3 ᠰᠠᠷ᠎ᠠ ᠶᠢᠨ 23 ᠤ ᠦᠳᠡ ᠶᠢᠨ ᠬᠤᠶᠢᠨ᠎ᠠ᠂ ᠴᠢᠩᠱᠠᠨ ᠲᠣᠭᠤᠷᠢᠭ 2023 ᠣᠨ ᠤ ᠤᠬᠠᠭᠤᠯᠭ᠎ᠠ | ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠬᠤᠷᠠᠯᠳᠤᠭᠤᠯᠪᠠ᠃ ᠬᠤᠷᠠᠯ ᠨᠢ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ | ᠲᠤᠤᠱᠯᠠᠭᠤᠯᠵᠤ᠂ ᠪᠦᠬᠦ ᠤᠯᠤᠰ ᠪᠦᠬᠦ ᠣᠷᠣᠨ ᠪᠦᠬᠦ ᠬᠤᠳᠠ ᠶᠢᠨ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ | ᠬᠤᠷᠠᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ 2022 ᠣᠨ ᠤ ᠰᠤᠷᠲᠠᠯ ᠤᠬᠠᠭᠤᠯᠭ᠎ᠠ | ᠦᠵᠡᠯ ᠰᠠᠨᠠᠭ᠎ᠠ ᠰᠣᠶᠣᠯ ᠤᠨ ᠠᠵᠢᠯ ᠢ ᠳ᠋ᠦᠩᠨᠡᠵᠦ᠂ 2023 ᠣᠨ ᠤ ᠭᠤᠣᠯᠳᠠᠯᠭ᠎ᠠ ᠲᠠᠢ ᠡᠭᠦᠷᠭᠡ ᠶᠢ ᠰᠤᠳᠤᠯᠤᠨ | ᠪᠠᠶᠢᠷᠢᠯᠠᠭᠤᠯᠪᠠ᠃ ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ | ᠬᠤᠷᠢᠶ᠎ᠠ ᠶᠢᠨ ᠱᠦᠵᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠬᠤᠷᠠᠯ ᠠᠴᠠ ᠳᠡᠭᠡᠷ᠎ᠡ ᠭᠤᠷᠪᠠᠨ ᠱᠠᠲᠤᠨ ᠤ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠣᠳᠣᠬᠠᠨ ᠤ ᠴᠢᠩᠱᠠᠨ ᠲᠣᠭᠤᠷᠢᠭ ᠤᠨ ᠦᠵᠡᠯ ᠤᠬᠠᠮᠰᠠᠷ ᠤᠨ | ᠬᠡᠯᠪᠡᠷᠢ ᠶᠢᠨ ᠬᠦᠷᠢᠶᠡᠨ ᠤ ᠪᠠᠶᠢᠳᠠᠯ ᠳᠤ ᠵᠠᠳᠠᠯᠤᠯᠲᠠ ᠬᠢᠵᠦ ᠵᠠᠷᠯᠠᠨ ᠮᠡᠳᠡᠭᠳᠡᠵᠦ᠂ ᠲᠣᠭᠤᠷᠢᠭ ᠤᠨ ᠰᠣᠶᠣᠯ ᠪᠡᠶ᠎ᠡ ᠶᠢᠨ | ᠲᠠᠮᠢᠷ ᠵᠢᠭᠤᠯᠴᠢᠯᠠᠯ ᠷᠠᠳᠢᠤ᠋ ᠲᠧᠯᠸᠢᠰ ᠤᠨ ᠲᠣᠪᠴᠢᠶ᠎ᠠ᠂ ᠴᠢᠯᠦᠭᠡᠲᠦ ᠵᠠᠮ ᠤᠨ ᠵᠡᠭᠡᠯᠢ ᠭᠤᠳᠤᠮᠵᠢ᠂ ᠴᠢᠩ ᠹᠦ᠋ ᠪᠠᠯᠭᠠᠰᠤ᠂ | ᠲᠣᠭᠤᠷᠢᠭ ᠤᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ᠂ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ | ᠵᠡᠷᠭᠡ 5 ᠨᠢᠭᠡᠴᠡ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠠᠢ᠃ | ᠬᠤᠷᠠᠯ ᠠᠴᠠ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠪᠣᠯᠣᠨ᠎ᠠ᠃ ᠡᠨᠡ ᠵᠢᠯ ᠤᠨ ᠤᠬᠠᠭᠤᠯᠭ᠎ᠠ | ᠦᠵᠡᠯ ᠰᠠᠨᠠᠭ᠎ᠠ ᠰᠣᠶᠣᠯ ᠤᠨ ᠠᠵᠢᠯ ᠢ ᠰᠠᠶᠢᠲᠤᠷ ᠬᠢᠬᠦ ᠳᠤ᠂ ᠪᠦᠬᠦ ᠤᠬᠠᠭᠤᠯᠭ᠎ᠠ ᠶᠢᠨ ᠹᠷᠣᠨᠲ ᠤᠨ ᠺᠠᠳ᠋ᠷᠴᠤᠳ | ︽ᠦᠵᠡᠯ ᠰᠠᠨᠠᠭ᠎ᠠ ᠪᠠᠨ ᠲᠥᠪᠯᠡᠷᠡᠭᠦᠯᠵᠦ᠂ ᠠᠴᠢᠶᠠᠯᠠᠪᠤᠷᠢ ᠪᠠᠨ ᠲᠥᠪᠯᠡᠷᠡᠭᠦᠯᠵᠦ᠂ ᠭᠤᠣᠯ ᠰᠡᠳᠦᠪ ᠢᠶᠠᠨ | ᠲᠥᠪᠯᠡᠷᠡᠭᠦᠯᠵᠦ᠂ ᠳᠠᠭᠤᠨ ᠢᠶᠠᠨ ᠲᠥᠪᠯᠡᠷᠡᠭᠦᠯᠵᠦ᠂ ᠤᠯᠤᠰ ᠲᠦᠷᠦ ᠶᠢ ᠦᠨᠡᠨᠬᠦ ᠡᠷᠬᠢᠮᠯᠡᠬᠦ ᠳᠤ ᠠᠩᠬᠠᠷᠤᠯ ᠢᠶᠠᠨ | ᠲᠥᠪᠯᠡᠷᠡᠭᠦᠯᠵᠦ︾᠂ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ︔ ᠭᠠᠵᠠᠷ ᠣᠷᠣᠨ ᠤ | ᠭᠤᠣᠯ ᠰᠡᠳᠦᠪ ᠢ ᠣᠨᠣᠪᠴᠢᠲᠠᠶ ᠡᠵᠡᠮᠰᠢᠵᠦ᠂ ︽ᠰᠡᠳᠬᠢᠨ ᠪᠣᠳᠣᠯᠬᠢᠯᠠᠵᠤ᠂ ᠰᠢᠯᠭᠠᠯᠲᠠ ᠳᠤ ᠪᠡᠯᠡᠳᠬᠡᠬᠦ᠂ | ᠰᠢᠯᠭᠠᠯᠲᠠ ᠳᠤ ᠵᠠᠪᠳᠤᠨ ᠣᠷᠣᠬᠤ᠂ ᠬᠠᠮᠲᠤᠷᠠᠨ ᠰᠢᠯᠭᠠᠬᠤ᠂ ᠬᠠᠨᠤᠮᠵᠢᠲᠠᠶ ᠰᠢᠯᠭᠠᠯᠲᠠ ᠶᠢᠨ ᠬᠠᠭᠤᠳᠠᠰᠤ ᠭᠠᠷᠭᠠᠬᠤ | ᠬᠡᠷᠡᠭᠲᠡᠢ︾ ︽ᠲᠦᠷᠭᠡᠨ ᠤᠯᠠᠮᠵᠢᠯᠠᠵᠤ᠂ ᠲᠦᠷᠭᠡᠨ ᠰᠤᠷᠤᠯᠴᠠᠵᠤ᠂ ᠲᠦᠷᠭᠡᠨ ᠪᠠᠶᠢᠷᠢᠯᠠᠭᠤᠯᠵᠤ᠂ ᠲᠦᠷᠭᠡᠨ ᠦᠷ᠎ᠡ | ᠪᠦᠲᠦᠮᠵᠢ ᠭᠠᠷᠭᠠᠵᠤ᠂ ᠲᠦᠷᠭᠡᠨ ᠶᠠᠪᠤᠭᠳᠠᠭᠤᠯᠬᠤ ᠶᠢ ᠦᠨᠡᠨ ᠬᠦ ᠪᠠᠲᠤᠯᠠᠵᠤ︾᠂ ᠤᠬᠠᠭᠤᠯᠭ᠎ᠠ ᠦᠵᠡᠯ ᠰᠠᠨᠠᠭ᠎ᠠ | ᠰᠣᠶᠣᠯ ᠤᠨ ᠠᠵᠢᠯ ᠤᠨ ᠴᠣ᠋ ᠰᠢᠨ᠎ᠡ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ ᠬᠡᠷᠡᠭᠲᠡᠢ ᠭᠡᠵᠦ ᠵᠢᠭᠠᠨ | ᠭᠠᠷᠭᠠᠭᠰᠠᠨ ᠪᠠᠶᠢᠨ᠎ᠠ᠃ | ᠬᠤᠷᠠᠯ ᠠᠴᠠ᠂ ᠪᠦᠬᠦ ᠲᠤᠭᠤᠷᠢᠭ ᠤᠨ ᠡᠯ᠎ᠡ ᠪᠠᠶᠢᠭᠤᠯᠭ᠎ᠠ ᠨᠢᠭᠡᠴᠢ ᠶᠢᠨ ᠬᠢᠨ ᠯᠠᠪᠳᠠᠭᠤᠨ ᠪᠠᠲᠤᠲᠠᠢ | ᠠᠵᠢᠯᠯᠠᠵᠤ᠂ ᠦᠵᠡᠯ ᠰᠠᠨᠠᠭ᠎ᠠ ᠪᠠᠨ ᠨᠢᠭᠡᠳᠬᠡᠬᠦ ᠳᠡᠭᠡᠷ᠎ᠡ ᠬᠦᠴᠦ ᠲᠠᠯᠪᠢᠵᠤ᠂ ᠲᠤᠰ ᠤᠳᠠᠭ᠎ᠠ ᠶᠢᠨ ᠬᠤᠷᠠᠯ ᠤᠨ ᠵᠣᠷᠢᠭ | ᠰᠠᠨᠠᠭ᠎ᠠ ᠶᠢᠨ ᠲᠣᠭᠤᠷᠢᠨ ᠳᠤ ᠠᠷᠭ᠎ᠠ ᠬᠡᠮᠵᠢᠶ᠎ᠡ ᠶᠢ ᠨᠢᠭᠡᠳ ᠨᠢᠭᠡ ᠪᠠᠷ ᠰᠤᠳᠤᠯᠵᠤ᠂ ᠬᠠᠷᠢᠭᠤᠴᠠᠯᠭ᠎ᠠ ᠪᠠᠨ ᠱᠠᠲᠤ | ᠳᠠᠷᠠᠭᠠᠯᠠᠨ ᠨᠠᠶᠢᠳᠠᠪᠤᠷᠢᠵᠢᠭᠤᠯᠵᠤ᠂ ᠨᠠᠶᠢᠳᠠᠪᠤᠷᠢᠵᠢᠭᠤᠯᠤᠯᠲᠠ ᠶᠢ ᠨᠢᠭᠡᠳ ᠨᠢᠭᠡ ᠪᠠᠷ ᠰᠠᠶᠢᠲᠤᠷ ᠠᠳᠬᠤᠵᠤ᠂ ᠦᠵᠡᠯ | ᠰᠠᠨᠠᠭᠠᠨ ᠤ ᠲᠠᠯ᠎ᠠ ᠪᠠᠷ ᠬᠠᠮᠲᠤ ᠶᠢᠨ ᠲᠠᠨᠢᠯᠲᠠ ᠲᠠᠢ ᠪᠣᠯᠵᠤ᠂ ᠠᠵᠢᠯ ᠤᠨ ᠲᠠᠯ᠎ᠠ ᠪᠠᠷ ᠬᠠᠮᠲᠤᠷᠠᠯ ᠤᠨ ᠬᠦᠴᠦᠨ ᠢ | ᠪᠦᠷᠢᠯᠳᠦᠭᠦᠯᠬᠦ ᠬᠡᠷᠡᠭᠲᠡᠢ︔ ᠬᠤᠶᠠᠷ ᠲᠤ᠂ ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ ᠲᠠᠯ᠎ᠠ ᠪᠠᠷ ᠬᠦᠴᠦ ᠲᠠᠯᠪᠢᠵᠤ᠂ | ᠰᠢᠰᠲ᠋ᠧᠮᠵᠢᠲᠦ ᠰᠡᠳᠬᠢᠬᠦᠢ ᠶᠢ ᠪᠠᠷᠢᠮᠲᠠᠯᠠᠵᠤ᠂ ᠠᠵᠢᠯ ᠤᠨ ᠭᠤᠣᠯᠳᠠᠯᠭ᠎ᠠ ᠶᠢ ᠲᠤᠪᠤᠶᠢᠯᠭᠠᠵᠦ᠂ ᠬᠠᠷᠠᠭ᠎ᠠ ᠪᠠᠨ | ᠥᠷᠭᠡᠳᠬᠡᠵᠦ᠂ ᠰᠡᠳᠬᠢᠴᠡ ᠪᠠᠨ ᠥᠷᠭᠡᠳᠬᠡᠵᠦ᠂ ᠥᠨᠳᠥᠷ ᠵᠣᠭᠰᠣᠴᠠ ᠲᠠᠢ᠂ ᠥᠨᠳᠥᠷ ᠭᠠᠷᠳᠠᠬᠤ᠂ ᠥᠨᠳᠥᠷ ᠲᠡᠰ ᠲᠠᠢ | ᠪᠠᠶᠢᠬᠤ ᠶᠢ ᠪᠠᠷᠢᠮᠲᠠᠯᠠᠵᠤ᠂ ᠬᠤᠯᠠ ᠰᠢᠭ᠋ ᠬᠠᠷᠠᠵᠤ᠂ ᠭᠦᠨᠵᠡᠭᠡᠢ ᠰᠢᠭ ᠪᠣᠳᠣᠯᠬᠢᠯᠠᠵᠤ᠂ ᠨᠠᠷᠢᠯᠢᠭ ᠰᠢᠭ᠋ ᠪᠣᠳᠣᠯᠬᠢᠯᠠᠵᠤ᠂ | ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠵᠤ᠂ ᠪᠣᠳᠠᠲᠠᠢ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠬᠡᠷᠡᠭᠲᠡᠢ︔ | ᠭᠤᠷᠪᠠ ᠳᠤ᠂ ᠶᠡᠭᠡ ᠠᠯᠬᠤᠮ ᠢᠶᠠᠷ ᠤᠷᠤᠭᠰᠢᠯᠠᠵᠤ᠂ ᠴᠢᠳᠠᠪᠤᠷᠢ ᠪᠠᠨ ᠳᠡᠭᠡᠭᠰᠢᠯᠡᠭᠦᠯᠬᠦ ᠲᠠᠯ᠎ᠠ ᠪᠠᠷ ᠬᠦᠴᠦ ᠣᠷᠣᠭᠤᠯᠵᠤ᠂ | ᠶᠡᠭᠡ ᠰᠡᠳᠬᠢᠴᠡ᠂ ᠶᠡᠭᠡ ᠠᠷᠭ᠎ᠠ ᠬᠡᠮᠵᠢᠶ᠎ᠡ᠂ ᠶᠡᠭᠡ ᠠᠵᠢᠯᠯᠠᠭ᠎ᠠ ᠲᠠᠢ ᠪᠠᠶᠢᠵᠤ᠂ ᠶᠡᠭᠡ ᠦᠷ᠎ᠡ ᠪᠦᠲᠦᠮᠵᠢ ᠶᠢ ᠡᠭᠦᠳᠴᠦ᠂ | ᠬᠢᠭᠰᠡᠨ ᠠᠵᠢᠯ ᠳᠠᠭᠠᠨ ᠠᠮᠵᠢᠯᠲᠠ ᠣᠯᠵᠤ᠂ ᠥᠨᠳᠥᠷ ᠳᠠᠭᠤᠨ ᠢᠶᠠᠷ ᠤᠷᠤᠭᠰᠢᠯᠠᠵᠤ᠂ ᠬᠠᠮᠤᠭ ᠤᠨ ᠰᠢᠯᠢᠳᠡᠭ | ᠪᠠᠶᠢᠳᠠᠯ ᠢᠶᠠᠷ ︽ᠲᠤᠯᠤᠭᠠᠨ ᠰᠢᠨ᠎ᠡ ᠴᠢᠩᠱᠠᠨ︾ ᠶᠢ ᠪᠦᠲᠦᠭᠡᠨ ᠪᠠᠶᠢᠭᠤᠯᠬᠤ ᠳᠤ ᠪᠠᠲᠤ ᠴᠢᠩᠭ᠎ᠠ ᠦᠵᠡᠯ ᠰᠠᠨᠠᠭᠠᠨ ᠤ | ᠪᠠᠲᠤᠯᠠᠭ᠎ᠠ ᠪᠠ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠴᠢᠳᠠᠯ ᠬᠠᠩᠭᠠᠬᠤ ᠬᠡᠷᠡᠭᠲᠡᠢ ᠭᠡᠵᠦ | ᠴᠢᠬᠤᠯᠠᠴᠢᠯᠠᠪᠠ᠃ | | | |