ᠣᠳᠬ᠎ᠠ ᠵᠣᠬᠢᠶᠡᠯ ᠵᠠᠮ ᠤᠨ ᠪᠠᠭ᠎ᠠ ᠰᠣᠷᠭᠠᠭᠤᠯᠢ ︽ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠶᠢᠨ ᠣᠬᠠᠮᠰᠠᠷ ᠢ ᠪᠠᠳᠣᠳᠬᠠᠬᠤ ᠭᠥᠨᠵᠡᠭᠡᠢ ᠲᠠᠨᠢᠵᠣ ᠮᠡᠳᠡᠬᠦ ᠶᠢᠨ ᠴᠢᠬᠤᠯᠨ ᠶᠡᠭᠡ ᠠᠴᠢ ᠬᠤᠯᠪᠣᠭᠳᠠᠯ︾᠎ ᠤᠨ ᠲᠣᠬᠠᠢ ᠰᠣᠳᠣᠯᠣᠨ ᠶᠡᠷᠢᠯᠴᠠᠬᠤ ᠬᠤᠷᠠᠯᠳᠣᠭᠤᠯᠪᠠ
ᠨᠡᠶᠢᠲᠡᠯᠡᠭᠰᠡᠨ ᠴᠠᠭ᠄
2023/3/28
      ᠰᠢ ᠶᠢᠨ ᠫᠢᠩ ᠶᠡᠷᠣᠩᠭᠡᠢ ᠱᠥᠵᠢ ᠶᠢᠨ ᠥᠨᠳᠥᠰᠥᠳᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠣᠬᠠᠢ ᠴᠢᠬᠤᠯᠨ ᠥᠵᠡᠯ ᠰᠠᠨᠠᠭ᠎ᠠ ᠶᠢ ᠬᠥᠨᠵᠡᠭᠡᠢ ᠲᠣᠭᠤᠰᠢᠯᠠᠭᠤᠯᠣᠨ᠂ ᠥᠨᠳᠥᠰᠥᠳᠡᠨ ᠤ ᠪᠥᠯᠬᠦᠮᠳᠡᠯ ᠲᠠᠪᠰᠢᠯᠳᠠ ᠶᠢᠨ ᠬᠥᠮᠥᠵᠢᠯ ᠢ ᠣᠯᠠᠮ ᠴᠢᠨᠠᠭᠰᠢᠳᠠ ᠭᠥᠨᠵᠡᠭᠡᠶᠢᠷᠡᠭᠦᠯᠵᠣ᠂ ᠪᠥᠬᠦ ᠰᠣᠷᠭᠠᠭᠤᠯᠢ ᠶᠢᠨ ᠪᠠᠭᠰᠢ ᠨᠠᠷ ᠢ ᠭᠥᠳᠥᠯᠥᠨ ᠵᠢᠯᠣᠭᠤᠳᠴᠣ ᠪᠠᠶᠢᠭᠠᠳ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠶᠢᠨ ᠣᠬᠠᠮᠰᠠᠷ ᠢ ᠪᠠᠳᠣᠳᠬᠠᠬᠤ ᠶᠢᠨ ᠲᠥᠯᠥᠭᠡ᠂ ᠣᠶᠢᠷ᠎ᠡ ᠳᠤ ᠣᠳᠬ᠎ᠠ ᠵᠣᠬᠢᠶᠡᠯ ᠵᠠᠮ ᠤᠨ ᠪᠠᠭ᠎ᠠ ᠰᠣᠷᠭᠠᠭᠤᠯᠢ ᠶᠢᠨ ᠨᠠᠮ ᠤᠨ ᠡᠭᠦᠷ ᠎ ᠠᠴᠠ ᠡᠯ᠎ᠡ ᠬᠢᠴᠢᠶᠡᠯ ᠲᠥᠷᠥᠯ ᠤᠨ ᠲᠣᠭᠤᠶᠢᠯᠠᠩ ᠢ ᠵᠣᠬᠢᠶᠠᠨ ᠪᠠᠶᠢᠭᠤᠯᠵᠣ᠂ ︽ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠶᠢᠨ ᠣᠬᠠᠮᠰᠠᠷ ᠢ ᠪᠠᠳᠣᠳᠬᠠᠬᠤ ᠭᠥᠨᠵᠡᠭᠡᠢ ᠲᠠᠨᠢᠵᠣ ᠮᠡᠳᠡᠬᠦ ᠶᠢᠨ ᠴᠢᠬᠤᠯᠨ ᠶᠡᠭᠡ ᠠᠴᠢ ᠬᠤᠯᠪᠣᠭᠳᠠᠯ︾᠎ ᠤᠨ ᠲᠣᠬᠠᠢ ᠰᠣᠳᠣᠯᠣᠨ ᠶᠡᠷᠢᠯᠴᠠᠬᠤ ᠬᠤᠷᠠᠯᠳᠣᠭᠤᠯᠪᠠ᠃      ᠡᠯ᠎ᠡ ᠬᠢᠴᠢᠶᠡᠯ ᠲᠥᠷᠥᠯ ᠤᠨ ᠲᠣᠭᠤᠶᠢᠯᠠᠩ ᠤᠨ ᠬᠢᠨ ᠪᠠᠭᠰᠢ ᠨᠠᠷ ᠠᠵᠢᠯ ᠤᠨ ᠪᠠᠶᠢᠷᠢᠨ ᠳᠠᠭᠠᠨ ᠰᠠᠭᠤᠷᠢᠯᠠᠵᠣ᠂ ᠲᠣᠮᠳᠠᠳᠣ ᠥᠨᠳᠥᠰᠥᠳᠡᠨ ᠤ ᠬᠠᠮᠳᠣ ᠶᠢᠨ ᠴᠣᠭᠴᠨ ᠶᠢᠨ ᠣᠬᠠᠮᠰᠠᠷ ᠢ ᠪᠠᠳᠣᠳᠬᠠᠬᠤ ᠴᠢᠬᠤᠯᠨ ᠶᠡᠭᠡ ᠠᠴᠢ ᠬᠤᠯᠪᠣᠭᠳᠠᠯ ᠤᠨ ᠲᠣᠬᠠᠢ ᠰᠣᠳᠣᠯᠣᠨ ᠶᠠᠷᠢᠯᠴᠠᠵᠣ ᠰᠠᠨᠠᠯ ᠢᠶᠠᠨ ᠰᠣᠯᠢᠯᠴᠠᠪᠠ᠃ ᠰᠣᠳᠣᠯᠣᠨ ᠶᠠᠷᠢᠯᠴᠠᠬᠤ ᠶᠠᠪᠣᠴᠨ ᠎ ᠳᠤ᠂ ᠪᠠᠭᠰᠢ ᠨᠠᠷ ᠥᠨᠳᠥᠰᠥᠳᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠶᠢᠨ ᠴᠢᠬᠤᠯᠨ ᠴᠢᠨᠠᠷ ᠢ ᠭᠥᠢᠴᠠᠳ ᠲᠠᠨᠢᠵᠣ᠂ ᠨᠠᠮ ᠤᠨ ᠲᠡᠣᠭᠡ ᠶᠢᠨ ᠰᠣᠷᠣᠯᠴᠠᠯᠭ᠎ᠠ ᠪᠠ ︽ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠶᠢᠨ ᠣᠬᠠᠮᠰᠠᠷ ᠢ ᠪᠠᠳᠣᠳᠬᠠᠬᠤ︾ ᠲᠣᠰᠬᠠᠢ ᠰᠡᠳᠣᠪᠳᠣ ᠬᠥᠮᠥᠵᠢᠯ ᠢᠶᠠᠷ ᠠᠵᠠ ᠲᠣᠬᠢᠶᠠᠯ ᠪᠣᠯᠭᠠᠵᠣ᠂ ᠰᠣᠶᠣᠯ ᠢ ᠮᠡᠳᠡᠷᠡᠬᠦ ᠥᠵᠡᠯ ᠰᠠᠨᠠᠭᠠᠨ ᠤ ᠣᠬᠠᠮᠰᠠᠷ ᠪᠠ ᠠᠵᠢᠯᠯᠠᠭᠠᠨ ᠤ ᠣᠬᠠᠮᠰᠠᠷ ᠢ ᠥᠨᠡᠨ ᠬᠦ ᠴᠢᠩᠭᠠᠳᠬᠠᠵᠣ᠂ ᠬᠠᠮᠤᠭ ᠤᠨ ᠶᠡᠭᠡ ᠭᠡᠮᠵᠢᠶ᠎ᠡ ᠪᠠᠷ ᠨᠢᠭᠳᠠᠷᠠᠨ ᠪᠥᠯᠬᠦᠮᠳᠡᠬᠦ ᠬᠠᠮᠳᠣ ᠶᠢᠨ ᠲᠠᠨᠢᠯᠳᠠ ᠲᠠᠢ ᠪᠣᠯᠪᠠ᠃      ᠪᠠᠭᠰᠢ ᠨᠠᠷ ᠣᠨᠣᠯ ᠢᠶᠠᠷ ᠵᠡᠪᠰᠡᠭᠯᠡᠬᠦ ᠶᠢ ᠲᠠᠰᠣᠷᠠᠯᠳᠠ ᠥᠭᠡᠢ ᠴᠢᠩᠭᠠᠳᠬᠠᠵᠣ᠂ ᠰᠢ ᠶᠢᠨ ᠫᠢᠩ ᠶᠡᠷᠥᠩᠭᠡᠢ ᠱᠥᠵᠢ ᠶᠢᠨ ᠥᠨᠳᠥᠰᠥᠳᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠣᠬᠠᠢ ᠴᠢᠬᠤᠯᠨ ᠥᠵᠡᠯ ᠰᠠᠨᠠᠭ᠎ᠠ ᠶᠢ ᠪᠥᠷᠢᠨ ᠪᠥᠳᠥᠨ ᠵᠥᠪ ᠣᠨᠣᠪᠴᠢᠳᠠᠢ ᠪᠥᠬᠦ ᠲᠠᠯ᠎ᠠ ᠪᠠᠷ ᠡᠵᠡᠮᠳᠡᠵᠣ᠂ ᠭᠤᠣᠯ ᠴᠢᠬᠤᠯᠠ ᠠᠭᠤᠯᠭ᠎ᠠ᠂ ᠥᠵᠡᠯ ᠰᠠᠨᠠᠭᠠᠨ ᠤ ᠮᠥᠨ ᠴᠢᠨᠠᠷ᠂ ᠪᠠᠶᠠᠯᠢᠭ ᠠᠭᠤᠯᠣᠭᠳᠠᠬᠤᠨ ᠪᠠ ᠥᠢᠯᠡᠳᠣᠯᠭᠡ ᠶᠢᠨ ᠱᠠᠭᠠᠷᠳᠠᠯᠭ᠎ᠠ ᠶᠢ ᠬᠥᠨᠵᠡᠭᠡᠢ ᠣᠶᠢᠯᠠᠭᠠᠵᠣ᠂ ᠰᠣᠳᠣᠯᠣᠨ ᠶᠠᠷᠢᠯᠴᠠᠭᠰᠠᠨ ᠣᠯᠣᠯᠳᠠ ᠪᠠᠨ ᠬᠢᠴᠢᠶᠡᠯ ᠤᠨ ᠲᠠᠩᠬᠢᠮ ᠤᠨ ᠵᠢᠭᠠᠨ ᠰᠣᠷᠭᠠᠯᠳᠠ ᠳᠤ ᠪᠠᠨ ᠭᠡᠷᠡᠭᠯᠡᠵᠣ᠂ ᠡᠯᠪᠡᠭ ᠪᠠᠶᠠᠯᠢᠭ ᠶᠣᠰᠣ ᠵᠥᠢ ᠶᠢᠨ ᠵᠠᠳᠠᠯᠣᠯᠳᠠ ᠪᠠᠷ ᠰᠣᠷᠣᠭᠴᠢᠳ ᠢᠶᠠᠨ ᠵᠢᠭᠠᠨ ᠵᠢᠯᠣᠭᠤᠳᠴᠣ᠂ ᠣᠨᠣᠯ ᠪᠠ ᠥᠢᠯᠡᠳᠣᠯᠭᠡ ᠪᠠᠨ ᠣᠶᠠᠯᠳᠣᠭᠤᠯᠣᠨ᠂ ᠨᠠᠮ ᠤᠨ ᠣᠳᠣᠷᠢᠳᠣᠯᠭ᠎ᠠ ᠶᠢ ᠪᠠᠷᠢᠮᠳᠠᠯᠠᠬᠤ ᠪᠠ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠶᠢᠨ ᠪᠠᠶᠢᠭᠤᠯᠣᠯᠳᠠ ᠶᠢ ᠠᠬᠢᠭᠤᠯᠬᠤ ᠲᠣᠳᠣᠭᠠᠳᠣ ᠯᠣᠬᠢᠭ ᠢ ᠲᠣᠳᠣᠷᠬᠠᠢ ᠲᠠᠶᠢᠯᠪᠣᠷᠢᠯᠠᠵᠣ᠂ ︽ᠲᠠᠪᠣᠨ ᠬᠠᠮᠳᠣ ᠶᠢᠨ ᠲᠠᠨᠢᠯᠳᠠ︾᠎ ᠶᠢᠨ ᠬᠥᠮᠥᠵᠢᠯ ᠢ ᠨᠡᠩ ᠲᠣᠪᠣᠶᠢᠮ᠎ᠠ ᠪᠠᠶᠢᠷᠢᠨ ᠳᠤ ᠲᠡᠯᠪᠢᠵᠣ᠂ ᠲᠣᠮᠳᠠᠳᠣ ᠪᠠᠨ ᠬᠠᠶᠢᠷᠠᠯᠠᠬᠤ ᠥᠷ᠎ᠡ ᠶᠢ ᠰᠣᠷᠣᠭᠴᠢ ᠨᠢᠬᠡᠪᠣᠷᠢ ᠶᠢᠨ ᠰᠡᠳᠬᠢᠯ ᠳᠤ ᠭᠥᠨ ᠥᠨᠳᠥᠰᠥᠯᠡᠬᠦᠯᠥᠨ᠂ ᠵᠢᠭᠠᠨ ᠰᠣᠷᠭᠠᠯᠳᠠ ᠶᠢᠨ ᠥᠷ᠎ᠡ ᠪᠥᠳᠥᠭᠡᠯ ᠢ ᠰᠢᠯᠭᠠᠨ ᠪᠠᠶᠢᠴᠠᠭᠠᠬᠤ ᠪᠠ ᠬᠠᠷᠢᠭᠤ ᠲᠣᠰᠬᠠᠬᠤ ᠶᠢ ᠴᠢᠬᠤᠯᠴᠢᠯᠠᠨ᠂ ᠣᠨᠣᠯ ᠤᠨ ᠰᠣᠳᠣᠯᠭᠠᠨ ᠪᠠ ᠬᠢᠴᠢᠶᠡᠯ ᠤᠨ ᠲᠠᠩᠬᠢᠮ ᠤᠨ ᠵᠢᠭᠠᠨ ᠰᠣᠷᠭᠠᠯᠳᠠ ᠪᠠᠨ ᠬᠠᠷᠢᠯᠴᠡᠨ ᠠᠬᠢᠭᠤᠯᠵᠠᠢ᠃      ᠰᠣᠷᠭᠠᠭᠤᠯᠢ ᠶᠢᠨ ᠨᠠᠮ ᠤᠨ ᠡᠭᠦᠷ ᠪᠥᠬᠦ ᠪᠠᠭᠰᠢ ᠨᠠᠷ ᠢᠶᠠᠨ ᠥᠷᠬᠦᠯᠵᠢᠯᠡᠨ ᠭᠥᠳᠥᠯᠥᠨ ᠵᠢᠯᠣᠭᠤᠳᠴᠣ᠂ ᠰᠢ ᠎ ᠶᠢᠨ ᠫᠢᠩ ᠶᠡᠷᠥᠩᠭᠡᠢ ᠱᠥᠵᠢ ᠶᠢᠨ ᠥᠨᠳᠥᠰᠥᠳᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠣᠬᠠᠢ ᠴᠢᠬᠤᠯᠨ ᠥᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠶᠢᠨ ᠣᠬᠠᠮᠰᠠᠷ ᠢ ᠪᠠᠳᠣᠳᠬᠠᠬᠤ ᠬᠥᠮᠥᠵᠢᠯ ᠢ ᠰᠣᠷᠭᠠᠭᠤᠯᠢ ᠶᠢᠨ ᠨᠠᠮ ᠤᠨ ᠪᠠᠶᠢᠭᠤᠯᠣᠯᠳᠠ᠂ ᠥᠵᠡᠯ ᠰᠠᠨᠠᠭ᠎ᠠ ᠣᠯᠣᠰ ᠲᠥᠷᠣ ᠶᠢᠨ ᠬᠥᠮᠥᠵᠢᠯ᠂ ᠰᠣᠷᠭᠠᠭᠤᠯᠢ ᠶᠢᠨ ᠬᠥᠷᠢᠶᠡᠨ ᠤ ᠰᠣᠶᠣᠯ ᠤᠨ ᠪᠠᠶᠢᠭᠤᠯᠣᠯᠳᠠ᠂ ᠡᠳᠣᠷ ᠲᠣᠳᠣᠮ ᠤᠨ ᠬᠠᠮᠢᠶᠠᠷᠣᠯᠳᠠ᠂ ᠰᠣᠷᠭᠠᠨ ᠬᠥᠮᠥᠵᠢᠯ ᠵᠢᠭᠠᠨ ᠰᠣᠷᠭᠠᠯᠳᠠ ᠲᠠᠢ ᠪᠠᠨ ᠬᠥᠨᠵᠡᠭᠡᠢ ᠠᠭᠤᠰᠣᠯᠴᠠᠭᠤᠯᠵᠣ᠂ ᠪᠠᠭᠰᠢ ᠰᠣᠷᠣᠭᠴᠢᠳ ᠤᠨ ︽ᠲᠠᠪᠣᠨ ᠬᠠᠮᠳᠣ ᠶᠢᠨ ᠲᠠᠨᠢᠯᠳᠠ︾᠎ ᠶᠢᠨ ᠣᠬᠠᠮᠰᠠᠷᠳᠣ ᠴᠢᠨᠠᠷ ᠢ ᠲᠠᠰᠣᠷᠠᠯᠳᠠ ᠥᠭᠡᠢ ᠴᠢᠩᠭᠠᠳᠬᠠᠵᠣ᠂ ᠰᠣᠷᠭᠠᠭᠤᠯᠢ ᠪᠠᠷ ᠰᠣᠷᠣᠭᠴᠢᠳ ᠢᠶᠠᠨ ᠲᠠᠶᠢᠴᠢᠯᠠᠵᠣ᠂ ᠰᠣᠷᠣᠭᠴᠢᠳ ᠢᠶᠠᠷ ᠭᠡᠷ ᠪᠥᠯᠢ ᠶᠢ ᠭᠥᠳᠥᠯᠥᠨ ᠲᠠᠭᠠᠭᠤᠯᠵᠣ᠂ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠶᠢᠨ ᠣᠬᠠᠮᠰᠠᠷ ᠢ ᠪᠠᠳᠣᠳᠬᠠᠬᠤ ᠬᠥᠮᠥᠵᠢᠯ ᠎ ᠤᠨ ᠭᠥᠨᠵᠡᠭᠡᠶᠢᠷᠡᠨ ᠪᠣᠳᠠᠳᠠᠶᠢᠵᠢᠬᠤ ᠶᠢ ᠠᠬᠢᠭᠤᠯᠣᠨ᠎ᠠ︕
图片1.png
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号