠨ᠎ᠠ᠃ ᠨᠠᠰᠤᠲᠠᠶᠢᠴᠤᠳ ᠲᠤ ᠬᠤᠯᠪᠣᠭᠳᠠᠭᠰᠠᠨ ᠤᠷᠤᠭ ᠭᠡᠷ ᠪᠦᠯᠢ᠂ ᠡᠷᠬᠡ ᠳᠤ ᠬᠠᠯᠳᠠᠭᠰᠠᠨ ᠵᠡᠷᠭᠡ ᠵᠥᠷᠢᠴᠡᠯ ᠵᠢᠭᠤᠷᠠᠯᠳᠤᠭᠠᠨ ᠢ ᠤᠷᠢᠳᠴᠢᠯᠠᠨ ᠰᠡᠷᠡᠮᠵᠢᠯᠡᠭᠦᠯᠬᠦ᠂ ᠵᠢᠭᠰᠠᠭᠠᠨ ᠪᠠᠶᠢᠴᠠᠭᠠᠬᠤ᠂ ᠡᠶᠡᠳᠡᠭᠦᠯᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠪᠤᠭᠤᠷᠤᠯᠴᠤᠳ ᠤᠨ ᠠᠵᠤ ᠠᠬᠤᠢ ᠶᠢ ᠢᠳᠡᠪᠬᠢᠲᠡᠢ ᠪᠠᠷ ᠪᠣᠶᠢᠵᠢᠭᠤᠯᠤᠨ᠂ ᠨᠠᠰᠤᠲᠠᠢ ᠡᠮᠡᠭᠲᠡᠶᠢᠴᠦᠳ ᠤᠨ  ᠲᠣᠰ ᠪᠡᠶ᠎ᠡ ᠶᠢᠨ ᠪᠣᠳᠠᠲᠠᠢ ᠲᠠᠢ ᠪᠠᠨ ᠤᠶᠠᠯᠳᠤᠭᠤᠯᠤᠨ ᠦᠢᠯᠡᠳᠦᠯ ᠪᠠᠳᠠᠷᠠᠭᠤᠯᠬᠤ ᠶᠢ ᠬᠥᠲᠥᠯᠥᠨ  ᠵᠢᠯᠤᠭᠤᠳᠤᠨ᠎ᠠ᠃       10᠂ ᠤᠷᠤᠭ ᠭᠡᠷ ᠪᠦᠯᠢ ᠶᠢᠨ ᠵᠢᠭᠤᠷᠠᠯᠳᠤᠭᠠᠨ ᠢ ᠰᠡᠷᠭᠡᠶᠢᠯᠡᠨ ᠠᠷᠢᠯᠭᠠᠬᠤ ᠠᠵᠢᠯ ᠢ ᠴᠢᠩᠭᠠᠳᠬᠠᠨ᠎ᠠ᠃ ᠤᠷᠤᠭ ᠭᠡᠷ ᠪᠦᠯᠢ ᠶᠢᠨ ᠵᠢᠭᠤᠷᠠᠯᠳᠤᠭᠠᠨ ᠢ ᠰᠡᠷᠭᠡᠶᠢᠯᠡᠨ ᠠᠷᠢᠯᠭᠠᠬᠤ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠭᠡᠷ ᠪᠦᠯᠢ ᠶᠢᠨ ᠬᠦᠴᠦᠷᠬᠡᠭᠯᠡᠯ ᠢ ᠰᠡᠷᠭᠡᠶᠢᠯᠡᠨ ᠬᠤᠷᠢᠭᠯᠠᠵᠤ᠂ ᠶᠡᠷᠦᠩᠬᠡᠶᠢᠯᠡᠨ ᠵᠠᠰᠠᠬᠤ ᠲᠥᠪ ᠪᠠ ᠲᠣᠣᠷᠵᠢᠭᠤᠯᠤᠭᠰᠠᠨ ᠦᠢᠯᠡᠴᠢᠯᠡᠭᠡ ᠬᠠᠮᠢᠶᠠᠷᠤᠯᠲᠠ ᠶᠢᠨ ᠦᠢᠯᠡᠳᠦᠯ ᠢ ᠪᠠᠳᠠᠷᠠᠭᠤᠯᠵᠤ᠂ ᠵᠣᠯᠭᠠᠯᠳᠤᠭᠤᠯᠤᠨ ᠬᠤᠯᠪᠣᠯᠳᠤᠭᠤᠯᠬᠤ ᠶᠢ ᠴᠢᠩᠭᠠᠳᠬᠠᠵᠤ᠂ ᠤᠷᠤᠭ ᠭᠡᠷ ᠪᠦᠯᠢ ᠶᠢᠨ ᠵᠢᠭᠤᠷᠠᠯᠳᠤᠭᠠᠨ ᠢ ᠤᠷᠢᠳᠴᠢᠯᠠᠨ ᠵᠢᠱᠢᠵᠦ ᠤᠷᠢᠳᠴᠢᠯᠠᠨ ᠰᠡᠷᠭᠡᠶᠢᠯᠡᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠵᠢᠭᠤᠷᠠᠯᠳᠤᠭᠠᠨ ᠢ ᠳᠠᠷᠠᠭᠠᠯᠠᠨ ᠪᠠᠶᠢᠴᠠᠭᠠᠵᠤ ᠡᠶᠡᠳᠡᠭᠦᠯᠦᠨ ᠰᠢᠢᠳᠪᠦᠷᠢᠯᠡᠬᠦ ᠳᠦᠷᠢᠮ ᠢ ᠪᠦᠷᠢᠨᠰᠢᠭᠦᠯᠦᠨ᠎ᠡ᠃ ᠤᠷᠤᠭ ᠭᠡᠷ ᠪᠦᠯᠢ ᠶᠢᠨ ᠵᠢᠭᠤᠷᠠᠯᠳᠤᠭᠠᠨ ᠢ ᠠᠷᠠᠳ ᠤᠨ ᠡᠶᠡᠳᠡᠭᠦᠯᠬᠦ ᠺᠣᠮᠢᠰ ᠢ ᠪᠠᠶᠢᠭᠤᠯᠵᠤ᠂ ︽ᠤᠷᠤᠭ ᠭᠡᠷ ᠪᠦᠯᠢ ᠶᠢᠨ ᠵᠢᠭᠤᠷᠠᠯᠳᠤᠭᠠᠨ ᠢ ᠡᠶᠡᠳᠡᠭᠦᠯᠬᠦ ᠠᠵᠢᠯ ᠤᠨ ᠵᠦᠭᠯᠡᠭᠦᠷ︾᠎ ᠤᠨ ᠶᠣᠰᠣᠭᠠᠷ ᠵᠢᠷᠤᠮᠵᠢᠭᠰᠠᠨ᠂ ᠲᠤᠰᠬᠠᠶᠢᠵᠢᠭᠰᠠᠨ ᠦᠢᠯᠡᠴᠢᠯᠡᠭᠡ ᠬᠠᠩᠭᠠᠨ᠎ᠠ᠃ ᠤᠷᠤᠭ ᠭᠡᠷ ᠪᠦᠯᠢ ᠶᠢᠨ ᠵᠢᠭᠤᠷᠠᠯᠳᠤᠭᠠᠨ ᠢ ᠡᠶᠡᠳᠡᠭᠦᠯᠬᠦ ᠶᠢ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠵᠢᠯᠣᠭᠤᠳᠤᠯᠭ᠎ᠠ ᠶᠢᠨ ᠴᠢᠨᠠᠷᠲᠠᠢ ᠭᠠᠷᠴᠠᠭ ᠲᠤ ᠣᠷᠣᠭᠤᠯᠬᠤ ᠶᠢ ᠲᠦᠯᠬᠢᠨ ᠠᠬᠢᠭᠤᠯᠤᠨ᠎ᠠ᠃ ᠤᠷᠤᠭ ᠭᠡᠷ ᠪᠦᠯᠢ ᠶᠢᠨ ᠵᠢᠭᠤᠷᠠᠯᠳᠤᠭᠠᠨ ᠢ ᠵᠠᠭᠠᠯᠳᠤᠬᠤ ᠠᠴᠠ ᠡᠮᠦᠨ᠎ᠡ ᠡᠶᠡᠳᠡᠭᠦᠯᠬᠦ ᠠᠵᠢᠯ ᠢ ᠢᠳᠡᠪᠬᠢᠲᠡᠢ ᠬᠠᠮᠵᠢᠯᠴᠠᠨ  ᠦᠷᠨᠢᠭᠦᠯᠦᠨ᠎ᠡ᠃ ᠨᠡᠶᠢᠭᠡᠮ ᠲᠣᠭᠤᠷᠢᠭ ᠤᠨ ᠣᠷᠤᠭ ᠭᠡᠷ ᠪᠦᠯᠢ ᠶᠢᠨ ᠵᠢᠭᠤᠷᠠᠯᠳᠤᠭᠠᠨ ᠢ ᠡᠶᠡᠳᠡᠭᠦᠯᠬᠦ ᠠᠵᠢᠯ ᠤᠨ ᠲᠠᠰᠤᠭ ᠪᠠᠶᠢᠭᠤᠯᠬᠤ ᠶᠢ ᠵᠣᠷᠢᠭᠵᠢᠭᠤᠯᠵᠤ᠂ ᠣᠯᠠᠨ ᠲᠦᠮᠡᠨ ᠳᠤ ᠣᠶᠢᠷ᠎ᠠ ᠬᠠᠪᠢ ᠳᠠᠭᠠᠨ ᠲᠥᠬᠦᠮ ᠦᠵᠡᠭᠦᠯᠬᠦ ᠲᠤᠰᠬᠠᠢ ᠮᠡᠷᠭᠡᠵᠢᠯ ᠤᠨ ᠡᠶᠡᠳᠡᠭᠦᠯᠬᠦ ᠦᠢᠯᠡᠴᠢᠯᠡᠭᠡ ᠬᠠᠩᠭᠠᠨ᠎ᠠ᠃ ᠭᠡᠷ ᠤᠨ ᠶᠠᠪᠤᠳᠠᠯ ᠤᠨ ᠰᠢᠭᠦᠨ ᠲᠠᠰᠤᠯᠬᠤ ᠳᠦᠷᠢᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠵᠠᠭᠠᠯᠳᠤᠬᠤ ᠪᠠ ᠡᠶᠡᠳᠡᠭᠦᠯᠬᠦ ᠶᠢ ᠵᠣᠯᠭᠠᠭᠤᠯᠬᠤ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠭᠡᠷ ᠤᠨ ᠶᠠᠪᠤᠳᠠᠯ ᠤᠨ ᠵᠢᠭᠤᠷᠠᠯᠳᠤᠭᠠᠨ ᠢ ᠶᠡᠷᠦᠩᠬᠡᠶᠢᠯᠡᠨ ᠵᠣᠬᠢᠴᠠᠭᠤᠯᠤᠨ ᠰᠢᠢᠳᠪᠦᠷᠢᠯᠡᠬᠦ ᠰᠢᠨ᠎ᠡ ᠮᠠᠶ᠋ᠢᠭ ᠤᠨ ᠵᠠᠭᠪᠤᠷ ᠢ ᠪᠤᠢ ᠪᠣᠯᠭᠠᠨ᠎ᠠ᠃ ᠤᠷᠤᠭ ᠭᠡᠷ ᠪᠦᠯᠢ ᠶᠢᠨ ᠵᠢᠭᠤᠷᠠᠯᠳᠤᠭᠠᠨ ᠤ ᠡᠮᠡᠭᠲᠡᠶᠢᠴᠦᠳ ᠤᠨ ᠬᠥᠭᠵᠢᠯᠲᠡ ᠳᠤ ᠦᠵᠡᠭᠦᠯᠬᠦ ᠠᠰᠢᠭ ᠦᠭᠡᠢ ᠨᠥᠯᠥᠭᠡ ᠶᠢ ᠪᠠᠭᠤᠷᠠᠭᠤᠯᠤᠨ᠎ᠠ᠃      (ᠲᠤᠯᠤᠭ᠎ᠠ) ᠡᠮᠡᠭᠲᠡᠶᠢᠴᠦᠳ ᠬᠢᠭᠡᠳ ᠣᠷᠴᠢᠨ ᠲᠣᠭᠤᠷᠢᠨ      ᠭᠤᠣᠯ ᠬᠠᠷᠠᠯᠲᠠ᠄      1᠂ ᠡᠮᠡᠭᠲᠡᠶᠢᠴᠦᠳ ᠤᠨ ᠦᠵᠡᠯ ᠰᠠᠨᠠᠭ᠎ᠠ ᠤᠯᠤᠰ ᠲᠥᠷᠥ ᠶᠢᠨ ᠦᠵᠡᠯ ᠤᠬᠠᠮᠰᠠᠷ ᠢ ᠳᠡᠭᠡᠭᠰᠢᠯᠡᠭᠦᠯᠵᠦ᠂ ᠡᠮᠡᠭᠲᠡᠶᠢᠴᠦᠳ ᠢ ᠬᠥᠲᠥᠯᠥᠨ ᠵᠢᠯᠤᠭᠤᠳᠴᠤ ᠪᠠᠶᠢᠭᠠᠳ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠢᠳᠡᠪᠬᠢᠲᠡᠢ ᠦᠢᠯᠡᠳᠦᠯᠭᠡᠵᠢᠭᠦᠯᠦᠨ᠎ᠡ᠃      2᠂ ᠪᠥᠬᠦ ᠨᠡᠶᠢᠭᠡᠮ ᠤᠨ ᠬᠦᠢᠰᠦ ᠶᠢᠨ ᠢᠯᠭᠠᠯ ᠤᠨ ᠡᠷᠬᠡ ᠲᠡᠭᠰᠢ ᠪᠠᠶᠢᠬᠤ ᠦᠵᠡᠯ ᠤᠬᠠᠮᠰᠠᠷ ᠢ ᠳᠡᠭᠡᠭᠰᠢᠯᠡᠭᠦᠯᠵᠦ᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠶᠢᠨ ᠤᠬᠠᠭᠤᠯᠭ᠎ᠠ ᠬᠥᠮᠦᠵᠢᠯ ᠢ ᠪᠠᠶᠢᠭᠤᠯᠭ᠎ᠠ᠂ ᠰᠤᠷᠭᠠᠭᠤᠯᠢ᠂ ᠠᠵᠤ ᠠᠬᠤᠶᠢᠯᠠᠯ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ᠂ ᠭᠡᠷ ᠪᠦᠯᠢ ᠳᠤ ᠣᠷᠣᠭᠤᠯᠬᠤ ᠶᠢ ᠠᠬᠢᠭᠤᠯᠤᠨ᠎ᠠ᠃      3᠂ ᠰᠣᠶᠣᠯ ᠬᠢᠭᠡᠳ ᠤᠯᠠᠮᠵᠢᠯᠠᠬᠤ ᠵᠠᠭᠤᠴᠢ ᠶᠢᠨ ᠬᠦᠷᠢᠶᠡᠨ ᠳᠠᠬᠢ ᠬᠦᠢᠰᠦ ᠶᠢᠨ ᠢᠯᠭᠠᠯ ᠤᠨ ᠡᠷᠬᠡ ᠲᠡᠭᠰᠢ ᠪᠠᠶᠢᠬᠤ ᠶᠢ ᠦᠨᠡᠯᠡᠨ ᠵᠢᠱᠢᠬᠦ ᠪᠠ ᠬᠢᠨᠠᠨ ᠬᠠᠮᠢᠶᠠᠷᠬᠤ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃      4᠂ ᠡᠮᠡᠭᠲᠡᠶᠢᠴᠦᠳ ᠤᠨ ᠵᠠᠭᠤᠴᠢᠯᠠᠭᠤᠷ ᠤᠨ ᠬᠡᠪ ᠪᠣᠯᠪᠠᠰᠤᠷᠠᠯ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠡᠮᠡᠭᠲᠡᠶᠢᠴᠦᠳ ᠤᠨ ᠮᠡᠳᠡᠭᠡ ᠵᠠᠩᠭᠢ ᠶᠢᠨ ᠮᠡᠷᠭᠡᠵᠢᠯ ᠢ ᠠᠰᠢᠭᠯᠠᠨ ᠰᠢᠨ᠎ᠡ ᠴᠠᠭ ᠦᠶ᠎ᠡ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠣᠷᠤᠯᠴᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃      5᠂ ᠡᠮᠡᠭᠲᠡᠶᠢᠴᠦᠳ ᠤᠨ ᠠᠮᠢ ᠠᠬᠤᠢ ᠶᠢᠨ ᠪᠣᠯᠪᠠᠰᠤᠨ ᠤ ᠤᠬᠠᠮᠰᠠᠷ ᠢ ᠳᠡᠭᠡᠭᠰᠢᠯᠡᠭᠦᠯᠵᠦ᠂ ᠡᠮᠡᠭᠲᠡᠶᠢᠴᠦᠳ ᠤᠨ ᠪᠣᠬᠢᠷᠳᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠬᠦ ᠶᠢ ᠠᠬᠢᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠠᠬᠢᠭᠤᠯᠤᠭᠴᠢ ᠪᠠ ᠦᠢᠯᠡᠳᠦᠯᠭᠡᠵᠢᠭᠦᠯᠦᠭᠴᠢ ᠪᠤᠯᠭᠠᠨ᠎ᠠ᠃      6᠂ ᠬᠤᠲᠠ ᠬᠥᠳᠡᠭᠡ ᠶᠢᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠤᠨ᠎ᠠ᠃ ᠭᠤᠣᠯ ᠪᠣᠯᠬᠤ ᠪᠣᠬᠢᠷᠳᠤᠯ ᠢ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠦᠷᠭᠦᠯᠵᠢᠯᠡᠨ ᠪᠠᠭᠠᠰᠬᠠᠨ᠎ᠠ᠃      7᠂ ᠬᠥᠳᠡᠭᠡ ᠲᠣᠰᠬᠤᠨ ᠤ ᠲᠦᠭᠡᠭᠡᠯ ᠤᠰᠤᠨ ᠤ ᠲᠦᠭᠡᠮᠡᠯᠵᠢᠯᠲᠡ ᠶᠢᠨ ᠨᠣᠷᠮ᠎ᠠ ᠶᠢ 95% ᠎ ᠠᠴᠠ ᠳᠡᠭᠡᠭᠰᠢ ᠪᠠᠶᠢᠯᠭᠠᠵᠤ᠂ ᠬᠤᠲᠠ ᠶᠢᠨ ᠤᠤᠭᠤᠬᠤ ᠤᠰᠤᠨ ᠤ ᠴᠢᠨᠠᠷ ᠢ ᠳᠡᠭᠡᠭᠰᠢᠯᠡᠭᠦᠯᠦᠨ᠂ ᠤᠰᠤᠨ ᠤ ᠪᠣᠬᠢᠷᠳᠤᠯ ᠤᠨ ᠡᠮᠡᠭᠲᠡᠶᠢᠴᠦᠳ ᠤᠨ ᠡᠷᠡᠭᠦᠯ ᠮᠡᠨᠳᠦ ᠳᠤ ᠤᠴᠠᠷᠠᠭᠤᠯᠬᠤ ᠬᠤᠣᠷ ᠬᠥᠨᠥᠭᠡᠯ ᠢ ᠪᠠᠭᠠᠰᠬᠠᠨ᠎ᠠ᠃      8᠂ ᠬᠥᠳᠡᠭᠡ ᠲᠣᠰᠬᠤᠨ ᠤ ᠠᠷᠢᠭᠤᠨ ᠴᠡᠪᠡᠷ ᠵᠣᠷᠯᠣᠩ ᠤᠨ ᠲᠦᠭᠡᠮᠡᠯᠵᠢᠯᠲᠡ ᠶᠢᠨ ᠨᠣᠷᠮ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠬᠤᠲᠠ ᠪᠠᠯᠭᠠᠰᠤ ᠶᠢᠨ ᠣᠯᠠᠨ ᠨᠡᠶᠢᠲᠡ ᠶᠢᠨ ᠵᠣᠷᠯᠣᠩ ᠤᠨ ᠡᠷᠡᠭᠲᠡᠢ ᠡᠮᠡᠭᠲᠡᠢ ᠶᠢᠨ ᠵᠣᠷᠯᠣᠩ ᠤᠨ ᠪᠠᠶᠢᠷᠢ ᠶᠢᠨ ᠬᠠᠷᠢᠴᠠᠯ ᠢ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢ ᠪᠣᠳᠠᠲᠠᠢ ᠬᠡᠷᠡᠭᠴᠡᠭᠡ ᠱᠠᠭᠠᠷᠳᠠᠯᠭ᠎ᠠ ᠯᠤᠭ᠎ᠠ ᠲᠤᠬᠢᠷᠠᠭᠤᠯᠤᠨ᠎ᠠ᠃      9᠂ ᠬᠤᠭ ᠨᠣᠪᠰᠢ ᠶᠢ ᠲᠦᠷᠦᠯ ᠬᠤᠪᠢᠶᠠᠬᠤ ᠶᠢ ᠬᠡᠷᠡᠭᠵᠢᠭᠦᠯᠵᠦ᠂ ᠡᠮᠡᠭᠲᠡᠶᠢᠴᠦᠳ ᠤᠨ ᠠᠮᠢᠳᠤᠷᠠᠯ ᠤᠨ ᠣᠷᠴᠢᠨ ᠨᠥᠬᠦᠴᠡᠯ ᠢ ᠰᠠᠶᠢᠵᠢᠷᠠᠭᠤᠯᠤᠨ᠎ᠠ᠃      10᠂ ᠡᠮᠡᠭᠲᠡᠶᠢᠴᠦᠳ ᠤᠨ ᠭᠡᠨᠡᠳᠲᠡ ᠶᠢᠨ ᠬᠡᠷᠡᠭ ᠢ ᠠᠷᠭᠠᠴᠠᠬᠤ ᠴᠢᠳᠠᠪᠤᠷᠢ ᠲᠠᠰᠤᠷᠠᠯᠲᠠ ᠦᠭᠡᠢ ᠳᠡᠭᠡᠭᠰᠢᠯᠡᠵᠦ᠂ ᠦᠢᠯᠡᠳᠦᠯ ᠢᠶᠠᠨ ᠪᠠᠳᠠᠷᠠᠭᠤᠯᠤᠨ᠂ ᠤᠨᠴᠠᠭᠠᠢ ᠬᠡᠷᠡᠭᠴᠡᠭᠡ ᠱᠠᠭᠠᠷᠳᠠᠯᠭ᠎ᠠ ᠪᠠᠨ ᠬᠠᠩᠭᠠᠨ᠎ᠠ᠃      11᠂ ᠡᠮᠡᠭᠲᠡᠶᠢᠴᠦᠳ ᠤᠨ ᠬᠦᠷᠢᠶᠡᠨ ᠳᠠᠬᠢ ᠤᠯᠤᠰ ᠤᠨ ᠳᠣᠲᠣᠭᠠᠳᠤ ᠭᠠᠳᠠᠭᠠᠳᠤ ᠶᠢᠨ ᠰᠣᠯᠢᠯᠴᠠᠭ᠎ᠠ ᠪᠠ ᠬᠠᠮᠲᠤᠷᠠᠯᠴᠠᠭ᠎ᠠ ᠳᠤ ᠥᠷᠭᠡᠨ ᠢᠶᠠᠷ  ᠤᠷᠤᠯᠴᠠᠭᠤᠯᠤᠨ᠎ᠠ᠃      ᠠᠷᠭ᠎ᠠ ᠪᠣᠳᠣᠯᠭ᠎ᠠ ᠠᠷᠭ᠎ᠠ ᠬᠡᠮᠵᠢᠶ᠎ᠡ᠄      1᠂ ᠡᠮᠡᠭᠲᠡᠶᠢᠴᠦᠳ ᠎ ᠤᠨ ᠦᠵᠡᠯ ᠰᠠᠨᠠᠭ᠎ᠠ ᠤᠯᠤᠰ ᠲᠥᠷᠥ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠨ᠎ᠠ᠃ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠡᠮᠡᠭᠲᠡᠶᠢᠴᠦᠳ ᠢ ᠬᠥᠲᠥᠯᠥᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠪᠠ ᠳᠤᠮᠳᠠᠳᠤ ᠤᠯᠤᠰ ᠤᠨ ᠵᠡᠭᠦᠳᠦ ᠶᠢᠨ ᠤᠬᠠᠭᠤᠯᠭ᠎ᠠ ᠬᠥᠮᠦᠵᠢᠯ ᠢ ᠦᠷᠭᠦᠯᠵᠢᠯᠡᠨ ᠥᠷᠨᠢᠭᠦᠯᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ᠂ ᠭᠤᠣᠯ ᠤᠷᠤᠰᠬᠠᠯ ᠤᠨ ᠵᠠᠭᠤᠴᠢᠯᠠᠭᠤᠷ᠂ ᠡᠮᠡᠭᠲᠡᠶᠢᠴᠦᠳ ᠤᠨ ᠭᠡᠷ ᠪᠦᠯᠢ ᠵᠡᠷᠭᠡ ᠵᠢᠭᠰᠠᠭᠠᠯ ᠤᠨ ᠭᠠᠵᠠᠷ ᠤᠨ ᠦᠢᠯᠡᠳᠦᠯ ᠢ ᠪᠠᠳᠠᠷᠠᠭᠤᠯᠵᠤ᠂ ᠬᠦᠰᠡᠯ ᠢᠲᠡᠭᠡᠯ ᠤᠨ ᠬᠥᠮᠦᠵᠢᠯ ᠢ ᠪᠠᠶᠢᠩᠭᠤᠵᠢᠭᠤᠯᠤᠨ ᠳᠦᠷᠢᠮᠵᠢᠭᠦᠯᠬᠦ ᠶᠢ ᠠᠬᠢᠭᠤᠯᠵᠤ᠂ ᠨᠠᠮ ᠪᠠ ᠠᠷᠠᠳ ᠲᠦᠮᠡᠨ ᠤ ᠡᠯ᠎ᠡ ᠲᠡᠦᠬᠡᠨ ᠴᠠᠭ ᠦᠶ᠎ᠡ ᠶᠢᠨ ᠲᠡᠮᠡᠴᠡᠯ ᠤᠨ ᠳᠤᠮᠳᠠ ᠪᠦᠷᠢᠯᠳᠦᠭᠦᠯᠦᠭᠰᠡᠨ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ᠂ ᠡᠮᠡᠭᠲᠡᠶᠢᠴᠦᠳ ᠤᠨ ᠲᠡᠦᠬᠡ ᠶᠢᠨ ᠬᠠᠷᠢᠭᠤᠴᠠᠯᠭᠠᠲᠤ ᠰᠡᠳᠬᠢᠯᠭᠡ ᠪᠠ ᠡᠵᠡᠨ ᠬᠥᠮᠥᠨ ᠤ ᠵᠣᠷᠢᠭ ᠰᠠᠨᠠᠭ᠎ᠠ ᠶᠢ ᠬᠥᠭᠵᠢᠭᠡᠵᠦ᠂ ᠡᠮᠡᠭᠲᠡᠶᠢᠴᠦᠳ ᠤᠨ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ ᠶᠢ ᠬᠥᠲᠥᠯᠥᠨ ᠵᠢᠯᠣᠭᠤᠳᠤᠨ᠎ᠠ᠃ ᠰᠤᠷᠭᠠᠨ ᠬᠥᠮᠦᠵᠢᠯ ᠤᠨ ᠬᠠᠷᠢᠯᠴᠠᠭᠠᠨ ᠤ ᠦᠢᠯᠡᠴᠢᠯᠡᠭᠡ ᠪᠠᠷ ᠳᠠᠮᠵᠢᠭᠤᠯᠤᠨ᠂ ᠵᠠᠯᠠᠭᠤ ᠡᠮᠡᠭᠲᠡᠶᠢᠴᠦᠳ᠂ ᠰᠡᠬᠡᠭᠡᠲᠡᠨ ᠡᠮᠡᠭᠲᠡᠶᠢᠴᠦᠳ᠂ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠤᠨ ᠠᠵᠢᠯ ᠡᠷᠭᠢᠯᠡᠵᠦ ᠪᠠᠶᠢᠭ᠎ᠠ ᠡᠮᠡᠭᠲᠡᠶᠢᠴᠦᠳ ᠪᠠ ᠰᠦᠯᠵᠢᠶᠡᠨ ᠤ ᠣᠷᠣᠨ ᠵᠠᠢ ᠳᠤ ᠢᠳᠡᠪᠬᠢᠲᠡᠢ ᠠᠵᠢᠯᠯᠠᠵᠤ ᠪᠠᠶᠢᠭ᠎ᠠ ᠡᠮᠡᠭᠲᠡᠶᠢᠴᠦᠳ ᠢ ᠨᠢᠭᠲᠠᠷᠠᠭᠤᠯᠤᠨ᠎ᠠ᠃ ᠡᠮᠡᠭᠲᠡᠶᠢᠴᠦᠳ ᠤᠨ ᠲᠡᠷᠢᠭᠦᠨ ᠤ ᠬᠠᠮᠲᠤ ᠪᠠ ᠬᠤᠪᠢ ᠬᠥᠮᠥᠨ ᠢ ᠬᠥᠮᠥᠵᠢᠭᠦᠯᠬᠦ᠂ ᠰᠢᠯᠭᠠᠷᠠᠭᠤᠯᠬᠤ᠂ ᠬᠥᠬᠢᠭᠦᠯᠦᠨ ᠰᠠᠶᠢᠰᠢᠶᠠᠬᠤ᠂ ᠤᠬᠠᠭᠤᠯᠬᠤ ᠪᠠᠷ ᠳᠠᠮᠵᠢᠭᠤᠯᠤᠨ᠂ ᠡᠮᠡᠭᠲᠡᠶᠢᠴᠦᠳ ᠤᠨ ᠲᠡᠷᠢᠭᠦᠨ ᠤ ᠬᠢ ᠶᠢ ᠡᠷᠬᠢᠮᠯᠡᠬᠦ᠂ ᠲᠡᠷᠢᠭᠦᠨ ᠤ ᠎ ᠬᠢ ᠠᠴᠠ ᠰᠤᠷᠤᠯᠴᠠᠬᠤ᠂ ᠲᠡᠷᠢᠭᠦᠨ ᠤ ᠬᠢ ᠪᠣᠯᠬᠤ ᠪᠠᠷ ᠴᠢᠷᠮᠠᠶᠢᠬᠤ ᠶᠢ  ᠵᠤᠷᠢᠭᠵᠢᠭᠤᠯᠤᠨ᠎ᠠ᠃      2᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠪᠠᠷ ᠭᠤᠣᠯ ᠪᠣᠯᠭᠠᠭᠰᠠᠨ ᠲᠡᠷᠢᠭᠦᠨ ᠤ ᠬᠦᠢᠰᠦ ᠶᠢᠨ ᠢᠯᠭᠠᠯ ᠤᠨ ᠰᠣᠶᠣᠯ ᠤᠨ ᠤᠬᠠᠭᠤᠯᠭ᠎ᠠ ᠬᠥᠮᠦᠵᠢᠯ ᠢ ᠥᠷᠨᠢᠭᠦᠯᠦᠨ᠎ᠡ᠃ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠪᠠᠷ ᠭᠤᠣᠯ ᠪᠣᠯᠭᠠᠭᠰᠠᠨ ᠬᠦᠢᠰᠦ ᠶᠢᠨ ᠢᠯᠭᠠᠯ ᠤᠨ ᠲᠡᠷᠢᠭᠦᠨ ᠤ ᠰᠣᠶᠣᠯ ᠢ ᠨᠡᠶᠢᠭᠡᠮ ᠳᠠᠶᠠᠭᠠᠷ ᠲᠤ ᠶᠡᠬᠡᠪᠡᠷ ᠰᠠᠨᠠᠭᠠᠴᠢᠯᠠᠵᠤ᠂ ᠪᠦᠬᠦ ᠨᠡᠶᠢᠭᠡᠮ ᠤᠨ ᠬᠦᠢᠰᠦ ᠶᠢᠨ ᠢᠯᠭᠠᠯ ᠤᠨ ᠡᠷᠬᠡ ᠲᠡᠭᠰᠢ ᠪᠠᠶᠢᠬᠤ ᠤᠬᠠᠮᠰᠠᠷ ᠢ ᠳᠡᠭᠡᠭᠰᠢᠯᠡᠭᠦᠯᠵᠦ᠂ ᠡᠮᠡᠭᠲᠡᠶᠢᠴᠦᠳ ᠢ ᠬᠦᠨᠳᠦᠳᠬᠡᠬᠦ ᠪᠠ ᠡᠷᠡᠭᠲᠡᠢ ᠡᠮᠡᠭᠲᠡᠢ ᠬᠤᠶᠠᠷ ᠬᠦᠢᠰᠦᠲᠡᠨ ᠤ ᠡᠷᠬᠡ ᠲᠡᠭᠰᠢ ᠬᠥᠭᠵᠢᠯᠲᠡ ᠶᠢ ᠠᠬᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ ᠲᠡᠷᠢᠭᠦᠨ ᠤ ᠴᠢᠨᠠᠷ ᠤᠨ ᠢᠯᠭᠠᠯ ᠤᠨ ᠰᠣᠶᠣᠯ ᠢ ᠪᠠᠶᠢᠭᠤᠯᠬᠤ ᠶᠢ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠴᠡᠴᠡᠭᠯᠡᠭᠦᠯᠦᠨ ᠬᠥᠭᠵᠢᠭᠦᠯᠬᠦ ᠳᠦᠷᠢᠮ ᠤᠨ ᠰᠢᠰᠲ᠋ᠧᠮ ᠳᠤ ᠤᠷᠤᠭᠤᠯᠤᠨ᠎ᠠ᠃ ᠰᠢᠨ᠎ᠡ ᠴᠠᠭ ᠦᠶ᠎ᠡ ᠶᠢᠨ ᠡᠮᠡᠭᠲᠡᠶᠢᠴᠦᠳ ᠤᠨ ᠨᠡᠶᠢᠭᠡᠮ ᠤᠨ ᠠᠮᠢᠳᠤᠷᠠᠯ ᠪᠠ ᠭᠡᠷ ᠪᠦᠯᠢ ᠶᠢᠨ ᠠᠮᠢᠳᠤᠷᠠᠯ ᠳᠠᠬᠢ ᠥᠪᠡᠷᠮᠢᠴᠡ ᠦᠢᠯᠡᠳᠦᠯ ᠢ ᠶᠡᠬᠡᠪᠡᠷ ᠤᠬᠠᠭᠤᠯᠵᠤ᠂ ᠡᠮᠡᠭᠲᠡᠶᠢᠴᠦᠳ ᠤᠨ ᠥᠪᠡᠷ ᠢ ᠪᠠᠨ ᠬᠦᠨᠳᠦᠳᠬᠡᠬᠦ᠂ ᠥᠪᠡᠷ ᠢ ᠪᠠᠨ ᠢᠲᠡᠭᠡᠬᠦ᠂ ᠪᠡᠶ᠎ᠡ ᠪᠠᠨ ᠳᠠᠭᠠᠭᠠᠬᠤ᠂ ᠥᠪᠡᠷ ᠢ ᠪᠠᠨ ᠬᠦᠴᠦᠷᠬᠡᠭᠵᠢᠭᠦᠯᠬᠦ ᠵᠣᠷᠢᠭ ᠰᠠᠨᠠᠭ᠎ᠠ ᠶᠢ ᠤᠬᠠᠭᠤᠯᠵᠤ᠂ ᠰᠢᠯᠢᠳᠡᠭ ᠡᠮᠡᠭᠲᠡᠶᠢᠴᠦᠳ ᠤᠨ ᠨᠡᠶᠢᠲᠡᠯᠢᠭ ᠵᠢᠱᠢᠶ᠎ᠡ ᠶᠢ ᠤᠬᠠᠭᠤᠯᠵᠤ᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠣᠶᠢᠯᠠᠭᠠᠭᠳᠠᠬᠤᠨ ᠢ ᠨᠡᠶᠢᠭᠡᠮ ᠳᠠᠶᠠᠭᠠᠷ ᠤᠨ ᠬᠠᠮᠲᠤ ᠪᠠᠷ ᠵᠢᠷᠤᠮᠯᠠᠬᠤ ᠦᠶᠯᠡ ᠠᠵᠢᠯᠯᠠᠭᠠᠨ ᠤ ᠵᠢᠷᠤᠮᠵᠢᠯ ᠪᠠ ᠥᠷᠲᠡᠭ ᠤᠨ ᠪᠠᠷᠢᠮᠵᠢᠶ᠎ᠠ ᠪᠣᠯᠭᠠᠬᠤ ᠶᠢ ᠲᠦᠯᠬᠢᠨ ᠠᠬᠢᠭᠤᠯᠤᠨ᠎ᠠ᠃ ᠺᠠᠳ᠋ᠷᠴᠤᠳ ᠤᠨ ᠡᠮᠡᠭᠲᠡᠶᠢᠴᠦᠳ ᠪᠠ ᠡᠮᠡᠭᠲᠡᠶᠢᠴᠦᠳ ᠤᠨ ᠠᠵᠢᠯ ᠤᠨ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ ᠵᠢᠴᠢ ᠮᠠᠷᠺᠰ ᠤᠨ ᠦᠵᠡᠯ ᠤᠨ ᠡᠮᠡᠭᠲᠡᠶᠢᠴᠦᠳ ᠤᠨ ᠲᠤᠬᠠᠢ ᠦᠵᠡᠯᠲᠡ᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠶᠢ ᠰᠤᠷᠤᠯᠴᠠᠬᠤ ᠶᠢ ᠲᠦᠯᠬᠢᠨ ᠠᠬᠢᠭᠤᠯᠤᠨ᠎ᠠ᠃ ᠠᠯᠪᠠᠨ ᠪᠠᠶᠢᠭᠤᠯᠭ᠎ᠠ᠂ ᠰᠤᠷᠭᠠᠭᠤᠯᠢ᠂ ᠠᠵᠤ ᠠᠬᠤᠶᠢᠯᠠᠯ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ᠂ ᠭᠡᠷ ᠪᠦᠯᠢ ᠳᠤ ᠣᠯᠠᠨ ᠵᠦᠢᠯ ᠤᠨ ᠬᠡᠯᠪᠡᠷᠢ ᠪᠠᠷ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠶᠢᠨ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠬᠦᠢᠰᠦ ᠶᠢᠨ ᠢᠯᠭᠠᠯ ᠤᠨ ᠡᠷᠬᠡ ᠲᠡᠭᠰᠢ ᠪᠠᠶᠢᠬᠤ ᠬᠥᠮᠦᠵᠢᠯ ᠤᠨ ᠭᠦᠨᠵᠡᠭᠡᠶᠢᠷᠡᠨ ᠬᠥᠭᠵᠢᠬᠦ ᠶᠢ ᠦᠷᠭᠦᠯᠵᠢᠯᠡᠨ ᠠᠬᠢᠭᠤᠯᠤᠨ᠎ᠠ᠃ ᠨᠠᠭᠠᠳᠤᠮ ᠤᠨ ᠵᠦᠢᠯ᠂ ᠬᠤᠪᠴᠠᠰᠤ ᠵᠠᠰᠠᠯ᠂ ᠡᠳᠦᠷ ᠲᠤᠲᠤᠮ ᠤᠨ ᠬᠡᠷᠡᠭᠯᠡᠭᠡᠨ ᠤ ᠵᠦᠢᠯ᠂ ᠲᠣᠭᠯᠠᠭᠠᠮ ᠤᠨ ᠵᠢᠷᠤᠭ ᠲᠥᠯᠥᠪᠯᠡᠭᠡ ᠪᠠ ᠠᠵᠢᠯ ᠤᠨ ᠲᠥᠯᠥᠪᠯᠡᠭᠡ ᠵᠡᠷᠭᠡ ᠬᠦᠷᠢᠶ᠎ᠡ ᠴᠠᠷᠠᠭ᠎ᠠ ᠳᠤ ᠬᠦᠢᠰᠦ ᠶᠢᠨ ᠢᠯᠭᠠᠯ ᠤᠨ ᠱᠣᠰᠢᠭ᠎ᠠ ᠶᠢ ᠦᠭᠡᠶᠢᠰᠬᠡᠨ᠎ᠡ᠃      3᠂ ᠡᠮᠡᠭᠲᠡᠶᠢᠴᠦᠳ ᠤᠨ ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠪᠠ ᠬᠤᠲᠠ ᠬᠥᠳᠡᠭᠡ ᠶᠢᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠠᠬᠢᠭᠤᠯᠤᠨ᠎ᠠ᠃ ᠰᠢᠯᠢᠳᠡᠭ ᠰᠣᠶᠣᠯ ᠤᠨ ᠪᠦᠲᠦᠭᠡᠭᠳᠡᠬᠦᠨ ᠪᠠ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠠᠩᠭᠠᠯᠭ᠎ᠠ ᠶᠢ ᠪᠠᠶᠠᠯᠢᠭᠵᠢᠭᠤᠯᠵᠤ᠂ ᠡᠮᠡᠭᠲᠡᠶᠢᠴᠦᠳ ᠤᠨ ᠤᠶᠤᠨ ᠤ ᠰᠣᠶᠣᠯ ᠤᠨ ᠬᠡᠷᠡᠭᠴᠡᠭᠡ ᠶᠢ ᠬᠠᠩᠭᠠᠨ᠎ᠠ᠃ ᠡᠮᠡᠭᠲᠡᠶᠢᠴᠦᠳ ᠤᠨ ᠬᠤᠲᠠ ᠶᠢᠨ ᠪᠣᠯᠪᠠᠰᠤᠨ ᠤ ᠪᠠᠶᠢᠭᠤᠯᠤᠯᠲᠠ ᠳᠤ ᠢᠳᠡᠪᠬᠢᠲᠡᠢ ᠣᠷᠤᠯᠴᠠᠬᠤ ᠶᠢ ᠵᠣᠷᠢᠭᠵᠢᠭᠤᠯᠵᠤ᠂ ᠡᠮᠡᠭᠲᠡᠶᠢᠴᠦᠳ ᠤᠨ ᠣᠷᠣᠯᠴᠠᠭᠰᠠᠨ ᠬᠡᠮᠵᠢᠶ᠎ᠡ ᠪᠠ ᠬᠠᠨᠤᠮᠵᠢ ᠶᠢᠨ ᠬᠡᠮᠵᠢᠶ᠎ᠡ ᠶᠢ ᠪᠣᠯᠪᠠᠰᠤᠨ ᠬᠤᠲᠠ ᠶᠢ ᠰᠢᠯᠭᠠᠷᠠᠭᠤᠯᠬᠤ ᠠᠭᠤᠯᠭ᠎ᠠ ᠳᠤ ᠣᠷᠣᠭᠤᠯᠤᠨ᠎ᠠ᠃ ᠡᠮᠡᠭᠲᠡᠶᠢᠴᠦᠳ ᠢ ᠬᠥᠲᠥᠯᠥᠨ ᠵᠢᠯᠤᠭᠤᠳᠴᠤ ᠪᠠᠶᠢᠭᠠᠳ ᠠᠵᠢᠯ ᠤᠨ ᠪᠠᠶᠢᠷᠢ ᠪᠠᠨ ᠬᠠᠶᠢᠷᠠᠯᠠᠨ ᠠᠵᠢᠯ ᠦᠢᠯᠡᠰ ᠢᠶᠠᠨ ᠳᠡᠭᠡᠳᠦᠯᠡᠵᠦ᠂ ᠪᠣᠯᠪᠠᠰᠤᠨ ᠠᠵᠢᠯᠲᠠᠨ ᠪᠣᠯᠬᠤ ᠪᠠᠷ ᠴᠢᠷᠮᠠᠶᠢᠨ᠎ᠠ᠃ ᠡᠮᠡᠭᠲᠡᠶᠢᠴᠦᠳ ᠤᠨ ᠪᠣᠯᠪᠠᠰᠤᠨ ᠲᠣᠰᠬᠤᠨ ᠪᠠᠯᠭᠠᠰᠤ ᠶᠢ ᠡᠭᠦᠳᠦᠨ ᠪᠠᠶᠢᠭᠤᠯᠬᠤ ᠳᠤ ᠣᠷᠤᠯᠴᠠᠬᠤ᠂ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ᠂ ᠬᠥᠳᠡᠭᠡ ᠲᠣᠰᠬᠤᠨ ᠤ ᠰᠣᠶᠣᠯ ᠤᠨ ᠬᠥᠭᠵᠢᠯᠲᠡ᠂ ᠪᠣᠯᠪᠠᠰᠤᠨ ᠨᠤᠲᠤᠭ ᠤᠨ ᠰᠤᠷᠲᠠᠯ ᠢ ᠪᠣᠶᠢᠵᠢᠭᠤᠯᠬᠤ ᠪᠠ ᠬᠥᠳᠡᠭᠡ ᠲᠣᠰᠬᠤᠨ ᠤ ᠨᠡᠶᠢᠭᠡᠮ ᠤᠨ ᠵᠠᠰᠠᠯᠲᠠ ᠳᠤ ᠰᠠᠨᠠᠭᠠᠴᠢᠯᠠᠭ᠎ᠠ ᠠᠴᠠ ᠪᠠᠨ ᠣᠷᠤᠯᠴᠠᠬᠤ ᠶᠢ ᠠᠬᠢᠭᠤᠯᠤᠨ᠎ᠠ᠃ ᠬᠤᠳᠠ ᠬᠥᠳᠡᠭᠡ ᠶᠢᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠰᠢᠨ᠎ᠡ ᠪᠠᠷ ᠡᠭᠦᠳᠦᠨ ᠬᠡᠷᠡᠭᠵᠢᠭᠦᠯᠵᠦ᠂ ᠬᠤᠳᠠ ᠬᠥᠳᠡᠭᠡ ᠶᠢᠨ ᠡᠮᠡᠭᠲᠡᠶᠢᠴᠦᠳ ᠲᠤ ᠠᠰᠢᠭ ᠬᠦᠷᠲᠡᠭᠦᠯᠦᠨ᠎ᠡ᠃      4᠂ ᠰᠣᠶᠣᠯ ᠬᠢᠭᠡᠳ ᠤᠯᠠᠮᠵᠢᠯᠠᠬᠤ ᠵᠠᠭᠤᠴᠢ ᠶᠢᠨ ᠬᠦᠷᠢᠶᠡᠨ ᠳᠠᠬᠢ ᠬᠦᠢᠰᠦ ᠶᠢᠨ ᠢᠯᠭᠠᠯ ᠤᠨ ᠡᠷᠬᠡ ᠲᠡᠭᠰᠢ ᠪᠠᠶᠢᠬᠤ  ᠪᠤᠯᠪᠠᠰᠤᠷᠠᠯ᠂ ᠦᠨᠡᠯᠡᠨ ᠵᠢᠱᠢᠯᠲᠡ ᠪᠠ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠤᠯᠠᠮᠵᠢᠯᠠᠯᠲᠤ ᠵᠠᠭᠤᠴᠢᠯᠠᠭᠤᠷ ᠬᠢᠭᠡᠳ ᠰᠢᠨ᠎ᠡ ᠵᠠᠭᠤᠴᠢᠯᠠᠭᠤᠷ ᠢ ᠤᠶᠠᠯᠳᠤᠭᠤᠯᠬᠤ ᠶᠢ ᠪᠠᠷᠢᠮᠲᠠᠯᠠᠵᠤ᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠦᠵᠡᠯ ᠤᠬᠠᠮᠰᠠᠷ ᠤᠨ ᠤᠬᠠᠭᠤᠯᠭ᠎ᠠ ᠶᠢᠨ ᠭᠦᠨᠴᠡ ᠪᠠ ᠥᠷᠭᠡᠴᠡ ᠶᠢ ᠥᠷᠭᠡᠳᠬᠡᠨ᠎ᠡ᠃ ᠤᠯᠠᠮᠵᠢᠯᠠᠯᠲᠤ ᠵᠠᠭᠤᠴᠢᠯᠠᠭᠤᠷ ᠤᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠰᠦᠯᠵᠢᠶᠡᠨ ᠤ ᠦᠷᠳᠡᠭᠡ ᠪᠠ ᠪᠢᠴᠢᠯ ᠪᠦᠷᠭᠡ᠂ ᠸᠢᠴᠠᠲ ᠵᠡᠷᠭᠡ ᠰᠢᠨ᠎ᠡ ᠪᠠᠷ ᠬᠥᠭᠵᠢᠭᠰᠡᠨ ᠵᠠᠭᠤᠴᠢᠯᠠᠭᠤᠷ ᠤᠨ ᠥᠪᠡᠷᠮᠢᠴᠡ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠵᠥᠪ ᠢᠶᠠᠷ ᠬᠥᠲᠥᠯᠥᠨ ᠵᠢᠯᠤᠭᠤᠳᠴᠤ᠂ ᠮᠡᠳᠡᠭᠡ ᠵᠠᠩᠭᠢ ᠶᠢᠨ ᠭᠥᠯᠢᠶᠡᠨ ᠠᠪᠤᠭᠴᠢᠳ ᠤᠨ ᠬᠡᠪᠴᠢᠶ᠎ᠡ ᠶᠢ ᠥᠷᠭᠡᠳᠬᠡᠨ᠂ ᠨᠥᠯᠥᠭᠡᠯᠡᠬᠦ ᠬᠦᠴᠦᠨ ᠢ ᠨᠡᠮᠡᠭᠳᠡᠭᠦᠯᠵᠦ᠂ ᠨᠡᠶᠢᠭᠡᠮ ᠤᠨ ᠶᠠᠷᠢᠶ᠎ᠠ ᠬᠡᠯᠡᠯᠴᠡᠭᠡ ᠶᠢ ᠬᠥᠲᠥᠯᠥᠨ ᠳᠠᠭᠠᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠣᠶᠣᠯ ᠤᠨ ᠤᠯᠠᠮᠵᠢᠯᠠᠬᠤ ᠵᠠᠭᠤᠴᠢ ᠶᠢᠨ ᠠᠵᠢᠯᠲᠠᠨ ᠪᠠ ᠤᠯᠠᠮᠵᠢᠯᠠᠬᠤ ᠵᠠᠭᠤᠴᠢ ᠶᠢᠨ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠰᠣᠷᠣᠭᠴᠢ ᠶᠢᠨ ᠬᠦᠢᠰᠦ ᠶᠢᠨ ᠢᠯᠭᠠᠯ ᠤᠨ ᠡᠷᠬᠡ ᠲᠡᠭᠰᠢ ᠪᠣᠯᠪᠠᠰᠤᠷᠠᠭᠤᠯᠤᠯ ᠢ ᠥᠷᠨᠢᠭᠦᠯᠵᠦ᠂ ᠰᠣᠶᠣᠯ ᠬᠢᠭᠡᠳ ᠤᠯᠠᠮᠵᠢᠯᠠᠬᠤ ᠵᠠᠭᠤᠴᠢ ᠶᠢᠨ ᠬᠦᠷᠢᠶ᠎ᠡ ᠴᠠᠷᠠᠭ᠎ᠠ ᠶᠢᠨ ᠬᠦᠢᠰᠦ ᠶᠢᠨ ᠢᠯᠭᠠᠯ ᠤᠨ ᠡᠷᠬᠡ ᠲᠡᠭᠰᠢ ᠪᠠᠷ ᠤᠯᠠᠮᠵᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠣᠯᠠᠨ ᠨᠡᠶᠢᠲᠡ ᠶᠢᠨ ᠰᠣᠶᠣᠯ ᠤᠨ ᠪᠦᠲᠦᠭᠡᠭᠳᠡᠬᠦᠨ ᠪᠠ ᠤᠯᠠᠮᠵᠢᠯᠠᠬᠤ ᠵᠠᠭᠤᠴᠢ ᠶᠢᠨ ᠬᠦᠢᠰᠦ ᠶᠢᠨ ᠢᠯᠭᠠᠯ ᠤᠨ ᠡᠷᠬᠡ ᠲᠡᠭᠰᠢ ᠪᠠᠶᠢᠬᠤ ᠳᠤ ᠬᠤᠯᠪᠣᠭᠳᠠᠭᠰᠠᠨ ᠠᠭᠤᠯᠭ᠎ᠠ ᠶᠢ ᠬᠢᠨᠠᠨ ᠬᠡᠮᠵᠢᠬᠦ ᠪᠠ ᠬᠢᠨᠠᠨ ᠬᠠᠮᠢᠶᠠᠷᠬᠤ ᠶᠢ ᠴᠢᠩᠭᠠᠳᠬᠠᠵᠤ᠂ ᠬᠦᠢᠰᠦ ᠶᠢᠨ ᠢᠯᠭᠠᠯ ᠤᠨ ᠲᠤᠰᠬᠠᠢ ᠮᠡᠷᠭᠡᠵᠢᠯᠲᠡᠨ ᠢ ᠣᠷᠣᠭᠤᠯᠤᠨ ᠬᠠᠮᠢᠶ᠎ᠠ ᠪᠦᠬᠦᠢ ᠦᠨᠡᠯᠡᠨ ᠵᠢᠱᠢᠬᠦ ᠳᠤ ᠣᠷᠣᠯᠴᠠᠭᠤᠯᠵᠤ᠂ ᠰᠦᠯᠵᠢᠶᠡᠨ ᠤ ᠵᠠᠭᠤᠴᠢᠯᠠᠭᠤᠷ᠂ ᠺᠢᠨᠣ᠋ ᠲᠧᠯᠸᠢᠰ ᠤᠨ ᠪᠦᠲᠦᠭᠡᠭᠳᠡᠬᠦᠨ᠂ ᠣᠯᠠᠨ ᠨᠡᠶᠢᠲᠡ ᠶᠢᠨ ᠬᠡᠪᠯᠡᠭᠳᠡᠬᠦᠨ ᠵᠡᠷᠭᠡ ᠳᠤ ᠢᠯᠡᠷᠡᠭᠰᠡᠨ ᠡᠮᠡᠭᠲᠡᠶᠢᠴᠦᠳ ᠢ ᠭᠠᠳᠠᠭᠤᠷᠴᠢᠯᠠᠵᠤ ᠳᠣᠷᠣᠮᠵᠢᠯᠠᠬᠤ᠂ ᠡᠮᠡᠭᠲᠡᠶᠢᠴᠦᠳ ᠤᠨ ᠨᠡᠷ᠎ᠡ ᠬᠦᠨᠳᠦ ᠶᠢ ᠭᠤᠲᠤᠭᠠᠬᠤ᠂ ᠡᠮᠡᠭᠲᠡᠶᠢᠴᠦᠳ ᠤᠨ ᠳᠦᠷᠢ ᠲᠥᠷᠬᠦ ᠶᠢ ᠪᠣᠳᠠᠰᠵᠢᠭᠤᠯᠬᠤ ᠵᠡᠷᠭᠡ ᠮᠠᠭᠤ ᠦᠵᠡᠭᠳᠡᠯ ᠢ ᠠᠷᠢᠯᠭᠠᠵᠤ᠂ ᠰᠦᠯᠵᠢᠶᠡᠨ ᠤ ᠨᠠᠷᠠᠲᠤ ᠬᠥᠮᠥᠨ ᠪᠠ ᠣᠯᠠᠨ ᠨᠡᠶᠢᠲᠡ ᠶᠢᠨ ᠲᠠᠩᠰᠠᠨ ᠨᠣᠮᠧᠷ ᠢᠶᠠᠷ ᠤᠯᠠᠮᠵᠢᠯᠠᠬᠤ ᠦᠶᠯᠡ ᠠᠵᠢᠯᠯᠠᠭ᠎ᠠ ᠶᠢ ᠵᠢᠷᠤᠮᠵᠢᠭᠤᠯᠤᠨ᠎ᠠ᠃ ᠲᠣᠭᠲᠠᠭᠠᠯ ᠎ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠰᠡᠷᠡᠮᠵᠢᠯᠡᠭᠦᠯᠦᠨ ᠲᠡᠮᠳᠡᠭᠯᠡᠬᠦ ᠰᠢᠰᠲ᠋ᠧᠮ ᠢ ᠲᠡᠭᠦᠯᠳᠡᠷᠵᠢᠭᠦᠯᠵᠦ᠂ ᠰᠦᠯᠵᠢᠶᠡᠨ ᠳᠡᠭᠡᠷᠡᠬᠢ ᠶᠠᠷᠢᠶ᠎ᠠ ᠬᠡᠯᠡᠯᠴᠡᠭᠡᠨ ᠤ ᠪᠠᠶᠢᠳᠠᠯ ᠢ ᠤᠷᠢᠳᠴᠢᠯᠠᠨ ᠰᠡᠷᠡᠮᠵᠢᠯᠡᠭᠦᠯᠬᠦ ᠪᠠ ᠰᠦᠯᠵᠢᠶᠡᠨ ᠭᠠᠳᠠᠨᠠᠬᠢ ᠶᠢ ᠦᠨᠡᠯᠡᠨ ᠵᠢᠱᠢᠵᠦ ᠰᠢᠢᠳᠪᠦᠷᠢᠯᠡᠬᠦ ᠲᠣᠭᠲᠠᠴᠠ ᠶᠢ ᠰᠢᠯᠢᠳᠡᠭᠵᠢᠭᠦᠯᠦᠨ᠎ᠡ᠃      5᠂ ᠡᠮᠡᠭᠲᠡᠶᠢᠴᠦᠳ ᠢ ᠬᠥᠲᠥᠯᠥᠨ ᠵᠢᠯᠤᠭᠤᠳᠴᠤ ᠪᠠᠶᠢᠭᠠᠳ ᠵᠠᠭᠤᠴᠢᠯᠠᠭᠤᠷ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠃ ᠤᠯᠠᠮᠵᠢᠯᠠᠯᠲᠦ ᠵᠠᠭᠤᠴᠢᠯᠠᠭᠤᠷ ᠤᠨ ᠵᠥᠪ ᠲᠠᠯ᠎ᠠ ᠶᠢᠨ ᠵᠢᠯᠣᠭᠤᠳᠤᠯᠭ᠎ᠠ ᠪᠠ ᠬᠠᠮᠢᠶᠠᠷᠤᠯᠲᠠ ᠶᠢ ᠴᠢᠩᠭᠠᠳᠬᠠᠵᠤ᠂ ᠵᠠᠭᠤᠴᠢᠯᠠᠭᠤᠷ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠬᠠᠮᠢᠶᠠᠷᠤᠭᠴᠢ ᠵᠢᠴᠢ ᠠᠵᠢᠯᠯᠠᠵᠤ ᠪᠠᠶᠢᠭ᠎ᠠ ᠬᠥᠮᠥᠰ ᠤᠨ ᠨᠡᠶᠢᠭᠡᠮ ᠤᠨ ᠬᠦᠢᠰᠦ ᠶᠢᠨ ᠢᠯᠭᠠᠯ ᠤᠨ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃ ᠤᠯᠠᠮᠵᠢᠯᠠᠯᠲᠦ ᠵᠠᠭᠤᠴᠢᠯᠠᠭᠤᠷ ᠤᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠨᠡᠶᠢᠭᠡᠮ ᠤᠨ ᠬᠦᠢᠰᠦ ᠶᠢᠨ ᠢᠯᠭᠠᠯ ᠤᠨ ᠲᠤᠰᠬᠠᠢ ᠮᠡᠷᠭᠡᠵᠢᠯᠲᠡᠨ ᠢ ᠰᠢᠩᠭᠡᠬᠡᠨ ᠠᠪᠴᠤ ᠤᠯᠠᠮᠵᠢᠯᠠᠯᠲᠦ ᠵᠠᠭᠤᠴᠢᠯᠠᠭᠤᠷ ᠤᠨ ᠬᠢᠨᠠᠨ ᠬᠡᠮᠵᠢᠯᠲᠡ ᠳᠤ ᠤᠷᠤᠯᠴᠠᠭᠤᠯᠤᠨ᠎ᠠ᠃ ᠵᠠᠭᠤᠴᠢᠯᠠᠭᠤᠷ ᠤᠨ ᠳᠤᠮᠳᠠ ᠡᠮᠡᠭᠲᠡᠶᠢᠴᠦᠳ ᠤᠨ ᠪᠡᠶ᠎ᠡ ᠪᠠᠨ ᠳᠠᠭᠠᠭᠠᠭᠰᠠᠨ ᠵᠠᠩ ᠠᠷᠠᠨᠰᠢᠨ ᠢ ᠮᠠᠭᠤᠰᠢᠶᠠᠨ ᠳᠠᠷᠤᠬᠤ᠂ ᠦᠭᠡᠶᠢᠰᠬᠡᠬᠦ ᠵᠡᠷᠭᠡ ᠬᠦᠢᠰᠦ ᠶᠢᠨ ᠢᠯᠭᠠᠯ ᠤᠨ ᠭᠠᠳᠠᠭᠤᠷᠴᠢᠯᠠᠯ ᠤᠨ ᠦᠵᠡᠭᠳᠡᠯ ᠭᠠᠷᠬᠤ ᠶᠢ ᠴᠠᠭᠠᠵᠠᠯᠠᠨ᠎ᠠ᠃ ᠡᠮᠡᠭᠲᠡᠶᠢᠴᠦᠳ ᠤᠨ ᠭᠡᠷ ᠪᠦᠯᠢ᠂ ᠨᠣᠮ ᠤᠨ ᠰᠠᠩ᠂ ᠰᠦᠯᠵᠢᠶᠡᠨ ᠤ ᠬᠢᠴᠢᠶᠡᠯ ᠤᠨ ᠲᠠᠩᠬᠢᠮ ᠵᠡᠷᠭᠡ ᠶᠢ ᠠᠰᠢᠭᠯᠠᠨ ᠡᠮᠡᠭᠲᠡᠶᠢᠴᠦᠳ ᠲᠤ ᠬᠠᠨᠳᠤᠭᠤᠯᠤᠭᠰᠠᠨ ᠵᠠᠭᠤᠴᠢᠯᠠᠭᠤᠷ ᠤᠨ ᠬᠡᠪ ᠪᠣᠯᠪᠠᠰᠤᠷᠠᠯ ᠤᠨ ᠪᠣᠯᠪᠠᠰᠤᠷᠠᠭᠤᠯᠤᠯ ᠪᠠ ᠵᠢᠯᠣᠭᠤᠳᠤᠯᠭ᠎ᠠ ᠶᠢ ᠥᠷᠨᠢᠭᠦᠯᠵᠦ᠂ ᠡᠮᠡᠭᠲᠡᠶᠢᠴᠦᠳ ᠤᠨ ᠰᠦᠯᠵᠢᠶᠡᠨ ᠤ ᠬᠡᠪ ᠪᠣᠯᠪᠠᠰᠤᠷᠠᠯ ᠤᠨ ᠬᠥᠮᠦᠵᠢᠯ ᠢ ᠴᠢᠩᠭᠠᠳᠬᠠᠨ᠂ ᠡᠮᠡᠭᠲᠡᠶᠢᠴᠦᠳ ᠤᠨ ᠵᠠᠭᠤᠴᠢᠯᠠᠭᠤᠷ ᠤᠨ ᠮᠡᠳᠡᠭᠡ ᠵᠠᠩᠭᠢ ᠶᠢ ᠰᠣᠩᠭᠤᠬᠤ᠂ ᠮᠠᠭᠠᠳᠯᠠᠬᠤ ᠪᠠ ᠪᠦᠲᠦᠮᠵᠢᠲᠡᠶ ᠠᠰᠢᠭᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠡᠮᠡᠭᠲᠡᠶᠢᠴᠦᠳ ᠤᠨ ᠰᠦᠯᠵᠢᠶᠡᠨ ᠤ ᠠᠮᠤᠷ ᠲᠦᠪᠰᠢᠨ ᠤ ᠦᠵᠡᠯ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠦᠨ᠂ ᠬᠦᠢᠰᠦ ᠶᠢᠨ ᠢᠯᠭᠠᠯ ᠤᠨ ᠲᠣᠭᠠᠨ ᠤ ᠵᠠᠭᠠᠭ ᠢ ᠠᠷᠢᠯᠭᠠᠨ᠎ᠠ᠃ ᠰᠤᠷᠤᠭᠴᠢᠳ ᠤᠨ ᠰᠦᠯᠵᠢᠶᠡᠨ ᠤ ᠬᠡᠪ ᠪᠣᠯᠪᠠᠰᠤᠷᠠᠯ ᠤᠨ ᠬᠥᠮᠦᠵᠢᠯ ᠢ ᠴᠢᠩᠭᠠᠳᠬᠠᠵᠤ᠂ ᠡᠮᠡᠭᠲᠡᠢ ᠰᠣᠷᠣᠭᠴᠢ ᠶᠢᠨ ᠰᠦᠯᠵᠢᠶ᠎ᠡ ᠶᠢ ᠵᠦᠢ ᠵᠣᠬᠢᠰᠲᠠᠢ ᠠᠮᠤᠷ ᠲᠦᠪᠰᠢᠨ ᠢᠶᠠᠷ ᠬᠡᠷᠡᠭᠯᠡᠬᠦ ᠶᠢ ᠬᠥᠲᠥᠯᠥᠨ ᠵᠢᠯᠤᠭᠤᠳᠴᠤ᠂ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ᠰᠦᠯᠵᠢᠶᠡᠨ ᠳᠤ ᠰᠢᠨᠤᠬᠤ ᠶᠢ ᠰᠡᠷᠭᠡᠶᠢᠯᠡᠬᠦ ᠬᠡᠷᠡᠭᠲᠡᠢ᠃ ᠨᠠᠰᠤᠲᠠᠢ ᠡᠮᠡᠭᠲᠡᠶᠢᠴᠦᠳ᠂ ᠬᠦᠴᠢᠷᠳᠡᠯᠲᠡᠢ ᠡᠮᠡᠭᠲᠡᠶᠢᠴᠦᠳ  ᠪᠠ ᠵᠡᠮᠳᠡᠭ ᠡᠮᠡᠭᠲᠡᠶᠢᠴᠦᠳ ᠤᠨ ᠬᠠᠮᠲᠤᠯᠢᠭ ᠢ ᠭᠤᠣᠯᠳᠠᠯᠭ᠎ᠠ ᠲᠠᠢ ᠪᠠᠷ ᠬᠠᠪᠰᠤᠷᠴᠤ ᠪᠠᠶᠢᠭᠠᠳ ᠰᠦᠯᠵᠢᠶᠡᠨ ᠤ ᠦᠨᠳᠦᠰᠦᠨ ᠮᠡᠳᠡᠯᠭᠡ ᠴᠢᠳᠠᠪᠤᠷᠢ ᠶᠢ ᠡᠵᠡᠮᠰᠢᠭᠦᠯᠦᠨ᠎ᠡ᠃ ︽ᠡᠮᠡᠭᠲᠡᠢ ᠰᠠᠶᠢᠨ ᠰᠦᠯᠵᠢᠶᠡᠨ ᠤ ᠨᠠᠶᠢᠵᠠ︾ ᠪᠣᠯᠬᠤ ᠪᠠᠷ ᠴᠢᠷᠮᠠᠶᠢᠬᠤ ᠠᠵᠢᠯᠯᠠᠭ᠎ᠠ ᠶᠢ ᠥᠷᠨᠢᠭᠦᠯᠵᠦ᠂ ᠡᠮᠡᠭᠲᠡᠶᠢᠴᠦᠳ ᠤᠨ ᠰᠦᠯᠵᠢᠶᠡᠨ ᠳᠡᠭᠡᠷᠡᠬᠢ ᠢᠳᠡᠪᠬᠢ ᠬᠦᠴᠦᠨ ᠢ ᠪᠠᠳᠠᠷᠠᠭᠤᠯᠬᠤ ᠶᠢ ᠠᠬᠢᠭᠤᠯᠤᠨ᠎ᠠ᠃      6᠂ ᠡᠮᠡᠭᠲᠡᠶᠢᠴᠦᠳ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠳᠤᠮᠳᠠᠬᠢ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠲᠥᠪ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠳᠠ ᠬᠢᠭᠡᠳ ᠴᠢᠩᠱᠠᠨ ᠲᠣᠭᠤᠷᠢᠭ ᠤᠨ ᠬᠤᠯᠪᠣᠭᠳᠠᠯ ᠪᠦᠬᠦᠢ ᠠᠵᠢᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ᠂ ᠪᠥᠬᠦ ᠠᠷᠠᠳ ᠤᠨ ᠡᠨᠧᠷᠬᠢ ᠠᠷᠪᠢᠯᠠᠬᠤ ᠲᠥᠯᠥᠪᠯᠡᠭᠡ ᠶᠢ ᠬᠡᠷᠡᠭᠵᠢᠭᠦᠯᠦᠨ᠂ ᠤᠯᠠᠨ ᠵᠦᠢᠯ ᠤᠨ ᠬᠡᠯᠪᠡᠷᠢ ᠮᠠᠶ᠋ᠢᠭ ᠤᠨ ᠠᠷᠪᠢᠯᠠᠨ ᠭᠠᠮᠨᠠᠬᠤ ᠤᠬᠠᠭᠤᠯᠭ᠎ᠠ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠤᠰᠤ ᠠᠷᠪᠢᠯᠠᠵᠤ ᠴᠠᠬᠢᠯᠭᠠᠨ ᠠᠷᠪᠢᠯᠠᠬᠤ᠂ ᠡᠨᠧᠷᠬᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠬᠠᠶᠠᠭᠳᠠᠯ  ᠢ ᠡᠷᠳᠡᠨᠢ ᠪᠣᠯᠭᠠᠬᠤ᠂ ᠭᠡᠷ ᠪᠦᠯᠢ ᠶᠢᠨ ᠬᠤᠭ ᠨᠣᠪᠰᠢ ᠶᠢᠨ ᠬᠡᠮᠵᠢᠶ᠎ᠡ ᠶᠢ ᠪᠠᠭᠠᠰᠬᠠᠬᠤ ᠪᠠ ᠬᠤᠭ ᠨᠣᠪᠰᠢ ᠶᠢ ᠲᠥᠷᠥᠯ ᠬᠤᠪᠢᠶᠠᠬᠤ ᠵᠡᠷᠭᠡ ᠡᠯ᠎ᠡ ᠵᠦᠢᠯ  ᠤᠨ ᠠᠵᠢᠯᠯᠠᠭ᠎ᠠ ᠶᠢ ᠡᠷᠬᠢᠯᠡᠨ᠂ ᠵᠦᠢ ᠵᠣᠬᠢᠰᠲᠠᠢ ᠬᠡᠷᠡᠭᠯᠡᠬᠦ ᠶᠢ ᠰᠠᠨᠠᠭᠠᠴᠢᠯᠠᠵᠤ᠂ ᠱᠠᠯᠢᠵᠤ ᠪᠦᠷᠢᠯᠭᠡᠬᠦ ᠶᠢ ᠴᠢᠩᠭ᠎ᠠ ᠴᠡᠭᠡᠷᠯᠡᠨ᠎ᠡ᠃ ᠡᠮᠡᠭᠲᠡᠶᠢᠴᠦᠳ ᠤᠨ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠤ ᠮᠡᠳᠡᠯᠭᠡ ᠶᠢ ᠡᠵᠡᠮᠰᠢᠵᠦ᠂ ᠡᠮᠡᠭᠲᠡᠶᠢᠴᠦᠳ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠪᠠ ᠴᠢᠳᠠᠪᠦᠷᠢ ᠶᠢ ᠳᠡᠭᠡᠭᠰᠢᠯᠡᠭᠦᠯᠦᠨ᠎ᠡ᠃ ᠡᠮᠡᠭᠲᠡᠶᠢᠴᠦᠳ ᠤᠨ ᠪᠣᠬᠢᠷᠳᠤᠯ ᠦᠭᠡᠢ ᠦᠢᠯᠡᠳᠪᠦᠷᠢᠯᠡᠯ ᠠᠮᠢᠳᠤᠷᠠᠯ ᠢ ᠬᠥᠲᠥᠯᠥᠨ ᠳᠠᠭᠠᠭᠤᠯᠬᠤ ᠶᠢ ᠵᠣᠷᠢᠭᠵᠢᠭᠤᠯᠵᠤ᠂ ᠠᠷᠪᠢᠯᠠᠨ ᠭᠠᠮᠨᠠᠬᠤ ᠨᠢ ᠲᠣᠬᠢᠷᠠᠮᠵᠢᠲᠠᠢ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ᠂ ᠪᠣᠯᠪᠠᠰᠤᠨ ᠡᠷᠡᠭᠦᠯ ᠠᠮᠢᠳᠤᠷᠠᠯ ᠤᠨ ᠠᠷᠭ᠎ᠠ ᠮᠠᠶ᠋ᠢᠭ ᠪᠠ ᠬᠡᠷᠡᠭᠯᠡᠭᠡᠨ ᠤ ᠵᠠᠭᠪᠤᠷ ᠢ ᠪᠣᠶ ᠪᠣᠯᠭᠠᠵᠤ᠂ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ᠂ ᠪᠣᠬᠢᠷᠳᠤᠯ ᠦᠭᠡᠢ ᠭᠡᠷ ᠪᠦᠯᠢ᠂ ᠪᠣᠬᠢᠷᠳᠤᠯ ᠦᠭᠡᠢ ᠰᠤᠷᠭᠠᠭᠤᠯᠢ᠂ ᠪᠣᠬᠢᠷᠳᠤᠯ ᠦᠭᠡᠢ ᠨᠡᠶᠢᠭᠡᠮ ᠲᠣᠭᠤᠷᠢᠭ᠂ ᠪᠣᠬᠢᠷᠳᠤᠯ ᠦᠭᠡᠢ ᠶᠠᠪᠤᠵᠤ ᠰᠠᠭᠤᠬᠤ᠂ ᠪᠣᠬᠢᠷᠳᠤᠯ ᠦᠭᠡᠢ ᠬᠡᠷᠡᠭᠯᠡᠭᠡ ᠶᠢ ᠰᠠᠨᠠᠭᠠᠴᠢᠯᠠᠬᠤ ᠪᠠ ᠢᠳᠡᠭᠡᠨ ᠤᠮᠳᠠᠭᠠᠨ ᠤ ᠪᠦᠷᠢᠯᠭᠡᠬᠦ ᠶᠢ ᠬᠤᠷᠢᠭᠯᠠᠬᠤ᠂ ᠬᠤᠭ ᠨᠣᠪᠰᠢ ᠶᠢ ᠲᠥᠷᠥᠯ ᠬᠤᠪᠢᠶᠠᠬᠤ ᠶᠢ ᠬᠡᠷᠡᠭᠵᠢᠭᠦᠯᠬᠦ ᠵᠡᠷᠭᠡ ᠲᠠᠯ᠎ᠠ ᠪᠠᠷ ᠢᠳᠡᠪᠬᠢᠲᠡᠢ ᠦᠢᠯᠡᠳᠦᠯ ᠢᠶᠠᠨ ᠪᠠᠳᠠᠷᠠᠭᠤᠯᠤᠨ᠎ᠠ᠃ ᠡᠮᠡᠭᠲᠡᠶᠢᠴᠦᠳ ᠤᠨ ᠠᠮᠢ ᠠᠬᠤᠢ ᠶᠢᠨ ᠣᠷᠴᠢᠨ ᠨᠥᠬᠦᠴᠡᠯ ᠤᠨ ᠵᠠᠰᠠᠯᠲᠠ ᠳᠤ ᠣᠷᠤᠯᠴᠠᠬᠤ ᠶᠢ ᠳᠡᠮᠵᠢᠵᠦ᠂ ᠠᠮᠢ ᠠᠬᠤᠢ ᠶᠢᠨ ᠪᠣᠯᠪᠠᠰᠤᠨ ᠤ ᠳᠠᠭᠠᠭᠤᠯᠤᠭᠴᠢ ᠪᠠ ᠪᠦᠲᠦᠭᠡᠨ ᠪᠠᠶᠢᠭᠤᠯᠤᠭᠴᠢ ᠪᠣᠯᠬᠤ ᠪᠠᠷ ᠴᠢᠷᠮᠠᠶᠢᠨ᠎ᠠ᠃      7᠂ ᠡᠮᠡᠭᠲᠡᠶᠢᠴᠦᠳ ᠤᠨ ᠠᠮᠢᠳᠤᠷᠠᠯ ᠤᠨ ᠣᠷᠴᠢᠨ ᠠᠬᠤᠢ ᠶᠢᠨ ᠴᠢᠨᠠᠷ ᠴᠢᠨᠰᠠᠭ᠎ᠠ ᠶᠢ ᠦᠷᠭᠦᠯᠵᠢᠯᠡᠨ ᠰᠠᠶᠢᠵᠢᠷᠠᠭᠤᠯᠤᠨ᠎ᠠ᠃ ᠠᠮᠢ ᠠᠬᠤᠢ ᠶᠢᠨ ᠣᠷᠴᠢᠨ ᠨᠥᠬᠦᠴᠡᠯ ᠢ ᠬᠢᠨᠠᠨ ᠬᠡᠮᠵᠢᠬᠦ ᠪᠠ ᠡᠷᠡᠭᠦᠯ ᠮᠡᠨᠳᠤ ᠶᠢ ᠬᠢᠨᠠᠨ ᠬᠡᠮᠵᠢᠬᠦ ᠠᠵᠢᠯ ᠢ ᠴᠢᠩᠭᠠᠳᠬᠠᠵᠤ᠂ ᠣᠷᠴᠢᠨ ᠠᠬᠤᠢ ᠶᠢᠨ ᠪᠣᠬᠢᠷᠳᠤᠯ ᠤᠨ ᠬᠦᠴᠦᠨ ᠵᠦᠢᠯ ᠤᠨ ᠨᠥᠯᠥᠭᠡᠯᠡᠯ ᠤᠨ ᠲᠤᠬᠠᠢ ᠰᠤᠳᠤᠯᠤᠯᠲᠠ ᠶᠢ ᠦᠷᠨᠢᠭᠦᠯᠦᠨ᠎ᠡ᠃ ᠠᠷᠢᠭᠤᠨ ᠴᠡᠪᠡᠷ ᠡᠨᠧᠷᠭᠢ ᠶᠢᠨ ᠰᠤᠷᠪᠤᠯᠵᠢ ᠶᠢ ᠨᠡᠭᠡᠭᠡᠨ ᠠᠰᠢᠭᠯᠠᠵᠤ᠂ ᠬᠤᠭ ᠨᠣᠪᠰᠢ ᠶᠢ ᠲᠦᠷᠦᠯ ᠬᠤᠪᠢᠶᠠᠬᠤ ᠪᠠ ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ ᠶᠢ ᠳᠡᠯᠭᠡᠷᠡᠭᠦᠯᠵᠦ᠂ ᠭᠡᠷ ᠤᠨ ᠬᠡᠷᠡᠭᠯᠡᠭᠡᠨ ᠤ ᠡᠨᠧᠷᠭᠢ ᠠᠷᠪᠢᠯᠠᠵᠤ ᠣᠷᠴᠢᠨ ᠠᠬᠤᠢ ᠶᠢ ᠬᠠᠮᠠᠭᠠᠯᠠᠬᠤ ᠦᠢᠯᠡᠳᠬᠦᠨ ᠢ ᠳᠡᠯᠭᠡᠷᠡᠭᠦᠯᠦᠨ ᠬᠡᠷᠡᠭᠯᠡᠨ᠎ᠡ᠃ᠠᠭᠠᠷ ᠮᠠᠨᠳᠠᠯ ᠤᠨ ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠣᠷᠣᠨ ᠬᠤᠪᠢᠶᠠᠨ ᠬᠠᠮᠢᠶᠠᠷᠤᠨ ᠡᠵᠡᠮᠳᠡᠵᠦ ᠴᠢᠩᠭᠠᠷᠠᠭᠤᠯᠤᠨ᠎ᠠ᠃ ᠠᠵᠤ ᠦᠢᠯᠡᠳᠪᠦᠷᠢ ᠶᠢᠨ ᠪᠣᠬᠢᠷᠳᠤᠯ ᠤᠨ ᠡᠬᠢ ᠰᠤᠷᠪᠤᠯᠵᠢ ᠶᠢ ᠭᠦᠨᠵᠡᠭᠡᠢ ᠵᠠᠰᠠᠬᠤ ᠶᠢ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠵᠠᠮ ᠲᠡᠭᠡᠭᠡᠪᠦᠷᠢ ᠶᠢᠨ ᠪᠣᠬᠢᠷᠳᠤᠯ ᠢ ᠪᠦᠬᠦ ᠲᠠᠯ᠎ᠠ ᠪᠠᠷ ᠵᠠᠰᠠᠬᠤ ᠶᠢ ᠲᠦᠯᠬᠢᠨ ᠠᠬᠢᠭᠤᠯᠵᠤ᠂ ᠳᠣᠣᠷ᠎ᠠ ᠠᠭᠠᠷ ᠤᠨ ᠳᠡᠭᠳᠡᠮᠡᠯ ᠲᠣᠭᠤᠰᠣᠨ ᠤ ᠪᠣᠬᠢᠷᠳᠤᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠲᠦᠯᠬᠢᠨ ᠠᠬᠢᠭᠤᠯᠤᠨ᠎ᠠ᠃ ᠤᠯᠠᠨ ᠪᠣᠬᠢᠷᠳᠤᠯ ᠪᠣᠳᠠᠰ ᠢ ᠬᠠᠮᠵᠢᠯᠴᠠᠨ ᠬᠢᠵᠠᠭᠠᠷᠯᠠᠬᠤ ᠶᠢ ᠴᠢᠩᠭᠠᠳᠬᠠᠵᠤ᠂ ᠬᠦᠨᠳᠦ ᠪᠣᠬᠢᠷᠳᠤᠯ ᠲᠠᠢ ᠴᠠᠭ ᠠᠭᠤᠷ ᠢ ᠦᠨᠳᠦᠰᠦᠨ ᠳᠡᠭᠡᠨ ᠠᠷᠢᠯᠭᠠᠨ᠎ᠠ᠃      8᠂ ᠡᠮᠡᠭᠲᠡᠶᠢᠴᠦᠳ ᠲᠤ ᠤᠤᠭᠤᠬᠤ ᠤᠰᠤᠨ ᠤ ᠠᠮᠤᠷ ᠲᠦᠪᠰᠢᠨ ᠢ ᠡᠳ᠋ᠯᠡᠬᠦ ᠳᠤ ᠪᠠᠲᠤᠯᠠᠭ᠎ᠠ ᠬᠠᠩᠭᠠᠨ᠎ᠠ᠃ ᠭᠤᠣᠯ ᠮᠥᠷᠡᠨ ᠤ ᠳᠠᠷᠤᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠤᠰᠤ ᠤᠮᠳᠠ ᠶᠢᠨ ᠠᠮᠤᠷ ᠲᠦᠪᠰᠢᠨ ᠤ ᠠᠮᠢᠨ ᠰᠤᠳᠠᠰᠤ ᠶᠢ ᠰᠠᠬᠢᠨ ᠬᠠᠮᠠᠭᠠᠯᠠᠨ᠎ᠠ᠃ ᠡᠮᠡᠭᠲᠡᠶᠢᠴᠦᠳ ᠢ ᠬᠥᠲᠥᠯᠥᠨ ᠵᠢᠯᠤᠭᠤᠳᠴᠤ ᠪᠠᠶᠢᠭᠠᠳ ᠤᠰᠤᠨ ᠰᠤᠷᠪᠤᠯᠵᠢ ᠶᠢᠨ ᠬᠠᠮᠠᠭᠠᠯᠠᠯᠲᠠ ᠳᠤ ᠢᠳᠡᠪᠬᠢᠲᠡᠢ ᠣᠷᠣᠯᠴᠠᠭᠤᠯᠤᠨ᠎ᠠ᠃ ᠬᠤᠳᠠ ᠶᠢᠨ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠢ ᠵᠢᠷᠤᠮᠵᠢᠭᠤᠯᠬᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠪᠠ ᠤᠰᠤᠨ ᠤ ᠴᠢᠨᠠᠷ ᠢ ᠬᠢᠨᠠᠨ ᠬᠡᠮᠵᠢᠬᠦ ᠶᠢ ᠴᠢᠩᠭᠠᠳᠬᠠᠵᠤ᠂ ᠬᠡᠷᠡᠭᠴᠡᠭᠡ ᠪᠠᠨ ᠦᠨᠳᠦᠰᠦᠯᠡᠨ ᠤᠰᠤᠨ ᠤ ᠦᠢᠯᠡᠳᠪᠦᠷᠢ ᠳᠤ ᠤᠰᠤᠨ ᠤ ᠴᠢᠨᠠᠷ ᠢ ᠴᠡᠪᠡᠷᠰᠢᠭᠦᠯᠬᠦ ᠲᠥᠬᠦᠭᠡᠷᠦᠮᠵᠢ ᠶᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠵᠤ᠂ ᠪᠠᠷᠢᠮᠵᠢᠶ᠎ᠠ ᠳᠤ ᠬᠦᠷᠦᠭᠦᠯᠦᠨ ᠠᠵᠢᠯᠯᠠᠭᠤᠯᠵᠤ ᠪᠠᠲᠤᠯᠠᠬᠤ ᠪᠠ ᠬᠢᠨᠠᠨ ᠬᠠᠮᠢᠶᠠᠷᠬᠤ ᠶᠢ ᠴᠢᠩᠭᠠᠳᠬᠠᠨ᠎ᠠ᠃ ᠤᠰᠤᠨ ᠤ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠴᠢᠳᠠᠪᠤᠷᠢ ᠶᠢ ᠳᠡᠭᠡᠭᠰᠢᠯᠡᠭᠦᠯᠵᠦ᠂ ᠬᠤᠳᠠ ᠬᠥᠳᠡᠭᠡ ᠶᠢ ᠨᠢᠭᠡ ᠴᠣᠭᠴᠠᠵᠢᠭᠤᠯᠬᠤ ᠪᠠ ᠬᠡᠪᠴᠢᠶᠡᠵᠢᠭᠦᠯᠦᠭᠰᠡᠨ ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠢ ᠳᠡᠭᠡᠭᠰᠢᠯᠡᠭᠦᠯᠦᠨ ᠥᠭᠡᠷᠡᠴᠢᠯᠡᠬᠦ ᠶᠢ ᠴᠢᠩᠭᠠᠳᠬᠠᠵᠤ᠂ ᠡᠮᠡᠭᠲᠡᠶᠢᠴᠦᠳ ᠤᠨ ᠦᠢᠯᠡᠳᠪᠦᠷᠢᠯᠡᠯ ᠠᠮᠢᠳᠤᠷᠠᠯ ᠤᠨ ᠤᠰᠤ ᠲᠠᠲᠠᠬᠤ᠂ ᠤᠰᠤ ᠬᠡᠷᠡᠭᠯᠡᠬᠦ ᠳᠤ ᠲᠦᠬᠦᠮ ᠦᠵᠡᠭᠦᠯᠦᠨ᠎ᠡ᠃      9᠂ ᠡᠮᠡᠭᠲᠡᠶᠢᠴᠦᠳ ᠤᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠬᠦ ᠠᠷᠢᠭᠤᠨ ᠴᠡᠪᠡᠷ ᠵᠣᠷᠯᠣᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠬᠤᠲᠠ ᠪᠠᠯᠭᠠᠰᠤ ᠶᠢᠨ ᠣᠯᠠᠨ ᠨᠡᠶᠢᠲᠡ ᠶᠢᠨ ᠵᠣᠷᠯᠣᠩ ᠤᠨ ᠥᠭᠡᠷᠡᠴᠢᠯᠡᠯᠲᠡ ᠶᠢ ᠠᠬᠢᠭᠤᠯᠵᠤ᠂ ᠬᠤᠲᠠ ᠪᠠᠯᠭᠠᠰᠤ ᠶᠢᠨ ᠣᠯᠠᠨ ᠨᠡᠶᠢᠲᠡ ᠶᠢᠨ ᠵᠣᠷᠯᠣᠩ ᠤᠨ ᠵᠢᠷᠤᠭ ᠲᠥᠯᠥᠪᠯᠡᠭᠡ ᠶᠢᠨ ᠪᠠᠷᠢᠮᠵᠢᠶ᠎ᠠ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠡᠷᠡᠭᠲᠡᠢ ᠡᠮᠡᠭᠲᠡᠢ ᠶᠢᠨ ᠵᠣᠷᠯᠣᠩ ᠤᠨ ᠪᠠᠶᠢᠷᠢ ᠶᠢᠨ ᠬᠠᠷᠢᠴᠠᠯ ᠤᠨ ᠵᠢᠷᠤᠮᠵᠢᠭᠰᠠᠨ ᠪᠠᠶᠢᠭᠤᠯᠤᠯᠲᠠ ᠪᠠ ᠪᠠᠷᠢᠮᠵᠢᠶ᠎ᠠ ᠳᠤ ᠬᠦᠷᠦᠭᠰᠡᠨ ᠨᠣᠷᠮ᠎ᠠ ᠶᠢ ᠪᠣᠯᠪᠠᠰᠤᠨ ᠬᠤᠲᠠ᠂ ᠪᠣᠯᠪᠠᠰᠤᠨ ᠨᠡᠶᠢᠭᠡᠮ ᠲᠣᠭᠤᠷᠢᠭ᠂ ᠪᠣᠯᠪᠠᠰᠤᠨ ᠲᠣᠰᠬᠤᠨ ᠪᠠᠯᠭᠠᠰᠤ᠂ ᠪᠣᠯᠪᠠᠰᠤᠨ ᠨᠢᠭᠡᠴᠢ᠂ ᠪᠣᠯᠪᠠᠰᠤᠨ ᠰᠤᠷᠭᠠᠭᠤᠯᠢ ᠶᠢᠨ ᠬᠦᠷᠢᠶᠡᠨ ᠤ ᠪᠠᠶᠢᠭᠤᠯᠤᠯᠲᠠ ᠶᠢᠨ ᠰᠢᠯᠭᠠᠷᠠᠭᠤᠯᠬᠤ ᠪᠠᠷᠢᠮᠵᠢᠶ᠎ᠠ ᠳᠤ ᠣᠷᠣᠭᠤᠯᠤᠨ᠎ᠠ᠃ ︽ᠵᠣᠷᠯᠣᠩ ᠤᠨ ᠬᠤᠪᠢᠰᠬᠠᠯ︾᠎ ᠢ ᠭᠦᠨᠵᠡᠭᠡᠢ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠠᠷᠢᠭᠤᠨ ᠴᠡᠪᠡᠷ ᠵᠣᠷᠯᠣᠩ ᠤᠨ ᠲᠦᠭᠡᠮᠡᠯᠵᠢᠯᠲᠡ ᠶᠢᠨ ᠨᠣᠷᠮ᠎ᠠ ᠪᠠ ᠪᠣᠳᠠᠲᠠᠢ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠦᠨ᠂ ᠵᠣᠷᠯᠣᠩ ᠤᠨ ᠪᠠᠭᠠᠰᠤᠨ ᠪᠣᠬᠢᠷᠳᠤᠯ ᠢ ᠬᠤᠣᠷ ᠦᠭᠡᠢ ᠪᠣᠯᠭᠠᠨ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠴᠢᠩᠭᠠᠳᠬᠠᠨ᠎ᠠ᠃ ᠵᠢᠭᠤᠯᠴᠢᠯᠠᠯ ᠤᠨ ᠦᠵᠡᠮᠵᠢᠲᠦ ᠣᠷᠣᠨ᠂ ᠬᠤᠳᠠᠯᠳᠤᠭᠠᠨ ᠤ ᠲᠠᠯᠠᠪᠤᠷ᠂ ᠠᠶᠠᠨᠴᠢᠳ ᠤᠨ ᠲᠡᠭᠡᠭᠡᠪᠦᠷᠢ ᠶᠢᠨ ᠵᠠᠩᠭᠢᠯᠠᠭ᠎ᠠ ᠪᠠ ᠦᠢᠯᠡᠴᠢᠯᠡᠭᠡᠨ ᠤ ᠲᠣᠭᠤᠷᠢᠭ ᠵᠡᠷᠭᠡ ᠤᠯᠠᠨ ᠨᠡᠶᠢᠲᠡ ᠶᠢᠨ ᠲᠠᠯᠠᠪᠤᠷ ᠲᠤ ᠭᠤᠷᠪᠠᠳᠤᠭᠠᠷ ᠠᠷᠢᠭᠤᠨ ᠴᠡᠪᠡᠷ ᠤᠨ ᠲᠠᠰᠤᠯᠭ᠎ᠠ ᠪᠠᠶᠢᠭᠤᠯᠬᠤ ᠶᠢ ᠲᠦᠯᠬᠢᠨ ᠠᠬᠢᠭᠤᠯᠤᠨ᠎ᠠ᠃      10᠂ ᠡᠮᠡᠭᠲᠡᠶᠢᠴᠦᠳ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠤᠨ᠎ᠠ᠃ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠮᠡᠳᠡᠯᠭᠡ ᠶᠢ ᠲᠦᠭᠡᠮᠡᠯᠵᠢᠭᠦᠯᠵᠦ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢ ᠴᠢᠩᠭᠠᠳᠬᠠᠨ᠂ ᠨᠡᠶᠢᠭᠡᠮ ᠤᠨ ᠣᠯᠠᠨ ᠨᠡᠶᠢᠲᠡ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃ ᠬᠤᠳᠠ ᠬᠥᠳᠡᠭᠡ ᠶᠢᠨ ᠬᠤᠭ ᠨᠣᠪᠰᠢ ᠶᠢ ᠰᠢᠢᠳᠪᠦᠷᠢᠯᠡᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠲᠦᠷᠦᠯ ᠬᠤᠪᠢᠶᠠᠨ ᠲᠠᠯᠪᠢᠬᠤ᠂ ᠲᠦᠷᠦᠯ ᠬᠤᠪᠢᠶᠠᠨ ᠴᠤᠭᠯᠠᠭᠤᠯᠬᠤ᠂ ᠲᠦᠷᠦᠯ ᠬᠤᠪᠢᠶᠠᠨ ᠲᠡᠭᠡᠭᠡᠪᠦᠷᠢᠯᠡᠬᠦ᠂ ᠲᠦᠷᠦᠯ ᠬᠤᠪᠢᠶᠠᠨ ᠰᠢᠢᠳᠪᠦᠷᠢᠯᠡᠬᠦ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠰᠢᠰᠲ᠋ᠧᠮ ᠢ ᠪᠠᠶᠢᠭᠤᠯᠵᠤ᠂ ᠬᠤᠳᠠ ᠬᠥᠳᠡᠭᠡ ᠶᠢᠨ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠨ ᠴᠤᠭᠯᠠᠭᠤᠯᠬᠤ ᠪᠠ ᠰᠢᠢᠳᠪᠦᠷᠢᠯᠡᠬᠦ ᠲᠤᠷᠰᠢᠯᠲᠠ ᠶᠢ ᠥᠷᠨᠢᠭᠦᠯᠵᠦ᠂ ᠬᠥᠳᠡᠭᠡ ᠲᠣᠰᠬᠤᠨ ᠤ ᠬᠤᠭ ᠨᠣᠪᠰᠢ ᠶᠢ ᠲᠦᠷᠦᠯ ᠬᠤᠪᠢᠶᠠᠨ ᠴᠤᠭᠯᠠᠭᠤᠯᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠲᠦᠯᠬᠢᠨ ᠠᠬᠢᠭᠤᠯᠤᠨ᠎ᠠ᠃ ᠬᠤᠭ ᠨᠣᠪᠰᠢ ᠪᠣᠬᠢᠷ ᠤᠰᠤ ᠶᠢ ᠰᠢᠢᠳᠪᠦᠷᠢᠯᠡᠬᠦ ᠲᠠᠷᠢᠶᠠᠴᠢᠨ ᠡᠷᠦᠬᠡ ᠶᠢᠨ ᠰᠦᠢᠳᠬᠡᠯ ᠲᠤᠰᠢᠶᠠᠬᠤ ᠳᠦᠷᠢᠮ ᠢ ᠰᠦᠪᠡᠭᠴᠢᠯᠡᠨ ᠪᠠᠶᠢᠭᠤᠯᠵᠤ᠂ ᠡᠳ᠋ ᠤᠨ ᠵᠠᠰᠠᠭ ᠤᠨ ᠨᠥᠬᠦᠪᠦᠷᠢ ᠥᠭᠬᠦ ᠪᠠ ᠲᠠᠷᠢᠶᠠᠴᠢᠨ ᠡᠷᠦᠬᠡ ᠶᠢᠨ ᠰᠦᠢᠳᠬᠡᠯ ᠲᠤᠰᠢᠶᠠᠬᠤ ᠶᠢ ᠵᠦᠢ ᠵᠣᠬᠢᠰᠲᠠᠢ ᠬᠤᠪᠢᠶᠠᠨ ᠡᠭᠦᠷᠭᠡᠯᠡᠬᠦ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ ᠨᠡᠶᠢᠭᠡᠮ ᠤᠨ ᠬᠦᠴᠦᠨ ᠢ ᠲᠠᠲᠠᠵᠤ ᠪᠠᠶᠢᠭᠠᠳ ᠬᠤᠭ ᠨᠣᠪᠰᠢ ᠶᠢ ᠲᠥᠷᠥᠯ ᠬᠤᠪᠢᠶᠠᠨ ᠬᠤᠷᠢᠶᠠᠨ ᠲᠡᠭᠡᠭᠡᠪᠦᠷᠢᠯᠡᠬᠦ᠂ ᠰᠢᠢᠳᠪᠦᠷᠢᠯᠡᠬᠦ ᠪᠠ ᠡᠵᠡᠩᠨᠡᠬᠦ ᠦᠢᠯᠡᠴᠢᠯᠡᠭᠡᠨ ᠳᠤ ᠣᠷᠣᠯᠴᠠᠭᠤᠯᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠭᠤᠣᠯ ᠴᠣᠭᠴᠠ ᠶᠢ ᠠᠯᠬᠤᠮ ᠠᠯᠬᠤᠮ ᠢᠶᠠᠷ ᠦᠨᠡᠨᠴᠢ ᠢᠲᠡᠭᠡᠮᠵᠢ ᠶᠢᠨ ᠰᠢᠰᠲ᠋ᠧᠮᠵᠢ ᠳᠤ ᠣᠷᠣᠭᠤᠯᠤᠨ᠎ᠠ᠃      11᠂ ᠭᠡᠨᠡᠳᠲᠡ ᠶᠢᠨ ᠬᠡᠷᠡᠭ ᠢ ᠠᠷᠭᠠᠴᠠᠬᠤ ᠶᠠᠪᠤᠴᠠ ᠳᠤ ᠡᠮᠡᠭᠲᠡᠶᠢᠴᠦᠳ ᠢᠯᠠᠩᠭᠤᠶ᠎ᠠ ᠵᠢᠷᠮᠦᠰᠦᠨ ᠬᠤᠭᠤᠴᠠᠭ᠎ᠠ᠂ ᠬᠥᠬᠦᠭᠦᠯ ᠬᠤᠭᠤᠴᠠᠭᠠᠨ ᠤ ᠡᠮᠡᠭᠲᠡᠶᠢᠴᠦᠳ ᠵᠢᠴᠢ ᠬᠦᠴᠢᠷᠳᠡᠯ ᠳᠤ ᠲᠤᠯᠭᠠᠷᠠᠭᠰᠠᠨ ᠡᠮᠡᠭᠲᠡᠶᠢᠴᠦᠳ ᠤᠨ ᠬᠠᠮᠲᠤᠯᠢᠭ ᠤᠨ ᠣᠨᠴᠠᠭᠠᠶ ᠬᠡᠷᠡᠭᠴᠡᠭᠡ ᠶᠢ  ᠠᠩᠬᠠᠷᠤᠨ᠎ᠠ᠃ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮᠵᠢ ᠶᠢᠨ ᠪᠠᠶᠢᠭᠤᠯᠤᠯᠲᠠ᠂ ᠤᠷᠢᠳᠴᠢᠯᠠᠨ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠣᠭᠲᠠᠴᠠ ᠶᠢᠨ ᠪᠠᠶᠢᠭᠤᠯᠤᠯᠲᠠ᠂ ᠬᠠᠮᠢᠶ᠎ᠠ ᠪᠦᠬᠦᠢ ᠪᠠᠴᠢᠮ ᠪᠠᠶᠢᠳᠠᠯ ᠢ ᠠᠷᠭᠠᠴᠠᠬᠤ ᠲᠥᠰᠥᠯ ᠪᠠ ᠲᠥᠯᠦᠪᠵᠢᠭᠦᠯᠭᠡ ᠶᠢ ᠲᠣᠭᠲᠠᠭᠠᠬᠤ ᠶᠠᠪᠤᠴᠠ ᠳᠤ ᠡᠮᠡᠭᠲᠡᠶᠢᠴᠦᠳ ᠤᠨ ᠤᠨᠴᠠᠭᠠᠢ ᠬᠡᠷᠡᠭᠴᠡᠭᠡ ᠱᠠᠭᠠᠷᠳᠠᠯᠭ᠎ᠠ ᠶᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠡᠮᠡᠭᠲᠡᠶᠢᠴᠦᠳ ᠤᠨ ᠡᠷᠡᠭᠦᠯ ᠬᠠᠮᠠᠭᠠᠯᠠᠯ ᠤᠨ ᠬᠡᠷᠡᠭᠰᠡᠯ᠂ ᠵᠢᠷᠮᠦᠰᠦᠨ ᠡᠮᠡᠭᠲᠡᠢ ᠶᠢᠨ ᠬᠡᠷᠡᠭᠰᠡᠯ ᠪᠠ ᠴᠢᠬᠤᠯᠠ ᠡᠮᠴᠢᠯᠡᠭᠡᠨ ᠳᠤ ᠬᠡᠷᠡᠭᠯᠡᠬᠦ ᠡᠳ᠋ ᠪᠠᠷᠠᠭ᠎ᠠ ᠶᠢᠨ ᠬᠠᠩᠭᠠᠯᠭ᠎ᠠ ᠶᠢ ᠤᠷᠢᠳᠠᠪᠠᠷ ᠪᠠᠲᠤᠯᠠᠨ᠎ᠠ᠃ ᠡᠮᠡᠭᠲᠡᠶᠢᠴᠦᠳ ᠲᠤ ᠬᠠᠨᠳᠤᠭᠤᠯᠤᠨ ᠭᠡᠨᠡᠳᠲᠡ ᠶᠢᠨ ᠬᠡᠷᠡᠭ ᠢ ᠤᠷᠢᠳᠴᠢᠯᠠᠨ ᠰᠡᠷᠭᠡᠶᠢᠯᠡᠵᠦ ᠠᠷᠭᠠᠴᠠᠬᠤ ᠮᠡᠳᠡᠯᠭᠡ ᠪᠠ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠮᠡᠷᠭᠡᠵᠢᠯ ᠴᠢᠳᠠᠪᠤᠷᠢ ᠶᠢᠨ ᠵᠢᠯᠣᠭᠤᠳᠤᠯᠭ᠎ᠠ ᠪᠣᠯᠪᠠᠰᠤᠷᠠᠭᠤᠯᠤᠯ ᠢ ᠥᠷᠨᠢᠭᠦᠯᠵᠦ᠂ ᠡᠮᠡᠭᠲᠡᠶᠢᠴᠦᠳ ᠢ ᠬᠥᠲᠥᠯᠥᠨ ᠵᠢᠯᠤᠭᠤᠳᠴᠤ ᠪᠠᠶᠢᠭᠠᠳ ᠭᠡᠷ ᠪᠦᠯᠢ ᠶᠢᠨ ᠪᠠᠴᠢᠮ ᠪᠠᠶᠢᠳᠠᠯ ᠢ ᠠᠷᠭᠠᠴᠠᠬᠤ ᠴᠢᠬᠤᠯᠠ ᠪᠦᠬᠦᠢ ᠡᠳ᠋ ᠪᠣᠳᠠᠰ ᠢ ᠨᠥᠭᠡᠴᠡᠯᠡᠨ ᠬᠡᠷᠡᠭᠯᠡᠭᠦᠯᠵᠦ᠂ ᠡᠮᠡᠭᠲᠡᠶᠢᠴᠦᠳ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠦᠵᠡᠯ ᠤᠬᠠᠮᠰᠠᠷ ᠪᠠ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠭᠡᠨᠡᠳᠲᠡ ᠶᠢᠨ ᠬᠡᠷᠡᠭ ᠢ ᠠᠷᠭᠠᠴᠠᠬᠤ ᠶᠠᠪᠤᠴᠠ ᠳᠤ ᠬᠡᠷᠡᠭᠴᠡᠭᠡ ᠱᠠᠭᠠᠷᠳᠠᠯᠭ᠎ᠠ ᠲᠠᠢ ᠡᠮᠡᠭᠲᠡᠶᠢᠴᠦᠳ ᠤᠨ ᠬᠠᠮᠲᠤᠯᠢᠭ ᠢ ᠠᠪᠤᠷᠠᠨ ᠲᠤᠰᠠᠯᠠᠬᠤ ᠦᠢᠯᠡᠴᠢᠯᠡᠭᠡ ᠪᠠ ᠰᠡᠳᠬᠢᠴᠡ ᠶᠢᠨ ᠲᠠᠯ᠎ᠠ ᠪᠠᠷ ᠬᠥᠲᠥᠯᠥᠨ ᠵᠢᠯᠤᠭᠤᠳᠬᠤ ᠠᠵᠢᠯ ᠢ ᠴᠢᠩᠭᠠᠳᠬᠠᠨ᠎ᠠ᠃ ᠡᠮᠡᠭᠲᠡᠶᠢᠴᠦᠳ ᠢ ᠬᠥᠲᠥᠯᠥᠨ ᠵᠢᠯᠤᠭᠤᠳᠴᠤ ᠪᠠᠶᠢᠭᠠᠳ ᠲᠤᠰ ᠪᠡᠶ᠎ᠡ ᠶᠢᠨ ᠣᠨᠴᠠ ᠴᠢᠳᠠᠪᠤᠷᠢ ᠪᠠ ᠳᠠᠪᠠᠭᠤᠯᠢᠭ ᠢ ᠨᠢ ᠪᠠᠳᠠᠷᠠᠭᠤᠯᠵᠤ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠳᠤ ᠢᠳᠡᠪᠬᠢᠲᠡᠢ ᠣᠷᠣᠯᠴᠠᠭᠤᠯᠤᠨ᠎ᠠ᠃      12᠂ ᠤᠯᠤᠰ ᠤᠨ ᠳᠣᠲᠣᠭᠠᠳᠤ ᠭᠠᠳᠠᠭᠠᠳᠤ ᠶᠢᠨ ᠡᠮᠡᠭᠲᠡᠶᠢᠴᠦᠳ ᠤᠨ ᠬᠡᠷᠡᠭ ᠶᠠᠪᠤᠳᠠᠯ ᠤᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠠᠬᠢᠭᠤᠯᠤᠨ᠎ᠠ᠃ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠪᠠ ᠡᠮᠡᠭᠲᠡᠶᠢᠴᠦᠳ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠤᠯᠠᠨ ᠤᠯᠤᠰ ᠤᠨ ᠨᠡᠶᠢᠲᠡ ᠶᠢᠨ ᠭᠡᠷ᠎ᠡ ᠪᠠ ᠪᠢᠴᠢᠭ ᠮᠠᠲ᠋ᠧᠷᠢᠶᠠᠯ ᠢ ᠬᠢᠨᠠᠮᠠᠭᠠᠢ ᠭᠦᠢᠴᠡᠳᠬᠡᠵᠦ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠬᠦᠶᠢᠴᠡ ᠬᠥᠭᠵᠢᠯᠲᠡ ᠶᠢᠨ ᠵᠥᠪᠯᠡᠬᠦ ᠵᠦᠢᠯ ᠨᠢ ᠬᠦᠢᠰᠦ ᠶᠢᠨ ᠢᠯᠭᠠᠯ ᠤᠨ ᠡᠷᠬᠡ ᠲᠡᠭᠰᠢ ᠪᠠᠶᠢᠬᠤ ᠳᠤ ᠬᠤᠯᠪᠣᠭᠳᠠᠬᠤ  ᠬᠠᠮᠢᠶ᠎ᠠ ᠪᠦᠬᠦᠢ ᠬᠠᠷᠠᠯᠲᠠ ᠶᠢ ᠢᠳᠡᠪᠬᠢᠲᠡᠢ ᠨᠠᠶᠢᠲᠠᠪᠦᠷᠢᠵᠢᠭᠤᠯᠤᠨ᠎ᠠ᠃ ᠤᠯᠤᠰ ᠤᠨ ᠳᠣᠲᠣᠭᠠᠳᠤ ᠭᠠᠳᠠᠭᠠᠳᠤ ᠶᠢᠨ ᠬᠦᠢᠰᠦ ᠶᠢᠨ ᠢᠯᠭᠠᠯ ᠤᠨ ᠡᠷᠬᠡ ᠲᠡᠭᠰᠢ ᠪᠠᠶᠢᠬᠤ ᠦᠢᠯᠡᠰ ᠢ ᠠᠬᠢᠭᠤᠯᠬᠤ ᠳᠤ ᠣᠷᠣᠯᠴᠠᠵᠤ᠂ ᠡᠮᠡᠭᠲᠡᠶᠢᠴᠦᠳ ᠤᠨ ᠬᠥᠭᠵᠢᠯᠲᠡ ᠶᠢᠨ ᠰᠣᠯᠢᠯᠴᠠᠭ᠎ᠠ ᠬᠢᠵᠦ ᠬᠠᠷᠢᠯᠴᠠᠨ ᠰᠤᠷᠤᠯᠴᠠᠬᠤ ᠶᠢ ᠲᠦᠯᠬᠢᠨ ᠠᠬᠢᠭᠤᠯᠤᠨ᠎ᠠ᠃ ᠡᠮᠡᠭᠲᠡᠶᠢᠴᠦᠳ ᠤᠨ ᠠᠷᠠᠳ ᠤᠨ ᠬᠤᠭᠤᠷᠣᠨᠳᠣᠬᠢ ᠭᠠᠳᠠᠭᠠᠳᠤ ᠬᠠᠷᠢᠯᠴᠠᠭ᠎ᠠ ᠶᠢᠨ ᠬᠥᠭᠵᠢᠯᠲᠡ ᠶᠢ ᠠᠬᠢᠭᠤᠯᠵᠤ᠂ ᠡᠮᠡᠭᠲᠡᠶᠢᠴᠦᠳ ᠤᠨ ︽ᠨᠢᠭᠡ ᠪᠦᠰᠡ ᠨᠢᠭᠡ ᠵᠠᠮ︾᠎ ᠤᠨ ᠪᠦᠲᠦᠭᠡᠨ ᠪᠠᠶᠢᠭᠤᠯᠤᠯᠲᠠ ᠳᠤ ᠣᠷᠤᠯᠴᠠᠬᠤ ᠶᠢ ᠳᠡᠮᠵᠢᠵᠦ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠦᠨ᠎ᠡ᠃      13᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠵᠣᠬᠢᠶᠠᠨ ᠪᠠᠶᠢᠭᠤᠯᠤᠯᠲᠠ ᠶᠢᠨ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠪᠠ ᠡᠮᠡᠭᠲᠡᠶᠢᠴᠦᠳ ᠤᠨ ᠪᠥᠬᠦ ᠲᠠᠯ᠎ᠠ ᠶᠢᠨ ᠬᠥᠭᠵᠢᠯᠲᠡ ᠶᠢᠨ ᠣᠷᠴᠢᠨ ᠲᠣᠭᠤᠷᠢᠨ ᠢ ᠪᠣᠶ ᠪᠣᠯᠭᠠᠬᠤ ᠳᠤᠮᠳᠠᠬᠢ ᠢᠳᠡᠪᠬᠢ ᠦᠢᠯᠡᠳᠦᠯ ᠢ ᠪᠠᠳᠠᠷᠠᠭᠤᠯᠤᠨ᠎ᠠ᠃ ᠡᠮᠡᠭᠲᠡᠶᠢᠴᠦᠳ ᠢ ᠬᠥᠲᠥᠯᠥᠨ ᠳᠠᠭᠠᠭᠤᠯᠵᠤ ᠦᠢᠯᠡᠴᠢᠯᠡᠨ ᠬᠠᠷᠢᠯᠴᠠᠬᠤ ᠠᠵᠢᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠥᠭᠦᠷᠭᠡ ᠬᠤᠯᠪᠣᠭᠠᠰᠤ ᠶᠢᠨ ᠦᠢᠯᠡᠳᠦᠯ ᠢ ᠪᠠᠳᠠᠷᠠᠭᠤᠯᠤᠨ᠂ ᠡᠮᠡᠭᠲᠡᠶᠢᠴᠦᠳ ᠤᠨ ᠬᠥᠮᠥᠰ ᠤᠨ ᠰᠡᠳᠬᠢᠯ ᠢ ᠨᠢᠭᠲᠠᠷᠠᠭᠤᠯᠤᠨ᠎ᠠ᠃ ᠭᠤᠣᠯ ᠤᠷᠤᠰᠬᠠᠯ ᠤᠨ ᠵᠠᠭᠤᠴᠢᠯᠠᠭᠤᠷ ᠢ ᠭᠦᠢᠴᠡᠳ ᠠᠰᠢᠭᠯᠠᠵᠤ᠂ ᠡᠮᠡᠭᠲᠡᠶᠢᠴᠦᠳ ᠤᠨ ᠬᠤᠯᠪᠣᠭ᠎ᠠ ᠶᠢᠨ ᠬᠠᠮ ᠵᠠᠭᠤᠴᠢᠯᠠᠭᠤᠷ ᠤᠨ ᠵᠢᠭᠰᠠᠭᠠᠯ ᠢ ᠪᠠᠶᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠡᠮᠡᠭᠲᠡᠶᠢᠴᠦᠳ  ᠪᠠ ᠡᠮᠡᠭᠲᠡᠶᠢᠴᠦᠳ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠶᠡᠬᠡᠪᠡᠷ ᠤᠬᠠᠭᠤᠯᠵᠤ᠂ ᠮᠠᠷᠺᠰ ᠤᠨ ᠦᠵᠡᠯ ᠤᠨ ᠡᠮᠡᠭᠲᠡᠶᠢᠴᠦᠳ ᠤᠨ ᠦᠵᠡᠯᠲᠡ ᠪᠠ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠶᠢ ᠤᠬᠠᠭᠤᠯᠵᠤ᠂ ᠡᠮᠡᠭᠲᠡᠶᠢᠴᠦᠳ ᠤᠨ ︽ᠬᠠᠭᠠᠰ ᠲᠡᠭᠷᠢ︾᠎ ᠶᠢᠨ ᠦᠢᠯᠡᠳᠦᠯ ᠢ ᠤᠬᠠᠭᠤᠯᠤᠨ᠎ᠠ᠃ ᠡᠮᠡᠭᠲᠡᠶᠢᠴᠦᠳ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠢᠯᠠᠩᠭᠤᠶ᠎ᠠ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠬᠦ ᠶᠢ ᠴᠢᠩᠭᠠᠳᠬᠠᠵᠤ᠂ ᠪᠤᠷᠤᠭᠤ ᠦᠵᠡᠯᠲᠡ ᠲᠠᠢ ᠦᠭᠡ ᠶᠠᠷᠢᠶ᠎ᠠ ᠶᠢ ᠴᠠᠭ ᠲᠤᠬᠠᠢ ᠳᠤᠨᠢ ᠶᠠᠷᠢᠵᠤ᠂ ᠵᠣᠬᠢᠴᠠᠭᠤᠯᠤᠨ ᠱᠠᠯᠠᠪᠳᠠᠭᠤᠯᠤᠨ ᠰᠢᠢᠳᠪᠦᠷᠢᠯᠡᠵᠦ᠂ ᠶᠠᠷᠢᠶ᠎ᠠ ᠬᠡᠯᠡᠯᠴᠡᠭᠡ ᠶᠢ ᠵᠥᠪ ᠲᠠᠯ᠎ᠠ ᠠᠴᠠ ᠬᠥᠲᠥᠯᠥᠨ ᠵᠢᠯᠤᠭᠤᠳᠴᠤ᠂ ᠡᠮᠡᠭᠲᠡᠶᠢᠴᠦᠳ ᠤᠨ ᠪᠦᠬᠦ ᠲᠠᠯ᠎ᠠ ᠪᠠᠷ ᠬᠥᠭᠵᠢᠬᠦ ᠳᠤ ᠠᠰᠢᠭᠲᠠᠢ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃      ︵ᠨᠠᠢᠮᠠ︶ ᠡᠮᠡᠭᠲᠡᠶᠢᠴᠦᠳ ᠬᠢᠭᠡᠳ ᠬᠠᠤᠯᠢ ᠴᠠᠭᠠᠵᠠ      ᠭᠤᠣᠯ ᠬᠠᠷᠠᠯᠲᠠ᠄      1᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠦᠨᠳᠦᠰᠦᠨ ᠬᠠᠤᠯᠢ ᠶᠢᠨ ᠵᠠᠷᠴᠢᠮ ᠪᠠ ᠤᠯᠤᠰ ᠤᠨ ᠦᠨᠳᠦᠰᠦᠨ ᠪᠣᠳᠣᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠮᠡᠭᠲᠡᠶᠢᠴᠦᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠨᠠᠶᠢᠳᠠᠪᠤᠷᠢᠵᠢᠭᠤᠯᠤᠨ᠎ᠠ᠃      2᠂ ᠡᠮᠡᠭᠲᠡᠶᠢᠴᠦᠳ ᠤᠨ ᠬᠠᠤᠯᠢ ᠶᠢ ᠬᠦᠨᠳᠦᠳᠬᠡᠬᠦ ᠬᠠᠤᠯᠢ ᠶᠢ ᠰᠤᠷᠤᠯᠴᠠᠬᠤ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠮᠡᠭᠲᠡᠶᠢᠴᠦᠳ ᠤᠨ ᠬᠠᠤᠯᠢ ᠪᠠᠷ ᠵᠠᠰᠠᠬᠤ ᠪᠤᠭᠤᠲᠤ ᠶᠢᠨ ᠪᠠᠶᠢᠭᠤᠯᠤᠯᠲᠠ ᠶᠢᠨ ᠳᠤᠮᠳᠠᠬᠢ ᠦᠢᠯᠡᠳᠦᠯ ᠢ ᠭᠦᠢᠴᠡᠳ ᠪᠠᠳᠠᠷᠠᠭᠤᠯᠤᠨ᠎ᠠ᠃      3᠂ ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠬᠠᠤᠯᠢ ᠴᠠᠭᠠᠵᠠ ᠬᠠᠤᠯᠢ ᠲᠣᠭᠲᠠᠭᠠᠯ ᠢ ᠭᠦᠨᠵᠡᠭᠡᠢ ᠬᠡᠷᠡᠭᠵᠢᠭᠦᠯᠵᠦ᠂ ᠡᠮᠡᠭᠲᠡᠶᠢᠴᠦᠳ ᠲᠤ ᠴᠢᠭᠯᠡᠭᠦᠯᠦᠭᠰᠡᠨ ᠠᠯᠢᠪᠠ ᠬᠡᠯᠪᠡᠷᠢ ᠶᠢᠨ ᠬᠦᠴᠦᠷᠬᠡᠭᠯᠡᠯ ᠢ ᠤᠷᠢᠳᠴᠢᠯᠠᠨ ᠰᠡᠷᠭᠡᠶᠢᠯᠡᠬᠦ ᠪᠠ ᠬᠤᠷᠢᠭᠯᠠᠨ ᠵᠣᠭᠰᠣᠭᠠᠨ᠎ᠠ᠃      4᠂ ᠡᠮᠡᠭᠲᠡᠶᠢᠴᠦᠳ ᠢ ᠮᠡᠬᠡᠯᠡᠨ ᠬᠤᠳᠠᠯᠳᠤᠬᠤ᠂ ᠡᠮᠡᠭᠲᠡᠶᠢᠴᠦᠳ ᠲᠤ ᠪᠡᠯᠭᠡ ᠶᠢᠨ ᠬᠠᠯᠳᠠᠯᠭ᠎ᠠ ᠬᠢᠬᠦ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠲᠤ ᠴᠢᠩᠭ᠎ᠠ ᠴᠣᠬᠢᠯᠲᠠ ᠥᠭᠭᠦᠨ᠎ᠡ᠃      5᠂ ᠪᠡᠯᠭᠡ ᠶᠢᠨ ᠬᠠᠯᠳᠠᠯᠭ᠎ᠠ ᠶᠢ ᠰᠡᠷᠭᠡᠶᠢᠯᠡᠬᠦ ᠪᠠ ᠬᠤᠷᠢᠭᠯᠠᠬᠤ ᠬᠠᠤᠯᠢ ᠪᠠᠷ ᠵᠠᠰᠠᠬᠤ ᠦᠵᠡᠯ ᠤᠬᠠᠮᠰᠠᠷ ᠢ ᠳᠡᠭᠡᠭᠰᠢᠯᠡᠭᠦᠯᠵᠦ᠂ ᠡᠮᠡᠭᠲᠡᠶᠢᠴᠦᠳ ᠲᠤ ᠴᠢᠭᠯᠡᠭᠦᠯᠦᠭᠰᠡᠨ ᠪᠡᠯᠭᠡ ᠶᠢᠨ ᠬᠠᠯᠳᠠᠯᠭ᠎ᠠ ᠶᠢ ᠪᠦᠲᠦᠮᠵᠢᠲᠡᠶ ᠪᠠᠷ ᠬᠤᠷᠢᠭᠯᠠᠨ᠎ᠠ᠃      6᠂ ᠴᠠᠬᠢᠯᠭᠠᠨ ᠬᠤᠯᠪᠣᠭ᠎ᠠ ᠲᠣᠣᠷ ᠰᠦᠯᠵᠢᠶ᠎ᠡ ᠶᠢ ᠠᠰᠢᠭᠯᠠᠨ ᠡᠮᠡᠭᠲᠡᠶᠢᠴᠦᠳ ᠲᠤ ᠬᠢᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃      7᠂ ᠡᠮᠡᠭᠲᠡᠶᠢᠴᠦᠳ ᠤᠨ ᠭᠡᠷ ᠪᠦᠯᠢ ᠶᠢᠨ ᠬᠠᠷᠢᠴᠠᠭᠠᠨ ᠳᠠᠬᠢ ᠡᠳ᠋ ᠬᠥᠷᠥᠩᠭᠡ ᠶᠢᠨ ᠥᠮᠴᠢᠯᠡᠬᠦ ᠡᠷᠬᠡ᠂ ᠵᠠᠯᠭᠠᠮᠵᠢᠯᠠᠬᠤ ᠡᠷᠬᠡ ᠶᠢ ᠪᠠᠲᠤᠯᠠᠵᠤ᠂ ᠡᠮᠡᠭᠲᠡᠶᠢᠴᠦᠳ ᠤᠨ ᠤᠷᠤᠬ ᠭᠡᠷ ᠪᠦᠯᠢ ᠶᠢᠨ ᠬᠠᠷᠢᠴᠠᠭᠠᠨ ᠳᠠᠬᠢ ᠬᠠᠮᠲᠤ ᠶᠢᠨ ᠡᠳ᠋ ᠬᠥᠷᠥᠩᠭᠡ ᠳᠤ ᠪᠠᠶᠢᠳᠠᠯ ᠢ ᠮᠡᠳᠡᠬᠦ ᠡᠷᠬᠡ ᠪᠠ ᠠᠳᠠᠯᠢ ᠲᠡᠭᠰᠢ ᠪᠠᠷ ᠰᠢᠢᠳᠪᠦᠷᠢᠯᠡᠬᠦ ᠡᠷᠬᠡ ᠡᠳ᠋ᠯᠡᠬᠦ ᠶᠢ ᠪᠠᠲᠤᠯᠠᠨ᠎ᠠ᠃      8᠂ ᠡᠮᠡᠭᠲᠡᠶᠢᠴᠦᠳ ᠲᠤ ᠬᠠᠤᠯᠢ ᠶᠣᠰᠣᠭᠠᠷ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠨ᠎ᠠ᠃ ᠬᠠᠯᠳᠠᠯᠭ᠎ᠠ ᠳᠤ ᠤᠴᠠᠷᠠᠭᠰᠠᠨ ᠡᠮᠡᠭᠲᠡᠶᠢᠴᠦᠳ ᠤᠨ ᠴᠠᠭ ᠲᠤᠬᠠᠢ ᠳᠤᠨᠢ ᠪᠦᠲᠦᠮᠵᠢᠲᠡᠶ ᠬᠠᠤᠯᠢ ᠴᠠᠭᠠᠵᠠ ᠶᠢᠨ ᠲᠤᠰᠠᠯᠠᠮᠵᠢ ᠣᠯᠬᠤ ᠶᠢ ᠪᠠᠲᠤᠯᠠᠨ᠎ᠠ᠃      ᠠᠷᠭ᠎ᠠ ᠪᠣᠳᠣᠯᠭ᠎ᠠ ᠠᠷᠭ᠎ᠠ ᠬᠡᠮᠵᠢᠶ᠎ᠡ᠄       1᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠦᠨᠳᠦᠰᠦᠨ ᠬᠠᠤᠯᠢ ᠶᠢᠨ ᠵᠠᠷᠴᠢᠮ ᠪᠠ ᠤᠯᠤᠰ ᠤᠨ ᠦᠨᠳᠦᠰᠦᠨ ᠪᠣᠳᠣᠯᠭ᠎ᠠ ᠶᠢ ᠬᠠᠤᠯᠢ ᠪᠠᠷ ᠵᠠᠰᠠᠬᠤ ᠪᠤᠭᠤᠲᠤ ᠶᠢᠨ ᠪᠠᠶᠢᠭᠤᠯᠤᠯᠲᠠ ᠶᠢᠨ ᠪᠥᠬᠦ ᠶᠠᠪᠤᠴᠠ ᠳᠤ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠡᠮᠡᠭᠲᠡᠶᠢᠴᠦᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠲᠡᠭᠦᠯᠳᠡᠷᠵᠢᠭᠦᠯᠬᠦ ᠶᠢ ᠠᠬᠢᠭᠤᠯᠤᠨ᠎ᠠ᠃ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠪᠠ ᠱᠠᠯᠠᠪᠳᠠᠭᠤᠯᠤᠨ ᠪᠠᠶᠢᠴᠠᠭᠠᠵᠤ ᠱᠠᠯᠠᠪᠳᠠᠭᠤᠯᠤᠨ ᠰᠢᠢᠳᠪᠦᠷᠢᠯᠡᠭᠦᠯᠬᠦ ᠶᠢ ᠴᠢᠩᠭᠠᠳᠬᠠᠵᠤ᠂ ᠡᠮᠡᠭᠲᠡᠶᠢᠴᠦᠳ ᠤᠨ ᠡᠷᠬᠡ ᠠᠰᠢᠭ ᠲᠤ ᠬᠠᠯᠳᠠᠭᠰᠠᠨ ᠬᠡᠷᠡᠭ ᠢ ᠡᠷᠬᠡ ᠲᠡᠭᠰᠢ ᠲᠥᠪ ᠭᠤᠣᠯᠴᠢ ᠪᠠᠷ ᠰᠢᠢᠳᠪᠦᠷᠢᠯᠡᠬᠦ ᠶᠢ ᠪᠠᠲᠤᠯᠠᠨ᠎ᠠ᠃ ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠦᠷᠢᠶᠡᠨ ᠳᠠᠬᠢ ᠨᠡᠶᠢᠲᠡ ᠶᠢᠨ ᠠᠰᠠᠷᠠᠮᠵᠢ ᠶᠢᠨ ᠵᠠᠷᠭᠤ ᠬᠢᠬᠦ ᠶᠢ ᠠᠬᠢᠭᠤᠯᠤᠨ᠎ᠠ᠃ ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠤᠯᠪᠣᠭᠳᠠᠯ ᠪᠦᠬᠦᠢ ᠠᠭᠤᠯᠭ᠎ᠠ ᠶᠢ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠣᠷᠣᠭᠤᠯᠵᠤ᠂ ᠬᠠᠤᠯᠢ ᠪᠠᠷ ᠵᠠᠰᠠᠬᠤ ᠡᠩᠨᠡᠭᠡᠨ ᠤ ᠪᠠᠶᠢᠭᠤᠯᠤᠯᠲᠠ᠂ ᠪᠦᠬᠦ ᠠᠷᠠᠳ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠲᠥᠯᠦᠪᠵᠢᠭᠦᠯᠭᠡ ᠪᠠ ᠤᠯᠠᠨ ᠲᠦᠮᠡᠨᠴᠢ ᠴᠢᠨᠠᠷᠲᠠᠢ ᠬᠠᠤᠯᠢ ᠪᠠᠷ ᠵᠠᠰᠠᠬᠤ ᠰᠣᠶᠣᠯ ᠤᠨ ᠠᠵᠢᠯᠯᠠᠭ᠎ᠠ ᠳᠤ ᠣᠷᠣᠭᠤᠯᠵᠤ᠂ ᠪᠦᠬᠦ ᠨᠡᠶᠢᠭᠡᠮ ᠤᠨ ᠪᠠᠲᠤᠯᠠᠭ᠎ᠠ ᠶᠢᠨ ᠡᠮᠡᠭᠲᠡᠶᠢᠴᠦᠳ ᠤᠨ ᠬᠠᠤᠯᠢ ᠶᠣᠰᠣᠨ ᠤ ᠡᠷᠬᠡ ᠠᠰᠢᠭ ᠤᠨ ᠬᠠᠤᠯᠢ ᠪᠠᠷ ᠵᠠᠰᠠᠬᠤ ᠤᠬᠠᠮᠰᠠᠷ ᠪᠠ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ ᠴᠢᠩᠭᠠᠳᠬᠠᠨ᠎ᠠ᠃      2᠂ ᠡᠮᠡᠭᠲᠡᠶᠢᠴᠦᠳ ᠤᠨ ᠬᠠᠤᠯᠢ ᠪᠠᠷ ᠵᠠᠰᠠᠬᠤ ᠦᠵᠡᠯ ᠤᠬᠠᠮᠰᠠᠷ ᠪᠠ ᠬᠠᠤᠯᠢ ᠪᠠᠷ ᠵᠠᠰᠠᠬᠤ ᠪᠤᠭᠤᠲᠤ ᠶᠢᠨ ᠪᠦᠲᠦᠭᠡᠨ ᠪᠠᠶᠢᠭᠤᠯᠤᠯᠲᠠ ᠳᠤ ᠣᠷᠤᠯᠴᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠡᠮᠡᠭᠲᠡᠶᠢᠴᠦᠳ ᠢ ᠬᠥᠲᠥᠯᠥᠨ ᠵᠢᠯᠤᠭᠤᠳᠴᠤ ᠪᠠᠶᠢᠭᠠᠳ ᠦᠨᠳᠦᠰᠦᠨ ᠬᠠᠤᠯᠢ ᠪᠠ ᠬᠠᠤᠯᠢ ᠴᠠᠭᠠᠵᠠ ᠶᠢᠨ ᠮᠡᠳᠡᠯᠭᠡ ᠶᠢ ᠤᠬᠠᠮᠰᠠᠷ ᠠᠴᠠ ᠪᠠᠨ ᠰᠤᠷᠤᠯᠴᠠᠭᠤᠯᠵᠤ᠂ ᠬᠠᠤᠯᠢ ᠪᠠᠷ ᠵᠠᠰᠠᠬᠤ ᠦᠵᠡᠯᠲᠡ ᠶᠢ ᠨᠢ ᠴᠢᠩᠭᠠᠷᠠᠭᠤᠯᠵᠤ᠂ ᠠᠵᠢᠯ ᠶᠠᠪᠤᠳᠠᠯ ᠬᠢᠬᠦ ᠳᠡᠭᠡᠨ ᠬᠠᠤᠯᠢ ᠶᠣᠰᠣᠭᠠᠷ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠶᠢ ᠡᠷᠢᠬᠦ᠂ ᠠᠰᠠᠭᠤᠳᠠᠯ ᠢ ᠰᠢᠢᠳᠪᠦᠷᠢᠯᠡᠬᠦ ᠳᠡᠭᠡᠨ ᠬᠠᠤᠯᠢ ᠶᠢ ᠬᠡᠷᠡᠭᠯᠡᠬᠦ᠂ ᠵᠥᠷᠢᠴᠡᠯ ᠢ ᠠᠷᠢᠯᠭᠠᠬᠤ ᠳᠤ ᠬᠠᠤᠯᠢ ᠳᠤ ᠲᠦᠰᠢᠭᠯᠡᠬᠦ ᠬᠠᠤᠯᠢ ᠪᠠᠷ ᠵᠠᠰᠠᠬᠤ ᠰᠡᠳᠬᠢᠬᠦᠢ ᠪᠠ ᠦᠢᠯᠡ ᠠᠵᠢᠯᠯᠠᠭᠠᠨ ᠤ ᠳᠠᠳᠬᠠᠯ ᠲᠠᠢ ᠪᠣᠯᠭᠠᠨ᠎ᠠ᠃ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ︾ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠡᠮᠡᠭᠲᠡᠶᠢᠴᠦᠳ ᠲᠤ ᠬᠠᠨᠳᠤᠭᠤᠯᠤᠨ ᠬᠠᠤᠯᠢ ᠴᠠᠭᠠᠵᠠ ᠶᠢᠨ ᠵᠥᠪᠯᠡᠯᠭᠡ ᠥᠭᠬᠦ ᠵᠡᠷᠭᠡ ᠦᠢᠯᠡᠴᠢᠯᠡᠭᠡ ᠬᠠᠩᠭᠠᠨ᠎ᠠ᠃ ᠡᠮᠡᠭᠲᠡᠶᠢᠴᠦᠳ ᠤᠨ ᠬᠠᠤᠯᠢ ᠲᠣᠭᠲᠠᠭᠠᠬᠤ᠂ ᠬᠠᠤᠯᠢ ᠪᠠᠷᠢᠬᠤ ᠪᠠ ᠬᠠᠤᠯᠢ ᠴᠠᠭᠠᠵᠠ ᠶᠢ ᠲᠦᠭᠡᠮᠡᠯᠵᠢᠭᠦᠯᠬᠦ ᠠᠵᠢᠯᠯᠠᠭ᠎ᠠ ᠳᠤ ᠤᠯᠠᠨ ᠠᠷᠭ᠎ᠠ ᠵᠠᠮ ᠢᠶᠠᠷ ᠣᠷᠤᠯᠴᠠᠬᠤ ᠶᠢ ᠵᠣᠷᠢᠭᠵᠢᠭᠤᠯᠤᠨ᠎ᠠ᠃ ︽ᠬᠠᠤᠯᠢ ᠪᠠᠷ ᠵᠠᠰᠠᠬᠤ ᠪᠤᠭᠤᠲᠤ ᠶᠢ ᠪᠠᠶᠢᠭᠤᠯᠬᠤ ᠳᠤ ᠡᠮᠡᠭᠲᠡᠶᠢᠴᠦᠳ  ᠬᠦᠲᠡᠯᠦᠯᠴᠠᠵᠦ ᠪᠠᠶᠢᠬᠤ ᠠᠵᠢᠯᠯᠠᠭ᠎ᠠ︾᠎ ᠶᠢ ᠲᠦᠯᠬᠢᠨ ᠠᠬᠢᠭᠤᠯᠵᠤ᠂ ︽ᠬᠠᠤᠯᠢ ᠴᠠᠭᠠᠵᠠ ᠶᠢᠨ ᠮᠡᠷᠭᠡᠨ ᠬᠥᠮᠥᠨ︾᠎ ᠢ ᠬᠥᠮᠥᠵᠢᠭᠦᠯᠬᠦ ᠲᠥᠯᠥᠪᠯᠡᠭᠡ ᠶᠢ ᠬᠡᠷᠡᠭᠵᠢᠭᠦᠯᠦᠨ᠂ ᠡᠮᠡᠭᠲᠡᠶᠢᠴᠦᠳ ᠤᠨ ᠬᠠᠤᠯᠢ ᠲᠦᠭᠡᠮᠡᠯᠵᠢᠭᠦᠯᠬᠦ ᠠᠵᠢᠯᠲᠠᠨ ᠤ ᠬᠠᠤᠯᠢ ᠴᠠᠭᠠᠵᠠ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠡᠮᠡᠭᠲᠡᠶᠢᠴᠦᠳ ᠤᠨ ᠣᠯᠠᠨ ᠲᠦᠮᠡᠨ ᠤ ᠬᠠᠤᠯᠢ ᠶᠢ ᠬᠦᠨᠳᠦᠳᠬᠡᠬᠦ ᠬᠠᠤᠯᠢ ᠶᠢ ᠰᠤᠷᠤᠯᠴᠠᠬᠤ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠶᠢ ᠳᠠᠶᠢᠴᠢᠯᠠᠨ᠎ᠠ᠃ ᠡᠮᠡᠭᠲᠡᠶᠢᠴᠦᠳ ᠤᠨ ᠠᠷᠠᠳ ᠤᠨ ᠲᠥᠯᠥᠭᠡᠯᠡᠭᠴᠢ᠂ ᠡᠮᠡᠭᠲᠡᠶᠢᠴᠦᠳ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠵᠣᠬᠢᠶᠠᠨ ᠪᠠᠶᠢᠭᠤᠯᠤᠯᠲᠠ᠂ ᠡᠮᠡᠭᠲᠡᠶᠢᠴᠦᠳ ᠢᠶᠠᠷ ᠪᠦᠷᠢᠯᠳᠦᠭᠦᠨ ᠤ ᠭᠤᠣᠯ ᠴᠣᠭᠴᠠ ᠪᠣᠯᠭᠠᠭᠰᠠᠨ ᠪᠤᠶᠤ ᠡᠮᠡᠭᠲᠡᠶᠢᠴᠦᠳ ᠢᠶᠠᠷ ᠭᠤᠣᠯ ᠦᠢᠯᠡᠴᠢᠯᠡᠬᠦ ᠡᠲᠡᠭᠡᠳ ᠢᠶᠠᠨ ᠪᠣᠯᠭᠠᠭᠰᠠᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠶᠢᠨ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠠᠷᠠᠳᠴᠢᠯᠠᠯ ᠢᠶᠠᠷ ᠬᠠᠤᠯᠢ ᠲᠣᠭᠲᠠᠭᠠᠬᠤ ᠪᠠ ᠬᠠᠤᠯᠢ ᠲᠣᠭᠲᠠᠭᠠᠬᠤ ᠵᠥᠪᠯᠡᠯᠭᠡ ᠬᠢᠬᠦ ᠳᠤᠮᠳᠠᠬᠢ ᠦᠢᠯᠡᠳᠦᠯ ᠢ ᠭᠦᠢᠴᠡᠳ ᠪᠠᠳᠠᠷᠠᠭᠤᠯᠤᠨ᠎ᠠ᠃      3᠂ ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠎ᠠ᠃ ᠭᠡᠷ ᠪᠦᠯᠢ ᠶᠢᠨ ᠬᠦᠴᠦᠷᠬᠡᠭᠯᠡᠯ ᠳᠤ ᠥᠴᠥᠬᠡᠨ ᠴᠦ ᠢᠯᠳᠠᠷ ᠬᠠᠶᠠᠬᠤ ᠦᠭᠡᠢ ᠪᠠᠶᠢᠬᠤ ᠣᠨᠣᠯᠵᠢᠬᠤᠨ ᠢ ᠤᠬᠠᠭᠤᠯᠤᠨ ᠰᠠᠨᠠᠭᠠᠴᠢᠯᠠᠵᠤ᠂ ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠤᠬᠠᠭᠤᠯᠭ᠎ᠠ ᠬᠥᠮᠦᠵᠢᠯ ᠢ ᠥᠷᠨᠢᠭᠦᠯᠦᠨ᠂ ᠭᠡᠷ ᠪᠦᠯᠢ ᠶᠢᠨ ᠬᠦᠴᠦᠷᠬᠡᠭᠯᠡᠯ ᠢ ᠬᠠᠤᠯᠢ ᠶᠣᠰᠣᠭᠠᠷ ᠰᠢᠢᠳᠪᠦᠷᠢᠯᠡᠨ᠎ᠡ᠃ ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠤᠯᠠᠨ ᠰᠠᠯᠠᠭ᠎ᠠ ᠮᠥᠴᠢᠷ ᠤᠨ ᠵᠣᠬᠢᠴᠠᠯᠳᠤᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠠᠤᠯᠢ ᠴᠠᠭᠠᠵᠠ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠳᠦᠷᠢᠮ︾᠎ ᠢ ᠭᠦᠨᠵᠡᠭᠡᠢ ᠲᠤᠤᠱᠯᠠᠭᠤᠯᠤᠨ ᠬᠡᠷᠡᠭᠵᠢᠭᠦᠯᠵᠦ᠂ ᠠᠯᠪᠠᠳᠠᠯᠭ᠎ᠠ ᠪᠠᠷ ᠮᠡᠳᠡᠭᠦᠯᠬᠦ᠂ ᠪᠠᠴᠢᠮ ᠬᠠᠮᠠᠭᠠᠯᠠᠬᠤ᠂ ᠰᠡᠷᠡᠮᠵᠢᠯᠡᠭᠦᠯᠬᠦ᠂ ᠬᠥᠮᠥᠨ ᠤ ᠪᠡᠶ᠎ᠡ ᠶᠢᠨ ᠬᠠᠮᠠᠭᠠᠯᠠᠯᠲᠠ ᠶᠢᠨ ᠵᠠᠷᠯᠢᠭ ᠵᠡᠷᠭᠡ ᠬᠠᠤᠯᠢ ᠴᠠᠭᠠᠵᠠ ᠶᠢᠨ ᠳᠦᠷᠢᠮ ᠢ ᠬᠠᠤᠯᠢ ᠴᠠᠭᠠᠵᠠ ᠶᠢᠨ ᠦᠢᠯᠡᠳᠦᠯᠭᠡ ᠶᠢᠨ ᠳᠤᠮᠳᠠ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠤᠬᠠᠭᠤᠯᠭ᠎ᠠ ᠬᠥᠮᠦᠵᠢᠯ᠂ ᠤᠷᠢᠳᠴᠢᠯᠠᠨ ᠰᠡᠷᠭᠡᠶᠢᠯᠡᠵᠦ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠨᠡᠶᠢᠭᠡᠮ ᠲᠣᠭᠤᠷᠢᠭ ᠤᠨ ᠲᠣᠥᠷᠵᠢᠭᠤᠯᠤᠭᠰᠠᠨ ᠭᠡᠷ ᠪᠦᠯᠢ ᠶᠢᠨ ᠬᠦᠴᠦᠷᠬᠡᠭᠯᠡᠯ ᠤᠨ ᠭᠤᠣᠯᠳᠠᠯᠭ᠎ᠠ ᠲᠠᠢ ᠬᠢᠨᠠᠨ ᠡᠵᠡᠮᠳᠡᠬᠦ ᠲᠣᠭᠲᠠᠴᠠ ᠶᠢ  ᠪᠠᠶᠢᠭᠤᠯᠤᠨ᠎ᠠ᠃ ᠭᠡᠷ ᠪᠦᠯᠢ ᠶᠢᠨ ᠬᠦᠴᠦᠷᠬᠡᠭᠯᠡᠯ ᠢ ᠢᠯᠡᠷᠡᠭᠦᠯᠬᠦ᠂ ᠮᠡᠳᠡᠭᠦᠯᠬᠦ᠂ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠬᠠᠮᠢᠶ᠎ᠠ ᠪᠦᠬᠦᠢ ᠭᠤᠣᠯ ᠴᠣᠭᠴᠠ ᠶᠢᠨ ᠠᠯᠪᠠᠳᠠᠯᠭ᠎ᠠ ᠪᠠᠷ ᠮᠡᠳᠡᠭᠦᠯᠬᠦ ᠦᠵᠡᠯ ᠤᠬᠠᠮᠰᠠᠷ ᠢ ᠴᠢᠩᠭᠠᠷᠠᠭᠤᠯᠤᠨ᠂ ᠠᠯᠪᠠᠳᠠᠯᠭ᠎ᠠ ᠪᠠᠷ ᠮᠡᠳᠡᠭᠦᠯᠬᠦ ᠡᠭᠦᠷᠭᠡ ᠪᠠᠨ ᠭᠦᠢᠴᠡᠳᠬᠡᠬᠦ ᠶᠢ ᠠᠬᠢᠭᠤᠯᠤᠨ᠎ᠠ᠃ ᠴᠠᠭᠳᠠᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠭᠡᠷ ᠪᠦᠯᠢ ᠶᠢᠨ ᠬᠦᠴᠦᠷᠬᠡᠭᠯᠡᠯ ᠤᠨ ᠴᠠᠭᠳᠠᠭ᠎ᠠ ᠶᠢᠨ ᠪᠠᠶᠢᠳᠠᠯ ᠢ ᠥᠷᠨᠢᠭᠦᠯᠦᠨ᠂ ᠰᠡᠷᠡᠮᠵᠢᠯᠡᠭᠦᠯᠬᠦ ᠪᠢᠴᠢᠭ ᠭᠠᠷᠭᠠᠭᠰᠠᠨ ᠪᠠᠶᠢᠳᠠᠯ ᠤᠨ ᠪᠦᠷᠢᠳᠬᠡᠯ ᠢ ᠬᠢᠨ᠎ᠡ᠃ ᠶᠠᠯ᠎ᠠ ᠪᠣᠯᠵᠤ ᠪᠦᠷᠢᠯᠳᠦᠭᠰᠡᠨ ᠬᠦᠴᠦᠷᠬᠡᠭᠯᠡᠯ ᠶᠠᠪᠤᠭᠤᠯᠤᠭᠴᠢ ᠠᠴᠠ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠵᠦ᠂ ᠬᠦᠨᠳᠦ ᠶᠡᠭᠡ ᠬᠦᠨᠳᠦ ᠨᠣᠴᠢᠲᠠᠢ ᠬᠡᠷᠡᠭ ᠢ ᠴᠢᠩᠭ᠎ᠠ ᠰᠢᠢᠳᠪᠦᠷᠢᠯᠡᠨ᠎ᠡ᠃ ᠬᠥᠮᠥᠨ ᠤ ᠪᠡᠶ᠎ᠡ ᠶᠢᠨ ᠬᠠᠮᠠᠭᠠᠯᠠᠯᠲᠠ ᠶᠢᠨ ᠵᠠᠷᠯᠢᠭ ᠢ ᠴᠠᠭ ᠲᠤᠬᠠᠢ ᠎ ᠳᠤᠨᠢ ᠭᠠᠷ ᠤᠨ ᠥᠰᠥᠭ ᠵᠢᠷᠤᠵᠤ ᠶᠠᠪᠤᠭᠤᠯᠤᠨ᠂ ᠬᠢᠨᠠᠨ ᠬᠠᠷᠭᠤᠭᠤᠯᠵᠤ ᠭᠠᠷ ᠤᠨ ᠥᠰᠥᠭ ᠵᠢᠷᠤᠵᠤ ᠶᠠᠪᠤᠭᠤᠯᠬᠤ ᠨᠣᠷᠮ᠎ᠠ ᠶᠢ ᠳᠡᠭᠡᠭᠰᠢᠯᠡᠭᠦᠯᠵᠦ᠂ ᠭᠦᠢᠴᠡᠳᠬᠡᠬᠦ ᠡᠷᠴᠢᠮ ᠢᠶᠠᠨ ᠴᠢᠩᠭᠠᠷᠠᠭᠤᠯᠤᠨ᠎ᠠ᠃ ᠳᠠᠬᠢᠨᠲᠠ ᠬᠦᠴᠦᠷᠬᠡᠭᠯᠡᠯ ᠶᠠᠪᠤᠭᠤᠯᠤᠭᠰᠠᠳ ᠢ ᠰᠢᠢᠳᠭᠡᠬᠦ ᠡᠷᠴᠢᠮ ᠢᠶᠠᠨ ᠴᠢᠩᠭᠷᠠᠭᠤᠯᠤᠨ᠎ᠠ᠃ ᠪᠠᠴᠢᠮ ᠬᠠᠮᠠᠭᠠᠯᠠᠬᠤ ᠭᠠᠵᠠᠷ ᠲᠠᠯᠠᠪᠤᠷ ᠤᠨ ᠬᠠᠮᠢᠶᠠᠷᠤᠯᠲᠠ ᠶᠢ ᠴᠢᠩᠭᠠᠳᠬᠠᠵᠤ᠂ ᠬᠠᠮᠠᠭᠠᠯᠠᠬᠤ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠭᠡᠷ ᠪᠦᠯᠢ ᠶᠢᠨ ᠬᠦᠴᠦᠷᠬᠡᠭᠯᠡᠯ ᠤᠨ ᠬᠤᠣᠷ ᠬᠥᠨᠥᠭᠡᠯ ᠠᠮᠰᠠᠭᠰᠠᠨ ᠡᠮᠡᠭᠲᠡᠶᠢᠴᠦᠳ ᠤᠨ ᠰᠡᠳᠬᠢᠴᠡ ᠶᠢᠨ ᠲᠠᠶᠢᠳᠬᠤᠷᠠᠭᠤᠯᠤᠯ ᠪᠠ ᠠᠮᠢᠳᠤᠷᠠᠯ ᠤᠨ ᠠᠪᠤᠷᠠᠨ ᠲᠤᠰᠠᠯᠠᠯᠲᠠ ᠶᠢ ᠴᠢᠩᠭᠠᠳᠬᠠᠵᠤ᠂ ᠲᠡᠲᠡᠨᠤᠰ ᠤᠨ ᠪᠡᠶ᠎ᠡ ᠰᠡᠳᠬᠢᠯ ᠤᠨ ᠡᠷᠡᠭᠦᠯᠵᠢᠯ ᠢ ᠬᠠᠪᠰᠤᠷᠤᠨ᠎ᠠ᠃ ᠬᠦᠴᠦᠷᠬᠡᠭᠯᠡᠯ ᠶᠠᠪᠤᠭᠤᠯᠤᠭᠰᠠᠳ ᠢ ᠬᠥᠮᠥᠵᠢᠭᠦᠯᠦᠨ ᠰᠡᠷᠡᠮᠵᠢᠯᠡᠭᠦᠯᠬᠦ᠂ ᠰᠡᠳᠬᠢᠴᠡ ᠶᠢᠨ ᠲᠠᠯ᠎ᠠ ᠪᠠᠷ ᠬᠠᠪᠰᠤᠷᠤᠨ ᠵᠢᠯᠤᠭᠤᠳᠬᠤ ᠪᠠ ᠦᠢᠯᠡ ᠠᠵᠢᠯᠯᠠᠭ᠎ᠠ ᠶᠢᠨ ᠲᠠᠯ᠎ᠠ ᠪᠠᠷ ᠵᠠᠯᠠᠷᠠᠭᠤᠯᠤᠨ ᠵᠠᠰᠠᠬᠤ ᠶᠢ ᠴᠢᠩᠭᠠᠳᠬᠠᠨ᠎ᠠ᠃ ᠭᠡᠷ ᠪᠦᠯᠢ ᠶᠢᠨ ᠬᠦᠴᠦᠷᠬᠡᠭᠯᠡᠯ ᠤᠨ ᠬᠡᠷᠡᠭ ᠤᠨ ᠵᠠᠯᠭᠠᠮᠵᠢ ᠮᠥᠷᠳᠡᠨ ᠰᠤᠷᠪᠤᠯᠵᠢᠯᠠᠬᠤ ᠠᠵᠢᠯ ᠢ ᠦᠷᠨᠢᠭᠦᠯᠦᠨ᠎ᠡ᠃ ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠪᠠ ᠪᠦᠷᠢᠳᠬᠡᠯ ᠢ ᠴᠢᠩᠭᠠᠳᠬᠠᠨ᠎ᠠ᠃      4᠂ ᠡᠮᠡᠭᠲᠡᠶᠢᠴᠦᠳ ᠢ ᠮᠡᠬᠡᠯᠡᠨ ᠬᠤᠳᠠᠯᠳᠤᠬᠤ ᠶᠠᠯᠠᠲᠤ ᠠᠵᠢᠯᠯᠠᠭ᠎ᠠ ᠳᠤ ᠡᠷᠡᠰ ᠴᠣᠬᠢᠯᠲᠠ ᠥᠭᠭᠦᠨ᠎ᠡ᠃ ᠶᠡᠷᠦᠩᠬᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠡᠮᠡᠭᠲᠡᠶᠢᠴᠦᠳ ᠢ ᠮᠡᠬᠡᠯᠡᠨ ᠬᠤᠳᠠᠯᠳᠤᠬᠤ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠤᠨ᠎ᠠ᠃ ᠤᠷᠢᠳᠴᠢᠯᠠᠨ ᠰᠡᠷᠭᠡᠶᠢᠯᠡᠬᠦ᠂ ᠴᠣᠬᠢᠯᠲᠠ ᠥᠭᠬᠦ᠂ ᠲᠡᠩᠬᠡᠷᠡᠭᠦᠯᠦᠨ ᠲᠤᠰᠠᠯᠠᠬᠤ᠂ ᠲᠥᠪᠬᠢᠨᠡᠭᠦᠯᠬᠦ᠂ ᠡᠷᠡᠭᠦᠯᠵᠢᠭᠦᠯᠬᠦ ᠶᠢ ᠨᠢᠭᠡ ᠴᠣᠭᠴᠠᠵᠢᠭᠤᠯᠤᠭᠰᠠᠨ ᠮᠡᠬᠡᠯᠡᠨ ᠬᠤᠳᠠᠯᠳᠤᠬᠤ ᠶᠢ ᠡᠰᠡᠷᠭᠦᠴᠡᠬᠦ ᠠᠵᠢᠯ ᠤᠨ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠦᠨ ᠨᠠᠶᠢᠲᠠᠪᠦᠷᠢᠵᠢᠭᠤᠯᠤᠨ᠎ᠠ᠃ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠰᠡᠷᠭᠡᠶᠢᠯᠡᠨ ᠵᠠᠰᠠᠬᠤ ᠶᠢ ᠤᠶᠠᠯᠳᠤᠭᠤᠯᠬᠤ ᠶᠢ ᠪᠠᠷᠢᠮᠲᠠᠯᠠᠨ᠂ ᠤᠯᠠᠨ ᠰᠠᠯᠠᠭ᠎ᠠ ᠮᠥᠴᠢᠷ ᠬᠠᠮᠵᠢᠯᠴᠠᠭᠰᠠᠨ᠂ ᠨᠡᠶᠢᠭᠡᠮ ᠤᠨ ᠬᠢᠨ ᠥᠷᠭᠡᠨ ᠢᠶᠠᠷ ᠣᠷᠣᠯᠴᠠᠭᠰᠠᠨ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠠᠵᠢᠯ ᠤᠨ ᠰᠢᠰᠲ᠋ᠧᠮᠵᠢ ᠎ ᠶᠢ ᠪᠠᠶᠢᠭᠤᠯᠵᠤ᠂ ᠪᠥᠬᠦ ᠨᠡᠶᠢᠭᠡᠮ ᠤᠨ ᠮᠡᠬᠡᠯᠡᠨ ᠬᠤᠳᠠᠯᠳᠤᠬᠤ ᠶᠢ ᠡᠰᠡᠷᠭᠦᠴᠡᠬᠦ ᠦᠵᠡᠯ ᠤᠬᠠᠮᠰᠠᠷ ᠬᠢᠭᠡᠳ ᠡᠮᠡᠭᠲᠡᠶᠢᠴᠦᠳ ᠤᠨ ᠰᠡᠷᠭᠡᠶᠢᠯᠡᠬᠦ ᠦᠵᠡᠯ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠥᠮᠥᠨ ᠠᠮᠠ ᠶᠢ ᠮᠡᠬᠡᠯᠡᠨ ᠬᠤᠳᠠᠯᠳᠤᠬᠤ ᠶᠢ ᠡᠰᠡᠷᠭᠦᠴᠡᠬᠦ ᠠᠵᠢᠯᠯᠠᠭ᠎ᠠ ᠶᠢᠨ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠲᠣᠣᠷ ᠰᠦᠯᠵᠢᠶᠡᠨ ᠤ ᠮᠡᠳᠡᠭᠡ ᠵᠠᠩᠭᠢ ᠪᠠ ᠤᠳᠤ ᠦᠶ᠎ᠡ ᠶᠢᠨ ᠲᠤᠷᠰᠢᠨ ᠪᠠᠶᠢᠴᠠᠭᠠᠬᠤ ᠮᠡᠷᠭᠡᠵᠢᠯ ᠢ ᠠᠰᠢᠭᠯᠠᠨ ᠡᠮᠡᠭᠲᠡᠶᠢᠴᠦᠳ ᠢ ᠮᠡᠬᠡᠯᠡᠨ ᠬᠤᠳᠠᠯᠳᠤᠬᠤ ᠶᠠᠯᠠᠲᠤ ᠪᠦᠯᠦᠭ ᠲᠤ ᠴᠣᠬᠢᠯᠲᠠ ᠥᠭᠭᠦᠨ᠎ᠡ᠃ ︽ᠬᠤᠳᠠᠯᠳᠤᠨ ᠠᠪᠬᠤ ᠲᠠᠯ᠎ᠠ ᠶᠢᠨ ᠵᠠᠬ᠎ᠠ ᠳᠡᠯᠭᠡᠭᠦᠷ︾᠎ ᠢ ᠶᠡᠷᠦᠩᠬᠡᠶᠢᠯᠡᠨ ᠴᠡᠭᠴᠡᠯᠡᠨ ᠵᠠᠰᠠᠵᠤ᠂ ᠮᠡᠬᠡᠯᠡᠭᠳᠡᠨ ᠬᠤᠳᠠᠯᠳᠤᠭᠳᠠᠭᠰᠠᠨ ᠡᠮᠡᠭᠲᠡᠶᠢᠴᠦᠳ ᠢ ᠴᠠᠭ ᠲᠤᠬᠠᠢ ᠳᠤᠨᠢ ᠠᠪᠤᠷᠠᠬᠤ ᠶᠢᠨ ᠬᠠᠮᠲᠤ  ᠲᠡᠲᠡᠨᠤᠰ ᠢ ᠬᠠᠪᠰᠤᠷᠤᠨ ᠬᠡᠪ ᠤᠨ ᠪᠠᠶᠢᠳᠠᠯ ᠢᠶᠠᠷ ᠨᠡᠶᠢᠭᠡᠮ ᠳᠤ ᠠᠭᠤᠰᠤᠯᠴᠠᠭᠤᠯᠤᠨ᠎ᠠ᠃      5᠂ ᠵᠣᠬᠢᠶᠠᠨ ᠪᠠᠶᠢᠭᠤᠯᠬᠤ᠂ ᠠᠯᠪᠠᠳᠠᠬᠤ᠂ ᠥᠳᠥᠭᠡᠬᠦ᠂ ᠦᠯᠡᠳᠡᠭᠡᠬᠦ᠂ ᠲᠠᠨᠢᠯᠴᠠᠭᠤᠯᠵᠤ ᠪᠠᠶᠢᠭᠠᠳ ᠶᠠᠩᠬᠠᠯᠠᠭᠤᠯᠬᠤ ᠵᠡᠷᠭᠡ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠤᠨ᠎ᠠ᠃ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠪᠠᠨ ᠴᠢᠩᠭᠠᠷᠠᠭᠤᠯᠵᠤ᠂ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠤᠨ᠂ ᠱᠠᠯᠢᠭ ᠵᠠᠪᠬᠠᠢ ᠵᠦᠢᠯᠡᠰ ᠲᠤ ᠬᠤᠯᠪᠣᠭᠳᠠᠭᠰᠠᠨ ᠵᠤᠭ᠎ᠠ ᠴᠡᠩᠭᠡᠯ ᠤᠨ ᠭᠠᠵᠠᠷ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠶᠠᠯᠠᠲᠤ ᠡᠲᠡᠭᠡᠳ ᠢ ᠬᠠᠤᠯᠢ ᠶᠣᠰᠣᠭᠠᠷ ᠴᠢᠩᠭ᠎ᠠ ᠵᠠᠯᠬᠠᠭᠠᠨ ᠰᠢᠢᠳᠭᠡᠨ᠎ᠡ᠃ ᠰᠦᠯᠵᠢᠶ᠎ᠡ ᠪᠠᠷ ᠵᠠᠰᠠᠬᠤ ᠶᠢ ᠴᠢᠩᠭᠠᠳᠬᠠᠵᠤ᠂ ᠲᠣᠮᠣ ᠳ᠋ᠠᠶᠢᠲ᠋ᠠ ᠶᠢ ᠠᠰᠢᠭᠯᠠᠨ ᠬᠠᠤᠯᠢ ᠎ ᠠᠴᠠ ᠵᠥᠷᠢᠴᠡᠭᠰᠡᠨ ᠮᠡᠳᠡᠭᠡ ᠵᠠᠩᠭᠢ ᠶᠢ ᠱᠦᠭᠦᠬᠦ᠂ ᠢᠯᠡᠴᠢᠯᠡᠨ ᠮᠡᠳᠡᠭᠦᠯᠬᠦ ᠵᠡᠷᠭᠡ ᠴᠢᠳᠠᠮᠵᠢ ᠶᠢ ᠲᠡᠭᠦᠯᠳᠡᠷᠵᠢᠭᠦᠯᠵᠦ᠂ ᠰᠦᠯᠵᠢᠶ᠎ᠡ ᠶᠢ ᠠᠰᠢᠭᠯᠠᠨ ᠡᠮᠡᠭᠲᠡᠶᠢᠴᠦᠳ ᠢ ᠵᠣᠬᠢᠶᠠᠨ ᠪᠠᠶᠢᠭᠤᠯᠬᠤ᠂ ᠠᠯᠪᠠᠳᠠᠬᠤ᠂ ᠥᠳᠥᠭᠡᠨ ᠲᠠᠲᠠᠬᠤ᠂ ᠦᠯᠡᠳᠡᠭᠡᠬᠦ᠂ ᠲᠠᠨᠢᠯᠴᠠᠭᠤᠯᠵᠤ ᠪᠠᠶᠢᠭᠠᠳ ᠶᠠᠩᠬᠠᠯᠠᠭᠤᠯᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠨᠢᠯᠬ᠎ᠠ ᠥᠬᠢᠨ ᠪᠠ ᠤᠶᠤᠨ ᠴᠢᠳᠠᠪᠤᠷᠢ ᠨᠢ ᠵᠡᠮᠳᠡᠭ ᠡᠮᠡᠭᠲᠡᠢ ᠶᠢ ᠠᠯᠪᠠᠳᠠᠬᠤ᠂ ᠥᠳᠥᠭᠡᠨ ᠲᠠᠲᠠᠵᠤ ᠶᠠᠩᠬᠠᠯᠠᠭᠤᠯᠬᠤ ᠶᠠᠪᠤᠳᠠᠯ ᠳᠤ ᠴᠣᠬᠢᠯᠲᠠ ᠥᠭᠬᠦ ᠡᠷᠴᠢᠮ ᠢᠶᠠᠨ ᠬᠠᠤᠯᠢ ᠶᠣᠰᠣᠭᠠᠷ ᠴᠢᠩᠭᠠᠷᠠᠭᠤᠯᠤᠨ᠎ᠠ᠃ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠪᠠᠶᠢᠩᠭᠤᠵᠢᠭᠤᠯᠤᠨ ᠴᠡᠭᠴᠡᠯᠡᠨ ᠵᠠᠰᠠᠬᠤ ᠲᠣᠭᠲᠠᠴᠠ ᠶᠢ ᠪᠠᠶᠢᠭᠤᠯᠵᠤ᠂ ᠱᠠᠯᠢᠭ ᠵᠠᠪᠬᠠᠢ ᠵᠦᠢᠯ ᠳᠤ ᠬᠤᠯᠪᠣᠭᠳᠠᠭᠰᠠᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠤᠯᠠᠨ ᠲᠦᠮᠡᠨ ᠤ ᠬᠢᠨᠠᠯᠲᠠ ᠲᠠᠯᠪᠢᠬᠤ ᠪᠠ ᠲᠡᠭᠦᠨ ᠢ ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠤᠨ᠎ᠠ᠃      6᠂ ᠡᠮᠡᠭᠲᠡᠶᠢᠴᠦᠳ ᠢ ᠬᠦᠴᠦᠷᠬᠡᠭᠯᠡᠨ ᠨᠥᠵᠢᠳᠯᠡᠭᠰᠡᠨ᠂ ᠱᠠᠯᠢᠭᠯᠠᠵᠤ ᠵᠠᠪᠬᠠᠶᠢᠯᠠᠭᠰᠠᠨ᠂ ᠭᠤᠲᠤᠭᠠᠨ ᠳᠣᠷᠣᠮᠵᠢᠯᠠᠭᠰᠠᠨ ᠢᠯᠠᠩᠭᠤᠶ᠎ᠠ ᠥᠬᠢᠨ ᠬᠡᠦᠬᠡᠳ ᠪᠠ ᠤᠶᠤᠨ ᠤᠬᠠᠭᠠᠨ᠂ ᠤᠶᠤᠨ ᠮᠡᠳᠡᠷᠡᠯ ᠨᠢ ᠵᠡᠮᠳᠡᠭ ᠡᠮᠡᠭᠲᠡᠶᠢᠴᠦᠳ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠪᠦᠲᠦᠮᠵᠢᠲᠡᠶ ᠪᠠᠷ ᠬᠢᠵᠠᠭᠠᠷᠯᠠᠬᠤ ᠪᠠ ᠴᠢᠩᠭ᠎ᠠ ᠵᠠᠯᠬᠠᠭᠠᠨ ᠰᠢᠢᠳᠭᠡᠨ᠎ᠡ᠃ ᠪᠡᠯᠭᠡ ᠶᠢᠨ ᠬᠠᠯᠳᠠᠯᠭ᠎ᠠ ᠶᠢ ᠰᠡᠷᠭᠡᠶᠢᠯᠡᠬᠦ ᠬᠥᠮᠦᠵᠢᠯ ᠢ ᠴᠢᠩᠭᠠᠳᠬᠠᠵᠤ᠂ ᠡᠮᠡᠭᠲᠡᠶᠢᠴᠦᠳ ᠢᠯᠠᠩᠭᠤᠶ᠎ᠠ ᠥᠬᠢᠳ ᠤᠨ ᠪᠡᠯᠭᠡ ᠶᠢᠨ ᠬᠠᠯᠳᠠᠯᠭ᠎ᠠ ᠶᠢ ᠰᠡᠷᠭᠡᠶᠢᠯᠡᠬᠦ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠦᠨ᠎ᠡ᠃ ᠭᠤᠣᠯᠳᠠᠯᠭ᠎ᠠ ᠲᠠᠢ ᠬᠥᠮᠥᠰ ᠪᠠ ᠭᠡᠷ ᠪᠦᠯᠢ ᠶᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠲᠣᠭᠲᠠᠴᠠ᠂ ᠡᠷᠬᠡ ᠳᠤ ᠬᠠᠯᠳᠠᠭᠰᠠᠨ ᠬᠡᠷᠡᠭ ᠢ ᠢᠯᠡᠷᠡᠭᠦᠯᠦᠨ ᠮᠡᠳᠡᠭᠦᠯᠬᠦ ᠲᠣᠭᠲᠠᠴᠠ᠂ ᠣᠯᠠᠨ ᠰᠠᠯᠠᠭ᠎ᠠ ᠮᠥᠴᠢᠷ ᠤᠨ ᠬᠠᠮᠲᠤᠷᠠᠨ ᠰᠡᠷᠭᠡᠶᠢᠯᠡᠵᠦ ᠬᠠᠮᠲᠤᠷᠠᠨ ᠬᠥᠳᠡᠯᠦᠯᠴᠡᠬᠦ ᠲᠣᠭᠲᠠᠴᠠ ᠪᠠ ᠡᠷᠬᠡ ᠳᠤ ᠬᠠᠯᠳᠠᠭᠰᠠᠨ ᠬᠡᠷᠡᠭ ᠢ ᠲᠦᠯᠬᠢᠨ ᠠᠬᠢᠭᠤᠯᠬᠤ ᠠᠵᠢᠯ ᠤᠨ  ᠱᠠᠯᠠᠪᠳᠠᠭᠤᠯᠤᠨ ᠪᠠᠶᠢᠴᠠᠭᠠᠬᠤ ᠳᠦᠷᠢᠮ ᠢ ᠰᠦᠪᠡᠭᠴᠢᠯᠡᠨ ᠪᠠᠶᠢᠭᠤᠯᠬᠤ ᠪᠤᠶᠤ ᠨᠠᠶᠢᠳᠠᠪᠤᠷᠢᠵᠢᠭᠤᠯᠤᠨ᠎ᠠ᠃ ᠬᠡᠷᠡᠭ ᠪᠣᠯᠭᠠᠨ ᠳᠡᠩᠰᠡᠯᠡᠵᠦ ᠲᠤᠷᠰᠢᠨ ᠪᠠᠶᠢᠴᠠᠭᠠᠬᠤ ᠳᠦᠷᠢᠮ ᠢ ᠲᠡᠭᠦᠯᠳᠡᠷᠵᠢᠭᠦᠯᠵᠦ᠂ ᠲᠣᠭᠲᠠᠮᠠᠯ ᠭᠡᠷᠡᠴᠢ ᠪᠠᠷᠢᠮᠲᠠ ᠶᠢ ᠴᠠᠭ ᠲᠤᠬᠠᠢ ᠳᠤᠨᠢ᠂ ᠪᠥᠬᠦ ᠲᠠᠯ᠎ᠠ ᠪᠠᠷ᠂ ᠨᠢᠭᠡ ᠯᠡ ᠤᠳᠠᠭ᠎ᠠ ᠳᠤ ᠴᠤᠭᠯᠠᠭᠤᠯᠵᠤ᠂ ᠬᠤᠬᠢᠷᠠᠯ ᠠᠮᠰᠠᠭᠰᠠᠨ ᠡᠮᠡᠭᠲᠡᠶᠢᠴᠦᠳ ᠤᠨ ︽ᠬᠤᠶᠠᠳᠠᠭᠢ ᠤᠳᠠᠭᠠᠨ ᠤ ᠭᠡᠮᠲᠦᠯ︾᠎ ᠳᠤ ᠤᠴᠠᠷᠠᠬᠤ ᠎ ᠠᠴᠠ ᠵᠠᠶᠢᠯᠠᠰᠬᠢᠨ᠎ᠡ᠃ ᠢᠨᠲ᠋ᠧᠷ ᠰᠦᠯᠵᠢᠶᠡᠨ ᠤ ᠥᠪᠡᠰᠦᠪᠡᠨ ᠪᠠᠶᠢᠴᠠᠭᠠᠬᠤ ᠴᠢᠳᠠᠮᠵᠢ ᠶᠢ ᠲᠡᠭᠦᠯᠳᠡᠷᠵᠢᠭᠦᠯᠵᠦ᠂ ᠱᠠᠯᠢᠭ ᠵᠠᠪᠬᠠᠢ ᠮᠡᠳᠡᠭᠡ ᠵᠠᠩᠭᠢ ᠶᠢ ᠴᠠᠭ ᠲᠤᠬᠠᠢ ᠳᠤᠨᠢ ᠴᠡᠪᠡᠷᠯᠡᠨ᠎ᠡ᠃ ᠰᠦᠯᠵᠢᠶᠡᠨ ᠤ ᠲᠠᠪᠴᠠᠩ ᠢ ᠠᠰᠢᠭᠯᠠᠨ ᠬᠢᠭᠰᠡᠨ ᠱᠠᠯᠢᠭᠯᠠᠵᠤ ᠵᠠᠪᠬᠠᠶᠢᠯᠠᠬᠤ᠂ ᠭᠤᠲᠤᠭᠠᠨ ᠳᠣᠷᠣᠮᠵᠢᠯᠠᠬᠤ᠂ ᠪᠡᠯᠭᠡ ᠶᠢᠨ ᠬᠠᠯᠳᠠᠯᠭ᠎ᠠ ᠬᠢᠬᠦ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠭᠦᠨ᠎ᠡ᠃ ᠬᠠᠤᠯᠢ ᠶᠢ ᠵᠥᠷᠢᠴᠡᠵᠦ ᠶᠠᠯ᠎ᠠ ᠬᠢᠭᠰᠡᠳ ᠤᠨ ᠮᠡᠳᠡᠭᠡ ᠵᠠᠩᠭᠢ ᠶᠢᠨ ᠬᠥᠮᠥᠷᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠡᠷᠬᠢᠯᠡᠬᠦ ᠬᠢᠵᠠᠭᠠᠷᠯᠠᠯ ᠤᠨ ᠳᠦᠷᠢᠮ ᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠤᠨ᠎ᠠ᠃ ᠬᠤᠬᠢᠷᠠᠯ ᠠᠮᠰᠠᠭᠰᠠᠨ ᠡᠮᠡᠭᠲᠡᠶᠢᠴᠦᠳ ᠤᠨ ᠬᠤᠪᠢ ᠶᠢᠨ ᠨᠢᠭᠤᠴᠠ ᠶᠢ ᠬᠠᠮᠠᠭᠠᠯᠠᠬᠤ᠂ ᠰᠡᠳᠬᠢᠴᠡ ᠶᠢᠨ ᠲᠠᠯ᠎ᠠ ᠪᠠᠷ ᠬᠥᠲᠥᠯᠥᠨ ᠵᠢᠯᠤᠭᠤᠳᠬᠤ ᠪᠠ ᠲᠡᠭᠦᠨ ᠳᠤ ᠭᠠᠷ ᠲᠦᠷᠦᠭᠦ ᠶᠢ ᠴᠢᠩᠭᠠᠳᠬᠠᠨ᠎ᠠ᠃      7᠂ ᠡᠮᠡᠭᠲᠡᠶᠢᠴᠦᠳ ᠲᠤ ᠴᠢᠭᠯᠡᠭᠦᠯᠦᠭᠰᠡᠨ ᠪᠡᠯᠭᠡ ᠶᠢᠨ ᠬᠠᠯᠳᠠᠯᠭ᠎ᠠ ᠬᠢᠬᠦ ᠶᠢ ᠰᠡᠷᠭᠡᠶᠢᠯᠡᠬᠦ ᠪᠠ ᠬᠤᠷᠢᠭᠯᠠᠨ ᠵᠣᠭᠰᠣᠭᠠᠨ᠎ᠠ᠃ ᠪᠡᠯᠭᠡ ᠎ ᠶᠢᠨ ᠬᠠᠯᠳᠠᠯᠭ᠎ᠠ ᠎ ᠶᠢ ᠰᠡᠷᠭᠡᠶᠢᠯᠡᠨ ᠵᠠᠰᠠᠬᠤ ᠮᠡᠳᠡᠯᠭᠡ ᠎ ᠶᠢ ᠣᠯᠠᠨ ᠬᠡᠯᠪᠡᠷᠢ ᠣᠯᠠᠨ ᠠᠷᠭ᠎ᠠ ᠵᠠᠮ ᠢᠶᠠᠷ ᠤᠯᠠᠮᠵᠢᠯᠠᠨ ᠲᠠᠷᠬᠠᠭᠠᠵᠤ᠂ ᠡᠮᠡᠭᠲᠡᠶᠢᠴᠦᠳ ᠤᠨ ᠪᠡᠯᠭᠡ ᠎ ᠶᠢᠨ ᠬᠠᠯᠳᠠᠯᠭ᠎ᠠ ᠶᠢ ᠰᠡᠷᠭᠡᠶᠢᠯᠡᠬᠦ ᠪᠠ ᠬᠤᠷᠢᠭᠯᠠᠬᠤ ᠤᠬᠠᠮᠰᠠᠷ ᠪᠣᠯᠣᠨ ᠴᠢᠳᠠᠪᠤᠷᠢ ᠎ ᠶᠢ ᠳᠡᠭᠡᠭᠰᠢᠯᠡᠭᠦᠯᠦᠨ᠎ᠡ᠃ ᠪᠡᠯᠭᠡ ᠶᠢᠨ ᠬᠠᠯᠳᠠᠯᠭ᠎ᠠ ᠶᠢ ᠰᠡᠷᠭᠡᠶᠢᠯᠡᠬᠦ ᠪᠠ ᠬᠤᠷᠢᠭᠯᠠᠬᠤ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠠᠮᠲᠤᠷᠠᠨ ᠰᠡᠷᠭᠡᠶᠢᠯᠡᠵᠦ ᠬᠠᠮᠲᠤᠷᠠᠨ ᠬᠢᠵᠠᠭᠠᠷᠯᠠᠬᠤ ᠶᠢ ᠴᠢᠩᠭᠠᠳᠬᠠᠵᠤ᠂ ᠨᠡᠶᠢᠲᠡᠯᠢᠭ ᠬᠡᠷᠡᠭ ᠤᠨ ᠵᠢᠱᠢᠶ᠎ᠡ ᠶᠢᠨ ᠵᠢᠱᠢᠶ᠎ᠡ ᠦᠵᠡᠭᠦᠯᠵᠦ ᠵᠢᠭᠠᠨ ᠵᠢᠯᠤᠭᠤᠳᠬᠤ ᠦᠢᠯᠡᠳᠦᠯ ᠢ ᠪᠠᠳᠠᠷᠠᠭᠤᠯᠤᠨ᠎ᠠ᠃ ᠣᠯᠠᠨ ᠨᠡᠶᠢᠲᠡ ᠶᠢᠨ ᠲᠠᠯᠠᠪᠤᠷ ᠪᠠ ᠠᠵᠢᠯ᠂ ᠰᠤᠷᠤᠯᠴᠠᠯᠭ᠎ᠠ ᠵᠡᠷᠭᠡ ᠲᠠᠯᠠᠪᠤᠷ ᠲᠤ ᠪᠡᠯᠭᠡ ᠎ ᠶᠢᠨ ᠬᠠᠯᠳᠠᠯᠭ᠎ᠠ ᠭᠠᠷᠬᠤ ᠎ ᠶᠢ ᠰᠡᠷᠭᠡᠶᠢᠯᠡᠬᠦ ᠪᠠ ᠬᠤᠷᠢᠭᠯᠠᠨ᠎ᠠ᠃ ᠪᠠᠶᠢᠭᠤᠯᠭ᠎ᠠ᠂ ᠠᠵᠤ ᠠᠬᠤᠶᠢᠯᠠᠯ᠂ ᠰᠤᠷᠭᠠᠭᠤᠯᠢ ᠵᠡᠷᠭᠡ ᠨᠢᠭᠡᠴᠢ ᠶᠢᠨ ᠵᠦᠢ ᠵᠣᠬᠢᠰᠲᠠᠢ ᠤᠷᠢᠳᠴᠢᠯᠠᠨ ᠰᠡᠷᠭᠡᠶᠢᠯᠡᠬᠦ᠂ ᠵᠠᠭᠠᠯᠳᠤᠯᠭ᠎ᠠ ᠶᠢ ᠭᠥᠯᠢᠶᠡᠨ ᠠᠪᠴᠤ ᠰᠢᠢᠳᠪᠦᠷᠢᠯᠡᠬᠦ᠂ ᠪᠠᠶᠢᠴᠠᠭᠠᠨ ᠰᠢᠢᠳᠪᠦᠷᠢᠯᠡᠬᠦ ᠵᠡᠷᠭᠡ ᠠᠷᠭ᠎ᠠ ᠬᠡᠮᠵᠢᠶ᠎ᠡ ᠠᠪᠬᠤ ᠶᠢ ᠲᠦᠯᠬᠢᠨ ᠠᠬᠢᠭᠤᠯᠵᠤ᠂ ᠡᠷᠬᠡ ᠲᠤᠰᠢᠶᠠᠯ᠂ ᠬᠠᠷᠢᠶᠠᠯᠠᠭᠳᠠᠬᠤ ᠬᠠᠷᠢᠴᠠᠭ᠎ᠠ ᠵᠡᠷᠭᠡ ᠪᠠᠨ ᠠᠰᠢᠭᠯᠠᠨ ᠪᠡᠯᠭᠡ ᠶᠢᠨ ᠬᠠᠯᠳᠠᠯᠭ᠎ᠠ ᠬᠢᠬᠦ ᠶᠢ ᠰᠡᠷᠭᠡᠶᠢᠯᠡᠨ ᠬᠤᠷᠢᠭᠯᠠᠨ᠎ᠠ᠃      8᠂ ᠡᠮᠡᠭᠲᠡᠶᠢᠴᠦᠳ ᠤᠨ ᠴᠠᠬᠢᠯᠭᠠᠨ ᠬᠤᠯᠪᠣᠭ᠎ᠠ ᠲᠣᠣᠷ ᠰᠦᠯᠵᠢᠶ᠎ᠡ ᠶᠢ ᠠᠰᠢᠭᠯᠠᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠬᠢᠬᠦ ᠬᠠᠯᠳᠠᠯᠭ᠎ᠠ ᠳᠤ ᠤᠴᠠᠷᠠᠬᠤ ᠠᠴᠠ ᠵᠠᠶᠢᠯᠠᠰᠬᠢᠬᠦ ᠶᠢ ᠪᠠᠲᠤᠯᠠᠨ᠎ᠠ᠃ ᠰᠦᠯᠵᠢᠶᠡᠨ ᠤ ᠮᠡᠳᠡᠭᠡ ᠵᠠᠩᠭᠢ ᠶᠢᠨ ᠠᠭᠤᠯᠭ᠎ᠠ ᠶᠢᠨ ᠠᠮᠢ ᠠᠬᠤᠢ ᠶᠢᠨ ᠵᠠᠰᠠᠯᠲᠠ ᠶᠢ ᠴᠢᠩᠭᠠᠳᠬᠠᠵᠤ᠂ ᠰᠦᠯᠵᠢᠶᠡᠨ ᠤ ᠱᠠᠯᠢᠭ ᠵᠠᠪᠬᠠᠢ ᠮᠡᠳᠡᠭᠡ ᠵᠠᠩᠭᠢ ᠶᠢ ᠬᠢᠨᠠᠨ ᠬᠠᠮᠢᠶᠠᠷᠬᠤ ᠪᠠ ᠪᠠᠶᠢᠴᠠᠭᠠᠨ ᠰᠢᠢᠳᠪᠦᠷᠢᠯᠡᠬᠦ ᠶᠢ ᠴᠢᠩᠭᠠᠳᠬᠠᠵᠤ᠂ ᠰᠦᠯᠵᠢᠶᠡᠨ ᠤ ᠮᠡᠳᠡᠭᠡ ᠵᠠᠩᠭᠢ ᠶᠢᠨ ᠦᠢᠯᠡᠴᠢᠯᠡᠭᠡᠨ ᠤ ᠲᠠᠪᠴᠠᠩ᠂ ᠦᠢᠯᠡᠳᠪᠦᠷᠢᠯᠡᠭᠴᠢ ᠪᠠ ᠬᠡᠷᠡᠭᠯᠡᠭᠴᠢ ᠶᠢᠨ ᠡᠮᠡᠭᠲᠡᠶᠢᠴᠦᠳ ᠲᠤ ᠱᠠᠯᠢᠭᠯᠠᠬᠤ᠂ ᠭᠤᠲᠤᠭᠠᠨ ᠳᠣᠷᠣᠮᠵᠢᠯᠠᠬᠤ᠂ ᠭᠦᠳᠬᠡᠬᠦ᠂ ᠪᠡᠯᠭᠡ ᠶᠢᠨ ᠬᠠᠯᠳᠠᠯᠭ᠎ᠠ ᠬᠢᠬᠦ᠂ ᠴᠤᠤᠷᠬᠠᠯ ᠲᠠᠷᠬᠠᠭᠠᠬᠤ᠂ ᠬᠤᠪᠢ ᠶᠢᠨ ᠨᠢᠭᠤᠴᠠ ᠳᠤ ᠬᠠᠯᠳᠠᠬᠤ ᠵᠡᠷᠭᠡ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠭᠦᠨ᠎ᠡ᠃ ᠴᠠᠬᠢᠯᠭᠠᠨ ᠬᠤᠯᠪᠣᠭ᠎ᠠ ᠰᠦᠯᠵᠢᠶᠡᠨ ᠤ ᠲᠠᠪᠴᠠᠩ ᠤᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂ ᠡᠮᠡᠭᠲᠡᠶᠢᠴᠦᠳ ᠤᠨ ᠬᠤᠪᠢ ᠬᠥᠮᠥᠨ ᠤ ᠮᠡᠳᠡᠭᠡ ᠵᠠᠩᠭᠢ ᠶᠢᠨ ᠠᠮᠤᠷ ᠲᠦᠪᠰᠢᠨ ᠢ ᠬᠠᠮᠠᠭᠠᠯᠠᠨ᠎ᠠ᠃ ᠴᠠᠬᠢᠯᠭᠠᠨ ᠬᠤᠯᠪᠣᠭ᠎ᠠ ᠰᠦᠯᠵᠢᠶ᠎ᠡ ᠶᠢ ᠠᠰᠢᠭᠯᠠᠨ ᠡᠮᠡᠭᠲᠡᠶᠢᠴᠦᠳ ᠤᠨ ᠬᠤᠪᠢ ᠬᠥᠮᠥᠨ ᠤ ᠮᠡᠳᠡᠭᠡ ᠵᠠᠩᠭᠢ ᠶᠢ ᠬᠠᠤᠯᠢ ᠪᠤᠰᠤ ᠪᠠᠷ ᠴᠤᠭᠯᠠᠭᠤᠯᠤᠭᠰᠠᠨ᠂ ᠬᠡᠷᠡᠭᠯᠡᠭᠰᠡᠨ᠂ ᠪᠣᠯᠪᠠᠰᠤᠷᠠᠭᠤᠯᠤᠭᠰᠠᠨ᠂ ᠳᠠᠮᠵᠢᠭᠤᠯᠤᠭᠰᠠᠨ᠂ ᠬᠤᠳᠠᠯᠳᠤᠭᠠᠯᠠᠭᠰᠠᠨ᠂ ᠬᠠᠩᠭᠠᠭᠰᠠᠨ ᠪᠤᠶᠤ ᠢᠯᠡ ᠪᠣᠯᠭᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠵᠠᠯᠬᠠᠭᠠᠨ ᠰᠢᠢᠳᠭᠡᠨ᠎ᠡ᠃ ᠡᠮᠡᠭᠲᠡᠶᠢᠴᠦᠳ ᠤᠨ ᠴᠠᠬᠢᠯᠭᠠᠨ ᠬᠤᠯᠪᠣᠭ᠎ᠠ ᠲᠣᠣᠷ ᠰᠦᠯᠵᠢᠶ᠎ᠡ ᠪᠠᠷ ᠮᠡᠬᠡᠯᠡᠬᠦ ᠶᠢ ᠰᠡᠷᠭᠡᠶᠢᠯᠡᠬᠦ ᠦᠵᠡᠯ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠵᠦ᠂ ᠬᠠᠤᠯᠢ ᠪᠤᠰᠤ ᠪᠠᠷ ᠲᠣᠣᠷ ᠰᠦᠯᠵᠢᠶ᠎ᠡ ᠪᠠᠷ ᠵᠢᠭᠡᠯᠡᠯᠭᠡ ᠲᠠᠯᠪᠢᠬᠤ᠂ ᠬᠤᠳᠠᠯ ᠬᠠᠭᠤᠷᠮᠠᠭ ᠢᠶᠠᠷ ᠪᠡᠯᠡ ᠣᠷᠣᠭᠤᠯᠬᠤ᠂ ᠠᠰᠠᠭᠤᠨ ᠯᠠᠪᠯᠠᠬᠤ ᠦᠢᠯᠡᠴᠢᠯᠡᠭᠡ ᠬᠠᠩᠭᠠᠬᠤ ᠵᠡᠷᠭᠡ ᠠᠷᠭ᠎ᠠ ᠪᠠᠷᠢᠯ ᠢᠶᠠᠷ ᠡᠮᠡᠭᠲᠡᠶᠢᠴᠦᠳ ᠤᠨ ᠵᠣᠭᠤᠰ ᠮᠥᠩᠭᠦ ᠡᠳ᠋ ᠪᠣᠳᠠᠰ ᠢ ᠮᠡᠬᠡᠯᠡᠨ ᠠᠪᠬᠤ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠬᠠᠤᠯᠢ ᠶᠣᠰᠣᠭᠠᠷ ᠰᠦᠯᠵᠢᠶ᠎ᠡ ᠶᠢ ᠵᠠᠰᠠᠬᠤ ᠪᠠ ᠶᠣᠰᠣ ᠮᠣᠷᠠᠯ ᠢᠶᠠᠷ ᠰᠦᠯᠵᠢᠶ᠎ᠡ ᠶᠢ ᠵᠥᠭᠡᠯᠡᠷᠡᠭᠦᠯᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠰᠠᠶᠢᠨ ᠰᠠᠶᠢᠬᠠᠨ ᠰᠦᠯᠵᠢᠶᠡᠨ ᠤ ᠤᠬᠠᠮᠰᠠᠷ ᠢ ᠪᠤᠢ ᠪᠣᠯᠭᠠᠨ᠎ᠠ᠃      9᠂ ᠤᠷᠤᠬ ᠭᠡᠷ ᠪᠦᠯᠢ ᠪᠠ ᠥᠪ ᠵᠠᠯᠭᠠᠮᠵᠢᠯᠠᠬᠤ ᠬᠡᠷᠡᠭ ᠢ ᠰᠢᠢᠳᠪᠦᠷᠢᠯᠡᠬᠦ ᠶᠠᠪᠤᠴᠠ ᠳᠤ ᠡᠮᠡᠭᠲᠡᠶᠢᠴᠦᠳ ᠤᠨ ᠡᠳ᠋ ᠬᠥᠷᠥᠩᠭᠡ ᠶᠢᠨ ᠡᠷᠬᠡ ᠠᠰᠢᠭ ᠢ ᠬᠠᠤᠯᠢ ᠶᠣᠰᠣᠭᠠᠷ ᠪᠠᠲᠤᠯᠠᠨ᠎ᠠ᠃ ᠡᠮᠡᠭᠲᠡᠶᠢᠴᠦᠳ ᠤᠨ ᠭᠡᠷ ᠪᠦᠯᠢ ᠶᠢᠨ ᠡᠳ᠋ ᠬᠥᠷᠥᠩᠭᠡ ᠶᠢ ᠡᠵᠡᠮᠰᠢᠬᠦ᠂ ᠬᠡᠷᠡᠭᠯᠡᠬᠦ᠂ ᠲᠡᠭᠦᠨ ᠠᠴᠠ ᠠᠰᠢᠭ ᠬᠦᠷᠳᠡᠬᠦ ᠪᠠ ᠰᠢᠢᠳᠪᠦᠷᠢᠯᠡᠬᠦ ᠡᠷᠬᠡ ᠶᠢ ᠠᠳᠠᠯᠢ ᠲᠡᠭᠰᠢ ᠪᠠᠷ ᠡᠳ᠋ᠯᠡᠬᠦ ᠶᠢ ᠪᠠᠲᠤᠯᠠᠨ᠎ᠠ᠃ ᠡᠮᠡᠭᠲᠡᠶᠢᠴᠦᠳ ᠤᠨ ᠡᠷ᠎ᠡ ᠡᠮ᠎ᠡ ᠬᠤᠶᠠᠭᠤᠯᠠ ᠪᠡᠶ᠎ᠡ ᠪᠡᠶ᠎ᠡ ᠠᠴᠠ ᠪᠠᠨ ᠥᠪ ᠵᠠᠯᠭᠠᠮᠵᠢᠯᠠᠬᠤ᠂ ᠦᠷ᠎ᠡ ᠬᠡᠦᠬᠡᠳ ᠨᠢ ᠡᠴᠢᠭᠡ ᠡᠬᠡ ᠶᠢᠨ ᠢᠶᠠᠨ ᠥᠪ ᠬᠥᠷᠥᠩᠭᠡ ᠶᠢ ᠡᠷᠬᠡ ᠲᠡᠭᠰᠢ ᠪᠠᠷ ᠵᠠᠯᠭᠠᠮᠵᠢᠯᠠᠬᠤ ᠡᠷᠬᠡ  ᠶᠢ ᠬᠠᠤᠯᠢ ᠶᠣᠰᠣᠭᠠᠷ ᠡᠳ᠋ᠯᠡᠬᠦ ᠶᠢ ᠪᠠᠲᠤᠯᠠᠨ᠎ᠠ᠃ ᠡᠷ᠎ᠡ ᠡᠮ᠎ᠡ ᠬᠤᠶᠠᠭᠤᠯᠠ ᠶᠢᠨ ᠬᠠᠮᠲᠤ ᠶᠢᠨ ᠡᠳ᠋ ᠬᠥᠷᠥᠩᠭᠡ ᠳᠡᠭᠡᠨ ᠪᠠᠶᠢᠳᠠᠯ ᠢ ᠮᠡᠳᠡᠬᠦ ᠡᠷᠬᠡ᠂ ᠰᠢᠢᠳᠪᠦᠷᠢᠯᠡᠬᠦ ᠡᠷᠬᠡ ᠶᠢ ᠠᠳᠠᠯᠢ ᠲᠡᠭᠰᠢ ᠪᠠᠷ ᠡᠳ᠋ᠯᠡᠬᠦ ᠶᠢ ᠪᠠᠲᠤᠯᠠᠵᠤ᠂ ᠡᠷ᠎ᠡ ᠡᠮ᠎ᠡ ᠬᠤᠶᠠᠭᠤᠯᠠ ᠶᠢᠨ ᠬᠠᠮᠲᠤ ᠶᠢᠨ ᠡᠳ᠋ ᠬᠥᠷᠥᠩᠭᠡ ᠶᠢ ᠮᠠᠭᠠᠳᠯᠠᠨ ᠲᠣᠭᠲᠠᠭᠠᠬᠤ ᠪᠠ ᠬᠤᠪᠢᠳᠠᠨ ᠬᠤᠪᠢᠶᠠᠬᠤ᠂ ᠡᠷ᠎ᠡ ᠡᠮ᠎ᠡ ᠬᠤᠶᠠᠭᠤᠯᠠ ᠶᠢᠨ ᠬᠠᠮᠲᠤ ᠶᠢᠨ ᠥᠷᠢ ᠥᠭᠴᠡᠭᠡ ᠶᠢ ᠮᠠᠭᠠᠳᠯᠠᠨ ᠲᠣᠭᠲᠠᠭᠠᠬᠤ ᠪᠠ  ᠲᠦᠯᠦᠵᠦ ᠳᠠᠭᠤᠰᠬᠠᠬᠤ ᠳᠠᠭᠠᠨ ᠡᠮᠡᠭᠲᠡᠶᠢᠴᠦᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠨ᠎ᠠ᠃ ᠡᠮᠡᠭᠲᠡᠶᠢᠴᠦᠳ ᠤᠨ ᠬᠠᠤᠯᠢ ᠶᠣᠰᠣᠭᠠᠷ ᠭᠠᠵᠠᠷ ᠰᠢᠷᠣᠢ᠂ ᠭᠡᠷ ᠪᠠᠶᠢᠰᠢᠩ᠂ ᠬᠤᠪᠢ ᠣᠷᠣᠭᠤᠯᠤᠭᠰᠠᠨ ᠵᠡᠷᠭᠡ ᠡᠷᠬᠡ ᠠᠰᠢᠭ ᠣᠯᠬᠤ ᠶᠢ ᠪᠠᠲᠤᠯᠠᠨ᠎ᠠ᠃ ᠤᠷᠤᠬ ᠰᠠᠯᠬᠤ ᠵᠠᠷᠭᠤᠯᠳᠤᠭᠠᠨ ᠤ ᠳᠤᠮᠳᠠ᠂ ᠭᠡᠷ ᠪᠦᠯᠢ ᠶᠢᠨ ᠡᠭᠦᠷᠭᠡ ᠶᠢ ᠨᠡᠯᠢᠶᠡᠳ ᠠᠷᠪᠢᠨ ᠡᠭᠦᠷᠭᠡᠯᠡᠵᠦ ᠪᠠᠶᠢᠭ᠎ᠠ ᠡᠮᠡᠭᠲᠡᠶᠢᠴᠦᠳ ᠤᠨ ᠨᠥᠬᠦᠪᠦᠷᠢ ᠣᠯᠬᠤ᠂ ᠠᠮᠢᠳᠤᠷᠠᠯ ᠨᠢ ᠬᠦᠴᠢᠷᠳᠡᠯ ᠲᠠᠢ ᠡᠮᠡᠭᠲᠡᠶᠢᠴᠦᠳ ᠤᠨ ᠠᠵᠤ ᠠᠬᠤᠢ ᠶᠢᠨ ᠲᠤᠰᠠᠯᠠᠮᠵᠢ ᠣᠯᠬᠤ᠂ ᠪᠤᠷᠤᠭᠤ ᠦᠭᠡᠢ ᠡᠮᠡᠭᠲᠡᠶᠢᠴᠦᠳ ᠤᠨ ᠬᠠᠤᠯᠢ ᠶᠣᠰᠣᠭᠠᠷ ᠬᠤᠬᠢᠷᠠᠯ ᠤᠨ ᠲᠥᠯᠥᠪᠦᠷᠢ ᠣᠯᠬᠤ ᠶᠢ ᠪᠠᠲᠤᠯᠠᠨ᠎ᠠ᠃      10᠂ ᠡᠮᠡᠭᠲᠡᠶᠢᠴᠦᠳ ᠲᠤ ᠴᠢᠨᠠᠷ ᠰᠠᠶᠢᠲᠠᠢ ᠥᠨᠳᠥᠷ ᠪᠦᠲᠦᠮᠵᠢᠲᠡᠶ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠨ᠎ᠠ᠃ ᠡᠮᠡᠭᠲᠡᠶᠢᠴᠦᠳ ᠲᠤ ᠬᠠᠤᠯᠢ ᠶᠣᠰᠣᠭᠠᠷ ᠬᠠᠤᠯᠢ ᠴᠠᠭᠠᠵᠠ ᠶᠢᠨ ᠲᠤᠰᠠᠯᠠᠮᠵᠢ ᠪᠠ ᠬᠠᠤᠯᠢ ᠴᠠᠭᠠᠵᠠ ᠶᠢᠨ ᠲᠤᠰᠠᠯᠠᠮᠵᠢ ᠬᠠᠩᠭᠠᠨ᠎ᠠ᠃ ᠬᠠᠤᠯᠢ ᠴᠠᠭᠠᠵᠠ ᠶᠢᠨ ᠦᠢᠯᠡᠴᠢᠯᠡᠭᠡᠨ ᠤ ᠪᠠᠶᠢᠭᠤᠯᠤᠮᠵᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠶᠢᠨ ᠡᠮᠡᠭᠲᠡᠶᠢᠴᠦᠳ ᠲᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠬᠠᠤᠯᠢ ᠴᠠᠭᠠᠵᠠ ᠶᠢᠨ ᠦᠢᠯᠡᠴᠢᠯᠡᠭᠡ ᠪᠠ ᠲᠤᠰᠠᠯᠠᠮᠵᠢ ᠬᠠᠩᠭᠠᠬᠤ ᠶᠢ ᠵᠣᠷᠢᠭᠵᠢᠭᠤᠯᠤᠨ ᠲᠡᠮᠵᠢᠨ᠎ᠠ᠃ ᠡᠮᠡᠭᠲᠡᠶᠢᠴᠦᠳ ᠤᠨ ᠪᠣᠳᠠᠲᠤ ᠪᠠᠶᠢᠳᠠᠯ ᠳᠤ ᠴᠢᠭᠯᠡᠭᠦᠯᠦᠨ᠂ ᠲᠤᠰᠬᠠᠢ ᠵᠦᠢᠯ ᠤᠨ ᠬᠠᠤᠯᠢ ᠴᠠᠭᠠᠵᠠ ᠶᠢᠨ ᠦᠢᠯᠡᠴᠢᠯᠡᠭᠡ ᠶᠢ ᠭᠤᠣᠯᠳᠠᠯᠭ᠎ᠠ ᠲᠠᠢ ᠥᠷᠨᠢᠭᠦᠯᠵᠦ᠂ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠪᠣᠳᠠᠲᠤ ᠴᠣᠭᠴᠠ᠂ ᠦᠢᠯᠡᠴᠢᠯᠡᠭᠡᠨ ᠤ ᠬᠠᠯᠠᠮᠰᠢᠯ ᠤᠲᠠᠰᠤ ᠪᠠ ᠰᠦᠯᠵᠢᠶᠡᠨ ᠤ ᠲᠠᠪᠴᠠᠩ ᠤᠨ ᠠᠭᠤᠰᠤᠯᠴᠠᠨ ᠬᠥᠭᠵᠢᠬᠦ ᠶᠢ ᠲᠦᠯᠬᠢᠨ ᠠᠬᠢᠭᠤᠯᠵᠤ᠂ ᠵᠥᠷᠢᠴᠡᠯ ᠵᠢᠭᠤᠷᠠᠯᠳᠤᠭᠠᠨ ᠢ ᠠᠷᠢᠯᠭᠠᠬᠤ᠂ ᠬᠠᠤᠯᠢ ᠴᠠᠭᠠᠵᠠ ᠶᠢᠨ ᠵᠥᠪᠯᠡᠯᠭᠡ ᠥᠭᠬᠦ ᠵᠡᠷᠭᠡ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠩᠭᠠᠯᠭ᠎ᠠ ᠶᠢ ᠬᠤᠳᠠ ᠬᠥᠳᠡᠭᠡ ᠶᠢᠨ ᠡᠮᠡᠭᠲᠡᠶᠢᠴᠦᠳ ᠲᠤ ᠬᠦᠷᠲᠡᠭᠡᠬᠦ ᠶᠢ ᠠᠬᠢᠭᠤᠯᠵᠤ᠂ ᠣᠷᠣᠯᠭ᠎ᠠ ᠪᠠᠭᠠᠲᠠᠢ ᠡᠮᠡᠭᠲᠡᠶᠢᠴᠦᠳ᠂ ᠨᠠᠰᠤᠲᠠᠢ ᠡᠮᠡᠭᠲᠡᠶᠢᠴᠦᠳ᠂ ᠵᠡᠮᠳᠡᠭ ᠡᠮᠡᠭᠲᠡᠶᠢᠴᠦᠳ᠂ ᠥᠨᠥᠴᠢᠨ ᠥᠷᠥᠭᠡᠰᠦᠨ ᠲᠦᠷᠦᠯ ᠨᠢ ᠬᠦᠴᠢᠷᠳᠡᠯ ᠳᠤ ᠲᠤᠯᠭᠠᠷᠠᠭᠰᠠᠨ ᠡᠬᠡ ᠵᠡᠷᠭᠡ ᠶᠢᠨ ᠳᠥᠭᠦᠮ ᠳᠥᠲᠡ ᠥᠨᠳᠥᠷ ᠪᠦᠲᠦᠮᠵᠢᠲᠡᠶ᠂ ᠠᠳᠠᠯᠢ ᠲᠡᠭᠰᠢ ᠲᠦᠭᠡᠮᠡᠯ ᠬᠠᠷᠠᠭᠠᠯᠵᠠᠯᠲᠤ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ ᠬᠦᠷᠳᠡᠬᠦ ᠶᠢ ᠭᠤᠣᠯᠳᠠᠯᠭ᠎ᠠ ᠲᠠᠢ ᠪᠠᠷ ᠪᠠᠲᠤᠯᠠᠨ᠎ᠠ᠃ ᠡᠮᠡᠭᠲᠡᠶᠢᠴᠦᠳ ᠤᠨ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠬᠤ ᠲᠤᠬᠠᠢ ᠬᠠᠤᠯᠢ ᠴᠠᠭᠠᠵᠠ ᠬᠠᠤᠯᠢ ᠲᠣᠭᠲᠠᠭᠠᠯ ᠤᠨ ᠬᠠᠮᠢᠶ᠎ᠠ ᠪᠦᠬᠦᠢ ᠲᠣᠭᠲᠠᠭᠠᠯ ᠢ ᠨᠠᠶᠢᠳᠠᠪᠤᠷᠢᠵᠢᠭᠤᠯᠵᠤ᠂ ᠡᠮᠡᠭᠲᠡᠶᠢᠴᠦᠳ ᠤᠨ ᠡᠷᠡᠭᠦᠦ ᠶᠢᠨ ᠬᠡᠷᠡᠭ᠂ ᠢᠷᠭᠡᠨ ᠤ ᠬᠡᠷᠡᠭ᠂ ᠵᠠᠰᠠᠭ ᠵᠠᠬᠢᠷᠭᠠᠨ ᠤ ᠬᠡᠷᠡᠭ ᠤᠨ ᠳᠤᠮᠳᠠ ᠵᠠᠷᠭᠤ ᠶᠢᠨ ᠣᠷᠣᠯᠠᠬᠤ ᠪᠠ ᠡᠷᠬᠡ ᠪᠠᠨ ᠬᠠᠮᠠᠭᠠᠯᠠᠬᠤ ᠵᠢᠯᠣᠭᠤᠳᠤᠯᠭ᠎ᠠ ᠶᠢᠨ ᠦᠢᠯᠡᠴᠢᠯᠡᠭᠡ ᠭᠥᠷᠳᠡᠬᠦ ᠶᠢ ᠪᠠᠲᠤᠯᠠᠨ᠎ᠠ᠃ ᠡᠮᠡᠭᠲᠡᠶᠢᠴᠦᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠡᠷᠬᠡ ᠪᠠᠨ ᠬᠠᠮᠠᠭᠠᠯᠠᠬᠤ ᠠᠵᠢᠯ ᠤᠨ ᠪᠠᠶᠢᠷᠢ ᠵᠢᠴᠢ ᠬᠠᠤᠯᠢ ᠴᠠᠭᠠᠵᠠ ᠶᠢᠨ ᠲᠤᠰᠠᠯᠠᠮᠵᠢ ᠶᠢᠨ ᠲᠦᠷᠦᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠪᠠ ᠲᠤᠰᠬᠠᠢ ᠬᠠᠤᠯᠢᠴᠢ᠂ ᠦᠨᠳᠦᠰᠦᠨ ᠱᠠᠲᠤᠨ ᠤ ᠬᠠᠤᠯᠢ ᠶᠢᠨ ᠶᠠᠪᠤᠳᠠᠯ ᠤᠨ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ ᠬᠠᠮᠠᠭᠠᠯᠠᠨ᠎ᠠ᠃ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠶᠢᠨ ᠡᠷᠴᠢᠮ ᠢ ᠴᠢᠩᠭᠠᠷᠠᠭᠤᠯᠵᠤ᠂ ᠣᠨᠴᠠ ᠲᠣᠭᠲᠠᠭᠠᠭᠰᠠᠨ ᠬᠡᠷᠡᠭ ᠲᠠᠬᠢ ᠠᠮᠢᠳᠤᠷᠠᠯ ᠨᠢ ᠬᠦᠴᠢᠷᠳᠡᠯ ᠳᠤ ᠲᠤᠯᠭᠠᠷᠠᠭᠰᠠᠨ ᠡᠮᠡᠭᠲᠡᠶᠢᠴᠦᠳ ᠤᠨ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠬᠦᠷᠲᠡᠬᠦ ᠶᠢ ᠪᠠᠲᠤᠯᠠᠨ᠎ᠠ᠃      11᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠵᠣᠬᠢᠶᠠᠨ ᠪᠠᠶᠢᠭᠤᠯᠤᠯᠲᠠ ᠶᠢᠨ ᠡᠮᠡᠭᠲᠡᠶᠢᠴᠦᠳ ᠤᠨ ᠬᠠᠤᠯᠢ ᠶᠣᠰᠣᠨ ᠤ ᠡᠷᠬᠡ ᠠᠰᠢᠭ ᠢ ᠲᠥᠯᠥᠭᠡᠯᠡᠬᠦ ᠪᠠ ᠬᠠᠮᠠᠭᠠᠯᠠᠬᠤ ᠡᠭᠦᠷᠭᠡ ᠴᠢᠳᠠᠪᠤᠷᠢ ᠶᠢᠨ ᠦᠢᠯᠡᠳᠦᠯ ᠢ ᠪᠠᠳᠠᠷᠠᠭᠤᠯᠤᠨ᠎ᠠ᠃ ᠡᠮᠡᠭᠲᠡᠶᠢᠴᠦᠳ ᠤᠨ ᠡᠷᠬᠡ ᠪᠠᠨ ᠬᠠᠮᠠᠭᠠᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠮᠡᠭᠲᠡᠶᠢᠴᠦᠳ ᠤᠨ ᠭᠤᠮᠣᠳᠠᠯ ᠱᠠᠭᠠᠷᠳᠠᠯᠭ᠎ᠠ ᠪᠠᠨ ᠢᠯᠡᠳᠬᠡᠬᠦ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠦᠨ᠎ᠡ᠃ ᠡᠷᠬᠡ ᠳᠤ ᠬᠠᠯᠳᠠᠭᠰᠠᠨ ᠮᠡᠳᠡᠭᠦᠯᠦᠯᠲᠡ ᠶᠢᠨ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠬᠦᠢᠰᠦ ᠶᠢᠨ ᠢᠯᠭᠠᠯ ᠤᠨ ᠭᠠᠳᠠᠭᠤᠷᠴᠢᠯᠠᠯ ᠤᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠪᠤᠶᠤ ᠡᠮᠡᠭᠲᠡᠶᠢᠴᠦᠳ ᠤᠨ ᠡᠷᠬᠡ ᠠᠰᠢᠭ ᠲᠤ ᠬᠠᠯᠳᠠᠭᠰᠠᠨ ᠬᠡᠷᠡᠭ ᠢ ᠬᠠᠮᠵᠢᠨ ᠰᠢᠢᠳᠪᠦᠷᠢᠯᠡᠵᠦ᠂ ᠡᠮᠡᠭᠲᠡᠶᠢᠴᠦᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠬᠠᠤᠯᠢ ᠎ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠮᠵᠢᠨ ᠴᠣᠬᠢᠯᠲᠠ ᠥᠭᠴᠦ᠂ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡᠨ ᠤ ᠵᠢᠭᠰᠠᠭᠠᠯ ᠤᠨ ᠭᠠᠵᠠᠷ ᠪᠠ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠭᠦᠢᠴᠡᠳᠬᠡᠬᠦ ᠺᠣᠮᠢᠰ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠬᠠᠯᠳᠠᠯᠭ᠎ᠠ ᠳᠤ ᠤᠴᠠᠷᠠᠭᠰᠠᠨ ᠡᠮᠡᠭᠲᠡᠶᠢᠴᠦᠳ ᠲᠤ ᠬᠠᠪᠰᠤᠷᠤᠯᠭ᠎ᠠ ᠬᠠᠩᠭᠠᠨ᠎ᠠ᠃      12᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠵᠣᠬᠢᠶᠠᠨ ᠪᠠᠶᠢᠭᠤᠯᠤᠯᠲᠠ ᠶᠢᠨ ᠡᠮᠡᠭᠲᠡᠶᠢᠴᠦᠳ ᠤᠨ ᠬᠠᠤᠯᠢ ᠶᠣᠰᠣᠨ ᠤ ᠡᠷᠬᠡ ᠠᠰᠢᠭ ᠢ ᠲᠥᠯᠥᠭᠡᠯᠡᠬᠦ ᠪᠠ ᠬᠠᠮᠠᠭᠠᠯᠠᠬᠤ ᠡᠭᠦᠷᠭᠡ ᠴᠢᠳᠠᠪᠤᠷᠢ ᠶᠢᠨ ᠦᠢᠯᠡᠳᠦᠯ ᠢ ᠪᠠᠳᠠᠷᠠᠭᠤᠯᠤᠨ᠎ᠠ᠃ ᠡᠮᠡᠭᠲᠡᠶᠢᠴᠦᠳ ᠤᠨ ᠡᠷᠬᠡ ᠪᠠᠨ ᠬᠠᠮᠠᠭᠠᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠮᠡᠭᠲᠡᠶᠢᠴᠦᠳ ᠤᠨ ᠭᠤᠮᠣᠳᠠᠯ ᠱᠠᠭᠠᠷᠳᠠᠯᠭ᠎ᠠ ᠪᠠᠨ ᠢᠯᠡᠳᠬᠡᠬᠦ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠦᠨ᠎ᠡ᠃ ᠡᠷᠬᠡ ᠳᠤ ᠬᠠᠯᠳᠠᠭᠰᠠᠨ ᠮᠡᠳᠡᠭᠦᠯᠦᠯᠲᠡ ᠶᠢᠨ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠬᠦᠢᠰᠦ ᠶᠢᠨ ᠢᠯᠭᠠᠯ ᠤᠨ ᠭᠠᠳᠠᠭᠤᠷᠴᠢᠯᠠᠯ ᠤᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠪᠤᠶᠤ ᠡᠮᠡᠭᠲᠡᠶᠢᠴᠦᠳ ᠤᠨ ᠡᠷᠬᠡ ᠠᠰᠢᠭ ᠲᠤ ᠬᠠᠯᠳᠠᠭᠰᠠᠨ ᠬᠡᠷᠡᠭ ᠢ ᠬᠠᠮᠵᠢᠨ ᠰᠢᠢᠳᠪᠦᠷᠢᠯᠡᠵᠦ᠂ ᠡᠮᠡᠭᠲᠡᠶᠢᠴᠦᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠬᠠᠤᠯᠢ ᠎ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠮᠵᠢᠨ ᠴᠣᠬᠢᠯᠲᠠ ᠥᠭᠴᠦ᠂ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡᠨ ᠤ ᠵᠢᠭᠰᠠᠭᠠᠯ ᠤᠨ ᠭᠠᠵᠠᠷ ᠪᠠ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠭᠦᠢᠴᠡᠳᠬᠡᠬᠦ ᠺᠣᠮᠢᠰ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠬᠠᠯᠳᠠᠯᠭ᠎ᠠ ᠳᠤ ᠤᠴᠠᠷᠠᠭᠰᠠᠨ ᠡᠮᠡᠭᠲᠡᠶᠢᠴᠦᠳ ᠲᠤ ᠬᠠᠪᠰᠤᠷᠤᠯᠭ᠎ᠠ ᠬᠠᠩᠭᠠᠨ᠎ᠠ᠃      13᠂ ᠡᠷᠬᠡ ᠪᠠᠨ ᠬᠠᠮᠠᠭᠠᠯᠠᠬᠤ ᠪᠠ ᠲᠣᠭᠲᠠᠭᠤᠨ ᠢ ᠬᠠᠮᠠᠭᠠᠯᠠᠬᠤ ᠶᠢ ᠬᠠᠷᠢᠯᠴᠠᠨ ᠤᠶᠠᠯᠳᠤᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠢᠭᠡᠳᠦᠯᠲᠡᠢ ᠲᠥᠯᠥᠪᠯᠡᠨ ᠬᠥᠭᠵᠢᠭᠦᠯᠬᠦ ᠪᠠ ᠠᠮᠤᠷ ᠲᠦᠪᠰᠢᠨ ᠪᠠᠶᠢᠯᠭᠠᠬᠤ ᠶᠢᠨ ᠲᠣᠭᠤᠷᠢᠨ ᠳᠤ᠂ ᠡᠮᠡᠭᠲᠡᠶᠢᠴᠦᠳ ᠤᠨ ᠬᠦᠷᠢᠶᠡᠨ ᠳᠠᠬᠢ ᠵᠥᠷᠢᠴᠡᠯ ᠤᠨ ᠠᠶᠤᠯ ᠲᠦᠭᠰᠢᠭᠦᠷᠢ ᠶᠢ ᠰᠤᠳᠤᠯᠤᠨ ᠮᠠᠭᠠᠳᠯᠠᠬᠤ ᠪᠠ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠤᠯᠠᠨ ᠲᠠᠯ᠎ᠠ ᠶᠢᠨ ᠡᠬᠢ ᠪᠠᠶᠠᠯᠢᠭ ᠤᠨ ᠬᠦᠴᠦᠨ ᠢ ᠵᠣᠬᠢᠴᠠᠭᠤᠯᠵᠤ᠂ ᠡᠮᠡᠭᠲᠡᠶᠢᠴᠦᠳ ᠬᠡᠦᠬᠡᠳ ᠪᠠ ᠭᠡᠷ ᠪᠦᠯᠢ ᠵᠡᠷᠭᠡ ᠳᠤ ᠬᠤᠯᠪᠣᠭᠳᠠᠭᠰᠠᠨ ᠬᠡᠯᠪᠡᠷᠢᠯ ᠤᠨ ᠴᠢᠨᠠᠷᠲᠠᠢ᠂ ᠴᠤᠬᠤᠶᠢᠯᠲᠠ ᠶᠢᠨ ᠴᠢᠨᠠᠷᠲᠠᠢ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠡᠮᠡᠭᠲᠡᠶᠢᠴᠦᠳ ᠤᠨ ᠬᠦᠷᠢᠶᠡᠨ ᠳᠠᠬᠢ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠨ ᠠᠷᠭᠠᠴᠠᠨ᠎ᠠ᠃      ᠳᠥᠷᠪᠡᠳᠦᠭᠡᠷ ᠪᠦᠯᠦᠭ       ᠵᠣᠬᠢᠶᠠᠨ ᠪᠠᠶᠢᠭᠤᠯᠤᠨ ᠬᠡᠷᠡᠭᠵᠢᠭᠦᠯᠬᠦ      ︵ᠨᠢᠭᠡ︶ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠡᠮᠡᠭᠲᠡᠶᠢᠴᠦᠳ ᠤᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠨᠠᠮ ᠤᠨ ᠤᠳᠤᠷᠢᠳᠤᠯᠭ᠎ᠠ ᠶᠢ ᠲᠥᠯᠥᠪᠵᠢᠭᠦᠯᠵᠦ ᠵᠣᠬᠢᠶᠠᠨ ᠪᠠᠶᠢᠭᠤᠯᠵᠤ ᠬᠡᠷᠡᠭᠵᠢᠭᠦᠯᠬᠦ ᠪᠦᠬᠦ ᠶᠠᠪᠤᠴᠠ ᠳᠤ ᠲᠤᠤᠱᠯᠠᠭᠤᠯᠤᠨ᠎ᠠ᠃ ᠨᠠᠮ ᠤᠨ ᠲᠥᠪ ᠬᠤᠷᠢᠶᠠᠨ ᠤ ᠡᠮᠡᠭᠲᠡᠶᠢᠴᠦᠳ ᠤᠨ ᠦᠢᠯᠡᠰ ᠤᠨ ᠬᠥᠭᠵᠢᠯᠲᠡ ᠶᠢᠨ ᠲᠤᠬᠠᠢ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠵᠦ᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠪᠠ ᠡᠮᠡᠭᠲᠡᠶᠢᠴᠦᠳ ᠤᠨ ᠪᠦᠬᠦ ᠲᠠᠯ᠎ᠠ ᠪᠠᠷ ᠬᠥᠭᠵᠢᠬᠦ  ᠶᠢ ᠠᠬᠢᠭᠤᠯᠬᠤ ᠳᠦᠷᠢᠮ ᠲᠣᠭᠲᠠᠴᠠ  ᠶᠢ ᠪᠠᠷᠢᠮᠲᠠᠯᠠᠨ ᠲᠡᠭᠦᠯᠳᠡᠷᠵᠢᠭᠦᠯᠵᠦ᠂ ᠠᠵᠤ ᠠᠬᠤᠢ ᠶᠢᠨ ᠪᠠᠶᠢᠭᠤᠯᠤᠯᠲᠠ᠂ ᠤᠯᠤᠰ ᠲᠦᠷᠦ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠶᠡᠷᠦᠩᠬᠡᠢ ᠪᠠᠶᠢᠷᠢᠯᠠᠭᠤᠯᠤᠯᠲᠠ ᠶᠢ ᠨᠢᠭᠡᠳᠦᠯᠲᠡᠢ ᠲᠥᠯᠥᠪᠯᠡᠨ ᠲᠦᠯᠬᠢᠨ ᠠᠬᠢᠭᠤᠯᠬᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠩᠭᠤᠢ ᠪᠠᠷ ᠲᠦᠯᠬᠢᠨ ᠠᠬᠢᠭᠤᠯᠬᠤ ᠳᠤᠮᠳᠠ ᠲᠥᠯᠦᠪᠵᠢᠭᠦᠯᠭᠡ ᠶᠢᠨ ᠬᠡᠷᠡᠭᠵᠢᠭᠦᠯᠦᠯᠲᠡ ᠶᠢ ᠲᠦᠯᠬᠢᠨ ᠠᠬᠢᠭᠤᠯᠤᠨ᠎ᠠ᠃      ︵ᠬᠤᠶᠠᠷ︶ ᠲᠥᠯᠦᠪᠵᠢᠭᠦᠯᠭᠡ ᠶᠢ ᠬᠡᠷᠡᠭᠵᠢᠭᠦᠯᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠨᠠᠮ ᠤᠨ ᠬᠤᠷᠢᠶ᠎ᠠ ᠤᠳᠤᠷᠢᠳᠤᠭᠰᠠᠨ᠂ ᠵᠠᠰᠠᠭ ᠤᠨ ᠣᠷᠳᠣᠨ ᠭᠤᠣᠯᠯᠠᠨ ᠬᠠᠷᠢᠭᠤᠴᠠᠭᠰᠠᠨ᠂ ᠡᠮᠡᠭᠲᠡᠶᠢᠴᠦᠳ ᠬᠡᠦᠬᠡᠳ ᠤᠨ ᠠᠵᠢᠯ ᠤᠨ ᠵᠦᠪᠯᠡᠯ ᠵᠣᠬᠢᠴᠠᠭᠤᠯᠤᠭᠰᠠᠨ᠂ ᠤᠯᠠᠨ ᠰᠠᠯᠠᠭ᠎ᠠ ᠮᠥᠴᠢᠷ ᠬᠠᠮᠲᠤᠷᠠᠯᠴᠠᠭᠰᠠᠨ᠂ ᠪᠦᠬᠦ ᠨᠡᠶᠢᠭᠡᠮ ᠢᠶᠠᠷ ᠢᠶᠠᠨ ᠣᠷᠣᠯᠴᠠᠭᠰᠠᠨ ᠲᠥᠯᠦᠪᠵᠢᠭᠦᠯᠭᠡ ᠶᠢ ᠬᠡᠷᠡᠭᠵᠢᠭᠦᠯᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠤᠨ᠎ᠠ᠃ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠲᠥᠯᠦᠪᠵᠢᠭᠦᠯᠭᠡ ᠶᠢ ᠬᠡᠷᠡᠭᠵᠢᠭᠦᠯᠬᠦ ᠠᠵᠢᠯ ᠢ ᠬᠠᠷᠢᠭᠤᠴᠠᠵᠤ᠂ ᠲᠣᠭᠤᠷᠢᠭ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠨᠢ ᠵᠣᠬᠢᠶᠠᠨ ᠪᠠᠶᠢᠭᠤᠯᠬᠤ᠂ ᠵᠣᠬᠢᠴᠠᠭᠤᠯᠬᠤ᠂ ᠵᠢᠯᠤᠭᠤᠳᠬᠤ᠂ ᠱᠠᠯᠠᠪᠳᠠᠭᠤᠯᠬᠤ ᠠᠵᠢᠯ ᠢ ᠬᠠᠷᠢᠭᠤᠴᠠᠨ᠎ᠠ᠃ ᠲᠣᠭᠤᠷᠢᠭ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠠᠯᠪᠠᠨ ᠭᠡᠷ ᠨᠢ ᠪᠣᠳᠠᠲᠠᠢ ᠠᠵᠢᠯ ᠢ ᠬᠠᠷᠢᠭᠤᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠠᠮᠢᠶ᠎ᠠ ᠪᠦᠬᠦᠢ ᠪᠠᠶᠢᠭᠤᠯᠤᠮᠵᠢ ᠪᠠ ᠠᠷᠠᠳ ᠤᠨ ᠪᠦᠯᠬᠦᠮ ᠤᠳ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ ᠲᠥᠯᠦᠪᠵᠢᠭᠦᠯᠭᠡ ᠶᠢᠨ ᠬᠠᠮᠢᠶ᠎ᠠ ᠪᠦᠬᠦᠢ ᠬᠠᠷᠠᠯᠲᠠᠲᠤ ᠡᠭᠦᠷᠭᠡ ᠶᠢ ᠨᠠᠶᠢᠳᠠᠪᠤᠷᠢᠵᠢᠭᠤᠯᠬᠤ ᠠᠵᠢᠯ ᠢ ᠡᠭᠦᠷᠭᠡᠯᠡᠨ᠎ᠡ᠃      ︵ᠭᠤᠷᠪᠠ︶ ᠲᠥᠯᠦᠪᠵᠢᠭᠦᠯᠭᠡ ᠶᠢ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠲᠠᠢ ᠠᠪᠴᠠᠯᠳᠤᠭᠤᠯᠬᠤ ᠶᠢ ᠴᠢᠩᠭᠠᠳᠬᠠᠨ᠎ᠠ᠃ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠲᠥᠯᠦᠪᠵᠢᠭᠦᠯᠭᠡ ᠵᠢᠴᠢ ᠬᠤᠯᠪᠣᠭᠳᠠᠯ ᠪᠦᠬᠦᠢ ᠲᠤᠰᠬᠠᠢ ᠲᠥᠯᠦᠪᠵᠢᠭᠦᠯᠭᠡ ᠳᠤ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠥᠯᠦᠪᠵᠢᠭᠦᠯᠭᠡ ᠶᠢ ᠬᠡᠷᠡᠭᠵᠢᠭᠦᠯᠬᠦ ᠵᠢᠴᠢ ᠡᠮᠡᠭᠲᠡᠶᠢᠴᠦᠳ ᠤᠨ ᠠᠵᠢᠯ ᠦᠢᠯᠡᠰ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠲᠥᠯᠦᠪᠵᠢᠭᠦᠯᠭᠡ ᠵᠢᠴᠢ ᠬᠠᠮᠢᠶ᠎ᠠ ᠪᠦᠬᠦᠢ ᠲᠤᠰᠬᠠᠢ ᠵᠦᠢᠯ ᠤᠨ ᠲᠥᠯᠦᠪᠵᠢᠭᠦᠯᠭᠡ ᠳᠤ ᠣᠷᠣᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠲᠥᠯᠦᠪᠵᠢᠭᠦᠯᠭᠡ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠲᠠᠢ ᠤᠶᠠᠯᠳᠤᠭᠤᠯᠤᠨ ᠲᠥᠯᠦᠪᠵᠢᠭᠦᠯᠭᠡ ᠶᠢ ᠬᠡᠷᠡᠭᠵᠢᠭᠦᠯᠬᠦ ᠠᠵᠢᠯ ᠢ ᠠᠬᠢᠭᠤᠯᠵᠤ᠂ ᠡᠮᠡᠭᠲᠡᠶᠢᠴᠦᠳ ᠤᠨ ᠠᠵᠢᠯ ᠦᠢᠯᠡᠰ ᠤᠨ ᠬᠥᠭᠵᠢᠯᠲᠡ ᠶᠢ ᠠᠵᠤ ᠠᠬᠤᠢ ᠨᠡᠶᠢᠭᠡᠮ ᠤᠨ ᠬᠥᠭᠵᠢᠯᠲᠡ ᠯᠦᠭᠡ ᠵᠡᠷᠭᠡ ᠳᠤᠨᠢ ᠲᠥᠯᠥᠪᠵᠢᠭᠦᠯᠵᠦ᠂ ᠵᠡᠷᠭᠡ ᠳᠤᠨᠢ ᠪᠠᠶᠢᠷᠢᠯᠠᠭᠤᠯᠵᠤ᠂ ᠵᠡᠷᠭᠡ ᠳᠤᠨᠢ ᠠᠬᠢᠭᠤᠯᠵᠤ᠂ ᠵᠡᠷᠭᠡ ᠳᠤᠨᠢ ᠨᠠᠶᠢᠳᠠᠪᠤᠷᠢᠵᠢᠭᠤᠯᠬᠤ ᠶᠢ ᠪᠡᠶᠡᠯᠡᠭᠦᠯᠦᠨ᠎ᠡ᠃      (ᠳᠦᠷᠪᠡ) ᠲᠤᠰ ᠱᠠᠲᠤᠨ ᠤ ᠪᠠᠨ ᠡᠮᠡᠭᠲᠡᠶᠢᠴᠦᠳ ᠤᠨ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠨ᠎ᠠ᠃ ᠲᠤᠭᠤᠷᠢᠭ ᠤᠨ ᠵᠠᠰᠠᠭ ᠤᠨ ᠣᠷᠳᠣᠨ ᠨᠢ ᠪᠤᠭᠤᠲᠤ ᠬᠤᠲᠠ ᠶᠢᠨ ᠡᠮᠡᠭᠲᠡᠶᠢᠴᠦᠳ ᠤᠨ ᠬᠥᠭᠵᠢᠯᠲᠡ ᠶᠢᠨ ᠲᠥᠯᠦᠪᠵᠢᠭᠦᠯᠭᠡ ᠶᠢ ᠦᠨᠳᠦᠰᠦᠯᠡᠨ᠂ ᠪᠣᠳᠠᠲᠠᠢ ᠲᠠᠢ ᠪᠠᠨ ᠤᠶᠠᠯᠳᠤᠭᠤᠯᠤᠨ ᠲᠣᠰ ᠱᠠᠲᠤᠨ ᠤ ᠡᠮᠡᠭᠲᠡᠶᠢᠴᠦᠳ ᠤᠨ ᠬᠥᠭᠵᠢᠯᠲᠡ ᠶᠢᠨ ᠲᠦᠯᠦᠪᠵᠢᠭᠦᠯᠭᠡ ᠶᠢ ᠲᠤᠬᠢᠷᠠᠭᠤᠯᠤᠨ᠎ᠠ᠃      ︵ᠲᠠᠪᠤ︶ ᠰᠠᠯᠠᠭ᠎ᠠ ᠮᠥᠴᠢᠷ ᠤᠨ ᠬᠡᠷᠡᠭᠵᠢᠭᠦᠯᠬᠦ ᠲᠥᠰᠥᠯ ᠢ ᠲᠣᠭᠲᠠᠭᠠᠨ᠎ᠠ᠃ ᠲᠥᠯᠦᠪᠵᠢᠭᠦᠯᠭᠡ ᠶᠢᠨ ᠬᠠᠷᠠᠯᠲᠠ ᠶᠢᠨ ᠡᠭᠦᠷᠭᠡ ᠶᠢ ᠡᠭᠦᠷᠭᠡᠯᠡᠭᠰᠡᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠠᠮᠢᠶ᠎ᠠ ᠪᠦᠬᠦᠢ ᠪᠠᠶᠢᠭᠤᠯᠤᠮᠵᠢ ᠪᠠ ᠠᠷᠠᠳ ᠤᠨ ᠪᠦᠯᠬᠦᠮ ᠤᠳ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠬᠡᠷᠡᠭᠵᠢᠭᠦᠯᠬᠦ ᠲᠥᠰᠥᠯ ᠲᠣᠭᠲᠠᠭᠠᠬᠤ ᠶᠢᠨ ᠬᠠᠮᠲᠤ ᠲᠣᠭᠤᠷᠢᠭ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠠᠯᠪᠠᠨ ᠭᠡᠷ ᠲᠤ ᠮᠡᠳᠡᠭᠦᠯᠦᠨ ᠬᠦᠷᠭᠡᠨ᠎ᠡ᠃      ︵ᠵᠢᠷᠭᠤᠭ᠎ᠠ︶ ᠡᠮᠡᠭᠲᠡᠶᠢᠴᠦᠳ ᠤᠨ ᠬᠥᠭᠵᠢᠯᠲᠡ ᠶᠢᠨ ᠵᠠᠷᠤᠳᠠᠯ ᠤᠨ ᠳᠡᠮᠵᠢᠯᠭᠡ ᠶᠢ ᠴᠢᠩᠭᠠᠳᠬᠠᠨ᠎ᠠ᠃ ᠲᠤᠭᠤᠷᠢᠭ ᠤᠨ ᠵᠠᠰᠠᠭ ᠤᠨ ᠣᠷᠳᠣᠨ ᠲᠥᠯᠦᠪᠵᠢᠭᠦᠯᠭᠡ ᠶᠢ ᠬᠡᠷᠡᠭᠵᠢᠭᠦᠯᠬᠦ ᠳᠤ ᠬᠡᠷᠡᠭᠰᠡᠬᠦ ᠠᠵᠢᠯ ᠤᠨ ᠵᠠᠷᠤᠳᠠᠯ ᠢ ᠡᠳ᠋ ᠤᠨ ᠵᠠᠰᠠᠭ ᠤᠨ ᠲᠥᠰᠥᠪ ᠲᠤ ᠣᠷᠣᠭᠤᠯᠵᠤ᠂ ᠡᠮᠡᠭᠲᠡᠶᠢᠴᠦᠳ ᠤᠨ ᠠᠵᠢᠯ ᠦᠢᠯᠡᠰ ᠪᠠ ᠠᠵᠤ ᠠᠬᠤᠢ ᠨᠡᠶᠢᠭᠡᠮ ᠤᠨ ᠵᠡᠷᠭᠡᠪᠡᠷ ᠬᠥᠭᠵᠢᠬᠦ ᠶᠢ ᠪᠡᠶᠡᠯᠡᠭᠦᠯᠦᠨ᠎ᠡ᠃ ᠡᠳ᠋ ᠤᠨ ᠵᠠᠰᠠᠭ ᠤᠨ ᠡᠮᠡᠭᠲᠡᠶᠢᠴᠦᠳ ᠤᠨ ᠬᠥᠭᠵᠢᠯᠲᠡ ᠶᠢᠨ ᠭᠤᠣᠯᠳᠠᠯᠭ᠎ᠠ ᠲᠠᠢ ᠬᠦᠷᠢᠶᠡᠨ ᠳᠠᠬᠢ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠬᠤ ᠶᠢ ᠦᠨᠡᠨ ᠬᠦ ᠪᠠᠲᠤᠯᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢ ᠲᠥᠯᠦᠪᠵᠢᠭᠦᠯᠭᠡ ᠶᠢᠨ ᠭᠤᠣᠯᠳᠠᠯᠭ᠎ᠠ ᠲᠠᠢ ᠬᠠᠷᠠᠯᠲᠠ ᠡᠭᠦᠷᠭᠡ ᠲᠡᠶᠢᠰᠢ ᠬᠡᠯᠪᠡᠶᠢᠯᠭᠡᠨ᠎ᠡ᠃ ᠣᠨᠴᠠᠭᠠᠶ ᠬᠦᠴᠢᠷᠳᠡᠯ ᠲᠠᠢ ᠡᠮᠡᠭᠲᠡᠶᠢᠴᠦᠳ ᠤᠨ ᠬᠠᠮᠲᠤᠯᠢᠭ ᠤᠨ ᠬᠥᠭᠵᠢᠯᠲᠡ ᠶᠢ ᠲᠡᠮᠵᠢᠨ᠎ᠠ᠃ ᠨᠡᠶᠢᠭᠡᠮ ᠤᠨ ᠬᠦᠴᠦᠨ ᠢ ᠳᠠᠶᠢᠴᠢᠯᠠᠵᠤ᠂ ᠤᠯᠠᠨ ᠠᠷᠭ᠎ᠠ ᠵᠠᠮ ᠢᠶᠠᠷ ᠡᠬᠢ ᠪᠠᠶᠠᠯᠢᠭ ᠢ ᠴᠤᠭᠯᠠᠭᠤᠯᠵᠤ᠂ ᠡᠮᠡᠭᠲᠡᠶᠢᠴᠦᠳ ᠤᠨ ᠦᠢᠯᠡᠰ ᠢ ᠬᠥᠭᠵᠢᠭᠦᠯᠦᠨ᠎ᠡ᠃      ︵ᠳᠣᠯᠤᠭ᠎ᠠ︶ ᠲᠥᠯᠦᠪᠵᠢᠭᠦᠯᠭᠡ ᠶᠢ ᠬᠡᠷᠡᠭᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠲᠤᠭᠤᠷᠢᠭ ᠤᠨ ᠵᠠᠰᠠᠭ ᠤᠨ ᠣᠷᠳᠣᠨ ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠠᠬᠢᠷᠤᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠨ᠂ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠵᠢᠴᠢ ᠲᠡᠭᠦᠨ ᠤ ᠠᠯᠪᠠᠨ ᠭᠡᠷ ᠤᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢ ᠰᠢᠯᠢᠳᠡᠭᠵᠢᠭᠦᠯᠦᠨ ᠥᠨᠳᠥᠷ ᠪᠦᠲᠦᠮᠵᠢᠲᠡᠶ ᠪᠠᠶᠢᠯᠭᠠᠬᠤ ᠶᠢ ᠠᠬᠢᠭᠤᠯᠤᠨ᠎ᠠ᠃ ᠲᠥᠯᠦᠪᠵᠢᠭᠦᠯᠭᠡ ᠶᠢ ᠬᠡᠷᠡᠭᠵᠢᠭᠦᠯᠬᠦ ᠶᠢᠨ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠵᠤ᠂ ᠡᠮᠡᠭᠲᠡᠶᠢᠴᠦᠳ ᠤᠨ ᠠᠵᠢᠯ ᠢ ᠥᠷᠨᠢᠭᠦᠯᠬᠦ ᠠᠵᠢᠯ ᠤᠨ ᠬᠦᠴᠦᠨ ᠪᠠ ᠲᠤᠰᠬᠠᠢ ᠵᠠᠷᠤᠳᠠᠯ ᠲᠠᠢ ᠪᠠᠶᠢᠵᠤ᠂ ᠲᠥᠯᠦᠪᠵᠢᠭᠦᠯᠭᠡ ᠶᠢ ᠬᠡᠷᠡᠭᠵᠢᠭᠦᠯᠬᠦ ᠳᠤ ᠴᠢᠬᠤᠯᠠ ᠪᠦᠬᠦᠢ ᠬᠥᠮᠥᠨ ᠤ ᠬᠦᠴᠦᠨ ᠪᠣᠳᠠᠰ ᠤᠨ ᠬᠦᠴᠦᠨ ᠡᠳ᠋ ᠤᠨ ᠬᠦᠴᠦᠨ ᠤ ᠳᠡᠮᠵᠢᠯᠭᠡ ᠬᠠᠩᠭᠠᠨ᠎ᠠ᠃      ︵ᠨᠠᠢᠮᠠ︶ ᠲᠥᠯᠦᠪᠵᠢᠭᠦᠯᠭᠡ ᠶᠢ ᠬᠡᠷᠡᠭᠵᠢᠭᠦᠯᠬᠦ ᠠᠵᠢᠯ ᠤᠨ ᠳᠦᠷᠢᠮ ᠤᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠠᠷᠠᠯᠲᠠᠲᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠪᠦᠷᠢᠨᠰᠢᠭᠦᠯᠵᠦ᠂ ᠲᠥᠯᠦᠪᠵᠢᠭᠦᠯᠭᠡ ᠶᠢᠨ ᠬᠡᠷᠡᠭᠵᠢᠭᠦᠯᠦᠯᠲᠡ ᠶᠢ ᠵᠠᠰᠠᠭ ᠤᠨ ᠣᠷᠳᠣᠨ ᠤ ᠡᠳᠦᠷ ᠲᠤᠲᠤᠮ ᠤᠨ ᠵᠥᠪᠯᠡᠬᠦ ᠵᠦᠢᠯ ᠪᠠ ᠰᠢᠯᠭᠠᠨ ᠬᠢᠨᠠᠬᠤ ᠠᠭᠤᠯᠭ᠎ᠠ ᠳᠤ ᠣᠷᠣᠭᠤᠯᠵᠤ᠂ ᠲᠥᠯᠦᠪᠵᠢᠭᠦᠯᠭᠡ ᠶᠢᠨ ᠬᠠᠷᠠᠯᠲᠠ ᠶᠢ ᠬᠠᠷᠢᠭᠤᠴᠠᠯᠭᠠᠲᠤ ᠨᠢᠭᠡᠴᠡ ᠳᠤ ᠵᠠᠳᠠᠯᠬᠤ ᠶᠢᠨ ᠬᠠᠮᠲᠤ ᠬᠠᠷᠠᠯᠲᠠᠲᠤ ᠬᠠᠮᠢᠶᠠᠷᠤᠯᠲᠠ ᠪᠠ ᠰᠢᠯᠭᠠᠨ ᠬᠢᠨᠠᠬᠤ ᠠᠭᠤᠯᠭ᠎ᠠ ᠳᠤ ᠣᠷᠣᠭᠤᠯᠤᠨ᠎ᠠ᠃ ᠱᠠᠯᠠᠪᠳᠠᠭᠤᠯᠤᠨ ᠵᠢᠯᠤᠭᠤᠳᠴᠤ ᠪᠠᠶᠢᠴᠠᠭᠠᠬᠤ ᠳᠦᠷᠢᠮ ᠢ ᠪᠦᠷᠢᠨᠰᠢᠭᠦᠯᠵᠦ᠂ ᠲᠥᠯᠦᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠱᠠᠯᠠᠪᠳᠠᠭᠤᠯᠤᠨ ᠪᠠᠶᠢᠴᠠᠭᠠᠬᠤ ᠶᠢ ᠥᠷᠨᠢᠭᠦᠯᠦᠨ᠎ᠡ᠃ ᠮᠡᠳᠡᠭᠦᠯᠬᠦ ᠳᠦᠷᠢᠮ ᠢ ᠪᠦᠷᠢᠨᠰᠢᠭᠦᠯᠵᠦ᠂ ᠬᠠᠷᠢᠭᠤᠴᠠᠯᠭᠠᠲᠤ ᠨᠢᠭᠡᠴᠡ ᠨᠢ ᠵᠢᠯ ᠪᠦᠷᠢ ᠲᠣᠭᠤᠷᠢᠭ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠳᠤ ᠲᠥᠯᠦᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠪᠠ ᠳᠠᠷᠠᠭ᠎ᠠ ᠵᠢᠯ ᠤᠨ ᠠᠵᠢᠯ ᠤᠨ ᠲᠣᠬᠢᠷᠠᠭᠤᠯᠤᠯᠲᠠ ᠪᠠᠨ ᠮᠡᠳᠡᠭᠦᠯᠬᠦ ᠬᠡᠷᠡᠭᠲᠡᠢ᠃ ᠬᠢᠨᠠᠨ ᠬᠡᠮᠵᠢᠵᠦ ᠦᠨᠡᠯᠡᠨ ᠵᠢᠱᠢᠬᠦ ᠳᠦᠷᠢᠮ ᠢ ᠪᠦᠷᠢᠨᠰᠢᠭᠦᠯᠵᠦ᠂ ᠲᠥᠯᠦᠪᠵᠢᠭᠦᠯᠭᠡ ᠶᠢ ᠬᠡᠷᠡᠭᠵᠢᠭᠦᠯᠵᠦ ᠪᠠᠶᠢᠭ᠎ᠠ ᠬᠢᠨᠠᠨ ᠬᠡᠮᠵᠢᠬᠦ ᠠᠵᠢᠯ ᠢ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠠᠴᠠ ᠬᠠᠷᠢᠭᠤᠴᠠᠨ᠎ᠠ᠃ ᠱᠠᠯᠠᠪᠳᠠᠭᠤᠯᠤᠨ ᠵᠢᠯᠤᠭᠤᠳᠴᠤ ᠪᠠᠶᠢᠴᠠᠭᠠᠬᠤ ᠳᠦᠷᠢᠮ ᠢ ᠪᠦᠷᠢᠨᠰᠢᠭᠦᠯᠵᠦ᠂ ᠲᠥᠯᠦᠪᠵᠢᠭᠦᠯᠭᠡ ᠶᠢ ᠨᠠᠶᠢᠳᠠᠪᠤᠷᠢᠵᠢᠭᠤᠯᠤᠭᠰᠠᠨ ᠵᠢᠴᠢ ᠭᠤᠣᠯ ᠬᠠᠷᠠᠯᠲᠠ ᠶᠢ ᠠᠬᠢᠭᠤᠯᠤᠭᠰᠠᠨ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠱᠠᠯᠠᠪᠳᠠᠭᠤᠯᠤᠨ ᠪᠠᠶᠢᠴᠠᠭᠠᠬᠤ ᠶᠢ ᠥᠷᠨᠢᠭᠦᠯᠦᠨ᠎ᠡ᠃ ᠪᠠᠶᠢᠴᠠᠭᠠᠨ ᠰᠤᠳᠤᠯᠬᠤ ᠳᠦᠷᠢᠮ ᠢ ᠪᠦᠷᠢᠨᠰᠢᠭᠦᠯᠦᠨ᠂ ᠡᠮᠡᠭᠲᠡᠶᠢᠴᠦᠳ ᠤᠨ ᠬᠥᠭᠵᠢᠯᠲᠡ ᠶᠢᠨ ᠲᠤᠰᠬᠠᠢ ᠮᠡᠷᠭᠡᠵᠢᠯᠲᠡᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠤᠰᠬᠠᠢ ᠮᠡᠷᠭᠡᠵᠢᠯ ᠤᠨ ᠰᠤᠳᠤᠯᠭᠠᠨ ᠤ ᠬᠦᠴᠦᠨ ᠢ ᠪᠣᠶᠢᠵᠢᠭᠤᠯᠤᠨ᠂ ᠰᠤᠳᠤᠯᠭᠠᠨ ᠤ ᠪᠠᠶᠢᠭᠤᠯᠤᠮᠵᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠳᠤ ᠲᠦᠰᠢᠭᠯᠡᠨ ᠡᠮᠡᠭᠲᠡᠶᠢᠴᠦᠳ ᠤᠨ ᠬᠥᠭᠵᠢᠯᠲᠡ ᠶᠢᠨ ᠰᠤᠳᠤᠯᠭᠠᠨ ᠤ ᠰᠠᠭᠤᠷᠢᠨ ᠭᠠᠵᠠᠷ ᠢ ᠪᠠᠶᠢᠭᠤᠯᠵᠤ᠂ ᠲᠥᠯᠦᠪᠵᠢᠭᠦᠯᠭᠡ ᠶᠢᠨ ᠭᠤᠣᠯ ᠬᠠᠷᠠᠯᠲᠠ ᠶᠢᠨ ᠣᠨᠣᠯ ᠵᠢᠴᠢ ᠦᠢᠯᠡᠳᠦᠯᠭᠡ ᠶᠢᠨ ᠰᠤᠳᠤᠯᠭᠠᠨ ᠢ ᠥᠷᠨᠢᠭᠦᠯᠵᠦ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠲᠣᠭᠲᠠᠭᠠᠬᠤ ᠪᠠ ᠲᠡᠭᠦᠯᠳᠡᠷᠵᠢᠭᠦᠯᠬᠦ ᠳᠤ ᠯᠠᠪᠯᠠᠯᠲᠠ ᠬᠠᠩᠭᠠᠨ᠎ᠠ᠃ ᠲᠥᠯᠦᠪᠵᠢᠭᠦᠯᠭᠡ ᠶᠢ ᠬᠡᠷᠡᠭᠵᠢᠭᠦᠯᠬᠦ ᠵᠢᠱᠢᠶ᠎ᠡ ᠦᠵᠡᠭᠦᠯᠬᠦ ᠳᠦᠷᠢᠮ ᠢ ᠪᠦᠷᠢᠨᠰᠢᠭᠦᠯᠵᠦ᠂ ᠵᠢᠱᠢᠶ᠎ᠡ ᠦᠵᠡᠭᠦᠯᠬᠦ ᠭᠠᠵᠠᠷ ᠣᠷᠣᠨ᠂ ᠵᠢᠱᠢᠶ᠎ᠡ ᠦᠵᠡᠭᠦᠯᠬᠦ ᠨᠢᠭᠡᠴᠢ ᠶᠢᠨ ᠴᠡᠭ ᠢᠶᠠᠷ ᠨᠡᠶᠢᠳᠡᠮ ᠢ ᠳᠠᠶᠢᠴᠢᠯᠠᠬᠤ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠬᠥᠬᠢᠭᠦᠯᠦᠨ ᠰᠠᠶᠢᠰᠢᠶᠠᠬᠤ ᠳᠦᠷᠢᠮ ᠢ ᠲᠡᠭᠦᠯᠳᠡᠷᠵᠢᠭᠦᠯᠵᠦ᠂ ᠲᠥᠯᠦᠪᠵᠢᠭᠦᠯᠭᠡ ᠶᠢ ᠬᠡᠷᠡᠭᠵᠢᠭᠦᠯᠦᠭᠰᠡᠨ ᠲᠡᠷᠢᠭᠦᠨ ᠤ ᠬᠠᠮᠲᠤ ᠪᠠ ᠲᠡᠷᠢᠭᠦᠨ ᠤ ᠬᠤᠪᠢ ᠬᠥᠮᠥᠨ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠥᠬᠢᠭᠦᠯᠦᠨ ᠰᠠᠶᠢᠰᠢᠶᠠᠨ᠎ᠠ᠃      ︵ᠶᠢᠰᠦ︶ ᠬᠡᠷᠡᠭᠵᠢᠭᠦᠯᠬᠦ ᠲᠥᠯᠦᠪᠵᠢᠭᠦᠯᠭᠡ ᠶᠢᠨ ᠵᠥᠪᠳᠡᠯᠴᠡᠬᠦ ᠪᠠ ᠬᠡᠷᠡᠭ ᠵᠥᠪᠯᠡᠬᠦ ᠳᠦᠷᠢᠮ ᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠤᠨ᠎ᠠ᠃ ᠬᠡᠷᠡᠭᠴᠡᠭᠡ ᠪᠠᠨ ᠦᠨᠳᠦᠰᠦᠯᠡᠨ  ᠵᠦᠪᠯᠡᠯ ᠤᠨ ᠡᠷᠬᠢᠯᠡᠭᠴᠢ ᠠᠴᠠ ᠵᠦᠪᠯᠡᠯ ᠤᠨ ᠡᠷᠬᠢᠯᠡᠭᠴᠢ ᠶᠢᠨ ᠠᠯᠪᠠᠨ ᠠᠵᠢᠯ ᠤᠨ ᠬᠤᠷᠠᠯ ᠢ ᠴᠠᠭ ᠲᠤᠬᠠᠢ ᠳᠤᠨᠢ ᠡᠷᠬᠢᠯᠡᠨ ᠬᠤᠷᠠᠯᠳᠤᠭᠤᠯᠵᠤ᠂ ᠲᠥᠯᠦᠪᠵᠢᠭᠦᠯᠭᠡ ᠶᠢ ᠬᠡᠷᠡᠭᠵᠢᠭᠦᠯᠬᠦ ᠶᠠᠪᠤᠴᠠ ᠳᠠᠬᠢ ᠴᠢᠬᠤᠯᠠ ᠠᠰᠠᠭᠤᠳᠠᠯ ᠪᠤᠶᠤ ᠴᠢᠬᠤᠯᠠ ᠶᠡᠭᠡ ᠤᠴᠢᠷ ᠶᠠᠪᠤᠳᠠᠯ ᠢ ᠲᠤᠰᠬᠠᠢ ᠰᠡᠳᠦᠪ ᠢᠶᠠᠷ ᠰᠤᠳᠤᠯᠤᠨ ᠰᠢᠢᠳᠪᠦᠷᠢᠯᠡᠨ᠎ᠡ᠃ ᠬᠢᠨᠠᠨ ᠬᠡᠮᠵᠢᠬᠦ ᠲᠠᠯ᠎ᠠ ᠎ ᠠᠴᠠ ᠲᠥᠯᠦᠪᠵᠢᠭᠦᠯᠭᠡ ᠎ ᠶᠢᠨ ᠠᠬᠢᠴᠠ ᠎ ᠶᠢᠨ ᠪᠠᠶᠢᠳᠠᠯ ᠢ ᠵᠠᠳᠠᠯᠵᠤ ᠦᠨᠡᠯᠡᠨ ᠵᠢᠱᠢᠵᠦ᠂ ᠡᠮᠡᠭᠲᠡᠶᠢᠴᠦᠳ ᠤᠨ ᠬᠥᠭᠵᠢᠯᠲᠡ ᠎ ᠶᠢᠨ ᠬᠠᠨᠳᠤᠰᠢ ᠎ ᠶᠢ ᠲᠥᠰᠥᠭᠡᠯᠡᠵᠦ ᠰᠤᠳᠤᠯᠤᠨ ᠮᠠᠭᠠᠳᠯᠠᠵᠤ᠂ ᠬᠤᠯᠪᠣᠭᠳᠠᠯ ᠪᠦᠬᠦᠢ ᠠᠷᠭᠠᠴᠠᠬᠤ ᠪᠣᠳᠣᠯᠭ᠎ᠠ ᠎ ᠶᠢᠨ ᠰᠠᠨᠠᠭᠤᠯᠭ᠎ᠠ ᠎ ᠶᠢ ᠳᠤᠷᠠᠳᠬᠤ ᠬᠡᠷᠡᠭᠲᠡᠢ᠃       ︵ᠠᠷᠪᠠ︶ ᠲᠥᠯᠦᠪᠵᠢᠭᠦᠯᠭᠡ ᠵᠢ‌‍ᠬᠡᠷᠡᠭᠵᠢᠭᠦᠯᠬᠦ ᠤᠬᠠᠭᠤᠯᠭ᠎ᠠ ᠪᠤᠯᠪᠠᠰᠤᠷᠠᠯ ᠤᠨ ᠡᠷᠴᠢᠮ ᠢ ᠴᠢᠩᠭᠠᠷᠠᠭᠤᠯᠤᠨ᠎ᠠ᠃ ᠰᠢ ᠶᠢᠨ ᠫᠢᠩ ᠶᠡᠷᠦᠩᠬᠡᠢ ᠱᠦᠵᠢ ᠶᠢᠨ ᠡᠮᠡᠭᠲᠡᠶᠢᠴᠦᠳ ᠪᠠ ᠡᠮᠡᠭᠲᠡᠶᠢᠴᠦᠳ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠶᠡᠬᠡᠪᠡᠷ ᠤᠬᠠᠭᠤᠯᠵᠤ᠂ ᠨᠠᠮ ᠤᠨ ᠲᠥᠪ ᠬᠤᠷᠢᠶᠠᠨ ᠤ ᠡᠮᠡᠭᠲᠡᠶᠢᠴᠦᠳ ᠤᠨ ᠦᠢᠯᠡᠰ ᠤᠨ ᠬᠥᠭᠵᠢᠯᠲᠡ ᠶᠢᠨ ᠲᠤᠬᠠᠢ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠤᠬᠠᠭᠤᠯᠵᠦ᠂ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠳᠣᠣᠷᠠᠬᠢ ᠡᠮᠡᠭᠲᠡᠶᠢᠴᠦᠳ ᠤᠨ ᠠᠵᠢᠯ ᠦᠢᠯᠡᠰ ᠤᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠤᠬᠠᠭᠤᠯᠵᠤ᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠪᠠ ᠡᠮᠡᠭᠲᠡᠶᠢᠴᠦᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ᠂ ᠡᠮᠡᠭᠲᠡᠶᠢᠴᠦᠳ ᠤᠨ ᠬᠥᠭᠵᠢᠯᠲᠡ ᠶᠢ ᠠᠬᠢᠭᠤᠯᠬᠤ ᠬᠠᠤᠯᠢ ᠴᠠᠭᠠᠵᠠ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠤᠬᠠᠭᠤᠯᠵᠤ᠂ ᠲᠥᠯᠦᠪᠵᠢᠭᠦᠯᠭᠡ ᠶᠢᠨ ᠠᠭᠤᠯᠭ᠎ᠠ ᠪᠠ ᠲᠥᠯᠦᠪᠵᠢᠭᠦᠯᠭᠡ ᠶᠢ ᠬᠡᠷᠡᠭᠵᠢᠭᠦᠯᠬᠦ ᠶᠠᠪᠤᠴᠠ ᠳᠠᠬᠢ ᠲᠤᠷᠰᠢᠯᠭ᠎ᠠ ᠪᠠ ᠦᠷ᠎ᠡ ᠪᠦᠲᠦᠮᠵᠢ ᠶᠢ ᠤᠬᠠᠭᠤᠯᠵᠤ᠂ ᠡᠮᠡᠭᠲᠡᠶᠢᠴᠦᠳ ᠤᠨ ᠬᠥᠭᠵᠢᠯᠲᠡ ᠳᠤ ᠠᠰᠢᠭᠲᠠᠢ ᠨᠡᠶᠢᠭᠡᠮ ᠤᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠨ᠎ᠠ᠃ ᠰᠢ ᠶᠢᠨ ᠫᠢᠩ ᠶᠡᠷᠦᠩᠬᠡᠢ ᠱᠦᠵᠢ ᠶᠢᠨ ᠡᠮᠡᠭᠲᠡᠶᠢᠴᠦᠳ ᠪᠠ ᠡᠮᠡᠭᠲᠡᠶᠢᠴᠦᠳ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠲᠤᠬᠠᠢ ᠤᠯᠤᠰ ᠤᠨ ᠦᠨᠳᠦᠰᠦᠨ ᠪᠣᠳᠣᠯᠭ᠎ᠠ ᠶᠢᠨ ᠬᠤᠯᠪᠣᠭᠳᠠᠯ ᠪᠦᠬᠦᠢ ᠠᠭᠤᠯᠭ᠎ᠠ ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠡᠯ᠎ᠡ ᠱᠠᠲᠤᠨ ᠤ ᠺᠠᠳ᠋ᠷᠴᠤᠳ ᠤᠨ ᠰᠤᠷᠤᠯᠴᠠᠬᠤ ᠠᠭᠤᠯᠭ᠎ᠠ ᠳᠤ ᠣᠷᠣᠭᠤᠯᠵᠤ᠂ ᠲᠥᠯᠦᠪᠵᠢᠭᠦᠯᠭᠡ ᠶᠢ ᠬᠡᠷᠡᠭᠵᠢᠭᠦᠯᠬᠦ ᠳᠤ ᠬᠡᠷᠡᠭᠰᠡᠬᠦ ᠮᠡᠳᠡᠯᠭᠡ ᠶᠢ ᠪᠤᠯᠪᠠᠰᠤᠷᠠᠯ ᠤᠨ ᠲᠥᠯᠥᠪᠯᠡᠭᠡ ᠳᠤ ᠣᠷᠣᠭᠤᠯᠤᠨ᠂ ᠣᠯᠠᠨ ᠲᠠᠰ ᠳᠠᠪᠬᠤᠷᠭ᠎ᠠ᠂ ᠣᠯᠠᠨ ᠬᠡᠯᠪᠡᠷᠢ ᠶᠢᠨ ᠪᠤᠯᠪᠠᠰᠤᠷᠠᠯ ᠢ ᠡᠷᠭᠢᠯᠡᠵᠦ᠂ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠪᠠᠶᠢᠭᠤᠯᠤᠮᠵᠢ ᠪᠠ ᠠᠵᠢᠯᠲᠠᠨ ᠤ ᠲᠥᠯᠦᠪᠵᠢᠭᠦᠯᠭᠡ ᠶᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠤᠬᠠᠮᠰᠠᠷ ᠪᠠ ᠴᠢᠳᠠᠪᠤᠷᠢ ᠶᠢ ᠨᠡᠮᠡᠭᠳᠡᠭᠦᠯᠦᠨ᠎ᠡ᠃      ︵ᠠᠷᠪᠠᠨ ᠨᠢᠭᠡ︶ ᠲᠥᠯᠦᠪᠵᠢᠭᠦᠯᠭᠡ ᠶᠢ ᠬᠡᠷᠡᠭᠵᠢᠭᠦᠯᠬᠦ ᠪᠦᠲᠦᠮᠵᠢᠲᠡᠶ ᠠᠷᠭ᠎ᠠ ᠬᠢᠳᠡᠯ ᠢ ᠪᠠᠷᠢᠮᠲᠠᠯᠠᠬᠤ ᠪᠠ ᠰᠢᠨ᠎ᠡ ᠶᠢ ᠡᠭᠦᠳᠦᠨ᠎ᠡ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠬᠠᠷᠢᠯᠴᠠᠨ ᠨᠢᠭᠡᠳᠬᠡᠬᠦ ᠶᠢ ᠪᠠᠷᠢᠮᠲᠠᠯᠠᠵᠤ᠂ ᠡᠮᠡᠭᠲᠡᠶᠢᠴᠦᠳ ᠤᠨ ᠬᠥᠭᠵᠢᠯᠲᠡ ᠶᠢ ᠠᠬᠢᠭᠤᠯᠬᠤ ᠬᠠᠤᠯᠢ ᠲᠣᠭᠲᠠᠭᠠᠯ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠪᠠᠶᠢᠭᠤᠯᠵᠤ᠂ ᠡᠮᠡᠭᠲᠡᠶᠢᠴᠦᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠡᠮᠡᠭᠲᠡᠶᠢᠴᠦᠳ ᠤᠨ ᠬᠥᠭᠵᠢᠯᠲᠡ ᠶᠢ ᠠᠬᠢᠭᠤᠯᠬᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠦᠢᠯᠡᠰ ᠢ ᠬᠡᠷᠡᠭᠵᠢᠭᠦᠯᠦᠨ᠎ᠡ᠃ ᠲᠥᠷᠥᠯ ᠬᠤᠪᠢᠶᠠᠨ ᠵᠢᠯᠤᠭᠤᠳᠬᠤ᠂ ᠤᠷᠢᠳᠠᠪᠠᠷ ᠵᠢᠱᠢᠶ᠎ᠡ ᠦᠵᠡᠭᠦᠯᠬᠦ ᠪᠠᠷ ᠳᠠᠮᠵᠢᠭᠤᠯᠤᠨ᠂ ᠰᠠᠶᠢᠨ ᠠᠷᠭ᠎ᠠ ᠪᠠ ᠰᠠᠶᠢᠨ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠦᠨ᠎ᠡ᠃ ᠨᠡᠶᠢᠭᠡᠮ ᠤᠨ ᠡᠯ᠎ᠡ ᠡᠲᠡᠭᠡᠳ ᠤᠨ ᠬᠢᠨ ᠤ ᠲᠥᠯᠦᠪᠵᠢᠭᠦᠯᠭᠡ ᠶᠢᠨ ᠬᠡᠷᠡᠭᠵᠢᠭᠦᠯᠦᠯᠲᠡ ᠳᠤ ᠥᠷᠭᠡᠨ ᠢᠶᠠᠷ ᠣᠷᠤᠯᠴᠠᠬᠤ ᠶᠢ ᠵᠣᠷᠢᠭᠵᠢᠭᠤᠯᠵᠤ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠢᠭᠦᠯᠡᠰᠦᠩᠭᠦᠢ ᠶᠢᠨ ᠪᠠᠶᠢᠭᠤᠯᠤᠮᠵᠢ ᠪᠠ ᠨᠡᠶᠢᠲᠡ ᠶᠢᠨ ᠠᠰᠠᠷᠠᠮᠵᠢ ᠶᠢᠨ ᠬᠥᠮᠥᠰ ᠤᠨ ᠡᠮᠡᠭᠲᠡᠶᠢᠴᠦᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ᠂ ᠡᠮᠡᠭᠲᠡᠶᠢᠴᠦᠳ ᠤᠨ ᠬᠥᠭᠵᠢᠯᠲᠡ ᠶᠢ ᠠᠬᠢᠭᠤᠯᠬᠤ ᠠᠵᠢᠯ ᠳᠤ ᠤᠷᠤᠯᠴᠠᠬᠤ ᠶᠢ ᠵᠤᠷᠢᠭᠵᠢᠭᠤᠯᠤᠨ᠎ᠠ᠃ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠡᠶᠢᠭᠡᠮ ᠤᠨ ᠬᠦᠴᠦᠨ ᠤ ᠲᠥᠯᠦᠪᠵᠢᠭᠦᠯᠭᠡ ᠶᠢᠨ ᠬᠡᠷᠡᠭᠵᠢᠭᠦᠯᠦᠯᠲᠡ ᠶᠢ ᠲᠦᠯᠬᠢᠨ ᠠᠬᠢᠭᠤᠯᠬᠤ ᠦᠢᠯᠡᠳᠦᠯ ᠢ ᠪᠠᠳᠠᠷᠠᠭᠤᠯᠤᠨ᠎ᠠ᠃      ᠲᠠᠪᠤᠳᠤᠭᠠᠷ ᠪᠦᠯᠦᠭ       ᠬᠢᠨᠠᠨ ᠬᠡᠮᠵᠢᠵᠦ ᠦᠨᠡᠯᠡᠨ ᠵᠢᠱᠢᠬᠦ      ︵ᠨᠢᠭᠡ︶ ᠬᠢᠨᠠᠨ ᠬᠡᠮᠵᠢᠵᠦ ᠦᠨᠡᠯᠡᠨ ᠵᠢᠱᠢᠬᠦ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠲᠥᠯᠦᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠳᠤ ᠣᠨ ᠤ ᠬᠢᠨᠠᠨ ᠬᠡᠮᠵᠢᠯᠲᠡ᠂ ᠳᠤᠮᠳᠠ ᠬᠤᠭᠤᠴᠠᠭᠠᠨ ᠤ ᠦᠨᠡᠯᠡᠨ ᠵᠢᠱᠢᠯᠲᠡ᠂ ᠡᠴᠦᠰ ᠤᠨ ᠬᠤᠭᠤᠴᠠᠭᠠᠨ ᠤ ᠦᠨᠡᠯᠡᠨ ᠵᠢᠱᠢᠯᠲᠡ ᠬᠢᠨ᠎ᠡ᠃ ᠲᠤᠭᠤᠷᠢᠭ ᠤᠨ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠲᠦᠷᠦᠭᠦᠯᠡᠨ ᠣᠨ ᠤ ᠬᠢᠨᠠᠨ ᠬᠡᠮᠵᠢᠯᠲᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠤᠭᠤᠷᠢᠭ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠪᠦᠷᠢᠯᠳᠦᠭᠦᠨ ᠨᠢᠭᠡᠴᠡ᠂ ᠬᠠᠮᠢᠶ᠎ᠠ ᠪᠦᠬᠦᠢ ᠰᠠᠯᠠᠭ᠎ᠠ ᠮᠥᠴᠢᠷ᠂ ᠬᠠᠮᠢᠶ᠎ᠠ ᠪᠦᠬᠦᠢ ᠪᠠᠶᠢᠭᠤᠯᠤᠮᠵᠢ ᠎ ᠠᠴᠠ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠲᠤ ᠣᠨ ᠤ ᠬᠢᠨᠠᠨ ᠬᠡᠮᠵᠢᠯᠲᠡ ᠶᠢᠨ ᠲᠤᠭ᠎ᠠ ᠪᠠᠷᠢᠮᠲᠠ ᠶᠢ ᠮᠡᠳᠡᠭᠦᠯᠦᠨ ᠬᠦᠷᠭᠡᠵᠦ᠂ ᠡᠮᠡᠭᠲᠡᠶᠢᠴᠦᠳ ᠤᠨ ᠬᠥᠭᠵᠢᠯᠲᠡ ᠶᠢᠨ ᠪᠠᠶᠢᠳᠠᠯ ᠢ ᠲᠤᠰᠬᠠᠭᠰᠠᠨ ᠬᠠᠮᠢᠶ᠎ᠠ ᠪᠦᠬᠦᠢ ᠲᠤᠭ᠎ᠠ ᠪᠠᠷᠢᠮᠲᠠ ᠪᠠ ᠮᠡᠳᠡᠭᠡ ᠵᠠᠩᠭᠢ ᠶᠢ ᠴᠠᠭ ᠲᠤᠬᠠᠢ ᠳᠤᠨᠢ ᠴᠤᠭᠯᠠᠭᠤᠯᠤᠨ ᠵᠠᠳᠠᠯᠤᠨ᠎ᠠ᠃ ᠲᠣᠭᠤᠷᠢᠭ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠠᠴᠠ ᠳᠤᠮᠳᠠ ᠬᠤᠭᠤᠴᠠᠭ᠎ᠠ᠂ ᠡᠴᠦᠰ ᠤᠨ ᠬᠤᠭᠤᠴᠠᠭᠠᠨ ᠤ ᠦᠨᠡᠯᠡᠨ ᠵᠢᠱᠢᠯᠲᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠣᠭᠤᠷᠢᠭ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠪᠦᠷᠢᠯᠳᠦᠭᠦᠨ ᠨᠢᠭᠡᠴᠡ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠠᠮᠢᠶ᠎ᠠ ᠪᠦᠬᠦᠢ ᠪᠠᠶᠢᠭᠤᠯᠤᠮᠵᠢ ᠠᠴᠠ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠳᠤ ᠳᠤᠮᠳᠠ ᠬᠤᠭᠤᠴᠠᠭ᠎ᠠ᠂ ᠡᠴᠦᠰ ᠤᠨ ᠬᠤᠭᠤᠴᠠᠭᠠᠨ ᠤ ᠦᠨᠡᠯᠡᠨ ᠵᠢᠱᠢᠯᠲᠡ ᠶᠢᠨ ᠮᠡᠳᠡᠭᠦᠯᠦᠯᠲᠡ ᠶᠢ ᠲᠤᠰᠢᠶᠠᠨ᠎ᠠ᠃ ᠦᠨᠡᠯᠡᠨ ᠵᠢᠱᠢᠬᠦ ᠪᠠᠷ ᠳᠠᠮᠵᠢᠭᠤᠯᠤᠨ᠂ ᠲᠥᠯᠦᠪᠵᠢᠭᠦᠯᠭᠡ ᠶᠢ ᠬᠡᠷᠡᠭᠵᠢᠭᠦᠯᠦᠭᠰᠡᠨ ᠠᠬᠢᠴᠠ ᠪᠠ ᠡᠮᠡᠭᠲᠡᠶᠢᠴᠦᠳ ᠤᠨ ᠬᠥᠭᠵᠢᠯᠲᠡ ᠶᠢᠨ ᠪᠠᠶᠢᠳᠠᠯ ᠢ ᠣᠶᠢᠯᠠᠭᠠᠨ ᠡᠵᠡᠮᠰᠢᠵᠦ᠂ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠢ ᠰᠢᠰᠲ᠋ᠧᠮ ᠲᠠᠢ ᠵᠠᠳᠠᠯᠤᠨ ᠦᠨᠡᠯᠡᠵᠦ᠂ ᠲᠥᠯᠦᠪᠵᠢᠭᠦᠯᠭᠡ ᠶᠢᠨ ᠠᠷᠭ᠎ᠠ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠦᠨᠡᠯᠡᠨ ᠮᠠᠭᠠᠳᠯᠠᠵᠤ᠂ ᠲᠤᠷᠰᠢᠯᠭ᠎ᠠ ᠠᠷᠭ᠎ᠠ ᠬᠢᠳᠡᠯ ᠢ ᠳ᠋ᠦᠩᠨᠡᠨ᠂ ᠲᠣᠪᠣᠶᠢᠮ᠎ᠠ ᠠᠰᠠᠭᠤᠳᠠᠯ ᠢ ᠡᠷᠢᠨ ᠭᠠᠷᠭᠠᠵᠤ᠂ ᠬᠥᠭᠵᠢᠯᠲᠡ ᠶᠢᠨ ᠬᠠᠨᠳᠤᠰᠢ ᠶᠢ ᠲᠥᠰᠥᠭᠡᠯᠡᠵᠦ᠂ ᠠᠷᠭᠠᠴᠠᠬᠤ ᠪᠣᠳᠣᠯᠭ᠎ᠠ ᠪᠠ ᠰᠠᠨᠠᠭᠤᠯᠭ᠎ᠠ ᠳᠤᠷᠠᠳᠤᠨ᠎ᠠ᠃ ᠬᠢᠨᠠᠨ ᠬᠡᠮᠵᠢᠵᠦ ᠦᠨᠡᠯᠡᠨ ᠵᠢᠱᠢᠬᠦ ᠠᠵᠢᠯ ᠳᠤ ᠬᠡᠷᠡᠭᠰᠡᠬᠦ ᠵᠠᠷᠤᠳᠠᠯ ᠢ ᠡᠳ᠋ ᠤᠨ ᠵᠠᠰᠠᠭ ᠤᠨ ᠲᠥᠰᠥᠪ ᠲᠤ ᠣᠷᠣᠭᠤᠯᠤᠨ᠎ᠠ᠃      ︵ᠬᠤᠶᠠᠷ︶ ᠬᠢᠨᠠᠨ ᠬᠡᠮᠵᠢᠵᠦ ᠦᠨᠡᠯᠡᠨ ᠵᠢᠱᠢᠬᠦ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃ ᠲᠣᠭᠤᠷᠢᠭ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠨᠢ ᠬᠢᠨᠠᠨ ᠬᠡᠮᠵᠢᠵᠦ ᠦᠨᠡᠯᠡᠨ ᠵᠢᠱᠢᠬᠦ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢᠶᠠᠷ ᠪᠦᠷᠢᠯᠳᠦᠵᠦ᠂ ᠬᠢᠨᠠᠨ ᠬᠡᠮᠵᠢᠵᠦ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠤᠳᠤᠷᠢᠳᠬᠤ᠂ ᠬᠢᠨᠠᠨ ᠬᠡᠮᠵᠢᠵᠦ ᠦᠨᠡᠯᠡᠨ ᠵᠢᠱᠢᠬᠦ ᠲᠥᠰᠥᠯ ᠢ ᠬᠢᠨᠠᠨ ᠵᠥᠪᠰᠢᠶᠡᠷᠡᠬᠦ᠂ ᠬᠢᠨᠠᠨ ᠬᠡᠮᠵᠢᠵᠦ ᠦᠨᠡᠯᠡᠨ ᠵᠢᠱᠢᠭᠰᠡᠨ ᠮᠡᠳᠡᠭᠦᠯᠦᠯᠲᠡ ᠶᠢ ᠬᠢᠨᠠᠨ ᠬᠠᠷᠭᠤᠭᠤᠯᠬᠤ ᠵᠡᠷᠭᠡ ᠶᠢ ᠬᠠᠷᠢᠭᠤᠴᠠᠨ᠎ᠠ᠃ ᠤᠳᠤᠷᠢᠳᠬᠤ ᠳᠤᠭᠤᠶᠢᠯᠠᠩ ᠤᠨ ᠳᠣᠣᠷ᠎ᠠ ᠬᠢᠨᠠᠨ ᠬᠡᠮᠵᠢᠬᠦ ᠳᠤᠭᠤᠶᠢᠯᠠᠩ ᠪᠠ ᠦᠨᠡᠯᠡᠨ ᠵᠢᠱᠢᠬᠦ ᠳᠤᠭᠤᠶᠢᠯᠠᠩ ᠭᠠᠷᠭᠠᠨ᠎ᠠ᠃      ᠬᠢᠨᠠᠨ ᠬᠡᠮᠵᠢᠬᠦ ᠳᠤᠭᠤᠶᠢᠯᠠᠩ ᠨᠢ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠢᠶᠠᠷ ᠲᠦᠷᠦᠭᠦᠯᠡᠭᠦᠯᠦᠨ᠂ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠬᠥᠮᠥᠨ ᠰᠣᠩᠭᠤᠨ ᠲᠣᠮᠢᠯᠠᠵᠤ ᠣᠷᠣᠯᠴᠠᠭᠤᠯᠤᠨ᠂ ᠬᠢᠨᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠬᠤ᠂ ᠵᠢᠯᠤᠭᠤᠳᠬᠤ ᠪᠠ ᠪᠣᠯᠪᠠᠰᠤᠷᠠᠭᠤᠯᠬᠤ ᠶᠢ ᠬᠠᠷᠢᠭᠤᠴᠠᠵᠤ᠂ ᠬᠢᠨᠠᠨ ᠬᠡᠮᠵᠢᠬᠦ ᠲᠥᠰᠥᠯ᠂ ᠬᠢᠨᠠᠨ ᠬᠡᠮᠵᠢᠬᠦ ᠭᠦᠢᠴᠡᠳᠬᠡᠯ ᠲᠤᠭ᠎ᠠ ᠶᠢᠨ ᠰᠢᠰᠲ᠋ᠧᠮᠵᠢ ᠶᠢ ᠲᠣᠭᠲᠠᠭᠠᠵᠤ᠂ ᠲᠤᠭ᠎ᠠ ᠪᠠᠷᠢᠮᠲᠠ ᠪᠠ ᠮᠡᠳᠡᠭᠡ ᠵᠠᠩᠭᠢ ᠶᠢ ᠴᠤᠭᠯᠠᠭᠤᠯᠤᠨ ᠵᠠᠳᠠᠯᠵᠤ᠂ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠳᠤ ᠣᠨ᠂ ᠳᠤᠮᠳᠠ ᠬᠤᠭᠤᠴᠠᠭ᠎ᠠ ᠪᠠ ᠡᠴᠦᠰ ᠤᠨ ᠬᠤᠭᠤᠴᠠᠭᠠᠨ ᠤ ᠬᠢᠨᠠᠨ ᠬᠡᠮᠵᠢᠭᠰᠡᠨ ᠮᠡᠳᠡᠭᠦᠯᠦᠯᠲᠡ ᠪᠠᠨ ᠲᠤᠰᠢᠶᠠᠵᠤ᠂ ᠣᠨ ᠤ ᠡᠮᠡᠭᠲᠡᠶᠢᠴᠦᠳ ᠤᠨ ᠲᠤᠭ᠎ᠠ ᠪᠦᠷᠢᠳᠬᠡᠯ ᠤᠨ ᠮᠠᠲ᠋ᠧᠷᠢᠶᠠᠯ ᠵᠡᠷᠭᠡ ᠶᠢ ᠨᠠᠶᠢᠷᠠᠭᠤᠯᠤᠨ ᠬᠡᠪᠯᠡᠭᠦᠯᠦᠨ᠎ᠡ᠃ ᠬᠢᠨᠠᠨ ᠬᠡᠮᠵᠢᠬᠦ ᠳᠤᠭᠤᠶᠢᠯᠠᠩ ᠤᠨ ᠪᠦᠷᠢᠯᠳᠦᠭᠦᠨ ᠨᠢ ᠲᠣᠰ ᠰᠠᠯᠠᠭ᠎ᠠ ᠮᠥᠴᠢᠷ ᠤᠨ ᠢᠶᠠᠨ ᠲᠥᠯᠦᠪᠵᠢᠭᠦᠯᠭᠡ ᠶᠢ ᠬᠡᠷᠡᠭᠵᠢᠭᠦᠯᠵᠦ ᠪᠠᠶᠢᠭ᠎ᠠ ᠬᠢᠨᠠᠨ ᠬᠡᠮᠵᠢᠬᠦ᠂ ᠵᠠᠳᠠᠯᠬᠤ᠂ ᠲᠤᠭ᠎ᠠ ᠪᠠᠷᠢᠮᠲᠠ ᠶᠢ ᠳᠡᠭᠡᠭᠰᠢ ᠮᠡᠳᠡᠭᠦᠯᠬᠦ᠂ ᠬᠦᠢᠰᠦ ᠶᠢᠨ ᠢᠯᠭᠠᠯ ᠪᠠ ᠨᠠᠰᠤ ᠵᠢᠯ ᠤᠨ ᠭᠦᠢᠴᠡᠳᠬᠡᠯ ᠲᠤᠭ᠎ᠠ ᠶᠢ ᠲᠡᠭᠦᠯᠳᠡᠷᠵᠢᠭᠦᠯᠬᠦ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠬᠠᠷᠢᠭᠤᠴᠠᠨ᠎ᠠ᠃      ᠦᠨᠡᠯᠡᠨ ᠵᠢᠱᠢᠬᠦ ᠳᠤᠭᠤᠶᠢᠯᠠᠩ ᠨᠢ ᠲᠣᠭᠤᠷᠢᠭ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠠᠯᠪᠠᠨ ᠭᠡᠷ ᠢᠶᠠᠷ ᠲᠦᠷᠦᠭᠦᠯᠡᠭᠦᠯᠦᠨ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠶᠢ ᠬᠠᠷᠢᠭᠤᠴᠠᠬᠤ ᠬᠥᠮᠥᠰ ᠢᠶᠠᠷ ᠪᠦᠷᠢᠯᠳᠦᠵᠦ᠂ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠬᠤ᠂ ᠵᠢᠯᠤᠭᠤᠳᠬᠤ ᠪᠠ ᠪᠤᠯᠪᠠᠰᠤᠷᠠᠬᠤ ᠶᠢ ᠬᠠᠷᠢᠭᠤᠴᠠᠨ᠂ ᠦᠨᠡᠯᠡᠨ ᠵᠢᠱᠢᠬᠦ ᠲᠥᠰᠥᠯ ᠲᠣᠭᠲᠠᠭᠠᠵᠤ᠂ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠳᠤ ᠳᠤᠮᠳᠠ ᠬᠤᠭᠤᠴᠠᠭᠠᠨ ᠤ ᠪᠠ ᠡᠴᠦᠰ ᠤᠨ ᠬᠤᠭᠤᠴᠠᠭᠠᠨ ᠤ ᠦᠨᠡᠯᠡᠨ ᠵᠢᠱᠢᠭᠰᠡᠨ ᠮᠡᠳᠡᠭᠦᠯᠦᠯᠲᠡ ᠶᠢ ᠲᠤᠰᠢᠶᠠᠬᠤ ᠬᠡᠷᠡᠭᠲᠡᠢ᠃ ᠦᠨᠡᠯᠡᠨ ᠵᠢᠱᠢᠬᠦ ᠳᠤᠭᠤᠶᠢᠯᠠᠩ ᠤᠨ ᠪᠦᠷᠢᠯᠳᠦᠭᠦᠨ ᠨᠢ ᠲᠣᠰ ᠰᠠᠯᠠᠭ᠎ᠠ ᠮᠥᠴᠢᠷ ᠤᠨ ᠢᠶᠠᠨ ᠲᠥᠯᠥᠪᠵᠢᠭᠦᠯᠦᠨ ᠬᠡᠷᠡᠭᠵᠢᠭᠦᠯᠬᠦ ᠥᠪᠡᠷ ᠢ ᠪᠠᠨ ᠦᠨᠡᠯᠡᠨ ᠵᠢᠱᠢᠬᠦ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠵᠣᠬᠢᠶᠠᠨ ᠪᠠᠶᠢᠭᠤᠯᠤᠭᠰᠠᠨ ᠦᠨᠡᠯᠡᠨ ᠵᠢᠱᠢᠬᠦ ᠠᠵᠢᠯ ᠳᠤ ᠣᠷᠤᠯᠴᠠᠬᠤ ᠶᠢ ᠬᠠᠷᠢᠭᠤᠴᠠᠨ᠎ᠠ᠃ ᠦᠨᠡᠯᠡᠨ ᠵᠢᠱᠢᠬᠦ ᠳᠤᠭᠤᠶᠢᠯᠠᠩ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠠᠵᠢᠯ ᠲᠠᠢ ᠪᠠᠨ ᠤᠶᠠᠯᠳᠤᠭᠤᠯᠤᠨ᠂ ᠡᠮᠡᠭᠲᠡᠶᠢᠴᠦᠳ ᠤᠨ ᠬᠠᠮᠠᠭᠠᠯᠠᠯᠲᠠ ᠬᠢᠭᠡᠳ ᠬᠥᠭᠵᠢᠯᠲᠡ ᠶᠢᠨ ᠳᠤᠮᠳᠠᠬᠢ ᠲᠣᠪᠣᠶᠢᠮ᠎ᠠ ᠠᠰᠠᠭᠤᠳᠠᠯ ᠳᠤ ᠲᠤᠰᠬᠠᠢ ᠵᠦᠢᠯ ᠤᠨ ᠪᠠᠶᠢᠴᠠᠭᠠᠯᠲᠠ᠂ ᠦᠨᠡᠯᠡᠨ ᠵᠢᠱᠢᠯᠲᠡ ᠥᠷᠨᠢᠭᠦᠯᠬᠦ ᠶᠢ ᠳᠡᠮᠵᠢᠵᠦ᠂ ᠦᠷ᠎ᠡ ᠳ᠋ᠦᠩ ᠢ ᠲᠥᠯᠦᠪᠵᠢᠭᠦᠯᠭᠡ ᠶᠢᠨ ᠳᠤᠮᠳᠠ ᠬᠤᠭᠤᠴᠠᠭᠠᠨ ᠤ ᠪᠠ ᠡᠴᠦᠰ ᠤᠨ ᠬᠤᠭᠤᠴᠠᠭᠠᠨ ᠤ ᠦᠨᠡᠯᠡᠨ ᠵᠢᠱᠢᠯᠲᠡ ᠳᠤ ᠯᠠᠪᠯᠠᠯᠲᠠ ᠪᠣᠯᠭᠠᠵᠤ ᠪᠣᠯᠣᠨ᠎ᠠ᠃      ︵ᠭᠤᠷᠪᠠ︶ ᠬᠦᠢᠰᠦ ᠶᠢᠨ ᠢᠯᠭᠠᠯ ᠢᠶᠠᠷ ᠪᠦᠷᠢᠳᠬᠡᠨ ᠬᠢᠨᠠᠨ ᠬᠡᠮᠵᠢᠬᠦ ᠶᠢ ᠴᠢᠩᠭᠠᠳᠬᠠᠨ᠎ᠠ᠃ ᠬᠦᠢᠰᠦ ᠶᠢᠨ ᠢᠯᠭᠠᠯ ᠢ ᠪᠦᠷᠢᠳᠬᠡᠨ ᠬᠢᠨᠠᠨ ᠬᠡᠮᠵᠢᠬᠦ ᠭᠦᠢᠴᠡᠳᠬᠡᠯ ᠲᠤᠭ᠎ᠠ ᠶᠢᠨ ᠰᠢᠰᠲ᠋ᠧᠮᠵᠢ ᠶᠢ ᠵᠢᠷᠤᠮᠵᠢᠭᠤᠯᠤᠨ ᠲᠡᠭᠦᠯᠳᠡᠷᠵᠢᠭᠦᠯᠵᠦ᠂ ᠬᠡᠷᠡᠭᠴᠡᠭᠡ ᠪᠠᠨ ᠦᠨᠳᠦᠰᠦᠯᠡᠨ ᠡᠮᠡᠭᠲᠡᠶᠢᠴᠦᠳ ᠤᠨ ᠬᠥᠭᠵᠢᠯᠲᠡ ᠶᠢᠨ ᠲᠤᠭ᠎ᠠ ᠪᠦᠷᠢᠳᠬᠡᠯ ᠤᠨ ᠭᠦᠢᠴᠡᠳᠬᠡᠯ ᠲᠤᠭ᠎ᠠ ᠶᠢ ᠲᠣᠬᠢᠷᠠᠭᠤᠯᠤᠨ ᠥᠷᠭᠡᠳᠬᠡᠵᠦ᠂ ᠴᠢᠩᠱᠠᠨ ᠲᠣᠭᠤᠷᠢᠭ ᠪᠠ ᠰᠠᠯᠠᠭ᠎ᠠ ᠮᠥᠴᠢᠷ ᠤᠨ ᠡᠩ ᠤᠨ ᠲᠤᠭ᠎ᠠ ᠪᠦᠷᠢᠳᠬᠡᠯ ᠵᠢᠴᠢ ᠪᠦᠷᠢᠳᠬᠡᠨ ᠪᠠᠶᠢᠴᠠᠭᠠᠬᠤ ᠳᠦᠷᠢᠮ ᠳᠤ ᠣᠷᠣᠭᠤᠯᠬᠤ ᠶᠢ ᠠᠬᠢᠭᠤᠯᠤᠨ᠎ᠠ᠃ ᠰᠠᠯᠠᠭ᠎ᠠ ᠮᠥᠴᠢᠷ ᠤᠨ ᠬᠦᠢᠰᠦ ᠶᠢᠨ ᠢᠯᠭᠠᠯ ᠢ ᠢᠯᠭᠠᠨ ᠪᠦᠷᠢᠳᠬᠡᠬᠦ ᠠᠵᠢᠯ ᠢ ᠴᠢᠩᠭᠠᠳᠬᠠᠨ᠎ᠠ᠃ ᠬᠦᠢᠰᠦ ᠶᠢᠨ ᠢᠯᠭᠠᠯ ᠬᠤᠪᠢᠶᠠᠨ ᠪᠦᠷᠢᠳᠬᠡᠨ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢᠨ ᠵᠠᠳᠠᠯᠤᠯᠲᠠ ᠶᠢ ᠴᠢᠩᠭᠠᠳᠬᠠᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠡᠮᠡᠭᠲᠡᠶᠢᠴᠦᠳ ᠤᠨ ᠬᠥᠭᠵᠢᠯᠲᠡ ᠶᠢᠨ ᠲᠤᠲᠠᠭᠳᠠᠵᠤ ᠪᠠᠶᠢᠭ᠎ᠠ ᠵᠦᠢᠯ ᠤᠨ ᠲᠤᠭ᠎ᠠ ᠪᠠᠷᠢᠮᠲᠠ ᠳᠤ ᠲᠤᠰᠬᠠᠢ ᠵᠦᠢᠯ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠥᠷᠨᠢᠭᠦᠯᠬᠦ ᠶᠢ ᠵᠣᠷᠢᠭᠵᠢᠭᠤᠯᠤᠨ ᠳᠡᠮᠵᠢᠨ᠎ᠡ᠃      ︵ᠳᠥᠷᠪᠡ︶ ᠬᠢᠨᠠᠨ ᠬᠡᠮᠵᠢᠵᠦ ᠦᠨᠡᠯᠡᠨ ᠵᠢᠱᠢᠬᠦ ᠠᠵᠢᠯ ᠤᠨ ᠴᠢᠳᠠᠪᠤᠷᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠢᠨᠠᠨ ᠬᠡᠮᠵᠢᠵᠦ ᠦᠨᠡᠯᠡᠨ ᠵᠢᠱᠢᠬᠦ ᠠᠵᠢᠯ ᠤᠨ ᠪᠤᠯᠪᠠᠰᠤᠷᠠᠯ ᠪᠠ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠴᠤᠭᠯᠠᠭᠤᠯᠬᠤ ᠠᠷᠭ᠎ᠠ ᠵᠠᠮ᠂ ᠮᠡᠳᠡᠭᠦᠯᠦᠨ ᠬᠦᠷᠭᠡᠬᠦ ᠠᠷᠭ᠎ᠠ ᠮᠠᠶ᠋ᠢᠭ ᠢ ᠵᠢᠷᠤᠮᠵᠢᠭᠤᠯᠤᠨ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠢᠨᠲ᠋ᠧᠷ ᠰᠦᠯᠵᠢᠶ᠎ᠡ ᠪᠠ ᠲᠣᠮᠣ ᠳ᠋ᠠᠶᠢᠲ᠋ᠠ ᠵᠡᠷᠭᠡ ᠮᠡᠷᠭᠡᠵᠢᠯ ᠢ ᠬᠡᠷᠡᠭᠯᠡᠨ᠂ ᠬᠦᠢᠰᠦ ᠶᠢᠨ ᠢᠯᠭᠠᠯ ᠤᠨ ᠪᠦᠷᠢᠳᠬᠡᠯ ᠤᠨ ᠮᠡᠳᠡᠭᠡ ᠵᠠᠩᠭᠢ ᠶᠢ ᠪᠠᠶᠠᠯᠢᠭᠵᠢᠭᠤᠯᠤᠨ᠎ᠠ᠃ ᠦᠨᠡᠯᠡᠨ ᠵᠢᠱᠢᠬᠦ ᠲᠥᠰᠥᠯ ᠪᠠ ᠦᠨᠡᠯᠡᠨ ᠵᠢᠱᠢᠬᠦ ᠠᠷᠭ᠎ᠠ ᠶᠢ ᠰᠢᠨᠵᠢᠯᠡᠬᠦ ᠤᠬᠠᠭᠠᠨᠴᠢ ᠪᠠᠷ ᠵᠢᠷᠤᠭᠯᠠᠨ ᠲᠥᠯᠥᠪᠯᠡᠵᠦ᠂ ᠭᠤᠷᠪᠠᠳᠠᠭᠢ ᠡᠲᠡᠭᠡᠳ ᠤᠨ ᠦᠨᠡᠯᠡᠨ ᠵᠢᠱᠢᠬᠦ ᠶᠢ ᠰᠦᠪᠡᠭᠴᠢᠯᠡᠨ᠎ᠡ᠃ ᠬᠢᠨᠠᠨ ᠬᠡᠮᠵᠢᠵᠦ ᠦᠨᠡᠯᠡᠨ ᠵᠢᠱᠢᠬᠦ ᠠᠵᠢᠯ  ᠤᠨ ᠰᠢᠨᠵᠢᠯᠡᠬᠦ ᠤᠬᠠᠭᠠᠨᠴᠢᠯᠠᠬᠤ᠂ ᠪᠠᠷᠢᠮᠵᠢᠶᠠᠵᠢᠭᠤᠯᠬᠤ᠂ ᠲᠤᠰᠬᠠᠶᠢᠵᠢᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃      ︵ᠲᠠᠪᠤ︶ ᠬᠢᠨᠠᠨ ᠬᠡᠮᠵᠢᠵᠦ ᠦᠨᠡᠯᠡᠨ ᠵᠢᠱᠢᠭᠰᠡᠨ ᠦᠷ᠎ᠡ ᠪᠦᠲᠦᠭᠡᠯ ᠢ ᠪᠦᠲᠦᠮᠵᠢᠲᠡᠶ  ᠠᠰᠢᠭᠯᠠᠨ᠎ᠠ᠃ ᠬᠢᠨᠠᠨ ᠬᠡᠮᠵᠢᠵᠦ ᠦᠨᠡᠯᠡᠨ ᠵᠢᠱᠢᠭᠰᠡᠨ ᠦᠷ᠎ᠡ ᠳ᠋ᠦᠩ ᠤᠨ ᠦᠢᠯᠡᠴᠢᠯᠡᠭᠡᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢᠨ ᠦᠢᠯᠡᠳᠦᠯ ᠢ ᠪᠠᠳᠠᠷᠠᠭᠤᠯᠵᠤ᠂ ᠲᠣᠭᠤᠷᠢᠭ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠠᠯᠪᠠᠨ ᠭᠡᠷ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠬᠢᠨᠠᠨ ᠬᠡᠮᠵᠢᠵᠦ ᠦᠨᠡᠯᠡᠨ ᠵᠢᠱᠢᠭᠰᠡᠨ ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠦᠨ ᠬᠦᠷᠭᠡᠵᠦ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠦᠨᠳᠦᠰᠦᠯᠡᠯ ᠬᠠᠩᠭᠠᠨ᠎ᠠ᠃ ᠬᠢᠨᠠᠨ ᠬᠡᠮᠵᠢᠵᠦ ᠦᠨᠡᠯᠡᠨ ᠵᠢᠱᠢᠭᠰᠡᠨ ᠮᠡᠳᠡᠭᠦᠯᠦᠯᠲᠡ ᠶᠢ ᠰᠣᠯᠢᠯᠴᠠᠬᠤ᠂ ᠬᠠᠷᠢᠭᠤ ᠲᠤᠰᠬᠠᠬᠤ ᠪᠠ ᠨᠡᠶᠢᠲᠡᠯᠡᠬᠦ ᠲᠣᠭᠲᠠᠴᠠ ᠶᠢ ᠪᠠᠶᠢᠭᠤᠯᠤᠨ᠎ᠠ᠃ ᠬᠢᠨᠠᠨ ᠬᠡᠮᠵᠢᠵᠦ ᠦᠨᠡᠯᠡᠨ ᠵᠢᠱᠢᠭᠰᠡᠨ ᠦᠷ᠎ᠡ ᠳ᠋ᠦᠩ ᠢ ᠰᠤᠳᠤᠯᠤᠨ ᠮᠠᠭᠠᠳᠯᠠᠬᠤ ᠪᠠ ᠬᠡᠷᠡᠭᠯᠡᠬᠦ ᠶᠢ ᠴᠢᠩᠭᠠᠳᠬᠠᠵᠤ᠂ ᠵᠢᠱᠢᠯᠲᠡ ᠪᠠᠷ ᠪᠠᠷᠢᠮᠵᠢᠶ᠎ᠠ ᠳᠤ ᠬᠦᠷᠦᠭᠦᠯᠬᠦ ᠳᠤ ᠬᠦᠴᠢᠷᠲᠡᠢ᠂ ᠬᠡᠯᠪᠡᠯᠵᠡᠯ ᠢᠶᠠᠷ ᠨᠡᠯᠢᠶᠡᠳ ᠶᠡᠭᠡ ᠪᠠᠶᠢᠭ᠎ᠠ ᠬᠢᠨᠠᠨ ᠬᠡᠮᠵᠢᠬᠦ ᠭᠦᠢᠴᠡᠳᠬᠡᠯ ᠲᠤᠭ᠎ᠠ ᠶᠢ ᠴᠠᠭ ᠲᠤᠬᠠᠢ ᠳᠤᠨᠢ ᠤᠷᠢᠳᠴᠢᠯᠠᠨ ᠰᠡᠷᠡᠮᠵᠢᠯᠡᠭᠦᠯᠵᠦ᠂ ᠦᠨᠡᠯᠡᠨ ᠵᠢᠱᠢᠬᠦ ᠳᠤᠮᠳᠠ ᠢᠯᠡᠷᠡᠭᠦᠯᠦᠭᠰᠡᠨ ᠲᠣᠪᠣᠶᠢᠮ᠎ᠠ ᠠᠰᠠᠭᠤᠳᠠᠯ ᠪᠠ ᠪᠠᠭᠤᠷᠠᠢ ᠭᠤᠭᠴᠤᠭ᠎ᠠ ᠳᠤ ᠴᠠᠭ ᠲᠤᠬᠠᠢ ᠳᠤᠨᠢ ᠠᠷᠭᠠᠴᠠᠬᠤ ᠪᠣᠳᠣᠯᠭ᠎ᠠ ᠶᠢᠨ ᠰᠠᠨᠠᠭᠤᠯᠭ᠎ᠠ ᠳᠤᠷᠠᠳᠴᠤ᠂ ᠰᠠᠶᠢᠨ ᠠᠷᠭ᠎ᠠ ᠰᠠᠶᠢᠨ ᠲᠤᠷᠰᠢᠯᠭ᠎ᠠ ᠶᠢ ᠴᠠᠭ ᠲᠤᠬᠠᠢ ᠳᠤᠨᠢ ᠳ᠋ᠦᠩᠨᠡᠨ ᠳᠡᠯᠭᠡᠷᠡᠭᠦᠯᠦᠨ᠎ᠡ᠃ ᠦᠨᠡᠯᠡᠨ ᠵᠢᠱᠢᠭᠰᠡᠨ ᠦᠷ᠎ᠡ ᠳ᠋ᠦᠩ ᠢᠶᠠᠷ ᠲᠠᠷᠠᠭᠠᠴᠢ ᠶᠢᠨ ᠱᠠᠲᠤᠨ ᠤ ᠲᠥᠯᠦᠪᠵᠢᠭᠦᠯᠭᠡ ᠶᠢ ᠬᠡᠷᠡᠭᠵᠢᠭᠦᠯᠬᠦ ᠠᠵᠢᠯ ᠢ ᠵᠢᠯᠤᠭᠤᠳᠴᠤ᠂ ᠲᠥᠯᠦᠪᠵᠢᠭᠦᠯᠭᠡ ᠶᠢᠨ ᠬᠡᠷᠡᠭᠵᠢᠭᠦᠯᠦᠯᠲᠡ ᠶᠢ ᠪᠠᠶᠢᠩᠭᠤᠵᠢᠭᠤᠯᠤᠨ ᠬᠢᠨᠠᠨ ᠬᠡᠮᠵᠢᠬᠦ᠂ ᠬᠥᠳᠡᠯᠦᠩᠭᠦᠢ ᠪᠠᠷ ᠤᠷᠢᠳᠴᠢᠯᠠᠨ ᠰᠡᠷᠡᠮᠵᠢᠯᠡᠭᠦᠯᠬᠦ᠂ ᠨᠠᠷᠢᠯᠢᠭ ᠤᠨᠤᠪᠴᠢᠲᠠᠢ ᠢᠶᠠᠷ ᠭᠠᠷ ᠲᠦᠷᠦᠭᠦ᠂ ᠴᠢᠨᠠᠷ ᠰᠠᠶᠢᠲᠠᠢ ᠪᠠᠷ ᠠᠬᠢᠭᠤᠯᠬᠤ ᠶᠢ ᠪᠡᠶᠡᠯᠡᠭᠦᠯᠦᠨ᠎ᠡ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号