ᠠᠶᠤᠯᠭᠦᠢ ᠦᠢᠯᠡᠳᠪᠦᠷᠢᠯᠡᠯ ᠤᠨ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ      ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ
ᠨᠡᠶᠢᠲᠡᠯᠡᠭᠰᠡᠨ ᠴᠠᠭ᠄
2023/3/28
 qsq_202332110833.jpg
      ᠰᠤᠷᠪᠤᠯᠵᠢᠯᠠᠭᠰᠠᠨ ᠭᠤᠣᠯ ᠰᠡᠳᠦᠪ᠄ ᠠᠶᠤᠯᠭᠦᠢ ᠦᠢᠯᠡᠳᠪᠦᠷᠢᠯᠡᠯ ᠤᠨ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ      ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ      ᠰᠤᠷᠪᠤᠯᠵᠢᠯᠠᠭᠰᠠᠨ ᠴᠠᠭ᠄ 2023 ᠣᠨ ᠤ 3 ᠰᠠᠷ᠎ᠠ ᠶᠢᠨ 20᠎ ᠤ ᠡᠳᠦᠷ      ᠰᠤᠷᠪᠤᠯᠵᠢᠯᠠᠭ᠎ᠠ ᠬᠦᠯᠢᠶᠡᠭᠰᠡᠨ ᠵᠣᠴᠢᠨ᠄ ᠴᠢᠩᠱᠠᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ       ᠴᠧᠨ ᠶᠦᠩ ᠯᠢᠶᠠᠩ      ᠰᠤᠷᠪᠤᠯᠵᠢᠯᠠᠭᠰᠠᠨ ᠠᠬᠤᠢ ᠪᠠᠶᠢᠳᠠᠯ᠄ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ︽ᠠᠶᠤᠯᠭᠦᠢ ᠦᠢᠯᠡᠳᠪᠦᠷᠢᠯᠡᠯ ᠤᠨ ᠲᠦᠭᠰᠢᠭᠦᠷᠢ ᠶᠢ ᠲᠤᠰᠬᠠᠢ ᠴᠡᠭᠴᠡᠯᠡᠨ ᠵᠠᠰᠠᠬᠤ ᠶᠢ ᠲᠦᠯᠬᠢᠨ ᠠᠬᠢᠭᠤᠯᠵᠤ᠂ ᠭᠤᠣᠯᠳᠠᠯᠭ᠎ᠠ ᠲᠠᠢ ᠠᠵᠢᠯ ᠲᠥᠷᠥᠯ᠂ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ︾ ᠭᠡᠵᠦ ᠴᠢᠬᠤᠯᠠᠴᠢᠯᠠᠵᠠᠢ᠃ ᠡᠨᠡ ᠵᠢᠯ ᠠᠴᠠ ᠨᠠᠰᠢ᠂ ᠴᠢᠩᠱᠠᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ᠂ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠴᠢᠩᠭ᠎ᠠ ᠠᠷᠭ᠎ᠠ ᠬᠡᠮᠵᠢᠶ᠎ᠡ ᠠᠪᠴᠤ᠂ ᠪᠣᠳᠠᠲᠠᠢ ᠠᠷᠭ᠎ᠠ ᠬᠡᠮᠵᠢᠶ᠎ᠡ ᠠᠪᠴᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠨ᠂ ᠰᠠᠶᠢᠨ ᠰᠠᠶᠢᠬᠠᠨ ᠠᠮᠤᠷ ᠲᠦᠪᠰᠢᠨ ᠤ ᠣᠷᠴᠢᠨ ᠨᠥᠬᠦᠴᠡᠯ ᠢ ᠦᠷᠭᠦᠯᠵᠢᠯᠡᠨ ᠪᠣᠶ ᠪᠣᠯᠭᠠᠪᠠ᠃      【ᠬᠥᠲᠥᠯᠥᠭᠴᠢ】      ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠠᠯ᠎ᠠ ᠪᠠᠷ᠂ ᠶᠠᠮᠠᠷ ᠶᠠᠮᠠᠷ ᠠᠵᠢᠯ ᠢ ᠭᠤᠣᠯᠳᠠᠯᠭ᠎ᠠ ᠲᠠᠢ ᠥᠷᠨᠢᠭᠦᠯᠦᠭᠰᠡᠨ ᠪᠤᠢ︖      【ᠰᠤᠷᠪᠤᠯᠵᠢᠯᠠᠭ᠎ᠠ ᠬᠦᠯᠢᠶᠡᠭᠰᠡᠨ ᠵᠣᠴᠢᠨ      ᠴᠧᠨ ᠶᠦᠩ ᠯᠢᠶᠠᠩ】      ᠣᠶᠢᠷ᠎ᠠ ᠶᠢᠨ ᠬᠤᠭᠤᠴᠠᠭᠠᠨ ᠳᠤ ᠮᠠᠨ ᠤ ᠲᠣᠪᠴᠢᠶ᠎ᠠ ᠵᠢᠯ ᠤᠨ ᠡᠴᠦᠰ ᠤᠨ ᠤ ᠡᠬᠢᠨ᠂ ᠴᠠᠭᠠᠨ ᠰᠠᠷ᠎ᠠ᠂ ︽ᠬᠤᠶᠠᠷ ᠬᠤᠷᠠᠯ︾᠎ ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠬᠦ ᠪᠠᠷ ᠳᠠᠮᠵᠢᠭᠤᠯᠤᠨ᠂ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠢ ᠎ ᠳᠤᠨᠢ ᠵᠢᠭᠰᠠᠭᠠᠨ ᠪᠠᠶᠢᠴᠠᠭᠠᠵᠤ᠂ ᠠᠮᠤᠷ ᠲᠦᠪᠰᠢᠨ ᠤ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠵᠡᠢ᠃ ᠢᠯᠠᠩᠭᠤᠶ᠎ᠠ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠎ ᠨᠢ ᠲᠣᠪᠴᠢᠶ᠎ᠠ ᠶᠢᠨ ᠭᠤᠣᠯ ᠤᠳᠤᠷᠢᠳᠤᠯᠭ᠎ᠠ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠎ ᠠᠴᠠ ᠳᠠᠭᠠᠭᠤᠯᠵᠤ᠂ 14 ᠳᠤᠭᠤᠶᠢᠯᠠᠩ ᠬᠤᠪᠢᠶᠠᠨ᠂ ᠡᠳᠦᠷ ᠪᠦᠷᠢ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠲᠣᠭᠤᠷᠢᠨ ᠪᠠᠶᠢᠴᠠᠭᠠᠯᠲᠠ ᠶᠢ ᠲᠠᠰᠤᠷᠠᠯᠲᠠ ᠦᠭᠡᠢ ᠥᠷᠨᠢᠭᠦᠯᠵᠦ᠂ ᠭᠤᠣᠯᠳᠠᠭᠤ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠠᠬᠢ ᠡᠯ᠎ᠡ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠤᠳᠤᠷᠢᠳᠤᠯᠭ᠎ᠠ ᠶᠢᠨ ᠡᠭᠡᠯᠵᠢ ᠳᠠᠭᠠᠭᠤᠯᠤᠭᠰᠠᠨ ᠪᠠ ᠵᠢᠵᠢᠭᠦᠷᠯᠡᠨ ᠰᠠᠬᠢᠵᠤ ᠪᠠᠶᠢᠭ᠎ᠠ ᠪᠠᠶᠢᠳᠠᠯ ᠳᠤ ᠪᠠᠶᠢᠴᠠᠭᠠᠯᠲᠠ ᠬᠢᠵᠡᠢ᠃ ᠨᠡᠶᠢᠲᠡ 320 ᠬᠥᠮᠥᠨ ᠤᠳᠠᠭ᠎ᠠ ᠤᠷᠤᠯᠴᠠᠵᠦ᠂ ᠴᠠᠭᠠᠨ ᠰᠠᠷ᠎ᠠ ᠶᠢᠨ ᠬᠤᠭᠤᠴᠠᠭᠠᠨ ᠳᠤ ᠦᠢᠯᠡᠳᠪᠦᠷᠢᠯᠡᠯ ᠢᠶᠠᠨ ᠵᠣᠭᠰᠣᠭᠠᠭᠰᠠᠨ ᠦᠭᠡᠢ ᠠᠵᠤ ᠦᠢᠯᠡᠳᠪᠦᠷᠢ ᠶᠢᠨ ᠠᠵᠤ ᠠᠬᠤᠶᠢᠯᠠᠯ᠂ ᠬᠡᠲᠦ ᠳᠡᠯᠭᠡᠭᠦᠷ ᠤᠨ ᠵᠠᠬ᠎ᠠ ᠳᠡᠯᠭᠡᠭᠦᠷ᠂ ᠵᠣᠴᠢᠳ ᠤᠨ ᠪᠠᠭᠤᠳᠠᠯ᠂ ᠺᠢᠨᠣ᠋ ᠶᠢᠨ ᠣᠷᠳᠣᠨ ᠵᠡᠷᠭᠡ ᠡᠯ᠎ᠡ ᠲᠥᠷᠥᠯ ᠤᠨ ᠦᠢᠯᠡᠳᠪᠦᠷᠢᠯᠡᠯ ᠡᠵᠡᠩᠨᠡᠯᠲᠡ ᠶᠢᠨ 162 ᠨᠢᠭᠡᠴᠡ ᠶᠢ ᠪᠠᠶᠢᠴᠠᠭᠠᠵᠤ᠂ ᠡᠯ᠎ᠡ ᠲᠥᠷᠥᠯ ᠤᠨ ᠠᠰᠠᠭᠤᠳᠠᠯ ᠤᠨ ᠬᠡᠮ ᠰᠣᠭᠤᠭ ᠢ 59 ᠤᠳᠠᠭ᠎ᠠ ᠴᠡᠭᠴᠡᠯᠡᠨ ᠵᠠᠰᠠᠪᠠ᠃ ᠡᠭᠦᠨ ᠤ ᠬᠠᠮᠲᠤ᠂ ᠴᠠᠭᠠᠨ ᠰᠠᠷ᠎ᠠ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠪᠣᠳᠠᠲᠠᠢ ᠪᠠᠶᠢᠳᠠᠯ ᠢ ᠦᠨᠳᠦᠰᠦᠯᠡᠨ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠩᠭᠢ ᠶᠢᠨ ᠪᠥᠬᠦ ᠬᠥᠮᠥᠰ ᠠᠵᠢᠯ ᠤᠨ ᠪᠠᠶᠢᠷᠢ ᠳᠤ ᠭᠠᠷᠴᠤ᠂ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠴᠠᠭ ᠢᠮᠠᠭᠲᠠ ᠰᠠᠶᠢᠲᠤᠷ ᠬᠢᠵᠦ᠂ ᠬᠠᠯᠠᠮᠰᠢᠯ ᠴᠡᠭ ᠤᠨ ᠭᠠᠯ ᠤᠨ ᠪᠠᠶᠢᠳᠠᠯ ᠢ ᠬᠠᠮᠤᠭ ᠤᠨ ᠲᠡᠷᠢᠭᠦᠨ ᠳᠤ ᠢᠯᠡᠷᠡᠭᠦᠯᠵᠦ᠂ ᠬᠠᠮᠤᠭ ᠤᠨ ᠲᠡᠷᠢᠭᠦᠨ ᠳᠤ ᠰᠢᠢᠳᠪᠦᠷᠢᠯᠡᠬᠦ ᠶᠢ ᠦᠨᠡᠨ ᠬᠦ ᠪᠠᠲᠤᠯᠠᠵᠠᠢ᠃ ᠡᠭᠦᠨ ᠤ ᠬᠠᠮᠲᠤ᠂ ᠭᠤᠣᠯᠳᠠᠯᠭ᠎ᠠ ᠲᠠᠢ ᠭᠠᠯ ᠰᠡᠷᠭᠡᠶᠢᠯᠡᠬᠦ ᠥᠷᠲᠡᠭᠡ ᠳᠤ ᠲᠣᠭᠤᠷᠢᠨ ᠪᠠᠶᠢᠴᠠᠭᠠᠯᠲᠠ ᠬᠢᠵᠦ᠂ ᠠᠭᠤᠯᠠᠨ ᠳᠤ ᠣᠷᠣᠵᠤ ᠣᠶ ᠰᠢᠭᠤᠢ ᠳᠤ ᠣᠷᠣᠭᠰᠠᠨ ᠬᠥᠮᠥᠰ ᠢ ᠴᠢᠩᠭ᠎ᠠ ᠪᠠᠶᠢᠴᠠᠭᠠᠨ ᠬᠠᠮᠢᠶᠠᠷᠤᠨ ᠡᠵᠡᠮᠳᠡᠵᠦ᠂ ᠡᠯ᠎ᠡ ᠲᠥᠷᠥᠯ ᠤᠨ ᠭᠠᠯ ᠤᠨ ᠰᠤᠷᠪᠤᠯᠵᠢ ᠶᠢ ᠬᠤᠷᠢᠶᠠᠨ ᠠᠪᠴᠤ᠂ ᠣᠩᠭᠤᠨ ᠳᠤ ᠭᠠᠷᠴᠤ ᠲᠠᠬᠢᠯᠭ᠎ᠠ ᠬᠢᠬᠦ᠂ ᠲᠠᠷᠢᠶᠠᠯᠠᠩ ᠤᠨ ᠶᠠᠪᠤᠳᠠᠯ ᠳᠤ ᠭᠠᠯ ᠬᠡᠷᠡᠭᠯᠡᠬᠦ ᠵᠡᠷᠭᠡ ᠠᠶᠠᠯᠠᠯ ᠢ ᠴᠢᠩᠭ᠎ᠠ ᠬᠢᠵᠠᠭᠠᠷᠯᠠᠵᠤ᠂ ᠴᠠᠭᠠᠨ ᠰᠠᠷ᠎ᠠ ᠶᠢᠨ ᠬᠤᠭᠤᠴᠠᠭᠠᠨ ᠳᠤ ᠣᠩᠭᠤᠨ ᠳᠤ ᠭᠠᠷᠴᠤ ᠴᠠᠭᠠᠰᠤ ᠰᠢᠲᠠᠭᠠᠬᠤ ᠵᠡᠷᠭᠡ ᠲᠣᠭᠲᠠᠭᠠᠯ ᠎ ᠠᠴᠠ ᠵᠥᠷᠢᠴᠡᠨ ᠭᠠᠯ ᠬᠡᠷᠡᠭᠯᠡᠭᠰᠡᠨ ᠡᠯ᠎ᠡ ᠲᠥᠷᠥᠯ ᠤᠨ ᠦᠶᠯᠡ ᠠᠵᠢᠯᠯᠠᠭ᠎ᠠ ᠶᠢ 70 ᠭᠠᠷᠤᠢ ᠪᠠᠶᠢᠴᠠᠭᠠᠨ ᠰᠢᠢᠳᠪᠦᠷᠢᠯᠡᠵᠦ᠂ ᠨᠡᠶᠢᠲᠡ 300 ᠭᠠᠷᠤᠢ ᠭᠠᠯ ᠤᠨ ᠰᠤᠷᠪᠤᠯᠵᠢ ᠶᠢ ᠬᠤᠷᠢᠶᠠᠨ ᠠᠪᠴᠤ᠂ ᠠᠭᠤᠯᠠᠨ ᠳᠤ ᠣᠷᠣᠭᠰᠠᠨ ᠬᠥᠮᠥᠨ ᠢ 300 ᠭᠠᠷᠤᠢ ᠬᠥᠮᠥᠨ ᠤᠳᠠᠭ᠎ᠠ ᠳᠡᠩᠰᠡᠯᠡᠨ᠂ ᠲᠡᠷᠭᠡ ᠬᠥᠰᠬᠡ ᠶᠢ 70 ᠭᠠᠷᠤᠢ ᠤᠳᠠᠭ᠎ᠠ ᠪᠠᠶᠢᠴᠠᠭᠠᠵᠠᠢ᠃     【ᠬᠥᠲᠥᠯᠥᠭᠴᠢ】      ᠠᠶᠤᠯᠭᠦᠢ ᠦᠢᠯᠡᠳᠪᠦᠷᠢᠯᠡᠯ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠲᠠᠯ᠎ᠠ ᠪᠠᠷ ᠶᠠᠮᠠᠷ ᠶᠠᠮᠠᠷ ᠰᠢᠨ᠎ᠡ ᠶᠢ ᠡᠭᠦᠳᠬᠦ ᠦᠢᠯᠡᠳᠦᠯᠭᠡ ᠬᠢᠭᠰᠡᠨ ᠪᠤᠢ︖      【ᠰᠤᠷᠪᠤᠯᠵᠢᠯᠠᠭ᠎ᠠ ᠬᠦᠯᠢᠶᠡᠭᠰᠡᠨ ᠵᠣᠴᠢᠨ     ᠴᠧᠨ ᠶᠦᠩ ᠯᠢᠶᠠᠩ】      ᠠᠶᠤᠯᠭᠦᠢ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠬᠦᠴᠦᠨ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠶᠢᠨ ᠲᠥᠯᠥᠭᠡ᠂ ᠮᠠᠨ ᠤ ᠲᠣᠪᠴᠢᠶ᠎ᠠ ︽ᠰᠡᠳᠬᠢᠬᠦᠢ ᠶᠢ ᠣᠶᠢᠯᠠᠭᠠᠬᠤ︾ ᠣᠶᠢᠯᠠᠭᠠᠭᠳᠠᠬᠤᠨ ᠢ ᠬᠡᠷᠡᠭᠯᠡᠵᠦ᠂ ᠰᠢᠨ᠎ᠡ ᠶᠢ ᠡᠭᠦᠳᠴᠦ᠂ 4 ᠠᠵᠢᠯᠲᠠᠨ ᠢ ᠰᠣᠩᠭᠤᠨ ᠡᠯᠰᠡᠵᠦ᠂ ᠲᠤᠭᠤᠷᠢᠭ ᠤᠨ ᠠᠶᠦᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠠᠵᠢᠯ ᠢ ᠲᠤᠰᠬᠠᠢ ᠬᠠᠷᠢᠴᠠᠭᠤᠯᠵᠦ᠂ ᠡᠭᠦᠨ ᠤ ᠬᠠᠮᠲᠤ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠱᠠᠯᠠᠪᠳᠠᠭᠤᠯᠤᠨ ᠪᠠᠶᠢᠴᠠᠭᠠᠬᠤ ᠲᠠᠰᠤᠭ ᠪᠠᠶᠢᠭᠤᠯᠵᠤ᠂ ᠠᠶᠦᠯᠭᠦᠢ ᠦᠢᠯᠡᠳᠪᠦᠷᠢᠯᠡᠯ ᠤᠨ ᠠᠵᠢᠯ ᠤᠨ ᠳᠤᠮᠳᠠᠬᠢ ᠲᠣᠪᠣᠶᠢᠮ᠎ᠠ ᠠᠰᠠᠭᠤᠳᠠᠯ ᠪᠠ ᠴᠤᠬᠤᠶᠢᠯᠲᠠ ᠶᠢᠨ ᠴᠢᠨᠠᠷᠲᠠᠢ ᠬᠡᠯᠪᠡᠷᠢᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ ᠰᠢᠰᠲ᠋ᠧᠮ ᠲᠠᠢ ᠪᠥᠭᠡᠳ ᠲᠤᠰᠬᠠᠢ ᠮᠡᠷᠭᠡᠵᠢᠯ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠪᠦᠲᠦᠴᠡ ᠪᠣᠯᠣᠨ ᠬᠤᠷᠴᠠ ᠴᠢᠳᠠᠮᠠᠭᠠᠢ ᠪᠥᠭᠡᠳ ᠪᠦᠷᠢᠨ ᠪᠦᠲᠦᠨ ᠲᠤᠰᠬᠠᠢ ᠬᠠᠮᠢᠶᠠᠷᠤᠯᠲᠠ ᠶᠢᠨ ᠡᠩᠨᠡᠭᠡ ᠶᠢ ᠪᠠᠶᠢᠭᠤᠯᠬᠤ ᠶᠢᠨ ᠬᠠᠮᠲᠤ ︽ᠴᠢᠩᠱᠠᠨ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠵᠢᠯ ᠤᠨ ᠳᠦᠷᠢᠮ︾᠎ ᠢ ᠰᠤᠳᠤᠯᠤᠨ ᠲᠣᠭᠲᠠᠭᠠᠵᠤ᠂ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ︽ᠵᠢᠯᠣᠭᠤᠳᠤᠨ ᠵᠣᠬᠢᠴᠠᠭᠤᠯᠬᠤ᠂ ᠬᠢᠨᠠᠯᠲᠠ ᠲᠠᠯᠪᠢᠵᠤ ᠪᠠᠶᠢᠴᠠᠭᠠᠬᠤ᠂ ᠲᠣᠭᠤᠷᠢᠨ ᠪᠠᠶᠢᠴᠠᠭᠠᠵᠤ ᠬᠢᠨᠠᠨ ᠰᠢᠯᠭᠠᠬᠤ︾ ᠦᠢᠯᠡᠳᠦᠯ ᠢ ᠭᠦᠢᠴᠡᠳ ᠪᠠᠳᠠᠷᠠᠭᠤᠯᠤᠨ᠂ ︽ᠬᠠᠮᠤᠭ ᠤᠨ ᠲᠦᠷᠦᠭᠦᠨ ᠳᠤ ᠨᠢᠭᠡ ᠺᠢᠯᠣᠮᠧᠲᠷ︾᠎ ᠢ ᠲᠣᠬᠢᠷᠠᠭᠤᠯᠤᠨ ᠰᠤᠳᠤᠯᠤᠨ ᠮᠠᠭᠠᠳᠯᠠᠬᠤ ᠪᠠ ᠠᠰᠠᠭᠤᠳᠠᠯ ᠢ ᠰᠢᠢᠳᠪᠦᠷᠢᠯᠡᠬᠦ ︽ᠬᠠᠮᠤᠭ ᠤᠨ ᠰᠡᠭᠦᠯᠴᠢ ᠶᠢᠨ ᠨᠢᠭᠡ ᠺᠢᠯᠣᠮᠧᠲᠷ︾᠎ ᠤᠨ ᠴᠢᠳᠠᠪᠤᠷᠢ ᠶᠢ ᠦᠨᠡᠨᠬᠦ ᠳᠡᠭᠡᠭᠰᠢᠯᠡᠭᠦᠯᠪᠡ᠃      ᠨᠢᠭᠡ ᠳᠤ᠂ ︽ᠪᠣᠳᠠᠲᠠᠢ︾ ᠪᠠᠶᠢᠬᠤ ᠶᠢ ᠲᠡᠷᠢᠭᠦᠨ ᠳᠤ ᠲᠠᠯᠪᠢᠵᠤ᠂ ᠴᠢᠩᠭ᠎ᠠ ᠪᠦᠲᠦᠮᠵᠢᠲᠡᠢ ᠪᠦᠲᠦᠴᠡ ᠶᠢ ᠪᠠᠶᠢᠭᠤᠯᠤᠨ᠎ᠠ᠃ ︽ᠠᠶᠤᠯᠭᠦᠢ ᠦᠢᠯᠡᠳᠪᠦᠷᠢᠯᠡᠯ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠳᠦᠷᠢᠮ︾ ᠪᠠ ︽ᠠᠶᠤᠯᠭᠦᠢ ᠦᠢᠯᠡᠳᠪᠦᠷᠢᠯᠡᠯ ᠤᠨ ᠥᠭᠡᠷᠡᠴᠢᠯᠡᠯᠲᠡ ᠬᠥᠭᠵᠢᠯᠲᠡ ᠶᠢ ᠲᠦᠯᠬᠢᠨ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ    ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠵᠡᠷᠭᠡ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂  ᠬᠦᠴᠦᠨ ᠢᠶᠠᠨ ᠲᠥᠪᠯᠡᠷᠡᠭᠦᠯᠦᠨ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠤᠯᠠᠮ ᠨᠢᠭᠡ ᠠᠯᠬᠤᠮ ᠰᠡᠷᠭᠡᠶᠢᠯᠡᠨ ᠠᠷᠢᠯᠭᠠᠵᠤ᠂ ᠨᠡᠯᠢᠶᠡᠳ ᠶᠡᠭᠡ ᠬᠡᠮᠵᠢᠶᠡᠨ ᠠᠴᠠ ᠳᠡᠭᠡᠭᠰᠢᠬᠢ ᠠᠳᠡᠯ ᠬᠡᠷᠡᠭ ᠢ ᠡᠷᠡᠰ ᠬᠤᠷᠢᠭᠯᠠᠵᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠵᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ︽ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠤ ᠠᠶᠤᠯᠭᠦᠢ ᠦᠢᠯᠡᠳᠪᠦᠷᠢᠯᠡᠯ ᠤᠨ ᠲᠤᠰᠬᠠᠢ ᠮᠡᠷᠭᠡᠵᠢᠯ ᠤᠨ ᠵᠥᠪᠯᠡᠯ ᠪᠠᠶᠢᠭᠤᠯᠬᠤ ᠲᠤᠬᠠᠢ ᠮᠡᠳᠡᠭᠳᠡᠯ︾ ︵ᠴᠢᠩᠱᠠᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠲᠠᠷᠬᠠᠭᠠᠭᠰᠠᠨ ﹇2022﹈ 7 ᠳ᠋ᠤᠭᠠᠷ ᠲᠣᠭᠠᠲᠤ︶᠎ ᠢ ᠳᠠᠷᠤᠮᠠᠯᠯᠠᠨ ᠲᠠᠷᠬᠠᠭᠠᠵᠦ᠂ ᠠᠶᠤᠯᠲᠠᠢ ᠬᠢᠮᠢ ᠶᠢᠨ ᠪᠣᠳᠠᠰ᠂ ᠲᠡᠮᠦᠷᠯᠢᠭ ᠪᠣᠯᠪᠠᠰᠤᠷᠠᠭᠤᠯᠬᠤ᠂ ᠭᠡᠷ ᠪᠠᠶᠢᠰᠢᠩ ᠤᠨ ᠪᠠᠷᠢᠯᠭ᠎ᠠ᠂ ᠬᠤᠲᠠ ᠪᠠᠯᠭᠠᠰᠤ ᠶᠢᠨ ᠰᠢᠲᠠᠮᠠᠬᠠᠢ ᠬᠡᠢ᠂ ᠵᠠᠮ ᠬᠠᠷᠢᠯᠴᠠᠭ᠎ᠠ ᠲᠡᠭᠡᠭᠡᠪᠦᠷᠢ᠂ ᠣᠨᠴᠠ ᠲᠥᠷᠥᠯ ᠤᠨ ᠲᠥᠬᠦᠭᠡᠷᠦᠮᠵᠢ᠂ ᠡᠮ ᠡᠮᠨᠡᠯᠭᠡ ᠡᠷᠡᠭᠦᠯ ᠬᠠᠮᠠᠭᠠᠯᠠᠯ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡ᠂ ᠰᠣᠶᠣᠯ ᠵᠢᠭᠤᠯᠴᠢᠯᠠᠯ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠲᠠᠷᠢᠶᠠᠯᠠᠩ ᠮᠠᠯ ᠠᠵᠤ ᠠᠬᠤᠢ ᠵᠢᠭᠠᠰᠤᠨ ᠠᠵᠤ ᠠᠬᠤᠢ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ᠂ ᠪᠡᠶ᠎ᠡ ᠶᠢᠨ ᠲᠠᠮᠢᠷ ᠤᠨ ᠠᠮᠤᠷ ᠲᠦᠪᠰᠢᠨ᠂ ᠱᠠᠰᠢᠨ ᠰᠤᠷᠲᠠᠬᠤᠨ ᠤ ᠲᠠᠯᠠᠪᠤᠷ ᠭᠠᠵᠠᠷ ᠵᠡᠷᠭᠡ 14 ᠠᠶᠦᠯᠭᠦᠢ ᠦᠢᠯᠡᠳᠪᠦᠷᠢᠯᠡᠯ ᠤᠨ ᠲᠤᠰᠬᠠᠢ ᠮᠡᠷᠭᠡᠵᠢᠯ ᠤᠨ ᠵᠥᠪᠯᠡᠯ ᠢ ᠪᠠᠶᠢᠭᠤᠯᠵᠤ᠂ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ᠂ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠯ᠎ᠡ ᠪᠦᠷᠢᠯᠳᠦᠭᠦᠨ ᠨᠢᠭᠡᠴᠡ ᠲᠠᠢ ᠬᠠᠮᠲᠤᠪᠠᠷ ︽1+14+53︾ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠪᠠᠶᠢᠭᠤᠯᠵᠤ᠂ ᠨᠡᠩ ᠰᠢᠨᠵᠢᠯᠡᠬᠦ ᠤᠬᠠᠭᠠᠨᠴᠢ ᠪᠠᠷ ᠪᠦᠬᠦᠨ ᠢ ᠪᠦᠷᠬᠦᠬᠦᠯᠬᠦ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠪᠦᠬᠦ ᠲᠤᠭᠤᠷᠢᠭ ᠢᠶᠠᠷ ᠢᠶᠠᠨ ︽ᠨᠢᠭᠡ ᠬᠥᠯᠭᠡ ᠰᠢᠲᠠᠷ᠎ᠠ︾᠎ ᠶᠢ ᠪᠡᠶᠡᠯᠡᠭᠦᠯᠦᠨ᠎ᠡ᠃      ᠬᠤᠶᠠᠷ ᠲᠤ᠂ ︽ᠨᠢᠭᠡᠳᠬᠡᠬᠦ︾᠎ ᠪᠠᠷ ᠭᠤᠣᠯ ᠪᠣᠯᠭᠠᠵᠤ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠵᠠᠰᠠᠬᠤ ᠶᠢ ᠴᠢᠩᠭᠠᠳᠬᠠᠨ᠎ᠠ᠃ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠲᠦᠷᠦᠭᠦᠯᠡᠨ ᠶᠡᠷᠦᠩᠬᠡᠢ ᠶᠢ ᠠᠳᠬᠤᠬᠤ᠂ ᠶᠡᠷᠦᠩᠬᠡᠶᠢᠯᠡᠨ ᠬᠢᠨᠠᠨ ᠬᠠᠮᠢᠶᠠᠷᠬᠤ ᠡᠭᠦᠷᠭᠡ ᠴᠢᠳᠠᠪᠤᠷᠢ ᠪᠠᠨ ᠦᠨᠡᠨᠬᠦ ᠭᠦᠢᠴᠡᠳᠬᠡᠵᠦ᠂ ᠤᠷᠢᠳ ᠬᠤᠵᠢᠳ ᠡᠯ᠎ᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠠᠶᠦᠯᠭᠦᠢ ᠦᠢᠯᠡᠳᠪᠦᠷᠢᠯᠡᠯ ᠤᠨ ᠡᠷᠭᠢᠨ ᠬᠠᠷᠠᠬᠤ ᠳᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠲᠤᠰᠬᠠᠢ ᠵᠦᠢᠯ ᠤᠨ ᠪᠣᠭᠤᠮᠲᠠ ᠰᠢᠪᠲᠤᠯᠬᠤ ᠠᠵᠢᠯᠯᠠᠭ᠎ᠠ᠂ ᠥᠪᠡᠷ ᠲᠡᠭᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠯᠲᠠ᠂ ᠬᠤᠲᠠ ᠪᠠᠯᠭᠠᠰᠤᠨ ᠤ ᠰᠢᠲᠠᠮᠠᠬᠠᠢ ᠬᠡᠢ ᠶᠢᠨ ᠬᠦᠷᠢᠶᠡᠨ ᠤ ᠠᠮᠤᠷ ᠲᠦᠪᠰᠢᠨ ᠢ ᠴᠡᠭᠴᠡᠯᠡᠨ ᠵᠠᠰᠠᠬᠤ ︽ᠵᠠᠭᠤᠨ ᠡᠳᠦᠷ ᠤᠨ ᠠᠵᠢᠯᠯᠠᠭ᠎ᠠ︾᠂ ᠠᠶᠤᠯᠲᠠᠢ ᠬᠢᠮᠢ ᠶᠢᠨ ᠪᠣᠳᠠᠰ ᠤᠨ ᠠᠮᠤᠷ ᠲᠦᠪᠰᠢᠨ ᠤ ᠲᠦᠭᠰᠢᠭᠦᠷᠢ ᠶᠢ ᠲᠥᠪᠯᠡᠷᠡᠭᠦᠯᠦᠨ ᠵᠠᠰᠠᠵᠤ᠂ ᠲᠡᠮᠦᠷᠯᠢᠭ  ᠤᠨ ᠠᠵᠤ ᠦᠢᠯᠡᠳᠪᠦᠷᠢ ᠠᠷᠠᠯᠵᠢᠶᠠᠨ ᠎ ᠤ ᠠᠵᠢᠯ ᠲᠥᠷᠥᠯ  ᠤᠨ ᠠᠶᠦᠯᠭᠦᠢ ᠦᠢᠯᠡᠳᠪᠦᠷᠢᠯᠡᠯ ᠤᠨ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ︽ᠵᠠᠭᠤᠨ ᠡᠳᠦᠷ  ᠤᠨ ᠠᠷᠢᠯᠭᠠᠬᠤ ᠠᠵᠢᠯᠯᠠᠭ᠎ᠠ︾᠂ ᠦᠢᠯᠡᠳᠪᠦᠷᠢᠯᠡᠵᠦ ᠡᠵᠡᠩᠨᠡᠵᠦ ᠪᠠᠶᠢᠭ᠎ᠠ ᠲᠣᠰᠬᠤᠨ ︵ᠰᠠᠭᠤᠭᠠᠯᠢ︶ ᠎ ᠤ ᠠᠷᠠᠳ ᠤᠨ ᠥᠪᠡᠷ ᠲᠡᠭᠡᠨ ᠪᠠᠷᠢᠭᠰᠠᠨ ᠭᠡᠷ ᠪᠠᠶᠢᠰᠢᠩ ᠤᠨ ᠬᠦᠨᠳᠦ ᠶᠡᠭᠡ ᠭᠠᠯ ᠤᠨ ᠠᠶᠤᠯ ᠤᠨ ᠲᠦᠭᠰᠢᠭᠦᠷᠢ ᠶᠢ ᠶᠡᠷᠦᠩᠬᠡᠶᠢᠯᠡᠨ ᠵᠠᠰᠠᠬᠤ᠂ ᠥᠨᠳᠥᠷ ᠪᠠᠷᠢᠯᠭ᠎ᠠ ᠶᠢᠨ ᠬᠦᠨᠳᠦ ᠶᠡᠭᠡ ᠭᠠᠯ ᠤᠨ ᠠᠶᠤᠯ ᠤᠨ ᠲᠦᠭᠰᠢᠭᠦᠷᠢ ᠶᠢ ᠶᠡᠷᠦᠩᠬᠡᠶᠢᠯᠡᠨ ᠵᠠᠰᠠᠬᠤ᠂ ᠢᠳᠡᠭᠡᠨ ᠤᠮᠳᠠᠭᠠᠨ ᠎ ᠤ ᠭᠠᠵᠠᠷ ᠲᠠᠯᠠᠪᠤᠷ ᠤᠨ ᠰᠢᠲᠠᠮᠠᠬᠠᠢ ᠬᠡᠢ ᠶᠢᠨ ᠠᠶᠦᠯᠭᠦᠢ ᠶᠢᠨ ᠲᠤᠰᠬᠠᠢ ᠵᠦᠢᠯ ᠢᠶᠠᠷ ᠴᠡᠭᠴᠡᠯᠡᠨ ᠵᠠᠰᠠᠬᠤ᠂ ᠥᠨᠳᠥᠷ ᠭᠠᠵᠠᠷ ᠲᠤ ᠠᠵᠢᠯᠯᠠᠵᠤ ᠪᠠᠶᠢᠭ᠎ᠠ ᠠᠶᠦᠯᠭᠦᠢ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠤ ᠠᠶᠦᠯᠭᠦᠢ ᠶᠢᠨ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠢ ᠦᠷᠨᠢᠭᠦᠯᠪᠡ᠃      ᠭᠤᠷᠪᠠ ᠳᠤ᠂ ︽ᠱᠠᠯᠠᠪᠳᠠᠭᠤᠯᠬᠤ︾ ᠦᠰᠦᠭ ᠤᠨ ᠦᠷ᠎ᠡ ᠠᠰᠢᠭ ᠢ ᠨᠡᠮᠡᠭᠳᠡᠭᠦᠯᠵᠦ᠂ ᠴᠢᠩᠭ᠎ᠠ ᠬᠠᠲᠠᠭᠤ ᠬᠢᠨᠠᠨ ᠰᠢᠯᠭᠠᠨ᠎ᠠ᠃ ᠲᠤᠭᠤᠷᠢᠭ ᠤᠨ ᠠᠶᠦᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ︽ᠴᠢᠩᠱᠠᠨ ᠲᠣᠭᠤᠷᠢᠭ ᠤᠨ ᠠᠶᠦᠯᠭᠦᠢ ᠦᠢᠯᠡᠳᠪᠦᠷᠢᠯᠡᠯ ᠤᠨ ᠠᠳᠡᠯ ᠤᠨ ᠳᠠᠯᠳᠠ ᠬᠡᠮ ᠢ ᠮᠡᠳᠡᠭᠦᠯᠬᠦ᠂ ᠲᠤᠰᠢᠶᠠᠨ ᠰᠢᠢᠳᠪᠦᠷᠢᠯᠡᠭᠦᠯᠬᠦ᠂ ᠱᠠᠯᠠᠪᠳᠠᠭᠤᠯᠤᠨ ᠰᠢᠢᠳᠪᠦᠷᠢᠯᠡᠭᠦᠯᠬᠦ ᠳᠦᠷᠢᠮ︾᠂ ︽ᠠᠶᠦᠯᠭᠦᠢ ᠦᠢᠯᠡᠳᠪᠦᠷᠢᠯᠡᠯ ᠤᠨ ᠠᠵᠢᠯ ᠤᠨ ᠬᠤᠷᠢᠨ ᠵᠦᠢᠯ ᠤᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠴᠢᠩᠭᠠᠷᠠᠭᠤᠯᠬᠤ︾᠎ ᠶᠢ ᠳᠠᠷᠤᠮᠠᠯᠯᠠᠨ ᠲᠠᠷᠬᠠᠭᠠᠵᠤ᠂ ᠲᠤᠭᠤᠷᠢᠭ ᠤᠨ ᠠᠶᠦᠯᠭᠦᠢ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠭᠦᠨ ᠨᠢᠭᠡᠴᠡ ᠳᠤ ᠲᠠᠰᠢᠷᠠᠮ ᠢᠶᠠᠷ ᠰᠤᠭᠤᠴᠢᠨ ᠪᠠᠶᠢᠴᠠᠭᠠᠯᠲᠠ ᠬᠢᠵᠦ᠂ ᠰᠠᠷ᠎ᠠ ᠪᠦᠷᠢ 50%᠎ ᠶᠢᠨ ᠭᠤᠣᠯᠳᠠᠯᠭ᠎ᠠ ᠲᠠᠢ ᠪᠦᠷᠢᠯᠳᠦᠭᠦᠨ ᠨᠢᠭᠡᠴᠡ ᠶᠢᠨ ᠠᠶᠦᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠤᠭᠤᠴᠢᠨ ᠪᠠᠶᠢᠴᠠᠭᠠᠬᠤ ᠶᠢᠨ ᠬᠠᠮᠲᠤ 1—2 ᠠᠵᠤ ᠠᠬᠤᠶᠢᠯᠠᠯ ᠵᠢᠴᠢ ᠨᠢᠭᠡᠴᠡ ᠶᠢ ᠤᠷᠲᠤᠳᠬᠠᠵᠤ᠂ ᠭᠡᠷᠡᠴᠢᠯᠡᠬᠦ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠡᠷᠡᠭᠯᠡᠨ᠎ᠡ᠃ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠪᠥᠬᠦ ᠲᠤᠭᠤᠷᠢᠭ ᠎ ᠲᠤ ᠨᠡᠪᠲᠡᠷᠡᠭᠦᠯᠬᠦ ᠶᠢᠨ ᠬᠠᠮᠲᠤ ᠣᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠤ ᠬᠡᠷᠡᠭᠯᠡᠨ᠎ᠡ᠃ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠱᠠᠯᠠᠪᠳᠠᠭᠤᠯᠤᠨ ᠪᠠᠶᠢᠴᠠᠭᠠᠬᠤ ᠲᠠᠰᠤᠭ ᠪᠠᠶᠢᠭᠤᠯᠤᠭᠳᠠᠭᠰᠠᠨ ᠠᠴᠠ ᠨᠠᠰᠢ᠂ ᠲᠤᠰᠬᠠᠢ ᠵᠦᠢᠯ ᠤᠨ ᠪᠠ ᠡᠳᠦᠷ ᠲᠤᠲᠤᠮ ᠤᠨ ᠴᠢᠨᠠᠷᠲᠠᠢ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠪᠠ ᠱᠠᠯᠠᠪᠳᠠᠭᠤᠯᠤᠨ ᠪᠠᠶᠢᠴᠠᠭᠠᠯᠲᠠ ᠶᠢ ᠨᠡᠶᠢᠲᠡ 20 ᠭᠠᠷᠤᠢ ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ ᠱᠠᠯᠠᠪᠳᠠᠭᠤᠯᠤᠨ ᠪᠠᠶᠢᠴᠠᠭᠠᠬᠤ ᠶᠢ ᠨᠡᠶᠢᠲᠡᠯᠡᠨ ᠮᠡᠳᠡᠭᠳᠡᠬᠦ ᠠᠵᠢᠯ ᠢ 60 ᠭᠠᠷᠤᠢ ᠬᠤᠭᠤᠴᠠᠭ᠎ᠠ ᠨᠡᠶᠢᠲᠡᠯᠡᠵᠦ᠂ ᠡ᠊ᠨᠳᠡᠯ ᠤᠯᠠᠨ ᠭᠠᠷᠤᠭᠰᠠᠨ᠂ ᠲᠠᠯᠳᠠ ᠭᠡᠮ ᠲᠤᠪᠤᠶᠢᠬᠰᠠᠨ᠂ ᠠᠶᠤᠯ ᠲᠦᠭᠰᠢᠭᠦᠷᠢ ᠲᠤᠶᠢᠯ ᠤᠨ ᠶᠡᠭᠡ ᠪᠠᠶᠢᠭ᠎ᠠ ᠠᠵᠢᠯ ᠲᠦᠷᠦᠯ ᠤᠨ ᠬᠦᠷᠢᠶᠡᠨ ᠳᠤ ᠲᠤᠬᠠᠢ ᠶᠢᠨ ᠲᠠᠯᠠᠪᠤᠷ ᠲᠤ ᠰᠡᠷᠡᠮᠵᠢᠯᠡᠭᠦᠯᠦᠨ ᠪᠣᠯᠵᠣᠨ ᠶᠠᠷᠢᠯᠴᠠᠬᠤ᠂ ᠪᠦᠬᠦ ᠲᠤᠭᠤᠷᠢᠭ ᠲᠤ ᠨᠡᠶᠢᠲᠡᠯᠡᠨ ᠮᠡᠳᠡᠭᠳᠡᠬᠦ᠂ ᠨᠢᠭᠡ ᠫᠢᠶᠣᠣ ᠪᠠᠷ ᠦᠭᠡᠶᠢᠰᠬᠡᠬᠦ ᠵᠡᠷᠭᠡ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠠᠵᠢᠯ ᠢᠶᠠᠨ ᠰᠠᠶᠢᠵᠢᠷᠠᠭᠤᠯᠬᠤ ᠶᠢ ᠠᠬᠢᠭᠤᠯᠵᠤ᠂ ᠲᠣᠭᠲᠠᠴᠠ᠂ ᠬᠠᠮᠢᠶᠠᠷᠤᠯᠲᠠ ᠶᠢᠨ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠵᠦ᠂ ᠲᠠᠯᠳᠠ ᠭᠡᠮ ᠢ ᠠᠷᠢᠯᠭᠠᠨ᠂ ᠬᠠᠤᠯᠢ ᠶᠣᠰᠣᠭᠠᠷ ᠠᠮᠤᠷ ᠢ ᠬᠠᠮᠠᠭᠠᠯᠠᠬᠤ ᠴᠢᠳᠠᠪᠤᠷᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠪᠡ᠃      【ᠬᠥᠲᠥᠯᠥᠭᠴᠢ】      ᠠᠮᠤᠷ ᠲᠦᠪᠰᠢᠨ ᠤ ᠮᠥᠨ ᠴᠢᠨᠠᠷ ᠢ ᠠᠳᠬᠤᠬᠤ ᠨᠢ ᠨᠢᠭᠡ ᠯᠡ ᠡᠳᠦᠷ ᠤᠨ ᠠᠮᠵᠢᠯᠲᠠ ᠪᠢᠰᠢ᠂ ᠳᠠᠷᠠᠭᠠᠴᠢ ᠶᠢᠨ ᠠᠯᠬᠤᠮ ᠳᠤ ᠬᠡᠷᠬᠢᠨ ᠠᠬᠢᠭᠤᠯᠬᠤ ᠪᠤᠢ︖      【ᠰᠤᠷᠪᠤᠯᠵᠢᠯᠠᠭ᠎ᠠ ᠬᠦᠯᠢᠶᠡᠭᠰᠡᠨ ᠵᠣᠴᠢᠨ     ᠴᠧᠨ ᠶᠦᠩ ᠯᠢᠶᠠᠩ】      ᠮᠠᠨ ᠤ ᠲᠣᠪᠴᠢᠶ᠎ᠠ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ  ᠪᠠ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠷᠭᠦᠯᠵᠢᠯᠡᠨ ᠨᠠᠷᠢᠨ ᠬᠢᠨᠠᠮᠠᠭᠠᠢ ᠲᠤᠤᠱᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠠᠬᠢ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠪᠠᠶᠢᠭᠤᠯᠤᠮᠵᠢ ᠲᠣᠭᠲᠠᠴᠠ ᠶᠢ ᠬᠦᠴᠦᠯᠡᠨ ᠲᠡᠭᠦᠯᠳᠡᠷᠵᠢᠭᠦᠯᠵᠦ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠪᠠ ᠬᠦᠨᠳᠦ ᠶᠡᠭᠡ ᠠᠮᠤᠷ ᠲᠦᠪᠰᠢᠨ ᠤ ᠬᠡᠷᠡᠭ ᠢ ᠰᠢᠢᠳᠪᠦᠷᠢᠯᠡᠬᠦ ᠪᠠᠲᠤᠯᠠᠭ᠎ᠠ ᠶᠢᠨ ᠴᠢᠳᠠᠪᠤᠷᠢ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠨᠡᠯᠢᠶᠡᠳ ᠶᠡᠭᠡ ᠵᠢᠴᠢ ᠲᠡᠭᠦᠨ ᠠᠴᠠ ᠳᠡᠭᠡᠭᠰᠢᠬᠢ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠵᠤ᠂ ᠪᠦᠬᠦ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠪᠠᠲᠤᠯᠠᠵᠤ᠂ ︽ᠲᠠᠪᠤᠨ ᠶᠡᠭᠡ ᠢᠨᠵᠧᠨᠧᠷᠢᠩ︾᠎ ᠢ ᠭᠤᠣᠯᠳᠠᠯᠭ᠎ᠠ ᠲᠠᠢ ᠠᠬᠢᠭᠤᠯᠤᠨ᠎ᠠ᠃       ᠨᠢᠭᠡ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠵᠤ᠂ ᠠᠶᠦᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ      ᠠᠶᠦᠯᠭᠦᠢ ᠦᠢᠯᠡᠳᠪᠦᠷᠢᠯᠡᠯ ᠤᠨ ᠳᠠᠯᠳᠠ ᠬᠡᠮ ᠢ ᠶᠡᠬᠡᠪᠡᠷ ᠵᠢᠭᠰᠠᠭᠠᠨ ᠪᠠᠶᠢᠴᠠᠭᠠᠬᠤ᠂ ᠶᠡᠬᠡᠪᠡᠷ ᠴᠡᠭᠴᠡᠯᠡᠨ ᠰᠠᠶᠢᠵᠢᠷᠠᠭᠤᠯᠬᠤ ᠪᠠ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ︽ᠨᠢᠭᠡ ᠬᠠᠭᠤᠳᠠᠰᠤ ᠳᠥᠷᠪᠡᠨ ᠳᠦᠷᠢᠮ︾᠎ ᠤᠨ ᠳᠦᠷᠢᠮ ᠢ ᠨᠠᠶᠢᠳᠠᠪᠤᠷᠢᠵᠢᠭᠤᠯᠤᠨ ᠬᠦᠨᠳᠦ ᠶᠡᠭᠡ ᠠᠳᠡᠯ ᠤᠨ ᠳᠠᠯᠳᠠ ᠬᠡᠮ ᠢ ᠵᠠᠰᠠᠵᠤ᠂ ᠬᠦᠨᠳᠦ ᠶᠡᠭᠡ ᠠᠳᠡᠯ ᠤᠨ ᠳᠠᠯᠳᠠ ᠬᠡᠮ ᠤᠨ ᠨᠠᠷᠢᠨ ᠬᠠᠭᠤᠳᠠᠰᠤ ᠶᠢ ᠪᠠᠶᠢᠭᠤᠯᠤᠨ᠂ ︽ᠲᠤᠰᠢᠶᠠᠨ ᠰᠢᠢᠳᠪᠦᠷᠢᠯᠡᠭᠦᠯᠬᠦ ᠳᠦᠷᠢᠮ᠂ ᠡᠬᠡ ᠲᠠᠩᠰᠠ ᠶᠢᠨ ᠳᠦᠷᠢᠮ᠂ ᠳ᠋ᠤᠭᠠᠷ ᠬᠠᠰᠤᠬᠤ ᠳᠦᠷᠢᠮ᠂ ᠮᠡᠳᠡᠭᠡᠯᠡᠬᠦ ᠳᠦᠷᠢᠮ︾᠎ ᠤᠨ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠲᠦᠭᠰᠢᠭᠦᠷᠢ ᠶᠢ ᠬᠠᠮᠢᠶᠠᠷᠤᠨ ᠡᠵᠡᠮᠳᠡᠬᠦ ︽ᠵᠢᠷᠭᠤᠭᠠᠨ ᠵᠦᠢᠯ ᠤᠨ ᠲᠣᠭᠲᠠᠴᠠ︾᠎ ᠶᠢ ᠳᠦᠷᠢᠮᠵᠢᠭᠦᠯᠦᠨ ᠵᠢᠷᠤᠮᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠡᠯ᠎ᠡ ᠲᠥᠷᠥᠯ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠨ᠎ᠡ ︵ᠠᠶᠦᠯᠭᠦᠢ ᠦᠢᠯᠡᠳᠪᠦᠷᠢᠯᠡᠯ ᠤᠨ ᠲᠦᠭᠰᠢᠭᠦᠷᠢ ᠶᠢ ᠡᠷᠢᠬᠦ᠂ ᠰᠤᠳᠤᠯᠤᠨ ᠮᠠᠭᠠᠳᠯᠠᠬᠤ᠂ ᠤᠷᠢᠳᠴᠢᠯᠠᠨ ᠰᠡᠷᠡᠮᠵᠢᠯᠡᠭᠦᠯᠬᠦ᠂ ᠰᠡᠷᠭᠡᠶᠢᠯᠡᠬᠦ᠂ ᠰᠢᠢᠳᠪᠦᠷᠢᠯᠡᠬᠦ ᠪᠠ ᠬᠠᠷᠢᠭᠤᠴᠠᠯᠭ᠎ᠠ ︽ᠵᠢᠷᠭᠤᠭᠠᠨ ᠵᠦᠢᠯ ᠤᠨ ᠲᠣᠭᠲᠠᠴᠠ︾︶᠃ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠭᠤᠣᠯᠳᠠᠯᠭ᠎ᠠ ᠲᠠᠢ ᠵᠦᠢᠯᠡᠰ ᠤᠨ ᠨᠠᠷᠢᠨ ᠬᠠᠭᠤᠳᠠᠰᠤ ᠶᠢ ᠨᠡᠶᠢᠲᠡᠯᠡᠵᠦ᠂ ᠠᠵᠤ ᠠᠬᠤᠶᠢᠯᠠᠯ ᠤᠨ ︽ᠪᠥᠬᠦ ᠠᠵᠢᠯᠲᠠᠨ᠂ ᠪᠥᠬᠦ ᠠᠵᠢᠯ ᠤᠨ ᠪᠠᠶᠢᠷᠢ᠂ ᠪᠥᠬᠦ ᠶᠠᠪᠤᠴᠠ︾᠎ ᠶᠢᠨ ᠠᠶᠦᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠲᠦᠷᠭᠡᠳᠬᠡᠨ ᠪᠠᠶᠢᠭᠤᠯᠵᠦ᠂ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ 2023 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠪᠥᠬᠦ ᠲᠤᠭᠤᠷᠢᠭ ᠤᠨ ᠠᠶᠤᠯᠲᠠᠢ ᠬᠢᠮᠢ ᠶᠢᠨ ᠪᠣᠳᠠᠰ᠂ ᠲᠡᠮᠦᠷᠯᠢᠭ ᠬᠠᠶᠢᠯᠤᠭᠤᠯᠬᠤ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢᠨ ᠭᠤᠷᠪᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠪᠠᠷᠢᠮᠵᠢᠶ᠎ᠠ ᠳᠤ ᠬᠦᠷᠦᠭᠦᠯᠬᠦ ᠨᠣᠷᠮ᠎ᠠ ᠶᠢ 100%᠎ ᠳᠤ ᠬᠦᠷᠦᠭᠦᠯᠬᠦ ᠪᠠᠷ ᠴᠢᠷᠮᠠᠶᠢᠨ᠎ᠠ᠃ ᠴᠢᠬᠤᠯᠠ ᠶᠡᠭᠡ ᠪᠠᠶᠠᠷ ᠤᠨ ᠡᠳᠦᠷ᠂ ᠭᠤᠣᠯᠳᠠᠯᠭ᠎ᠠ ᠲᠠᠢ ᠴᠠᠭ ᠬᠤᠭᠤᠴᠠᠭ᠎ᠠ᠂ ᠰᠡᠷᠭᠡᠭ ᠴᠠᠭ ᠬᠤᠭᠤᠴᠠᠭᠠᠨ ᠤ ᠠᠶᠦᠯᠭᠦᠢ ᠦᠢᠯᠡᠳᠪᠦᠷᠢᠯᠡᠯ ᠤᠨ ᠠᠵᠢᠯ ᠢ ᠦᠨᠡᠨᠬᠦ ᠰᠠᠶᠢᠲᠤᠷ ᠠᠳᠬᠤᠨ᠎ᠠ᠃ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠰᠡᠷᠭᠦᠭᠡᠵᠦ ᠠᠵᠢᠯ ᠢᠶᠠᠨ ᠰᠡᠷᠭᠦᠭᠡᠬᠦ᠂ ᠡᠪᠦᠯ ᠤᠨ ᠤᠯᠠᠷᠢᠯ ᠳᠤ ᠠᠵᠢᠯ ᠵᠣᠭᠰᠣᠬᠤ ᠠᠴᠠ ᠡᠮᠦᠨᠡᠬᠢ ᠵᠡᠷᠭᠡ ᠵᠠᠩᠭᠢᠯᠠᠭ᠎ᠠ ᠶᠢᠨ ᠬᠤᠭᠤᠴᠠᠭᠠᠨ ᠳᠤ᠂ ᠠᠮᠤᠷ ᠲᠦᠪᠰᠢᠨ ᠤ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠡᠯ᠎ᠡ ᠲᠦᠷᠦᠯ ᠤᠨ ᠠᠳᠡᠯ ᠭᠠᠷᠬᠤ ᠶᠢ ᠬᠤᠷᠢᠭᠯᠠᠨ᠎ᠠ᠃      ᠬᠤᠶᠠᠷ᠂ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠲᠣᠨᠤᠭ ᠲᠥᠬᠦᠭᠡᠷᠦᠮᠵᠢ ᠶᠢ ᠰᠤᠳᠤᠯᠤᠨ ᠨᠡᠭᠡᠭᠡᠵᠦ ᠦᠶᠯᠡᠳᠬᠦ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ      ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠶᠢ ᠰᠤᠳᠤᠯᠤᠨ ᠨᠡᠭᠡᠭᠡᠵᠦ ᠦᠶᠯᠡᠳᠬᠦ ᠨᠥᠭᠡᠴᠡᠯᠡᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠎ᠠ᠃ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠵᠢᠷᠤᠭ ᠲᠥᠯᠥᠪᠯᠡᠭᠡ᠂ ᠭᠠᠵᠠᠷ ᠰᠢᠷᠣᠢ ᠶᠢᠨ ᠲᠥᠯᠦᠪᠵᠢᠭᠦᠯᠭᠡ᠂ ᠭᠠᠷ ᠭᠦᠢᠴᠡᠳᠬᠡᠯ ᠢ ᠵᠣᠬᠢᠴᠠᠭᠤᠯᠤᠨ ᠭᠦᠢᠴᠡᠳᠬᠡᠬᠦ ᠵᠡᠷᠭᠡ ᠵᠦᠢᠯᠡᠰ ᠢ ᠱᠠᠯᠠᠪᠳᠠᠨ ᠥᠷᠨᠢᠭᠦᠯᠬᠦ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠳᠡᠭᠡᠳᠦ ᠱᠠᠲᠤᠨ ᠤ ᠪᠡᠯᠡ ᠮᠥᠩᠭᠦ ᠶᠢᠨ ᠳᠡᠮᠵᠢᠯᠭᠡ ᠶᠢ ᠪᠥᠬᠦ ᠬᠦᠴᠦᠨ ᠢᠶᠠᠷ ᠢᠶᠠᠨ ᠣᠯᠬᠤ ᠪᠠᠷ ᠴᠢᠷᠮᠠᠶᠢᠨ᠎ᠠ᠃ ᠡᠭᠦᠨ ᠤ ᠬᠠᠮᠲᠤ᠂ ᠪᠠᠴᠢᠮ ᠪᠠᠶᠢᠳᠠᠯ ᠢ ᠠᠷᠭᠠᠴᠠᠬᠤ ᠲᠣᠨᠤᠭ ᠲᠥᠬᠦᠭᠡᠷᠦᠮᠵᠢ ᠶᠢᠨ ᠰᠤᠳᠤᠯᠤᠨ ᠨᠡᠭᠡᠭᠡᠬᠦ ᠲᠥᠪ᠂ ᠦᠶᠯᠡᠳᠬᠦ ᠲᠥᠪ ᠤᠨ ᠫᠠᠶᠢᠰᠠ ᠡᠯᠭᠦᠬᠦ ᠵᠦᠢᠯᠡᠰ ᠢ ᠪᠡᠯᠡᠳᠬᠡᠵᠦ᠂ ᠨᠢᠭᠡᠳᠦᠭᠡᠷ ᠮᠠᠰᠢᠨ᠂ ᠤᠮᠠᠷᠠᠲᠤ ᠶᠢᠨ ᠬᠦᠨᠳᠦ ᠠᠵᠤ ᠦᠢᠯᠡᠳᠪᠦᠷᠢ ᠵᠡᠷᠭᠡ ᠤᠯᠤᠰ ᠤᠨ ᠥᠮᠴᠢᠯᠡᠯᠲᠦ ᠭᠤᠣᠯᠳᠠᠯᠭ᠎ᠠ ᠲᠠᠢ ᠠᠵᠤ ᠠᠬᠤᠶᠢᠯᠠᠯ ᠤᠨ ᠰᠤᠳᠤᠯᠤᠨ ᠨᠡᠭᠡᠭᠡᠵᠦ ᠦᠶᠯᠡᠳᠬᠦ ᠳᠠᠪᠠᠭᠤᠯᠢᠭ ᠪᠠ ᠰᠠᠭᠤᠷᠢ ᠳᠤ ᠲᠦᠰᠢᠭᠯᠡᠨ᠂ ᠮᠠᠨ ᠤ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠲᠣᠨᠤᠭ ᠲᠥᠬᠦᠭᠡᠷᠦᠮᠵᠢ ᠶᠢᠨ ᠰᠤᠳᠤᠯᠤᠨ ᠨᠡᠭᠡᠭᠡᠵᠦ ᠦᠶᠯᠡᠳᠬᠦ ᠴᠢᠳᠠᠪᠤᠷᠢ ᠶᠢᠨ ᠳᠡᠭᠡᠭᠰᠢᠯᠡᠯᠲᠡ ᠶᠢ ᠠᠬᠢᠭᠤᠯᠤᠨ᠎ᠠ᠃      ᠭᠤᠷᠪᠠ᠂ ᠲᠣᠭᠠᠨ ᠤ ᠤᠬᠠᠭᠠᠨ ᠢᠶᠠᠷ ᠴᠢᠳᠠᠪᠤᠷᠢ ᠣᠯᠭᠤᠬᠤ ᠶᠢ ᠴᠢᠩᠭᠠᠷᠠᠭᠤᠯᠵᠤ᠂ ᠲᠣᠭᠠᠨ ᠤ ᠪᠠᠴᠢᠮ ᠪᠠᠶᠢᠳᠠᠯ ᠢ ᠠᠷᠭᠠᠴᠠᠬᠤ ᠮᠡᠷᠭᠡᠵᠢᠯ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ      ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ᠂ ᠵᠢᠯᠣᠭᠤᠳᠤᠨ ᠲᠣᠬᠢᠷᠠᠭᠤᠯᠬᠤ ᠰᠢᠰᠲ᠋ᠧᠮ ᠤᠨ ᠪᠠᠶᠢᠭᠤᠯᠤᠯᠲᠠ ᠶᠢ ᠢᠳᠡᠪᠬᠢᠲᠡᠢ ᠪᠠᠷ ᠠᠬᠢᠭᠤᠯᠵᠤ᠂ ᠣᠲᠣ ᠶᠢᠨ ᠪᠠᠶᠢᠭ᠎ᠠ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠲᠠᠪᠴᠠᠩ ᠪᠠ ᠮᠡᠳᠡᠭᠡ ᠵᠠᠩᠭᠢᠵᠢᠯᠲᠠ ᠶᠢᠨ ᠰᠠᠭᠤᠷᠢ ᠪᠠᠶᠢᠭᠤᠯᠤᠯᠲᠠ ᠶᠢ ᠲᠦᠷᠭᠡᠳᠬᠡᠨ᠎ᠡ᠃ ᠣᠲᠣ ᠶᠢᠨ ᠪᠠᠶᠢᠭ᠎ᠠ ᠬᠠᠷᠠᠭᠠᠨ ᠳᠠᠪᠲᠠᠮᠵᠢ ᠪᠠᠷ ᠬᠢᠨᠠᠨ ᠬᠡᠮᠵᠢᠬᠦ ᠰᠢᠰᠲ᠋ᠧᠮ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠬᠢᠨᠠᠨ ᠡᠵᠡᠮᠳᠡᠬᠦ ᠰᠢᠰᠲ᠋ᠧᠮ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠬᠠᠷᠢᠯᠴᠠᠨ ᠬᠤᠯᠪᠣᠭᠠᠯᠠᠵᠤ ᠬᠠᠮᠲᠤᠪᠠᠷ ᠭᠥᠷᠳᠡᠬᠦ ᠶᠢ ᠴᠢᠩᠭᠠᠳᠬᠠᠵᠤ᠂ ᠪᠥᠬᠦ ᠲᠤᠭᠤᠷᠢᠭ ᠤᠨ ᠠᠶᠤᠯᠲᠠᠢ ᠬᠢᠮᠢ ᠶᠢᠨ ᠪᠣᠳᠠᠰ᠂ ᠲᠣᠰᠣ ᠨᠡᠮᠡᠬᠦ ︵ᠬᠡᠢ︶ ᠥᠷᠲᠡᠭᠡ᠂ ᠭᠤᠣᠯᠳᠠᠯᠭ᠎ᠠ ᠲᠠᠢ ᠠᠵᠤ ᠠᠬᠤᠶᠢᠯᠠᠯ ᠳᠤ ᠰᠦᠯᠵᠢᠶᠡᠨ ᠳᠡᠭᠡᠷ᠎ᠡ ᠴᠠᠭ ᠲᠤᠬᠠᠢ ᠎ ᠳᠤᠨᠢ ᠠᠮᠤᠷ ᠲᠦᠪᠰᠢᠨ ᠤ ᠬᠢᠨᠠᠨ ᠡᠵᠡᠮᠳᠡᠬᠦ ᠶᠢ ᠬᠡᠷᠡᠭᠵᠢᠭᠦᠯᠬᠦ ᠶᠢ ᠴᠢᠩᠭᠠᠷᠠᠭᠤᠯᠤᠨ᠎ᠠ᠃ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠰᠢᠰᠲ᠋ᠧᠮ ᠤᠨ ᠬᠡᠷᠡᠭᠯᠡᠭᠡᠨ ᠤ ᠦᠵᠦᠭᠦᠷ ᠤᠨ ᠪᠦᠲᠦᠮᠵᠢᠲᠡᠶ ᠬᠡᠷᠡᠭᠯᠡᠯᠲᠡ ᠶᠢ ᠦᠷᠭᠦᠯᠵᠢᠯᠡᠨ ᠠᠬᠢᠭᠤᠯᠵᠤ᠂ ᠤᠬᠠᠭᠤᠯᠤᠨ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠤᠨ᠂ ᠰᠦᠯᠵᠢᠶᠡᠨ ᠤ ᠠᠵᠢᠯᠲᠠᠨ ᠵᠢᠴᠢ ᠰᠠᠭᠤᠭᠠᠯᠢ ᠠᠷᠠᠳ ᠤᠨ ᠳᠡᠷᠭᠡᠳᠡᠬᠢ ᠳᠠᠯᠳᠠ ᠬᠡᠮ ᠢ ᠣᠯᠵᠤ ᠮᠡᠳᠡᠬᠦ ᠶᠢ ᠵᠣᠷᠢᠭᠵᠢᠭᠤᠯᠵᠤ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠰᠢᠰᠲ᠋ᠧᠮ ᠳᠤ ᠴᠠᠭ ᠲᠤᠬᠠᠢ ᠳᠤᠨᠢ ᠳᠠᠮᠵᠢᠭᠤᠯᠵᠤ᠂ ᠲᠣᠭᠲᠠᠭᠰᠠᠨ ᠴᠠᠭ ᠬᠤᠭᠤᠴᠠᠭᠠᠨ ᠳᠤ ᠰᠢᠢᠳᠪᠦᠷᠢᠯᠡᠵᠦ ᠳᠠᠭᠤᠰᠬᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠨᠡᠶᠢᠭᠡᠮ ᠲᠣᠭᠤᠷᠢᠭ ︵ᠲᠣᠰᠬᠤᠨ︶᠎ ᠤᠨ ᠠᠶᠦᠯᠭᠦᠢ ᠦᠢᠯᠡᠳᠪᠦᠷᠢᠯᠡᠯ ᠤᠨ ᠬᠠᠤᠯᠢ ᠬᠡᠷᠡᠭᠵᠢᠭᠦᠯᠦᠯᠲᠡ ᠶᠢᠨ ᠦᠵᠡᠭᠳᠡᠮᠡᠯ ᠲᠥᠬᠦᠭᠡᠷᠦᠮᠵᠢ ᠶᠢ ᠨᠢᠭᠡ ᠴᠣᠭᠴᠠᠵᠢᠭᠤᠯᠬᠤ ᠪᠠᠶᠢᠷᠢᠰᠢᠯ ᠢ ᠲᠡᠭᠦᠯᠳᠡᠷᠵᠢᠭᠦᠯᠵᠦ᠂ ᠪᠠᠯᠭᠠᠰᠤ ᠵᠡᠭᠡᠯᠢ ᠭᠤᠳᠤᠮᠵᠢ ᠶᠢᠨ ᠨᠢᠭᠡᠳᠦᠭᠡᠷ ᠹᠷᠣᠨᠲ ᠤᠨ ᠬᠠᠤᠯᠢ ᠬᠡᠷᠡᠭᠵᠢᠭᠦᠯᠦᠯᠲᠡ ᠶᠢᠨ ᠦᠵᠡᠭᠳᠡᠮᠡᠯ ᠴᠢᠳᠠᠪᠤᠷᠢ ᠶᠢ ᠰᠢᠯᠭᠠᠬᠤ᠂ ᠵᠢᠯᠤᠭᠤᠳᠬᠤ ᠶᠢ ᠴᠢᠩᠭᠠᠳᠬᠠᠨ᠂ ᠨᠡᠶᠢᠭᠡᠮ ᠲᠣᠭᠤᠷᠢᠭ ︵ᠲᠣᠰᠬᠤᠨ︶᠎ ᠤᠨ ᠬᠠᠤᠯᠢ ᠬᠡᠷᠡᠭᠵᠢᠭᠦᠯᠬᠦ ᠪᠠ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃      ᠳᠥᠷᠪᠡ᠂ ᠲᠤᠰᠬᠠᠢ ᠪᠠᠶᠢᠩᠭᠤ ᠶᠢ ᠬᠤᠣᠰᠯᠠᠭᠤᠯᠬᠤ ᠶᠢ ᠴᠢᠬᠤᠯᠠᠴᠢᠯᠠᠵᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ      ᠪᠥᠬᠦ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠰᠢᠰᠲ᠋ᠧᠮᠵᠢ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠪᠥᠬᠦ ᠲᠤᠭᠤᠷᠢᠭ ᠤᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠵᠡᠷᠭᠡ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠰᠣᠷᠢᠯᠲᠠ ᠶᠢ ᠨᠢᠭᠡᠳᠦᠯᠲᠡᠢ ᠲᠥᠯᠥᠪᠯᠡᠨ ᠥᠷᠨᠢᠭᠦᠯᠵᠦ᠂ ᠪᠣᠳᠠᠲᠤ ᠪᠠᠶᠢᠯᠳᠤᠭᠠᠨ ᠤ ᠰᠣᠷᠢᠯᠲᠠ᠂ ᠰᠠᠯᠠᠭ᠎ᠠ ᠮᠥᠴᠢᠷ ᠤᠨ ᠬᠠᠮᠲᠤᠷᠠᠭᠰᠠᠨ ᠰᠣᠷᠢᠯᠲᠠ ᠪᠠ ᠣᠷᠣᠨ ᠪᠦᠰᠡ ᠶᠢᠨ ᠬᠠᠮᠵᠢᠯᠴᠠᠭᠠᠨ ᠤ ᠰᠣᠷᠢᠯᠲᠠ ᠶᠢ ᠳᠣᠪᠤᠶᠢᠯᠭᠠᠨ᠎ᠠ᠃ ᠪᠠᠴᠢᠮ ᠪᠠᠶᠢᠳᠠᠯ ᠢ ᠠᠷᠭᠠᠴᠠᠬᠤ ᠬᠢᠭᠡᠳ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠢᠨ ᠬᠠᠮᠲᠤᠷᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠠᠷᠢᠶᠠᠯᠠᠩ ᠮᠠᠯ ᠠᠵᠤ ᠠᠬᠤᠢ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠰᠠᠯᠠᠭ᠎ᠠ ᠮᠥᠴᠢᠷ ᠪᠣᠯᠣᠨ ᠬᠠᠮᠢᠶ᠎ᠠ ᠪᠦᠬᠦᠢ ᠵᠡᠭᠡᠯᠢ ᠪᠠᠯᠭᠠᠰᠤ ᠯᠤᠭ᠎ᠠ ᠶᠢᠨ ᠨᠡᠪᠲᠡᠷᠡᠯᠴᠡᠭᠡ ᠪᠠᠨ ᠴᠢᠩᠭᠠᠳᠬᠠᠨ᠂ ᠪᠣᠷᠣᠭᠠᠨ ᠤ ᠪᠠᠶᠢᠳᠠᠯ᠂ ᠤᠰᠤᠨ ᠤ ᠪᠠᠶᠢᠳᠠᠯ᠂ ᠦᠶᠡᠷ ᠤᠨ ᠪᠠᠶᠢᠳᠠᠯ ᠪᠣᠯᠣᠨ ᠭᠠᠮᠰᠢᠭ ᠤᠨ ᠪᠠᠶᠢᠳᠠᠯ ᠢ ᠨᠢᠭᠲᠠ ᠠᠩᠬᠠᠷᠴᠤ᠂ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ ᠵᠠᠳᠠᠯᠤᠯᠲᠠ ᠬᠢᠵᠦ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠢ ᠳᠤᠨᠢ ᠣᠯᠠᠨ ᠠᠷᠭ᠎ᠠ ᠵᠠᠮ ᠢᠶᠠᠷ ᠨᠡᠶᠢᠲᠡᠯᠡᠬᠦ ᠬᠡᠷᠡᠭᠲᠡᠢ᠃ ᠡᠳ᠋ ᠪᠣᠳᠠᠰ ᠤᠨ ᠪᠠᠲᠤᠯᠠᠭ᠎ᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠠ ᠠᠶᠤᠯ ᠭᠠᠮᠰᠢᠭ ᠠᠴᠠ ᠠᠪᠤᠷᠠᠬᠤ ᠡᠳ᠋ ᠪᠣᠳᠠᠰ ᠢ ᠱᠠᠲᠤ ᠬᠤᠪᠢᠶᠠᠨ ᠲᠦᠷᠦᠯ ᠬᠤᠪᠢᠶᠠᠨ ᠭᠦᠢᠴᠡᠳ ᠨᠥᠭᠡᠴᠡᠯᠡᠨ ᠭᠦᠢᠴᠡᠳ ᠲᠣᠬᠢᠷᠠᠭᠤᠯᠵᠤ᠂ ᠡᠳ᠋ ᠪᠣᠳᠠᠰ ᠢ ᠲᠣᠬᠢᠷᠠᠭᠤᠯᠤᠨ ᠥᠭᠬᠦ ᠲᠣᠭᠲᠠᠴᠠ ᠶᠢ ᠪᠦᠷᠢᠨᠰᠢᠭᠦᠯᠦᠨ᠂ ᠭᠠᠮᠰᠢᠭ ᠠᠴᠠ ᠵᠠᠶᠢᠯᠠᠬᠤ ᠵᠢᠷᠤᠮᠵᠢᠭᠰᠠᠨ ᠲᠠᠯᠠᠪᠤᠷ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠥᠭᠡᠳ ᠥᠨᠳᠥᠷ ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠨ᠎ᠠ᠃      ᠲᠠᠪᠤ᠂ ᠠᠮᠤᠷ ᠲᠦᠪᠰᠢᠨ ᠤ ᠬᠡᠪ ᠪᠣᠯᠪᠠᠰᠤᠷᠠᠯ ᠢ ᠴᠢᠩᠭᠠᠷᠠᠭᠤᠯᠵᠤ᠂ ᠤᠬᠠᠭᠤᠯᠤᠨ ᠬᠥᠮᠥᠵᠢᠭᠦᠯᠬᠦ ᠪᠣᠯᠪᠠᠰᠤᠷᠠᠭᠤᠯᠤᠯ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠪᠠ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠤᠬᠠᠭᠤᠯᠤᠨ ᠲᠤᠤᠱᠯᠠᠭᠤᠯᠤᠨ᠎ᠠ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠬᠦᠷᠢᠶᠡᠨ ᠳᠠᠬᠢ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠬᠦ᠂ ᠵᠠᠳᠠᠯᠬᠤ ᠪᠠ ᠰᠤᠳᠤᠯᠤᠨ ᠮᠠᠭᠠᠳᠯᠠᠬᠤ ᠶᠢ ᠴᠢᠩᠭᠠᠳᠬᠠᠵᠤ᠂ ᠡᠷᠬᠡ ᠰᠦᠷᠲᠦ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠵᠦ᠂ ᠶᠠᠷᠢᠶ᠎ᠠ ᠬᠡᠯᠡᠯᠴᠡᠭᠡᠨ ᠤ ᠲᠦᠭᠰᠢᠭᠦᠷᠢ ᠶᠢ ᠠᠷᠢᠯᠭᠠᠨ᠎ᠠ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠬᠠᠤᠯᠢ ᠪᠠᠷ ᠵᠠᠰᠠᠬᠤ ᠤᠬᠠᠭᠤᠯᠭ᠎ᠠ ᠶᠢ ᠬᠦᠴᠦᠯᠡᠨ ᠴᠢᠩᠭᠠᠳᠬᠠᠵᠤ᠂ ᠬᠠᠤᠯᠢ ᠪᠠᠷ ᠵᠠᠰᠠᠬᠤ ᠦᠵᠡᠯᠲᠡ ᠶᠢ ᠴᠢᠩᠭᠠᠳᠬᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠤᠨ᠎ᠠ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠤᠬᠠᠭᠤᠯᠭ᠎ᠠ ᠶᠢᠨ ︽ᠲᠠᠪᠤ ᠶᠢ ᠣᠷᠣᠭᠤᠯᠬᠤ︾᠂ ︽ᠠᠶᠤᠯᠭᠦᠢ ᠦᠢᠯᠡᠳᠪᠦᠷᠢᠯᠡᠯ ᠤᠨ ᠰᠠᠷ᠎ᠠ︾᠂ ︽ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠡᠳᠦᠷ︾ ᠵᠡᠷᠭᠡ ᠠᠵᠢᠯᠯᠠᠭ᠎ᠠ ᠶᠢ ᠲᠦᠯᠬᠢᠨ ᠠᠬᠢᠭᠤᠯᠤᠨ᠎ᠠ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠡᠭᠡ ᠬᠢᠴᠢᠶᠡᠯ ᠤᠨ ᠲᠠᠩᠬᠢᠮ᠂ ᠭᠤᠣᠯ ᠰᠡᠳᠦᠪᠲᠦ ᠤᠬᠠᠭᠤᠯᠭ᠎ᠠ ᠵᠡᠷᠭᠡ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠠᠶᠦᠯᠭᠦᠢ ᠦᠢᠯᠡᠳᠪᠦᠷᠢᠯᠡᠯ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠡᠷᠡᠮᠵᠢᠯᠡᠭᠦᠯᠬᠦ ᠬᠥᠮᠦᠵᠢᠯ ᠢ ᠥᠷᠨᠢᠭᠦᠯᠦᠨ᠎ᠡ᠃ ᠣᠯᠠᠨ ᠲᠦᠮᠡᠨᠴᠢ ᠴᠢᠨᠠᠷᠲᠠᠢ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠳᠤ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ᠂ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠤᠬᠠᠭᠤᠯᠭ᠎ᠠ᠂ ᠪᠠᠴᠢᠮ ᠪᠠᠶᠢᠳᠠᠯ ᠢ ᠠᠷᠭᠠᠴᠠᠨ ᠲᠠᠷᠬᠠᠭᠠᠬᠤ ᠰᠣᠷᠢᠯᠲᠠ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠨᠡᠶᠢᠭᠡᠮ ᠨᠡᠶᠢᠲᠡ ᠶᠢᠨ ᠠᠮᠤᠷ ᠲᠦᠪᠰᠢᠨ ᠤ ᠠᠶᠤᠯ ᠎ ᠠᠴᠠ ᠵᠠᠶᠢᠯᠠᠬᠤ ᠦᠵᠡᠯ ᠤᠬᠠᠮᠰᠠᠷ ᠪᠠ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号