ᠪᠠᠢ ᠶᠦᠨ ᠰᠢ ᠤᠦ ᠲᠧ ᠯᠠᠢ ᠰᠢ ᠪᠦᠯᠦᠭᠯᠡᠯ ᠤᠨ ᠬᠤᠪᠢ ᠡᠵᠡᠮᠳᠡᠬᠦ ᠬᠢᠵᠠᠭᠠᠷᠲᠤ ᠺᠣᠮᠫᠠᠨᠢ ᠶᠢᠨ ᠭᠦᠢᠴᠡᠳᠭᠡᠭᠴᠢ ᠬᠡᠷᠡᠭ ᠮᠡᠳᠡᠭᠴᠢ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2023/3/27
      3 ᠰᠠᠷ᠎ᠠ ᠶᠢᠨ 21 ᠤ ᠡᠳᠦᠷ ᠤᠨ ᠦᠳᠡ ᠶᠢᠨ ᠡᠮᠦᠨ᠎ᠡ᠂ ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠪᠠᠢ ᠶᠦᠨ ᠰᠢ ᠤᠦ ᠲᠧ ᠯᠠᠢ ᠰᠢ ᠪᠦᠯᠦᠭᠯᠡᠯ ᠤᠨ ᠬᠤᠪᠢ ᠡᠵᠡᠮᠳᠡᠬᠦ ᠬᠢᠵᠠᠭᠠᠷᠲᠤ ᠺᠣᠮᠫᠠᠨᠢ ᠶᠢᠨ ᠭᠦᠢᠴᠡᠳᠬᠡᠬᠦ ᠬᠡᠷᠡᠭ ᠮᠡᠳᠡᠭᠴᠢ᠂ ᠤᠦ ᠲᠧ ᠯᠠᠢ ᠰᠢ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠦᠯᠦᠭᠯᠡᠯ ᠤᠨ ᠬᠡᠷᠡᠭ ᠮᠡᠳᠡᠭᠴᠢ᠂ ᠳᠤᠮᠳᠠᠳᠤ ᠤᠯᠤᠰ ᠤᠨ ᠬᠤᠲᠠ ᠪᠠᠯᠭᠠᠰᠤᠵᠢᠯᠲᠠ ᠶᠢ ᠠᠬᠢᠭᠤᠯᠬᠤ ᠨᠡᠶᠢᠭᠡᠮᠯᠢᠭ ᠤᠨ ᠠᠵᠤ ᠦᠢᠯᠡᠰ ᠤᠨ ᠬᠥᠭᠵᠢᠯᠲᠡ ᠶᠢᠨ ᠶᠠᠮᠤᠨ ᠤ ᠡᠷᠬᠢᠯᠡᠭᠴᠢ ᠨᠠᠷ ᠲᠠᠢ ᠠᠭᠤᠯᠵᠠᠪᠠ᠃     ᠶᠠᠷᠢᠯᠴᠠᠬᠤ ᠬᠤᠷᠠᠯ ᠳᠡᠭᠡᠷ᠎ᠡ᠂ ᠪᠠᠢ ᠶᠦᠨ ᠰᠢ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠶᠢ ᠲᠦᠯᠦᠭᠡᠯᠡᠨ ᠵᠣᠴᠢᠳ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠭᠰᠡᠨ ᠪᠥᠭᠡᠳ ᠴᠢᠩᠱᠠᠨ ᠲᠣᠭᠤᠷᠢᠭ ᠤᠨ ᠦᠨᠳᠦᠰᠦᠨ ᠪᠠᠶᠢᠳᠠᠯ ᠢ ᠲᠠᠨᠢᠯᠴᠠᠭᠤᠯᠪᠠ᠃ ᠪᠠᠢ ᠶᠦᠨ ᠰᠢ᠂ ᠣᠳᠣᠬᠠᠨ ᠳᠤ᠂ ᠴᠢᠩᠱᠠᠨ ᠲᠣᠭᠤᠷᠢᠭ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠪᠦᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠤᠭᠤᠲᠤ ᠬᠤᠳᠠ ᠶᠢᠨ ︽ᠬᠤᠶᠠᠷ ᠢ ᠡᠯᠰᠡᠵᠦ ᠬᠤᠶᠠᠷ ᠢ ᠳᠠᠳᠠᠨ ᠣᠷᠣᠭᠤᠯᠵᠤ ᠨᠢᠭᠡ ᠶᠢ ᠰᠢᠯᠢᠳᠡᠭᠵᠢᠭᠦᠯᠬᠦ︾ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠮᠤᠭ ᠤᠨ ᠬᠠᠯᠠᠭᠤᠨ ᠰᠡᠳᠬᠢᠯᠭᠡ᠂ ᠬᠠᠮᠤᠭ ᠤᠨ ᠪᠣᠳᠠᠲᠠᠢ ᠠᠷᠭ᠎ᠠ ᠬᠡᠮᠵᠢᠶ᠎ᠡ᠂ ᠬᠠᠮᠤᠭ ᠤᠨ ᠰᠢᠯᠢᠳᠡᠭ ᠣᠷᠴᠢᠨ ᠲᠣᠭᠤᠷᠢᠨ ᠢᠶᠠᠷ ᠴᠢᠩᠱᠠᠨ ᠲᠣᠭᠤᠷᠢᠭ ᠲᠤ ᠢᠷᠡᠵᠦ ᠪᠡᠯᠡ ᠣᠷᠣᠭᠤᠯᠤᠨ ᠦᠢᠯᠡᠰ ᠪᠣᠰᠬᠠᠬᠤ ᠶᠢ ᠤᠭᠲᠤᠵᠤ ᠪᠠᠶᠢᠨ᠎ᠠ ᠭᠡᠵᠦ ᠬᠡᠯᠡᠪᠡ᠃ ᠬᠤᠶᠠᠷ ᠡᠲᠡᠭᠡᠳ ᠢᠶᠠᠷ ᠢᠶᠠᠨ ᠣᠯᠣᠯᠴᠠᠭ᠎ᠠ ᠪᠠᠨ ᠴᠢᠩᠭᠠᠳᠬᠠᠵᠤ᠂ ᠬᠠᠮᠲᠤᠪᠠᠷ ᠴᠢᠷᠮᠠᠶᠢᠵᠤ᠂ ᠲᠦᠷᠦᠯ ᠵᠦᠢᠯ ᠢ ᠲᠦᠷᠭᠡᠬᠡᠨ ᠨᠠᠶᠢᠳᠠᠪᠤᠷᠢᠵᠢᠭᠤᠯᠬᠤ ᠪᠠᠷ ᠴᠢᠷᠮᠠᠶᠢᠵᠤ᠂ ᠬᠠᠮᠲᠤᠪᠠᠷ ᠠᠰᠢᠭ ᠬᠦᠷᠲᠡᠵᠦ᠂ ᠬᠠᠮᠲᠤᠪᠠᠷ ᠬᠥᠭᠵᠢᠬᠦ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠬᠡᠯᠡᠪᠡ᠃     ᠤᠦ ᠲᠧ ᠯᠠᠢ ᠰᠢ ᠪᠦᠯᠦᠭᠯᠡᠯ ᠤᠨ ᠬᠤᠪᠢ ᠡᠵᠡᠮᠳᠡᠬᠦ ᠬᠢᠵᠠᠭᠠᠷᠲᠤ ᠺᠣᠮᠫᠠᠨᠢ ᠶᠢᠨ ᠭᠦᠢᠴᠡᠳᠭᠡᠭᠴᠢ ᠬᠡᠷᠡᠭ ᠮᠡᠳᠡᠭᠴᠢ ᠠᠴᠠ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ ᠪᠠ ᠪᠡᠯᠡ ᠣᠷᠣᠭᠤᠯᠤᠯᠲᠠ ᠶᠢᠨ ᠲᠦᠷᠦᠯ ᠵᠦᠢᠯ ᠤᠨ ᠪᠠᠶᠢᠳᠠᠯ ᠢ ᠲᠠᠨᠢᠯᠴᠠᠭᠤᠯᠤᠭᠰᠠᠨ ᠪᠥᠭᠡᠳ ᠴᠢᠩᠱᠠᠨ ᠲᠣᠭᠤᠷᠢᠭ ᠤᠨ ᠰᠠᠭᠤᠷᠢ ᠡᠬᠢ ᠪᠠᠶᠠᠯᠢᠭ ᠤᠨ ᠨᠥᠬᠦᠴᠡᠯ ᠰᠠᠶᠢᠨ᠂ ᠣᠷᠣᠨ ᠪᠠᠶᠢᠷᠢ ᠶᠢᠨ ᠳᠠᠪᠠᠭᠤᠯᠢᠭ ᠮᠡᠳᠡᠭᠳᠡᠮ᠎ᠡ ᠪᠠᠶᠢᠨ᠎ᠠ᠂ ᠴᠢᠩᠱᠠᠨ ᠲᠣᠭᠤᠷᠢᠭ ᠲᠤ ᠪᠡᠯᠡ ᠣᠷᠣᠭᠤᠯᠬᠤ ᠭᠦᠨ ᠵᠤᠵᠠᠭᠠᠨ ᠬᠦᠰᠡᠯ ᠰᠠᠨᠠᠭ᠎ᠠ ᠪᠠᠨ ᠢᠯᠡᠷᠬᠡᠶᠢᠯᠡᠵᠦ᠂ ᠬᠤᠶᠠᠷ ᠡᠲᠡᠭᠡᠳ ᠢᠶᠠᠷ ᠢᠶᠠᠨ ᠡᠷᠲᠡᠬᠡᠨ ᠬᠠᠮᠲᠤ ᠶᠢᠨ ᠲᠠᠨᠢᠯᠲᠠ ᠲᠠᠢ ᠪᠣᠯᠵᠤ᠂ ᠴᠢᠩᠱᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号