ᠨᠡᠶᠢᠭᠡᠮ ᠤᠨ ᠪᠠᠲᠤᠯᠠᠭ᠎ᠠ ᠶᠢᠨ ᠤᠬᠠᠭᠤᠯᠭ᠎ᠠ ᠶᠢ ᠠᠵᠤ ᠠᠬᠤᠶᠢᠯᠠᠯ ᠳᠤ ᠤᠷᠤᠭᠤᠯᠵᠦ ᠨᠡᠶᠢᠭᠡᠮ ᠤᠨ ᠳᠠᠭᠠᠳᠬᠠᠯ ᠳᠤ ᠣᠷᠤᠯᠴᠠᠬᠤ ᠲᠥᠷᠥ ᠶᠢᠨ ᠪᠣᠳᠣᠯᠭ᠎ᠠ ᠶᠢ ᠨᠠᠷᠢᠯᠢᠭ ᠤᠨᠤᠪᠴᠢᠲᠠᠢ ᠢᠶᠠᠷ ᠬᠦᠷᠭᠡᠪᠡ
ᠨᠡᠶᠢᠲᠡᠯᠡᠭᠰᠡᠨ ᠴᠠᠭ᠄
2023/3/27
      ᠨᠡᠶᠢᠭᠡᠮ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠦ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠡᠶᠢᠭᠡᠮ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠲᠤᠬᠠᠢ ᠣᠶᠢᠯᠠᠭᠠᠬᠤ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠦᠯᠦᠭᠡ᠂ 3 ᠰᠠᠷ᠎ᠠ ᠶᠢᠨ 23 ᠤ ᠡᠳᠦᠷ᠂ ᠴᠢᠩᠱᠠᠨ ᠲᠣᠭᠤᠷᠢᠭ ᠤᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠰᠠᠨᠠᠭᠠᠴᠢᠯᠠᠭ᠎ᠠ  ᠠᠴᠠ ᠪᠠᠨ ᠣᠷᠳᠣᠰ ᠪᠠᠩᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠪᠤᠭᠤᠲᠤ ᠶᠢᠨ ᠬᠤᠪᠢᠶᠠᠷᠢ ᠪᠠᠩᠬᠢ ᠪᠠ ᠪᠤᠭᠤᠲᠤ ᠬᠤᠲᠠ ᠶᠢᠨ ᠵᠤ᠋ ᠶᠧᠦ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠨ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠠᠰᠠᠭᠤᠳᠠᠯ ᠢ ᠬᠠᠷᠢᠭᠤᠯᠬᠤ ᠠᠵᠢᠯᠯᠠᠭ᠎ᠠ ᠶᠢ ᠥᠷᠨᠢᠭᠦᠯᠵᠦ᠂ ᠨᠡᠶᠢᠭᠡᠮ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠠᠵᠤ ᠠᠬᠤᠶᠢᠯᠠᠯ ᠪᠠ ᠰᠦᠢᠳᠬᠡᠯ ᠲᠤᠰᠢᠶᠠᠭᠴᠢ ᠶᠢᠨ ᠳᠡᠷᠭᠡᠳᠡ ᠬᠦᠷᠭᠡᠪᠡ᠃     ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠨᠡᠶᠢᠭᠡᠮ ᠤᠨ ᠳᠠᠭᠠᠳᠬᠠᠯ ᠤᠨ ᠠᠵᠢᠯᠲᠠᠨ ᠠᠵᠤ ᠠᠬᠤᠶᠢᠯᠠᠯ ᠵᠢᠴᠢ ᠠᠵᠢᠯᠲᠠᠨ ᠠᠵᠢᠯᠴᠢᠨ ᠤ ᠳᠡᠭᠡᠳᠦ ᠬᠡᠮᠵᠢᠶ᠎ᠡ ᠪᠠᠷ ᠠᠩᠬᠠᠷᠴᠤ ᠪᠠᠶᠢᠭ᠎ᠠ ᠨᠡᠶᠢᠭᠡᠮ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ᠂ ᠰᠢᠯᠵᠢᠭᠦᠯᠦᠨ ᠦᠷᠭᠦᠯᠵᠢᠯᠡᠭᠦᠯᠬᠦ ᠲᠤᠬᠠᠶᠢᠯᠠᠭᠰᠠᠨ ᠠᠵᠢᠯ ᠤᠨ ᠶᠠᠪᠤᠴᠠ᠂ ᠨᠠᠰᠤᠨ ᠤ ᠠᠮᠠᠷᠠᠯᠲᠠ ᠶᠢᠨ ᠬᠠᠷᠠᠭᠠᠯᠵᠠᠯ ᠵᠡᠷᠭᠡ ᠠᠰᠠᠭᠤᠳᠠᠯ ᠤᠨ ᠲᠤᠬᠠᠢ ᠨᠢᠭᠤᠷᠲᠠᠨ ᠨᠠᠷᠢᠨ ᠲᠠᠶᠢᠯᠪᠤᠷᠢᠯᠠᠯᠲᠠ ᠬᠢᠪᠡ︔ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠰᠦᠯᠵᠢᠶᠡᠨ ᠳᠡᠭᠡᠷᠡᠬᠢ ᠠᠷᠭ᠎ᠠ ᠵᠠᠮ ᠢᠶᠠᠷ ᠨᠡᠶᠢᠭᠡᠮ ᠤᠨ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠶᠢ ᠬᠥᠲᠥᠯᠥᠨ ᠵᠢᠯᠤᠭᠤᠳᠴᠤ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠪᠠ ᠲᠤᠬᠠᠶᠢᠯᠠᠭᠰᠠᠨ ᠠᠵᠢᠯ ᠤᠨ ᠭᠦᠢᠴᠡᠳᠬᠡᠬᠦ ᠶᠠᠪᠤᠴᠠ ᠶᠢ ᠤᠶᠢᠯᠭᠠᠬᠤ ᠳᠤ ᠳᠦᠭᠦᠮ ᠦᠵᠡᠭᠦᠯᠪᠡ᠃ ᠲᠤᠰ ᠤᠳᠠᠭ᠎ᠠ ᠶᠢᠨ ᠠᠵᠢᠯᠯᠠᠭ᠎ᠠ ᠳᠤ ᠨᠡᠶᠢᠳᠡ 400 ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ 50 ᠭᠠᠷᠤᠢ ᠬᠥᠮᠥᠨ ᠤᠳᠠᠭ᠎ᠠ ᠶᠢᠨ ᠯᠠᠪᠯᠠᠯᠭ᠎ᠠ ᠶᠢ ᠭᠥᠯᠢᠶᠡᠨ ᠠᠪᠴᠠᠢ᠃     ᠳᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠡᠯ᠎ᠡ ᠲᠥᠷᠥᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠵᠤᠬᠢᠶᠠᠨ ᠪᠠᠶᠢᠭᠤᠯᠤᠨ ᠦᠷᠨᠢᠭᠦᠯᠵᠦ᠂ ᠠᠵᠤ ᠠᠬᠤᠶᠢᠯᠠᠯ ᠪᠠ ᠵᠡᠭᠡᠯᠢ ᠭᠤᠳᠤᠮᠵᠢ ᠨᠡᠶᠢᠭᠡᠮ ᠲᠣᠭᠤᠷᠢᠭ ᠲᠤ ᠰᠠᠨᠠᠭᠠᠴᠢᠯᠠᠭ᠎ᠠ  ᠠᠴᠠ ᠪᠠᠨ ᠭᠦᠨᠵᠡᠭᠡᠶᠢᠷᠡᠨ᠂ ᠨᠠᠩ ᠣᠯᠠᠨ ᠠᠵᠤ ᠠᠬᠤᠶᠢᠯᠠᠯ ᠪᠠ ᠬᠥᠳᠡᠯᠮᠦᠷᠢᠴᠢᠳ ᠲᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠮᠡᠳᠡᠭᠦᠯᠵᠦ᠂ ᠲᠥᠷᠥ ᠶᠢᠨ ᠪᠣᠳᠣᠯᠭ᠎ᠠ ᠶᠢ ᠣᠨᠣᠪᠴᠢᠲᠠᠶ ᠡᠵᠡᠮᠰᠢᠭᠦᠯᠦᠨ᠂ ᠲᠥᠷᠥ ᠶᠢᠨ ᠪᠣᠳᠣᠯᠭ᠎ᠠ ᠶᠢᠨ ᠪᠤᠳᠤᠯᠭ᠎ᠠ ᠶᠢᠨ ᠬᠠᠷᠠᠭᠠᠯᠴᠠᠯ ᠢ ᠴᠠᠭ ᠲᠤᠬᠠᠢ ᠳᠤᠨᠢ ᠡᠳ᠋ᠯᠡᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠢ ᠭᠠᠷᠲᠠᠨ ᠭᠦᠢᠴᠡᠳᠬᠡᠬᠦ ᠶᠢᠨ ᠳᠥᠭᠦᠮ ᠳᠥᠲᠡ ᠬᠡᠮᠵᠢᠶ᠎ᠡ ᠪᠠ ᠬᠠᠨᠤᠮᠵᠢ ᠶᠢᠨ ᠬᠡᠮᠵᠢᠶ᠎ᠡ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠠᠵᠤ ᠠᠬᠤᠶᠢᠯᠠᠯ ᠪᠠ ᠠᠵᠢᠯᠲᠠᠨ ᠠᠵᠢᠯᠴᠢᠨ ᠲᠦᠮᠡᠨ ᠳᠤ ᠦᠨᠡᠨᠴᠢ ᠪᠠᠷ ᠦᠢᠯᠡᠴᠢᠯᠡᠨ᠂ ᠮᠠᠨ ᠤ ᠲᠤᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠠ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠤᠨ᠎ᠠ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号