ᠴᠢᠩᠱᠠᠨ ᠵᠠᠰᠠᠭ ᠲᠠᠷᠬᠠᠭᠠᠭᠰᠠᠨ〔2023〕 1 ᠳ᠋ᠤᠭᠡᠷ ᠲᠣᠭᠠᠲᠤ | ︽ᠴᠢᠩᠱᠠᠨ ᠲᠣᠭᠤᠷᠢᠭ ᠤᠨ ᠡᠮᠡᠭᠲᠡᠶᠢᠴᠦᠳ ᠤᠨ ᠬᠥᠭᠵᠢᠯᠲᠡ ᠶᠢᠨ ᠲᠥᠯᠦᠪᠵᠢᠭᠦᠯᠭᠡ ︵2021 ︱ | 2030 ᠣᠨ︶︾ ︽ᠴᠢᠩᠱᠠᠨ ᠲᠣᠭᠤᠷᠢᠭ ᠤᠨ ᠬᠡᠦᠬᠡᠳ ᠤᠨ ᠬᠥᠭᠵᠢᠯᠲᠡ ᠶᠢᠨ ᠲᠥᠯᠦᠪᠵᠢᠭᠦᠯᠭᠡ ︵2021 ︱ | 2030 ᠣᠨ︶︾ ᠶᠢ ᠳᠠᠷᠤᠮᠠᠯᠯᠠᠨ ᠲᠠᠷᠬᠠᠭᠠᠬᠤ ᠲᠤᠬᠠᠢ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠤ ᠮᠡᠳᠡᠭᠳᠡᠯ | ᠲᠤᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠨᠢᠭᠡᠴᠢ᠂ ᠡᠯ᠎ᠡ ᠵᠡᠭᠡᠯᠢ ᠪᠠᠯᠭᠠᠰᠤ ᠳᠤ᠄ | ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ 2022 ᠣᠨ ᠤ 20 ᠳ᠋ᠤᠭᠠᠷ ᠤᠳᠠᠭ᠎ᠠ ᠶᠢᠨ | ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ︽ᠴᠢᠩᠱᠠᠨ ᠲᠣᠭᠤᠷᠢᠭ ᠤᠨ | ᠡᠮᠡᠭᠲᠡᠶᠢᠴᠦᠳ ᠤᠨ ᠬᠥᠭᠵᠢᠯᠲᠡ ᠶᠢᠨ ᠲᠥᠯᠦᠪᠵᠢᠭᠦᠯᠭᠡ ︵2021 ︱ 2030 ᠣᠨ︶︾ ︽ᠴᠢᠩᠱᠠᠨ | ᠲᠣᠭᠤᠷᠢᠭ ᠤᠨ ᠬᠡᠦᠬᠡᠳ ᠤᠨ ᠬᠥᠭᠵᠢᠯᠲᠡ ᠶᠢᠨ ᠲᠥᠯᠦᠪᠵᠢᠭᠦᠯᠭᠡ ︵2021 ︱ 2030 ᠣᠨ︶︾ ᠶᠢ ᠲᠠᠨᠠᠷ ᠲᠤ | ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠲᠦᠭᠡᠢ᠃ | | ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ | 2023 ᠣᠨ ᠤ 1 ᠰᠠᠷ᠎ᠠ ᠶᠢᠨ 16 ᠤ ᠡᠳᠦᠷ | | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | | | | ᠴᠢᠩᠱᠠᠨ ᠲᠣᠭᠤᠷᠢᠭ ᠤᠨ ᠡᠮᠡᠭᠲᠡᠶᠢᠴᠦᠳ ᠤᠨ ᠬᠥᠭᠵᠢᠯᠲᠡ ᠶᠢᠨ ᠲᠥᠯᠦᠪᠵᠢᠭᠦᠯᠭᠡ ︵2021 ︱ 2030 | ᠣᠨ︶ | ᠡᠮᠦᠨᠡᠬᠢ ᠦᠭᠡ | ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠶᠢ ᠬᠡᠷᠡᠭᠵᠢᠭᠦᠯᠬᠦ ᠪᠣᠯ ᠤᠯᠤᠰ ᠤᠨ ᠦᠨᠳᠦᠰᠦᠨ ᠪᠣᠳᠣᠯᠭ᠎ᠠ ᠮᠥᠨ᠃ | ᠡᠮᠡᠭᠲᠡᠶᠢᠴᠦᠳ ᠪᠣᠯ ᠬᠥᠮᠥᠨ ᠲᠥᠷᠥᠯᠬᠢᠲᠡᠨ ᠤ ᠪᠣᠯᠪᠠᠰᠤᠨ ᠤ ᠡᠭᠦᠳᠦᠭᠴᠢ᠂ ᠨᠡᠶᠢᠭᠡᠮ ᠤᠨ ᠲᠠᠪᠰᠢᠯᠳᠠ ᠶᠢᠨ | ᠠᠬᠢᠭᠤᠯᠤᠭᠴᠢ ᠮᠥᠨ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ | ᠴᠢᠬᠤᠯᠠ ᠬᠦᠴᠦᠨ ᠮᠥᠨ᠃ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠪᠠ ᠡᠮᠡᠭᠲᠡᠶᠢᠴᠦᠳ ᠤᠨ ᠪᠥᠬᠦ ᠲᠠᠯ᠎ᠠ ᠶᠢᠨ | ᠬᠥᠭᠵᠢᠯᠲᠡ ᠶᠢᠨ ᠬᠡᠮᠵᠢᠶ᠎ᠡ ᠪᠣᠯ ᠨᠡᠶᠢᠭᠡᠮ ᠤᠨ ᠪᠣᠯᠪᠠᠰᠤᠨ ᠤ ᠳᠠᠪᠰᠢᠯᠲᠠ ᠶᠢ ᠰᠢᠯᠭᠠᠬᠤ ᠴᠢᠬᠤᠯᠠ ᠪᠠᠷᠢᠮᠵᠢᠶ᠎ᠠ ᠮᠥᠨ᠂ | ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠬᠢᠷᠢ ᠬᠡᠮᠵᠢᠶ᠎ᠡ ᠶᠢ | ᠬᠡᠮᠵᠢᠬᠦ ᠴᠢᠬᠤᠯᠠ ᠬᠡᠮᠵᠢᠭᠦᠷ ᠮᠥᠨ᠃ | ᠨᠠᠮ ᠪᠠ ᠤᠯᠤᠰ ᠠᠴᠠ ᠡᠮᠡᠭᠲᠡᠶᠢᠴᠦᠳ ᠤᠨ ᠦᠢᠯᠡᠰ ᠪᠠ ᠡᠮᠡᠭᠲᠡᠶᠢᠴᠦᠳ ᠤᠨ ᠬᠥᠭᠵᠢᠯᠲᠡ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠦ ᠪᠤᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ︽ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ | ᠦᠨᠳᠦᠰᠦᠨ ᠪᠣᠳᠣᠯᠭ᠎ᠠ ᠶᠢ ᠪᠠᠷᠢᠮᠲᠠᠯᠠᠵᠤ᠂ ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ | ᠪᠠᠲᠤᠯᠠᠬᠤ︾ ᠶᠢ ᠨᠠᠮ ᠤᠨ ᠵᠠᠰᠠᠭ ᠶᠠᠪᠤᠭᠤᠯᠬᠤ ᠬᠥᠲᠥᠯᠪᠦᠷᠢ ᠳᠤ ᠪᠢᠴᠢᠨ ᠣᠷᠣᠭᠤᠯᠵᠤ᠂ ᠲᠥᠷᠥ ᠶᠢ ᠵᠠᠰᠠᠵᠤ | ᠵᠠᠰᠠᠭ ᠢ ᠡᠷᠬᠢᠯᠡᠬᠦ ᠶᠢᠨ ᠴᠢᠬᠤᠯᠠ ᠠᠭᠤᠯᠭ᠎ᠠ ᠪᠣᠯᠤᠭᠰᠠᠨ ᠤ ᠬᠤᠪᠢ ᠳᠤ᠂ ᠨᠠᠮ ᠤᠨ ᠬᠤᠷᠢᠶ᠎ᠠ ᠤᠳᠤᠷᠢᠳᠬᠤ᠂ | ᠵᠠᠰᠠᠭ ᠤᠨ ᠣᠷᠳᠣᠨ ᠭᠤᠣᠯᠯᠠᠨ ᠬᠠᠷᠢᠭᠤᠴᠠᠬᠤ᠂ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ︵ᠳᠣᠷᠣᠭᠰᠢ | ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠭᠡᠵᠦ ᠲᠣᠪᠴᠢᠯᠠᠨ᠎ᠠ︶ ᠤᠨ ᠵᠣᠬᠢᠴᠠᠭᠤᠯᠬᠤ᠂ ᠰᠠᠯᠠᠭ᠎ᠠ ᠮᠥᠴᠢᠷ | ᠬᠠᠮᠵᠢᠯᠴᠠᠬᠤ᠂ ᠨᠡᠶᠢᠭᠡᠮ ᠨᠡᠶᠢᠲᠡ ᠪᠠᠷ ᠢᠶᠠᠨ ᠣᠷᠤᠯᠴᠠᠬᠤ ᠠᠵᠢᠯ ᠤᠨ ᠲᠣᠭᠲᠠᠴᠠ ᠶᠢ ᠲᠠᠰᠤᠷᠠᠯᠲᠠ ᠦᠭᠡᠢ | ᠲᠡᠭᠦᠯᠳᠡᠷᠵᠢᠭᠦᠯᠵᠦ᠂ ᠬᠠᠤᠯᠢ ᠴᠠᠭᠠᠵᠠ ᠨᠡᠶᠢᠲᠡᠯᠡᠬᠦ᠂ ᠲᠥᠷᠥ ᠶᠢᠨ ᠪᠣᠳᠣᠯᠭ᠎ᠠ ᠲᠣᠭᠲᠠᠭᠠᠬᠤ᠂ ᠲᠥᠯᠦᠪᠵᠢᠭᠦᠯᠭᠡ | ᠨᠠᠶᠢᠷᠠᠭᠤᠯᠤᠨ ᠵᠣᠬᠢᠶᠠᠬᠤ᠂ ᠠᠵᠢᠯ ᠪᠠᠶᠢᠷᠢᠯᠠᠭᠤᠯᠬᠤ ᠳᠠᠭᠠᠨ ᠬᠤᠶᠠᠷ ᠬᠦᠢᠰᠦᠲᠡᠨ ᠤ ᠪᠣᠳᠠᠲᠤ ᠵᠥᠷᠢᠶ᠎ᠡ ᠪᠠ | ᠡᠮᠡᠭᠲᠡᠶᠢᠴᠦᠳ ᠤᠨ ᠤᠨᠴᠠᠭᠠᠢ ᠠᠰᠢᠭ ᠲᠤᠰᠠ ᠶᠢ ᠭᠦᠢᠴᠡᠳ ᠪᠣᠳᠣᠯᠬᠢᠯᠠᠵᠤ᠂ ᠡᠮᠡᠭᠲᠡᠶᠢᠴᠦᠳ ᠤᠨ ︽ᠬᠠᠭᠠᠰ ᠲᠡᠭᠷᠢ︾ | ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠬᠤ ᠶᠢ ᠳᠡᠮᠵᠢᠵᠦ᠂ ᠡᠮᠡᠭᠲᠡᠶᠢᠴᠦᠳ ᠤᠨ ᠪᠥᠬᠦ ᠲᠠᠯ᠎ᠠ ᠶᠢᠨ | ᠬᠥᠭᠵᠢᠯᠲᠡ ᠶᠢ ᠠᠬᠢᠭᠤᠯᠤᠨ᠎ᠠ᠃ | 2013 ᠣᠨ ᠳᠤ᠂ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠭᠰᠡᠨ ︽ᠪᠤᠭᠤᠲᠤ | ᠬᠤᠲᠠ ᠶᠢᠨ ᠡᠮᠡᠭᠲᠡᠶᠢᠴᠦᠳ ᠤᠨ ᠬᠥᠭᠵᠢᠯᠲᠡ ᠶᠢᠨ ᠲᠥᠯᠦᠪᠵᠢᠭᠦᠯᠭᠡ ︵2011 ︱ 2020 ᠣᠨ︶︾ ᠶᠢ | ᠦᠨᠳᠦᠰᠦᠯᠡᠨ᠂ ᠲᠤᠭᠤᠷᠢᠭ ᠤᠨ ᠵᠠᠰᠠᠭ ᠤᠨ ᠣᠷᠳᠣᠨ ᠠᠴᠠ ︽ᠴᠢᠩᠱᠠᠨ ᠲᠣᠭᠤᠷᠢᠭ ᠤᠨ ᠡᠮᠡᠭᠲᠡᠶᠢᠴᠦᠳ ᠤᠨ | ᠬᠥᠭᠵᠢᠯᠲᠡ ᠶᠢᠨ ᠲᠥᠯᠦᠪᠵᠢᠭᠦᠯᠭᠡ ︵2011 ︱ 2020 ᠣᠨ︶︾ ︵ᠳᠣᠷᠣᠭᠰᠢ ︽ᠲᠥᠯᠦᠪᠵᠢᠭᠦᠯᠭᠡ︾ ᠭᠡᠵᠦ | ᠲᠣᠪᠴᠢᠯᠠᠨ᠎ᠠ︶ ᠶᠢ ᠲᠣᠭᠲᠠᠭᠠᠪᠠ᠃ ᠡᠮᠡᠭᠲᠡᠶᠢᠴᠦᠳ ᠬᠢᠭᠡᠳ ᠡᠷᠡᠭᠦᠯ ᠮᠡᠨᠳᠤ᠂ ᠡᠮᠡᠭᠲᠡᠶᠢᠴᠦᠳ ᠬᠢᠭᠡᠳ ᠰᠤᠷᠭᠠᠨ | ᠬᠥᠮᠦᠵᠢᠯ᠂ ᠡᠮᠡᠭᠲᠡᠶᠢᠴᠦᠳ ᠬᠢᠭᠡᠳ ᠠᠵᠤ ᠠᠬᠤᠢ᠂ ᠡᠮᠡᠭᠲᠡᠶᠢᠴᠦᠳ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ | ᠬᠠᠮᠢᠶᠠᠷᠬᠤ ᠳᠤ ᠣᠷᠤᠯᠴᠠᠬᠤ᠂ ᠡᠮᠡᠭᠲᠡᠶᠢᠴᠦᠳ ᠬᠢᠭᠡᠳ ᠨᠡᠶᠢᠭᠡᠮ ᠤᠨ ᠪᠠᠲᠤᠯᠠᠭ᠎ᠠ᠂ ᠡᠮᠡᠭᠲᠡᠶᠢᠴᠦᠳ ᠬᠢᠭᠡᠳ ᠣᠷᠴᠢᠨ | ᠲᠣᠭᠤᠷᠢᠨ᠂ ᠡᠮᠡᠭᠲᠡᠶᠢᠴᠦᠳ ᠬᠢᠭᠡᠳ ᠬᠠᠤᠯᠢ ᠴᠠᠭᠠᠵᠠ ᠵᠡᠷᠭᠡ ᠤᠷᠢᠳᠠᠪᠠᠷ ᠬᠥᠭᠵᠢᠭᠦᠯᠬᠦ ᠲᠤᠯᠤᠭᠠᠨ ᠬᠦᠷᠢᠶᠡᠨ ᠤ | ᠭᠤᠣᠯ ᠬᠠᠷᠠᠯᠲᠠ ᠪᠠ ᠠᠷᠭ᠎ᠠ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠵᠠᠢ᠃ ᠠᠷᠪᠠᠨ ᠵᠢᠯ ᠤᠨ ᠲᠤᠷᠰᠢ᠂ ᠮᠠᠨ ᠤ | ᠲᠤᠭᠤᠷᠢᠭ ᠡᠮᠡᠭᠲᠡᠶᠢᠴᠦᠳ ᠤᠨ ᠬᠥᠭᠵᠢᠯᠲᠡ ᠶᠢᠨ ᠲᠥᠯᠦᠪᠵᠢᠭᠦᠯᠭᠡ ᠶᠢ ᠪᠥᠬᠦ ᠬᠤᠲᠠ ᠶᠢᠨ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠲᠥᠯᠦᠪᠵᠢᠭᠦᠯᠭᠡ ᠳᠤ ᠣᠷᠣᠭᠤᠯᠵᠤ᠂ ᠡᠮᠡᠭᠲᠡᠶᠢᠴᠦᠳ ᠤᠨ ᠠᠵᠢᠯ | ᠦᠢᠯᠡᠰ ᠤᠨ ᠪᠥᠬᠦ ᠲᠠᠯ᠎ᠠ ᠶᠢᠨ ᠬᠥᠭᠵᠢᠯᠲᠡ ᠶᠢ ᠬᠦᠴᠦᠲᠡᠢ ᠲᠦᠯᠬᠢᠨ ᠠᠬᠢᠭᠤᠯᠵᠤ᠂ ᠡᠮᠡᠭᠲᠡᠶᠢᠴᠦᠳ ᠤᠨ ᠣᠷᠣᠰᠢᠨ | ᠲᠣᠭᠲᠠᠨᠢᠬᠤ᠂ ᠬᠠᠮᠠᠭᠠᠯᠠᠬᠤ ᠪᠠ ᠬᠥᠭᠵᠢᠬᠦ ᠨᠥᠬᠦᠴᠡᠯ ᠢ ᠢᠯᠡᠳᠲᠡ ᠰᠠᠶᠢᠵᠢᠷᠠᠭᠤᠯᠤᠨ᠂ ︽ᠲᠥᠯᠦᠪᠵᠢᠭᠦᠯᠭᠡ︾ ᠳᠤ | ᠲᠣᠭᠲᠠᠭᠠᠭᠰᠠᠨ ᠭᠤᠣᠯ ᠬᠠᠷᠠᠯᠲᠠ ᠶᠢ ᠪᠥᠬᠦ ᠲᠠᠯ᠎ᠠ ᠪᠠᠷ ᠪᠡᠶᠡᠯᠡᠭᠦᠯᠵᠦ᠂ ᠡᠮᠡᠭᠲᠡᠶᠢᠴᠦᠳ ᠤᠨ ᠬᠥᠭᠵᠢᠯᠲᠡ ᠪᠠ | ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠶᠢ ᠠᠬᠢᠭᠤᠯᠬᠤ ᠲᠠᠯ᠎ᠠ ᠪᠠᠷ ᠴᠢᠬᠤᠯᠠ ᠶᠡᠭᠡ ᠬᠥᠭᠵᠢᠯᠲᠡ ᠲᠠᠢ ᠪᠣᠯᠪᠠ᠃ | ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠶᠢ ᠭᠦᠨᠵᠡᠭᠡᠢ ᠲᠤᠤᠱᠯᠠᠭᠤᠯᠵᠤ᠂ | ᠡᠮᠡᠭᠲᠡᠶᠢᠴᠦᠳ ᠤᠨ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠬᠡᠷᠡᠭ ᠢ ᠵᠥᠪᠯᠡᠬᠦ ᠴᠢᠳᠠᠪᠤᠷᠢ ᠪᠠ | ᠨᠡᠶᠢᠭᠡᠮ ᠤᠨ ᠣᠷᠤᠯᠴᠠᠬᠤ ᠤᠬᠠᠮᠰᠠᠷ ᠢᠯᠡᠳᠲᠡ ᠴᠢᠩᠭᠠᠷᠠᠵᠤ᠂ ᠤᠯᠤᠰ ᠲᠦᠷᠦ ᠶᠢᠨ ᠪᠠᠶᠢᠷᠢ ᠰᠠᠭᠤᠷᠢ ᠤᠯᠠᠮ ᠨᠢᠭᠡ | ᠠᠯᠬᠤᠮ ᠳᠡᠭᠡᠭᠰᠢᠯᠡᠪᠡ︔ ᠡᠮᠡᠭᠲᠡᠶᠢᠴᠦᠳ ᠠᠵᠤ ᠠᠬᠤᠢ ᠶᠢᠨ ᠡᠬᠢ ᠪᠠᠶᠠᠯᠢᠭ ᠪᠠ ᠥᠭᠡᠷᠡᠴᠢᠯᠡᠯᠲᠡ ᠨᠡᠭᠡᠭᠡᠯᠲᠡ ᠶᠢᠨ | ᠦᠷ᠎ᠡ ᠪᠦᠲᠦᠭᠡᠯ ᠢ ᠡᠷᠬᠡ ᠲᠡᠭᠰᠢ ᠪᠠᠷ ᠡᠳ᠋ᠯᠡᠵᠦ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠳᠤ ᠣᠷᠤᠯᠴᠠᠬᠤ | ᠬᠡᠪ ᠴᠢᠨᠠᠷ ᠲᠠᠰᠤᠷᠠᠯᠲᠠ ᠦᠭᠡᠢ ᠳᠡᠭᠡᠭᠰᠢᠯᠡᠵᠦ᠂ ᠦᠢᠯᠡᠳᠦᠯ ᠨᠢ ᠨᠠᠩ ᠲᠣᠪᠣᠶᠢᠮ᠎ᠠ ᠪᠣᠯᠪᠠ︔ ᠡᠮᠡᠭᠲᠡᠶᠢᠴᠦᠳ ᠤᠨ | ᠡᠳ᠋ᠯᠡᠬᠦ ᠡᠷᠡᠭᠦᠯ ᠬᠠᠮᠠᠭᠠᠯᠠᠯ ᠡᠷᠡᠭᠦᠯᠵᠢᠯ ᠤᠨ ᠦᠢᠯᠡᠴᠢᠯᠡᠭᠡ ᠲᠠᠰᠤᠷᠠᠯᠲᠠ ᠦᠭᠡᠢ ᠲᠡᠭᠦᠯᠳᠡᠷᠵᠢᠵᠦ᠂ ᠡᠷᠡᠭᠦᠯ | ᠮᠡᠨᠳᠦ ᠶᠢᠨ ᠬᠢᠷᠢ ᠬᠡᠮᠵᠢᠶ᠎ᠡ ᠢᠯᠡᠳᠲᠡ ᠳᠡᠭᠡᠭᠰᠢᠯᠡᠵᠡᠢ︔ ᠰᠤᠷᠭᠠᠨ ᠬᠥᠮᠦᠵᠢᠯ ᠤᠨ ᠬᠦᠢᠰᠦ ᠶᠢᠨ ᠢᠯᠭᠠᠯ ᠤᠨ | ᠵᠥᠷᠢᠶ᠎ᠡ ᠶᠢ ᠦᠨᠳᠦᠰᠦᠨ ᠳᠡᠭᠡᠨ ᠠᠷᠢᠯᠭᠠᠵᠤ᠂ ᠡᠮᠡᠭᠲᠡᠶᠢᠴᠦᠳ ᠤᠨ ᠰᠤᠷᠭᠠᠨ ᠬᠥᠮᠦᠵᠢᠯ ᠭᠥᠷᠳᠡᠬᠦ ᠬᠢᠷᠢ ᠲᠦᠪᠰᠢᠨ | ᠪᠥᠬᠦ ᠲᠠᠯ᠎ᠠ ᠪᠠᠷ ᠳᠡᠭᠡᠭᠰᠢᠯᠡᠪᠡ︔ ᠡᠮᠡᠭᠲᠡᠶᠢᠴᠦᠳ ᠤᠨ ᠡᠷᠬᠡ ᠠᠰᠢᠭ ᠤᠯᠠᠮ ᠨᠢᠭᠡ ᠠᠯᠬᠤᠮ ᠪᠠᠲᠤᠯᠠᠭ᠎ᠠ ᠲᠠᠢ ᠪᠣᠯᠪᠠ︔ | ᠡᠮᠡᠭᠲᠡᠶᠢᠴᠦᠳ ᠤᠨ ᠬᠥᠭᠵᠢᠯᠲᠡ ᠶᠢᠨ ᠣᠷᠴᠢᠨ ᠨᠥᠬᠦᠴᠡᠯ ᠤᠯᠠᠮ ᠨᠢᠭᠡ ᠠᠯᠬᠤᠮ ᠰᠢᠯᠢᠳᠡᠭᠵᠢᠪᠡ᠃ ᠥᠩᠭᠡᠷᠡᠭᠰᠡᠨ | ᠠᠷᠪᠠᠨ ᠵᠢᠯ ᠳᠤ᠂ ᠮᠠᠨ ᠤ ᠲᠤᠭᠤᠷᠢᠭ ᠤᠨ ᠡᠮᠡᠭᠲᠡᠶᠢᠴᠦᠳ ᠤᠨ ᠦᠢᠯᠡᠰ ᠲᠠᠪᠠᠯᠳᠠᠳᠤ ᠮᠠᠶ᠋ᠢᠭ ᠤᠨ ᠬᠥᠭᠵᠢᠯᠲᠡ ᠶᠢ | ᠪᠡᠶᠡᠯᠡᠭᠦᠯᠵᠦ᠂ ᠡᠮᠡᠭᠲᠡᠶᠢᠴᠦᠳ ᠤᠨ ᠬᠥᠭᠵᠢᠯᠲᠡ ᠶᠢᠨ ᠲᠡᠦᠬᠡ ᠶᠢᠨ ᠬᠠᠮᠤᠭ ᠤᠨ ᠰᠠᠶᠢᠨ ᠴᠠᠭ ᠦᠶ᠎ᠡ ᠶᠢᠨ ᠨᠢᠭᠡ | ᠪᠣᠯᠵᠠᠢ᠃ | ᠣᠳᠣᠬᠠᠨ ᠳᠤ᠂ ᠮᠠᠨ ᠤ ᠲᠤᠭᠤᠷᠢᠭ ᠶᠠᠭ ᠠᠵᠤ ᠠᠬᠤᠢ ᠨᠡᠶᠢᠭᠡᠮ ᠤᠨ ᠬᠡᠯᠪᠡᠷᠢ ᠪᠠᠨ ᠬᠤᠪᠢᠷᠠᠭᠤᠯᠬᠤ | ᠵᠠᠩᠭᠢᠯᠠᠭ᠎ᠠ ᠶᠢᠨ ᠴᠠᠭ ᠦᠶ᠎ᠡ ᠳᠤ ᠣᠷᠣᠰᠢᠵᠤ᠂ ᠡᠮᠡᠭᠲᠡᠶᠢᠴᠦᠳ ᠤᠨ ᠬᠥᠭᠵᠢᠯᠲᠡ ᠳᠤ ᠰᠢᠨ᠎ᠡ ᠪᠠᠶᠢᠳᠠᠯ ᠪᠠ | ᠥᠷᠢᠰᠦᠯᠳᠦᠭᠡᠨ ᠲᠤᠯᠭᠠᠷᠠᠵᠤ ᠪᠠᠶᠢᠨ᠎ᠠ᠃ ᠡᠮᠡᠭᠲᠡᠶᠢᠴᠦᠳ ᠤᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠬᠤ ᠳᠤ | ᠵᠣᠬᠢᠴᠠᠬᠤ ᠠᠵᠢᠯ ᠣᠯᠬᠤ ᠴᠢᠳᠠᠪᠤᠷᠢ ᠶᠢ ᠨᠡᠮᠡᠭᠳᠡᠭᠦᠯᠬᠦ ᠴᠢᠬᠤᠯᠠᠲᠠᠢ︔ ᠦᠨᠳᠦᠰᠦᠨ ᠱᠠᠲᠤᠨ ᠤ ᠡᠮᠡᠭᠲᠡᠶᠢᠴᠦᠳ ᠤᠨ | ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠬᠠᠮᠢᠶᠠᠷᠤᠯᠲᠠ ᠳᠤ ᠣᠷᠤᠯᠴᠠᠬᠤ ᠬᠡᠮᠵᠢᠶ᠎ᠡ ᠶᠢ ᠤᠯᠠᠮ ᠨᠢᠭᠡ ᠠᠯᠬᠤᠮ | ᠳᠡᠭᠡᠭᠰᠢᠯᠡᠭᠦᠯᠬᠦ ᠴᠢᠬᠤᠯᠠᠲᠠᠢ︔ ᠶᠠᠪᠤᠭᠤᠯ ᠬᠥᠮᠥᠨ ᠠᠮᠠ ᠶᠢᠨ ᠳᠣᠲᠣᠷᠠᠬᠢ ᠡᠮᠡᠭᠲᠡᠶᠢᠴᠦᠳ ᠤᠨ ᠰᠣᠶᠣᠯ ᠰᠤᠷᠭᠠᠨ | ᠬᠥᠮᠦᠵᠢᠯ᠂ ᠡᠷᠡᠭᠦᠯ ᠬᠠᠮᠠᠭᠠᠯᠠᠯ ᠡᠷᠡᠭᠦᠯᠵᠢᠯ᠂ ᠨᠡᠶᠢᠭᠡᠮ ᠤᠨ ᠪᠠᠲᠤᠯᠠᠭ᠎ᠠ᠂ ᠬᠠᠤᠯᠢ ᠴᠠᠭᠠᠵᠠ ᠶᠢᠨ ᠬᠠᠮᠠᠭᠠᠯᠠᠯᠲᠠ ᠵᠡᠷᠭᠡ | ᠡᠷᠬᠡ ᠪᠠ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠡᠷᠬᠡ ᠲᠡᠭᠰᠢ ᠪᠠᠷ ᠡᠳ᠋ᠯᠡᠬᠦ ᠬᠢᠷᠢ ᠬᠡᠮᠵᠢᠶ᠎ᠡ ᠶᠢ ᠤᠯᠠᠮ | ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ︔ ᠬᠤᠲᠠ ᠬᠥᠳᠡᠭᠡ ᠶᠢᠨ ᠡᠮᠡᠭᠲᠡᠶᠢᠴᠦᠳ ᠤᠨ ᠵᠣᠬᠢᠴᠠᠩᠭᠤᠢ | ᠬᠥᠭᠵᠢᠯᠲᠡ ᠶᠢ ᠨᠢᠭᠡᠳᠦᠯᠲᠡᠢ ᠲᠥᠯᠥᠪᠯᠡᠬᠦ ᠶᠢ ᠮᠥᠨ ᠬᠦ ᠲᠦᠷᠭᠡᠳᠬᠡᠨ ᠠᠬᠢᠭᠤᠯᠬᠤ ᠴᠢᠬᠤᠯᠠᠲᠠᠢ︔ ᠡᠷᠡᠭᠲᠡᠢ ᠡᠮᠡᠭᠲᠡᠢ | ᠡᠷᠬᠡ ᠲᠡᠭᠰᠢ ᠪᠠᠶᠢᠬᠤ ᠪᠠ ᠡᠮᠡᠭᠲᠡᠶᠢᠴᠦᠳ ᠤᠨ ᠪᠦᠬᠦ ᠲᠠᠯ᠎ᠠ ᠶᠢᠨ ᠬᠥᠭᠵᠢᠯᠲᠡ ᠶᠢ ᠨᠡᠩ ᠥᠨᠳᠥᠷ ᠲᠦᠪᠰᠢᠨ ᠳᠤ | ᠠᠬᠢᠭᠤᠯᠬᠤ ᠳᠤ ᠡᠭᠦᠷᠭᠡ ᠲᠤᠰᠢᠶᠠᠯ ᠬᠠᠲᠠᠭᠤ ᠪᠡᠷᠬᠡ᠂ ᠵᠠᠮ ᠬᠤᠯᠠ ᠪᠠᠶᠢᠨ᠎ᠠ᠃ | 2021 ᠣᠨ ᠠᠴᠠ 2030 ᠣᠨ ᠪᠣᠯᠲᠠᠯᠠᠬᠢ ᠬᠤᠭᠤᠴᠠᠭ᠎ᠠ ᠪᠣᠯ ᠮᠠᠨ ᠤ ᠤᠯᠤᠰ ᠤᠨ ᠬᠤᠶᠠᠳᠤᠭᠠᠷ | ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ | ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ | ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠂ ᠮᠥᠨᠴᠦ ᠮᠠᠨ ᠤ ᠲᠤᠭᠤᠷᠢᠭ ᠤᠨ ︽ᠭᠤᠷᠪᠠᠨ ᠰᠢᠰᠲ᠋ᠧᠮ︾ ᠢ | ᠲᠡᠭᠦᠯᠳᠡᠷᠵᠢᠭᠦᠯᠬᠦ᠂ ︽ᠲᠦᠷᠪᠡᠨ ᠥᠨᠳᠦᠷᠯᠢᠭ︾ ᠢ ᠪᠠᠶᠢᠭᠤᠯᠬᠤ᠂ ︽ᠲᠠᠪᠤᠨ ᠬᠤᠳᠠ ᠲᠣᠭᠤᠷᠢᠭ︾ ᠢ ᠪᠦᠲᠦᠭᠡᠨ | ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ᠂ ︽ᠲᠤᠯᠤᠭᠠᠨ ᠰᠢᠨ᠎ᠡ ᠴᠢᠩᠱᠠᠨ︾ ᠶᠢ ᠪᠦᠲᠦᠭᠡᠨ | ᠪᠠᠶᠢᠭᠤᠯᠬᠤ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠂ ᠡᠨᠡ ᠨᠢ ᠪᠦᠬᠦ ᠲᠤᠭᠤᠷᠢᠭ ᠤᠨ ᠡᠮᠡᠭᠲᠡᠶᠢᠴᠦᠳ ᠤᠨ | ᠬᠥᠭᠵᠢᠯᠲᠡ ᠳᠤ ᠤᠷᠢᠳ ᠡᠮᠦᠨ᠎ᠡ ᠪᠠᠶᠢᠭ᠎ᠠ ᠦᠭᠡᠢ ᠠᠵᠠ ᠲᠣᠬᠢᠶᠠᠯ ᠬᠠᠩᠭᠠᠬᠤ ᠪᠣᠯᠣᠨ᠎ᠠ᠃ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠪᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ︾ ᠵᠡᠷᠭᠡ ᠬᠤᠯᠪᠣᠭᠳᠠᠯ ᠪᠦᠬᠦᠢ ᠬᠠᠤᠯᠢ | ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ︽ᠳᠤᠮᠳᠠᠳᠤ ᠤᠯᠤᠰ ᠤᠨ ᠡᠮᠡᠭᠲᠡᠶᠢᠴᠦᠳ ᠤᠨ ᠬᠥᠭᠵᠢᠯᠲᠡ ᠶᠢᠨ | ᠬᠥᠲᠥᠯᠪᠦᠷᠢ ︵2021 ︱ 2030 ᠣᠨ︶︾ ᠪᠠ ︽ᠪᠤᠭᠤᠲᠤ ᠬᠤᠲᠠ ᠶᠢᠨ ᠡᠮᠡᠭᠲᠡᠶᠢᠴᠦᠳ ᠤᠨ ᠬᠥᠭᠵᠢᠯᠲᠡ ᠶᠢᠨ | ᠲᠥᠯᠦᠪᠵᠢᠭᠦᠯᠭᠡ ︵2021 ︱ 2030 ᠣᠨ︶︾ ᠵᠡᠷᠭᠡ ᠳᠡᠭᠡᠳᠦ ᠪᠠᠶᠢᠷᠢ ᠶᠢᠨ ᠲᠥᠯᠦᠪᠵᠢᠭᠦᠯᠭᠡ ᠪᠠᠷ ᠯᠠᠪᠯᠠᠯᠲᠠ | ᠪᠣᠯᠭᠠᠵᠤ᠂ ︽ᠴᠢᠩᠱᠠᠨ ᠲᠣᠭᠤᠷᠢᠭ ᠤᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ | ᠬᠥᠲᠥᠯᠪᠦᠷᠢ︾ ᠶᠢᠨ ᠶᠡᠷᠦᠩᠬᠡᠢ ᠱᠠᠭᠠᠷᠳᠠᠯᠭ᠎ᠠ ᠶᠣᠰᠣᠭᠠᠷ᠂ ᠴᠢᠩᠱᠠᠨ ᠲᠣᠭᠤᠷᠢᠭ ᠤᠨ ᠡᠮᠡᠭᠲᠡᠶᠢᠴᠦᠳ ᠤᠨ | ᠬᠥᠭᠵᠢᠯᠲᠡ ᠪᠠ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠰ | ᠲᠥᠯᠦᠪᠵᠢᠭᠦᠯᠭᠡ ᠶᠢ ᠲᠣᠭᠲᠠᠭᠠᠪᠠ᠃ | ᠨᠢᠭᠡᠳᠦᠭᠡᠷ ᠪᠦᠯᠦᠭ ᠵᠢᠯᠤᠭᠤᠳᠬᠤ ᠦᠵᠡᠯ ᠰᠠᠨᠠᠭ᠎ᠠ ᠪᠠ ᠦᠨᠳᠦᠰᠦᠨ ᠵᠠᠷᠴᠢᠮ | ︵ᠨᠢᠭᠡ︶ ᠵᠢᠯᠤᠭᠤᠳᠬᠤ ᠦᠵᠡᠯ ᠰᠠᠨᠠᠭ᠎ᠠ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ | ᠮᠠᠨᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠦ᠂ ᠨᠠᠮ ᠤᠨ ᠠᠷᠪᠠ ᠶᠢᠰᠦᠳᠦᠭᠡᠷ ᠶᠡᠭᠡ | ᠬᠤᠷᠠᠯ᠂ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ | ᠶᠡᠷᠦᠩᠬᠡᠢ ᠱᠦᠵᠢ ᠶᠢᠨ ᠡᠮᠡᠭᠲᠡᠶᠢᠴᠦᠳ ᠪᠠ ᠡᠮᠡᠭᠲᠡᠶᠢᠴᠦᠳ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠵᠢᠴᠢ | ᠥᠪᠥᠷ ᠮᠣᠩᠭᠤᠯ ᠤᠨ ᠴᠢᠬᠤᠯᠠ ᠶᠠᠷᠢᠶᠠᠨ ᠤ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ | ᠡᠮᠡᠭᠲᠡᠶᠢᠴᠦᠳ ᠤᠨ ᠦᠢᠯᠡᠰ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠡᠮᠡᠭᠲᠡᠶᠢᠴᠦᠳ ᠤᠨ ᠬᠥᠭᠵᠢᠯᠲᠡ ᠶᠢᠨ ᠵᠠᠮ ᠢᠶᠠᠷ ᠵᠠᠮᠨᠠᠵᠦ᠂ ᠠᠷᠠᠳ ᠲᠦᠮᠡᠨ ᠤ | ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ | ᠵᠣᠷᠢᠯᠭ᠎ᠠ ᠪᠣᠯᠭᠠᠵᠤ᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠶᠢ ᠪᠦᠬᠦ | ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠪᠠ ᠡᠮᠡᠭᠲᠡᠶᠢᠴᠦᠳ ᠤᠨ | ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠳᠦᠷᠢᠮ ᠲᠣᠭᠲᠠᠴᠠ ᠶᠢ ᠲᠡᠭᠦᠯᠳᠡᠷᠵᠢᠭᠦᠯᠦᠨ᠂ ᠡᠮᠡᠭᠲᠡᠶᠢᠴᠦᠳ ᠤᠨ | ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠬᠦᠢᠰᠦ ᠶᠢᠨ ᠢᠯᠭᠠᠯ ᠤᠨ ᠡᠷᠬᠡ ᠲᠡᠭᠰᠢ ᠪᠠᠶᠢᠬᠤ ᠶᠢ ᠲᠦᠯᠬᠢᠨ | ᠠᠬᠢᠭᠤᠯᠬᠤ ᠶᠠᠪᠤᠳᠠᠯ ᠢ ᠪᠦᠬᠦ ᠨᠡᠶᠢᠭᠡᠮ ᠢᠶᠠᠷ ᠢᠶᠠᠨ ᠬᠠᠮᠲᠤ ᠪᠠᠷ ᠵᠢᠷᠤᠮᠯᠠᠬᠤ ᠦᠢᠯᠡ ᠠᠵᠢᠯᠯᠠᠭᠠᠨ ᠤ ᠵᠢᠷᠤᠮᠵᠢᠯ ᠪᠠ | ᠦᠷᠳᠡᠭ ᠤᠨ ᠪᠠᠷᠢᠮᠵᠢᠶ᠎ᠠ ᠪᠣᠯᠭᠠᠨ᠎ᠠ᠃ ᠡᠮᠡᠭᠲᠡᠶᠢᠴᠦᠳ ᠢ ᠬᠥᠲᠥᠯᠥᠨ ᠵᠢᠯᠤᠭᠤᠳᠴᠤ ᠪᠠᠶᠢᠭᠠᠳ ᠠᠭᠤᠤ ᠶᠡᠭᠡ | ᠦᠢᠯᠡᠰ ᠤᠨ ᠪᠦᠲᠦᠭᠡᠨ ᠪᠠᠶᠢᠭᠤᠯᠤᠭᠴᠢ᠂ ᠪᠣᠯᠪᠠᠰᠤᠨ ᠬᠡᠪ ᠰᠤᠷᠲᠠᠯ ᠤᠨ ᠰᠠᠨᠠᠭᠠᠴᠢᠯᠠᠭᠴᠢ᠂ ᠬᠦᠰᠡᠯ ᠵᠡᠭᠦᠳᠦ ᠪᠠᠨ | ᠵᠣᠷᠢᠭᠲᠠᠢ ᠪᠠᠷ ᠬᠥᠭᠡᠭᠡᠴᠡᠯᠳᠦᠨ ᠲᠡᠮᠡᠴᠡᠭᠴᠢ ᠪᠣᠯᠭᠠᠵᠤ᠂ ᠡᠮᠡᠭᠲᠡᠶᠢᠴᠦᠳ ᠤᠨ ᠴᠡᠴᠡᠭᠯᠡᠨ ᠬᠥᠭᠵᠢᠭᠰᠡᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠰᠢᠨ᠎ᠡ | ᠴᠢᠩᠱᠠᠨ ᠶᠢ ᠪᠦᠲᠦᠭᠡᠨ ᠪᠠᠶᠢᠭᠤᠯᠬᠤ ᠳᠤᠮᠳᠠ ︽ᠬᠠᠭᠠᠰ ᠲᠡᠭᠷᠢ︾ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ | ᠮᠠᠨ ᠤ ᠲᠤᠭᠤᠷᠢᠭ ᠤᠨ ᠡᠮᠡᠭᠲᠡᠶᠢᠴᠦᠳ ᠤᠨ ᠦᠢᠯᠡᠰ ᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠶᠢᠨ ᠰᠢᠨ᠎ᠡ ᠠᠶᠠᠨ ᠵᠠᠮ ᠳᠤ ᠡᠮᠦᠨ᠎ᠡ ᠡᠩᠨᠡᠭᠡᠨ ᠳᠤ ᠶᠠᠪᠤᠬᠤ ᠶᠢ ᠠᠬᠢᠭᠤᠯᠤᠨ᠎ᠠ᠃ | ︵ᠬᠤᠶᠠᠷ︶ ᠦᠨᠳᠦᠰᠦᠨ ᠵᠠᠷᠴᠢᠮ | 1᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ᠎ᠠ᠃ ︽ᠳᠥᠷᠪᠡᠨ ᠤᠬᠠᠮᠰᠠᠷ︾ ᠢᠶᠠᠨ | ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ | ᠡᠮᠡᠭᠲᠡᠶᠢᠴᠦᠳ ᠤᠨ ᠦᠢᠯᠡᠰ ᠳᠠᠬᠢ ᠪᠥᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠨ᠂ ᠡᠮᠡᠭᠲᠡᠶᠢᠴᠦᠳ ᠤᠨ | ᠦᠢᠯᠡᠰ ᠤᠨ ᠬᠥᠭᠵᠢᠯᠲᠡ ᠶᠢᠨ ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠢ ᠪᠠᠷᠢᠮᠲᠠᠯᠠᠵᠤ᠂ | ᠡᠮᠡᠭᠲᠡᠶᠢᠴᠦᠳ ᠤᠨ ᠦᠢᠯᠡᠰ ᠤᠨ ᠬᠥᠭᠵᠢᠯᠲᠡ ᠶᠢᠨ ᠲᠤᠬᠠᠢ ᠨᠠᠮ ᠤᠨ ᠲᠥᠪ ᠬᠤᠷᠢᠶᠠᠨ ᠤ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠤᠳᠤᠷᠢᠳᠤᠯᠭ᠎ᠠ ᠶᠢ | ᠡᠮᠡᠭᠲᠡᠶᠢᠴᠦᠳ ᠤᠨ ᠦᠢᠯᠡᠰ ᠤᠨ ᠬᠥᠭᠵᠢᠯᠲᠡ ᠶᠢᠨ ᠪᠥᠬᠦ ᠶᠠᠪᠤᠴᠠ ᠪᠠ ᠡᠯ᠎ᠡ ᠲᠠᠯ᠎ᠠ ᠳᠤ ᠦᠨᠡᠨ ᠬᠦ | ᠲᠤᠤᠱᠯᠠᠭᠤᠯᠤᠨ᠂ ᠡᠮᠡᠭᠲᠡᠶᠢᠴᠦᠳ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠦᠨᠳᠦᠰᠦᠨ | ᠪᠠᠲᠤᠯᠠᠭ᠎ᠠ ᠬᠠᠩᠭᠠᠨ᠎ᠠ᠃ | 2᠂ ᠡᠷᠡᠭᠲᠡᠢ ᠡᠮᠡᠭᠲᠡᠢ ᠬᠤᠶᠠᠷ ᠬᠦᠢᠰᠦᠲᠡᠨ ᠤ ᠡᠷᠬᠡ ᠲᠡᠭᠰᠢ ᠬᠥᠭᠵᠢᠯᠲᠡ ᠶᠢ ᠪᠠᠷᠢᠮᠲᠠᠯᠠᠨ᠎ᠠ᠃ ᠡᠷᠡᠭᠲᠡᠢ | ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠶᠢ ᠠᠬᠢᠭᠤᠯᠬᠤ ᠬᠠᠤᠯᠢ ᠲᠣᠭᠲᠠᠭᠠᠯ ᠲᠦᠷᠦ ᠶᠢᠨ ᠪᠣᠳᠣᠯᠭ᠎ᠠ ᠶᠢ | ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ ᠬᠠᠤᠯᠢ ᠲᠣᠭᠲᠠᠭᠠᠯ ᠲᠦᠷᠦ ᠶᠢᠨ ᠪᠣᠳᠣᠯᠭ᠎ᠠ ᠶᠢ | ᠲᠣᠭᠲᠠᠭᠠᠬᠤ᠂ ᠲᠥᠯᠦᠪᠵᠢᠭᠦᠯᠭᠡ ᠶᠢᠨ ᠲᠣᠪᠴᠢ ᠶᠢ ᠨᠠᠶᠢᠷᠠᠭᠤᠯᠤᠨ ᠵᠣᠬᠢᠶᠠᠬᠤ᠂ ᠲᠣᠬᠢᠷᠠᠭᠤᠯᠤᠨ ᠪᠠᠶᠢᠷᠢᠯᠠᠭᠤᠯᠬᠤ | ᠠᠵᠢᠯ ᠤᠨ ᠳᠤᠮᠳᠠ ᠬᠤᠶᠠᠷ ᠬᠦᠢᠰᠦᠲᠡᠨ ᠤ ᠪᠣᠳᠠᠲᠤ ᠵᠥᠷᠢᠶ᠎ᠡ ᠪᠠ ᠡᠮᠡᠭᠲᠡᠶᠢᠴᠦᠳ ᠤᠨ ᠣᠨᠴᠠᠭᠠᠶ ᠠᠰᠢᠭ | ᠲᠤᠰᠠ ᠶᠢ ᠭᠦᠢᠴᠡᠳ ᠪᠣᠳᠣᠯᠬᠢᠯᠠᠵᠤ᠂ ᠨᠡᠩ ᠡᠷᠬᠡ ᠲᠡᠭᠰᠢ᠂ ᠪᠠᠭᠲᠠᠭᠠᠮᠵᠢᠲᠠᠢ᠂ ᠦᠷᠭᠦᠯᠵᠢᠯᠡᠬᠦᠶᠢᠴᠡ ᠬᠥᠭᠵᠢᠯᠲᠡ ᠶᠢᠨ | ᠣᠷᠴᠢᠨ ᠨᠥᠬᠦᠴᠡᠯ ᠢ ᠪᠤᠢ ᠪᠣᠯᠭᠠᠵᠤ᠂ ᠡᠷᠡᠭᠲᠡᠢ ᠡᠮᠡᠭᠲᠡᠢ ᠬᠤᠶᠠᠷ ᠬᠦᠢᠰᠦᠲᠡᠨ ᠤ ᠬᠥᠭᠵᠢᠯᠲᠡ ᠶᠢᠨ ᠵᠥᠷᠢᠶ᠎ᠡ ᠶᠢ | ᠪᠠᠭᠠᠰᠬᠠᠵᠤ᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠶᠢ ᠪᠡᠶᠡᠯᠡᠭᠦᠯᠬᠦ ᠶᠢ ᠠᠬᠢᠭᠤᠯᠤᠨ᠎ᠠ᠃ | 3᠂ ᠡᠮᠡᠭᠲᠡᠶᠢᠴᠦᠳ ᠤᠨ ᠠᠵᠢᠯ ᠦᠢᠯᠡᠰ ᠢ ᠠᠵᠤ ᠠᠬᠤᠢ ᠨᠡᠶᠢᠭᠡᠮ ᠯᠦᠭᠡ ᠵᠡᠷᠭᠡᠪᠡᠷ ᠵᠣᠬᠢᠴᠠᠩᠭᠤᠢ ᠪᠠᠷ | ᠬᠥᠭᠵᠢᠭᠦᠯᠬᠦ ᠶᠢ ᠪᠠᠷᠢᠮᠲᠠᠯᠠᠨ᠎ᠠ᠃ ᠡᠮᠡᠭᠲᠡᠶᠢᠴᠦᠳ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠵᠢᠴᠢ | ᠲᠡᠭᠦᠨ ᠤ ᠬᠠᠷᠠᠯᠲᠠ ᠡᠭᠦᠷᠭᠡ ᠶᠢ ᠴᠢᠩᠱᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ | ᠲᠥᠯᠦᠪᠵᠢᠭᠦᠯᠭᠡ ᠳᠤ ᠣᠷᠣᠭᠤᠯᠵᠤ᠂ ᠰᠠᠯᠠᠭ᠎ᠠ ᠮᠥᠴᠢᠷ ᠤᠨ ᠲᠤᠰᠬᠠᠢ ᠲᠥᠯᠦᠪᠵᠢᠭᠦᠯᠭᠡ ᠳᠤ ᠣᠷᠣᠭᠤᠯᠤᠨ᠂ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠳᠤ ᠣᠷᠣᠭᠤᠯᠵᠤ᠂ ᠬᠠᠮᠲᠤ ᠳᠤᠨᠢ | ᠪᠠᠶᠢᠷᠢᠯᠠᠭᠤᠯᠵᠤ᠂ ᠬᠠᠮᠲᠤ ᠳᠤᠨᠢ ᠨᠠᠶᠢᠳᠠᠪᠤᠷᠢᠵᠢᠭᠤᠯᠤᠨ᠎ᠠ᠃ ᠬᠤᠳᠠ ᠬᠥᠳᠡᠭᠡ᠂ ᠣᠷᠣᠨ ᠪᠦᠰᠡ᠂ ᠬᠠᠮᠲᠤᠯᠢᠭ ᠤᠨ | ᠬᠤᠭᠤᠷᠣᠨᠳᠣᠬᠢ ᠡᠮᠡᠭᠲᠡᠶᠢᠴᠦᠳ ᠤᠨ ᠢᠵᠢᠯ ᠠᠯᠬᠤᠮ ᠢᠶᠠᠷ ᠲᠡᠩᠴᠡᠭᠦᠷᠢᠲᠡᠢ ᠬᠥᠭᠵᠢᠬᠦ ᠶᠢ ᠨᠢᠭᠡᠳᠦᠯᠲᠡᠢ ᠲᠥᠯᠥᠪᠯᠡᠨ | ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠥᠷᠭᠡᠨ ᠤᠯᠠᠨ ᠡᠮᠡᠭᠲᠡᠶᠢᠴᠦᠳ ᠲᠤ | ᠨᠡᠩ ᠤᠯᠠᠨ ᠨᠡᠩ ᠭᠤᠣᠯᠴᠢ ᠪᠠᠷ ᠡᠳ᠋ᠯᠡᠭᠦᠯᠦᠨ᠎ᠡ᠃ | 4᠂ ᠡᠮᠡᠭᠲᠡᠶᠢᠴᠦᠳ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠨ᠎ᠠ᠃ | ᠡᠮᠡᠭᠲᠡᠶᠢᠴᠦᠳ ᠤᠨ ᠤᠯᠤᠰ ᠲᠦᠷᠦ᠂ ᠠᠵᠤ ᠠᠬᠤᠢ᠂ ᠰᠣᠶᠣᠯ᠂ ᠨᠡᠶᠢᠭᠡᠮ ᠪᠠ ᠭᠡᠷ ᠪᠦᠯᠢ ᠶᠢᠨ ᠡᠯ᠎ᠡ ᠲᠠᠯ᠎ᠠ ᠶᠢᠨ | ᠬᠥᠭᠵᠢᠯᠲᠡ ᠶᠢᠨ ᠠᠰᠢᠭ ᠲᠤᠰᠠ ᠶᠢ ᠨᠢᠭᠡᠳᠦᠯᠲᠡᠢ ᠲᠥᠯᠥᠪᠯᠡᠨ ᠨᠡᠶᠢᠳᠡ ᠳᠤᠨᠢ ᠬᠠᠷᠠᠭᠠᠯᠵᠠᠵᠤ᠂ ᠡᠮᠡᠭᠲᠡᠶᠢᠴᠦᠳ ᠤᠨ | ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠭᠤᠣᠯᠳᠠᠯᠭ᠎ᠠ ᠲᠠᠢ ᠪᠡᠷᠬᠡ ᠠᠰᠠᠭᠤᠳᠠᠯ ᠢ ᠪᠦᠲᠦᠮᠵᠢᠲᠡᠶ ᠪᠠᠷ ᠰᠢᠢᠳᠪᠦᠷᠢᠯᠡᠵᠦ᠂ | ᠡᠮᠡᠭᠲᠡᠶᠢᠴᠦᠳ ᠤᠨ ᠬᠥᠭᠵᠢᠯᠲᠡ ᠳᠤ ᠠᠰᠢᠭ ᠦᠭᠡᠢ ᠬᠠᠷᠰᠢ ᠰᠠᠭᠠᠳ ᠢ ᠠᠷᠢᠯᠭᠠᠵᠤ᠂ ᠬᠤᠳᠠ ᠬᠥᠳᠡᠭᠡ᠂ ᠣᠷᠣᠨ | ᠪᠦᠰᠡ᠂ ᠬᠠᠮᠲᠤᠯᠢᠭ ᠤᠨ ᠬᠤᠭᠤᠷᠣᠨᠳᠣᠬᠢ ᠡᠮᠡᠭᠲᠡᠶᠢᠴᠦᠳ ᠤᠨ ᠲᠡᠩᠴᠡᠭᠦᠷᠢᠲᠡᠢ ᠬᠥᠭᠵᠢᠯᠲᠡ ᠶᠢ ᠨᠢᠭᠡᠳᠦᠯᠲᠡᠢ | ᠲᠥᠯᠥᠪᠯᠡᠨ ᠠᠬᠢᠭᠤᠯᠵᠤ᠂ ᠡᠮᠡᠭᠲᠡᠶᠢᠴᠦᠳ ᠤᠨ ᠡᠯ᠎ᠡ ᠬᠦᠷᠢᠶᠡᠨ ᠳᠠᠬᠢ ᠪᠦᠬᠦ ᠲᠠᠯ᠎ᠠ ᠶᠢᠨ ᠬᠥᠭᠵᠢᠯᠲᠡ ᠶᠢ | ᠵᠣᠬᠢᠴᠠᠩᠭᠤᠢ ᠪᠠᠷ ᠠᠬᠢᠭᠤᠯᠤᠨ᠎ᠠ᠃ | 5᠂ ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠶᠢ ᠪᠠᠷᠢᠮᠲᠠᠯᠠᠨ᠎ᠠ᠃ ᠡᠮᠡᠭᠲᠡᠶᠢᠴᠦᠳ ᠤᠨ | ᠠᠵᠤ ᠠᠬᠤᠢ ᠨᠡᠶᠢᠭᠡᠮ ᠤᠨ ᠬᠥᠭᠵᠢᠯᠲᠡ ᠳᠤ ᠣᠷᠤᠯᠴᠠᠬᠤ ᠡᠷᠬᠡ ᠶᠢ ᠬᠠᠤᠯᠢ ᠶᠣᠰᠣᠭᠠᠷ ᠪᠠᠲᠤᠯᠠᠵᠤ᠂ | ᠡᠮᠡᠭᠲᠡᠶᠢᠴᠦᠳ ᠤᠨ ᠭᠤᠣᠯ ᠴᠣᠭᠴᠠ ᠶᠢᠨ ᠪᠠᠶᠢᠷᠢ ᠰᠠᠭᠤᠷᠢ ᠶᠢ ᠬᠦᠨᠳᠦᠳᠬᠡᠨ᠂ ᠡᠮᠡᠭᠲᠡᠶᠢᠴᠦᠳ ᠤᠨ ︽ᠲᠠᠪᠤ ᠶᠢ ᠨᠢᠭᠡ | ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠬᠤ᠂ ︽ᠳᠥᠷᠪᠡᠨ ᠪᠥᠬᠦ | ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠩᠭᠤᠢ ᠪᠠᠷ ᠠᠬᠢᠭᠤᠯᠬᠤ ᠳᠤᠮᠳᠠᠬᠢ ᠰᠢᠨ᠎ᠡ | ᠬᠦᠴᠦᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠡᠮᠡᠭᠲᠡᠶᠢᠴᠦᠳ ᠤᠨ ︽ᠲᠤᠯᠤᠭᠠᠨ ᠰᠢᠨ᠎ᠡ ᠴᠢᠩᠱᠠᠨ︾ ᠤ | ᠦᠢᠯᠡᠰ ᠢ ᠴᠣᠭᠴᠠᠯᠠᠨ ᠪᠠᠶᠢᠭᠤᠯᠬᠤ ᠡᠮᠦᠨ᠎ᠡ ᠡᠩᠨᠡᠭᠡᠨ ᠳᠤ ᠤᠷᠢᠳᠠᠪᠠᠷ ᠶᠠᠪᠤᠵᠤ ᠲᠣᠰ ᠪᠡᠶ᠎ᠡ ᠶᠢᠨ ᠳᠠᠪᠰᠢᠯᠲᠠ | ᠬᠢᠭᠡᠳ ᠬᠥᠭᠵᠢᠯᠲᠡ ᠪᠠᠨ ᠪᠡᠶᠡᠯᠡᠭᠦᠯᠬᠦ ᠶᠢ ᠬᠥᠲᠥᠯᠥᠨ ᠵᠢᠯᠤᠭᠤᠳᠬᠤ ᠪᠠ ᠳᠡᠮᠵᠢᠨ᠎ᠡ᠃ | ᠬᠤᠶᠠᠳᠤᠭᠠᠷ ᠪᠦᠯᠦᠭ ᠶᠡᠷᠦᠩᠬᠡᠢ ᠬᠠᠷᠠᠯᠲᠠ | 2030 ᠣᠨ ᠪᠣᠯᠬᠤ ᠳᠤ᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ | ᠪᠣᠳᠣᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠪᠠ | ᠡᠮᠡᠭᠲᠡᠶᠢᠴᠦᠳ ᠢ ᠪᠥᠬᠦ ᠲᠠᠯ᠎ᠠ ᠪᠠᠷ ᠬᠥᠭᠵᠢᠭᠦᠯᠬᠦ ᠳᠦᠷᠢᠮ ᠲᠣᠭᠲᠠᠴᠠ ᠶᠢᠨ ᠰᠢᠨ᠎ᠡ ᠶᠢ ᠡᠭᠦᠳᠦᠨ | ᠲᠡᠭᠦᠯᠳᠡᠷᠵᠢᠭᠦᠯᠵᠦ᠂ ᠡᠮᠡᠭᠲᠡᠶᠢᠴᠦᠳ ᠤᠨ ᠡᠯ᠎ᠡ ᠠᠵᠢᠯ ᠲᠥᠷᠥᠯ ᠳᠤ ᠭᠠᠪᠢᠶ᠎ᠠ ᠪᠠᠶᠢᠭᠤᠯᠤᠨ ᠦᠢᠯᠡᠰ ᠪᠦᠲᠦᠭᠡᠵᠦ᠂ | ︽ᠬᠠᠭᠠᠰ ᠲᠡᠭᠷᠢ︾ ᠶᠢᠨ ᠦᠢᠯᠡᠳᠦᠯ ᠢ ᠨᠠᠩ ᠢᠯᠡᠭᠦᠦ ᠢᠯᠡᠷᠡᠭᠦᠯᠦᠨ᠎ᠡ᠃ ᠡᠮᠡᠭᠲᠡᠶᠢᠴᠦᠳ ᠪᠦᠬᠦ ᠲᠠᠯ᠎ᠠ ᠶᠢᠨ ᠪᠦᠬᠦ ᠠᠮᠢ | ᠨᠠᠰᠤᠨ ᠤ ᠦᠶᠡᠯᠡᠯ ᠤᠨ ᠬᠤᠭᠤᠴᠠᠭᠠᠨ ᠤ ᠡᠷᠡᠭᠦᠯ ᠮᠡᠨᠳᠦ ᠶᠢᠨ ᠦᠢᠯᠡᠴᠢᠯᠡᠭᠡ ᠶᠢ ᠡᠷᠬᠡ ᠲᠡᠭᠰᠢ ᠪᠠᠷ ᠡᠳ᠋ᠯᠡᠵᠦ᠂ | ᠡᠷᠡᠭᠦᠯ ᠮᠡᠨᠳᠦ ᠶᠢᠨ ᠲᠦᠪᠰᠢᠨ ᠦᠷᠭᠦᠯᠵᠢᠯᠡᠨ ᠳᠡᠭᠡᠭᠰᠢᠯᠡᠭᠦᠯᠦᠨ᠎ᠡ᠃ ᠡᠮᠡᠭᠲᠡᠶᠢᠴᠦᠳ ᠰᠤᠷᠭᠠᠨ ᠬᠥᠮᠦᠵᠢᠯ ᠬᠥᠷᠳᠡᠬᠦ | ᠡᠷᠬᠡ ᠶᠢ ᠡᠷᠬᠡ ᠲᠡᠭᠰᠢ ᠪᠠᠷ ᠡᠳ᠋ᠯᠡᠵᠦ᠂ ᠬᠡᠪ ᠴᠢᠨᠠᠷ ᠪᠠ ᠴᠢᠳᠠᠪᠤᠷᠢ ᠨᠢ ᠦᠷᠭᠦᠯᠵᠢᠯᠡᠨ ᠳᠡᠭᠡᠭᠰᠢᠯᠡᠭᠦᠯᠦᠨ᠎ᠡ᠃ | ᠡᠮᠡᠭᠲᠡᠶᠢᠴᠦᠳ ᠠᠵᠤ ᠠᠬᠤᠢ ᠶᠢᠨ ᠡᠷᠬᠡ ᠠᠰᠢᠭ ᠢ ᠠᠳᠠᠯᠢ ᠲᠡᠭᠰᠢ ᠪᠠᠷ ᠡᠳ᠋ᠯᠡᠵᠦ᠂ ᠠᠵᠤ ᠠᠬᠤᠢ ᠶᠢᠨ ᠪᠠᠶᠢᠷᠢ | ᠰᠠᠭᠤᠷᠢ ᠶᠢ ᠲᠣᠭᠲᠠᠭᠤᠨ ᠢᠶᠠᠷ ᠳᠡᠭᠡᠭᠰᠢᠯᠡᠨ᠎ᠡ᠃ ᠡᠮᠡᠭᠲᠡᠶᠢᠴᠦᠳ ᠤᠯᠤᠰ ᠲᠤᠶᠢᠷᠦ ᠶᠢᠨ ᠡᠷᠬᠡ ᠶᠢ ᠠᠳᠠᠯᠢ | ᠲᠡᠭᠰᠢ ᠪᠠᠷ ᠡᠳ᠋ᠯᠡᠵᠦ᠂ ᠤᠯᠤᠰ ᠣᠷᠣᠨ ᠪᠠ ᠠᠵᠤ ᠠᠬᠤᠢ ᠰᠣᠶᠣᠯ ᠨᠡᠶᠢᠭᠡᠮ ᠤᠨ ᠬᠡᠷᠡᠭ ᠶᠠᠪᠤᠳᠠᠯ ᠤᠨ | ᠬᠠᠮᠢᠶᠠᠷᠤᠯᠲᠠ ᠳᠤ ᠣᠷᠤᠯᠴᠠᠬᠤ ᠬᠢᠷᠢ ᠬᠡᠮᠵᠢᠶ᠎ᠡ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠡᠮᠡᠭᠲᠡᠶᠢᠴᠦᠳ | ᠤᠯᠠᠨ ᠲᠡᠰ ᠳᠠᠪᠬᠤᠷᠭ᠎ᠠ ᠶᠢᠨ ᠦᠷᠭᠦᠯᠵᠢᠯᠡᠬᠦ ᠨᠡᠶᠢᠭᠡᠮ ᠤᠨ ᠪᠠᠲᠤᠯᠠᠭ᠎ᠠ ᠶᠢ ᠡᠷᠬᠡ ᠲᠡᠭᠰᠢ ᠪᠠᠷ ᠡᠳ᠋ᠯᠡᠵᠦ᠂ | ᠬᠠᠷᠠᠭᠠᠯᠵᠠᠯ ᠤᠨ ᠲᠦᠪᠰᠢᠨ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ᠭᠡᠷ ᠪᠦᠯᠢ ᠶᠢᠨ ᠬᠥᠭᠵᠢᠯᠲᠡ ᠶᠢ ᠳᠡᠮᠵᠢᠬᠦ | ᠬᠠᠤᠯᠢ ᠲᠣᠭᠲᠠᠭᠠᠯ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠨᠡᠩ ᠲᠡᠭᠦᠯᠳᠡᠷᠵᠢᠭᠦᠯᠵᠦ᠂ ᠨᠡᠶᠢᠭᠡᠮ ᠵᠢᠷᠤᠮ ᠤᠨ ᠭᠡᠷ | ᠪᠦᠯᠢ ᠶᠢᠨ ᠪᠣᠯᠪᠠᠰᠤᠨ ᠤ ᠰᠢᠨ᠎ᠡ ᠬᠡᠪ ᠰᠤᠷᠲᠠᠯ ᠢ ᠥᠷᠭᠡᠨ ᠢᠶᠠᠷ ᠪᠠᠳᠠᠷᠠᠭᠤᠯᠤᠨ᠎ᠠ᠃ ᠡᠷᠡᠭᠲᠡᠢ ᠡᠮᠡᠭᠲᠡᠢ ᠡᠷᠬᠡ ᠲᠡᠭᠰᠢ | ᠪᠠᠶᠢᠬᠤ ᠣᠶᠢᠯᠠᠭᠠᠭᠳᠠᠬᠤᠨ ᠬᠥᠮᠥᠰ ᠤᠨ ᠰᠡᠳᠬᠢᠯ ᠳᠤ ᠨᠡᠩ ᠭᠦᠨ ᠰᠠᠭᠤᠭᠳᠠᠵᠤ᠂ ᠡᠮᠡᠭᠲᠡᠶᠢᠴᠦᠳ ᠤᠨ | ᠬᠥᠭᠵᠢᠯᠲᠡ ᠶᠢᠨ ᠣᠷᠴᠢᠨ ᠨᠥᠬᠦᠴᠡᠯ ᠨᠡᠩ ᠰᠢᠯᠢᠳᠡᠭᠵᠢᠭᠦᠯᠦᠨ᠎ᠡ᠃ ᠬᠠᠤᠯᠢ ᠪᠠᠷ ᠵᠠᠰᠠᠬᠤ ᠰᠢᠰᠲ᠋ᠧᠮ ᠢ ᠨᠡᠩ | ᠲᠡᠭᠦᠯᠳᠡᠷᠵᠢᠭᠦᠯᠵᠦ᠂ ᠡᠮᠡᠭᠲᠡᠶᠢᠴᠦᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠨ᠎ᠠ᠃ | ᠡᠮᠡᠭᠲᠡᠶᠢᠴᠦᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ | ᠢᠯᠡᠳᠲᠡ ᠳᠡᠭᠡᠭᠰᠢᠯᠡᠭᠦᠯᠦᠨ᠎ᠡ᠃ 2035 ᠣᠨ ᠢ ᠪᠠᠷᠠᠯᠠᠬᠤᠶ᠎ᠠ᠂ ᠤᠯᠤᠰ ᠤᠨ ᠨᠡᠶᠢᠭᠡᠮ ᠵᠢᠷᠤᠮ ᠤᠨ | ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠲᠠᠢ ᠵᠣᠬᠢᠴᠠᠭᠤᠯᠤᠨ᠂ ᠡᠷᠡᠭᠲᠡᠢ ᠡᠮᠡᠭᠲᠡᠢ ᠡᠷᠬᠡ ᠲᠡᠭᠰᠢ ᠪᠠ | ᠡᠮᠡᠭᠲᠡᠶᠢᠴᠦᠳ ᠤᠨ ᠪᠦᠬᠦ ᠲᠠᠯ᠎ᠠ ᠶᠢᠨ ᠬᠥᠭᠵᠢᠯᠲᠡ ᠨᠡᠩ ᠢᠯᠡᠷᠬᠡᠢ ᠪᠣᠳᠠᠲᠤ ᠠᠬᠢᠴᠠ ᠲᠠᠢ ᠪᠣᠯᠵᠤ᠂ ᠡᠮᠡᠭᠲᠡᠶᠢᠴᠦᠳ | ᠰᠢᠨ᠎ᠡ ᠴᠠᠭ ᠦᠶ᠎ᠡ ᠠᠴᠠ ᠣᠯᠭᠤᠭᠰᠠᠨ ᠢᠷᠠᠭᠤ ᠠᠯᠳᠠᠷᠲᠤ ᠡᠭᠦᠷᠭᠡ ᠶᠢ ᠨᠡᠩ ᠰᠠᠶᠢᠲᠤᠷ ᠡᠭᠦᠷᠭᠡᠯᠡᠵᠦ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ | ᠲᠡᠷᠭᠡᠯᠰᠢᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠨ᠎ᠡ᠃ | ᠭᠤᠷᠪᠠᠳᠤᠭᠠᠷ ᠪᠦᠯᠦᠭ ᠬᠥᠭᠵᠢᠯᠲᠡ ᠶᠢᠨ ᠬᠦᠷᠢᠶ᠎ᠡ᠂ ᠭᠤᠣᠯ ᠬᠠᠷᠠᠯᠲᠠ ᠪᠠ ᠠᠷᠭ᠎ᠠ ᠪᠣᠳᠣᠯᠭ᠎ᠠ | ᠠᠷᠭ᠎ᠠ ᠬᠡᠮᠵᠢᠶ᠎ᠡ | (ᠨᠢᠭᠡ) ᠡᠮᠡᠭᠲᠡᠶᠢᠴᠦᠳ ᠬᠢᠭᠡᠳ ᠡᠷᠡᠭᠦᠯ ᠮᠡᠨᠳᠦ | ᠭᠤᠣᠯ ᠬᠠᠷᠠᠯᠲᠠ᠄ | 1᠂ ᠡᠮᠡᠭᠲᠡᠶᠢᠴᠦᠳ ᠤᠨ ᠠᠮᠢ ᠨᠠᠰᠤᠨ ᠤ ᠪᠥᠬᠦ ᠦᠶᠡᠯᠡᠯ ᠤᠨ ᠬᠤᠭᠤᠴᠠᠭᠠᠨ ᠳᠤ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠰᠠᠶᠢᠨ ᠦᠢᠯᠡᠴᠢᠯᠡᠭᠡ ᠶᠢ ᠬᠦᠷᠲᠡᠵᠦ᠂ ᠡᠮᠡᠭᠲᠡᠶᠢᠴᠦᠳ ᠤᠨ ᠬᠥᠮᠥᠨ ᠪᠦᠷᠢ ᠶᠢᠨ ᠳᠤᠮᠳᠠᠴᠢᠵᠢᠱᠢᠭᠰᠡᠨ | ᠨᠠᠰᠤᠨ ᠬᠤᠲᠤᠭ ᠤᠷᠲᠤᠳᠴᠤ᠂ ᠬᠥᠮᠥᠨᠪᠦ᠋ᠷᠢ ᠶᠢᠨ ᠳᠤᠮᠳᠠᠴᠢ ᠡᠷᠡᠭᠦᠯ ᠮᠡᠨᠳᠦ ᠶᠢᠨ ᠵᠢᠱᠢᠭᠰᠡᠨ ᠨᠠᠰᠤᠨ ᠬᠤᠲᠤᠭ ᠢ | ᠳᠡᠭᠡᠭᠰᠢᠯᠡᠭᠦᠯᠦᠨ᠎ᠡ᠃ | 2᠂ ᠵᠢᠷᠮᠦᠰᠦᠨ ᠡᠮᠡᠭᠲᠡᠢ ᠶᠢᠨ ᠰᠢᠰᠲ᠋ᠧᠮ ᠤᠨ ᠬᠠᠮᠢᠶᠠᠷᠤᠯᠲᠠ ᠶᠢᠨ ᠨᠣᠷᠮ᠎ᠠ ᠶᠢ 90% ᠠᠴᠠ ᠳᠡᠭᠡᠭᠰᠢ ᠳᠤ | ᠪᠠᠶᠢᠯᠭᠠᠨ᠎ᠠ᠃ ᠵᠢᠷᠮᠦᠰᠦᠨ ᠡᠮᠡᠭᠲᠡᠢ ᠬᠥᠩᠭᠡᠵᠢᠭᠰᠡᠨ ᠡᠮᠡᠭᠲᠡᠢ ᠶᠢᠨ ᠦᠬᠦᠯ ᠤᠨ ᠨᠤᠷᠮ᠎ᠠ ᠶᠢ 12/10 ᠲᠦᠮᠡ ᠠᠴᠠ | ᠳᠣᠭᠤᠭᠰᠢ ᠪᠣᠯᠲᠠᠯ᠎ᠠ ᠪᠠᠭᠤᠷᠠᠭᠤᠯᠵᠤ᠂ ᠬᠤᠳᠠ ᠬᠥᠳᠡᠭᠡ᠂ ᠣᠷᠣᠨ ᠪᠦᠰᠡ ᠶᠢᠨ ᠵᠥᠷᠢᠶ᠎ᠡ ᠶᠢ ᠪᠠᠭᠠᠰᠬᠠᠨ᠎ᠠ᠃ | 3᠂ ᠠᠶᠠᠨᠳᠠᠭᠠᠨ ᠬᠥᠩᠭᠡᠵᠢᠬᠦ ᠶᠢ ᠰᠠᠨᠠᠭᠠᠴᠢᠯᠠᠵᠤ᠂ ᠬᠡᠪᠡᠯᠢ ᠬᠠᠭᠠᠯᠠᠵᠦ ᠬᠥᠩᠭᠡᠵᠢᠭᠦᠯᠬᠦ ᠨᠣᠷᠮ᠎ᠠ ᠶᠢ ᠵᠣᠬᠢᠰᠲᠠᠢ | ᠬᠢᠵᠠᠭᠠᠷᠯᠠᠨ᠎ᠠ᠃ ᠡᠯ᠎ᠡ ᠬᠥᠩᠭᠡᠵᠢᠭᠦᠯᠬᠦ ᠪᠠᠶᠢᠭᠤᠯᠤᠮᠵᠢ ᠶᠢᠨ ᠬᠥᠩᠭᠡᠵᠢᠭᠦᠯᠬᠦ ᠣᠷᠣ ᠬᠢᠭᠡᠳ ᠬᠥᠩᠭᠡᠵᠢᠭᠦᠯᠦᠭᠴᠢ ᠶᠢᠨ | ᠲᠤᠭ᠎ᠠ ᠶᠢᠨ ᠬᠠᠷᠢᠴᠠᠯ ᠢ 1᠄ 3 ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃ | 4᠂ ᠡᠮᠡᠭᠲᠡᠶᠢᠴᠦᠳ ᠤᠨ ᠰᠠᠪᠠ ᠶᠢᠨ ᠬᠦᠵᠦᠭᠦᠨ ᠤ ᠥᠮᠡᠨ ᠪᠠ ᠬᠥᠬᠦᠨ ᠪᠤᠯᠴᠢᠷᠬᠠᠢ ᠶᠢᠨ ᠥᠮᠡᠨ ᠢ | ᠰᠡᠷᠭᠡᠶᠢᠯᠡᠨ ᠵᠠᠰᠠᠬᠤ ᠦᠵᠡᠯ ᠤᠬᠠᠮᠰᠠᠷ ᠢ ᠢᠯᠡᠳᠲᠡ ᠳᠡᠭᠡᠭᠰᠢᠯᠡᠭᠦᠯᠵᠦ᠂ ᠰᠡᠷᠭᠡᠶᠢᠯᠡᠨ ᠵᠠᠰᠠᠬᠤ ᠮᠡᠳᠡᠯᠭᠡ ᠶᠢ ᠮᠡᠳᠡᠬᠦ | ᠨᠣᠷᠮ᠎ᠠ ᠶᠢ 90% ᠠᠴᠠ ᠳᠡᠭᠡᠭᠰᠢ ᠳᠤ ᠬᠦᠷᠦᠭᠦᠯᠦᠨ᠎ᠡ᠃ ᠵᠣᠬᠢᠬᠤ ᠨᠠᠰᠤᠨ ᠤ ᠡᠮᠡᠭᠲᠡᠶᠢᠴᠦᠳ ᠤᠨ ᠰᠠᠪᠠ ᠶᠢᠨ | ᠬᠦᠵᠦᠭᠦᠨ ᠤ ᠥᠮᠡᠨ ᠤ ᠬᠥᠮᠥᠰ ᠢ ᠰᠢᠭᠰᠢᠨ ᠪᠠᠶᠢᠴᠠᠭᠠᠬᠤ ᠨᠣᠷᠮ᠎ᠠ ᠶᠢ 70% ᠠᠴᠠ ᠳᠡᠭᠡᠭᠰᠢ ᠳᠤ ᠬᠦᠷᠦᠭᠦᠯᠵᠦ᠂ | ᠬᠥᠬᠦᠨ ᠪᠤᠯᠴᠢᠷᠬᠠᠢ ᠶᠢᠨ ᠥᠮᠡᠨ ᠤ ᠬᠥᠮᠥᠰ ᠢ ᠰᠢᠭᠰᠢᠨ ᠪᠠᠶᠢᠴᠠᠭᠠᠬᠤ ᠨᠣᠷᠮ᠎ᠠ ᠶᠢ ᠠᠯᠭᠤᠷ ᠢᠶᠠᠷ ᠳᠡᠭᠡᠭᠰᠢᠯᠡᠭᠦᠯᠦᠨ᠎ᠡ᠃ | ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠵᠢᠷᠭᠤᠭᠠᠨ ᠰᠠᠯᠠᠭ᠎ᠠ ᠮᠥᠴᠢᠷ ᠤᠨ ᠬᠠᠮᠲᠤᠷᠠᠨ | ᠪᠠᠭᠤᠯᠭᠠᠭᠰᠠᠨ ︽ᠪᠤᠭᠤᠲᠤ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠪᠠ ᠬᠤᠲᠠ ᠪᠠᠯᠭᠠᠰᠤ ᠶᠢᠨ ᠠᠮᠢᠳᠤᠷᠠᠯ ᠤᠨ | ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠵᠣᠬᠢᠬᠤ ᠨᠠᠰᠤᠨ ᠤ ᠡᠮᠡᠭᠲᠡᠶᠢᠴᠦᠳ ᠤᠨ ︿ᠬᠤᠶᠠᠷ ᠥᠮᠡᠨ﹀ ᠢ | ᠰᠢᠭᠰᠢᠨ ᠪᠠᠶᠢᠴᠠᠭᠠᠬᠤ ᠲᠥᠷᠥᠯ ᠵᠦᠢᠯ ᠤᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ | ᠢ ᠴᠢᠩᠭ᠎ᠠ ᠬᠡᠷᠡᠭᠵᠢᠭᠦᠯᠵᠦ᠂ ︽ᠭᠤᠷᠪᠠᠨ ᠵᠢᠯ ᠪᠦᠷᠢ ᠳᠤ ᠨᠢᠭᠡ ᠦᠶᠡᠯᠡᠯ ᠤᠨ ᠬᠤᠭᠤᠴᠠᠭ᠎ᠠ︾ ᠶᠣᠰᠣᠭᠠᠷ᠂ 2022 | ᠣᠨ ᠠᠴᠠ ᠡᠬᠢᠯᠡᠨ᠂ 3 ᠵᠢᠯ ᠤᠨ ᠳᠣᠲᠣᠷ᠎ᠠ ᠬᠥᠳᠡᠭᠡ ᠲᠣᠰᠬᠤᠨ ᠤ ᠵᠣᠬᠢᠬᠤ ᠨᠠᠰᠤᠨ ᠤ ᠡᠮᠡᠭᠲᠡᠶᠢᠴᠦᠳ ᠤᠨ | ︿ᠬᠤᠶᠠᠷ ᠥᠮᠡᠨ﹀ ᠢ ᠰᠢᠭᠰᠢᠨ ᠪᠠᠶᠢᠴᠠᠭᠠᠬᠤ ᠪᠦᠷᠬᠦᠴᠡ ᠶᠢᠨ ᠨᠣᠷᠮ᠎ᠠ ᠶᠢ 100% ᠳᠤ ᠬᠦᠷᠦᠭᠦᠯᠬᠦ ᠶᠢ ᠦᠨᠡᠨᠬᠦ | ᠪᠠᠲᠤᠯᠠᠨ᠎ᠠ᠃ ᠰᠠᠪᠠ ᠶᠢᠨ ᠬᠦᠵᠦᠭᠦᠨ ᠤ ᠥᠮᠡᠨ ᠪᠠ ᠬᠥᠬᠦᠨ ᠪᠤᠯᠴᠢᠷᠬᠠᠢ ᠶᠢᠨ ᠥᠮᠡᠨ ᠢ ᠶᠡᠷᠦᠩᠬᠡᠶᠢᠯᠡᠨ ᠰᠡᠷᠭᠡᠶᠢᠯᠡᠨ | ᠵᠠᠰᠠᠬᠤ ᠴᠢᠳᠠᠪᠤᠷᠢ ᠶᠢ ᠲᠠᠰᠤᠷᠠᠯᠲᠠ ᠦᠭᠡᠢ ᠴᠢᠩᠭᠠᠷᠠᠭᠤᠯᠵᠤ᠂ ᠰᠠᠪᠠ ᠶᠢᠨ ᠬᠦᠵᠦᠭᠦᠨ ᠤ ᠥᠮᠡᠨ ᠳᠤ | ᠨᠡᠷᠪᠡᠭᠳᠡᠭᠰᠡᠳ ᠢ ᠡᠮᠨᠡᠨ ᠵᠠᠰᠠᠬᠤ ᠨᠣᠷᠮ᠎ᠠ ᠶᠢ 90% ᠠᠴᠠ ᠳᠡᠭᠡᠭᠰᠢ ᠭᠦᠷᠦᠭᠦᠯᠦᠨ᠎ᠡ᠃ | 5᠂ ᠦᠷᠡᠵᠢᠯ ᠤᠨ ᠡᠷᠡᠭᠦᠯ ᠮᠡᠨᠳᠦ ᠪᠠ ᠰᠠᠶᠢᠨ ᠢ ᠲᠦᠷᠦᠵᠦ ᠰᠠᠶᠢᠬᠠᠨ ᠢ ᠦᠰᠭᠡᠬᠦ ᠮᠡᠳᠡᠯᠭᠡ ᠶᠢ ᠪᠥᠬᠦ | ᠲᠠᠯ᠎ᠠ ᠪᠠᠷ ᠲᠦᠭᠡᠮᠡᠯᠵᠢᠭᠦᠯᠵᠦ᠂ ᠡᠷᠡᠭᠦᠯ ᠴᠢᠭᠢᠷᠠᠭ ᠪᠤᠶᠢᠵᠢᠯᠲᠠ ᠶᠢ ᠠᠬᠢᠭᠤᠯᠤᠨ᠂ ᠰᠠᠨᠠᠭᠠᠨ ᠳᠤ ᠦᠭᠡᠢ ᠪᠠᠷ | ᠵᠢᠷᠮᠦᠰᠦᠯᠡᠬᠦ ᠶᠢ ᠪᠠᠭᠠᠰᠬᠠᠵᠤ᠂ ᠬᠥᠮᠥᠨ ᠤ ᠬᠦᠴᠦ ᠪᠠᠷ ᠣᠷᠤᠭ ᠤᠨᠠᠭᠠᠬᠤ ᠨᠣᠷᠮ᠎ᠠ ᠶᠢ ᠪᠠᠭᠤᠷᠠᠭᠤᠯᠤᠨ᠎ᠠ᠃ | 6᠂ ᠵᠢᠷᠮᠦᠰᠦᠨ ᠡᠮᠡᠭᠲᠡᠢ ᠬᠥᠩᠭᠡᠵᠢᠭᠰᠡᠨ ᠡᠮᠡᠭᠲᠡᠢ ᠶᠢᠨ ᠠᠶᠢᠽ ᠡᠪᠡᠳᠴᠢᠨ᠂ ᠲᠡᠮᠪᠦᠦ ᠪᠠ ᠡᠯᠢᠭᠡᠨ ᠤ B | ᠦᠷᠪᠢᠰᠦᠯ ᠤᠨ ᠪᠠᠶᠢᠴᠠᠭᠠᠯᠲᠠ ᠶᠢᠨ ᠨᠣᠷᠮ᠎ᠠ ᠶᠢ 98% ᠠᠴᠠ ᠳᠡᠭᠡᠭᠰᠢ ᠳᠤ ᠬᠦᠷᠦᠭᠦᠯᠦᠨ᠎ᠡ᠃ ᠠᠶᠢᠽ ᠡᠪᠡᠳᠴᠢᠨ᠂ | ᠲᠡᠮᠪᠦᠦ ᠶᠢᠨ ᠵᠢᠷᠮᠦᠰᠦᠨ ᠡᠮᠡᠭᠲᠡᠢ ᠪᠠ ᠬᠥᠩᠭᠡᠵᠢᠭᠰᠡᠨ ᠡᠮᠡᠭᠲᠡᠢ ᠶᠢᠨ ᠬᠠᠯᠳᠠᠪᠤᠷᠢᠯᠠᠭᠰᠠᠳ ᠢ ᠡᠮᠨᠡᠨ ᠵᠠᠰᠠᠬᠤ | ᠨᠣᠷᠮ᠎ᠠ ᠶᠢ 95% ᠠᠴᠠ ᠳᠡᠭᠡᠭᠰᠢ ᠳᠤ ᠬᠦᠷᠦᠭᠦᠯᠦᠨ᠎ᠡ᠃ ᠠᠶᠢᠽ ᠡᠪᠡᠳᠴᠢᠨ᠂ ᠲᠡᠮᠪᠦᠦ ᠪᠠ ᠡᠯᠢᠭᠡᠨ ᠤ B | ᠦᠷᠪᠢᠰᠦᠯ ᠤᠨ ᠡᠬᠡ ᠨᠢᠯᠬᠠᠰ ᠤᠨ ᠲᠠᠷᠬᠠᠯᠲᠠ ᠶᠢ ᠪᠠᠭᠠᠰᠬᠠᠵᠤ᠂ ᠠᠶᠢᠽ ᠡᠪᠡᠳᠴᠢᠨ ᠤ ᠡᠬᠡ ᠨᠢᠯᠬᠠᠰ ᠤᠨ | ᠲᠠᠷᠬᠠᠯᠲᠠ ᠶᠢᠨ ᠨᠣᠷᠮ᠎ᠠ ᠶᠢ 2% ᠠᠴᠠ ᠳᠣᠭᠤᠭᠰᠢ ᠪᠣᠯᠲᠠᠯ᠎ᠠ ᠪᠠᠭᠤᠷᠠᠭᠤᠯᠤᠨ᠎ᠠ᠃ | 7᠂ ᠡᠮᠡᠭᠲᠡᠶᠢᠴᠦᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠲᠦᠪᠰᠢᠨ ᠢ | ᠳᠡᠭᠡᠭᠢᠰᠢᠯᠡᠭᠦᠯᠦᠨᠡ᠃ ᠡᠮᠡᠭᠲᠡᠶᠢᠴᠦᠳ ᠤᠨ ᠵᠣᠪᠠᠨᠢᠯ ᠤᠨ ᠰᠠᠭᠠᠲᠠᠯ᠂ ᠪᠤᠬᠢᠨᠢᠳᠤᠯ ᠭᠡᠮ ᠤᠨ ᠡᠪᠡᠳᠴᠢᠯᠡᠬᠦ | ᠨᠣᠷᠮ᠎ᠠ ᠶᠢᠨ ᠳᠡᠭᠡᠭᠰᠢᠯᠡᠬᠦ ᠬᠠᠨᠳᠤᠰᠢ ᠶᠢ ᠤᠳᠠᠭᠠᠰᠢᠷᠠᠭᠤᠯᠤᠨ᠎ᠠ᠃ | 8᠂ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠵᠦ᠂ ᠡᠮᠡᠭᠲᠡᠶᠢᠴᠦᠳ ᠤᠨ ᠡᠷᠡᠭᠦᠯ ᠮᠡᠨᠳᠦ ᠶᠢᠨ ᠬᠡᠪ | ᠪᠣᠯᠪᠠᠰᠤᠷᠠᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | 9᠂ ᠡᠮᠡᠭᠲᠡᠶᠢᠴᠦᠳ ᠤᠨ ᠰᠢᠮ᠎ᠡ ᠲᠡᠵᠢᠭᠡᠯ ᠤᠨ ᠪᠠᠶᠢᠳᠠᠯ ᠢ ᠰᠠᠶᠢᠵᠢᠷᠠᠭᠤᠯᠤᠨ᠎ᠠ᠃ ᠡᠮᠡᠭᠲᠡᠶᠢᠴᠦᠳ ᠤᠨ ᠰᠢᠮ᠎ᠡ | ᠲᠡᠵᠢᠭᠡᠯ ᠤᠨ ᠮᠡᠳᠡᠯᠭᠡ ᠪᠣᠯᠪᠠᠰᠤᠷᠠᠯ ᠢ ᠢᠯᠡᠳᠲᠡ ᠳᠡᠭᠡᠭᠰᠢᠯᠡᠭᠦᠯᠦᠨ᠎ᠡ᠃ ᠵᠢᠷᠮᠦᠰᠦᠨ ᠡᠮᠡᠭᠲᠡᠢ ᠬᠥᠩᠭᠡᠵᠢᠭᠰᠡᠨ | ᠡᠮᠡᠭᠲᠡᠢ ᠶᠢᠨ ᠴᠢᠰᠤ ᠳᠤᠲᠠᠬᠤ ᠶᠢ ᠤᠷᠢᠳᠴᠢᠯᠠᠨ ᠰᠡᠷᠭᠡᠶᠢᠯᠡᠬᠦ ᠪᠠ ᠡᠮᠨᠡᠨ ᠵᠠᠰᠠᠨ᠎ᠠ᠃ | 10᠂ ᠡᠮᠡᠭᠲᠡᠶᠢᠴᠦᠳ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠪᠠᠶᠢᠩᠭᠤ ᠣᠷᠤᠯᠴᠠᠬᠤ ᠬᠥᠮᠥᠨ ᠤ | ᠲᠤᠭ᠎ᠠ ᠶᠢᠨ ᠬᠠᠷᠢᠴᠠᠯ ᠢ ᠳᠡᠭᠡᠭᠰᠢᠯᠡᠭᠦᠯᠦᠨ᠎ᠡ᠃ ᠡᠮᠡᠭᠲᠡᠶᠢᠴᠦᠳ ᠤᠨ ᠪᠡᠶ᠎ᠡ ᠮᠠᠬᠠᠪᠤᠳ ᠢ ᠬᠡᠮᠵᠢᠨ ᠲᠣᠭᠲᠠᠭᠠᠬᠤ | ᠪᠠᠷᠢᠮᠵᠢᠶ᠎ᠠ ᠶᠢᠨ ᠬᠢᠷᠢ ᠲᠡᠩᠴᠡᠬᠦ ᠬᠠᠷᠢᠴᠠᠯ ᠢ ᠳᠡᠭᠡᠭᠰᠢᠯᠡᠭᠦᠯᠦᠨ᠎ᠡ᠃ | 11᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠵᠦ᠂ ᠡᠬᠡ | ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠡᠮᠡᠭᠲᠡᠶᠢᠴᠦᠳ ᠤᠨ ᠡᠷᠡᠭᠦᠯ | ᠮᠡᠨᠳᠦ ᠶᠢᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠬᠡ ᠨᠢᠯᠬᠠᠰ ᠤᠨ ᠡᠷᠡᠭᠦᠯ ᠮᠡᠨᠳᠦ ᠶᠢᠨ | ᠪᠠᠷᠢᠮᠵᠢᠶᠠᠵᠢᠭᠰᠠᠨ ᠪᠠᠶᠢᠭᠤᠯᠤᠮᠵᠢ ᠶᠢ 1 ᠪᠠᠶᠢᠭᠤᠯᠤᠨ᠎ᠠ᠃ | ᠠᠷᠭ᠎ᠠ ᠪᠣᠳᠣᠯᠭ᠎ᠠ ᠶᠢᠨ ᠠᠷᠭ᠎ᠠ ᠬᠡᠮᠵᠢᠶ᠎ᠡ᠄ | 1᠂ ᠡᠮᠡᠭᠲᠡᠶᠢᠴᠦᠳ ᠤᠨ ᠡᠷᠡᠭᠦᠯ ᠮᠡᠨᠳᠦ ᠶᠢ ᠪᠠᠲᠤᠯᠠᠬᠤ ᠳᠦᠷᠢᠮ ᠲᠣᠭᠲᠠᠴᠠ ᠶᠢ ᠲᠡᠭᠦᠯᠳᠡᠷᠵᠢᠭᠦᠯᠦᠨ᠎ᠡ᠃ | ᠠᠷᠠᠳ ᠲᠦᠮᠡᠨ ᠤ ᠡᠷᠡᠭᠦᠯ ᠮᠡᠨᠳᠦ ᠶᠢ ᠪᠠᠲᠤᠯᠠᠬᠤ ᠶᠢ ᠡᠩ ᠲᠡᠷᠢᠭᠦᠨ ᠳᠤ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ | ᠪᠠᠶᠢᠷᠢᠨ ᠳᠤ ᠲᠠᠯᠪᠢᠵᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠨ᠂ ︽ᠡᠷᠡᠭᠦᠯ ᠡᠩᠬᠡ | ᠪᠤᠭᠤᠲᠤ ᠶᠢᠨ ᠠᠵᠢᠯᠯᠠᠭ᠎ᠠ︾ ᠶᠢ ᠶᠡᠬᠡᠪᠡᠷ ᠠᠬᠢᠭᠤᠯᠵᠤ᠂ ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ᠂ ᠰᠠᠯᠠᠭ᠎ᠠ | ᠮᠥᠴᠢᠷ ᠤᠳ ᠬᠠᠮᠵᠢᠯᠴᠠᠭᠰᠠᠨ᠂ ᠨᠡᠶᠢᠭᠡᠮ ᠢᠶᠠᠷ ᠢᠶᠠᠨ ᠣᠷᠣᠯᠴᠠᠭᠰᠠᠨ᠂ ᠠᠵᠢᠯ ᠲᠥᠷᠥᠯ ᠢᠶᠠᠷ ᠢᠶᠠᠨ ᠬᠢᠨᠠᠨ | ᠬᠠᠮᠢᠶᠠᠷᠤᠭᠰᠠᠨ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠭᠰᠠᠨ ᠡᠮᠡᠭᠲᠡᠶᠢᠴᠦᠳ ᠤᠨ ᠡᠷᠡᠭᠦᠯ ᠮᠡᠨᠳᠦ ᠶᠢ | ᠪᠠᠲᠤᠯᠠᠬᠤ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠡᠮ ᠡᠮᠨᠡᠯᠭᠡ ᠶᠢᠨ ᠳᠠᠭᠠᠳᠬᠠᠯ᠂ ᠡᠮ | ᠡᠮᠨᠡᠯᠭᠡ᠂ ᠡᠮ ᠡᠮᠨᠡᠯᠭᠡ ᠪᠠ ᠬᠢᠨᠠᠨ ᠬᠠᠮᠢᠶᠠᠷᠬᠤ ᠲᠣᠭᠲᠠᠴᠠ ᠶᠢ ᠨᠢᠭᠡᠳᠦᠯᠲᠡᠢ ᠲᠥᠯᠥᠪᠯᠡᠨ ᠲᠡᠭᠦᠯᠳᠡᠷᠵᠢᠭᠦᠯᠵᠦ᠂ | ᠡᠮᠡᠭᠲᠡᠶᠢᠴᠦᠳ ᠤᠨ ᠴᠢᠨᠠᠷ ᠰᠠᠶᠢᠲᠠᠢ᠂ ᠦᠷ᠎ᠡ ᠪᠦᠲᠦᠮᠵᠢᠲᠡᠶ᠂ ᠡᠭᠦᠷᠭᠡᠯᠡᠵᠦ ᠪᠣᠯᠬᠤ ᠡᠮ ᠡᠮᠨᠡᠯᠭᠡ ᠪᠠ ᠡᠷᠡᠭᠦᠯᠵᠢᠯ ᠤᠨ | ᠦᠢᠯᠡᠴᠢᠯᠡᠭᠡ ᠬᠦᠷᠳᠡᠬᠦ ᠶᠢ ᠪᠠᠲᠤᠯᠠᠨ᠎ᠠ᠃ ᠡᠮᠡᠭᠲᠡᠶᠢᠴᠦᠳ ᠤᠨ ᠡᠷᠡᠭᠦᠯ ᠮᠡᠨᠳᠦ ᠶᠢᠨ ᠦᠢᠯᠡᠰ ᠲᠤ ᠣᠷᠣᠭᠤᠯᠬᠤ | ᠡᠳ᠋ ᠤᠨ ᠵᠠᠰᠠᠭ ᠤᠨ ᠣᠷᠣᠭᠤᠯᠤᠯᠲᠠ᠂ ᠢᠯᠠᠩᠭᠤᠶ᠎ᠠ ᠦᠨᠳᠦᠰᠦᠨ ᠱᠠᠲᠤᠨ ᠳᠤ ᠣᠷᠣᠭᠤᠯᠬᠤ ᠣᠷᠣᠭᠤᠯᠤᠯᠲᠠ ᠶᠢᠨ | ᠡᠷᠴᠢᠮ ᠢ ᠴᠢᠩᠭᠠᠷᠠᠭᠤᠯᠤᠨ᠎ᠠ᠃ ᠡᠮᠡᠭᠲᠡᠢ ᠠᠵᠢᠯᠲᠠᠨ ᠠᠵᠢᠯᠴᠢᠨ ᠤ ᠡᠷᠡᠭᠦᠯ ᠬᠠᠮᠠᠭᠠᠯᠠᠯ ᠤᠨ ᠵᠠᠷᠤᠳᠠᠯ ᠤᠨ | ᠪᠠᠷᠢᠮᠵᠢᠶ᠎ᠠ ᠶᠢ ᠳᠡᠭᠡᠭᠰᠢᠯᠡᠭᠦᠯᠬᠦ ᠶᠢ ᠲᠦᠯᠬᠢᠨ ᠠᠬᠢᠭᠤᠯᠤᠨ᠎ᠠ᠃ ᠬᠦᠨᠳᠦ ᠶᠡᠭᠡ ᠬᠢᠵᠢᠭ ᠤᠨ ᠪᠠᠶᠢᠳᠠᠯ ᠢ ᠰᠡᠷᠭᠡᠶᠢᠯᠡᠨ | ᠬᠢᠵᠠᠭᠠᠷᠯᠠᠬᠤ ᠠᠪᠤᠷᠠᠨ ᠵᠠᠰᠠᠬᠤ ᠲᠣᠭᠲᠠᠴᠠ ᠶᠢ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠡᠮᠡᠭᠲᠡᠶᠢᠴᠦᠳ ᠤᠨ | ᠣᠨᠴᠠᠭᠠᠶ ᠬᠡᠷᠡᠭᠴᠡᠭᠡ ᠶᠢ ᠠᠩᠬᠠᠷᠴᠤ᠂ ᠡᠮᠡᠭᠲᠡᠶᠢᠴᠦᠳ ᠤᠨ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠶᠢ | ᠤᠯᠠᠨ ᠠᠷᠭ᠎ᠠ ᠵᠠᠮ ᠢᠶᠠᠷ ᠲᠡᠮᠵᠢᠨ᠎ᠠ᠃ | 2᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ | ᠴᠢᠩᠭᠠᠳᠬᠠᠨ᠎ᠠ᠃ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠪᠠᠷ ᠭᠤᠣᠯᠯᠠᠭᠤᠯᠤᠭᠰᠠᠨ᠂ ᠦᠨᠳᠦᠰᠦᠨ | ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠠᠷ ᠰᠠᠭᠤᠷᠢ ᠪᠣᠯᠭᠠᠭᠰᠠᠨ᠂ ᠲᠣᠮᠣ ᠳᠤᠮᠳᠠ | ᠬᠡᠯᠪᠡᠷᠢ ᠶᠢᠨ ᠡᠮᠨᠡᠯᠭᠡ ᠶᠢᠨ ᠬᠤᠷᠢᠶ᠎ᠠ ᠪᠠ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ ᠰᠤᠳᠤᠯᠭᠠᠨ ᠤ | ᠪᠠᠶᠢᠭᠤᠯᠤᠮᠵᠢ ᠪᠠᠷ ᠲᠤᠯᠭᠠᠭᠤᠷᠢᠯᠠᠭᠤᠯᠤᠭᠰᠠᠨ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠣᠣᠷ | ᠰᠦᠯᠵᠢᠶ᠎ᠡ ᠶᠢ ᠪᠦᠷᠢᠨᠰᠢᠭᠦᠯᠵᠦ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠬᠠᠩᠭᠠᠯᠭ᠎ᠠ ᠶᠢᠨ | ᠴᠢᠳᠠᠪᠤᠷᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠶᠢᠨ | ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠶᠢ ᠪᠥᠬᠦ ᠲᠠᠯ᠎ᠠ ᠪᠠᠷ ᠥᠷᠨᠢᠭᠦᠯᠵᠦ᠂ ᠰᠢᠯᠭᠠᠨ ᠬᠢᠨᠠᠭᠰᠠᠨ | ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠷᠠᠭᠤᠯᠤᠨ᠂ ᠡᠮᠡᠭᠲᠡᠶᠢᠴᠦᠳ ᠬᠡᠦᠬᠡᠳ ᠲᠤ ᠴᠢᠨᠠᠷ ᠰᠠᠶᠢᠲᠠᠢ ᠡᠮᠴᠢᠯᠡᠭᠡ | ᠡᠷᠡᠭᠦᠯᠵᠢᠯ ᠤᠨ ᠦᠢᠯᠡᠴᠢᠯᠡᠭᠡ ᠬᠦᠷᠲᠡᠭᠡᠬᠦ ᠶᠢ ᠪᠠᠲᠤᠯᠠᠨ᠎ᠠ᠃ ᠬᠦᠨᠳᠦ ᠲᠦᠭᠰᠢᠭᠦᠷᠢ ᠲᠠᠢ ᠵᠢᠷᠮᠦᠰᠦᠨ ᠡᠮᠡᠭᠲᠡᠢ ᠶᠢ | ᠠᠪᠤᠷᠠᠨ ᠵᠠᠰᠠᠬᠤ ᠪᠠᠲᠤᠯᠠᠭ᠎ᠠ ᠶᠢ ᠴᠢᠩᠭᠠᠷᠠᠭᠤᠯᠵᠤ᠂ ᠣᠲᠣ ᠶᠢᠨ ᠪᠠᠶᠢᠭ᠎ᠠ ᠡᠮᠴᠢᠯᠡᠭᠡᠨ ᠤ ᠪᠠᠶᠢᠭᠤᠯᠤᠮᠵᠢ ᠳᠤ | ᠲᠦᠰᠢᠭᠯᠡᠨ᠂ ᠡᠯ᠎ᠡ ᠱᠠᠲᠤᠨ ᠤ ᠬᠦᠨᠳᠦ ᠲᠦᠭᠰᠢᠭᠦᠷᠢ ᠲᠠᠢ ᠵᠢᠷᠮᠦᠰᠦᠨ ᠡᠮᠡᠭᠲᠡᠢ ᠶᠢ ᠠᠪᠤᠷᠠᠨ ᠵᠠᠰᠠᠬᠤ ᠲᠥᠪ ᠤᠨ | ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠎ᠠ᠃ ᠲᠣᠭᠤᠷᠢᠭ᠂ ᠰᠢᠶᠠᠩ ᠪᠠᠯᠭᠠᠰᠤ ᠵᠡᠭᠡᠯᠢ ᠭᠤᠳᠤᠮᠵᠢ᠂ | ᠲᠣᠰᠬᠤᠨ ᠨᠡᠶᠢᠭᠡᠮ ᠲᠣᠭᠤᠷᠢᠭ ᠭᠤᠷᠪᠠᠨ ᠱᠠᠲᠤᠨ ᠤ ᠡᠬᠡ ᠨᠢᠯᠬᠠᠰ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠲᠣᠣᠷ ᠰᠦᠯᠵᠢᠶᠡᠨ ᠤ ᠪᠠᠶᠢᠭᠤᠯᠤᠯᠲᠠ ᠶᠢ ᠴᠢᠩᠭᠠᠷᠠᠭᠤᠯᠵᠤ᠂ ᠦᠨᠳᠦᠰᠦᠨ ᠱᠠᠲᠤᠨ ᠤ ᠲᠣᠣᠷ ᠰᠦᠯᠵᠢᠶᠡᠨ ᠤ | ᠰᠠᠭᠤᠷᠢ ᠪᠠ ᠰᠢᠯᠵᠢᠭᠦᠯᠦᠨ ᠣᠨᠣᠰᠢᠯᠠᠬᠤ ᠲᠣᠣᠷ ᠰᠦᠯᠵᠢᠶ᠎ᠡ ᠵᠢᠴᠢ ᠠᠯᠤᠰ ᠠᠴᠠ ᠬᠠᠮᠲᠤᠷᠠᠨ ᠣᠨᠣᠰᠢᠯᠠᠬᠤ ᠲᠣᠣᠷ | ᠰᠦᠯᠵᠢᠶ᠎ᠡ ᠶᠢ ᠲᠡᠭᠦᠯᠳᠡᠷᠵᠢᠭᠦᠯᠦᠨ᠎ᠡ᠃ ᠬᠥᠳᠡᠭᠡ ᠲᠣᠰᠬᠤᠨ ᠤ ᠲᠣᠭᠲᠠᠮᠠᠯ ᠪᠠ ᠨᠡᠭᠦᠳᠡᠯ ᠢ ᠤᠶᠠᠯᠳᠤᠭᠤᠯᠤᠭᠰᠠᠨ ᠡᠮ | ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠪᠠᠬᠢᠵᠢᠭᠦᠯᠦᠨ ᠲᠡᠭᠦᠯᠳᠡᠷᠵᠢᠭᠦᠯᠵᠦ᠂ ᠡᠷᠡᠭᠦᠯ | ᠮᠡᠨᠳᠦ ᠶᠢ ᠪᠠᠲᠤᠯᠠᠬᠤ ᠵᠢᠵᠢᠭ ᠡᠮ ᠤᠨ ᠬᠠᠶᠢᠷᠴᠠᠭ ᠤᠨ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ | ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠲᠦᠰᠢᠭᠯᠡᠨ᠂ ᠨᠡᠭᠦᠳᠡᠯ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠦᠷᠳᠡᠭᠡ ᠶᠢ ᠪᠠᠶᠢᠭᠤᠯᠤᠨ᠎ᠠ᠃ ᠡᠰᠡᠬᠦᠯ᠎ᠡ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ | ᠲᠦᠰᠢᠭᠯᠡᠨ ᠬᠥᠷᠰᠢ ᠵᠡᠷᠭᠡᠯᠡᠳᠡᠭᠡ ᠭᠠᠴᠠᠭᠠᠨ ᠤ ᠡᠷᠡᠭᠦᠯ ᠬᠠᠮᠠᠭᠠᠯᠠᠯ ᠤᠨ ᠲᠠᠰᠤᠭ ᠲᠠᠢ ᠬᠠᠮᠵᠢᠯᠴᠠᠨ ᠨᠡᠭᠦᠳᠡᠯ ᠡᠮ | ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠠᠩᠭᠠᠨ᠎ᠠ᠃ ᠬᠠᠮ ᠬᠡᠯᠪᠡᠷᠢ ᠶᠢᠨ ᠡᠬᠡ ᠨᠢᠯᠬᠠᠰ ᠤᠨ ᠡᠷᠡᠭᠦᠯ | ᠮᠡᠨᠳᠦ ᠶᠢᠨ ᠴᠢᠳᠠᠪᠤᠷᠢᠲᠠᠨ ᠪᠠ ᠬᠥᠩᠭᠡᠵᠢᠭᠦᠯᠬᠦ ᠰᠠᠯᠠᠭ᠎ᠠ᠂ ᠬᠥᠩᠭᠡᠵᠢᠭᠦᠯᠬᠦ ᠵᠡᠷᠭᠡ ᠪᠠᠴᠢᠮ ᠲᠤᠲᠠᠭᠳᠠᠵᠤ ᠪᠠᠶᠢᠭ᠎ᠠ | ᠴᠢᠳᠠᠪᠤᠷᠢᠲᠠᠨ ᠢ ᠬᠥᠮᠥᠵᠢᠭᠦᠯᠦᠨ ᠬᠡᠷᠡᠭᠯᠡᠬᠦ ᠶᠢ ᠴᠢᠩᠭᠠᠳᠬᠠᠨ᠎ᠠ᠃ | 3᠂ ᠡᠮᠡᠭᠲᠡᠶᠢᠴᠦᠳ ᠤᠨ ᠪᠥᠬᠦ ᠠᠮᠢ ᠨᠠᠰᠤᠨ ᠤ ᠦᠶᠡᠯᠡᠯ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ | ᠵᠠᠭᠪᠤᠷ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠵᠠᠯᠠᠭᠤ ᠨᠠᠰᠤᠨ ᠤ ᠦᠶ᠎ᠡ᠂ ᠬᠥᠩᠭᠡᠵᠢᠬᠦ ᠨᠠᠰᠤᠨ ᠤ ᠬᠤᠭᠤᠴᠠᠭ᠎ᠠ᠂ | ᠵᠢᠷᠮᠦᠰᠦᠯᠡᠵᠦ ᠬᠥᠩᠭᠡᠵᠢᠬᠦ ᠬᠤᠭᠤᠴᠠᠭ᠎ᠠ᠂ ᠴᠡᠪᠡᠷᠰᠢᠬᠦ ᠬᠤᠭᠤᠴᠠᠭ᠎ᠠ ᠪᠠ ᠥᠲᠡᠭᠦᠰ ᠬᠤᠭᠤᠴᠠᠭᠠᠨ ᠤ | ᠡᠮᠡᠭᠲᠡᠶᠢᠴᠦᠳ ᠤᠨ ᠡᠷᠡᠭᠦᠯ ᠮᠡᠨᠳᠦ ᠶᠢᠨ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ᠂ ᠡᠷᠡᠭᠦᠯ ᠮᠡᠨᠳᠦ ᠶᠢᠨ | ᠬᠠᠮᠢᠶᠠᠷᠤᠯᠲᠠ ᠶᠢᠨ ᠵᠠᠭᠪᠤᠷ ᠢ ᠪᠦᠷᠢᠨᠰᠢᠭᠦᠯᠵᠦ᠂ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠪᠥᠬᠦ ᠲᠠᠯ᠎ᠠ ᠶᠢᠨ | ᠦᠢᠯᠡᠴᠢᠯᠡᠭᠡ ᠶᠢ ᠬᠠᠩᠭᠠᠨ᠎ᠠ᠃ ᠡᠷᠡᠭᠦᠯᠵᠢᠯ ᠬᠢᠭᠡᠳ ᠡᠮᠴᠢᠯᠡᠭᠡ ᠶᠢ ᠤᠶᠠᠯᠳᠤᠭᠤᠯᠬᠤ ᠶᠢ ᠪᠠᠷᠢᠮᠲᠠᠯᠠᠵᠤ᠂ | ᠰᠡᠷᠭᠡᠶᠢᠯᠡᠬᠦ ᠪᠠᠷ ᠭᠤᠣᠯ ᠪᠣᠯᠭᠠᠨ᠂ ᠪᠣᠭᠤᠮᠲᠠ ᠶᠢ ᠤᠷᠤᠭᠰᠢ ᠰᠢᠯᠵᠢᠭᠦᠯᠵᠦ᠂ ᠣᠯᠠᠨ ᠰᠢᠨᠵᠢᠯᠡᠭᠡᠨ ᠤ ᠬᠠᠮᠵᠢᠯᠴᠠᠬᠤ | ᠳᠠᠪᠠᠭᠤᠯᠢᠭ ᠢ ᠪᠠᠳᠠᠷᠠᠭᠤᠯᠤᠨ᠂ ᠬᠢᠲᠠᠳ ︵ᠮᠣᠩᠭᠤᠯ︶ ᠡᠮ ᠡᠮᠨᠡᠯᠭᠡ ᠶᠢᠨ ᠡᠬᠡ ᠨᠢᠯᠬᠠᠰ ᠤᠨ ᠡᠷᠡᠭᠦᠯᠵᠢᠯ ᠪᠠ | ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠳᠤᠮᠳᠠᠬᠢ ᠦᠢᠯᠡᠳᠦᠯ ᠢ ᠢᠳᠡᠪᠬᠢᠲᠡᠢ ᠪᠠᠳᠠᠷᠠᠭᠤᠯᠤᠨ᠎ᠠ᠃ | ᠡᠮᠡᠭᠲᠡᠶᠢᠴᠦᠳ ᠲᠤ ᠤᠬᠠᠭᠤᠯᠭ᠎ᠠ ᠬᠥᠮᠦᠵᠢᠯ᠂ ᠯᠠᠪᠯᠠᠭ᠎ᠠ ᠥᠭᠴᠦ ᠵᠢᠭᠠᠨ ᠵᠢᠯᠤᠭᠤᠳᠬᠤ᠂ ᠰᠢᠭᠰᠢᠨ ᠪᠠᠶᠢᠴᠠᠭᠠᠵᠤ | ᠦᠨᠡᠯᠡᠨ ᠵᠢᠱᠢᠬᠦ᠂ ᠶᠡᠷᠦᠩᠬᠡᠶᠢᠯᠡᠨ ᠬᠠᠮᠢᠶᠠᠷᠬᠤ ᠪᠠ ᠪᠠᠴᠢᠮ ᠪᠠᠶᠢᠳᠠᠯ ᠢ ᠠᠷᠭᠠᠴᠠᠵᠤ ᠠᠪᠤᠷᠠᠨ ᠵᠠᠰᠠᠬᠤ ᠵᠡᠷᠭᠡ ᠪᠥᠬᠦ | ᠲᠠᠯ᠎ᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠵᠤ᠂ ᠡᠮᠡᠭᠲᠡᠶᠢᠴᠦᠳ ᠤᠨ ᠡᠷᠡᠭᠦᠯ | ᠮᠡᠨᠳᠦ ᠶᠢᠨ ᠬᠢᠷᠢ ᠬᠡᠮᠵᠢᠶ᠎ᠡ ᠪᠠ ᠬᠥᠮᠥᠨ ᠪᠦᠷᠢ ᠶᠢᠨ ᠳᠤᠮᠳᠠᠴᠢ ᠡᠷᠡᠭᠦᠯ ᠮᠡᠨᠳᠦ ᠶᠢᠨ ᠵᠢᠱᠢᠭᠰᠡᠨ ᠨᠠᠰᠤᠨ ᠬᠤᠲᠤᠭ ᠢ | ᠤᠷᠳᠤᠳᠬᠠᠨ᠎ᠠ᠃ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠡᠬᠡ ᠨᠢᠯᠬᠠᠰ ᠤᠨ ᠡᠷᠡᠭᠦᠯ ᠮᠡᠨᠳᠦ ᠪᠠᠷ ᠰᠢᠨ᠎ᠡ ᠪᠠᠷ | ᠬᠥᠭᠵᠢᠭᠰᠡᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠵᠢᠷᠤᠮᠵᠢᠭᠤᠯᠤᠨ ᠬᠥᠭᠵᠢᠭᠦᠯᠬᠦ ᠶᠢ ᠠᠬᠢᠭᠤᠯᠤᠨ᠎ᠠ᠃ | 4᠂ ᠵᠢᠷᠮᠦᠰᠦᠨ ᠡᠮᠡᠭᠲᠡᠢ ᠶᠢᠨ ᠠᠮᠤᠷ ᠲᠦᠪᠰᠢᠨ ᠢᠶᠠᠷ ᠬᠥᠩᠭᠡᠵᠢᠬᠦ ᠶᠢ ᠪᠠᠲᠤᠯᠠᠨ᠎ᠠ᠃ ᠦᠷᠡᠵᠢᠯ ᠤᠨ ᠪᠥᠬᠦ | ᠶᠠᠪᠤᠴᠠ ᠶᠢᠨ ᠦᠨᠳᠦᠰᠦᠨ ᠡᠮᠴᠢᠯᠡᠭᠡ ᠡᠷᠡᠭᠦᠯᠵᠢᠯ ᠤᠨ ᠦᠢᠯᠡᠴᠢᠯᠡᠭᠡ ᠬᠠᠩᠭᠠᠵᠤ᠂ ᠵᠢᠷᠮᠦᠰᠦᠨ ᠡᠮᠡᠭᠲᠡᠢ ᠶᠢᠨ ᠡᠷᠡᠭᠦᠯ | ᠮᠡᠨᠳᠦ ᠶᠢᠨ ᠬᠠᠮᠢᠶᠠᠷᠤᠯᠲᠠ ᠶᠢ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠬᠡᠪᠴᠢᠶᠡᠨ ᠳᠤ ᠣᠷᠣᠭᠤᠯᠤᠨ᠎ᠠ᠃ ᠡᠮᠴᠢᠯᠡᠭᠡᠨ ᠤ ᠪᠠᠶᠢᠭᠤᠯᠤᠮᠵᠢ ᠶᠢᠨ ᠬᠥᠩᠭᠡᠵᠢᠭᠦᠯᠬᠦ ᠰᠠᠯᠠᠭ᠎ᠠ ᠶᠢᠨ ᠶᠠᠰᠤ ᠴᠢᠨᠠᠷ ᠢ | ᠵᠢᠷᠤᠮᠵᠢᠭᠤᠯᠤᠨ ᠬᠠᠮᠢᠶᠠᠷᠬᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠬᠥᠩᠭᠡᠵᠢᠭᠦᠯᠬᠦ ᠰᠠᠯᠠᠭ᠎ᠠ ᠶᠢᠨ ᠶᠠᠰᠤ ᠴᠢᠨᠠᠷ ᠤᠨ | ᠠᠮᠤᠷ ᠲᠦᠪᠰᠢᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠨᠡᠭᠦᠳᠡᠯ ᠵᠢᠷᠮᠦᠰᠦᠨ ᠡᠮᠡᠭᠲᠡᠢ ᠪᠠ ᠬᠥᠩᠭᠡᠵᠢᠭᠰᠡᠨ | ᠡᠮᠡᠭᠲᠡᠢ ᠶᠢᠨ ᠬᠠᠮᠢᠶᠠᠷᠤᠯᠲᠠ ᠦᠢᠯᠡᠴᠢᠯᠡᠭᠡ ᠶᠢ ᠴᠢᠩᠭᠠᠳᠬᠠᠨ᠎ᠠ᠃ ᠳᠣᠣᠷ᠎ᠠ ᠣᠷᠣᠯᠭ᠎ᠠ ᠲᠠᠢ ᠵᠢᠷᠮᠦᠰᠦᠨ ᠡᠮᠡᠭᠲᠡᠢ ᠶᠢᠨ | ᠡᠮᠨᠡᠯᠭᠡ ᠳᠤ ᠰᠠᠭᠤᠵᠤ ᠬᠥᠩᠭᠡᠵᠢᠬᠦ ᠪᠠ ᠬᠦᠨᠳᠦ ᠲᠦᠭᠰᠢᠭᠦᠷᠢᠲᠡᠢ ᠵᠢᠷᠮᠦᠰᠦᠨ ᠡᠮᠡᠭᠲᠡᠢ ᠶᠢ ᠠᠪᠤᠷᠠᠨ ᠵᠠᠰᠠᠬᠤ ᠳᠤ | ᠴᠢᠬᠤᠯᠠ ᠪᠦᠬᠦᠢ ᠠᠪᠤᠷᠠᠨ ᠲᠤᠰᠠᠯᠠᠯᠲᠠ ᠬᠠᠩᠭᠠᠨ᠎ᠠ᠃ ᠥᠨᠳᠥᠷ ᠨᠠᠰᠤᠨ ᠤ ᠵᠢᠷᠮᠦᠰᠦᠨ ᠡᠮᠡᠭᠲᠡᠢ ᠪᠠ ᠬᠥᠩᠭᠡᠵᠢᠭᠰᠡᠨ | ᠡᠮᠡᠭᠲᠡᠢ ᠵᠡᠷᠭᠡ ᠭᠤᠣᠯᠳᠠᠯᠭ᠎ᠠ ᠲᠠᠢ ᠬᠥᠮᠥᠰ ᠢ ᠲᠦᠷᠦᠯ ᠬᠤᠪᠢᠶᠠᠨ ᠬᠠᠮᠢᠶᠠᠷᠬᠤ ᠪᠠ ᠦᠢᠯᠡᠴᠢᠯᠡᠬᠦ ᠶᠢ ᠦᠷᠭᠦᠯᠵᠢᠯᠡᠨ | ᠲᠦᠯᠬᠢᠨ ᠠᠬᠢᠭᠤᠯᠤᠨ᠎ᠠ᠃ ᠵᠢᠷᠮᠦᠰᠦᠨ ᠤ ᠠᠶᠤᠯ ᠲᠦᠭᠰᠢᠭᠦᠷᠢ ᠶᠢ ᠰᠢᠭᠰᠢᠨ ᠪᠠᠶᠢᠴᠠᠭᠠᠬᠤ ᠪᠠ ᠦᠨᠡᠯᠡᠨ ᠵᠢᠱᠢᠬᠦ᠂ | ᠠᠶᠤᠯ ᠶᠡᠬᠡᠲᠡᠢ ᠵᠢᠷᠮᠦᠰᠦᠨ ᠡᠮᠡᠭᠲᠡᠢ ᠪᠠ ᠬᠥᠩᠭᠡᠵᠢᠭᠰᠡᠨ ᠡᠮᠡᠭᠲᠡᠢ ᠶᠢᠨ ᠲᠤᠰᠬᠠᠢ ᠬᠡᠷᠡᠭ ᠤᠨ ᠬᠠᠮᠢᠶᠠᠷᠤᠯᠲᠠ᠂ ᠪᠠᠴᠢᠮ | ᠲᠦᠭᠰᠢᠭᠦᠷᠢᠲᠡᠢ ᠬᠦᠨᠳᠦ ᠡᠪᠡᠳᠴᠢᠨ ᠢ ᠠᠪᠤᠷᠠᠨ ᠵᠠᠰᠠᠬᠤ᠂ ᠵᠢᠷᠮᠦᠰᠦᠨ ᠡᠮᠡᠭᠲᠡᠢ ᠪᠠ ᠬᠥᠩᠭᠡᠵᠢᠭᠰᠡᠨ ᠡᠮᠡᠭᠲᠡᠢ ᠶᠢᠨ | ᠦᠬᠦᠭᠰᠡᠨ ᠣᠨᠴᠠᠭᠠᠶ ᠬᠡᠷᠡᠭ ᠤᠨ ᠮᠡᠳᠡᠭᠦᠯᠦᠯᠲᠡ ᠪᠠ ᠪᠣᠯᠵᠣᠨ ᠬᠡᠯᠡᠯᠴᠡᠵᠦ ᠮᠡᠳᠡᠭᠡᠯᠡᠬᠦ ᠵᠡᠷᠭᠡ ᠡᠬᠡ ᠨᠢᠯᠬᠠᠰ ᠤᠨ | ᠠᠮᠤᠷ ᠲᠦᠪᠰᠢᠨ ᠤ ᠲᠠᠪᠤᠨ ᠵᠦᠢᠯ ᠤᠨ ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠬᠦᠨᠳᠦ | ᠲᠦᠭᠰᠢᠭᠦᠷᠢᠲᠡᠢ ᠵᠢᠷᠮᠦᠰᠦᠨ ᠡᠮᠡᠭᠲᠡᠢ ᠶᠢ ᠠᠪᠤᠷᠠᠨ ᠵᠠᠰᠠᠬᠤ ᠲᠣᠣᠷ ᠰᠦᠯᠵᠢᠶ᠎ᠡ ᠶᠢ ᠪᠦᠲᠦᠮᠵᠢᠲᠡᠶ ᠠᠵᠢᠯᠯᠠᠭᠤᠯᠵᠤ᠂ | ᠪᠠᠴᠢᠮ ᠲᠦᠭᠰᠢᠭᠦᠷᠢᠲᠡᠢ ᠬᠦᠨᠳᠦ ᠡᠪᠡᠳᠴᠢᠨ ᠢ ᠠᠪᠤᠷᠠᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | 5᠂ ᠡᠮᠡᠭᠲᠡᠶᠢᠴᠦᠳ ᠢ ᠬᠥᠲᠥᠯᠥᠨ ᠵᠢᠯᠤᠭᠤᠳᠴᠤ ᠪᠠᠶᠢᠭᠠᠳ ᠠᠮᠤᠷ ᠲᠦᠪᠰᠢᠨ ᠡᠷᠡᠭᠦᠯ ᠰᠠᠷᠠᠭᠤᠯ | ᠬᠥᠩᠭᠡᠵᠢᠬᠦ ᠠᠷᠭ᠎ᠠ ᠮᠠᠶ᠋ᠢᠭ ᠢ ᠰᠣᠩᠭᠤᠭᠤᠯᠤᠨ᠎ᠠ᠃ ᠤᠬᠠᠭᠤᠯᠭ᠎ᠠ ᠬᠥᠮᠦᠵᠢᠯ ᠤᠨ ᠡᠷᠴᠢᠮ ᠢ ᠴᠢᠩᠭᠠᠷᠠᠭᠤᠯᠵᠤ᠂ | ᠰᠢᠨᠵᠢᠯᠡᠬᠦ ᠤᠬᠠᠭᠠᠨᠴᠢ ᠪᠠᠷ ᠵᠢᠷᠮᠦᠰᠦᠯᠡᠬᠦ ᠳᠤ ᠪᠡᠯᠡᠳᠬᠡᠬᠦ ᠪᠠ ᠵᠣᠬᠢᠬᠤ ᠨᠠᠰᠤᠨ ᠤ ᠤᠷᠤᠭᠯᠠᠵᠤ ᠵᠢᠷᠮᠦᠰᠦᠯᠡᠬᠦ ᠶᠢ | ᠰᠠᠨᠠᠭᠠᠴᠢᠯᠠᠵᠤ᠂ ᠵᠣᠬᠢᠬᠤ ᠬᠡᠮᠵᠢᠶᠡᠨ ᠤ ᠦᠷᠡᠵᠢᠯ ᠤᠨ ᠵᠠᠢ ᠶᠢ ᠪᠠᠲᠤᠯᠠᠨ᠎ᠠ᠃ ᠠᠶᠠᠨᠳᠠᠭᠠᠨ ᠬᠥᠩᠭᠡᠵᠢᠬᠦ ᠶᠢᠨ ᠲᠤᠬᠠᠢ | ᠵᠢᠷᠮᠦᠰᠦᠨ ᠡᠮᠡᠭᠲᠡᠢ ᠵᠢᠴᠢ ᠭᠡᠷ ᠪᠦᠯᠢ ᠶᠢᠨ ᠬᠢᠨ ᠤ ᠲᠠᠨᠢᠯᠲᠠ ᠶᠢ ᠳᠡᠭᠡᠭᠰᠢᠯᠡᠭᠦᠯᠵᠦ᠂ ᠠᠶᠠᠨᠳᠠᠭᠠᠨ ᠬᠥᠩᠭᠡᠵᠢᠬᠦ ᠶᠢ | ᠰᠠᠨᠠᠭᠠᠴᠢᠯᠠᠨ ᠠᠬᠢᠭᠤᠯᠤᠨ᠎ᠠ᠃ ᠳᠦᠷᠢᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠬᠥᠩᠭᠡᠵᠢᠭᠦᠯᠬᠦ ᠰᠠᠯᠠᠭᠠᠨ ᠤ | ᠶᠠᠰᠤ ᠴᠢᠨᠠᠷ ᠤᠨ ᠵᠠᠩᠭᠢᠯᠠᠭ᠎ᠠ ᠶᠢᠨ ᠭᠤᠭᠴᠤᠭ᠎ᠠ ᠶᠢᠨ ᠬᠠᠮᠢᠶᠠᠷᠤᠯᠲᠠ ᠶᠢ ᠴᠢᠩᠭᠠᠳᠬᠠᠨ᠂ ᠠᠨᠠᠭᠠᠬᠤ ᠤᠬᠠᠭᠠᠨ ᠤ | ᠪᠤᠰᠤ ᠰᠢᠨᠵᠢᠲᠡᠢ ᠬᠡᠪᠡᠯᠢ ᠬᠠᠭᠠᠯᠵᠤ ᠬᠥᠩᠭᠡᠵᠢᠬᠦ ᠶᠢ ᠬᠢᠵᠠᠭᠠᠷᠯᠠᠨ᠎ᠠ᠃ ᠬᠥᠩᠭᠡᠵᠢᠭᠦᠯᠬᠦ ᠶᠢ ᠲᠤᠰᠠᠯᠠᠬᠤ ᠮᠡᠷᠭᠡᠵᠢᠯ ᠢ | ᠳᠡᠭᠡᠭᠰᠢᠯᠡᠭᠦᠯᠵᠦ᠂ ᠬᠥᠩᠭᠡᠵᠢᠭᠦᠯᠬᠦ ᠶᠢ ᠲᠤᠰᠠᠯᠠᠬᠤ ᠪᠠᠶᠢᠭᠤᠯᠤᠮᠵᠢ ᠶᠢᠨ ᠬᠥᠮᠥᠨᠴᠢᠯᠡᠭᠰᠡᠨ᠂ ᠥᠪᠡᠷᠮᠢᠴᠡᠵᠢᠭᠰᠡᠨ᠂ | ᠰᠢᠨᠵᠢᠯᠡᠬᠦ ᠤᠬᠠᠭᠠᠨᠴᠢᠯᠠᠭᠰᠠᠨ ᠬᠥᠲᠥᠯᠥᠮᠵᠢ ᠪᠠᠷ ᠬᠥᠩᠭᠡᠵᠢᠬᠦ᠂ ᠬᠥᠩᠭᠡᠵᠢᠬᠦ ᠳᠤ ᠬᠠᠨᠢ ᠪᠣᠯᠬᠤ ᠵᠡᠷᠭᠡ ᠦᠢᠯᠡᠴᠢᠯᠡᠭᠡ | ᠥᠷᠨᠢᠭᠦᠯᠬᠦ ᠶᠢ ᠵᠣᠷᠢᠭᠵᠢᠭᠤᠯᠤᠨ᠎ᠠ᠃ | 6᠂ ᠰᠠᠪᠠ ᠶᠢᠨ ᠬᠦᠵᠦᠭᠦᠨ ᠤ ᠥᠮᠡᠨ ᠪᠠ ᠬᠥᠬᠦᠨ ᠪᠤᠯᠴᠢᠷᠬᠠᠢ ᠶᠢᠨ ᠥᠮᠡᠨ ᠢ ᠶᠡᠷᠦᠩᠬᠡᠶᠢᠯᠡᠨ ᠰᠡᠷᠭᠡᠶᠢᠯᠡᠨ | ᠵᠠᠰᠠᠬᠤ ᠰᠢᠰᠲ᠋ᠧᠮᠵᠢ ᠪᠠ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠡᠬᠡ | ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠪᠠᠶᠢᠭᠤᠯᠤᠮᠵᠢ ᠶᠢᠨ ᠰᠠᠭᠤᠷᠢ ᠪᠡᠯᠡᠳᠬᠡᠮᠵᠢ ᠪᠠ ᠲᠥᠬᠦᠭᠡᠷᠦᠮᠵᠢ ᠶᠢ | ᠴᠢᠩᠭᠠᠳᠬᠠᠵᠤ᠂ ᠰᠠᠪᠠ ᠶᠢᠨ ᠬᠦᠵᠦᠭᠦᠨ ᠤ ᠥᠮᠡᠨ ᠪᠠ ᠬᠥᠬᠦᠨ ᠪᠤᠯᠴᠢᠷᠬᠠᠢ ᠶᠢᠨ ᠥᠮᠡᠨ ᠢ ᠰᠢᠭᠰᠢᠨ ᠪᠠᠶᠢᠴᠠᠭᠠᠬᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠵᠣᠬᠢᠬᠤ ᠨᠠᠰᠤᠨ ᠤ ᠡᠮᠡᠭᠲᠡᠶᠢᠴᠦᠳ ᠤᠨ ᠰᠠᠪᠠ ᠶᠢᠨ | ᠬᠦᠵᠦᠭᠦᠨ ᠤ ᠥᠮᠡᠨ ᠪᠠ ᠬᠥᠬᠦᠨ ᠪᠤᠯᠴᠢᠷᠬᠠᠢ ᠶᠢᠨ ᠥᠮᠡᠨ ᠢ ᠰᠢᠭᠰᠢᠨ ᠪᠠᠶᠢᠴᠠᠭᠠᠬᠤ ᠪᠦᠷᠬᠦᠴᠡ ᠶᠢᠨ ᠨᠣᠷᠮ᠎ᠠ ᠶᠢ | 90% ᠠᠴᠠ ᠳᠡᠭᠡᠭᠰᠢ ᠳᠤ ᠬᠦᠷᠦᠭᠦᠯᠵᠦ᠂ ᠵᠠᠷᠤᠳᠠᠯ ᠤᠨ ᠣᠷᠣᠭᠤᠯᠤᠯᠲᠠ ᠶᠢ ᠪᠠᠲᠤᠯᠠᠨ᠂ ᠰᠢᠭᠰᠢᠨ ᠪᠠᠶᠢᠴᠠᠭᠠᠬᠤ | ᠨᠣᠷᠮ᠎ᠠ ᠶᠢ ᠳᠡᠭᠡᠭᠰᠢᠯᠡᠭᠦᠯᠦᠨ᠎ᠡ᠃ ᠬᠥᠮᠥᠨ ᠬᠡᠷᠡᠭᠯᠡᠬᠦ ᠨᠢᠭᠡᠴᠢ ᠶᠢᠨ ᠡᠮᠡᠭᠲᠡᠢ ᠠᠵᠢᠯᠲᠠᠨ ᠠᠵᠢᠯᠴᠢᠨ ᠤ ᠡᠷᠡᠭᠦᠯ | ᠮᠡᠨᠳᠦ ᠶᠢ ᠬᠠᠮᠠᠭᠠᠯᠠᠬᠤ ᠠᠵᠢᠯ ᠤᠨ ᠲᠣᠭᠲᠠᠭᠠᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠡᠮᠡᠭᠲᠡᠢ ᠠᠵᠢᠯᠲᠠᠨ | ᠠᠵᠢᠯᠴᠢᠨ ᠤ ᠰᠠᠪᠠ ᠶᠢᠨ ᠬᠦᠵᠦᠭᠦᠨ ᠤ ᠥᠮᠡᠨ ᠪᠠ ᠬᠥᠬᠦᠨ ᠪᠤᠯᠴᠢᠷᠬᠠᠢ ᠶᠢᠨ ᠥᠮᠡᠨ ᠢ ᠲᠣᠭᠲᠠᠮᠠᠯ | ᠬᠤᠭᠤᠴᠠᠭ᠎ᠠ ᠲᠠᠢ ᠪᠠᠷ ᠪᠠᠶᠢᠴᠠᠭᠠᠬᠤ ᠶᠢ ᠶᠠᠪᠤᠭᠳᠠᠭᠤᠯᠤᠨ᠎ᠠ᠃ ᠡᠮᠡᠭᠲᠡᠶᠢᠴᠦᠳ ᠤᠨ 35—45 ᠨᠠᠰᠤᠨ ᠤ ᠦᠶ᠎ᠡ ᠳᠤ | ᠥᠨᠳᠥᠷ ᠪᠦᠲᠦᠮᠵᠢᠲᠡᠶ ᠰᠠᠪᠠ ᠶᠢᠨ ᠬᠦᠵᠦᠭᠦᠨ ᠤ ᠥᠮᠡᠨ ᠤ ᠰᠢᠭᠰᠢᠨ ᠪᠠᠶᠢᠴᠠᠭᠠᠯᠲᠠ ᠶᠢ ᠬᠦᠯᠢᠶᠡᠬᠦ ᠶᠢ | ᠠᠬᠢᠭᠤᠯᠤᠨ᠎ᠠ᠃ ᠰᠠᠪᠠ ᠶᠢᠨ ᠬᠦᠵᠦᠭᠦᠨ ᠤ ᠥᠮᠡᠨ ᠪᠠ ᠬᠥᠬᠦᠨ ᠪᠤᠯᠴᠢᠷᠬᠠᠢ ᠶᠢᠨ ᠥᠮᠡᠨ ᠢ ᠰᠢᠭᠰᠢᠨ ᠪᠠᠶᠢᠴᠠᠭᠠᠬᠤ | ᠪᠠ ᠣᠨᠣᠰᠢᠯᠠᠬᠤ ᠮᠡᠷᠭᠡᠵᠢᠯ ᠤᠨ ᠰᠢᠨ᠎ᠡ ᠶᠢ ᠡᠭᠦᠳᠦᠨ ᠬᠡᠷᠡᠭᠯᠡᠬᠦ ᠶᠢ ᠴᠢᠩᠭᠠᠳᠬᠠᠵᠤ᠂ ᠰᠢᠭᠰᠢᠨ ᠪᠠᠶᠢᠴᠠᠭᠠᠬᠤ ᠪᠠ | ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠬᠢᠨᠠᠨ ᠬᠡᠮᠵᠢᠵᠦ ᠦᠨᠡᠯᠡᠨ ᠵᠢᠱᠢᠬᠦ ᠶᠢ ᠴᠢᠩᠭᠠᠳᠬᠠᠨ᠎ᠠ᠃ ᠰᠢᠭᠰᠢᠨ | ᠪᠠᠶᠢᠴᠠᠭᠠᠬᠤ ᠪᠠ ᠦᠷᠭᠦᠯᠵᠢᠯᠡᠨ ᠣᠨᠣᠰᠢᠯᠠᠨ ᠵᠠᠰᠠᠬᠤ ᠦᠢᠯᠡᠴᠢᠯᠡᠭᠡᠨ ᠢ ᠵᠣᠯᠭᠠᠭᠤᠯᠬᠤ ᠶᠢ ᠴᠢᠩᠭᠠᠷᠠᠭᠤᠯᠵᠤ᠂ ᠡᠷᠲᠡ | ᠣᠨᠣᠰᠢᠯᠠᠵᠤ ᠡᠷᠲᠡ ᠵᠠᠰᠠᠬᠤ ᠶᠢ ᠠᠬᠢᠭᠤᠯᠤᠨ᠎ᠠ᠃ ᠡᠮᠡᠭᠲᠡᠶᠢᠴᠦᠳ ᠤᠨ ᠰᠠᠪᠠ ᠶᠢᠨ ᠬᠦᠵᠦᠭᠦᠨ ᠤ ᠥᠮᠡᠨ ᠪᠠ | ᠬᠥᠬᠦᠨ ᠪᠤᠯᠴᠢᠷᠬᠠᠢ ᠶᠢᠨ ᠥᠮᠡᠨ ᠢ ᠰᠡᠷᠭᠡᠶᠢᠯᠡᠨ ᠵᠠᠰᠠᠬᠤ ᠦᠵᠡᠯ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠦᠨ᠎ᠡ᠃ | ᠵᠣᠬᠢᠬᠤ ᠨᠠᠰᠤᠨ ᠤ ᠡᠮᠡᠭᠲᠡᠶᠢᠴᠦᠳ ᠤᠨ ᠬᠥᠬᠦᠨ ᠲᠣᠪᠴᠢ ᠶᠢᠨ ᠬᠠᠪᠤᠳᠠᠷ ᠤᠨ ᠸᠢᠷᠦ᠋ᠰ ︵HPV︶ ᠤᠨ ᠸᠠᠺᠼᠢᠨ ᠤ | ᠲᠠᠷᠢᠯᠭ᠎ᠠ ᠶᠢᠨ ᠠᠵᠢᠯ ᠢ ᠰᠦᠪᠡᠭᠴᠢᠯᠡᠨ ᠳᠡᠯᠭᠡᠷᠡᠭᠦᠯᠦᠨ᠎ᠡ᠃ ᠰᠠᠪᠠ ᠶᠢᠨ ᠬᠦᠵᠦᠭᠦᠨ ᠤ ᠥᠮᠡᠨ᠂ ᠬᠥᠬᠦᠨ | ᠪᠤᠯᠴᠢᠷᠬᠠᠢ ᠶᠢᠨ ᠥᠮᠡᠨ ᠳᠤ ᠨᠡᠷᠪᠡᠭᠳᠡᠭᠰᠡᠳ ᠤᠨ ᠡᠮ ᠬᠡᠷᠡᠭᠯᠡᠬᠦ ᠳᠠᠷᠤᠭᠠᠰᠤ ᠶᠢ ᠬᠥᠩᠭᠡᠷᠡᠭᠦᠯᠵᠦ᠂ ᠦᠨᠳᠦᠰᠦᠨ ᠡᠮ | ᠡᠮᠨᠡᠯᠭᠡ ᠶᠢᠨ ᠳᠠᠭᠠᠳᠬᠠᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠬᠦᠴᠢᠷᠳᠡᠯ ᠲᠠᠢ ᠡᠪᠡᠳᠴᠢᠲᠡᠨ ᠢ ᠠᠪᠤᠷᠠᠨ ᠲᠤᠰᠠᠯᠠᠬᠤ ᠠᠵᠢᠯ ᠢ ᠴᠢᠩᠭᠠᠳᠬᠠᠨ᠎ᠠ᠃ | 7᠂ ᠡᠮᠡᠭᠲᠡᠶᠢᠴᠦᠳ ᠤᠨ ᠦᠷᠡᠵᠢᠯ ᠤᠨ ᠡᠷᠡᠭᠦᠯ ᠮᠡᠨᠳᠤ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠦᠷᠡᠵᠢᠯ ᠤᠨ ᠵᠠᠮ ᠤᠨ ᠬᠠᠯᠳᠠᠪᠤᠷᠢᠯᠠᠯ᠂ ᠪᠡᠯᠭᠡ ᠶᠢᠨ ᠬᠠᠯᠳᠠᠪᠤᠷᠢᠯᠠᠯ ᠤᠨ ᠡᠪᠡᠳᠴᠢᠨ ᠵᠡᠷᠭᠡ ᠡᠪᠡᠳᠴᠢᠨ ᠡᠮᠭᠡᠭ ᠢ | ᠰᠡᠷᠭᠡᠶᠢᠯᠡᠨ ᠡᠵᠡᠮᠳᠡᠬᠦ ᠮᠡᠳᠡᠯᠭᠡ ᠶᠢ ᠲᠦᠭᠡᠮᠡᠯᠵᠢᠭᠦᠯᠦᠨ᠎ᠡ᠃ ᠰᠤᠷᠭᠠᠭᠤᠯᠢ ᠶᠢᠨ ᠰᠤᠷᠭᠠᠨ ᠬᠥᠮᠦᠵᠢᠯ ᠤᠨ ᠠᠳᠠᠯᠢ | ᠪᠤᠰᠤ ᠱᠠᠲᠤ ᠦᠶ᠎ᠡ ᠳᠤ ᠣᠯᠠᠨ ᠵᠦᠢᠯ ᠤᠨ ᠬᠡᠯᠪᠡᠷᠢ ᠪᠠᠷ ᠰᠢᠨᠵᠢᠯᠡᠬᠦ ᠤᠬᠠᠭᠠᠨᠴᠢ᠂ ᠪᠣᠳᠠᠲᠤ ᠬᠡᠷᠡᠭᠯᠡᠭᠡᠨ ᠤ ᠡᠷᠡᠭᠦᠯ | ᠮᠡᠨᠳᠦ ᠶᠢᠨ ᠰᠤᠷᠭᠠᠨ ᠬᠥᠮᠦᠵᠢᠯ ᠢ ᠥᠷᠨᠢᠭᠦᠯᠵᠦ᠂ ᠡᠷᠡᠭᠦᠯ ᠮᠡᠨᠳᠦ ᠶᠢᠨ ᠰᠤᠷᠭᠠᠨ ᠬᠥᠮᠦᠵᠢᠯ ᠤᠨ ᠬᠢᠴᠢᠶᠡᠯ ᠡᠬᠢᠯᠡᠬᠦ | ᠨᠣᠷᠮ᠎ᠠ ᠶᠢ 100% ᠳᠤ ᠬᠦᠷᠦᠭᠦᠯᠵᠦ᠂ ᠰᠤᠷᠤᠭᠴᠢᠳ ᠤᠨ ᠦᠷᠡᠵᠢᠯ ᠤᠨ ᠡᠷᠡᠭᠦᠯ ᠮᠡᠨᠳᠦ ᠶᠢᠨ ᠮᠡᠳᠡᠯᠭᠡ ᠶᠢ | ᠡᠵᠡᠮᠰᠢᠬᠦ ᠶᠢ ᠠᠬᠢᠭᠤᠯᠤᠨ᠂ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠷᠡᠭᠲᠡᠢ ᠡᠮᠡᠭᠲᠡᠢ ᠶᠢᠨ | ᠪᠡᠯᠭᠡ ᠶᠢᠨ ᠶᠣᠰᠣ ᠮᠣᠷᠠᠯ᠂ ᠪᠡᠯᠭᠡ ᠶᠢᠨ ᠡᠷᠡᠭᠦᠯ ᠮᠡᠨᠳᠦ᠂ ᠪᠡᠯᠭᠡ ᠶᠢᠨ ᠠᠮᠤᠷ ᠲᠦᠪᠰᠢᠨ ᠤ ᠦᠵᠡᠯ ᠤᠬᠠᠮᠰᠠᠷ ᠢ | ᠴᠢᠩᠭᠠᠳᠬᠠᠵᠤ᠂ ᠵᠢᠷᠮᠦᠰᠦᠯᠡᠬᠦ ᠶᠢ ᠬᠤᠷᠢᠭᠯᠠᠬᠤ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠬᠦ ᠶᠢ ᠰᠠᠨᠠᠭᠠᠴᠢᠯᠠᠨ᠎ᠠ᠃ | ᠦᠷᠡᠵᠢᠯ ᠤᠨ ᠡᠷᠡᠭᠦᠯ ᠮᠡᠨᠳᠦ ᠶᠢᠨ ᠦᠢᠯᠡᠴᠢᠯᠡᠭᠡ ᠶᠢ ᠡᠮᠡᠭᠲᠡᠶᠢᠴᠦᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ | ᠪᠥᠬᠦ ᠶᠠᠪᠤᠴᠠ ᠳᠤ ᠠᠭᠤᠰᠬᠠᠵᠤ᠂ ᠡᠮᠡᠭᠲᠡᠶᠢᠴᠦᠳ ᠤᠨ ᠵᠢᠷᠮᠦᠰᠦᠯᠡᠬᠦ ᠶᠢ ᠬᠤᠷᠢᠭᠯᠠᠵᠤ ᠦᠷᠡᠵᠢᠬᠦ ᠶᠢ | ᠬᠢᠵᠠᠭᠠᠷᠯᠠᠬᠤ ᠪᠠᠶᠢᠳᠠᠯ ᠢ ᠡᠵᠡᠨᠮᠡᠳᠡᠵᠦ ᠰᠤᠩᠭᠤᠬᠤ ᠶᠢ ᠪᠠᠲᠤᠯᠠᠨ᠎ᠠ᠃ ᠵᠢᠷᠮᠦᠰᠦᠯᠡᠬᠦ ᠶᠢ ᠬᠤᠷᠢᠭᠯᠠᠬᠤ ᠦᠨᠳᠦᠰᠦᠨ | ᠦᠢᠯᠡᠴᠢᠯᠡᠭᠡᠨ ᠤ ᠲᠥᠷᠥᠯ ᠵᠦᠢᠯ ᠢ ᠨᠠᠶᠢᠳᠠᠪᠤᠷᠢᠵᠢᠭᠤᠯᠵᠤ᠂ ᠬᠥᠩᠭᠡᠵᠢᠭᠰᠡᠨ ᠤ ᠳᠠᠷᠠᠭᠠᠬᠢ ᠪᠠ ᠣᠷᠤᠭ | ᠤᠨᠠᠭᠠᠭᠰᠠᠨ ᠤ ᠳᠠᠷᠠᠭᠠᠬᠢ ᠵᠢᠷᠮᠦᠰᠦᠯᠡᠬᠦ ᠶᠢ ᠬᠤᠷᠢᠭᠯᠠᠵᠤ ᠦᠷᠡᠵᠢᠬᠦ ᠶᠢ ᠬᠢᠵᠠᠭᠠᠷᠯᠠᠬᠤ ᠦᠢᠯᠡᠴᠢᠯᠡᠭᠡ ᠶᠢ | ᠴᠢᠩᠭᠠᠳᠬᠠᠨ᠂ ᠦᠢᠯᠡᠴᠢᠯᠡᠭᠡᠨ ᠤ ᠪᠣᠯᠣᠮᠵᠢᠲᠤ ᠴᠢᠨᠠᠷ ᠢ ᠳᠡᠭᠡᠭᠰᠢᠯᠡᠭᠦᠯᠵᠦ᠂ ᠰᠠᠨᠠᠭᠠᠨ ᠳᠤ ᠦᠭᠡᠢ ᠪᠠᠷ ᠵᠢᠷᠮᠦᠰᠦᠯᠡᠬᠦ ᠶᠢ | ᠤᠷᠢᠳᠴᠢᠯᠠᠨ ᠰᠡᠷᠭᠡᠶᠢᠯᠡᠨ᠎ᠡ᠃ ᠤᠷᠤᠭᠯᠠᠬᠤ ᠠᠴᠠ ᠡᠮᠦᠨᠡᠬᠢ ᠡᠮᠨᠡᠯᠭᠡ ᠶᠢᠨ ᠤᠬᠠᠭᠠᠨ ᠤ ᠪᠠᠶᠢᠴᠠᠭᠠᠯᠲᠠ᠂ | ᠵᠢᠷᠮᠦᠰᠦᠯᠡᠬᠦ ᠠᠴᠠ ᠡᠮᠦᠨᠡᠬᠢ ᠡᠷᠡᠭᠦᠯ ᠮᠡᠨᠳᠦ ᠶᠢᠨ ᠪᠠᠶᠢᠴᠠᠭᠠᠯᠲᠠ᠂ ᠨᠠᠪᠴᠢᠨ ᠤ ᠬᠦᠴᠢᠯ ᠵᠡᠷᠭᠡ ᠶᠢ ᠨᠦᠬᠦᠪᠦᠷᠢᠯᠡᠬᠦ | ᠤᠷᠤᠭᠯᠠᠬᠤ ᠠᠴᠠ ᠡᠮᠦᠨᠡᠬᠢ ᠵᠢᠷᠮᠦᠰᠦᠯᠡᠬᠦ ᠠᠴᠠ ᠡᠮᠦᠨᠡᠬᠢ ᠡᠷᠡᠭᠦᠯ ᠮᠡᠨᠳᠦ ᠶᠢ ᠬᠠᠮᠠᠭᠠᠯᠠᠬᠤ ᠦᠢᠯᠡᠴᠢᠯᠡᠭᠡ ᠶᠢ ᠨᠡᠩ | ᠲᠥᠪ ᠭᠤᠣᠯᠴᠢ ᠪᠣᠯᠭᠠᠨ᠎ᠠ᠃ ᠠᠨᠠᠭᠠᠬᠤ ᠤᠬᠠᠭᠠᠨ ᠤ ᠬᠡᠷᠡᠭᠴᠡᠭᠡ ᠦᠭᠡᠢ ᠬᠥᠮᠥᠨ ᠤ ᠬᠦᠴᠦ ᠪᠠᠷ ᠤᠷᠤᠭ | ᠤᠨᠠᠭᠠᠬᠤ ᠶᠢ ᠪᠠᠭᠠᠰᠬᠠᠨ᠎ᠠ᠃ ᠡᠮᠡᠭᠲᠡᠶᠢᠴᠦᠳ ᠤᠨ ᠡᠷᠡᠭᠦᠯ ᠮᠡᠨᠳᠦ ᠠᠮᠤᠷ ᠲᠦᠪᠰᠢᠨ ᠤ ᠬᠡᠷᠡᠭᠰᠡᠯ ᠤᠨ ᠦᠢᠯᠡᠳᠬᠦᠨ ᠤ | ᠶᠠᠰᠤ ᠴᠢᠨᠠᠷ ᠤᠨ ᠪᠠᠲᠤᠯᠠᠭ᠎ᠠ ᠶᠢ ᠴᠢᠩᠭᠠᠳᠬᠠᠨ᠎ᠠ᠃ ᠵᠢᠷᠮᠦᠰᠦᠯᠡᠬᠦ ᠦᠭᠡᠢ ᠬᠡᠦᠬᠡᠳ ᠠᠪᠬᠤ ᠦᠭᠡᠢ ᠡᠪᠡᠳᠴᠢᠨ ᠢ | ᠣᠨᠣᠰᠢᠯᠠᠨ ᠡᠮᠨᠡᠬᠦ ᠦᠢᠯᠡᠴᠢᠯᠡᠭᠡ ᠶᠢ ᠵᠢᠷᠤᠮᠵᠢᠭᠤᠯᠤᠨ᠎ᠠ᠃ ᠬᠦᠮᠦᠨ ᠲᠥᠷᠥᠯᠬᠢᠲᠡᠨ ᠤ ᠲᠤᠰᠠᠯᠠᠬᠤ ᠦᠷᠡᠵᠢᠯ ᠤᠨ | ᠮᠡᠷᠭᠡᠵᠢᠯ ᠤᠨ ᠬᠡᠷᠡᠭᠯᠡᠯᠲᠡ ᠶᠢ ᠵᠢᠷᠤᠮᠵᠢᠭᠤᠯᠤᠨ᠎ᠠ᠃ | 8᠂ ᠠᠶᠢᠽ ᠡᠪᠡᠳᠴᠢᠨ ᠲᠡᠮᠪᠦᠦ ᠶᠠᠷ᠎ᠠ ᠡᠯᠢᠭᠡᠨ ᠤ B ᠦᠷᠪᠢᠰᠦᠯ ᠤᠨ ᠡᠬᠡ ᠨᠢᠯᠬ᠎ᠠ ᠶᠢᠨ ᠬᠠᠯᠳᠠᠪᠤᠷᠢᠯᠠᠯ ᠢ | ᠰᠡᠷᠭᠡᠶᠢᠯᠡᠨ ᠴᠢᠩᠭᠠᠳᠬᠠᠨ᠎ᠠ᠃ ᠬᠥᠩᠭᠡᠵᠢᠬᠦ ᠠᠴᠠ ᠡᠮᠦᠨᠡᠬᠢ ᠰᠢᠭᠰᠢᠨ ᠪᠠᠶᠢᠴᠠᠭᠠᠬᠤ ᠪᠠ ᠬᠥᠩᠭᠡᠵᠢᠬᠦ ᠠᠴᠠ ᠡᠮᠦᠨᠡᠬᠢ | ᠣᠨᠣᠰᠢᠯᠠᠯᠲᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠠᠶᠢᠽ ᠡᠪᠡᠳᠴᠢᠨ᠂ ᠲᠡᠮᠪᠦᠦ ᠪᠠ ᠡᠯᠢᠭᠡᠨ ᠤ B | ᠦᠷᠪᠢᠰᠦᠯ ᠤᠨ ᠡᠬᠡ ᠨᠢᠯᠬᠠᠰ ᠤᠨ ᠬᠠᠯᠳᠠᠪᠤᠷᠢᠯᠠᠯ ᠢ ᠤᠷᠢᠳᠴᠢᠯᠠᠨ ᠰᠡᠷᠭᠡᠶᠢᠯᠡᠬᠦ ᠶᠡᠷᠦᠩᠬᠡᠶᠢᠯᠡᠭᠰᠡᠨ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠢᠷᠮᠦᠰᠦᠨ ᠤ ᠡᠬᠢᠨ ᠤ ᠬᠤᠭᠤᠴᠠᠭᠠᠨ ᠤ | ᠪᠠᠶᠢᠴᠠᠭᠠᠨ ᠰᠢᠯᠭᠠᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠠᠶᠢᠽ ᠡᠪᠡᠳᠴᠢᠨ ᠢ ᠰᠡᠷᠭᠡᠶᠢᠯᠡᠨ ᠡᠵᠡᠮᠳᠡᠬᠦ ᠡᠷᠴᠢᠮ | ᠢᠨᠡᠮᠡᠭᠳᠡᠭᠦᠯᠦᠨ᠂ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠮᠡᠳᠡᠯᠭᠡ ᠪᠠ ᠬᠠᠮᠢᠶ᠎ᠠ ᠪᠦᠬᠦᠢ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠨ᠂ ᠡᠮᠡᠭᠲᠡᠶᠢᠴᠦᠳ ᠤᠨ ᠰᠡᠷᠭᠡᠶᠢᠯᠡᠬᠦ ᠦᠵᠡᠯ ᠤᠬᠠᠮᠰᠠᠷ ᠪᠠ | ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠮᠡᠭᠲᠡᠶᠢᠴᠦᠳ ᠲᠤ ᠬᠠᠯᠳᠠᠪᠤᠷᠢᠯᠠᠭᠳᠠᠭᠰᠠᠳ ᠢᠯᠠᠩᠭᠤᠶ᠎ᠠ ᠨᠡᠭᠦᠳᠡᠯ | ᠡᠮᠡᠭᠲᠡᠶᠢᠴᠦᠳ ᠲᠤ ᠬᠠᠯᠳᠠᠪᠤᠷᠢᠯᠠᠭᠳᠠᠭᠰᠠᠳ ᠤᠨ ᠡᠮ ᠡᠮᠨᠡᠯᠭᠡ ᠶᠢᠨ ᠦᠢᠯᠡᠴᠢᠯᠡᠭᠡ ᠶᠢ ᠴᠢᠩᠭᠠᠳᠬᠠᠵᠤ᠂ ᠳᠠᠭᠠᠵᠤ | ᠰᠤᠷᠪᠤᠯᠵᠢᠯᠠᠬᠤ ᠨᠤᠷᠮ᠎ᠠ ᠶᠢ ᠳᠡᠭᠡᠭᠰᠢᠯᠡᠭᠦᠯᠦᠨ᠎ᠡ᠃ ᠵᠢᠷᠮᠦᠰᠦᠨ ᠡᠮᠡᠭᠲᠡᠢ ᠪᠠ ᠬᠥᠩᠭᠡᠵᠢᠭᠰᠡᠨ ᠡᠮᠡᠭᠲᠡᠢ ᠶᠢᠨ | ᠬᠠᠯᠳᠠᠪᠤᠷᠢᠯᠠᠭᠰᠠᠳ ᠵᠢᠴᠢ ᠲᠡᠳᠡᠨᠤᠰ ᠤᠨ ᠭᠡᠷ ᠪᠦᠯᠢ ᠳᠤ ᠣᠯᠠᠨ ᠵᠦᠢᠯ ᠤᠨ ᠬᠡᠯᠪᠡᠷᠢ ᠶᠢᠨ ᠡᠷᠡᠭᠦᠯ ᠮᠡᠨᠳᠦ ᠶᠢᠨ | ᠯᠠᠪᠯᠠᠯᠭ᠎ᠠ᠂ ᠰᠡᠳᠬᠢᠴᠡ ᠪᠠ ᠨᠡᠶᠢᠭᠡᠮ ᠤᠨ ᠳᠡᠮᠵᠢᠯᠭᠡ ᠵᠡᠷᠭᠡ ᠦᠢᠯᠡᠴᠢᠯᠡᠭᠡ ᠬᠠᠩᠭᠠᠨ᠎ᠠ᠃ | 9᠂ ᠡᠮᠡᠭᠲᠡᠶᠢᠴᠦᠳ ᠤᠨ ᠰᠡᠳᠬᠢᠴᠡ ᠶᠢᠨ ᠡᠷᠡᠭᠦᠯ ᠮᠡᠨᠳᠤ ᠶᠢ ᠠᠬᠢᠭᠤᠯᠤᠨ᠎ᠠ᠃ ᠰᠡᠳᠬᠢᠴᠡ ᠶᠢᠨ ᠡᠷᠡᠭᠦᠯ | ᠮᠡᠨᠳᠦ ᠶᠢᠨ ᠬᠠᠮᠢᠶ᠎ᠠ ᠪᠦᠬᠦᠢ ᠮᠡᠳᠡᠯᠭᠡ ᠶᠢᠨ ᠤᠬᠠᠭᠤᠯᠭ᠎ᠠ ᠶᠢ ᠴᠢᠩᠭᠠᠳᠬᠠᠵᠤ᠂ ᠡᠮᠡᠭᠲᠡᠶᠢᠴᠦᠳ ᠤᠨ ᠬᠡᠷᠡᠭᠴᠡᠭᠡ ᠶᠢ | ᠦᠨᠳᠦᠰᠦᠯᠡᠨ ᠰᠡᠳᠬᠢᠴᠡ ᠶᠢᠨ ᠵᠥᠪᠯᠡᠯᠭᠡ ᠥᠭᠬᠦ᠂ ᠦᠨᠡᠯᠡᠨ ᠵᠢᠱᠢᠬᠦ ᠪᠠ ᠵᠢᠯᠤᠭᠤᠳᠬᠤ ᠶᠢ ᠥᠷᠨᠢᠭᠦᠯᠵᠦ᠂ | ᠡᠮᠡᠭᠲᠡᠶᠢᠴᠦᠳ ᠤᠨ ᠰᠡᠳᠬᠢᠴᠡ ᠶᠢᠨ ᠵᠣᠬᠢᠴᠠᠭᠤᠯᠭ᠎ᠠ ᠶᠢᠨ ᠦᠨᠳᠦᠰᠦᠨ ᠠᠷᠭ᠎ᠠ ᠶᠢ ᠡᠵᠡᠮᠰᠢᠬᠦ ᠶᠢ ᠠᠬᠢᠭᠤᠯᠤᠨ᠂ | ᠭᠠᠩᠰᠠᠷᠠᠬᠤ᠂ ᠵᠣᠪᠠᠨᠢᠬᠤ ᠵᠡᠷᠭᠡ ᠰᠡᠳᠬᠢᠴᠡ ᠶᠢᠨ ᠠᠰᠠᠭᠤᠳᠠᠯ ᠢ ᠤᠷᠢᠳᠴᠢᠯᠠᠨ ᠰᠡᠷᠭᠡᠶᠢᠯᠡᠨ᠎ᠡ᠃ ᠰᠡᠳᠬᠢᠴᠡ ᠶᠢᠨ | ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠰᠡᠳᠬᠢᠴᠡ ᠶᠢᠨ ᠡᠷᠡᠭᠦᠯ ᠮᠡᠨᠳᠦ ᠶᠢᠨ | ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠵᠠᠯᠠᠭᠤ ᠨᠠᠰᠤᠨ ᠤ ᠦᠶ᠎ᠡ᠂ ᠵᠢᠷᠮᠦᠰᠦᠯᠡᠵᠦ | ᠬᠥᠩᠭᠡᠵᠢᠬᠦ ᠬᠤᠭᠤᠴᠠᠭ᠎ᠠ᠂ ᠴᠡᠪᠡᠷᠰᠢᠬᠦ ᠬᠤᠭᠤᠴᠠᠭ᠎ᠠ ᠪᠠ ᠥᠲᠡᠭᠦᠰ ᠬᠤᠭᠤᠴᠠᠭᠠᠨ ᠤ ᠡᠮᠡᠭᠲᠡᠶᠢᠴᠦᠳ ᠤᠨ | ᠰᠡᠳᠬᠢᠴᠡ ᠶᠢᠨ ᠡᠷᠡᠭᠦᠯ ᠮᠡᠨᠳᠦ ᠶᠢ ᠭᠤᠣᠯᠳᠠᠯᠭ᠎ᠠ ᠲᠠᠢ ᠠᠩᠬᠠᠷᠤᠨ᠎ᠠ᠃ ᠡᠮᠡᠭᠲᠡᠶᠢᠴᠦᠳ ᠤᠨ ᠡᠷᠡᠭᠦᠯ ᠮᠡᠨᠳᠦ ᠶᠢ | ᠬᠠᠮᠠᠭᠠᠯᠠᠬᠤ ᠪᠠ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠳᠤᠮᠳᠠᠬᠢ ᠰᠡᠳᠬᠢᠴᠡ ᠶᠢᠨ ᠵᠥᠪᠯᠡᠯᠭᠡ ᠥᠭᠬᠦ ᠪᠠ | ᠡᠮᠨᠡᠨ ᠵᠠᠰᠠᠬᠤ ᠮᠡᠷᠭᠡᠵᠢᠯ ᠤᠨ ᠬᠡᠷᠡᠭᠯᠡᠯᠲᠡ ᠶᠢ ᠴᠢᠩᠭᠠᠳᠬᠠᠨ᠎ᠠ᠃ ᠬᠡᠷᠡᠭᠯᠡᠭᠡᠨ ᠤ ᠬᠡᠯᠪᠡᠷᠢ ᠶᠢᠨ ᠰᠡᠳᠬᠢᠴᠡ ᠶᠢᠨ | ᠡᠷᠡᠭᠦᠯ ᠮᠡᠨᠳᠦ ᠪᠠ ᠨᠡᠶᠢᠭᠡᠮ ᠤᠨ ᠠᠵᠢᠯᠲᠠᠨ ᠢ ᠬᠥᠮᠥᠵᠢᠭᠦᠯᠬᠦ ᠡᠷᠴᠢᠮ ᠢ ᠴᠢᠩᠭᠠᠷᠠᠭᠤᠯᠵᠤ᠂ ᠡᠮᠴᠢᠯᠡᠭᠡᠨ ᠤ | ᠪᠠᠶᠢᠭᠤᠯᠤᠮᠵᠢ᠂ ᠰᠡᠳᠬᠢᠴᠡ ᠶᠢᠨ ᠡᠷᠡᠭᠦᠯ ᠮᠡᠨᠳᠦ ᠪᠠ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ | ᠡᠮᠡᠭᠲᠡᠶᠢᠴᠦᠳ ᠲᠤ ᠵᠢᠷᠤᠮᠵᠢᠭᠰᠠᠨ ᠦᠢᠯᠡᠴᠢᠯᠡᠭᠡ ᠬᠠᠩᠭᠠᠬᠤ ᠶᠢ ᠠᠬᠢᠭᠤᠯᠤᠨ᠎ᠠ᠃ ᠨᠡᠶᠢᠭᠡᠮ | ᠲᠣᠭᠤᠷᠢᠭ ᠬᠡᠷᠡᠭᠴᠡᠭᠡ ᠲᠠᠢ ᠡᠮᠡᠭᠲᠡᠶᠢᠴᠦᠳ ᠲᠤ ᠰᠡᠳᠬᠢᠴᠡ ᠶᠢᠨ ᠡᠷᠡᠭᠦᠯ ᠮᠡᠨᠳᠦ ᠶᠢᠨ ᠦᠢᠯᠡᠴᠢᠯᠡᠭᠡ ᠳᠡᠮᠵᠢᠯᠭᠡ | ᠬᠠᠩᠭᠠᠬᠤ ᠶᠢ ᠵᠣᠷᠢᠭᠵᠢᠭᠤᠯᠤᠨ᠎ᠠ᠃ | 10᠂ ᠡᠮᠡᠭᠲᠡᠶᠢᠴᠦᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠃ ᠡᠷᠡᠭᠦᠯ | ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠡᠮᠡᠭᠲᠡᠶᠢᠴᠦᠳ ᠤᠨ ᠡᠷᠡᠭᠦᠯ ᠮᠡᠨᠳᠦ ᠶᠢᠨ | ᠮᠡᠳᠡᠯᠭᠡ ᠶᠢ ᠲᠦᠭᠡᠮᠡᠯᠵᠢᠭᠦᠯᠬᠦ ᠡᠷᠴᠢᠮ ᠢ ᠴᠢᠩᠭᠠᠷᠠᠭᠤᠯᠵᠤ᠂ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠲᠤᠰᠬᠠᠢ ᠮᠡᠷᠭᠡᠵᠢᠯᠲᠡᠨ ᠤ ᠬᠥᠮᠥᠷᠭᠡ ᠪᠠ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠤᠨ | ᠲᠡᠭᠦᠯᠳᠡᠷᠵᠢᠭᠦᠯᠵᠦ᠂ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ | ᠦᠷᠭᠦᠯᠵᠢᠯᠡᠨ ᠭᠦᠨᠵᠡᠭᠡᠢ ᠥᠷᠨᠢᠭᠦᠯᠵᠦ᠂ ᠡᠮᠡᠭᠲᠡᠶᠢᠴᠦᠳ ᠤᠨ ᠡᠷᠡᠭᠦᠯ ᠮᠡᠨᠳᠦ ᠶᠢᠨ ᠮᠡᠳᠡᠭᠡ ᠵᠠᠩᠭᠢ ᠶᠢ | ᠵᠢᠷᠤᠮᠵᠢᠭᠤᠯᠤᠨ ᠨᠡᠶᠢᠲᠡᠯᠡᠵᠦ᠂ ᠡᠮᠡᠭᠲᠡᠶᠢᠴᠦᠳ ᠢᠯᠠᠩᠭᠤᠶ᠎ᠠ ᠬᠥᠳᠡᠭᠡ ᠲᠣᠰᠬᠤᠨ ᠤ ᠡᠮᠡᠭᠲᠡᠶᠢᠴᠦᠳ ᠢ ᠬᠥᠲᠥᠯᠥᠨ | ᠵᠢᠯᠤᠭᠤᠳᠴᠤ ᠪᠠᠶᠢᠭᠠᠳ ᠰᠢᠨᠵᠢᠯᠡᠬᠦ ᠤᠬᠠᠭᠠᠨᠴᠢ ᠡᠷᠡᠭᠦᠯ ᠮᠡᠨᠳᠦ ᠶᠢᠨ ᠣᠨᠣᠯᠵᠢᠬᠤᠨ ᠢ ᠪᠣᠶ ᠪᠣᠯᠭᠠᠵᠤ᠂ ᠡᠷᠡᠭᠦᠯ | ᠮᠡᠨᠳᠦ ᠶᠢᠨ ᠮᠡᠳᠡᠯᠭᠡ ᠶᠢ ᠰᠤᠷᠤᠯᠴᠠᠭᠤᠯᠤᠨ᠂ ᠪᠡᠶ᠎ᠡ ᠰᠡᠳᠬᠢᠯ ᠤᠨ ᠡᠷᠡᠭᠦᠯ ᠮᠡᠨᠳᠦ᠂ ᠡᠪᠡᠳᠴᠢᠨ ᠡᠮᠭᠡᠭ ᠢ | ᠤᠷᠢᠳᠴᠢᠯᠠᠨ ᠰᠡᠷᠭᠡᠶᠢᠯᠡᠬᠦ᠂ ᠰᠢᠨᠵᠢᠯᠡᠬᠦ ᠤᠬᠠᠭᠠᠨᠴᠢ ᠪᠠᠷ ᠡᠮᠨᠡᠭᠦᠯᠬᠦ᠂ ᠵᠦᠢ ᠵᠣᠬᠢᠰᠲᠠᠢ ᠪᠠᠷ ᠡᠮ ᠬᠡᠷᠡᠭᠯᠡᠬᠦ ᠵᠡᠷᠭᠡ | ᠮᠡᠳᠡᠯᠭᠡ ᠴᠢᠳᠠᠪᠤᠷᠢ ᠶᠢ ᠡᠵᠡᠮᠰᠢᠭᠦᠯᠬᠦ ᠬᠡᠷᠡᠭᠲᠡᠢ᠃ ᠡᠮᠡᠭᠲᠡᠶᠢᠴᠦᠳ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ | ᠡᠵᠡᠮᠳᠡᠬᠦ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ ᠳᠤ ᠣᠷᠤᠯᠴᠠᠬᠤ ᠤᠬᠠᠮᠰᠠᠷ ᠪᠠ ᠴᠢᠳᠠᠪᠤᠷᠢ ᠶᠢ | ᠳᠡᠭᠡᠭᠰᠢᠯᠡᠭᠦᠯᠦᠨ᠎ᠡ᠃ ᠡᠮᠡᠭᠲᠡᠶᠢᠴᠦᠳ ᠲᠤ ᠬᠠᠨᠳᠤᠭᠤᠯᠤᠨ ᠲᠠᠮᠠᠬᠢᠨ ᠤ ᠬᠤᠣᠷ ᠬᠥᠨᠥᠭᠡᠯ ᠢ ᠬᠢᠵᠠᠭᠠᠷᠯᠠᠬᠤ᠂ | ᠠᠷᠢᠬᠢᠨ ᠳᠤ ᠰᠣᠭᠲᠣᠬᠤ ᠶᠢ ᠲᠡᠪᠴᠢᠬᠦ᠂ ᠬᠤᠣᠷᠲᠤ ᠡᠳ᠋ ᠠᠴᠠ ᠬᠤᠯᠠ ᠵᠠᠶᠢᠳᠠᠬᠤ ᠤᠬᠠᠭᠤᠯᠭ᠎ᠠ ᠬᠥᠮᠦᠵᠢᠯ ᠢ | ᠥᠷᠨᠢᠭᠦᠯᠦᠨ᠎ᠡ᠃ ᠡᠮᠡᠭᠲᠡᠶᠢᠴᠦᠳ ᠢ ᠬᠥᠲᠥᠯᠥᠨ ᠵᠢᠯᠤᠭᠤᠳᠴᠤ ᠪᠠᠶᠢᠭᠠᠳ ᠤᠯᠤᠰ ᠢᠶᠠᠨ ᠬᠠᠶᠢᠷᠠᠯᠠᠬᠤ ᠡᠷᠡᠭᠦᠯ | ᠬᠠᠮᠠᠭᠠᠯᠠᠯ ᠤᠨ ᠠᠵᠢᠯᠯᠠᠭᠠᠨ ᠳᠤ ᠢᠳᠡᠪᠬᠢᠲᠡᠢ ᠣᠷᠣᠯᠴᠠᠭᠤᠯᠵᠤ᠂ ᠪᠣᠯᠪᠠᠰᠤᠨ ᠡᠷᠡᠭᠦᠯ ᠠᠮᠢᠳᠤᠷᠠᠯ ᠤᠨ ᠠᠷᠭ᠎ᠠ | ᠮᠠᠶ᠋ᠢᠭ ᠢ ᠪᠤᠢ ᠪᠣᠯᠭᠠᠨ᠎ᠠ᠃ | 11᠂ ᠡᠮᠡᠭᠲᠡᠶᠢᠴᠦᠳ ᠤᠨ ᠰᠢᠮ᠎ᠡ ᠲᠡᠵᠢᠭᠡᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠢᠮ᠎ᠡ ᠲᠡᠵᠢᠭᠡᠯ | ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ ᠦᠷᠭᠦᠯᠵᠢᠯᠡᠨ | ᠥᠷᠨᠢᠭᠦᠯᠵᠦ᠂ ︽ᠢᠨᠲ᠋ᠧᠷ ᠰᠦᠯᠵᠢᠶ᠎ᠡ︾ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠡᠷᠡᠭᠦᠯ ᠮᠡᠨᠳᠦ ᠶᠢᠨ | ᠲᠠᠯ᠎ᠠ ᠪᠠᠷ ᠬᠢ ᠳᠥᠭᠦᠮ ᠳᠥᠲᠡ ᠯᠠᠪᠯᠠᠭ᠎ᠠ ᠵᠡᠷᠭᠡ ᠦᠢᠯᠡᠴᠢᠯᠡᠭᠡ ᠶᠢ ᠬᠠᠩᠭᠠᠨ᠎ᠠ᠃ ᠲᠤᠬᠠᠢ ᠶᠢᠨ ᠭᠠᠵᠠᠷ ᠣᠷᠣᠨ ᠤ | ᠪᠠᠶᠢᠳᠠᠯ ᠳᠤᠨᠢ ᠲᠣᠬᠢᠷᠠᠭᠤᠯᠤᠨ ᠰᠢᠮ᠎ᠡ ᠲᠡᠵᠢᠭᠡᠯ ᠪᠠ ᠢᠳᠡᠭᠡᠨ ᠤᠮᠳᠠᠭᠠᠨ ᠤ ᠵᠢᠯᠣᠭᠤᠳᠤᠯᠭ᠎ᠠ ᠶᠢ ᠥᠷᠨᠢᠭᠦᠯᠵᠦ᠂ | ᠡᠮᠡᠭᠲᠡᠶᠢᠴᠦᠳ ᠤᠨ ᠰᠢᠮ᠎ᠡ ᠲᠡᠵᠢᠭᠡᠯ ᠤᠨ ᠱᠣᠰᠢᠭ᠎ᠠ ᠶᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠦᠨ᠂ | ᠡᠮᠡᠭᠲᠡᠶᠢᠴᠦᠳ ᠤᠨ ᠰᠢᠮ᠎ᠡ ᠲᠡᠵᠢᠭᠡᠯ ᠤᠨ ᠮᠡᠳᠡᠯᠭᠡ ᠶᠢ ᠰᠤᠷᠤᠯᠴᠠᠨ ᠡᠵᠡᠮᠰᠢᠬᠦ ᠶᠢ ᠠᠬᠢᠭᠤᠯᠵᠤ᠂ ᠢᠳᠡᠭᠡᠨ ᠤᠮᠳᠠᠭᠠᠨ᠂ | ᠬᠦᠳᠡᠯᠭᠡᠭᠡᠨ ᠤ ᠲᠡᠩᠴᠡᠭᠦᠷᠢ ᠶᠢ ᠲᠡᠩᠴᠡᠭᠦᠯᠵᠦ᠂ ᠰᠢᠮ᠎ᠡ ᠲᠡᠵᠢᠭᠡᠯ ᠳᠤᠲᠠᠭᠳᠠᠬᠤ ᠪᠠ ᠮᠠᠷᠢᠶᠠᠯᠠᠬᠤ ᠶᠢ ᠰᠡᠷᠭᠡᠶᠢᠯᠡᠨ | ᠬᠢᠵᠠᠭᠠᠷᠯᠠᠬᠤ ᠶᠢᠨ ᠬᠠᠮᠲᠤ ᠭᠡᠷ ᠪᠦᠯᠢ ᠶᠢᠨ ᠪᠦᠷᠢᠯᠳᠦᠭᠦᠨ ᠢᠶᠠᠨ ᠬᠥᠲᠥᠯᠥᠨ ᠵᠢᠯᠤᠭᠤᠳᠴᠤ ᠪᠠᠶᠢᠭᠠᠳ ᠡᠷᠡᠭᠦᠯ | ᠴᠢᠭᠢᠷᠠᠭ ᠠᠮᠢᠳᠤᠷᠠᠯ ᠤᠨ ᠳᠠᠳᠬᠠᠯ ᠲᠠᠢ ᠪᠣᠯᠭᠠᠨ᠎ᠠ᠃ ᠠᠳᠠᠯᠢ ᠪᠤᠰᠤ ᠨᠠᠰᠤᠨ ᠤ ᠱᠠᠲᠤ ᠦᠶ᠎ᠡ ᠶᠢᠨ | ᠡᠮᠡᠭᠲᠡᠶᠢᠴᠦᠳ ᠤᠨ ᠬᠠᠮᠲᠤᠯᠢᠭ ᠲᠤ ᠬᠠᠨᠳᠤᠭᠤᠯᠤᠨ ᠰᠢᠮ᠎ᠡ ᠲᠡᠵᠢᠭᠡᠯ ᠡᠷᠡᠭᠦᠯ ᠮᠡᠨᠳᠦ ᠶᠢᠨ ᠤᠬᠠᠭᠤᠯᠭ᠎ᠠ ᠶᠢᠨ | ᠮᠡᠳᠡᠭᠡ ᠵᠠᠩᠭᠢ ᠪᠠ ᠦᠢᠯᠡᠳᠬᠦᠨ ᠢ ᠨᠡᠭᠡᠭᠡᠨ ᠬᠥᠭᠵᠢᠭᠦᠯᠵᠦ᠂ ᠬᠠᠨᠳᠤᠯᠭᠠᠲᠤ ᠴᠢᠨᠠᠷᠲᠠᠢ ᠦᠢᠯᠡᠴᠢᠯᠡᠭᠡ ᠬᠠᠩᠭᠠᠨ᠎ᠠ᠃ | ᠵᠢᠷᠮᠦᠰᠦᠨ ᠡᠮᠡᠭᠲᠡᠢ ᠪᠠ ᠬᠥᠩᠭᠡᠵᠢᠭᠰᠡᠨ ᠡᠮᠡᠭᠲᠡᠢ ᠶᠢᠨ ᠰᠢᠮ᠎ᠡ ᠲᠡᠵᠢᠭᠡᠯ ᠢ ᠬᠢᠨᠠᠨ ᠬᠡᠮᠵᠢᠬᠦ ᠪᠠ ᠲᠣᠭᠲᠠᠮᠠᠯ | ᠬᠤᠭᠤᠴᠠᠭ᠎ᠠ ᠲᠠᠢ ᠪᠠᠷ ᠦᠨᠡᠯᠡᠨ ᠵᠢᠱᠢᠬᠦ ᠠᠵᠢᠯ ᠢ ᠥᠷᠨᠢᠭᠦᠯᠵᠦ᠂ ᠵᠢᠷᠮᠦᠰᠦᠨ ᠡᠮᠡᠭᠲᠡᠢ ᠪᠠ ᠬᠥᠩᠭᠡᠵᠢᠭᠰᠡᠨ | ᠡᠮᠡᠭᠲᠡᠢ ᠶᠢᠨ ᠲᠡᠮᠦᠷ ᠳᠤᠲᠠᠬᠤ ᠴᠢᠨᠠᠷᠲᠠᠢ ᠴᠢᠰᠤ ᠳᠤᠲᠠᠬᠤ ᠶᠠᠪᠤᠳᠠᠯ ᠢ ᠤᠷᠢᠳᠴᠢᠯᠠᠨ ᠰᠡᠷᠭᠡᠶᠢᠯᠡᠬᠦ ᠪᠠ ᠡᠮᠨᠡᠨ | ᠵᠠᠰᠠᠨ᠎ᠠ᠃ ᠨᠠᠰᠤ ᠠᠬᠢᠭᠰᠠᠨ ᠡᠮᠡᠭᠲᠡᠶᠢᠴᠦᠳ ᠤᠨ ᠪᠡᠶ᠎ᠡ ᠶᠢᠨ ᠬᠦᠨᠳᠦ ᠳᠣᠣᠷ᠎ᠠ ᠪᠠ ᠴᠢᠰᠤ ᠳᠤᠲᠠᠬᠤ ᠶᠢ ᠰᠡᠷᠭᠡᠶᠢᠯᠡᠨ | ᠬᠢᠵᠠᠭᠠᠷᠯᠠᠨ᠎ᠠ᠃ | 12᠂ ᠡᠮᠡᠭᠲᠡᠶᠢᠴᠦᠳ ᠢ ᠬᠥᠲᠥᠯᠥᠨ ᠵᠢᠯᠤᠭᠤᠳᠴᠤ ᠪᠠᠶᠢᠭᠠᠳ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠠᠵᠢᠯᠯᠠᠭ᠎ᠠ ᠳᠤ ᠢᠳᠡᠪᠬᠢᠲᠡᠢ ᠣᠷᠣᠯᠴᠠᠭᠤᠯᠤᠨ᠎ᠠ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ | ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠲᠣᠭᠤᠷᠢᠭ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠲᠥᠪ᠂ ᠰᠢᠶᠠᠩ ᠪᠠᠯᠭᠠᠰᠤ ᠶᠢᠨ ᠵᠢᠵᠢᠭ ᠬᠡᠯᠪᠡᠷᠢ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ︵ᠣᠯᠠᠨ | ᠴᠢᠳᠠᠪᠤᠷᠢᠲᠤ ᠪᠡᠶ᠎ᠡ ᠴᠢᠭᠢᠷᠠᠭᠵᠢᠭᠤᠯᠬᠤ ᠣᠷᠳᠣᠨ︶ ᠢ ᠪᠦᠬᠦᠨ ᠢ ᠬᠠᠮᠤᠷᠬᠤ ᠶᠢ ᠠᠬᠢᠭᠤᠯᠤᠨ᠂ ᠲᠣᠰᠬᠤᠨ᠂ ᠨᠡᠶᠢᠭᠡᠮ | ᠲᠣᠭᠤᠷᠢᠭ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠥᠷᠲᠡᠭᠡ ᠴᠡᠭ ᠤᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠬᠤᠲᠠ ᠶᠢᠨ ᠨᠡᠶᠢᠭᠡᠮ ᠲᠣᠭᠤᠷᠢᠭ ᠲᠤ ︽10 ᠮᠢᠨᠦ᠋ᠲ ᠤᠨ ᠪᠡᠶ᠎ᠡ | ᠴᠢᠭᠢᠷᠠᠭᠵᠢᠭᠤᠯᠬᠤ ᠲᠣᠭᠤᠷᠢᠭ︾ ᠢ ᠪᠣᠶ ᠪᠣᠯᠭᠠᠨ᠎ᠠ᠃ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ | ᠪᠡᠯᠡᠳᠬᠡᠮᠵᠢ ᠪᠠ ᠨᠡᠭᠡᠭᠡᠬᠦ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ | ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠤᠨ ᠪᠡᠯᠡᠳᠬᠡᠮᠵᠢ ᠶᠢ ᠨᠡᠶᠢᠭᠡᠮ ᠨᠡᠶᠢᠲᠡ ᠳᠤ ᠰᠦᠢᠳᠬᠡᠯ | ᠬᠤᠷᠢᠶᠠᠬᠤ ᠦᠭᠡᠢ ᠪᠠᠷ ᠨᠡᠭᠡᠭᠡᠬᠦ ᠶᠢ ᠲᠦᠯᠬᠢᠨ ᠠᠬᠢᠭᠤᠯᠤᠨ᠎ᠠ᠃ ᠡᠮᠡᠭᠲᠡᠶᠢᠴᠦᠳ ᠢ ᠬᠥᠲᠥᠯᠥᠨ ᠵᠢᠯᠤᠭᠤᠳᠴᠤ | ᠪᠠᠶᠢᠭᠠᠳ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠠᠶ ᠣᠷᠳᠣᠨ ︵ᠲᠠᠯᠠᠪᠤᠷ︶ ᠢ ᠪᠦᠲᠦᠮᠵᠢᠲᠡᠶ ᠠᠰᠢᠭᠯᠠᠨ | ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠷᠤᠯᠳᠤᠭᠠᠨ ᠤ ᠠᠵᠢᠯᠯᠠᠭ᠎ᠠ ᠳᠤ ᠢᠳᠡᠪᠬᠢᠲᠡᠢ ᠣᠷᠣᠯᠴᠠᠭᠤᠯᠵᠤ᠂ ᠡᠯ᠎ᠡ | ᠲᠥᠷᠥᠯ ᠤᠨ ᠪᠡᠶ᠎ᠡ ᠴᠢᠭᠢᠷᠠᠭᠵᠢᠭᠤᠯᠬᠤ ᠵᠣᠬᠢᠶᠠᠨ ᠪᠠᠶᠢᠭᠤᠯᠤᠯᠲᠠ ᠳᠤ ᠣᠷᠣᠯᠴᠠᠭᠤᠯᠤᠨ᠎ᠠ᠃ ᠠᠯᠪᠠᠨ ᠪᠠᠶᠢᠭᠤᠯᠭ᠎ᠠ᠂ | ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠵᠢᠯ ᠤᠨ ᠵᠠᠪᠰᠠᠷᠯᠠᠭ᠎ᠠ ᠶᠢᠨ ᠲᠠᠮᠢᠷ ᠥᠷᠨᠢᠭᠦᠯᠬᠦ ᠶᠢ | ᠰᠠᠨᠠᠭᠠᠴᠢᠯᠠᠨ᠎ᠠ᠃ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠲᠣᠭᠤᠷᠢᠭ ᠤᠨ ᠡᠮᠡᠭᠲᠡᠶᠢᠴᠦᠳ ᠤᠨ | ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠤᠨ ᠳᠡᠮᠵᠢᠵᠦ᠂ ᠡᠮᠡᠭᠲᠡᠶᠢᠴᠦᠳ ᠤᠨ ᠪᠡᠶ᠎ᠡ ᠶᠢᠨ | ᠲᠠᠮᠢᠷ ᠤᠨ ᠬᠥᠳᠡᠯᠭᠡᠭᠡᠨ ᠤ ᠦᠵᠡᠯ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠪᠡᠶ᠎ᠡ ᠴᠢᠭᠢᠷᠠᠭᠵᠢᠭᠤᠯᠬᠤ | ᠳᠠᠳᠬᠠᠯ ᠢ ᠬᠥᠮᠥᠵᠢᠭᠦᠯᠦᠨ᠎ᠡ᠃ | 13᠂ ᠡᠮᠡᠭᠲᠡᠶᠢᠴᠦᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ | ᠲᠤᠯᠭᠠᠭᠤᠷᠢᠯᠠᠯ ᠢ ᠴᠢᠩᠭᠠᠳᠬᠠᠨ᠎ᠠ᠃ ︽ᠢᠨᠲ᠋ᠧᠷ ᠰᠦᠯᠵᠢᠶ᠎ᠡ + ᠡᠬᠡ ᠨᠢᠯᠬᠠᠰ ᠤᠨ ᠡᠷᠡᠭᠦᠯ ᠮᠡᠨᠳᠦ︾ ᠶᠢ ᠠᠬᠢᠭᠤᠯᠵᠤ᠂ | ᠲᠣᠮᠣ ᠳ᠋ᠠᠶᠢᠲ᠋ᠠ᠂ ᠡᠭᠦᠯᠡᠨ ᠪᠣᠳᠣᠯᠲᠠ᠂ ᠵᠣᠬᠢᠶᠠᠮᠠᠯ ᠣᠶᠤᠨ ᠴᠢᠳᠠᠪᠤᠷᠢ᠂ ᠺᠣᠮᠫᠢᠦ᠋ᠲ᠋ᠧᠷ ᠤᠨ ᠳᠠᠭᠤᠷᠢᠶᠠᠮᠠᠯ ᠮᠡᠷᠭᠡᠵᠢᠯ | ᠵᠡᠷᠭᠡ ᠶᠢ ᠡᠮᠡᠭᠲᠡᠶᠢᠴᠦᠳ ᠤᠨ ᠡᠷᠡᠭᠦᠯ ᠮᠡᠨᠳᠦ ᠶᠢᠨ ᠬᠦᠷᠢᠶᠡᠨ ᠳᠤ ᠰᠢᠨ᠎ᠡ ᠶᠢ ᠡᠭᠦᠳᠦᠨ ᠬᠡᠷᠡᠭᠯᠡᠬᠦ ᠶᠢ ᠠᠬᠢᠭᠤᠯᠤᠨ᠎ᠠ᠃ | ᠡᠮᠡᠭᠲᠡᠶᠢᠴᠦᠳ ᠤᠨ ᠡᠷᠡᠭᠦᠯ ᠮᠡᠨᠳᠤ ᠶᠢᠨ ᠬᠠᠮᠢᠶᠠᠷᠤᠯᠲᠠ ᠪᠠ ᠡᠷᠡᠭᠦᠯ ᠮᠡᠨᠳᠤ ᠶᠢᠨ ᠠᠶᠤᠯ ᠲᠦᠭᠰᠢᠭᠦᠷᠢ ᠶᠢ | ᠤᠷᠢᠳᠴᠢᠯᠠᠨ ᠰᠡᠷᠡᠮᠵᠢᠯᠡᠭᠦᠯᠬᠦ ᠶᠢ ᠬᠡᠷᠡᠭᠵᠢᠭᠦᠯᠦᠨ᠎ᠡ᠃ ᠡᠮᠡᠭᠲᠡᠶᠢᠴᠦᠳ ᠤᠨ ᠡᠷᠡᠭᠦᠯ ᠮᠡᠨᠳᠦ ᠶᠢᠨ ᠬᠦᠷᠢᠶᠡᠨ ᠳᠠᠬᠢ | ᠲᠤᠰᠬᠠᠢ ᠡᠮᠴᠢᠯᠡᠭᠡᠨ ᠤ ᠬᠤᠯᠪᠣᠭᠠᠲᠤ ᠴᠣᠭᠴᠠ ᠶᠢᠨ ᠪᠠᠶᠢᠭᠤᠯᠤᠯᠲᠠ ᠳᠠᠬᠢ ᠮᠡᠳᠡᠭᠡ ᠵᠠᠩᠭᠢ ᠶᠢᠨ ᠮᠡᠷᠭᠡᠵᠢᠯ ᠤᠨ | ᠬᠡᠷᠡᠭᠯᠡᠯᠲᠡ ᠶᠢ ᠠᠬᠢᠭᠤᠯᠵᠤ᠂ ᠡᠮᠴᠢᠯᠡᠭᠡᠨ ᠤ ᠪᠠᠶᠢᠭᠤᠯᠤᠮᠵᠢ ᠶᠢᠨ ᠬᠤᠭᠤᠷᠣᠨᠳᠣᠬᠢ ᠬᠠᠮᠵᠢᠯᠴᠠᠭ᠎ᠠ ᠶᠢ ᠴᠢᠩᠭᠠᠳᠬᠠᠨ᠂ | ᠱᠠᠲᠤ ᠬᠤᠪᠢᠶᠠᠨ ᠣᠨᠣᠰᠢᠯᠠᠨ ᠡᠮᠨᠡᠬᠦ ᠪᠠ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠬᠦ ᠶᠢ | ᠠᠬᠢᠭᠤᠯᠤᠨ᠎ᠠ᠃ ᠡᠮᠡᠭᠲᠡᠶᠢᠴᠦᠳ ᠤᠨ ᠪᠡᠶ᠎ᠡ ᠰᠡᠳᠬᠢᠴᠡ ᠶᠢᠨ ᠡᠷᠡᠭᠦᠯ ᠮᠡᠨᠳᠦ ᠶᠢᠨ ᠬᠦᠷᠢᠶᠡᠨ ᠳᠠᠬᠢ ᠰᠢᠨᠵᠢᠯᠡᠬᠦ | ᠤᠬᠠᠭᠠᠨ ᠤ ᠰᠤᠳᠤᠯᠭᠠᠨ ᠪᠠ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠠᠬᠢᠭᠤᠯᠤᠨ᠎ᠠ᠃ | (ᠬᠤᠶᠠᠷ) ᠡᠮᠡᠭᠲᠡᠶᠢᠴᠦᠳ ᠬᠢᠭᠡᠳ ᠰᠤᠷᠭᠠᠨ ᠬᠦᠮᠦᠵᠢᠯ | ᠭᠤᠣᠯ ᠬᠠᠷᠠᠯᠲᠠ᠄ | 1᠂ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ ᠴᠢᠩᠭᠠᠳᠬᠠᠵᠤ᠂ ᠡᠮᠡᠭᠲᠡᠶᠢᠴᠦᠳ ᠤᠨ ᠰᠢ ᠶᠢᠨ ᠫᠢᠩ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ | ᠲᠤᠬᠠᠢ ᠤᠯᠤᠰ ᠲᠥᠷᠥ ᠶᠢᠨ ᠮᠡᠳᠡᠷᠡᠮᠵᠢ᠂ ᠦᠵᠡᠯ ᠰᠠᠨᠠᠭᠠᠨ ᠤ ᠮᠡᠳᠡᠷᠡᠮᠵᠢ᠂ ᠬᠠᠶᠢᠷ᠎ᠠ ᠰᠡᠳᠬᠢᠯᠭᠡ ᠶᠢᠨ ᠮᠡᠳᠡᠷᠡᠮᠵᠢ ᠶᠢ | ᠨᠡᠮᠡᠭᠳᠡᠭᠦᠯᠦᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ | ᠪᠣᠯᠭᠠᠵᠤ᠂ ᠡᠮᠡᠭᠲᠡᠶᠢᠴᠦᠳ ᠢ ᠬᠥᠲᠥᠯᠥᠨ ᠳᠠᠭᠠᠭᠤᠯᠵᠤ ᠠᠭᠤᠤ ᠶᠡᠭᠡ ᠦᠢᠯᠡᠰ ᠤᠨ ᠪᠦᠲᠦᠭᠡᠨ ᠪᠠᠶᠢᠭᠤᠯᠤᠭᠴᠢ᠂ | ᠪᠣᠯᠪᠠᠰᠤᠨ ᠬᠡᠪ ᠰᠤᠷᠲᠠᠯ ᠤᠨ ᠰᠠᠨᠠᠭᠠᠴᠢᠯᠠᠭᠴᠢ᠂ ᠬᠦᠰᠡᠯ ᠵᠡᠭᠦᠳᠦ ᠪᠠᠨ ᠵᠣᠷᠢᠭᠲᠠᠢ ᠬᠥᠭᠡᠭᠡᠴᠡᠯᠳᠦᠭᠴᠢ ᠪᠣᠯᠭᠠᠨ᠎ᠠ᠃ | 2᠂ ᠰᠤᠷᠭᠠᠨ ᠬᠥᠮᠦᠵᠢᠯ ᠤᠨ ᠠᠵᠢᠯ ᠳᠤ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ | ᠪᠣᠳᠣᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠎ᠠ᠃ | 3᠂ ᠳᠤᠮᠳᠠᠳᠤ ᠪᠠᠭ᠎ᠠ ᠰᠤᠷᠭᠠᠭᠤᠯᠢ ᠶᠢᠨ ᠬᠦᠢᠰᠦ ᠶᠢᠨ ᠢᠯᠭᠠᠯ ᠤᠨ ᠡᠷᠬᠡ ᠲᠡᠭᠰᠢ ᠪᠠᠶᠢᠬᠤ ᠰᠤᠷᠭᠠᠨ | ᠬᠥᠮᠦᠵᠢᠯ ᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠪᠠᠭᠰᠢ ᠪᠠ ᠰᠤᠷᠤᠭᠴᠢᠳ ᠤᠨ ᠡᠷᠡᠭᠲᠡᠢ ᠡᠮᠡᠭᠲᠡᠢ ᠡᠷᠬᠡ | ᠲᠡᠭᠰᠢ ᠪᠠᠶᠢᠬᠤ ᠦᠵᠡᠯ ᠤᠬᠠᠮᠰᠠᠷ ᠢ ᠢᠯᠡᠳᠲᠡ ᠴᠢᠩᠭᠠᠷᠠᠭᠤᠯᠤᠨ᠎ᠠ᠃ | 4᠂ ᠵᠢᠭᠠᠯ ᠥᠬᠢᠳ ᠠᠯᠪᠠᠨ ᠵᠢᠷᠤᠮ ᠤᠨ ᠰᠤᠷᠭᠠᠨ ᠬᠥᠮᠦᠵᠢᠯ ᠢ ᠡᠷᠬᠡ ᠲᠡᠭᠰᠢ ᠪᠠᠷ ᠬᠦᠷᠲᠡᠵᠦ᠂ ᠶᠢᠰᠦᠨ | ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠤᠷᠮ᠎ᠠ ᠶᠢ 97% ᠠᠴᠠ ᠳᠡᠭᠡᠭᠰᠢ | ᠪᠣᠯᠲᠠᠯ᠎ᠠ ᠳᠡᠭᠡᠭᠰᠢᠯᠡᠭᠦᠯᠦᠨ᠎ᠡ᠃ | 5᠂ ᠡᠮᠡᠭᠲᠡᠶᠢᠴᠦᠳ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠢ | ᠡᠷᠬᠡ ᠲᠡᠭᠰᠢ ᠪᠠᠷ ᠬᠦᠷᠲᠡᠵᠦ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ | ᠬᠥᠮᠦᠵᠢᠯ ᠤᠨ ᠰᠤᠷᠭᠠᠭᠤᠯᠢ ᠳᠤ ᠣᠷᠣᠬᠤ ᠪᠦᠬᠦ ᠨᠤᠷᠮ᠎ᠠ ᠶᠢ 100% ᠳᠤ ᠪᠠᠶᠢᠯᠭᠠᠨ᠎ᠠ᠃ | 6᠂ ᠰᠢᠨᠵᠢᠯᠡᠬᠦ ᠤᠬᠠᠭᠠᠨ ᠮᠡᠷᠭᠡᠵᠢᠯ ᠤᠨ ᠡᠮᠡᠭᠲᠡᠢ ᠴᠢᠳᠠᠪᠤᠷᠢᠲᠠᠨ ᠢ ᠶᠡᠬᠡᠪᠡᠷ ᠬᠥᠮᠥᠵᠢᠭᠦᠯᠦᠨ᠎ᠡ᠃ ᠡᠷᠡᠭᠲᠡᠢ | ᠡᠮᠡᠭᠲᠡᠢ ᠶᠢᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠬᠢᠷᠢ ᠬᠡᠮᠵᠢᠶ᠎ᠡ ᠶᠢᠨ ᠵᠥᠷᠢᠶ᠎ᠡ ᠲᠠᠰᠤᠷᠠᠯᠲᠠ ᠦᠭᠡᠢ ᠪᠠᠭᠠᠰᠴᠤ | ᠪᠠᠶᠢᠨ᠎ᠠ᠃ | 7᠂ ᠡᠮᠡᠭᠲᠡᠶᠢᠴᠦᠳ ᠤᠨ ᠨᠠᠰᠤᠨ ᠲᠤᠷᠰᠢᠲᠠ ᠶᠢᠨ ᠰᠤᠷᠤᠯᠴᠠᠬᠤ ᠤᠬᠠᠮᠰᠠᠷ ᠲᠠᠢ ᠪᠣᠯᠬᠤ ᠶᠢ ᠠᠬᠢᠭᠤᠯᠵᠤ᠂ | ᠡᠮᠡᠭᠲᠡᠶᠢᠴᠦᠳ ᠤᠨ ᠨᠠᠰᠤᠨ ᠲᠤᠷᠰᠢᠲᠠ ᠶᠢᠨ ᠰᠤᠷᠭᠠᠨ ᠬᠥᠮᠦᠵᠢᠯ ᠭᠥᠷᠳᠡᠬᠦ ᠬᠢᠷᠢ ᠬᠡᠮᠵᠢᠶ᠎ᠡ ᠶᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ᠃ | 8᠂ ᠵᠠᠯᠠᠭᠤ ᠢᠳᠡᠷᠴᠦᠳ ᠤᠨ ᠡᠮᠡᠭᠲᠡᠶᠢᠴᠦᠳ ᠤᠨ ᠰᠣᠶᠣᠯ ᠤᠨ ᠪᠠᠯᠠᠢ ᠶᠢ ᠦᠨᠳᠦᠰᠦᠨ ᠳᠡᠭᠡᠨ ᠠᠷᠢᠯᠭᠠᠵᠤ᠂ | ᠡᠮᠡᠭᠲᠡᠶᠢᠴᠦᠳ ᠤᠨ ᠰᠤᠷᠭᠠᠨ ᠬᠥᠮᠦᠵᠢᠯ ᠭᠥᠷᠳᠡᠬᠦ ᠳᠤᠮᠳᠠᠴᠢ ᠵᠢᠯ ᠬᠤᠭᠤᠴᠠᠭ᠎ᠠ ᠶᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ᠃ | ᠠᠷᠭ᠎ᠠ ᠪᠣᠳᠣᠯᠭ᠎ᠠ ᠠᠷᠭ᠎ᠠ ᠬᠡᠮᠵᠢᠶ᠎ᠡ᠄ | 1᠂ ᠡᠮᠡᠭᠲᠡᠶᠢᠴᠦᠳ ᠲᠤ ᠬᠠᠨᠳᠤᠭᠤᠯᠤᠨ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠢ ᠥᠷᠭᠡᠨ ᠢᠶᠠᠷ | ᠥᠷᠨᠢᠭᠦᠯᠦᠨ᠎ᠡ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ | ᠲᠡᠦᠬᠡ᠂ ᠥᠭᠡᠷᠡᠴᠢᠯᠡᠯᠲᠡ ᠨᠡᠭᠡᠭᠡᠯᠲᠡ ᠶᠢᠨ ᠲᠡᠦᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ ᠶᠢᠨ | ᠬᠥᠮᠦᠵᠢᠯ ᠢ ᠴᠢᠩᠭᠠᠳᠬᠠᠵᠤ᠂ ᠡᠬᠡ ᠣᠷᠣᠨᠴᠢ ᠦᠵᠡᠯ᠂ ᠨᠡᠶᠢᠲᠡᠴᠢ ᠦᠵᠡᠯ᠂ ᠨᠡᠶᠢᠭᠡᠮ ᠵᠢᠷᠤᠮ ᠤᠨ ᠬᠥᠮᠦᠵᠢᠯ ᠢ | ᠴᠢᠩᠭᠠᠳᠬᠠᠵᠤ᠂ ᠡᠮᠡᠭᠲᠡᠶᠢᠴᠦᠳ ᠤᠨ ᠬᠦᠰᠡᠯ ᠢᠲᠡᠭᠡᠯ ᠵᠣᠷᠢᠭ ᠢᠶᠠᠨ ᠨᠡᠩ ᠪᠠᠲᠤᠳᠬᠠᠬᠤ ᠶᠢ ᠠᠬᠢᠭᠤᠯᠵᠤ᠂ ᠡᠬᠡ | ᠣᠷᠣᠨᠴᠢ ᠰᠡᠳᠬᠢᠯᠭᠡ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠬᠤᠪᠢ ᠬᠥᠮᠥᠨ ᠤ ᠬᠦᠰᠡᠯ | ᠬᠥᠭᠡᠭᠡᠴᠡᠯᠳᠦᠯ ᠢᠶᠠᠨ ᠨᠠᠮ ᠪᠠ ᠤᠯᠤᠰ ᠣᠷᠣᠨ ᠤ ᠠᠵᠢᠯ ᠦᠢᠯᠡᠰ ᠤᠨ ᠶᠡᠭᠡ ᠲᠠᠯ᠎ᠠ ᠳᠤ ᠠᠭᠤᠰᠬᠠᠵᠤ᠂ ᠨᠡᠶᠢᠭᠡᠮ | ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ | ᠡᠷᠭᠦᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ | ᠪᠣᠯᠭᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠦᠮᠦᠵᠢᠯ ᠢ | ᠭᠦᠨᠵᠡᠭᠡᠶᠢᠷᠡᠭᠦᠯᠦᠨ᠎ᠡ᠃ ᠰᠤᠷᠭᠠᠭᠤᠯᠢ ᠶᠢᠨ ᠰᠤᠷᠭᠠᠨ ᠬᠥᠮᠦᠵᠢᠯ ᠤᠨ ᠭᠤᠣᠯ ᠵᠢᠭᠰᠠᠭᠠᠯ ᠤᠨ ᠭᠠᠵᠠᠷ ᠤᠨ | ᠦᠢᠯᠡᠳᠦᠯ ᠢ ᠭᠦᠢᠴᠡᠳ ᠪᠠᠳᠠᠷᠠᠭᠤᠯᠵᠤ᠂ ᠦᠵᠡᠯ ᠰᠠᠨᠠᠭᠠᠨ ᠤ ᠥᠷᠲᠡᠭ ᠤᠨ ᠬᠥᠲᠥᠯᠥᠨ ᠳᠠᠭᠠᠭᠤᠯᠬᠤ ᠶᠢ ᠰᠤᠷᠭᠠᠨ | ᠬᠥᠮᠦᠵᠢᠯ ᠵᠢᠭᠠᠨ ᠰᠤᠷᠭᠠᠯᠲᠠ ᠵᠢᠴᠢ ᠬᠠᠮᠢᠶᠠᠷᠤᠯᠲᠠ ᠶᠢᠨ ᠪᠥᠬᠦ ᠶᠠᠪᠤᠴᠠ ᠪᠠ ᠰᠤᠷᠭᠠᠭᠤᠯᠢ ᠶᠢᠨ ᠬᠦᠷᠢᠶᠡᠨ ᠤ | ᠠᠮᠢᠳᠤᠷᠠᠯ ᠤᠨ ᠡᠯ᠎ᠡ ᠲᠠᠯ᠎ᠠ ᠳᠤ ᠲᠤᠤᠱᠯᠠᠭᠤᠯᠤᠨ᠂ ᠰᠤᠷᠭᠠᠭᠤᠯᠢ ᠶᠢᠨ ᠨᠠᠮ ᠤᠨ ᠵᠣᠬᠢᠶᠠᠨ ᠪᠠᠶᠢᠭᠤᠯᠤᠯᠲᠠ᠂ ᠡᠪ | ᠬᠠᠮᠲᠤ ᠵᠠᠯᠠᠭᠤᠴᠤᠳ ᠤᠨ ᠡᠪᠯᠡᠯ᠂ ᠪᠠᠭᠠᠴᠤᠳ ᠤᠨ ᠬᠤᠰᠢᠭᠤᠴᠢ ᠠᠩᠭᠢ ᠶᠢᠨ ᠡᠯ᠎ᠡ ᠲᠥᠷᠥᠯ ᠤᠨ ᠭᠤᠣᠯ ᠰᠡᠳᠦᠪᠲᠦ | ᠬᠥᠮᠦᠵᠢᠯ ᠪᠠ ᠦᠢᠯᠡᠳᠦᠯᠭᠡ ᠶᠢᠨ ᠠᠵᠢᠯᠯᠠᠭ᠎ᠠ ᠳᠤ ᠠᠭᠤᠰᠬᠠᠨ ᠣᠷᠣᠭᠤᠯᠤᠨ᠎ᠠ᠃ ᠡᠬᠡ ᠣᠷᠣᠨᠴᠢ ᠦᠵᠡᠯ ᠤᠨ | ᠬᠥᠮᠦᠵᠢᠯ ᠤᠨ ᠰᠠᠭᠤᠷᠢᠨ ᠭᠠᠵᠠᠷ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠰᠠᠭᠤᠷᠢᠨ ᠭᠠᠵᠠᠷ ᠪᠠ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ ᠤᠨ ᠦᠵᠡᠯ ᠰᠠᠨᠠᠭ᠎ᠠ ᠤᠯᠤᠰ | ᠲᠦᠷᠦ ᠶᠢᠨ ᠬᠥᠮᠦᠵᠢᠯ ᠤᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ | 2᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢ ᠰᠤᠷᠭᠠᠨ ᠬᠥᠮᠦᠵᠢᠯ ᠤᠨ ᠠᠵᠢᠯ ᠤᠨ ᠪᠥᠬᠦ ᠶᠠᠪᠤᠴᠠ ᠳᠤ ᠢᠯᠡᠷᠡᠭᠦᠯᠦᠨ᠎ᠡ᠃ ᠰᠤᠷᠭᠠᠨ | ᠬᠥᠮᠦᠵᠢᠯ ᠤᠨ ᠠᠵᠢᠯᠲᠠᠳ ᠤᠨ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠶᠢ | ᠤᠬᠠᠮᠰᠠᠷ ᠠᠴᠠ ᠪᠠᠨ ᠲᠤᠤᠱᠯᠠᠭᠤᠯᠬᠤ ᠰᠠᠨᠠᠭᠠᠴᠢᠯᠠᠭᠠᠲᠤ ᠴᠢᠨᠠᠷ ᠪᠠ ᠴᠢᠳᠠᠮᠠᠭᠠᠢ ᠴᠢᠨᠠᠷ ᠢ ᠨᠡᠮᠡᠭᠳᠡᠭᠦᠯᠦᠨ᠎ᠡ᠃ ᠡᠷᠡᠭᠲᠡᠢ | ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠶᠢ ᠰᠤᠷᠭᠠᠨ ᠬᠥᠮᠦᠵᠢᠯ ᠤᠨ ᠬᠠᠤᠯᠢ | ᠲᠣᠭᠲᠠᠭᠠᠯ ᠲᠥᠷᠥ ᠶᠢᠨ ᠪᠣᠳᠣᠯᠭ᠎ᠠ ᠵᠢᠴᠢ ᠲᠥᠯᠦᠪᠵᠢᠭᠦᠯᠭᠡ ᠶᠢ ᠲᠣᠭᠲᠠᠭᠠᠬᠤ᠂ ᠵᠠᠰᠠᠪᠤᠷᠢ ᠣᠷᠣᠭᠤᠯᠬᠤ᠂ | ᠬᠡᠷᠡᠭᠵᠢᠭᠦᠯᠬᠦ ᠪᠠ ᠦᠨᠡᠯᠡᠨ ᠵᠢᠱᠢᠬᠦ ᠳᠤᠮᠳᠠ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ | ᠬᠥᠮᠦᠵᠢᠯ ᠤᠨ ᠠᠭᠤᠯᠭ᠎ᠠ᠂ ᠵᠢᠭᠠᠨ ᠰᠤᠷᠭᠠᠯᠲᠠ ᠶᠢᠨ ᠶᠠᠪᠤᠴᠠ᠂ ᠰᠤᠷᠭᠠᠭᠤᠯᠢ ᠶᠢᠨ ᠬᠠᠮᠢᠶᠠᠷᠤᠯᠲᠠ ᠳᠤ | ᠨᠠᠶᠢᠳᠠᠪᠤᠷᠢᠵᠢᠭᠤᠯᠤᠨ᠎ᠠ᠃ ᠣᠷᠣᠨ ᠨᠤᠲᠤᠭ ᠤᠨ ᠵᠢᠭᠠᠬᠤ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ᠂ ᠬᠢᠴᠢᠶᠡᠯ ᠤᠨ | ᠪᠠᠶᠢᠷᠢᠯᠠᠭᠤᠯᠤᠯᠲᠠ᠂ ᠵᠢᠭᠠᠨ ᠰᠤᠷᠭᠠᠯᠲᠠ ᠶᠢᠨ ᠶᠠᠪᠤᠴᠠ ᠳᠠᠬᠢ ᠬᠦᠢᠰᠦ ᠶᠢᠨ ᠢᠯᠭᠠᠯ ᠢ ᠠᠳᠠᠯᠢ ᠲᠡᠭᠰᠢ ᠪᠠᠷ ᠦᠨᠡᠯᠡᠨ | ᠵᠢᠱᠢᠬᠦ ᠶᠢ ᠴᠢᠩᠭᠠᠳᠬᠠᠨ᠎ᠠ᠃ | 3᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠬᠦᠢᠰᠦ ᠶᠢᠨ ᠢᠯᠭᠠᠯ ᠡᠷᠬᠡ ᠲᠡᠭᠰᠢ ᠪᠠᠶᠢᠬᠤ | ᠬᠥᠮᠦᠵᠢᠯ ᠢ ᠥᠷᠭᠡᠨ ᠢᠶᠠᠷ ᠥᠷᠨᠢᠭᠦᠯᠬᠦ ᠶᠢ ᠲᠦᠯᠬᠢᠨ ᠠᠬᠢᠭᠤᠯᠤᠨ᠎ᠠ᠃ ᠬᠦᠢᠰᠦ ᠶᠢᠨ ᠢᠯᠭᠠᠯ ᠤᠨ ᠡᠷᠬᠡ ᠲᠡᠭᠰᠢ | ᠪᠠᠶᠢᠬᠤ ᠬᠥᠮᠦᠵᠢᠯ ᠢ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠦᠵᠡᠯ ᠰᠠᠨᠠᠭ᠎ᠠ ᠤᠯᠤᠰ ᠲᠥᠷᠥ | ᠵᠡᠷᠭᠡ ᠬᠢᠴᠢᠶᠡᠯ ᠤᠨ ᠰᠢᠰᠲ᠋ᠧᠮᠵᠢ ᠳᠤ ᠣᠷᠣᠭᠤᠯᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ | ᠬᠦᠢᠰᠦ ᠶᠢᠨ ᠢᠯᠭᠠᠯ ᠤᠨ ᠡᠷᠬᠡ ᠲᠡᠭᠰᠢ ᠪᠠᠶᠢᠬᠤ ᠬᠢᠴᠢᠶᠡᠯ ᠢ ᠨᠡᠭᠡᠭᠡᠨ ᠬᠥᠭᠵᠢᠭᠦᠯᠬᠦ ᠪᠤᠶᠤ ᠣᠷᠣᠭᠤᠯᠤᠨ | ᠠᠪᠴᠢᠷᠠᠬᠤ ᠶᠢ ᠠᠬᠢᠭᠤᠯᠵᠤ᠂ ᠬᠦᠢᠰᠦ ᠶᠢᠨ ᠢᠯᠭᠠᠯ ᠤᠨ ᠡᠷᠬᠡ ᠲᠡᠭᠰᠢ ᠪᠠᠶᠢᠬᠤ ᠭᠤᠣᠯ ᠰᠡᠳᠦᠪᠲᠦ ᠬᠢᠴᠢᠶᠡᠯ᠂ | ᠨᠡᠶᠢᠯᠡᠯ ᠬᠢᠴᠢᠶᠡᠯ ᠪᠠ ᠦᠢᠯᠡᠳᠦᠯᠭᠡ ᠶᠢᠨ ᠬᠢᠴᠢᠶᠡᠯ ᠨᠡᠭᠡᠭᠡᠬᠦ ᠶᠢ ᠵᠣᠷᠢᠭᠵᠢᠭᠤᠯᠤᠨ᠂ ᠲᠤᠰᠬᠠᠢ ᠰᠡᠳᠦᠪᠲᠦ ᠪᠠᠭᠰᠢ ᠶᠢᠨ | ᠪᠣᠯᠪᠠᠰᠤᠷᠠᠭᠤᠯᠤᠯ ᠢ ᠴᠢᠩᠭᠠᠳᠬᠠᠨ᠎ᠠ᠃ ᠬᠦᠢᠰᠦ ᠶᠢᠨ ᠢᠯᠭᠠᠯ ᠡᠷᠬᠡ ᠲᠡᠭᠰᠢ ᠪᠠᠶᠢᠬᠤ ᠬᠥᠮᠦᠵᠢᠯ ᠢ ᠰᠤᠷᠭᠠᠭᠤᠯᠢ ᠶᠢᠨ | ᠵᠢᠭᠠᠨ ᠰᠤᠷᠭᠠᠯᠲᠠ ᠶᠢᠨ ᠠᠭᠤᠯᠭ᠎ᠠ᠂ ᠰᠤᠷᠭᠠᠭᠤᠯᠢ ᠶᠢᠨ ᠬᠦᠷᠢᠶᠡᠨ ᠤ ᠰᠣᠶᠣᠯ᠂ ᠨᠡᠶᠢᠭᠡᠮ ᠤᠨ ᠪᠦᠯᠬᠦᠮ ᠤᠨ | ᠠᠵᠢᠯᠯᠠᠭ᠎ᠠ ᠪᠠ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠳᠤ ᠠᠭᠤᠰᠤᠯᠴᠠᠭᠤᠯᠬᠤ ᠶᠢ ᠠᠬᠢᠭᠤᠯᠤᠨ᠎ᠠ᠃ | ᠰᠤᠷᠭᠠᠭᠤᠯᠢ ᠶᠢᠨ ᠰᠤᠷᠭᠠᠨ ᠬᠥᠮᠦᠵᠢᠯ᠂ ᠭᠡᠷ ᠪᠦᠯᠢ ᠶᠢᠨ ᠰᠤᠷᠭᠠᠨ ᠬᠥᠮᠦᠵᠢᠯ᠂ ᠨᠡᠶᠢᠭᠡᠮ ᠤᠨ ᠰᠤᠷᠭᠠᠨ ᠬᠥᠮᠦᠵᠢᠯ ᠢ | ᠬᠠᠷᠢᠯᠴᠠᠨ ᠤᠶᠠᠯᠳᠤᠭᠤᠯᠤᠭᠰᠠᠨ ᠬᠦᠢᠰᠦ ᠶᠢᠨ ᠢᠯᠭᠠᠯ ᠤᠨ ᠡᠷᠬᠡ ᠲᠡᠭᠰᠢ ᠰᠤᠷᠭᠠᠨ ᠬᠥᠮᠦᠵᠢᠯ ᠤᠨ ᠵᠠᠭᠪᠤᠷ ᠢ | ᠰᠦᠪᠡᠭᠴᠢᠯᠡᠨ ᠪᠠᠶᠢᠭᠤᠯᠤᠨ᠎ᠠ᠃ | 4᠂ ᠡᠮᠡᠭᠲᠡᠢ ᠬᠡᠤᠬᠡᠳ ᠤᠨ ᠡᠷᠬᠡ ᠲᠡᠭᠰᠢ ᠪᠠᠷ ᠠᠯᠪᠠᠨ ᠵᠢᠷᠤᠮ ᠤᠨ ᠰᠤᠷᠭᠠᠨ ᠬᠥᠮᠦᠵᠢᠯ ᠬᠥᠷᠳᠡᠬᠦ ᠡᠷᠬᠡ ᠪᠠ | ᠲᠣᠬᠢᠶᠠᠯ ᠢ ᠪᠠᠲᠤᠯᠠᠨ᠎ᠠ᠃ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠬᠤᠳᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ | ᠲᠦᠷᠭᠡᠳᠬᠡᠨ᠂ ᠰᠤᠷᠭᠠᠨ ᠬᠥᠮᠦᠵᠢᠯ ᠤᠨ ᠡᠬᠢ ᠪᠠᠶᠠᠯᠢᠭ ᠢ ᠲᠡᠩᠴᠡᠭᠦᠷᠢᠲᠡᠢ ᠲᠣᠬᠢᠷᠠᠭᠤᠯᠵᠤ᠂ ᠡᠮᠡᠭᠲᠡᠢ ᠬᠡᠤᠬᠡᠳ ᠤᠨ | ᠡᠷᠬᠡ ᠲᠡᠭᠰᠢ ᠴᠢᠨᠠᠷ ᠰᠠᠶᠢᠲᠠᠢ ᠠᠯᠪᠠᠨ ᠵᠢᠷᠤᠮ ᠤᠨ ᠰᠤᠷᠭᠠᠨ ᠬᠥᠮᠦᠵᠢᠯ ᠬᠥᠷᠳᠡᠬᠦ ᠶᠢ ᠦᠨᠡᠨᠬᠦ ᠪᠠᠲᠤᠯᠠᠨ᠎ᠠ᠃ | ᠰᠤᠷᠤᠯᠭ᠎ᠠ ᠪᠠᠨ ᠳᠣᠷᠭᠤᠨ ᠵᠣᠭᠰᠣᠬᠤ ᠶᠢ ᠣᠨᠣᠪᠴᠢᠲᠠᠶ ᠬᠢᠵᠠᠭᠠᠷᠯᠠᠨ ᠰᠤᠷᠤᠯᠭ᠎ᠠ ᠶᠢ ᠪᠠᠲᠤᠯᠠᠬᠤ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠵᠦ᠂ ᠲᠥᠷᠥᠯ ᠬᠤᠪᠢᠶᠠᠨ ᠵᠢᠯᠤᠭᠤᠳᠬᠤ ᠶᠢ | ᠴᠢᠩᠭᠠᠳᠬᠠᠨ᠂ ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ ᠶᠢ ᠱᠠᠯᠠᠪᠳᠠᠭᠤᠯᠵᠦ ᠪᠠᠶᠢᠭᠠᠳ ᠡᠮᠡᠭᠲᠡᠢ | ᠬᠡᠤᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠭᠥᠷᠳᠡᠬᠦ ᠶᠢ ᠬᠠᠤᠯᠢ ᠶᠣᠰᠣᠭᠠᠷ ᠪᠠᠲᠤᠯᠠᠵᠤ᠂ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠡᠮᠡᠭᠲᠡᠢ ᠬᠡᠤᠬᠡᠳ ᠤᠨ ᠰᠤᠷᠤᠯᠭ᠎ᠠ ᠠᠯᠳᠠᠬᠤ ᠪᠠ ᠬᠥᠳᠡᠭᠡ ᠲᠣᠰᠬᠤᠨ ᠤ | ᠭᠡᠷ ᠢᠶᠠᠨ ᠰᠠᠬᠢᠵᠤ ᠬᠤᠴᠣᠷᠤᠭᠰᠠᠨ ᠡᠮᠡᠭᠲᠡᠢ ᠬᠡᠦᠬᠡᠳ᠂ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢᠨ ᠳᠠᠭᠠᠵᠤ | ᠨᠡᠭᠦᠭᠰᠡᠨ ᠦᠷ᠎ᠡ ᠬᠡᠦᠬᠡᠳ ᠵᠢᠴᠢ ᠵᠡᠮᠳᠡᠭ ᠡᠮᠡᠭᠲᠡᠢ ᠬᠡᠦᠬᠡᠳ ᠤᠨ ᠰᠤᠷᠭᠠᠨ ᠬᠥᠮᠦᠵᠢᠯ ᠭᠥᠷᠳᠡᠬᠦ ᠡᠷᠬᠡ ᠪᠠ ᠠᠵᠠ | ᠲᠣᠬᠢᠶᠠᠯ ᠢ ᠪᠠᠲᠤᠯᠠᠨ᠎ᠠ᠃ ᠰᠤᠷᠤᠯᠭ᠎ᠠ ᠨᠢ ᠬᠦᠴᠢᠷᠲᠡᠢ ᠡᠮᠡᠭᠲᠡᠢ ᠬᠡᠤᠬᠡᠳ ᠤᠨ ᠠᠯᠪᠠᠨ ᠵᠢᠷᠤᠮ ᠤᠨ ᠰᠤᠷᠭᠠᠨ | ᠬᠥᠮᠦᠵᠢᠯ ᠢ ᠲᠡᠭᠦᠰᠬᠡᠬᠦ ᠶᠢ ᠳᠡᠮᠵᠢᠵᠦ᠂ ᠡᠮᠡᠭᠲᠡᠢ ᠬᠡᠤᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ | ᠪᠠᠬᠢᠵᠢᠭᠦᠯᠬᠦ ᠨᠤᠷᠮ᠎ᠠ ᠶᠢ ᠳᠡᠭᠡᠭᠰᠢᠯᠡᠭᠦᠯᠦᠨ᠎ᠡ᠃ | 5᠂ ᠡᠮᠡᠭᠲᠡᠶᠢᠴᠦᠳ ᠤᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ | ᠭᠥᠷᠳᠡᠬᠦ ᠬᠠᠷᠢᠴᠠᠯ ᠢ ᠳᠡᠭᠡᠭᠰᠢᠯᠡᠭᠦᠯᠦᠨ᠎ᠡ᠃ ᠡᠮᠡᠭᠲᠡᠶᠢᠴᠦᠳ ᠢᠯᠠᠩᠭᠤᠶ᠎ᠠ ᠬᠥᠳᠡᠭᠡ ᠲᠣᠰᠬᠤᠨ ᠤ ᠣᠷᠣᠯᠭ᠎ᠠ ᠪᠠᠭᠠᠲᠠᠢ | ᠭᠡᠷ ᠪᠦᠯᠢ ᠶᠢᠨ ᠡᠮᠡᠭᠲᠡᠶᠢᠴᠦᠳ ᠤᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ | ᠬᠥᠮᠦᠵᠢᠯ ᠢ ᠡᠷᠬᠡ ᠲᠡᠭᠰᠢ ᠪᠠᠷ ᠬᠦᠷᠳᠡᠬᠦ ᠡᠷᠬᠡ ᠪᠠ ᠲᠣᠬᠢᠶᠠᠯ ᠢ ᠪᠠᠲᠤᠯᠠᠨ᠎ᠠ᠃ ᠡ᠊ᠩ ᠤᠨ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠤᠯᠠᠨ ᠶᠠᠩᠵᠤᠴᠢᠯᠠᠭᠰᠠᠨ ᠥᠪᠡᠷᠮᠢᠴᠡ ᠣᠨᠴᠠᠯᠢᠭ ᠲᠠᠢ ᠬᠥᠭᠵᠢᠯᠲᠡ ᠶᠢ ᠲᠦᠯᠬᠢᠨ | ᠠᠬᠢᠭᠤᠯᠵᠤ᠂ ᠡ᠊ᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠢᠴᠢᠶᠡᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠂ ᠤᠯᠠᠨ ᠲᠡᠰ ᠳᠠᠪᠬᠤᠷᠭ᠎ᠠ ᠶᠢᠨ᠂ ᠥᠪᠡᠷᠮᠢᠴᠡ ᠣᠨᠴᠠᠯᠢᠭ ᠲᠠᠢ ᠬᠢᠴᠢᠶᠡᠯ ᠤᠨ ᠠᠭᠤᠯᠭ᠎ᠠ ᠶᠢ | ᠲᠣᠬᠢᠷᠠᠭᠤᠯᠵᠤ᠂ ᠡᠮᠡᠭᠲᠡᠶᠢᠴᠦᠳ ᠤᠨ ᠪᠦᠬᠦ ᠲᠠᠯ᠎ᠠ ᠶᠢᠨ ᠬᠥᠭᠵᠢᠯᠲᠡ ᠪᠠ ᠥᠪᠡᠷᠮᠢᠴᠡ ᠬᠥᠭᠵᠢᠯᠲᠡ ᠶᠢᠨ | ᠬᠡᠷᠡᠭᠴᠡᠭᠡ ᠶᠢ ᠬᠠᠩᠭᠠᠨ᠎ᠠ᠃ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠬᠢᠭᠡᠳ ᠳᠤᠮᠳᠠ ᠵᠡᠷᠭᠡ ᠶᠢᠨ | ᠠᠵᠢᠯ ᠮᠡᠷᠭᠡᠵᠢᠯ ᠤᠨ ᠰᠤᠷᠭᠠᠭᠤᠯᠢ ᠶᠢᠨ ᠬᠢᠴᠢᠶᠡᠯ ᠢᠶᠠᠨ ᠬᠠᠷᠢᠯᠴᠠᠨ ᠰᠣᠩᠭᠤᠬᠤ᠂ ᠰᠤᠷᠤᠯᠭ᠎ᠠ ᠶᠢᠨ ᠬᠤᠪᠢ ᠪᠠᠨ | ᠬᠠᠷᠢᠯᠴᠠᠨ ᠮᠡᠳᠡᠷᠡᠬᠦ᠂ ᠡᠬᠢ ᠪᠠᠶᠠᠯᠢᠭ ᠢᠶᠠᠨ ᠬᠠᠷᠢᠯᠴᠠᠨ ᠨᠡᠪᠲᠡᠷᠡᠯᠴᠡᠬᠦ ᠬᠥᠮᠥᠵᠢᠭᠦᠯᠬᠦ ᠵᠠᠭᠪᠤᠷ ᠢ ᠪᠠᠶᠢᠭᠤᠯᠵᠤ᠂ | ᠡᠮᠡᠭᠲᠡᠶᠢᠴᠦᠳ ᠤᠨ ᠦᠰᠦᠨ ᠪᠣᠶᠢᠵᠢᠵᠤ ᠬᠥᠭᠵᠢᠬᠦ ᠠᠷᠭ᠎ᠠ ᠵᠠᠮ ᠢ ᠥᠷᠭᠡᠳᠬᠡᠬᠦ ᠶᠢ ᠵᠣᠷᠢᠭᠵᠢᠭᠤᠯᠤᠨ᠎ᠠ᠃ | ᠰᠢᠨᠵᠢᠯᠡᠭᠡᠨ ᠤ ᠰᠠᠯᠠᠭ᠎ᠠ ᠶᠢᠨ ᠰᠣᠩᠭᠤᠯᠲᠠ ᠪᠠ ᠠᠵᠢᠯ ᠮᠡᠷᠭᠡᠵᠢᠯ ᠤᠨ ᠠᠮᠢᠳᠤᠷᠠᠯ ᠤᠨ ᠲᠥᠯᠦᠪᠵᠢᠭᠦᠯᠭᠡ ᠶᠢᠨ | ᠵᠢᠯᠣᠭᠤᠳᠤᠯᠭ᠎ᠠ ᠶᠢ ᠬᠠᠨᠳᠤᠯᠭᠠᠲᠤ ᠴᠢᠨᠠᠷᠲᠠᠢ ᠪᠠᠷ ᠥᠷᠨᠢᠭᠦᠯᠵᠦ᠂ ᠡᠮᠡᠭᠲᠡᠶᠢᠴᠦᠳ ᠤᠨ ᠪᠡᠶ᠎ᠡ ᠪᠠᠨ ᠳᠠᠭᠠᠭᠠᠵᠤ | ᠰᠣᠩᠭᠤᠯᠲᠠ ᠬᠢᠬᠦ ᠴᠢᠳᠠᠪᠤᠷᠢ ᠶᠢ ᠳᠡᠭᠡᠭᠰᠢᠯᠡᠭᠦᠯᠦᠨ᠂ ᠬᠦᠢᠰᠦ ᠶᠢᠨ ᠢᠯᠭᠠᠯ ᠤᠨ ᠬᠦᠴᠦᠨ ᠵᠦᠢᠯ ᠤᠨ | ᠡᠮᠡᠭᠲᠡᠶᠢᠴᠦᠳ ᠤᠨ ᠰᠤᠷᠤᠯᠭ᠎ᠠ ᠪᠠ ᠠᠵᠢᠯ ᠮᠡᠷᠭᠡᠵᠢᠯ ᠤᠨ ᠬᠥᠭᠵᠢᠯᠲᠡ ᠳᠤ ᠦᠵᠡᠭᠦᠯᠬᠦ ᠨᠥᠯᠥᠭᠡ ᠶᠢ ᠠᠷᠢᠯᠭᠠᠨ᠎ᠠ᠃ | 6᠂ ᠭᠡᠷ ᠲᠡᠭᠡᠨ ᠠᠳᠠᠯ ᠦᠢᠯᠡᠰ ᠴᠣᠭᠴᠠᠯᠠᠵᠤ ᠠᠵᠢᠯ ᠣᠯᠭᠤᠬᠤ ᠵᠢᠴᠢ ᠠᠮᠢᠳᠤᠯᠢᠭ ᠢᠶᠠᠷ ᠠᠵᠢᠯ ᠣᠯᠬᠤ | ᠡᠮᠡᠭᠲᠡᠶᠢᠴᠦᠳ ᠤᠨ ᠪᠣᠯᠪᠠᠰᠤᠷᠠᠭᠤᠯᠤᠯ ᠤᠨ ᠡᠷᠴᠢᠮ ᠢ ᠴᠢᠩᠭᠠᠷᠠᠭᠤᠯᠤᠨ᠎ᠠ᠃ ᠡᠮᠡᠭᠲᠡᠶᠢᠴᠦᠳ ᠤᠨ ᠠᠳᠠᠯ ᠦᠢᠯᠡᠰ | ᠴᠣᠭᠴᠠᠯᠠᠵᠤ ᠰᠢᠨ᠎ᠡ ᠶᠢ ᠡᠭᠦᠳᠬᠦ᠂ ᠦᠰᠦᠨ ᠪᠣᠶᠢᠵᠢᠵᠤ ᠴᠢᠳᠠᠪᠤᠷᠢᠲᠠᠨ ᠪᠣᠯᠬᠤ᠂ ᠬᠥᠭᠵᠢᠨ ᠳᠠᠪᠰᠢᠬᠤ᠂ | ᠦᠢᠯᠡᠳᠦᠯ ᠢᠶᠠᠨ ᠪᠠᠳᠠᠷᠠᠭᠤᠯᠬᠤ᠂ ᠬᠦᠴᠦᠨ ᠴᠢᠳᠠᠯ ᠢᠶᠠᠨ ᠡᠷᠭᠦᠬᠦ ᠲᠠᠪᠴᠠᠩ ᠢ ᠪᠠᠶᠢᠭᠤᠯᠤᠨ᠎ᠠ᠃ | 7᠂ ᠡᠮᠡᠭᠲᠡᠶᠢᠴᠦᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠶᠡᠬᠡᠪᠡᠷ ᠳᠡᠭᠡᠭᠰᠢᠯᠡᠭᠦᠯᠦᠨ᠎ᠡ᠃ ᠪᠦᠬᠦ | ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠠᠵᠢᠯᠯᠠᠭ᠎ᠠ ᠶᠢ ᠥᠷᠨᠢᠭᠦᠯᠵᠦ᠂ ᠣᠲᠣ ᠦᠶ᠎ᠡ ᠶᠢᠨ ᠮᠡᠳᠡᠭᠡ | ᠵᠠᠩᠭᠢᠵᠢᠯᠲᠠ ᠶᠢᠨ ᠠᠷᠭ᠎ᠠ ᠪᠠᠷᠢᠯ ᠢ ᠠᠰᠢᠭᠯᠠᠨ᠂ ᠡᠮᠡᠭᠲᠡᠶᠢᠴᠦᠳ ᠲᠤ ᠬᠠᠨᠳᠤᠭᠤᠯᠤᠭᠰᠠᠨ ᠰᠢᠨᠵᠢᠯᠡᠬᠦ ᠤᠬᠠᠭᠠᠨ ᠤ | ᠮᠡᠳᠡᠯᠭᠡ ᠶᠢᠨ ᠬᠥᠮᠦᠵᠢᠯ᠂ ᠤᠯᠠᠮᠵᠢᠯᠠᠨ ᠳᠡᠯᠭᠡᠷᠡᠭᠦᠯᠬᠦ ᠪᠠ ᠲᠦᠭᠡᠮᠡᠯᠵᠢᠭᠦᠯᠬᠦ ᠡᠷᠴᠢᠮ ᠢ ᠴᠢᠩᠭᠠᠷᠠᠭᠤᠯᠤᠨ᠂ ᠡᠮᠡᠭᠲᠡᠢ | ᠰᠢᠨᠵᠢᠯᠡᠬᠦ ᠤᠬᠠᠭᠠᠨᠲᠠᠨ ᠤ ᠰᠤᠷᠭᠠᠭᠤᠯᠢ ᠶᠢᠨ ᠬᠦᠷᠢᠶᠡᠨ ᠳᠤ ᠣᠷᠣᠬᠤ ᠠᠵᠢᠯᠯᠠᠭ᠎ᠠ ᠶᠢ ᠥᠷᠨᠢᠭᠦᠯᠵᠦ᠂ ᠰᠢᠯᠢᠳᠡᠭ | ᠡᠮᠡᠭᠲᠡᠢ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠥᠯᠢᠭᠡᠷ ᠳᠠᠭᠤᠷᠢᠶᠠᠯ ᠢᠶᠠᠷ ᠬᠥᠲᠥᠯᠥᠨ ᠳᠠᠭᠠᠭᠤᠯᠬᠤ | ᠦᠢᠯᠡᠳᠦᠯ ᠢ ᠪᠠᠳᠠᠷᠠᠭᠤᠯᠤᠨ᠂ ᠳᠤᠮᠳᠠᠳᠤ ᠪᠠᠭ᠎ᠠ ᠰᠤᠷᠭᠠᠭᠤᠯᠢ ᠶᠢᠨ ᠡᠮᠡᠭᠲᠡᠢ ᠰᠣᠷᠣᠭᠴᠢ ᠶᠢ ᠬᠥᠲᠥᠯᠥᠨ | ᠵᠢᠯᠤᠭᠤᠳᠴᠤ ᠪᠠᠶᠢᠭᠠᠳ ᠡᠯ᠎ᠡ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯᠯᠠᠭ᠎ᠠ ᠪᠠ | ᠰᠢᠨᠵᠢᠯᠡᠬᠦ ᠤᠬᠠᠭᠠᠨ ᠮᠡᠷᠭᠡᠵᠢᠯ ᠤᠨ ᠤᠷᠤᠯᠳᠤᠭᠠᠨ ᠳᠤ ᠣᠷᠣᠯᠴᠠᠭᠤᠯᠵᠤ᠂ ᠰᠢᠨᠵᠢᠯᠡᠬᠦ ᠤᠬᠠᠭᠠᠨ ᠤ ᠳᠤᠷ᠎ᠠ ᠰᠣᠨᠢᠷᠬᠠᠯ᠂ | ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠ ᠦᠢᠯᠡᠳᠦᠯᠭᠡ ᠶᠢᠨ ᠴᠢᠳᠠᠪᠤᠷᠢ ᠶᠢ ᠬᠥᠮᠥᠵᠢᠭᠦᠯᠦᠨ᠎ᠡ᠃ ᠬᠥᠳᠡᠭᠡ | ᠲᠣᠰᠬᠤᠨ ᠤ ᠡᠮᠡᠭᠲᠡᠶᠢᠴᠦᠳ ᠤᠨ ᠬᠡᠪ ᠴᠢᠨᠠᠷ ᠢ ᠳᠡᠭᠡᠭᠰᠢᠯᠡᠭᠦᠯᠬᠦ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ | ᠬᠥᠳᠡᠭᠡ ᠲᠣᠰᠬᠤᠨ ᠤ ᠡᠮᠡᠭᠲᠡᠶᠢᠴᠦᠳ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ | ᠤᠷᠤᠯᠴᠠᠬᠤ ᠶᠢ ᠳᠡᠮᠵᠢᠨ᠎ᠡ᠃ | 8᠂ ᠡᠮᠡᠭᠲᠡᠢ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠶᠢ ᠶᠡᠬᠡᠪᠡᠷ | ᠴᠢᠩᠭᠠᠳᠬᠠᠨ᠎ᠠ᠃ ᠤᠯᠠᠨ ᠲᠡᠰ ᠳᠠᠪᠬᠤᠷᠭ᠎ᠠ ᠶᠢᠨ ᠡᠮᠡᠭᠲᠡᠢ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ | ᠬᠥᠮᠥᠵᠢᠭᠦᠯᠬᠦ ᠰᠢᠰᠲ᠋ᠧᠮ ᠢ ᠰᠦᠪᠡᠭᠴᠢᠯᠡᠨ ᠪᠠᠶᠢᠭᠤᠯᠤᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠱᠠᠲᠤᠨ ᠤ ᠡᠮᠡᠭᠲᠡᠢ ᠰᠣᠷᠣᠭᠴᠢ ᠶᠢᠨ ᠰᠢᠨᠵᠢᠯᠡᠬᠦ ᠤᠬᠠᠭᠠᠨ ᠢ ᠬᠠᠶᠢᠷᠠᠯᠠᠬᠤ᠂ ᠰᠢᠨᠵᠢᠯᠡᠬᠦ ᠤᠬᠠᠭᠠᠨ ᠢ ᠰᠤᠷᠤᠯᠴᠠᠬᠤ | ᠳᠤᠷ᠎ᠠ ᠰᠣᠨᠢᠷᠬᠠᠯ ᠪᠠ ᠬᠦᠰᠡᠯ ᠵᠣᠷᠢᠯᠲᠠ ᠶᠢ ᠬᠥᠮᠥᠵᠢᠭᠦᠯᠬᠦ ᠶᠢ ᠠᠩᠬᠠᠷᠤᠨ᠎ᠠ᠃ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠱᠠᠲᠤᠨ ᠤ ᠡᠮᠡᠭᠲᠡᠢ ᠰᠣᠷᠣᠭᠴᠢ ᠶᠢᠨ ᠰᠢᠨᠵᠢᠯᠡᠬᠦ ᠤᠬᠠᠭᠠᠨ ᠤ ᠳᠤᠷ᠎ᠠ ᠰᠣᠨᠢᠷᠬᠠᠯ ᠪᠠ ᠰᠢᠮᠳᠠᠨ | ᠰᠤᠳᠤᠯᠬᠤ ᠵᠣᠷᠢᠭ ᠰᠠᠨᠠᠭ᠎ᠠ ᠲᠠᠢ ᠪᠣᠯᠬᠤ ᠶᠢ ᠬᠥᠲᠥᠯᠥᠨ ᠵᠢᠯᠤᠭᠤᠳᠴᠤ᠂ ᠬᠦᠰᠡᠯ ᠡᠷᠡᠮᠡᠯᠵᠡᠯ ᠲᠠᠢ ᠡᠮᠡᠭᠲᠡᠢ | ᠰᠣᠷᠣᠭᠴᠢ ᠶᠢᠨ ᠪᠠᠶᠢᠭᠠᠯᠢ ᠲᠧᠭᠨᠢᠭ ᠤᠨ ᠤᠬᠠᠭᠠᠨ ᠤ ᠲᠥᠷᠥᠯ ᠤᠨ ᠳᠡᠭᠡᠳᠦ ᠰᠤᠷᠭᠠᠭᠤᠯᠢ ᠳᠤ ᠨᠡᠷ᠎ᠡ ᠮᠡᠳᠡᠭᠦᠯᠬᠦ ᠶᠢ | ᠳᠡᠮᠵᠢᠨ᠎ᠡ᠃ ᠡᠮᠡᠭᠲᠡᠶᠢᠴᠦᠳ ᠤᠨ ᠰᠢᠨ᠎ᠡ ᠶᠢ ᠡᠭᠦᠳᠬᠦ ᠬᠡᠯᠪᠡᠷᠢ ᠶᠢᠨ᠂ ᠬᠠᠮ ᠬᠡᠷᠡᠭᠯᠡᠭᠡᠨ ᠤ ᠬᠡᠯᠪᠡᠷᠢ ᠶᠢᠨ | ᠴᠢᠳᠠᠪᠤᠷᠢᠲᠠᠨ ᠢ ᠬᠥᠮᠥᠵᠢᠭᠦᠯᠬᠦ ᠡᠷᠴᠢᠮ ᠢ ᠴᠢᠩᠭᠠᠷᠠᠭᠤᠯᠤᠨ᠎ᠠ᠃ ᠡᠮᠡᠭᠲᠡᠶᠢᠴᠦᠳ ᠤᠨ ᠰᠢᠨᠵᠢᠯᠡᠬᠦ ᠤᠬᠠᠭᠠᠨ ᠪᠠ | ᠮᠡᠷᠭᠡᠵᠢᠯ ᠤᠨ ᠬᠠᠮᠢᠶ᠎ᠠ ᠪᠦᠬᠦᠢ ᠠᠵᠢᠯ ᠳᠤ ᠣᠷᠤᠯᠴᠠᠬᠤ ᠶᠢ ᠬᠥᠲᠥᠯᠥᠨ ᠵᠢᠯᠤᠭᠤᠳᠴᠤ᠂ ᠡᠮᠡᠭᠲᠡᠢ ᠰᠢᠨᠵᠢᠯᠡᠬᠦ | ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠦᠷᠭᠦᠯᠵᠢᠯᠡᠭᠰᠡᠨ ᠰᠤᠷᠭᠠᠨ ᠬᠥᠮᠦᠵᠢᠯ ᠪᠠ ᠲᠤᠰᠬᠠᠢ ᠮᠡᠷᠭᠡᠵᠢᠯ ᠤᠨ | ᠪᠣᠯᠪᠠᠰᠤᠷᠠᠭᠤᠯᠤᠯ ᠳᠤ ᠣᠷᠤᠯᠴᠠᠬᠤ ᠲᠣᠬᠢᠶᠠᠯ ᠢ ᠨᠡᠮᠡᠭᠳᠡᠭᠦᠯᠦᠨ᠎ᠡ᠃ | 9᠂ ᠡᠮᠡᠭᠲᠡᠶᠢᠴᠦᠳ ᠤᠨ ᠨᠠᠰᠤᠨ ᠲᠤᠷᠰᠢᠲᠠ ᠶᠢᠨ ᠰᠤᠷᠤᠯᠴᠠᠯᠭ᠎ᠠ ᠳᠤ ᠳᠡᠮᠵᠢᠯᠭᠡ ᠬᠠᠩᠭᠠᠨ᠎ᠠ᠃ ᠨᠡᠩ | ᠨᠡᠭᠡᠭᠡᠯᠲᠡ ᠲᠠᠢ ᠪᠥᠭᠡᠳ ᠠᠮᠢᠳᠤᠯᠢᠭ ᠨᠠᠰᠤᠨ ᠲᠤᠷᠰᠢᠲᠠ ᠶᠢᠨ ᠰᠤᠷᠤᠯᠴᠠᠯᠭ᠎ᠠ ᠶᠢᠨ ᠰᠢᠰᠲ᠋ᠧᠮ ᠢ ᠪᠠᠶᠢᠭᠤᠯᠤᠨ | ᠲᠡᠭᠦᠯᠳᠡᠷᠵᠢᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠬᠢᠭᠡᠳ ᠡᠩ ᠤᠨ ᠰᠤᠷᠭᠠᠨ ᠬᠥᠮᠦᠵᠢᠯ᠂ | ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠬᠢᠭᠡᠳ ᠰᠤᠷᠤᠯᠭ᠎ᠠ ᠶᠢᠨ ᠨᠠᠮᠲᠠᠷ ᠤᠨ ᠪᠤᠰᠤ ᠰᠤᠷᠭᠠᠨ | ᠬᠥᠮᠦᠵᠢᠯ ᠢ ᠨᠡᠪᠲᠡᠷᠡᠯᠴᠡᠭᠦᠯᠦᠨ ᠵᠣᠯᠭᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠳᠠᠩᠰᠠᠯᠠᠭᠤᠯᠤᠨ | ᠰᠤᠷᠤᠯᠴᠠᠭᠤᠯᠬᠤ᠂ ᠤᠶᠠᠨ ᠬᠠᠳᠠᠨ ᠢᠶᠠᠷ ᠰᠤᠷᠤᠯᠴᠠᠭᠤᠯᠬᠤ ᠪᠠ ᠦᠷᠭᠦᠯᠵᠢᠯᠡᠨ ᠬᠥᠮᠥᠵᠢᠭᠦᠯᠬᠦ ᠳᠦᠷᠢᠮ ᠢ | ᠲᠡᠭᠦᠯᠳᠡᠷᠵᠢᠭᠦᠯᠵᠦ᠂ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠤᠨ ᠠᠷᠭ᠎ᠠ ᠵᠠᠮ ᠢ ᠥᠷᠭᠡᠳᠬᠡᠵᠦ᠂ | ᠡᠮᠡᠭᠲᠡᠶᠢᠴᠦᠳ ᠤᠨ ᠤᠯᠠᠨ ᠶᠠᠩᠵᠤᠴᠢᠯᠠᠭᠰᠠᠨ ᠰᠤᠷᠤᠯᠴᠠᠯᠭ᠎ᠠ ᠶᠢᠨ ᠬᠡᠷᠡᠭᠴᠡᠭᠡ ᠶᠢ ᠬᠠᠩᠭᠠᠵᠤ᠂ ᠬᠥᠩᠭᠡᠵᠢᠬᠦ ᠠᠴᠠ | ᠪᠣᠯᠵᠤ ᠰᠤᠷᠤᠯᠭ᠎ᠠ ᠪᠠᠨ ᠵᠣᠭᠰᠣᠬᠤ ᠪᠠ ᠠᠵᠢᠯ ᠮᠡᠷᠭᠡᠵᠢᠯ ᠲᠠᠢ ᠡᠮᠡᠭᠲᠡᠶᠢᠴᠦᠳ ᠤᠨ ᠬᠥᠭᠵᠢᠯᠲᠡ ᠶᠢᠨ ᠬᠡᠷᠡᠭᠴᠡᠭᠡ ᠶᠢ | ᠠᠩᠬᠠᠷᠬᠤ ᠬᠡᠷᠡᠭᠲᠡᠢ᠃ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠥᠷᠭᠡᠳᠬᠡᠵᠦ᠂ | ᠡᠮᠡᠭᠲᠡᠶᠢᠴᠦᠳ ᠲᠤ ᠳᠥᠭᠦᠮ ᠳᠥᠲᠡ ᠨᠡᠶᠢᠭᠡᠮ ᠲᠣᠭᠤᠷᠢᠭ ᠤᠨ ᠪᠠ ᠰᠦᠯᠵᠢᠶᠡᠨ ᠤ ᠰᠤᠷᠭᠠᠨ ᠬᠥᠮᠦᠵᠢᠯ ᠤᠨ ᠡᠬᠢ | ᠪᠠᠶᠠᠯᠢᠭ ᠢ ᠬᠠᠩᠭᠠᠵᠤ᠂ ᠬᠡᠷᠡᠭᠴᠡᠭᠡ ᠲᠠᠢ ᠬᠤᠲᠠ ᠳᠤ ᠣᠷᠣᠵᠤ ᠠᠵᠢᠯ ᠬᠥᠳᠡᠯᠮᠦᠷᠢ ᠬᠢᠵᠦ ᠪᠠᠶᠢᠭ᠎ᠠ ᠡᠮᠡᠭᠲᠡᠶᠢᠴᠦᠳ᠂ | ᠡᠮᠡᠭᠲᠡᠶᠢᠴᠦᠳ ᠤᠨ ᠰᠢᠨ᠎ᠡ ᠬᠤᠲᠠ ᠶᠢᠨ ᠠᠷᠠᠳ᠂ ᠠᠵᠢᠯ ᠬᠦᠯᠢᠶᠡᠵᠦ ᠪᠠᠶᠢᠭ᠎ᠠ ᠡᠮᠡᠭᠲᠡᠶᠢᠴᠦᠳ ᠵᠡᠷᠭᠡ ᠳᠤ | ᠬᠠᠨᠳᠤᠯᠭᠠᠲᠤ ᠴᠢᠨᠠᠷᠲᠠᠢ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠬᠠᠩᠭᠠᠨ᠎ᠠ᠃ | 10᠂ ᠡᠮᠡᠭᠲᠡᠢ ᠵᠠᠯᠠᠭᠤ ᠢᠳᠡᠷᠴᠦᠳ ᠤᠨ ᠦᠰᠦᠭ ᠦᠯᠦ ᠲᠠᠨᠢᠬᠤ ᠶᠠᠪᠤᠳᠠᠯ ᠢ ᠠᠷᠢᠯᠭᠠᠬᠤ ᠦᠷ᠎ᠡ | ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠨᠡᠶᠢᠲᠡᠯᠢᠭ ᠬᠡᠯᠡ ᠶᠢ ᠳᠡᠯᠭᠡᠷᠡᠭᠦᠯᠬᠦ ᠡᠷᠴᠢᠮ ᠢ ᠴᠢᠩᠭᠠᠷᠠᠭᠤᠯᠤᠨ᠎ᠠ᠃ | ᠰᠣᠶᠣᠯ ᠤᠨ ᠪᠠᠯᠠᠢ ᠶᠢ ᠠᠷᠢᠯᠭᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠤᠯᠤᠰ ᠤᠨ ᠨᠡᠶᠢᠳᠡᠮ ᠬᠡᠷᠡᠭᠯᠡᠬᠦ | ᠦᠭᠡ ᠬᠡᠯᠡ ᠦᠰᠦᠭ ᠪᠢᠴᠢᠭ ᠤᠨ ᠬᠥᠮᠦᠵᠢᠯ ᠢ ᠴᠢᠩᠭᠠᠳᠬᠠᠵᠤ᠂ ᠡᠮᠡᠭᠲᠡᠢ ᠬᠡᠦᠬᠡᠳ ᠤᠨ ᠰᠤᠷᠤᠯᠭ᠎ᠠ ᠪᠠᠨ ᠲᠤᠷᠭᠤᠨ | ᠵᠣᠭᠰᠣᠬᠤ ᠦᠵᠡᠭᠳᠡᠯ ᠢ ᠠᠷᠢᠯᠭᠠᠵᠤ᠂ ᠵᠠᠯᠠᠭᠤ ᠢᠳᠡᠷᠴᠦᠳ ᠤᠨ ᠰᠢᠨ᠎ᠡ ᠰᠣᠶᠣᠯ ᠤᠨ ᠪᠠᠯᠠᠢ ᠪᠤᠢ ᠪᠣᠯᠬᠤ ᠶᠢ | ᠬᠤᠷᠢᠭᠯᠠᠨ᠎ᠠ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠪᠣᠯᠪᠠᠰᠤᠷᠠᠭᠤᠯᠤᠯ ᠵᠢᠴᠢ ᠡᠯ᠎ᠡ | ᠲᠦᠷᠦᠯ ᠤᠨ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠢ ᠵᠡᠮᠳᠡᠭ ᠡᠮᠡᠭᠲᠡᠶᠢᠴᠦᠳ ᠵᠡᠷᠭᠡ ᠬᠠᠮᠲᠤᠯᠢᠭ ᠲᠤ | ᠬᠡᠯᠪᠡᠶᠢᠯᠭᠡᠨ᠎ᠡ᠃ ᠦᠰᠦᠭ ᠦᠯᠦ ᠲᠠᠨᠢᠬᠤ ᠶᠠᠪᠤᠳᠠᠯ ᠢ ᠠᠷᠢᠯᠭᠠᠭᠰᠠᠨ ᠤ ᠳᠠᠷᠠᠭᠠᠬᠢ ᠦᠷᠭᠦᠯᠵᠢᠯᠡᠭᠰᠡᠨ ᠰᠤᠷᠭᠠᠨ | ᠬᠥᠮᠦᠵᠢᠯ ᠢ ᠭᠦᠨᠵᠡᠭᠡᠶᠢᠷᠡᠭᠦᠯᠦᠨ᠎ᠡ᠃ ᠡᠮᠡᠭᠲᠡᠶᠢᠴᠦᠳ ᠤᠨ ᠰᠤᠷᠭᠠᠨ ᠬᠥᠮᠦᠵᠢᠯ ᠬᠦᠷᠳᠡᠬᠦ ᠳᠤᠮᠳᠠᠴᠢ ᠵᠢᠯ | ᠬᠤᠭᠤᠴᠠᠭ᠎ᠠ ᠶᠢ ᠳᠡᠭᠡᠭᠰᠢᠯᠡᠭᠦᠯᠦᠨ᠎ᠡ᠃ | 11᠂ ᠡᠷᠬᠡ ᠲᠡᠭᠰᠢ ᠬᠦᠨᠳᠦᠳᠬᠡᠬᠦ ᠪᠠ ᠠᠮᠤᠷ ᠲᠦᠪᠰᠢᠨ ᠨᠥᠬᠦᠷᠰᠡᠭ ᠨᠠᠶᠢᠷᠰᠠᠭ ᠰᠤᠷᠭᠠᠭᠤᠯᠢ ᠶᠢᠨ | ᠬᠦᠷᠢᠶᠡᠨ ᠤ ᠣᠷᠴᠢᠨ ᠲᠣᠭᠤᠷᠢᠨ ᠢ ᠪᠠᠶᠢᠭᠤᠯᠤᠨ᠎ᠠ᠃ ᠬᠠᠷᠢᠯᠴᠠᠨ ᠬᠦᠨᠳᠦᠳᠬᠡᠬᠦ᠂ ᠡᠷᠬᠡ ᠲᠡᠭᠰᠢ ᠡᠶ᠎ᠡ ᠨᠠᠶᠢᠷᠲᠠᠢ | ᠪᠠᠭᠰᠢ ᠰᠣᠷᠣᠭᠴᠢ᠂ ᠬᠠᠮᠲᠤ ᠰᠣᠷᠣᠭᠴᠢ ᠶᠢᠨ ᠬᠠᠷᠢᠴᠠᠭ᠎ᠠ ᠪᠠᠶᠢᠭᠤᠯᠬᠤ ᠶᠢ ᠠᠬᠢᠭᠤᠯᠵᠤ᠂ ᠰᠤᠷᠭᠠᠭᠤᠯᠢ ᠶᠢᠨ ᠠᠮᠢ | ᠨᠠᠰᠤᠨ ᠤ ᠬᠥᠮᠦᠵᠢᠯ᠂ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠪᠠ ᠤᠷᠢᠳᠴᠢᠯᠠᠨ ᠰᠡᠷᠭᠡᠶᠢᠯᠡᠬᠦ ᠴᠢᠨᠠᠷᠲᠠᠢ | ᠬᠠᠯᠳᠠᠯᠭ᠎ᠠ᠂ ᠪᠡᠯᠭᠡ ᠶᠢᠨ ᠬᠠᠯᠳᠠᠯᠭ᠎ᠠ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠤᠷᠢᠳᠴᠢᠯᠠᠨ ᠰᠡᠷᠭᠡᠶᠢᠯᠡᠬᠦ | ᠬᠠᠮᠢᠶ᠎ᠠ ᠪᠦᠬᠦᠢ ᠬᠢᠴᠢᠶᠡᠯ ᠲᠣᠬᠢᠷᠠᠭᠤᠯᠬᠤ ᠶᠢ ᠵᠣᠷᠢᠭᠵᠢᠭᠤᠯᠵᠤ᠂ ᠰᠤᠷᠤᠭᠴᠢᠳ ᠤᠨ ᠥᠪᠡᠷ ᠢ ᠪᠠᠨ ᠬᠠᠮᠠᠭᠠᠯᠠᠬᠤ | ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠦᠨ᠎ᠡ᠃ ᠳᠤᠮᠳᠠᠳᠤ ᠪᠠᠭ᠎ᠠ ᠰᠤᠷᠭᠠᠭᠤᠯᠢ ᠨᠤᠭᠤᠳ ᠨᠠᠰᠤᠨ ᠳᠤ ᠥᠯᠥ | ᠭᠦᠷᠦᠭᠰᠡᠳ ᠲᠤ ᠤᠷᠢᠳᠴᠢᠯᠠᠨ ᠰᠡᠷᠭᠡᠶᠢᠯᠡᠬᠦ ᠴᠢᠨᠠᠷᠲᠠᠢ ᠬᠠᠯᠳᠠᠯᠭ᠎ᠠ ᠬᠢᠬᠦ ᠠᠵᠢᠯ ᠤᠨ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠡᠳᠦᠷ ᠲᠤᠲᠤᠮ ᠤᠨ ᠬᠠᠮᠢᠶᠠᠷᠤᠯᠲᠠ᠂ ᠤᠷᠢᠳᠴᠢᠯᠠᠨ ᠰᠡᠷᠭᠡᠶᠢᠯᠡᠵᠦ ᠵᠢᠭᠰᠠᠭᠠᠨ ᠪᠠᠶᠢᠴᠠᠭᠠᠬᠤ᠂ | ᠵᠠᠭᠠᠯᠳᠤᠯᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠪᠠ ᠪᠠᠶᠢᠴᠠᠭᠠᠨ ᠰᠢᠢᠳᠪᠦᠷᠢᠯᠡᠬᠦ ᠪᠠᠨ ᠴᠢᠩᠭᠠᠳᠬᠠᠬᠤ ᠬᠡᠷᠡᠭᠲᠡᠢ᠃ | ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠪᠠᠶᠢᠴᠠᠭᠠᠨ ᠯᠠᠪᠯᠠᠬᠤ | ᠬᠠᠤᠯᠢ ᠪᠠᠷ ᠲᠣᠭᠲᠠᠭᠠᠭᠰᠠᠨ ᠡᠭᠦᠷᠭᠡ ᠶᠢ ᠭᠦᠢᠴᠡᠳᠬᠡᠵᠦ᠂ ᠨᠥᠬᠦᠴᠡᠯ ᠳᠤ ᠨᠡᠶᠢᠴᠡᠬᠦ ᠦᠭᠡᠢ ᠪᠠᠭᠰᠢ ᠠᠵᠢᠯᠲᠠᠨ ᠢ | ᠰᠢᠢᠳᠪᠦᠷᠢᠯᠡᠨ᠎ᠡ᠃ | (ᠭᠤᠷᠪᠠ) ᠡᠮᠡᠭᠲᠡᠶᠢᠴᠦᠳ ᠬᠢᠭᠡᠳ ᠠᠵᠤ ᠠᠬᠤᠢ | ᠭᠤᠣᠯ ᠬᠠᠷᠠᠯᠲᠠ᠄ | 1᠂ ᠡᠮᠡᠭᠲᠡᠶᠢᠴᠦᠳ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ | ᠴᠢᠳᠠᠯ ᠢᠶᠠᠨ ᠡᠷᠭᠦᠬᠦ ᠶᠢ ᠵᠣᠷᠢᠭᠵᠢᠭᠤᠯᠤᠨ ᠳᠡᠮᠵᠢᠵᠦ᠂ ᠡᠮᠡᠭᠲᠡᠶᠢᠴᠦᠳ ᠤᠨ ᠠᠵᠤ ᠠᠬᠤᠢ ᠶᠢᠨ ᠬᠥᠭᠵᠢᠯᠲᠡ ᠳᠤ | ᠡᠷᠬᠡ ᠲᠡᠭᠰᠢ ᠪᠠᠷ ᠣᠷᠤᠯᠴᠠᠬᠤ ᠡᠷᠬᠡ ᠪᠠ ᠠᠵᠠ ᠲᠣᠬᠢᠶᠠᠯ ᠢ ᠪᠠᠲᠤᠯᠠᠭ᠎ᠠ ᠲᠠᠢ ᠪᠣᠯᠭᠠᠨ᠎ᠠ᠃ | 2᠂ ᠡᠷᠬᠡ ᠲᠡᠭᠰᠢ ᠪᠠᠷ ᠠᠵᠢᠯ ᠣᠯᠬᠤ ᠶᠢ ᠠᠬᠢᠭᠤᠯᠵᠤ᠂ ᠠᠵᠢᠯ ᠣᠯᠭᠤᠯᠲᠠ ᠶᠢᠨ ᠬᠦᠢᠰᠦ ᠶᠢᠨ | ᠭᠠᠳᠠᠭᠤᠷᠴᠢᠯᠠᠯ ᠢ ᠠᠷᠢᠯᠭᠠᠨ᠎ᠠ᠃ ᠠᠵᠢᠯ ᠣᠯᠣᠭᠰᠠᠳ ᠤᠨ ᠳᠣᠲᠣᠷᠠᠬᠢ ᠡᠮᠡᠭᠲᠡᠶᠢᠴᠦᠳ ᠤᠨ ᠬᠠᠷᠢᠴᠠᠯ ᠢ 45% | ᠣᠷᠴᠢᠮ ᠪᠠᠶᠢᠯᠭᠠᠨ᠎ᠠ᠃ | 3᠂ ᠪᠥᠬᠦᠳᠡ ᠤᠯᠠᠨ ᠢᠶᠠᠷ ᠢᠶᠠᠨ ᠠᠳᠠᠯ ᠦᠢᠯᠡᠰ ᠴᠣᠭᠴᠠᠯᠠᠬᠤ᠂ ᠲᠦᠮᠡᠨ ᠤᠯᠠᠨ ᠢᠶᠠᠷ ᠢᠶᠠᠨ ᠰᠢᠨ᠎ᠡ ᠶᠢ | ᠡᠭᠦᠳᠬᠦ ᠶᠢ ᠲᠦᠯᠬᠢᠨ ᠠᠬᠢᠭᠤᠯᠵᠤ᠂ ᠡᠮᠡᠭᠲᠡᠶᠢᠴᠦᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠶᠡᠬᠡᠪᠡᠷ | ᠲᠡᠮᠵᠢᠨ᠎ᠡ᠃ | 4᠂ ᠡᠮᠡᠭᠲᠡᠢ ᠣᠶᠤᠲᠠᠳ ᠤᠨ ᠭᠦᠢᠴᠡᠳ ᠠᠳᠠᠯ ᠦᠢᠯᠡᠰ ᠴᠣᠭᠴᠠᠯᠠᠵᠤ ᠠᠵᠢᠯ ᠣᠯᠬᠤ ᠶᠢ ᠳᠡᠮᠵᠢᠨ᠎ᠡ᠃ | 5᠂ ᠡᠮᠡᠭᠲᠡᠶᠢᠴᠦᠳ ᠤᠨ ᠠᠵᠢᠯ ᠣᠯᠭᠤᠯᠲᠠ ᠶᠢᠨ ᠪᠦᠲᠦᠴᠡ ᠶᠢ ᠰᠢᠯᠢᠳᠡᠭᠵᠢᠭᠦᠯᠦᠨ᠎ᠡ᠃ ᠬᠤᠲᠠ | ᠪᠠᠯᠭᠠᠰᠤ ᠶᠢᠨ ᠨᠢᠭᠡᠴᠡ ᠳᠤ ᠠᠵᠢᠯᠯᠠᠵᠤ ᠪᠠᠶᠢᠭ᠎ᠠ ᠬᠥᠮᠥᠰ ᠤᠨ ᠳᠣᠲᠣᠷᠠᠬᠢ ᠡᠮᠡᠭᠲᠡᠶᠢᠴᠦᠳ ᠤᠨ ᠬᠠᠷᠢᠴᠠᠯ ᠢ 40% | ᠣᠷᠴᠢᠮ ᠳᠤ ᠬᠦᠷᠦᠭᠦᠯᠦᠨ᠎ᠡ᠃ | 6᠂ ᠡᠮᠡᠭᠲᠡᠢ ᠴᠢᠳᠠᠪᠤᠷᠢᠲᠠᠨ ᠤ ᠬᠥᠭᠵᠢᠯᠲᠡ ᠶᠢ ᠠᠬᠢᠭᠤᠯᠤᠨ᠎ᠠ᠃ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ | ᠠᠵᠢᠯᠲᠠᠨ ᠤ ᠳᠣᠲᠣᠷᠠᠬᠢ ᠡᠮᠡᠭᠲᠡᠶᠢᠴᠦᠳ ᠤᠨ ᠬᠠᠷᠢᠴᠠᠯ ᠢ 50% ᠳᠤ ᠬᠦᠷᠦᠭᠦᠯᠵᠦ᠂ ᠡᠮᠡᠭᠲᠡᠢ | ᠬᠥᠳᠡᠯᠮᠦᠷᠢᠴᠢᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠶᠢ | ᠠᠬᠢᠭᠤᠯᠤᠨ᠎ᠠ᠃ | 7᠂ ᠡᠮᠡᠭᠲᠡᠶᠢᠴᠦᠳ ᠤᠨ ᠭᠤᠣᠯᠴᠢ ᠬᠥᠳᠡᠯᠮᠦᠷᠢ ᠶᠢᠨ ᠬᠥᠯᠥᠰᠦ ᠣᠯᠭᠤᠮᠵᠢ ᠣᠯᠬᠤ ᠶᠢ ᠪᠠᠲᠤᠯᠠᠵᠤ᠂ ᠡᠷᠡᠭᠲᠡᠢ | ᠡᠮᠡᠭᠲᠡᠢ ᠶᠢᠨ ᠣᠷᠣᠯᠭ᠎ᠠ ᠶᠢᠨ ᠵᠥᠷᠢᠶ᠎ᠡ ᠶᠢ ᠢᠯᠡᠳᠲᠡ ᠪᠠᠭᠠᠰᠬᠠᠨ᠎ᠠ᠃ | 8᠂ ᠡᠮᠡᠭᠲᠡᠢ ᠬᠥᠳᠡᠯᠮᠦᠷᠢᠴᠢᠳ ᠤᠨ ᠬᠥᠳᠡᠯᠮᠦᠷᠢ ᠶᠢᠨ ᠠᠮᠤᠷ ᠲᠦᠪᠰᠢᠨ ᠪᠠ ᠡᠷᠡᠭᠦᠯ ᠮᠡᠨᠳᠦ ᠶᠢ ᠪᠠᠲᠤᠯᠠᠨ᠎ᠠ᠃ | ᠡᠮᠡᠭᠲᠡᠢ ᠠᠵᠢᠯᠲᠠᠨ ᠠᠵᠢᠯᠴᠢᠨ ᠤ ᠠᠵᠢᠯ ᠤᠨ ᠨᠥᠯᠥᠭᠡᠨ ᠤ ᠡᠪᠡᠳᠴᠢᠨ ᠤ ᠡᠭᠦᠰᠬᠦ ᠨᠣᠷᠮ᠎ᠠ ᠶᠢ | ᠳᠤᠷᠤᠭᠰᠢᠯᠠᠭᠤᠯᠤᠨ᠎ᠠ᠃ | 9᠂ ᠬᠥᠳᠡᠭᠡ ᠲᠣᠰᠬᠤᠨ ᠤ ᠡᠮᠡᠭᠲᠡᠶᠢᠴᠦᠳ ᠤᠨ ᠭᠠᠵᠠᠷ ᠰᠢᠷᠣᠢ ᠨᠤᠲᠤᠭ ᠪᠡᠯᠴᠢᠭᠡᠷ ᠢ ᠳᠠᠭᠠᠭᠠᠴᠢᠯᠠᠨ | ᠡᠵᠡᠩᠨᠡᠬᠦ ᠡᠷᠬᠡ᠂ ᠣᠷᠣᠨ ᠰᠠᠭᠤᠴᠠ ᠶᠢᠨ ᠰᠠᠭᠤᠷᠢ ᠭᠠᠵᠠᠷ ᠢ ᠬᠡᠷᠡᠭᠯᠡᠬᠦ ᠡᠷᠬᠡ᠂ ᠬᠠᠮᠲᠤ ᠶᠢᠨ ᠠᠵᠤ ᠠᠬᠤᠢ ᠶᠢᠨ | ᠠᠰᠢᠭ ᠣᠷᠣᠯᠭ᠎ᠠ ᠶᠢ ᠬᠤᠪᠢᠶᠠᠷᠢᠯᠠᠬᠤ ᠡᠷᠬᠡ ᠵᠡᠷᠭᠡ ᠡᠯ᠎ᠡ ᠵᠦᠢᠯ ᠤᠨ ᠡᠷᠬᠡ ᠠᠰᠢᠭ ᠢ ᠠᠳᠠᠯᠢ ᠲᠡᠭᠰᠢ ᠪᠠᠷ | ᠡᠳ᠋ᠯᠡᠬᠦ ᠶᠢ ᠪᠠᠲᠤᠯᠠᠵᠤ᠂ ᠭᠠᠵᠠᠷ ᠰᠢᠷᠣᠢ ᠨᠤᠲᠤᠭ ᠪᠡᠯᠴᠢᠭᠡᠷ ᠢ ᠲᠠᠲᠠᠪᠤᠷᠢᠯᠠᠬᠤ ᠪᠤᠶᠤ ᠲᠠᠲᠠᠪᠤᠷᠢᠯᠠᠨ ᠬᠡᠷᠡᠭᠯᠡᠵᠦ | ᠲᠥᠪᠬᠢᠨᠡᠭᠦᠯᠬᠦ ᠨᠥᠬᠦᠪᠦᠷᠢ ᠶᠢᠨ ᠡᠷᠬᠡ ᠠᠰᠢᠭ ᠢ ᠠᠳᠠᠯᠢ ᠲᠡᠭᠰᠢ ᠪᠠᠷ ᠡᠳ᠋ᠯᠡᠬᠦ ᠶᠢ ᠪᠠᠲᠤᠯᠠᠨ᠎ᠠ᠃ | 10᠂ ᠬᠥᠳᠡᠭᠡ ᠲᠣᠰᠬᠤᠨ ᠤ ᠡᠮᠡᠭᠲᠡᠶᠢᠴᠦᠳ ᠤᠨ ᠦᠷᠭᠦᠯᠵᠢᠯᠡᠬᠦ ᠬᠥᠭᠵᠢᠯᠲᠡ ᠶᠢᠨ ᠴᠢᠳᠠᠪᠤᠷᠢ ᠶᠢ | ᠨᠡᠮᠡᠭᠳᠡᠭᠦᠯᠵᠦ᠂ ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠡᠮᠡᠭᠲᠡᠶᠢᠴᠦᠳ ᠤᠨ ᠬᠠᠮᠲᠤᠯᠢᠭ ᠤᠨ ᠣᠷᠣᠯᠭ᠎ᠠ ᠶᠢ | ᠨᠡᠮᠡᠭᠳᠡᠭᠦᠯᠦᠨ ᠪᠠᠶᠠᠵᠢᠭᠤᠯᠬᠤ ᠶᠢ ᠬᠠᠪᠰᠤᠷᠤᠨ᠎ᠠ᠃ | 11᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ | ᠶᠠᠪᠤᠴᠠ ᠳᠠᠬᠢ ᠡᠮᠡᠭᠲᠡᠶᠢᠴᠦᠳ ᠤᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ | ᠠᠷᠭ᠎ᠠ ᠪᠣᠳᠣᠯᠭ᠎ᠠ ᠠᠷᠭ᠎ᠠ ᠬᠡᠮᠵᠢᠶ᠎ᠡ᠄ | 1᠂ ᠡᠮᠡᠭᠲᠡᠶᠢᠴᠦᠳ ᠤᠨ ᠠᠵᠤ ᠠᠬᠤᠢ ᠶᠢᠨ ᠬᠥᠭᠵᠢᠯᠲᠡ ᠳᠤ ᠡᠷᠬᠡ ᠲᠡᠭᠰᠢ ᠪᠠᠷ ᠣᠷᠤᠯᠴᠠᠬᠤ ᠶᠢ ᠪᠠᠲᠤᠯᠠᠬᠤ | ᠡᠷᠴᠢᠮ ᠢ ᠴᠢᠩᠭᠠᠷᠠᠭᠤᠯᠤᠨ᠎ᠠ᠃ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ | ᠡᠮᠡᠭᠲᠡᠶᠢᠴᠦᠳ ᠤᠨ ᠡᠷᠬᠡ ᠲᠡᠭᠰᠢ ᠪᠠᠷ ᠠᠵᠤ ᠠᠬᠤᠢ ᠶᠢᠨ ᠡᠬᠢ ᠪᠠᠶᠠᠯᠢᠭ ᠣᠯᠬᠤ᠂ ᠠᠵᠤ ᠠᠬᠤᠢ ᠶᠢᠨ ᠪᠦᠲᠦᠭᠡᠨ | ᠪᠠᠶᠢᠭᠤᠯᠤᠯᠲᠠ ᠳᠤ ᠣᠷᠤᠯᠴᠠᠬᠤ᠂ ᠠᠵᠤ ᠠᠬᠤᠢ ᠶᠢᠨ ᠬᠥᠭᠵᠢᠯᠲᠡ ᠶᠢᠨ ᠦᠷ᠎ᠡ ᠪᠦᠲᠦᠭᠡᠯ ᠢ ᠡᠳ᠋ᠯᠡᠬᠦ ᠶᠢ ᠪᠠᠲᠤᠯᠠᠬᠤ | ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ | ᠡᠮᠡᠭᠲᠡᠢ ᠴᠢᠳᠠᠪᠤᠷᠢᠲᠠᠨ ᠤ ᠰᠢᠨ᠎ᠡ ᠶᠢ ᠡᠭᠦᠳᠬᠦ ᠬᠥᠭᠵᠢᠯᠲᠡ ᠶᠢᠨ ᠳᠤᠮᠳᠠ ᠨᠡᠩ ᠶᠡᠭᠡ ᠦᠢᠯᠡᠳᠦᠯ ᠪᠠᠳᠠᠷᠠᠭᠤᠯᠬᠤ ᠶᠢ | ᠳᠡᠮᠵᠢᠬᠦ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠳᠦᠷᠢᠮ ᠤᠨ ᠲᠣᠭᠲᠠᠴᠠ ᠶᠢᠨ | ᠰᠢᠨ᠎ᠡ ᠶᠢ ᠡᠭᠦᠳᠴᠦ᠂ ᠡᠮᠡᠭᠲᠡᠶᠢᠴᠦᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ᠂ ᠠᠵᠢᠯ ᠮᠡᠷᠭᠡᠵᠢᠯ ᠤᠨ | ᠬᠥᠭᠵᠢᠯᠲᠡ᠂ ᠬᠥᠳᠡᠯᠮᠦᠷᠢ ᠶᠢᠨ ᠬᠥᠯᠥᠰᠦ ᠣᠯᠭᠤᠮᠵᠢ᠂ ᠠᠵᠢᠯ ᠮᠡᠷᠭᠡᠵᠢᠯ ᠤᠨ ᠡᠷᠡᠭᠦᠯ ᠮᠡᠨᠳᠦ ᠬᠢᠭᠡᠳ ᠠᠮᠤᠷ | ᠲᠦᠪᠰᠢᠨ᠂ ᠠᠵᠢᠯ ᠮᠡᠷᠭᠡᠵᠢᠯ ᠠᠴᠠ ᠤᠬᠤᠷᠢᠨ ᠭᠠᠷᠬᠤ᠂ ᠭᠠᠵᠠᠷ ᠰᠢᠷᠣᠢ ᠨᠤᠲᠤᠭ ᠪᠡᠯᠴᠢᠭᠡᠷ ᠵᠡᠷᠭᠡ ᠲᠠᠯ᠎ᠠ ᠶᠢᠨ ᠡᠷᠬᠡ | ᠠᠰᠢᠭ ᠢ ᠪᠠᠲᠤᠯᠠᠵᠤ᠂ ᠡᠮᠡᠭᠲᠡᠶᠢᠴᠦᠳ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠭᠦᠢᠴᠡᠳ | ᠣᠷᠤᠯᠴᠠᠬᠤ ᠳᠤ ᠠᠰᠢᠭᠲᠠᠢ ᠨᠥᠬᠦᠴᠡᠯ ᠢ ᠡᠭᠦᠳᠴᠦ ᠥᠭᠭᠦᠨ᠎ᠡ᠃ | 2᠂ ᠠᠵᠢᠯ ᠣᠯᠭᠤᠬᠤ ᠬᠦᠢᠰᠦ ᠶᠢᠨ ᠢᠯᠭᠠᠯ ᠤᠨ ᠭᠠᠳᠠᠭᠤᠷᠴᠢᠯᠠᠯ ᠢ ᠠᠷᠢᠯᠭᠠᠬᠤ ᠠᠵᠢᠯ ᠤᠨ ᠡᠷᠴᠢᠮ ᠢ | ᠨᠡᠮᠡᠭᠳᠡᠭᠦᠯᠦᠨ᠎ᠡ᠃ ᠠᠵᠢᠯ ᠣᠯᠭᠤᠯᠲᠠ ᠶᠢᠨ ᠬᠦᠢᠰᠦ ᠶᠢᠨ ᠢᠯᠭᠠᠯ ᠤᠨ ᠭᠠᠳᠠᠭᠤᠷᠴᠢᠯᠠᠯ ᠢ ᠠᠷᠢᠯᠭᠠᠬᠤ ᠬᠠᠤᠯᠢ | ᠲᠣᠭᠲᠠᠭᠠᠯ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠦᠢᠰᠦ ᠶᠢᠨ ᠢᠯᠭᠠᠯ ᠤᠨ ᠡᠷᠬᠡ | ᠲᠡᠭᠰᠢ ᠪᠠᠶᠢᠬᠤ ᠠᠵᠢᠯ ᠣᠯᠭᠤᠯᠲᠠ ᠶᠢᠨ ᠲᠣᠭᠲᠠᠴᠠ ᠪᠠ ᠵᠠᠬ᠎ᠠ ᠳᠡᠯᠭᠡᠭᠦᠷ ᠤᠨ ᠤᠷᠴᠢᠨ ᠲᠤᠭᠤᠷᠢᠨ ᠢ ᠡᠭᠦᠳᠦᠨ᠎ᠡ᠃ | ᠬᠥᠮᠥᠨ ᠬᠡᠷᠡᠭᠯᠡᠬᠦ ᠨᠢᠭᠡᠴᠡ ᠡᠯᠰᠡᠨ ᠠᠪᠬᠤ ︵ᠤᠷᠢᠬᠤ︶ ᠶᠠᠪᠤᠴᠠ ᠳᠠᠭᠠᠨ ᠤᠯᠤᠰ ᠠᠴᠠ ᠲᠣᠭᠲᠠᠭᠠᠭᠰᠠᠨ | ᠡᠮᠡᠭᠲᠡᠶᠢᠴᠦᠳ ᠲᠤ ᠲᠣᠬᠢᠷᠠᠬᠤ ᠦᠭᠡᠢ ᠠᠵᠢᠯ ᠲᠦᠷᠦᠯ ᠪᠤᠶᠤ ᠠᠵᠢᠯ ᠤᠨ ᠪᠠᠶᠢᠷᠢ ᠶᠢ ᠭᠠᠷᠭᠠᠪᠠᠯ᠂ ᠬᠦᠢᠰᠦ ᠶᠢᠨ | ᠢᠯᠭᠠᠯ ᠢᠶᠠᠷ ᠪᠤᠶᠤ ᠬᠡᠯᠪᠡᠷᠢ ᠶᠢ ᠨᠢ ᠥᠭᠡᠷᠡᠳᠡᠭᠦᠯᠦᠨ ᠬᠦᠢᠰᠦ ᠶᠢᠨ ᠢᠯᠭᠠᠯ ᠢᠶᠠᠷ ᠰᠢᠯᠲᠠᠭ ᠪᠣᠯᠭᠠᠵᠤ | ᠡᠮᠡᠭᠲᠡᠶᠢᠴᠦᠳ ᠢ ᠡᠯᠰᠡᠨ ᠬᠡᠷᠡᠭᠯᠡᠬᠦ ᠶᠢ ᠲᠡᠪᠴᠢᠬᠦ ᠪᠤᠶᠤ ᠡᠮᠡᠭᠲᠡᠶᠢᠴᠦᠳ ᠢ ᠡᠯᠰᠡᠨ ᠬᠡᠷᠡᠭᠯᠡᠬᠦ ᠪᠠᠷᠢᠮᠵᠢᠶ᠎ᠠ ᠶᠢ | ᠳᠡᠭᠡᠭᠰᠢᠯᠡᠭᠦᠯᠵᠦ ᠪᠣᠯᠬᠤ ᠦᠭᠡᠢ᠃ ᠬᠥᠳᠡᠯᠮᠦᠷᠢ ᠶᠢᠨ ᠭᠡᠷ᠎ᠡ ᠳᠤ ᠡᠮᠡᠭᠲᠡᠶᠢᠴᠦᠳ ᠤᠨ ᠤᠷᠤᠭᠯᠠᠬᠤ᠂ ᠬᠡᠦᠬᠡᠳ | ᠠᠪᠬᠤ ᠶᠢ ᠲᠣᠭᠲᠠᠭᠠᠬᠤ ᠪᠤᠶᠤ ᠪᠤᠰᠤᠳ ᠠᠷᠭ᠎ᠠ ᠮᠠᠶ᠋ᠢᠭ ᠢᠶᠠᠷ ᠬᠡᠯᠪᠡᠷᠢ ᠶᠢ ᠨᠢ ᠥᠭᠡᠷᠡᠲᠦᠭᠦᠯᠦᠨ ᠬᠢᠵᠠᠭᠠᠷᠯᠠᠵᠤ | ᠪᠣᠯᠬᠤ ᠦᠭᠡᠢ᠃ ᠬᠥᠮᠥᠨ ᠬᠡᠷᠡᠭᠯᠡᠬᠦ ᠨᠢᠭᠡᠴᠡ ᠶᠢᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ | ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠬᠦ ᠶᠢ ᠱᠠᠯᠠᠪᠳᠠᠭᠤᠯᠵᠦ᠂ ᠠᠵᠢᠯ ᠣᠯᠭᠤᠯᠲᠠ ᠶᠢᠨ ᠬᠦᠢᠰᠦ ᠶᠢᠨ | ᠢᠯᠭᠠᠯ ᠤᠨ ᠭᠠᠳᠠᠭᠤᠷᠴᠢᠯᠠᠯ ᠢ ᠥᠪᠡᠷ ᠲᠡᠭᠡᠨ ᠪᠠᠶᠢᠴᠠᠭᠠᠵᠤ ᠥᠪᠡᠷ ᠲᠡᠬᠡᠨᠬᠥ᠋ᠳᠡᠯᠮᠦᠷᠢ ᠶᠢᠨ ᠪᠠᠲᠤᠯᠠᠭ᠎ᠠ ᠶᠢᠨ ᠬᠠᠤᠯᠢ | ᠴᠠᠭᠠᠵᠠ ᠶᠢᠨ ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠵᠤ᠂ ᠠᠵᠢᠯ ᠣᠯᠭᠤᠯᠲᠠ ᠶᠢᠨ ᠬᠦᠢᠰᠦ ᠶᠢᠨ ᠢᠯᠭᠠᠯ ᠤᠨ | ᠭᠠᠳᠠᠭᠤᠷᠴᠢᠯᠠᠯ ᠢᠶᠠᠷ ᠰᠡᠵᠢᠭᠯᠡᠭᠳᠡᠭᠰᠡᠨ ᠬᠥᠮᠥᠨ ᠬᠡᠷᠡᠭᠯᠡᠬᠦ ᠨᠢᠭᠡᠴᠡ ᠳᠤ ᠵᠠᠯᠠᠷᠠᠭᠤᠯᠬᠤ ᠰᠠᠨᠠᠯ ᠳᠤᠷᠠᠳᠴᠤ᠂ ᠬᠠᠤᠯᠢ | ᠶᠣᠰᠣᠭᠠᠷ ᠰᠢᠢᠳᠪᠦᠷᠢᠯᠡᠨ᠎ᠡ᠃ ᠤᠷᠢᠨ ᠬᠡᠷᠡᠭᠯᠡᠬᠦ᠂ ᠡᠯᠰᠡᠨ ᠬᠡᠷᠡᠭᠯᠡᠬᠦ ᠵᠠᠩᠭᠢᠯᠠᠭ᠎ᠠ ᠳᠠᠬᠢ ᠬᠦᠢᠰᠦ ᠶᠢᠨ ᠢᠯᠭᠠᠯ ᠤᠨ | ᠭᠠᠳᠠᠭᠤᠷᠴᠢᠯᠠᠯ ᠳᠤ ᠬᠤᠯᠪᠣᠭᠳᠠᠭᠰᠠᠨ ᠬᠥᠮᠥᠨ ᠬᠡᠷᠡᠭᠯᠡᠬᠦ ᠨᠢᠭᠡᠴᠡ ᠲᠠᠢ ᠬᠠᠮᠲᠤᠷᠠᠨ ᠪᠣᠯᠵᠣᠨ ᠶᠠᠷᠢᠯᠴᠠᠵᠤ᠂ ᠬᠠᠤᠯᠢ | ᠶᠣᠰᠣᠭᠠᠷ ᠵᠠᠯᠬᠠᠭᠠᠨ ᠰᠢᠳᠬᠡᠨ᠎ᠡ᠃ ᠠᠵᠢᠯ ᠣᠯᠭᠤᠯᠲᠠ ᠶᠢᠨ ᠬᠦᠢᠰᠦ ᠢᠯᠭᠠᠯ ᠤᠨ ᠭᠠᠳᠠᠭᠤᠷᠴᠢᠯᠠᠯ ᠤᠨ ᠵᠠᠭᠠᠯᠳᠤᠬᠤ | ᠪᠠ ᠰᠢᠢᠳᠪᠦᠷᠢᠯᠡᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠠᠵᠢᠯ ᠣᠯᠭᠤᠯᠲᠠ ᠶᠢᠨ ᠬᠦᠢᠰᠦ ᠢᠯᠭᠠᠯ ᠤᠨ | ᠭᠠᠳᠠᠭᠤᠷᠴᠢᠯᠠᠯ ᠳᠤ ᠬᠤᠯᠪᠣᠭᠳᠠᠭᠰᠠᠨ ᠵᠠᠷᠭᠤ ᠶᠢ ᠬᠠᠤᠯᠢ ᠶᠤᠰᠤᠭᠠᠷ ᠰᠢᠢᠳᠪᠦᠷᠢᠯᠡᠨ᠎ᠡ᠃ ᠠᠵᠢᠯ ᠲᠦᠷᠦᠯ ᠤᠨ | ᠨᠡᠶᠢᠭᠡᠮᠯᠢᠭ᠂ ᠬᠤᠳᠠᠯᠳᠤᠭᠠᠴᠢᠳ ᠤᠨ ᠡᠪᠯᠡᠯ ᠤᠨ ᠵᠣᠬᠢᠴᠠᠭᠤᠯᠵᠤ ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠵᠤ᠂ | ᠠᠵᠢᠯ ᠲᠦᠷᠦᠯ ᠤᠨ ᠥᠪᠡᠷ ᠢ ᠪᠠᠨ ᠱᠠᠭᠠᠷᠳᠠᠬᠤ ᠤᠬᠠᠮᠰᠠᠷ ᠢ ᠳᠡᠭᠡᠭᠰᠢᠯᠡᠭᠦᠯᠦᠨ᠎ᠡ᠃ ᠨᠠᠮ ᠵᠠᠰᠠᠭ ᠤᠨ ᠪᠠᠶᠢᠭᠤᠯᠭ᠎ᠠ᠂ | ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠨᠢ ᠡᠯᠰᠡᠨ ᠬᠡᠷᠡᠭᠯᠡᠬᠦ ︵ᠤᠷᠢᠬᠤ︶ ᠪᠠ | ᠠᠵᠢᠯᠲᠠᠨ ᠠᠵᠢᠯᠴᠢᠨ ᠤ ᠲᠤᠰᠢᠶᠠᠯ ᠳᠡᠪᠰᠢᠬᠦ᠂ ᠲᠤᠰᠬᠠᠢ ᠮᠡᠷᠭᠡᠵᠢᠯ ᠤᠨ ᠴᠣᠯᠠ ᠶᠢ ᠦᠨᠡᠯᠡᠨ ᠲᠣᠭᠲᠠᠭᠠᠬᠤ ᠵᠡᠷᠭᠡ | ᠲᠠᠯ᠎ᠠ ᠪᠠᠷ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠶᠢᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ | ᠦᠢᠯᠡᠳᠦᠯ ᠢ ᠪᠠᠳᠠᠷᠠᠭᠤᠯᠤᠨ᠎ᠠ᠃ | 3᠂ ᠡᠮᠡᠭᠲᠡᠶᠢᠴᠦᠳ ᠤᠨ ᠭᠦᠢᠴᠡᠳ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠠᠬᠢᠭᠤᠯᠤᠨ᠎ᠠ᠃ ᠡᠯ᠎ᠡ | ᠲᠥᠷᠥᠯ ᠤᠨ ᠴᠢᠨᠠᠷ ᠰᠠᠶᠢᠲᠠᠢ ᠪᠣᠯᠪᠠᠰᠤᠷᠠᠭᠤᠯᠤᠯ ᠬᠥᠮᠦᠵᠢᠯ ᠤᠨ ᠡᠬᠢ ᠪᠠᠶᠠᠯᠢᠭ ᠤᠨ ᠠᠳᠠᠯ ᠦᠢᠯᠡᠰ ᠴᠣᠭᠴᠠᠯᠠᠬᠤ | ᠪᠣᠯᠪᠠᠰᠤᠷᠠᠭᠤᠯᠤᠯ ᠤᠨ ᠠᠵᠢᠯ ᠳᠤ ᠢᠳᠡᠪᠬᠢᠲᠡᠢ ᠣᠷᠤᠯᠴᠠᠬᠤ ᠶᠢ ᠵᠣᠷᠢᠭᠵᠢᠭᠤᠯᠵᠤ᠂ ᠠᠳᠠᠯ ᠦᠢᠯᠡᠰ ᠴᠣᠭᠴᠠᠯᠠᠬᠤ | ᠬᠦᠰᠡᠯ ᠡᠷᠡᠮᠡᠯᠵᠡᠯ ᠪᠠ ᠪᠣᠯᠪᠠᠰᠤᠷᠠᠭᠤᠯᠤᠯ ᠤᠨ ᠬᠡᠷᠡᠭᠴᠡᠭᠡ ᠱᠠᠭᠠᠷᠳᠠᠯᠭ᠎ᠠ ᠲᠠᠢ ᠡᠮᠡᠭᠲᠡᠢ ᠬᠥᠳᠡᠯᠮᠦᠷᠢᠴᠢᠳ ᠲᠤ | ᠲᠤᠰᠬᠠᠶᠢᠵᠢᠭᠰᠠᠨ᠂ ᠵᠢᠷᠤᠮᠵᠢᠭᠰᠠᠨ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠪᠠ ᠠᠳᠠᠯ ᠦᠢᠯᠡᠰ | ᠴᠣᠭᠴᠠᠯᠠᠬᠤ ᠦᠢᠯᠡᠴᠢᠯᠡᠭᠡ ᠬᠠᠩᠭᠠᠵᠤ᠂ ᠨᠠᠩ ᠣᠯᠠᠨ ᠡᠮᠡᠭᠲᠡᠢ ᠠᠳᠠᠯ ᠦᠢᠯᠡᠰ ᠴᠣᠭᠴᠠᠯᠠᠭᠴᠢ ᠶᠢᠨ ᠪᠡᠶ᠎ᠡ ᠪᠠᠨ | ᠳᠠᠭᠠᠭᠠᠵᠤ ᠠᠳᠠᠯ ᠦᠢᠯᠡᠰ ᠴᠣᠭᠴᠠᠯᠠᠬᠤ ᠶᠢ ᠪᠡᠶᠡᠯᠡᠭᠦᠯᠬᠦ ᠶᠢ ᠠᠬᠢᠭᠤᠯᠤᠨ᠎ᠠ᠃ ᠤᠯᠠᠨ ᠨᠡᠶᠢᠲᠡ ᠶᠢᠨ ᠠᠵᠢᠯ | ᠣᠯᠭᠤᠯᠲᠠ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠠᠵᠢᠯ ᠣᠯᠭᠤᠯᠲᠠ ᠶᠢᠨ ᠦᠢᠯᠡᠴᠢᠯᠡᠭᠡᠨ ᠤ | ᠲᠤᠰᠬᠠᠢ ᠵᠦᠢᠯ ᠤᠨ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠡᠮᠡᠭᠲᠡᠶᠢᠴᠦᠳ ᠤᠨ ᠠᠵᠢᠯ ᠣᠯᠬᠤ ᠶᠢᠨ ᠬᠥᠮᠥᠨ ᠪᠠ | ᠠᠵᠢᠯ ᠤᠨ ᠪᠠᠶᠢᠷᠢ ᠶᠢᠨ ᠵᠤᠯᠭᠠᠭᠤᠯᠬᠤ ᠶᠢ ᠠᠬᠢᠭᠤᠯᠤᠨ᠎ᠠ᠃ ᠪᠤᠭᠤᠲᠤ ᠬᠤᠲᠠ ᠶᠢᠨ ᠣᠯᠠᠨ ᠨᠡᠶᠢᠲᠡ ᠶᠢᠨ ᠠᠵᠢᠯ | ᠣᠯᠭᠤᠯᠲᠠ ᠶᠢᠨ ᠦᠢᠯᠡᠴᠢᠯᠡᠭᠡᠨ ᠤ ᠮᠡᠳᠡᠭᠡ ᠵᠠᠩᠭᠢᠵᠢᠯᠲᠠ ᠶᠢᠨ ᠲᠠᠪᠴᠠᠩ ᠢᠶᠠᠷ ᠲᠦᠰᠢᠭ ᠪᠣᠯᠭᠠᠵᠤ᠂ ᠠᠵᠢᠯ ᠡᠷᠢᠬᠦ᠂ | ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠪᠠ ᠪᠣᠯᠪᠠᠰᠤᠷᠠᠭᠤᠯᠤᠯ ᠢ ᠨᠠᠷᠢᠯᠢᠭ ᠤᠨᠤᠪᠴᠢᠲᠠᠢ ᠪᠠᠷ | ᠵᠣᠯᠭᠠᠭᠤᠯᠬᠤ ᠶᠢ ᠠᠬᠢᠭᠤᠯᠤᠨ᠂ ᠪᠦᠲᠦᠴᠡ ᠶᠢᠨ ᠴᠢᠨᠠᠷᠲᠠᠢ ᠠᠵᠢᠯ ᠣᠯᠭᠤᠯᠲᠠ ᠶᠢᠨ ᠠᠰᠠᠭᠤᠳᠠᠯ ᠢ ᠬᠦᠴᠦᠯᠡᠨ | ᠰᠢᠢᠳᠪᠦᠷᠢᠯᠡᠨ᠎ᠡ᠃ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠪᠠ ᠰᠢᠨ᠎ᠡ ᠡᠵᠡᠩᠨᠡᠯᠲᠡ ᠶᠢᠨ ᠬᠡᠯᠪᠡᠷᠢ | ᠪᠠᠶᠢᠳᠠᠯ ᠤᠨ ᠡᠮᠡᠭᠲᠡᠶᠢᠴᠦᠳ ᠢ ᠰᠢᠩᠭᠡᠬᠡᠨ ᠠᠪᠴᠤ ᠠᠵᠢᠯ ᠣᠯᠭᠤᠬᠤ ᠴᠢᠳᠠᠮᠵᠢ ᠶᠢ ᠭᠦᠢᠴᠡᠳ ᠪᠠᠳᠠᠷᠠᠭᠤᠯᠵᠤ᠂ | ᠡᠮᠡᠭᠲᠡᠶᠢᠴᠦᠳ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠤᠨ ᠠᠵᠢᠯ ᠡᠷᠬᠢᠯᠡᠭᠰᠡᠳ ᠤᠨ | ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠳᠤ ᠣᠷᠤᠯᠴᠠᠬᠤ ᠶᠢ ᠳᠡᠮᠵᠢᠨ᠎ᠡ᠃ ᠬᠠᠪᠰᠤᠷᠤᠨ ᠲᠡᠳᠬᠦᠬᠦ | ᠡᠷᠴᠢᠮ ᠢᠶᠠᠨ ᠴᠢᠩᠭᠠᠷᠠᠭᠤᠯᠵᠤ᠂ ᠠᠵᠢᠯ ᠣᠯᠬᠤ ᠳᠤ ᠬᠦᠴᠢᠷᠲᠡᠢ ᠡᠮᠡᠭᠲᠡᠶᠢᠴᠦᠳ ᠢ ᠤᠯᠠᠨ ᠠᠷᠭ᠎ᠠ ᠵᠠᠮ ᠢᠶᠠᠷ | ᠬᠠᠪᠰᠤᠷᠴᠤ ᠪᠠᠶᠢᠭᠠᠳ ᠠᠵᠢᠯ ᠣᠯᠭᠤᠯᠲᠠ ᠶᠢ ᠨᠢ ᠪᠡᠶᠡᠯᠡᠭᠦᠯᠦᠨ᠎ᠡ᠃ ᠬᠥᠳᠡᠭᠡ ᠲᠣᠰᠬᠤᠨ ᠤ ᠡᠮᠡᠭᠲᠡᠶᠢᠴᠦᠳ ᠤᠨ | ᠬᠥᠳᠡᠯᠮᠦᠷᠢ ᠶᠢᠨ ᠬᠦᠴᠦᠨ ᠳᠤ ᠴᠢᠭᠯᠡᠭᠦᠯᠦᠨ ᠬᠥᠳᠡᠯᠮᠦᠷᠢ ᠦᠢᠯᠡᠴᠢᠯᠡᠭᠡᠨ ᠤ ᠵᠠᠬ᠎ᠠ ᠳᠡᠯᠭᠡᠭᠦᠷ ᠪᠤᠶᠤ ᠡᠳᠦᠷ ᠤᠨ | ᠬᠦᠴᠦᠨ ᠤ ᠵᠠᠬ᠎ᠠ ᠳᠡᠯᠭᠡᠭᠦᠷ ᠭᠠᠷᠭᠠᠬᠤ ᠶᠢ ᠵᠣᠷᠢᠭᠵᠢᠭᠤᠯᠵᠤ᠂ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠭᠠᠷ | ᠤᠷᠠᠯᠠᠯ ᠤᠨ ᠪᠦᠲᠦᠭᠡᠭᠳᠡᠬᠦᠨ ᠤ ᠠᠵᠤ ᠦᠢᠯᠡᠰ ᠤᠨ ᠬᠥᠭᠵᠢᠯᠲᠡ ᠶᠢ ᠲᠡᠮᠵᠢᠵᠤ᠂ ᠵᠣᠬᠢᠶᠠᠨ ᠪᠠᠶᠢᠭᠤᠯᠤᠯᠴᠠᠭᠰᠠᠨ | ᠬᠡᠮᠵᠢᠶ᠎ᠡ ᠶᠢ ᠳᠡᠭᠡᠭᠰᠢᠯᠡᠭᠦᠯᠵᠦ᠂ ᠡᠮᠡᠭᠲᠡᠶᠢᠴᠦᠳ ᠤᠨ ᠣᠶᠢᠷ᠎ᠠ ᠬᠠᠪᠢ ᠳᠠᠭᠠᠨ ᠠᠵᠢᠯ ᠣᠯᠬᠤ ᠶᠢ ᠠᠬᠢᠭᠤᠯᠤᠨ᠎ᠠ᠃ | ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ᠂ ᠠᠳᠠᠯ ᠦᠢᠯᠡᠰ ᠴᠣᠭᠴᠠᠯᠠᠬᠤ ᠦᠢᠯᠡᠳᠦᠯᠭᠡ᠂ ᠯᠠᠪᠯᠠᠭ᠎ᠠ ᠥᠭᠴᠦ | ᠵᠢᠯᠤᠭᠤᠳᠬᠤ᠂ ᠮᠥᠷᠳᠡᠵᠦ ᠬᠠᠪᠰᠤᠷᠤᠨ ᠲᠡᠳᠬᠦᠬᠦ ᠵᠡᠷᠭᠡ ᠨᠢᠭᠡ ᠴᠣᠭᠴᠠᠵᠢᠭᠤᠯᠤᠭᠰᠠᠨ ᠠᠳᠠᠯ ᠦᠢᠯᠡᠰ | ᠴᠣᠭᠴᠠᠯᠠᠬᠤ ᠪᠣᠯᠪᠠᠰᠤᠷᠠᠭᠤᠯᠤᠯ ᠤᠨ ᠰᠢᠰᠲ᠋ᠧᠮᠵᠢ ᠶᠢ ᠪᠣᠶ ᠪᠣᠯᠭᠠᠵᠤ᠂ ᠡᠮᠡᠭᠲᠡᠶᠢᠴᠦᠳ ᠤᠨ ᠠᠳᠠᠯ ᠦᠢᠯᠡᠰ | ᠴᠣᠭᠴᠠᠯᠠᠬᠤ ᠶᠢ ᠡᠯ᠎ᠡ ᠲᠥᠷᠥᠯ ᠤᠨ ᠲᠠᠪᠴᠠᠩ ᠢᠶᠠᠷ ᠳᠡᠮᠵᠢᠬᠦ ᠶᠢ ᠠᠬᠢᠭᠤᠯᠤᠨ᠎ᠠ᠃ ᠮᠥᠩᠭᠦᠨ ᠭᠦᠢᠯᠭᠡᠭᠡ᠂ | ᠳᠠᠭᠠᠳᠬᠠᠯ ᠤᠨ ᠦᠢᠯᠡᠳᠬᠦᠨ ᠪᠠ ᠦᠢᠯᠡᠴᠢᠯᠡᠭᠡᠨ ᠤ ᠵᠠᠭᠪᠤᠷ ᠤᠨ ᠲᠠᠯ᠎ᠠ ᠪᠠᠷ ᠰᠢᠨ᠎ᠡ ᠶᠢ ᠡᠭᠦᠳᠴᠦ᠂ | ᠡᠮᠡᠭᠲᠡᠶᠢᠴᠦᠳ ᠤᠨ ᠠᠳᠠᠯ ᠦᠢᠯᠡᠰ ᠴᠣᠭᠴᠠᠯᠠᠬᠤ ᠪᠡᠯᠡ ᠲᠣᠬᠢᠷᠠᠭᠤᠯᠬᠤ ᠠᠷᠭ᠎ᠠ ᠵᠠᠮ ᠢ ᠥᠷᠭᠡᠳᠬᠡᠨ᠎ᠡ᠃ ᠲᠠᠯᠠᠪᠤᠷ | ᠭᠠᠵᠠᠷ ᠤᠨ ᠳᠡᠮᠵᠢᠯᠭᠡ᠂ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠬᠦ᠂ ᠭᠠᠶᠢᠯᠢ ᠲᠠᠲᠠᠪᠤᠷᠢ ᠶᠢᠨ ᠬᠠᠷᠠᠭᠠᠯᠵᠠᠯ᠂ | ᠠᠳᠠᠯ ᠦᠢᠯᠡᠰ ᠴᠣᠭᠴᠠᠯᠠᠬᠤ ᠨᠥᠬᠦᠪᠦᠷᠢ ᠵᠡᠷᠭᠡ ᠲᠥᠷᠥ ᠶᠢᠨ ᠪᠣᠳᠣᠯᠭ᠎ᠠ ᠶᠢᠨ ᠳᠡᠮᠵᠢᠯᠭᠡ ᠬᠠᠩᠭᠠᠨ᠎ᠠ᠃ ᠡᠮᠡᠭᠲᠡᠢ | ᠠᠵᠤ ᠠᠬᠤᠶᠢᠯᠠᠯᠲᠠᠨ ᠤ ᠪᠣᠳᠠᠲᠤ ᠴᠣᠭᠴᠠ ᠶᠢᠨ ᠠᠵᠤ ᠠᠬᠤᠢ ᠶᠢ ᠬᠦᠴᠦᠷᠬᠡᠭᠵᠢᠭᠦᠯᠦᠨ ᠰᠢᠯᠢᠳᠡᠭᠵᠢᠭᠦᠯᠬᠦ ᠶᠢ | ᠵᠣᠷᠢᠭᠵᠢᠭᠤᠯᠵᠤ᠂ ᠨᠠᠩ ᠣᠯᠠᠨ ᠡᠮᠡᠭᠲᠡᠶᠢᠴᠦᠳ ᠢ ᠡᠯᠰᠡᠨ ᠠᠵᠢᠯ ᠣᠯᠭᠤᠵᠤ ᠠᠳᠠᠯ ᠦᠢᠯᠡᠰ ᠴᠣᠭᠴᠠᠯᠠᠭᠤᠯᠤᠨ᠎ᠠ᠃ | 4᠂ ᠡᠮᠡᠭᠲᠡᠢ ᠣᠶᠤᠲᠠᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠳᠡᠮᠵᠢᠨ᠎ᠡ᠃ ᠠᠵᠢᠯ | ᠣᠯᠭᠤᠬᠤ ᠪᠠ ᠠᠳᠠᠯ ᠦᠢᠯᠡᠰ ᠴᠣᠭᠴᠠᠯᠠᠬᠤ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ | ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠠᠴᠠ ᠲᠠᠰᠤᠷᠠᠯᠲᠠ ᠦᠭᠡᠢ ᠠᠵᠢᠯ ᠣᠯᠭᠤᠬᠤ ᠬᠠᠪᠰᠤᠷᠤᠨ ᠲᠡᠳᠬᠦᠬᠦ | ᠦᠢᠯᠡᠴᠢᠯᠡᠭᠡ ᠬᠠᠩᠭᠠᠵᠤ᠂ ᠡᠮᠡᠭᠲᠡᠢ ᠣᠶᠤᠲᠠᠳ ᠤᠨ ᠵᠠᠬ᠎ᠠ ᠳᠡᠯᠭᠡᠭᠦᠷᠴᠢᠯᠡᠭᠰᠡᠨ ᠨᠡᠶᠢᠭᠡᠮᠴᠢᠯᠡᠭᠰᠡᠨ ᠠᠵᠢᠯ | ᠣᠯᠭᠤᠯᠲᠠ ᠶᠢᠨ ᠠᠷᠭ᠎ᠠ ᠵᠠᠮ ᠢ ᠥᠷᠭᠡᠳᠬᠡᠨ᠎ᠡ᠃ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠬᠠᠷᠢᠯᠴᠠᠨ | ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠠᠵᠢᠯ ᠣᠯᠭᠤᠯᠲᠠ ᠶᠢᠨ ᠮᠡᠳᠡᠭᠡ ᠵᠠᠩᠭᠢ ᠶᠢ ᠣᠯᠠᠨ ᠠᠷᠭ᠎ᠠ ᠵᠠᠮ ᠢᠶᠠᠷ | ᠴᠤᠭᠯᠠᠭᠤᠯᠤᠨ ᠨᠡᠶᠢᠲᠡᠯᠡᠵᠦ᠂ ᠡᠯ᠎ᠡ ᠲᠥᠷᠥᠯ ᠤᠨ ᠤᠷᠢᠨ ᠬᠡᠷᠡᠭᠯᠡᠬᠦ ᠠᠵᠢᠯᠯᠠᠭ᠎ᠠ ᠶᠢ ᠰᠠᠶᠢᠲᠤᠷ ᠡᠷᠭᠢᠯᠡᠨ᠎ᠡ᠃ | ᠡᠮᠡᠭᠲᠡᠶᠢᠴᠦᠳ ᠤᠨ ᠭᠠᠷ ᠤᠷᠠᠯᠠᠯ ᠤᠨ ᠠᠳᠠᠯ ᠦᠢᠯᠡᠰ ᠴᠣᠭᠴᠠᠯᠠᠨ ᠠᠵᠢᠯ ᠣᠯᠭᠤᠬᠤ ᠠᠵᠢᠯᠯᠠᠭ᠎ᠠ ᠶᠢᠨ | ᠲᠥᠯᠥᠪᠯᠡᠭᠡ ᠶᠢ ᠬᠡᠷᠡᠭᠵᠢᠭᠦᠯᠵᠦ᠂ ᠰᠢᠨ᠎ᠡ ᠶᠢ ᠡᠭᠦᠳᠬᠦ ᠳᠤ ᠲᠤᠰᠠᠯᠠᠬᠤ ᠠᠵᠤ ᠦᠢᠯᠡᠰ ᠤᠨ ᠬᠤᠯᠪᠣᠭ᠎ᠠ᠂ ᠡᠭᠦᠳᠦᠨ | ᠪᠠᠶᠢᠭᠤᠯᠬᠤ ᠬᠤᠲᠠ᠂ ᠲᠣᠭᠤᠷᠢᠭ ᠤᠨ ᠡᠮᠡᠭᠲᠡᠶᠢᠴᠦᠳ ᠤᠨ ᠭᠠᠷ ᠤᠷᠠᠯᠠᠯ ᠢᠶᠠᠷ ᠰᠤᠳᠤᠯᠤᠨ ᠰᠤᠷᠤᠯᠴᠠᠬᠤ ᠰᠠᠭᠤᠷᠢᠨ | ᠭᠠᠵᠠᠷ᠂ ᠠᠳᠠᠯ ᠦᠢᠯᠡᠰ ᠴᠣᠭᠴᠠᠯᠠᠨ ᠰᠢᠨ᠎ᠡ ᠶᠢ ᠡᠭᠦᠳᠬᠦ ᠶᠢ ᠨᠡᠪᠴᠢᠭᠦᠯᠬᠦ ᠰᠠᠭᠤᠷᠢᠨ ᠭᠠᠵᠠᠷ ᠵᠢᠴᠢ ᠣᠶᠤᠲᠠᠳ ᠤᠨ | ᠠᠳᠠᠯ ᠦᠢᠯᠡᠰ ᠴᠣᠭᠴᠠᠯᠠᠨ ᠠᠵᠢᠯ ᠣᠯᠭᠤᠬᠤ ᠳᠠᠳᠤᠯᠭ᠎ᠠ ᠶᠢᠨ ᠰᠠᠭᠤᠷᠢᠨ ᠭᠠᠵᠠᠷ᠂ ᠲᠥᠯᠥᠪᠯᠡᠭᠴᠢ ᠶᠢ | ᠬᠥᠮᠥᠵᠢᠭᠦᠯᠬᠦ ᠰᠠᠭᠤᠷᠢᠨ ᠭᠠᠵᠠᠷ ᠢ ᠪᠠᠶᠢᠭᠤᠯᠤᠨ᠎ᠠ᠃ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠵᠡᠷᠭᠡ | ᠦᠨᠳᠦᠰᠦᠨ ᠱᠠᠲᠤᠨ ᠳᠤ ᠦᠢᠯᠡᠴᠢᠯᠡᠬᠦ ᠲᠥᠷᠥᠯ ᠵᠦᠢᠯ ᠤᠨ ᠠᠵᠢᠯ ᠢ ᠰᠠᠶᠢᠲᠤᠷ ᠨᠠᠶᠢᠳᠠᠪᠤᠷᠢᠵᠢᠭᠤᠯᠵᠤ᠂ ᠡᠮᠡᠭᠲᠡᠢ | ᠳᠡᠭᠡᠳᠦ ᠰᠤᠷᠭᠠᠭᠤᠯᠢ ᠲᠡᠭᠦᠰᠦᠭᠰᠡᠳ ᠢ ᠬᠥᠲᠥᠯᠥᠨ ᠵᠢᠯᠤᠭᠤᠳᠴᠤ ᠪᠠᠶᠢᠭᠠᠳ ᠦᠨᠳᠦᠰᠦᠨ ᠱᠠᠲᠤᠨ ᠳᠤ | ᠦᠢᠯᠡᠴᠢᠯᠡᠬᠦ ᠲᠥᠷᠥᠯ ᠵᠦᠢᠯ ᠤᠨ ᠰᠢᠯᠭᠠᠯᠲᠠ ᠳᠤ ᠢᠳᠡᠪᠬᠢᠲᠡᠢ ᠣᠷᠣᠯᠴᠠᠭᠤᠯᠤᠨ᠎ᠠ᠃ | 5᠂ ᠡᠮᠡᠭᠲᠡᠶᠢᠴᠦᠳ ᠤᠨ ᠠᠵᠢᠯ ᠣᠯᠭᠤᠯᠲᠠ ᠶᠢᠨ ᠪᠦᠲᠦᠴᠡ ᠶᠢ ᠰᠠᠶᠢᠵᠢᠷᠠᠭᠤᠯᠤᠨ᠎ᠠ᠃ ᠨᠠᠰᠤᠨ ᠲᠤᠷᠰᠢ ᠶᠢᠨ | ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠳᠦᠷᠢᠮ ᠢ ᠲᠡᠭᠦᠯᠳᠡᠷᠵᠢᠭᠦᠯᠵᠦ᠂ | ᠡᠮᠡᠭᠲᠡᠶᠢᠴᠦᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ | ᠮᠡᠳᠡᠯᠭᠡ ᠶᠢᠨ ᠬᠡᠯᠪᠡᠷᠢ ᠶᠢᠨ᠂ ᠤᠷ᠎ᠠ ᠴᠢᠳᠠᠪᠤᠷᠢ ᠶᠢᠨ ᠬᠡᠯᠪᠡᠷᠢ ᠶᠢᠨ᠂ ᠰᠢᠨ᠎ᠡ ᠶᠢ ᠡᠭᠦᠳᠬᠦ ᠬᠡᠯᠪᠡᠷᠢ ᠶᠢᠨ ᠡᠮᠡᠭᠲᠡᠢ | ᠬᠥᠳᠡᠯᠮᠦᠷᠢᠴᠢᠳ ᠢ ᠬᠦᠴᠦᠯᠡᠨ ᠪᠤᠯᠪᠠᠰᠤᠷᠠᠭᠤᠯᠤᠨ᠎ᠠ᠃ ᠡᠮᠡᠭᠲᠡᠶᠢᠴᠦᠳ ᠤᠨ ᠳᠡᠭᠡᠳᠦ ᠰᠢᠨ᠎ᠡ ᠮᠡᠷᠭᠡᠵᠢᠯ ᠤᠨ ᠠᠵᠤ | ᠦᠢᠯᠡᠰ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠪᠠ ᠣᠲᠣ | ᠦᠶ᠎ᠡ ᠶᠢᠨ ᠦᠢᠯᠡᠴᠢᠯᠡᠭᠡᠨ ᠤ ᠦᠢᠯᠡᠰ ᠤᠨ ᠠᠵᠢᠯ ᠡᠷᠬᠢᠯᠡᠭᠰᠡᠳ ᠤᠨ ᠳᠣᠲᠣᠷᠠᠬᠢ ᠬᠠᠷᠢᠴᠠᠯ ᠢ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠡᠮᠡᠭᠲᠡᠶᠢᠴᠦᠳ ᠤᠨ ᠴᠢᠨᠠᠷ ᠰᠠᠶᠢᠲᠠᠢ ᠠᠵᠢᠯ ᠣᠯᠭᠤᠯᠲᠠ ᠵᠢᠠᠵᠢᠯ ᠮᠡᠷᠭᠡᠵᠢᠯ ᠤᠨ ᠬᠦᠢᠰᠦ ᠶᠢᠨ | ᠢᠯᠭᠠᠯ ᠤᠨ ᠲᠤᠰᠠᠭᠠᠷᠯᠠᠯ ᠢ ᠠᠯᠬᠤᠮ ᠠᠯᠬᠤᠮ ᠢᠶᠠᠷ ᠠᠷᠢᠯᠭᠠᠵᠤ᠂ ᠬᠤᠳᠠ ᠪᠠᠯᠭᠠᠰᠤᠨ ᠤ ᠨᠢᠭᠡᠴᠢ ᠳᠤ ᠠᠵᠢᠯᠯᠠᠵᠤ | ᠪᠠᠶᠢᠭ᠎ᠠ ᠬᠥᠮᠥᠰ ᠤᠨ ᠳᠣᠲᠣᠷᠠᠬᠢ ᠡᠮᠡᠭᠲᠡᠶᠢᠴᠦᠳ ᠤᠨ ᠬᠠᠷᠢᠴᠠᠯ ᠢ ᠳᠡᠭᠡᠭᠰᠢᠯᠡᠭᠦᠯᠦᠨ᠎ᠡ᠃ ᠬᠤᠳᠠ ᠬᠥᠳᠡᠭᠡ᠂ ᠣᠷᠣᠨ | ᠪᠦᠰᠡ ᠶᠢᠨ ᠬᠥᠭᠵᠢᠯᠲᠡ ᠶᠢ ᠨᠢᠭᠡᠳᠦᠯᠲᠡᠢ ᠲᠥᠯᠥᠪᠯᠡᠵᠦ᠂ ᠡᠷᠡᠭᠲᠡᠢ ᠡᠮᠡᠭᠲᠡᠢ ᠶᠢᠨ ᠰᠢᠯᠵᠢᠵᠦ ᠠᠵᠢᠯ ᠣᠯᠬᠤ | ᠵᠥᠷᠢᠶ᠎ᠡ ᠶᠢ ᠪᠠᠭᠠᠰᠬᠠᠨ᠎ᠠ᠃ ᠬᠥᠳᠡᠭᠡ ᠲᠣᠰᠬᠤᠨ ᠤ ᠡᠮᠡᠭᠲᠡᠢ ᠬᠥᠳᠡᠯᠮᠦᠷᠢ ᠶᠢᠨ ᠬᠦᠴᠦᠨ ᠢ ᠰᠢᠯᠵᠢᠭᠦᠯᠦᠨ ᠠᠵᠢᠯ | ᠣᠯᠭᠤᠬᠤ ᠪᠠ ᠲᠤᠬᠠᠢ ᠶᠢᠨ ᠭᠠᠵᠠᠷ ᠲᠤᠨᠢ ᠠᠳᠠᠯ ᠦᠢᠯᠡᠰ ᠴᠣᠭᠴᠠᠯᠠᠨ ᠠᠵᠢᠯ ᠣᠯᠭᠤᠬᠤ ᠶᠢ ᠨᠢᠭᠡᠳᠦᠯᠲᠡᠢ | ᠲᠥᠯᠥᠪᠯᠡᠨ ᠠᠬᠢᠭᠤᠯᠵᠤ᠂ ᠡᠮᠡᠭᠲᠡᠢ ᠲᠠᠷᠢᠶᠠᠴᠢᠨ ᠤ ᠴᠠᠯᠢᠩ ᠤᠨ ᠴᠢᠨᠠᠷᠲᠠᠢ ᠣᠷᠣᠯᠭ᠎ᠠ ᠶᠢ ᠳᠡᠭᠡᠭᠰᠢᠯᠡᠭᠦᠯᠦᠨ᠎ᠡ᠃ | 6᠂ ᠡᠮᠡᠭᠲᠡᠶᠢᠴᠦᠳ ᠤᠨ ᠲᠤᠰᠬᠠᠢ ᠮᠡᠷᠭᠡᠵᠢᠯ ᠤᠨ ᠪᠠ ᠤᠷ᠎ᠠ ᠴᠢᠳᠠᠪᠤᠷᠢ ᠶᠢᠨ ᠴᠢᠳᠠᠪᠤᠷᠢᠲᠠᠨ ᠤ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠨ᠎ᠠ᠃ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠ | ᠰᠢᠨᠵᠢᠯᠡᠬᠦ ᠤᠬᠠᠭᠠᠨ ᠮᠡᠷᠭᠡᠵᠢᠯ ᠤᠨ ᠡᠮᠡᠭᠲᠡᠢ ᠴᠢᠳᠠᠪᠤᠷᠢᠲᠠᠨ ᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ | ᠪᠠᠲᠤᠯᠠᠨ ᠬᠥᠭᠵᠢᠭᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠡᠮᠡᠭᠲᠡᠢ ᠴᠢᠳᠠᠪᠤᠷᠢᠲᠠᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠲᠥᠷᠥᠯ ᠵᠦᠢᠯ ᠳᠤ ᠣᠷᠤᠯᠴᠠᠬᠤ ᠬᠡᠮᠵᠢᠶ᠎ᠡ ᠶᠢ ᠳᠡᠭᠡᠭᠰᠢᠯᠡᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠤᠨ | ᠡᠮᠡᠭᠲᠡᠢ ᠴᠢᠳᠠᠪᠤᠷᠢᠲᠠᠨ ᠤ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠨ ᠬᠥᠭᠵᠢᠭᠦᠯᠬᠦ᠂ ᠥᠨᠳᠥᠷ ᠬᠢᠷᠢ ᠲᠦᠪᠰᠢᠨ | ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ | ᠪᠡᠶᠡᠯᠡᠭᠦᠯᠬᠦ ᠳᠤᠮᠳᠠ ᠦᠢᠯᠡᠳᠦᠯ ᠢᠶᠠᠨ ᠪᠠᠳᠠᠷᠠᠭᠤᠯᠬᠤ ᠶᠢ ᠠᠬᠢᠭᠤᠯᠤᠨ᠎ᠠ᠃ ︽ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠡᠮᠡᠭᠲᠡᠶᠢᠴᠦᠳ ᠤᠨ ᠠᠵᠢᠯᠯᠠᠭ᠎ᠠ︾ ᠶᠢ ᠬᠡᠷᠡᠭᠵᠢᠭᠦᠯᠵᠦ᠂ ᠲᠠᠪᠴᠠᠩ ᠪᠠᠶᠢᠭᠤᠯᠤᠨ᠂ ᠦᠢᠯᠡᠴᠢᠯᠡᠭᠡ | ᠬᠠᠩᠭᠠᠵᠤ᠂ ᠡᠮᠡᠭᠲᠡᠢ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ᠂ ᠮᠡᠷᠭᠡᠵᠢᠯ ᠤᠷ᠎ᠠ ᠴᠢᠳᠠᠪᠤᠷᠢ ᠶᠢᠨ | ᠴᠢᠳᠠᠪᠤᠷᠢᠲᠠᠨ ᠤ ᠠᠵᠢᠯ ᠤᠨ ᠪᠠᠶᠢᠷᠢ ᠳᠠᠭᠠᠨ ᠰᠠᠭᠤᠷᠢᠯᠠᠨ ᠵᠣᠷᠢᠭᠲᠠᠢ ᠪᠠᠷ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠎ᠠ᠃ | ᠰᠢᠨᠵᠢᠯᠡᠬᠦ ᠤᠬᠠᠭᠠᠨ ᠮᠡᠷᠭᠡᠵᠢᠯ ᠤᠨ ᠡᠮᠡᠭᠲᠡᠢ ᠴᠢᠳᠠᠪᠤᠷᠢᠲᠠᠨ ᠢ ᠦᠨᠡᠯᠡᠨ ᠤᠷᠮᠠᠰᠢᠭᠤᠯᠬᠤ ᠲᠣᠭᠲᠠᠴᠠ ᠶᠢ | ᠲᠡᠭᠦᠯᠳᠡᠷᠵᠢᠭᠦᠯᠵᠦ᠂ ᠳᠡᠭᠡᠳᠦ ᠲᠡᠰ ᠳᠠᠪᠬᠤᠷᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠡᠮᠡᠭᠲᠡᠢ ᠴᠢᠳᠠᠪᠤᠷᠢᠲᠠᠨ ᠢ | ᠬᠥᠮᠥᠵᠢᠭᠦᠯᠦᠨ᠎ᠡ᠃ ᠡᠮᠡᠭᠲᠡᠶᠢᠴᠦᠳ ᠤᠨ ᠲᠤᠰᠬᠠᠢ ᠮᠡᠷᠭᠡᠵᠢᠯ ᠤᠨ ᠪᠠ ᠤᠷ᠎ᠠ ᠴᠢᠳᠠᠪᠤᠷᠢ ᠲᠠᠢ ᠴᠢᠳᠠᠪᠤᠷᠢᠲᠠᠨ ᠤ | ᠲᠤᠰᠬᠠᠢ ᠮᠡᠷᠭᠡᠵᠢᠯ ᠤᠨ ᠮᠡᠳᠡᠯᠭᠡ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠢᠶᠠᠷᠤᠯᠲᠠ᠂ ᠰᠢᠨ᠎ᠡ ᠶᠢ ᠡᠭᠦᠳᠦᠨ | ᠠᠳᠠᠯ ᠦᠢᠯᠡᠰ ᠴᠣᠭᠴᠠᠯᠠᠬᠤ ᠵᠡᠷᠭᠡ ᠶᠢᠨ ᠪᠣᠯᠪᠠᠰᠤᠷᠠᠭᠤᠯᠤᠯ ᠢ ᠴᠢᠩᠭᠠᠳᠬᠠᠨ᠎ᠠ᠃ ᠨᠡᠶᠢᠲᠡᠯᠢᠭ ᠵᠢᠱᠢᠶ᠎ᠡ ᠶᠢᠨ | ᠤᠬᠠᠭᠤᠯᠭ᠎ᠠ ᠶᠢ ᠴᠢᠩᠭᠠᠳᠬᠠᠵᠤ᠂ ᠦᠯᠢᠭᠡᠷ ᠳᠠᠭᠤᠷᠢᠶᠠᠯ ᠤᠨ ᠬᠥᠲᠥᠯᠥᠨ ᠳᠠᠭᠠᠭᠤᠯᠬᠤ ᠦᠢᠯᠡᠳᠦᠯ ᠢ | ᠪᠠᠳᠠᠷᠠᠭᠤᠯᠤᠨ᠎ᠠ᠃ | 7᠂ ᠡᠷᠡᠭᠲᠡᠢ ᠡᠮᠡᠭᠲᠡᠢ ᠶᠢᠨ ᠣᠷᠣᠯᠭ᠎ᠠ ᠶᠢᠨ ᠵᠥᠷᠢᠶ᠎ᠡ ᠶᠢ ᠪᠠᠭᠠᠰᠬᠠᠨ᠎ᠠ᠃ ᠡᠷᠡᠭᠲᠡᠢ ᠡᠮᠡᠭᠲᠡᠢ ᠶᠢᠨ ᠠᠳᠠᠯᠢ | ᠠᠵᠢᠯ ᠳᠤ ᠠᠳᠠᠯᠢ ᠬᠥᠯᠥᠰᠦ ᠣᠯᠭᠤᠬᠤ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠷᠣᠯᠭ᠎ᠠ ᠶᠢᠨ ᠭᠤᠣᠯᠴᠢ | ᠪᠠᠶᠢᠬᠤ ᠶᠢ ᠪᠠᠲᠤᠯᠠᠨ᠎ᠠ᠃ ᠡᠮᠡᠭᠲᠡᠶᠢᠴᠦᠳ ᠤᠨ ᠮᠡᠳᠡᠯᠭᠡ᠂ ᠮᠡᠷᠭᠡᠵᠢᠯ᠂ ᠬᠠᠮᠢᠶᠠᠷᠤᠯᠲᠠ᠂ ᠲᠤᠭ᠎ᠠ ᠪᠠᠷᠢᠮᠲᠠ ᠵᠡᠷᠭᠡ | ᠦᠢᠯᠡᠳᠪᠦᠷᠢᠯᠡᠯ ᠤᠨ ᠡᠯᠧᠮᠧᠨ᠋ᠲ ᠢ ᠡᠵᠡᠮᠰᠢᠬᠦ ᠪᠠ ᠬᠡᠷᠡᠭᠯᠡᠬᠦ ᠶᠢ ᠠᠬᠢᠭᠤᠯᠵᠤ᠂ ᠡᠮᠡᠭᠲᠡᠶᠢᠴᠦᠳ ᠤᠨ ᠠᠵᠢᠯ | ᠮᠡᠷᠭᠡᠵᠢᠯ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠬᠥᠳᠡᠯᠮᠦᠷᠢ ᠶᠢᠨ ᠭᠡᠷ᠎ᠡ ᠶᠢᠨ ᠬᠠᠤᠯᠢ ᠶᠢ ᠴᠢᠩᠭ᠎ᠠ | ᠲᠤᠤᠱᠯᠠᠭᠤᠯᠤᠨ ᠬᠡᠷᠡᠭᠵᠢᠭᠦᠯᠵᠦ᠂ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠬᠤ ᠪᠠ ᠬᠠᠤᠯᠢ ᠬᠡᠷᠡᠭᠵᠢᠭᠦᠯᠬᠦ | ᠡᠷᠴᠢᠮ ᠢ ᠴᠢᠩᠭᠠᠷᠠᠭᠤᠯᠤᠨ᠎ᠠ᠃ ᠬᠥᠮᠥᠨ ᠬᠡᠷᠡᠭᠯᠡᠬᠦ ᠨᠢᠭᠡᠴᠢ ᠶᠢ ᠱᠠᠯᠠᠪᠳᠠᠭᠤᠯᠵᠦ ᠪᠠᠶᠢᠭᠠᠳ ᠡᠷᠡᠭᠲᠡᠢ ᠡᠮᠡᠭᠲᠡᠢ ᠡᠷᠬᠡ | ᠲᠡᠭᠰᠢ ᠪᠠᠶᠢᠬᠤ ᠬᠥᠮᠥᠨ ᠤ ᠬᠦᠴᠦᠨ ᠤ ᠡᠬᠢ ᠪᠠᠶᠠᠯᠢᠭ ᠤᠨ ᠳᠦᠷᠢᠮ ᠢ ᠲᠣᠭᠲᠠᠭᠠᠨ ᠬᠡᠷᠡᠭᠵᠢᠭᠦᠯᠵᠦ᠂ ᠲᠤᠰᠢᠶᠠᠯ | ᠳᠡᠪᠰᠢᠬᠦ᠂ ᠲᠠᠰ ᠳᠡᠪᠰᠢᠬᠦ᠂ ᠲᠤᠰᠬᠠᠢ ᠮᠡᠷᠭᠡᠵᠢᠯ ᠤᠨ ᠲᠤᠰᠢᠶᠠᠯ ᠢ ᠦᠨᠡᠯᠡᠨ ᠲᠣᠭᠲᠠᠭᠠᠬᠤ᠂ ᠲᠤᠰᠬᠠᠢ ᠮᠡᠷᠭᠡᠵᠢᠯ ᠤᠨ | ᠪᠣᠯᠪᠠᠰᠤᠷᠠᠭᠤᠯᠤᠯ ᠵᠡᠷᠭᠡ ᠲᠠᠯ᠎ᠠ ᠪᠠᠷ ᠡᠮᠡᠭᠲᠡᠶᠢᠴᠦᠳ ᠢ ᠭᠠᠳᠠᠭᠤᠷᠴᠢᠯᠠᠵᠤ ᠪᠣᠯᠬᠤ ᠦᠭᠡᠢ᠂ ᠡᠮᠡᠭᠲᠡᠶᠢᠴᠦᠳ ᠤᠨ | ᠠᠵᠢᠯ ᠮᠡᠷᠭᠡᠵᠢᠯ ᠤᠨ ᠬᠥᠭᠵᠢᠯᠲᠡ ᠪᠠ ᠲᠤᠰᠢᠶᠠᠯ ᠤᠨ ᠵᠡᠷᠭᠡ ᠳᠡᠰ ᠢ ᠳᠡᠪᠰᠢᠭᠦᠯᠬᠦ ᠵᠠᠮ ᠢ ᠰᠠᠭᠠᠳ ᠦᠭᠡᠢ | ᠨᠡᠪᠲᠡᠷᠡᠭᠦᠯᠦᠨ᠎ᠡ᠃ | 8᠂ ᠡᠮᠡᠭᠲᠡᠢ ᠬᠥᠳᠡᠯᠮᠦᠷᠢᠴᠢᠳ ᠤᠨ ᠬᠥᠳᠡᠯᠮᠦᠷᠢ ᠶᠢᠨ ᠠᠮᠤᠷ ᠲᠦᠪᠰᠢᠨ ᠤ ᠪᠠᠶᠢᠳᠠᠯ ᠢ ᠰᠠᠶᠢᠵᠢᠷᠠᠭᠤᠯᠤᠨ᠎ᠠ᠃ | ᠬᠥᠳᠡᠯᠮᠦᠷᠢ ᠶᠢᠨ ᠠᠮᠤᠷ ᠲᠦᠪᠰᠢᠨ ᠪᠠ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠤᠬᠠᠭᠤᠯᠭ᠎ᠠ | ᠬᠥᠮᠦᠵᠢᠯ ᠢ ᠥᠷᠭᠡᠨ ᠢᠶᠠᠷ ᠥᠷᠨᠢᠭᠦᠯᠵᠦ᠂ ︽ᠡᠮᠡᠭᠲᠡᠢ ᠠᠵᠢᠯᠲᠠᠨ ᠠᠵᠢᠯᠴᠢᠨ ᠤ ᠬᠥᠳᠡᠯᠮᠦᠷᠢ ᠶᠢᠨ ᠬᠠᠮᠠᠭᠠᠯᠠᠯᠲᠠ ᠶᠢᠨ | ᠲᠤᠬᠠᠢ ᠣᠨᠴᠠᠭᠠᠶ ᠲᠣᠭᠲᠠᠭᠠᠯ︾ ᠢ ᠤᠬᠠᠭᠤᠯᠤᠨ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠬᠥᠮᠥᠨ ᠬᠡᠷᠡᠭᠯᠡᠬᠦ | ᠨᠢᠭᠡᠴᠢ ᠶᠢᠨ ᠡᠮᠡᠭᠲᠡᠢ ᠬᠥᠳᠡᠯᠮᠦᠷᠢᠴᠢᠨ ᠤ ᠬᠥᠳᠡᠯᠮᠦᠷᠢ ᠶᠢᠨ ᠬᠠᠮᠠᠭᠠᠯᠠᠯᠲᠠ ᠶᠢᠨ ᠲᠤᠬᠠᠢ ᠦᠵᠡᠯ ᠤᠬᠠᠮᠰᠠᠷ ᠪᠠ ᠬᠢᠷᠢ | ᠬᠡᠮᠵᠢᠶ᠎ᠡ ᠶᠢ ᠳᠡᠭᠡᠭᠰᠢᠯᠡᠭᠦᠯᠵᠦ᠂ ᠡᠮᠡᠭᠲᠡᠢ ᠬᠥᠳᠡᠯᠮᠦᠷᠢᠴᠢᠨ ᠤ ᠠᠶᠤᠯᠭᠦᠢ ᠦᠢᠯᠡᠳᠪᠦᠷᠢᠯᠡᠯ ᠤᠨ ᠦᠵᠡᠯ ᠤᠬᠠᠮᠰᠠᠷ ᠪᠠ | ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠮᠡᠭᠲᠡᠢ ᠠᠵᠢᠯᠲᠠᠨ ᠠᠵᠢᠯᠴᠢᠨ ᠤ ᠬᠥᠳᠡᠯᠮᠦᠷᠢ ᠶᠢᠨ ᠬᠠᠮᠠᠭᠠᠯᠠᠯᠲᠠ ᠶᠢ ᠠᠵᠢᠯ | ᠮᠡᠷᠭᠡᠵᠢᠯ ᠤᠨ ᠡᠷᠡᠭᠦᠯ ᠮᠡᠨᠳᠤ ᠪᠠ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠡᠪᠴᠢᠶᠡᠨ ᠳᠤ | ᠣᠷᠣᠭᠤᠯᠵᠤ᠂ ᠬᠥᠮᠥᠨ ᠬᠡᠷᠡᠭᠯᠡᠬᠦ ᠨᠢᠭᠡᠴᠢ ᠶᠢᠨ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠵᠢᠴᠢ | ᠬᠥᠳᠡᠯᠮᠦᠷᠢ ᠶᠢᠨ ᠠᠮᠤᠷ ᠲᠦᠪᠰᠢᠨ ᠪᠠ ᠠᠵᠢᠯ ᠮᠡᠷᠭᠡᠵᠢᠯ ᠤᠨ ᠡᠷᠡᠭᠦᠯ ᠮᠡᠨᠳᠤ ᠶᠢᠨ ᠬᠢᠨᠠᠯᠲᠠ ᠶᠢ ᠴᠢᠩᠭᠠᠳᠬᠠᠨ᠎ᠠ᠃ | ᠬᠥᠮᠥᠨ ᠬᠡᠷᠡᠭᠯᠡᠬᠦ ᠨᠢᠭᠡᠴᠢ ᠶᠢ ᠱᠠᠯᠠᠪᠳᠠᠭᠤᠯᠵᠦ ᠪᠠᠶᠢᠭᠠᠳ ᠡᠮᠡᠭᠲᠡᠢ ᠠᠵᠢᠯᠲᠠᠨ ᠠᠵᠢᠯᠴᠢᠨ ᠤ ᠰᠠᠷ᠎ᠠ ᠶᠢᠨ ᠭᠬᠢᠷ ᠤᠨ | ᠬᠤᠭᠤᠴᠠᠭ᠎ᠠ᠂ ᠵᠢᠷᠮᠦᠰᠦᠨ ᠬᠤᠭᠤᠴᠠᠭ᠎ᠠ᠂ ᠭᠥᠭᠦᠭᠦᠯᠬᠦ ᠬᠤᠭᠤᠴᠠᠭᠠᠨ ᠳᠠᠬᠢ ᠤᠨᠴᠠᠭᠠᠢ ᠬᠠᠮᠠᠭᠠᠯᠠᠯᠲᠠ ᠶᠢ | ᠴᠢᠩᠭᠠᠳᠬᠠᠵᠤ᠂ ᠭᠥᠭᠦᠭᠦᠯᠬᠦ ᠴᠠᠭ ᠪᠠ ᠬᠥᠩᠭᠡᠵᠢᠬᠦ ᠴᠢᠯᠦᠭᠡᠨ ᠤ ᠳᠦᠷᠢᠮ ᠢ ᠨᠠᠶᠢᠲᠠᠪᠦᠷᠢᠵᠢᠭᠤᠯᠤᠨ᠎ᠠ᠃ ᠬᠥᠮᠥᠨ | ᠬᠡᠷᠡᠭᠯᠡᠬᠦ ᠨᠢᠭᠡᠴᠢ ᠶᠢ ᠱᠠᠯᠠᠪᠳᠠᠭᠤᠯᠵᠦ ᠪᠠᠶᠢᠭᠠᠳ ᠠᠵᠢᠯ ᠮᠡᠷᠭᠡᠵᠢᠯ ᠤᠨ ᠬᠠᠮᠠᠭᠠᠯᠠᠯᠲᠠ ᠪᠠ ᠠᠵᠢᠯ ᠮᠡᠷᠭᠡᠵᠢᠯ ᠤᠨ | ᠡᠷᠡᠭᠦᠯ ᠮᠡᠨᠳᠦ ᠶᠢᠨ ᠬᠢᠨᠠᠯᠲᠠ ᠬᠠᠮᠠᠭᠠᠯᠠᠯᠲᠠ ᠶᠢ ᠴᠢᠩᠭᠠᠳᠬᠠᠵᠤ᠂ ᠡᠮᠡᠭᠲᠡᠢ ᠠᠵᠢᠯᠲᠠᠨ ᠠᠵᠢᠯᠴᠢᠨ ᠤ ᠠᠵᠢᠯ ᠤᠨ | ᠳᠤᠮᠳᠠ ᠪᠠᠨ ᠬᠤᠣᠷ ᠬᠥᠨᠥᠭᠡᠯ ᠲᠠᠢ ᠪᠣᠳᠠᠰ ᠪᠠ ᠠᠶᠤᠯᠲᠠᠢ ᠦᠢᠯᠡᠳᠪᠦᠷᠢᠯᠡᠯ ᠤᠨ ᠤᠷᠠᠨ ᠮᠡᠷᠭᠡᠰᠢᠯ ᠤᠨ ᠬᠤᠣᠷ | ᠬᠥᠨᠥᠭᠡᠯ ᠠᠴᠠ ᠵᠠᠶᠢᠯᠠᠭᠤᠯᠬᠤ ᠶᠢ ᠪᠠᠲᠤᠯᠠᠨ᠎ᠠ᠃ | 9᠂ ᠡᠮᠡᠭᠲᠡᠢ ᠠᠵᠢᠯᠲᠠᠨ ᠠᠵᠢᠯᠴᠢᠨ ᠤ ᠬᠥᠳᠡᠯᠮᠦᠷᠢ ᠶᠢᠨ ᠡᠷᠬᠡ ᠠᠰᠢᠭ ᠢ ᠪᠠᠲᠤᠯᠠᠨ᠎ᠠ᠃ ᠬᠥᠮᠥᠨ ᠬᠡᠷᠡᠭᠯᠡᠬᠦ | ᠨᠢᠭᠡᠴᠢ ᠶᠢ ᠱᠠᠯᠠᠪᠳᠠᠭᠤᠯᠤᠨ ᠠᠵᠢᠯᠴᠢᠨ ᠬᠡᠷᠡᠭᠯᠡᠬᠦ ᠠᠵᠢᠯᠯᠠᠭ᠎ᠠ ᠶᠢ ᠵᠢᠷᠤᠮᠵᠢᠭᠤᠯᠵᠤ᠂ ᠡᠮᠡᠭᠲᠡᠢ ᠠᠵᠢᠯᠲᠠᠨ | ᠠᠵᠢᠯᠴᠢᠨ ᠲᠠᠢ ᠬᠠᠤᠯᠢ ᠶᠣᠰᠣᠭᠠᠷ ᠬᠥᠳᠡᠯᠮᠦᠷᠢ ᠶᠢᠨ ᠭᠡᠷ᠎ᠡ ᠲᠣᠭᠲᠠᠭᠠᠵᠤ᠂ ᠡᠮᠡᠭᠲᠡᠢ ᠠᠵᠢᠯᠲᠠᠨ ᠠᠵᠢᠯᠴᠢᠨ ᠤ ᠡᠷᠬᠡ | ᠠᠰᠢᠭ ᠢ ᠬᠠᠮᠠᠭᠠᠯᠠᠬᠤ ᠲᠤᠰᠬᠠᠢ ᠵᠦᠢᠯ ᠤᠨ ᠬᠠᠮᠲᠤ ᠶᠢᠨ ᠭᠡᠷ᠎ᠡ ᠲᠣᠭᠲᠠᠭᠠᠬᠤ ᠶᠢ ᠲᠦᠯᠬᠢᠨ ᠠᠬᠢᠭᠤᠯᠤᠨ᠎ᠠ᠃ | ᠬᠥᠳᠡᠯᠮᠦᠷᠢ ᠶᠢᠨ ᠪᠠᠲᠤᠯᠠᠭ᠎ᠠ ᠶᠢᠨ ᠬᠠᠤᠯᠢ ᠴᠠᠭᠠᠵᠠ ᠶᠢᠨ ᠬᠢᠨᠠᠯᠲᠠ ᠶᠢ ᠴᠢᠩᠭᠠᠳᠬᠠᠨ᠎ᠠ᠃ ᠡᠮᠡᠭᠲᠡᠢ ᠠᠵᠢᠯᠲᠠᠨ | ᠠᠵᠢᠯᠴᠢᠨ ᠤ ᠬᠥᠳᠡᠯᠮᠦᠷᠢ ᠶᠢᠨ ᠪᠠᠲᠤᠯᠠᠭ᠎ᠠ ᠶᠢᠨ ᠡᠷᠬᠡ ᠠᠰᠢᠭ ᠤᠨ ᠲᠤᠰᠬᠠᠢ ᠪᠠᠶᠢᠴᠠᠭᠠᠯᠲᠠ ᠶᠢ ᠥᠷᠨᠢᠭᠦᠯᠵᠦ᠂ | ᠡᠮᠡᠭᠲᠡᠢ ᠠᠵᠢᠯᠲᠠᠨ ᠠᠵᠢᠯᠴᠢᠨ ᠤ ᠬᠥᠳᠡᠯᠮᠦᠷᠢ ᠶᠢᠨ ᠬᠠᠮᠠᠭᠠᠯᠠᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠠᠴᠠ | ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠬᠥᠮᠥᠨ ᠬᠡᠷᠡᠭᠯᠡᠬᠦ ᠨᠢᠭᠡᠴᠢ ᠶᠢ | ᠵᠢᠯᠣᠭᠤᠳᠤᠨ ᠪᠡᠯᠭᠡ ᠶᠢᠨ ᠬᠠᠯᠳᠠᠯᠭ᠎ᠠ ᠶᠢ ᠰᠡᠷᠭᠡᠶᠢᠯᠡᠬᠦ ᠪᠠ ᠬᠤᠷᠢᠭᠯᠠᠬᠤ ᠠᠵᠢᠯ ᠤᠨ ᠲᠣᠭᠲᠠᠴᠠ ᠶᠢ ᠪᠠᠶᠢᠭᠤᠯᠵᠤ᠂ | ᠬᠠᠮᠢᠶ᠎ᠠ ᠪᠦᠬᠦᠢ ᠬᠠᠤᠯᠢ ᠬᠡᠷᠡᠭᠵᠢᠭᠦᠯᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ᠃ ᠬᠥᠳᠡᠯᠮᠦᠷᠢ ᠬᠦᠴᠦᠨ ᠬᠡᠷᠡᠭᠯᠡᠬᠦ | ᠬᠦᠷᠢᠶᠡᠨ ᠳᠠᠬᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠮᠡᠭᠲᠡᠢ ᠠᠵᠢᠯᠲᠠᠨ ᠠᠵᠢᠯᠴᠢᠨ ᠤ | ᠬᠥᠳᠡᠯᠮᠦᠷᠢ ᠶᠢᠨ ᠡᠷᠬᠡ ᠠᠰᠢᠭ ᠲᠤ ᠬᠠᠯᠳᠠᠭᠰᠠᠨ ᠦᠶᠯᠡ ᠠᠵᠢᠯᠯᠠᠭ᠎ᠠ ᠶᠢᠨ ᠢᠲᠡᠭᠡᠯ ᠠᠯᠳᠠᠭᠰᠠᠳ ᠢ ᠵᠠᠯᠬᠠᠭᠠᠨ | ᠴᠡᠭᠡᠷᠯᠡᠭᠦᠯᠬᠦ ᠡᠷᠴᠢᠮ ᠢ ᠴᠢᠩᠭᠠᠷᠠᠭᠤᠯᠤᠨ᠎ᠠ᠃ | 10᠂ ᠡᠮᠡᠭᠲᠡᠶᠢᠴᠦᠳ ᠤᠨ ᠬᠥᠩᠭᠡᠵᠢᠭᠰᠡᠨ ᠤ ᠳᠠᠷᠠᠭᠠᠬᠢ ᠠᠵᠢᠯ ᠮᠡᠷᠭᠡᠵᠢᠯ ᠤᠨ ᠬᠥᠭᠵᠢᠯᠲᠡ ᠳᠤ ᠠᠰᠢᠭᠲᠠᠢ | ᠨᠥᠬᠦᠴᠡᠯ ᠢ ᠪᠦᠷᠢᠯᠳᠦᠭᠦᠯᠵᠦ ᠥᠭᠭᠦᠨ᠎ᠡ᠃ ᠱᠠᠯᠠᠪᠳᠠᠭᠤᠯᠨ ᠪᠠᠶᠢᠴᠠᠭᠠᠬᠤ ᠪᠠᠨ ᠴᠢᠩᠭᠠᠳᠬᠠᠵᠤ᠂ ᠬᠥᠮᠥᠨ ᠬᠡᠷᠡᠭᠯᠡᠬᠦ | ᠨᠢᠭᠡᠴᠢ ᠶᠢᠨ ᠦᠷᠡᠵᠢᠯ ᠤᠨ ᠪᠠᠶᠢᠳᠠᠯ ᠢ ᠡᠮᠡᠭᠲᠡᠢ ᠠᠵᠢᠯᠲᠠᠨ ᠤᠷᠢᠵᠤ ᠡᠯᠰᠡᠨ ᠬᠡᠷᠡᠭᠯᠡᠬᠦ᠂ ᠪᠣᠯᠪᠠᠰᠤᠷᠠᠭᠤᠯᠤᠯ ᠤᠨ ᠲᠠᠰ | ᠲᠣᠭᠲᠠᠭᠠᠬᠤ᠂ ᠰᠢᠯᠭᠠᠷᠠᠭᠤᠯᠤᠨ ᠤᠷᠢᠵᠤ ᠳᠡᠪᠰᠢᠭᠦᠯᠬᠦ ᠵᠡᠷᠭᠡ ᠲᠠᠯ᠎ᠠ ᠶᠢᠨ ᠰᠢᠯᠭᠠᠨ ᠪᠠᠶᠢᠴᠠᠭᠠᠬᠤ ᠨᠥᠬᠦᠴᠡᠯ | ᠪᠣᠯᠭᠠᠬᠤ ᠶᠢ ᠴᠠᠭᠠᠵᠠᠯᠠᠵᠤ᠂ ᠬᠥᠮᠥᠨ ᠬᠡᠷᠡᠭᠯᠡᠬᠦ ᠨᠢᠭᠡᠴᠢ ᠶᠢᠨ ᠡᠮᠡᠭᠲᠡᠢ ᠠᠵᠢᠯᠲᠠᠨ ᠠᠵᠢᠯᠴᠢᠨ ᠤ ᠵᠢᠷᠮᠦᠰᠦᠯᠡᠬᠦ᠂ | ᠬᠥᠩᠭᠡᠵᠢᠬᠦ᠂ ᠬᠥᠬᠦᠭᠦᠯᠬᠦ ᠠᠴᠠ ᠪᠣᠯᠵᠤ ᠴᠠᠯᠢᠩ ᠢ ᠪᠠᠭᠤᠷᠠᠭᠤᠯᠬᠤ᠂ ᠮᠠᠭᠤ ᠰᠠᠨᠠᠭ᠎ᠠ ᠲᠠᠢ ᠪᠠᠷ ᠠᠵᠢᠯ ᠤᠨ ᠪᠠᠶᠢᠷᠢ | ᠰᠢᠯᠵᠢᠭᠦᠯᠬᠦ᠂ ᠠᠵᠢᠯ ᠠᠴᠠ ᠨᠢ ᠵᠣᠭᠰᠤᠭᠠᠬᠤ᠂ ᠬᠥᠳᠡᠯᠮᠦᠷᠢ ︵ᠤᠷᠢᠨ ᠬᠡᠷᠡᠭᠯᠡᠬᠦ︶ ᠶᠢᠨ ᠭᠡᠷ᠎ᠡ ᠶᠢ ᠬᠦᠴᠦᠨ ᠦᠭᠡᠢ | ᠪᠣᠯᠭᠠᠬᠤ ᠶᠢ ᠴᠠᠭᠠᠵᠠᠯᠠᠨ᠎ᠠ᠃ ᠦᠷᠡᠵᠢᠯ ᠤᠨ ᠱᠠᠩᠨᠠᠯ ᠤᠨ ᠴᠢᠯᠦᠭᠡ ᠶᠢ ᠨᠠᠶᠢᠳᠠᠪᠤᠷᠢᠵᠢᠭᠤᠯᠵᠤ᠂ ᠦᠷᠡᠵᠢᠯ ᠤᠨ | ᠨᠡᠮᠡᠭᠦᠷᠢ ᠶᠢ ᠲᠤᠭ᠎ᠠ ᠶᠣᠰᠣᠭᠠᠷ ᠭᠦᠢᠴᠡᠳ ᠣᠯᠭᠤᠬᠤ ᠶᠢ ᠠᠬᠢᠭᠤᠯᠤᠨ᠎ᠠ᠃ ᠬᠥᠮᠥᠨ ᠬᠡᠷᠡᠭᠯᠡᠬᠦ ᠨᠢᠭᠡᠴᠢ ᠶᠢᠨ ᠡᠬᠡ | ᠨᠢᠯᠬᠠᠰ ᠤᠨ ᠪᠡᠯᠡᠳᠬᠡᠮᠵᠢ ᠶᠢ ᠪᠠᠶᠢᠭᠤᠯᠬᠤ ᠶᠣᠰᠣᠲᠠᠢ ᠶᠢ ᠨᠢ ᠪᠦᠬᠦᠨ ᠢ ᠪᠠᠶᠢᠭᠤᠯᠬᠤ ᠶᠢ ᠠᠬᠢᠭᠤᠯᠵᠤ᠂ ᠬᠥᠮᠥᠨ | ᠬᠠᠷ᠎ᠠ ᠬᠤᠷᠠᠨ ᠴᠤᠭᠯᠠᠷᠠᠭᠰᠠᠨ ᠭᠠᠵᠠᠷ ᠲᠠᠯᠠᠪᠤᠷ ᠤᠨ ᠪᠠᠷᠢᠮᠵᠢᠶᠠᠵᠢᠭᠰᠠᠨ ᠡᠬᠡ ᠨᠢᠯᠬᠠᠰ ᠤᠨ ᠪᠡᠯᠡᠳᠬᠡᠮᠵᠢ ᠶᠢ | ᠪᠠᠶᠢᠭᠤᠯᠬᠤ ᠶᠢ ᠱᠠᠯᠠᠪᠳᠠᠭᠤᠯᠬᠤ ᠬᠡᠷᠡᠭᠲᠡᠢ᠃ ᠨᠥᠬᠦᠴᠡᠯ ᠲᠠᠢ ᠬᠥᠮᠥᠨ ᠬᠡᠷᠡᠭᠯᠡᠬᠦ ᠨᠢᠭᠡᠴᠢ ᠶᠢᠨ ᠠᠵᠢᠯᠲᠠᠨ | ᠠᠵᠢᠯᠴᠢᠨ ᠳᠤ ᠠᠰᠠᠷᠠᠮᠵᠢ ᠶᠢᠨ ᠴᠢᠨᠠᠷᠲᠠᠢ ᠨᠠᠶᠢᠳᠠᠨ ᠬᠥᠮᠥᠵᠢᠭᠦᠯᠬᠦ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡ | ᠬᠠᠩᠭᠠᠬᠤ ᠶᠢ ᠲᠡᠮᠵᠢᠨ᠎ᠡ᠃ | 11᠂ ᠬᠥᠳᠡᠭᠡ ᠲᠣᠰᠬᠤᠨ ᠤ ᠡᠮᠡᠭᠲᠡᠶᠢᠴᠦᠳ ᠤᠨ ᠡᠯ᠎ᠡ ᠵᠦᠢᠯ ᠤᠨ ᠡᠷᠬᠡ ᠠᠰᠢᠭ ᠢ ᠠᠳᠠᠯᠢ ᠲᠡᠭᠰᠢ ᠪᠠᠷ | ᠪᠠᠲᠤᠯᠠᠨ᠎ᠠ᠃ ᠬᠥᠳᠡᠭᠡ ᠲᠣᠰᠬᠤᠨ ᠤ ᠭᠠᠵᠠᠷ ᠰᠢᠷᠣᠢ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ | ᠡᠷᠬᠡ ᠶᠢ ᠨᠤᠲᠠᠯᠠᠨ ᠲᠣᠭᠲᠠᠭᠠᠬᠤ᠂ ᠣᠷᠣᠨ ᠰᠠᠭᠤᠴᠠ ᠶᠢᠨ ᠭᠠᠵᠠᠷ ᠤᠨ ᠬᠡᠷᠡᠭᠯᠡᠬᠦ ᠡᠷᠬᠡ ᠶᠢᠨ ᠡᠷᠬᠡ ᠶᠢ ᠨᠤᠲᠠᠯᠠᠨ | ᠳᠠᠩᠰᠠᠯᠠᠬᠤ ᠠᠵᠢᠯ ᠤᠨ ᠳᠤᠮᠳᠠ ᠬᠥᠳᠡᠭᠡ ᠲᠣᠰᠬᠤᠨ ᠤ ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠨ᠎ᠠ᠃ | ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠠᠬᠢᠭᠤᠯᠬᠤ | ᠠᠵᠢᠯ ᠳᠤᠮᠳᠠ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ | ᠪᠦᠷᠢᠯᠳᠦᠭᠦᠨ ᠤ ᠪᠡᠶ᠎ᠡ ᠶᠢᠨ ᠦᠨᠡᠮᠯᠡᠯ ᠢ ᠨᠤᠲᠠᠯᠠᠬᠤ ᠠᠷᠭ᠎ᠠ ᠶᠢ ᠨᠠᠶᠢᠲᠠᠪᠦᠷᠢᠵᠢᠭᠤᠯᠵᠦ᠂ ᠭᠠᠵᠠᠷ ᠰᠢᠷᠣᠢ ᠶᠢᠨ | ᠲᠠᠲᠠᠪᠤᠷᠢᠯᠠᠯᠲᠠ ᠶᠢᠨ ᠲᠥᠯᠥᠪᠦᠷᠢ ᠣᠯᠭᠤᠵᠤ ᠲᠥᠪᠬᠢᠨᠡᠭᠦᠯᠬᠦ ᠶᠢ ᠪᠠᠭᠲᠠᠭᠠᠭᠰᠠᠨ ᠬᠥᠳᠡᠭᠡ ᠲᠣᠰᠬᠤᠨ ᠤ | ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠡᠳ᠋ ᠬᠥᠷᠥᠩᠭᠡ ᠶᠢᠨ ᠠᠰᠢᠭ ᠣᠷᠣᠯᠭ᠎ᠠ ᠶᠢᠨ | ᠳᠣᠲᠣᠭᠠᠳᠤ ᠬᠤᠪᠢᠶᠠᠷᠢᠯᠠᠯᠲᠠ ᠶᠢᠨ ᠲᠣᠭᠲᠠᠴᠠ ᠶᠢ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ | ᠡᠮᠡᠭᠲᠡᠶᠢᠴᠦᠳ ᠤᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠡᠳ᠋ | ᠬᠥᠷᠥᠩᠭᠡ ᠶᠢᠨ ᠰᠲ᠋ᠣᠺ ᠤᠨ ᠡᠷᠬᠡ ᠶᠢ ᠲᠣᠬᠢᠷᠠᠭᠤᠯᠬᠤ᠂ ᠰᠲ᠋ᠣᠺ ᠤᠨ ᠡᠷᠬᠡ ᠶᠢ ᠬᠡᠮᠵᠢᠶᠡᠵᠢᠭᠦᠯᠬᠦ᠂ ᠡᠷᠬᠡ ᠠᠰᠢᠭ ᠢ | ᠰᠢᠯᠵᠢᠭᠦᠯᠬᠦ ᠪᠠ ᠵᠠᠯᠭᠠᠮᠵᠢᠯᠠᠬᠤ ᠵᠡᠷᠭᠡ ᠡᠯ᠎ᠡ ᠵᠠᠩᠭᠢᠯᠠᠭ᠎ᠠ ᠳᠤ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠶᠢᠨ ᠪᠦᠷᠢᠯᠳᠦᠭᠦᠨ ᠪᠠ ᠭᠡᠷ ᠪᠦᠯᠢ ᠶᠢᠨ ᠪᠦᠷᠢᠯᠳᠦᠭᠦᠨ ᠤ ᠬᠤᠪᠢ ᠪᠠᠷ ᠪᠠᠶᠢᠳᠠᠯ ᠢ ᠮᠡᠳᠡᠬᠦ ᠡᠷᠬᠡ᠂ | ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠣᠷᠤᠯᠴᠠᠬᠤ ᠡᠷᠬᠡ ᠪᠠ ᠠᠰᠢᠭ ᠣᠯᠬᠤ ᠡᠷᠬᠡ ᠶᠢ ᠠᠳᠠᠯᠢ ᠲᠡᠭᠰᠢ ᠪᠠᠷ | ᠡᠳ᠋ᠯᠡᠬᠦ ᠡᠷᠬᠡ ᠲᠠᠢ᠃ ᠬᠤᠳᠠ ᠳᠤ ᠡᠷᠦᠭᠡ ᠠᠮᠠ ᠣᠷᠣᠭᠰᠠᠨ ᠬᠥᠳᠡᠭᠡ ᠲᠣᠰᠬᠤᠨ ᠤ ᠡᠮᠡᠭᠲᠡᠶᠢᠴᠦᠳ ᠤᠨ ᠬᠠᠤᠯᠢ | ᠶᠣᠰᠣᠨ ᠤ ᠡᠷᠬᠡ ᠠᠰᠢᠭ ᠢ ᠪᠠᠲᠤᠯᠠᠵᠤ᠂ ᠠᠵᠤ ᠠᠬᠤᠢ ᠶᠢᠨ ᠡᠷᠬᠡ ᠠᠰᠢᠭ ᠨᠢ ᠬᠤᠬᠢᠷᠠᠯ ᠳᠤ ᠤᠴᠠᠷᠠᠭᠰᠠᠨ ᠬᠥᠳᠡᠭᠡ | ᠲᠣᠰᠬᠤᠨ ᠤ ᠡᠮᠡᠭᠲᠡᠶᠢᠴᠦᠳ ᠤᠨ ᠡᠷᠬᠡ ᠪᠠᠨ ᠬᠠᠮᠠᠭᠠᠯᠠᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠦᠨ᠎ᠡ᠃ | 12᠂ ᠡᠮᠡᠭᠲᠡᠶᠢᠴᠦᠳ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ | ᠪᠦᠲᠦᠮᠵᠢᠲᠡᠶ ᠵᠣᠯᠭᠠᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ︽ᠳᠥᠷᠪᠡ ᠶᠢ ᠰᠠᠯᠭᠠᠬᠤ ᠦᠭᠡᠢ︾ | ᠪᠠᠶᠢᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠬᠡᠪᠴᠢᠶᠡᠵᠢᠭᠦᠯᠦᠨ ᠶᠠᠳᠠᠭᠤᠷᠠᠭᠤᠯᠬᠤ ᠦᠭᠡᠢ ᠪᠠᠶᠢᠬᠤ | ᠬᠢᠵᠠᠭᠠᠷ ᠱᠤᠭᠤᠮ ᠢ ᠡᠷᠡᠰ ᠰᠠᠬᠢᠨ᠎ᠠ᠃ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠯᠲᠡ ᠪᠠ | ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠭᠦᠯᠦᠨ᠎ᠡ᠃ ᠣᠲᠣ ᠶᠢᠨ ᠪᠠᠶᠢᠭ᠎ᠠ ᠭᠤᠣᠯ ᠪᠣᠯᠬᠤ ᠬᠠᠪᠰᠤᠷᠤᠨ | ᠲᠡᠳᠬᠦᠬᠦ ᠲᠥᠷᠥ ᠶᠢᠨ ᠪᠣᠳᠣᠯᠭ᠎ᠠ ᠶᠢ ᠶᠡᠷᠦᠩᠬᠡᠢ ᠳᠡᠭᠡᠨ ᠲᠣᠭᠲᠠᠭᠤᠨ ᠪᠠᠶᠢᠯᠭᠠᠬᠤ ᠶᠢ ᠪᠠᠲᠤᠯᠠᠬᠤ ᠶᠢᠨ ᠬᠠᠮᠲᠤ | ᠲᠥᠷᠥᠯ ᠵᠦᠢᠯ ᠳᠠᠷᠠᠭᠠᠯᠠᠨ ᠲᠥᠷᠥᠯ ᠬᠤᠪᠢᠶᠠᠨ ᠰᠢᠯᠢᠳᠡᠭᠵᠢᠭᠦᠯᠦᠨ ᠲᠣᠬᠢᠷᠠᠭᠤᠯᠵᠤ᠂ ᠡᠯ᠎ᠡ ᠵᠦᠢᠯ ᠤᠨ ᠬᠠᠪᠰᠤᠷᠤᠨ | ᠲᠡᠳᠬᠦᠬᠦ ᠲᠥᠷᠥ ᠶᠢᠨ ᠪᠣᠳᠣᠯᠭ᠎ᠠ ᠶᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠵᠤ᠂ ᠵᠣᠯᠭᠠᠭᠤᠯᠬᠤ ᠲᠥᠷᠥ ᠶᠢᠨ | ᠪᠣᠳᠣᠯᠭ᠎ᠠ ᠶᠢ ᠰᠠᠶᠢᠲᠤᠷ ᠬᠡᠷᠡᠭᠯᠡᠨ᠂ ᠡᠬᠢ ᠪᠠᠶᠠᠯᠢᠭ ᠢ ᠲᠥᠪᠯᠡᠷᠡᠭᠦᠯᠦᠨ ᠳᠡᠮᠵᠢᠵᠦ ᠪᠠᠶᠢᠭᠠᠳ ᠶᠠᠳᠠᠭᠤ ᠠᠴᠠ | ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠪᠥᠬᠦ ᠲᠠᠯ᠎ᠠ ᠪᠠᠷ ᠲᠦᠯᠬᠢᠨ ᠠᠬᠢᠭᠤᠯᠬᠤ ᠳᠠᠰᠢ ᠠᠯᠬᠤᠮ ᠠᠯᠬᠤᠮ ᠢᠶᠠᠷ ᠲᠣᠭᠲᠠᠭᠤᠨ ᠢᠶᠠᠷ ᠰᠢᠯᠵᠢᠬᠦ ᠶᠢ | ᠪᠡᠶᠡᠯᠡᠭᠦᠯᠦᠨ᠎ᠡ᠃ ᠬᠥᠳᠡᠭᠡ ᠲᠣᠰᠬᠤᠨ ᠤ ᠡᠮᠡᠭᠲᠡᠶᠢᠴᠦᠳ ᠢ ᠪᠣᠯᠪᠠᠰᠤᠷᠠᠭᠤᠯᠬᠤ ᠡᠷᠴᠢᠮ ᠢ ᠴᠢᠩᠭᠠᠷᠠᠭᠤᠯᠵᠤ᠂ ᠰᠢᠨ᠎ᠡ | ᠮᠠᠶ᠋ᠢᠭ ᠤᠨ ᠲᠠᠷᠢᠶᠠᠯᠠᠩ ᠤᠨ ᠡᠵᠡᠩᠨᠡᠯᠲᠡ ᠶᠢᠨ ᠪᠡᠶᠡᠴᠢ ᠴᠣᠭᠴᠠ ᠪᠣᠯᠣᠨ ᠡᠯᠧᠺᠲᠷᠣᠨ ᠬᠤᠳᠠᠯᠳᠤᠭᠠᠨ ᠤ ᠠᠵᠤ | ᠠᠬᠤᠶᠢᠯᠠᠯ ᠤᠨ ᠬᠠᠮᠲᠤᠷᠠᠯᠴᠠᠬᠤ ᠶᠢ ᠵᠣᠷᠢᠭᠵᠢᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ | ᠲᠣᠣᠷ ᠰᠦᠯᠵᠢᠶ᠎ᠡ ᠪᠠᠷ ᠪᠤᠷᠤᠯᠠᠭᠤᠯᠬᠤ ᠶᠢ ᠲᠦᠯᠬᠢᠨ ᠠᠬᠢᠭᠤᠯᠤᠨ᠎ᠠ᠃ ᠬᠤᠳᠠ ᠬᠥᠳᠡᠭᠡ ᠶᠢᠨ ᠣᠷᠣᠯᠭ᠎ᠠ ᠪᠠᠭᠠᠲᠠᠢ | ᠡᠮᠡᠭᠲᠡᠶᠢᠴᠦᠳ ᠤᠨ ᠪᠡᠶ᠎ᠡ ᠪᠠᠨ ᠳᠠᠭᠠᠭᠠᠵᠤ ᠬᠥᠭᠵᠢᠬᠦ ᠳᠤ ᠲᠣᠬᠢᠷᠠᠬᠤ ᠭᠠᠷ ᠤᠷᠠᠯᠠᠯ ᠤᠨ ᠨᠡᠬᠡᠮᠡᠯ᠂ ᠬᠥᠳᠡᠭᠡ | ᠲᠣᠰᠬᠤᠨ ᠤ ᠡᠯᠧᠺᠲᠷᠣᠨ ᠬᠤᠳᠠᠯᠳᠤᠭ᠎ᠠ ᠵᠡᠷᠭᠡ ᠣᠨᠴᠠᠯᠢᠭᠲᠤ ᠠᠵᠤ ᠦᠢᠯᠡᠰ ᠤᠨ ᠵᠦᠢᠯᠡᠰ ᠢ ᠲᠡᠳᠬᠦᠨ | ᠬᠥᠭᠵᠢᠭᠦᠯᠦᠨ᠎ᠡ᠃ ᠪᠠᠶᠠᠵᠢᠯ ᠤᠨ ᠳᠠᠭᠠᠭᠤᠯᠤᠭᠴᠢ ᠶᠢ ᠪᠣᠶᠢᠵᠢᠭᠤᠯᠬᠤ᠂ ᠬᠠᠪᠰᠤᠷᠤᠨ ᠲᠡᠳᠬᠦᠬᠦ ᠦᠢᠯᠡᠳᠪᠦᠷᠢ ᠶᠢᠨ | ᠲᠠᠰᠤᠭ ᠤᠨ ᠪᠦᠲᠦᠭᠡᠨ ᠪᠠᠶᠢᠭᠤᠯᠤᠯᠲᠠ ᠪᠠ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠬᠥᠳᠡᠭᠡ ᠲᠣᠰᠬᠤᠨ ᠤ ᠡᠮᠡᠭᠲᠡᠶᠢᠴᠦᠳ ᠤᠨ ᠲᠤᠬᠠᠢ ᠶᠢᠨ ᠭᠠᠵᠠᠷ ᠲᠠᠭᠠᠨ ᠪᠤᠶᠤ ᠣᠶᠢᠷ᠎ᠠ | ᠬᠠᠪᠢ ᠳᠠᠭᠠᠨ ᠠᠵᠢᠯ ᠣᠯᠬᠤ ᠶᠢ ᠲᠡᠮᠵᠢᠵᠤ᠂ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠬᠤ ᠶᠢ ᠪᠡᠶᠡᠯᠡᠭᠦᠯᠦᠨ᠎ᠡ᠃ | 13᠂ ᠡᠮᠡᠭᠲᠡᠶᠢᠴᠦᠳ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠢᠳᠡᠪᠬᠢᠲᠡᠢ | ᠣᠷᠤᠯᠴᠠᠬᠤ ᠶᠢ ᠳᠡᠮᠵᠢᠨ᠎ᠡ᠃ ᠡᠮᠡᠭᠲᠡᠶᠢᠴᠦᠳ ᠤᠨ ᠬᠥᠳᠡᠭᠡ ᠲᠣᠰᠬᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ | ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠪᠠ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠬᠤ | ᠪᠦᠲᠦᠭᠡᠨ ᠪᠠᠶᠢᠭᠤᠯᠤᠯᠲᠠ ᠶᠢᠨ ᠳᠤᠮᠳᠠᠬᠢ ᠦᠢᠯᠡᠳᠦᠯ ᠢ ᠢᠳᠡᠪᠬᠢᠲᠡᠢ ᠪᠠᠷ ᠪᠠᠳᠠᠷᠠᠭᠤᠯᠤᠨ᠎ᠠ᠃ ︽ᠬᠥᠳᠡᠭᠡ | ᠲᠣᠰᠬᠤᠨ ᠤ ᠡᠮᠡᠭᠲᠡᠶᠢᠴᠦᠳ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ︾ ᠶᠢ ᠨᠠᠶᠢᠳᠠᠪᠤᠷᠢᠵᠢᠭᠤᠯᠵᠤ᠂ | ᠡᠮᠡᠭᠲᠡᠶᠢᠴᠦᠳ ᠤᠨ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠪᠠ ᠲᠠᠷᠢᠶᠠᠯᠠᠩ ᠤᠨ | ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠡᠭᠦᠳᠦᠨ ᠪᠠᠶᠢᠭᠤᠯᠬᠤ ᠶᠢ ᠵᠣᠷᠢᠭᠵᠢᠭᠤᠯᠤᠨ | ᠳᠡᠮᠵᠢᠨ᠎ᠡ᠃ ᠥᠨᠳᠥᠷ ᠬᠡᠪ ᠴᠢᠨᠠᠷ ᠪᠦᠬᠦᠢ ᠡᠮᠡᠭᠲᠡᠢ ᠲᠠᠷᠢᠶᠠᠴᠢᠨ ᠢ ᠬᠥᠮᠥᠵᠢᠭᠦᠯᠬᠦ ᠠᠵᠢᠯ ᠢ ᠴᠢᠩᠭᠠᠳᠬᠠᠵᠤ᠂ ᠡᠮᠡᠭᠲᠡᠢ | ᠲᠠᠷᠢᠶᠠᠴᠢᠨ ᠤ ᠪᠣᠯᠪᠠᠰᠤᠷᠠᠭᠤᠯᠤᠯ ᠢ ᠵᠠᠰᠠᠭ ᠤᠨ ᠣᠷᠳᠣᠨ ᠤ ᠲᠦᠭᠡᠮᠡᠯ ᠬᠠᠷᠠᠭᠠᠯᠵᠠᠯ ᠤᠨ ᠴᠢᠨᠠᠷᠲᠠᠢ | ᠪᠣᠯᠪᠠᠰᠤᠷᠠᠭᠤᠯᠤᠯ ᠤᠨ ᠲᠥᠯᠥᠪᠯᠡᠭᠡ ᠳᠤ ᠣᠷᠣᠭᠤᠯᠬᠤ ᠶᠢ ᠲᠦᠯᠬᠢᠨ ᠠᠬᠢᠭᠤᠯᠵᠤ᠂ ᠡᠮᠡᠭᠲᠡᠶᠢᠴᠦᠳ ᠤᠨ | ᠪᠣᠯᠪᠠᠰᠤᠷᠠᠭᠤᠯᠤᠯ ᠳᠤ ᠣᠷᠤᠯᠴᠠᠬᠤ ᠬᠠᠷᠢᠴᠠᠯ ᠢ ᠳᠡᠭᠡᠭᠰᠢᠯᠡᠭᠦᠯᠦᠨ᠎ᠡ᠃ ᠡᠮᠡᠭᠲᠡᠢ ᠠᠵᠤ ᠠᠬᠤᠶᠢᠯᠠᠯᠲᠠᠨ᠂ ᠡᠮᠡᠭᠲᠡᠢ | ᠣᠶᠤᠲᠠᠨ᠂ ᠡᠮᠡᠭᠲᠡᠢ ᠬᠥᠯᠥᠰᠦᠨ ᠠᠵᠢᠯᠴᠢᠨ ᠵᠡᠷᠭᠡ ᠶᠢᠨ ᠨᠤᠲᠤᠭ ᠲᠠᠭᠠᠨ ᠪᠤᠴᠠᠵᠤ ᠬᠥᠳᠡᠭᠡ ᠪᠠᠭᠤᠵᠤ ᠠᠳᠠᠯ | ᠦᠢᠯᠡᠰ ᠴᠣᠭᠴᠠᠯᠠᠬᠤ ᠶᠢ ᠵᠣᠷᠢᠭᠵᠢᠭᠤᠯᠤᠨ ᠳᠡᠮᠵᠢᠵᠦ᠂ ᠲᠡᠲᠡᠨᠤᠰ ᠲᠤ ᠴᠠᠭ ᠲᠤᠬᠠᠢ ᠳᠤᠨᠢ ᠳᠥᠭᠦᠮ ᠳᠥᠲᠡ | ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ᠂ ᠲᠥᠷᠥᠯ ᠵᠦᠢᠯ ᠢ ᠵᠣᠯᠭᠠᠭᠤᠯᠬᠤ᠂ ᠪᠡᠯᠡ ᠲᠣᠬᠢᠷᠠᠭᠤᠯᠭ᠎ᠠ ᠪᠠᠷ | ᠬᠥᠲᠥᠯᠥᠨ ᠳᠠᠭᠠᠭᠤᠯᠬᠤ ᠵᠡᠷᠭᠡ ᠦᠢᠯᠡᠴᠢᠯᠡᠭᠡ ᠬᠠᠩᠭᠠᠨ᠎ᠠ᠃ ᠡᠮᠡᠭᠲᠡᠢ ᠲᠠᠷᠢᠶᠠᠴᠢᠳ ᠢ ᠬᠥᠲᠥᠯᠥᠨ ᠵᠢᠯᠤᠭᠤᠳᠴᠤ | ᠪᠠᠶᠢᠭᠠᠳ ᠬᠥᠳᠡᠭᠡ ᠲᠣᠰᠬᠤᠨ ᠤ ᠤᠷᠠᠨ ᠲᠠᠷᠬᠠᠨ᠂ ᠰᠣᠶᠣᠯ ᠤᠨ ᠴᠢᠳᠠᠪᠤᠷᠢᠲᠠᠨ᠂ ᠭᠠᠷ ᠤᠷᠠᠴᠤᠳ᠂ ᠲᠠᠷᠢᠶᠠᠯᠠᠩ ᠤᠨ | ᠮᠡᠷᠭᠡᠵᠢᠯ ᠤᠨ ᠨᠡᠶᠢᠭᠡᠮᠯᠢᠭ ᠤᠨ ᠳᠠᠭᠠᠭᠤᠯᠤᠭᠴᠢ ᠪᠠ ᠰᠢᠨ᠎ᠡ ᠮᠠᠶ᠋ᠢᠭ ᠤᠨ ᠲᠠᠷᠢᠶᠠᠯᠠᠩ ᠤᠨ ᠬᠠᠮᠢᠶᠠᠷᠤᠯᠲᠠ ᠶᠢᠨ | ᠡᠵᠡᠩᠨᠡᠯᠲᠡ ᠶᠢᠨ ᠴᠢᠳᠠᠪᠤᠷᠢᠲᠠᠨ ᠪᠣᠯᠬᠤ ᠪᠠᠷ ᠴᠢᠷᠮᠠᠶᠢᠨ᠎ᠠ᠃ | (ᠳᠦᠷᠪᠡ) ᠡᠮᠡᠭᠲᠡᠶᠢᠴᠦᠳ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠬᠠᠮᠢᠶᠠᠷᠤᠯᠲᠠ ᠳᠤ ᠤᠷᠤᠯᠴᠠᠬᠤ | ᠭᠤᠣᠯ ᠬᠠᠷᠠᠯᠲᠠ᠄ | 1᠂ ᠡᠮᠡᠭᠲᠡᠶᠢᠴᠦᠳ ᠤᠨ ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ ᠲᠥᠷᠥ ᠶᠢᠨ ᠪᠠᠶᠢᠭᠤᠯᠤᠯᠲᠠ ᠪᠠ | ᠨᠡᠶᠢᠭᠡᠮ ᠤᠨ ᠵᠠᠰᠠᠯᠲᠠ ᠳᠤ ᠣᠷᠤᠯᠴᠠᠬᠤ ᠶᠢ ᠪᠠᠲᠤᠯᠠᠵᠤ᠂ ᠣᠷᠤᠯᠴᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | 2᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠮᠡᠭᠲᠡᠢ ᠨᠠᠮ ᠤᠨ ᠭᠡᠰᠢᠭᠦᠨ ᠤ ᠵᠦᠢ ᠵᠣᠬᠢᠰᠲᠠᠢ | ᠬᠠᠷᠢᠴᠠᠯ ᠢ ᠪᠠᠲᠤᠯᠠᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠭᠡᠰᠢᠭᠦᠨ ᠤ | ᠲᠥᠯᠥᠭᠡᠯᠡᠭᠴᠢᠳ ᠤᠨ ᠶᠡᠭᠡ ᠬᠤᠷᠠᠯ ᠳᠤ ᠡᠮᠡᠭᠲᠡᠢ ᠨᠠᠮ ᠤᠨ ᠭᠡᠰᠢᠭᠦᠨ ᠲᠥᠯᠥᠭᠡᠯᠡᠭᠴᠢ ᠶᠢᠨ ᠬᠠᠷᠢᠴᠠᠯ ᠨᠢ ᠡᠩ ᠤᠨ | ᠪᠠᠶᠢᠳᠠᠯ ᠳᠤ ᠲᠣᠰ ᠭᠠᠵᠠᠷ ᠣᠷᠣᠨ ᠤ ᠨᠠᠮ ᠤᠨ ᠭᠡᠰᠢᠭᠦᠨ ᠤ ᠶᠡᠷᠦᠩᠬᠡᠢ ᠲᠤᠭ᠎ᠠ ᠶᠢᠨ ᠬᠠᠷᠢᠴᠠᠯ ᠠᠴᠠ ᠳᠤᠤᠷ᠎ᠠ | ᠪᠠᠶᠢᠵᠦ ᠪᠤᠯᠬᠤ ᠦᠭᠡᠢ᠃ | 3᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠ ᠪᠠᠶᠢᠩᠭᠤ ᠶᠢᠨ ᠬᠤᠷᠢᠶᠠᠨ ᠤ | ᠭᠡᠰᠢᠭᠦᠳ ᠤᠨ ᠳᠣᠲᠣᠷᠠᠬᠢ ᠡᠮᠡᠭᠲᠡᠶᠢᠴᠦᠳ ᠤᠨ ᠬᠠᠷᠢᠴᠠᠯ ᠢ ᠬᠤᠭᠤᠴᠠᠭ᠎ᠠ ᠳᠠᠷᠠᠭᠠᠯᠠᠨ ᠳᠡᠭᠡᠭᠰᠢᠯᠡᠭᠦᠯᠦᠨ᠎ᠡ᠃ ᠤᠯᠤᠰ | ᠲᠦᠷᠦ ᠶᠢᠨ ᠵᠥᠪᠯᠡᠯᠭᠡᠨ ᠤ ᠭᠡᠰᠢᠭᠦᠨ ᠪᠠ ᠪᠠᠶᠢᠩᠭᠤ ᠶᠢᠨ ᠭᠡᠰᠢᠭᠦᠳ ᠤᠨ ᠳᠣᠲᠣᠷᠠᠬᠢ ᠡᠮᠡᠭᠲᠡᠶᠢᠴᠦᠳ ᠤᠨ | ᠬᠠᠷᠢᠴᠠᠯ ᠢ ᠬᠤᠭᠤᠴᠠᠭ᠎ᠠ ᠳᠠᠷᠠᠭᠠᠯᠠᠨ ᠳᠡᠭᠡᠭᠰᠢᠯᠡᠭᠦᠯᠦᠨ᠎ᠡ᠃ | 4᠂ ᠲᠤᠭᠤᠷᠢᠭ ᠤᠨ ᠱᠠᠲᠤᠨ ᠤ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠤᠨ ᠤᠳᠤᠷᠢᠳᠬᠤ | ᠪᠠᠭ ᠤᠨ ᠳᠣᠲᠣᠷᠠᠬᠢ ᠡᠮᠡᠭᠲᠡᠢ ᠺᠠᠳ᠋ᠷ ᠤᠨ ᠬᠠᠷᠢᠴᠠᠯ ᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠲᠡᠭᠦᠨ ᠤ | ᠳᠣᠲᠣᠷ᠎ᠠ ᠵᠣᠬᠢᠬᠤ ᠲᠣᠭᠠᠨ ᠤ ᠵᠢᠩᠬᠢᠨᠢ ᠲᠤᠰᠢᠶᠠᠯ ᠲᠠᠢ ᠪᠠᠶᠢᠯᠭᠠᠨ᠎ᠠ᠃ | 5᠂ ᠰᠤᠮᠤ ᠪᠠᠯᠭᠠᠰᠤᠨ ᠤ ᠤᠳᠤᠷᠢᠳᠬᠤ ᠪᠠᠭ ᠤᠨ ᠳᠣᠲᠣᠷ᠎ᠠ ᠨᠠᠭᠠᠲᠤ ᠵᠠᠬ᠎ᠠ ᠳᠠᠭᠠᠨ ᠨᠢᠭᠡ ᠡᠮᠡᠭᠲᠡᠢ ᠺᠠᠳ᠋ᠷ | ᠲᠣᠬᠢᠷᠠᠭᠤᠯᠬᠤ ᠬᠡᠷᠡᠭᠲᠡᠢ᠂ ᠡᠭᠦᠨ ᠤ ᠳᠣᠲᠣᠷ᠎ᠠ ᠵᠣᠬᠢᠬᠤ ᠲᠣᠭᠠᠨ ᠤ ᠵᠢᠩᠬᠢᠨᠢ ᠲᠤᠰᠢᠶᠠᠯ ᠲᠠᠢ ᠪᠠᠶᠢᠬᠤ ᠬᠡᠷᠡᠭᠲᠡᠢ᠃ | 6᠂ ᠲᠤᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ᠂ ᠲᠤᠰᠬᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠱᠦᠵᠢ ᠶᠢᠨ ᠳᠣᠲᠣᠷᠠᠬᠢ ᠡᠮᠡᠭᠲᠡᠶᠢᠴᠦᠳ ᠤᠨ ᠬᠠᠷᠢᠴᠠᠯ ᠢ ᠠᠯᠬᠤᠮ ᠢᠶᠠᠷ ᠳᠡᠭᠡᠭᠰᠢᠯᠡᠭᠦᠯᠦᠨ᠎ᠡ᠃ | ᠲᠤᠰᠬᠤᠨ ᠤ ᠠᠷᠠᠳ ᠤᠨ ᠡᠮᠡᠭᠲᠡᠢ ᠲᠥᠯᠥᠭᠡᠯᠡᠭᠴᠢ ᠨᠢ ᠲᠤᠰᠬᠤᠨ ᠤ ᠠᠷᠠᠳ ᠤᠨ ᠲᠥᠯᠥᠭᠡᠯᠡᠭᠴᠢᠳ ᠤᠨ | ᠬᠤᠷᠠᠯ ᠤᠨ ᠪᠦᠷᠢᠯᠳᠦᠭᠦᠨ ᠤ ᠭᠤᠷᠪᠠᠨ ᠤ ᠨᠢᠭᠡ ᠬᠤᠪᠢ ᠠᠴᠠ ᠳᠡᠭᠡᠭᠰᠢᠬᠢ ᠶᠢ ᠡᠵᠡᠯᠡᠵᠦ᠂ ᠲᠤᠰᠬᠤᠨ ᠤ ︽ᠬᠤᠶᠠᠷ | ᠵᠥᠪᠯᠡᠯ︾ ᠤᠨ ᠪᠦᠷᠢᠯᠳᠦᠭᠦᠨ ᠤ ᠳᠣᠲᠣᠷ᠎ᠠ ᠡᠮᠡᠭᠲᠡᠶᠢᠴᠦᠳ ᠤᠨ ᠬᠠᠷᠢᠴᠠᠯ ᠢ 30% ᠠᠴᠠ ᠳᠡᠭᠡᠭᠰᠢ ᠪᠠᠶᠢᠯᠭᠠᠬᠤ ᠶᠢ | ᠪᠠᠲᠤᠯᠠᠨ᠎ᠠ᠃ | 7᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ᠂ ᠨᠡᠶᠢᠭᠡᠮ | ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠳᠣᠲᠣᠷᠠᠬᠢ ᠡᠮᠡᠭᠲᠡᠶᠢᠴᠦᠳ ᠤᠨ ᠬᠠᠷᠢᠴᠠᠯ ᠢ | ᠠᠯᠬᠤᠮ ᠢᠶᠠᠷ ᠳᠡᠭᠡᠭᠰᠢᠯᠡᠭᠦᠯᠦᠨ᠎ᠡ᠃ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠤᠨ | ᠪᠦᠷᠢᠯᠳᠦᠭᠦᠨ ᠤ ᠳᠣᠲᠣᠷ᠎ᠠ ᠡᠮᠡᠭᠲᠡᠶᠢᠴᠦᠳ ᠤᠨ ᠬᠠᠷᠢᠴᠠᠯ ᠢ 50% ᠣᠷᠴᠢᠮ ᠪᠠᠶᠢᠯᠭᠠᠵᠤ᠂ ᠨᠡᠶᠢᠭᠡᠮ | ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠤᠨ ᠡᠷᠬᠢᠯᠡᠭᠴᠢ ᠶᠢᠨ ᠳᠣᠲᠣᠷ᠎ᠠ ᠡᠮᠡᠭᠲᠡᠶᠢᠴᠦᠳ ᠤᠨ ᠬᠠᠷᠢᠴᠠᠯ ᠢ | 40% ᠠᠴᠠ ᠳᠡᠭᠡᠭᠰᠢ ᠳᠤ ᠬᠦᠷᠦᠭᠦᠯᠦᠨ᠎ᠡ᠃ | 8᠂ ᠠᠵᠢᠯ ᠦᠢᠯᠡᠰ ᠤᠨ ᠨᠢᠭᠡᠴᠢ ᠶᠢᠨ ᠤᠳᠤᠷᠢᠳᠬᠤ ᠪᠠᠭ ᠤᠨ ᠪᠦᠷᠢᠯᠳᠦᠭᠦᠨ ᠤ ᠳᠣᠲᠣᠷᠠᠬᠢ | ᠡᠮᠡᠭᠲᠡᠶᠢᠴᠦᠳ ᠤᠨ ᠬᠠᠷᠢᠴᠠᠯ ᠢ ᠠᠯᠬᠤᠮ ᠢᠶᠠᠷ ᠳᠡᠭᠡᠭᠰᠢᠯᠡᠭᠦᠯᠵᠦ᠂ ᠵᠦᠢ ᠵᠣᠬᠢᠰᠲᠠᠢ ᠪᠦᠲᠦᠴᠡ ᠶᠢ ᠪᠠᠲᠤᠯᠠᠨ᠎ᠠ᠃ | 9᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠡᠷᠡᠭ ᠮᠡᠳᠡᠭᠴᠢᠳ ᠤᠨ ᠵᠥᠪᠯᠡᠯ᠂ ᠬᠢᠨᠠᠭᠴᠢᠳ ᠤᠨ | ᠵᠥᠪᠯᠡᠯ ᠤᠨ ᠪᠦᠷᠢᠯᠳᠦᠭᠦᠨ ᠵᠢᠴᠢ ᠬᠠᠮᠢᠶᠠᠷᠤᠯᠲᠠ ᠶᠢᠨ ᠳᠠᠪᠬᠤᠷᠭ᠎ᠠ ᠳᠠᠬᠢ ᠡᠮᠡᠭᠲᠡᠶᠢᠴᠦᠳ ᠲᠤ ᠵᠣᠬᠢᠬᠤ ᠬᠠᠷᠢᠴᠠᠯ ᠢ | ᠪᠠᠲᠤᠯᠠᠨ᠎ᠠ᠃ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠠᠵᠢᠯᠴᠢᠨ ᠤ ᠲᠥᠯᠥᠭᠡᠯᠡᠭᠴᠢᠳ ᠤᠨ | ᠶᠡᠭᠡ ᠬᠤᠷᠠᠯ ᠳᠠᠬᠢ ᠡᠮᠡᠭᠲᠡᠶᠢᠴᠦᠳ ᠤᠨ ᠬᠠᠷᠢᠴᠠᠯ ᠪᠣᠯᠣᠨ ᠡᠮᠡᠭᠲᠡᠢ ᠠᠵᠢᠯᠲᠠᠨ ᠠᠵᠢᠯᠴᠢᠨ ᠤ ᠬᠠᠷᠢᠴᠠᠯ ᠢ | ᠬᠠᠷᠢᠯᠴᠠᠨ ᠲᠤᠬᠢᠷᠠᠴᠠᠭᠤᠯᠤᠨᠠ᠃ | 10᠂ ᠡᠮᠡᠭᠲᠡᠶᠢᠴᠦᠳ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠣᠷᠤᠯᠴᠠᠬᠤ᠂ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠬᠠᠷᠢᠭᠤᠴᠠᠯᠭᠠᠲᠠᠨ ᠪᠣᠯᠬᠤ ᠶᠢ ᠵᠣᠷᠢᠭᠵᠢᠭᠤᠯᠤᠨ ᠳᠡᠮᠵᠢᠨ᠎ᠡ᠃ | ᠠᠷᠭ᠎ᠠ ᠪᠣᠳᠣᠯᠭ᠎ᠠ ᠠᠷᠭ᠎ᠠ ᠬᠡᠮᠵᠢᠶ᠎ᠡ᠄ | 1᠂ ᠡᠮᠡᠭᠲᠡᠶᠢᠴᠦᠳ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠬᠠᠮᠢᠶᠠᠷᠤᠯᠲᠠ ᠳᠤ ᠣᠷᠤᠯᠴᠠᠬᠤ ᠶᠢ | ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ᠡᠮᠡᠭᠲᠡᠶᠢᠴᠦᠳ ᠤᠨ ᠤᠯᠤᠰ ᠪᠠ ᠨᠡᠶᠢᠭᠡᠮ ᠤᠨ ᠬᠡᠷᠡᠭ ᠶᠠᠪᠤᠳᠠᠯ ᠤᠨ | ᠬᠠᠮᠢᠶᠠᠷᠤᠯᠲᠠ ᠳᠤ ᠣᠷᠤᠯᠴᠠᠬᠤ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠡᠮᠡᠭᠲᠡᠶᠢᠴᠦᠳ ᠤᠨ | ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠬᠠᠮᠢᠶᠠᠷᠤᠯᠲᠠ ᠳᠤ ᠣᠷᠤᠯᠴᠠᠬᠤ ᠶᠢ ᠬᠢᠵᠠᠭᠠᠷᠯᠠᠵᠤ ᠪᠠᠶᠢᠭ᠎ᠠ ᠬᠠᠷᠰᠢ | ᠰᠠᠭᠠᠳ ᠢ ᠠᠷᠢᠯᠭᠠᠵᠤ᠂ ᠡᠮᠡᠭᠲᠡᠶᠢᠴᠦᠳ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠬᠠᠮᠢᠶᠠᠷᠤᠯᠲᠠ ᠳᠤ | ᠣᠷᠤᠯᠴᠠᠬᠤ ᠬᠢᠷᠢ ᠬᠡᠮᠵᠢᠶ᠎ᠡ ᠶᠢ ᠡᠮᠡᠭᠲᠡᠶᠢᠴᠦᠳ ᠤᠨ ᠪᠠᠶᠢᠷᠢ ᠰᠠᠭᠤᠷᠢ ᠦᠢᠯᠡᠳᠦᠯ ᠯᠦᠭᠡ ᠬᠠᠷᠢᠯᠴᠠᠨ | ᠵᠣᠬᠢᠴᠠᠭᠤᠯᠬᠤ ᠶᠢ ᠠᠬᠢᠭᠤᠯᠤᠨ᠎ᠠ᠃ ᠪᠣᠯᠪᠠᠰᠤᠷᠠᠭᠤᠯᠤᠯ ᠤᠨ ᠡᠷᠴᠢᠮ ᠢᠶᠠᠨ ᠴᠢᠩᠭᠠᠷᠠᠭᠤᠯᠵᠤ᠂ ᠤᠳᠤᠷᠢᠳᠬᠤ | ᠺᠠᠳ᠋ᠷᠴᠤᠳ ᠤᠨ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠦᠵᠡᠯ ᠤᠬᠠᠮᠰᠠᠷ ᠢ ᠳᠡᠭᠡᠭᠰᠢᠯᠡᠭᠦᠯᠦᠨ᠂ ᠡᠮᠡᠭᠲᠡᠶᠢᠴᠦᠳ ᠤᠨ ᠵᠠᠰᠠᠭ ᠤᠨ ᠶᠠᠪᠤᠳᠠᠯ ᠳᠤ | ᠣᠷᠤᠯᠴᠠᠬᠤ ᠶᠢ ᠠᠬᠢᠭᠤᠯᠬᠤ ᠶᠠᠪᠤᠳᠠᠯ ᠢ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠬᠠᠷᠠᠯᠲᠠ ᠠᠷᠭ᠎ᠠ | ᠬᠡᠮᠵᠢᠶ᠎ᠡ ᠶᠢ ᠳᠤᠷᠠᠳᠤᠨ ᠭᠠᠷᠭᠠᠨ᠎ᠠ᠃ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠨᠠᠮ ᠤᠨ ᠬᠤᠷᠢᠶ᠎ᠠ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ᠂ ᠨᠠᠮ | ᠵᠠᠰᠠᠭ ᠤᠨ ᠠᠵᠢᠯ ᠤᠨ ᠰᠠᠯᠠᠭ᠎ᠠ ᠮᠥᠴᠢᠷ ᠵᠢᠴᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠦᠨᠳᠦᠰᠦᠨ | ᠱᠠᠲᠤᠨ ᠤ ᠤᠯᠠᠨ ᠲᠦᠮᠡᠨ ᠤ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠵᠣᠬᠢᠶᠠᠨ | ᠪᠠᠶᠢᠭᠤᠯᠤᠯᠲᠠ ᠳᠠᠬᠢ ᠡᠮᠡᠭᠲᠡᠶᠢᠴᠦᠳ ᠤᠨ ᠬᠠᠷᠢᠴᠠᠯ ᠢ ᠳᠡᠭᠡᠭᠰᠢᠯᠡᠭᠦᠯᠦᠨ᠎ᠡ᠃ | 2᠂ ᠡᠮᠡᠭᠲᠡᠶᠢᠴᠦᠳ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠬᠠᠮᠢᠶᠠᠷᠤᠯᠲᠠ ᠳᠤ ᠣᠷᠤᠯᠴᠠᠬᠤ | ᠦᠵᠡᠯ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠮᠡᠭᠲᠡᠶᠢᠴᠦᠳ ᠢ ᠬᠥᠲᠥᠯᠥᠨ ᠵᠢᠯᠤᠭᠤᠳᠴᠤ ᠪᠠᠶᠢᠭᠠᠳ | ᠤᠯᠤᠰ ᠣᠷᠣᠨ ᠪᠠ ᠨᠡᠶᠢᠭᠡᠮ ᠤᠨ ᠬᠡᠷᠡᠭ ᠶᠠᠪᠤᠳᠠᠯ ᠳᠤ ᠰᠡᠳᠬᠢᠯ ᠲᠠᠯᠪᠢᠭᠤᠯᠵᠤ᠂ ᠣᠷᠤᠯᠴᠠᠬᠤ ᠤᠬᠠᠮᠰᠠᠷ ᠢ ᠨᠢ | ᠳᠡᠭᠡᠭᠰᠢᠯᠡᠭᠦᠯᠦᠨ᠂ ᠤᠯᠤᠰ ᠲᠦᠷᠦ ᠶᠢᠨ ᠡᠷᠬᠡ ᠪᠠᠨ ᠬᠠᠤᠯᠢ ᠶᠣᠰᠣᠭᠠᠷ ᠬᠡᠷᠡᠭᠵᠢᠭᠦᠯᠵᠦ᠂ ᠠᠷᠠᠳᠴᠢᠯᠠᠯ ᠢᠶᠠᠷ | ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠢᠳᠡᠪᠬᠢᠲᠡᠢ ᠣᠷᠣᠯᠴᠠᠭᠤᠯᠤᠨ᠎ᠠ᠃ ᠨᠠᠮ ᠤᠨ ᠰᠤᠷᠭᠠᠭᠤᠯᠢ ᠳᠤ ᠡᠮᠡᠭᠲᠡᠢ | ᠤᠳᠤᠷᠢᠳᠬᠤ ᠺᠠᠳ᠋ᠷᠴᠤᠳ ᠤᠨ ᠤᠯᠤᠰ ᠲᠦᠷᠦ ᠶᠢᠨ ᠬᠡᠪ ᠴᠢᠨᠠᠷ ᠪᠠ ᠤᠳᠤᠷᠢᠳᠬᠤ ᠴᠢᠳᠠᠪᠤᠷᠢ ᠶᠢᠨ | ᠪᠣᠯᠪᠠᠰᠤᠷᠠᠭᠤᠯᠤᠯ ᠢ ᠥᠷᠨᠢᠭᠦᠯᠦᠨ᠎ᠡ᠃ ᠵᠠᠯᠠᠭᠤ ᠡᠮᠡᠭᠲᠡᠶᠢᠴᠦᠳ ᠤᠨ ᠤᠯᠤᠰ ᠲᠥᠷᠥ ᠶᠢᠨ ᠬᠡᠪ ᠪᠣᠯᠪᠠᠰᠤᠷᠠᠯ ᠵᠢᠴᠢ | ᠰᠢᠢᠳᠪᠦᠷᠢᠲᠦ ᠪᠣᠳᠣᠯᠭ᠎ᠠ ᠪᠠ ᠬᠠᠮᠢᠶᠠᠷᠤᠯᠲᠠ ᠳᠤ ᠣᠷᠤᠯᠴᠠᠬᠤ ᠤᠬᠠᠮᠰᠠᠷ ᠢ ᠬᠥᠮᠥᠵᠢᠭᠦᠯᠦᠨ᠎ᠡ᠃ ᠦᠨᠳᠦᠰᠦᠨ | ᠱᠠᠲᠤᠨ ᠤ ᠡᠮᠡᠭᠲᠡᠶᠢᠴᠦᠳ ᠤᠨ ᠭᠤᠣᠯᠯᠠᠭᠴᠢ ᠬᠦᠴᠦᠨ ᠤ ᠪᠣᠯᠪᠠᠰᠤᠷᠠᠭᠤᠯᠤᠯ ᠤᠨ ᠡᠷᠴᠢᠮ ᠢ ᠴᠢᠩᠭᠠᠷᠠᠭᠤᠯᠵᠤ᠂ | ᠡᠮᠡᠭᠲᠡᠶᠢᠴᠦᠳ ᠤᠨ ᠲᠣᠰᠬᠤᠨ ︵ᠰᠠᠭᠤᠭᠠᠯᠢ︶ ᠤ ᠠᠷᠠᠳ ᠤᠨ ᠬᠡᠷᠡᠭ ᠵᠥᠪᠯᠡᠬᠦ ᠵᠥᠪᠯᠡᠯ᠂ ᠬᠡᠷᠡᠭ ᠡᠷᠬᠢᠯᠡᠭᠴᠢᠳ ᠤᠨ | ᠵᠥᠪᠯᠡᠯ ᠵᠡᠷᠭᠡ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠳᠤ ᠢᠳᠡᠪᠬᠢᠲᠡᠢ ᠣᠷᠤᠯᠴᠠᠬᠤ ᠶᠢ ᠵᠣᠷᠢᠭᠵᠢᠭᠤᠯᠤᠨ᠂ | ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠡᠮᠡᠭᠲᠡᠶᠢᠴᠦᠳ ᠤᠨ ᠬᠡᠷᠡᠭ ᠡᠷᠬᠢᠯᠡᠬᠦ ᠵᠥᠪᠯᠡᠯ ᠤᠨ ᠪᠦᠬᠦᠨ ᠢ | ᠬᠠᠮᠤᠷᠬᠤ ᠶᠢ ᠪᠡᠶᠡᠯᠡᠭᠦᠯᠬᠦ ᠶᠢᠨ ᠬᠠᠮᠲᠤ ᠪᠦᠲᠦᠮᠵᠢᠲᠡᠶ ᠠᠵᠢᠯᠯᠠᠬᠤ ᠶᠢ ᠠᠬᠢᠭᠤᠯᠤᠨ᠎ᠠ᠃ | 3᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠮᠡᠭᠲᠡᠢ ᠨᠠᠮ ᠤᠨ ᠭᠡᠰᠢᠭᠦᠨ ᠡᠯᠰᠡᠬᠦ ᠶᠢ ᠴᠢᠬᠤᠯᠠᠴᠢᠯᠠᠨ᠎ᠠ᠃ | ᠡᠮᠡᠭᠲᠡᠶᠢᠴᠦᠳ ᠲᠤ ᠬᠠᠨᠳᠤᠭᠤᠯᠤᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠭᠦᠨᠵᠡᠭᠡᠢ ᠥᠷᠨᠢᠭᠦᠯᠵᠦ᠂ | ᠨᠠᠮ ᠤᠨ ᠤᠯᠤᠰ ᠲᠦᠷᠦ ᠶᠢᠨ ᠵᠣᠷᠢᠯᠲᠠ ᠶᠢ ᠤᠬᠠᠭᠤᠯᠤᠨ᠂ ᠨᠠᠮ ᠤᠨ ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠵᠦ᠂ | ᠨᠠᠮ ᠤᠨ ᠲᠤᠬᠠᠢ ᠬᠠᠶᠢᠷ᠎ᠠ ᠰᠡᠳᠬᠢᠯᠭᠡ ᠶᠢ ᠬᠥᠮᠥᠵᠢᠭᠦᠯᠦᠨ᠂ ᠡᠮᠡᠭᠲᠡᠶᠢᠴᠦᠳ ᠤᠨ ᠨᠠᠮ ᠳᠤ ᠣᠷᠣᠬᠤ ᠪᠠᠷ ᠢᠳᠡᠪᠬᠢᠲᠡᠢ | ᠱᠠᠭᠠᠷᠳᠠᠬᠤ ᠤᠯᠤᠰ ᠲᠦᠷᠦ ᠶᠢᠨ ᠬᠦᠰᠡᠯ ᠡᠷᠡᠮᠡᠯᠵᠡᠯ ᠢ ᠬᠥᠭᠵᠢᠭᠡᠵᠦ᠂ ᠨᠠᠮ ᠤᠨ ᠡᠮᠡᠭᠲᠡᠢ ᠤᠯᠠᠨ ᠲᠦᠮᠡᠨ ᠤ | ᠰᠠᠭᠤᠷᠢ ᠶᠢ ᠤᠯᠠᠮ ᠨᠢᠭᠡ ᠠᠯᠬᠤᠮ ᠪᠠᠲᠤᠳᠬᠠᠨ᠎ᠠ᠃ ᠨᠠᠮ ᠳᠤ ᠣᠷᠣᠭᠰᠠᠨ ᠡᠮᠡᠭᠲᠡᠶᠢᠴᠦᠳ ᠤᠨ ᠢᠳᠡᠪᠬᠢᠲᠡᠨ ᠢ | ᠬᠥᠮᠥᠵᠢᠭᠦᠯᠬᠦ ᠶᠢ ᠴᠢᠩᠭᠠᠳᠬᠠᠨ᠎ᠠ᠃ ᠡᠯ᠎ᠡ ᠠᠵᠢᠯ ᠲᠦᠷᠦᠯ ᠤᠨ ᠵᠠᠯᠠᠭᠤ ᠡᠮᠡᠭᠲᠡᠶᠢᠴᠦᠳ ᠤᠨ ᠳᠣᠲᠣᠷ᠎ᠠ ᠠᠴᠠ | ᠨᠠᠮ ᠤᠨ ᠭᠡᠰᠢᠭᠦᠨ ᠡᠯᠰᠡᠬᠦ ᠶᠢ ᠴᠢᠬᠤᠯᠠᠴᠢᠯᠠᠨ᠎ᠠ᠃ ᠨᠠᠮ ᠤᠨ ᠲᠥᠯᠥᠭᠡᠯᠡᠭᠴᠢ ᠶᠢᠨ ᠵᠢᠱᠢᠭᠳᠡᠭᠰᠡᠳ ᠢ ᠶᠠᠷᠢᠯᠴᠠᠬᠤ | ᠶᠠᠪᠤᠴᠠ ᠳᠤ᠂ ᠤᠯᠤᠰ ᠲᠥᠷᠥ ᠶᠢᠨ ᠲᠠᠯ᠎ᠠ ᠪᠠᠷ ᠪᠠᠲᠤ ᠴᠢᠩᠭ᠎ᠠ᠂ ᠣᠪᠣᠷ ᠰᠤᠷᠲᠠᠯ ᠰᠢᠯᠢᠳᠡᠭ ᠰᠠᠶᠢᠨ᠂ ᠵᠣᠷᠢᠭᠲᠠᠢ ᠪᠠᠷ | ᠬᠠᠷᠢᠭᠤᠴᠠᠯᠭ᠎ᠠ ᠡᠭᠦᠷᠭᠡᠯᠡᠳᠡᠭ᠂ ᠪᠣᠳᠠᠲᠤ ᠪᠦᠲᠦᠮᠵᠢ ᠪᠠᠷ ᠲᠣᠪᠣᠶᠢᠮ᠎ᠠ ᠰᠢᠯᠢᠳᠡᠭ ᠡᠮᠡᠭᠲᠡᠶᠢᠴᠦᠳ ᠢ ᠭᠦᠢᠴᠡᠳ | ᠠᠩᠬᠠᠷᠴᠤ᠂ ᠨᠠᠮ ᠤᠨ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠡᠮᠡᠭᠲᠡᠢ ᠨᠠᠮ ᠤᠨ ᠭᠡᠰᠢᠭᠦᠨ | ᠲᠥᠯᠥᠭᠡᠯᠡᠭᠴᠢ ᠶᠢᠨ ᠵᠦᠢ ᠵᠣᠬᠢᠰᠲᠠᠢ ᠬᠠᠷᠢᠴᠠᠯ ᠢ ᠪᠠᠲᠤᠯᠠᠬᠤ ᠶᠢ ᠦᠨᠡᠨᠬᠦ ᠪᠠᠲᠤᠯᠠᠨ᠎ᠠ᠃ | 4᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠮᠡᠭᠲᠡᠢ ᠲᠥᠯᠥᠭᠡᠯᠡᠭᠴᠢ᠂ ᠤᠯᠤᠰ ᠲᠥᠷᠥ ᠶᠢᠨ | ᠵᠥᠪᠯᠡᠯᠭᠡᠨ ᠤ ᠡᠮᠡᠭᠲᠡᠢ ᠭᠡᠰᠢᠭᠦᠨ ᠤ ᠬᠠᠷᠢᠴᠠᠯ ᠢ ᠳᠡᠭᠡᠭᠰᠢᠯᠡᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠶᠢ ᠰᠣᠩᠭᠤᠬᠤ ᠳᠦᠷᠢᠮ ᠪᠠ ᠵᠢᠷᠤᠮ ᠢ ᠨᠠᠶᠢᠳᠠᠪᠤᠷᠢᠵᠢᠭᠤᠯᠵᠤ᠂ ᠰᠣᠩᠭᠤᠭᠤᠯᠢ ᠶᠢᠨ | ᠲᠣᠭᠤᠷᠢᠭ ᠢ ᠬᠤᠪᠢᠶᠠᠷᠢᠯᠠᠬᠤ᠂ ᠲᠥᠯᠥᠭᠡᠯᠡᠭᠴᠢ ᠶᠢᠨ ᠲᠤᠭ᠎ᠠ ᠶᠢ ᠬᠤᠪᠢᠶᠠᠷᠢᠯᠠᠬᠤ᠂ ᠵᠢᠱᠢᠭᠳᠡᠭᠰᠡᠳ ᠢ ᠲᠠᠨᠢᠯᠴᠠᠭᠤᠯᠬᠤ᠂ | ᠰᠣᠩᠭᠤᠬᠤ ᠵᠡᠷᠭᠡ ᠵᠠᠩᠭᠢᠯᠠᠭ᠎ᠠ ᠳᠤ ᠡᠮᠡᠭᠲᠡᠶᠢᠴᠦᠳ ᠤᠨ ᠠᠳᠠᠯᠢ ᠲᠡᠭᠰᠢ ᠡᠷᠬᠡ ᠪᠠ ᠲᠣᠬᠢᠶᠠᠯ ᠡᠳ᠋ᠯᠡᠬᠦ ᠶᠢ ᠪᠠᠲᠤᠯᠠᠨ᠎ᠠ᠃ | ᠦᠨᠳᠦᠰᠦᠨ ᠱᠠᠲᠤ᠂ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠠᠴᠠ ᠡᠮᠡᠭᠲᠡᠶᠢᠴᠦᠳ ᠤᠨ ᠶᠡᠭᠡ ᠬᠤᠷᠠᠯ ᠤᠨ | ᠲᠥᠯᠥᠭᠡᠯᠡᠭᠴᠢ ᠪᠠᠷ ᠵᠢᠱᠢᠭᠳᠡᠭᠰᠡᠳ ᠢ ᠲᠠᠨᠢᠯᠴᠠᠭᠤᠯᠬᠤ ᠶᠢ ᠴᠢᠬᠤᠯᠠᠴᠢᠯᠠᠵᠤ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ ᠪᠠᠷ ᠵᠢᠱᠢᠭᠳᠡᠭᠰᠡᠳ ᠤᠨ ᠳᠣᠲᠣᠷ᠎ᠠ ᠵᠣᠬᠢᠬᠤ ᠲᠣᠭᠠᠨ ᠤ ᠡᠮᠡᠭᠲᠡᠢ ᠲᠥᠯᠥᠭᠡᠯᠡᠭᠴᠢ | ᠪᠠᠶᠢᠯᠭᠠᠨ᠎ᠠ᠃ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠭᠤᠯᠭ᠎ᠠ ᠶᠢᠨ ᠨᠡᠷᠡᠰ ᠢ ᠨᠡᠷ᠎ᠡ ᠳᠤᠷᠠᠳᠴᠤ | ᠲᠠᠨᠢᠯᠴᠠᠭᠤᠯᠬᠤ᠂ ᠵᠥᠪᠳᠡᠯᠴᠡᠨ ᠲᠣᠭᠲᠠᠭᠠᠬᠤ ᠦᠶ᠎ᠡ ᠳᠤ᠂ ᠵᠣᠬᠢᠬᠤ ᠬᠠᠷᠢᠴᠠᠯ ᠢᠶᠠᠷ ᠨᠡᠷ᠎ᠡ ᠳᠤᠷᠠᠳᠤᠭᠰᠠᠨ | ᠡᠮᠡᠭᠲᠡᠶᠢᠴᠦᠳ ᠢ ᠪᠠᠲᠤᠯᠠᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠮᠡᠭᠲᠡᠢ ᠲᠥᠯᠥᠭᠡᠯᠡᠭᠴᠢ᠂ | ᠤᠯᠤᠰ ᠲᠦᠷᠦ ᠶᠢᠨ ᠵᠥᠪᠯᠡᠯᠭᠡᠨ ᠤ ᠡᠮᠡᠭᠲᠡᠢ ᠭᠡᠰᠢᠭᠦᠳ ᠤᠨ ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ ᠲᠦᠷᠦ | ᠪᠠ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠦᠢᠯᠡᠰ ᠢ ᠬᠥᠭᠵᠢᠭᠦᠯᠬᠦ ᠳᠤᠮᠳᠠᠬᠢ ᠢᠳᠡᠪᠬᠢᠲᠡᠢ ᠦᠢᠯᠡᠳᠦᠯ ᠢ | ᠭᠦᠢᠴᠡᠳ ᠪᠠᠳᠠᠷᠠᠭᠤᠯᠤᠨ᠎ᠠ᠃ | 5᠂ ᠡᠮᠡᠭᠲᠡᠢ ᠺᠠᠳ᠋ᠷ ᠢ ᠬᠥᠮᠥᠵᠢᠭᠦᠯᠵᠦ ᠰᠣᠩᠭᠤᠨ ᠳᠡᠪᠰᠢᠭᠦᠯᠬᠦ ᠠᠵᠢᠯ ᠤᠨ ᠡᠷᠴᠢᠮ ᠢ ᠴᠢᠩᠭᠠᠷᠠᠭᠤᠯᠤᠨ᠎ᠠ᠃ | ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠳᠠᠬᠢ ᠡᠮᠡᠭᠲᠡᠢ ᠺᠠᠳ᠋ᠷ ᠢ ᠬᠥᠮᠥᠵᠢᠭᠦᠯᠵᠦ ᠰᠢᠯᠢᠨ | ᠳᠡᠪᠰᠢᠭᠦᠯᠬᠦ ᠪᠠ ᠲᠣᠬᠢᠷᠠᠭᠤᠯᠬᠤ ᠲᠤᠬᠠᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠦᠨᠡᠨᠴᠢ ᠰᠢᠳᠤᠷᠭᠤ ᠴᠡᠪᠡᠷ | ᠴᠢᠬᠡᠴᠢ ᠬᠠᠷᠢᠭᠤᠴᠠᠯᠭ᠎ᠠ ᠲᠠᠢ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠡᠮᠡᠭᠲᠡᠢ ᠺᠠᠳ᠋ᠷ ᠢ ᠬᠥᠮᠥᠵᠢᠭᠦᠯᠵᠦ᠂ | ᠡᠮᠡᠭᠲᠡᠢ ᠺᠠᠳ᠋ᠷ ᠤᠨ ᠰᠤᠷᠤᠯᠴᠠᠬᠤ ᠴᠢᠳᠠᠪᠤᠷᠢ᠂ ᠤᠯᠤᠰ ᠲᠥᠷᠥ ᠶᠢᠨ ᠤᠳᠤᠷᠢᠳᠬᠤ ᠴᠢᠳᠠᠪᠤᠷᠢ᠂ ᠥᠭᠡᠷᠡᠴᠢᠯᠡᠯᠲᠡ | ᠬᠢᠵᠦ ᠰᠢᠨ᠎ᠡ ᠶᠢ ᠡᠭᠦᠳᠬᠦ ᠴᠢᠳᠠᠪᠤᠷᠢ᠂ ᠰᠢᠨᠵᠢᠯᠡᠬᠦ ᠤᠬᠠᠭᠠᠨᠴᠢ ᠪᠠᠷ ᠬᠥᠭᠵᠢᠭᠦᠯᠬᠦ ᠴᠢᠳᠠᠪᠤᠷᠢ᠂ ᠬᠠᠤᠯᠢ ᠶᠣᠰᠣᠭᠠᠷ | ᠲᠥᠷᠥ ᠪᠠᠷᠢᠬᠤ ᠴᠢᠳᠠᠪᠤᠷᠢ᠂ ᠣᠯᠠᠨ ᠲᠦᠮᠡᠨ ᠤ ᠠᠵᠢᠯ ᠤᠨ ᠴᠢᠳᠠᠪᠤᠷᠢ᠂ ᠨᠠᠶᠢᠳᠠᠪᠤᠷᠢᠵᠢᠭᠤᠯᠤᠯᠲᠠ ᠶᠢ ᠬᠦᠴᠦᠲᠡᠢ | ᠠᠳᠬᠤᠬᠤ ᠴᠢᠳᠠᠪᠤᠷᠢ᠂ ᠠᠶᠤᠯ ᠲᠦᠭᠰᠢᠭᠦᠷᠢ ᠶᠢ ᠡᠵᠡᠮᠳᠡᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢ | ᠠᠬᠢᠭᠤᠯᠤᠨ᠎ᠠ᠃ ᠡᠮᠡᠭᠲᠡᠢ ᠺᠠᠳ᠋ᠷ ᠤᠨ ᠦᠰᠦᠨ ᠪᠣᠶᠢᠵᠢᠬᠤ ᠠᠷᠭ᠎ᠠ ᠵᠠᠮ ᠢ ᠰᠢᠯᠢᠳᠡᠭᠵᠢᠭᠦᠯᠵᠦ᠂ ᠡᠳᠦᠷ ᠲᠤᠲᠤᠮ ᠤᠨ | ᠬᠥᠮᠦᠵᠢᠯ ᠪᠠ ᠪᠠᠶᠢᠯᠳᠤᠬᠤ ᠪᠣᠳᠣᠯᠭ᠎ᠠ ᠶᠢᠨ ᠬᠥᠮᠦᠵᠢᠯ ᠢ ᠴᠢᠬᠤᠯᠠᠴᠢᠯᠠᠨ᠂ ᠡᠮᠡᠭᠲᠡᠢ ᠺᠠᠳ᠋ᠷ ᠤᠨ ᠬᠥᠮᠦᠵᠢᠯ | ᠪᠣᠯᠪᠠᠰᠤᠷᠠᠭᠤᠯᠤᠯ ᠳᠤ ᠣᠷᠤᠯᠴᠠᠬᠤ᠂ ᠰᠣᠯᠢᠯᠴᠠᠨ ᠲᠤᠰᠢᠶᠠᠯ ᠬᠠᠷᠢᠭᠤᠴᠠᠬᠤ᠂ ᠲᠤᠰᠢᠶᠠᠯ ᠡᠭᠦᠷᠭᠡᠯᠡᠨ | ᠪᠣᠯᠪᠠᠰᠤᠷᠠᠭᠤᠯᠬᠤ ᠳᠤ ᠨᠥᠬᠦᠴᠡᠯ ᠪᠠ ᠲᠣᠬᠢᠶᠠᠯ ᠡᠭᠦᠳᠴᠦ ᠥᠭᠭᠦᠨ᠎ᠡ᠃ ᠦᠨᠳᠦᠰᠦᠨ ᠱᠠᠲᠤ᠂ ᠦᠢᠯᠡᠳᠪᠦᠷᠢᠯᠡᠯ ᠤᠨ | ᠨᠢᠭᠡᠳᠦᠭᠡᠷ ᠹᠷᠣᠨᠲ ᠠᠴᠠ ᠡᠮᠡᠭᠲᠡᠢ ᠺᠠᠳ᠋ᠷ ᠢ ᠬᠥᠮᠥᠵᠢᠭᠦᠯᠵᠦ ᠰᠣᠩᠭᠤᠨ ᠳᠡᠪᠰᠢᠭᠦᠯᠬᠦ ᠶᠢ ᠴᠢᠬᠤᠯᠠᠴᠢᠯᠠᠵᠤ᠂ ᠡᠮᠡᠭᠲᠡᠢ | ᠺᠠᠳ᠋ᠷ ᠢ ᠴᠢᠬᠤᠯᠠ ᠰᠠᠯᠠᠭ᠎ᠠ ᠮᠥᠴᠢᠷ᠂ ᠵᠠᠩᠭᠢᠯᠠᠭ᠎ᠠ ᠶᠢᠨ ᠠᠵᠢᠯ ᠤᠨ ᠪᠠᠶᠢᠷᠢᠨ ᠳᠤ ᠰᠣᠩᠭᠤᠨ ᠳᠡᠪᠰᠢᠭᠦᠯᠵᠦ | ᠤᠳᠤᠷᠢᠳᠬᠤ ᠲᠤᠰᠢᠶᠠᠯ ᠡᠭᠦᠷᠭᠡᠯᠡᠭᠦᠯᠬᠦ ᠶᠢ ᠴᠢᠬᠤᠯᠠᠴᠢᠯᠠᠨ᠎ᠠ᠃ ᠰᠢᠯᠢᠳᠡᠭ ᠵᠠᠯᠠᠭᠤ ᠡᠮᠡᠭᠲᠡᠢ ᠺᠠᠳ᠋ᠷᠴᠤᠳ ᠢ | ᠬᠥᠮᠥᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠵᠠᠯᠠᠭᠤ ᠡᠮᠡᠭᠲᠡᠢ ᠺᠠᠳ᠋ᠷᠴᠤᠳ ᠤᠨ ᠤᠯᠤᠰ ᠲᠦᠷᠦ ᠶᠢᠨ ᠴᠢᠳᠠᠪᠤᠷᠢ᠂ | ᠪᠠᠶᠢᠴᠠᠭᠠᠨ ᠰᠤᠳᠤᠯᠬᠤ ᠴᠢᠳᠠᠪᠤᠷᠢ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠴᠢᠳᠠᠪᠤᠷᠢ᠂ | ᠥᠭᠡᠷᠡᠴᠢᠯᠡᠯᠲᠡ ᠶᠢᠨ ᠪᠡᠷᠬᠡ ᠰᠡᠳᠦᠪ ᠢ ᠰᠢᠢᠳᠪᠦᠷᠢᠯᠡᠬᠦ ᠴᠢᠳᠠᠪᠤᠷᠢ᠂ ᠪᠠᠴᠢᠮ ᠪᠠᠶᠢᠳᠠᠯ ᠢ ᠠᠷᠭᠠᠴᠠᠵᠤ ᠭᠡᠨᠡᠳᠲᠡ ᠶᠢᠨ | ᠬᠡᠷᠡᠭ ᠢ ᠰᠢᠢᠳᠪᠦᠷᠢᠯᠡᠬᠦ ᠴᠢᠳᠠᠪᠤᠷᠢ᠂ ᠤᠯᠠᠨ ᠲᠦᠮᠡᠨ ᠤ ᠠᠵᠢᠯ ᠤᠨ ᠴᠢᠳᠠᠪᠤᠷᠢ᠂ ᠨᠠᠶᠢᠳᠠᠪᠤᠷᠢᠵᠢᠭᠤᠯᠤᠯᠲᠠ ᠶᠢ | ᠠᠳᠬᠤᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠯᠢᠳᠡᠭ ᠵᠠᠯᠠᠭᠤ ᠺᠠᠳ᠋ᠷᠴᠤᠳ ᠤᠨ ᠡᠩᠨᠡᠭᠡᠨ ᠳᠠᠬᠢ ᠡᠮᠡᠭᠲᠡᠢ | ᠺᠠᠳ᠋ᠷᠴᠤᠳ ᠤᠨ ᠵᠦᠢ ᠵᠣᠬᠢᠰᠲᠠᠢ ᠬᠠᠷᠢᠴᠠᠯ ᠢ ᠪᠠᠲᠤᠯᠠᠬᠤ ᠶᠢ ᠴᠢᠬᠤᠯᠠᠴᠢᠯᠠᠨ᠎ᠠ᠃ ᠡᠮᠡᠭᠲᠡᠢ ᠺᠠᠳ᠋ᠷ ᠢ ᠰᠢᠯᠢᠨ | ᠰᠣᠩᠭᠤᠵᠤ ᠲᠣᠬᠢᠷᠠᠭᠤᠯᠬᠤ ᠬᠠᠷᠠᠯᠲᠠ ᠡᠭᠦᠷᠭᠡ ᠶᠢ ᠨᠠᠶᠢᠳᠠᠪᠤᠷᠢᠵᠢᠭᠤᠯᠵᠤ᠂ ᠶᠠᠰᠤ ᠴᠢᠨᠠᠷ ᠢ ᠪᠠᠲᠤᠯᠠᠭᠰᠠᠨ ᠤᠷᠢᠲᠠᠯ | ᠳᠣᠣᠷ᠎ᠠ ᠲᠣᠬᠢᠷᠠᠭᠤᠯᠬᠤ ᠶᠣᠰᠣᠲᠠᠢ ᠶᠢ ᠨᠢ ᠪᠦᠬᠦᠨ ᠢ ᠲᠣᠬᠢᠷᠠᠭᠤᠯᠬᠤ ᠶᠢ ᠪᠡᠶᠡᠯᠡᠭᠦᠯᠦᠨ᠎ᠡ᠃ ᠡᠮᠡᠭᠲᠡᠶᠢᠴᠦᠳ ᠤᠨ | ᠺᠠᠳ᠋ᠷ ᠢ ᠡᠯᠰᠡᠨ ᠬᠡᠷᠡᠭᠯᠡᠬᠦ᠂ ᠰᠢᠯᠢᠨ ᠳᠡᠪᠰᠢᠭᠦᠯᠬᠦ᠂ ᠲᠤᠰᠢᠶᠠᠯ ᠳᠤ ᠲᠤᠮᠢᠯᠠᠵᠦ ︵ᠤᠷᠢᠬᠤ︶ ᠬᠡᠷᠡᠭᠯᠡᠬᠦ᠂ ᠵᠡᠷᠭᠡ ᠳᠡᠪᠰᠢᠬᠦ᠂ | ᠨᠠᠰᠤᠨ ᠤ ᠠᠮᠠᠷᠠᠯᠲᠠ ᠠᠪᠬᠤ ᠵᠡᠷᠭᠡ ᠡᠯ᠎ᠡ ᠭᠤᠭᠴᠤᠭᠠᠳᠤ ᠬᠦᠢᠰᠦ ᠶᠢᠨ ᠢᠯᠭᠠᠯ ᠠᠴᠠ ᠪᠣᠯᠵᠤ | ᠭᠠᠳᠠᠭᠤᠷᠴᠢᠯᠠᠭᠳᠠᠬᠤ ᠦᠭᠡᠢ ᠪᠠᠶᠢᠬᠤ ᠶᠢ ᠪᠠᠲᠤᠯᠠᠨ᠎ᠠ᠃ | 6᠂ ᠡᠮᠡᠭᠲᠡᠶᠢᠴᠦᠳ ᠤᠨ ᠬᠤᠲᠠ ᠬᠥᠳᠡᠭᠡ ᠶᠢᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠡᠮᠬᠢ | ᠵᠢᠷᠤᠮ ᠲᠠᠢ ᠪᠠᠷ ︽ᠢᠯᠡ ᠪᠠᠶᠢᠯᠭᠠᠬᠤ᠂ ᠡᠷᠬᠡ ᠲᠡᠭᠰᠢ ᠪᠠᠶᠢᠯᠭᠠᠬᠤ᠂ ᠥᠷᠢᠰᠦᠯᠳᠦᠭᠦᠯᠬᠦ᠂ ᠰᠢᠯᠢᠳᠡᠭ ᠢ ᠨᠢ ᠰᠣᠩᠭᠤᠬᠤ︾ | ᠵᠠᠷᠴᠢᠮ ᠢ ᠪᠠᠷᠢᠮᠲᠠᠯᠠᠨ᠂ ᠡᠮᠡᠭᠲᠡᠶᠢᠴᠦᠳ ᠤᠨ ᠬᠤᠳᠠ ᠬᠥᠳᠡᠭᠡ ᠶᠢᠨ ᠦᠨᠳᠦᠰᠦᠨ ᠱᠠᠲᠤᠨ ᠤ ᠨᠡᠶᠢᠭᠡᠮ ᠤᠨ | ᠵᠠᠰᠠᠯᠲᠠ ᠳᠤ ᠣᠷᠤᠯᠴᠠᠬᠤ ᠳᠤ ᠲᠠᠪᠴᠠᠩ ᠪᠠ ᠲᠣᠬᠢᠶᠠᠯ ᠬᠠᠩᠭᠠᠨ᠎ᠠ᠃ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ | ᠶᠣᠰᠣ ᠮᠣᠷᠠᠯ ᠢᠶᠠᠷ ᠵᠠᠰᠠᠬᠤ ᠳᠤᠮᠳᠠᠬᠢ ᠡᠮᠡᠭᠲᠡᠶᠢᠴᠦᠳ ᠤᠨ ᠣᠷᠤᠯᠴᠠᠬᠤ ᠴᠢᠳᠠᠪᠤᠷᠢ ᠶᠢ ᠳᠡᠭᠡᠭᠰᠢᠯᠡᠭᠦᠯᠵᠦ᠂ ᠬᠤᠳᠠ | ᠬᠥᠳᠡᠭᠡ ᠶᠢᠨ ᠦᠨᠳᠦᠰᠦᠨ ᠱᠠᠲᠤᠨ ᠤ ᠵᠠᠰᠠᠯᠲᠠ ᠳᠠᠬᠢ ᠡᠮᠡᠭᠲᠡᠶᠢᠴᠦᠳ ᠤᠨ ᠢᠳᠡᠪᠬᠢ ᠦᠢᠯᠡᠳᠦᠯ ᠢ ᠭᠦᠢᠴᠡᠳ | ᠪᠠᠳᠠᠷᠠᠭᠤᠯᠤᠨ᠎ᠠ᠃ ᠪᠠᠶᠠᠵᠢᠯ ᠤᠨ ᠡᠮᠡᠭᠲᠡᠢ ᠴᠢᠳᠠᠪᠤᠷᠢᠲᠠᠨ᠂ ᠬᠤᠳᠠᠯᠳᠤᠭ᠎ᠠ ᠡᠵᠡᠩᠨᠡᠵᠦ ᠬᠥᠯᠥᠰᠦᠨ ᠠᠵᠢᠯ ᠬᠢᠵᠦ | ᠪᠠᠶᠢᠭ᠎ᠠ ᠡᠮᠡᠭᠲᠡᠢ᠂ ᠬᠥᠳᠡᠭᠡ ᠲᠣᠰᠬᠤᠨ ᠤ ᠡᠮᠡᠭᠲᠡᠢ ᠪᠠᠭᠰᠢ᠂ ᠡᠮᠡᠭᠲᠡᠢ ᠡᠮᠴᠢ᠂ ᠡᠮᠡᠭᠲᠡᠢ ᠨᠡᠶᠢᠭᠡᠮ ᠤᠨ ᠠᠵᠢᠯᠲᠠᠨ᠂ | ᠡᠮᠡᠭᠲᠡᠢ ᠣᠶᠤᠲᠠᠨ ᠭᠠᠴᠠᠭᠠᠨ ᠳᠠᠷᠤᠭ᠎ᠠ᠂ ᠠᠵᠢᠯ ᠠᠴᠠ ᠪᠠᠨ ᠠᠮᠠᠷᠠᠭᠰᠠᠨ ᠡᠮᠡᠭᠲᠡᠢ ᠺᠠᠳ᠋ᠷ ᠠᠵᠢᠯᠲᠠᠨ ᠠᠵᠢᠯᠴᠢᠨ | ᠵᠡᠷᠭᠡ ᠬᠠᠮᠲᠤᠯᠢᠭ ᠤᠨ ᠳᠣᠲᠣᠷ᠎ᠠ ᠠᠴᠠ ᠲᠣᠰᠬᠤᠨ ︵ᠨᠡᠶᠢᠭᠡᠮ ᠲᠣᠭᠤᠷᠢᠭ︶ ᠤ ᠺᠠᠳ᠋ᠷ ᠢ ᠬᠥᠮᠥᠵᠢᠭᠦᠯᠵᠦ ᠰᠣᠩᠭᠤᠨ | ᠳᠡᠪᠰᠢᠭᠦᠯᠬᠦ ᠶᠢ ᠴᠢᠬᠤᠯᠠᠴᠢᠯᠠᠨ᠎ᠠ᠃ ᠲᠣᠰᠬᠤᠨ ︵ᠨᠡᠶᠢᠭᠡᠮ ᠲᠣᠭᠤᠷᠢᠭ︶ ᠤ ︽ᠬᠤᠶᠠᠷ ᠵᠥᠪᠯᠡᠯ︾ ᠤᠨ ᠬᠤᠭᠤᠴᠠᠭ᠎ᠠ | ᠰᠣᠯᠢᠬᠤ ᠠᠵᠢᠯ ᠤᠨ ᠳᠤᠮᠳᠠ᠂ ᠲᠣᠰᠬᠤᠨ ︵ᠰᠠᠭᠤᠭᠠᠯᠢ ᠠᠷᠠᠳ︶ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠡᠮᠡᠭᠲᠡᠢ | ᠱᠦᠵᠢ ᠶᠢ ᠬᠥᠮᠥᠵᠢᠭᠦᠯᠵᠦ ᠰᠢᠯᠢᠨ ᠰᠣᠩᠭᠤᠬᠤ ᠡᠷᠴᠢᠮ ᠢ ᠴᠢᠩᠭᠠᠷᠠᠭᠤᠯᠤᠨ᠎ᠠ᠃ ᠡᠮᠡᠭᠲᠡᠢ ᠵᠢᠱᠢᠭᠳᠡᠭᠰᠡᠳ ᠢ ᠨᠡᠷ᠎ᠡ | ᠳᠤᠷᠠᠳᠴᠤ ᠲᠣᠭᠲᠠᠭᠠᠬᠤ᠂ ᠡᠮᠡᠭᠲᠡᠢ ᠭᠡᠰᠢᠭᠦᠨ ᠤ ᠲᠤᠰᠬᠠᠢ ᠲᠤᠰᠢᠶᠠᠯ ᠤᠨ ᠲᠤᠰᠬᠠᠢ ᠰᠣᠩᠭᠤᠭᠤᠯᠢ ᠶᠢ ᠲᠣᠭᠲᠠᠭᠠᠬᠤ᠂ | ᠡᠮᠡᠭᠲᠡᠢ ᠪᠦᠷᠢᠯᠳᠦᠭᠦᠨ ᠤ ᠣᠷᠣ ᠰᠤᠯᠠ ᠭᠠᠷᠤᠭᠰᠠᠨ ᠢ ᠨᠡᠮᠡᠵᠦ ᠨᠥᠬᠦᠪᠦᠷᠢᠯᠡᠬᠦ ᠵᠡᠷᠭᠡ ᠠᠷᠭ᠎ᠠ ᠬᠡᠮᠵᠢᠶ᠎ᠡ ᠪᠠᠷ | ᠳᠠᠮᠵᠢᠭᠤᠯᠤᠨ᠂ ᠲᠣᠰᠬᠤᠨ ︵ᠰᠠᠭᠤᠭᠠᠯᠢ ᠠᠷᠠᠳ︶ ᠤ ᠵᠥᠪᠯᠡᠯ ᠤᠨ ᠪᠦᠷᠢᠯᠳᠦᠭᠦᠨ᠂ ᠲᠣᠰᠬᠤᠨ ︵ᠰᠠᠭᠤᠭᠠᠯᠢ ᠠᠷᠠᠳ︶ | ᠤ ᠵᠥᠪᠯᠡᠯ ᠤᠨ ᠡᠷᠬᠢᠯᠡᠭᠴᠢ ᠶᠢᠨ ᠳᠣᠲᠣᠷᠠᠬᠢ ᠡᠮᠡᠭᠲᠡᠶᠢᠴᠦᠳ ᠤᠨ ᠬᠠᠷᠢᠴᠠᠯ ᠢ ᠳᠡᠭᠡᠭᠰᠢᠯᠡᠭᠦᠯᠦᠨ᠎ᠡ᠃ | ᠡᠮᠡᠭᠲᠡᠶᠢᠴᠦᠳ ᠤᠨ ᠵᠥᠪᠯᠡᠯ ᠳᠤ ᠲᠦᠰᠢᠭᠯᠡᠨ᠂ ᠡᠮᠡᠭᠲᠡᠶᠢᠴᠦᠳ ᠢ ᠵᠣᠬᠢᠶᠠᠨ ᠪᠠᠶᠢᠭᠤᠯᠤᠨ ᠲᠤᠰᠬᠤᠨ ᠤ ᠲᠣᠭᠲᠠᠭᠠᠯ | ᠠᠷᠠᠳ ᠤᠨ ᠭᠡᠷ᠎ᠡ᠂ ᠰᠠᠭᠤᠭᠠᠯᠢ ᠠᠷᠠᠳ ᠤᠨ ᠨᠡᠶᠢᠲᠡ ᠶᠢᠨ ᠭᠡᠷ᠎ᠡ ᠶᠢ ᠲᠣᠭᠲᠠᠭᠠᠬᠤ ᠪᠠ ᠵᠠᠰᠠᠪᠤᠷᠢ ᠣᠷᠣᠭᠤᠯᠬᠤ ᠳᠤ | ᠢᠳᠡᠪᠬᠢᠲᠡᠢ ᠣᠷᠣᠯᠴᠠᠭᠤᠯᠵᠤ᠂ ᠵᠥᠪᠳᠡᠯᠴᠡᠨ ᠵᠥᠪᠯᠡᠬᠦ ᠠᠵᠢᠯᠯᠠᠭ᠎ᠠ ᠶᠢ ᠥᠷᠨᠢᠭᠦᠯᠦᠨ᠎ᠡ᠃ ᠡᠮᠡᠭᠲᠡᠶᠢᠴᠦᠳ ᠢ | ᠬᠥᠲᠥᠯᠥᠨ ᠵᠢᠯᠤᠭᠤᠳᠴᠤ ᠪᠠᠶᠢᠭᠠᠳ ᠦᠨᠳᠦᠰᠦᠨ ᠱᠠᠲᠤᠨ ᠤ ᠠᠷᠠᠳᠴᠢᠯᠠᠯ ᠢᠶᠠᠷ ᠬᠠᠮᠢᠶᠠᠷᠬᠤ ᠪᠠ ᠦᠨᠳᠦᠰᠦᠨ | ᠱᠠᠲᠤᠨ ᠤ ᠠᠷᠠᠳᠴᠢᠯᠠᠯ ᠢᠶᠠᠷ ᠵᠥᠪᠳᠡᠯᠴᠡᠬᠦ ᠳᠤ ᠢᠳᠡᠪᠬᠢᠲᠡᠢ ᠪᠥᠭᠡᠳ ᠡᠮᠬᠢ ᠵᠢᠷᠤᠮ ᠲᠠᠢ ᠪᠠᠷ ᠣᠷᠣᠯᠴᠠᠭᠤᠯᠵᠤ᠂ | ᠨᠡᠶᠢᠭᠡᠮ ᠤᠨ ᠰᠢᠨ᠎ᠡ ᠳᠠᠪᠬᠤᠷᠭ᠎ᠠ᠂ ᠨᠡᠶᠢᠭᠡᠮ ᠤᠨ ᠠᠵᠢᠯᠲᠠᠨ ᠪᠠ ᠰᠠᠶᠢᠨ ᠳᠤᠷ᠎ᠠ ᠶᠢᠨ ᠠᠵᠢᠯᠯᠠᠭᠴᠢᠳ ᠤᠨ | ᠳᠣᠲᠣᠷᠠᠬᠢ ᠡᠮᠡᠭᠲᠡᠶᠢᠴᠦᠳ ᠤᠨ ᠣᠷᠤᠯᠴᠠᠬᠤ ᠢᠳᠡᠪᠬᠢᠵᠢᠯ ᠢ ᠳᠡᠭᠡᠭᠰᠢᠯᠡᠭᠦᠯᠦᠨ᠎ᠡ᠃ | 7᠂ ᠡᠮᠡᠭᠲᠡᠶᠢᠴᠦᠳ ᠤᠨ ᠠᠵᠢᠯ ᠦᠢᠯᠡᠰ ᠤᠨ ᠨᠢᠭᠡᠴᠢ ᠶᠢᠨ ᠰᠢᠢᠳᠪᠦᠷᠢᠲᠦ ᠪᠣᠳᠣᠯᠭ᠎ᠠ ᠶᠢᠨ | ᠬᠠᠮᠢᠶᠠᠷᠤᠯᠲᠠ ᠳᠤ ᠢᠳᠡᠪᠬᠢᠲᠡᠢ ᠤᠷᠤᠯᠴᠠᠬᠤ ᠶᠢ ᠲᠦᠯᠬᠢᠨ ᠠᠬᠢᠭᠤᠯᠤᠨ᠎ᠠ᠃ ᠠᠵᠢᠯ ᠦᠢᠯᠡᠰ ᠤᠨ ᠨᠢᠭᠡᠴᠢ ᠶᠢᠨ | ᠠᠵᠢᠯᠲᠠᠨ ᠠᠵᠢᠯᠴᠢᠨ ᠤ ᠲᠥᠯᠥᠭᠡᠯᠡᠭᠴᠢᠳ ᠤᠨ ᠶᠡᠭᠡ ᠬᠤᠷᠠᠯ ᠳᠠᠬᠢ ᠡᠮᠡᠭᠲᠡᠢ ᠲᠥᠯᠥᠭᠡᠯᠡᠭᠴᠢ ᠵᠣᠬᠢᠬᠤ | ᠬᠠᠷᠢᠴᠠᠯ ᠲᠠᠢ ᠪᠠᠶᠢᠵᠤ᠂ ᠡᠷᠡᠭᠦᠯ ᠬᠠᠮᠠᠭᠠᠯᠠᠯ᠂ ᠰᠤᠷᠭᠠᠨ ᠬᠥᠮᠦᠵᠢᠯ᠂ ᠰᠣᠶᠣᠯ ᠵᠡᠷᠭᠡ ᠡᠮᠡᠭᠲᠡᠶᠢᠴᠦᠳ ᠲᠥᠪᠯᠡᠷᠡᠭᠰᠡᠨ | ᠠᠵᠢᠯ ᠲᠦᠷᠦᠯ ᠳᠤ ᠰᠢᠢᠳᠪᠦᠷᠢᠲᠦ ᠪᠣᠳᠣᠯᠭ᠎ᠠ ᠶᠢᠨ ᠬᠠᠮᠢᠶᠠᠷᠤᠯᠲᠠ ᠶᠢᠨ ᠳᠠᠪᠬᠤᠷᠭ᠎ᠠ ᠳᠠᠬᠢ ᠡᠮᠡᠭᠲᠡᠶᠢᠴᠦᠳ ᠤᠨ | ᠬᠠᠷᠢᠴᠠᠯ ᠢ ᠳᠡᠭᠡᠭᠰᠢᠯᠡᠭᠦᠯᠬᠦ ᠶᠢ ᠴᠢᠬᠤᠯᠠᠴᠢᠯᠠᠵᠤ᠂ ᠰᠢᠯᠢᠳᠡᠭ ᠡᠮᠡᠭᠲᠡᠢ ᠲᠤᠰᠬᠠᠢ ᠮᠡᠷᠭᠡᠵᠢᠯ ᠤᠨ ᠠᠵᠢᠯᠲᠠᠨ ᠢ | ᠬᠥᠮᠥᠵᠢᠭᠦᠯᠦᠨ ᠰᠣᠩᠭᠤᠵᠤ ᠰᠢᠢᠳᠪᠦᠷᠢᠲᠦ ᠪᠣᠳᠣᠯᠭ᠎ᠠ ᠶᠢᠨ ᠬᠠᠮᠢᠶᠠᠷᠤᠯᠲᠠ ᠶᠢᠨ ᠳᠠᠪᠬᠤᠷᠭ᠎ᠠ ᠳᠤ ᠣᠷᠣᠭᠤᠯᠤᠨ᠂ | ᠠᠵᠢᠯ ᠦᠢᠯᠡᠰ ᠤᠨ ᠨᠢᠭᠡᠴᠢ ᠳᠠᠬᠢ ᠡᠮᠡᠭᠲᠡᠶᠢᠴᠦᠳ ᠤᠨ ᠰᠢᠢᠳᠪᠦᠷᠢᠲᠦ ᠪᠣᠳᠣᠯᠭ᠎ᠠ ᠶᠢᠨ ᠬᠠᠮᠢᠶᠠᠷᠤᠯᠲᠠ ᠳᠤ | ᠣᠷᠤᠯᠴᠠᠬᠤ ᠬᠠᠷᠢᠴᠠᠯ ᠢ ᠡᠮᠡᠭᠲᠡᠢ ᠠᠵᠢᠯᠲᠠᠨ ᠠᠵᠢᠯᠴᠢᠨ ᠤ ᠬᠠᠷᠢᠴᠠᠯ ᠲᠠᠢ ᠵᠣᠬᠢᠴᠠᠭᠤᠯᠬᠤ ᠶᠢ ᠦᠨᠡᠨᠬᠦ ᠪᠠᠲᠤᠯᠠᠨ᠎ᠠ᠃ | ᠡᠮᠡᠭᠲᠡᠶᠢᠴᠦᠳ ᠤᠨ ᠲᠤᠰ ᠨᠢᠭᠡᠴᠢ ᠶᠢᠨ ᠢᠶᠠᠨ ᠨᠠᠮ ᠤᠨ ᠪᠠᠶᠢᠭᠤᠯᠤᠯᠲᠠ ᠪᠠ ᠤᠯᠠᠨ ᠲᠦᠮᠡᠨ ᠤ ᠪᠦᠯᠬᠦᠮ ᠤᠨ | ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠳᠤ ᠢᠳᠡᠪᠬᠢᠲᠡᠢ ᠣᠷᠤᠯᠴᠠᠬᠤ ᠶᠢ ᠵᠣᠷᠢᠭᠵᠢᠭᠤᠯᠤᠨ᠎ᠠ᠃ ᠠᠵᠢᠯ | ᠦᠢᠯᠡᠰ ᠤᠨ ᠨᠢᠭᠡᠴᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠠᠪᠤᠴᠠ ᠳᠤ᠂ ᠡᠮᠡᠭᠲᠡᠶᠢᠴᠦᠳ ᠤᠨ ᠠᠵᠢᠯ ᠤᠨ | ᠪᠠᠶᠢᠷᠢ ᠳᠡᠪᠰᠢᠬᠦ᠂ ᠠᠵᠢᠯᠲᠠᠨ ᠤ ᠲᠠᠰ ᠳᠡᠪᠰᠢᠬᠦ᠂ ᠮᠡᠷᠭᠡᠵᠢᠯ ᠤᠨ ᠴᠣᠯᠠ ᠲᠣᠭᠲᠠᠭᠠᠬᠤ ᠪᠠ ᠤᠷᠢᠬᠤ ᠵᠡᠷᠭᠡ | ᠲᠠᠯ᠎ᠠ ᠪᠠᠷ ᠠᠳᠠᠯᠢ ᠲᠡᠭᠰᠢ ᠡᠷᠬᠡ ᠪᠠ ᠠᠵᠠ ᠲᠣᠬᠢᠶᠠᠯ ᠡᠳ᠋ᠯᠡᠬᠦ ᠶᠢ ᠦᠨᠡᠨᠬᠦ ᠪᠠᠲᠤᠯᠠᠨ᠎ᠠ᠃ | 8᠂ ᠡᠮᠡᠭᠲᠡᠶᠢᠴᠦᠳ ᠤᠨ ᠠᠵᠤ ᠠᠬᠤᠶᠢᠯᠠᠯ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠠᠮᠢᠶᠠᠷᠤᠯᠲᠠ | ᠲᠤ ᠥᠷᠭᠡᠨ ᠢᠶᠠᠷ ᠣᠷᠤᠯᠴᠠᠬᠤ ᠶᠢ ᠲᠦᠯᠬᠢᠨ ᠠᠬᠢᠭᠤᠯᠤᠨ᠎ᠠ᠃ ᠡᠮᠡᠭᠲᠡᠢ ᠺᠠᠳ᠋ᠷ ᠢ ᠰᠢᠯᠢᠨ ᠰᠣᠩᠭᠤᠵᠤ ᠲᠣᠬᠢᠷᠠᠭᠤᠯᠬᠤ | ᠠᠵᠢᠯ ᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠤᠳᠤᠷᠢᠳᠬᠤ ᠪᠠᠭ ᠪᠠ ᠺᠠᠳ᠋ᠷ ᠤᠨ ᠡᠩᠨᠡᠭᠡᠨ ᠤ | ᠪᠠᠶᠢᠭᠤᠯᠤᠯᠲᠠ ᠶᠢᠨ ᠲᠥᠯᠦᠪᠵᠢᠭᠦᠯᠭᠡ ᠳᠤ ᠣᠷᠣᠭᠤᠯᠵᠤ᠂ ᠬᠥᠮᠥᠵᠢᠭᠦᠯᠬᠦ᠂ ᠰᠢᠯᠢᠨ ᠳᠡᠪᠰᠢᠭᠦᠯᠬᠦ᠂ ᠬᠡᠷᠡᠭᠯᠡᠬᠦ | ᠡᠷᠴᠢᠮ ᠢᠶᠠᠨ ᠴᠢᠩᠭᠠᠷᠠᠭᠤᠯᠤᠨ᠎ᠠ᠃ ᠠᠵᠤ ᠠᠬᠤᠶᠢᠯᠠᠯ ᠤᠨ ᠠᠵᠢᠯᠲᠠᠨ ᠤ ᠶᠠᠪᠤᠳᠠᠯ ᠤᠨ ᠳᠦᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠠᠪᠤᠴᠠ ᠳᠤ᠂ ᠵᠣᠬᠢᠶᠠᠨ ᠪᠠᠶᠢᠭᠤᠯᠤᠯᠲᠠ ᠠᠴᠠ ᠲᠠᠨᠢᠯᠴᠠᠭᠤᠯᠬᠤ᠂ ᠢᠯᠡ ᠪᠠᠷ | ᠤᠷᠢᠬᠤ᠂ ᠠᠷᠠᠳᠴᠢᠯᠠᠯ ᠢᠶᠠᠷ ᠲᠠᠨᠢᠯᠴᠠᠭᠤᠯᠬᠤ ᠵᠡᠷᠭᠡ ᠠᠷᠭ᠎ᠠ ᠮᠠᠶ᠋ᠢᠭ ᠢ ᠠᠪᠴᠤ᠂ ᠰᠢᠯᠢᠳᠡᠭ ᠡᠮᠡᠭᠲᠡᠶᠢᠴᠦᠳ ᠤᠨ ᠠᠵᠤ | ᠠᠬᠤᠶᠢᠯᠠᠯ ᠤᠨ ᠬᠡᠷᠡᠭ ᠮᠡᠳᠡᠭᠴᠢᠳ ᠤᠨ ᠵᠥᠪᠯᠡᠯ᠂ ᠬᠢᠨᠠᠭᠴᠢᠳ ᠤᠨ ᠵᠥᠪᠯᠡᠯ ᠪᠠ ᠬᠠᠮᠢᠶᠠᠷᠤᠯᠲᠠ ᠶᠢᠨ | ᠳᠠᠪᠬᠤᠷᠭ᠎ᠠ ᠳᠤ ᠣᠷᠣᠬᠤ ᠶᠢ ᠠᠬᠢᠭᠤᠯᠤᠨ᠎ᠠ᠃ ᠠᠵᠤ ᠠᠬᠤᠶᠢᠯᠠᠯ ᠤᠨ ᠠᠷᠠᠳᠴᠢᠯᠠᠯ ᠢᠶᠠᠷ ᠬᠠᠮᠢᠶᠠᠷᠬᠤ ᠳᠦᠷᠢᠮ ᠢ | ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠲᠥᠯᠥᠭᠡᠯᠡᠭᠴᠢᠳ ᠤᠨ ᠶᠡᠭᠡ ᠬᠤᠷᠠᠯ ᠳᠠᠬᠢ | ᠡᠮᠡᠭᠲᠡᠢ ᠠᠵᠢᠯᠲᠠᠨ ᠠᠵᠢᠯᠴᠢᠨ ᠤ ᠲᠥᠯᠥᠭᠡᠯᠡᠭᠴᠢ ᠶᠢᠨ ᠬᠠᠷᠢᠴᠠᠯ ᠢ ᠠᠵᠤ ᠠᠬᠤᠶᠢᠯᠠᠯ ᠤᠨ ᠡᠮᠡᠭᠲᠡᠢ ᠠᠵᠢᠯᠲᠠᠨ | ᠠᠵᠢᠯᠴᠢᠨ ᠤ ᠬᠠᠷᠢᠴᠠᠯ ᠲᠠᠢ ᠵᠣᠬᠢᠴᠠᠭᠤᠯᠬᠤ ᠶᠢ ᠠᠬᠢᠭᠤᠯᠵᠤ᠂ ᠡᠮᠡᠭᠲᠡᠢ ᠠᠵᠢᠯᠲᠠᠨ ᠠᠵᠢᠯᠴᠢᠨ ᠨᠢ ᠠᠵᠢᠯᠲᠠᠨ | ᠠᠵᠢᠯᠴᠢᠨ ᠤ ᠲᠥᠯᠥᠭᠡᠯᠡᠭᠴᠢᠳ ᠤᠨ ᠶᠡᠭᠡ ᠬᠤᠷᠠᠯ ᠵᠡᠷᠭᠡ ᠬᠡᠯᠪᠡᠷᠢ ᠪᠠᠷ ᠳᠠᠮᠵᠢᠭᠤᠯᠤᠨ ᠠᠵᠤ ᠠᠬᠤᠶᠢᠯᠠᠯ ᠤᠨ | ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠷᠠᠳᠴᠢᠯᠠᠯ ᠢᠶᠠᠷ ᠬᠠᠮᠢᠶᠠᠷᠬᠤ ᠪᠠ ᠠᠷᠠᠳᠴᠢᠯᠠᠯ ᠢᠶᠠᠷ | ᠬᠢᠨᠠᠯᠲᠠ ᠲᠠᠯᠪᠢᠬᠤ ᠳᠤ ᠣᠷᠤᠯᠴᠠᠬᠤ ᠶᠢ ᠳᠡᠮᠵᠢᠨ᠎ᠡ᠃ ᠠᠵᠤ ᠠᠬᠤᠶᠢᠯᠠᠯ ᠬᠤᠯᠪᠣᠭᠳᠠᠯ ᠪᠦᠬᠦᠢ ᠳᠦᠷᠢᠮ | ᠲᠣᠭᠲᠠᠭᠠᠯ ᠢ ᠲᠣᠭᠲᠠᠭᠠᠬᠤ ᠳᠠᠭᠠᠨ ᠡᠮᠡᠭᠲᠡᠢ ᠠᠵᠢᠯᠲᠠᠨ ᠠᠵᠢᠯᠴᠢᠨ ᠤ ᠡᠷᠬᠡ ᠠᠰᠢᠭ ᠲᠤ ᠬᠤᠯᠪᠣᠭᠳᠠᠬᠤ ᠤᠴᠢᠷ | ᠶᠠᠪᠤᠳᠠᠯ ᠳᠤ ᠠᠵᠢᠯᠴᠢᠨ ᠤ ᠡᠪᠯᠡᠯ ᠤᠨ ᠡᠮᠡᠭᠲᠡᠢ ᠠᠵᠢᠯᠲᠠᠨ ᠠᠵᠢᠯᠴᠢᠨ ᠤ ᠵᠥᠪᠯᠡᠯ ᠤᠨ ᠰᠠᠨᠠᠯ ᠢ ᠰᠣᠨᠣᠰᠬᠤ ᠶᠢ | ᠴᠢᠬᠤᠯᠠᠴᠢᠯᠠᠨ᠎ᠠ᠃ | 9᠂ ᠡᠮᠡᠭᠲᠡᠶᠢᠴᠦᠳ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠣᠷᠤᠯᠴᠠᠬᠤ ᠶᠢ ᠳᠡᠮᠵᠢᠵᠦ ᠬᠥᠲᠥᠯᠥᠨ | ᠵᠢᠯᠣᠭᠤᠳᠤᠨ᠎ᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢᠨ ᠳᠦᠷᠢᠮ ᠤᠨ ᠣᠷᠴᠢᠨ ᠨᠥᠬᠦᠴᠡᠯ ᠢ | ᠰᠢᠯᠢᠳᠡᠭᠵᠢᠭᠦᠯᠵᠦ᠂ ᠡᠮᠡᠭᠲᠡᠢ ᠪᠦᠷᠢᠯᠳᠦᠭᠦᠨ ᠢᠶᠠᠷ ᠭᠤᠣᠯ ᠴᠣᠭᠴᠠ ᠪᠣᠯᠭᠠᠭᠰᠠᠨ ᠪᠤᠶᠤ ᠡᠮᠡᠭᠲᠡᠢ ᠪᠠᠷ ᠭᠤᠣᠯ ᠠᠵᠢᠯ | ᠡᠷᠬᠢᠯᠡᠭᠰᠡᠳ ᠢᠶᠠᠨ ᠪᠣᠯᠭᠠᠭᠰᠠᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠪᠣᠶᠢᠵᠢᠭᠤᠯᠬᠤ ᠡᠷᠴᠢᠮ ᠢᠶᠠᠨ | ᠴᠢᠩᠭᠠᠷᠠᠭᠤᠯᠵᠤ᠂ ᠳᠡᠮᠵᠢᠬᠦ ᠪᠠ ᠵᠢᠯᠤᠭᠤᠳᠬᠤ ᠦᠢᠯᠡᠴᠢᠯᠡᠭᠡ ᠪᠠᠨ ᠴᠢᠩᠭᠠᠳᠬᠠᠵᠤ᠂ ᠲᠡᠲᠡᠨᠤᠰ ᠤᠨ ᠡᠷᠡᠭᠦᠯ ᠪᠥᠭᠡᠳ | ᠡᠮᠬᠢ ᠵᠢᠷᠤᠮ ᠲᠠᠢ ᠪᠠᠷ ᠬᠥᠭᠵᠢᠬᠦ ᠶᠢ ᠠᠬᠢᠭᠤᠯᠬᠤ ᠶᠢᠨ ᠬᠠᠮᠲᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ | ᠵᠥᠪᠳᠡᠯᠴᠡᠭᠡ ᠳᠤ ᠢᠳᠡᠪᠬᠢᠲᠡᠢ ᠤᠷᠤᠯᠴᠠᠭᠤᠯᠤᠨ᠎ᠠ᠃ ᠨᠡᠩ ᠤᠯᠠᠨ ᠡᠮᠡᠭᠲᠡᠶᠢᠴᠦᠳ ᠤᠨ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠪᠦᠷᠢᠯᠳᠦᠭᠦᠨ ᠪᠤᠶᠤ ᠠᠵᠢᠯᠯᠠᠭᠴᠢᠳ ᠪᠣᠯᠬᠤ ᠶᠢ ᠵᠣᠷᠢᠭᠵᠢᠭᠤᠯᠤᠨ ᠲᠡᠮᠵᠢᠵᠤ᠂ ᠨᠡᠶᠢᠭᠡᠮ ᠤᠨ | ᠵᠣᠬᠢᠶᠠᠨ ᠪᠠᠶᠢᠭᠤᠯᠤᠯᠲᠠ ᠶᠢᠨ ᠡᠮᠡᠭᠲᠡᠢ ᠲᠤᠰᠬᠠᠢ ᠮᠡᠷᠭᠡᠵᠢᠯ ᠤᠨ ᠴᠢᠳᠠᠪᠤᠷᠢᠲᠠᠨ ᠪᠠ ᠬᠠᠮᠢᠶᠠᠷᠤᠯᠲᠠ ᠶᠢᠨ | ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠡᠮᠡᠭᠲᠡᠢ | ᠬᠠᠷᠢᠭᠤᠴᠠᠯᠭᠠᠲᠠᠨ ᠢ ᠢᠯᠡᠷᠡᠭᠦᠯᠦᠨ ᠬᠥᠮᠥᠵᠢᠭᠦᠯᠬᠦ ᠶᠢ ᠴᠢᠬᠤᠯᠠᠴᠢᠯᠠᠨ᠎ᠠ᠃ | 10᠂ ᠤᠯᠤᠰ ᠤᠨ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ | ᠠᠬᠢᠭᠤᠯᠬᠤ ᠶᠠᠪᠤᠴᠠ ᠳᠠᠬᠢ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ | ᠪᠠᠳᠠᠷᠠᠭᠤᠯᠤᠨ᠎ᠠ᠃ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠡᠮᠡᠭᠲᠡᠶᠢᠴᠦᠳ ᠢ | ᠲᠥᠯᠥᠭᠡᠯᠡᠨ ᠤᠯᠤᠰ ᠤᠨ ᠬᠡᠷᠡᠭ ᠶᠠᠪᠤᠳᠠᠯ᠂ ᠠᠵᠤ ᠠᠬᠤᠢ ᠰᠣᠶᠣᠯ ᠤᠨ ᠦᠢᠯᠡᠰ ᠪᠠ ᠨᠡᠶᠢᠭᠡᠮ ᠤᠨ ᠬᠡᠷᠡᠭ ᠶᠠᠪᠤᠳᠠᠯ ᠢ | ᠬᠠᠮᠢᠶᠠᠷᠬᠤ ᠳᠤ ᠣᠷᠤᠯᠴᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠳᠡᠮᠵᠢᠵᠦ᠂ ᠡᠮᠡᠭᠲᠡᠶᠢᠴᠦᠳ ᠤᠨ | ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ | ᠠᠷᠠᠳᠴᠢᠯᠠᠯ ᠢᠶᠠᠷ ᠬᠠᠮᠢᠶᠠᠷᠬᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠳᠤ ᠣᠷᠤᠯᠴᠠᠬᠤ᠂ ᠬᠤᠯᠪᠣᠭᠳᠠᠯ ᠪᠦᠬᠦᠢ | ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠲᠣᠭᠲᠠᠭᠠᠬᠤ ᠳᠤ ᠣᠷᠤᠯᠴᠠᠬᠤ᠂ ᠨᠡᠶᠢᠭᠡᠮ ᠤᠨ ᠵᠠᠰᠠᠯᠲᠠ ᠪᠠ ᠣᠯᠠᠨ | ᠨᠡᠶᠢᠲᠡ ᠶᠢᠨ ᠦᠢᠯᠡᠴᠢᠯᠡᠭᠡᠨ ᠳᠤ ᠣᠷᠤᠯᠴᠠᠬᠤ ᠳᠦᠷᠢᠮ ᠤᠨ ᠪᠠᠲᠤᠯᠠᠭ᠎ᠠ ᠶᠢ ᠴᠢᠩᠭᠠᠷᠠᠭᠤᠯᠤᠨ᠎ᠠ᠃ ᠡᠷᠡᠭᠲᠡᠢ ᠡᠮᠡᠭᠲᠡᠢ | ᠡᠷᠬᠡ ᠲᠡᠭᠰᠢ ᠪᠠᠶᠢᠬᠤ ᠶᠢ ᠠᠬᠢᠭᠤᠯᠬᠤ ᠪᠠ ᠡᠮᠡᠭᠲᠡᠶᠢᠴᠦᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ | ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢ ᠲᠣᠭᠲᠠᠭᠠᠬᠤ ᠵᠢᠴᠢ ᠡᠮᠡᠭᠲᠡᠢ ᠺᠠᠳ᠋ᠷ ᠢ ᠬᠥᠮᠥᠵᠢᠭᠦᠯᠵᠦ ᠰᠢᠯᠢᠨ | ᠳᠡᠪᠰᠢᠭᠦᠯᠬᠦ ᠠᠵᠢᠯ ᠤᠨ ᠳᠤᠮᠳᠠ᠂ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠰᠠᠨᠠᠯ | ᠰᠠᠨᠠᠭᠤᠯᠭ᠎ᠠ ᠶᠢ ᠭᠦᠢᠴᠡᠳ ᠰᠣᠨᠣᠰᠤᠨ᠎ᠠ᠃ | ︵ᠲᠠᠪᠤ︶ ᠡᠮᠡᠭᠲᠡᠶᠢᠴᠤᠳ ᠬᠢᠭᠡᠳ ᠨᠡᠶᠢᠭᠡᠮ ᠶᠢᠨ ᠪᠠᠲᠤᠯᠠᠭ᠎ᠠ | ᠭᠤᠣᠯ ᠬᠠᠷᠠᠯᠲᠠ᠄ | 1᠂ ᠡᠮᠡᠭᠲᠡᠶᠢᠴᠦᠳ ᠨᠡᠶᠢᠭᠡᠮ ᠤᠨ ᠪᠠᠲᠤᠯᠠᠭ᠎ᠠ ᠶᠢᠨ ᠡᠷᠬᠡ ᠠᠰᠢᠭ ᠢ ᠡᠷᠬᠡ ᠲᠡᠭᠰᠢ ᠪᠠᠷ ᠡᠳ᠋ᠯᠡᠵᠦ᠂ | ᠪᠠᠲᠤᠯᠠᠭ᠎ᠠ ᠶᠢᠨ ᠬᠢᠷᠢ ᠬᠡᠮᠵᠢᠶ᠎ᠡ ᠲᠠᠰᠤᠷᠠᠯᠲᠠ ᠦᠭᠡᠢ ᠳᠡᠭᠡᠭᠰᠢᠯᠡᠨ᠎ᠡ᠃ | 2᠂ ᠦᠷᠡᠵᠢᠯ ᠤᠨ ᠪᠠᠲᠤᠯᠠᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠨ᠎ᠠ᠃ ᠦᠷᠡᠵᠢᠯ ᠤᠨ ᠳᠠᠭᠠᠳᠬᠠᠯ ᠳᠤ | ᠣᠷᠤᠯᠴᠠᠬᠤ ᠨᠤᠷᠮ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ | 3᠂ ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮᠵᠢ ᠶᠢ ᠨᠠᠶᠢᠳᠠᠪᠤᠷᠢᠵᠢᠭᠤᠯᠤᠨ᠎ᠠ᠃ | ᠡᠮᠡᠭᠲᠡᠶᠢᠴᠦᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠤᠯᠴᠠᠬᠤ ᠨᠤᠷᠮ᠎ᠠ ᠶᠢ 95% ᠠᠴᠠ | ᠳᠡᠭᠡᠭᠰᠢ ᠬᠡᠮᠵᠢᠶᠡᠨ ᠳᠤ ᠲᠣᠭᠲᠠᠪᠤᠷᠢᠵᠢᠭᠤᠯᠵᠤ᠂ ᠬᠠᠷᠠᠭᠠᠯᠵᠠᠯᠠᠯ ᠤᠨ ᠪᠠᠲᠤᠯᠠᠭ᠎ᠠ ᠶᠢ ᠭᠤᠣᠯᠴᠢ ᠪᠥᠭᠡᠳ | ᠲᠣᠬᠢᠷᠠᠮᠵᠢᠲᠠᠢ ᠪᠠᠶᠢᠯᠭᠠᠨ᠎ᠠ᠃ | 4᠂ ᠨᠠᠰᠤᠵᠢᠯ ᠤᠨ ᠳᠠᠭᠠᠳᠬᠠᠯ ᠤᠨ ᠳᠦᠷᠢᠮ ᠤᠨ ᠰᠢᠰᠲ᠋ᠧᠮᠵᠢ ᠶᠢ ᠨᠠᠶᠢᠳᠠᠪᠤᠷᠢᠵᠢᠭᠤᠯᠤᠨ᠎ᠠ᠃ | ᠡᠮᠡᠭᠲᠡᠶᠢᠴᠦᠳ ᠤᠨ ᠨᠠᠰᠤᠵᠢᠯ ᠤᠨ ᠦᠨᠳᠦᠰᠦᠨ ᠳᠠᠭᠠᠳᠬᠠᠯ ᠳᠤ ᠣᠷᠤᠯᠴᠠᠬᠤ ᠨᠤᠷᠮ᠎ᠠ ᠶᠢ 95% ᠠᠴᠠ ᠳᠡᠭᠡᠭᠰᠢ | ᠪᠣᠯᠲᠠᠯ᠎ᠠ ᠳᠡᠭᠡᠭᠰᠢᠯᠡᠭᠦᠯᠵᠦ᠂ ᠬᠠᠷᠠᠭᠠᠯᠵᠠᠯᠠᠯ ᠤᠨ ᠬᠢᠷᠢ ᠬᠡᠮᠵᠢᠶ᠎ᠡ ᠶᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ | 5᠂ ᠠᠵᠢᠯ ᠠᠯᠳᠠᠯᠲᠠ ᠶᠢᠨ ᠳᠠᠭᠠᠳᠬᠠᠯ ᠪᠠ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ | ᠳᠦᠷᠢᠮ ᠢ ᠨᠠᠶᠢᠳᠠᠪᠤᠷᠢᠵᠢᠭᠤᠯᠤᠨ᠎ᠠ᠃ ᠡᠮᠡᠭᠲᠡᠶᠢᠴᠦᠳ ᠤᠨ ᠠᠵᠢᠯ ᠠᠯᠳᠠᠯᠲᠠ ᠶᠢᠨ ᠳᠠᠭᠠᠳᠬᠠᠯ ᠪᠠ ᠠᠵᠢᠯ ᠠᠴᠠ | ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠤᠯᠴᠠᠬᠤ ᠬᠥᠮᠥᠨ ᠤ ᠲᠤᠭ᠎ᠠ ᠶᠢ ᠳᠡᠭᠡᠭᠰᠢᠯᠡᠭᠦᠯᠵᠦ᠂ ᠬᠤᠯᠪᠣᠭᠳᠠᠯ | ᠪᠦᠬᠦᠢ ᠬᠠᠷᠠᠭᠠᠯᠵᠠᠯ ᠤᠨ ᠪᠠᠲᠤᠯᠠᠭ᠎ᠠ ᠶᠢ ᠨᠠᠶᠢᠳᠠᠪᠤᠷᠢᠵᠢᠭᠤᠯᠤᠨ᠎ᠠ᠃ | 6᠂ ᠲᠠᠰ ᠳᠠᠪᠬᠤᠷᠭ᠎ᠠ ᠲᠥᠷᠥᠯ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢ | ᠪᠦᠷᠢᠨᠰᠢᠭᠦᠯᠦᠨ᠎ᠡ᠃ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠢ᠂ ᠵᠡᠮᠳᠡᠭᠴᠦᠳ ᠪᠠ | ᠣᠷᠣᠯᠭ᠎ᠠ ᠪᠠᠭᠠᠲᠠᠢ ᠭᠡᠷ ᠪᠦᠯᠢ ᠶᠢᠨ ᠡᠮᠡᠭᠲᠡᠶᠢᠴᠦᠳ ᠤᠨ ᠠᠮᠢᠳᠤᠷᠠᠯ ᠢ ᠦᠨᠳᠦᠰᠦᠨ ᠳᠡᠭᠡᠨ ᠪᠠᠲᠤᠯᠠᠭ᠎ᠠ ᠲᠠᠢ | ᠪᠤᠯᠭᠠᠨ᠎ᠠ᠃ | 7᠂ ᠡᠮᠡᠭᠲᠡᠶᠢᠴᠦᠳ ᠤᠨ ᠠᠰᠠᠷᠠᠮᠵᠢ ᠶᠢᠨ ᠬᠠᠷᠠᠭᠠᠯᠵᠠᠯ ᠤᠨ ᠬᠢᠷᠢ ᠬᠡᠮᠵᠢᠶ᠎ᠡ ᠶᠢ ᠦᠷᠭᠦᠯᠵᠢᠯᠡᠨ | ᠳᠡᠭᠡᠭᠰᠢᠯᠡᠭᠦᠯᠵᠦ᠂ ᠨᠠᠰᠤᠲᠠᠢ ᠡᠮᠡᠭᠲᠡᠶᠢᠴᠦᠳ᠂ ᠵᠡᠮᠳᠡᠭ ᠡᠮᠡᠭᠲᠡᠶᠢᠴᠦᠳ ᠵᠡᠷᠭᠡ ᠬᠠᠮᠲᠤᠯᠢᠭ ᠳᠠᠰᠢ | ᠭᠤᠣᠯᠳᠠᠯᠭ᠎ᠠ ᠲᠠᠢ ᠪᠠᠷ ᠬᠡᠯᠪᠡᠶᠢᠯᠭᠡᠨ᠎ᠡ᠃ | 8᠂ ᠣᠯᠠᠨ ᠲᠠᠰ ᠳᠠᠪᠬᠤᠷᠭ᠎ᠠ ᠶᠢᠨ ᠨᠠᠰᠤᠵᠢᠯ ᠤᠨ ᠦᠢᠯᠡᠴᠢᠯᠡᠭᠡᠨ ᠤ ᠪᠠ ᠣᠷᠳᠣ ᠬᠤᠭᠤᠴᠠᠭ᠎ᠠ ᠪᠠᠷ | ᠬᠠᠷᠠᠭᠠᠯᠵᠠᠨ ᠠᠰᠠᠷᠠᠬᠤ ᠪᠠᠲᠤᠯᠠᠭ᠎ᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠨᠠᠰᠤᠲᠠᠢ | ᠡᠮᠡᠭᠲᠡᠶᠢᠴᠦᠳ ᠲᠤ ᠠᠳᠠᠯᠢ ᠲᠡᠭᠰᠢ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠬᠦᠷᠲᠡᠭᠡᠬᠦ ᠶᠢ | ᠪᠠᠲᠤᠯᠠᠵᠤ᠂ ᠪᠥᠬᠦ ᠲᠤᠭᠤᠷᠢᠭ ᠤᠨ ᠰᠤᠪᠢᠯᠠᠯᠲᠠ ᠶᠢᠨ ᠮᠠᠶ᠋ᠢᠭ ᠤᠨ ᠨᠠᠰᠤᠵᠢᠯ ᠤᠨ ᠠᠰᠠᠷᠠᠮᠵᠢ ᠶᠢᠨ ᠣᠷᠣ ᠶᠢ ᠶᠡᠷᠦᠩᠬᠡᠢ | ᠣᠷᠣ ᠶᠢᠨ 60% ᠳᠤ ᠬᠦᠷᠦᠭᠦᠯᠦᠨ᠎ᠡ᠃ | 9᠂ ᠡᠮᠡᠭᠲᠡᠶᠢᠴᠦᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠶᠢ ᠴᠢᠩᠭᠠᠳᠬᠠᠵᠤ᠂ ᠬᠦᠴᠢᠷᠳᠡᠯ ᠳᠤ | ᠲᠤᠯᠭᠠᠷᠠᠭᠰᠠᠨ᠂ ᠬᠡᠷᠡᠭᠴᠡᠭᠡ ᠱᠠᠭᠠᠷᠳᠠᠯᠭ᠎ᠠ ᠲᠠᠢ ᠡᠮᠡᠭᠲᠡᠶᠢᠴᠦᠳ ᠲᠤ ᠭᠤᠣᠯᠳᠠᠯᠭ᠎ᠠ ᠲᠠᠢ ᠪᠠᠷ ᠬᠠᠪᠰᠤᠷᠤᠨ ᠲᠡᠳᠭᠦᠨ᠎ᠡ᠃ | | ᠠᠷᠭ᠎ᠠ ᠪᠣᠳᠣᠯᠭ᠎ᠠ ᠠᠷᠭ᠎ᠠ ᠬᠡᠮᠵᠢᠶ᠎ᠡ᠄ | 1᠂ ᠡᠮᠡᠭᠲᠡᠶᠢᠴᠦᠳ ᠤᠨ ᠬᠠᠮᠲᠤᠯᠢᠭ ᠲᠤ ᠠᠰᠢᠭ ᠬᠦᠷᠲᠡᠭᠡᠬᠦ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠶᠢ | ᠲᠡᠭᠦᠯᠳᠡᠷᠵᠢᠭᠦᠯᠦᠨ᠎ᠡ᠃ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢ ᠲᠣᠭᠲᠠᠭᠠᠬᠤ ᠪᠠ ᠲᠡᠭᠦᠨ ᠳᠤ ᠵᠠᠰᠠᠪᠤᠷᠢ | ᠣᠷᠣᠭᠤᠯᠬᠤ ᠵᠢᠴᠢ ᠪᠦᠬᠦ ᠠᠷᠠᠳ ᠢ ᠬᠠᠮᠤᠷᠤᠭᠰᠠᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ | ᠠᠵᠢᠯ ᠤᠨ ᠳᠤᠮᠳᠠ᠂ ᠡᠮᠡᠭᠲᠡᠶᠢᠴᠦᠳ ᠤᠨ ᠣᠨᠴᠠᠭᠠᠶ ᠠᠰᠢᠭ ᠲᠤᠰᠠ ᠪᠠ ᠬᠡᠷᠡᠭᠴᠡᠭᠡ ᠶᠢ ᠠᠩᠬᠠᠷᠤᠨ ᠪᠠᠲᠤᠯᠠᠨ᠎ᠠ᠃ | ᠨᠡᠶᠢᠭᠡᠮ ᠤᠨ ᠳᠠᠭᠠᠳᠬᠠᠯ ᠤᠨ ᠳᠠᠭᠠᠳᠬᠠᠯ ᠳᠤ ᠣᠷᠤᠯᠴᠠᠬᠤ ᠬᠡᠪᠴᠢᠶ᠎ᠡ ᠶᠢ ᠥᠷᠭᠡᠳᠬᠡᠬᠦ ᠶᠢ ᠦᠷᠭᠦᠯᠵᠢᠯᠡᠨ ᠲᠦᠯᠬᠢᠨ | ᠠᠬᠢᠭᠤᠯᠵᠤ᠂ ᠠᠮᠢᠳᠤᠯᠢᠭ ᠢᠶᠠᠷ ᠠᠵᠢᠯ ᠣᠯᠬᠤ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠷ ᠠᠵᠢᠯ ᠣᠯᠣᠭᠰᠠᠨ | ᠡᠮᠡᠭᠲᠡᠶᠢᠴᠦᠳ ᠤᠨ ᠵᠣᠬᠢᠴᠠᠩᠭᠤᠢ ᠨᠡᠶᠢᠭᠡᠮ ᠤᠨ ᠳᠠᠭᠠᠳᠬᠠᠯ ᠳᠤ ᠣᠷᠤᠯᠴᠠᠬᠤ ᠶᠢ ᠠᠬᠢᠭᠤᠯᠵᠤ᠂ ᠪᠠᠲᠤᠯᠠᠬᠤ | ᠶᠣᠰᠣᠲᠠᠢ ᠶᠢ ᠨᠢ ᠴᠥᠮ ᠪᠠᠲᠤᠯᠠᠬᠤ ᠶᠢ ᠪᠡᠶᠡᠯᠡᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠬᠦᠢᠰᠦ ᠶᠢᠨ ᠢᠯᠭᠠᠯ ᠤᠨ | ᠵᠥᠷᠢᠶ᠎ᠡ ᠶᠢ ᠪᠠᠭᠠᠰᠬᠠᠨ᠎ᠠ᠃ ᠨᠡᠶᠢᠭᠡᠮ ᠤᠨ ᠳᠠᠭᠠᠳᠬᠠᠯ ᠤᠨ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠤᠯᠴᠠᠬᠤ ᠶᠢ | ᠳᠠᠩᠰᠠᠯᠠᠬᠤ ᠮᠡᠳᠡᠭᠡ ᠵᠠᠩᠭᠢ ᠶᠢᠨ ᠬᠥᠮᠥᠷᠭᠡ ᠶᠢ ᠪᠠᠶᠢᠭᠤᠯᠵᠤ᠂ ᠨᠡᠶᠢᠭᠡᠮ ᠤᠨ ᠪᠠᠲᠤᠯᠠᠭ᠎ᠠ ᠶᠢᠨ ᠬᠦᠢᠰᠦ ᠶᠢᠨ ᠢᠯᠭᠠᠯ | ᠬᠤᠪᠢᠶᠠᠨ ᠪᠦᠷᠢᠳᠬᠡᠬᠦ᠂ ᠮᠡᠳᠡᠭᠡ ᠵᠠᠩᠭᠢ ᠶᠢᠨ ᠬᠥᠳᠡᠯᠦᠩᠭᠦᠢ ᠬᠢᠨᠠᠨ ᠬᠡᠮᠵᠢᠯᠲᠡ ᠪᠠ ᠬᠠᠮᠢᠶᠠᠷᠤᠯᠲᠠ ᠶᠢ | ᠴᠢᠩᠭᠠᠳᠬᠠᠨ᠎ᠠ᠃ ᠣᠲᠣ ᠶᠢᠨ ᠪᠠᠶᠢᠭ᠎ᠠ ᠨᠥᠬᠦᠴᠡᠯ ᠪᠠ ᠵᠠᠰᠠᠭ ᠤᠨ ᠣᠷᠳᠣᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ | ᠲᠠᠯᠠᠪᠤᠷ ᠭᠠᠵᠠᠷ ᠲᠤ ᠭᠦᠢᠴᠡᠳ ᠲᠦᠰᠢᠭᠯᠡᠨ᠂ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠪᠡᠯᠡᠳᠬᠡᠮᠵᠢ ᠶᠢ | ᠲᠡᠭᠦᠯᠳᠡᠷᠵᠢᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠵᠡᠷᠭᠡ ᠦᠢᠯᠡᠴᠢᠯᠡᠭᠡᠨ ᠤ ᠨᠥᠬᠦᠴᠡᠯ ᠢ | ᠠᠬᠢᠭᠤᠯᠤᠨ ᠰᠠᠶᠢᠵᠢᠷᠠᠭᠤᠯᠤᠨ᠎ᠠ᠃ | 2᠂ ᠬᠤᠲᠠ ᠬᠥᠳᠡᠭᠡ ᠶᠢᠨ ᠡᠮᠡᠭᠲᠡᠶᠢᠴᠦᠳ ᠢ ᠬᠠᠮᠤᠷᠤᠭᠰᠠᠨ ᠦᠷᠡᠵᠢᠯ ᠤᠨ ᠪᠠᠲᠤᠯᠠᠭ᠎ᠠ ᠶᠢᠨ ᠳᠦᠷᠢᠮ ᠢ | ᠪᠦᠷᠢᠨᠰᠢᠭᠦᠯᠦᠨ᠎ᠡ᠃ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠦᠷᠢᠮ ᠢᠶᠠᠷ ᠲᠦᠰᠢᠭ ᠪᠣᠯᠭᠠᠨ᠂ | ᠦᠷᠡᠵᠢᠯ ᠤᠨ ᠪᠠᠲᠤᠯᠠᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ ᠡᠮ ᠡᠮᠨᠡᠯᠭᠡ ᠶᠢᠨ ᠦᠢᠯᠡᠴᠢᠯᠡᠭᠡᠨ ᠤ | ᠬᠠᠮᠢᠶᠠᠷᠤᠯᠲᠠ ᠶᠢ ᠴᠢᠩᠭᠠᠳᠬᠠᠵᠤ᠂ ᠦᠷᠡᠵᠢᠯ ᠤᠨ ᠪᠠᠲᠤᠯᠠᠭ᠎ᠠ ᠶᠢᠨ ᠲᠦᠷᠦ ᠶᠢᠨ ᠪᠣᠳᠣᠯᠭ᠎ᠠ ᠶᠢ ᠴᠠᠭ ᠲᠤᠨᠢ | ᠲᠣᠬᠢᠷᠠᠭᠤᠯᠤᠨ᠎ᠠ᠃ ᠦᠷᠡᠵᠢᠯ ᠤᠨ ᠳᠠᠭᠠᠳᠬᠠᠯ ᠤᠨ ᠪᠦᠷᠬᠦᠴᠡ ᠶᠢᠨ ᠨᠤᠷᠮ᠎ᠠ ᠶᠢ ᠪᠠᠬᠢᠵᠢᠭᠦᠯᠦᠨ ᠳᠡᠭᠡᠭᠰᠢᠯᠡᠭᠦᠯᠵᠦ᠂ | ᠠᠮᠢᠳᠤᠯᠢᠭ ᠠᠵᠢᠯ ᠣᠯᠭᠤᠯᠲᠠ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠲᠠᠢ ᠠᠵᠢᠯ ᠣᠯᠭᠤᠯᠲᠠ ᠵᠡᠷᠭᠡ | ᠡᠮᠡᠭᠲᠡᠶᠢᠴᠦᠳ ᠤᠨ ᠬᠠᠮᠲᠤᠯᠢᠭ ᠤᠨ ᠦᠷᠡᠵᠢᠯ ᠤᠨ ᠳᠠᠭᠠᠳᠬᠠᠯ ᠳᠤ ᠣᠷᠤᠯᠴᠠᠬᠤ ᠶᠢ ᠠᠬᠢᠭᠤᠯᠵᠤ᠂ ᠨᠡᠭᠦᠳᠡᠯ ᠬᠥᠮᠥᠨ | ᠠᠮᠠ ᠶᠢᠨ ᠳᠣᠲᠣᠷᠠᠬᠢ ᠡᠮᠡᠭᠲᠡᠶᠢᠴᠦᠳ ᠤᠨ ᠦᠷᠡᠵᠢᠯ ᠤᠨ ᠡᠷᠬᠡ ᠠᠰᠢᠭ ᠢ ᠪᠠᠲᠤᠯᠠᠨ᠎ᠠ᠃ ᠦᠷᠡᠵᠢᠯ ᠤᠨ ᠳᠠᠭᠠᠳᠬᠠᠯ᠂ | ᠦᠷᠡᠵᠢᠯ ᠤᠨ ᠡᠮ ᠡᠮᠨᠡᠯᠭᠡ ᠶᠢᠨ ᠵᠠᠷᠤᠳᠠᠯ ᠢ ᠥᠭᠬᠦ ᠵᠢᠴᠢ ᠦᠷᠡᠵᠢᠯ ᠤᠨ ᠨᠥᠬᠦᠪᠦᠷᠢ ᠮᠥᠩᠭᠦ ᠶᠢᠨ ᠳᠦᠷᠢᠮ ᠢ | ᠨᠠᠶᠢᠳᠠᠪᠤᠷᠢᠵᠢᠭᠤᠯᠵᠤ᠂ ᠡᠮᠡᠭᠲᠡᠶᠢᠴᠦᠳ ᠤᠨ ᠦᠷᠡᠵᠢᠯ ᠤᠨ ᠡᠮ ᠡᠮᠨᠡᠯᠭᠡ ᠶᠢᠨ ᠬᠠᠷᠠᠭᠠᠯᠵᠠᠯ ᠪᠠ ᠦᠷᠡᠵᠢᠯ ᠤᠨ | ᠨᠥᠬᠦᠪᠦᠷᠢ ᠮᠥᠩᠭᠦ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠡᠮᠡᠭᠲᠡᠶᠢᠴᠦᠳ ᠤᠨ ᠠᠵᠢᠯ ᠣᠯᠬᠤ ᠪᠠ ᠠᠵᠢᠯ | ᠠᠯᠳᠠᠯᠲᠠ ᠶᠢᠨ ᠮᠥᠩᠭᠦ ᠠᠪᠴᠤ ᠪᠠᠶᠢᠭ᠎ᠠ ᠬᠤᠭᠤᠴᠠᠭᠠᠨ ᠳᠠᠬᠢ ᠦᠷᠡᠵᠢᠯ ᠤᠨ ᠪᠠᠲᠤᠯᠠᠭ᠎ᠠ ᠶᠢᠨ ᠠᠰᠠᠭᠤᠳᠠᠯ ᠢ | ᠲᠣᠬᠢᠲᠠᠢ ᠰᠢᠢᠳᠪᠦᠷᠢᠯᠡᠨ᠎ᠡ᠃ ᠦᠷᠡᠵᠢᠯ ᠤᠨ ᠳᠠᠭᠠᠳᠬᠠᠯ ᠬᠢᠭᠡᠳ ᠠᠵᠢᠯᠲᠠᠨ ᠠᠵᠢᠯᠴᠢᠨ ᠤ ᠦᠨᠳᠦᠰᠦᠨ | ᠡᠮᠴᠢᠯᠡᠭᠡᠨ ᠤ ᠳᠠᠭᠠᠳᠬᠠᠯ ᠢ ᠨᠡᠶᠢᠯᠡᠭᠦᠯᠦᠨ ᠬᠡᠷᠡᠭᠵᠢᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠦᠷᠡᠵᠢᠯ ᠤᠨ | ᠳᠠᠭᠠᠳᠬᠠᠯ ᠬᠢᠭᠡᠳ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠳ ᠤᠨ ᠳᠡᠩᠰᠡᠯᠡᠨ ᠲᠡᠮᠳᠡᠭᠯᠡᠬᠦ᠂ | ᠰᠦᠢᠳᠬᠡᠯ ᠲᠤᠰᠢᠶᠠᠬᠤ᠂ ᠬᠠᠮᠢᠶᠠᠷᠬᠤ᠂ ᠭᠠᠷᠲᠠᠨ ᠭᠦᠢᠴᠡᠳᠬᠡᠬᠦ᠂ ᠮᠡᠳᠡᠭᠡ ᠵᠠᠩᠭᠢ ᠶᠢᠨ ᠰᠢᠰᠲ᠋ᠧᠮ ᠤᠨ ᠨᠢᠭᠡᠳᠦᠯᠲᠡᠢ | ᠪᠠᠶᠢᠬᠤ ᠶᠢ ᠪᠡᠶᠡᠯᠡᠭᠦᠯᠦᠨ᠎ᠡ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠷᠡᠵᠢᠯ ᠤᠨ ᠡᠮ ᠡᠮᠨᠡᠯᠭᠡ ᠶᠢᠨ | ᠪᠠᠲᠤᠯᠠᠭ᠎ᠠ ᠶᠢ ᠴᠢᠩᠭᠠᠳᠬᠠᠨ᠎ᠠ᠃ | 3᠂ ᠡᠮᠡᠭᠲᠡᠶᠢᠴᠦᠳ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠲᠠᠰᠤᠷᠠᠯᠳᠠ ᠦᠭᠡᠢ | ᠳᠡᠭᠡᠭᠰᠢᠯᠡᠭᠦᠯᠦᠨ᠎ᠡ᠃ ᠡᠮᠡᠭᠲᠡᠢ ᠠᠵᠢᠯᠲᠠᠨ ᠠᠵᠢᠯᠴᠢᠨ ᠪᠠ ᠬᠤᠳᠠ ᠬᠥᠳᠡᠭᠡ ᠶᠢᠨ ᠡᠮᠡᠭᠲᠡᠢ ᠰᠠᠭᠤᠭᠠᠯᠢ ᠠᠷᠠᠳ ᠤᠨ | ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠦᠷᠭᠦᠯᠵᠢᠯᠡᠨ ᠣᠷᠤᠯᠴᠠᠬᠤ ᠶᠢ ᠲᠦᠯᠬᠢᠨ ᠠᠬᠢᠭᠤᠯᠵᠤ᠂ ᠬᠦᠨᠳᠦ | ᠣᠨᠴᠠ ᠶᠡᠭᠡ ᠡᠪᠡᠳᠴᠢᠨ ᠡᠮᠭᠡᠭ ᠤᠨ ᠡᠮ ᠡᠮᠨᠡᠯᠭᠡ ᠶᠢᠨ ᠳᠠᠭᠠᠳᠬᠠᠯ ᠪᠠ ᠠᠪᠤᠷᠠᠨ ᠲᠤᠰᠠᠯᠠᠬᠤ ᠳᠦᠷᠢᠮ ᠢ | ᠲᠡᠭᠦᠯᠳᠡᠷᠵᠢᠭᠦᠯᠵᠦ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮ | ᠡᠮᠨᠡᠯᠭᠡ ᠶᠢᠨ ᠠᠪᠤᠷᠠᠨ ᠲᠤᠰᠠᠯᠠᠯᠲᠠ ᠵᠡᠷᠭᠡ ᠭᠤᠷᠪᠠᠨ ᠵᠦᠢᠯ ᠤᠨ ᠳᠦᠷᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢ | ᠴᠢᠩᠭᠠᠳᠬᠠᠵᠤ᠂ ᠡᠮᠡᠭᠲᠡᠶᠢᠴᠦᠳ ᠤᠨ ᠦᠨᠳᠦᠰᠦᠨ ᠡᠮ ᠡᠮᠨᠡᠯᠭᠡ ᠶᠢᠨ ᠪᠠᠲᠤᠯᠠᠭ᠎ᠠ ᠶᠢᠨ ᠬᠡᠷᠡᠭᠴᠡᠭᠡ ᠶᠢ ᠬᠠᠩᠭᠠᠨ᠎ᠠ᠃ | ᠡᠮᠴᠢᠯᠡᠭᠡᠨ ᠤ ᠪᠠᠲᠤᠯᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠢ ᠪᠠᠷᠢᠮᠵᠢᠶᠠᠵᠢᠭᠤᠯᠤᠨ ᠵᠢᠷᠤᠮᠵᠢᠭᠤᠯᠬᠤ ᠶᠢ | ᠠᠬᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ︽ᠨᠢᠭᠡ ᠥᠷᠲᠡᠭᠡᠨ ᠤ ᠮᠠᠶ᠋ᠢᠭ ᠤᠨ ᠦᠢᠯᠡᠴᠢᠯᠡᠭᠡ᠂ ᠨᠢᠭᠡ ᠴᠣᠩᠬᠤᠪᠴᠢ | ᠮᠠᠶ᠋ᠢᠭ ᠤᠨ ᠭᠦᠢᠴᠡᠳᠬᠡᠬᠦ᠂ ᠨᠢᠭᠡ ᠲᠤᠰᠠᠭᠠᠷ ᠳᠦᠷᠢᠮ ᠢᠶᠠᠷ ᠳ᠋ᠦᠩᠨᠡᠨ ᠪᠤᠳᠤᠬᠤ︾ ᠶᠢ ᠪᠡᠶᠡᠯᠡᠭᠦᠯᠵᠦ᠂ ᠡᠮᠴᠢᠯᠡᠭᠡᠨ ᠤ | ᠪᠠᠲᠤᠯᠠᠭ᠎ᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠣᠨᠳᠣᠣ ᠭᠠᠵᠠᠷ ᠲᠤ | ᠡᠮᠴᠢᠯᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠦᠢᠯᠡᠴᠢᠯᠡᠭᠡ ᠶᠢ ᠳᠡᠭᠡᠭᠰᠢᠯᠡᠭᠦᠯᠦᠨ᠎ᠡ᠃ ᠡᠮᠡᠭᠲᠡᠢ | ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠬᠠᠪᠰᠤᠷᠤᠯᠴᠠᠭ᠎ᠠ ᠶᠢ ᠪᠠᠶᠢᠭᠤᠯᠬᠤ ᠶᠢ ᠠᠬᠢᠭᠤᠯᠵᠤ᠂ ᠬᠤᠳᠠᠯᠳᠤᠭᠠᠨ ᠤ | ᠳᠠᠭᠠᠳᠬᠠᠯ ᠤᠨ ᠰᠠᠪᠠ ᠶᠢᠨ ᠬᠦᠵᠦᠭᠦᠨ ᠤ ᠥᠮᠡᠨ᠂ ᠬᠥᠬᠦᠨ ᠪᠤᠯᠴᠢᠷᠬᠠᠢ ᠶᠢᠨ ᠥᠮᠡᠨ ᠵᠡᠷᠭᠡ ᠬᠦᠨᠳᠦ ᠶᠡᠭᠡ | ᠡᠪᠡᠳᠴᠢᠨ ᠡᠮᠭᠡᠭ ᠲᠤ ᠦᠵᠡᠭᠦᠯᠬᠦ ᠪᠠᠲᠤᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ | 4᠂ ᠡᠮᠡᠭᠲᠡᠶᠢᠴᠦᠳ ᠤᠨ ᠦᠷᠭᠦᠯᠵᠢᠯᠡᠬᠦᠶᠢᠴᠡ ᠣᠯᠠᠨ ᠲᠠᠰ ᠳᠠᠪᠬᠤᠷᠭ᠎ᠠ ᠶᠢᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠢ ᠡᠳ᠋ᠯᠡᠭᠦᠯᠬᠦ ᠶᠢ ᠠᠬᠢᠭᠤᠯᠤᠨ᠎ᠠ᠃ ᠨᠠᠰᠤᠵᠢᠯ ᠤᠨ ᠦᠨᠳᠦᠰᠦᠨ ᠳᠠᠭᠠᠳᠬᠠᠯ ᠢ ᠨᠢᠭᠡᠳᠦᠯᠲᠡᠢ | ᠲᠥᠯᠥᠪᠯᠡᠬᠦ ᠶᠢ ᠴᠢᠩᠭᠠᠳᠬᠠᠵᠤ᠂ ᠡᠮᠡᠭᠲᠡᠶᠢᠴᠦᠳ ᠤᠨ ᠨᠠᠰᠤᠵᠢᠯ ᠤᠨ ᠦᠨᠳᠦᠰᠦᠨ ᠳᠠᠭᠠᠳᠬᠠᠯ ᠳᠤ ᠣᠷᠤᠯᠴᠠᠬᠤ | ᠨᠤᠷᠮ᠎ᠠ ᠶᠢ ᠳᠡᠭᠡᠭᠰᠢᠯᠡᠭᠦᠯᠵᠦ᠂ ᠠᠳᠠᠯᠢ ᠪᠤᠰᠤ ᠣᠷᠣᠨ ᠪᠦᠰᠡ᠂ ᠠᠳᠠᠯᠢ ᠪᠤᠰᠤ ᠡᠮᠡᠭᠲᠡᠶᠢᠴᠦᠳ ᠤᠨ ᠬᠠᠮᠲᠤᠯᠢᠭ ᠤᠨ | ᠨᠠᠰᠤᠵᠢᠯ ᠤᠨ ᠦᠨᠳᠦᠰᠦᠨ ᠳᠠᠭᠠᠳᠬᠠᠯ ᠤᠨ ᠡᠷᠬᠡ ᠠᠰᠢᠭ ᠢ ᠬᠠᠤᠯᠢ ᠶᠣᠰᠣᠭᠠᠷ ᠡᠷᠬᠡ ᠲᠡᠭᠰᠢ ᠪᠠᠷ ᠡᠳ᠋ᠯᠡᠬᠦ ᠶᠢ | ᠠᠬᠢᠭᠤᠯᠤᠨ᠎ᠠ᠃ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠥᠩᠭᠦ ᠶᠢ ᠵᠦᠢ ᠵᠣᠬᠢᠰᠲᠠᠢ ᠲᠣᠬᠢᠷᠠᠭᠤᠯᠬᠤ | ᠲᠣᠭᠲᠠᠴᠠ ᠶᠢ ᠨᠠᠶᠢᠳᠠᠪᠤᠷᠢᠵᠢᠭᠤᠯᠵᠤ᠂ ᠭᠠᠵᠠᠷ ᠰᠢᠷᠣᠢ ᠪᠠᠨ ᠲᠠᠲᠠᠪᠤᠷᠢᠯᠠᠭᠳᠠᠭᠰᠠᠨ ᠡᠮᠡᠭᠲᠡᠢ ᠲᠠᠷᠢᠶᠠᠴᠢᠳ ᠤᠨ | ᠨᠠᠰᠤᠵᠢᠯ ᠤᠨ ᠦᠨᠳᠦᠰᠦᠨ ᠠᠰᠠᠷᠠᠮᠵᠢ ᠶᠢᠨ ᠳᠠᠭᠠᠳᠬᠠᠯ ᠤᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠬᠥᠮᠥᠨ | ᠬᠡᠷᠡᠭᠯᠡᠬᠦ ᠨᠢᠭᠡᠴᠢ ᠶᠢ ᠱᠠᠯᠠᠪᠳᠠᠭᠤᠯᠤᠨ ᠡᠮᠡᠭᠲᠡᠢ ᠠᠵᠢᠯᠲᠠᠨ ᠠᠵᠢᠯᠴᠢᠨ ᠳᠤ ᠨᠠᠰᠤᠵᠢᠯ ᠤᠨ ᠦᠨᠳᠦᠰᠦᠨ | ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠢ ᠬᠠᠤᠯᠢ ᠶᠣᠰᠣᠭᠠᠷ ᠭᠦᠢᠴᠡᠳ ᠲᠤᠰᠢᠶᠠᠯᠭᠠᠵᠤ᠂ ᠠᠵᠤ ᠠᠬᠤᠶᠢᠯᠠᠯ ᠤᠨ | ᠣᠨ ᠤ ᠮᠥᠩᠭᠦ ᠶᠢᠨ ᠳᠦᠷᠢᠮ ᠢ ᠬᠥᠭᠵᠢᠭᠦᠯᠬᠦ ᠶᠢ ᠵᠣᠷᠢᠭᠵᠢᠭᠤᠯᠵᠤ᠂ ᠨᠠᠰᠤᠵᠢᠯ ᠤᠨ ᠬᠤᠳᠠᠯᠳᠤᠭᠠᠨ ᠤ | ᠠᠰᠠᠷᠠᠮᠵᠢ ᠶᠢᠨ ᠳᠠᠭᠠᠳᠬᠠᠯ ᠤᠨ ᠦᠢᠯᠡᠳᠬᠦᠨ ᠢ ᠪᠠᠶᠠᠯᠢᠭᠵᠢᠭᠤᠯᠤᠨ᠂ ᠡᠮᠡᠭᠲᠡᠶᠢᠴᠦᠳ ᠤᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | 5᠂ ᠡᠮᠡᠭᠲᠡᠶᠢᠴᠦᠳ ᠤᠨ ᠠᠵᠢᠯ ᠠᠯᠳᠠᠯᠲᠠ ᠶᠢᠨ ᠳᠠᠭᠠᠳᠬᠠᠯ ᠤᠨ ᠡᠷᠬᠡ ᠠᠰᠢᠭ ᠢ ᠪᠠᠲᠤᠯᠠᠨ᠎ᠠ᠃ ᠠᠵᠢᠯ | ᠠᠯᠳᠠᠯᠲᠠ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠰᠦᠢᠳᠬᠡᠯ ᠤᠨ ᠨᠤᠷᠮ᠎ᠠ ᠪᠠ ᠬᠠᠷᠠᠭᠠᠯᠵᠠᠯ ᠤᠨ | ᠪᠠᠷᠢᠮᠵᠢᠶ᠎ᠠ ᠶᠢ ᠨᠢᠭᠡᠳᠬᠡᠵᠦ᠂ ᠠᠵᠢᠯ ᠠᠯᠳᠠᠯᠲᠠ ᠶᠢᠨ ᠳᠠᠭᠠᠳᠬᠠᠯ ᠤᠨ ᠠᠵᠢᠯ ᠣᠯᠭᠤᠯᠲᠠ ᠶᠢ ᠠᠬᠢᠭᠤᠯᠬᠤ᠂ ᠠᠵᠢᠯ | ᠠᠯᠳᠠᠯᠲᠠ ᠶᠢ ᠰᠡᠷᠭᠡᠶᠢᠯᠡᠬᠦ ᠴᠢᠳᠠᠮᠵᠢ ᠶᠢ ᠴᠢᠩᠭᠠᠳᠬᠠᠵᠤ᠂ ᠡᠮᠡᠭᠲᠡᠢ ᠠᠵᠢᠯᠲᠠᠨ ᠠᠵᠢᠯᠴᠢᠨ ᠤ ᠲᠣᠭᠲᠠᠪᠤᠷᠢᠲᠠᠢ ᠠᠵᠢᠯ | ᠣᠯᠬᠤ ᠶᠢ ᠲᠡᠮᠵᠢᠨ᠎ᠠ᠃ ᠬᠥᠮᠥᠨ ᠬᠡᠷᠡᠭᠯᠡᠬᠦ ᠨᠢᠭᠡᠴᠢ ᠶᠢ ᠱᠠᠯᠠᠪᠳᠠᠭᠤᠯᠵᠦ ᠪᠠᠶᠢᠭᠠᠳ ᠬᠠᠤᠯᠢ ᠶᠣᠰᠣᠭᠠᠷ ᠡᠮᠡᠭᠲᠡᠢ | ᠠᠵᠢᠯᠲᠠᠨ ᠠᠵᠢᠯᠴᠢᠨ ᠳᠤ ᠠᠵᠢᠯ ᠠᠯᠳᠠᠭᠰᠠᠳ ᠤᠨ ᠳᠠᠭᠠᠳᠬᠠᠯ ᠢ ᠭᠦᠢᠴᠡᠳᠬᠡᠭᠦᠯᠵᠦ᠂ ᠡᠮᠡᠭᠲᠡᠢ ᠠᠵᠢᠯᠲᠠᠨ | ᠠᠵᠢᠯᠴᠢᠨ ᠢᠯᠠᠩᠭᠤᠶ᠎ᠠ ᠡᠮᠡᠭᠲᠡᠢ ᠬᠥᠯᠥᠰᠦᠨ ᠠᠵᠢᠯᠴᠢᠨ ᠤ ᠳᠠᠭᠠᠳᠬᠠᠯ ᠳᠤ ᠣᠷᠤᠯᠴᠠᠬᠤ ᠨᠤᠷᠮ᠎ᠠ ᠶᠢ | ᠳᠡᠭᠡᠭᠰᠢᠯᠡᠭᠦᠯᠦᠨ᠎ᠡ᠃ ᠨᠥᠬᠦᠴᠡᠯ ᠳᠤ ᠨᠡᠶᠢᠴᠡᠬᠦ ᠠᠵᠢᠯ ᠠᠯᠳᠠᠭᠰᠠᠨ ᠡᠮᠡᠭᠲᠡᠢ ᠠᠵᠢᠯᠲᠠᠨ ᠠᠵᠢᠯᠴᠢᠨ ᠤ ᠠᠵᠢᠯ | ᠠᠯᠳᠠᠭᠰᠠᠳ ᠤᠨ ᠳᠠᠭᠠᠳᠬᠠᠯ ᠤᠨ ᠣᠯᠭᠤᠮᠵᠢ ᠶᠢ ᠴᠠᠭ ᠲᠤᠬᠠᠢ ᠳᠤᠨᠢ ᠭᠥᠷᠳᠡᠬᠦ ᠶᠢ ᠪᠠᠲᠤᠯᠠᠵᠤ᠂ ᠮᠡᠷᠭᠡᠵᠢᠯ | ᠴᠢᠳᠠᠪᠤᠷᠢ ᠶᠢᠨ ᠳᠡᠭᠡᠭᠰᠢᠯᠡᠯᠲᠡ ᠶᠢᠨ ᠨᠥᠬᠦᠪᠦᠷᠢ ᠭᠤᠶᠤᠴᠢᠯᠠᠨ ᠠᠪᠬᠤ ᠴᠤᠪᠤᠷᠠᠯ ᠢ ᠲᠡᠭᠦᠯᠳᠡᠷᠵᠢᠭᠦᠯᠦᠨ᠂ | ᠨᠥᠬᠦᠴᠡᠯ ᠳᠤ ᠨᠡᠶᠢᠴᠡᠬᠦ ᠠᠵᠢᠯ ᠳᠤ ᠪᠠᠶᠢᠭ᠎ᠠ ᠡᠮᠡᠭᠲᠡᠢ ᠠᠵᠢᠯᠲᠠᠨ ᠠᠵᠢᠯᠴᠢᠨ ᠤ ᠮᠡᠷᠭᠡᠵᠢᠯ ᠴᠢᠳᠠᠪᠤᠷᠢ ᠶᠢᠨ | ᠳᠡᠭᠡᠭᠰᠢᠯᠡᠯᠲᠡ ᠶᠢᠨ ᠨᠥᠬᠦᠪᠦᠷᠢ ᠶᠢ ᠴᠠᠭ ᠲᠤᠬᠠᠢ ᠳᠤᠨᠢ ᠲᠤᠭ᠎ᠠ ᠶᠣᠰᠣᠭᠠᠷ ᠭᠦᠢᠴᠡᠳ ᠣᠯᠬᠤ ᠶᠢ ᠪᠠᠲᠤᠯᠠᠨ᠎ᠠ᠃ | ᠠᠵᠢᠯ ᠠᠯᠳᠠᠯᠲᠠ ᠶᠢᠨ ᠳᠠᠭᠠᠳᠬᠠᠯ ᠤᠨ ᠬᠠᠷᠠᠭᠠᠯᠵᠠᠯ ᠢ ᠲᠣᠬᠢᠷᠠᠭᠤᠯᠬᠤ ᠲᠣᠭᠲᠠᠴᠠ ᠶᠢ ᠨᠠᠶᠢᠳᠠᠪᠤᠷᠢᠵᠢᠭᠤᠯᠵᠤ᠂ | ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠶᠢ ᠪᠠᠷᠠᠭᠠᠨ ᠤ ᠦᠨ᠎ᠡ ᠶᠢᠨ ᠥᠰᠦᠯᠲᠡ ᠲᠠᠢ ᠬᠤᠯᠪᠣᠯᠳᠤᠭᠤᠯᠤᠨ | ᠬᠥᠳᠡᠯᠭᠡᠭᠦ ᠲᠣᠭᠲᠠᠴᠠ ᠪᠠ ᠣᠨᠴᠠᠭᠠᠶ ᠴᠠᠭ ᠦᠶ᠎ᠡ ᠶᠢᠨ ᠠᠵᠢᠯ ᠠᠯᠳᠠᠯᠲᠠ ᠶᠢᠨ ᠪᠠᠲᠤᠯᠠᠭ᠎ᠠ ᠶᠢᠨ ᠲᠦᠷᠦ ᠶᠢᠨ | ᠪᠤᠳᠤᠯᠭ᠎ᠠ ᠶᠢ ᠨᠠᠶᠢᠲᠠᠪᠦᠷᠢᠵᠢᠭᠤᠯᠤᠨ᠎ᠠ᠃ | 6᠂ ᠡᠮᠡᠭᠲᠡᠶᠢᠴᠦᠳ ᠤᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨᠬᠠᠮᠤᠷᠬᠤ ᠬᠡᠪᠴᠢᠶ᠎ᠡ ᠶᠢ | ᠥᠷᠭᠡᠳᠬᠡᠨ᠎ᠡ᠃ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠪᠠᠲᠤᠯᠠᠭ᠎ᠠ ᠶᠢᠨ ᠴᠢᠳᠠᠮᠵᠢ ᠶᠢ | ᠴᠢᠩᠭᠠᠷᠠᠭᠤᠯᠵᠤ᠂ ᠠᠮᠢᠳᠤᠯᠢᠭ ᠢᠶᠠᠷ ᠠᠵᠢᠯ ᠣᠯᠣᠭᠰᠠᠳ᠂ ᠪᠦᠬᠦᠯᠢ ᠡᠳᠦᠷ ᠢᠶᠠᠷ ᠠᠵᠢᠯᠯᠠᠬᠤ ᠪᠤᠰᠤ ᠳᠦᠷᠢᠮᠲᠦ | ᠠᠵᠢᠯᠴᠢᠨ ᠬᠡᠷᠡᠭᠯᠡᠬᠦ ᠬᠥᠮᠥᠰ ᠵᠡᠷᠭᠡ ᠶᠢᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠤᠯᠴᠠᠬᠤ | ᠪᠠᠲᠤᠯᠠᠭ᠎ᠠ ᠶᠢᠨ ᠳᠦᠷᠢᠮ ᠢ ᠰᠦᠪᠡᠭᠴᠢᠯᠡᠨ ᠪᠠᠶᠢᠭᠤᠯᠤᠨ᠎ᠠ᠃ ᠤᠯᠤᠰ ᠤᠨ ᠰᠢᠨ᠎ᠡ ᠡᠵᠡᠩᠨᠡᠯᠲᠡ ᠶᠢᠨ ᠬᠡᠯᠪᠡᠷᠢ | ᠪᠠᠶᠢᠳᠠᠯ ᠤᠨ ᠬᠦᠷᠢᠶᠡᠨ ᠳᠠᠬᠢ ᠠᠵᠢᠯ ᠮᠡᠷᠭᠡᠵᠢᠯ ᠤᠨ ᠭᠡᠮᠲᠦᠯ ᠤᠨ ᠳᠠᠭᠠᠳᠬᠠᠯ ᠳᠤ ᠣᠷᠤᠯᠴᠠᠬᠤ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠮᠢᠳᠤᠯᠢᠭ ᠢᠶᠠᠷ ᠠᠵᠢᠯ ᠣᠯᠣᠭᠰᠠᠨ᠂ ᠰᠢᠨ᠎ᠡ ᠡᠵᠡᠩᠨᠡᠯᠲᠡ ᠶᠢᠨ ᠬᠡᠯᠪᠡᠷᠢ | ᠪᠠᠶᠢᠳᠠᠯ ᠢᠶᠠᠷ ᠠᠵᠢᠯ ᠣᠯᠣᠭᠰᠠᠨ ᠡᠮᠡᠭᠲᠡᠶᠢᠴᠦᠳ ᠢ ᠳᠠᠭᠠᠳᠬᠠᠯ ᠳᠤ ᠣᠷᠤᠯᠴᠠᠬᠤ ᠬᠡᠪᠴᠢᠶᠡᠨ ᠳᠤ ᠤᠷᠤᠭᠤᠯᠬᠤ ᠶᠢ | ᠨᠠᠶᠢᠲᠠᠪᠦᠷᠢᠵᠢᠭᠤᠯᠤᠨ᠎ᠠ᠃ ᠬᠥᠮᠥᠨ ᠬᠡᠷᠡᠭᠯᠡᠬᠦ ᠨᠢᠭᠡᠴᠢ ᠶᠢᠨ ᠡᠮᠡᠭᠲᠡᠢ ᠠᠵᠢᠯᠲᠠᠨ ᠠᠵᠢᠯᠴᠢᠨ ᠳᠤ ᠠᠵᠢᠯ ᠠᠴᠠ | ᠪᠣᠯᠤᠭᠰᠠᠨ ᠭᠡᠮᠲᠦᠯ ᠤᠨ ᠳᠠᠭᠠᠳᠬᠠᠯ ᠢ ᠬᠠᠤᠯᠢ ᠶᠣᠰᠣᠭᠠᠷ ᠭᠦᠢᠴᠡᠳᠭᠡᠵᠦ᠂ ᠲᠦᠭᠰᠢᠭᠦᠷᠢ ᠶᠡᠬᠡᠲᠡᠢ ᠠᠵᠢᠯ | ᠲᠥᠷᠥᠯ ᠤᠨ ᠡᠮᠡᠭᠲᠡᠢ ᠠᠵᠢᠯᠲᠠᠨ ᠠᠵᠢᠯᠴᠢᠨ ᠳᠤ ᠳᠠᠭᠠᠳᠬᠠᠯ ᠬᠢᠬᠦ ᠶᠢ ᠴᠢᠬᠤᠯᠠᠴᠢᠯᠠᠬᠤ ᠶᠢ ᠱᠠᠯᠠᠪᠳᠠᠭᠤᠯᠤᠨ᠎ᠠ᠃ | ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠠᠵᠢᠯ ᠠᠴᠠ ᠪᠣᠯᠤᠭᠰᠠᠨ ᠭᠡᠮᠲᠦᠯ ᠢ ᠤᠷᠢᠳᠴᠢᠯᠠᠨ ᠰᠡᠷᠭᠡᠢᠯᠡᠬᠦ᠂ | ᠨᠥᠬᠦᠪᠦᠷᠢᠯᠡᠬᠦ᠂ ᠡᠷᠡᠭᠦᠯᠵᠢᠭᠦᠯᠬᠦ ᠴᠢᠳᠠᠮᠵᠢ ᠶᠢ ᠴᠢᠩᠭᠠᠳᠬᠠᠵᠤ᠂ ᠠᠵᠢᠯ ᠠᠴᠠ ᠪᠣᠯᠵᠤ ᠦᠬᠦᠵᠦ ᠰᠢᠷᠬᠠᠲᠤᠭᠰᠠᠨ | ᠡᠮᠡᠭᠲᠡᠢᠴᠦᠳ ᠤᠨ ᠳᠠᠭᠠᠳᠬᠠᠯ ᠤᠨ ᠡᠷᠬᠡ ᠡᠳ᠋ᠯᠡᠬᠦ ᠶᠢ ᠪᠠᠲᠤᠯᠠᠨ᠎ᠠ᠃ | 7᠂ ᠠᠮᠢᠳᠤᠷᠠᠯ ᠨᠢ ᠬᠦᠴᠢᠷᠳᠡᠯ ᠳᠤ ᠲᠤᠯᠭᠠᠷᠠᠭᠰᠠᠨ ᠡᠮᠡᠭᠲᠡᠶᠢᠴᠦᠳ ᠲᠤ ᠨᠡᠶᠢᠭᠡᠮ ᠤᠨ ᠲᠡᠩᠬᠡᠷᠡᠭᠦᠯᠦᠨ | ᠲᠤᠰᠠᠯᠠᠬᠤ ᠶᠢᠨ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢ ᠴᠢᠩᠭᠠᠷᠠᠭᠤᠯᠤᠨ᠎ᠠ᠃ ᠲᠤᠰᠬᠠᠢ ᠵᠦᠢᠯ ᠢᠶᠠᠷ | ᠠᠪᠤᠷᠠᠨ ᠲᠤᠰᠠᠯᠠᠬᠤ ᠳᠦᠷᠢᠮ ᠢ ᠲᠡᠭᠦᠯᠳᠡᠷᠵᠢᠭᠦᠯᠵᠦ᠂ ᠲᠦᠷ ᠴᠠᠭ ᠤᠨ ᠠᠪᠤᠷᠠᠨ ᠲᠤᠰᠠᠯᠠᠬᠤ ᠲᠦᠷᠦ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠪᠠᠴᠢᠮ ᠪᠡᠷᠬᠡ ᠨᠡᠶᠢᠭᠡᠮ ᠤᠨ ᠠᠪᠤᠷᠠᠨ ᠲᠤᠰᠠᠯᠠᠬᠤ | ᠴᠢᠳᠠᠮᠵᠢ ᠶᠢ ᠴᠢᠩᠭᠠᠷᠠᠭᠤᠯᠤᠨ᠎ᠠ᠃ ᠡᠮᠴᠢᠯᠡᠭᠡ ᠪᠠᠷ ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠬᠦ ᠬᠦᠴᠢᠷᠳᠡᠯ ᠳᠤ | ᠲᠤᠯᠭᠠᠷᠠᠭᠰᠠᠨ ᠡᠮᠡᠭᠲᠡᠶᠢᠴᠦᠳ ᠲᠤ ᠡᠮᠴᠢᠯᠡᠭᠡ ᠪᠠᠷ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠵᠦ᠂ ᠡᠮᠴᠢᠯᠡᠭᠡ ᠪᠠᠷ | ᠠᠪᠤᠷᠠᠨ ᠲᠤᠰᠠᠯᠠᠬᠤ ᠵᠠᠷᠤᠳᠠᠯ ᠢ ᠨᠢᠭᠡ ᠯᠡ ᠥᠷᠲᠡᠭᠡᠨ ᠤ ᠮᠠᠶ᠋ᠢᠭ ᠢᠶᠠᠷ ᠴᠠᠭ ᠲᠤᠬᠠᠢ ᠳᠤᠨᠢ ᠳ᠋ᠦᠩᠨᠡᠨ ᠪᠤᠳᠤᠬᠤ ᠶᠢ | ᠨᠠᠶᠢᠳᠠᠪᠤᠷᠢᠵᠢᠭᠤᠯᠤᠨ᠂ ᠬᠦᠴᠢᠷᠳᠡᠯ ᠳᠤ ᠲᠤᠯᠭᠠᠷᠠᠭᠰᠠᠨ ᠡᠮᠡᠭᠲᠡᠶᠢᠴᠦᠳ ᠤᠨ ᠡᠪᠡᠳᠴᠢᠨ ᠦᠵᠡᠭᠦᠯᠬᠦ ᠳᠤ ᠲᠥᠬᠦᠮ | ᠦᠵᠡᠭᠦᠯᠦᠨ᠎ᠡ᠃ ᠬᠤᠳᠠ ᠬᠥᠳᠡᠭᠡ ᠶᠢᠨ ᠣᠨᠴᠠ ᠬᠦᠴᠢᠷᠳᠡᠯ ᠲᠠᠢ ᠬᠥᠮᠥᠰ ᠤᠨ ᠳᠣᠲᠣᠷᠠᠬᠢ ᠡᠮᠡᠭᠲᠡᠶᠢᠴᠦᠳ ᠢ | ᠠᠪᠤᠷᠠᠨ ᠲᠤᠰᠠᠯᠠᠬᠤ ᠠᠵᠢᠯ ᠢ ᠴᠢᠩᠭᠠᠳᠬᠠᠵᠤ᠂ ᠬᠦᠴᠢᠷᠳᠡᠯ ᠳᠤ ᠲᠤᠯᠭᠠᠷᠠᠭᠰᠠᠨ ᠡᠮᠡᠭᠲᠡᠢ ᠤᠯᠠᠨ ᠲᠦᠮᠡᠨ ᠤ | ᠦᠨᠳᠦᠰᠦᠨ ᠠᠮᠢᠳᠤᠷᠠᠯ ᠢ ᠪᠦᠲᠦᠮᠵᠢᠲᠡᠶ ᠪᠠᠷ ᠪᠠᠲᠤᠯᠠᠨ᠎ᠠ᠃ ᠦᠢᠯᠡᠴᠢᠯᠡᠭᠡᠨ ᠤ ᠲᠦᠷᠦᠯ ᠤᠨ ᠨᠡᠶᠢᠭᠡᠮ ᠤᠨ ᠠᠪᠤᠷᠠᠨ | ᠲᠤᠰᠠᠯᠠᠯᠲᠠ ᠶᠢ ᠢᠳᠡᠪᠬᠢᠲᠡᠢ ᠬᠥᠭᠵᠢᠭᠦᠯᠵᠦ᠂ ᠵᠠᠰᠠᠭ ᠤᠨ ᠣᠷᠳᠣᠨ ᠠᠴᠠ ᠨᠡᠶᠢᠭᠡᠮ ᠤᠨ ᠠᠪᠤᠷᠠᠨ ᠲᠤᠰᠠᠯᠠᠬᠤ | ᠦᠢᠯᠡᠴᠢᠯᠡᠭᠡ ᠬᠤᠳᠠᠯᠳᠤᠨ ᠠᠪᠬᠤ ᠶᠢ ᠲᠦᠯᠬᠢᠨ ᠠᠬᠢᠭᠤᠯᠵᠤ᠂ ︽ᠪᠣᠳᠠᠰ + ᠦᠢᠯᠡᠴᠢᠯᠡᠭᠡ︾ ᠶᠢᠨ ᠨᠡᠶᠢᠭᠡᠮ ᠤᠨ | ᠠᠪᠤᠷᠠᠨ ᠲᠤᠰᠠᠯᠠᠬᠤ ᠠᠷᠭ᠎ᠠ ᠮᠠᠶ᠋ᠢᠭ ᠢ ᠪᠤᠢ ᠪᠣᠯᠭᠠᠬᠤ ᠶᠢ ᠲᠦᠯᠬᠢᠨ ᠠᠬᠢᠭᠤᠯᠤᠨ᠎ᠠ᠃ ᠨᠢᠭᠦᠯᠡᠰᠦᠩᠭᠦᠢ ᠶᠢᠨ ᠵᠣᠬᠢᠶᠠᠨ | ᠪᠠᠶᠢᠭᠤᠯᠤᠯᠲᠠ ᠶᠢᠨ ᠠᠮᠢᠳᠤᠷᠠᠯ ᠨᠢ ᠬᠦᠴᠢᠷᠳᠡᠯᠲᠡᠢ ᠡᠮᠡᠭᠲᠡᠶᠢᠴᠦᠳ ᠲᠤ ᠬᠠᠤᠯᠢ ᠲᠣᠭᠲᠠᠭᠠᠯ ᠶᠣᠰᠣᠭᠠᠷ ᠠᠪᠤᠷᠠᠨ | ᠲᠤᠰᠠᠯᠠᠵᠤ ᠬᠠᠪᠰᠤᠷᠤᠨ ᠲᠡᠳᠬᠦᠬᠦ ᠶᠢ ᠵᠣᠷᠢᠭᠵᠢᠭᠤᠯᠤᠨ ᠳᠡᠮᠵᠢᠨ᠎ᠡ᠃ ᠨᠢᠭᠡᠳᠦᠯᠲᠡᠢ ᠠᠪᠤᠷᠠᠨ ᠲᠤᠰᠠᠯᠠᠬᠤ ᠮᠡᠳᠡᠭᠡ | ᠵᠠᠩᠭᠢ ᠶᠢᠨ ᠲᠠᠪᠴᠠᠩ ᠪᠠᠶᠢᠭᠤᠯᠬᠤ ᠶᠢ ᠲᠦᠯᠬᠢᠨ ᠠᠬᠢᠭᠤᠯᠵᠤ᠂ ᠨᠡᠶᠢᠭᠡᠮ ᠤᠨ ᠠᠪᠤᠷᠠᠨ ᠲᠤᠰᠠᠯᠠᠯᠲᠠ ᠶᠢᠨ | ᠬᠦᠢᠰᠦ ᠶᠢᠨ ᠢᠯᠭᠠᠯ ᠬᠤᠪᠢᠶᠠᠨ ᠪᠦᠷᠢᠳᠬᠡᠬᠦ ᠶᠢ ᠴᠢᠩᠭᠠᠳᠬᠠᠨ᠂ ᠠᠪᠤᠷᠠᠨ ᠲᠤᠰᠠᠯᠠᠬᠤ ᠡᠲᠡᠭᠡᠳ ᠢ ᠣᠨᠣᠪᠴᠢᠲᠠᠶ | ᠢᠯᠭᠠᠨ ᠲᠠᠨᠢᠨ᠎ᠠ᠃ | 8᠂ ᠡᠮᠡᠭᠲᠡᠶᠢᠴᠦᠳ ᠤᠨ ᠬᠠᠮᠲᠤᠯᠢᠭ ᠤᠨ ᠨᠡᠶᠢᠭᠡᠮ ᠤᠨ ᠠᠰᠠᠷᠠᠮᠵᠢ ᠶᠢᠨ ᠬᠡᠷᠡᠭᠴᠡᠭᠡ ᠶᠢ ᠨᠠᠩ ᠰᠠᠶᠢᠨ | ᠬᠠᠩᠭᠠᠨ᠎ᠠ᠃ ᠨᠡᠶᠢᠭᠡᠮ ᠤᠨ ᠠᠰᠠᠷᠠᠮᠵᠢ ᠶᠢᠨ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠠᠰᠠᠷᠠᠮᠵᠢ ᠶᠢᠨ ᠬᠦᠷᠢᠶ᠎ᠡ | ᠬᠡᠪᠴᠢᠶ᠎ᠡ ᠶᠢ ᠥᠷᠭᠡᠳᠬᠡᠵᠦ᠂ ᠡᠮᠡᠭᠲᠡᠶᠢᠴᠦᠳ ᠤᠨ ᠨᠡᠶᠢᠭᠡᠮ ᠤᠨ ᠠᠰᠠᠷᠠᠮᠵᠢ ᠶᠢᠨ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ᠭᠡᠷ ᠲᠡᠭᠡᠨ ᠬᠤᠴᠣᠷᠤᠭᠰᠠᠨ ᠭᠡᠷ ᠪᠦᠯᠢ᠂ ᠨᠠᠰᠤᠲᠠᠶᠢᠴᠤᠳ ᠢ ᠠᠰᠠᠷᠠᠬᠤ ᠭᠡᠷ ᠪᠦᠯᠢ᠂ ᠭᠠᠭᠴᠠ | ᠬᠡᠦᠬᠡᠳ ᠢᠶᠠᠨ ᠠᠯᠳᠠᠭᠰᠠᠨ ᠭᠡᠷ ᠪᠦᠯᠢ ᠶᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠲᠣᠭᠲᠠᠴᠠ ᠶᠢ | ᠨᠠᠶᠢᠳᠠᠪᠤᠷᠢᠵᠢᠭᠤᠯᠵᠤ᠂ ᠥᠨᠳᠥᠷ ᠨᠠᠰᠤᠲᠠᠢ ᠨᠠᠰᠤᠲᠠᠶᠢᠴᠤᠳ ᠤᠨ ᠨᠡᠮᠡᠭᠦᠷᠢ ᠮᠥᠩᠭᠦ᠂ ᠠᠵᠤ ᠠᠬᠤᠢ ᠶᠢᠨ | ᠬᠦᠴᠢᠷᠳᠡᠯ ᠲᠠᠢ ᠨᠠᠰᠤᠲᠠᠶᠢᠴᠤᠳ ᠤᠨ ᠨᠠᠰᠤᠵᠢᠯ ᠤᠨ ᠦᠢᠯᠡᠴᠢᠯᠡᠭᠡᠨ ᠤ ᠨᠥᠬᠦᠪᠦᠷᠢ ᠪᠠ ᠴᠢᠳᠠᠪᠤᠷᠢ ᠪᠠᠨ ᠠᠯᠳᠠᠭᠰᠠᠨ | ᠨᠠᠰᠤᠲᠠᠶᠢᠴᠤᠳ ᠢ ᠠᠰᠠᠷᠠᠨ ᠰᠤᠪᠢᠯᠠᠬᠤ ᠨᠥᠬᠦᠪᠦᠷᠢ ᠵᠡᠷᠭᠡ ᠣᠯᠭᠤᠮᠵᠢ ᠶᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ | ᠵᠡᠮᠳᠡᠭᠴᠦᠳ ᠤᠨ ᠲᠤᠰᠬᠠᠢ ᠠᠰᠠᠷᠠᠮᠵᠢ ᠶᠢᠨ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠨᠥᠬᠦᠪᠦᠷᠢ ᠶᠢᠨ | ᠪᠠᠷᠢᠮᠵᠢᠶ᠎ᠠ ᠶᠢ ᠳᠡᠭᠡᠭᠰᠢᠯᠡᠭᠦᠯᠵᠦ᠂ ᠵᠡᠮᠳᠡᠭ ᠡᠮᠡᠭᠲᠡᠶᠢᠴᠦᠳ ᠤᠨ ᠣᠨᠴᠠᠭᠠᠶ ᠬᠡᠷᠡᠭᠴᠡᠭᠡ ᠳᠤ ᠲᠣᠬᠢᠷᠠᠭᠰᠠᠨ ᠤᠯᠠᠨ | ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠥᠷᠭᠡᠳᠬᠡᠨ᠎ᠡ᠃ | 9᠂ ᠡᠮᠡᠭᠲᠡᠶᠢᠴᠦᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠭᠥᠷᠳᠡᠬᠦ ᠶᠢ ᠪᠠᠲᠤᠯᠠᠨ᠎ᠠ᠃ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠦᠭᠦᠭᠡᠷᠦᠮᠵᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ | ᠰᠤᠪᠢᠯᠠᠬᠤ ᠮᠠᠶ᠋ᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢ ᠭᠤᠣᠯᠳᠠᠯᠭ᠎ᠠ ᠲᠠᠢ | ᠬᠥᠭᠵᠢᠭᠦᠯᠵᠦ᠂ ᠴᠢᠳᠠᠪᠤᠷᠢ ᠪᠠᠨ ᠠᠯᠳᠠᠭᠰᠠᠨ᠂ ᠴᠢᠳᠠᠪᠤᠷᠢ ᠪᠠᠨ ᠬᠠᠭᠠᠰ ᠠᠯᠳᠠᠭᠰᠠᠨ ᠨᠠᠰᠤᠲᠠᠢ ᠡᠮᠡᠭᠲᠡᠶᠢᠴᠦᠳ ᠤᠨ | ᠨᠠᠰᠤᠵᠢᠯ ᠤᠨ ᠠᠰᠠᠷᠠᠮᠵᠢ ᠶᠢᠨ ᠰᠤᠪᠢᠯᠠᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠭᠤᠤᠯᠳᠠᠯᠭ᠎ᠠ ᠲᠠᠢ ᠬᠦᠭᠵᠢᠭᠦᠯᠦᠨ᠎ᠡ᠃ | ᠭᠡᠷ ᠲᠡᠭᠡᠨ ᠰᠠᠭᠤᠵᠤ ᠪᠠᠶᠢᠭ᠎ᠠ ᠨᠡᠶᠢᠭᠡᠮ ᠲᠣᠭᠤᠷᠢᠭ ᠤᠨ ᠪᠠᠶᠢᠭᠤᠯᠤᠮᠵᠢ ᠶᠢ ᠬᠠᠷᠢᠯᠴᠠᠨ ᠵᠣᠬᠢᠴᠠᠭᠤᠯᠤᠭᠰᠠᠨ᠂ ᠡᠮᠨᠡᠬᠦ | ᠡᠷᠡᠭᠦᠯᠵᠢᠭᠦᠯᠬᠦ ᠰᠤᠪᠢᠯᠠᠬᠤ ᠶᠢ ᠤᠶᠠᠯᠳᠤᠭᠤᠯᠤᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ | ᠲᠦᠷᠭᠡᠪᠴᠢᠯᠡᠨ ᠪᠠᠶᠢᠭᠤᠯᠵᠤ᠂ ᠲᠦᠭᠡᠮᠡᠯ ᠬᠠᠷᠠᠭᠠᠯᠵᠠᠯᠠᠯ ᠦᠵᠡᠭᠦᠯᠬᠦ ᠮᠠᠶ᠋ᠢᠭ ᠤᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡ ᠶᠢ ᠶᠡᠭᠡ ᠪᠠᠷ ᠬᠥᠭᠵᠢᠭᠦᠯᠦᠨ᠎ᠡ᠃ ᠨᠡᠶᠢᠭᠡᠮ ᠲᠣᠭᠤᠷᠢᠭ ᠤᠨ ᠭᠡᠷ ᠲᠡᠭᠡᠨ ᠰᠠᠭᠤᠵᠤ ᠪᠠᠶᠢᠭ᠎ᠠ | ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠲᠣᠣᠷ ᠰᠦᠯᠵᠢᠶ᠎ᠡ ᠶᠢ ᠲᠡᠭᠦᠯᠳᠡᠷᠵᠢᠭᠦᠯᠵᠦ᠂ ᠨᠠᠰᠤᠵᠢᠬᠤ ᠳᠤ | ᠲᠣᠬᠢᠷᠠᠬᠤ ᠥᠭᠡᠷᠡᠴᠢᠯᠡᠯᠲᠡ ᠶᠢ ᠠᠬᠢᠭᠤᠯᠤᠨ᠂ ᠲᠤᠰᠬᠠᠢ ᠪᠠᠶᠢᠭᠤᠯᠤᠮᠵᠢ ᠶᠢᠨ ᠦᠢᠯᠡᠴᠢᠯᠡᠭᠡ ᠶᠢ ᠨᠡᠶᠢᠭᠡᠮ ᠲᠣᠭᠤᠷᠢᠭ | ᠪᠠ ᠭᠡᠷ ᠪᠦᠯᠢ ᠳᠠᠰᠢ ᠤᠷᠲᠤᠳᠬᠠᠬᠤ ᠶᠢ ᠠᠬᠢᠭᠤᠯᠤᠨ᠎ᠠ᠃ ᠠᠯᠪᠠᠨ ᠠᠴᠠ ᠡᠷᠭᠢᠯᠡᠭᠰᠡᠨ ᠨᠠᠰᠤᠵᠢᠯ ᠤᠨ ᠠᠰᠠᠷᠠᠮᠵᠢ ᠶᠢᠨ | ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠪᠤᠷᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠠᠯᠪᠠᠨ ᠠᠴᠠ | ᠪᠠᠶᠢᠭᠤᠯᠵᠤ ᠠᠷᠠᠳ ᠠᠴᠠ ᠡᠵᠡᠩᠨᠡᠬᠦ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠦᠢᠯᠡᠴᠢᠯᠡᠭᠡᠨ ᠤ | ᠴᠢᠳᠠᠪᠤᠷᠢ ᠲᠠᠢ ᠪᠠᠨ ᠤᠶᠠᠯᠳᠤᠭᠤᠯᠤᠨ ᠦᠢᠯᠡᠴᠢᠯᠡᠬᠦ ᠡᠲᠡᠭᠡᠳ ᠢᠶᠠᠨ ᠵᠣᠬᠢᠰᠲᠠᠢ ᠥᠷᠭᠡᠳᠬᠡᠵᠦ᠂ ᠠᠵᠤ ᠠᠬᠤᠢ ᠶᠢᠨ | ᠬᠦᠴᠢᠷᠳᠡᠯ ᠲᠠᠢ ᠴᠢᠳᠠᠪᠤᠷᠢ ᠪᠠᠨ ᠠᠯᠳᠠᠭᠰᠠᠨ ᠣᠶᠤᠨ ᠤᠬᠠᠭᠠᠨ ᠢᠶᠠᠨ ᠠᠯᠳᠠᠭᠰᠠᠨ᠂ ᠲᠥᠯᠥᠪᠯᠡᠭᠡᠲᠦ ᠦᠷᠡᠵᠢᠯ ᠤᠨ | ᠤᠨᠴᠠᠭᠠᠢ ᠭᠡᠷ ᠪᠦᠯᠢ ᠶᠢᠨ ᠨᠠᠰᠤᠲᠠᠶᠢᠴᠤᠳ ᠲᠤ ᠭᠤᠣᠯᠳᠠᠯᠭ᠎ᠠ ᠲᠠᠢ ᠪᠠᠷ ᠨᠠᠶᠢᠳᠠᠨ ᠠᠰᠠᠷᠠᠭᠤᠯᠬᠤ ᠦᠢᠯᠡᠴᠢᠯᠡᠭᠡ | ᠬᠠᠩᠭᠠᠨ᠎ᠠ᠃ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠣᠯᠠᠨ ᠡᠰᠢᠵᠢᠭᠰᠡᠨ᠂ ᠳᠥᠭᠦᠮᠴᠢᠯᠡᠭᠰᠡᠨ᠂ | ᠥᠪᠡᠷᠮᠢᠴᠡ ᠦᠢᠯᠡᠴᠢᠯᠡᠭᠡ ᠬᠠᠩᠭᠠᠬᠤ ᠶᠢ ᠠᠬᠢᠭᠤᠯᠵᠤ᠂ ᠨᠠᠰᠤᠲᠠᠢ ᠡᠮᠡᠭᠲᠡᠶᠢᠴᠦᠳ ᠤᠨ ᠠᠮᠢᠳᠤᠷᠠᠯ ᠢ ᠬᠠᠷᠠᠭᠠᠯᠵᠠᠬᠤ᠂ | ᠪᠠᠴᠢᠮ ᠠᠪᠤᠷᠠᠨ ᠲᠤᠰᠠᠯᠠᠬᠤ᠂ ᠣᠶᠤᠨ ᠰᠠᠨᠠᠭᠠᠨ ᠤ ᠲᠠᠶᠢᠳᠬᠤᠷᠠᠭᠤᠯᠤᠯ ᠵᠡᠷᠭᠡ ᠦᠢᠯᠡᠴᠢᠯᠡᠭᠡᠨ ᠤ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠠ ᠡᠮᠨᠡᠯᠭᠡ ᠶᠢᠨ ᠠᠵᠢᠯᠲᠠᠨ ᠤ ᠭᠡᠷ ᠲᠡᠭᠡᠨ | ᠰᠠᠭᠤᠵᠤ ᠪᠠᠶᠢᠭ᠎ᠠ ᠨᠡᠶᠢᠭᠡᠮ ᠲᠣᠭᠤᠷᠢᠭ ᠤᠨ ᠪᠠᠶᠢᠭᠤᠯᠤᠮᠵᠢ ᠶᠢᠨ ᠡᠷᠡᠭᠦᠯᠵᠢᠯ ᠨᠠᠰᠤᠵᠢᠯ ᠤᠨ ᠦᠢᠯᠡᠴᠢᠯᠡᠭᠡ ᠳᠤ | ᠣᠷᠤᠯᠴᠠᠬᠤ ᠶᠢ ᠠᠬᠢᠭᠤᠯᠤᠨ᠎ᠠ᠃ ᠨᠡᠶᠢᠭᠡᠮ ᠤᠨ ᠬᠦᠴᠦᠨ ᠤ ᠨᠡᠶᠢᠳᠡᠮ ᠬᠠᠷᠠᠭᠠᠯᠵᠠᠬᠤ ᠮᠠᠶ᠋ᠢᠭ ᠤᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠬᠠᠩᠭᠠᠯᠭ᠎ᠠ ᠶᠢ ᠥᠷᠭᠡᠳᠬᠡᠬᠦ ᠶᠢ ᠳᠡᠮᠵᠢᠵᠦ᠂ ᠬᠥᠷᠰᠢ ᠵᠡᠷᠭᠡᠯᠡᠳᠡᠭᠡ ᠶᠢᠨ | ᠬᠤᠭᠤᠷᠣᠨᠳᠣᠬᠢ ᠬᠠᠷᠢᠯᠴᠠᠨ ᠬᠠᠪᠰᠤᠷᠤᠯᠴᠠᠬᠤ ᠴᠢᠨᠠᠷᠲᠠᠢ ᠨᠠᠰᠤᠵᠢᠯ ᠤᠨ ᠠᠰᠠᠷᠠᠮᠵᠢ ᠶᠢ ᠳᠡᠮᠵᠢᠨ᠎ᠡ᠃ ᠨᠠᠰᠤᠵᠢᠯ ᠤᠨ | ᠠᠰᠠᠷᠠᠮᠵᠢ ᠶᠢᠨ ᠬᠡᠯᠪᠡᠷᠢ ᠶᠢᠨ ᠴᠢᠳᠠᠪᠤᠷᠢᠲᠠᠨ ᠢ ᠬᠥᠮᠥᠵᠢᠭᠦᠯᠬᠦ ᠡᠷᠴᠢᠮ ᠢ ᠴᠢᠩᠭᠠᠷᠠᠭᠤᠯᠵᠤ᠂ ᠥᠨᠳᠥᠷ ᠬᠡᠪ | ᠴᠢᠨᠠᠷ ᠲᠠᠢ᠂ ᠲᠤᠰᠬᠠᠶᠢᠵᠢᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠡᠩᠨᠡᠭᠡ ᠶᠢ ᠪᠠᠶᠢᠭᠤᠯᠤᠨ᠎ᠠ᠃ | ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ︽ᠣᠶᠤᠨᠲᠤ ᠨᠠᠰᠤᠵᠢᠯ ᠤᠨ ᠠᠰᠠᠷᠠᠮᠵᠢ︾ ᠶᠢᠨ ᠦᠢᠯᠡᠴᠢᠯᠡᠭᠡᠨ ᠤ | ᠲᠠᠪᠴᠠᠩ ᠤᠨ ᠪᠦᠲᠦᠭᠡᠨ ᠪᠠᠶᠢᠭᠤᠯᠤᠯᠲᠠ ᠳᠤ ᠲᠦᠰᠢᠭᠯᠡᠨ᠂ ᠲᠣᠭᠤᠷᠢᠭ᠂ ᠪᠠᠯᠭᠠᠰᠤ ᠵᠡᠭᠡᠯᠢ ᠭᠤᠳᠤᠮᠵᠢ᠂ ᠲᠣᠰᠬᠤᠨ | ᠨᠡᠶᠢᠭᠡᠮ ᠲᠣᠭᠤᠷᠢᠭ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠭᠰᠡᠨ ᠨᠠᠰᠤᠵᠢᠯ ᠤᠨ ᠦᠢᠯᠡᠴᠢᠯᠡᠭᠡᠨ ᠤ | ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢ ᠴᠢᠷᠮᠠᠶᠢᠨ ᠪᠠᠶᠢᠭᠤᠯᠵᠤ᠂ ᠦᠢᠯᠡᠴᠢᠯᠡᠭᠡ ᠬᠢᠭᠡᠳ ᠬᠢᠨᠠᠯᠲᠠ | ᠬᠠᠮᠢᠶᠠᠷᠤᠯᠲᠠ ᠶᠢ ᠨᠢᠭᠡ ᠴᠣᠭᠴᠠᠵᠢᠭᠤᠯᠤᠭᠰᠠᠨ ᠣᠶᠤᠨᠲᠤ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠣᠶ | ᠪᠣᠯᠭᠠᠨ᠎ᠠ᠃ | 10᠂ ᠣᠯᠠᠨ ᠲᠠᠰ ᠳᠠᠪᠬᠤᠷᠭ᠎ᠠ ᠶᠢᠨ ᠣᠷᠳᠣ ᠬᠤᠭᠤᠴᠠᠭᠠᠨ ᠤ ᠬᠠᠷᠠᠭᠠᠯᠵᠠᠨ ᠠᠰᠠᠷᠠᠬᠤ ᠪᠠᠲᠤᠯᠠᠭ᠎ᠠ ᠶᠢᠨ | ᠳᠦᠷᠢᠮ ᠢ ᠪᠠᠶᠢᠭᠤᠯᠤᠨ᠎ᠠ᠃ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠢ ᠰᠦᠪᠡᠭᠴᠢᠯᠡᠨ | ᠪᠠᠶᠢᠭᠤᠯᠵᠤ᠂ ᠴᠢᠳᠠᠪᠤᠷᠢ ᠪᠠᠨ ᠠᠯᠳᠠᠭᠰᠠᠨ ᠪᠤᠶᠤ ᠬᠠᠭᠠᠰ ᠠᠯᠳᠠᠭᠰᠠᠨ ᠡᠮᠡᠭᠲᠡᠶᠢᠴᠦᠳ ᠤᠨ ᠣᠷᠳᠣ ᠬᠤᠭᠤᠴᠠᠭᠠᠨ ᠤ | ᠰᠤᠪᠢᠯᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ | ᠰᠤᠪᠢᠯᠠᠬᠤ ᠬᠡᠯᠪᠡᠷᠢ ᠶᠢᠨ ᠣᠷᠣ ᠶᠢᠨ ᠬᠠᠩᠭᠠᠯᠭ᠎ᠠ ᠶᠢ ᠥᠷᠭᠡᠳᠬᠡᠵᠦ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠰᠤᠪᠢᠯᠠᠬᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠭᠡᠷ ᠪᠦᠯᠢ ᠶᠢᠨ ᠠᠰᠠᠷᠠᠨ ᠬᠠᠷᠠᠭᠠᠯᠵᠠᠭᠰᠠᠳ ᠲᠤ | ᠬᠠᠷᠠᠭᠠᠯᠵᠠᠨ ᠠᠰᠠᠷᠠᠬᠤ ᠪᠣᠯᠪᠠᠰᠤᠷᠠᠭᠤᠯᠤᠯ᠂ ᠰᠡᠳᠬᠢᠴᠡ ᠶᠢᠨ ᠵᠢᠯᠣᠭᠤᠳᠤᠯᠭ᠎ᠠ ᠵᠡᠷᠭᠡ ᠳᠡᠮᠵᠢᠯᠭᠡ ᠬᠠᠩᠭᠠᠨ᠎ᠠ᠃ | ᠣᠨᠴᠠᠭᠠᠶ ᠬᠦᠴᠢᠷᠳᠡᠯ ᠳᠤ ᠲᠤᠯᠭᠠᠷᠠᠭᠰᠠᠨ ᠴᠢᠳᠠᠪᠤᠷᠢ ᠪᠠᠨ ᠠᠯᠳᠠᠭᠰᠠᠨ ᠨᠠᠰᠤᠲᠠᠶᠢᠴᠤᠳ ᠢ ᠡᠷᠬᠢᠨ ᠦᠵᠡᠵᠦ | ᠬᠠᠯᠠᠮᠵᠢᠯᠠᠨ ᠬᠠᠶᠢᠷᠠᠯᠠᠬᠤ ᠳᠦᠷᠢᠮ ᠢ ᠲᠡᠭᠦᠯᠳᠡᠷᠵᠢᠭᠦᠯᠵᠦ᠂ ᠨᠠᠰᠤᠲᠠᠶᠢᠴᠤᠳ ᠲᠤ ᠦᠢᠯᠡᠴᠢᠯᠡᠬᠦ ᠨᠡᠶᠢᠭᠡᠮ ᠤᠨ | ᠠᠵᠢᠯᠲᠠᠨ᠂ ᠰᠠᠶᠢᠨ ᠳᠤᠷ᠎ᠠ ᠶᠢᠨ ᠠᠵᠢᠯᠯᠠᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠲᠦᠷᠭᠡᠳᠬᠡᠨ᠎ᠡ᠃ | 11᠂ ᠡᠮᠡᠭᠲᠡᠶᠢᠴᠦᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠬᠥᠳᠡᠭᠡ ᠲᠣᠰᠬᠤᠨ ᠤ ᠭᠡᠷ ᠢᠶᠠᠨ ᠰᠠᠬᠢᠵᠤ ᠬᠤᠴᠣᠷᠤᠭᠰᠠᠨ ᠡᠮᠡᠭᠲᠡᠶᠢᠴᠦᠳ ᠢ ᠬᠠᠯᠠᠮᠵᠢᠯᠠᠬᠤ ᠠᠵᠢᠯᠯᠠᠭ᠎ᠠ ᠶᠢ | ᠦᠷᠨᠢᠭᠦᠯᠦᠨ᠎ᠡ᠃ ᠬᠥᠳᠡᠭᠡ ᠲᠣᠰᠬᠤᠨ ᠤ ᠭᠡᠷ ᠢᠶᠠᠨ ᠰᠠᠬᠢᠵᠤ ᠬᠤᠴᠣᠷᠤᠭᠰᠠᠨ ᠡᠮᠡᠭᠲᠡᠶᠢᠴᠦᠳ ᠤᠨ ᠮᠡᠳᠡᠭᠡ | ᠵᠠᠩᠭᠢ ᠶᠢᠨ ᠡᠬᠡ ᠲᠠᠩᠰᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠥᠷᠥᠯ ᠬᠤᠪᠢᠶᠠᠨ ᠬᠠᠮᠢᠶᠠᠷᠬᠤ ᠪᠠ | ᠦᠢᠯᠡᠴᠢᠯᠡᠬᠦ ᠶᠢ ᠴᠢᠩᠭᠠᠳᠬᠠᠨ᠎ᠠ᠃ ᠬᠥᠳᠡᠭᠡ ᠲᠣᠰᠬᠤᠨ ᠤ ᠭᠡᠷ ᠢᠶᠠᠨ ᠰᠠᠬᠢᠵᠤ ᠬᠤᠴᠣᠷᠤᠭᠰᠠᠨ ᠡᠮᠡᠭᠲᠡᠶᠢᠴᠦᠳ ᠤᠨ | ᠠᠳᠠᠯ ᠦᠢᠯᠡᠰ ᠴᠣᠭᠴᠠᠯᠠᠬᠤ ᠬᠥᠭᠵᠢᠯᠲᠡ ᠳᠤ ᠢᠳᠡᠪᠬᠢᠲᠡᠢ ᠪᠠᠷ ᠲᠠᠪᠴᠠᠩ ᠪᠠᠶᠢᠭᠤᠯᠤᠨ᠂ ᠦᠢᠯᠡᠴᠢᠯᠡᠭᠡ ᠬᠠᠩᠭᠠᠨ᠎ᠠ᠃ | ᠭᠡᠷ ᠲᠡᠭᠡᠨ ᠬᠤᠴᠣᠷᠤᠭᠰᠠᠨ ᠡᠮᠡᠭᠲᠡᠶᠢᠴᠦᠳ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠭᠡᠷ | ᠪᠦᠯᠢ ᠶᠢᠨ ᠪᠣᠯᠪᠠᠰᠤᠨ ᠤ ᠪᠠᠶᠢᠭᠤᠯᠤᠯᠲᠠ ᠳᠤ ᠢᠳᠡᠪᠬᠢᠲᠡᠢ ᠣᠷᠤᠯᠴᠠᠬᠤ ᠶᠢ ᠳᠡᠮᠵᠢᠵᠦ᠂ ᠬᠥᠳᠡᠭᠡ ᠲᠣᠰᠬᠤᠨ ᠢ | ᠵᠠᠰᠠᠬᠤ᠂ ᠬᠥᠷᠰᠢ ᠵᠡᠷᠭᠡᠯᠡᠳᠡᠭᠡ ᠪᠠᠷ ᠢᠶᠠᠨ ᠬᠠᠷᠢᠯᠴᠠᠨ ᠬᠠᠪᠰᠤᠷᠤᠯᠴᠠᠬᠤ᠂ ᠭᠡᠷ ᠲᠡᠭᠡᠨ ᠬᠤᠴᠣᠷᠤᠭᠰᠠᠨ ᠨᠠᠰᠤᠲᠠᠨ | ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠳᠤ ᠢᠳᠡᠪᠬᠢᠲᠡᠢ ᠦᠢᠯᠡᠳᠦᠯ ᠢᠶᠠᠨ ᠪᠠᠳᠠᠷᠠᠭᠤᠯᠤᠨ᠎ᠠ᠃ ᠬᠥᠳᠡᠭᠡ | ᠲᠣᠰᠬᠤᠨ ᠤ ᠭᠡᠷ ᠢᠶᠠᠨ ᠰᠠᠬᠢᠵᠤ ᠬᠤᠴᠣᠷᠤᠭᠰᠠᠨ ᠬᠦᠴᠢᠷᠳᠡᠯ ᠲᠠᠢ᠂ ᠬᠡᠷᠡᠭᠴᠡᠭᠡ ᠱᠠᠭᠠᠷᠳᠠᠯᠭ᠎ᠠ ᠲᠠᠢ | ᠡᠮᠡᠭᠲᠡᠶᠢᠴᠦᠳ ᠲᠤ ᠡᠷᠬᠡ ᠠᠰᠢᠭ ᠢ ᠬᠠᠮᠠᠭᠠᠯᠠᠬᠤ᠂ ᠦᠢᠯᠡᠳᠪᠦᠷᠢᠯᠡᠯ ᠢᠶᠠᠷ ᠬᠠᠪᠰᠤᠷᠤᠨ ᠲᠡᠳᠬᠦᠬᠦ᠂ ᠬᠥᠮᠥᠨ ᠤ | ᠪᠡᠶ᠎ᠡ ᠶᠢᠨ ᠠᠮᠤᠷ ᠲᠦᠪᠰᠢᠨ᠂ ᠣᠶᠤᠨ ᠰᠠᠨᠠᠭᠠᠨ ᠤ ᠲᠠᠶᠢᠳᠬᠤᠷᠠᠭᠤᠯᠤᠯ᠂ ᠭᠡᠷ ᠪᠦᠯᠢ ᠶᠢᠨ ᠬᠥᠮᠦᠵᠢᠯ ᠤᠨ ᠳᠡᠮᠵᠢᠯᠭᠡ | ᠵᠡᠷᠭᠡ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠬᠠᠩᠭᠠᠨ᠎ᠠ᠃ | ︵ᠵᠢᠷᠭᠤᠭ᠎ᠠ︶ ᠡᠮᠡᠭᠲᠡᠶᠢᠴᠦᠳ ᠬᠢᠭᠡᠳ ᠭᠡᠷ ᠪᠦᠯᠢ ᠶᠢᠨ ᠪᠦᠲᠦᠭᠡᠨ ᠪᠠᠶᠢᠭᠤᠯᠤᠯᠲᠠ | ᠭᠤᠣᠯ ᠬᠠᠷᠠᠯᠲᠠ᠄ | 1᠂ ᠰᠢᠨ᠎ᠡ ᠴᠠᠭ ᠦᠶ᠎ᠡ ᠶᠢᠨ ᠭᠡᠷ ᠪᠦᠯᠢ ᠶᠢᠨ ᠦᠵᠡᠯᠲᠡ ᠶᠢ ᠪᠣᠶ ᠪᠣᠯᠭᠠᠵᠤ᠂ ᠤᠯᠤᠰ ᠢᠶᠠᠨ ᠬᠠᠶᠢᠷᠠᠯᠠᠵᠤ | ᠭᠡᠷ ᠢᠶᠠᠨ ᠬᠠᠶᠢᠷᠠᠯᠠᠬᠤ᠂ ᠬᠠᠷᠢᠯᠴᠠᠨ ᠬᠠᠶᠢᠷᠠᠯᠠᠬᠤ᠂ ᠥᠭᠡᠳᠡᠯᠡᠨ ᠳᠠᠪᠰᠢᠬᠤ᠂ ᠬᠠᠮᠲᠤ ᠪᠠᠷ ᠪᠠᠶᠢᠭᠤᠯᠵᠤ ᠬᠠᠮᠲᠤ ᠪᠠᠷ | ᠡᠳ᠋ᠯᠡᠬᠦ ᠨᠡᠶᠢᠭᠡᠮ ᠵᠢᠷᠤᠮ ᠤᠨ ᠭᠡᠷ ᠪᠦᠯᠢ ᠶᠢᠨ ᠪᠣᠯᠪᠠᠰᠤᠨ ᠤ ᠰᠢᠨ᠎ᠡ ᠬᠡᠪ ᠰᠤᠷᠲᠠᠯ ᠢ ᠪᠠᠳᠠᠷᠠᠭᠤᠯᠵᠤ᠂ ᠨᠡᠶᠢᠭᠡᠮ | ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢᠨ ᠭᠡᠷ ᠪᠦᠯᠢ ᠳᠤ ᠦᠨᠳᠦᠰᠦ ᠬᠠᠳᠬᠤᠬᠤ ᠶᠢ ᠠᠬᠢᠭᠤᠯᠤᠨ᠎ᠠ᠃ | 2᠂ ᠡᠮᠡᠭᠲᠡᠶᠢᠴᠦᠳ ᠤᠨ ᠭᠡᠷ ᠪᠦᠯᠢ ᠶᠢᠨ ᠠᠮᠢᠳᠤᠷᠠᠯ ᠳᠠᠬᠢ ᠥᠪᠡᠷᠮᠢᠴᠡ ᠦᠢᠯᠡᠳᠦᠯ ᠢ ᠭᠦᠢᠴᠡᠳ | ᠪᠠᠳᠠᠷᠠᠭᠤᠯᠵᠤ᠂ ᠡᠮᠡᠭᠲᠡᠶᠢᠴᠦᠳ ᠤᠨ ᠵᠣᠯ ᠵᠢᠷᠭᠠᠯᠲᠤ ᠠᠮᠤᠷ ᠠᠮᠤᠭᠤᠯᠠᠩ ᠭᠡᠷ ᠪᠦᠯᠢ ᠶᠢᠨ ᠪᠦᠲᠦᠭᠡᠨ ᠪᠠᠶᠢᠭᠤᠯᠤᠭᠴᠢ᠂ | ᠰᠠᠨᠠᠭᠠᠴᠢᠯᠠᠭᠴᠢ ᠪᠣᠯᠬᠤ ᠶᠢ ᠳᠡᠮᠵᠢᠨ᠎ᠡ᠃ ᠭᠡᠷ ᠪᠦᠯᠢ ᠶᠢᠨ ᠬᠥᠮᠦᠵᠢᠯ ᠭᠡᠷ ᠤᠨ ᠰᠤᠷᠲᠠᠯ ᠤᠨ ᠦᠨᠳᠦᠰᠦᠨ ᠱᠠᠲᠤᠨ ᠤ | ᠨᠡᠶᠢᠭᠡᠮ ᠤᠨ ᠵᠠᠰᠠᠯᠲᠠ ᠳᠤ ᠴᠢᠬᠤᠯᠠ ᠦᠢᠯᠡᠳᠦᠯ ᠪᠠᠳᠠᠷᠠᠭᠤᠯᠬᠤ ᠶᠢ ᠲᠦᠯᠬᠢᠨ ᠠᠬᠢᠭᠤᠯᠤᠨ᠎ᠠ᠃ | 3᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠪᠠ ᠡᠮᠡᠭᠲᠡᠶᠢᠴᠦᠳ ᠤᠨ ᠪᠥᠬᠦ ᠲᠠᠯ᠎ᠠ ᠶᠢᠨ ᠬᠥᠭᠵᠢᠯᠲᠡ ᠶᠢ | ᠠᠬᠢᠭᠤᠯᠬᠤ ᠭᠡᠷ ᠪᠦᠯᠢ ᠶᠢᠨ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠬᠡᠷᠡᠭᠵᠢᠭᠦᠯᠬᠦ ᠶᠢ ᠠᠬᠢᠭᠤᠯᠵᠤ᠂ ᠭᠡᠷ | ᠪᠦᠯᠢ ᠶᠢᠨ ᠴᠢᠳᠠᠮᠵᠢ ᠶᠢ ᠨᠡᠮᠡᠭᠳᠡᠭᠦᠯᠦᠨ᠂ ᠭᠡᠷ ᠪᠦᠯᠢ ᠶᠢᠨ ᠬᠥᠭᠵᠢᠯᠲᠡ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ | 4᠂ ᠭᠡᠷ ᠪᠦᠯᠢ ᠶᠢᠨ ᠬᠦᠷᠢᠶᠡᠨ ᠳᠤ ᠢᠯᠡᠷᠡᠭᠰᠡᠨ ᠰᠢᠨ᠎ᠡ ᠪᠠᠶᠢᠳᠠᠯ᠂ ᠰᠢᠨ᠎ᠡ ᠠᠰᠠᠭᠤᠳᠠᠯ ᠢ ᠰᠤᠳᠤᠯᠬᠤ ᠶᠢ | ᠵᠣᠷᠢᠭᠵᠢᠭᠤᠯᠤᠨ᠎ᠠ᠃ | 5᠂ ᠭᠡᠷ ᠪᠦᠯᠢ ᠬᠢᠭᠡᠳ ᠡᠮᠡᠭᠲᠡᠶᠢᠴᠦᠳ ᠤᠨ ᠪᠥᠬᠦ ᠲᠠᠯ᠎ᠠ ᠪᠠᠷ ᠬᠥᠭᠵᠢᠬᠦ ᠶᠢ ᠳᠡᠮᠵᠢᠬᠦ ᠣᠯᠠᠨ ᠨᠡᠶᠢᠲᠡ ᠶᠢᠨ | ᠦᠢᠯᠡᠴᠢᠯᠡᠭᠡᠨ ᠢ ᠥᠷᠭᠡᠳᠬᠡᠨ᠎ᠡ᠃ | 6᠂ ᠡᠷᠡᠭᠲᠡᠢ ᠡᠮᠡᠭᠲᠡᠢ ᠡᠷᠬᠡ ᠲᠡᠭᠰᠢ᠂ ᠡᠶ᠎ᠡ ᠨᠠᠶᠢᠷᠲᠠᠢ᠂ ᠪᠣᠯᠪᠠᠰᠤᠨ ᠣᠷᠤᠭ ᠭᠡᠷ ᠪᠦᠯᠢ ᠶᠢᠨ ᠬᠠᠷᠢᠴᠠᠭ᠎ᠠ ᠶᠢ | ᠪᠠᠶᠢᠭᠤᠯᠬᠤ ᠶᠢ ᠰᠠᠨᠠᠭᠠᠴᠢᠯᠠᠵᠤ᠂ ᠰᠠᠶᠢᠨ ᠰᠠᠶᠢᠬᠠᠨ ᠭᠡᠷ ᠪᠦᠯᠢ ᠶᠢᠨ ᠣᠷᠴᠢᠨ ᠲᠣᠭᠤᠷᠢᠨ ᠢ ᠪᠣᠶ ᠪᠣᠯᠭᠠᠨ᠎ᠠ᠃ | 7᠂ ᠡᠷᠡᠭᠲᠡᠢ ᠡᠮᠡᠭᠲᠡᠢ ᠭᠡᠷ ᠤᠨ ᠠᠵᠢᠯ ᠢ ᠬᠠᠮᠲᠤ ᠪᠠᠷ ᠡᠭᠦᠷᠭᠡᠯᠡᠬᠦ᠂ ᠨᠠᠰᠤᠲᠠᠨ ᠢᠶᠠᠨ ᠠᠴᠢᠯᠠᠨ ᠲᠡᠵᠢᠭᠡᠬᠦ᠂ | ᠦᠷ᠎ᠡ ᠬᠡᠦᠬᠡᠳ ᠢᠶᠠᠨ ᠥᠰᠬᠡᠨ ᠪᠣᠶᠢᠵᠢᠭᠤᠯᠬᠤ ᠵᠡᠷᠭᠡ ᠭᠡᠷ ᠪᠦᠯᠢ ᠶᠢᠨ ᠬᠠᠷᠢᠭᠤᠴᠠᠯᠭ᠎ᠠ ᠶᠢ ᠬᠠᠮᠲᠤ ᠪᠠᠷ | ᠡᠭᠦᠷᠭᠡᠯᠡᠬᠦ ᠶᠢ ᠰᠠᠨᠠᠭᠠᠴᠢᠯᠠᠨ ᠲᠡᠮᠵᠢᠨ᠎ᠠ᠃ | 8᠂ ᠭᠡᠷ ᠪᠦᠯᠢ ᠶᠢᠨ ᠬᠥᠮᠦᠵᠢᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠴᠢᠭᠡ ᠡᠬᠡ ᠪᠣᠯᠣᠭᠰᠠᠳ | ᠬᠠᠮᠲᠤᠪᠠᠷ ᠡᠭᠦᠷᠭᠡᠯᠡᠬᠦ ᠦᠵᠡᠯ ᠤᠬᠠᠮᠰᠠᠷ ᠪᠠ ᠴᠢᠳᠠᠪᠤᠷᠢ ᠶᠢ ᠨᠡᠮᠡᠭᠳᠡᠭᠦᠯᠦᠨ᠎ᠡ᠃ | 9᠂ ᠤᠷᠤᠬ ᠭᠡᠷ ᠪᠦᠯᠢ ᠶᠢᠨ ᠵᠢᠭᠤᠷᠠᠯᠳᠤᠭᠠᠨ ᠢ ᠰᠡᠷᠭᠡᠶᠢᠯᠡᠨ ᠠᠷᠢᠯᠭᠠᠬᠤ ᠠᠵᠢᠯ ᠤᠨ ᠲᠣᠭᠲᠠᠴᠠ ᠶᠢ | ᠲᠡᠭᠦᠯᠳᠡᠷᠵᠢᠭᠦᠯᠵᠦ᠂ ᠬᠤᠳᠠ ᠶᠢᠨ ᠱᠠᠲᠤᠨ ᠤ ᠱᠠᠭᠠᠷᠳᠠᠯᠭ᠎ᠠ ᠶᠣᠰᠣᠭᠠᠷ ᠤᠷᠤᠬ ᠭᠡᠷ ᠪᠦᠯᠢ ᠶᠢᠨ ᠵᠢᠭᠤᠷᠠᠯᠳᠤᠭᠠᠨ ᠢ | ᠠᠷᠠᠳ ᠤᠨ ᠡᠶᠡᠳᠡᠭᠦᠯᠬᠦ ᠺᠣᠮᠢᠰ ᠢ ᠪᠠᠶᠢᠭᠤᠯᠵᠤ᠂ ᠭᠡᠷ ᠪᠦᠯᠢ ᠶᠢᠨ ᠬᠦᠴᠦᠷᠬᠡᠭᠯᠡᠯ ᠢ ᠰᠡᠷᠭᠡᠶᠢᠯᠡᠨ ᠬᠤᠷᠢᠭᠯᠠᠨ᠎ᠠ᠃ | ᠠᠷᠭ᠎ᠠ ᠪᠣᠳᠣᠯᠭ᠎ᠠ ᠠᠷᠭ᠎ᠠ ᠬᠡᠮᠵᠢᠶ᠎ᠡ᠄ | 1᠂ ᠭᠡᠷ ᠪᠦᠯᠢ ᠶᠢᠨ ᠪᠦᠷᠢᠯᠳᠦᠭᠦᠨ ᠤ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ | ᠦᠢᠯᠡᠳᠦᠯᠭᠡᠵᠢᠭᠦᠯᠬᠦ ᠶᠢ ᠠᠬᠢᠭᠤᠯᠤᠨ᠎ᠠ᠃ ᠰᠤᠷᠭᠠᠨ ᠬᠥᠮᠥᠵᠢᠭᠦᠯᠵᠦ ᠬᠥᠲᠥᠯᠥᠨ ᠵᠢᠯᠤᠭᠤᠳᠬᠤ᠂ ᠶᠠᠷᠢᠶ᠎ᠠ | ᠬᠡᠯᠡᠯᠴᠡᠭᠡᠨ ᠤ ᠤᠬᠠᠭᠤᠯᠭ᠎ᠠ᠂ ᠰᠣᠶᠣᠯ ᠤᠨ ᠬᠥᠮᠦᠵᠢᠯ᠂ ᠦᠢᠯᠡᠳᠦᠯᠭᠡ ᠶᠢᠨ ᠪᠣᠯᠪᠠᠰᠤᠷᠠᠯ ᠢ ᠴᠢᠩᠭᠠᠳᠬᠠᠵᠤ᠂ | ᠨᠠᠰᠤᠲᠠᠨ ᠢᠶᠠᠨ ᠬᠦᠨᠳᠦᠯᠡᠵᠦ ᠨᠢᠯᠬᠠᠰ ᠢᠶᠠᠨ ᠬᠠᠶᠢᠷᠠᠯᠠᠬᠤ᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ᠂ ᠡᠷ᠎ᠡ ᠡᠮ᠎ᠡ | ᠬᠤᠶᠠᠭᠤᠯᠠ ᠡᠶ᠎ᠡ ᠨᠠᠶᠢᠷᠲᠠᠢ ᠪᠠᠶᠢᠬᠤ᠂ ᠠᠵᠢᠯᠴᠢ ᠠᠷᠪᠢᠴᠢ ᠪᠠᠷ ᠠᠵᠤ ᠲᠦᠷᠦᠭᠦ᠂ ᠬᠥᠷᠰᠢ ᠵᠡᠷᠭᠡᠯᠡᠳᠡᠭᠡ ᠪᠠᠷ ᠢᠶᠠᠨ | ᠪᠦᠯᠬᠦᠮᠳᠡᠬᠦ ᠵᠡᠷᠭᠡ ᠭᠡᠷ ᠪᠦᠯᠢ ᠶᠢᠨ ᠰᠠᠶᠢᠬᠠᠨ ᠰᠤᠷᠲᠠᠯ ᠢ ᠤᠬᠠᠭᠤᠯᠵᠤ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ | ᠤᠯᠠᠮᠵᠢᠯᠠᠯᠲᠤ ᠭᠡᠷ ᠤᠨ ᠰᠤᠷᠲᠠᠯ᠂ ᠬᠤᠪᠢᠰᠬᠠᠯᠴᠢᠳ ᠤᠨ ᠬᠤᠪᠢᠰᠬᠠᠯᠲᠤ ᠭᠡᠷ ᠤᠨ ᠰᠤᠷᠲᠠᠯ ᠢ ᠪᠠᠳᠠᠷᠠᠭᠤᠯᠵᠤ᠂ | ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠦᠢᠯᠡᠳᠦᠯᠭᠡᠵᠢᠭᠦᠯᠬᠦ ᠣᠲᠣ ᠦᠶ᠎ᠡ ᠶᠢᠨ ᠭᠡᠷ ᠤᠨ | ᠰᠤᠷᠲᠠᠯ ᠢ ᠪᠠᠳᠠᠷᠠᠭᠤᠯᠤᠨ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠭᠡᠷ ᠪᠦᠯᠢ ᠶᠢᠨ ᠬᠥᠭᠡᠭᠡᠴᠡᠯᠳᠦᠯ ᠢ | ᠪᠡᠶᠡᠯᠡᠭᠦᠯᠵᠦ᠂ ᠡᠮᠡᠭᠲᠡᠶᠢᠴᠦᠳ ᠪᠠ ᠭᠡᠷ ᠪᠦᠯᠢ ᠶᠢᠨ ᠪᠦᠷᠢᠯᠳᠦᠭᠦᠨ ᠤ ᠤᠬᠠᠮᠰᠠᠷ ᠠᠴᠠ ᠪᠠᠨ ᠠᠮᠢᠳᠤᠷᠠᠬᠤᠢ ᠶᠢᠨ | ᠬᠦᠰᠡᠯ᠂ ᠭᠡᠷ ᠪᠦᠯᠢ ᠶᠢᠨ ᠵᠣᠯ ᠵᠢᠷᠭᠠᠯ ᠢᠶᠠᠨ ᠤᠯᠤᠰ ᠣᠷᠣᠨ ᠤ ᠪᠠᠶᠠᠨ ᠬᠦᠴᠦᠷᠬᠡᠭ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠠᠭᠤᠤ ᠦᠢᠯᠡᠰ ᠲᠤ ᠠᠭᠤᠰᠬᠠᠵᠤ᠂ ᠰᠢᠨ᠎ᠡ ᠴᠠᠭ ᠦᠶ᠎ᠡ ᠶᠢᠨ ᠬᠦᠰᠡᠯ ᠵᠡᠭᠦᠳᠦ ᠶᠢᠨ | ᠬᠥᠭᠡᠭᠡᠴᠡᠯᠳᠦᠭᠴᠢ ᠪᠣᠯᠬᠤ ᠶᠢ ᠬᠥᠲᠥᠯᠥᠨ ᠵᠢᠯᠣᠭᠤᠳᠤᠨ᠎ᠠ᠃ | 2᠂ ᠭᠡᠷ ᠪᠦᠯᠢ ᠭᠡᠷ ᠤᠨ ᠰᠤᠷᠭᠠᠯ ᠭᠡᠷ ᠤᠨ ᠰᠤᠷᠲᠠᠯ ᠤᠨ ᠦᠨᠳᠦᠰᠦᠨ ᠱᠠᠲᠤᠨ ᠤ ᠨᠡᠶᠢᠭᠡᠮ ᠤᠨ | ᠵᠠᠰᠠᠯᠲᠠ ᠳᠤ ᠴᠢᠬᠤᠯᠠ ᠦᠢᠯᠡᠳᠦᠯ ᠪᠠᠳᠠᠷᠠᠭᠤᠯᠬᠤ ᠶᠢ ᠠᠬᠢᠭᠤᠯᠤᠨ᠎ᠠ᠃ ᠨᠠᠮ ᠤᠨ ᠬᠤᠷᠢᠶ᠎ᠠ ᠤᠳᠤᠷᠢᠳᠤᠭᠰᠠᠨ᠂ | ᠵᠠᠰᠠᠭ ᠤᠨ ᠣᠷᠳᠣᠨ ᠭᠤᠣᠯᠯᠠᠨ ᠤᠳᠤᠷᠢᠳᠤᠭᠰᠠᠨ᠂ ᠰᠠᠯᠠᠭ᠎ᠠ ᠮᠥᠴᠢᠷ ᠬᠠᠮᠲᠤᠷᠠᠨ ᠠᠵᠢᠯᠯᠠᠭᠰᠠᠨ᠂ ᠭᠡᠷ | ᠪᠦᠯᠢ ᠪᠠᠷ ᠢᠶᠠᠨ ᠬᠠᠷᠢᠭᠤᠴᠠᠯᠭ᠎ᠠ ᠪᠠᠨ ᠭᠦᠢᠴᠡᠳᠬᠡᠭᠰᠡᠨ᠂ ᠨᠡᠶᠢᠭᠡᠮ ᠢᠶᠠᠷ ᠢᠶᠠᠨ ᠣᠷᠣᠯᠴᠠᠭᠰᠠᠨ ᠭᠡᠷ ᠪᠦᠯᠢ ᠶᠢᠨ | ᠪᠦᠲᠦᠭᠡᠨ ᠪᠠᠶᠢᠭᠤᠯᠤᠯᠲᠠ ᠶᠢᠨ ᠠᠵᠢᠯ ᠤᠨ ᠪᠠᠶᠢᠷᠢᠰᠢᠯ ᠢ ᠪᠠᠶᠢᠭᠤᠯᠤᠨ᠎ᠠ᠃ ᠭᠡᠷ ᠪᠦᠯᠢ ᠶᠢᠨ ᠰᠠᠶᠢᠨ ᠰᠠᠶᠢᠬᠠᠨ | ᠭᠡᠷ ᠤᠨ ᠰᠤᠷᠲᠠᠯ ᠢ ᠤᠬᠠᠭᠤᠯᠤᠨ ᠲᠠᠶᠢᠯᠪᠤᠷᠢᠯᠠᠬᠤ᠂ ᠲᠣᠭᠤᠷᠢᠨ ᠲᠠᠶᠢᠯᠪᠤᠷᠢᠯᠠᠬᠤ ᠵᠡᠷᠭᠡ ᠠᠵᠢᠯᠯᠠᠭ᠎ᠠ ᠶᠢ | ᠪᠠᠶᠢᠩᠭᠤᠵᠢᠭᠤᠯᠤᠨ ᠰᠠᠶᠢᠲᠤᠷ ᠥᠷᠨᠢᠭᠦᠯᠵᠦ᠂ ᠭᠡᠷ ᠤᠨ ᠰᠤᠷᠲᠠᠯ ᠭᠡᠷ ᠤᠨ ᠰᠤᠷᠭᠠᠯ ᠤᠨ ᠭᠤᠣᠯ ᠰᠡᠳᠦᠪᠲᠦ | ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠥᠷᠭᠡᠳᠬᠡᠨ᠎ᠡ᠃ ᠭᠡᠷ | ᠪᠦᠯᠢ ᠶᠢ ᠰᠠᠶᠢᠲᠤᠷ ᠪᠦᠲᠦᠭᠡᠨ ᠪᠠᠶᠢᠭᠤᠯᠬᠤ᠂ ᠭᠡᠷ ᠤᠨ ᠰᠤᠷᠭᠠᠯ ᠢ ᠰᠠᠶᠢᠲᠤᠷ ᠬᠡᠷᠡᠭᠵᠢᠭᠦᠯᠬᠦ᠂ ᠭᠡᠷ ᠤᠨ ᠰᠤᠷᠲᠠᠯ ᠢ | ᠰᠠᠶᠢᠲᠤᠷ ᠪᠠᠳᠠᠷᠠᠭᠤᠯᠬᠤ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦᠯᠢ ᠴᠣᠭᠴᠠ ᠶᠢᠨ | ᠪᠠᠶᠢᠷᠢᠯᠠᠭᠤᠯᠤᠯᠲᠠ ᠪᠠ ᠲᠤᠰᠬᠠᠢ ᠲᠥᠯᠦᠪᠵᠢᠭᠦᠯᠭᠡ ᠳᠤ ᠣᠷᠣᠭᠤᠯᠵᠤ᠂ ᠦᠨᠳᠦᠰᠦᠨ ᠱᠠᠲᠤᠨ ᠤ ᠨᠡᠶᠢᠭᠡᠮ ᠤᠨ | ᠵᠠᠰᠠᠯᠲᠠ ᠶᠢᠨ ᠰᠢᠰᠲ᠋ᠧᠮᠵᠢ ᠵᠢᠴᠢ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠦᠨᠡᠯᠡᠨ ᠰᠢᠯᠭᠠᠬᠤ | ᠠᠭᠤᠯᠭ᠎ᠠ ᠳᠤ ᠣᠷᠣᠭᠤᠯᠬᠤ ᠶᠢ ᠲᠦᠯᠬᠢᠨ ᠠᠬᠢᠭᠤᠯᠤᠨ᠎ᠠ᠃ ᠭᠡᠷ ᠪᠦᠯᠢ ᠶᠢᠨ ᠪᠦᠷᠢᠯᠳᠦᠭᠦᠨ ᠤ ᠭᠡᠷ ᠪᠦᠯᠢ ᠪᠠ | ᠨᠡᠶᠢᠭᠡᠮ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠵᠣᠷᠢᠭᠵᠢᠭᠤᠯᠤᠨ᠎ᠠ᠃ ᠵᠠᠰᠠᠭ ᠤᠨ ᠣᠷᠳᠣᠨ ᠤ ᠵᠠᠰᠠᠯᠲᠠ ᠪᠠ | ᠨᠡᠶᠢᠭᠡᠮ ᠤᠨ ᠵᠣᠬᠢᠴᠠᠭᠤᠯᠭ᠎ᠠ᠂ ᠰᠠᠭᠤᠭᠠᠯᠢ ᠠᠷᠠᠳ ᠤᠨ ᠥᠪᠡᠷᠲᠡᠭᠡᠨ ᠵᠠᠰᠠᠬᠤ ᠰᠠᠶᠢᠨ ᠨᠥᠬᠦᠴᠡᠯᠳᠦᠯ ᠢ | ᠴᠢᠩᠭᠠᠳᠬᠠᠵᠤ᠂ ᠰᠠᠶᠢᠨ ᠰᠠᠶᠢᠬᠠᠨ ᠭᠡᠷ ᠤᠨ ᠰᠤᠷᠲᠠᠯ ᠢᠶᠠᠷ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ | ᠲᠤᠯᠭᠠᠭᠤᠷᠢᠯᠠᠨ᠎ᠠ᠃ ᠡᠮᠡᠭᠲᠡᠶᠢᠴᠦᠳ ᠤᠨ ᠭᠡᠷ ᠪᠦᠯᠢ ᠶᠢᠨ ᠤᠶᠤᠨ ᠤ ᠪᠣᠯᠪᠠᠰᠤᠨ ᠤ ᠪᠠᠶᠢᠭᠤᠯᠤᠯᠲᠠ ᠳᠤ | ᠣᠷᠤᠯᠴᠠᠬᠤ ᠶᠢ ᠵᠣᠷᠢᠭᠵᠢᠭᠤᠯᠤᠨ ᠲᠡᠮᠵᠢᠵᠤ᠂ ᠳᠤᠮᠳᠠᠳᠤ ᠶᠢᠨ ᠦᠨᠳᠦᠰᠦᠲᠡᠨ ᠤ ᠭᠡᠷ ᠪᠦᠯᠢ ᠶᠢᠨ ᠰᠠᠶᠢᠨ ᠰᠠᠶᠢᠬᠠᠨ | ᠵᠠᠩ ᠰᠤᠷᠲᠠᠯ ᠢ ᠪᠠᠳᠠᠷᠠᠭᠤᠯᠵᠤ᠂ ᠰᠠᠶᠢᠨ ᠰᠠᠶᠢᠬᠠᠨ ᠭᠡᠷ ᠤᠨ ᠰᠤᠷᠲᠠᠯ ᠢ ᠪᠤᠢ ᠪᠣᠯᠭᠠᠨ᠎ᠠ᠃ ︽ᠭᠡᠷ ᠪᠣᠯᠭᠠᠨ ᠵᠣᠯ | ᠵᠢᠷᠭᠠᠯ ᠲᠠᠢ ᠠᠮᠤᠷ ᠠᠮᠤᠭᠤᠯᠠᠩ ᠪᠠᠶᠢᠬᠤ ᠢᠨᠵᠧᠨᠧᠷᠢᠩ︾ ᠢ ᠭᠦᠨᠵᠡᠭᠡᠶᠢᠷᠡᠭᠦᠯᠦᠨ ᠬᠡᠷᠡᠭᠵᠢᠭᠦᠯᠵᠦ᠂ | ᠡᠮᠡᠭᠲᠡᠶᠢᠴᠦᠳ ᠤᠨ ᠭᠡᠷ ᠪᠦᠯᠢ ᠶᠢᠨ ᠪᠦᠷᠢᠯᠳᠦᠭᠦᠨ ᠢᠶᠠᠨ ᠳᠠᠭᠠᠭᠤᠯᠤᠨ ᠲᠠᠪᠤᠨ ᠰᠠᠶᠢᠨᠲᠠᠢ ᠭᠡᠷ ᠪᠦᠯᠢ᠂ ᠪᠣᠯᠪᠠᠰᠤᠨ | ᠭᠡᠷ ᠪᠦᠯᠢ᠂ ᠬᠠᠮᠤᠭ ᠤᠨ ᠭᠤᠶᠣ ᠭᠡᠷ ᠪᠦᠯᠢ ᠵᠡᠷᠭᠡ ᠣᠯᠠᠨ ᠲᠦᠮᠡᠨᠴᠢ ᠴᠢᠨᠠᠷᠲᠠᠢ ᠣᠶᠤᠨ ᠤ ᠪᠣᠯᠪᠠᠰᠤᠨ ᠤ | ᠪᠠᠶᠢᠭᠤᠯᠤᠯᠲᠠ ᠶᠢᠨ ᠠᠵᠢᠯᠯᠠᠭ᠎ᠠ ᠳᠤ ᠢᠳᠡᠪᠬᠢᠲᠡᠢ ᠣᠷᠤᠯᠴᠠᠬᠤ ᠶᠢ ᠵᠣᠷᠢᠭᠵᠢᠭᠤᠯᠤᠨ᠂ ᠪᠣᠬᠢᠷᠳᠤᠯ ᠦᠭᠡᠢ ᠭᠡᠷ | ᠪᠦᠯᠢ ᠶᠢ ᠡᠭᠦᠳᠦᠨ ᠪᠠᠶᠢᠭᠤᠯᠬᠤ ᠳᠤ ᠣᠷᠣᠯᠴᠠᠭᠤᠯᠵᠤ᠂ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠂ | ᠪᠣᠬᠢᠷᠳᠤᠯ ᠦᠭᠡᠢ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠡᠷᠭᠢᠯᠲᠡᠲᠦ᠂ ᠦᠷᠭᠦᠯᠵᠢᠯᠡᠬᠦ ᠠᠮᠢᠳᠤᠷᠠᠯ ᠤᠨ | ᠠᠷᠭ᠎ᠠ ᠮᠠᠶ᠋ᠢᠭ ᠢ ᠦᠢᠯᠡᠳᠦᠯᠭᠡᠵᠢᠭᠦᠯᠵᠦ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠰᠠᠶᠢᠨ ᠳᠠᠳᠬᠠᠯ ᠢ ᠪᠣᠶ | ᠪᠣᠯᠭᠠᠵᠤ᠂ ᠪᠦᠷᠢᠯᠭᠡᠨ ᠰᠦᠢᠳᠬᠡᠬᠦ ᠶᠢ ᠡᠷᠡᠰ ᠬᠤᠷᠢᠭᠯᠠᠨ᠎ᠠ᠃ ᠠᠮᠤᠷ ᠠᠮᠤᠭᠤᠯᠠᠩ ᠭᠡᠷ ᠪᠦᠯᠢ᠂ ᠲᠠᠮᠠᠬᠢ ᠲᠠᠲᠠᠬᠤ | ᠦᠭᠡᠢ ᠭᠡᠷ ᠪᠦᠯᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ | 3᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠪᠠ ᠡᠮᠡᠭᠲᠡᠶᠢᠴᠦᠳ ᠤᠨ ᠪᠥᠬᠦ ᠲᠠᠯ᠎ᠠ ᠪᠠᠷ ᠬᠥᠭᠵᠢᠬᠦ ᠶᠢ | ᠠᠬᠢᠭᠤᠯᠬᠤ ᠭᠡᠷ ᠪᠦᠯᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ᠃ ᠬᠥᠮᠥᠨ | ᠠᠮᠠ ᠶᠢᠨ ᠦᠷᠡᠵᠢᠯ ᠤᠨ ᠬᠠᠮᠢᠶ᠎ᠠ ᠪᠦᠬᠦᠢ ᠣᠷᠣᠨ ᠨᠤᠲᠤᠭ ᠤᠨ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠵᠦ᠂ ᠦᠷᠡᠵᠢᠯ ᠤᠨ ᠲᠥᠷᠥ ᠶᠢᠨ ᠪᠣᠳᠣᠯᠭ᠎ᠠ ᠶᠢ ᠮᠠᠨ ᠤ ᠲᠤᠭᠤᠷᠢᠭ ᠤᠨ ᠠᠵᠤ ᠠᠬᠤᠢ ᠨᠡᠶᠢᠭᠡᠮ ᠤᠨ | ᠲᠥᠷᠥ ᠶᠢᠨ ᠪᠣᠳᠣᠯᠭ᠎ᠠ ᠯᠤᠭ᠎ᠠ ᠢᠵᠢ ᠪᠦᠷᠢᠳᠦᠭᠦᠯᠦᠨ ᠵᠣᠯᠭᠠᠭᠤᠯᠬᠤ ᠶᠢ ᠠᠬᠢᠭᠤᠯᠤᠨ᠂ ᠬᠠᠮᠢᠶ᠎ᠠ ᠪᠦᠬᠦᠢ ᠲᠥᠷᠥ ᠶᠢᠨ | ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠵᠤ᠂ ᠭᠡᠷ ᠪᠦᠯᠢ ᠶᠢᠨ ᠬᠡᠦᠬᠡᠳ ᠠᠪᠬᠤ᠂ ᠥᠰᠬᠡᠨ ᠪᠣᠶᠢᠵᠢᠭᠤᠯᠬᠤ᠂ | ᠰᠤᠷᠭᠠᠨ ᠬᠥᠮᠥᠵᠢᠭᠦᠯᠬᠦ ᠳᠠᠷᠤᠭᠠᠰᠤ ᠶᠢ ᠭᠦᠩᠭᠡᠷᠡᠭᠦᠯᠦᠨ᠎ᠡ᠃ ᠨᠢᠯᠬ᠎ᠠ ᠬᠡᠦᠬᠡᠳ ᠢ ᠥᠰᠬᠡᠨ ᠪᠣᠶᠢᠵᠢᠭᠤᠯᠬᠤ᠂ | ᠵᠠᠯᠠᠭᠤᠴᠤᠳ ᠪᠠᠭᠠᠴᠤᠳ ᠢ ᠬᠥᠭᠵᠢᠭᠦᠯᠬᠦ᠂ ᠨᠠᠰᠤᠲᠠᠨ ᠢ ᠠᠴᠢᠯᠠᠨ ᠲᠡᠵᠢᠭᠡᠬᠦ᠂ ᠡᠪᠡᠳᠴᠢᠨ ᠲᠠᠢ ᠵᠡᠮᠳᠡᠭ ᠢ | ᠬᠠᠷᠠᠭᠠᠯᠵᠠᠬᠤ ᠵᠡᠷᠭᠡ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠬᠦᠴᠢᠷᠳᠡᠯ ᠳᠤ | ᠲᠤᠯᠭᠠᠷᠠᠭᠰᠠᠨ ᠭᠡᠷ ᠪᠦᠯᠢ᠂ ᠭᠠᠭᠴᠠ ᠬᠡᠦᠬᠡᠳ ᠢᠶᠠᠨ ᠠᠯᠳᠠᠭᠰᠠᠨ ᠭᠡᠷ ᠪᠦᠯᠢ᠂ ᠥᠨᠥᠴᠢᠨ ᠥᠷᠥᠭᠡᠰᠦᠨ ᠣᠨᠴᠠ | ᠬᠦᠴᠢᠷᠳᠡᠯ ᠲᠠᠢ ᠭᠡᠷ ᠪᠦᠯᠢ ᠳᠤ ᠲᠦᠷᠦ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠵᠦ ᠠᠪᠤᠷᠠᠨ ᠲᠤᠰᠠᠯᠠᠬᠤ | ᠦᠢᠯᠡᠴᠢᠯᠡᠭᠡ ᠶᠢ ᠨᠡᠮᠡᠭᠳᠡᠭᠦᠯᠵᠦ᠂ ᠭᠡᠷ ᠪᠦᠯᠢ ᠶᠢᠨ ᠦᠨᠳᠦᠰᠦᠨ ᠴᠢᠳᠠᠮᠵᠢ ᠶᠢ ᠲᠡᠭᠦᠯᠳᠡᠷᠵᠢᠭᠦᠯᠬᠦ ᠶᠢ ᠳᠡᠮᠵᠢᠬᠦ᠂ | ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠪᠠ ᠡᠮᠡᠭᠲᠡᠶᠢᠴᠦᠳ ᠤᠨ ᠪᠦᠬᠦ ᠲᠠᠯ᠎ᠠ ᠪᠠᠷ ᠬᠥᠭᠵᠢᠬᠦ ᠶᠢ ᠠᠬᠢᠭᠤᠯᠬᠤ ᠭᠡᠷ | ᠪᠦᠯᠢ ᠶᠢᠨ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠪᠤᠢ ᠪᠣᠯᠭᠠᠵᠤ᠂ ᠭᠡᠷ ᠪᠦᠯᠢ ᠶᠢᠨ ᠬᠥᠭᠵᠢᠯᠲᠡ ᠶᠢᠨ | ᠴᠢᠳᠠᠪᠤᠷᠢ ᠶᠢ ᠨᠡᠮᠡᠭᠳᠡᠭᠦᠯᠦᠨ᠎ᠡ᠃ ᠬᠥᠩᠭᠡᠵᠢᠯᠲᠡ ᠶᠢᠨ ᠴᠢᠯᠦᠭᠡ᠂ ᠬᠦᠬᠦᠬᠦᠯᠬᠦ ᠴᠢᠯᠦᠭᠡ ᠵᠡᠷᠭᠡ ᠳᠦᠷᠢᠮ ᠢ | ᠲᠡᠭᠦᠯᠳᠡᠷᠵᠢᠭᠦᠯᠵᠦ᠂ ᠡᠴᠢᠭᠡ ᠡᠬᠡ ᠶᠢᠨ ᠬᠡᠦᠬᠡᠳ ᠪᠣᠶᠢᠵᠢᠭᠤᠯᠬᠤ ᠴᠢᠯᠦᠭᠡ ᠶᠢ ᠰᠦᠪᠡᠭᠴᠢᠯᠡᠨ ᠬᠡᠷᠡᠭᠵᠢᠭᠦᠯᠦᠨ᠎ᠡ᠃ | ᠭᠡᠷ ᠪᠦᠯᠢ ᠶᠢᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠦᠨᠡᠯᠡᠨ ᠵᠢᠱᠢᠬᠦ ᠲᠣᠭᠲᠠᠴᠠ ᠶᠢ | ᠪᠠᠶᠢᠭᠤᠯᠤᠨ᠎ᠠ᠃ | 4᠂ ᠭᠡᠷ ᠪᠦᠯᠢ ᠶᠢᠨ ᠬᠦᠷᠢᠶ᠎ᠡ ᠴᠠᠷᠠᠭ᠎ᠠ ᠶᠢᠨ ᠣᠨᠣᠯ ᠪᠠ ᠦᠢᠯᠡᠳᠦᠯᠭᠡ ᠶᠢᠨ ᠰᠤᠳᠤᠯᠭᠠᠨ ᠢ ᠴᠢᠩᠭᠠᠳᠬᠠᠨ᠎ᠠ᠃ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠢᠩᠱᠠᠨ ᠤ ᠪᠣᠳᠠᠲᠤ ᠪᠠᠶᠢᠳᠠᠯ ᠳᠤ ᠰᠠᠭᠤᠷᠢᠯᠠᠨ᠂ | ᠭᠡᠷ ᠪᠦᠯᠢ ᠶᠢᠨ ᠪᠠᠶᠢᠭᠤᠯᠤᠯᠲᠠ᠂ ᠭᠡᠷ ᠪᠦᠯᠢ ᠶᠢᠨ ᠬᠥᠮᠦᠵᠢᠯ᠂ ᠭᠡᠷ ᠤᠨ ᠰᠤᠷᠲᠠᠯ ᠢ ᠬᠥᠮᠥᠵᠢᠭᠦᠯᠬᠦ ᠵᠡᠷᠭᠡ ᠭᠡᠷ | ᠪᠦᠯᠢ ᠶᠢᠨ ᠬᠦᠷᠢᠶᠡᠨ ᠳᠤ ᠢᠯᠡᠷᠡᠭᠰᠡᠨ ᠰᠢᠨ᠎ᠡ ᠪᠠᠶᠢᠳᠠᠯ ᠰᠢᠨ᠎ᠡ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ | ᠬᠥᠲᠥᠯᠥᠨ ᠳᠠᠭᠠᠭᠤᠯᠬᠤ ᠴᠢᠨᠠᠷ᠂ ᠡᠷᠬᠡ ᠰᠦᠷᠲᠦ ᠴᠢᠨᠠᠷ᠂ ᠲᠤᠰᠬᠠᠢ ᠮᠡᠷᠭᠡᠵᠢᠯ ᠤᠨ ᠴᠢᠨᠠᠷ ᠪᠠ ᠵᠢᠯᠤᠭᠤᠳᠬᠤ | ᠴᠢᠨᠠᠷ ᠤᠨ ᠰᠤᠳᠤᠯᠭᠠᠨ ᠤ ᠦᠷ᠎ᠡ ᠪᠦᠲᠦᠭᠡᠯ ᠢᠶᠠᠷ ᠭᠡᠷ ᠪᠦᠯᠢ ᠶᠢᠨ ᠬᠦᠷᠢᠶᠡᠨ ᠤ ᠠᠰᠠᠭᠤᠳᠠᠯ ᠤᠨ ᠲᠤᠬᠠᠢ ᠠᠷᠠᠳ | ᠣᠯᠠᠨ ᠤ ᠰᠢᠨ᠎ᠡ ᠬᠦᠰᠡᠯ ᠱᠠᠭᠠᠷᠳᠠᠯᠭᠠᠳᠤ ᠢᠳᠡᠪᠬᠢᠲᠡᠢ ᠬᠠᠷᠢᠭᠤᠯᠲᠠ ᠥᠭᠭᠦᠨ᠎ᠡ᠃ ᠨᠡᠶᠢᠭᠡᠮ ᠤᠨ ᠬᠦᠴᠦᠨ ᠢ | ᠵᠣᠷᠢᠭᠵᠢᠭᠤᠯᠤᠨ ᠭᠡᠷ ᠪᠦᠯᠢ ᠶᠢᠨ ᠦᠢᠯᠡᠴᠢᠯᠡᠭᠡᠨ ᠤ ᠬᠦᠷᠢᠶᠡᠨ ᠳᠠᠬᠢ ᠠᠷᠭᠠᠴᠠᠬᠤ ᠪᠣᠳᠣᠯᠭ᠎ᠠ ᠶᠢᠨ ᠰᠤᠳᠤᠯᠤᠯ ᠢ | ᠴᠢᠩᠭᠠᠷᠠᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠬᠥᠲᠥᠯᠥᠨ ᠵᠢᠯᠤᠭᠤᠳᠴᠤ ᠪᠠᠶᠢᠭᠠᠳ | ᠲᠤᠰᠬᠠᠶᠢᠵᠢᠭᠰᠠᠨ᠂ ᠣᠯᠠᠨ ᠲᠠᠰ ᠳᠠᠪᠬᠤᠷᠭ᠎ᠠ ᠶᠢᠨ᠂ ᠣᠯᠠᠨ ᠶᠠᠩᠵᠤ ᠶᠢᠨ ᠭᠡᠷ ᠪᠦᠯᠢ ᠶᠢᠨ ᠦᠢᠯᠡᠴᠢᠯᠡᠭᠡᠨ ᠤ | ᠳᠡᠮᠵᠢᠯᠭᠡ ᠬᠠᠩᠭᠠᠨ᠎ᠠ᠃ | 5᠂ ᠭᠡᠷ ᠪᠦᠯᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠢ ᠶᠡᠬᠡᠪᠡᠷ ᠬᠥᠭᠵᠢᠭᠦᠯᠦᠨ᠎ᠡ᠃ ᠭᠡᠷ ᠪᠦᠯᠢ ᠳᠤ | ᠬᠠᠨᠳᠤᠭᠤᠯᠤᠭᠰᠠᠨ ᠤᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠨᠠᠰᠤᠵᠢᠯ ᠤᠨ | ᠠᠰᠠᠷᠠᠮᠵᠢ᠂ ᠭᠡᠷ ᠤᠨ ᠶᠠᠪᠤᠳᠠᠯ ᠵᠡᠷᠭᠡ ᠦᠢᠯᠡᠴᠢᠯᠡᠭᠡᠨ ᠤ ᠪᠠᠷᠢᠮᠵᠢᠶ᠎ᠠ ᠶᠢ ᠲᠦᠷᠭᠡᠪᠴᠢᠯᠡᠨ ᠲᠡᠭᠦᠯᠳᠡᠷᠵᠢᠭᠦᠯᠵᠦ᠂ ᠤᠷᠤᠭ | ᠭᠡᠷ ᠪᠦᠯᠢ ᠶᠢᠨ ᠬᠠᠪᠰᠤᠷᠤᠨ ᠵᠢᠯᠤᠭᠤᠳᠬᠤ ᠦᠢᠯᠡᠴᠢᠯᠡᠭᠡ᠂ ᠭᠡᠷ ᠪᠦᠯᠢ ᠶᠢᠨ ᠬᠥᠮᠦᠵᠢᠯ ᠤᠨ ᠵᠢᠭᠠᠨ ᠵᠢᠯᠤᠭᠤᠳᠬᠤ | ᠦᠢᠯᠡᠴᠢᠯᠡᠭᠡ ᠶᠢ ᠨᠡᠶᠢᠳᠡᠮ ᠬᠦᠷᠲᠡᠭᠡᠬᠦ ᠶᠢ ᠲᠦᠯᠬᠢᠨ ᠠᠬᠢᠭᠤᠯᠤᠨ᠎ᠠ᠃ ᠵᠠᠰᠠᠭ ᠤᠨ ᠣᠷᠳᠣᠨ ᠦᠢᠯᠡᠴᠢᠯᠡᠭᠡ | ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠡᠶᠢᠭᠡᠮ ᠤᠨ ᠬᠦᠴᠦᠨ ᠤ ᠭᠡᠷ ᠪᠦᠯᠢ ᠶᠢᠨ | ᠦᠢᠯᠡᠴᠢᠯᠡᠭᠡ ᠥᠷᠨᠢᠭᠦᠯᠬᠦ ᠶᠢ ᠬᠥᠲᠥᠯᠥᠨ ᠵᠢᠯᠤᠭᠤᠳᠴᠤ᠂ ᠭᠡᠷ ᠪᠦᠯᠢ ᠶᠢᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ | ᠥᠪᠡᠷᠮᠢᠴᠡ᠂ ᠣᠯᠠᠨ ᠡᠰᠢᠵᠢᠭᠰᠡᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠬᠤᠳᠠ ᠶᠢᠨ ᠨᠡᠶᠢᠭᠡᠮ ᠲᠣᠭᠤᠷᠢᠭ ᠤᠨ | ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠬᠦᠭᠡᠷᠦᠮᠵᠢ ᠶᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠨᠡᠶᠢᠭᠡᠮ | ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠨᠠᠶᠢᠳᠠᠨ ᠬᠥᠮᠥᠵᠢᠭᠦᠯᠬᠦ᠂ ᠭᠡᠷ ᠤᠨ ᠶᠠᠪᠤᠳᠠᠯ ᠠᠳᠠᠯ ᠠᠬᠤᠢ ᠵᠡᠷᠭᠡ | ᠦᠢᠯᠡᠴᠢᠯᠡᠭᠡᠨ ᠤ ᠲᠣᠣᠷ ᠰᠦᠯᠵᠢᠶ᠎ᠡ ᠶᠢ ᠲᠡᠭᠦᠯᠳᠡᠷᠵᠢᠭᠦᠯᠦᠨ᠎ᠡ᠃ ᠲᠣᠭᠠᠴᠢᠯᠠᠭᠰᠠᠨ ᠭᠡᠷ ᠪᠦᠯᠢ ᠶᠢ ᠬᠥᠭᠵᠢᠭᠦᠯᠦᠨ᠎ᠡ᠃ | ᠬᠦᠴᠢᠷᠳᠡᠯ ᠳᠤ ᠲᠤᠯᠭᠠᠷᠠᠭᠰᠠᠨ ᠭᠡᠷ ᠪᠦᠯᠢ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠷᠢᠯᠢᠭ ᠤᠨᠤᠪᠴᠢᠲᠠᠢ | ᠦᠢᠯᠡᠴᠢᠯᠡᠭᠡ ᠥᠷᠨᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠬᠤᠯᠪᠤᠭᠠᠯᠠᠨ ᠬᠥᠳᠡᠯᠦᠯᠴᠡᠬᠦ ᠶᠢ | ᠴᠢᠩᠭᠠᠳᠬᠠᠵᠤ᠂ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠬᠠᠮᠲᠤᠪᠠᠷ ᠬᠦᠷᠲᠡᠵᠦ᠂ ᠠᠵᠢᠯ ᠤᠨ ᠡᠬᠢ ᠪᠠᠶᠠᠯᠢᠭ ᠢ | ᠡᠮᠬᠢᠯᠡᠨ ᠨᠡᠶᠢᠯᠡᠭᠦᠯᠵᠦ᠂ ᠬᠡᠦᠬᠡᠳ ᠤᠨ ᠴᠡᠴᠡᠷᠯᠢᠭ ᠢ ᠨᠢᠭᠡ ᠴᠣᠭᠴᠠᠵᠢᠭᠤᠯᠤᠭᠰᠠᠨ ᠦᠢᠯᠡᠴᠢᠯᠡᠭᠡᠨ ᠥᠷᠨᠢᠭᠦᠯᠬᠦ ᠶᠢ | ᠵᠣᠷᠢᠭᠵᠢᠭᠤᠯᠤᠨ᠂ ᠣᠲᠣ ᠶᠢᠨ ᠪᠠᠶᠢᠭ᠎ᠠ ᠦᠢᠯᠡᠴᠢᠯᠡᠭᠡᠨ ᠤ ᠵᠢᠭᠰᠠᠭᠠᠯ ᠤᠨ ᠭᠠᠵᠠᠷ ᠢ ᠠᠰᠢᠭᠯᠠᠨ ᠲᠦᠷ ᠴᠠᠭ ᠤᠨ | ᠨᠠᠶᠢᠳᠠᠨ ᠬᠠᠮᠢᠶᠠᠷᠤᠭᠤᠯᠬᠤ ᠶᠢ ᠬᠠᠩᠭᠠᠵᠤ᠂ ᠨᠡᠶᠢᠳᠡᠮ ᠬᠠᠷᠠᠭᠠᠯᠵᠠᠬᠤ ᠨᠠᠶᠢᠳᠠᠨ ᠬᠥᠮᠥᠵᠢᠭᠦᠯᠬᠦ ᠦᠢᠯᠡᠴᠢᠯᠡᠭᠡᠨ ᠤ | ᠰᠢᠰᠲ᠋ᠧᠮᠵᠢ ᠪᠠᠶᠢᠭᠤᠯᠬᠤ ᠶᠢ ᠲᠦᠯᠬᠢᠨ ᠠᠬᠢᠭᠤᠯᠤᠨ᠎ᠠ᠃ | 6᠂ ᠤᠷᠤᠬ ᠭᠡᠷ ᠪᠦᠯᠢ ᠶᠢᠨ ᠬᠠᠷᠢᠴᠠᠭ᠎ᠠ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠵᠣᠬᠢᠬᠤ | ᠨᠠᠰᠤᠨ ᠤ ᠡᠷᠡᠭᠲᠡᠢ ᠡᠮᠡᠭᠲᠡᠢ ᠵᠠᠯᠠᠭᠤᠴᠤᠳ ᠤᠨ ᠤᠷᠤᠭ ᠢᠨᠠᠭ ᠤᠨ ᠨᠠᠶᠢᠵᠠᠯᠠᠯ ᠳᠤ ᠭᠡᠷ ᠪᠦᠯᠢ ᠶᠢᠨ ᠲᠠᠪᠴᠠᠩ | ᠪᠠᠶᠢᠭᠤᠯᠤᠨ ᠥᠭᠴᠦ᠂ ᠣᠷᠤᠭ ᠤᠨ ᠳᠠᠩᠰᠠᠯᠠᠯᠲᠠ᠂ ᠤᠷᠤᠭᠯᠠᠬᠤ ᠬᠥᠩᠭᠡᠵᠢᠬᠦ ᠡᠷᠡᠭᠦᠯ ᠮᠡᠨᠳᠦ ᠶᠢᠨ ᠤᠬᠠᠭᠤᠯᠭ᠎ᠠ | ᠬᠥᠮᠦᠵᠢᠯ᠂ ᠣᠷᠤᠭ ᠭᠡᠷ ᠪᠦᠯᠢ ᠶᠢᠨ ᠬᠠᠷᠢᠴᠠᠭ᠎ᠠ ᠶᠢ ᠬᠠᠪᠰᠤᠷᠤᠨ ᠵᠢᠯᠤᠭᠤᠳᠬᠤ ᠵᠡᠷᠭᠡ ︽ᠨᠢᠭᠡ ᠯᠡ ᠥᠷᠲᠡᠭᠡᠨ ᠤ | ᠮᠠᠶ᠋ᠢᠭ︾ ᠤᠨ ᠦᠢᠯᠡᠴᠢᠯᠡᠭᠡ ᠶᠢ ᠳᠡᠯᠭᠡᠷᠡᠭᠦᠯᠵᠦ᠂ ᠣᠷᠤᠭ ᠭᠡᠷ ᠪᠦᠯᠢ ᠶᠢᠨ ᠬᠤᠯᠪᠣᠭᠳᠠᠯ ᠪᠦᠬᠦᠢ ᠬᠠᠤᠯᠢ ᠴᠠᠭᠠᠵᠠ | ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠪᠠ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠦᠵᠡᠯᠲᠡ᠂ ᠡᠷ᠎ᠡ ᠡᠮ᠎ᠡ | ᠬᠤᠶᠠᠭᠤᠯᠠ ᠭᠡᠷ ᠪᠦᠯᠢ ᠶᠢᠨ ᠬᠡᠷᠡᠭ ᠶᠠᠪᠤᠳᠠᠯ ᠤᠨ ᠰᠢᠢᠳᠪᠦᠷᠢᠲᠦ ᠪᠣᠳᠣᠯᠭ᠎ᠠ ᠳᠤ ᠡᠷᠬᠡ ᠲᠡᠭᠰᠢ ᠪᠠᠷ ᠣᠷᠤᠯᠴᠠᠬᠤ᠂ | ᠭᠡᠷ ᠪᠦᠯᠢ ᠶᠢᠨ ᠠᠯᠢᠪᠠ ᠬᠡᠯᠪᠡᠷᠢ ᠶᠢᠨ ᠬᠦᠴᠦᠷᠬᠡᠭᠯᠡᠯ ᠢ ᠡᠰᠡᠷᠭᠦᠴᠡᠬᠦ ᠵᠡᠷᠭᠡ ᠣᠨᠣᠯᠵᠢᠬᠤᠨ ᠢ ᠤᠷᠤᠭᠯᠠᠬᠤ ᠠᠴᠠ | ᠡᠮᠦᠨᠡᠬᠢ ᠰᠤᠷᠤᠯᠴᠠᠯᠭ᠎ᠠ ᠶᠢ ᠵᠢᠯᠤᠭᠤᠳᠬᠤ ᠠᠭᠤᠯᠭ᠎ᠠ ᠳᠤ ᠣᠷᠣᠭᠤᠯᠤᠨ᠎ᠠ᠃ ᠦᠷᠡᠵᠢᠯ ᠤᠨ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠶᠢ ᠦᠷᠭᠡᠨ ᠢᠶᠠᠷ ᠶᠠᠪᠤᠭᠳᠠᠭᠤᠯᠤᠨ᠎ᠠ᠃ ᠵᠠᠩ ᠳᠠᠳᠬᠠᠯ ᠢ ᠥᠭᠡᠷᠡᠴᠢᠯᠡᠬᠦ ᠶᠢ ᠲᠦᠯᠬᠢᠨ | ᠠᠬᠢᠭᠤᠯᠵᠤ᠂ ᠡᠮᠡᠭᠲᠡᠶᠢᠴᠦᠳ ᠤᠨ ᠤᠷᠤᠭ ᠤᠨ ᠡᠷᠬᠡ ᠴᠢᠯᠦᠭᠡ ᠶᠢ ᠪᠠᠲᠤᠯᠠᠵᠤ᠂ ᠡᠷᠲᠡ ᠤᠷᠤᠭᠯᠠᠵᠤ ᠡᠷᠲᠡ ᠬᠡᠦᠬᠡᠳ | ᠠᠪᠬᠤ᠂ ᠥᠨᠳᠥᠷ ᠦᠨ᠎ᠡ ᠲᠠᠢ ᠪᠣᠭᠲᠣᠯᠠᠬᠤ ᠪᠡᠯᠡᠭ ᠵᠡᠷᠭᠡ ᠦᠵᠡᠭᠳᠡᠯ ᠢ ᠡᠰᠡᠷᠭᠦᠴᠡᠨ ᠬᠤᠷᠢᠭᠯᠠᠵᠤ᠂ ᠤᠷᠤᠭ ᠤᠨ | ᠶᠠᠪᠤᠳᠠᠯ ᠢ ᠰᠢᠨ᠎ᠡ ᠪᠠᠷ ᠡᠷᠬᠢᠯᠡᠭᠰᠡᠨ ᠨᠡᠶᠢᠲᠡᠯᠢᠭ ᠵᠢᠱᠢᠶ᠎ᠡ ᠶᠢ ᠰᠣᠩᠭᠤᠨ ᠤᠬᠠᠭᠤᠯᠵᠤ᠂ ᠡᠷᠡᠭᠲᠡᠶᠢᠴᠦᠳ ᠤᠨ ᠳᠤᠷ᠎ᠠ | ᠰᠣᠨᠢᠷᠬᠠᠯ ᠢ ᠬᠤᠪᠢᠷᠠᠭᠤᠯᠬᠤ ᠶᠢ ᠬᠥᠲᠥᠯᠥᠨ ᠵᠢᠯᠤᠭᠤᠳᠴᠤ᠂ ᠰᠢᠨ᠎ᠡ ᠮᠠᠶ᠋ᠢᠭ ᠤᠨ ᠤᠷᠤᠭᠯᠠᠵᠤ ᠬᠥᠩᠭᠡᠵᠢᠬᠦ | ᠰᠣᠶᠣᠯ ᠢ ᠪᠤᠢ ᠪᠣᠯᠭᠠᠨ᠎ᠠ᠃ ᠰᠦᠯᠵᠢᠶ᠎ᠡ ᠵᠡᠷᠭᠡ ᠤᠷᠤᠭ ᠢᠨᠠᠭ ᠤᠨ ᠠᠵᠢᠯᠯᠠᠭ᠎ᠠ ᠪᠠ ᠦᠢᠯᠡᠴᠢᠯᠡᠭᠡᠨ ᠤ ᠵᠢᠷᠤᠮᠵᠢᠭᠰᠠᠨ | ᠬᠠᠮᠢᠶᠠᠷᠤᠯᠲᠠ ᠶᠢ ᠴᠢᠩᠭᠠᠳᠬᠠᠨ᠎ᠠ᠃ | 7᠂ ᠭᠡᠷ ᠪᠦᠯᠢ ᠶᠢᠨ ᠠᠵᠢᠯ ᠢ ᠡᠷᠡᠭᠲᠡᠢ ᠡᠮᠡᠭᠲᠡᠢ ᠡᠷᠬᠡ ᠲᠡᠭᠰᠢ ᠪᠠᠷ ᠬᠤᠪᠢᠶᠠᠨ ᠡᠭᠦᠷᠭᠡᠯᠡᠬᠦ ᠶᠢ ᠠᠬᠢᠭᠤᠯᠤᠨ᠎ᠠ᠃ | ᠡᠷ᠎ᠡ ᠡᠮ᠎ᠡ ᠬᠤᠶᠠᠭᠤᠯᠠ ᠶᠢᠨ ᠭᠡᠷ ᠵᠠᠭᠤᠷ᠎ᠠ ᠶᠢᠨ ᠠᠵᠢᠯ ᠬᠥᠳᠡᠯᠮᠦᠷᠢ ᠳᠤᠮᠳᠠ ᠠᠵᠢᠯ ᠬᠤᠪᠢᠶᠠᠷᠢᠯᠠᠨ | ᠬᠠᠮᠵᠢᠯᠴᠠᠬᠤ ᠶᠢ ᠰᠠᠨᠠᠭᠠᠴᠢᠯᠠᠵᠤ᠂ ᠦᠷ᠎ᠡ ᠬᠡᠦᠬᠡᠳ ᠨᠠᠰᠤᠲᠠᠨ ᠢᠶᠠᠨ ᠠᠰᠠᠷᠠᠨ ᠬᠠᠷᠠᠭᠠᠯᠵᠠᠬᠤ᠂ ᠦᠷ᠎ᠡ ᠬᠡᠦᠬᠡᠳ ᠢᠶᠠᠨ | ᠰᠤᠷᠭᠠᠨ ᠬᠥᠮᠥᠵᠢᠭᠦᠯᠬᠦ᠂ ᠭᠡᠷ ᠵᠠᠭᠤᠷ᠎ᠠ ᠶᠢᠨ ᠠᠵᠢᠯ ᠡᠷᠭᠢᠯᠡᠬᠦ ᠵᠡᠷᠭᠡ ᠭᠡᠷ ᠪᠦᠯᠢ ᠶᠢᠨ ᠬᠠᠷᠢᠭᠤᠴᠠᠯᠭ᠎ᠠ ᠶᠢ ᠬᠠᠮᠲᠤᠪᠠᠷ | ᠡᠭᠦᠷᠭᠡᠯᠡᠵᠦ᠂ ᠡᠷ᠎ᠡ ᠡᠮ᠎ᠡ ᠶᠢᠨ ᠭᠡᠷ ᠵᠠᠭᠤᠷ᠎ᠠ ᠶᠢᠨ ᠠᠵᠢᠯ ᠬᠥᠳᠡᠯᠮᠦᠷᠢ ᠶᠢᠨ ᠴᠠᠭ ᠤᠨ ᠵᠥᠷᠢᠶ᠎ᠡ ᠶᠢ ᠪᠠᠭᠠᠰᠬᠠᠨ᠎ᠠ᠃ | ᠠᠰᠠᠷᠠᠨ ᠬᠠᠷᠠᠭᠠᠯᠵᠠᠬᠤ᠂ ᠠᠷᠢᠭᠤᠨ ᠴᠡᠪᠡᠷ ᠪᠠᠶᠢᠯᠭᠠᠬᠤ᠂ ᠬᠤᠭᠤᠯᠠ ᠬᠢᠬᠦ ᠵᠡᠷᠭᠡ ᠭᠡᠷ ᠪᠦᠯᠢ ᠶᠢᠨ ᠠᠵᠢᠯ ᠤᠨ | ᠨᠡᠶᠢᠭᠡᠮᠴᠢᠯᠡᠯᠲᠡ ᠶᠢ ᠠᠬᠢᠭᠤᠯᠵᠤ᠂ ᠭᠡᠷ ᠠᠬᠤᠢ ᠶᠢᠨ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ | ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠵᠤ᠂ | ᠨᠢᠯᠬ᠎ᠠ ᠬᠡᠦᠬᠡᠳ ᠢ ᠠᠰᠠᠷᠠᠨ ᠬᠠᠷᠠᠭᠠᠯᠵᠠᠬᠤ ᠦᠢᠯᠡᠴᠢᠯᠡᠭᠡ ᠪᠠ ᠴᠢᠳᠠᠪᠤᠷᠢ ᠪᠠᠨ ᠠᠯᠳᠠᠭᠰᠠᠨ ᠣᠶᠤᠨ ᠢᠶᠠᠨ | ᠠᠯᠳᠠᠭᠰᠠᠨ ᠨᠠᠰᠤᠲᠠᠶᠢᠴᠤᠳ ᠢ ᠣᠷᠳᠣ ᠬᠤᠭᠤᠴᠠᠭ᠎ᠠ ᠪᠠᠷ ᠠᠰᠠᠷᠠᠨ ᠬᠠᠷᠠᠭᠠᠯᠵᠠᠬᠤ ᠦᠢᠯᠡᠴᠢᠯᠡᠭᠡ ᠶᠢ ᠬᠥᠭᠵᠢᠭᠦᠯᠵᠦ᠂ | ᠭᠡᠷ ᠪᠦᠯᠢ ᠶᠢᠨ ᠠᠰᠠᠷᠠᠨ ᠬᠠᠷᠠᠭᠠᠯᠵᠠᠬᠤ ᠴᠢᠳᠠᠪᠤᠷᠢ ᠶᠢ ᠨᠡᠮᠡᠭᠳᠡᠭᠦᠯᠦᠨ᠎ᠡ᠃ ᠬᠥᠮᠥᠨ ᠬᠡᠷᠡᠭᠯᠡᠬᠦ ᠨᠢᠭᠡᠴᠢ ᠶᠢ | ᠱᠠᠯᠠᠪᠳᠠᠭᠤᠯᠵᠦ ᠪᠠᠶᠢᠭᠠᠳ ᠲᠥᠷᠥᠯ ᠰᠠᠳᠤᠨ ᠢᠶᠠᠨ ᠡᠷᠭᠢᠵᠦ ᠦᠵᠡᠬᠦ ᠴᠢᠯᠦᠭᠡ᠂ ᠠᠵᠢᠯᠲᠠᠨ ᠠᠵᠢᠯᠴᠢᠨ ᠤ | ᠴᠠᠯᠢᠩ ᠲᠠᠢ ᠪᠠᠷ ᠠᠮᠠᠷᠠᠬᠤ ᠴᠢᠯᠦᠭᠡ᠂ ᠬᠤᠯᠪᠣᠰᠤ ᠶᠢᠨ ᠬᠥᠩᠭᠡᠵᠢᠯᠲᠡ ᠳᠤ ᠪᠠᠷ᠎ᠠ ᠪᠣᠯᠬᠤ ᠴᠢᠯᠦᠭᠡ ᠵᠡᠷᠭᠡ ᠳᠦᠷᠢᠮ ᠢ | ᠨᠠᠶᠢᠳᠠᠪᠤᠷᠢᠵᠢᠭᠤᠯᠵᠤ᠂ ᠬᠥᠮᠥᠨ ᠬᠡᠷᠡᠭᠯᠡᠬᠦ ᠨᠢᠭᠡᠴᠡ ᠶᠢᠨ ᠠᠵᠢᠯᠲᠠᠨ ᠠᠵᠢᠯᠴᠢᠨ ᠤ ᠠᠵᠢᠯ ᠪᠠ ᠭᠡᠷ ᠪᠦᠯᠢ ᠶᠢᠨ | ᠬᠠᠷᠢᠴᠠᠭ᠎ᠠ ᠶᠢ ᠲᠡᠩᠴᠡᠭᠦᠷᠢᠲᠡᠢ ᠪᠠᠶᠢᠯᠭᠠᠬᠤ ᠳᠤ ᠠᠰᠢᠭᠲᠠᠢ ᠠᠷᠭ᠎ᠠ ᠬᠡᠮᠵᠢᠶ᠎ᠡ ᠲᠣᠭᠲᠠᠭᠠᠬᠤ ᠶᠢ ᠵᠣᠷᠢᠭᠵᠢᠭᠤᠯᠵᠤ᠂ | ᠠᠮᠢᠳᠤᠯᠢᠭ ᠢᠶᠠᠷ ᠠᠮᠠᠷᠠᠬᠤ ᠪᠠ ᠤᠶᠠᠨ ᠬᠠᠲᠠᠨ ᠠᠵᠢᠯᠯᠠᠬᠤ ᠳᠦᠷᠢᠮ ᠢ ᠬᠡᠷᠡᠭᠵᠢᠭᠦᠯᠦᠨ᠂ ᠦᠷᠡᠵᠢᠯ ᠤᠨ ᠨᠥᠬᠦᠷᠰᠡᠭ | ᠠᠵᠢᠯᠯᠠᠬᠤ ᠣᠷᠴᠢᠨ ᠲᠣᠭᠤᠷᠢᠨ ᠢ ᠪᠣᠶ ᠪᠣᠯᠭᠠᠵᠤ᠂ ᠡᠷᠡᠭᠲᠡᠢ ᠡᠮᠡᠭᠲᠡᠢ ᠠᠵᠢᠯᠲᠠᠨ ᠠᠵᠢᠯᠴᠢᠨ ᠤ ᠭᠡᠷ ᠪᠦᠯᠢ ᠶᠢᠨ | ᠬᠠᠷᠢᠭᠤᠴᠠᠯᠭ᠎ᠠ ᠪᠠᠨ ᠬᠠᠮᠲᠤ ᠪᠠᠷ ᠭᠦᠢᠴᠡᠳᠬᠡᠬᠦ ᠶᠢ ᠳᠡᠮᠵᠢᠨ᠎ᠡ᠃ | 8᠂ ᠭᠡᠷ ᠪᠦᠯᠢ ᠶᠢᠨ ᠬᠥᠮᠦᠵᠢᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠴᠢᠭᠡ ᠡᠬᠡ ᠪᠣᠯᠣᠭᠰᠠᠳ | ᠬᠠᠮᠲᠤᠪᠠᠷ ᠡᠭᠦᠷᠭᠡᠯᠡᠬᠦ ᠦᠵᠡᠯ ᠤᠬᠠᠮᠰᠠᠷ ᠪᠠ ᠴᠢᠳᠠᠪᠤᠷᠢ ᠶᠢ ᠨᠡᠮᠡᠭᠳᠡᠭᠦᠯᠦᠨ᠎ᠡ᠃ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠭᠡᠷ ᠪᠦᠯᠢ ᠶᠢᠨ ᠬᠥᠮᠦᠵᠢᠯ ᠢ ᠠᠬᠢᠭᠤᠯᠬᠤ ᠬᠠᠤᠯᠢ︾ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠭᠡᠷ ᠪᠦᠯᠢ ᠶᠢᠨ ᠬᠥᠮᠦᠵᠢᠯ ᠤᠨ ᠠᠵᠢᠯ ᠤᠨ ᠲᠤᠰᠬᠠᠢ ᠲᠥᠯᠦᠪᠵᠢᠭᠦᠯᠭᠡ ᠶᠢ ᠲᠣᠭᠲᠠᠭᠠᠨ᠎ᠠ᠃ ᠡᠴᠢᠭᠡ ᠡᠬᠡ ᠪᠤᠶᠤ | ᠪᠤᠰᠤᠳ ᠬᠢᠨᠠᠨ ᠬᠠᠮᠠᠭᠠᠯᠠᠭᠴᠢ ᠶᠢᠨ ᠭᠡᠷ ᠪᠦᠯᠢ ᠶᠢᠨ ᠬᠥᠮᠦᠵᠢᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠬᠠᠮᠲᠤᠪᠠᠷ ᠨᠠᠶᠢᠳᠠᠪᠤᠷᠢᠵᠢᠭᠤᠯᠬᠤ ᠶᠢ ᠠᠬᠢᠭᠤᠯᠵᠤ᠂ ᠵᠥᠪ ᠣᠨᠣᠪᠴᠢᠲᠠᠶ ᠭᠡᠷ ᠪᠦᠯᠢ ᠶᠢᠨ ᠬᠥᠮᠦᠵᠢᠯ ᠤᠨ | ᠣᠶᠢᠯᠠᠭᠠᠭᠳᠠᠬᠤᠨ ᠢ ᠪᠤᠶ ᠪᠣᠯᠭᠠᠵᠤ᠂ ᠭᠡᠷ ᠪᠦᠯᠢ ᠶᠢᠨ ᠬᠥᠮᠦᠵᠢᠯ ᠤᠨ ᠮᠡᠳᠡᠯᠭᠡ ᠶᠢ ᠤᠬᠠᠮᠰᠠᠷ ᠠᠴᠠ ᠪᠠᠨ | ᠰᠤᠷᠤᠯᠴᠠᠵᠤ᠂ ᠵᠢᠷᠮᠦᠰᠦᠨ ᠬᠤᠭᠤᠴᠠᠭᠠᠨ ᠳᠤ ᠪᠠ ᠨᠠᠰᠤᠨ ᠳᠤ ᠥᠯᠥ ᠭᠦᠷᠦᠭᠰᠡᠳ ᠨᠢᠯᠬ᠎ᠠ ᠬᠡᠦᠬᠡᠳ ᠢ ᠠᠰᠠᠷᠠᠨ | ᠬᠠᠷᠠᠭᠠᠯᠵᠠᠬᠤ ᠦᠢᠯᠡᠴᠢᠯᠡᠭᠡᠨ ᠤ ᠪᠠᠶᠢᠭᠤᠯᠤᠮᠵᠢ᠂ ᠬᠡᠦᠬᠡᠳ ᠤᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ ᠳᠤ | ᠣᠷᠣᠬᠤ ᠵᠡᠷᠭᠡ ᠴᠢᠬᠤᠯᠠ ᠴᠠᠭ ᠬᠤᠭᠤᠴᠠᠭᠠᠨ ᠳᠤ ᠴᠢᠭᠯᠡᠭᠦᠯᠬᠦ ᠴᠢᠨᠠᠷᠲᠠᠢ ᠪᠠᠷ ᠰᠤᠷᠤᠯᠴᠠᠵᠤ᠂ ᠭᠡᠷ ᠪᠦᠯᠢ ᠶᠢᠨ | ᠬᠥᠮᠦᠵᠢᠯ ᠤᠨ ᠰᠢᠨᠵᠢᠯᠡᠬᠦ ᠤᠬᠠᠭᠠᠨᠴᠢ ᠠᠷᠭ᠎ᠠ ᠶᠢ ᠡᠵᠡᠮᠰᠢᠨ᠂ ᠭᠡᠷ ᠪᠦᠯᠢ ᠶᠢᠨ ᠬᠥᠮᠦᠵᠢᠯ ᠤᠨ ᠴᠢᠳᠠᠪᠤᠷᠢ ᠶᠢ | ᠳᠡᠭᠡᠭᠰᠢᠯᠡᠭᠦᠯᠵᠦ᠂ ᠨᠠᠰᠤᠨ ᠳᠤ ᠥᠯᠥ ᠬᠦᠷᠬᠦ ᠦᠷ᠎ᠡ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠪᠠ | ᠬᠥᠭᠵᠢᠬᠦ ᠳᠤ ᠠᠰᠢᠭᠲᠠᠢ ᠭᠡᠷ ᠪᠦᠯᠢ ᠶᠢᠨ ᠣᠷᠴᠢᠨ ᠲᠣᠭᠤᠷᠢᠨ ᠢ ᠪᠣᠶ ᠪᠤᠯᠭᠠᠨ᠎ᠠ᠃ | 9᠂ ᠨᠠᠰᠤᠲᠠᠢ ᠡᠮᠡᠭᠲᠡᠶᠢᠴᠦᠳ ᠤᠨ ᠭᠡᠷ ᠪᠦᠯᠢ ᠶᠢᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ | ᠨᠠᠰᠤᠲᠠᠨ ᠢᠶᠠᠨ ᠠᠰᠠᠷᠠᠬᠤ᠂ ᠨᠠᠰᠤᠲᠠᠨ ᠢᠶᠠᠨ ᠠᠴᠢᠯᠠᠬᠤ᠂ ᠨᠠᠰᠤᠲᠠᠨ ᠢᠶᠠᠨ ᠬᠦᠨᠳᠦᠯᠡᠬᠦ ᠭᠡᠷ ᠪᠦᠯᠢ ᠶᠢᠨ ᠰᠠᠶᠢᠬᠠᠨ | ᠰᠤᠷᠲᠠᠯ ᠢ ᠰᠠᠨᠠᠭᠠᠴᠢᠯᠠᠵᠤ᠂ ᠭᠡᠷ ᠪᠦᠯᠢ ᠶᠢᠨ ᠨᠠᠰᠤᠲᠠᠨ ᠢᠶᠠᠨ ᠠᠰᠠᠷᠠᠨ ᠲᠡᠵᠢᠭᠡᠬᠦ ᠭᠤᠣᠯ ᠴᠣᠭᠴᠠ ᠶᠢᠨ | ᠬᠠᠷᠢᠭᠤᠴᠠᠯᠭ᠎ᠠ ᠪᠠᠨ ᠭᠦᠢᠴᠡᠳᠬᠡᠬᠦ ᠶᠢ ᠳᠡᠮᠵᠢᠨ᠎ᠡ᠃ ᠨᠠᠰᠤᠨ ᠳᠤ ᠬᠦᠷᠦᠭᠰᠡᠨ ᠦᠷ᠎ᠡ ᠬᠡᠦᠬᠡᠳ ᠤᠨ ᠨᠠᠰᠤᠲᠠᠢ ᠡᠴᠢᠭᠡ | ᠡᠬᠡ ᠲᠠᠢ ᠪᠠᠨ ᠣᠶᠢᠷ᠎ᠠ ᠬᠠᠪᠢ ᠳᠠᠭᠠᠨ ᠰᠠᠭᠤᠬᠤ ᠪᠤᠶᠤ ᠬᠠᠮᠲᠤ ᠠᠮᠢᠳᠤᠷᠠᠬᠤ ᠶᠢ ᠵᠣᠷᠢᠭᠵᠢᠭᠤᠯᠵᠤ᠂ | ᠨᠠᠰᠤᠲᠠᠶᠢᠴᠤᠳ ᠢᠶᠠᠨ ᠣᠷᠳᠣ ᠬᠤᠭᠤᠴᠠᠭ᠎ᠠ ᠪᠠᠷ ᠠᠰᠠᠷᠠᠨ ᠬᠠᠷᠠᠭᠠᠯᠵᠠᠵᠤ ᠪᠠᠶᠢᠭ᠎ᠠ ᠭᠡᠷ ᠪᠦᠯᠢ ᠶᠢᠨ | ᠪᠦᠷᠢᠯᠳᠦᠭᠦᠨ ᠳᠡᠭᠡᠨ ︽ᠠᠮᠤᠰᠬᠢᠬᠦ ᠦᠢᠯᠡᠴᠢᠯᠡᠭᠡ︾ ᠬᠠᠩᠭᠠᠨ᠎ᠠ᠃ ᠬᠥᠮᠥᠨ ᠬᠡᠷᠡᠭᠯᠡᠬᠦ ᠨᠢᠭᠡᠴᠢ ᠶᠢ ᠱᠠᠯᠠᠪᠳᠠᠭᠤᠯᠵᠦ | ᠪᠠᠶᠢᠭᠠᠳ ᠠᠴᠢᠯᠠᠨ ᠲᠡᠵᠢᠭᠡᠬᠦ ᠡᠭᠦᠷᠭᠡᠲᠦ ᠬᠥᠮᠥᠨ ᠤ ᠲᠦᠷᠦᠯ ᠰᠠᠳᠤᠨ ᠢᠶᠠᠨ ᠡᠷᠭᠢᠵᠦ ᠦᠵᠡᠬᠦ ᠪᠠ ᠠᠮᠠᠷᠠᠯᠲᠠ ᠶᠢᠨ | ᠴᠢᠯᠦᠭᠡ ᠠᠪᠬᠤ ᠡᠷᠬᠡ ᠶᠢ ᠪᠠᠲᠤᠯᠠᠵᠤ᠂ ᠦᠷ᠎ᠡ ᠬᠡᠦᠬᠡᠳ ᠢᠶᠠᠨ ᠠᠰᠠᠷᠠᠨ ᠰᠤᠪᠢᠯᠠᠬᠤ ᠴᠢᠯᠦᠭᠡᠨ ᠤ ᠳᠦᠷᠢᠮ | ᠪᠠᠶᠢᠭᠤᠯᠬᠤ ᠶᠢ ᠲᠦᠯᠬᠢᠨ ᠠᠬᠢᠭᠤᠯᠤᠨ᠎ᠠ᠃ ᠭᠡᠷ ᠲᠡᠭᠡᠨ ᠰᠠᠭᠤᠵᠤ ᠪᠠᠶᠢᠭ᠎ᠠ ᠨᠡᠶᠢᠭᠡᠮ ᠲᠣᠭᠤᠷᠢᠭ ᠤᠨ | ᠪᠠᠶᠢᠭᠤᠯᠤᠮᠵᠢ ᠶᠢ ᠬᠠᠷᠢᠯᠴᠠᠨ ᠵᠣᠬᠢᠴᠠᠭᠤᠯᠤᠭᠰᠠᠨ᠂ ᠡᠮᠴᠢᠯᠡᠭᠡ ᠰᠤᠪᠢᠯᠠᠯᠲᠠ ᠡᠷᠡᠭᠦᠯᠵᠢᠯ ᠰᠤᠪᠢᠯᠠᠯᠲᠠ ᠶᠢ ᠬᠠᠷᠢᠯᠴᠠᠨ | ᠤᠶᠠᠯᠳᠤᠭᠤᠯᠤᠭᠰᠠᠨ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮᠵᠢ ᠪᠠ ᠡᠷᠡᠭᠦᠯ ᠮᠡᠨᠳᠦ ᠶᠢᠨ ᠲᠤᠯᠭᠠᠭᠤᠷᠢᠯᠠᠯ ᠤᠨ | ᠰᠢᠰᠲ᠋ᠧᠮᠵᠢ ᠶᠢ ᠪᠠᠶᠢᠭᠤᠯᠤᠨ᠎ᠠ᠃ ᠰᠤᠪᠢᠯᠠᠯᠲᠠ ᠶᠢᠨ ᠬᠦᠷᠢᠶᠡᠯᠡᠩ ︵ᠲᠥᠪ᠂ ᠥᠷᠲᠡᠭᠡ︶᠂ ᠨᠡᠶᠢᠭᠡᠮ ᠲᠣᠭᠤᠷᠢᠭ ᠤᠨ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠵᠡᠷᠭᠡ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠵᠢᠴᠢ ᠦᠢᠯᠡᠴᠢᠯᠡᠭᠡᠨ ᠤ ᠴᠢᠳᠠᠪᠤᠷᠢ ᠲᠠᠢ ᠨᠠᠰᠤᠵᠢᠯ ᠤᠨ | ᠦᠢᠯᠡᠴᠢᠯᠡᠭᠡᠨ ᠤ ᠪᠠᠶᠢᠭᠤᠯᠤᠮᠵᠢ ᠳᠤ ᠲᠦᠰᠢᠭᠯᠡᠨ᠂ ᠴᠢᠳᠠᠪᠤᠷᠢ ᠪᠠᠨ ᠠᠯᠳᠠᠭᠰᠠᠨ ᠨᠠᠰᠤᠲᠠᠶᠢᠴᠤᠳ ᠲᠤ ᠣᠷᠳᠣ | ᠬᠤᠭᠤᠴᠠᠭ᠎ᠠ ᠪᠠᠷ ᠬᠠᠷᠠᠭᠠᠯᠵᠠᠨ ᠠᠰᠠᠷᠠᠬᠤ ᠦᠢᠯᠡᠴᠢᠯᠡᠭᠡ ᠬᠠᠩᠭᠠᠨ᠎ᠠ᠃ ᠨᠠᠰᠤᠲᠠᠶᠢᠴᠤᠳ ᠲᠤ ᠬᠤᠯᠪᠣᠭᠳᠠᠭᠰᠠᠨ | ᠤᠷᠤᠭ ᠭᠡᠷ ᠪᠦᠯᠢ᠂ ᠡᠷᠬᠡ ᠳᠤ ᠬᠠᠯᠳᠠᠭᠰᠠᠨ ᠵᠡᠷᠭᠡ ᠵᠥᠷᠢᠴᠡᠯ ᠵᠢᠭᠤᠷᠠᠯᠳᠤᠭᠠᠨ ᠢ ᠤᠷᠢᠳᠴᠢᠯᠠᠨ ᠰᠡᠷᠡᠮᠵᠢᠯᠡᠭᠦᠯᠬᠦ᠂ | ᠵᠢᠭᠰᠠᠭᠠᠨ ᠪᠠᠶᠢᠴᠠᠭᠠᠬᠤ᠂ ᠡᠶᠡᠳᠡᠭᠦᠯᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠪᠤᠭᠤᠷᠤᠯᠴᠤᠳ ᠤᠨ | ᠠᠵᠤ ᠠᠬᠤᠢ ᠶᠢ ᠢᠳᠡᠪᠬᠢᠲᠡᠢ ᠪᠠᠷ ᠪᠣᠶᠢᠵᠢᠭᠤᠯᠤᠨ᠂ ᠨᠠᠰᠤᠲᠠᠢ ᠡᠮᠡᠭᠲᠡᠶᠢᠴᠦᠳ ᠤᠨ ᠲᠣᠰ ᠪᠡᠶ᠎ᠡ ᠶᠢᠨ | ᠪᠣᠳᠠᠲᠠᠢ ᠲᠠᠢ ᠪᠠᠨ ᠤᠶᠠᠯᠳᠤᠭᠤᠯᠤᠨ ᠦᠢᠯᠡᠳᠦᠯ ᠪᠠᠳᠠᠷᠠᠭᠤᠯᠬᠤ ᠶᠢ ᠬᠥᠲᠥᠯᠥᠨ ᠵᠢᠯᠤᠭᠤᠳᠤᠨ᠎ᠠ᠃ | 10᠂ ᠤᠷᠤᠭ ᠭᠡᠷ ᠪᠦᠯᠢ ᠶᠢᠨ ᠵᠢᠭᠤᠷᠠᠯᠳᠤᠭᠠᠨ ᠢ ᠰᠡᠷᠭᠡᠶᠢᠯᠡᠨ ᠠᠷᠢᠯᠭᠠᠬᠤ ᠠᠵᠢᠯ ᠢ ᠴᠢᠩᠭᠠᠳᠬᠠᠨ᠎ᠠ᠃ | ᠤᠷᠤᠭ ᠭᠡᠷ ᠪᠦᠯᠢ ᠶᠢᠨ ᠵᠢᠭᠤᠷᠠᠯᠳᠤᠭᠠᠨ ᠢ ᠰᠡᠷᠭᠡᠶᠢᠯᠡᠨ ᠠᠷᠢᠯᠭᠠᠬᠤ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ | ᠭᠡᠷ ᠪᠦᠯᠢ ᠶᠢᠨ ᠬᠦᠴᠦᠷᠬᠡᠭᠯᠡᠯ ᠢ ᠰᠡᠷᠭᠡᠶᠢᠯᠡᠨ ᠬᠤᠷᠢᠭᠯᠠᠵᠤ᠂ ᠶᠡᠷᠦᠩᠬᠡᠶᠢᠯᠡᠨ ᠵᠠᠰᠠᠬᠤ ᠲᠥᠪ ᠪᠠ | ᠲᠣᠣᠷᠵᠢᠭᠤᠯᠤᠭᠰᠠᠨ ᠦᠢᠯᠡᠴᠢᠯᠡᠭᠡ ᠬᠠᠮᠢᠶᠠᠷᠤᠯᠲᠠ ᠶᠢᠨ ᠦᠢᠯᠡᠳᠦᠯ ᠢ ᠪᠠᠳᠠᠷᠠᠭᠤᠯᠵᠤ᠂ ᠵᠣᠯᠭᠠᠯᠳᠤᠭᠤᠯᠤᠨ | ᠬᠤᠯᠪᠣᠯᠳᠤᠭᠤᠯᠬᠤ ᠶᠢ ᠴᠢᠩᠭᠠᠳᠬᠠᠵᠤ᠂ ᠤᠷᠤᠭ ᠭᠡᠷ ᠪᠦᠯᠢ ᠶᠢᠨ ᠵᠢᠭᠤᠷᠠᠯᠳᠤᠭᠠᠨ ᠢ ᠤᠷᠢᠳᠴᠢᠯᠠᠨ ᠵᠢᠱᠢᠵᠦ | ᠤᠷᠢᠳᠴᠢᠯᠠᠨ ᠰᠡᠷᠭᠡᠶᠢᠯᠡᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠵᠢᠭᠤᠷᠠᠯᠳᠤᠭᠠᠨ ᠢ ᠳᠠᠷᠠᠭᠠᠯᠠᠨ | ᠪᠠᠶᠢᠴᠠᠭᠠᠵᠤ ᠡᠶᠡᠳᠡᠭᠦᠯᠦᠨ ᠰᠢᠢᠳᠪᠦᠷᠢᠯᠡᠬᠦ ᠳᠦᠷᠢᠮ ᠢ ᠪᠦᠷᠢᠨᠰᠢᠭᠦᠯᠦᠨ᠎ᠡ᠃ ᠤᠷᠤᠭ ᠭᠡᠷ ᠪᠦᠯᠢ ᠶᠢᠨ | ᠵᠢᠭᠤᠷᠠᠯᠳᠤᠭᠠᠨ ᠢ ᠠᠷᠠᠳ ᠤᠨ ᠡᠶᠡᠳᠡᠭᠦᠯᠬᠦ ᠺᠣᠮᠢᠰ ᠢ ᠪᠠᠶᠢᠭᠤᠯᠵᠤ᠂ ︽ᠤᠷᠤᠭ ᠭᠡᠷ ᠪᠦᠯᠢ ᠶᠢᠨ ᠵᠢᠭᠤᠷᠠᠯᠳᠤᠭᠠᠨ ᠢ | ᠡᠶᠡᠳᠡᠭᠦᠯᠬᠦ ᠠᠵᠢᠯ ᠤᠨ ᠵᠦᠭᠯᠡᠭᠦᠷ︾ ᠤᠨ ᠶᠣᠰᠣᠭᠠᠷ ᠵᠢᠷᠤᠮᠵᠢᠭᠰᠠᠨ᠂ ᠲᠤᠰᠬᠠᠶᠢᠵᠢᠭᠰᠠᠨ ᠦᠢᠯᠡᠴᠢᠯᠡᠭᠡ ᠬᠠᠩᠭᠠᠨ᠎ᠠ᠃ | ᠤᠷᠤᠭ ᠭᠡᠷ ᠪᠦᠯᠢ ᠶᠢᠨ ᠵᠢᠭᠤᠷᠠᠯᠳᠤᠭᠠᠨ ᠢ ᠡᠶᠡᠳᠡᠭᠦᠯᠬᠦ ᠶᠢ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ | ᠠᠪᠬᠤ ᠵᠢᠯᠣᠭᠤᠳᠤᠯᠭ᠎ᠠ ᠶᠢᠨ ᠴᠢᠨᠠᠷᠲᠠᠢ ᠭᠠᠷᠴᠠᠭ ᠲᠤ ᠣᠷᠣᠭᠤᠯᠬᠤ ᠶᠢ ᠲᠦᠯᠬᠢᠨ ᠠᠬᠢᠭᠤᠯᠤᠨ᠎ᠠ᠃ ᠤᠷᠤᠭ ᠭᠡᠷ | ᠪᠦᠯᠢ ᠶᠢᠨ ᠵᠢᠭᠤᠷᠠᠯᠳᠤᠭᠠᠨ ᠢ ᠵᠠᠭᠠᠯᠳᠤᠬᠤ ᠠᠴᠠ ᠡᠮᠦᠨ᠎ᠡ ᠡᠶᠡᠳᠡᠭᠦᠯᠬᠦ ᠠᠵᠢᠯ ᠢ ᠢᠳᠡᠪᠬᠢᠲᠡᠢ ᠬᠠᠮᠵᠢᠯᠴᠠᠨ | ᠦᠷᠨᠢᠭᠦᠯᠦᠨ᠎ᠡ᠃ ᠨᠡᠶᠢᠭᠡᠮ ᠲᠣᠭᠤᠷᠢᠭ ᠤᠨ ᠣᠷᠤᠭ ᠭᠡᠷ ᠪᠦᠯᠢ ᠶᠢᠨ ᠵᠢᠭᠤᠷᠠᠯᠳᠤᠭᠠᠨ ᠢ ᠡᠶᠡᠳᠡᠭᠦᠯᠬᠦ ᠠᠵᠢᠯ ᠤᠨ | ᠲᠠᠰᠤᠭ ᠪᠠᠶᠢᠭᠤᠯᠬᠤ ᠶᠢ ᠵᠣᠷᠢᠭᠵᠢᠭᠤᠯᠵᠤ᠂ ᠣᠯᠠᠨ ᠲᠦᠮᠡᠨ ᠳᠤ ᠣᠶᠢᠷ᠎ᠠ ᠬᠠᠪᠢ ᠳᠠᠭᠠᠨ ᠲᠥᠬᠦᠮ ᠦᠵᠡᠭᠦᠯᠬᠦ | ᠲᠤᠰᠬᠠᠢ ᠮᠡᠷᠭᠡᠵᠢᠯ ᠤᠨ ᠡᠶᠡᠳᠡᠭᠦᠯᠬᠦ ᠦᠢᠯᠡᠴᠢᠯᠡᠭᠡ ᠬᠠᠩᠭᠠᠨ᠎ᠠ᠃ ᠭᠡᠷ ᠤᠨ ᠶᠠᠪᠤᠳᠠᠯ ᠤᠨ ᠰᠢᠭᠦᠨ ᠲᠠᠰᠤᠯᠬᠤ | ᠳᠦᠷᠢᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠵᠠᠭᠠᠯᠳᠤᠬᠤ ᠪᠠ ᠡᠶᠡᠳᠡᠭᠦᠯᠬᠦ ᠶᠢ ᠵᠣᠯᠭᠠᠭᠤᠯᠬᠤ | ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠭᠡᠷ ᠤᠨ ᠶᠠᠪᠤᠳᠠᠯ ᠤᠨ ᠵᠢᠭᠤᠷᠠᠯᠳᠤᠭᠠᠨ ᠢ ᠶᠡᠷᠦᠩᠬᠡᠶᠢᠯᠡᠨ | ᠵᠣᠬᠢᠴᠠᠭᠤᠯᠤᠨ ᠰᠢᠢᠳᠪᠦᠷᠢᠯᠡᠬᠦ ᠰᠢᠨ᠎ᠡ ᠮᠠᠶ᠋ᠢᠭ ᠤᠨ ᠵᠠᠭᠪᠤᠷ ᠢ ᠪᠤᠢ ᠪᠣᠯᠭᠠᠨ᠎ᠠ᠃ ᠤᠷᠤᠭ ᠭᠡᠷ ᠪᠦᠯᠢ ᠶᠢᠨ | ᠵᠢᠭᠤᠷᠠᠯᠳᠤᠭᠠᠨ ᠤ ᠡᠮᠡᠭᠲᠡᠶᠢᠴᠦᠳ ᠤᠨ ᠬᠥᠭᠵᠢᠯᠲᠡ ᠳᠤ ᠦᠵᠡᠭᠦᠯᠬᠦ ᠠᠰᠢᠭ ᠦᠭᠡᠢ ᠨᠥᠯᠥᠭᠡ ᠶᠢ ᠪᠠᠭᠤᠷᠠᠭᠤᠯᠤᠨ᠎ᠠ᠃ | | (ᠲᠤᠯᠤᠭ᠎ᠠ) ᠡᠮᠡᠭᠲᠡᠶᠢᠴᠦᠳ ᠬᠢᠭᠡᠳ ᠣᠷᠴᠢᠨ ᠲᠣᠭᠤᠷᠢᠨ | ᠭᠤᠣᠯ ᠬᠠᠷᠠᠯᠲᠠ᠄ | 1᠂ ᠡᠮᠡᠭᠲᠡᠶᠢᠴᠦᠳ ᠤᠨ ᠦᠵᠡᠯ ᠰᠠᠨᠠᠭ᠎ᠠ ᠤᠯᠤᠰ ᠲᠥᠷᠥ ᠶᠢᠨ ᠦᠵᠡᠯ ᠤᠬᠠᠮᠰᠠᠷ ᠢ ᠳᠡᠭᠡᠭᠰᠢᠯᠡᠭᠦᠯᠵᠦ᠂ | ᠡᠮᠡᠭᠲᠡᠶᠢᠴᠦᠳ ᠢ ᠬᠥᠲᠥᠯᠥᠨ ᠵᠢᠯᠤᠭᠤᠳᠴᠤ ᠪᠠᠶᠢᠭᠠᠳ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ | ᠦᠵᠡᠯᠲᠡ ᠶᠢ ᠢᠳᠡᠪᠬᠢᠲᠡᠢ ᠦᠢᠯᠡᠳᠦᠯᠭᠡᠵᠢᠭᠦᠯᠦᠨ᠎ᠡ᠃ | 2᠂ ᠪᠥᠬᠦ ᠨᠡᠶᠢᠭᠡᠮ ᠤᠨ ᠬᠦᠢᠰᠦ ᠶᠢᠨ ᠢᠯᠭᠠᠯ ᠤᠨ ᠡᠷᠬᠡ ᠲᠡᠭᠰᠢ ᠪᠠᠶᠢᠬᠤ ᠦᠵᠡᠯ ᠤᠬᠠᠮᠰᠠᠷ ᠢ | ᠳᠡᠭᠡᠭᠰᠢᠯᠡᠭᠦᠯᠵᠦ᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠶᠢᠨ ᠤᠬᠠᠭᠤᠯᠭ᠎ᠠ | ᠬᠥᠮᠦᠵᠢᠯ ᠢ ᠪᠠᠶᠢᠭᠤᠯᠭ᠎ᠠ᠂ ᠰᠤᠷᠭᠠᠭᠤᠯᠢ᠂ ᠠᠵᠤ ᠠᠬᠤᠶᠢᠯᠠᠯ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ᠂ ᠭᠡᠷ | ᠪᠦᠯᠢ ᠳᠤ ᠣᠷᠣᠭᠤᠯᠬᠤ ᠶᠢ ᠠᠬᠢᠭᠤᠯᠤᠨ᠎ᠠ᠃ | 3᠂ ᠰᠣᠶᠣᠯ ᠬᠢᠭᠡᠳ ᠤᠯᠠᠮᠵᠢᠯᠠᠬᠤ ᠵᠠᠭᠤᠴᠢ ᠶᠢᠨ ᠬᠦᠷᠢᠶᠡᠨ ᠳᠠᠬᠢ ᠬᠦᠢᠰᠦ ᠶᠢᠨ ᠢᠯᠭᠠᠯ ᠤᠨ ᠡᠷᠬᠡ ᠲᠡᠭᠰᠢ | ᠪᠠᠶᠢᠬᠤ ᠶᠢ ᠦᠨᠡᠯᠡᠨ ᠵᠢᠱᠢᠬᠦ ᠪᠠ ᠬᠢᠨᠠᠨ ᠬᠠᠮᠢᠶᠠᠷᠬᠤ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ | 4᠂ ᠡᠮᠡᠭᠲᠡᠶᠢᠴᠦᠳ ᠤᠨ ᠵᠠᠭᠤᠴᠢᠯᠠᠭᠤᠷ ᠤᠨ ᠬᠡᠪ ᠪᠣᠯᠪᠠᠰᠤᠷᠠᠯ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ | ᠡᠮᠡᠭᠲᠡᠶᠢᠴᠦᠳ ᠤᠨ ᠮᠡᠳᠡᠭᠡ ᠵᠠᠩᠭᠢ ᠶᠢᠨ ᠮᠡᠷᠭᠡᠵᠢᠯ ᠢ ᠠᠰᠢᠭᠯᠠᠨ ᠰᠢᠨ᠎ᠡ ᠴᠠᠭ ᠦᠶ᠎ᠡ ᠶᠢᠨ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠣᠷᠤᠯᠴᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | 5᠂ ᠡᠮᠡᠭᠲᠡᠶᠢᠴᠦᠳ ᠤᠨ ᠠᠮᠢ ᠠᠬᠤᠢ ᠶᠢᠨ ᠪᠣᠯᠪᠠᠰᠤᠨ ᠤ ᠤᠬᠠᠮᠰᠠᠷ ᠢ ᠳᠡᠭᠡᠭᠰᠢᠯᠡᠭᠦᠯᠵᠦ᠂ ᠡᠮᠡᠭᠲᠡᠶᠢᠴᠦᠳ ᠤᠨ | ᠪᠣᠬᠢᠷᠳᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠬᠦ ᠶᠢ ᠠᠬᠢᠭᠤᠯᠵᠤ᠂ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢᠨ ᠠᠬᠢᠭᠤᠯᠤᠭᠴᠢ ᠪᠠ ᠦᠢᠯᠡᠳᠦᠯᠭᠡᠵᠢᠭᠦᠯᠦᠭᠴᠢ ᠪᠤᠯᠭᠠᠨ᠎ᠠ᠃ | 6᠂ ᠬᠤᠲᠠ ᠬᠥᠳᠡᠭᠡ ᠶᠢᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠤᠯᠠᠮ ᠨᠢᠭᠡ ᠠᠯᠬᠤᠮ | ᠰᠠᠶᠢᠵᠢᠷᠠᠭᠤᠯᠤᠨ᠎ᠠ᠃ ᠭᠤᠣᠯ ᠪᠣᠯᠬᠤ ᠪᠣᠬᠢᠷᠳᠤᠯ ᠢ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠦᠷᠭᠦᠯᠵᠢᠯᠡᠨ | ᠪᠠᠭᠠᠰᠬᠠᠨ᠎ᠠ᠃ | 7᠂ ᠬᠥᠳᠡᠭᠡ ᠲᠣᠰᠬᠤᠨ ᠤ ᠲᠦᠭᠡᠭᠡᠯ ᠤᠰᠤᠨ ᠤ ᠲᠦᠭᠡᠮᠡᠯᠵᠢᠯᠲᠡ ᠶᠢᠨ ᠨᠣᠷᠮ᠎ᠠ ᠶᠢ 95% ᠠᠴᠠ ᠳᠡᠭᠡᠭᠰᠢ | ᠪᠠᠶᠢᠯᠭᠠᠵᠤ᠂ ᠬᠤᠲᠠ ᠶᠢᠨ ᠤᠤᠭᠤᠬᠤ ᠤᠰᠤᠨ ᠤ ᠴᠢᠨᠠᠷ ᠢ ᠳᠡᠭᠡᠭᠰᠢᠯᠡᠭᠦᠯᠦᠨ᠂ ᠤᠰᠤᠨ ᠤ ᠪᠣᠬᠢᠷᠳᠤᠯ ᠤᠨ | ᠡᠮᠡᠭᠲᠡᠶᠢᠴᠦᠳ ᠤᠨ ᠡᠷᠡᠭᠦᠯ ᠮᠡᠨᠳᠦ ᠳᠤ ᠤᠴᠠᠷᠠᠭᠤᠯᠬᠤ ᠬᠤᠣᠷ ᠬᠥᠨᠥᠭᠡᠯ ᠢ ᠪᠠᠭᠠᠰᠬᠠᠨ᠎ᠠ᠃ | 8᠂ ᠬᠥᠳᠡᠭᠡ ᠲᠣᠰᠬᠤᠨ ᠤ ᠠᠷᠢᠭᠤᠨ ᠴᠡᠪᠡᠷ ᠵᠣᠷᠯᠣᠩ ᠤᠨ ᠲᠦᠭᠡᠮᠡᠯᠵᠢᠯᠲᠡ ᠶᠢᠨ ᠨᠣᠷᠮ᠎ᠠ ᠶᠢ | ᠲᠣᠭᠲᠠᠭᠤᠨ ᠢᠶᠠᠷ ᠳᠡᠭᠡᠭᠰᠢᠯᠡᠭᠦᠯᠵᠦ᠂ ᠬᠤᠲᠠ ᠪᠠᠯᠭᠠᠰᠤ ᠶᠢᠨ ᠣᠯᠠᠨ ᠨᠡᠶᠢᠲᠡ ᠶᠢᠨ ᠵᠣᠷᠯᠣᠩ ᠤᠨ ᠡᠷᠡᠭᠲᠡᠢ | ᠡᠮᠡᠭᠲᠡᠢ ᠶᠢᠨ ᠵᠣᠷᠯᠣᠩ ᠤᠨ ᠪᠠᠶᠢᠷᠢ ᠶᠢᠨ ᠬᠠᠷᠢᠴᠠᠯ ᠢ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢ ᠪᠣᠳᠠᠲᠠᠢ | ᠬᠡᠷᠡᠭᠴᠡᠭᠡ ᠱᠠᠭᠠᠷᠳᠠᠯᠭ᠎ᠠ ᠯᠤᠭ᠎ᠠ ᠲᠤᠬᠢᠷᠠᠭᠤᠯᠤᠨ᠎ᠠ᠃ | 9᠂ ᠬᠤᠭ ᠨᠣᠪᠰᠢ ᠶᠢ ᠲᠦᠷᠦᠯ ᠬᠤᠪᠢᠶᠠᠬᠤ ᠶᠢ ᠬᠡᠷᠡᠭᠵᠢᠭᠦᠯᠵᠦ᠂ ᠡᠮᠡᠭᠲᠡᠶᠢᠴᠦᠳ ᠤᠨ ᠠᠮᠢᠳᠤᠷᠠᠯ ᠤᠨ | ᠣᠷᠴᠢᠨ ᠨᠥᠬᠦᠴᠡᠯ ᠢ ᠰᠠᠶᠢᠵᠢᠷᠠᠭᠤᠯᠤᠨ᠎ᠠ᠃ | 10᠂ ᠡᠮᠡᠭᠲᠡᠶᠢᠴᠦᠳ ᠤᠨ ᠭᠡᠨᠡᠳᠲᠡ ᠶᠢᠨ ᠬᠡᠷᠡᠭ ᠢ ᠠᠷᠭᠠᠴᠠᠬᠤ ᠴᠢᠳᠠᠪᠤᠷᠢ ᠲᠠᠰᠤᠷᠠᠯᠲᠠ ᠦᠭᠡᠢ | ᠳᠡᠭᠡᠭᠰᠢᠯᠡᠵᠦ᠂ ᠦᠢᠯᠡᠳᠦᠯ ᠢᠶᠠᠨ ᠪᠠᠳᠠᠷᠠᠭᠤᠯᠤᠨ᠂ ᠤᠨᠴᠠᠭᠠᠢ ᠬᠡᠷᠡᠭᠴᠡᠭᠡ ᠱᠠᠭᠠᠷᠳᠠᠯᠭ᠎ᠠ ᠪᠠᠨ ᠬᠠᠩᠭᠠᠨ᠎ᠠ᠃ | 11᠂ ᠡᠮᠡᠭᠲᠡᠶᠢᠴᠦᠳ ᠤᠨ ᠬᠦᠷᠢᠶᠡᠨ ᠳᠠᠬᠢ ᠤᠯᠤᠰ ᠤᠨ ᠳᠣᠲᠣᠭᠠᠳᠤ ᠭᠠᠳᠠᠭᠠᠳᠤ ᠶᠢᠨ ᠰᠣᠯᠢᠯᠴᠠᠭ᠎ᠠ ᠪᠠ | ᠬᠠᠮᠲᠤᠷᠠᠯᠴᠠᠭ᠎ᠠ ᠳᠤ ᠥᠷᠭᠡᠨ ᠢᠶᠠᠷ ᠤᠷᠤᠯᠴᠠᠭᠤᠯᠤᠨ᠎ᠠ᠃ | ᠠᠷᠭ᠎ᠠ ᠪᠣᠳᠣᠯᠭ᠎ᠠ ᠠᠷᠭ᠎ᠠ ᠬᠡᠮᠵᠢᠶ᠎ᠡ᠄ | 1᠂ ᠡᠮᠡᠭᠲᠡᠶᠢᠴᠦᠳ ᠤᠨ ᠦᠵᠡᠯ ᠰᠠᠨᠠᠭ᠎ᠠ ᠤᠯᠤᠰ ᠲᠥᠷᠥ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠨ᠎ᠠ᠃ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠡᠮᠡᠭᠲᠡᠶᠢᠴᠦᠳ ᠢ ᠬᠥᠲᠥᠯᠥᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠪᠠ | ᠳᠤᠮᠳᠠᠳᠤ ᠤᠯᠤᠰ ᠤᠨ ᠵᠡᠭᠦᠳᠦ ᠶᠢᠨ ᠤᠬᠠᠭᠤᠯᠭ᠎ᠠ ᠬᠥᠮᠦᠵᠢᠯ ᠢ ᠦᠷᠭᠦᠯᠵᠢᠯᠡᠨ ᠥᠷᠨᠢᠭᠦᠯᠵᠦ᠂ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ᠂ ᠭᠤᠣᠯ ᠤᠷᠤᠰᠬᠠᠯ ᠤᠨ ᠵᠠᠭᠤᠴᠢᠯᠠᠭᠤᠷ᠂ ᠡᠮᠡᠭᠲᠡᠶᠢᠴᠦᠳ ᠤᠨ | ᠭᠡᠷ ᠪᠦᠯᠢ ᠵᠡᠷᠭᠡ ᠵᠢᠭᠰᠠᠭᠠᠯ ᠤᠨ ᠭᠠᠵᠠᠷ ᠤᠨ ᠦᠢᠯᠡᠳᠦᠯ ᠢ ᠪᠠᠳᠠᠷᠠᠭᠤᠯᠵᠤ᠂ ᠬᠦᠰᠡᠯ ᠢᠲᠡᠭᠡᠯ ᠤᠨ ᠬᠥᠮᠦᠵᠢᠯ ᠢ | ᠪᠠᠶᠢᠩᠭᠤᠵᠢᠭᠤᠯᠤᠨ ᠳᠦᠷᠢᠮᠵᠢᠭᠦᠯᠬᠦ ᠶᠢ ᠠᠬᠢᠭᠤᠯᠵᠤ᠂ ᠨᠠᠮ ᠪᠠ ᠠᠷᠠᠳ ᠲᠦᠮᠡᠨ ᠤ ᠡᠯ᠎ᠡ ᠲᠡᠦᠬᠡᠨ ᠴᠠᠭ ᠦᠶ᠎ᠡ ᠶᠢᠨ | ᠲᠡᠮᠡᠴᠡᠯ ᠤᠨ ᠳᠤᠮᠳᠠ ᠪᠦᠷᠢᠯᠳᠦᠭᠦᠯᠦᠭᠰᠡᠨ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ᠂ ᠡᠮᠡᠭᠲᠡᠶᠢᠴᠦᠳ ᠤᠨ | ᠲᠡᠦᠬᠡ ᠶᠢᠨ ᠬᠠᠷᠢᠭᠤᠴᠠᠯᠭᠠᠲᠤ ᠰᠡᠳᠬᠢᠯᠭᠡ ᠪᠠ ᠡᠵᠡᠨ ᠬᠥᠮᠥᠨ ᠤ ᠵᠣᠷᠢᠭ ᠰᠠᠨᠠᠭ᠎ᠠ ᠶᠢ ᠬᠥᠭᠵᠢᠭᠡᠵᠦ᠂ | ᠡᠮᠡᠭᠲᠡᠶᠢᠴᠦᠳ ᠤᠨ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ ᠶᠢ ᠬᠥᠲᠥᠯᠥᠨ ᠵᠢᠯᠣᠭᠤᠳᠤᠨ᠎ᠠ᠃ ᠰᠤᠷᠭᠠᠨ | ᠬᠥᠮᠦᠵᠢᠯ ᠤᠨ ᠬᠠᠷᠢᠯᠴᠠᠭᠠᠨ ᠤ ᠦᠢᠯᠡᠴᠢᠯᠡᠭᠡ ᠪᠠᠷ ᠳᠠᠮᠵᠢᠭᠤᠯᠤᠨ᠂ ᠵᠠᠯᠠᠭᠤ ᠡᠮᠡᠭᠲᠡᠶᠢᠴᠦᠳ᠂ ᠰᠡᠬᠡᠭᠡᠲᠡᠨ | ᠡᠮᠡᠭᠲᠡᠶᠢᠴᠦᠳ᠂ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠤᠨ ᠠᠵᠢᠯ ᠡᠷᠭᠢᠯᠡᠵᠦ ᠪᠠᠶᠢᠭ᠎ᠠ ᠡᠮᠡᠭᠲᠡᠶᠢᠴᠦᠳ ᠪᠠ | ᠰᠦᠯᠵᠢᠶᠡᠨ ᠤ ᠣᠷᠣᠨ ᠵᠠᠢ ᠳᠤ ᠢᠳᠡᠪᠬᠢᠲᠡᠢ ᠠᠵᠢᠯᠯᠠᠵᠤ ᠪᠠᠶᠢᠭ᠎ᠠ ᠡᠮᠡᠭᠲᠡᠶᠢᠴᠦᠳ ᠢ ᠨᠢᠭᠲᠠᠷᠠᠭᠤᠯᠤᠨ᠎ᠠ᠃ | ᠡᠮᠡᠭᠲᠡᠶᠢᠴᠦᠳ ᠤᠨ ᠲᠡᠷᠢᠭᠦᠨ ᠤ ᠬᠠᠮᠲᠤ ᠪᠠ ᠬᠤᠪᠢ ᠬᠥᠮᠥᠨ ᠢ ᠬᠥᠮᠥᠵᠢᠭᠦᠯᠬᠦ᠂ ᠰᠢᠯᠭᠠᠷᠠᠭᠤᠯᠬᠤ᠂ ᠬᠥᠬᠢᠭᠦᠯᠦᠨ | ᠰᠠᠶᠢᠰᠢᠶᠠᠬᠤ᠂ ᠤᠬᠠᠭᠤᠯᠬᠤ ᠪᠠᠷ ᠳᠠᠮᠵᠢᠭᠤᠯᠤᠨ᠂ ᠡᠮᠡᠭᠲᠡᠶᠢᠴᠦᠳ ᠤᠨ ᠲᠡᠷᠢᠭᠦᠨ ᠤ ᠬᠢ ᠶᠢ ᠡᠷᠬᠢᠮᠯᠡᠬᠦ᠂ ᠲᠡᠷᠢᠭᠦᠨ ᠤ | ᠬᠢ ᠠᠴᠠ ᠰᠤᠷᠤᠯᠴᠠᠬᠤ᠂ ᠲᠡᠷᠢᠭᠦᠨ ᠤ ᠬᠢ ᠪᠣᠯᠬᠤ ᠪᠠᠷ ᠴᠢᠷᠮᠠᠶᠢᠬᠤ ᠶᠢ ᠵᠤᠷᠢᠭᠵᠢᠭᠤᠯᠤᠨ᠎ᠠ᠃ | 2᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠪᠠᠷ ᠭᠤᠣᠯ ᠪᠣᠯᠭᠠᠭᠰᠠᠨ ᠲᠡᠷᠢᠭᠦᠨ ᠤ ᠬᠦᠢᠰᠦ ᠶᠢᠨ | ᠢᠯᠭᠠᠯ ᠤᠨ ᠰᠣᠶᠣᠯ ᠤᠨ ᠤᠬᠠᠭᠤᠯᠭ᠎ᠠ ᠬᠥᠮᠦᠵᠢᠯ ᠢ ᠥᠷᠨᠢᠭᠦᠯᠦᠨ᠎ᠡ᠃ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠪᠠᠷ | ᠭᠤᠣᠯ ᠪᠣᠯᠭᠠᠭᠰᠠᠨ ᠬᠦᠢᠰᠦ ᠶᠢᠨ ᠢᠯᠭᠠᠯ ᠤᠨ ᠲᠡᠷᠢᠭᠦᠨ ᠤ ᠰᠣᠶᠣᠯ ᠢ ᠨᠡᠶᠢᠭᠡᠮ ᠳᠠᠶᠠᠭᠠᠷ ᠲᠤ ᠶᠡᠬᠡᠪᠡᠷ | ᠰᠠᠨᠠᠭᠠᠴᠢᠯᠠᠵᠤ᠂ ᠪᠦᠬᠦ ᠨᠡᠶᠢᠭᠡᠮ ᠤᠨ ᠬᠦᠢᠰᠦ ᠶᠢᠨ ᠢᠯᠭᠠᠯ ᠤᠨ ᠡᠷᠬᠡ ᠲᠡᠭᠰᠢ ᠪᠠᠶᠢᠬᠤ ᠤᠬᠠᠮᠰᠠᠷ ᠢ ᠳᠡᠭᠡᠭᠰᠢᠯᠡᠭᠦᠯᠵᠦ᠂ | ᠡᠮᠡᠭᠲᠡᠶᠢᠴᠦᠳ ᠢ ᠬᠦᠨᠳᠦᠳᠬᠡᠬᠦ ᠪᠠ ᠡᠷᠡᠭᠲᠡᠢ ᠡᠮᠡᠭᠲᠡᠢ ᠬᠤᠶᠠᠷ ᠬᠦᠢᠰᠦᠲᠡᠨ ᠤ ᠡᠷᠬᠡ ᠲᠡᠭᠰᠢ ᠬᠥᠭᠵᠢᠯᠲᠡ ᠶᠢ | ᠠᠬᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ ᠲᠡᠷᠢᠭᠦᠨ ᠤ ᠴᠢᠨᠠᠷ ᠤᠨ ᠢᠯᠭᠠᠯ ᠤᠨ | ᠰᠣᠶᠣᠯ ᠢ ᠪᠠᠶᠢᠭᠤᠯᠬᠤ ᠶᠢ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠴᠡᠴᠡᠭᠯᠡᠭᠦᠯᠦᠨ ᠬᠥᠭᠵᠢᠭᠦᠯᠬᠦ ᠳᠦᠷᠢᠮ ᠤᠨ | ᠰᠢᠰᠲ᠋ᠧᠮ ᠳᠤ ᠤᠷᠤᠭᠤᠯᠤᠨ᠎ᠠ᠃ ᠰᠢᠨ᠎ᠡ ᠴᠠᠭ ᠦᠶ᠎ᠡ ᠶᠢᠨ ᠡᠮᠡᠭᠲᠡᠶᠢᠴᠦᠳ ᠤᠨ ᠨᠡᠶᠢᠭᠡᠮ ᠤᠨ ᠠᠮᠢᠳᠤᠷᠠᠯ ᠪᠠ ᠭᠡᠷ | ᠪᠦᠯᠢ ᠶᠢᠨ ᠠᠮᠢᠳᠤᠷᠠᠯ ᠳᠠᠬᠢ ᠥᠪᠡᠷᠮᠢᠴᠡ ᠦᠢᠯᠡᠳᠦᠯ ᠢ ᠶᠡᠬᠡᠪᠡᠷ ᠤᠬᠠᠭᠤᠯᠵᠤ᠂ ᠡᠮᠡᠭᠲᠡᠶᠢᠴᠦᠳ ᠤᠨ ᠥᠪᠡᠷ ᠢ ᠪᠠᠨ | ᠬᠦᠨᠳᠦᠳᠬᠡᠬᠦ᠂ ᠥᠪᠡᠷ ᠢ ᠪᠠᠨ ᠢᠲᠡᠭᠡᠬᠦ᠂ ᠪᠡᠶ᠎ᠡ ᠪᠠᠨ ᠳᠠᠭᠠᠭᠠᠬᠤ᠂ ᠥᠪᠡᠷ ᠢ ᠪᠠᠨ ᠬᠦᠴᠦᠷᠬᠡᠭᠵᠢᠭᠦᠯᠬᠦ ᠵᠣᠷᠢᠭ | ᠰᠠᠨᠠᠭ᠎ᠠ ᠶᠢ ᠤᠬᠠᠭᠤᠯᠵᠤ᠂ ᠰᠢᠯᠢᠳᠡᠭ ᠡᠮᠡᠭᠲᠡᠶᠢᠴᠦᠳ ᠤᠨ ᠨᠡᠶᠢᠲᠡᠯᠢᠭ ᠵᠢᠱᠢᠶ᠎ᠡ ᠶᠢ ᠤᠬᠠᠭᠤᠯᠵᠤ᠂ ᠡᠷᠡᠭᠲᠡᠢ ᠡᠮᠡᠭᠲᠡᠢ | ᠡᠷᠬᠡ ᠲᠡᠭᠰᠢ ᠪᠠᠶᠢᠬᠤ ᠣᠶᠢᠯᠠᠭᠠᠭᠳᠠᠬᠤᠨ ᠢ ᠨᠡᠶᠢᠭᠡᠮ ᠳᠠᠶᠠᠭᠠᠷ ᠤᠨ ᠬᠠᠮᠲᠤ ᠪᠠᠷ ᠵᠢᠷᠤᠮᠯᠠᠬᠤ ᠦᠶᠯᠡ ᠠᠵᠢᠯᠯᠠᠭᠠᠨ ᠤ | ᠵᠢᠷᠤᠮᠵᠢᠯ ᠪᠠ ᠥᠷᠲᠡᠭ ᠤᠨ ᠪᠠᠷᠢᠮᠵᠢᠶ᠎ᠠ ᠪᠣᠯᠭᠠᠬᠤ ᠶᠢ ᠲᠦᠯᠬᠢᠨ ᠠᠬᠢᠭᠤᠯᠤᠨ᠎ᠠ᠃ ᠺᠠᠳ᠋ᠷᠴᠤᠳ ᠤᠨ ᠡᠮᠡᠭᠲᠡᠶᠢᠴᠦᠳ | ᠪᠠ ᠡᠮᠡᠭᠲᠡᠶᠢᠴᠦᠳ ᠤᠨ ᠠᠵᠢᠯ ᠤᠨ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ ᠵᠢᠴᠢ | ᠮᠠᠷᠺᠰ ᠤᠨ ᠦᠵᠡᠯ ᠤᠨ ᠡᠮᠡᠭᠲᠡᠶᠢᠴᠦᠳ ᠤᠨ ᠲᠤᠬᠠᠢ ᠦᠵᠡᠯᠲᠡ᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ | ᠤᠯᠤᠰ ᠤᠨ ᠦᠨᠳᠦᠰᠦᠨ ᠪᠣᠳᠣᠯᠭ᠎ᠠ ᠶᠢ ᠰᠤᠷᠤᠯᠴᠠᠬᠤ ᠶᠢ ᠲᠦᠯᠬᠢᠨ ᠠᠬᠢᠭᠤᠯᠤᠨ᠎ᠠ᠃ ᠠᠯᠪᠠᠨ ᠪᠠᠶᠢᠭᠤᠯᠭ᠎ᠠ᠂ | ᠰᠤᠷᠭᠠᠭᠤᠯᠢ᠂ ᠠᠵᠤ ᠠᠬᠤᠶᠢᠯᠠᠯ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ᠂ ᠭᠡᠷ ᠪᠦᠯᠢ ᠳᠤ ᠣᠯᠠᠨ ᠵᠦᠢᠯ ᠤᠨ | ᠬᠡᠯᠪᠡᠷᠢ ᠪᠠᠷ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠶᠢᠨ ᠤᠬᠠᠭᠤᠯᠭ᠎ᠠ | ᠬᠥᠮᠦᠵᠢᠯ ᠢ ᠥᠷᠨᠢᠭᠦᠯᠵᠦ᠂ ᠬᠦᠢᠰᠦ ᠶᠢᠨ ᠢᠯᠭᠠᠯ ᠤᠨ ᠡᠷᠬᠡ ᠲᠡᠭᠰᠢ ᠪᠠᠶᠢᠬᠤ ᠬᠥᠮᠦᠵᠢᠯ ᠤᠨ ᠭᠦᠨᠵᠡᠭᠡᠶᠢᠷᠡᠨ | ᠬᠥᠭᠵᠢᠬᠦ ᠶᠢ ᠦᠷᠭᠦᠯᠵᠢᠯᠡᠨ ᠠᠬᠢᠭᠤᠯᠤᠨ᠎ᠠ᠃ ᠨᠠᠭᠠᠳᠤᠮ ᠤᠨ ᠵᠦᠢᠯ᠂ ᠬᠤᠪᠴᠠᠰᠤ ᠵᠠᠰᠠᠯ᠂ ᠡᠳᠦᠷ ᠲᠤᠲᠤᠮ ᠤᠨ | ᠬᠡᠷᠡᠭᠯᠡᠭᠡᠨ ᠤ ᠵᠦᠢᠯ᠂ ᠲᠣᠭᠯᠠᠭᠠᠮ ᠤᠨ ᠵᠢᠷᠤᠭ ᠲᠥᠯᠥᠪᠯᠡᠭᠡ ᠪᠠ ᠠᠵᠢᠯ ᠤᠨ ᠲᠥᠯᠥᠪᠯᠡᠭᠡ ᠵᠡᠷᠭᠡ ᠬᠦᠷᠢᠶ᠎ᠡ | ᠴᠠᠷᠠᠭ᠎ᠠ ᠳᠤ ᠬᠦᠢᠰᠦ ᠶᠢᠨ ᠢᠯᠭᠠᠯ ᠤᠨ ᠱᠣᠰᠢᠭ᠎ᠠ ᠶᠢ ᠦᠭᠡᠶᠢᠰᠬᠡᠨ᠎ᠡ᠃ | 3᠂ ᠡᠮᠡᠭᠲᠡᠶᠢᠴᠦᠳ ᠤᠨ ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠪᠠ ᠬᠤᠲᠠ ᠬᠥᠳᠡᠭᠡ ᠶᠢᠨ | ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠬᠠᠮᠲᠤᠪᠠᠷ ᠪᠠᠶᠢᠭᠤᠯᠵᠤ | ᠬᠠᠮᠲᠤᠪᠠᠷ ᠡᠳ᠋ᠯᠡᠬᠦ ᠶᠢ ᠠᠬᠢᠭᠤᠯᠤᠨ᠎ᠠ᠃ ᠰᠢᠯᠢᠳᠡᠭ ᠰᠣᠶᠣᠯ ᠤᠨ ᠪᠦᠲᠦᠭᠡᠭᠳᠡᠬᠦᠨ ᠪᠠ ᠤᠯᠠᠨ ᠨᠡᠶᠢᠲᠡ ᠶᠢᠨ | ᠰᠣᠶᠣᠯ ᠤᠨ ᠦᠢᠯᠡᠴᠢᠯᠡᠭᠡᠨ ᠤ ᠬᠠᠩᠭᠠᠯᠭ᠎ᠠ ᠶᠢ ᠪᠠᠶᠠᠯᠢᠭᠵᠢᠭᠤᠯᠵᠤ᠂ ᠡᠮᠡᠭᠲᠡᠶᠢᠴᠦᠳ ᠤᠨ ᠤᠶᠤᠨ ᠤ ᠰᠣᠶᠣᠯ ᠤᠨ | ᠬᠡᠷᠡᠭᠴᠡᠭᠡ ᠶᠢ ᠬᠠᠩᠭᠠᠨ᠎ᠠ᠃ ᠡᠮᠡᠭᠲᠡᠶᠢᠴᠦᠳ ᠤᠨ ᠬᠤᠲᠠ ᠶᠢᠨ ᠪᠣᠯᠪᠠᠰᠤᠨ ᠤ ᠪᠠᠶᠢᠭᠤᠯᠤᠯᠲᠠ ᠳᠤ ᠢᠳᠡᠪᠬᠢᠲᠡᠢ | ᠣᠷᠤᠯᠴᠠᠬᠤ ᠶᠢ ᠵᠣᠷᠢᠭᠵᠢᠭᠤᠯᠵᠤ᠂ ᠡᠮᠡᠭᠲᠡᠶᠢᠴᠦᠳ ᠤᠨ ᠣᠷᠣᠯᠴᠠᠭᠰᠠᠨ ᠬᠡᠮᠵᠢᠶ᠎ᠡ ᠪᠠ ᠬᠠᠨᠤᠮᠵᠢ ᠶᠢᠨ ᠬᠡᠮᠵᠢᠶ᠎ᠡ ᠶᠢ | ᠪᠣᠯᠪᠠᠰᠤᠨ ᠬᠤᠲᠠ ᠶᠢ ᠰᠢᠯᠭᠠᠷᠠᠭᠤᠯᠬᠤ ᠠᠭᠤᠯᠭ᠎ᠠ ᠳᠤ ᠣᠷᠣᠭᠤᠯᠤᠨ᠎ᠠ᠃ ᠡᠮᠡᠭᠲᠡᠶᠢᠴᠦᠳ ᠢ ᠬᠥᠲᠥᠯᠥᠨ | ᠵᠢᠯᠤᠭᠤᠳᠴᠤ ᠪᠠᠶᠢᠭᠠᠳ ᠠᠵᠢᠯ ᠤᠨ ᠪᠠᠶᠢᠷᠢ ᠪᠠᠨ ᠬᠠᠶᠢᠷᠠᠯᠠᠨ ᠠᠵᠢᠯ ᠦᠢᠯᠡᠰ ᠢᠶᠠᠨ ᠳᠡᠭᠡᠳᠦᠯᠡᠵᠦ᠂ ᠪᠣᠯᠪᠠᠰᠤᠨ | ᠠᠵᠢᠯᠲᠠᠨ ᠪᠣᠯᠬᠤ ᠪᠠᠷ ᠴᠢᠷᠮᠠᠶᠢᠨ᠎ᠠ᠃ ᠡᠮᠡᠭᠲᠡᠶᠢᠴᠦᠳ ᠤᠨ ᠪᠣᠯᠪᠠᠰᠤᠨ ᠲᠣᠰᠬᠤᠨ ᠪᠠᠯᠭᠠᠰᠤ ᠶᠢ ᠡᠭᠦᠳᠦᠨ | ᠪᠠᠶᠢᠭᠤᠯᠬᠤ ᠳᠤ ᠣᠷᠤᠯᠴᠠᠬᠤ᠂ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ | ᠴᠡᠭᠴᠡᠯᠡᠨ ᠵᠠᠰᠠᠵᠤ ᠳᠡᠭᠡᠭᠰᠢᠯᠡᠭᠦᠯᠬᠦ᠂ ᠬᠥᠳᠡᠭᠡ ᠲᠣᠰᠬᠤᠨ ᠤ ᠰᠣᠶᠣᠯ ᠤᠨ ᠬᠥᠭᠵᠢᠯᠲᠡ᠂ ᠪᠣᠯᠪᠠᠰᠤᠨ ᠨᠤᠲᠤᠭ ᠤᠨ | ᠰᠤᠷᠲᠠᠯ ᠢ ᠪᠣᠶᠢᠵᠢᠭᠤᠯᠬᠤ ᠪᠠ ᠬᠥᠳᠡᠭᠡ ᠲᠣᠰᠬᠤᠨ ᠤ ᠨᠡᠶᠢᠭᠡᠮ ᠤᠨ ᠵᠠᠰᠠᠯᠲᠠ ᠳᠤ ᠰᠠᠨᠠᠭᠠᠴᠢᠯᠠᠭ᠎ᠠ ᠠᠴᠠ ᠪᠠᠨ | ᠣᠷᠤᠯᠴᠠᠬᠤ ᠶᠢ ᠠᠬᠢᠭᠤᠯᠤᠨ᠎ᠠ᠃ ᠬᠤᠳᠠ ᠬᠥᠳᠡᠭᠡ ᠶᠢᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ | ᠰᠢᠰᠲ᠋ᠧᠮ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠰᠣᠶᠣᠯ ᠢᠶᠠᠷ ᠠᠷᠠᠳ ᠲᠤ ᠠᠰᠢᠭ | ᠬᠦᠷᠲᠡᠭᠡᠬᠦ ᠢᠨᠵᠧᠨᠧᠷᠢᠩ ᠢ ᠰᠢᠨ᠎ᠡ ᠪᠠᠷ ᠡᠭᠦᠳᠦᠨ ᠬᠡᠷᠡᠭᠵᠢᠭᠦᠯᠵᠦ᠂ ᠬᠤᠳᠠ ᠬᠥᠳᠡᠭᠡ ᠶᠢᠨ ᠡᠮᠡᠭᠲᠡᠶᠢᠴᠦᠳ ᠲᠤ | ᠠᠰᠢᠭ ᠬᠦᠷᠲᠡᠭᠦᠯᠦᠨ᠎ᠡ᠃ | 4᠂ ᠰᠣᠶᠣᠯ ᠬᠢᠭᠡᠳ ᠤᠯᠠᠮᠵᠢᠯᠠᠬᠤ ᠵᠠᠭᠤᠴᠢ ᠶᠢᠨ ᠬᠦᠷᠢᠶᠡᠨ ᠳᠠᠬᠢ ᠬᠦᠢᠰᠦ ᠶᠢᠨ ᠢᠯᠭᠠᠯ ᠤᠨ ᠡᠷᠬᠡ ᠲᠡᠭᠰᠢ | ᠪᠠᠶᠢᠬᠤ ᠪᠤᠯᠪᠠᠰᠤᠷᠠᠯ᠂ ᠦᠨᠡᠯᠡᠨ ᠵᠢᠱᠢᠯᠲᠡ ᠪᠠ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠤᠯᠠᠮᠵᠢᠯᠠᠯᠲᠤ | ᠵᠠᠭᠤᠴᠢᠯᠠᠭᠤᠷ ᠬᠢᠭᠡᠳ ᠰᠢᠨ᠎ᠡ ᠵᠠᠭᠤᠴᠢᠯᠠᠭᠤᠷ ᠢ ᠤᠶᠠᠯᠳᠤᠭᠤᠯᠬᠤ ᠶᠢ ᠪᠠᠷᠢᠮᠲᠠᠯᠠᠵᠤ᠂ ᠡᠷᠡᠭᠲᠡᠢ ᠡᠮᠡᠭᠲᠡᠢ ᠡᠷᠬᠡ ᠲᠡᠭᠰᠢ | ᠪᠠᠶᠢᠬᠤ ᠦᠵᠡᠯ ᠤᠬᠠᠮᠰᠠᠷ ᠤᠨ ᠤᠬᠠᠭᠤᠯᠭ᠎ᠠ ᠶᠢᠨ ᠭᠦᠨᠴᠡ ᠪᠠ ᠥᠷᠭᠡᠴᠡ ᠶᠢ ᠥᠷᠭᠡᠳᠬᠡᠨ᠎ᠡ᠃ ᠤᠯᠠᠮᠵᠢᠯᠠᠯᠲᠤ | ᠵᠠᠭᠤᠴᠢᠯᠠᠭᠤᠷ ᠤᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠰᠦᠯᠵᠢᠶᠡᠨ ᠤ ᠦᠷᠳᠡᠭᠡ ᠪᠠ ᠪᠢᠴᠢᠯ ᠪᠦᠷᠭᠡ᠂ | ᠸᠢᠴᠠᠲ ᠵᠡᠷᠭᠡ ᠰᠢᠨ᠎ᠡ ᠪᠠᠷ ᠬᠥᠭᠵᠢᠭᠰᠡᠨ ᠵᠠᠭᠤᠴᠢᠯᠠᠭᠤᠷ ᠤᠨ ᠥᠪᠡᠷᠮᠢᠴᠡ ᠦᠢᠯᠡᠳᠦᠯ ᠢ ᠪᠠᠳᠠᠷᠠᠭᠤᠯᠬᠤ ᠶᠢ | ᠴᠢᠬᠤᠯᠠᠴᠢᠯᠠᠵᠤ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠵᠥᠪ ᠢᠶᠠᠷ ᠬᠥᠲᠥᠯᠥᠨ ᠵᠢᠯᠤᠭᠤᠳᠴᠤ᠂ ᠮᠡᠳᠡᠭᠡ | ᠵᠠᠩᠭᠢ ᠶᠢᠨ ᠭᠥᠯᠢᠶᠡᠨ ᠠᠪᠤᠭᠴᠢᠳ ᠤᠨ ᠬᠡᠪᠴᠢᠶ᠎ᠡ ᠶᠢ ᠥᠷᠭᠡᠳᠬᠡᠨ᠂ ᠨᠥᠯᠥᠭᠡᠯᠡᠬᠦ ᠬᠦᠴᠦᠨ ᠢ ᠨᠡᠮᠡᠭᠳᠡᠭᠦᠯᠵᠦ᠂ | ᠨᠡᠶᠢᠭᠡᠮ ᠤᠨ ᠶᠠᠷᠢᠶ᠎ᠠ ᠬᠡᠯᠡᠯᠴᠡᠭᠡ ᠶᠢ ᠬᠥᠲᠥᠯᠥᠨ ᠳᠠᠭᠠᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠣᠶᠣᠯ ᠤᠨ | ᠤᠯᠠᠮᠵᠢᠯᠠᠬᠤ ᠵᠠᠭᠤᠴᠢ ᠶᠢᠨ ᠠᠵᠢᠯᠲᠠᠨ ᠪᠠ ᠤᠯᠠᠮᠵᠢᠯᠠᠬᠤ ᠵᠠᠭᠤᠴᠢ ᠶᠢᠨ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ | ᠰᠣᠷᠣᠭᠴᠢ ᠶᠢᠨ ᠬᠦᠢᠰᠦ ᠶᠢᠨ ᠢᠯᠭᠠᠯ ᠤᠨ ᠡᠷᠬᠡ ᠲᠡᠭᠰᠢ ᠪᠣᠯᠪᠠᠰᠤᠷᠠᠭᠤᠯᠤᠯ ᠢ ᠥᠷᠨᠢᠭᠦᠯᠵᠦ᠂ ᠰᠣᠶᠣᠯ ᠬᠢᠭᠡᠳ | ᠤᠯᠠᠮᠵᠢᠯᠠᠬᠤ ᠵᠠᠭᠤᠴᠢ ᠶᠢᠨ ᠬᠦᠷᠢᠶ᠎ᠡ ᠴᠠᠷᠠᠭ᠎ᠠ ᠶᠢᠨ ᠬᠦᠢᠰᠦ ᠶᠢᠨ ᠢᠯᠭᠠᠯ ᠤᠨ ᠡᠷᠬᠡ ᠲᠡᠭᠰᠢ ᠪᠠᠷ ᠤᠯᠠᠮᠵᠢᠯᠠᠬᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ᠣᠯᠠᠨ ᠨᠡᠶᠢᠲᠡ ᠶᠢᠨ ᠰᠣᠶᠣᠯ ᠤᠨ ᠪᠦᠲᠦᠭᠡᠭᠳᠡᠬᠦᠨ ᠪᠠ ᠤᠯᠠᠮᠵᠢᠯᠠᠬᠤ | ᠵᠠᠭᠤᠴᠢ ᠶᠢᠨ ᠬᠦᠢᠰᠦ ᠶᠢᠨ ᠢᠯᠭᠠᠯ ᠤᠨ ᠡᠷᠬᠡ ᠲᠡᠭᠰᠢ ᠪᠠᠶᠢᠬᠤ ᠳᠤ ᠬᠤᠯᠪᠣᠭᠳᠠᠭᠰᠠᠨ ᠠᠭᠤᠯᠭ᠎ᠠ ᠶᠢ ᠬᠢᠨᠠᠨ ᠬᠡᠮᠵᠢᠬᠦ | ᠪᠠ ᠬᠢᠨᠠᠨ ᠬᠠᠮᠢᠶᠠᠷᠬᠤ ᠶᠢ ᠴᠢᠩᠭᠠᠳᠬᠠᠵᠤ᠂ ᠬᠦᠢᠰᠦ ᠶᠢᠨ ᠢᠯᠭᠠᠯ ᠤᠨ ᠲᠤᠰᠬᠠᠢ ᠮᠡᠷᠭᠡᠵᠢᠯᠲᠡᠨ ᠢ ᠣᠷᠣᠭᠤᠯᠤᠨ | ᠬᠠᠮᠢᠶ᠎ᠠ ᠪᠦᠬᠦᠢ ᠦᠨᠡᠯᠡᠨ ᠵᠢᠱᠢᠬᠦ ᠳᠤ ᠣᠷᠣᠯᠴᠠᠭᠤᠯᠵᠤ᠂ ᠰᠦᠯᠵᠢᠶᠡᠨ ᠤ ᠵᠠᠭᠤᠴᠢᠯᠠᠭᠤᠷ᠂ ᠺᠢᠨᠣ᠋ ᠲᠧᠯᠸᠢᠰ ᠤᠨ | ᠪᠦᠲᠦᠭᠡᠭᠳᠡᠬᠦᠨ᠂ ᠣᠯᠠᠨ ᠨᠡᠶᠢᠲᠡ ᠶᠢᠨ ᠬᠡᠪᠯᠡᠭᠳᠡᠬᠦᠨ ᠵᠡᠷᠭᠡ ᠳᠤ ᠢᠯᠡᠷᠡᠭᠰᠡᠨ ᠡᠮᠡᠭᠲᠡᠶᠢᠴᠦᠳ ᠢ ᠭᠠᠳᠠᠭᠤᠷᠴᠢᠯᠠᠵᠤ | ᠳᠣᠷᠣᠮᠵᠢᠯᠠᠬᠤ᠂ ᠡᠮᠡᠭᠲᠡᠶᠢᠴᠦᠳ ᠤᠨ ᠨᠡᠷ᠎ᠡ ᠬᠦᠨᠳᠦ ᠶᠢ ᠭᠤᠲᠤᠭᠠᠬᠤ᠂ ᠡᠮᠡᠭᠲᠡᠶᠢᠴᠦᠳ ᠤᠨ ᠳᠦᠷᠢ ᠲᠥᠷᠬᠦ ᠶᠢ | ᠪᠣᠳᠠᠰᠵᠢᠭᠤᠯᠬᠤ ᠵᠡᠷᠭᠡ ᠮᠠᠭᠤ ᠦᠵᠡᠭᠳᠡᠯ ᠢ ᠠᠷᠢᠯᠭᠠᠵᠤ᠂ ᠰᠦᠯᠵᠢᠶᠡᠨ ᠤ ᠨᠠᠷᠠᠲᠤ ᠬᠥᠮᠥᠨ ᠪᠠ ᠣᠯᠠᠨ ᠨᠡᠶᠢᠲᠡ ᠶᠢᠨ | ᠲᠠᠩᠰᠠᠨ ᠨᠣᠮᠧᠷ ᠢᠶᠠᠷ ᠤᠯᠠᠮᠵᠢᠯᠠᠬᠤ ᠦᠶᠯᠡ ᠠᠵᠢᠯᠯᠠᠭ᠎ᠠ ᠶᠢ ᠵᠢᠷᠤᠮᠵᠢᠭᠤᠯᠤᠨ᠎ᠠ᠃ ᠲᠣᠭᠲᠠᠭᠠᠯ ᠠᠴᠠ ᠵᠥᠷᠢᠴᠡᠭᠰᠡᠨ | ᠦᠶᠯᠡ ᠠᠵᠢᠯᠯᠠᠭ᠎ᠠ ᠶᠢ ᠰᠡᠷᠡᠮᠵᠢᠯᠡᠭᠦᠯᠦᠨ ᠲᠡᠮᠳᠡᠭᠯᠡᠬᠦ ᠰᠢᠰᠲ᠋ᠧᠮ ᠢ ᠲᠡᠭᠦᠯᠳᠡᠷᠵᠢᠭᠦᠯᠵᠦ᠂ ᠰᠦᠯᠵᠢᠶᠡᠨ ᠳᠡᠭᠡᠷᠡᠬᠢ | ᠶᠠᠷᠢᠶ᠎ᠠ ᠬᠡᠯᠡᠯᠴᠡᠭᠡᠨ ᠤ ᠪᠠᠶᠢᠳᠠᠯ ᠢ ᠤᠷᠢᠳᠴᠢᠯᠠᠨ ᠰᠡᠷᠡᠮᠵᠢᠯᠡᠭᠦᠯᠬᠦ ᠪᠠ ᠰᠦᠯᠵᠢᠶᠡᠨ ᠭᠠᠳᠠᠨᠠᠬᠢ ᠶᠢ ᠦᠨᠡᠯᠡᠨ ᠵᠢᠱᠢᠵᠦ | ᠰᠢᠢᠳᠪᠦᠷᠢᠯᠡᠬᠦ ᠲᠣᠭᠲᠠᠴᠠ ᠶᠢ ᠰᠢᠯᠢᠳᠡᠭᠵᠢᠭᠦᠯᠦᠨ᠎ᠡ᠃ | 5᠂ ᠡᠮᠡᠭᠲᠡᠶᠢᠴᠦᠳ ᠢ ᠬᠥᠲᠥᠯᠥᠨ ᠵᠢᠯᠤᠭᠤᠳᠴᠤ ᠪᠠᠶᠢᠭᠠᠳ ᠵᠠᠭᠤᠴᠢᠯᠠᠭᠤᠷ ᠤᠨ ᠬᠡᠪ ᠪᠣᠯᠪᠠᠰᠤᠷᠠᠯ ᠢ | ᠳᠡᠭᠡᠭᠰᠢᠯᠡᠭᠦᠯᠦᠨ᠎ᠡ᠃ ᠤᠯᠠᠮᠵᠢᠯᠠᠯᠲᠦ ᠵᠠᠭᠤᠴᠢᠯᠠᠭᠤᠷ ᠤᠨ ᠵᠥᠪ ᠲᠠᠯ᠎ᠠ ᠶᠢᠨ ᠵᠢᠯᠣᠭᠤᠳᠤᠯᠭ᠎ᠠ ᠪᠠ ᠬᠠᠮᠢᠶᠠᠷᠤᠯᠲᠠ ᠶᠢ | ᠴᠢᠩᠭᠠᠳᠬᠠᠵᠤ᠂ ᠵᠠᠭᠤᠴᠢᠯᠠᠭᠤᠷ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠬᠠᠮᠢᠶᠠᠷᠤᠭᠴᠢ ᠵᠢᠴᠢ ᠠᠵᠢᠯᠯᠠᠵᠤ | ᠪᠠᠶᠢᠭ᠎ᠠ ᠬᠥᠮᠥᠰ ᠤᠨ ᠨᠡᠶᠢᠭᠡᠮ ᠤᠨ ᠬᠦᠢᠰᠦ ᠶᠢᠨ ᠢᠯᠭᠠᠯ ᠤᠨ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃ | ᠤᠯᠠᠮᠵᠢᠯᠠᠯᠲᠦ ᠵᠠᠭᠤᠴᠢᠯᠠᠭᠤᠷ ᠤᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠨᠡᠶᠢᠭᠡᠮ ᠤᠨ | ᠬᠦᠢᠰᠦ ᠶᠢᠨ ᠢᠯᠭᠠᠯ ᠤᠨ ᠲᠤᠰᠬᠠᠢ ᠮᠡᠷᠭᠡᠵᠢᠯᠲᠡᠨ ᠢ ᠰᠢᠩᠭᠡᠬᠡᠨ ᠠᠪᠴᠤ ᠤᠯᠠᠮᠵᠢᠯᠠᠯᠲᠦ ᠵᠠᠭᠤᠴᠢᠯᠠᠭᠤᠷ ᠤᠨ ᠬᠢᠨᠠᠨ | ᠬᠡᠮᠵᠢᠯᠲᠡ ᠳᠤ ᠤᠷᠤᠯᠴᠠᠭᠤᠯᠤᠨ᠎ᠠ᠃ ᠵᠠᠭᠤᠴᠢᠯᠠᠭᠤᠷ ᠤᠨ ᠳᠤᠮᠳᠠ ᠡᠮᠡᠭᠲᠡᠶᠢᠴᠦᠳ ᠤᠨ ᠪᠡᠶ᠎ᠡ ᠪᠠᠨ ᠳᠠᠭᠠᠭᠠᠭᠰᠠᠨ ᠵᠠᠩ | ᠠᠷᠠᠨᠰᠢᠨ ᠢ ᠮᠠᠭᠤᠰᠢᠶᠠᠨ ᠳᠠᠷᠤᠬᠤ᠂ ᠦᠭᠡᠶᠢᠰᠬᠡᠬᠦ ᠵᠡᠷᠭᠡ ᠬᠦᠢᠰᠦ ᠶᠢᠨ ᠢᠯᠭᠠᠯ ᠤᠨ ᠭᠠᠳᠠᠭᠤᠷᠴᠢᠯᠠᠯ ᠤᠨ ᠦᠵᠡᠭᠳᠡᠯ | ᠭᠠᠷᠬᠤ ᠶᠢ ᠴᠠᠭᠠᠵᠠᠯᠠᠨ᠎ᠠ᠃ ᠡᠮᠡᠭᠲᠡᠶᠢᠴᠦᠳ ᠤᠨ ᠭᠡᠷ ᠪᠦᠯᠢ᠂ ᠨᠣᠮ ᠤᠨ ᠰᠠᠩ᠂ ᠰᠦᠯᠵᠢᠶᠡᠨ ᠤ ᠬᠢᠴᠢᠶᠡᠯ ᠤᠨ | ᠲᠠᠩᠬᠢᠮ ᠵᠡᠷᠭᠡ ᠶᠢ ᠠᠰᠢᠭᠯᠠᠨ ᠡᠮᠡᠭᠲᠡᠶᠢᠴᠦᠳ ᠲᠤ ᠬᠠᠨᠳᠤᠭᠤᠯᠤᠭᠰᠠᠨ ᠵᠠᠭᠤᠴᠢᠯᠠᠭᠤᠷ ᠤᠨ ᠬᠡᠪ ᠪᠣᠯᠪᠠᠰᠤᠷᠠᠯ ᠤᠨ | ᠪᠣᠯᠪᠠᠰᠤᠷᠠᠭᠤᠯᠤᠯ ᠪᠠ ᠵᠢᠯᠣᠭᠤᠳᠤᠯᠭ᠎ᠠ ᠶᠢ ᠥᠷᠨᠢᠭᠦᠯᠵᠦ᠂ ᠡᠮᠡᠭᠲᠡᠶᠢᠴᠦᠳ ᠤᠨ ᠰᠦᠯᠵᠢᠶᠡᠨ ᠤ ᠬᠡᠪ | ᠪᠣᠯᠪᠠᠰᠤᠷᠠᠯ ᠤᠨ ᠬᠥᠮᠦᠵᠢᠯ ᠢ ᠴᠢᠩᠭᠠᠳᠬᠠᠨ᠂ ᠡᠮᠡᠭᠲᠡᠶᠢᠴᠦᠳ ᠤᠨ ᠵᠠᠭᠤᠴᠢᠯᠠᠭᠤᠷ ᠤᠨ ᠮᠡᠳᠡᠭᠡ ᠵᠠᠩᠭᠢ ᠶᠢ | ᠰᠣᠩᠭᠤᠬᠤ᠂ ᠮᠠᠭᠠᠳᠯᠠᠬᠤ ᠪᠠ ᠪᠦᠲᠦᠮᠵᠢᠲᠡᠶ ᠠᠰᠢᠭᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠡᠮᠡᠭᠲᠡᠶᠢᠴᠦᠳ ᠤᠨ | ᠰᠦᠯᠵᠢᠶᠡᠨ ᠤ ᠠᠮᠤᠷ ᠲᠦᠪᠰᠢᠨ ᠤ ᠦᠵᠡᠯ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠦᠨ᠂ ᠬᠦᠢᠰᠦ ᠶᠢᠨ | ᠢᠯᠭᠠᠯ ᠤᠨ ᠲᠣᠭᠠᠨ ᠤ ᠵᠠᠭᠠᠭ ᠢ ᠠᠷᠢᠯᠭᠠᠨ᠎ᠠ᠃ ᠰᠤᠷᠤᠭᠴᠢᠳ ᠤᠨ ᠰᠦᠯᠵᠢᠶᠡᠨ ᠤ ᠬᠡᠪ ᠪᠣᠯᠪᠠᠰᠤᠷᠠᠯ ᠤᠨ | ᠬᠥᠮᠦᠵᠢᠯ ᠢ ᠴᠢᠩᠭᠠᠳᠬᠠᠵᠤ᠂ ᠡᠮᠡᠭᠲᠡᠢ ᠰᠣᠷᠣᠭᠴᠢ ᠶᠢᠨ ᠰᠦᠯᠵᠢᠶ᠎ᠡ ᠶᠢ ᠵᠦᠢ ᠵᠣᠬᠢᠰᠲᠠᠢ ᠠᠮᠤᠷ ᠲᠦᠪᠰᠢᠨ ᠢᠶᠠᠷ | ᠬᠡᠷᠡᠭᠯᠡᠬᠦ ᠶᠢ ᠬᠥᠲᠥᠯᠥᠨ ᠵᠢᠯᠤᠭᠤᠳᠴᠤ᠂ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠂ | ᠰᠦᠯᠵᠢᠶᠡᠨ ᠳᠤ ᠰᠢᠨᠤᠬᠤ ᠶᠢ ᠰᠡᠷᠭᠡᠶᠢᠯᠡᠬᠦ ᠬᠡᠷᠡᠭᠲᠡᠢ᠃ ᠨᠠᠰᠤᠲᠠᠢ ᠡᠮᠡᠭᠲᠡᠶᠢᠴᠦᠳ᠂ ᠬᠦᠴᠢᠷᠳᠡᠯᠲᠡᠢ ᠡᠮᠡᠭᠲᠡᠶᠢᠴᠦᠳ | ᠪᠠ ᠵᠡᠮᠳᠡᠭ ᠡᠮᠡᠭᠲᠡᠶᠢᠴᠦᠳ ᠤᠨ ᠬᠠᠮᠲᠤᠯᠢᠭ ᠢ ᠭᠤᠣᠯᠳᠠᠯᠭ᠎ᠠ ᠲᠠᠢ ᠪᠠᠷ ᠬᠠᠪᠰᠤᠷᠴᠤ ᠪᠠᠶᠢᠭᠠᠳ ᠰᠦᠯᠵᠢᠶᠡᠨ ᠤ | ᠦᠨᠳᠦᠰᠦᠨ ᠮᠡᠳᠡᠯᠭᠡ ᠴᠢᠳᠠᠪᠤᠷᠢ ᠶᠢ ᠡᠵᠡᠮᠰᠢᠭᠦᠯᠦᠨ᠎ᠡ᠃ ︽ᠡᠮᠡᠭᠲᠡᠢ ᠰᠠᠶᠢᠨ ᠰᠦᠯᠵᠢᠶᠡᠨ ᠤ ᠨᠠᠶᠢᠵᠠ︾ ᠪᠣᠯᠬᠤ ᠪᠠᠷ | ᠴᠢᠷᠮᠠᠶᠢᠬᠤ ᠠᠵᠢᠯᠯᠠᠭ᠎ᠠ ᠶᠢ ᠥᠷᠨᠢᠭᠦᠯᠵᠦ᠂ ᠡᠮᠡᠭᠲᠡᠶᠢᠴᠦᠳ ᠤᠨ ᠰᠦᠯᠵᠢᠶᠡᠨ ᠳᠡᠭᠡᠷᠡᠬᠢ ᠢᠳᠡᠪᠬᠢ ᠬᠦᠴᠦᠨ ᠢ | ᠪᠠᠳᠠᠷᠠᠭᠤᠯᠬᠤ ᠶᠢ ᠠᠬᠢᠭᠤᠯᠤᠨ᠎ᠠ᠃ | 6᠂ ᠡᠮᠡᠭᠲᠡᠶᠢᠴᠦᠳ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠳᠤᠮᠳᠠᠬᠢ ᠴᠢᠬᠤᠯᠠ | ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠲᠥᠪ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠳᠠ ᠬᠢᠭᠡᠳ | ᠴᠢᠩᠱᠠᠨ ᠲᠣᠭᠤᠷᠢᠭ ᠤᠨ ᠬᠤᠯᠪᠣᠭᠳᠠᠯ ᠪᠦᠬᠦᠢ ᠠᠵᠢᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ᠂ ᠪᠥᠬᠦ | ᠠᠷᠠᠳ ᠤᠨ ᠡᠨᠧᠷᠬᠢ ᠠᠷᠪᠢᠯᠠᠬᠤ ᠲᠥᠯᠥᠪᠯᠡᠭᠡ ᠶᠢ ᠬᠡᠷᠡᠭᠵᠢᠭᠦᠯᠦᠨ᠂ ᠤᠯᠠᠨ ᠵᠦᠢᠯ ᠤᠨ ᠬᠡᠯᠪᠡᠷᠢ ᠮᠠᠶ᠋ᠢᠭ ᠤᠨ | ᠠᠷᠪᠢᠯᠠᠨ ᠭᠠᠮᠨᠠᠬᠤ ᠤᠬᠠᠭᠤᠯᠭ᠎ᠠ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠤᠰᠤ | ᠠᠷᠪᠢᠯᠠᠵᠤ ᠴᠠᠬᠢᠯᠭᠠᠨ ᠠᠷᠪᠢᠯᠠᠬᠤ᠂ ᠡᠨᠧᠷᠬᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ | ᠬᠠᠶᠠᠭᠳᠠᠯ ᠢ ᠡᠷᠳᠡᠨᠢ ᠪᠣᠯᠭᠠᠬᠤ᠂ ᠭᠡᠷ ᠪᠦᠯᠢ ᠶᠢᠨ ᠬᠤᠭ ᠨᠣᠪᠰᠢ ᠶᠢᠨ ᠬᠡᠮᠵᠢᠶ᠎ᠡ ᠶᠢ ᠪᠠᠭᠠᠰᠬᠠᠬᠤ ᠪᠠ ᠬᠤᠭ | ᠨᠣᠪᠰᠢ ᠶᠢ ᠲᠥᠷᠥᠯ ᠬᠤᠪᠢᠶᠠᠬᠤ ᠵᠡᠷᠭᠡ ᠡᠯ᠎ᠡ ᠵᠦᠢᠯ ᠤᠨ ᠠᠵᠢᠯᠯᠠᠭ᠎ᠠ ᠶᠢ ᠡᠷᠬᠢᠯᠡᠨ᠂ ᠵᠦᠢ ᠵᠣᠬᠢᠰᠲᠠᠢ ᠬᠡᠷᠡᠭᠯᠡᠬᠦ ᠶᠢ | ᠰᠠᠨᠠᠭᠠᠴᠢᠯᠠᠵᠤ᠂ ᠱᠠᠯᠢᠵᠤ ᠪᠦᠷᠢᠯᠭᠡᠬᠦ ᠶᠢ ᠴᠢᠩᠭ᠎ᠠ ᠴᠡᠭᠡᠷᠯᠡᠨ᠎ᠡ᠃ ᠡᠮᠡᠭᠲᠡᠶᠢᠴᠦᠳ ᠤᠨ ᠣᠷᠴᠢᠨ ᠲᠣᠭᠤᠷᠢᠨ ᠤ | ᠰᠢᠨᠵᠢᠯᠡᠬᠦ ᠤᠬᠠᠭᠠᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠤ | ᠮᠡᠳᠡᠯᠭᠡ ᠶᠢ ᠡᠵᠡᠮᠰᠢᠵᠦ᠂ ᠡᠮᠡᠭᠲᠡᠶᠢᠴᠦᠳ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠤᠬᠠᠮᠰᠠᠷ ᠪᠠ ᠴᠢᠳᠠᠪᠦᠷᠢ ᠶᠢ ᠳᠡᠭᠡᠭᠰᠢᠯᠡᠭᠦᠯᠦᠨ᠎ᠡ᠃ ᠡᠮᠡᠭᠲᠡᠶᠢᠴᠦᠳ ᠤᠨ ᠪᠣᠬᠢᠷᠳᠤᠯ ᠦᠭᠡᠢ ᠦᠢᠯᠡᠳᠪᠦᠷᠢᠯᠡᠯ | ᠠᠮᠢᠳᠤᠷᠠᠯ ᠢ ᠬᠥᠲᠥᠯᠥᠨ ᠳᠠᠭᠠᠭᠤᠯᠬᠤ ᠶᠢ ᠵᠣᠷᠢᠭᠵᠢᠭᠤᠯᠵᠤ᠂ ᠠᠷᠪᠢᠯᠠᠨ ᠭᠠᠮᠨᠠᠬᠤ ᠨᠢ ᠲᠣᠬᠢᠷᠠᠮᠵᠢᠲᠠᠢ᠂ ᠪᠣᠬᠢᠷᠳᠤᠯ | ᠦᠭᠡᠢ ᠨᠡᠭᠦᠷᠡᠰᠦᠲᠥ᠋ᠷᠥᠭᠴᠢ ᠪᠠᠭ᠎ᠠ᠂ ᠪᠣᠯᠪᠠᠰᠤᠨ ᠡᠷᠡᠭᠦᠯ ᠠᠮᠢᠳᠤᠷᠠᠯ ᠤᠨ ᠠᠷᠭ᠎ᠠ ᠮᠠᠶ᠋ᠢᠭ ᠪᠠ ᠬᠡᠷᠡᠭᠯᠡᠭᠡᠨ ᠤ ᠵᠠᠭᠪᠤᠷ ᠢ | ᠪᠣᠶ ᠪᠣᠯᠭᠠᠵᠤ᠂ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ᠂ ᠪᠣᠬᠢᠷᠳᠤᠯ ᠦᠭᠡᠢ ᠭᠡᠷ ᠪᠦᠯᠢ᠂ ᠪᠣᠬᠢᠷᠳᠤᠯ ᠦᠭᠡᠢ | ᠰᠤᠷᠭᠠᠭᠤᠯᠢ᠂ ᠪᠣᠬᠢᠷᠳᠤᠯ ᠦᠭᠡᠢ ᠨᠡᠶᠢᠭᠡᠮ ᠲᠣᠭᠤᠷᠢᠭ᠂ ᠪᠣᠬᠢᠷᠳᠤᠯ ᠦᠭᠡᠢ ᠶᠠᠪᠤᠵᠤ ᠰᠠᠭᠤᠬᠤ᠂ ᠪᠣᠬᠢᠷᠳᠤᠯ ᠦᠭᠡᠢ | ᠬᠡᠷᠡᠭᠯᠡᠭᠡ ᠶᠢ ᠰᠠᠨᠠᠭᠠᠴᠢᠯᠠᠬᠤ ᠪᠠ ᠢᠳᠡᠭᠡᠨ ᠤᠮᠳᠠᠭᠠᠨ ᠤ ᠪᠦᠷᠢᠯᠭᠡᠬᠦ ᠶᠢ ᠬᠤᠷᠢᠭᠯᠠᠬᠤ᠂ ᠬᠤᠭ ᠨᠣᠪᠰᠢ ᠶᠢ ᠲᠥᠷᠥᠯ | ᠬᠤᠪᠢᠶᠠᠬᠤ ᠶᠢ ᠬᠡᠷᠡᠭᠵᠢᠭᠦᠯᠬᠦ ᠵᠡᠷᠭᠡ ᠲᠠᠯ᠎ᠠ ᠪᠠᠷ ᠢᠳᠡᠪᠬᠢᠲᠡᠢ ᠦᠢᠯᠡᠳᠦᠯ ᠢᠶᠠᠨ ᠪᠠᠳᠠᠷᠠᠭᠤᠯᠤᠨ᠎ᠠ᠃ | ᠡᠮᠡᠭᠲᠡᠶᠢᠴᠦᠳ ᠤᠨ ᠠᠮᠢ ᠠᠬᠤᠢ ᠶᠢᠨ ᠣᠷᠴᠢᠨ ᠨᠥᠬᠦᠴᠡᠯ ᠤᠨ ᠵᠠᠰᠠᠯᠲᠠ ᠳᠤ ᠣᠷᠤᠯᠴᠠᠬᠤ ᠶᠢ ᠳᠡᠮᠵᠢᠵᠦ᠂ ᠠᠮᠢ | ᠠᠬᠤᠢ ᠶᠢᠨ ᠪᠣᠯᠪᠠᠰᠤᠨ ᠤ ᠳᠠᠭᠠᠭᠤᠯᠤᠭᠴᠢ ᠪᠠ ᠪᠦᠲᠦᠭᠡᠨ ᠪᠠᠶᠢᠭᠤᠯᠤᠭᠴᠢ ᠪᠣᠯᠬᠤ ᠪᠠᠷ ᠴᠢᠷᠮᠠᠶᠢᠨ᠎ᠠ᠃ | 7᠂ ᠡᠮᠡᠭᠲᠡᠶᠢᠴᠦᠳ ᠤᠨ ᠠᠮᠢᠳᠤᠷᠠᠯ ᠤᠨ ᠣᠷᠴᠢᠨ ᠠᠬᠤᠢ ᠶᠢᠨ ᠴᠢᠨᠠᠷ ᠴᠢᠨᠰᠠᠭ᠎ᠠ ᠶᠢ ᠦᠷᠭᠦᠯᠵᠢᠯᠡᠨ | ᠰᠠᠶᠢᠵᠢᠷᠠᠭᠤᠯᠤᠨ᠎ᠠ᠃ ᠠᠮᠢ ᠠᠬᠤᠢ ᠶᠢᠨ ᠣᠷᠴᠢᠨ ᠨᠥᠬᠦᠴᠡᠯ ᠢ ᠬᠢᠨᠠᠨ ᠬᠡᠮᠵᠢᠬᠦ ᠪᠠ ᠡᠷᠡᠭᠦᠯ ᠮᠡᠨᠳᠤ ᠶᠢ ᠬᠢᠨᠠᠨ | ᠬᠡᠮᠵᠢᠬᠦ ᠠᠵᠢᠯ ᠢ ᠴᠢᠩᠭᠠᠳᠬᠠᠵᠤ᠂ ᠣᠷᠴᠢᠨ ᠠᠬᠤᠢ ᠶᠢᠨ ᠪᠣᠬᠢᠷᠳᠤᠯ ᠤᠨ ᠬᠦᠴᠦᠨ ᠵᠦᠢᠯ ᠤᠨ ᠨᠥᠯᠥᠭᠡᠯᠡᠯ ᠤᠨ | ᠲᠤᠬᠠᠢ ᠰᠤᠳᠤᠯᠤᠯᠲᠠ ᠶᠢ ᠦᠷᠨᠢᠭᠦᠯᠦᠨ᠎ᠡ᠃ ᠠᠷᠢᠭᠤᠨ ᠴᠡᠪᠡᠷ ᠡᠨᠧᠷᠭᠢ ᠶᠢᠨ ᠰᠤᠷᠪᠤᠯᠵᠢ ᠶᠢ ᠨᠡᠭᠡᠭᠡᠨ ᠠᠰᠢᠭᠯᠠᠵᠤ᠂ | ᠬᠤᠭ ᠨᠣᠪᠰᠢ ᠶᠢ ᠲᠦᠷᠦᠯ ᠬᠤᠪᠢᠶᠠᠬᠤ ᠪᠠ ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ ᠶᠢ ᠳᠡᠯᠭᠡᠷᠡᠭᠦᠯᠵᠦ᠂ | ᠭᠡᠷ ᠤᠨ ᠬᠡᠷᠡᠭᠯᠡᠭᠡᠨ ᠤ ᠡᠨᠧᠷᠭᠢ ᠠᠷᠪᠢᠯᠠᠵᠤ ᠣᠷᠴᠢᠨ ᠠᠬᠤᠢ ᠶᠢ ᠬᠠᠮᠠᠭᠠᠯᠠᠬᠤ ᠦᠢᠯᠡᠳᠬᠦᠨ ᠢ ᠳᠡᠯᠭᠡᠷᠡᠭᠦᠯᠦᠨ | ᠬᠡᠷᠡᠭᠯᠡᠨ᠎ᠡ᠃ᠠᠭᠠᠷ ᠮᠠᠨᠳᠠᠯ ᠤᠨ ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠣᠷᠣᠨ ᠬᠤᠪᠢᠶᠠᠨ ᠬᠠᠮᠢᠶᠠᠷᠤᠨ | ᠡᠵᠡᠮᠳᠡᠵᠦ ᠴᠢᠩᠭᠠᠷᠠᠭᠤᠯᠤᠨ᠎ᠠ᠃ ᠠᠵᠤ ᠦᠢᠯᠡᠳᠪᠦᠷᠢ ᠶᠢᠨ ᠪᠣᠬᠢᠷᠳᠤᠯ ᠤᠨ ᠡᠬᠢ ᠰᠤᠷᠪᠤᠯᠵᠢ ᠶᠢ ᠭᠦᠨᠵᠡᠭᠡᠢ | ᠵᠠᠰᠠᠬᠤ ᠶᠢ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠵᠠᠮ ᠲᠡᠭᠡᠭᠡᠪᠦᠷᠢ ᠶᠢᠨ ᠪᠣᠬᠢᠷᠳᠤᠯ ᠢ ᠪᠦᠬᠦ ᠲᠠᠯ᠎ᠠ ᠪᠠᠷ | ᠵᠠᠰᠠᠬᠤ ᠶᠢ ᠲᠦᠯᠬᠢᠨ ᠠᠬᠢᠭᠤᠯᠵᠤ᠂ ᠳᠣᠣᠷ᠎ᠠ ᠠᠭᠠᠷ ᠤᠨ ᠳᠡᠭᠳᠡᠮᠡᠯ ᠲᠣᠭᠤᠰᠣᠨ ᠤ ᠪᠣᠬᠢᠷᠳᠤᠯ ᠢ ᠶᠡᠷᠦᠩᠬᠡᠶᠢᠯᠡᠨ | ᠰᠡᠷᠭᠡᠶᠢᠯᠡᠨ ᠵᠠᠰᠠᠬᠤ ᠶᠢ ᠲᠦᠯᠬᠢᠨ ᠠᠬᠢᠭᠤᠯᠤᠨ᠎ᠠ᠃ ᠤᠯᠠᠨ ᠪᠣᠬᠢᠷᠳᠤᠯ ᠪᠣᠳᠠᠰ ᠢ ᠬᠠᠮᠵᠢᠯᠴᠠᠨ ᠬᠢᠵᠠᠭᠠᠷᠯᠠᠬᠤ ᠶᠢ | ᠴᠢᠩᠭᠠᠳᠬᠠᠵᠤ᠂ ᠬᠦᠨᠳᠦ ᠪᠣᠬᠢᠷᠳᠤᠯ ᠲᠠᠢ ᠴᠠᠭ ᠠᠭᠤᠷ ᠢ ᠦᠨᠳᠦᠰᠦᠨ ᠳᠡᠭᠡᠨ ᠠᠷᠢᠯᠭᠠᠨ᠎ᠠ᠃ | 8᠂ ᠡᠮᠡᠭᠲᠡᠶᠢᠴᠦᠳ ᠲᠤ ᠤᠤᠭᠤᠬᠤ ᠤᠰᠤᠨ ᠤ ᠠᠮᠤᠷ ᠲᠦᠪᠰᠢᠨ ᠢ ᠡᠳ᠋ᠯᠡᠬᠦ ᠳᠤ ᠪᠠᠲᠤᠯᠠᠭ᠎ᠠ ᠬᠠᠩᠭᠠᠨ᠎ᠠ᠃ | ᠭᠤᠣᠯ ᠮᠥᠷᠡᠨ ᠤ ᠳᠠᠷᠤᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠤᠰᠤ ᠤᠮᠳᠠ ᠶᠢᠨ ᠠᠮᠤᠷ ᠲᠦᠪᠰᠢᠨ ᠤ ᠠᠮᠢᠨ | ᠰᠤᠳᠠᠰᠤ ᠶᠢ ᠰᠠᠬᠢᠨ ᠬᠠᠮᠠᠭᠠᠯᠠᠨ᠎ᠠ᠃ ᠡᠮᠡᠭᠲᠡᠶᠢᠴᠦᠳ ᠢ ᠬᠥᠲᠥᠯᠥᠨ ᠵᠢᠯᠤᠭᠤᠳᠴᠤ ᠪᠠᠶᠢᠭᠠᠳ ᠤᠰᠤᠨ | ᠰᠤᠷᠪᠤᠯᠵᠢ ᠶᠢᠨ ᠬᠠᠮᠠᠭᠠᠯᠠᠯᠲᠠ ᠳᠤ ᠢᠳᠡᠪᠬᠢᠲᠡᠢ ᠣᠷᠣᠯᠴᠠᠭᠤᠯᠤᠨ᠎ᠠ᠃ ᠬᠤᠳᠠ ᠶᠢᠨ ᠤᠤᠭᠤᠬᠤ ᠤᠰᠤᠨ ᠤ ᠡᠬᠢ | ᠰᠤᠷᠪᠤᠯᠵᠢ ᠶᠢᠨ ᠭᠠᠵᠠᠷ ᠢ ᠵᠢᠷᠤᠮᠵᠢᠭᠤᠯᠬᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠤᠰᠤᠨ ᠤ ᠡᠬᠢ | ᠰᠤᠷᠪᠤᠯᠵᠢ ᠶᠢ ᠬᠠᠮᠠᠭᠠᠯᠠᠬᠤ ᠪᠠ ᠤᠰᠤᠨ ᠤ ᠴᠢᠨᠠᠷ ᠢ ᠬᠢᠨᠠᠨ ᠬᠡᠮᠵᠢᠬᠦ ᠶᠢ ᠴᠢᠩᠭᠠᠳᠬᠠᠵᠤ᠂ ᠬᠡᠷᠡᠭᠴᠡᠭᠡ ᠪᠠᠨ | ᠦᠨᠳᠦᠰᠦᠯᠡᠨ ᠤᠰᠤᠨ ᠤ ᠦᠢᠯᠡᠳᠪᠦᠷᠢ ᠳᠤ ᠤᠰᠤᠨ ᠤ ᠴᠢᠨᠠᠷ ᠢ ᠴᠡᠪᠡᠷᠰᠢᠭᠦᠯᠬᠦ ᠲᠥᠬᠦᠭᠡᠷᠦᠮᠵᠢ ᠶᠢ ᠢᠵᠢ | ᠪᠦᠷᠢᠳᠦᠭᠦᠯᠦᠨ ᠪᠦᠲᠦᠭᠡᠨ ᠪᠠᠶᠢᠭᠤᠯᠵᠤ᠂ ᠪᠠᠷᠢᠮᠵᠢᠶ᠎ᠠ ᠳᠤ ᠬᠦᠷᠦᠭᠦᠯᠦᠨ ᠠᠵᠢᠯᠯᠠᠭᠤᠯᠵᠤ ᠪᠠᠲᠤᠯᠠᠬᠤ ᠪᠠ ᠬᠢᠨᠠᠨ | ᠬᠠᠮᠢᠶᠠᠷᠬᠤ ᠶᠢ ᠴᠢᠩᠭᠠᠳᠬᠠᠨ᠎ᠠ᠃ ᠤᠰᠤᠨ ᠤ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠴᠢᠳᠠᠪᠤᠷᠢ ᠶᠢ | ᠳᠡᠭᠡᠭᠰᠢᠯᠡᠭᠦᠯᠵᠦ᠂ ᠬᠤᠳᠠ ᠬᠥᠳᠡᠭᠡ ᠶᠢ ᠨᠢᠭᠡ ᠴᠣᠭᠴᠠᠵᠢᠭᠤᠯᠬᠤ ᠪᠠ ᠬᠡᠪᠴᠢᠶᠡᠵᠢᠭᠦᠯᠦᠭᠰᠡᠨ ᠬᠥᠳᠡᠭᠡ ᠲᠣᠰᠬᠤᠨ ᠤ | ᠤᠰᠤ ᠬᠠᠩᠭᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ | ᠤᠰᠤ ᠬᠠᠩᠭᠠᠬᠤ ᠢᠨᠵᠧᠨᠧᠷᠢᠩ ᠢ ᠳᠡᠭᠡᠭᠰᠢᠯᠡᠭᠦᠯᠦᠨ ᠥᠭᠡᠷᠡᠴᠢᠯᠡᠬᠦ ᠶᠢ ᠴᠢᠩᠭᠠᠳᠬᠠᠵᠤ᠂ ᠡᠮᠡᠭᠲᠡᠶᠢᠴᠦᠳ ᠤᠨ | ᠦᠢᠯᠡᠳᠪᠦᠷᠢᠯᠡᠯ ᠠᠮᠢᠳᠤᠷᠠᠯ ᠤᠨ ᠤᠰᠤ ᠲᠠᠲᠠᠬᠤ᠂ ᠤᠰᠤ ᠬᠡᠷᠡᠭᠯᠡᠬᠦ ᠳᠤ ᠲᠦᠬᠦᠮ ᠦᠵᠡᠭᠦᠯᠦᠨ᠎ᠡ᠃ | 9᠂ ᠡᠮᠡᠭᠲᠡᠶᠢᠴᠦᠳ ᠤᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠬᠦ ᠠᠷᠢᠭᠤᠨ ᠴᠡᠪᠡᠷ ᠵᠣᠷᠯᠣᠩ ᠤᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠎ᠠ᠃ ᠬᠤᠲᠠ ᠪᠠᠯᠭᠠᠰᠤ ᠶᠢᠨ ᠣᠯᠠᠨ ᠨᠡᠶᠢᠲᠡ ᠶᠢᠨ ᠵᠣᠷᠯᠣᠩ ᠤᠨ ᠥᠭᠡᠷᠡᠴᠢᠯᠡᠯᠲᠡ ᠶᠢ | ᠠᠬᠢᠭᠤᠯᠵᠤ᠂ ᠬᠤᠲᠠ ᠪᠠᠯᠭᠠᠰᠤ ᠶᠢᠨ ᠣᠯᠠᠨ ᠨᠡᠶᠢᠲᠡ ᠶᠢᠨ ᠵᠣᠷᠯᠣᠩ ᠤᠨ ᠵᠢᠷᠤᠭ ᠲᠥᠯᠥᠪᠯᠡᠭᠡ ᠶᠢᠨ ᠪᠠᠷᠢᠮᠵᠢᠶ᠎ᠠ ᠶᠢ | ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠡᠷᠡᠭᠲᠡᠢ ᠡᠮᠡᠭᠲᠡᠢ ᠶᠢᠨ ᠵᠣᠷᠯᠣᠩ ᠤᠨ ᠪᠠᠶᠢᠷᠢ ᠶᠢᠨ ᠬᠠᠷᠢᠴᠠᠯ ᠤᠨ | ᠵᠢᠷᠤᠮᠵᠢᠭᠰᠠᠨ ᠪᠠᠶᠢᠭᠤᠯᠤᠯᠲᠠ ᠪᠠ ᠪᠠᠷᠢᠮᠵᠢᠶ᠎ᠠ ᠳᠤ ᠬᠦᠷᠦᠭᠰᠡᠨ ᠨᠣᠷᠮ᠎ᠠ ᠶᠢ ᠪᠣᠯᠪᠠᠰᠤᠨ ᠬᠤᠲᠠ᠂ ᠪᠣᠯᠪᠠᠰᠤᠨ ᠨᠡᠶᠢᠭᠡᠮ | ᠲᠣᠭᠤᠷᠢᠭ᠂ ᠪᠣᠯᠪᠠᠰᠤᠨ ᠲᠣᠰᠬᠤᠨ ᠪᠠᠯᠭᠠᠰᠤ᠂ ᠪᠣᠯᠪᠠᠰᠤᠨ ᠨᠢᠭᠡᠴᠢ᠂ ᠪᠣᠯᠪᠠᠰᠤᠨ ᠰᠤᠷᠭᠠᠭᠤᠯᠢ ᠶᠢᠨ ᠬᠦᠷᠢᠶᠡᠨ ᠤ | ᠪᠠᠶᠢᠭᠤᠯᠤᠯᠲᠠ ᠶᠢᠨ ᠰᠢᠯᠭᠠᠷᠠᠭᠤᠯᠬᠤ ᠪᠠᠷᠢᠮᠵᠢᠶ᠎ᠠ ᠳᠤ ᠣᠷᠣᠭᠤᠯᠤᠨ᠎ᠠ᠃ ︽ᠵᠣᠷᠯᠣᠩ ᠤᠨ ᠬᠤᠪᠢᠰᠬᠠᠯ︾ ᠢ ᠭᠦᠨᠵᠡᠭᠡᠢ | ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠠᠷᠢᠭᠤᠨ ᠴᠡᠪᠡᠷ ᠵᠣᠷᠯᠣᠩ ᠤᠨ ᠲᠦᠭᠡᠮᠡᠯᠵᠢᠯᠲᠡ ᠶᠢᠨ ᠨᠣᠷᠮ᠎ᠠ ᠪᠠ | ᠪᠣᠳᠠᠲᠠᠢ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠦᠨ᠂ ᠵᠣᠷᠯᠣᠩ ᠤᠨ ᠪᠠᠭᠠᠰᠤᠨ ᠪᠣᠬᠢᠷᠳᠤᠯ ᠢ ᠬᠤᠣᠷ ᠦᠭᠡᠢ | ᠪᠣᠯᠭᠠᠨ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠴᠢᠩᠭᠠᠳᠬᠠᠨ᠎ᠠ᠃ ᠵᠢᠭᠤᠯᠴᠢᠯᠠᠯ ᠤᠨ | ᠦᠵᠡᠮᠵᠢᠲᠦ ᠣᠷᠣᠨ᠂ ᠬᠤᠳᠠᠯᠳᠤᠭᠠᠨ ᠤ ᠲᠠᠯᠠᠪᠤᠷ᠂ ᠠᠶᠠᠨᠴᠢᠳ ᠤᠨ ᠲᠡᠭᠡᠭᠡᠪᠦᠷᠢ ᠶᠢᠨ ᠵᠠᠩᠭᠢᠯᠠᠭ᠎ᠠ ᠪᠠ | ᠦᠢᠯᠡᠴᠢᠯᠡᠭᠡᠨ ᠤ ᠲᠣᠭᠤᠷᠢᠭ ᠵᠡᠷᠭᠡ ᠤᠯᠠᠨ ᠨᠡᠶᠢᠲᠡ ᠶᠢᠨ ᠲᠠᠯᠠᠪᠤᠷ ᠲᠤ ᠭᠤᠷᠪᠠᠳᠤᠭᠠᠷ ᠠᠷᠢᠭᠤᠨ ᠴᠡᠪᠡᠷ ᠤᠨ | ᠲᠠᠰᠤᠯᠭ᠎ᠠ ᠪᠠᠶᠢᠭᠤᠯᠬᠤ ᠶᠢ ᠲᠦᠯᠬᠢᠨ ᠠᠬᠢᠭᠤᠯᠤᠨ᠎ᠠ᠃ | 10᠂ ᠡᠮᠡᠭᠲᠡᠶᠢᠴᠦᠳ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠤᠨ᠎ᠠ᠃ | ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠮᠡᠳᠡᠯᠭᠡ ᠶᠢ ᠲᠦᠭᠡᠮᠡᠯᠵᠢᠭᠦᠯᠵᠦ᠂ ᠠᠮᠢᠳᠤᠷᠠᠯ ᠤᠨ ᠬᠤᠭ | ᠨᠣᠪᠰᠢ ᠶᠢ ᠲᠥᠷᠥᠯ ᠬᠤᠪᠢᠶᠠᠬᠤ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢ ᠴᠢᠩᠭᠠᠳᠬᠠᠨ᠂ ᠨᠡᠶᠢᠭᠡᠮ ᠤᠨ | ᠣᠯᠠᠨ ᠨᠡᠶᠢᠲᠡ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠦᠵᠡᠯ ᠤᠬᠠᠮᠰᠠᠷ ᠢ | ᠳᠡᠭᠡᠭᠰᠢᠯᠡᠭᠦᠯᠦᠨ᠎ᠡ᠃ ᠬᠤᠳᠠ ᠬᠥᠳᠡᠭᠡ ᠶᠢᠨ ᠬᠤᠭ ᠨᠣᠪᠰᠢ ᠶᠢ ᠰᠢᠢᠳᠪᠦᠷᠢᠯᠡᠬᠦ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠲᠦᠷᠦᠯ ᠬᠤᠪᠢᠶᠠᠨ ᠲᠠᠯᠪᠢᠬᠤ᠂ ᠲᠦᠷᠦᠯ ᠬᠤᠪᠢᠶᠠᠨ | ᠴᠤᠭᠯᠠᠭᠤᠯᠬᠤ᠂ ᠲᠦᠷᠦᠯ ᠬᠤᠪᠢᠶᠠᠨ ᠲᠡᠭᠡᠭᠡᠪᠦᠷᠢᠯᠡᠬᠦ᠂ ᠲᠦᠷᠦᠯ ᠬᠤᠪᠢᠶᠠᠨ ᠰᠢᠢᠳᠪᠦᠷᠢᠯᠡᠬᠦ ᠠᠮᠢᠳᠤᠷᠠᠯ ᠤᠨ ᠬᠤᠭ | ᠨᠣᠪᠰᠢ ᠶᠢ ᠰᠢᠢᠳᠪᠦᠷᠢᠯᠡᠬᠦ ᠰᠢᠰᠲ᠋ᠧᠮ ᠢ ᠪᠠᠶᠢᠭᠤᠯᠵᠤ᠂ ᠬᠤᠳᠠ ᠬᠥᠳᠡᠭᠡ ᠶᠢᠨ ᠠᠮᠢᠳᠤᠷᠠᠯ ᠤᠨ ᠬᠤᠭ ᠨᠣᠪᠰᠢ ᠶᠢ | ᠲᠦᠷᠦᠯ ᠬᠤᠪᠢᠶᠠᠨ ᠴᠤᠭᠯᠠᠭᠤᠯᠬᠤ ᠪᠠ ᠰᠢᠢᠳᠪᠦᠷᠢᠯᠡᠬᠦ ᠲᠤᠷᠰᠢᠯᠲᠠ ᠶᠢ ᠥᠷᠨᠢᠭᠦᠯᠵᠦ᠂ ᠬᠥᠳᠡᠭᠡ ᠲᠣᠰᠬᠤᠨ ᠤ | ᠬᠤᠭ ᠨᠣᠪᠰᠢ ᠶᠢ ᠲᠦᠷᠦᠯ ᠬᠤᠪᠢᠶᠠᠨ ᠴᠤᠭᠯᠠᠭᠤᠯᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠲᠦᠯᠬᠢᠨ | ᠠᠬᠢᠭᠤᠯᠤᠨ᠎ᠠ᠃ ᠬᠤᠭ ᠨᠣᠪᠰᠢ ᠪᠣᠬᠢᠷ ᠤᠰᠤ ᠶᠢ ᠰᠢᠢᠳᠪᠦᠷᠢᠯᠡᠬᠦ ᠲᠠᠷᠢᠶᠠᠴᠢᠨ ᠡᠷᠦᠬᠡ ᠶᠢᠨ ᠰᠦᠢᠳᠬᠡᠯ ᠲᠤᠰᠢᠶᠠᠬᠤ | ᠳᠦᠷᠢᠮ ᠢ ᠰᠦᠪᠡᠭᠴᠢᠯᠡᠨ ᠪᠠᠶᠢᠭᠤᠯᠵᠤ᠂ ᠡᠳ᠋ ᠤᠨ ᠵᠠᠰᠠᠭ ᠤᠨ ᠨᠥᠬᠦᠪᠦᠷᠢ ᠥᠭᠬᠦ ᠪᠠ ᠲᠠᠷᠢᠶᠠᠴᠢᠨ ᠡᠷᠦᠬᠡ ᠶᠢᠨ | ᠰᠦᠢᠳᠬᠡᠯ ᠲᠤᠰᠢᠶᠠᠬᠤ ᠶᠢ ᠵᠦᠢ ᠵᠣᠬᠢᠰᠲᠠᠢ ᠬᠤᠪᠢᠶᠠᠨ ᠡᠭᠦᠷᠭᠡᠯᠡᠬᠦ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ | ᠨᠡᠶᠢᠭᠡᠮ ᠤᠨ ᠬᠦᠴᠦᠨ ᠢ ᠲᠠᠲᠠᠵᠤ ᠪᠠᠶᠢᠭᠠᠳ ᠬᠤᠭ ᠨᠣᠪᠰᠢ ᠶᠢ ᠲᠥᠷᠥᠯ ᠬᠤᠪᠢᠶᠠᠨ ᠬᠤᠷᠢᠶᠠᠨ ᠲᠡᠭᠡᠭᠡᠪᠦᠷᠢᠯᠡᠬᠦ᠂ | ᠰᠢᠢᠳᠪᠦᠷᠢᠯᠡᠬᠦ ᠪᠠ ᠡᠵᠡᠩᠨᠡᠬᠦ ᠦᠢᠯᠡᠴᠢᠯᠡᠭᠡᠨ ᠳᠤ ᠣᠷᠣᠯᠴᠠᠭᠤᠯᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ | ᠬᠤᠪᠢᠶᠠᠬᠤ ᠭᠤᠣᠯ ᠴᠣᠭᠴᠠ ᠶᠢ ᠠᠯᠬᠤᠮ ᠠᠯᠬᠤᠮ ᠢᠶᠠᠷ ᠦᠨᠡᠨᠴᠢ ᠢᠲᠡᠭᠡᠮᠵᠢ ᠶᠢᠨ ᠰᠢᠰᠲ᠋ᠧᠮᠵᠢ ᠳᠤ ᠣᠷᠣᠭᠤᠯᠤᠨ᠎ᠠ᠃ | | 11᠂ ᠭᠡᠨᠡᠳᠲᠡ ᠶᠢᠨ ᠬᠡᠷᠡᠭ ᠢ ᠠᠷᠭᠠᠴᠠᠬᠤ ᠶᠠᠪᠤᠴᠠ ᠳᠤ ᠡᠮᠡᠭᠲᠡᠶᠢᠴᠦᠳ ᠢᠯᠠᠩᠭᠤᠶ᠎ᠠ ᠵᠢᠷᠮᠦᠰᠦᠨ | ᠬᠤᠭᠤᠴᠠᠭ᠎ᠠ᠂ ᠬᠥᠬᠦᠭᠦᠯ ᠬᠤᠭᠤᠴᠠᠭᠠᠨ ᠤ ᠡᠮᠡᠭᠲᠡᠶᠢᠴᠦᠳ ᠵᠢᠴᠢ ᠬᠦᠴᠢᠷᠳᠡᠯ ᠳᠤ ᠲᠤᠯᠭᠠᠷᠠᠭᠰᠠᠨ | ᠡᠮᠡᠭᠲᠡᠶᠢᠴᠦᠳ ᠤᠨ ᠬᠠᠮᠲᠤᠯᠢᠭ ᠤᠨ ᠣᠨᠴᠠᠭᠠᠶ ᠬᠡᠷᠡᠭᠴᠡᠭᠡ ᠶᠢ ᠠᠩᠬᠠᠷᠤᠨ᠎ᠠ᠃ ᠭᠡᠨᠡᠳᠲᠡ ᠶᠢᠨ ᠬᠡᠷᠡᠭ ᠤᠨ ᠪᠠᠴᠢᠮ | ᠪᠠᠶᠢᠳᠠᠯ ᠢ ᠠᠷᠭᠠᠴᠠᠬᠤ ᠰᠢᠰᠲ᠋ᠧᠮᠵᠢ ᠶᠢᠨ ᠪᠠᠶᠢᠭᠤᠯᠤᠯᠲᠠ᠂ ᠤᠷᠢᠳᠴᠢᠯᠠᠨ ᠰᠡᠷᠭᠡᠶᠢᠯᠡᠬᠦ ᠪᠠ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠲᠣᠭᠲᠠᠴᠠ ᠶᠢᠨ ᠪᠠᠶᠢᠭᠤᠯᠤᠯᠲᠠ᠂ ᠬᠠᠮᠢᠶ᠎ᠠ ᠪᠦᠬᠦᠢ ᠪᠠᠴᠢᠮ ᠪᠠᠶᠢᠳᠠᠯ ᠢ ᠠᠷᠭᠠᠴᠠᠬᠤ | ᠲᠥᠰᠥᠯ ᠪᠠ ᠲᠥᠯᠦᠪᠵᠢᠭᠦᠯᠭᠡ ᠶᠢ ᠲᠣᠭᠲᠠᠭᠠᠬᠤ ᠶᠠᠪᠤᠴᠠ ᠳᠤ ᠡᠮᠡᠭᠲᠡᠶᠢᠴᠦᠳ ᠤᠨ ᠤᠨᠴᠠᠭᠠᠢ ᠬᠡᠷᠡᠭᠴᠡᠭᠡ | ᠱᠠᠭᠠᠷᠳᠠᠯᠭ᠎ᠠ ᠶᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠡᠮᠡᠭᠲᠡᠶᠢᠴᠦᠳ ᠤᠨ ᠡᠷᠡᠭᠦᠯ ᠬᠠᠮᠠᠭᠠᠯᠠᠯ ᠤᠨ ᠬᠡᠷᠡᠭᠰᠡᠯ᠂ | ᠵᠢᠷᠮᠦᠰᠦᠨ ᠡᠮᠡᠭᠲᠡᠢ ᠶᠢᠨ ᠬᠡᠷᠡᠭᠰᠡᠯ ᠪᠠ ᠴᠢᠬᠤᠯᠠ ᠡᠮᠴᠢᠯᠡᠭᠡᠨ ᠳᠤ ᠬᠡᠷᠡᠭᠯᠡᠬᠦ ᠡᠳ᠋ ᠪᠠᠷᠠᠭ᠎ᠠ ᠶᠢᠨ ᠬᠠᠩᠭᠠᠯᠭ᠎ᠠ ᠶᠢ | ᠤᠷᠢᠳᠠᠪᠠᠷ ᠪᠠᠲᠤᠯᠠᠨ᠎ᠠ᠃ ᠡᠮᠡᠭᠲᠡᠶᠢᠴᠦᠳ ᠲᠤ ᠬᠠᠨᠳᠤᠭᠤᠯᠤᠨ ᠭᠡᠨᠡᠳᠲᠡ ᠶᠢᠨ ᠬᠡᠷᠡᠭ ᠢ ᠤᠷᠢᠳᠴᠢᠯᠠᠨ ᠰᠡᠷᠭᠡᠶᠢᠯᠡᠵᠦ | ᠠᠷᠭᠠᠴᠠᠬᠤ ᠮᠡᠳᠡᠯᠭᠡ ᠪᠠ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠮᠡᠷᠭᠡᠵᠢᠯ ᠴᠢᠳᠠᠪᠤᠷᠢ ᠶᠢᠨ | ᠵᠢᠯᠣᠭᠤᠳᠤᠯᠭ᠎ᠠ ᠪᠣᠯᠪᠠᠰᠤᠷᠠᠭᠤᠯᠤᠯ ᠢ ᠥᠷᠨᠢᠭᠦᠯᠵᠦ᠂ ᠡᠮᠡᠭᠲᠡᠶᠢᠴᠦᠳ ᠢ ᠬᠥᠲᠥᠯᠥᠨ ᠵᠢᠯᠤᠭᠤᠳᠴᠤ ᠪᠠᠶᠢᠭᠠᠳ ᠭᠡᠷ | ᠪᠦᠯᠢ ᠶᠢᠨ ᠪᠠᠴᠢᠮ ᠪᠠᠶᠢᠳᠠᠯ ᠢ ᠠᠷᠭᠠᠴᠠᠬᠤ ᠴᠢᠬᠤᠯᠠ ᠪᠦᠬᠦᠢ ᠡᠳ᠋ ᠪᠣᠳᠠᠰ ᠢ ᠨᠥᠭᠡᠴᠡᠯᠡᠨ ᠬᠡᠷᠡᠭᠯᠡᠭᠦᠯᠵᠦ᠂ | ᠡᠮᠡᠭᠲᠡᠶᠢᠴᠦᠳ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠦᠵᠡᠯ ᠤᠬᠠᠮᠰᠠᠷ ᠪᠠ ᠥᠪᠡᠷ ᠢ ᠪᠠᠨ | ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠭᠡᠨᠡᠳᠲᠡ ᠶᠢᠨ ᠬᠡᠷᠡᠭ ᠢ ᠠᠷᠭᠠᠴᠠᠬᠤ | ᠶᠠᠪᠤᠴᠠ ᠳᠤ ᠬᠡᠷᠡᠭᠴᠡᠭᠡ ᠱᠠᠭᠠᠷᠳᠠᠯᠭ᠎ᠠ ᠲᠠᠢ ᠡᠮᠡᠭᠲᠡᠶᠢᠴᠦᠳ ᠤᠨ ᠬᠠᠮᠲᠤᠯᠢᠭ ᠢ ᠠᠪᠤᠷᠠᠨ ᠲᠤᠰᠠᠯᠠᠬᠤ ᠦᠢᠯᠡᠴᠢᠯᠡᠭᠡ | ᠪᠠ ᠰᠡᠳᠬᠢᠴᠡ ᠶᠢᠨ ᠲᠠᠯ᠎ᠠ ᠪᠠᠷ ᠬᠥᠲᠥᠯᠥᠨ ᠵᠢᠯᠤᠭᠤᠳᠬᠤ ᠠᠵᠢᠯ ᠢ ᠴᠢᠩᠭᠠᠳᠬᠠᠨ᠎ᠠ᠃ ᠡᠮᠡᠭᠲᠡᠶᠢᠴᠦᠳ ᠢ | ᠬᠥᠲᠥᠯᠥᠨ ᠵᠢᠯᠤᠭᠤᠳᠴᠤ ᠪᠠᠶᠢᠭᠠᠳ ᠲᠤᠰ ᠪᠡᠶ᠎ᠡ ᠶᠢᠨ ᠣᠨᠴᠠ ᠴᠢᠳᠠᠪᠤᠷᠢ ᠪᠠ ᠳᠠᠪᠠᠭᠤᠯᠢᠭ ᠢ ᠨᠢ ᠪᠠᠳᠠᠷᠠᠭᠤᠯᠵᠤ᠂ | ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠳᠤ ᠢᠳᠡᠪᠬᠢᠲᠡᠢ ᠣᠷᠣᠯᠴᠠᠭᠤᠯᠤᠨ᠎ᠠ᠃ | 12᠂ ᠤᠯᠤᠰ ᠤᠨ ᠳᠣᠲᠣᠭᠠᠳᠤ ᠭᠠᠳᠠᠭᠠᠳᠤ ᠶᠢᠨ ᠡᠮᠡᠭᠲᠡᠶᠢᠴᠦᠳ ᠤᠨ ᠬᠡᠷᠡᠭ ᠶᠠᠪᠤᠳᠠᠯ ᠤᠨ ᠰᠣᠯᠢᠯᠴᠠᠭ᠎ᠠ ᠪᠠ | ᠬᠠᠮᠲᠤᠷᠠᠯᠴᠠᠭ᠎ᠠ ᠶᠢ ᠠᠬᠢᠭᠤᠯᠤᠨ᠎ᠠ᠃ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠪᠠ ᠡᠮᠡᠭᠲᠡᠶᠢᠴᠦᠳ ᠤᠨ ᠪᠦᠬᠦ | ᠲᠠᠯ᠎ᠠ ᠶᠢᠨ ᠬᠥᠭᠵᠢᠯᠲᠡ ᠶᠢ ᠠᠬᠢᠭᠤᠯᠬᠤ ᠤᠯᠠᠨ ᠤᠯᠤᠰ ᠤᠨ ᠨᠡᠶᠢᠲᠡ ᠶᠢᠨ ᠭᠡᠷ᠎ᠡ ᠪᠠ ᠪᠢᠴᠢᠭ ᠮᠠᠲ᠋ᠧᠷᠢᠶᠠᠯ ᠢ | ᠬᠢᠨᠠᠮᠠᠭᠠᠢ ᠭᠦᠢᠴᠡᠳᠬᠡᠵᠦ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ | ᠦᠷᠭᠦᠯᠵᠢᠯᠬᠦᠶᠢᠴᠡ ᠬᠥᠭᠵᠢᠯᠲᠡ ᠶᠢᠨ ᠵᠥᠪᠯᠡᠬᠦ ᠵᠦᠢᠯ ᠨᠢ ᠬᠦᠢᠰᠦ ᠶᠢᠨ ᠢᠯᠭᠠᠯ ᠤᠨ ᠡᠷᠬᠡ ᠲᠡᠭᠰᠢ ᠪᠠᠶᠢᠬᠤ ᠳᠤ | ᠬᠤᠯᠪᠣᠭᠳᠠᠬᠤ ᠬᠠᠮᠢᠶ᠎ᠠ ᠪᠦᠬᠦᠢ ᠬᠠᠷᠠᠯᠲᠠ ᠶᠢ ᠢᠳᠡᠪᠬᠢᠲᠡᠢ ᠨᠠᠶᠢᠲᠠᠪᠦᠷᠢᠵᠢᠭᠤᠯᠤᠨ᠎ᠠ᠃ ᠤᠯᠤᠰ ᠤᠨ ᠳᠣᠲᠣᠭᠠᠳᠤ | ᠭᠠᠳᠠᠭᠠᠳᠤ ᠶᠢᠨ ᠬᠦᠢᠰᠦ ᠶᠢᠨ ᠢᠯᠭᠠᠯ ᠤᠨ ᠡᠷᠬᠡ ᠲᠡᠭᠰᠢ ᠪᠠᠶᠢᠬᠤ ᠦᠢᠯᠡᠰ ᠢ ᠠᠬᠢᠭᠤᠯᠬᠤ ᠳᠤ ᠣᠷᠣᠯᠴᠠᠵᠤ᠂ | ᠡᠮᠡᠭᠲᠡᠶᠢᠴᠦᠳ ᠤᠨ ᠬᠥᠭᠵᠢᠯᠲᠡ ᠶᠢᠨ ᠰᠣᠯᠢᠯᠴᠠᠭ᠎ᠠ ᠬᠢᠵᠦ ᠬᠠᠷᠢᠯᠴᠠᠨ ᠰᠤᠷᠤᠯᠴᠠᠬᠤ ᠶᠢ ᠲᠦᠯᠬᠢᠨ ᠠᠬᠢᠭᠤᠯᠤᠨ᠎ᠠ᠃ | ᠡᠮᠡᠭᠲᠡᠶᠢᠴᠦᠳ ᠤᠨ ᠠᠷᠠᠳ ᠤᠨ ᠬᠤᠭᠤᠷᠣᠨᠳᠣᠬᠢ ᠭᠠᠳᠠᠭᠠᠳᠤ ᠬᠠᠷᠢᠯᠴᠠᠭ᠎ᠠ ᠶᠢᠨ ᠬᠥᠭᠵᠢᠯᠲᠡ ᠶᠢ ᠠᠬᠢᠭᠤᠯᠵᠤ᠂ | ᠡᠮᠡᠭᠲᠡᠶᠢᠴᠦᠳ ᠤᠨ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠳᠤ ᠣᠷᠤᠯᠴᠠᠬᠤ ᠶᠢ ᠳᠡᠮᠵᠢᠵᠦ᠂ | ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠳᠤ ᠴᠢᠬᠤᠯᠠ | ᠦᠢᠯᠡᠳᠦᠯ ᠦᠵᠡᠭᠦᠯᠦᠨ᠎ᠡ᠃ | 13᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠵᠣᠬᠢᠶᠠᠨ ᠪᠠᠶᠢᠭᠤᠯᠤᠯᠲᠠ ᠶᠢᠨ ᠡᠷᠡᠭᠲᠡᠢ ᠡᠮᠡᠭᠲᠡᠢ ᠡᠷᠬᠡ | ᠲᠡᠭᠰᠢ ᠪᠠᠶᠢᠬᠤ ᠪᠠ ᠡᠮᠡᠭᠲᠡᠶᠢᠴᠦᠳ ᠤᠨ ᠪᠥᠬᠦ ᠲᠠᠯ᠎ᠠ ᠶᠢᠨ ᠬᠥᠭᠵᠢᠯᠲᠡ ᠶᠢᠨ ᠣᠷᠴᠢᠨ ᠲᠣᠭᠤᠷᠢᠨ ᠢ ᠪᠣᠶ ᠪᠣᠯᠭᠠᠬᠤ | ᠳᠤᠮᠳᠠᠬᠢ ᠢᠳᠡᠪᠬᠢ ᠦᠢᠯᠡᠳᠦᠯ ᠢ ᠪᠠᠳᠠᠷᠠᠭᠤᠯᠤᠨ᠎ᠠ᠃ ᠡᠮᠡᠭᠲᠡᠶᠢᠴᠦᠳ ᠢ ᠬᠥᠲᠥᠯᠥᠨ ᠳᠠᠭᠠᠭᠤᠯᠵᠤ ᠦᠢᠯᠡᠴᠢᠯᠡᠨ | ᠬᠠᠷᠢᠯᠴᠠᠬᠤ ᠠᠵᠢᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠥᠭᠦᠷᠭᠡ ᠬᠤᠯᠪᠣᠭᠠᠰᠤ ᠶᠢᠨ | ᠦᠢᠯᠡᠳᠦᠯ ᠢ ᠪᠠᠳᠠᠷᠠᠭᠤᠯᠤᠨ᠂ ᠡᠮᠡᠭᠲᠡᠶᠢᠴᠦᠳ ᠤᠨ ᠬᠥᠮᠥᠰ ᠤᠨ ᠰᠡᠳᠬᠢᠯ ᠢ ᠨᠢᠭᠲᠠᠷᠠᠭᠤᠯᠤᠨ᠎ᠠ᠃ ᠭᠤᠣᠯ | ᠤᠷᠤᠰᠬᠠᠯ ᠤᠨ ᠵᠠᠭᠤᠴᠢᠯᠠᠭᠤᠷ ᠢ ᠭᠦᠢᠴᠡᠳ ᠠᠰᠢᠭᠯᠠᠵᠤ᠂ ᠡᠮᠡᠭᠲᠡᠶᠢᠴᠦᠳ ᠤᠨ ᠬᠤᠯᠪᠣᠭ᠎ᠠ ᠶᠢᠨ ᠬᠠᠮ | ᠵᠠᠭᠤᠴᠢᠯᠠᠭᠤᠷ ᠤᠨ ᠵᠢᠭᠰᠠᠭᠠᠯ ᠢ ᠪᠠᠶᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠡᠮᠡᠭᠲᠡᠶᠢᠴᠦᠳ ᠪᠠ | ᠡᠮᠡᠭᠲᠡᠶᠢᠴᠦᠳ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠶᠡᠬᠡᠪᠡᠷ ᠤᠬᠠᠭᠤᠯᠵᠤ᠂ ᠮᠠᠷᠺᠰ ᠤᠨ ᠦᠵᠡᠯ ᠤᠨ | ᠡᠮᠡᠭᠲᠡᠶᠢᠴᠦᠳ ᠤᠨ ᠦᠵᠡᠯᠲᠡ ᠪᠠ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ | ᠪᠣᠳᠣᠯᠭ᠎ᠠ ᠶᠢ ᠤᠬᠠᠭᠤᠯᠵᠤ᠂ ᠡᠮᠡᠭᠲᠡᠶᠢᠴᠦᠳ ᠤᠨ ︽ᠬᠠᠭᠠᠰ ᠲᠡᠭᠷᠢ︾ ᠶᠢᠨ ᠦᠢᠯᠡᠳᠦᠯ ᠢ ᠤᠬᠠᠭᠤᠯᠤᠨ᠎ᠠ᠃ | ᠡᠮᠡᠭᠲᠡᠶᠢᠴᠦᠳ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠢᠯᠠᠩᠭᠤᠶ᠎ᠠ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ | ᠬᠢᠨᠠᠨ ᠬᠡᠮᠵᠢᠬᠦ ᠶᠢ ᠴᠢᠩᠭᠠᠳᠬᠠᠵᠤ᠂ ᠪᠤᠷᠤᠭᠤ ᠦᠵᠡᠯᠲᠡ ᠲᠠᠢ ᠦᠭᠡ ᠶᠠᠷᠢᠶ᠎ᠠ ᠶᠢ ᠴᠠᠭ ᠲᠤᠬᠠᠢ ᠳᠤᠨᠢ ᠶᠠᠷᠢᠵᠤ᠂ | ᠵᠣᠬᠢᠴᠠᠭᠤᠯᠤᠨ ᠱᠠᠯᠠᠪᠳᠠᠭᠤᠯᠤᠨ ᠰᠢᠢᠳᠪᠦᠷᠢᠯᠡᠵᠦ᠂ ᠶᠠᠷᠢᠶ᠎ᠠ ᠬᠡᠯᠡᠯᠴᠡᠭᠡ ᠶᠢ ᠵᠥᠪ ᠲᠠᠯ᠎ᠠ ᠠᠴᠠ ᠬᠥᠲᠥᠯᠥᠨ | ᠵᠢᠯᠤᠭᠤᠳᠴᠤ᠂ ᠡᠮᠡᠭᠲᠡᠶᠢᠴᠦᠳ ᠤᠨ ᠪᠦᠬᠦ ᠲᠠᠯ᠎ᠠ ᠪᠠᠷ ᠬᠥᠭᠵᠢᠬᠦ ᠳᠤ ᠠᠰᠢᠭᠲᠠᠢ ᠨᠡᠶᠢᠭᠡᠮ ᠤᠨ ᠶᠠᠷᠢᠶ᠎ᠠ ᠬᠡᠯᠡᠯᠴᠡᠭᠡᠨ ᠤ | ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ | ︵ᠨᠠᠢᠮᠠ︶ ᠡᠮᠡᠭᠲᠡᠶᠢᠴᠦᠳ ᠬᠢᠭᠡᠳ ᠬᠠᠤᠯᠢ ᠴᠠᠭᠠᠵᠠ | ᠭᠤᠣᠯ ᠬᠠᠷᠠᠯᠲᠠ᠄ | 1᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠦᠨᠳᠦᠰᠦᠨ ᠬᠠᠤᠯᠢ ᠶᠢᠨ ᠵᠠᠷᠴᠢᠮ ᠪᠠ ᠤᠯᠤᠰ ᠤᠨ | ᠦᠨᠳᠦᠰᠦᠨ ᠪᠣᠳᠣᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠮᠡᠭᠲᠡᠶᠢᠴᠦᠳ ᠤᠨ ᠬᠠᠤᠯᠢ | ᠶᠣᠰᠣᠨ ᠤ ᠡᠷᠬᠡ ᠠᠰᠢᠭ ᠢ ᠪᠠᠲᠤᠯᠠᠬᠤ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ | ᠨᠠᠶᠢᠳᠠᠪᠤᠷᠢᠵᠢᠭᠤᠯᠤᠨ᠎ᠠ᠃ | 2᠂ ᠡᠮᠡᠭᠲᠡᠶᠢᠴᠦᠳ ᠤᠨ ᠬᠠᠤᠯᠢ ᠶᠢ ᠬᠦᠨᠳᠦᠳᠬᠡᠬᠦ ᠬᠠᠤᠯᠢ ᠶᠢ ᠰᠤᠷᠤᠯᠴᠠᠬᠤ ᠬᠠᠤᠯᠢ ᠶᠢ ᠰᠠᠬᠢᠬᠤ ᠬᠠᠤᠯᠢ ᠶᠢ | ᠬᠡᠷᠡᠭᠯᠡᠬᠦ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠮᠡᠭᠲᠡᠶᠢᠴᠦᠳ ᠤᠨ ᠬᠠᠤᠯᠢ ᠪᠠᠷ ᠵᠠᠰᠠᠬᠤ ᠪᠤᠭᠤᠲᠤ ᠶᠢᠨ | ᠪᠠᠶᠢᠭᠤᠯᠤᠯᠲᠠ ᠶᠢᠨ ᠳᠤᠮᠳᠠᠬᠢ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ | 3᠂ ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠬᠠᠤᠯᠢ ᠴᠠᠭᠠᠵᠠ ᠬᠠᠤᠯᠢ ᠲᠣᠭᠲᠠᠭᠠᠯ ᠢ ᠭᠦᠨᠵᠡᠭᠡᠢ | ᠬᠡᠷᠡᠭᠵᠢᠭᠦᠯᠵᠦ᠂ ᠡᠮᠡᠭᠲᠡᠶᠢᠴᠦᠳ ᠲᠤ ᠴᠢᠭᠯᠡᠭᠦᠯᠦᠭᠰᠡᠨ ᠠᠯᠢᠪᠠ ᠬᠡᠯᠪᠡᠷᠢ ᠶᠢᠨ ᠬᠦᠴᠦᠷᠬᠡᠭᠯᠡᠯ ᠢ ᠤᠷᠢᠳᠴᠢᠯᠠᠨ | ᠰᠡᠷᠭᠡᠶᠢᠯᠡᠬᠦ ᠪᠠ ᠬᠤᠷᠢᠭᠯᠠᠨ ᠵᠣᠭᠰᠣᠭᠠᠨ᠎ᠠ᠃ | 4᠂ ᠡᠮᠡᠭᠲᠡᠶᠢᠴᠦᠳ ᠢ ᠮᠡᠬᠡᠯᠡᠨ ᠬᠤᠳᠠᠯᠳᠤᠬᠤ᠂ ᠡᠮᠡᠭᠲᠡᠶᠢᠴᠦᠳ ᠲᠤ ᠪᠡᠯᠭᠡ ᠶᠢᠨ ᠬᠠᠯᠳᠠᠯᠭ᠎ᠠ ᠬᠢᠬᠦ ᠵᠡᠷᠭᠡ | ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠲᠤ ᠴᠢᠩᠭ᠎ᠠ ᠴᠣᠬᠢᠯᠲᠠ ᠥᠭᠭᠦᠨ᠎ᠡ᠃ | 5᠂ ᠪᠡᠯᠭᠡ ᠶᠢᠨ ᠬᠠᠯᠳᠠᠯᠭ᠎ᠠ ᠶᠢ ᠰᠡᠷᠭᠡᠶᠢᠯᠡᠬᠦ ᠪᠠ ᠬᠤᠷᠢᠭᠯᠠᠬᠤ ᠬᠠᠤᠯᠢ ᠪᠠᠷ ᠵᠠᠰᠠᠬᠤ ᠦᠵᠡᠯ ᠤᠬᠠᠮᠰᠠᠷ ᠢ | ᠳᠡᠭᠡᠭᠰᠢᠯᠡᠭᠦᠯᠵᠦ᠂ ᠡᠮᠡᠭᠲᠡᠶᠢᠴᠦᠳ ᠲᠤ ᠴᠢᠭᠯᠡᠭᠦᠯᠦᠭᠰᠡᠨ ᠪᠡᠯᠭᠡ ᠶᠢᠨ ᠬᠠᠯᠳᠠᠯᠭ᠎ᠠ ᠶᠢ ᠪᠦᠲᠦᠮᠵᠢᠲᠡᠶ ᠪᠠᠷ ᠬᠤᠷᠢᠭᠯᠠᠨ᠎ᠠ᠃ | | 6᠂ ᠴᠠᠬᠢᠯᠭᠠᠨ ᠬᠤᠯᠪᠣᠭ᠎ᠠ ᠲᠣᠣᠷ ᠰᠦᠯᠵᠢᠶ᠎ᠡ ᠶᠢ ᠠᠰᠢᠭᠯᠠᠨ ᠡᠮᠡᠭᠲᠡᠶᠢᠴᠦᠳ ᠲᠤ ᠬᠢᠭᠰᠡᠨ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ | 7᠂ ᠡᠮᠡᠭᠲᠡᠶᠢᠴᠦᠳ ᠤᠨ ᠭᠡᠷ ᠪᠦᠯᠢ ᠶᠢᠨ ᠬᠠᠷᠢᠴᠠᠭᠠᠨ ᠳᠠᠬᠢ ᠡᠳ᠋ ᠬᠥᠷᠥᠩᠭᠡ ᠶᠢᠨ ᠥᠮᠴᠢᠯᠡᠬᠦ ᠡᠷᠬᠡ᠂ | ᠵᠠᠯᠭᠠᠮᠵᠢᠯᠠᠬᠤ ᠡᠷᠬᠡ ᠶᠢ ᠪᠠᠲᠤᠯᠠᠵᠤ᠂ ᠡᠮᠡᠭᠲᠡᠶᠢᠴᠦᠳ ᠤᠨ ᠤᠷᠤᠬ ᠭᠡᠷ ᠪᠦᠯᠢ ᠶᠢᠨ ᠬᠠᠷᠢᠴᠠᠭᠠᠨ ᠳᠠᠬᠢ ᠬᠠᠮᠲᠤ ᠶᠢᠨ | ᠡᠳ᠋ ᠬᠥᠷᠥᠩᠭᠡ ᠳᠤ ᠪᠠᠶᠢᠳᠠᠯ ᠢ ᠮᠡᠳᠡᠬᠦ ᠡᠷᠬᠡ ᠪᠠ ᠠᠳᠠᠯᠢ ᠲᠡᠭᠰᠢ ᠪᠠᠷ ᠰᠢᠢᠳᠪᠦᠷᠢᠯᠡᠬᠦ ᠡᠷᠬᠡ ᠡᠳ᠋ᠯᠡᠬᠦ ᠶᠢ ᠪᠠᠲᠤᠯᠠᠨ᠎ᠠ᠃ | | 8᠂ ᠡᠮᠡᠭᠲᠡᠶᠢᠴᠦᠳ ᠲᠤ ᠬᠠᠤᠯᠢ ᠶᠣᠰᠣᠭᠠᠷ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ | ᠬᠠᠩᠭᠠᠨ᠎ᠠ᠃ ᠬᠠᠯᠳᠠᠯᠭ᠎ᠠ ᠳᠤ ᠤᠴᠠᠷᠠᠭᠰᠠᠨ ᠡᠮᠡᠭᠲᠡᠶᠢᠴᠦᠳ ᠤᠨ ᠴᠠᠭ ᠲᠤᠬᠠᠢ ᠳᠤᠨᠢ ᠪᠦᠲᠦᠮᠵᠢᠲᠡᠶ ᠬᠠᠤᠯᠢ | ᠴᠠᠭᠠᠵᠠ ᠶᠢᠨ ᠲᠤᠰᠠᠯᠠᠮᠵᠢ ᠣᠯᠬᠤ ᠶᠢ ᠪᠠᠲᠤᠯᠠᠨ᠎ᠠ᠃ | ᠠᠷᠭ᠎ᠠ ᠪᠣᠳᠣᠯᠭ᠎ᠠ ᠠᠷᠭ᠎ᠠ ᠬᠡᠮᠵᠢᠶ᠎ᠡ᠄ | 1᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠦᠨᠳᠦᠰᠦᠨ ᠬᠠᠤᠯᠢ ᠶᠢᠨ ᠵᠠᠷᠴᠢᠮ ᠪᠠ ᠤᠯᠤᠰ ᠤᠨ | ᠦᠨᠳᠦᠰᠦᠨ ᠪᠣᠳᠣᠯᠭ᠎ᠠ ᠶᠢ ᠬᠠᠤᠯᠢ ᠪᠠᠷ ᠵᠠᠰᠠᠬᠤ ᠪᠤᠭᠤᠲᠤ ᠶᠢᠨ ᠪᠠᠶᠢᠭᠤᠯᠤᠯᠲᠠ ᠶᠢᠨ ᠪᠥᠬᠦ ᠶᠠᠪᠤᠴᠠ ᠳᠤ | ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ | ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠡᠮᠡᠭᠲᠡᠶᠢᠴᠦᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ | ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠲᠡᠭᠦᠯᠳᠡᠷᠵᠢᠭᠦᠯᠬᠦ ᠶᠢ ᠠᠬᠢᠭᠤᠯᠤᠨ᠎ᠠ᠃ ᠬᠠᠤᠯᠢ ᠬᠡᠷᠡᠭᠵᠢᠭᠦᠯᠦᠯᠲᠡ ᠶᠢ | ᠪᠠᠶᠢᠴᠠᠭᠠᠬᠤ ᠪᠠ ᠱᠠᠯᠠᠪᠳᠠᠭᠤᠯᠤᠨ ᠪᠠᠶᠢᠴᠠᠭᠠᠵᠤ ᠱᠠᠯᠠᠪᠳᠠᠭᠤᠯᠤᠨ ᠰᠢᠢᠳᠪᠦᠷᠢᠯᠡᠭᠦᠯᠬᠦ ᠶᠢ ᠴᠢᠩᠭᠠᠳᠬᠠᠵᠤ᠂ | ᠡᠮᠡᠭᠲᠡᠶᠢᠴᠦᠳ ᠤᠨ ᠡᠷᠬᠡ ᠠᠰᠢᠭ ᠲᠤ ᠬᠠᠯᠳᠠᠭᠰᠠᠨ ᠬᠡᠷᠡᠭ ᠢ ᠡᠷᠬᠡ ᠲᠡᠭᠰᠢ ᠲᠥᠪ ᠭᠤᠣᠯᠴᠢ ᠪᠠᠷ | ᠰᠢᠢᠳᠪᠦᠷᠢᠯᠡᠬᠦ ᠶᠢ ᠪᠠᠲᠤᠯᠠᠨ᠎ᠠ᠃ ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠦᠷᠢᠶᠡᠨ ᠳᠠᠬᠢ ᠨᠡᠶᠢᠲᠡ ᠶᠢᠨ | ᠠᠰᠠᠷᠠᠮᠵᠢ ᠶᠢᠨ ᠵᠠᠷᠭᠤ ᠬᠢᠬᠦ ᠶᠢ ᠠᠬᠢᠭᠤᠯᠤᠨ᠎ᠠ᠃ ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠤᠯᠪᠣᠭᠳᠠᠯ | ᠪᠦᠬᠦᠢ ᠠᠭᠤᠯᠭ᠎ᠠ ᠶᠢ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠣᠷᠣᠭᠤᠯᠵᠤ᠂ ᠬᠠᠤᠯᠢ ᠪᠠᠷ ᠵᠠᠰᠠᠬᠤ | ᠡᠩᠨᠡᠭᠡᠨ ᠤ ᠪᠠᠶᠢᠭᠤᠯᠤᠯᠲᠠ᠂ ᠪᠦᠬᠦ ᠠᠷᠠᠳ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ | ᠲᠥᠯᠦᠪᠵᠢᠭᠦᠯᠭᠡ ᠪᠠ ᠤᠯᠠᠨ ᠲᠦᠮᠡᠨᠴᠢ ᠴᠢᠨᠠᠷᠲᠠᠢ ᠬᠠᠤᠯᠢ ᠪᠠᠷ ᠵᠠᠰᠠᠬᠤ ᠰᠣᠶᠣᠯ ᠤᠨ ᠠᠵᠢᠯᠯᠠᠭ᠎ᠠ ᠳᠤ ᠣᠷᠣᠭᠤᠯᠵᠤ᠂ | ᠪᠦᠬᠦ ᠨᠡᠶᠢᠭᠡᠮ ᠤᠨ ᠪᠠᠲᠤᠯᠠᠭ᠎ᠠ ᠶᠢᠨ ᠡᠮᠡᠭᠲᠡᠶᠢᠴᠦᠳ ᠤᠨ ᠬᠠᠤᠯᠢ ᠶᠣᠰᠣᠨ ᠤ ᠡᠷᠬᠡ ᠠᠰᠢᠭ ᠤᠨ ᠬᠠᠤᠯᠢ ᠪᠠᠷ | ᠵᠠᠰᠠᠬᠤ ᠤᠬᠠᠮᠰᠠᠷ ᠪᠠ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ ᠴᠢᠩᠭᠠᠳᠬᠠᠨ᠎ᠠ᠃ | 2᠂ ᠡᠮᠡᠭᠲᠡᠶᠢᠴᠦᠳ ᠤᠨ ᠬᠠᠤᠯᠢ ᠪᠠᠷ ᠵᠠᠰᠠᠬᠤ ᠦᠵᠡᠯ ᠤᠬᠠᠮᠰᠠᠷ ᠪᠠ ᠬᠠᠤᠯᠢ ᠪᠠᠷ ᠵᠠᠰᠠᠬᠤ ᠪᠤᠭᠤᠲᠤ ᠶᠢᠨ | ᠪᠦᠲᠦᠭᠡᠨ ᠪᠠᠶᠢᠭᠤᠯᠤᠯᠲᠠ ᠳᠤ ᠣᠷᠤᠯᠴᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠠᠤᠯᠢ ᠪᠠᠷ ᠵᠠᠰᠠᠬᠤ ᠤᠬᠠᠭᠤᠯᠭ᠎ᠠ | ᠬᠥᠮᠦᠵᠢᠯ ᠢ ᠴᠢᠩᠭᠠᠳᠬᠠᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠲᠤᠰᠬᠠᠢ | ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠡᠮᠡᠭᠲᠡᠶᠢᠴᠦᠳ ᠢ ᠬᠥᠲᠥᠯᠥᠨ ᠵᠢᠯᠤᠭᠤᠳᠴᠤ ᠪᠠᠶᠢᠭᠠᠳ ᠦᠨᠳᠦᠰᠦᠨ | ᠬᠠᠤᠯᠢ ᠪᠠ ᠬᠠᠤᠯᠢ ᠴᠠᠭᠠᠵᠠ ᠶᠢᠨ ᠮᠡᠳᠡᠯᠭᠡ ᠶᠢ ᠤᠬᠠᠮᠰᠠᠷ ᠠᠴᠠ ᠪᠠᠨ ᠰᠤᠷᠤᠯᠴᠠᠭᠤᠯᠵᠤ᠂ ᠬᠠᠤᠯᠢ ᠪᠠᠷ ᠵᠠᠰᠠᠬᠤ | ᠦᠵᠡᠯᠲᠡ ᠶᠢ ᠨᠢ ᠴᠢᠩᠭᠠᠷᠠᠭᠤᠯᠵᠤ᠂ ᠠᠵᠢᠯ ᠶᠠᠪᠤᠳᠠᠯ ᠬᠢᠬᠦ ᠳᠡᠭᠡᠨ ᠬᠠᠤᠯᠢ ᠶᠣᠰᠣᠭᠠᠷ᠂ ᠤᠴᠢᠷ ᠶᠠᠪᠤᠳᠠᠯ | ᠲᠣᠬᠢᠶᠠᠯᠳᠤᠪᠠᠯ ᠬᠠᠤᠯᠢ ᠶᠢ ᠡᠷᠢᠬᠦ᠂ ᠠᠰᠠᠭᠤᠳᠠᠯ ᠢ ᠰᠢᠢᠳᠪᠦᠷᠢᠯᠡᠬᠦ ᠳᠡᠭᠡᠨ ᠬᠠᠤᠯᠢ ᠶᠢ ᠬᠡᠷᠡᠭᠯᠡᠬᠦ᠂ ᠵᠥᠷᠢᠴᠡᠯ ᠢ | ᠠᠷᠢᠯᠭᠠᠬᠤ ᠳᠤ ᠬᠠᠤᠯᠢ ᠳᠤ ᠲᠦᠰᠢᠭᠯᠡᠬᠦ ᠬᠠᠤᠯᠢ ᠪᠠᠷ ᠵᠠᠰᠠᠬᠤ ᠰᠡᠳᠬᠢᠬᠦᠢ ᠪᠠ ᠦᠢᠯᠡ ᠠᠵᠢᠯᠯᠠᠭᠠᠨ ᠤ | ᠳᠠᠳᠬᠠᠯ ᠲᠠᠢ ᠪᠣᠯᠭᠠᠨ᠎ᠠ᠃ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ︾ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠡᠮᠡᠭᠲᠡᠶᠢᠴᠦᠳ ᠲᠤ ᠬᠠᠨᠳᠤᠭᠤᠯᠤᠨ | ᠬᠠᠤᠯᠢ ᠴᠠᠭᠠᠵᠠ ᠶᠢᠨ ᠵᠥᠪᠯᠡᠯᠭᠡ ᠥᠭᠬᠦ ᠵᠡᠷᠭᠡ ᠦᠢᠯᠡᠴᠢᠯᠡᠭᠡ ᠬᠠᠩᠭᠠᠨ᠎ᠠ᠃ ᠡᠮᠡᠭᠲᠡᠶᠢᠴᠦᠳ ᠤᠨ ᠬᠠᠤᠯᠢ | ᠲᠣᠭᠲᠠᠭᠠᠬᠤ᠂ ᠬᠠᠤᠯᠢ ᠪᠠᠷᠢᠬᠤ ᠪᠠ ᠬᠠᠤᠯᠢ ᠴᠠᠭᠠᠵᠠ ᠶᠢ ᠲᠦᠭᠡᠮᠡᠯᠵᠢᠭᠦᠯᠬᠦ ᠠᠵᠢᠯᠯᠠᠭ᠎ᠠ ᠳᠤ ᠤᠯᠠᠨ ᠠᠷᠭ᠎ᠠ ᠵᠠᠮ ᠢᠶᠠᠷ | ᠣᠷᠤᠯᠴᠠᠬᠤ ᠶᠢ ᠵᠣᠷᠢᠭᠵᠢᠭᠤᠯᠤᠨ᠎ᠠ᠃ ︽ᠬᠠᠤᠯᠢ ᠪᠠᠷ ᠵᠠᠰᠠᠬᠤ ᠪᠤᠭᠤᠲᠤ ᠶᠢ ᠪᠠᠶᠢᠭᠤᠯᠬᠤ ᠳᠤ ᠡᠮᠡᠭᠲᠡᠶᠢᠴᠦᠳ | ᠬᠦᠲᠡᠯᠦᠯᠴᠠᠵᠦ ᠪᠠᠶᠢᠬᠤ ᠠᠵᠢᠯᠯᠠᠭ᠎ᠠ︾ ᠶᠢ ᠲᠦᠯᠬᠢᠨ ᠠᠬᠢᠭᠤᠯᠵᠤ᠂ ︽ᠬᠠᠤᠯᠢ ᠴᠠᠭᠠᠵᠠ ᠶᠢᠨ ᠮᠡᠷᠭᠡᠨ ᠬᠥᠮᠥᠨ︾ ᠢ | ᠬᠥᠮᠥᠵᠢᠭᠦᠯᠬᠦ ᠲᠥᠯᠥᠪᠯᠡᠭᠡ ᠶᠢ ᠬᠡᠷᠡᠭᠵᠢᠭᠦᠯᠦᠨ᠂ ᠡᠮᠡᠭᠲᠡᠶᠢᠴᠦᠳ ᠤᠨ ᠬᠠᠤᠯᠢ ᠲᠦᠭᠡᠮᠡᠯᠵᠢᠭᠦᠯᠬᠦ ᠠᠵᠢᠯᠲᠠᠨ ᠤ ᠬᠠᠤᠯᠢ | ᠴᠠᠭᠠᠵᠠ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠡᠮᠡᠭᠲᠡᠶᠢᠴᠦᠳ ᠤᠨ ᠣᠯᠠᠨ ᠲᠦᠮᠡᠨ ᠤ ᠬᠠᠤᠯᠢ ᠶᠢ | ᠬᠦᠨᠳᠦᠳᠬᠡᠬᠦ ᠬᠠᠤᠯᠢ ᠶᠢ ᠰᠤᠷᠤᠯᠴᠠᠬᠤ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠶᠢ ᠳᠠᠶᠢᠴᠢᠯᠠᠨ᠎ᠠ᠃ | ᠡᠮᠡᠭᠲᠡᠶᠢᠴᠦᠳ ᠤᠨ ᠠᠷᠠᠳ ᠤᠨ ᠲᠥᠯᠥᠭᠡᠯᠡᠭᠴᠢ᠂ ᠡᠮᠡᠭᠲᠡᠶᠢᠴᠦᠳ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ | ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠵᠣᠬᠢᠶᠠᠨ ᠪᠠᠶᠢᠭᠤᠯᠤᠯᠲᠠ᠂ ᠡᠮᠡᠭᠲᠡᠶᠢᠴᠦᠳ ᠢᠶᠠᠷ ᠪᠦᠷᠢᠯᠳᠦᠭᠦᠨ ᠤ | ᠭᠤᠣᠯ ᠴᠣᠭᠴᠠ ᠪᠣᠯᠭᠠᠭᠰᠠᠨ ᠪᠤᠶᠤ ᠡᠮᠡᠭᠲᠡᠶᠢᠴᠦᠳ ᠢᠶᠠᠷ ᠭᠤᠣᠯ ᠦᠢᠯᠡᠴᠢᠯᠡᠬᠦ ᠡᠲᠡᠭᠡᠳ ᠢᠶᠠᠨ ᠪᠣᠯᠭᠠᠭᠰᠠᠨ | ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠶᠢᠨ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ | ᠠᠷᠠᠳᠴᠢᠯᠠᠯ ᠢᠶᠠᠷ ᠬᠠᠤᠯᠢ ᠲᠣᠭᠲᠠᠭᠠᠬᠤ ᠪᠠ ᠬᠠᠤᠯᠢ ᠲᠣᠭᠲᠠᠭᠠᠬᠤ ᠵᠥᠪᠯᠡᠯᠭᠡ ᠬᠢᠬᠦ ᠳᠤᠮᠳᠠᠬᠢ ᠦᠢᠯᠡᠳᠦᠯ ᠢ | ᠭᠦᠢᠴᠡᠳ ᠪᠠᠳᠠᠷᠠᠭᠤᠯᠤᠨ᠎ᠠ᠃ | 3᠂ ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠬᠦ | ᠡᠷᠴᠢᠮ ᠢᠶᠠᠨ ᠴᠢᠩᠭᠠᠷᠠᠭᠤᠯᠤᠨ᠎ᠠ᠃ ᠭᠡᠷ ᠪᠦᠯᠢ ᠶᠢᠨ ᠬᠦᠴᠦᠷᠬᠡᠭᠯᠡᠯ ᠳᠤ ᠥᠴᠥᠬᠡᠨ ᠴᠦ ᠢᠯᠳᠠᠷ ᠬᠠᠶᠠᠬᠤ ᠦᠭᠡᠢ | ᠪᠠᠶᠢᠬᠤ ᠣᠨᠣᠯᠵᠢᠬᠤᠨ ᠢ ᠤᠬᠠᠭᠤᠯᠤᠨ ᠰᠠᠨᠠᠭᠠᠴᠢᠯᠠᠵᠤ᠂ ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠤᠬᠠᠭᠤᠯᠭ᠎ᠠ | ᠬᠥᠮᠦᠵᠢᠯ ᠢ ᠥᠷᠨᠢᠭᠦᠯᠦᠨ᠂ ᠭᠡᠷ ᠪᠦᠯᠢ ᠶᠢᠨ ᠬᠦᠴᠦᠷᠬᠡᠭᠯᠡᠯ ᠢ ᠬᠠᠤᠯᠢ ᠶᠣᠰᠣᠭᠠᠷ ᠰᠢᠢᠳᠪᠦᠷᠢᠯᠡᠨ᠎ᠡ᠃ ᠭᠡᠷ ᠪᠦᠯᠢ ᠶᠢᠨ | ᠬᠦᠴᠦᠷᠬᠡᠭᠯᠡᠯ ᠢ ᠡᠰᠡᠷᠭᠦᠴᠡᠬᠦ ᠤᠯᠠᠨ ᠰᠠᠯᠠᠭ᠎ᠠ ᠮᠥᠴᠢᠷ ᠤᠨ ᠵᠣᠬᠢᠴᠠᠯᠳᠤᠨ ᠬᠥᠳᠡᠯᠦᠯᠴᠡᠬᠦ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠵᠦ᠂ ᠬᠠᠤᠯᠢ ᠴᠠᠭᠠᠵᠠ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠎ᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠷ ᠪᠦᠯᠢ ᠶᠢᠨ | ᠬᠦᠴᠦᠷᠬᠡᠭᠯᠡᠯ ᠢ ᠡᠰᠡᠷᠭᠦᠴᠡᠬᠦ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠪᠦᠯᠢ ᠶᠢᠨ | ᠬᠦᠴᠦᠷᠬᠡᠭᠯᠡᠯ ᠢ ᠡᠰᠡᠷᠭᠦᠴᠡᠬᠦ ᠳᠦᠷᠢᠮ︾ ᠢ ᠭᠦᠨᠵᠡᠭᠡᠢ ᠲᠤᠤᠱᠯᠠᠭᠤᠯᠤᠨ ᠬᠡᠷᠡᠭᠵᠢᠭᠦᠯᠵᠦ᠂ ᠠᠯᠪᠠᠳᠠᠯᠭ᠎ᠠ ᠪᠠᠷ | ᠮᠡᠳᠡᠭᠦᠯᠬᠦ᠂ ᠪᠠᠴᠢᠮ ᠬᠠᠮᠠᠭᠠᠯᠠᠬᠤ᠂ ᠰᠡᠷᠡᠮᠵᠢᠯᠡᠭᠦᠯᠬᠦ᠂ ᠬᠥᠮᠥᠨ ᠤ ᠪᠡᠶ᠎ᠡ ᠶᠢᠨ ᠬᠠᠮᠠᠭᠠᠯᠠᠯᠲᠠ ᠶᠢᠨ ᠵᠠᠷᠯᠢᠭ ᠵᠡᠷᠭᠡ ᠬᠠᠤᠯᠢ | ᠴᠠᠭᠠᠵᠠ ᠶᠢᠨ ᠳᠦᠷᠢᠮ ᠢ ᠬᠠᠤᠯᠢ ᠴᠠᠭᠠᠵᠠ ᠶᠢᠨ ᠦᠢᠯᠡᠳᠦᠯᠭᠡ ᠶᠢᠨ ᠳᠤᠮᠳᠠ ᠨᠠᠶᠢᠳᠠᠪᠤᠷᠢᠵᠢᠭᠤᠯᠬᠤ ᠶᠢ | ᠠᠬᠢᠭᠤᠯᠤᠨ᠎ᠠ᠃ ᠤᠬᠠᠭᠤᠯᠭ᠎ᠠ ᠬᠥᠮᠦᠵᠢᠯ᠂ ᠤᠷᠢᠳᠴᠢᠯᠠᠨ ᠰᠡᠷᠭᠡᠶᠢᠯᠡᠵᠦ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ | ᠨᠡᠶᠢᠭᠡᠮ ᠲᠣᠭᠤᠷᠢᠭ ᠤᠨ ᠲᠣᠥᠷᠵᠢᠭᠤᠯᠤᠭᠰᠠᠨ ᠭᠡᠷ ᠪᠦᠯᠢ ᠶᠢᠨ ᠬᠦᠴᠦᠷᠬᠡᠭᠯᠡᠯ ᠤᠨ ᠭᠤᠣᠯᠳᠠᠯᠭ᠎ᠠ ᠲᠠᠢ ᠬᠢᠨᠠᠨ | ᠡᠵᠡᠮᠳᠡᠬᠦ ᠲᠣᠭᠲᠠᠴᠠ ᠶᠢ ᠪᠠᠶᠢᠭᠤᠯᠤᠨ᠎ᠠ᠃ ᠭᠡᠷ ᠪᠦᠯᠢ ᠶᠢᠨ ᠬᠦᠴᠦᠷᠬᠡᠭᠯᠡᠯ ᠢ ᠢᠯᠡᠷᠡᠭᠦᠯᠬᠦ᠂ ᠮᠡᠳᠡᠭᠦᠯᠬᠦ᠂ | ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠬᠠᠮᠢᠶ᠎ᠠ ᠪᠦᠬᠦᠢ ᠭᠤᠣᠯ ᠴᠣᠭᠴᠠ ᠶᠢᠨ | ᠠᠯᠪᠠᠳᠠᠯᠭ᠎ᠠ ᠪᠠᠷ ᠮᠡᠳᠡᠭᠦᠯᠬᠦ ᠦᠵᠡᠯ ᠤᠬᠠᠮᠰᠠᠷ ᠢ ᠴᠢᠩᠭᠠᠷᠠᠭᠤᠯᠤᠨ᠂ ᠠᠯᠪᠠᠳᠠᠯᠭ᠎ᠠ ᠪᠠᠷ ᠮᠡᠳᠡᠭᠦᠯᠬᠦ ᠡᠭᠦᠷᠭᠡ ᠪᠠᠨ | ᠭᠦᠢᠴᠡᠳᠬᠡᠬᠦ ᠶᠢ ᠠᠬᠢᠭᠤᠯᠤᠨ᠎ᠠ᠃ ᠴᠠᠭᠳᠠᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠠᠵᠢᠯ ᠤᠨ ᠡᠷᠴᠢᠮ ᠢᠶᠠᠨ | ᠴᠢᠩᠭᠠᠷᠠᠭᠤᠯᠵᠤ᠂ ᠭᠡᠷ ᠪᠦᠯᠢ ᠶᠢᠨ ᠬᠦᠴᠦᠷᠬᠡᠭᠯᠡᠯ ᠤᠨ ᠴᠠᠭᠳᠠᠭ᠎ᠠ ᠶᠢᠨ ᠪᠠᠶᠢᠳᠠᠯ ᠢ ᠥᠷᠨᠢᠭᠦᠯᠦᠨ᠂ ᠰᠡᠷᠡᠮᠵᠢᠯᠡᠭᠦᠯᠬᠦ | ᠪᠢᠴᠢᠭ ᠭᠠᠷᠭᠠᠭᠰᠠᠨ ᠪᠠᠶᠢᠳᠠᠯ ᠤᠨ ᠪᠦᠷᠢᠳᠬᠡᠯ ᠢ ᠬᠢᠨ᠎ᠡ᠃ ᠶᠠᠯ᠎ᠠ ᠪᠣᠯᠵᠤ ᠪᠦᠷᠢᠯᠳᠦᠭᠰᠡᠨ ᠬᠦᠴᠦᠷᠬᠡᠭᠯᠡᠯ | ᠶᠠᠪᠤᠭᠤᠯᠤᠭᠴᠢ ᠠᠴᠠ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠵᠦ᠂ ᠬᠦᠨᠳᠦ ᠶᠡᠭᠡ ᠬᠦᠨᠳᠦ | ᠨᠣᠴᠢᠲᠠᠢ ᠬᠡᠷᠡᠭ ᠢ ᠴᠢᠩᠭ᠎ᠠ ᠰᠢᠢᠳᠪᠦᠷᠢᠯᠡᠨ᠎ᠡ᠃ ᠬᠥᠮᠥᠨ ᠤ ᠪᠡᠶ᠎ᠡ ᠶᠢᠨ ᠬᠠᠮᠠᠭᠠᠯᠠᠯᠲᠠ ᠶᠢᠨ ᠵᠠᠷᠯᠢᠭ ᠢ ᠴᠠᠭ ᠲᠤᠬᠠᠢ | ᠳᠤᠨᠢ ᠭᠠᠷ ᠤᠨ ᠥᠰᠥᠭ ᠵᠢᠷᠤᠵᠤ ᠶᠠᠪᠤᠭᠤᠯᠤᠨ᠂ ᠬᠢᠨᠠᠨ ᠬᠠᠷᠭᠤᠭᠤᠯᠵᠤ ᠭᠠᠷ ᠤᠨ ᠥᠰᠥᠭ ᠵᠢᠷᠤᠵᠤ ᠶᠠᠪᠤᠭᠤᠯᠬᠤ | ᠨᠣᠷᠮ᠎ᠠ ᠶᠢ ᠳᠡᠭᠡᠭᠰᠢᠯᠡᠭᠦᠯᠵᠦ᠂ ᠭᠦᠢᠴᠡᠳᠬᠡᠬᠦ ᠡᠷᠴᠢᠮ ᠢᠶᠠᠨ ᠴᠢᠩᠭᠠᠷᠠᠭᠤᠯᠤᠨ᠎ᠠ᠃ ᠳᠠᠬᠢᠨᠲᠠ ᠬᠦᠴᠦᠷᠬᠡᠭᠯᠡᠯ | ᠶᠠᠪᠤᠭᠤᠯᠤᠭᠰᠠᠳ ᠢ ᠰᠢᠢᠳᠭᠡᠬᠦ ᠡᠷᠴᠢᠮ ᠢᠶᠠᠨ ᠴᠢᠩᠭᠷᠠᠭᠤᠯᠤᠨᠠ᠃ ᠪᠠᠴᠢᠮ ᠬᠠᠮᠠᠭᠠᠯᠠᠬᠤ ᠭᠠᠵᠠᠷ ᠲᠠᠯᠠᠪᠤᠷ ᠤᠨ | ᠬᠠᠮᠢᠶᠠᠷᠤᠯᠲᠠ ᠶᠢ ᠴᠢᠩᠭᠠᠳᠬᠠᠵᠤ᠂ ᠬᠠᠮᠠᠭᠠᠯᠠᠬᠤ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠭᠡᠷ | ᠪᠦᠯᠢ ᠶᠢᠨ ᠬᠦᠴᠦᠷᠬᠡᠭᠯᠡᠯ ᠤᠨ ᠬᠤᠣᠷ ᠬᠥᠨᠥᠭᠡᠯ ᠠᠮᠰᠠᠭᠰᠠᠨ ᠡᠮᠡᠭᠲᠡᠶᠢᠴᠦᠳ ᠤᠨ ᠰᠡᠳᠬᠢᠴᠡ ᠶᠢᠨ | ᠲᠠᠶᠢᠳᠬᠤᠷᠠᠭᠤᠯᠤᠯ ᠪᠠ ᠠᠮᠢᠳᠤᠷᠠᠯ ᠤᠨ ᠠᠪᠤᠷᠠᠨ ᠲᠤᠰᠠᠯᠠᠯᠲᠠ ᠶᠢ ᠴᠢᠩᠭᠠᠳᠬᠠᠵᠤ᠂ ᠲᠡᠲᠡᠨᠤᠰ ᠤᠨ ᠪᠡᠶ᠎ᠡ | ᠰᠡᠳᠬᠢᠯ ᠤᠨ ᠡᠷᠡᠭᠦᠯᠵᠢᠯ ᠢ ᠬᠠᠪᠰᠤᠷᠤᠨ᠎ᠠ᠃ ᠬᠦᠴᠦᠷᠬᠡᠭᠯᠡᠯ ᠶᠠᠪᠤᠭᠤᠯᠤᠭᠰᠠᠳ ᠢ ᠬᠥᠮᠥᠵᠢᠭᠦᠯᠦᠨ ᠰᠡᠷᠡᠮᠵᠢᠯᠡᠭᠦᠯᠬᠦ᠂ | ᠰᠡᠳᠬᠢᠴᠡ ᠶᠢᠨ ᠲᠠᠯ᠎ᠠ ᠪᠠᠷ ᠬᠠᠪᠰᠤᠷᠤᠨ ᠵᠢᠯᠤᠭᠤᠳᠬᠤ ᠪᠠ ᠦᠢᠯᠡ ᠠᠵᠢᠯᠯᠠᠭ᠎ᠠ ᠶᠢᠨ ᠲᠠᠯ᠎ᠠ ᠪᠠᠷ ᠵᠠᠯᠠᠷᠠᠭᠤᠯᠤᠨ | ᠵᠠᠰᠠᠬᠤ ᠶᠢ ᠴᠢᠩᠭᠠᠳᠬᠠᠨ᠎ᠠ᠃ ᠭᠡᠷ ᠪᠦᠯᠢ ᠶᠢᠨ ᠬᠦᠴᠦᠷᠬᠡᠭᠯᠡᠯ ᠤᠨ ᠬᠡᠷᠡᠭ ᠤᠨ ᠵᠠᠯᠭᠠᠮᠵᠢ ᠮᠥᠷᠳᠡᠨ ᠰᠤᠷᠪᠤᠯᠵᠢᠯᠠᠬᠤ | ᠠᠵᠢᠯ ᠢ ᠦᠷᠨᠢᠭᠦᠯᠦᠨ᠎ᠡ᠃ ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠲᠤᠬᠠᠶᠢᠯᠠᠭᠰᠠᠨ ᠠᠵᠢᠯ ᠤᠨ ᠪᠤᠯᠪᠠᠰᠤᠷᠠᠯ | ᠪᠠ ᠪᠦᠷᠢᠳᠬᠡᠯ ᠢ ᠴᠢᠩᠭᠠᠳᠬᠠᠨ᠎ᠠ᠃ | 4᠂ ᠡᠮᠡᠭᠲᠡᠶᠢᠴᠦᠳ ᠢ ᠮᠡᠬᠡᠯᠡᠨ ᠬᠤᠳᠠᠯᠳᠤᠬᠤ ᠶᠠᠯᠠᠲᠤ ᠠᠵᠢᠯᠯᠠᠭ᠎ᠠ ᠳᠤ ᠡᠷᠡᠰ ᠴᠣᠬᠢᠯᠲᠠ ᠥᠭᠭᠦᠨ᠎ᠡ᠃ | ᠶᠡᠷᠦᠩᠬᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠡᠮᠡᠭᠲᠡᠶᠢᠴᠦᠳ ᠢ ᠮᠡᠬᠡᠯᠡᠨ ᠬᠤᠳᠠᠯᠳᠤᠬᠤ ᠶᠠᠯᠠᠲᠤ ᠠᠵᠢᠯᠯᠠᠭ᠎ᠠ ᠳᠤ | ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠤᠨ᠎ᠠ᠃ ᠤᠷᠢᠳᠴᠢᠯᠠᠨ ᠰᠡᠷᠭᠡᠶᠢᠯᠡᠬᠦ᠂ ᠴᠣᠬᠢᠯᠲᠠ ᠥᠭᠬᠦ᠂ | ᠲᠡᠩᠬᠡᠷᠡᠭᠦᠯᠦᠨ ᠲᠤᠰᠠᠯᠠᠬᠤ᠂ ᠲᠥᠪᠬᠢᠨᠡᠭᠦᠯᠬᠦ᠂ ᠡᠷᠡᠭᠦᠯᠵᠢᠭᠦᠯᠬᠦ ᠶᠢ ᠨᠢᠭᠡ ᠴᠣᠭᠴᠠᠵᠢᠭᠤᠯᠤᠭᠰᠠᠨ ᠮᠡᠬᠡᠯᠡᠨ | ᠬᠤᠳᠠᠯᠳᠤᠬᠤ ᠶᠢ ᠡᠰᠡᠷᠭᠦᠴᠡᠬᠦ ᠠᠵᠢᠯ ᠤᠨ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠲᠡᠭᠦᠯᠳᠡᠷᠵᠢᠭᠦᠯᠦᠨ ᠨᠠᠶᠢᠲᠠᠪᠦᠷᠢᠵᠢᠭᠤᠯᠤᠨ᠎ᠠ᠃ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠰᠡᠷᠭᠡᠶᠢᠯᠡᠨ | ᠵᠠᠰᠠᠬᠤ ᠶᠢ ᠤᠶᠠᠯᠳᠤᠭᠤᠯᠬᠤ ᠶᠢ ᠪᠠᠷᠢᠮᠲᠠᠯᠠᠨ᠂ ᠤᠯᠠᠨ ᠰᠠᠯᠠᠭ᠎ᠠ ᠮᠥᠴᠢᠷ ᠬᠠᠮᠵᠢᠯᠴᠠᠭᠰᠠᠨ᠂ ᠨᠡᠶᠢᠭᠡᠮ ᠤᠨ ᠬᠢᠨ | ᠥᠷᠭᠡᠨ ᠢᠶᠠᠷ ᠣᠷᠣᠯᠴᠠᠭᠰᠠᠨ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠠᠵᠢᠯ ᠤᠨ ᠰᠢᠰᠲ᠋ᠧᠮᠵᠢ | ᠶᠢ ᠪᠠᠶᠢᠭᠤᠯᠵᠤ᠂ ᠪᠥᠬᠦ ᠨᠡᠶᠢᠭᠡᠮ ᠤᠨ ᠮᠡᠬᠡᠯᠡᠨ ᠬᠤᠳᠠᠯᠳᠤᠬᠤ ᠶᠢ ᠡᠰᠡᠷᠭᠦᠴᠡᠬᠦ ᠦᠵᠡᠯ ᠤᠬᠠᠮᠰᠠᠷ ᠬᠢᠭᠡᠳ | ᠡᠮᠡᠭᠲᠡᠶᠢᠴᠦᠳ ᠤᠨ ᠰᠡᠷᠭᠡᠶᠢᠯᠡᠬᠦ ᠦᠵᠡᠯ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠥᠮᠥᠨ ᠠᠮᠠ ᠶᠢ | ᠮᠡᠬᠡᠯᠡᠨ ᠬᠤᠳᠠᠯᠳᠤᠬᠤ ᠶᠢ ᠡᠰᠡᠷᠭᠦᠴᠡᠬᠦ ᠠᠵᠢᠯᠯᠠᠭ᠎ᠠ ᠶᠢᠨ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠲᠣᠣᠷ | ᠰᠦᠯᠵᠢᠶᠡᠨ ᠤ ᠮᠡᠳᠡᠭᠡ ᠵᠠᠩᠭᠢ ᠪᠠ ᠤᠳᠤ ᠦᠶ᠎ᠡ ᠶᠢᠨ ᠲᠤᠷᠰᠢᠨ ᠪᠠᠶᠢᠴᠠᠭᠠᠬᠤ ᠮᠡᠷᠭᠡᠵᠢᠯ ᠢ ᠠᠰᠢᠭᠯᠠᠨ | ᠡᠮᠡᠭᠲᠡᠶᠢᠴᠦᠳ ᠢ ᠮᠡᠬᠡᠯᠡᠨ ᠬᠤᠳᠠᠯᠳᠤᠬᠤ ᠶᠠᠯᠠᠲᠤ ᠪᠦᠯᠦᠭ ᠲᠤ ᠴᠣᠬᠢᠯᠲᠠ ᠥᠭᠭᠦᠨ᠎ᠡ᠃ ︽ᠬᠤᠳᠠᠯᠳᠤᠨ ᠠᠪᠬᠤ | ᠲᠠᠯ᠎ᠠ ᠶᠢᠨ ᠵᠠᠬ᠎ᠠ ᠳᠡᠯᠭᠡᠭᠦᠷ︾ ᠢ ᠶᠡᠷᠦᠩᠬᠡᠶᠢᠯᠡᠨ ᠴᠡᠭᠴᠡᠯᠡᠨ ᠵᠠᠰᠠᠵᠤ᠂ ᠮᠡᠬᠡᠯᠡᠭᠳᠡᠨ ᠬᠤᠳᠠᠯᠳᠤᠭᠳᠠᠭᠰᠠᠨ | ᠡᠮᠡᠭᠲᠡᠶᠢᠴᠦᠳ ᠢ ᠴᠠᠭ ᠲᠤᠬᠠᠢ ᠳᠤᠨᠢ ᠠᠪᠤᠷᠠᠬᠤ ᠶᠢᠨ ᠬᠠᠮᠲᠤ ᠲᠡᠲᠡᠨᠤᠰ ᠢ ᠬᠠᠪᠰᠤᠷᠤᠨ ᠬᠡᠪ ᠤᠨ ᠪᠠᠶᠢᠳᠠᠯ ᠢᠶᠠᠷ | ᠨᠡᠶᠢᠭᠡᠮ ᠳᠤ ᠠᠭᠤᠰᠤᠯᠴᠠᠭᠤᠯᠤᠨ᠎ᠠ᠃ | 5᠂ ᠵᠣᠬᠢᠶᠠᠨ ᠪᠠᠶᠢᠭᠤᠯᠬᠤ᠂ ᠠᠯᠪᠠᠳᠠᠬᠤ᠂ ᠥᠳᠥᠭᠡᠬᠦ᠂ ᠦᠯᠡᠳᠡᠭᠡᠬᠦ᠂ ᠲᠠᠨᠢᠯᠴᠠᠭᠤᠯᠵᠤ ᠪᠠᠶᠢᠭᠠᠳ | ᠶᠠᠩᠬᠠᠯᠠᠭᠤᠯᠬᠤ ᠵᠡᠷᠭᠡ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠤᠨ᠎ᠠ᠃ ᠴᠡᠭᠴᠡᠯᠡᠨ | ᠵᠠᠰᠠᠬᠤ ᠠᠷᠭ᠎ᠠ ᠬᠡᠮᠵᠢᠶ᠎ᠡ ᠪᠠᠨ ᠴᠢᠩᠭᠠᠷᠠᠭᠤᠯᠵᠤ᠂ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠤᠨ᠂ ᠱᠠᠯᠢᠭ | ᠵᠠᠪᠬᠠᠢ ᠵᠦᠢᠯᠡᠰ ᠲᠤ ᠬᠤᠯᠪᠣᠭᠳᠠᠭᠰᠠᠨ ᠵᠤᠭ᠎ᠠ ᠴᠡᠩᠭᠡᠯ ᠤᠨ ᠭᠠᠵᠠᠷ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ | ᠶᠠᠯᠠᠲᠤ ᠡᠲᠡᠭᠡᠳ ᠢ ᠬᠠᠤᠯᠢ ᠶᠣᠰᠣᠭᠠᠷ ᠴᠢᠩᠭ᠎ᠠ ᠵᠠᠯᠬᠠᠭᠠᠨ ᠰᠢᠢᠳᠭᠡᠨ᠎ᠡ᠃ ᠰᠦᠯᠵᠢᠶ᠎ᠡ ᠪᠠᠷ ᠵᠠᠰᠠᠬᠤ ᠶᠢ | ᠴᠢᠩᠭᠠᠳᠬᠠᠵᠤ᠂ ᠲᠣᠮᠣ ᠳ᠋ᠠᠶᠢᠲ᠋ᠠ ᠶᠢ ᠠᠰᠢᠭᠯᠠᠨ ᠬᠠᠤᠯᠢ ᠠᠴᠠ ᠵᠥᠷᠢᠴᠡᠭᠰᠡᠨ ᠮᠡᠳᠡᠭᠡ ᠵᠠᠩᠭᠢ ᠶᠢ ᠱᠦᠭᠦᠬᠦ᠂ | ᠢᠯᠡᠴᠢᠯᠡᠨ ᠮᠡᠳᠡᠭᠦᠯᠬᠦ ᠵᠡᠷᠭᠡ ᠴᠢᠳᠠᠮᠵᠢ ᠶᠢ ᠲᠡᠭᠦᠯᠳᠡᠷᠵᠢᠭᠦᠯᠵᠦ᠂ ᠰᠦᠯᠵᠢᠶ᠎ᠡ ᠶᠢ ᠠᠰᠢᠭᠯᠠᠨ ᠡᠮᠡᠭᠲᠡᠶᠢᠴᠦᠳ ᠢ | ᠵᠣᠬᠢᠶᠠᠨ ᠪᠠᠶᠢᠭᠤᠯᠬᠤ᠂ ᠠᠯᠪᠠᠳᠠᠬᠤ᠂ ᠥᠳᠥᠭᠡᠨ ᠲᠠᠲᠠᠬᠤ᠂ ᠦᠯᠡᠳᠡᠭᠡᠬᠦ᠂ ᠲᠠᠨᠢᠯᠴᠠᠭᠤᠯᠵᠤ ᠪᠠᠶᠢᠭᠠᠳ ᠶᠠᠩᠬᠠᠯᠠᠭᠤᠯᠬᠤ | ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠨᠢᠯᠬ᠎ᠠ ᠥᠬᠢᠨ ᠪᠠ ᠤᠶᠤᠨ ᠴᠢᠳᠠᠪᠤᠷᠢ ᠨᠢ ᠵᠡᠮᠳᠡᠭ ᠡᠮᠡᠭᠲᠡᠢ ᠶᠢ | ᠠᠯᠪᠠᠳᠠᠬᠤ᠂ ᠥᠳᠥᠭᠡᠨ ᠲᠠᠲᠠᠵᠤ ᠶᠠᠩᠬᠠᠯᠠᠭᠤᠯᠬᠤ ᠶᠠᠪᠤᠳᠠᠯ ᠳᠤ ᠴᠣᠬᠢᠯᠲᠠ ᠥᠭᠬᠦ ᠡᠷᠴᠢᠮ ᠢᠶᠠᠨ ᠬᠠᠤᠯᠢ ᠶᠣᠰᠣᠭᠠᠷ | ᠴᠢᠩᠭᠠᠷᠠᠭᠤᠯᠤᠨ᠎ᠠ᠃ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠴᠢᠩᠭᠠᠳᠬᠠᠵᠤ᠂ | ᠪᠠᠶᠢᠩᠭᠤᠵᠢᠭᠤᠯᠤᠨ ᠴᠡᠭᠴᠡᠯᠡᠨ ᠵᠠᠰᠠᠬᠤ ᠲᠣᠭᠲᠠᠴᠠ ᠶᠢ ᠪᠠᠶᠢᠭᠤᠯᠵᠤ᠂ ᠱᠠᠯᠢᠭ ᠵᠠᠪᠬᠠᠢ ᠵᠦᠢᠯ ᠳᠤ ᠬᠤᠯᠪᠣᠭᠳᠠᠭᠰᠠᠨ | ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠤᠯᠠᠨ ᠲᠦᠮᠡᠨ ᠤ ᠬᠢᠨᠠᠯᠲᠠ ᠲᠠᠯᠪᠢᠬᠤ ᠪᠠ ᠲᠡᠭᠦᠨ ᠢ ᠢᠯᠡᠴᠢᠯᠡᠨ | ᠮᠡᠳᠡᠭᠦᠯᠬᠦ ᠶᠢ ᠵᠣᠷᠢᠭᠵᠢᠭᠤᠯᠤᠨ᠎ᠠ᠃ | 6᠂ ᠡᠮᠡᠭᠲᠡᠶᠢᠴᠦᠳ ᠢ ᠬᠦᠴᠦᠷᠬᠡᠭᠯᠡᠨ ᠨᠥᠵᠢᠳᠯᠡᠭᠰᠡᠨ᠂ ᠱᠠᠯᠢᠭᠯᠠᠵᠤ ᠵᠠᠪᠬᠠᠶᠢᠯᠠᠭᠰᠠᠨ᠂ ᠭᠤᠲᠤᠭᠠᠨ | ᠳᠣᠷᠣᠮᠵᠢᠯᠠᠭᠰᠠᠨ ᠢᠯᠠᠩᠭᠤᠶ᠎ᠠ ᠥᠬᠢᠨ ᠬᠡᠦᠬᠡᠳ ᠪᠠ ᠤᠶᠤᠨ ᠤᠬᠠᠭᠠᠨ᠂ ᠤᠶᠤᠨ ᠮᠡᠳᠡᠷᠡᠯ ᠨᠢ ᠵᠡᠮᠳᠡᠭ | ᠡᠮᠡᠭᠲᠡᠶᠢᠴᠦᠳ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠪᠦᠲᠦᠮᠵᠢᠲᠡᠶ ᠪᠠᠷ ᠬᠢᠵᠠᠭᠠᠷᠯᠠᠬᠤ ᠪᠠ | ᠴᠢᠩᠭ᠎ᠠ ᠵᠠᠯᠬᠠᠭᠠᠨ ᠰᠢᠢᠳᠭᠡᠨ᠎ᠡ᠃ ᠪᠡᠯᠭᠡ ᠶᠢᠨ ᠬᠠᠯᠳᠠᠯᠭ᠎ᠠ ᠶᠢ ᠰᠡᠷᠭᠡᠶᠢᠯᠡᠬᠦ ᠬᠥᠮᠦᠵᠢᠯ ᠢ ᠴᠢᠩᠭᠠᠳᠬᠠᠵᠤ᠂ | ᠡᠮᠡᠭᠲᠡᠶᠢᠴᠦᠳ ᠢᠯᠠᠩᠭᠤᠶ᠎ᠠ ᠥᠬᠢᠳ ᠤᠨ ᠪᠡᠯᠭᠡ ᠶᠢᠨ ᠬᠠᠯᠳᠠᠯᠭ᠎ᠠ ᠶᠢ ᠰᠡᠷᠭᠡᠶᠢᠯᠡᠬᠦ ᠤᠬᠠᠮᠰᠠᠷ ᠪᠠ ᠴᠢᠳᠠᠪᠤᠷᠢ ᠶᠢ | ᠳᠡᠭᠡᠭᠰᠢᠯᠡᠭᠦᠯᠦᠨ᠎ᠡ᠃ ᠭᠤᠣᠯᠳᠠᠯᠭ᠎ᠠ ᠲᠠᠢ ᠬᠥᠮᠥᠰ ᠪᠠ ᠭᠡᠷ ᠪᠦᠯᠢ ᠶᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ | ᠲᠣᠭᠲᠠᠴᠠ᠂ ᠡᠷᠬᠡ ᠳᠤ ᠬᠠᠯᠳᠠᠭᠰᠠᠨ ᠬᠡᠷᠡᠭ ᠢ ᠢᠯᠡᠷᠡᠭᠦᠯᠦᠨ ᠮᠡᠳᠡᠭᠦᠯᠬᠦ ᠲᠣᠭᠲᠠᠴᠠ᠂ ᠣᠯᠠᠨ ᠰᠠᠯᠠᠭ᠎ᠠ ᠮᠥᠴᠢᠷ ᠤᠨ | ᠬᠠᠮᠲᠤᠷᠠᠨ ᠰᠡᠷᠭᠡᠶᠢᠯᠡᠵᠦ ᠬᠠᠮᠲᠤᠷᠠᠨ ᠬᠥᠳᠡᠯᠦᠯᠴᠡᠬᠦ ᠲᠣᠭᠲᠠᠴᠠ ᠪᠠ ᠡᠷᠬᠡ ᠳᠤ ᠬᠠᠯᠳᠠᠭᠰᠠᠨ ᠬᠡᠷᠡᠭ ᠢ ᠲᠦᠯᠬᠢᠨ | ᠠᠬᠢᠭᠤᠯᠬᠤ ᠠᠵᠢᠯ ᠤᠨ ᠱᠠᠯᠠᠪᠳᠠᠭᠤᠯᠤᠨ ᠪᠠᠶᠢᠴᠠᠭᠠᠬᠤ ᠳᠦᠷᠢᠮ ᠢ ᠰᠦᠪᠡᠭᠴᠢᠯᠡᠨ ᠪᠠᠶᠢᠭᠤᠯᠬᠤ ᠪᠤᠶᠤ | ᠨᠠᠶᠢᠳᠠᠪᠤᠷᠢᠵᠢᠭᠤᠯᠤᠨ᠎ᠠ᠃ ᠬᠡᠷᠡᠭ ᠪᠣᠯᠭᠠᠨ ᠳᠡᠩᠰᠡᠯᠡᠵᠦ ᠲᠤᠷᠰᠢᠨ ᠪᠠᠶᠢᠴᠠᠭᠠᠬᠤ ᠳᠦᠷᠢᠮ ᠢ ᠲᠡᠭᠦᠯᠳᠡᠷᠵᠢᠭᠦᠯᠵᠦ᠂ | ᠲᠣᠭᠲᠠᠮᠠᠯ ᠭᠡᠷᠡᠴᠢ ᠪᠠᠷᠢᠮᠲᠠ ᠶᠢ ᠴᠠᠭ ᠲᠤᠬᠠᠢ ᠳᠤᠨᠢ᠂ ᠪᠥᠬᠦ ᠲᠠᠯ᠎ᠠ ᠪᠠᠷ᠂ ᠨᠢᠭᠡ ᠯᠡ ᠤᠳᠠᠭ᠎ᠠ ᠳᠤ ᠴᠤᠭᠯᠠᠭᠤᠯᠵᠤ᠂ | ᠬᠤᠬᠢᠷᠠᠯ ᠠᠮᠰᠠᠭᠰᠠᠨ ᠡᠮᠡᠭᠲᠡᠶᠢᠴᠦᠳ ᠤᠨ ︽ᠬᠤᠶᠠᠳᠠᠭᠢ ᠤᠳᠠᠭᠠᠨ ᠤ ᠭᠡᠮᠲᠦᠯ︾ ᠳᠤ ᠤᠴᠠᠷᠠᠬᠤ ᠠᠴᠠ | ᠵᠠᠶᠢᠯᠠᠰᠬᠢᠨ᠎ᠡ᠃ ᠢᠨᠲ᠋ᠧᠷ ᠰᠦᠯᠵᠢᠶᠡᠨ ᠤ ᠥᠪᠡᠰᠦᠪᠡᠨ ᠪᠠᠶᠢᠴᠠᠭᠠᠬᠤ ᠴᠢᠳᠠᠮᠵᠢ ᠶᠢ ᠲᠡᠭᠦᠯᠳᠡᠷᠵᠢᠭᠦᠯᠵᠦ᠂ ᠱᠠᠯᠢᠭ | ᠵᠠᠪᠬᠠᠢ ᠮᠡᠳᠡᠭᠡ ᠵᠠᠩᠭᠢ ᠶᠢ ᠴᠠᠭ ᠲᠤᠬᠠᠢ ᠳᠤᠨᠢ ᠴᠡᠪᠡᠷᠯᠡᠨ᠎ᠡ᠃ ᠰᠦᠯᠵᠢᠶᠡᠨ ᠤ ᠲᠠᠪᠴᠠᠩ ᠢ ᠠᠰᠢᠭᠯᠠᠨ ᠬᠢᠭᠰᠡᠨ | ᠱᠠᠯᠢᠭᠯᠠᠵᠤ ᠵᠠᠪᠬᠠᠶᠢᠯᠠᠬᠤ᠂ ᠭᠤᠲᠤᠭᠠᠨ ᠳᠣᠷᠣᠮᠵᠢᠯᠠᠬᠤ᠂ ᠪᠡᠯᠭᠡ ᠶᠢᠨ ᠬᠠᠯᠳᠠᠯᠭ᠎ᠠ ᠬᠢᠬᠦ ᠵᠡᠷᠭᠡ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠭᠦᠨ᠎ᠡ᠃ ᠬᠠᠤᠯᠢ ᠶᠢ ᠵᠥᠷᠢᠴᠡᠵᠦ ᠶᠠᠯ᠎ᠠ | ᠬᠢᠭᠰᠡᠳ ᠤᠨ ᠮᠡᠳᠡᠭᠡ ᠵᠠᠩᠭᠢ ᠶᠢᠨ ᠬᠥᠮᠥᠷᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠡᠷᠬᠢᠯᠡᠬᠦ | ᠬᠢᠵᠠᠭᠠᠷᠯᠠᠯ ᠤᠨ ᠳᠦᠷᠢᠮ ᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠤᠨ᠎ᠠ᠃ ᠬᠤᠬᠢᠷᠠᠯ ᠠᠮᠰᠠᠭᠰᠠᠨ | ᠡᠮᠡᠭᠲᠡᠶᠢᠴᠦᠳ ᠤᠨ ᠬᠤᠪᠢ ᠶᠢᠨ ᠨᠢᠭᠤᠴᠠ ᠶᠢ ᠬᠠᠮᠠᠭᠠᠯᠠᠬᠤ᠂ ᠰᠡᠳᠬᠢᠴᠡ ᠶᠢᠨ ᠲᠠᠯ᠎ᠠ ᠪᠠᠷ ᠬᠥᠲᠥᠯᠥᠨ ᠵᠢᠯᠤᠭᠤᠳᠬᠤ | ᠪᠠ ᠲᠡᠭᠦᠨ ᠳᠤ ᠭᠠᠷ ᠲᠦᠷᠦᠭᠦ ᠶᠢ ᠴᠢᠩᠭᠠᠳᠬᠠᠨ᠎ᠠ᠃ | 7᠂ ᠡᠮᠡᠭᠲᠡᠶᠢᠴᠦᠳ ᠲᠤ ᠴᠢᠭᠯᠡᠭᠦᠯᠦᠭᠰᠡᠨ ᠪᠡᠯᠭᠡ ᠶᠢᠨ ᠬᠠᠯᠳᠠᠯᠭ᠎ᠠ ᠬᠢᠬᠦ ᠶᠢ ᠰᠡᠷᠭᠡᠶᠢᠯᠡᠬᠦ ᠪᠠ ᠬᠤᠷᠢᠭᠯᠠᠨ | ᠵᠣᠭᠰᠣᠭᠠᠨ᠎ᠠ᠃ ᠪᠡᠯᠭᠡ ᠶᠢᠨ ᠬᠠᠯᠳᠠᠯᠭ᠎ᠠ ᠶᠢ ᠰᠡᠷᠭᠡᠶᠢᠯᠡᠨ ᠵᠠᠰᠠᠬᠤ ᠮᠡᠳᠡᠯᠭᠡ ᠶᠢ ᠣᠯᠠᠨ ᠬᠡᠯᠪᠡᠷᠢ ᠣᠯᠠᠨ ᠠᠷᠭ᠎ᠠ | ᠵᠠᠮ ᠢᠶᠠᠷ ᠤᠯᠠᠮᠵᠢᠯᠠᠨ ᠲᠠᠷᠬᠠᠭᠠᠵᠤ᠂ ᠡᠮᠡᠭᠲᠡᠶᠢᠴᠦᠳ ᠤᠨ ᠪᠡᠯᠭᠡ ᠶᠢᠨ ᠬᠠᠯᠳᠠᠯᠭ᠎ᠠ ᠶᠢ ᠰᠡᠷᠭᠡᠶᠢᠯᠡᠬᠦ ᠪᠠ ᠬᠤᠷᠢᠭᠯᠠᠬᠤ | ᠤᠬᠠᠮᠰᠠᠷ ᠪᠣᠯᠣᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠡᠯᠭᠡ ᠶᠢᠨ ᠬᠠᠯᠳᠠᠯᠭ᠎ᠠ ᠶᠢ ᠰᠡᠷᠭᠡᠶᠢᠯᠡᠬᠦ ᠪᠠ ᠬᠤᠷᠢᠭᠯᠠᠬᠤ | ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠠᠮᠲᠤᠷᠠᠨ ᠰᠡᠷᠭᠡᠶᠢᠯᠡᠵᠦ ᠬᠠᠮᠲᠤᠷᠠᠨ ᠬᠢᠵᠠᠭᠠᠷᠯᠠᠬᠤ ᠶᠢ | ᠴᠢᠩᠭᠠᠳᠬᠠᠵᠤ᠂ ᠨᠡᠶᠢᠲᠡᠯᠢᠭ ᠬᠡᠷᠡᠭ ᠤᠨ ᠵᠢᠱᠢᠶ᠎ᠡ ᠶᠢᠨ ᠵᠢᠱᠢᠶ᠎ᠡ ᠦᠵᠡᠭᠦᠯᠵᠦ ᠵᠢᠭᠠᠨ ᠵᠢᠯᠤᠭᠤᠳᠬᠤ ᠦᠢᠯᠡᠳᠦᠯ ᠢ | ᠪᠠᠳᠠᠷᠠᠭᠤᠯᠤᠨ᠎ᠠ᠃ ᠣᠯᠠᠨ ᠨᠡᠶᠢᠲᠡ ᠶᠢᠨ ᠲᠠᠯᠠᠪᠤᠷ ᠪᠠ ᠠᠵᠢᠯ᠂ ᠰᠤᠷᠤᠯᠴᠠᠯᠭ᠎ᠠ ᠵᠡᠷᠭᠡ ᠲᠠᠯᠠᠪᠤᠷ ᠲᠤ ᠪᠡᠯᠭᠡ ᠶᠢᠨ | ᠬᠠᠯᠳᠠᠯᠭ᠎ᠠ ᠭᠠᠷᠬᠤ ᠶᠢ ᠰᠡᠷᠭᠡᠶᠢᠯᠡᠬᠦ ᠪᠠ ᠬᠤᠷᠢᠭᠯᠠᠨ᠎ᠠ᠃ ᠪᠠᠶᠢᠭᠤᠯᠭ᠎ᠠ᠂ ᠠᠵᠤ ᠠᠬᠤᠶᠢᠯᠠᠯ᠂ ᠰᠤᠷᠭᠠᠭᠤᠯᠢ ᠵᠡᠷᠭᠡ | ᠨᠢᠭᠡᠴᠢ ᠶᠢᠨ ᠵᠦᠢ ᠵᠣᠬᠢᠰᠲᠠᠢ ᠤᠷᠢᠳᠴᠢᠯᠠᠨ ᠰᠡᠷᠭᠡᠶᠢᠯᠡᠬᠦ᠂ ᠵᠠᠭᠠᠯᠳᠤᠯᠭ᠎ᠠ ᠶᠢ ᠭᠥᠯᠢᠶᠡᠨ ᠠᠪᠴᠤ ᠰᠢᠢᠳᠪᠦᠷᠢᠯᠡᠬᠦ᠂ | ᠪᠠᠶᠢᠴᠠᠭᠠᠨ ᠰᠢᠢᠳᠪᠦᠷᠢᠯᠡᠬᠦ ᠵᠡᠷᠭᠡ ᠠᠷᠭ᠎ᠠ ᠬᠡᠮᠵᠢᠶ᠎ᠡ ᠠᠪᠬᠤ ᠶᠢ ᠲᠦᠯᠬᠢᠨ ᠠᠬᠢᠭᠤᠯᠵᠤ᠂ ᠡᠷᠬᠡ ᠲᠤᠰᠢᠶᠠᠯ᠂ | ᠬᠠᠷᠢᠶᠠᠯᠠᠭᠳᠠᠬᠤ ᠬᠠᠷᠢᠴᠠᠭ᠎ᠠ ᠵᠡᠷᠭᠡ ᠪᠠᠨ ᠠᠰᠢᠭᠯᠠᠨ ᠪᠡᠯᠭᠡ ᠶᠢᠨ ᠬᠠᠯᠳᠠᠯᠭ᠎ᠠ ᠬᠢᠬᠦ ᠶᠢ ᠰᠡᠷᠭᠡᠶᠢᠯᠡᠨ ᠬᠤᠷᠢᠭᠯᠠᠨ᠎ᠠ᠃ | 8᠂ ᠡᠮᠡᠭᠲᠡᠶᠢᠴᠦᠳ ᠤᠨ ᠴᠠᠬᠢᠯᠭᠠᠨ ᠬᠤᠯᠪᠣᠭ᠎ᠠ ᠲᠣᠣᠷ ᠰᠦᠯᠵᠢᠶ᠎ᠡ ᠶᠢ ᠠᠰᠢᠭᠯᠠᠨ ᠬᠠᠤᠯᠢ ᠶᠢ ᠵᠥᠷᠢᠴᠡᠭᠰᠡᠨ | ᠶᠠᠯᠠᠲᠤ ᠠᠵᠢᠯᠯᠠᠭ᠎ᠠ ᠬᠢᠬᠦ ᠬᠠᠯᠳᠠᠯᠭ᠎ᠠ ᠳᠤ ᠤᠴᠠᠷᠠᠬᠤ ᠠᠴᠠ ᠵᠠᠶᠢᠯᠠᠰᠬᠢᠬᠦ ᠶᠢ ᠪᠠᠲᠤᠯᠠᠨ᠎ᠠ᠃ ᠰᠦᠯᠵᠢᠶᠡᠨ ᠤ ᠮᠡᠳᠡᠭᠡ | ᠵᠠᠩᠭᠢ ᠶᠢᠨ ᠠᠭᠤᠯᠭ᠎ᠠ ᠶᠢᠨ ᠠᠮᠢ ᠠᠬᠤᠢ ᠶᠢᠨ ᠵᠠᠰᠠᠯᠲᠠ ᠶᠢ ᠴᠢᠩᠭᠠᠳᠬᠠᠵᠤ᠂ ᠰᠦᠯᠵᠢᠶᠡᠨ ᠤ ᠱᠠᠯᠢᠭ ᠵᠠᠪᠬᠠᠢ | ᠮᠡᠳᠡᠭᠡ ᠵᠠᠩᠭᠢ ᠶᠢ ᠬᠢᠨᠠᠨ ᠬᠠᠮᠢᠶᠠᠷᠬᠤ ᠪᠠ ᠪᠠᠶᠢᠴᠠᠭᠠᠨ ᠰᠢᠢᠳᠪᠦᠷᠢᠯᠡᠬᠦ ᠶᠢ ᠴᠢᠩᠭᠠᠳᠬᠠᠵᠤ᠂ ᠰᠦᠯᠵᠢᠶᠡᠨ ᠤ ᠮᠡᠳᠡᠭᠡ | ᠵᠠᠩᠭᠢ ᠶᠢᠨ ᠦᠢᠯᠡᠴᠢᠯᠡᠭᠡᠨ ᠤ ᠲᠠᠪᠴᠠᠩ᠂ ᠦᠢᠯᠡᠳᠪᠦᠷᠢᠯᠡᠭᠴᠢ ᠪᠠ ᠬᠡᠷᠡᠭᠯᠡᠭᠴᠢ ᠶᠢᠨ ᠡᠮᠡᠭᠲᠡᠶᠢᠴᠦᠳ ᠲᠤ | ᠱᠠᠯᠢᠭᠯᠠᠬᠤ᠂ ᠭᠤᠲᠤᠭᠠᠨ ᠳᠣᠷᠣᠮᠵᠢᠯᠠᠬᠤ᠂ ᠭᠦᠳᠬᠡᠬᠦ᠂ ᠪᠡᠯᠭᠡ ᠶᠢᠨ ᠬᠠᠯᠳᠠᠯᠭ᠎ᠠ ᠬᠢᠬᠦ᠂ ᠴᠤᠤᠷᠬᠠᠯ ᠲᠠᠷᠬᠠᠭᠠᠬᠤ᠂ | ᠬᠤᠪᠢ ᠶᠢᠨ ᠨᠢᠭᠤᠴᠠ ᠳᠤ ᠬᠠᠯᠳᠠᠬᠤ ᠵᠡᠷᠭᠡ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ | ᠴᠣᠬᠢᠯᠲᠠ ᠥᠭᠭᠦᠨ᠎ᠡ᠃ ᠴᠠᠬᠢᠯᠭᠠᠨ ᠬᠤᠯᠪᠣᠭ᠎ᠠ ᠰᠦᠯᠵᠢᠶᠡᠨ ᠤ ᠲᠠᠪᠴᠠᠩ ᠤᠨ ᠵᠢᠷᠤᠮᠵᠢᠭᠰᠠᠨ ᠬᠠᠮᠢᠶᠠᠷᠤᠯᠲᠠ ᠶᠢ | ᠴᠢᠩᠭᠠᠳᠬᠠᠵᠤ᠂ ᠡᠮᠡᠭᠲᠡᠶᠢᠴᠦᠳ ᠤᠨ ᠬᠤᠪᠢ ᠬᠥᠮᠥᠨ ᠤ ᠮᠡᠳᠡᠭᠡ ᠵᠠᠩᠭᠢ ᠶᠢᠨ ᠠᠮᠤᠷ ᠲᠦᠪᠰᠢᠨ ᠢ ᠬᠠᠮᠠᠭᠠᠯᠠᠨ᠎ᠠ᠃ | ᠴᠠᠬᠢᠯᠭᠠᠨ ᠬᠤᠯᠪᠣᠭ᠎ᠠ ᠰᠦᠯᠵᠢᠶ᠎ᠡ ᠶᠢ ᠠᠰᠢᠭᠯᠠᠨ ᠡᠮᠡᠭᠲᠡᠶᠢᠴᠦᠳ ᠤᠨ ᠬᠤᠪᠢ ᠬᠥᠮᠥᠨ ᠤ ᠮᠡᠳᠡᠭᠡ ᠵᠠᠩᠭᠢ ᠶᠢ ᠬᠠᠤᠯᠢ | ᠪᠤᠰᠤ ᠪᠠᠷ ᠴᠤᠭᠯᠠᠭᠤᠯᠤᠭᠰᠠᠨ᠂ ᠬᠡᠷᠡᠭᠯᠡᠭᠰᠡᠨ᠂ ᠪᠣᠯᠪᠠᠰᠤᠷᠠᠭᠤᠯᠤᠭᠰᠠᠨ᠂ ᠳᠠᠮᠵᠢᠭᠤᠯᠤᠭᠰᠠᠨ᠂ ᠬᠤᠳᠠᠯᠳᠤᠭᠠᠯᠠᠭᠰᠠᠨ᠂ | ᠬᠠᠩᠭᠠᠭᠰᠠᠨ ᠪᠤᠶᠤ ᠢᠯᠡ ᠪᠣᠯᠭᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ | ᠵᠠᠯᠬᠠᠭᠠᠨ ᠰᠢᠢᠳᠭᠡᠨ᠎ᠡ᠃ ᠡᠮᠡᠭᠲᠡᠶᠢᠴᠦᠳ ᠤᠨ ᠴᠠᠬᠢᠯᠭᠠᠨ ᠬᠤᠯᠪᠣᠭ᠎ᠠ ᠲᠣᠣᠷ ᠰᠦᠯᠵᠢᠶ᠎ᠡ ᠪᠠᠷ ᠮᠡᠬᠡᠯᠡᠬᠦ ᠶᠢ | ᠰᠡᠷᠭᠡᠶᠢᠯᠡᠬᠦ ᠦᠵᠡᠯ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠵᠦ᠂ ᠬᠠᠤᠯᠢ ᠪᠤᠰᠤ ᠪᠠᠷ ᠲᠣᠣᠷ ᠰᠦᠯᠵᠢᠶ᠎ᠡ ᠪᠠᠷ | ᠵᠢᠭᠡᠯᠡᠯᠭᠡ ᠲᠠᠯᠪᠢᠬᠤ᠂ ᠬᠤᠳᠠᠯ ᠬᠠᠭᠤᠷᠮᠠᠭ ᠢᠶᠠᠷ ᠪᠡᠯᠡ ᠣᠷᠣᠭᠤᠯᠬᠤ᠂ ᠠᠰᠠᠭᠤᠨ ᠯᠠᠪᠯᠠᠬᠤ ᠦᠢᠯᠡᠴᠢᠯᠡᠭᠡ ᠬᠠᠩᠭᠠᠬᠤ | ᠵᠡᠷᠭᠡ ᠠᠷᠭ᠎ᠠ ᠪᠠᠷᠢᠯ ᠢᠶᠠᠷ ᠡᠮᠡᠭᠲᠡᠶᠢᠴᠦᠳ ᠤᠨ ᠵᠣᠭᠤᠰ ᠮᠥᠩᠭᠦ ᠡᠳ᠋ ᠪᠣᠳᠠᠰ ᠢ ᠮᠡᠬᠡᠯᠡᠨ ᠠᠪᠬᠤ ᠶᠠᠯᠠᠲᠤ | ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠬᠠᠤᠯᠢ ᠶᠣᠰᠣᠭᠠᠷ ᠰᠦᠯᠵᠢᠶ᠎ᠡ ᠶᠢ ᠵᠠᠰᠠᠬᠤ ᠪᠠ ᠶᠣᠰᠣ ᠮᠣᠷᠠᠯ ᠢᠶᠠᠷ | ᠰᠦᠯᠵᠢᠶ᠎ᠡ ᠶᠢ ᠵᠥᠭᠡᠯᠡᠷᠡᠭᠦᠯᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠰᠠᠶᠢᠨ ᠰᠠᠶᠢᠬᠠᠨ ᠰᠦᠯᠵᠢᠶᠡᠨ ᠤ ᠤᠬᠠᠮᠰᠠᠷ ᠢ | ᠪᠤᠢ ᠪᠣᠯᠭᠠᠨ᠎ᠠ᠃ | 9᠂ ᠤᠷᠤᠬ ᠭᠡᠷ ᠪᠦᠯᠢ ᠪᠠ ᠥᠪ ᠵᠠᠯᠭᠠᠮᠵᠢᠯᠠᠬᠤ ᠬᠡᠷᠡᠭ ᠢ ᠰᠢᠢᠳᠪᠦᠷᠢᠯᠡᠬᠦ ᠶᠠᠪᠤᠴᠠ ᠳᠤ ᠡᠮᠡᠭᠲᠡᠶᠢᠴᠦᠳ ᠤᠨ | ᠡᠳ᠋ ᠬᠥᠷᠥᠩᠭᠡ ᠶᠢᠨ ᠡᠷᠬᠡ ᠠᠰᠢᠭ ᠢ ᠬᠠᠤᠯᠢ ᠶᠣᠰᠣᠭᠠᠷ ᠪᠠᠲᠤᠯᠠᠨ᠎ᠠ᠃ ᠡᠮᠡᠭᠲᠡᠶᠢᠴᠦᠳ ᠤᠨ ᠭᠡᠷ ᠪᠦᠯᠢ ᠶᠢᠨ ᠡᠳ᠋ | ᠬᠥᠷᠥᠩᠭᠡ ᠶᠢ ᠡᠵᠡᠮᠰᠢᠬᠦ᠂ ᠬᠡᠷᠡᠭᠯᠡᠬᠦ᠂ ᠲᠡᠭᠦᠨ ᠠᠴᠠ ᠠᠰᠢᠭ ᠬᠦᠷᠳᠡᠬᠦ ᠪᠠ ᠰᠢᠢᠳᠪᠦᠷᠢᠯᠡᠬᠦ ᠡᠷᠬᠡ ᠶᠢ ᠠᠳᠠᠯᠢ | ᠲᠡᠭᠰᠢ ᠪᠠᠷ ᠡᠳ᠋ᠯᠡᠬᠦ ᠶᠢ ᠪᠠᠲᠤᠯᠠᠨ᠎ᠠ᠃ ᠡᠮᠡᠭᠲᠡᠶᠢᠴᠦᠳ ᠤᠨ ᠡᠷ᠎ᠡ ᠡᠮ᠎ᠡ ᠬᠤᠶᠠᠭᠤᠯᠠ ᠪᠡᠶ᠎ᠡ ᠪᠡᠶ᠎ᠡ ᠠᠴᠠ ᠪᠠᠨ ᠥᠪ | ᠵᠠᠯᠭᠠᠮᠵᠢᠯᠠᠬᠤ᠂ ᠦᠷ᠎ᠡ ᠬᠡᠦᠬᠡᠳ ᠨᠢ ᠡᠴᠢᠭᠡ ᠡᠬᠡ ᠶᠢᠨ ᠢᠶᠠᠨ ᠥᠪ ᠬᠥᠷᠥᠩᠭᠡ ᠶᠢ ᠡᠷᠬᠡ ᠲᠡᠭᠰᠢ ᠪᠠᠷ ᠵᠠᠯᠭᠠᠮᠵᠢᠯᠠᠬᠤ | ᠡᠷᠬᠡ ᠶᠢ ᠬᠠᠤᠯᠢ ᠶᠣᠰᠣᠭᠠᠷ ᠡᠳ᠋ᠯᠡᠬᠦ ᠶᠢ ᠪᠠᠲᠤᠯᠠᠨ᠎ᠠ᠃ ᠡᠷ᠎ᠡ ᠡᠮ᠎ᠡ ᠬᠤᠶᠠᠭᠤᠯᠠ ᠶᠢᠨ ᠬᠠᠮᠲᠤ ᠶᠢᠨ ᠡᠳ᠋ | ᠬᠥᠷᠥᠩᠭᠡ ᠳᠡᠭᠡᠨ ᠪᠠᠶᠢᠳᠠᠯ ᠢ ᠮᠡᠳᠡᠬᠦ ᠡᠷᠬᠡ᠂ ᠰᠢᠢᠳᠪᠦᠷᠢᠯᠡᠬᠦ ᠡᠷᠬᠡ ᠶᠢ ᠠᠳᠠᠯᠢ ᠲᠡᠭᠰᠢ ᠪᠠᠷ ᠡᠳ᠋ᠯᠡᠬᠦ ᠶᠢ ᠪᠠᠲᠤᠯᠠᠵᠤ᠂ | ᠡᠷ᠎ᠡ ᠡᠮ᠎ᠡ ᠬᠤᠶᠠᠭᠤᠯᠠ ᠶᠢᠨ ᠬᠠᠮᠲᠤ ᠶᠢᠨ ᠡᠳ᠋ ᠬᠥᠷᠥᠩᠭᠡ ᠶᠢ ᠮᠠᠭᠠᠳᠯᠠᠨ ᠲᠣᠭᠲᠠᠭᠠᠬᠤ ᠪᠠ ᠬᠤᠪᠢᠳᠠᠨ | ᠬᠤᠪᠢᠶᠠᠬᠤ᠂ ᠡᠷ᠎ᠡ ᠡᠮ᠎ᠡ ᠬᠤᠶᠠᠭᠤᠯᠠ ᠶᠢᠨ ᠬᠠᠮᠲᠤ ᠶᠢᠨ ᠥᠷᠢ ᠥᠭᠴᠡᠭᠡ ᠶᠢ ᠮᠠᠭᠠᠳᠯᠠᠨ ᠲᠣᠭᠲᠠᠭᠠᠬᠤ ᠪᠠ | ᠲᠦᠯᠦᠵᠦ ᠳᠠᠭᠤᠰᠬᠠᠬᠤ ᠳᠠᠭᠠᠨ ᠡᠮᠡᠭᠲᠡᠶᠢᠴᠦᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠨ᠎ᠠ᠃ | ᠡᠮᠡᠭᠲᠡᠶᠢᠴᠦᠳ ᠤᠨ ᠬᠠᠤᠯᠢ ᠶᠣᠰᠣᠭᠠᠷ ᠭᠠᠵᠠᠷ ᠰᠢᠷᠣᠢ᠂ ᠭᠡᠷ ᠪᠠᠶᠢᠰᠢᠩ᠂ ᠬᠤᠪᠢ ᠣᠷᠣᠭᠤᠯᠤᠭᠰᠠᠨ ᠵᠡᠷᠭᠡ ᠡᠷᠬᠡ | ᠠᠰᠢᠭ ᠣᠯᠬᠤ ᠶᠢ ᠪᠠᠲᠤᠯᠠᠨ᠎ᠠ᠃ ᠤᠷᠤᠬ ᠰᠠᠯᠬᠤ ᠵᠠᠷᠭᠤᠯᠳᠤᠭᠠᠨ ᠤ ᠳᠤᠮᠳᠠ᠂ ᠭᠡᠷ ᠪᠦᠯᠢ ᠶᠢᠨ ᠡᠭᠦᠷᠭᠡ ᠶᠢ ᠨᠡᠯᠢᠶᠡᠳ | ᠠᠷᠪᠢᠨ ᠡᠭᠦᠷᠭᠡᠯᠡᠵᠦ ᠪᠠᠶᠢᠭ᠎ᠠ ᠡᠮᠡᠭᠲᠡᠶᠢᠴᠦᠳ ᠤᠨ ᠨᠥᠬᠦᠪᠦᠷᠢ ᠣᠯᠬᠤ᠂ ᠠᠮᠢᠳᠤᠷᠠᠯ ᠨᠢ ᠬᠦᠴᠢᠷᠳᠡᠯ ᠲᠠᠢ | ᠡᠮᠡᠭᠲᠡᠶᠢᠴᠦᠳ ᠤᠨ ᠠᠵᠤ ᠠᠬᠤᠢ ᠶᠢᠨ ᠲᠤᠰᠠᠯᠠᠮᠵᠢ ᠣᠯᠬᠤ᠂ ᠪᠤᠷᠤᠭᠤ ᠦᠭᠡᠢ ᠡᠮᠡᠭᠲᠡᠶᠢᠴᠦᠳ ᠤᠨ ᠬᠠᠤᠯᠢ | ᠶᠣᠰᠣᠭᠠᠷ ᠬᠤᠬᠢᠷᠠᠯ ᠤᠨ ᠲᠥᠯᠥᠪᠦᠷᠢ ᠣᠯᠬᠤ ᠶᠢ ᠪᠠᠲᠤᠯᠠᠨ᠎ᠠ᠃ | 10᠂ ᠡᠮᠡᠭᠲᠡᠶᠢᠴᠦᠳ ᠲᠤ ᠴᠢᠨᠠᠷ ᠰᠠᠶᠢᠲᠠᠢ ᠥᠨᠳᠥᠷ ᠪᠦᠲᠦᠮᠵᠢᠲᠡᠶ ᠤᠯᠠᠨ ᠨᠡᠶᠢᠲᠡ ᠶᠢᠨ ᠬᠠᠤᠯᠢ | ᠴᠠᠭᠠᠵᠠ ᠶᠢᠨ ᠦᠢᠯᠡᠴᠢᠯᠡᠭᠡ ᠬᠠᠩᠭᠠᠨ᠎ᠠ᠃ ᠡᠮᠡᠭᠲᠡᠶᠢᠴᠦᠳ ᠲᠤ ᠬᠠᠤᠯᠢ ᠶᠣᠰᠣᠭᠠᠷ ᠬᠠᠤᠯᠢ ᠴᠠᠭᠠᠵᠠ ᠶᠢᠨ | ᠲᠤᠰᠠᠯᠠᠮᠵᠢ ᠪᠠ ᠬᠠᠤᠯᠢ ᠴᠠᠭᠠᠵᠠ ᠶᠢᠨ ᠲᠤᠰᠠᠯᠠᠮᠵᠢ ᠬᠠᠩᠭᠠᠨ᠎ᠠ᠃ ᠬᠠᠤᠯᠢ ᠴᠠᠭᠠᠵᠠ ᠶᠢᠨ ᠦᠢᠯᠡᠴᠢᠯᠡᠭᠡᠨ ᠤ | ᠪᠠᠶᠢᠭᠤᠯᠤᠮᠵᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠶᠢᠨ ᠡᠮᠡᠭᠲᠡᠶᠢᠴᠦᠳ ᠲᠤ ᠨᠡᠶᠢᠲᠡ ᠶᠢᠨ | ᠠᠰᠠᠷᠠᠮᠵᠢ ᠶᠢᠨ ᠴᠢᠨᠠᠷᠲᠠᠢ ᠬᠠᠤᠯᠢ ᠴᠠᠭᠠᠵᠠ ᠶᠢᠨ ᠦᠢᠯᠡᠴᠢᠯᠡᠭᠡ ᠪᠠ ᠲᠤᠰᠠᠯᠠᠮᠵᠢ ᠬᠠᠩᠭᠠᠬᠤ ᠶᠢ ᠵᠣᠷᠢᠭᠵᠢᠭᠤᠯᠤᠨ | ᠲᠡᠮᠵᠢᠨ᠎ᠠ᠃ ᠡᠮᠡᠭᠲᠡᠶᠢᠴᠦᠳ ᠤᠨ ᠪᠣᠳᠠᠲᠤ ᠪᠠᠶᠢᠳᠠᠯ ᠳᠤ ᠴᠢᠭᠯᠡᠭᠦᠯᠦᠨ᠂ ᠲᠤᠰᠬᠠᠢ ᠵᠦᠢᠯ ᠤᠨ ᠬᠠᠤᠯᠢ ᠴᠠᠭᠠᠵᠠ ᠶᠢᠨ | ᠦᠢᠯᠡᠴᠢᠯᠡᠭᠡ ᠶᠢ ᠭᠤᠣᠯᠳᠠᠯᠭ᠎ᠠ ᠲᠠᠢ ᠥᠷᠨᠢᠭᠦᠯᠵᠦ᠂ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ | ᠪᠣᠳᠠᠲᠤ ᠴᠣᠭᠴᠠ᠂ ᠦᠢᠯᠡᠴᠢᠯᠡᠭᠡᠨ ᠤ ᠬᠠᠯᠠᠮᠰᠢᠯ ᠤᠲᠠᠰᠤ ᠪᠠ ᠰᠦᠯᠵᠢᠶᠡᠨ ᠤ ᠲᠠᠪᠴᠠᠩ ᠤᠨ ᠠᠭᠤᠰᠤᠯᠴᠠᠨ | ᠬᠥᠭᠵᠢᠬᠦ ᠶᠢ ᠲᠦᠯᠬᠢᠨ ᠠᠬᠢᠭᠤᠯᠵᠤ᠂ ᠵᠥᠷᠢᠴᠡᠯ ᠵᠢᠭᠤᠷᠠᠯᠳᠤᠭᠠᠨ ᠢ ᠠᠷᠢᠯᠭᠠᠬᠤ᠂ ᠬᠠᠤᠯᠢ ᠴᠠᠭᠠᠵᠠ ᠶᠢᠨ ᠵᠥᠪᠯᠡᠯᠭᠡ | ᠥᠭᠬᠦ ᠵᠡᠷᠭᠡ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠩᠭᠠᠯᠭ᠎ᠠ ᠶᠢ ᠬᠤᠳᠠ ᠬᠥᠳᠡᠭᠡ ᠶᠢᠨ | ᠡᠮᠡᠭᠲᠡᠶᠢᠴᠦᠳ ᠲᠤ ᠬᠦᠷᠲᠡᠭᠡᠬᠦ ᠶᠢ ᠠᠬᠢᠭᠤᠯᠵᠤ᠂ ᠣᠷᠣᠯᠭ᠎ᠠ ᠪᠠᠭᠠᠲᠠᠢ ᠡᠮᠡᠭᠲᠡᠶᠢᠴᠦᠳ᠂ ᠨᠠᠰᠤᠲᠠᠢ ᠡᠮᠡᠭᠲᠡᠶᠢᠴᠦᠳ᠂ | ᠵᠡᠮᠳᠡᠭ ᠡᠮᠡᠭᠲᠡᠶᠢᠴᠦᠳ᠂ ᠥᠨᠥᠴᠢᠨ ᠥᠷᠥᠭᠡᠰᠦᠨ ᠲᠦᠷᠦᠯ ᠨᠢ ᠬᠦᠴᠢᠷᠳᠡᠯ ᠳᠤ ᠲᠤᠯᠭᠠᠷᠠᠭᠰᠠᠨ ᠡᠬᠡ ᠵᠡᠷᠭᠡ ᠶᠢᠨ | ᠳᠥᠭᠦᠮ ᠳᠥᠲᠡ ᠥᠨᠳᠥᠷ ᠪᠦᠲᠦᠮᠵᠢᠲᠡᠶ᠂ ᠠᠳᠠᠯᠢ ᠲᠡᠭᠰᠢ ᠲᠦᠭᠡᠮᠡᠯ ᠬᠠᠷᠠᠭᠠᠯᠵᠠᠯᠲᠤ ᠤᠯᠠᠨ ᠨᠡᠶᠢᠲᠡ ᠶᠢᠨ ᠬᠠᠤᠯᠢ | ᠴᠠᠭᠠᠵᠠ ᠶᠢᠨ ᠦᠢᠯᠡᠴᠢᠯᠡᠭᠡ ᠬᠦᠷᠳᠡᠬᠦ ᠶᠢ ᠭᠤᠣᠯᠳᠠᠯᠭ᠎ᠠ ᠲᠠᠢ ᠪᠠᠷ ᠪᠠᠲᠤᠯᠠᠨ᠎ᠠ᠃ ᠡᠮᠡᠭᠲᠡᠶᠢᠴᠦᠳ ᠤᠨ ᠬᠠᠤᠯᠢ | ᠴᠠᠭᠠᠵᠠ ᠶᠢᠨ ᠲᠤᠰᠠᠯᠠᠮᠵᠢ ᠭᠤᠶᠤᠴᠢᠯᠠᠬᠤ ᠲᠤᠬᠠᠢ ᠬᠠᠤᠯᠢ ᠴᠠᠭᠠᠵᠠ ᠬᠠᠤᠯᠢ ᠲᠣᠭᠲᠠᠭᠠᠯ ᠤᠨ ᠬᠠᠮᠢᠶ᠎ᠠ ᠪᠦᠬᠦᠢ | ᠲᠣᠭᠲᠠᠭᠠᠯ ᠢ ᠨᠠᠶᠢᠳᠠᠪᠤᠷᠢᠵᠢᠭᠤᠯᠵᠤ᠂ ᠡᠮᠡᠭᠲᠡᠶᠢᠴᠦᠳ ᠤᠨ ᠡᠷᠡᠭᠦᠦ ᠶᠢᠨ ᠬᠡᠷᠡᠭ᠂ ᠢᠷᠭᠡᠨ ᠤ ᠬᠡᠷᠡᠭ᠂ ᠵᠠᠰᠠᠭ | ᠵᠠᠬᠢᠷᠭᠠᠨ ᠤ ᠬᠡᠷᠡᠭ ᠤᠨ ᠳᠤᠮᠳᠠ ᠵᠠᠷᠭᠤ ᠶᠢᠨ ᠣᠷᠣᠯᠠᠬᠤ ᠪᠠ ᠡᠷᠬᠡ ᠪᠠᠨ ᠬᠠᠮᠠᠭᠠᠯᠠᠬᠤ ᠵᠢᠯᠣᠭᠤᠳᠤᠯᠭ᠎ᠠ ᠶᠢᠨ | ᠦᠢᠯᠡᠴᠢᠯᠡᠭᠡ ᠭᠥᠷᠳᠡᠬᠦ ᠶᠢ ᠪᠠᠲᠤᠯᠠᠨ᠎ᠠ᠃ ᠡᠮᠡᠭᠲᠡᠶᠢᠴᠦᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ | ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠡᠷᠬᠡ ᠪᠠᠨ ᠬᠠᠮᠠᠭᠠᠯᠠᠬᠤ ᠠᠵᠢᠯ ᠤᠨ ᠪᠠᠶᠢᠷᠢ ᠵᠢᠴᠢ ᠬᠠᠤᠯᠢ | ᠴᠠᠭᠠᠵᠠ ᠶᠢᠨ ᠲᠤᠰᠠᠯᠠᠮᠵᠢ ᠶᠢᠨ ᠲᠦᠷᠦᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠪᠠ | ᠲᠤᠰᠬᠠᠢ ᠬᠠᠤᠯᠢᠴᠢ᠂ ᠦᠨᠳᠦᠰᠦᠨ ᠱᠠᠲᠤᠨ ᠤ ᠬᠠᠤᠯᠢ ᠶᠢᠨ ᠶᠠᠪᠤᠳᠠᠯ ᠤᠨ ᠠᠵᠢᠯᠲᠠᠨ ᠤ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠨ ᠬᠠᠮᠠᠭᠠᠯᠠᠨ᠎ᠠ᠃ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠶᠢᠨ ᠡᠷᠴᠢᠮ ᠢ | ᠴᠢᠩᠭᠠᠷᠠᠭᠤᠯᠵᠤ᠂ ᠣᠨᠴᠠ ᠲᠣᠭᠲᠠᠭᠠᠭᠰᠠᠨ ᠬᠡᠷᠡᠭ ᠲᠠᠬᠢ ᠠᠮᠢᠳᠤᠷᠠᠯ ᠨᠢ ᠬᠦᠴᠢᠷᠳᠡᠯ ᠳᠤ ᠲᠤᠯᠭᠠᠷᠠᠭᠰᠠᠨ | ᠡᠮᠡᠭᠲᠡᠶᠢᠴᠦᠳ ᠤᠨ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠬᠦᠷᠲᠡᠬᠦ ᠶᠢ ᠪᠠᠲᠤᠯᠠᠨ᠎ᠠ᠃ | 11᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠵᠣᠬᠢᠶᠠᠨ ᠪᠠᠶᠢᠭᠤᠯᠤᠯᠲᠠ ᠶᠢᠨ ᠡᠮᠡᠭᠲᠡᠶᠢᠴᠦᠳ ᠤᠨ | ᠬᠠᠤᠯᠢ ᠶᠣᠰᠣᠨ ᠤ ᠡᠷᠬᠡ ᠠᠰᠢᠭ ᠢ ᠲᠥᠯᠥᠭᠡᠯᠡᠬᠦ ᠪᠠ ᠬᠠᠮᠠᠭᠠᠯᠠᠬᠤ ᠡᠭᠦᠷᠭᠡ ᠴᠢᠳᠠᠪᠤᠷᠢ ᠶᠢᠨ ᠦᠢᠯᠡᠳᠦᠯ ᠢ | ᠪᠠᠳᠠᠷᠠᠭᠤᠯᠤᠨ᠎ᠠ᠃ ᠡᠮᠡᠭᠲᠡᠶᠢᠴᠦᠳ ᠤᠨ ᠡᠷᠬᠡ ᠪᠠᠨ ᠬᠠᠮᠠᠭᠠᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ | ᠡᠮᠡᠭᠲᠡᠶᠢᠴᠦᠳ ᠤᠨ ᠭᠤᠮᠣᠳᠠᠯ ᠱᠠᠭᠠᠷᠳᠠᠯᠭ᠎ᠠ ᠪᠠᠨ ᠢᠯᠡᠳᠬᠡᠬᠦ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠦᠨ᠎ᠡ᠃ | ᠡᠷᠬᠡ ᠳᠤ ᠬᠠᠯᠳᠠᠭᠰᠠᠨ ᠮᠡᠳᠡᠭᠦᠯᠦᠯᠲᠡ ᠶᠢᠨ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠬᠦᠢᠰᠦ ᠶᠢᠨ | ᠢᠯᠭᠠᠯ ᠤᠨ ᠭᠠᠳᠠᠭᠤᠷᠴᠢᠯᠠᠯ ᠤᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠪᠤᠶᠤ ᠡᠮᠡᠭᠲᠡᠶᠢᠴᠦᠳ ᠤᠨ ᠡᠷᠬᠡ ᠠᠰᠢᠭ ᠲᠤ | ᠬᠠᠯᠳᠠᠭᠰᠠᠨ ᠬᠡᠷᠡᠭ ᠢ ᠬᠠᠮᠵᠢᠨ ᠰᠢᠢᠳᠪᠦᠷᠢᠯᠡᠵᠦ᠂ ᠡᠮᠡᠭᠲᠡᠶᠢᠴᠦᠳ ᠤᠨ ᠬᠠᠤᠯᠢ ᠶᠣᠰᠣᠨ ᠤ ᠡᠷᠬᠡ ᠠᠰᠢᠭ ᠲᠤ | ᠬᠠᠯᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠮᠵᠢᠨ ᠴᠣᠬᠢᠯᠲᠠ ᠥᠭᠴᠦ᠂ | ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡᠨ ᠤ ᠵᠢᠭᠰᠠᠭᠠᠯ ᠤᠨ ᠭᠠᠵᠠᠷ ᠪᠠ | ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠭᠦᠢᠴᠡᠳᠬᠡᠬᠦ ᠺᠣᠮᠢᠰ ᠤᠨ ᠦᠢᠯᠡᠳᠦᠯ ᠢ ᠭᠦᠢᠴᠡᠳ | ᠪᠠᠳᠠᠷᠠᠭᠤᠯᠤᠨ᠂ ᠬᠠᠯᠳᠠᠯᠭ᠎ᠠ ᠳᠤ ᠤᠴᠠᠷᠠᠭᠰᠠᠨ ᠡᠮᠡᠭᠲᠡᠶᠢᠴᠦᠳ ᠲᠤ ᠬᠠᠪᠰᠤᠷᠤᠯᠭ᠎ᠠ ᠬᠠᠩᠭᠠᠨ᠎ᠠ᠃ | 12᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠵᠣᠬᠢᠶᠠᠨ ᠪᠠᠶᠢᠭᠤᠯᠤᠯᠲᠠ ᠶᠢᠨ ᠡᠮᠡᠭᠲᠡᠶᠢᠴᠦᠳ ᠤᠨ | ᠬᠠᠤᠯᠢ ᠶᠣᠰᠣᠨ ᠤ ᠡᠷᠬᠡ ᠠᠰᠢᠭ ᠢ ᠲᠥᠯᠥᠭᠡᠯᠡᠬᠦ ᠪᠠ ᠬᠠᠮᠠᠭᠠᠯᠠᠬᠤ ᠡᠭᠦᠷᠭᠡ ᠴᠢᠳᠠᠪᠤᠷᠢ ᠶᠢᠨ ᠦᠢᠯᠡᠳᠦᠯ ᠢ | ᠪᠠᠳᠠᠷᠠᠭᠤᠯᠤᠨ᠎ᠠ᠃ ᠡᠮᠡᠭᠲᠡᠶᠢᠴᠦᠳ ᠤᠨ ᠡᠷᠬᠡ ᠪᠠᠨ ᠬᠠᠮᠠᠭᠠᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ | ᠡᠮᠡᠭᠲᠡᠶᠢᠴᠦᠳ ᠤᠨ ᠭᠤᠮᠣᠳᠠᠯ ᠱᠠᠭᠠᠷᠳᠠᠯᠭ᠎ᠠ ᠪᠠᠨ ᠢᠯᠡᠳᠬᠡᠬᠦ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠦᠨ᠎ᠡ᠃ | ᠡᠷᠬᠡ ᠳᠤ ᠬᠠᠯᠳᠠᠭᠰᠠᠨ ᠮᠡᠳᠡᠭᠦᠯᠦᠯᠲᠡ ᠶᠢᠨ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠬᠦᠢᠰᠦ ᠶᠢᠨ | ᠢᠯᠭᠠᠯ ᠤᠨ ᠭᠠᠳᠠᠭᠤᠷᠴᠢᠯᠠᠯ ᠤᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠪᠤᠶᠤ ᠡᠮᠡᠭᠲᠡᠶᠢᠴᠦᠳ ᠤᠨ ᠡᠷᠬᠡ ᠠᠰᠢᠭ ᠲᠤ | ᠬᠠᠯᠳᠠᠭᠰᠠᠨ ᠬᠡᠷᠡᠭ ᠢ ᠬᠠᠮᠵᠢᠨ ᠰᠢᠢᠳᠪᠦᠷᠢᠯᠡᠵᠦ᠂ ᠡᠮᠡᠭᠲᠡᠶᠢᠴᠦᠳ ᠤᠨ ᠬᠠᠤᠯᠢ ᠶᠣᠰᠣᠨ ᠤ ᠡᠷᠬᠡ ᠠᠰᠢᠭ ᠲᠤ | ᠬᠠᠯᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠮᠵᠢᠨ ᠴᠣᠬᠢᠯᠲᠠ ᠥᠭᠴᠦ᠂ | ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡᠨ ᠤ ᠵᠢᠭᠰᠠᠭᠠᠯ ᠤᠨ ᠭᠠᠵᠠᠷ ᠪᠠ | ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠭᠦᠢᠴᠡᠳᠬᠡᠬᠦ ᠺᠣᠮᠢᠰ ᠤᠨ ᠦᠢᠯᠡᠳᠦᠯ ᠢ ᠭᠦᠢᠴᠡᠳ | ᠪᠠᠳᠠᠷᠠᠭᠤᠯᠤᠨ᠂ ᠬᠠᠯᠳᠠᠯᠭ᠎ᠠ ᠳᠤ ᠤᠴᠠᠷᠠᠭᠰᠠᠨ ᠡᠮᠡᠭᠲᠡᠶᠢᠴᠦᠳ ᠲᠤ ᠬᠠᠪᠰᠤᠷᠤᠯᠭ᠎ᠠ ᠬᠠᠩᠭᠠᠨ᠎ᠠ᠃ | 13᠂ ᠡᠷᠬᠡ ᠪᠠᠨ ᠬᠠᠮᠠᠭᠠᠯᠠᠬᠤ ᠪᠠ ᠲᠣᠭᠲᠠᠭᠤᠨ ᠢ ᠬᠠᠮᠠᠭᠠᠯᠠᠬᠤ ᠶᠢ ᠬᠠᠷᠢᠯᠴᠠᠨ ᠤᠶᠠᠯᠳᠤᠭᠤᠯᠬᠤ ᠠᠵᠢᠯ ᠢ | ᠯᠠᠪᠳᠠᠭᠤᠨ ᠪᠠᠲᠤᠲᠠᠢ ᠰᠠᠶᠢᠲᠤᠷ ᠬᠢᠨ᠎ᠡ᠃ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠬᠢᠨᠠᠮᠠᠭᠠᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠢᠭᠡᠳᠦᠯᠲᠡᠢ ᠲᠥᠯᠥᠪᠯᠡᠨ ᠬᠥᠭᠵᠢᠭᠦᠯᠬᠦ ᠪᠠ ᠠᠮᠤᠷ ᠲᠦᠪᠰᠢᠨ | ᠪᠠᠶᠢᠯᠭᠠᠬᠤ ᠶᠢᠨ ᠲᠣᠭᠤᠷᠢᠨ ᠳᠤ᠂ ᠡᠮᠡᠭᠲᠡᠶᠢᠴᠦᠳ ᠤᠨ ᠬᠦᠷᠢᠶᠡᠨ ᠳᠠᠬᠢ ᠵᠥᠷᠢᠴᠡᠯ ᠤᠨ ᠠᠶᠤᠯ ᠲᠦᠭᠰᠢᠭᠦᠷᠢ ᠶᠢ | ᠰᠤᠳᠤᠯᠤᠨ ᠮᠠᠭᠠᠳᠯᠠᠬᠤ ᠪᠠ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠤᠯᠠᠨ ᠲᠠᠯ᠎ᠠ ᠶᠢᠨ ᠡᠬᠢ | ᠪᠠᠶᠠᠯᠢᠭ ᠤᠨ ᠬᠦᠴᠦᠨ ᠢ ᠵᠣᠬᠢᠴᠠᠭᠤᠯᠵᠤ᠂ ᠡᠮᠡᠭᠲᠡᠶᠢᠴᠦᠳ ᠬᠡᠦᠬᠡᠳ ᠪᠠ ᠭᠡᠷ ᠪᠦᠯᠢ ᠵᠡᠷᠭᠡ ᠳᠤ ᠬᠤᠯᠪᠣᠭᠳᠠᠭᠰᠠᠨ | ᠬᠡᠯᠪᠡᠷᠢᠯ ᠤᠨ ᠴᠢᠨᠠᠷᠲᠠᠢ᠂ ᠴᠤᠬᠤᠶᠢᠯᠲᠠ ᠶᠢᠨ ᠴᠢᠨᠠᠷᠲᠠᠢ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ | ᠡᠮᠡᠭᠲᠡᠶᠢᠴᠦᠳ ᠤᠨ ᠬᠦᠷᠢᠶᠡᠨ ᠳᠠᠬᠢ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠨ | ᠠᠷᠭᠠᠴᠠᠨ᠎ᠠ᠃ | ᠳᠥᠷᠪᠡᠳᠦᠭᠡᠷ ᠪᠦᠯᠦᠭ ᠵᠣᠬᠢᠶᠠᠨ ᠪᠠᠶᠢᠭᠤᠯᠤᠨ ᠬᠡᠷᠡᠭᠵᠢᠭᠦᠯᠬᠦ | ︵ᠨᠢᠭᠡ︶ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ᠎ᠠ᠃ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠬᠤ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ | ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠡᠮᠡᠭᠲᠡᠶᠢᠴᠦᠳ ᠤᠨ ᠬᠥᠭᠵᠢᠯᠲᠡ ᠶᠢᠨ | ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠨᠠᠮ ᠤᠨ ᠤᠳᠤᠷᠢᠳᠤᠯᠭ᠎ᠠ ᠶᠢ ᠲᠥᠯᠥᠪᠵᠢᠭᠦᠯᠵᠦ ᠵᠣᠬᠢᠶᠠᠨ ᠪᠠᠶᠢᠭᠤᠯᠵᠤ | ᠬᠡᠷᠡᠭᠵᠢᠭᠦᠯᠬᠦ ᠪᠦᠬᠦ ᠶᠠᠪᠤᠴᠠ ᠳᠤ ᠲᠤᠤᠱᠯᠠᠭᠤᠯᠤᠨ᠎ᠠ᠃ ᠨᠠᠮ ᠤᠨ ᠲᠥᠪ ᠬᠤᠷᠢᠶᠠᠨ ᠤ ᠡᠮᠡᠭᠲᠡᠶᠢᠴᠦᠳ ᠤᠨ | ᠦᠢᠯᠡᠰ ᠤᠨ ᠬᠥᠭᠵᠢᠯᠲᠡ ᠶᠢᠨ ᠲᠤᠬᠠᠢ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠵᠦ᠂ ᠡᠷᠡᠭᠲᠡᠢ | ᠡᠮᠡᠭᠲᠡᠢ ᠡᠷᠬᠡ ᠲᠡᠭᠰᠢ ᠪᠠᠶᠢᠬᠤ ᠪᠠ ᠡᠮᠡᠭᠲᠡᠶᠢᠴᠦᠳ ᠤᠨ ᠪᠦᠬᠦ ᠲᠠᠯ᠎ᠠ ᠪᠠᠷ ᠬᠥᠭᠵᠢᠬᠦ ᠶᠢ ᠠᠬᠢᠭᠤᠯᠬᠤ ᠳᠦᠷᠢᠮ | ᠲᠣᠭᠲᠠᠴᠠ ᠶᠢ ᠪᠠᠷᠢᠮᠲᠠᠯᠠᠨ ᠲᠡᠭᠦᠯᠳᠡᠷᠵᠢᠭᠦᠯᠵᠦ᠂ ᠠᠵᠤ ᠠᠬᠤᠢ ᠶᠢᠨ ᠪᠠᠶᠢᠭᠤᠯᠤᠯᠲᠠ᠂ ᠤᠯᠤᠰ ᠲᠦᠷᠦ ᠶᠢᠨ | ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠶᠡᠷᠦᠩᠬᠡᠢ ᠪᠠᠶᠢᠷᠢᠯᠠᠭᠤᠯᠤᠯᠲᠠ ᠶᠢ ᠨᠢᠭᠡᠳᠦᠯᠲᠡᠢ ᠲᠥᠯᠥᠪᠯᠡᠨ ᠲᠦᠯᠬᠢᠨ ᠠᠬᠢᠭᠤᠯᠬᠤ᠂ ᠨᠡᠶᠢᠭᠡᠮ | ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠥᠭᠡᠷᠡᠴᠢᠯᠡᠯᠲᠡ ᠶᠢ ᠪᠦᠬᠦ | ᠲᠠᠯ᠎ᠠ ᠪᠠᠷ ᠭᠦᠨᠵᠡᠭᠡᠶᠢᠷᠡᠭᠦᠯᠬᠦ᠂ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ᠂ ᠨᠠᠮ ᠢ ᠪᠦᠬᠦ ᠲᠠᠯ᠎ᠠ ᠪᠠᠷ | ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠩᠭᠤᠢ ᠪᠠᠷ ᠲᠦᠯᠬᠢᠨ ᠠᠬᠢᠭᠤᠯᠬᠤ | ᠳᠤᠮᠳᠠ ᠲᠥᠯᠦᠪᠵᠢᠭᠦᠯᠭᠡ ᠶᠢᠨ ᠬᠡᠷᠡᠭᠵᠢᠭᠦᠯᠦᠯᠲᠡ ᠶᠢ ᠲᠦᠯᠬᠢᠨ ᠠᠬᠢᠭᠤᠯᠤᠨ᠎ᠠ᠃ | ︵ᠬᠤᠶᠠᠷ︶ ᠲᠥᠯᠦᠪᠵᠢᠭᠦᠯᠭᠡ ᠶᠢ ᠬᠡᠷᠡᠭᠵᠢᠭᠦᠯᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠨᠠᠮ ᠤᠨ | ᠬᠤᠷᠢᠶ᠎ᠠ ᠤᠳᠤᠷᠢᠳᠤᠭᠰᠠᠨ᠂ ᠵᠠᠰᠠᠭ ᠤᠨ ᠣᠷᠳᠣᠨ ᠭᠤᠣᠯᠯᠠᠨ ᠬᠠᠷᠢᠭᠤᠴᠠᠭᠰᠠᠨ᠂ ᠡᠮᠡᠭᠲᠡᠶᠢᠴᠦᠳ ᠬᠡᠦᠬᠡᠳ ᠤᠨ | ᠠᠵᠢᠯ ᠤᠨ ᠵᠦᠪᠯᠡᠯ ᠵᠣᠬᠢᠴᠠᠭᠤᠯᠤᠭᠰᠠᠨ᠂ ᠤᠯᠠᠨ ᠰᠠᠯᠠᠭ᠎ᠠ ᠮᠥᠴᠢᠷ ᠬᠠᠮᠲᠤᠷᠠᠯᠴᠠᠭᠰᠠᠨ᠂ ᠪᠦᠬᠦ ᠨᠡᠶᠢᠭᠡᠮ ᠢᠶᠠᠷ ᠢᠶᠠᠨ | ᠣᠷᠣᠯᠴᠠᠭᠰᠠᠨ ᠲᠥᠯᠦᠪᠵᠢᠭᠦᠯᠭᠡ ᠶᠢ ᠬᠡᠷᠡᠭᠵᠢᠭᠦᠯᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ | ᠨᠠᠶᠢᠳᠠᠪᠤᠷᠢᠵᠢᠭᠤᠯᠤᠨ᠎ᠠ᠃ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠲᠥᠯᠦᠪᠵᠢᠭᠦᠯᠭᠡ ᠶᠢ ᠬᠡᠷᠡᠭᠵᠢᠭᠦᠯᠬᠦ | ᠠᠵᠢᠯ ᠢ ᠬᠠᠷᠢᠭᠤᠴᠠᠵᠤ᠂ ᠲᠣᠭᠤᠷᠢᠭ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠨᠢ ᠵᠣᠬᠢᠶᠠᠨ | ᠪᠠᠶᠢᠭᠤᠯᠬᠤ᠂ ᠵᠣᠬᠢᠴᠠᠭᠤᠯᠬᠤ᠂ ᠵᠢᠯᠤᠭᠤᠳᠬᠤ᠂ ᠱᠠᠯᠠᠪᠳᠠᠭᠤᠯᠬᠤ ᠠᠵᠢᠯ ᠢ ᠬᠠᠷᠢᠭᠤᠴᠠᠨ᠎ᠠ᠃ ᠲᠣᠭᠤᠷᠢᠭ ᠤᠨ | ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠠᠯᠪᠠᠨ ᠭᠡᠷ ᠨᠢ ᠪᠣᠳᠠᠲᠠᠢ ᠠᠵᠢᠯ ᠢ ᠬᠠᠷᠢᠭᠤᠴᠠᠵᠤ᠂ | ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠠᠮᠢᠶ᠎ᠠ ᠪᠦᠬᠦᠢ ᠪᠠᠶᠢᠭᠤᠯᠤᠮᠵᠢ ᠪᠠ ᠠᠷᠠᠳ ᠤᠨ ᠪᠦᠯᠬᠦᠮ ᠤᠳ ᠡᠭᠦᠷᠭᠡ | ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ ᠲᠥᠯᠦᠪᠵᠢᠭᠦᠯᠭᠡ ᠶᠢᠨ ᠬᠠᠮᠢᠶ᠎ᠠ ᠪᠦᠬᠦᠢ ᠬᠠᠷᠠᠯᠲᠠᠲᠤ ᠡᠭᠦᠷᠭᠡ ᠶᠢ | ᠨᠠᠶᠢᠳᠠᠪᠤᠷᠢᠵᠢᠭᠤᠯᠬᠤ ᠠᠵᠢᠯ ᠢ ᠡᠭᠦᠷᠭᠡᠯᠡᠨ᠎ᠡ᠃ | ︵ᠭᠤᠷᠪᠠ︶ ᠲᠥᠯᠦᠪᠵᠢᠭᠦᠯᠭᠡ ᠶᠢ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ | ᠲᠥᠯᠦᠪᠵᠢᠭᠦᠯᠭᠡ ᠲᠠᠢ ᠠᠪᠴᠠᠯᠳᠤᠭᠤᠯᠬᠤ ᠶᠢ ᠴᠢᠩᠭᠠᠳᠬᠠᠨ᠎ᠠ᠃ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠶᠡᠷᠦᠩᠬᠡᠢ ᠲᠥᠯᠦᠪᠵᠢᠭᠦᠯᠭᠡ ᠵᠢᠴᠢ ᠬᠤᠯᠪᠣᠭᠳᠠᠯ ᠪᠦᠬᠦᠢ ᠲᠤᠰᠬᠠᠢ ᠲᠥᠯᠦᠪᠵᠢᠭᠦᠯᠭᠡ ᠳᠤ ᠡᠷᠡᠭᠲᠡᠢ ᠡᠮᠡᠭᠲᠡᠢ ᠡᠷᠬᠡ | ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠲᠥᠯᠦᠪᠵᠢᠭᠦᠯᠭᠡ ᠶᠢ ᠬᠡᠷᠡᠭᠵᠢᠭᠦᠯᠬᠦ ᠵᠢᠴᠢ ᠡᠮᠡᠭᠲᠡᠶᠢᠴᠦᠳ ᠤᠨ ᠠᠵᠢᠯ ᠦᠢᠯᠡᠰ ᠤᠨ ᠬᠥᠭᠵᠢᠯᠲᠡ ᠶᠢᠨ ᠭᠤᠣᠯ | ᠬᠠᠷᠠᠯᠲᠠ ᠡᠭᠦᠷᠭᠡ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠲᠥᠯᠦᠪᠵᠢᠭᠦᠯᠭᠡ ᠵᠢᠴᠢ ᠬᠠᠮᠢᠶ᠎ᠠ | ᠪᠦᠬᠦᠢ ᠲᠤᠰᠬᠠᠢ ᠵᠦᠢᠯ ᠤᠨ ᠲᠥᠯᠦᠪᠵᠢᠭᠦᠯᠭᠡ ᠳᠤ ᠣᠷᠣᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠶᠡᠷᠦᠩᠬᠡᠢ ᠲᠥᠯᠦᠪᠵᠢᠭᠦᠯᠭᠡ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠲᠠᠢ ᠤᠶᠠᠯᠳᠤᠭᠤᠯᠤᠨ | ᠲᠥᠯᠦᠪᠵᠢᠭᠦᠯᠭᠡ ᠶᠢ ᠬᠡᠷᠡᠭᠵᠢᠭᠦᠯᠬᠦ ᠠᠵᠢᠯ ᠢ ᠠᠬᠢᠭᠤᠯᠵᠤ᠂ ᠡᠮᠡᠭᠲᠡᠶᠢᠴᠦᠳ ᠤᠨ ᠠᠵᠢᠯ ᠦᠢᠯᠡᠰ ᠤᠨ | ᠬᠥᠭᠵᠢᠯᠲᠡ ᠶᠢ ᠠᠵᠤ ᠠᠬᠤᠢ ᠨᠡᠶᠢᠭᠡᠮ ᠤᠨ ᠬᠥᠭᠵᠢᠯᠲᠡ ᠯᠦᠭᠡ ᠵᠡᠷᠭᠡ ᠳᠤᠨᠢ ᠲᠥᠯᠥᠪᠵᠢᠭᠦᠯᠵᠦ᠂ ᠵᠡᠷᠭᠡ ᠳᠤᠨᠢ | ᠪᠠᠶᠢᠷᠢᠯᠠᠭᠤᠯᠵᠤ᠂ ᠵᠡᠷᠭᠡ ᠳᠤᠨᠢ ᠠᠬᠢᠭᠤᠯᠵᠤ᠂ ᠵᠡᠷᠭᠡ ᠳᠤᠨᠢ ᠨᠠᠶᠢᠳᠠᠪᠤᠷᠢᠵᠢᠭᠤᠯᠬᠤ ᠶᠢ ᠪᠡᠶᠡᠯᠡᠭᠦᠯᠦᠨ᠎ᠡ᠃ | (ᠳᠦᠷᠪᠡ) ᠲᠤᠰ ᠱᠠᠲᠤᠨ ᠤ ᠪᠠᠨ ᠡᠮᠡᠭᠲᠡᠶᠢᠴᠦᠳ ᠤᠨ ᠬᠥᠭᠵᠢᠯᠲᠡ ᠶᠢᠨ ᠲᠥᠯᠦᠪᠵᠢᠭᠦᠯᠭᠡ ᠶᠢ | ᠲᠣᠭᠲᠠᠭᠠᠨ᠎ᠠ᠃ ᠲᠤᠭᠤᠷᠢᠭ ᠤᠨ ᠵᠠᠰᠠᠭ ᠤᠨ ᠣᠷᠳᠣᠨ ᠨᠢ ᠪᠤᠭᠤᠲᠤ ᠬᠤᠲᠠ ᠶᠢᠨ ᠡᠮᠡᠭᠲᠡᠶᠢᠴᠦᠳ ᠤᠨ | ᠬᠥᠭᠵᠢᠯᠲᠡ ᠶᠢᠨ ᠲᠥᠯᠦᠪᠵᠢᠭᠦᠯᠭᠡ ᠶᠢ ᠦᠨᠳᠦᠰᠦᠯᠡᠨ᠂ ᠪᠣᠳᠠᠲᠠᠢ ᠲᠠᠢ ᠪᠠᠨ ᠤᠶᠠᠯᠳᠤᠭᠤᠯᠤᠨ ᠲᠣᠰ ᠱᠠᠲᠤᠨ ᠤ | ᠡᠮᠡᠭᠲᠡᠶᠢᠴᠦᠳ ᠤᠨ ᠬᠥᠭᠵᠢᠯᠲᠡ ᠶᠢᠨ ᠲᠦᠯᠦᠪᠵᠢᠭᠦᠯᠭᠡ ᠶᠢ ᠲᠤᠬᠢᠷᠠᠭᠤᠯᠤᠨ᠎ᠠ᠃ | ︵ᠲᠠᠪᠤ︶ ᠰᠠᠯᠠᠭ᠎ᠠ ᠮᠥᠴᠢᠷ ᠤᠨ ᠬᠡᠷᠡᠭᠵᠢᠭᠦᠯᠬᠦ ᠲᠥᠰᠥᠯ ᠢ ᠲᠣᠭᠲᠠᠭᠠᠨ᠎ᠠ᠃ ᠲᠥᠯᠦᠪᠵᠢᠭᠦᠯᠭᠡ ᠶᠢᠨ | ᠬᠠᠷᠠᠯᠲᠠ ᠶᠢᠨ ᠡᠭᠦᠷᠭᠡ ᠶᠢ ᠡᠭᠦᠷᠭᠡᠯᠡᠭᠰᠡᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠠᠮᠢᠶ᠎ᠠ ᠪᠦᠬᠦᠢ ᠪᠠᠶᠢᠭᠤᠯᠤᠮᠵᠢ | ᠪᠠ ᠠᠷᠠᠳ ᠤᠨ ᠪᠦᠯᠬᠦᠮ ᠤᠳ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ ᠡᠭᠦᠷᠭᠡ ᠶᠢᠨ ᠠᠵᠢᠯ ᠤᠨ | ᠬᠤᠪᠢᠶᠠᠷᠢᠯᠠᠯ ᠶᠣᠰᠣᠭᠠᠷ᠂ ᠬᠡᠷᠡᠭᠵᠢᠭᠦᠯᠬᠦ ᠲᠥᠰᠥᠯ ᠲᠣᠭᠲᠠᠭᠠᠬᠤ ᠶᠢᠨ ᠬᠠᠮᠲᠤ ᠲᠣᠭᠤᠷᠢᠭ ᠤᠨ ᠡᠮᠡᠭᠲᠡᠶᠢᠴᠦᠳ | ᠬᠡᠦᠬᠡᠳ ᠤᠨ ᠠᠵᠢᠯ ᠤᠨ ᠵᠥᠪᠯᠡᠯ ᠤᠨ ᠠᠯᠪᠠᠨ ᠭᠡᠷ ᠲᠤ ᠮᠡᠳᠡᠭᠦᠯᠦᠨ ᠬᠦᠷᠭᠡᠨ᠎ᠡ᠃ | ︵ᠵᠢᠷᠭᠤᠭ᠎ᠠ︶ ᠡᠮᠡᠭᠲᠡᠶᠢᠴᠦᠳ ᠤᠨ ᠬᠥᠭᠵᠢᠯᠲᠡ ᠶᠢᠨ ᠵᠠᠷᠤᠳᠠᠯ ᠤᠨ ᠳᠡᠮᠵᠢᠯᠭᠡ ᠶᠢ ᠴᠢᠩᠭᠠᠳᠬᠠᠨ᠎ᠠ᠃ | ᠲᠤᠭᠤᠷᠢᠭ ᠤᠨ ᠵᠠᠰᠠᠭ ᠤᠨ ᠣᠷᠳᠣᠨ ᠲᠥᠯᠦᠪᠵᠢᠭᠦᠯᠭᠡ ᠶᠢ ᠬᠡᠷᠡᠭᠵᠢᠭᠦᠯᠬᠦ ᠳᠤ ᠬᠡᠷᠡᠭᠰᠡᠬᠦ ᠠᠵᠢᠯ ᠤᠨ ᠵᠠᠷᠤᠳᠠᠯ ᠢ | ᠡᠳ᠋ ᠤᠨ ᠵᠠᠰᠠᠭ ᠤᠨ ᠲᠥᠰᠥᠪ ᠲᠤ ᠣᠷᠣᠭᠤᠯᠵᠤ᠂ ᠡᠮᠡᠭᠲᠡᠶᠢᠴᠦᠳ ᠤᠨ ᠠᠵᠢᠯ ᠦᠢᠯᠡᠰ ᠪᠠ ᠠᠵᠤ ᠠᠬᠤᠢ | ᠨᠡᠶᠢᠭᠡᠮ ᠤᠨ ᠵᠡᠷᠭᠡᠪᠡᠷ ᠬᠥᠭᠵᠢᠬᠦ ᠶᠢ ᠪᠡᠶᠡᠯᠡᠭᠦᠯᠦᠨ᠎ᠡ᠃ ᠡᠳ᠋ ᠤᠨ ᠵᠠᠰᠠᠭ ᠤᠨ ᠡᠮᠡᠭᠲᠡᠶᠢᠴᠦᠳ ᠤᠨ ᠬᠥᠭᠵᠢᠯᠲᠡ ᠶᠢᠨ | ᠭᠤᠣᠯᠳᠠᠯᠭ᠎ᠠ ᠲᠠᠢ ᠬᠦᠷᠢᠶᠡᠨ ᠳᠠᠬᠢ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠬᠤ ᠶᠢ ᠦᠨᠡᠨ ᠬᠦ ᠪᠠᠲᠤᠯᠠᠵᠤ᠂ | ᠡᠳ᠋ ᠤᠨ ᠵᠠᠰᠠᠭ ᠤᠨ ᠪᠡᠯᠡ ᠮᠥᠩᠭᠦ ᠶᠢ ᠲᠥᠯᠦᠪᠵᠢᠭᠦᠯᠭᠡ ᠶᠢᠨ ᠭᠤᠣᠯᠳᠠᠯᠭ᠎ᠠ ᠲᠠᠢ ᠬᠠᠷᠠᠯᠲᠠ ᠡᠭᠦᠷᠭᠡ ᠲᠡᠶᠢᠰᠢ | ᠬᠡᠯᠪᠡᠶᠢᠯᠭᠡᠨ᠎ᠡ᠃ ᠣᠨᠴᠠᠭᠠᠶ ᠬᠦᠴᠢᠷᠳᠡᠯ ᠲᠠᠢ ᠡᠮᠡᠭᠲᠡᠶᠢᠴᠦᠳ ᠤᠨ ᠬᠠᠮᠲᠤᠯᠢᠭ ᠤᠨ ᠬᠥᠭᠵᠢᠯᠲᠡ ᠶᠢ ᠲᠡᠮᠵᠢᠨ᠎ᠠ᠃ | ᠨᠡᠶᠢᠭᠡᠮ ᠤᠨ ᠬᠦᠴᠦᠨ ᠢ ᠳᠠᠶᠢᠴᠢᠯᠠᠵᠤ᠂ ᠤᠯᠠᠨ ᠠᠷᠭ᠎ᠠ ᠵᠠᠮ ᠢᠶᠠᠷ ᠡᠬᠢ ᠪᠠᠶᠠᠯᠢᠭ ᠢ ᠴᠤᠭᠯᠠᠭᠤᠯᠵᠤ᠂ | ᠡᠮᠡᠭᠲᠡᠶᠢᠴᠦᠳ ᠤᠨ ᠦᠢᠯᠡᠰ ᠢ ᠬᠥᠭᠵᠢᠭᠦᠯᠦᠨ᠎ᠡ᠃ | ︵ᠳᠣᠯᠤᠭ᠎ᠠ︶ ᠲᠥᠯᠦᠪᠵᠢᠭᠦᠯᠭᠡ ᠶᠢ ᠬᠡᠷᠡᠭᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | ᠲᠤᠭᠤᠷᠢᠭ ᠤᠨ ᠵᠠᠰᠠᠭ ᠤᠨ ᠣᠷᠳᠣᠨ ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠠᠬᠢᠷᠤᠭᠤᠯᠵᠤ᠂ | ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠨ᠂ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠵᠢᠴᠢ | ᠲᠡᠭᠦᠨ ᠤ ᠠᠯᠪᠠᠨ ᠭᠡᠷ ᠤᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠠᠶᠢᠭᠤᠯᠤᠮᠵᠢ ᠶᠢᠨ ᠡᠭᠦᠷᠭᠡ | ᠴᠢᠳᠠᠪᠤᠷᠢ ᠶᠢ ᠰᠢᠯᠢᠳᠡᠭᠵᠢᠭᠦᠯᠦᠨ ᠥᠨᠳᠥᠷ ᠪᠦᠲᠦᠮᠵᠢᠲᠡᠶ ᠪᠠᠶᠢᠯᠭᠠᠬᠤ ᠶᠢ ᠠᠬᠢᠭᠤᠯᠤᠨ᠎ᠠ᠃ ᠲᠥᠯᠦᠪᠵᠢᠭᠦᠯᠭᠡ ᠶᠢ | ᠬᠡᠷᠡᠭᠵᠢᠭᠦᠯᠬᠦ ᠶᠢᠨ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠵᠤ᠂ ᠡᠮᠡᠭᠲᠡᠶᠢᠴᠦᠳ ᠤᠨ ᠠᠵᠢᠯ ᠢ | ᠥᠷᠨᠢᠭᠦᠯᠬᠦ ᠠᠵᠢᠯ ᠤᠨ ᠬᠦᠴᠦᠨ ᠪᠠ ᠲᠤᠰᠬᠠᠢ ᠵᠠᠷᠤᠳᠠᠯ ᠲᠠᠢ ᠪᠠᠶᠢᠵᠤ᠂ ᠲᠥᠯᠦᠪᠵᠢᠭᠦᠯᠭᠡ ᠶᠢ ᠬᠡᠷᠡᠭᠵᠢᠭᠦᠯᠬᠦ ᠳᠤ | ᠴᠢᠬᠤᠯᠠ ᠪᠦᠬᠦᠢ ᠬᠥᠮᠥᠨ ᠤ ᠬᠦᠴᠦᠨ ᠪᠣᠳᠠᠰ ᠤᠨ ᠬᠦᠴᠦᠨ ᠡᠳ᠋ ᠤᠨ ᠬᠦᠴᠦᠨ ᠤ ᠳᠡᠮᠵᠢᠯᠭᠡ ᠬᠠᠩᠭᠠᠨ᠎ᠠ᠃ | ︵ᠨᠠᠢᠮᠠ︶ ᠲᠥᠯᠦᠪᠵᠢᠭᠦᠯᠭᠡ ᠶᠢ ᠬᠡᠷᠡᠭᠵᠢᠭᠦᠯᠬᠦ ᠠᠵᠢᠯ ᠤᠨ ᠳᠦᠷᠢᠮ ᠤᠨ ᠲᠣᠭᠲᠠᠴᠠ ᠶᠢ | ᠲᠡᠭᠦᠯᠳᠡᠷᠵᠢᠭᠦᠯᠦᠨ᠎ᠡ᠃ ᠬᠠᠷᠠᠯᠲᠠᠲᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠪᠦᠷᠢᠨᠰᠢᠭᠦᠯᠵᠦ᠂ | ᠲᠥᠯᠦᠪᠵᠢᠭᠦᠯᠭᠡ ᠶᠢᠨ ᠬᠡᠷᠡᠭᠵᠢᠭᠦᠯᠦᠯᠲᠡ ᠶᠢ ᠵᠠᠰᠠᠭ ᠤᠨ ᠣᠷᠳᠣᠨ ᠤ ᠡᠳᠦᠷ ᠲᠤᠲᠤᠮ ᠤᠨ ᠵᠥᠪᠯᠡᠬᠦ ᠵᠦᠢᠯ ᠪᠠ | ᠰᠢᠯᠭᠠᠨ ᠬᠢᠨᠠᠬᠤ ᠠᠭᠤᠯᠭ᠎ᠠ ᠳᠤ ᠣᠷᠣᠭᠤᠯᠵᠤ᠂ ᠲᠥᠯᠦᠪᠵᠢᠭᠦᠯᠭᠡ ᠶᠢᠨ ᠬᠠᠷᠠᠯᠲᠠ ᠶᠢ ᠬᠠᠷᠢᠭᠤᠴᠠᠯᠭᠠᠲᠤ ᠨᠢᠭᠡᠴᠡ ᠳᠤ | ᠵᠠᠳᠠᠯᠬᠤ ᠶᠢᠨ ᠬᠠᠮᠲᠤ ᠬᠠᠷᠠᠯᠲᠠᠲᠤ ᠬᠠᠮᠢᠶᠠᠷᠤᠯᠲᠠ ᠪᠠ ᠰᠢᠯᠭᠠᠨ ᠬᠢᠨᠠᠬᠤ ᠠᠭᠤᠯᠭ᠎ᠠ ᠳᠤ ᠣᠷᠣᠭᠤᠯᠤᠨ᠎ᠠ᠃ | ᠱᠠᠯᠠᠪᠳᠠᠭᠤᠯᠤᠨ ᠵᠢᠯᠤᠭᠤᠳᠴᠤ ᠪᠠᠶᠢᠴᠠᠭᠠᠬᠤ ᠳᠦᠷᠢᠮ ᠢ ᠪᠦᠷᠢᠨᠰᠢᠭᠦᠯᠵᠦ᠂ ᠲᠥᠯᠦᠪᠵᠢᠭᠦᠯᠭᠡ ᠶᠢ ᠬᠡᠷᠡᠭᠵᠢᠭᠦᠯᠦᠭᠰᠡᠨ | ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠱᠠᠯᠠᠪᠳᠠᠭᠤᠯᠤᠨ ᠪᠠᠶᠢᠴᠠᠭᠠᠬᠤ ᠶᠢ ᠥᠷᠨᠢᠭᠦᠯᠦᠨ᠎ᠡ᠃ ᠮᠡᠳᠡᠭᠦᠯᠬᠦ | ᠳᠦᠷᠢᠮ ᠢ ᠪᠦᠷᠢᠨᠰᠢᠭᠦᠯᠵᠦ᠂ ᠬᠠᠷᠢᠭᠤᠴᠠᠯᠭᠠᠲᠤ ᠨᠢᠭᠡᠴᠡ ᠨᠢ ᠵᠢᠯ ᠪᠦᠷᠢ ᠲᠣᠭᠤᠷᠢᠭ ᠤᠨ ᠡᠮᠡᠭᠲᠡᠶᠢᠴᠦᠳ | ᠬᠡᠦᠬᠡᠳ ᠤᠨ ᠠᠵᠢᠯ ᠤᠨ ᠵᠥᠪᠯᠡᠯ ᠳᠤ ᠲᠥᠯᠦᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠪᠠ ᠳᠠᠷᠠᠭ᠎ᠠ ᠵᠢᠯ ᠤᠨ | ᠠᠵᠢᠯ ᠤᠨ ᠲᠣᠬᠢᠷᠠᠭᠤᠯᠤᠯᠲᠠ ᠪᠠᠨ ᠮᠡᠳᠡᠭᠦᠯᠬᠦ ᠬᠡᠷᠡᠭᠲᠡᠢ᠃ ᠬᠢᠨᠠᠨ ᠬᠡᠮᠵᠢᠵᠦ ᠦᠨᠡᠯᠡᠨ ᠵᠢᠱᠢᠬᠦ ᠳᠦᠷᠢᠮ ᠢ | ᠪᠦᠷᠢᠨᠰᠢᠭᠦᠯᠵᠦ᠂ ᠲᠥᠯᠦᠪᠵᠢᠭᠦᠯᠭᠡ ᠶᠢ ᠬᠡᠷᠡᠭᠵᠢᠭᠦᠯᠵᠦ ᠪᠠᠶᠢᠭ᠎ᠠ ᠬᠢᠨᠠᠨ ᠬᠡᠮᠵᠢᠬᠦ ᠠᠵᠢᠯ ᠢ ᠲᠤᠭ᠎ᠠ ᠪᠦᠷᠢᠳᠬᠡᠯ ᠤᠨ | ᠰᠠᠯᠠᠭ᠎ᠠ ᠮᠥᠴᠢᠷ ᠠᠴᠠ ᠬᠠᠷᠢᠭᠤᠴᠠᠨ᠎ᠠ᠃ ᠱᠠᠯᠠᠪᠳᠠᠭᠤᠯᠤᠨ ᠵᠢᠯᠤᠭᠤᠳᠴᠤ ᠪᠠᠶᠢᠴᠠᠭᠠᠬᠤ ᠳᠦᠷᠢᠮ ᠢ ᠪᠦᠷᠢᠨᠰᠢᠭᠦᠯᠵᠦ᠂ | ᠲᠥᠯᠦᠪᠵᠢᠭᠦᠯᠭᠡ ᠶᠢ ᠨᠠᠶᠢᠳᠠᠪᠤᠷᠢᠵᠢᠭᠤᠯᠤᠭᠰᠠᠨ ᠵᠢᠴᠢ ᠭᠤᠣᠯ ᠬᠠᠷᠠᠯᠲᠠ ᠶᠢ ᠠᠬᠢᠭᠤᠯᠤᠭᠰᠠᠨ ᠪᠠᠶᠢᠳᠠᠯ ᠳᠤ | ᠲᠣᠭᠲᠠᠮᠠᠯ ᠬᠤᠭᠤᠴᠠᠭ᠎ᠠ ᠲᠠᠢ ᠪᠠᠷ ᠱᠠᠯᠠᠪᠳᠠᠭᠤᠯᠤᠨ ᠪᠠᠶᠢᠴᠠᠭᠠᠬᠤ ᠶᠢ ᠥᠷᠨᠢᠭᠦᠯᠦᠨ᠎ᠡ᠃ ᠪᠠᠶᠢᠴᠠᠭᠠᠨ ᠰᠤᠳᠤᠯᠬᠤ | ᠳᠦᠷᠢᠮ ᠢ ᠪᠦᠷᠢᠨᠰᠢᠭᠦᠯᠦᠨ᠂ ᠡᠮᠡᠭᠲᠡᠶᠢᠴᠦᠳ ᠤᠨ ᠬᠥᠭᠵᠢᠯᠲᠡ ᠶᠢᠨ ᠲᠤᠰᠬᠠᠢ ᠮᠡᠷᠭᠡᠵᠢᠯᠲᠡᠨ ᠤ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠵᠤ᠂ ᠲᠤᠰᠬᠠᠢ ᠮᠡᠷᠭᠡᠵᠢᠯ ᠤᠨ ᠰᠤᠳᠤᠯᠭᠠᠨ ᠤ ᠬᠦᠴᠦᠨ ᠢ ᠪᠣᠶᠢᠵᠢᠭᠤᠯᠤᠨ᠂ | ᠰᠤᠳᠤᠯᠭᠠᠨ ᠤ ᠪᠠᠶᠢᠭᠤᠯᠤᠮᠵᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠳᠤ ᠲᠦᠰᠢᠭᠯᠡᠨ ᠡᠮᠡᠭᠲᠡᠶᠢᠴᠦᠳ ᠤᠨ | ᠬᠥᠭᠵᠢᠯᠲᠡ ᠶᠢᠨ ᠰᠤᠳᠤᠯᠭᠠᠨ ᠤ ᠰᠠᠭᠤᠷᠢᠨ ᠭᠠᠵᠠᠷ ᠢ ᠪᠠᠶᠢᠭᠤᠯᠵᠤ᠂ ᠲᠥᠯᠦᠪᠵᠢᠭᠦᠯᠭᠡ ᠶᠢᠨ ᠭᠤᠣᠯ ᠬᠠᠷᠠᠯᠲᠠ ᠶᠢᠨ | ᠣᠨᠣᠯ ᠵᠢᠴᠢ ᠦᠢᠯᠡᠳᠦᠯᠭᠡ ᠶᠢᠨ ᠰᠤᠳᠤᠯᠭᠠᠨ ᠢ ᠥᠷᠨᠢᠭᠦᠯᠵᠦ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ | ᠲᠣᠭᠲᠠᠭᠠᠯ ᠲᠥᠷᠥ ᠶᠢᠨ ᠪᠣᠳᠣᠯᠭ᠎ᠠ ᠶᠢ ᠲᠣᠭᠲᠠᠭᠠᠬᠤ ᠪᠠ ᠲᠡᠭᠦᠯᠳᠡᠷᠵᠢᠭᠦᠯᠬᠦ ᠳᠤ ᠯᠠᠪᠯᠠᠯᠲᠠ ᠬᠠᠩᠭᠠᠨ᠎ᠠ᠃ | ᠲᠥᠯᠦᠪᠵᠢᠭᠦᠯᠭᠡ ᠶᠢ ᠬᠡᠷᠡᠭᠵᠢᠭᠦᠯᠬᠦ ᠵᠢᠱᠢᠶ᠎ᠡ ᠦᠵᠡᠭᠦᠯᠬᠦ ᠳᠦᠷᠢᠮ ᠢ ᠪᠦᠷᠢᠨᠰᠢᠭᠦᠯᠵᠦ᠂ ᠵᠢᠱᠢᠶ᠎ᠡ ᠦᠵᠡᠭᠦᠯᠬᠦ ᠭᠠᠵᠠᠷ | ᠣᠷᠣᠨ᠂ ᠵᠢᠱᠢᠶ᠎ᠡ ᠦᠵᠡᠭᠦᠯᠬᠦ ᠨᠢᠭᠡᠴᠢ ᠶᠢᠨ ᠴᠡᠭ ᠢᠶᠠᠷ ᠨᠡᠶᠢᠳᠡᠮ ᠢ ᠳᠠᠶᠢᠴᠢᠯᠠᠬᠤ᠂ ᠵᠢᠱᠢᠶ᠎ᠡ ᠦᠵᠡᠭᠦᠯᠦᠨ ᠳᠠᠶᠢᠴᠢᠯᠠᠬᠤ | ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠬᠥᠬᠢᠭᠦᠯᠦᠨ ᠰᠠᠶᠢᠰᠢᠶᠠᠬᠤ ᠳᠦᠷᠢᠮ ᠢ ᠲᠡᠭᠦᠯᠳᠡᠷᠵᠢᠭᠦᠯᠵᠦ᠂ | ᠲᠥᠯᠦᠪᠵᠢᠭᠦᠯᠭᠡ ᠶᠢ ᠬᠡᠷᠡᠭᠵᠢᠭᠦᠯᠦᠭᠰᠡᠨ ᠲᠡᠷᠢᠭᠦᠨ ᠤ ᠬᠠᠮᠲᠤ ᠪᠠ ᠲᠡᠷᠢᠭᠦᠨ ᠤ ᠬᠤᠪᠢ ᠬᠥᠮᠥᠨ ᠢ ᠬᠤᠯᠪᠣᠭᠳᠠᠯ | ᠪᠦᠬᠦᠢ ᠲᠣᠭᠲᠠᠭᠠᠯ ᠶᠣᠰᠣᠭᠠᠷ ᠬᠥᠬᠢᠭᠦᠯᠦᠨ ᠰᠠᠶᠢᠰᠢᠶᠠᠨ᠎ᠠ᠃ | ︵ᠶᠢᠰᠦ︶ ᠬᠡᠷᠡᠭᠵᠢᠭᠦᠯᠬᠦ ᠲᠥᠯᠦᠪᠵᠢᠭᠦᠯᠭᠡ ᠶᠢᠨ ᠵᠥᠪᠳᠡᠯᠴᠡᠬᠦ ᠪᠠ ᠬᠡᠷᠡᠭ ᠵᠥᠪᠯᠡᠬᠦ ᠳᠦᠷᠢᠮ ᠢ | ᠲᠡᠭᠦᠯᠳᠡᠷᠵᠢᠭᠦᠯᠦᠨ ᠨᠠᠶᠢᠳᠠᠪᠤᠷᠢᠵᠢᠭᠤᠯᠤᠨ᠎ᠠ᠃ ᠬᠡᠷᠡᠭᠴᠡᠭᠡ ᠪᠠᠨ ᠦᠨᠳᠦᠰᠦᠯᠡᠨ ᠵᠦᠪᠯᠡᠯ ᠤᠨ ᠡᠷᠬᠢᠯᠡᠭᠴᠢ ᠠᠴᠠ | ᠵᠦᠪᠯᠡᠯ ᠤᠨ ᠡᠷᠬᠢᠯᠡᠭᠴᠢ ᠶᠢᠨ ᠠᠯᠪᠠᠨ ᠠᠵᠢᠯ ᠤᠨ ᠬᠤᠷᠠᠯ ᠢ ᠴᠠᠭ ᠲᠤᠬᠠᠢ ᠳᠤᠨᠢ ᠡᠷᠬᠢᠯᠡᠨ ᠬᠤᠷᠠᠯᠳᠤᠭᠤᠯᠵᠤ᠂ | ᠲᠥᠯᠦᠪᠵᠢᠭᠦᠯᠭᠡ ᠶᠢ ᠬᠡᠷᠡᠭᠵᠢᠭᠦᠯᠬᠦ ᠶᠠᠪᠤᠴᠠ ᠳᠠᠬᠢ ᠴᠢᠬᠤᠯᠠ ᠠᠰᠠᠭᠤᠳᠠᠯ ᠪᠤᠶᠤ ᠴᠢᠬᠤᠯᠠ ᠶᠡᠭᠡ ᠤᠴᠢᠷ | ᠶᠠᠪᠤᠳᠠᠯ ᠢ ᠲᠤᠰᠬᠠᠢ ᠰᠡᠳᠦᠪ ᠢᠶᠠᠷ ᠰᠤᠳᠤᠯᠤᠨ ᠰᠢᠢᠳᠪᠦᠷᠢᠯᠡᠨ᠎ᠡ᠃ ᠬᠢᠨᠠᠨ ᠬᠡᠮᠵᠢᠬᠦ ᠲᠠᠯ᠎ᠠ ᠠᠴᠠ ᠲᠥᠯᠦᠪᠵᠢᠭᠦᠯᠭᠡ | ᠶᠢᠨ ᠠᠬᠢᠴᠠ ᠶᠢᠨ ᠪᠠᠶᠢᠳᠠᠯ ᠢ ᠵᠠᠳᠠᠯᠵᠤ ᠦᠨᠡᠯᠡᠨ ᠵᠢᠱᠢᠵᠦ᠂ ᠡᠮᠡᠭᠲᠡᠶᠢᠴᠦᠳ ᠤᠨ ᠬᠥᠭᠵᠢᠯᠲᠡ ᠶᠢᠨ ᠬᠠᠨᠳᠤᠰᠢ ᠶᠢ | ᠲᠥᠰᠥᠭᠡᠯᠡᠵᠦ ᠰᠤᠳᠤᠯᠤᠨ ᠮᠠᠭᠠᠳᠯᠠᠵᠤ᠂ ᠬᠤᠯᠪᠣᠭᠳᠠᠯ ᠪᠦᠬᠦᠢ ᠠᠷᠭᠠᠴᠠᠬᠤ ᠪᠣᠳᠣᠯᠭ᠎ᠠ ᠶᠢᠨ ᠰᠠᠨᠠᠭᠤᠯᠭ᠎ᠠ ᠶᠢ | ᠳᠤᠷᠠᠳᠬᠤ ᠬᠡᠷᠡᠭᠲᠡᠢ᠃ | ︵ᠠᠷᠪᠠ︶ ᠲᠥᠯᠦᠪᠵᠢᠭᠦᠯᠭᠡ ᠵᠢᠬᠡᠷᠡᠭᠵᠢᠭᠦᠯᠬᠦ ᠤᠬᠠᠭᠤᠯᠭ᠎ᠠ ᠪᠤᠯᠪᠠᠰᠤᠷᠠᠯ ᠤᠨ ᠡᠷᠴᠢᠮ ᠢ ᠴᠢᠩᠭᠠᠷᠠᠭᠤᠯᠤᠨ᠎ᠠ᠃ | ᠰᠢ ᠶᠢᠨ ᠫᠢᠩ ᠶᠡᠷᠦᠩᠬᠡᠢ ᠱᠦᠵᠢ ᠶᠢᠨ ᠡᠮᠡᠭᠲᠡᠶᠢᠴᠦᠳ ᠪᠠ ᠡᠮᠡᠭᠲᠡᠶᠢᠴᠦᠳ ᠤᠨ ᠠᠵᠢᠯ ᠤᠨ ᠲᠤᠬᠠᠢ ᠴᠢᠬᠤᠯᠠ | ᠥᠭᠦᠯᠡᠯᠲᠡ ᠶᠢ ᠶᠡᠬᠡᠪᠡᠷ ᠤᠬᠠᠭᠤᠯᠵᠤ᠂ ᠨᠠᠮ ᠤᠨ ᠲᠥᠪ ᠬᠤᠷᠢᠶᠠᠨ ᠤ ᠡᠮᠡᠭᠲᠡᠶᠢᠴᠦᠳ ᠤᠨ ᠦᠢᠯᠡᠰ ᠤᠨ | ᠬᠥᠭᠵᠢᠯᠲᠡ ᠶᠢᠨ ᠲᠤᠬᠠᠢ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠤᠬᠠᠭᠤᠯᠵᠦ᠂ ᠨᠠᠮ ᠤᠨ | ᠪᠠᠲᠤ ᠴᠢᠩᠭ᠎ᠠ ᠤᠳᠤᠷᠢᠳᠤᠯᠭ᠎ᠠ ᠳᠣᠣᠷᠠᠬᠢ ᠡᠮᠡᠭᠲᠡᠶᠢᠴᠦᠳ ᠤᠨ ᠠᠵᠢᠯ ᠦᠢᠯᠡᠰ ᠤᠨ ᠬᠥᠭᠵᠢᠯᠲᠡ ᠶᠢᠨ ᠠᠮᠵᠢᠯᠲᠠ | ᠪᠦᠲᠦᠮᠵᠢ ᠶᠢ ᠤᠬᠠᠭᠤᠯᠵᠤ᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠪᠠ | ᠡᠮᠡᠭᠲᠡᠶᠢᠴᠦᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ᠂ ᠡᠮᠡᠭᠲᠡᠶᠢᠴᠦᠳ ᠤᠨ ᠬᠥᠭᠵᠢᠯᠲᠡ ᠶᠢ | ᠠᠬᠢᠭᠤᠯᠬᠤ ᠬᠠᠤᠯᠢ ᠴᠠᠭᠠᠵᠠ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠤᠬᠠᠭᠤᠯᠵᠤ᠂ ᠲᠥᠯᠦᠪᠵᠢᠭᠦᠯᠭᠡ ᠶᠢᠨ | ᠠᠭᠤᠯᠭ᠎ᠠ ᠪᠠ ᠲᠥᠯᠦᠪᠵᠢᠭᠦᠯᠭᠡ ᠶᠢ ᠬᠡᠷᠡᠭᠵᠢᠭᠦᠯᠬᠦ ᠶᠠᠪᠤᠴᠠ ᠳᠠᠬᠢ ᠲᠤᠷᠰᠢᠯᠭ᠎ᠠ ᠪᠠ ᠦᠷ᠎ᠡ ᠪᠦᠲᠦᠮᠵᠢ ᠶᠢ | ᠤᠬᠠᠭᠤᠯᠵᠤ᠂ ᠡᠮᠡᠭᠲᠡᠶᠢᠴᠦᠳ ᠤᠨ ᠬᠥᠭᠵᠢᠯᠲᠡ ᠳᠤ ᠠᠰᠢᠭᠲᠠᠢ ᠨᠡᠶᠢᠭᠡᠮ ᠤᠨ ᠠᠭᠤᠷ ᠠᠮᠢᠰᠬᠤᠯ ᠢ ᠴᠢᠷᠮᠠᠶᠢᠨ ᠪᠣᠶ | ᠪᠣᠯᠭᠠᠨ᠎ᠠ᠃ ᠰᠢ ᠶᠢᠨ ᠫᠢᠩ ᠶᠡᠷᠦᠩᠬᠡᠢ ᠱᠦᠵᠢ ᠶᠢᠨ ᠡᠮᠡᠭᠲᠡᠶᠢᠴᠦᠳ ᠪᠠ ᠡᠮᠡᠭᠲᠡᠶᠢᠴᠦᠳ ᠤᠨ ᠠᠵᠢᠯ ᠤᠨ ᠲᠤᠬᠠᠢ | ᠴᠢᠬᠤᠯᠠ ᠥᠭᠦᠯᠡᠯᠲᠡ ᠶᠢ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠲᠤᠬᠠᠢ ᠤᠯᠤᠰ ᠤᠨ ᠦᠨᠳᠦᠰᠦᠨ | ᠪᠣᠳᠣᠯᠭ᠎ᠠ ᠶᠢᠨ ᠬᠤᠯᠪᠣᠭᠳᠠᠯ ᠪᠦᠬᠦᠢ ᠠᠭᠤᠯᠭ᠎ᠠ ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ | ᠲᠥᠷᠥ ᠶᠢᠨ ᠪᠣᠳᠣᠯᠭ᠎ᠠ ᠶᠢ ᠡᠯ᠎ᠡ ᠱᠠᠲᠤᠨ ᠤ ᠺᠠᠳ᠋ᠷᠴᠤᠳ ᠤᠨ ᠰᠤᠷᠤᠯᠴᠠᠬᠤ ᠠᠭᠤᠯᠭ᠎ᠠ ᠳᠤ ᠣᠷᠣᠭᠤᠯᠵᠤ᠂ | ᠲᠥᠯᠦᠪᠵᠢᠭᠦᠯᠭᠡ ᠶᠢ ᠬᠡᠷᠡᠭᠵᠢᠭᠦᠯᠬᠦ ᠳᠤ ᠬᠡᠷᠡᠭᠰᠡᠬᠦ ᠮᠡᠳᠡᠯᠭᠡ ᠶᠢ ᠪᠤᠯᠪᠠᠰᠤᠷᠠᠯ ᠤᠨ ᠲᠥᠯᠥᠪᠯᠡᠭᠡ ᠳᠤ ᠣᠷᠣᠭᠤᠯᠤᠨ᠂ | ᠣᠯᠠᠨ ᠲᠠᠰ ᠳᠠᠪᠬᠤᠷᠭ᠎ᠠ᠂ ᠣᠯᠠᠨ ᠬᠡᠯᠪᠡᠷᠢ ᠶᠢᠨ ᠪᠤᠯᠪᠠᠰᠤᠷᠠᠯ ᠢ ᠡᠷᠭᠢᠯᠡᠵᠦ᠂ ᠵᠠᠰᠠᠭ ᠤᠨ ᠣᠷᠳᠣᠨ ᠤ ᠬᠤᠯᠪᠣᠭᠳᠠᠯ | ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠪᠠᠶᠢᠭᠤᠯᠤᠮᠵᠢ ᠪᠠ ᠠᠵᠢᠯᠲᠠᠨ ᠤ ᠲᠥᠯᠦᠪᠵᠢᠭᠦᠯᠭᠡ ᠶᠢ | ᠬᠡᠷᠡᠭᠵᠢᠭᠦᠯᠬᠦ ᠬᠠᠷᠢᠭᠤᠴᠠᠯᠭ᠎ᠠ ᠶᠢᠨ ᠤᠬᠠᠮᠰᠠᠷ ᠪᠠ ᠴᠢᠳᠠᠪᠤᠷᠢ ᠶᠢ ᠨᠡᠮᠡᠭᠳᠡᠭᠦᠯᠦᠨ᠎ᠡ᠃ | ︵ᠠᠷᠪᠠᠨ ᠨᠢᠭᠡ︶ ᠲᠥᠯᠦᠪᠵᠢᠭᠦᠯᠭᠡ ᠶᠢ ᠬᠡᠷᠡᠭᠵᠢᠭᠦᠯᠬᠦ ᠪᠦᠲᠦᠮᠵᠢᠲᠡᠶ ᠠᠷᠭ᠎ᠠ ᠬᠢᠳᠡᠯ ᠢ ᠪᠠᠷᠢᠮᠲᠠᠯᠠᠬᠤ ᠪᠠ | ᠰᠢᠨ᠎ᠡ ᠶᠢ ᠡᠭᠦᠳᠦᠨ᠎ᠡ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ | ᠪᠣᠯᠭᠠᠬᠤ ᠶᠢ ᠬᠠᠷᠢᠯᠴᠠᠨ ᠨᠢᠭᠡᠳᠬᠡᠬᠦ ᠶᠢ ᠪᠠᠷᠢᠮᠲᠠᠯᠠᠵᠤ᠂ ᠡᠮᠡᠭᠲᠡᠶᠢᠴᠦᠳ ᠤᠨ ᠬᠥᠭᠵᠢᠯᠲᠡ ᠶᠢ ᠠᠬᠢᠭᠤᠯᠬᠤ ᠬᠠᠤᠯᠢ | ᠲᠣᠭᠲᠠᠭᠠᠯ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠪᠠᠶᠢᠭᠤᠯᠵᠤ᠂ ᠡᠮᠡᠭᠲᠡᠶᠢᠴᠦᠳ ᠤᠨ ᠬᠠᠤᠯᠢ ᠶᠣᠰᠣᠨ ᠤ ᠡᠷᠬᠡ | ᠠᠰᠢᠭ ᠢ ᠪᠠᠲᠤᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠡᠮᠡᠭᠲᠡᠶᠢᠴᠦᠳ ᠤᠨ ᠬᠥᠭᠵᠢᠯᠲᠡ ᠶᠢ ᠠᠬᠢᠭᠤᠯᠬᠤ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠦᠢᠯᠡᠰ ᠢ ᠬᠡᠷᠡᠭᠵᠢᠭᠦᠯᠦᠨ᠎ᠡ᠃ ᠲᠥᠷᠥᠯ ᠬᠤᠪᠢᠶᠠᠨ | ᠵᠢᠯᠤᠭᠤᠳᠬᠤ᠂ ᠤᠷᠢᠳᠠᠪᠠᠷ ᠵᠢᠱᠢᠶ᠎ᠡ ᠦᠵᠡᠭᠦᠯᠬᠦ ᠪᠠᠷ ᠳᠠᠮᠵᠢᠭᠤᠯᠤᠨ᠂ ᠰᠠᠶᠢᠨ ᠠᠷᠭ᠎ᠠ ᠪᠠ ᠰᠠᠶᠢᠨ ᠲᠤᠷᠰᠢᠯᠭ᠎ᠠ ᠶᠢ | ᠳ᠋ᠦᠩᠨᠡᠨ ᠳᠡᠯᠭᠡᠷᠡᠭᠦᠯᠦᠨ᠎ᠡ᠃ ᠨᠡᠶᠢᠭᠡᠮ ᠤᠨ ᠡᠯ᠎ᠡ ᠡᠲᠡᠭᠡᠳ ᠤᠨ ᠬᠢᠨ ᠤ ᠲᠥᠯᠦᠪᠵᠢᠭᠦᠯᠭᠡ ᠶᠢᠨ | ᠬᠡᠷᠡᠭᠵᠢᠭᠦᠯᠦᠯᠲᠡ ᠳᠤ ᠥᠷᠭᠡᠨ ᠢᠶᠠᠷ ᠣᠷᠤᠯᠴᠠᠬᠤ ᠶᠢ ᠵᠣᠷᠢᠭᠵᠢᠭᠤᠯᠵᠤ᠂ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠢᠭᠦᠯᠡᠰᠦᠩᠭᠦᠢ ᠶᠢᠨ ᠪᠠᠶᠢᠭᠤᠯᠤᠮᠵᠢ ᠪᠠ ᠨᠡᠶᠢᠲᠡ ᠶᠢᠨ | ᠠᠰᠠᠷᠠᠮᠵᠢ ᠶᠢᠨ ᠬᠥᠮᠥᠰ ᠤᠨ ᠡᠮᠡᠭᠲᠡᠶᠢᠴᠦᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ᠂ | ᠡᠮᠡᠭᠲᠡᠶᠢᠴᠦᠳ ᠤᠨ ᠬᠥᠭᠵᠢᠯᠲᠡ ᠶᠢ ᠠᠬᠢᠭᠤᠯᠬᠤ ᠠᠵᠢᠯ ᠳᠤ ᠤᠷᠤᠯᠴᠠᠬᠤ ᠶᠢ ᠵᠤᠷᠢᠭᠵᠢᠭᠤᠯᠤᠨ᠎ᠠ᠃ ᠵᠠᠰᠠᠭ ᠤᠨ | ᠣᠷᠳᠣᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠡᠶᠢᠭᠡᠮ ᠤᠨ ᠬᠦᠴᠦᠨ ᠤ | ᠲᠥᠯᠦᠪᠵᠢᠭᠦᠯᠭᠡ ᠶᠢᠨ ᠬᠡᠷᠡᠭᠵᠢᠭᠦᠯᠦᠯᠲᠡ ᠶᠢ ᠲᠦᠯᠬᠢᠨ ᠠᠬᠢᠭᠤᠯᠬᠤ ᠦᠢᠯᠡᠳᠦᠯ ᠢ ᠪᠠᠳᠠᠷᠠᠭᠤᠯᠤᠨ᠎ᠠ᠃ | ᠲᠠᠪᠤᠳᠤᠭᠠᠷ ᠪᠦᠯᠦᠭ ᠬᠢᠨᠠᠨ ᠬᠡᠮᠵᠢᠵᠦ ᠦᠨᠡᠯᠡᠨ ᠵᠢᠱᠢᠬᠦ | ︵ᠨᠢᠭᠡ︶ ᠬᠢᠨᠠᠨ ᠬᠡᠮᠵᠢᠵᠦ ᠦᠨᠡᠯᠡᠨ ᠵᠢᠱᠢᠬᠦ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ | ᠲᠥᠯᠦᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠳᠤ ᠣᠨ ᠤ ᠬᠢᠨᠠᠨ ᠬᠡᠮᠵᠢᠯᠲᠡ᠂ ᠳᠤᠮᠳᠠ ᠬᠤᠭᠤᠴᠠᠭᠠᠨ ᠤ | ᠦᠨᠡᠯᠡᠨ ᠵᠢᠱᠢᠯᠲᠡ᠂ ᠡᠴᠦᠰ ᠤᠨ ᠬᠤᠭᠤᠴᠠᠭᠠᠨ ᠤ ᠦᠨᠡᠯᠡᠨ ᠵᠢᠱᠢᠯᠲᠡ ᠬᠢᠨ᠎ᠡ᠃ ᠲᠤᠭᠤᠷᠢᠭ ᠤᠨ ᠲᠤᠭ᠎ᠠ | ᠪᠦᠷᠢᠳᠬᠡᠯ ᠤᠨ ᠰᠠᠯᠠᠭ᠎ᠠ ᠮᠥᠴᠢᠷ ᠲᠦᠷᠦᠭᠦᠯᠡᠨ ᠣᠨ ᠤ ᠬᠢᠨᠠᠨ ᠬᠡᠮᠵᠢᠯᠲᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ | ᠲᠤᠭᠤᠷᠢᠭ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠪᠦᠷᠢᠯᠳᠦᠭᠦᠨ ᠨᠢᠭᠡᠴᠡ᠂ ᠬᠠᠮᠢᠶ᠎ᠠ ᠪᠦᠬᠦᠢ | ᠰᠠᠯᠠᠭ᠎ᠠ ᠮᠥᠴᠢᠷ᠂ ᠬᠠᠮᠢᠶ᠎ᠠ ᠪᠦᠬᠦᠢ ᠪᠠᠶᠢᠭᠤᠯᠤᠮᠵᠢ ᠠᠴᠠ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠲᠤ ᠣᠨ ᠤ | ᠬᠢᠨᠠᠨ ᠬᠡᠮᠵᠢᠯᠲᠡ ᠶᠢᠨ ᠲᠤᠭ᠎ᠠ ᠪᠠᠷᠢᠮᠲᠠ ᠶᠢ ᠮᠡᠳᠡᠭᠦᠯᠦᠨ ᠬᠦᠷᠭᠡᠵᠦ᠂ ᠡᠮᠡᠭᠲᠡᠶᠢᠴᠦᠳ ᠤᠨ ᠬᠥᠭᠵᠢᠯᠲᠡ ᠶᠢᠨ | ᠪᠠᠶᠢᠳᠠᠯ ᠢ ᠲᠤᠰᠬᠠᠭᠰᠠᠨ ᠬᠠᠮᠢᠶ᠎ᠠ ᠪᠦᠬᠦᠢ ᠲᠤᠭ᠎ᠠ ᠪᠠᠷᠢᠮᠲᠠ ᠪᠠ ᠮᠡᠳᠡᠭᠡ ᠵᠠᠩᠭᠢ ᠶᠢ ᠴᠠᠭ ᠲᠤᠬᠠᠢ ᠳᠤᠨᠢ | ᠴᠤᠭᠯᠠᠭᠤᠯᠤᠨ ᠵᠠᠳᠠᠯᠤᠨ᠎ᠠ᠃ ᠲᠣᠭᠤᠷᠢᠭ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠠᠴᠠ ᠳᠤᠮᠳᠠ | ᠬᠤᠭᠤᠴᠠᠭ᠎ᠠ᠂ ᠡᠴᠦᠰ ᠤᠨ ᠬᠤᠭᠤᠴᠠᠭᠠᠨ ᠤ ᠦᠨᠡᠯᠡᠨ ᠵᠢᠱᠢᠯᠲᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ | ᠲᠣᠭᠤᠷᠢᠭ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠪᠦᠷᠢᠯᠳᠦᠭᠦᠨ ᠨᠢᠭᠡᠴᠡ᠂ ᠬᠤᠯᠪᠣᠭᠳᠠᠯ | ᠪᠦᠬᠦᠢ ᠰᠠᠯᠠᠭ᠎ᠠ ᠮᠥᠴᠢᠷ᠂ ᠬᠠᠮᠢᠶ᠎ᠠ ᠪᠦᠬᠦᠢ ᠪᠠᠶᠢᠭᠤᠯᠤᠮᠵᠢ ᠠᠴᠠ ᠡᠮᠡᠭᠲᠡᠶᠢᠴᠦᠳ ᠬᠡᠦᠬᠡᠳ ᠤᠨ ᠠᠵᠢᠯ ᠤᠨ | ᠵᠥᠪᠯᠡᠯ ᠳᠤ ᠳᠤᠮᠳᠠ ᠬᠤᠭᠤᠴᠠᠭ᠎ᠠ᠂ ᠡᠴᠦᠰ ᠤᠨ ᠬᠤᠭᠤᠴᠠᠭᠠᠨ ᠤ ᠦᠨᠡᠯᠡᠨ ᠵᠢᠱᠢᠯᠲᠡ ᠶᠢᠨ ᠮᠡᠳᠡᠭᠦᠯᠦᠯᠲᠡ ᠶᠢ | ᠲᠤᠰᠢᠶᠠᠨ᠎ᠠ᠃ ᠦᠨᠡᠯᠡᠨ ᠵᠢᠱᠢᠬᠦ ᠪᠠᠷ ᠳᠠᠮᠵᠢᠭᠤᠯᠤᠨ᠂ ᠲᠥᠯᠦᠪᠵᠢᠭᠦᠯᠭᠡ ᠶᠢ ᠬᠡᠷᠡᠭᠵᠢᠭᠦᠯᠦᠭᠰᠡᠨ ᠠᠬᠢᠴᠠ ᠪᠠ | ᠡᠮᠡᠭᠲᠡᠶᠢᠴᠦᠳ ᠤᠨ ᠬᠥᠭᠵᠢᠯᠲᠡ ᠶᠢᠨ ᠪᠠᠶᠢᠳᠠᠯ ᠢ ᠣᠶᠢᠯᠠᠭᠠᠨ ᠡᠵᠡᠮᠰᠢᠵᠦ᠂ ᠲᠥᠯᠦᠪᠵᠢᠭᠦᠯᠭᠡ ᠶᠢᠨ ᠬᠠᠷᠠᠯᠲᠠ | ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠢ ᠰᠢᠰᠲ᠋ᠧᠮ ᠲᠠᠢ ᠵᠠᠳᠠᠯᠤᠨ ᠦᠨᠡᠯᠡᠵᠦ᠂ ᠲᠥᠯᠦᠪᠵᠢᠭᠦᠯᠭᠡ ᠶᠢᠨ ᠠᠷᠭ᠎ᠠ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠦᠨᠡᠯᠡᠨ ᠮᠠᠭᠠᠳᠯᠠᠵᠤ᠂ ᠲᠤᠷᠰᠢᠯᠭ᠎ᠠ | ᠠᠷᠭ᠎ᠠ ᠬᠢᠳᠡᠯ ᠢ ᠳ᠋ᠦᠩᠨᠡᠨ᠂ ᠲᠣᠪᠣᠶᠢᠮ᠎ᠠ ᠠᠰᠠᠭᠤᠳᠠᠯ ᠢ ᠡᠷᠢᠨ ᠭᠠᠷᠭᠠᠵᠤ᠂ ᠬᠥᠭᠵᠢᠯᠲᠡ ᠶᠢᠨ ᠬᠠᠨᠳᠤᠰᠢ ᠶᠢ | ᠲᠥᠰᠥᠭᠡᠯᠡᠵᠦ᠂ ᠠᠷᠭᠠᠴᠠᠬᠤ ᠪᠣᠳᠣᠯᠭ᠎ᠠ ᠪᠠ ᠰᠠᠨᠠᠭᠤᠯᠭ᠎ᠠ ᠳᠤᠷᠠᠳᠤᠨ᠎ᠠ᠃ ᠬᠢᠨᠠᠨ ᠬᠡᠮᠵᠢᠵᠦ ᠦᠨᠡᠯᠡᠨ ᠵᠢᠱᠢᠬᠦ | ᠠᠵᠢᠯ ᠳᠤ ᠬᠡᠷᠡᠭᠰᠡᠬᠦ ᠵᠠᠷᠤᠳᠠᠯ ᠢ ᠡᠳ᠋ ᠤᠨ ᠵᠠᠰᠠᠭ ᠤᠨ ᠲᠥᠰᠥᠪ ᠲᠤ ᠣᠷᠣᠭᠤᠯᠤᠨ᠎ᠠ᠃ | ︵ᠬᠤᠶᠠᠷ︶ ᠬᠢᠨᠠᠨ ᠬᠡᠮᠵᠢᠵᠦ ᠦᠨᠡᠯᠡᠨ ᠵᠢᠱᠢᠬᠦ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ | ᠴᠢᠩᠭᠠᠳᠬᠠᠨ᠎ᠠ᠃ ᠲᠣᠭᠤᠷᠢᠭ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠨᠢ ᠬᠢᠨᠠᠨ ᠬᠡᠮᠵᠢᠵᠦ ᠦᠨᠡᠯᠡᠨ | ᠵᠢᠱᠢᠬᠦ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ | ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢᠶᠠᠷ ᠪᠦᠷᠢᠯᠳᠦᠵᠦ᠂ ᠬᠢᠨᠠᠨ ᠬᠡᠮᠵᠢᠵᠦ ᠦᠨᠡᠯᠡᠨ | ᠵᠢᠱᠢᠬᠦ ᠠᠵᠢᠯ ᠢ ᠵᠣᠬᠢᠶᠠᠨ ᠪᠠᠶᠢᠭᠤᠯᠤᠨ ᠤᠳᠤᠷᠢᠳᠬᠤ᠂ ᠬᠢᠨᠠᠨ ᠬᠡᠮᠵᠢᠵᠦ ᠦᠨᠡᠯᠡᠨ ᠵᠢᠱᠢᠬᠦ ᠲᠥᠰᠥᠯ ᠢ ᠬᠢᠨᠠᠨ | ᠵᠥᠪᠰᠢᠶᠡᠷᠡᠬᠦ᠂ ᠬᠢᠨᠠᠨ ᠬᠡᠮᠵᠢᠵᠦ ᠦᠨᠡᠯᠡᠨ ᠵᠢᠱᠢᠭᠰᠡᠨ ᠮᠡᠳᠡᠭᠦᠯᠦᠯᠲᠡ ᠶᠢ ᠬᠢᠨᠠᠨ ᠬᠠᠷᠭᠤᠭᠤᠯᠬᠤ ᠵᠡᠷᠭᠡ ᠶᠢ | ᠬᠠᠷᠢᠭᠤᠴᠠᠨ᠎ᠠ᠃ ᠤᠳᠤᠷᠢᠳᠬᠤ ᠳᠤᠭᠤᠶᠢᠯᠠᠩ ᠤᠨ ᠳᠣᠣᠷ᠎ᠠ ᠬᠢᠨᠠᠨ ᠬᠡᠮᠵᠢᠬᠦ ᠳᠤᠭᠤᠶᠢᠯᠠᠩ ᠪᠠ ᠦᠨᠡᠯᠡᠨ ᠵᠢᠱᠢᠬᠦ | ᠳᠤᠭᠤᠶᠢᠯᠠᠩ ᠭᠠᠷᠭᠠᠨ᠎ᠠ᠃ | ᠬᠢᠨᠠᠨ ᠬᠡᠮᠵᠢᠬᠦ ᠳᠤᠭᠤᠶᠢᠯᠠᠩ ᠨᠢ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠢᠶᠠᠷ ᠲᠦᠷᠦᠭᠦᠯᠡᠭᠦᠯᠦᠨ᠂ | ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠬᠥᠮᠥᠨ ᠰᠣᠩᠭᠤᠨ ᠲᠣᠮᠢᠯᠠᠵᠤ ᠣᠷᠣᠯᠴᠠᠭᠤᠯᠤᠨ᠂ ᠬᠢᠨᠠᠨ ᠬᠡᠮᠵᠢᠬᠦ ᠠᠵᠢᠯ ᠢ | ᠵᠣᠬᠢᠶᠠᠨ ᠪᠠᠶᠢᠭᠤᠯᠬᠤ᠂ ᠵᠢᠯᠤᠭᠤᠳᠬᠤ ᠪᠠ ᠪᠣᠯᠪᠠᠰᠤᠷᠠᠭᠤᠯᠬᠤ ᠶᠢ ᠬᠠᠷᠢᠭᠤᠴᠠᠵᠤ᠂ ᠬᠢᠨᠠᠨ ᠬᠡᠮᠵᠢᠬᠦ ᠲᠥᠰᠥᠯ᠂ ᠬᠢᠨᠠᠨ | ᠬᠡᠮᠵᠢᠬᠦ ᠭᠦᠢᠴᠡᠳᠬᠡᠯ ᠲᠤᠭ᠎ᠠ ᠶᠢᠨ ᠰᠢᠰᠲ᠋ᠧᠮᠵᠢ ᠶᠢ ᠲᠣᠭᠲᠠᠭᠠᠵᠤ᠂ ᠲᠤᠭ᠎ᠠ ᠪᠠᠷᠢᠮᠲᠠ ᠪᠠ ᠮᠡᠳᠡᠭᠡ ᠵᠠᠩᠭᠢ ᠶᠢ | ᠴᠤᠭᠯᠠᠭᠤᠯᠤᠨ ᠵᠠᠳᠠᠯᠵᠤ᠂ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠳᠤ ᠣᠨ᠂ ᠳᠤᠮᠳᠠ ᠬᠤᠭᠤᠴᠠᠭ᠎ᠠ ᠪᠠ | ᠡᠴᠦᠰ ᠤᠨ ᠬᠤᠭᠤᠴᠠᠭᠠᠨ ᠤ ᠬᠢᠨᠠᠨ ᠬᠡᠮᠵᠢᠭᠰᠡᠨ ᠮᠡᠳᠡᠭᠦᠯᠦᠯᠲᠡ ᠪᠠᠨ ᠲᠤᠰᠢᠶᠠᠵᠤ᠂ ᠣᠨ ᠤ ᠡᠮᠡᠭᠲᠡᠶᠢᠴᠦᠳ ᠤᠨ | ᠲᠤᠭ᠎ᠠ ᠪᠦᠷᠢᠳᠬᠡᠯ ᠤᠨ ᠮᠠᠲ᠋ᠧᠷᠢᠶᠠᠯ ᠵᠡᠷᠭᠡ ᠶᠢ ᠨᠠᠶᠢᠷᠠᠭᠤᠯᠤᠨ ᠬᠡᠪᠯᠡᠭᠦᠯᠦᠨ᠎ᠡ᠃ ᠬᠢᠨᠠᠨ ᠬᠡᠮᠵᠢᠬᠦ ᠳᠤᠭᠤᠶᠢᠯᠠᠩ ᠤᠨ | ᠪᠦᠷᠢᠯᠳᠦᠭᠦᠨ ᠨᠢ ᠲᠣᠰ ᠰᠠᠯᠠᠭ᠎ᠠ ᠮᠥᠴᠢᠷ ᠤᠨ ᠢᠶᠠᠨ ᠲᠥᠯᠦᠪᠵᠢᠭᠦᠯᠭᠡ ᠶᠢ ᠬᠡᠷᠡᠭᠵᠢᠭᠦᠯᠵᠦ ᠪᠠᠶᠢᠭ᠎ᠠ ᠬᠢᠨᠠᠨ ᠬᠡᠮᠵᠢᠬᠦ᠂ | ᠵᠠᠳᠠᠯᠬᠤ᠂ ᠲᠤᠭ᠎ᠠ ᠪᠠᠷᠢᠮᠲᠠ ᠶᠢ ᠳᠡᠭᠡᠭᠰᠢ ᠮᠡᠳᠡᠭᠦᠯᠬᠦ᠂ ᠬᠦᠢᠰᠦ ᠶᠢᠨ ᠢᠯᠭᠠᠯ ᠪᠠ ᠨᠠᠰᠤ ᠵᠢᠯ ᠤᠨ ᠭᠦᠢᠴᠡᠳᠬᠡᠯ | ᠲᠤᠭ᠎ᠠ ᠶᠢ ᠲᠡᠭᠦᠯᠳᠡᠷᠵᠢᠭᠦᠯᠬᠦ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠬᠠᠷᠢᠭᠤᠴᠠᠨ᠎ᠠ᠃ | ᠦᠨᠡᠯᠡᠨ ᠵᠢᠱᠢᠬᠦ ᠳᠤᠭᠤᠶᠢᠯᠠᠩ ᠨᠢ ᠲᠣᠭᠤᠷᠢᠭ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ | ᠠᠯᠪᠠᠨ ᠭᠡᠷ ᠢᠶᠠᠷ ᠲᠦᠷᠦᠭᠦᠯᠡᠭᠦᠯᠦᠨ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠲᠥᠯᠦᠪᠵᠢᠭᠦᠯᠭᠡ ᠶᠢ | ᠬᠡᠷᠡᠭᠵᠢᠭᠦᠯᠬᠦ ᠶᠢ ᠬᠠᠷᠢᠭᠤᠴᠠᠬᠤ ᠬᠥᠮᠥᠰ ᠢᠶᠠᠷ ᠪᠦᠷᠢᠯᠳᠦᠵᠦ᠂ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠬᠤ᠂ | ᠵᠢᠯᠤᠭᠤᠳᠬᠤ ᠪᠠ ᠪᠤᠯᠪᠠᠰᠤᠷᠠᠬᠤ ᠶᠢ ᠬᠠᠷᠢᠭᠤᠴᠠᠨ᠂ ᠦᠨᠡᠯᠡᠨ ᠵᠢᠱᠢᠬᠦ ᠲᠥᠰᠥᠯ ᠲᠣᠭᠲᠠᠭᠠᠵᠤ᠂ ᠦᠨᠡᠯᠡᠨ ᠵᠢᠱᠢᠬᠦ | ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠳᠤ ᠳᠤᠮᠳᠠ | ᠬᠤᠭᠤᠴᠠᠭᠠᠨ ᠤ ᠪᠠ ᠡᠴᠦᠰ ᠤᠨ ᠬᠤᠭᠤᠴᠠᠭᠠᠨ ᠤ ᠦᠨᠡᠯᠡᠨ ᠵᠢᠱᠢᠭᠰᠡᠨ ᠮᠡᠳᠡᠭᠦᠯᠦᠯᠲᠡ ᠶᠢ ᠲᠤᠰᠢᠶᠠᠬᠤ ᠬᠡᠷᠡᠭᠲᠡᠢ᠃ | ᠦᠨᠡᠯᠡᠨ ᠵᠢᠱᠢᠬᠦ ᠳᠤᠭᠤᠶᠢᠯᠠᠩ ᠤᠨ ᠪᠦᠷᠢᠯᠳᠦᠭᠦᠨ ᠨᠢ ᠲᠣᠰ ᠰᠠᠯᠠᠭ᠎ᠠ ᠮᠥᠴᠢᠷ ᠤᠨ ᠢᠶᠠᠨ ᠲᠥᠯᠥᠪᠵᠢᠭᠦᠯᠦᠨ | ᠬᠡᠷᠡᠭᠵᠢᠭᠦᠯᠬᠦ ᠥᠪᠡᠷ ᠢ ᠪᠠᠨ ᠦᠨᠡᠯᠡᠨ ᠵᠢᠱᠢᠬᠦ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠡᠮᠡᠭᠲᠡᠶᠢᠴᠦᠳ | ᠬᠡᠦᠬᠡᠳ ᠤᠨ ᠠᠵᠢᠯ ᠤᠨ ᠵᠥᠪᠯᠡᠯ ᠤᠨ ᠵᠣᠬᠢᠶᠠᠨ ᠪᠠᠶᠢᠭᠤᠯᠤᠭᠰᠠᠨ ᠦᠨᠡᠯᠡᠨ ᠵᠢᠱᠢᠬᠦ ᠠᠵᠢᠯ ᠳᠤ ᠣᠷᠤᠯᠴᠠᠬᠤ ᠶᠢ | ᠬᠠᠷᠢᠭᠤᠴᠠᠨ᠎ᠠ᠃ ᠦᠨᠡᠯᠡᠨ ᠵᠢᠱᠢᠬᠦ ᠳᠤᠭᠤᠶᠢᠯᠠᠩ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠠᠵᠢᠯ ᠲᠠᠢ ᠪᠠᠨ | ᠤᠶᠠᠯᠳᠤᠭᠤᠯᠤᠨ᠂ ᠡᠮᠡᠭᠲᠡᠶᠢᠴᠦᠳ ᠤᠨ ᠬᠠᠮᠠᠭᠠᠯᠠᠯᠲᠠ ᠬᠢᠭᠡᠳ ᠬᠥᠭᠵᠢᠯᠲᠡ ᠶᠢᠨ ᠳᠤᠮᠳᠠᠬᠢ ᠲᠣᠪᠣᠶᠢᠮ᠎ᠠ | ᠠᠰᠠᠭᠤᠳᠠᠯ ᠳᠤ ᠲᠤᠰᠬᠠᠢ ᠵᠦᠢᠯ ᠤᠨ ᠪᠠᠶᠢᠴᠠᠭᠠᠯᠲᠠ᠂ ᠦᠨᠡᠯᠡᠨ ᠵᠢᠱᠢᠯᠲᠡ ᠥᠷᠨᠢᠭᠦᠯᠬᠦ ᠶᠢ ᠳᠡᠮᠵᠢᠵᠦ᠂ ᠦᠷ᠎ᠡ | ᠳ᠋ᠦᠩ ᠢ ᠲᠥᠯᠦᠪᠵᠢᠭᠦᠯᠭᠡ ᠶᠢᠨ ᠳᠤᠮᠳᠠ ᠬᠤᠭᠤᠴᠠᠭᠠᠨ ᠤ ᠪᠠ ᠡᠴᠦᠰ ᠤᠨ ᠬᠤᠭᠤᠴᠠᠭᠠᠨ ᠤ ᠦᠨᠡᠯᠡᠨ | ᠵᠢᠱᠢᠯᠲᠡ ᠳᠤ ᠯᠠᠪᠯᠠᠯᠲᠠ ᠪᠣᠯᠭᠠᠵᠤ ᠪᠣᠯᠣᠨ᠎ᠠ᠃ | ︵ᠭᠤᠷᠪᠠ︶ ᠬᠦᠢᠰᠦ ᠶᠢᠨ ᠢᠯᠭᠠᠯ ᠢᠶᠠᠷ ᠪᠦᠷᠢᠳᠬᠡᠨ ᠬᠢᠨᠠᠨ ᠬᠡᠮᠵᠢᠬᠦ ᠶᠢ ᠴᠢᠩᠭᠠᠳᠬᠠᠨ᠎ᠠ᠃ ᠬᠦᠢᠰᠦ ᠶᠢᠨ | ᠢᠯᠭᠠᠯ ᠢ ᠪᠦᠷᠢᠳᠬᠡᠨ ᠬᠢᠨᠠᠨ ᠬᠡᠮᠵᠢᠬᠦ ᠭᠦᠢᠴᠡᠳᠬᠡᠯ ᠲᠤᠭ᠎ᠠ ᠶᠢᠨ ᠰᠢᠰᠲ᠋ᠧᠮᠵᠢ ᠶᠢ ᠵᠢᠷᠤᠮᠵᠢᠭᠤᠯᠤᠨ | ᠲᠡᠭᠦᠯᠳᠡᠷᠵᠢᠭᠦᠯᠵᠦ᠂ ᠬᠡᠷᠡᠭᠴᠡᠭᠡ ᠪᠠᠨ ᠦᠨᠳᠦᠰᠦᠯᠡᠨ ᠡᠮᠡᠭᠲᠡᠶᠢᠴᠦᠳ ᠤᠨ ᠬᠥᠭᠵᠢᠯᠲᠡ ᠶᠢᠨ ᠲᠤᠭ᠎ᠠ ᠪᠦᠷᠢᠳᠬᠡᠯ ᠤᠨ | ᠭᠦᠢᠴᠡᠳᠬᠡᠯ ᠲᠤᠭ᠎ᠠ ᠶᠢ ᠲᠣᠬᠢᠷᠠᠭᠤᠯᠤᠨ ᠥᠷᠭᠡᠳᠬᠡᠵᠦ᠂ ᠴᠢᠩᠱᠠᠨ ᠲᠣᠭᠤᠷᠢᠭ ᠪᠠ ᠰᠠᠯᠠᠭ᠎ᠠ ᠮᠥᠴᠢᠷ ᠤᠨ ᠡᠩ ᠤᠨ | ᠲᠤᠭ᠎ᠠ ᠪᠦᠷᠢᠳᠬᠡᠯ ᠵᠢᠴᠢ ᠪᠦᠷᠢᠳᠬᠡᠨ ᠪᠠᠶᠢᠴᠠᠭᠠᠬᠤ ᠳᠦᠷᠢᠮ ᠳᠤ ᠣᠷᠣᠭᠤᠯᠬᠤ ᠶᠢ ᠠᠬᠢᠭᠤᠯᠤᠨ᠎ᠠ᠃ ᠰᠠᠯᠠᠭ᠎ᠠ | ᠮᠥᠴᠢᠷ ᠤᠨ ᠬᠦᠢᠰᠦ ᠶᠢᠨ ᠢᠯᠭᠠᠯ ᠢ ᠢᠯᠭᠠᠨ ᠪᠦᠷᠢᠳᠬᠡᠬᠦ ᠠᠵᠢᠯ ᠢ ᠴᠢᠩᠭᠠᠳᠬᠠᠨ᠎ᠠ᠃ ᠬᠦᠢᠰᠦ ᠶᠢᠨ ᠢᠯᠭᠠᠯ | ᠬᠤᠪᠢᠶᠠᠨ ᠪᠦᠷᠢᠳᠬᠡᠨ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢᠨ ᠵᠠᠳᠠᠯᠤᠯᠲᠠ ᠶᠢ ᠴᠢᠩᠭᠠᠳᠬᠠᠨ᠎ᠠ᠃ ᠬᠠᠮᠢᠶ᠎ᠠ ᠪᠦᠬᠦᠢ | ᠰᠠᠯᠠᠭ᠎ᠠ ᠮᠥᠴᠢᠷ ᠤᠨ ᠡᠮᠡᠭᠲᠡᠶᠢᠴᠦᠳ ᠤᠨ ᠬᠥᠭᠵᠢᠯᠲᠡ ᠶᠢᠨ ᠲᠤᠲᠠᠭᠳᠠᠵᠤ ᠪᠠᠶᠢᠭ᠎ᠠ ᠵᠦᠢᠯ ᠤᠨ ᠲᠤᠭ᠎ᠠ | ᠪᠠᠷᠢᠮᠲᠠ ᠳᠤ ᠲᠤᠰᠬᠠᠢ ᠵᠦᠢᠯ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠥᠷᠨᠢᠭᠦᠯᠬᠦ ᠶᠢ ᠵᠣᠷᠢᠭᠵᠢᠭᠤᠯᠤᠨ | ᠳᠡᠮᠵᠢᠨ᠎ᠡ᠃ | ︵ᠳᠥᠷᠪᠡ︶ ᠬᠢᠨᠠᠨ ᠬᠡᠮᠵᠢᠵᠦ ᠦᠨᠡᠯᠡᠨ ᠵᠢᠱᠢᠬᠦ ᠠᠵᠢᠯ ᠤᠨ ᠴᠢᠳᠠᠪᠤᠷᠢ ᠪᠠ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠬᠢᠨᠠᠨ ᠬᠡᠮᠵᠢᠵᠦ ᠦᠨᠡᠯᠡᠨ ᠵᠢᠱᠢᠬᠦ ᠠᠵᠢᠯ ᠤᠨ ᠪᠤᠯᠪᠠᠰᠤᠷᠠᠯ ᠪᠠ ᠰᠠᠯᠠᠭ᠎ᠠ ᠮᠥᠴᠢᠷ ᠤᠨ | ᠬᠠᠮᠵᠢᠯᠴᠠᠭ᠎ᠠ ᠶᠢ ᠴᠢᠩᠭᠠᠳᠬᠠᠵᠤ᠂ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠴᠤᠭᠯᠠᠭᠤᠯᠬᠤ ᠠᠷᠭ᠎ᠠ ᠵᠠᠮ᠂ ᠮᠡᠳᠡᠭᠦᠯᠦᠨ | ᠬᠦᠷᠭᠡᠬᠦ ᠠᠷᠭ᠎ᠠ ᠮᠠᠶ᠋ᠢᠭ ᠢ ᠵᠢᠷᠤᠮᠵᠢᠭᠤᠯᠤᠨ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠢᠨᠲ᠋ᠧᠷ | ᠰᠦᠯᠵᠢᠶ᠎ᠡ ᠪᠠ ᠲᠣᠮᠣ ᠳ᠋ᠠᠶᠢᠲ᠋ᠠ ᠵᠡᠷᠭᠡ ᠮᠡᠷᠭᠡᠵᠢᠯ ᠢ ᠬᠡᠷᠡᠭᠯᠡᠨ᠂ ᠬᠦᠢᠰᠦ ᠶᠢᠨ ᠢᠯᠭᠠᠯ ᠤᠨ ᠪᠦᠷᠢᠳᠬᠡᠯ ᠤᠨ ᠮᠡᠳᠡᠭᠡ | ᠵᠠᠩᠭᠢ ᠶᠢ ᠪᠠᠶᠠᠯᠢᠭᠵᠢᠭᠤᠯᠤᠨ᠎ᠠ᠃ ᠦᠨᠡᠯᠡᠨ ᠵᠢᠱᠢᠬᠦ ᠲᠥᠰᠥᠯ ᠪᠠ ᠦᠨᠡᠯᠡᠨ ᠵᠢᠱᠢᠬᠦ ᠠᠷᠭ᠎ᠠ ᠶᠢ ᠰᠢᠨᠵᠢᠯᠡᠬᠦ | ᠤᠬᠠᠭᠠᠨᠴᠢ ᠪᠠᠷ ᠵᠢᠷᠤᠭᠯᠠᠨ ᠲᠥᠯᠥᠪᠯᠡᠵᠦ᠂ ᠭᠤᠷᠪᠠᠳᠠᠭᠢ ᠡᠲᠡᠭᠡᠳ ᠤᠨ ᠦᠨᠡᠯᠡᠨ ᠵᠢᠱᠢᠬᠦ ᠶᠢ ᠰᠦᠪᠡᠭᠴᠢᠯᠡᠨ᠎ᠡ᠃ | ᠬᠢᠨᠠᠨ ᠬᠡᠮᠵᠢᠵᠦ ᠦᠨᠡᠯᠡᠨ ᠵᠢᠱᠢᠬᠦ ᠠᠵᠢᠯ ᠤᠨ ᠰᠢᠨᠵᠢᠯᠡᠬᠦ ᠤᠬᠠᠭᠠᠨᠴᠢᠯᠠᠬᠤ᠂ ᠪᠠᠷᠢᠮᠵᠢᠶᠠᠵᠢᠭᠤᠯᠬᠤ᠂ | ᠲᠤᠰᠬᠠᠶᠢᠵᠢᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ︵ᠲᠠᠪᠤ︶ ᠬᠢᠨᠠᠨ ᠬᠡᠮᠵᠢᠵᠦ ᠦᠨᠡᠯᠡᠨ ᠵᠢᠱᠢᠭᠰᠡᠨ ᠦᠷ᠎ᠡ ᠪᠦᠲᠦᠭᠡᠯ ᠢ ᠪᠦᠲᠦᠮᠵᠢᠲᠡᠶ ᠠᠰᠢᠭᠯᠠᠨ᠎ᠠ᠃ ᠬᠢᠨᠠᠨ | ᠬᠡᠮᠵᠢᠵᠦ ᠦᠨᠡᠯᠡᠨ ᠵᠢᠱᠢᠭᠰᠡᠨ ᠦᠷ᠎ᠡ ᠳ᠋ᠦᠩ ᠤᠨ ᠦᠢᠯᠡᠴᠢᠯᠡᠭᠡᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢᠨ | ᠦᠢᠯᠡᠳᠦᠯ ᠢ ᠪᠠᠳᠠᠷᠠᠭᠤᠯᠵᠤ᠂ ᠲᠣᠭᠤᠷᠢᠭ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠠᠯᠪᠠᠨ ᠭᠡᠷ | ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠬᠢᠨᠠᠨ ᠬᠡᠮᠵᠢᠵᠦ ᠦᠨᠡᠯᠡᠨ ᠵᠢᠱᠢᠭᠰᠡᠨ ᠪᠠᠶᠢᠳᠠᠯ ᠢᠶᠠᠨ ᠲᠣᠭᠲᠠᠮᠠᠯ | ᠬᠤᠭᠤᠴᠠᠭ᠎ᠠ ᠲᠠᠢ ᠪᠠᠷ ᠮᠡᠳᠡᠭᠦᠯᠦᠨ ᠬᠦᠷᠭᠡᠵᠦ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠦᠨᠳᠦᠰᠦᠯᠡᠯ | ᠬᠠᠩᠭᠠᠨ᠎ᠠ᠃ ᠬᠢᠨᠠᠨ ᠬᠡᠮᠵᠢᠵᠦ ᠦᠨᠡᠯᠡᠨ ᠵᠢᠱᠢᠭᠰᠡᠨ ᠮᠡᠳᠡᠭᠦᠯᠦᠯᠲᠡ ᠶᠢ ᠰᠣᠯᠢᠯᠴᠠᠬᠤ᠂ ᠬᠠᠷᠢᠭᠤ ᠲᠤᠰᠬᠠᠬᠤ ᠪᠠ | ᠨᠡᠶᠢᠲᠡᠯᠡᠬᠦ ᠲᠣᠭᠲᠠᠴᠠ ᠶᠢ ᠪᠠᠶᠢᠭᠤᠯᠤᠨ᠎ᠠ᠃ ᠬᠢᠨᠠᠨ ᠬᠡᠮᠵᠢᠵᠦ ᠦᠨᠡᠯᠡᠨ ᠵᠢᠱᠢᠭᠰᠡᠨ ᠦᠷ᠎ᠡ ᠳ᠋ᠦᠩ ᠢ ᠰᠤᠳᠤᠯᠤᠨ | ᠮᠠᠭᠠᠳᠯᠠᠬᠤ ᠪᠠ ᠬᠡᠷᠡᠭᠯᠡᠬᠦ ᠶᠢ ᠴᠢᠩᠭᠠᠳᠬᠠᠵᠤ᠂ ᠵᠢᠱᠢᠯᠲᠡ ᠪᠠᠷ ᠪᠠᠷᠢᠮᠵᠢᠶ᠎ᠠ ᠳᠤ ᠬᠦᠷᠦᠭᠦᠯᠬᠦ ᠳᠤ ᠬᠦᠴᠢᠷᠲᠡᠢ᠂ | ᠬᠡᠯᠪᠡᠯᠵᠡᠯ ᠢᠶᠠᠷ ᠨᠡᠯᠢᠶᠡᠳ ᠶᠡᠭᠡ ᠪᠠᠶᠢᠭ᠎ᠠ ᠬᠢᠨᠠᠨ ᠬᠡᠮᠵᠢᠬᠦ ᠭᠦᠢᠴᠡᠳᠬᠡᠯ ᠲᠤᠭ᠎ᠠ ᠶᠢ ᠴᠠᠭ ᠲᠤᠬᠠᠢ ᠳᠤᠨᠢ | ᠤᠷᠢᠳᠴᠢᠯᠠᠨ ᠰᠡᠷᠡᠮᠵᠢᠯᠡᠭᠦᠯᠵᠦ᠂ ᠦᠨᠡᠯᠡᠨ ᠵᠢᠱᠢᠬᠦ ᠳᠤᠮᠳᠠ ᠢᠯᠡᠷᠡᠭᠦᠯᠦᠭᠰᠡᠨ ᠲᠣᠪᠣᠶᠢᠮ᠎ᠠ ᠠᠰᠠᠭᠤᠳᠠᠯ ᠪᠠ ᠪᠠᠭᠤᠷᠠᠢ | ᠭᠤᠭᠴᠤᠭ᠎ᠠ ᠳᠤ ᠴᠠᠭ ᠲᠤᠬᠠᠢ ᠳᠤᠨᠢ ᠠᠷᠭᠠᠴᠠᠬᠤ ᠪᠣᠳᠣᠯᠭ᠎ᠠ ᠶᠢᠨ ᠰᠠᠨᠠᠭᠤᠯᠭ᠎ᠠ ᠳᠤᠷᠠᠳᠴᠤ᠂ ᠰᠠᠶᠢᠨ ᠠᠷᠭ᠎ᠠ ᠰᠠᠶᠢᠨ | ᠲᠤᠷᠰᠢᠯᠭ᠎ᠠ ᠶᠢ ᠴᠠᠭ ᠲᠤᠬᠠᠢ ᠳᠤᠨᠢ ᠳ᠋ᠦᠩᠨᠡᠨ ᠳᠡᠯᠭᠡᠷᠡᠭᠦᠯᠦᠨ᠎ᠡ᠃ ᠦᠨᠡᠯᠡᠨ ᠵᠢᠱᠢᠭᠰᠡᠨ ᠦᠷ᠎ᠡ ᠳ᠋ᠦᠩ ᠢᠶᠠᠷ | ᠲᠠᠷᠠᠭᠠᠴᠢ ᠶᠢᠨ ᠱᠠᠲᠤᠨ ᠤ ᠲᠥᠯᠦᠪᠵᠢᠭᠦᠯᠭᠡ ᠶᠢ ᠬᠡᠷᠡᠭᠵᠢᠭᠦᠯᠬᠦ ᠠᠵᠢᠯ ᠢ ᠵᠢᠯᠤᠭᠤᠳᠴᠤ᠂ ᠲᠥᠯᠦᠪᠵᠢᠭᠦᠯᠭᠡ ᠶᠢᠨ | ᠬᠡᠷᠡᠭᠵᠢᠭᠦᠯᠦᠯᠲᠡ ᠶᠢ ᠪᠠᠶᠢᠩᠭᠤᠵᠢᠭᠤᠯᠤᠨ ᠬᠢᠨᠠᠨ ᠬᠡᠮᠵᠢᠬᠦ᠂ ᠬᠥᠳᠡᠯᠦᠩᠭᠦᠢ ᠪᠠᠷ ᠤᠷᠢᠳᠴᠢᠯᠠᠨ ᠰᠡᠷᠡᠮᠵᠢᠯᠡᠭᠦᠯᠬᠦ᠂ | ᠨᠠᠷᠢᠯᠢᠭ ᠤᠨᠤᠪᠴᠢᠲᠠᠢ ᠢᠶᠠᠷ ᠭᠠᠷ ᠲᠦᠷᠦᠭᠦ᠂ ᠴᠢᠨᠠᠷ ᠰᠠᠶᠢᠲᠠᠢ ᠪᠠᠷ ᠠᠬᠢᠭᠤᠯᠬᠤ ᠶᠢ ᠪᠡᠶᠡᠯᠡᠭᠦᠯᠦᠨ᠎ᠡ᠃ | | |