2023 ᠣᠨ ᠤ ᠪᠦᠬᠦ ᠲᠤᠭᠤᠷᠢᠭ ᠤᠨ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/3/24
      3 ᠰᠠᠷ᠎ᠠ ᠶᠢᠨ 23 ᠤ ᠡᠳᠦᠷ ᠤᠨ ᠦᠳᠡ ᠶᠢᠨ ᠡᠮᠦᠨ᠎ᠡ᠂ ᠴᠢᠩᠱᠠᠨ ᠲᠣᠭᠤᠷᠢᠭ 2023 ᠣᠨ ᠤ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠵᠢᠴᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠪᠠ᠃ ᠬᠤᠷᠠᠯ ᠠᠴᠠ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠡᠭᠡᠷ᠎ᠡ ᠭᠤᠷᠪᠠᠨ ᠱᠠᠲᠤᠨ ᠤ ᠰᠠᠶᠢᠳ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ 2022 ᠣᠨ ᠤ ᠠᠵᠢᠯ ᠢ ᠡᠷᠭᠢᠴᠡᠭᠦᠯᠦᠨ ᠳ᠋ᠦᠩᠨᠡᠵᠦ᠂ 2023 ᠣᠨ ᠤ ᠭᠤᠣᠯᠳᠠᠯᠭ᠎ᠠ ᠲᠠᠢ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠵᠠᠢ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠬᠤᠷᠠᠯ ᠠᠴᠠ ᠳᠡᠭᠡᠷ᠎ᠡ ᠭᠤᠷᠪᠠᠨ ᠱᠠᠲᠤᠨ ᠤ ᠨᠢᠭᠡᠳᠦᠮᠡᠯ ᠹᠷᠣᠨᠲ ᠤᠨ ᠰᠠᠶᠢᠳ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ᠂ ᠲᠤᠭᠤᠷᠢᠭ ᠤᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠲᠤᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠡᠷᠬᠢᠯᠡᠭᠴᠢ ᠪᠦᠬᠦ ᠲᠤᠭᠤᠷᠢᠭ ᠤᠨ 2023 ᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠲᠤᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠪᠦᠬᠦ ᠲᠤᠭᠤᠷᠢᠭ ᠤᠨ ᠨᠢᠭᠡᠳᠦᠮᠡᠯ ᠹᠷᠣᠨᠲ ᠤᠨ ᠮᠡᠳᠡᠭᠡ ᠵᠠᠩᠭᠢ᠂ ᠰᠣᠨᠢᠨ ᠮᠡᠳᠡᠭᠡ ᠤᠬᠠᠭᠤᠯᠭ᠎ᠠ ᠶᠢᠨ ᠠᠵᠢᠯ ᠤᠨ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠮᠦᠩᠬᠡᠵᠢᠯ ᠵᠠᠮ ᠤᠨ ᠵᠡᠭᠡᠯᠢ ᠭᠤᠳᠤᠮᠵᠢ᠂ ᠰᠢᠩ ᠱᠧᠩ ᠪᠠᠯᠭᠠᠰᠤ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠤ᠋ ᠲᠧᠯᠸᠢᠰ ᠤᠨ ᠲᠣᠪᠴᠢᠶ᠎ᠠ᠂ ᠤᠮᠠᠷᠠᠲᠤ ᠶᠢᠨ ᠬᠦᠨᠳᠦ ᠠᠵᠤ ᠦᠢᠯᠡᠳᠪᠦᠷᠢ ᠶᠢᠨ ᠪᠦᠯᠦᠭᠯᠡᠯ ᠵᠡᠷᠭᠡ 4 ᠨᠢᠭᠡᠴᠢ ᠶᠢᠨ ᠬᠢᠨ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠤᠨ ᠲᠤᠷᠰᠢᠯᠭ᠎ᠠ ᠪᠠᠨ ᠰᠣᠯᠢᠯᠴᠠᠬᠤ ᠶᠠᠷᠢᠶ᠎ᠠ ᠲᠠᠯᠪᠢᠵᠠᠢ᠃      ᠬᠤᠷᠠᠯ ᠠᠴᠠ᠂ ᠥᠩᠭᠡᠷᠡᠭᠰᠡᠨ ᠨᠢᠭᠡ ᠵᠢᠯ ᠳᠤ᠂ ᠪᠦᠬᠦ ᠲᠤᠭᠤᠷᠢᠭ ᠤᠨ ᠨᠢᠭᠡᠳᠦᠮᠡᠯ ᠹᠷᠣᠨᠲ ᠤᠨ ᠡᠯ᠎ᠡ ᠬᠦᠷᠢᠶᠡᠨ ᠤ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠪᠠᠷ ᠭᠤᠣᠯ ᠰᠢᠵᠢᠮ ᠪᠣᠯᠭᠠᠵᠤ᠂ ᠲᠥᠪ ᠶᠣᠰᠣ ᠶᠢ ᠰᠠᠬᠢᠵᠤ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠦᠵᠡᠯ ᠰᠠᠨᠠᠭᠠᠨ ᠤ ᠵᠢᠯᠣᠭᠤᠳᠤᠯᠭ᠎ᠠ ᠶᠢ ᠴᠢᠩᠭᠠᠳᠬᠠᠵᠤ᠂ ᠬᠦᠴᠦᠨ ᠢᠶᠠᠨ ᠲᠥᠪᠯᠡᠷᠡᠭᠦᠯᠦᠨ ᠶᠡᠭᠡ ᠲᠠᠯ᠎ᠠ ᠳᠤ ᠦᠢᠯᠡᠴᠢᠯᠡᠵᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠰᠠᠶᠢᠲᠤᠷ ᠠᠳᠬᠤᠵᠤ᠂ ᠨᠢᠭᠡᠳᠦᠮᠡᠯ ᠹᠷᠣᠨᠲ ᠤᠨ ᠴᠢᠳᠠᠪᠤᠷᠢ ᠪᠠᠨ ᠳᠡᠭᠡᠭᠰᠢᠯᠡᠭᠦᠯᠵᠦ᠂ ᠨᠢᠭᠡᠳᠦᠮᠡᠯ ᠹᠷᠣᠨᠲ ᠤᠨ ᠦᠢᠯᠡᠰ ᠲᠤ ᠵᠠᠮ ᠨᠡᠭᠡᠭᠡᠨ ᠤᠷᠤᠭᠰᠢᠯᠠᠬᠤ᠂ ᠪᠦᠯᠬᠦᠮᠳᠡᠯ ᠲᠠᠢ ᠡᠶ᠎ᠡ ᠵᠣᠬᠢᠴᠠᠩᠭᠤᠢ ᠰᠠᠶᠢᠨ ᠰᠠᠶᠢᠬᠠᠨ ᠪᠠᠶᠢᠳᠠᠯ ᠢᠯᠡᠷᠡᠵᠦ᠂ ᠨᠡᠯᠢᠶᠡᠳ ᠰᠠᠶᠢᠨ ᠠᠮᠵᠢᠯᠲᠠ ᠣᠯᠵᠠᠢ ᠭᠡᠵᠦ ᠵᠢᠭᠠᠨ ᠭᠠᠷᠭᠠᠪᠠ᠃      ᠬᠤᠷᠠᠯ ᠠᠴᠠ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠡᠬᠢᠯᠡᠯᠲᠡ ᠶᠢᠨ ᠴᠢᠬᠤᠯᠠ ᠨᠢᠭᠡ ᠵᠢᠯ ᠮᠥᠨ᠂ ᠪᠠᠰᠠ ᠴᠤ ᠨᠢᠭᠡᠳᠦᠮᠡᠯ ᠹᠷᠣᠨᠲ ᠤᠨ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠃ ᠪᠦᠬᠦ ᠲᠤᠭᠤᠷᠢᠭ ᠤᠨ ᠨᠢᠭᠡᠳᠦᠮᠡᠯ ᠹᠷᠣᠨᠲ ᠤᠨ ᠰᠢᠰᠲ᠋ᠧᠮ ᠪᠠ ᠥᠷᠭᠡᠨ ᠤᠯᠠᠨ ᠨᠢᠭᠡᠳᠦᠮᠡᠯ ᠹᠷᠣᠨᠲ ᠤᠨ ᠪᠦᠷᠢᠯᠳᠦᠭᠦᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠤᠷᠤᠯᠴᠠᠯᠭ᠎ᠠ ᠤᠬᠠᠭᠤᠯᠭ᠎ᠠ ᠪᠠᠨ ᠴᠢᠩᠭᠠᠳᠬᠠᠵᠤ᠂ ᠦᠵᠡᠯ ᠰᠠᠨᠠᠭ᠎ᠠ ᠪᠠᠷ ᠬᠥᠲᠥᠯᠥᠨ ᠳᠠᠭᠠᠭᠤᠯᠬᠤ ᠶᠢ ᠴᠢᠬᠤᠯᠠᠴᠢᠯᠠᠵᠤ᠂ ᠠᠭᠤᠰᠤᠯᠴᠠᠭᠤᠯᠤᠨ ᠬᠤᠪᠢᠷᠠᠭᠤᠯᠬᠤ ᠶᠢ ᠰᠠᠶᠢᠲᠤᠷ ᠬᠢᠵᠦ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠲᠣᠭᠲᠠᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠨᠡᠨᠬᠦ  ᠴᠢᠩᠱᠠᠨ ᠤ ᠨᠢᠭᠡᠳᠦᠮᠡᠯ ᠹᠷᠣᠨᠲ ᠲᠤ ᠪᠣᠳᠠᠲᠠᠢ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠬᠥᠭᠵᠢᠯᠲᠡ ᠶᠢᠨ ᠶᠡᠭᠡ ᠲᠠᠯ᠎ᠠ ᠲᠠᠢ ᠨᠢᠭᠲᠠ ᠤᠶᠠᠯᠳᠤᠭᠤᠯᠤᠨ᠂ ᠢᠳᠡᠪᠬᠢᠲᠡᠢ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠦᠨᠳᠦᠰᠦᠲᠡᠨ ᠱᠠᠰᠢᠨ ᠰᠤᠷᠲᠠᠬᠤᠨ ᠤ ᠬᠦᠷᠢᠶᠡᠨ ᠤ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠬᠤ ᠶᠡᠭᠡ ᠲᠠᠯ᠎ᠠ ᠂ ᠤᠯᠠᠨ ᠨᠠᠮ ᠤᠨ ᠬᠠᠮᠲᠤᠷᠠᠨ ᠠᠵᠢᠯᠯᠠᠬᠤ ᠪᠠ ᠤᠯᠤᠰ ᠲᠦᠷᠦ ᠶᠢᠨ ᠵᠥᠪᠯᠡᠯᠭᠡ ᠬᠢᠬᠦ ᠳᠦᠷᠢᠮ ᠢ ᠨᠠᠶᠢᠳᠠᠪᠤᠷᠢᠵᠢᠭᠤᠯᠬᠤ ᠲᠠᠯ᠎ᠠ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠯ᠎ᠠ᠂ ᠨᠠᠮ ᠤᠨ ᠭᠠᠳᠠᠨᠠᠬᠢ ᠰᠡᠬᠡᠭᠡᠲᠡᠨ ᠪᠠ ᠰᠢᠨ᠎ᠡ ᠨᠡᠶᠢᠭᠡᠮ ᠤᠨ ᠳᠠᠪᠬᠤᠷᠭ᠎ᠠ ᠶᠢᠨ ᠬᠥᠮᠥᠰ ᠢ ᠨᠢᠭᠲᠠᠷᠠᠭᠤᠯᠬᠤ ᠨᠢᠭᠡᠳᠦᠮᠡᠯ ᠹᠷᠣᠨᠲ ᠤᠨ ᠬᠠᠮᠲᠤᠷᠠᠯ ᠬᠦᠴᠦᠨ ᠤ ᠲᠠᠯ᠎ᠠ ᠪᠠᠷ ᠪᠦᠬᠦ ᠲᠠᠯ᠎ᠠ ᠪᠠᠷ ᠬᠦᠴᠦᠯᠡᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠡᠯ᠎ᠡ ᠵᠦᠢᠯ ᠤᠨ ᠠᠵᠢᠯ ᠤᠨ ᠭᠦᠢᠴᠡᠳᠬᠡᠯ ᠲᠤᠭ᠎ᠠ ᠪᠠ ᠱᠠᠭᠠᠷᠳᠠᠯᠭ᠎ᠠ ᠶᠢ ᠰᠠᠶᠢᠲᠤᠷ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠤᠢ ᠪᠣᠯᠭᠠᠵᠤ᠂ ᠬᠢᠨᠠᠨ ᠬᠠᠮᠢᠶᠠᠷᠴᠤ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠥᠴᠥᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠠᠵᠢᠯ ᠤᠨ ᠴᠢᠳᠠᠪᠤᠷᠢ ᠶᠢᠨ ᠲᠦᠪᠰᠢᠨ ᠢᠶᠠᠨ ᠦᠷᠭᠦᠯᠵᠢᠯᠡᠨ ᠳᠡᠭᠡᠭᠰᠢᠯᠡᠭᠦᠯᠵᠦ᠂ ᠨᠢᠭᠡᠳᠦᠮᠡᠯ ᠹᠷᠣᠨᠲ ᠤᠨ ᠬᠦᠷᠢᠶᠡᠨ ᠤ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠬᠡᠮ ᠰᠣᠭᠤᠭ ᠢ ᠪᠦᠬᠦ ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠬᠤ ᠬᠡᠷᠡᠭᠲᠡᠢ᠃ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠶᠡᠭᠡ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ ᠦᠷᠭᠦᠯᠵᠢᠯᠡᠨ ᠪᠠᠬᠢᠵᠢᠭᠦᠯᠵᠦ᠂ ᠨᠢᠭᠡᠳᠦᠮᠡᠯ ᠹᠷᠣᠨᠲ ᠤᠨ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠰᠢᠨ᠎ᠡ ᠴᠠᠭ ᠦᠶ᠎ᠡ ᠶᠢᠨ ᠨᠢᠭᠡᠳᠦᠮᠡᠯ ᠹᠷᠣᠨᠲ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠵᠤ᠂ ᠣᠳᠣᠬᠢᠴᠢᠯᠠᠯᠲᠠ ᠶᠢᠨ ︽ᠲᠤᠯᠤᠭᠠᠨ ᠰᠢᠨ᠎ᠡ ᠴᠢᠩᠱᠠᠨ︾ ᠶᠢ ᠲᠦᠷᠭᠡᠨ ᠪᠦᠲᠦᠭᠡᠨ ᠪᠠᠶᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号