| | | | | ᠰᠤᠷᠪᠤᠯᠵᠢᠯᠠᠭᠰᠠᠨ ᠭᠤᠣᠯ ᠰᠡᠳᠦᠪ᠄ ᠠᠶᠤᠯᠭᠦᠢ ᠦᠢᠯᠡᠳᠪᠦᠷᠢᠯᠡᠯ ᠤᠨ ᠵᠠᠰᠠᠯᠲᠠ ᠶᠢᠨ ᠲᠦᠪᠰᠢᠨ ᠢ | ᠳᠡᠭᠡᠭᠰᠢᠯᠡᠭᠦᠯᠵᠦ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ | ᠰᠤᠷᠪᠤᠯᠵᠢᠯᠠᠭᠰᠠᠨ ᠴᠠᠭ᠄ 2023 ᠣᠨ ᠤ 3 ᠰᠠᠷ᠎ᠠ ᠶᠢᠨ 20 ᠤ ᠡᠳᠦᠷ | ᠰᠤᠷᠪᠤᠯᠵᠢᠯᠠᠭ᠎ᠠ ᠬᠦᠯᠢᠶᠡᠭᠰᠡᠨ ᠵᠣᠴᠢᠨ᠄ ᠴᠢᠩᠱᠠᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ ᠴᠧᠨ ᠶᠦᠩ | ᠯᠢᠶᠠᠩ | ᠰᠤᠷᠪᠤᠯᠵᠢᠯᠠᠭᠰᠠᠨ ᠠᠬᠤᠢ ᠪᠠᠶᠢᠳᠠᠯ᠄ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ︽ᠠᠶᠤᠯᠭᠦᠢ | ᠦᠢᠯᠡᠳᠪᠦᠷᠢᠯᠡᠯ ᠤᠨ ᠲᠦᠭᠰᠢᠭᠦᠷᠢ ᠶᠢ ᠲᠤᠰᠬᠠᠢ ᠴᠡᠭᠴᠡᠯᠡᠨ ᠵᠠᠰᠠᠬᠤ ᠶᠢ ᠲᠦᠯᠬᠢᠨ ᠠᠬᠢᠭᠤᠯᠵᠤ᠂ ᠭᠤᠣᠯᠳᠠᠯᠭ᠎ᠠ ᠲᠠᠢ | ᠠᠵᠢᠯ ᠲᠥᠷᠥᠯ᠂ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ | ᠬᠡᠷᠡᠭᠲᠡᠢ︾ ᠭᠡᠵᠦ ᠴᠢᠬᠤᠯᠠᠴᠢᠯᠠᠵᠠᠢ᠃ ᠡᠨᠡ ᠵᠢᠯ ᠠᠴᠠ ᠨᠠᠰᠢ᠂ ᠴᠢᠩᠱᠠᠨ ᠲᠣᠭᠤᠷᠢᠭ ᠤᠨ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ᠂ | ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠴᠢᠩᠭ᠎ᠠ ᠠᠷᠭ᠎ᠠ ᠬᠡᠮᠵᠢᠶ᠎ᠡ ᠠᠪᠴᠤ᠂ ᠪᠣᠳᠠᠲᠠᠢ ᠠᠷᠭ᠎ᠠ ᠬᠡᠮᠵᠢᠶ᠎ᠡ ᠠᠪᠴᠤ᠂ ᠪᠣᠳᠠᠲᠤ ᠦᠷ᠎ᠡ | ᠪᠦᠲᠦᠮᠵᠢ ᠶᠢ ᠡᠷᠬᠢᠮᠯᠡᠨ᠂ ᠰᠠᠶᠢᠨ ᠰᠠᠶᠢᠬᠠᠨ ᠠᠮᠤᠷ ᠲᠦᠪᠰᠢᠨ ᠤ ᠣᠷᠴᠢᠨ ᠨᠥᠬᠦᠴᠡᠯ ᠢ ᠦᠷᠭᠦᠯᠵᠢᠯᠡᠨ ᠪᠣᠶ | ᠪᠣᠯᠭᠠᠪᠠ᠃ | 【ᠬᠥᠲᠥᠯᠥᠭᠴᠢ】 | ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠪᠣᠳᠠᠲᠤ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠲᠠᠯ᠎ᠠ ᠪᠠᠷ᠂ ᠶᠠᠮᠠᠷ ᠶᠠᠮᠠᠷ ᠠᠵᠢᠯ ᠢ ᠭᠤᠣᠯᠳᠠᠯᠭ᠎ᠠ ᠲᠠᠢ ᠥᠷᠨᠢᠭᠦᠯᠦᠭᠰᠡᠨ ᠪᠤᠢ︖ | 【ᠰᠤᠷᠪᠤᠯᠵᠢᠯᠠᠭ᠎ᠠ ᠬᠦᠯᠢᠶᠡᠭᠰᠡᠨ ᠵᠣᠴᠢᠨ ᠴᠧᠨ ᠶᠦᠩ ᠯᠢᠶᠠᠩ】 | ᠣᠶᠢᠷ᠎ᠠ ᠶᠢᠨ ᠬᠤᠭᠤᠴᠠᠭᠠᠨ ᠳᠤ ᠮᠠᠨ ᠤ ᠲᠣᠪᠴᠢᠶ᠎ᠠ ᠵᠢᠯ ᠤᠨ ᠡᠴᠦᠰ ᠤᠨ ᠤ ᠡᠬᠢᠨ᠂ ᠴᠠᠭᠠᠨ ᠰᠠᠷ᠎ᠠ᠂ | ︽ᠬᠤᠶᠠᠷ ᠬᠤᠷᠠᠯ︾ ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ | ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠬᠦ ᠪᠠᠷ ᠳᠠᠮᠵᠢᠭᠤᠯᠤᠨ᠂ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠢ | ᠳᠤᠨᠢ ᠵᠢᠭᠰᠠᠭᠠᠨ ᠪᠠᠶᠢᠴᠠᠭᠠᠵᠤ᠂ ᠠᠮᠤᠷ ᠲᠦᠪᠰᠢᠨ ᠤ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠵᠡᠢ᠃ ᠢᠯᠠᠩᠭᠤᠶ᠎ᠠ | ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ ᠨᠢ ᠲᠣᠪᠴᠢᠶ᠎ᠠ ᠶᠢᠨ ᠭᠤᠣᠯ ᠤᠳᠤᠷᠢᠳᠤᠯᠭ᠎ᠠ᠂ ᠬᠤᠪᠢᠳᠠᠨ ᠬᠠᠮᠢᠶᠠᠷᠬᠤ | ᠤᠳᠤᠷᠢᠳᠤᠯᠭ᠎ᠠ ᠠᠴᠠ ᠳᠠᠭᠠᠭᠤᠯᠵᠤ᠂ 14 ᠳᠤᠭᠤᠶᠢᠯᠠᠩ ᠬᠤᠪᠢᠶᠠᠨ᠂ ᠡᠳᠦᠷ ᠪᠦᠷᠢ ᠠᠶᠤᠯᠭᠦᠢ ᠦᠢᠯᠡᠳᠪᠦᠷᠢᠯᠡᠯ ᠤᠨ | ᠪᠠᠶᠢᠴᠠᠭᠠᠯᠲᠠ ᠲᠣᠭᠤᠷᠢᠨ ᠪᠠᠶᠢᠴᠠᠭᠠᠯᠲᠠ ᠶᠢ ᠲᠠᠰᠤᠷᠠᠯᠲᠠ ᠦᠭᠡᠢ ᠥᠷᠨᠢᠭᠦᠯᠵᠦ᠂ ᠭᠤᠣᠯᠳᠠᠭᠤ ᠴᠠᠭᠠᠨ ᠰᠠᠷ᠎ᠠ ᠶᠢᠨ | ᠠᠮᠠᠷᠠᠯᠲᠠ ᠶᠢᠨ ᠬᠤᠭᠤᠴᠠᠭᠠᠨ ᠳᠠᠬᠢ ᠡᠯ᠎ᠡ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠤᠳᠤᠷᠢᠳᠤᠯᠭ᠎ᠠ ᠶᠢᠨ | ᠡᠭᠡᠯᠵᠢ ᠳᠠᠭᠠᠭᠤᠯᠤᠭᠰᠠᠨ ᠪᠠ ᠵᠢᠵᠢᠭᠦᠷᠯᠡᠨ ᠰᠠᠬᠢᠵᠤ ᠪᠠᠶᠢᠭ᠎ᠠ ᠪᠠᠶᠢᠳᠠᠯ ᠳᠤ ᠪᠠᠶᠢᠴᠠᠭᠠᠯᠲᠠ ᠬᠢᠵᠡᠢ᠃ ᠨᠡᠶᠢᠲᠡ 320 | ᠬᠥᠮᠥᠨ ᠤᠳᠠᠭ᠎ᠠ ᠤᠷᠤᠯᠴᠠᠵᠦ᠂ ᠴᠠᠭᠠᠨ ᠰᠠᠷ᠎ᠠ ᠶᠢᠨ ᠬᠤᠭᠤᠴᠠᠭᠠᠨ ᠳᠤ ᠦᠢᠯᠡᠳᠪᠦᠷᠢᠯᠡᠯ ᠢᠶᠠᠨ ᠵᠣᠭᠰᠣᠭᠠᠭᠰᠠᠨ | ᠦᠭᠡᠢ ᠠᠵᠤ ᠦᠢᠯᠡᠳᠪᠦᠷᠢ ᠶᠢᠨ ᠠᠵᠤ ᠠᠬᠤᠶᠢᠯᠠᠯ᠂ ᠬᠡᠲᠦ ᠳᠡᠯᠭᠡᠭᠦᠷ ᠤᠨ ᠵᠠᠬ᠎ᠠ ᠳᠡᠯᠭᠡᠭᠦᠷ᠂ ᠵᠣᠴᠢᠳ ᠤᠨ ᠪᠠᠭᠤᠳᠠᠯ᠂ | ᠺᠢᠨᠣ᠋ ᠶᠢᠨ ᠣᠷᠳᠣᠨ ᠵᠡᠷᠭᠡ ᠡᠯ᠎ᠡ ᠲᠥᠷᠥᠯ ᠤᠨ ᠦᠢᠯᠡᠳᠪᠦᠷᠢᠯᠡᠯ ᠡᠵᠡᠩᠨᠡᠯᠲᠡ ᠶᠢᠨ 162 ᠨᠢᠭᠡᠴᠡ ᠶᠢ | ᠪᠠᠶᠢᠴᠠᠭᠠᠵᠤ᠂ ᠡᠯ᠎ᠡ ᠲᠥᠷᠥᠯ ᠤᠨ ᠠᠰᠠᠭᠤᠳᠠᠯ ᠤᠨ ᠬᠡᠮ ᠰᠣᠭᠤᠭ ᠢ 59 ᠤᠳᠠᠭ᠎ᠠ ᠴᠡᠭᠴᠡᠯᠡᠨ ᠵᠠᠰᠠᠪᠠ᠃ ᠡᠭᠦᠨ ᠤ | ᠬᠠᠮᠲᠤ᠂ ᠴᠠᠭᠠᠨ ᠰᠠᠷ᠎ᠠ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ | ᠪᠣᠳᠠᠲᠠᠢ ᠪᠠᠶᠢᠳᠠᠯ ᠢ ᠦᠨᠳᠦᠰᠦᠯᠡᠨ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠩᠭᠢ ᠶᠢᠨ ᠪᠥᠬᠦ | ᠬᠥᠮᠥᠰ ᠠᠵᠢᠯ ᠤᠨ ᠪᠠᠶᠢᠷᠢ ᠳᠤ ᠭᠠᠷᠴᠤ᠂ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠴᠠᠭ | ᠢᠮᠠᠭᠲᠠ ᠰᠠᠶᠢᠲᠤᠷ ᠬᠢᠵᠦ᠂ ᠬᠠᠯᠠᠮᠰᠢᠯ ᠴᠡᠭ ᠤᠨ ᠭᠠᠯ ᠤᠨ ᠪᠠᠶᠢᠳᠠᠯ ᠢ ᠬᠠᠮᠤᠭ ᠤᠨ ᠲᠡᠷᠢᠭᠦᠨ ᠳᠤ ᠢᠯᠡᠷᠡᠭᠦᠯᠵᠦ᠂ | ᠬᠠᠮᠤᠭ ᠤᠨ ᠲᠡᠷᠢᠭᠦᠨ ᠳᠤ ᠰᠢᠢᠳᠪᠦᠷᠢᠯᠡᠬᠦ ᠶᠢ ᠦᠨᠡᠨ ᠬᠦ ᠪᠠᠲᠤᠯᠠᠵᠠᠢ᠃ ᠡᠭᠦᠨ ᠤ ᠬᠠᠮᠲᠤ᠂ ᠭᠤᠣᠯᠳᠠᠯᠭ᠎ᠠ ᠲᠠᠢ ᠭᠠᠯ | ᠰᠡᠷᠭᠡᠶᠢᠯᠡᠬᠦ ᠥᠷᠲᠡᠭᠡ ᠳᠤ ᠲᠣᠭᠤᠷᠢᠨ ᠪᠠᠶᠢᠴᠠᠭᠠᠯᠲᠠ ᠬᠢᠵᠦ᠂ ᠠᠭᠤᠯᠠᠨ ᠳᠤ ᠣᠷᠣᠵᠤ ᠣᠶ ᠰᠢᠭᠤᠢ ᠳᠤ ᠣᠷᠣᠭᠰᠠᠨ | ᠬᠥᠮᠥᠰ ᠢ ᠴᠢᠩᠭ᠎ᠠ ᠪᠠᠶᠢᠴᠠᠭᠠᠨ ᠬᠠᠮᠢᠶᠠᠷᠤᠨ ᠡᠵᠡᠮᠳᠡᠵᠦ᠂ ᠡᠯ᠎ᠡ ᠲᠥᠷᠥᠯ ᠤᠨ ᠭᠠᠯ ᠤᠨ ᠰᠤᠷᠪᠤᠯᠵᠢ ᠶᠢ ᠬᠤᠷᠢᠶᠠᠨ | ᠠᠪᠴᠤ᠂ ᠣᠩᠭᠤᠨ ᠳᠤ ᠭᠠᠷᠴᠤ ᠲᠠᠬᠢᠯᠭ᠎ᠠ ᠬᠢᠬᠦ᠂ ᠲᠠᠷᠢᠶᠠᠯᠠᠩ ᠤᠨ ᠶᠠᠪᠤᠳᠠᠯ ᠳᠤ ᠭᠠᠯ ᠬᠡᠷᠡᠭᠯᠡᠬᠦ ᠵᠡᠷᠭᠡ ᠠᠶᠠᠯᠠᠯ ᠢ | ᠴᠢᠩᠭ᠎ᠠ ᠬᠢᠵᠠᠭᠠᠷᠯᠠᠵᠤ᠂ ᠴᠠᠭᠠᠨ ᠰᠠᠷ᠎ᠠ ᠶᠢᠨ ᠬᠤᠭᠤᠴᠠᠭᠠᠨ ᠳᠤ ᠣᠩᠭᠤᠨ ᠳᠤ ᠭᠠᠷᠴᠤ ᠴᠠᠭᠠᠰᠤ ᠰᠢᠲᠠᠭᠠᠬᠤ ᠵᠡᠷᠭᠡ | ᠲᠣᠭᠲᠠᠭᠠᠯ ᠠᠴᠠ ᠵᠥᠷᠢᠴᠡᠨ ᠭᠠᠯ ᠬᠡᠷᠡᠭᠯᠡᠭᠰᠡᠨ ᠡᠯ᠎ᠡ ᠲᠥᠷᠥᠯ ᠤᠨ ᠦᠶᠯᠡ ᠠᠵᠢᠯᠯᠠᠭ᠎ᠠ ᠶᠢ 70 ᠭᠠᠷᠤᠢ | ᠪᠠᠶᠢᠴᠠᠭᠠᠨ ᠰᠢᠢᠳᠪᠦᠷᠢᠯᠡᠵᠦ᠂ ᠨᠡᠶᠢᠲᠡ 300 ᠭᠠᠷᠤᠢ ᠭᠠᠯ ᠤᠨ ᠰᠤᠷᠪᠤᠯᠵᠢ ᠶᠢ ᠬᠤᠷᠢᠶᠠᠨ ᠠᠪᠴᠤ᠂ ᠠᠭᠤᠯᠠᠨ ᠳᠤ | ᠣᠷᠣᠭᠰᠠᠨ ᠬᠥᠮᠥᠨ ᠢ 300 ᠭᠠᠷᠤᠢ ᠬᠥᠮᠥᠨ ᠤᠳᠠᠭ᠎ᠠ ᠳᠡᠩᠰᠡᠯᠡᠨ᠂ ᠲᠡᠷᠭᠡ ᠬᠥᠰᠬᠡ ᠶᠢ 70 ᠭᠠᠷᠤᠢ ᠤᠳᠠᠭ᠎ᠠ | ᠪᠠᠶᠢᠴᠠᠭᠠᠵᠠᠢ᠃ | 【ᠬᠥᠲᠥᠯᠥᠭᠴᠢ】 | ᠠᠶᠤᠯᠭᠦᠢ ᠦᠢᠯᠡᠳᠪᠦᠷᠢᠯᠡᠯ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠲᠠᠯ᠎ᠠ ᠪᠠᠷ ᠶᠠᠮᠠᠷ ᠶᠠᠮᠠᠷ | ᠰᠢᠨ᠎ᠡ ᠶᠢ ᠡᠭᠦᠳᠬᠦ ᠦᠢᠯᠡᠳᠦᠯᠭᠡ ᠬᠢᠭᠰᠡᠨ ᠪᠤᠢ︖ | 【ᠰᠤᠷᠪᠤᠯᠵᠢᠯᠠᠭ᠎ᠠ ᠬᠦᠯᠢᠶᠡᠭᠰᠡᠨ ᠵᠣᠴᠢᠨ ᠴᠧᠨ ᠶᠦᠩ ᠯᠢᠶᠠᠩ】 | ᠠᠶᠤᠯᠭᠦᠢ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠬᠦᠴᠦᠨ ᠬᠦᠷᠦᠯᠴᠡᠬᠦ | ᠦᠭᠡᠢ ᠪᠠᠶᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠶᠢᠨ ᠲᠥᠯᠥᠭᠡ᠂ ᠮᠠᠨ ᠤ ᠲᠣᠪᠴᠢᠶ᠎ᠠ ︽ᠰᠡᠳᠬᠢᠬᠦᠢ ᠶᠢ | ᠣᠶᠢᠯᠠᠭᠠᠬᠤ︾ ᠣᠶᠢᠯᠠᠭᠠᠭᠳᠠᠬᠤᠨ ᠢ ᠬᠡᠷᠡᠭᠯᠡᠵᠦ᠂ ᠰᠢᠨ᠎ᠡ ᠶᠢ ᠡᠭᠦᠳᠴᠦ᠂ 4 ᠠᠵᠢᠯᠲᠠᠨ ᠢ ᠰᠣᠩᠭᠤᠨ ᠡᠯᠰᠡᠵᠦ᠂ | ᠲᠤᠭᠤᠷᠢᠭ ᠤᠨ ᠠᠶᠦᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠠᠵᠢᠯ ᠢ ᠲᠤᠰᠬᠠᠢ ᠬᠠᠷᠢᠴᠠᠭᠤᠯᠵᠦ᠂ | ᠡᠭᠦᠨ ᠤ ᠬᠠᠮᠲᠤ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠱᠠᠯᠠᠪᠳᠠᠭᠤᠯᠤᠨ | ᠪᠠᠶᠢᠴᠠᠭᠠᠬᠤ ᠲᠠᠰᠤᠭ ᠪᠠᠶᠢᠭᠤᠯᠵᠤ᠂ ᠠᠶᠦᠯᠭᠦᠢ ᠦᠢᠯᠡᠳᠪᠦᠷᠢᠯᠡᠯ ᠤᠨ ᠠᠵᠢᠯ ᠤᠨ ᠳᠤᠮᠳᠠᠬᠢ ᠲᠣᠪᠣᠶᠢᠮ᠎ᠠ ᠠᠰᠠᠭᠤᠳᠠᠯ | ᠪᠠ ᠴᠤᠬᠤᠶᠢᠯᠲᠠ ᠶᠢᠨ ᠴᠢᠨᠠᠷᠲᠠᠢ ᠬᠡᠯᠪᠡᠷᠢᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ ᠰᠢᠰᠲ᠋ᠧᠮ ᠲᠠᠢ | ᠪᠥᠭᠡᠳ ᠲᠤᠰᠬᠠᠢ ᠮᠡᠷᠭᠡᠵᠢᠯ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠪᠦᠲᠦᠴᠡ ᠪᠣᠯᠣᠨ ᠬᠤᠷᠴᠠ | ᠴᠢᠳᠠᠮᠠᠭᠠᠢ ᠪᠥᠭᠡᠳ ᠪᠦᠷᠢᠨ ᠪᠦᠲᠦᠨ ᠲᠤᠰᠬᠠᠢ ᠬᠠᠮᠢᠶᠠᠷᠤᠯᠲᠠ ᠶᠢᠨ ᠡᠩᠨᠡᠭᠡ ᠶᠢ ᠪᠠᠶᠢᠭᠤᠯᠬᠤ ᠶᠢᠨ ᠬᠠᠮᠲᠤ | ︽ᠴᠢᠩᠱᠠᠨ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠵᠢᠯ ᠤᠨ ᠳᠦᠷᠢᠮ︾ ᠢ ᠰᠤᠳᠤᠯᠤᠨ | ᠲᠣᠭᠲᠠᠭᠠᠵᠤ᠂ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ︽ᠵᠢᠯᠣᠭᠤᠳᠤᠨ ᠵᠣᠬᠢᠴᠠᠭᠤᠯᠬᠤ᠂ | ᠬᠢᠨᠠᠯᠲᠠ ᠲᠠᠯᠪᠢᠵᠤ ᠪᠠᠶᠢᠴᠠᠭᠠᠬᠤ᠂ ᠲᠣᠭᠤᠷᠢᠨ ᠪᠠᠶᠢᠴᠠᠭᠠᠵᠤ ᠬᠢᠨᠠᠨ ᠰᠢᠯᠭᠠᠬᠤ︾ ᠦᠢᠯᠡᠳᠦᠯ ᠢ ᠭᠦᠢᠴᠡᠳ | ᠪᠠᠳᠠᠷᠠᠭᠤᠯᠤᠨ᠂ ︽ᠬᠠᠮᠤᠭ ᠤᠨ ᠲᠦᠷᠦᠭᠦᠨ ᠳᠤ ᠨᠢᠭᠡ ᠺᠢᠯᠣᠮᠧᠲᠷ︾ ᠢ ᠲᠣᠬᠢᠷᠠᠭᠤᠯᠤᠨ ᠰᠤᠳᠤᠯᠤᠨ ᠮᠠᠭᠠᠳᠯᠠᠬᠤ ᠪᠠ | ᠠᠰᠠᠭᠤᠳᠠᠯ ᠢ ᠰᠢᠢᠳᠪᠦᠷᠢᠯᠡᠬᠦ ︽ᠬᠠᠮᠤᠭ ᠤᠨ ᠰᠡᠭᠦᠯᠴᠢ ᠶᠢᠨ ᠨᠢᠭᠡ ᠺᠢᠯᠣᠮᠧᠲᠷ︾ ᠤᠨ ᠴᠢᠳᠠᠪᠤᠷᠢ ᠶᠢ ᠦᠨᠡᠨᠬᠦ | ᠳᠡᠭᠡᠭᠰᠢᠯᠡᠭᠦᠯᠪᠡ᠃ | ᠨᠢᠭᠡ ᠳᠤ᠂ ︽ᠪᠣᠳᠠᠲᠠᠢ︾ ᠪᠠᠶᠢᠬᠤ ᠶᠢ ᠲᠡᠷᠢᠭᠦᠨ ᠳᠤ ᠲᠠᠯᠪᠢᠵᠤ᠂ ᠴᠢᠩᠭ᠎ᠠ ᠪᠦᠲᠦᠮᠵᠢᠲᠡᠢ ᠪᠦᠲᠦᠴᠡ ᠶᠢ | ᠪᠠᠶᠢᠭᠤᠯᠤᠨ᠎ᠠ᠃ ︽ᠠᠶᠤᠯᠭᠦᠢ ᠦᠢᠯᠡᠳᠪᠦᠷᠢᠯᠡᠯ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠶᠤᠯᠭᠦᠢ ᠦᠢᠯᠡᠳᠪᠦᠷᠢᠯᠡᠯ ᠤᠨ ᠳᠦᠷᠢᠮ︾ ᠪᠠ ︽ᠠᠶᠤᠯᠭᠦᠢ ᠦᠢᠯᠡᠳᠪᠦᠷᠢᠯᠡᠯ ᠤᠨ ᠥᠭᠡᠷᠡᠴᠢᠯᠡᠯᠲᠡ | ᠬᠥᠭᠵᠢᠯᠲᠡ ᠶᠢ ᠲᠦᠯᠬᠢᠨ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ | ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠵᠡᠷᠭᠡ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢᠨ | ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠬᠦᠴᠦᠨ ᠢᠶᠠᠨ ᠲᠥᠪᠯᠡᠷᠡᠭᠦᠯᠦᠨ ᠬᠦᠨᠳᠦ | ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠤᠯᠠᠮ ᠨᠢᠭᠡ ᠠᠯᠬᠤᠮ ᠰᠡᠷᠭᠡᠶᠢᠯᠡᠨ ᠠᠷᠢᠯᠭᠠᠵᠤ᠂ ᠨᠡᠯᠢᠶᠡᠳ | ᠶᠡᠭᠡ ᠬᠡᠮᠵᠢᠶᠡᠨ ᠠᠴᠠ ᠳᠡᠭᠡᠭᠰᠢᠬᠢ ᠠᠳᠡᠯ ᠬᠡᠷᠡᠭ ᠢ ᠡᠷᠡᠰ ᠬᠤᠷᠢᠭᠯᠠᠵᠤ᠂ ᠰᠠᠯᠠᠭ᠎ᠠ ᠮᠥᠴᠢᠷ ᠤᠨ ᠬᠤᠭᠤᠷᠣᠨᠳᠣᠬᠢ | ᠬᠠᠮᠵᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ | ︽ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠤ ᠠᠶᠤᠯᠭᠦᠢ ᠦᠢᠯᠡᠳᠪᠦᠷᠢᠯᠡᠯ ᠤᠨ ᠲᠤᠰᠬᠠᠢ ᠮᠡᠷᠭᠡᠵᠢᠯ ᠤᠨ | ᠵᠥᠪᠯᠡᠯ ᠪᠠᠶᠢᠭᠤᠯᠬᠤ ᠲᠤᠬᠠᠢ ᠮᠡᠳᠡᠭᠳᠡᠯ︾ ︵ᠴᠢᠩᠱᠠᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠲᠠᠷᠬᠠᠭᠠᠭᠰᠠᠨ ﹇ | 2022﹈ 7 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠦ᠂ ᠠᠶᠤᠯᠲᠠᠢ ᠬᠢᠮᠢ ᠶᠢᠨ ᠪᠣᠳᠠᠰ᠂ ᠲᠡᠮᠦᠷᠯᠢᠭ | ᠪᠣᠯᠪᠠᠰᠤᠷᠠᠭᠤᠯᠬᠤ᠂ ᠭᠡᠷ ᠪᠠᠶᠢᠰᠢᠩ ᠤᠨ ᠪᠠᠷᠢᠯᠭ᠎ᠠ᠂ ᠬᠤᠲᠠ ᠪᠠᠯᠭᠠᠰᠤ ᠶᠢᠨ ᠰᠢᠲᠠᠮᠠᠬᠠᠢ ᠬᠡᠢ᠂ ᠵᠠᠮ ᠬᠠᠷᠢᠯᠴᠠᠭ᠎ᠠ | ᠲᠡᠭᠡᠭᠡᠪᠦᠷᠢ᠂ ᠣᠨᠴᠠ ᠲᠥᠷᠥᠯ ᠤᠨ ᠲᠥᠬᠦᠭᠡᠷᠦᠮᠵᠢ᠂ ᠡᠮ ᠡᠮᠨᠡᠯᠭᠡ ᠡᠷᠡᠭᠦᠯ ᠬᠠᠮᠠᠭᠠᠯᠠᠯ᠂ ᠠᠷᠠᠯᠵᠢᠶ᠎ᠠ ᠬᠤᠳᠠᠯᠳᠤᠭᠠᠨ ᠤ | ᠭᠦᠢᠯᠭᠡᠭᠡ᠂ ᠰᠣᠶᠣᠯ ᠵᠢᠭᠤᠯᠴᠢᠯᠠᠯ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠲᠠᠷᠢᠶᠠᠯᠠᠩ ᠮᠠᠯ ᠠᠵᠤ | ᠠᠬᠤᠢ ᠵᠢᠭᠠᠰᠤᠨ ᠠᠵᠤ ᠠᠬᠤᠢ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ᠂ ᠪᠡᠶ᠎ᠡ ᠶᠢᠨ | ᠲᠠᠮᠢᠷ ᠤᠨ ᠠᠮᠤᠷ ᠲᠦᠪᠰᠢᠨ᠂ ᠱᠠᠰᠢᠨ ᠰᠤᠷᠲᠠᠬᠤᠨ ᠤ ᠲᠠᠯᠠᠪᠤᠷ ᠭᠠᠵᠠᠷ ᠵᠡᠷᠭᠡ 14 ᠠᠶᠦᠯᠭᠦᠢ | ᠦᠢᠯᠡᠳᠪᠦᠷᠢᠯᠡᠯ ᠤᠨ ᠲᠤᠰᠬᠠᠢ ᠮᠡᠷᠭᠡᠵᠢᠯ ᠤᠨ ᠵᠥᠪᠯᠡᠯ ᠢ ᠪᠠᠶᠢᠭᠤᠯᠵᠤ᠂ ᠲᠤᠭᠤᠷᠢᠭ ᠤᠨ ᠠᠶᠤᠯᠭᠦᠢ | ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ᠂ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠯ᠎ᠡ ᠪᠦᠷᠢᠯᠳᠦᠭᠦᠨ | ᠨᠢᠭᠡᠴᠡ ᠲᠠᠢ ᠬᠠᠮᠲᠤᠪᠠᠷ ︽1+14+53︾ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠪᠠᠶᠢᠭᠤᠯᠵᠤ᠂ ᠨᠡᠩ | ᠰᠢᠨᠵᠢᠯᠡᠬᠦ ᠤᠬᠠᠭᠠᠨᠴᠢ ᠪᠠᠷ ᠪᠦᠬᠦᠨ ᠢ ᠪᠦᠷᠬᠦᠬᠦᠯᠬᠦ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ | ᠪᠦᠬᠦ ᠲᠤᠭᠤᠷᠢᠭ ᠢᠶᠠᠷ ᠢᠶᠠᠨ ︽ᠨᠢᠭᠡ ᠬᠥᠯᠭᠡ ᠰᠢᠲᠠᠷ᠎ᠠ︾ ᠶᠢ ᠪᠡᠶᠡᠯᠡᠭᠦᠯᠦᠨ᠎ᠡ᠃ | ᠬᠤᠶᠠᠷ ᠲᠤ᠂ ︽ᠨᠢᠭᠡᠳᠬᠡᠬᠦ︾ ᠪᠠᠷ ᠭᠤᠣᠯ ᠪᠣᠯᠭᠠᠵᠤ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠵᠠᠰᠠᠬᠤ ᠶᠢ | ᠴᠢᠩᠭᠠᠳᠬᠠᠨ᠎ᠠ᠃ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠲᠦᠷᠦᠭᠦᠯᠡᠨ | ᠶᠡᠷᠦᠩᠬᠡᠢ ᠶᠢ ᠠᠳᠬᠤᠬᠤ᠂ ᠶᠡᠷᠦᠩᠬᠡᠶᠢᠯᠡᠨ ᠬᠢᠨᠠᠨ ᠬᠠᠮᠢᠶᠠᠷᠬᠤ ᠡᠭᠦᠷᠭᠡ ᠴᠢᠳᠠᠪᠤᠷᠢ ᠪᠠᠨ ᠦᠨᠡᠨᠬᠦ ᠭᠦᠢᠴᠡᠳᠬᠡᠵᠦ᠂ | ᠤᠷᠢᠳ ᠬᠤᠵᠢᠳ ᠡᠯ᠎ᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠠᠶᠦᠯᠭᠦᠢ ᠦᠢᠯᠡᠳᠪᠦᠷᠢᠯᠡᠯ ᠤᠨ ᠡᠷᠭᠢᠨ | ᠬᠠᠷᠠᠬᠤ ᠳᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠲᠤᠰᠬᠠᠢ ᠵᠦᠢᠯ ᠤᠨ ᠪᠣᠭᠤᠮᠲᠠ ᠰᠢᠪᠲᠤᠯᠬᠤ ᠠᠵᠢᠯᠯᠠᠭ᠎ᠠ᠂ | ᠥᠪᠡᠷ ᠲᠡᠭᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠯᠲᠠ᠂ ᠬᠤᠲᠠ | ᠪᠠᠯᠭᠠᠰᠤᠨ ᠤ ᠰᠢᠲᠠᠮᠠᠬᠠᠢ ᠬᠡᠢ ᠶᠢᠨ ᠬᠦᠷᠢᠶᠡᠨ ᠤ ᠠᠮᠤᠷ ᠲᠦᠪᠰᠢᠨ ᠢ ᠴᠡᠭᠴᠡᠯᠡᠨ ᠵᠠᠰᠠᠬᠤ ︽ᠵᠠᠭᠤᠨ ᠡᠳᠦᠷ ᠤᠨ | ᠠᠵᠢᠯᠯᠠᠭ᠎ᠠ︾᠂ ᠠᠶᠤᠯᠲᠠᠢ ᠬᠢᠮᠢ ᠶᠢᠨ ᠪᠣᠳᠠᠰ ᠤᠨ ᠠᠮᠤᠷ ᠲᠦᠪᠰᠢᠨ ᠤ ᠲᠦᠭᠰᠢᠭᠦᠷᠢ ᠶᠢ ᠲᠥᠪᠯᠡᠷᠡᠭᠦᠯᠦᠨ ᠵᠠᠰᠠᠵᠤ᠂ | ᠲᠡᠮᠦᠷᠯᠢᠭ ᠤᠨ ᠠᠵᠤ ᠦᠢᠯᠡᠳᠪᠦᠷᠢ ᠠᠷᠠᠯᠵᠢᠶᠠᠨ ᠤ ᠠᠵᠢᠯ ᠲᠥᠷᠥᠯ ᠤᠨ ᠠᠶᠦᠯᠭᠦᠢ ᠦᠢᠯᠡᠳᠪᠦᠷᠢᠯᠡᠯ ᠤᠨ | ᠲᠤᠰᠬᠠᠢ ᠵᠦᠢᠯ ᠢᠶᠠᠷ ᠴᠡᠭᠴᠡᠯᠡᠨ ᠵᠠᠰᠠᠬᠤ ︽ᠵᠠᠭᠤᠨ ᠡᠳᠦᠷ ᠤᠨ ᠠᠷᠢᠯᠭᠠᠬᠤ ᠠᠵᠢᠯᠯᠠᠭ᠎ᠠ︾᠂ ᠦᠢᠯᠡᠳᠪᠦᠷᠢᠯᠡᠵᠦ | ᠡᠵᠡᠩᠨᠡᠵᠦ ᠪᠠᠶᠢᠭ᠎ᠠ ᠲᠣᠰᠬᠤᠨ ︵ᠰᠠᠭᠤᠭᠠᠯᠢ︶ ᠤ ᠠᠷᠠᠳ ᠤᠨ ᠥᠪᠡᠷ ᠲᠡᠭᠡᠨ ᠪᠠᠷᠢᠭᠰᠠᠨ ᠭᠡᠷ ᠪᠠᠶᠢᠰᠢᠩ ᠤᠨ | ᠬᠦᠨᠳᠦ ᠶᠡᠭᠡ ᠭᠠᠯ ᠤᠨ ᠠᠶᠤᠯ ᠤᠨ ᠲᠦᠭᠰᠢᠭᠦᠷᠢ ᠶᠢ ᠶᠡᠷᠦᠩᠬᠡᠶᠢᠯᠡᠨ ᠵᠠᠰᠠᠬᠤ᠂ ᠥᠨᠳᠥᠷ ᠪᠠᠷᠢᠯᠭ᠎ᠠ ᠶᠢᠨ ᠬᠦᠨᠳᠦ | ᠶᠡᠭᠡ ᠭᠠᠯ ᠤᠨ ᠠᠶᠤᠯ ᠤᠨ ᠲᠦᠭᠰᠢᠭᠦᠷᠢ ᠶᠢ ᠶᠡᠷᠦᠩᠬᠡᠶᠢᠯᠡᠨ ᠵᠠᠰᠠᠬᠤ᠂ ᠢᠳᠡᠭᠡᠨ ᠤᠮᠳᠠᠭᠠᠨ ᠤ ᠭᠠᠵᠠᠷ ᠲᠠᠯᠠᠪᠤᠷ ᠤᠨ | ᠰᠢᠲᠠᠮᠠᠬᠠᠢ ᠬᠡᠢ ᠶᠢᠨ ᠠᠶᠦᠯᠭᠦᠢ ᠶᠢᠨ ᠲᠤᠰᠬᠠᠢ ᠵᠦᠢᠯ ᠢᠶᠠᠷ ᠴᠡᠭᠴᠡᠯᠡᠨ ᠵᠠᠰᠠᠬᠤ᠂ ᠥᠨᠳᠥᠷ ᠭᠠᠵᠠᠷ ᠲᠤ ᠠᠵᠢᠯᠯᠠᠵᠤ | ᠪᠠᠶᠢᠭ᠎ᠠ ᠠᠶᠦᠯᠭᠦᠢ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ | ᠬᠦᠷᠢᠶᠡᠨ ᠤ ᠠᠶᠦᠯᠭᠦᠢ ᠶᠢᠨ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯ ᠵᠡᠷᠭᠡ ᠭᠤᠣᠯᠳᠠᠯᠭ᠎ᠠ ᠲᠠᠢ ᠠᠵᠢᠯ | ᠲᠥᠷᠥᠯ ᠤᠨ ᠬᠦᠷᠢᠶᠡᠨ ᠳᠠᠬᠢ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠢ ᠦᠷᠨᠢᠭᠦᠯᠪᠡ᠃ | ᠭᠤᠷᠪᠠ ᠳᠤ᠂ ︽ᠱᠠᠯᠠᠪᠳᠠᠭᠤᠯᠬᠤ︾ ᠦᠰᠦᠭ ᠤᠨ ᠦᠷ᠎ᠡ ᠠᠰᠢᠭ ᠢ ᠨᠡᠮᠡᠭᠳᠡᠭᠦᠯᠵᠦ᠂ ᠴᠢᠩᠭ᠎ᠠ ᠬᠠᠲᠠᠭᠤ ᠬᠢᠨᠠᠨ | ᠰᠢᠯᠭᠠᠨ᠎ᠠ᠃ ᠲᠤᠭᠤᠷᠢᠭ ᠤᠨ ᠠᠶᠦᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ︽ᠴᠢᠩᠱᠠᠨ | ᠲᠣᠭᠤᠷᠢᠭ ᠤᠨ ᠠᠶᠦᠯᠭᠦᠢ ᠦᠢᠯᠡᠳᠪᠦᠷᠢᠯᠡᠯ ᠤᠨ ᠠᠳᠡᠯ ᠤᠨ ᠳᠠᠯᠳᠠ ᠬᠡᠮ ᠢ ᠮᠡᠳᠡᠭᠦᠯᠬᠦ᠂ ᠲᠤᠰᠢᠶᠠᠨ | ᠰᠢᠢᠳᠪᠦᠷᠢᠯᠡᠭᠦᠯᠬᠦ᠂ ᠱᠠᠯᠠᠪᠳᠠᠭᠤᠯᠤᠨ ᠰᠢᠢᠳᠪᠦᠷᠢᠯᠡᠭᠦᠯᠬᠦ ᠳᠦᠷᠢᠮ︾᠂ ︽ᠠᠶᠦᠯᠭᠦᠢ ᠦᠢᠯᠡᠳᠪᠦᠷᠢᠯᠡᠯ ᠤᠨ ᠠᠵᠢᠯ ᠤᠨ | ᠬᠤᠷᠢᠨ ᠵᠦᠢᠯ ᠤᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠴᠢᠩᠭᠠᠷᠠᠭᠤᠯᠬᠤ︾ ᠶᠢ ᠳᠠᠷᠤᠮᠠᠯᠯᠠᠨ ᠲᠠᠷᠬᠠᠭᠠᠵᠤ᠂ | ᠲᠤᠭᠤᠷᠢᠭ ᠤᠨ ᠠᠶᠦᠯᠭᠦᠢ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠭᠦᠨ ᠨᠢᠭᠡᠴᠡ ᠳᠤ ᠲᠠᠰᠢᠷᠠᠮ ᠢᠶᠠᠷ | ᠰᠤᠭᠤᠴᠢᠨ ᠪᠠᠶᠢᠴᠠᠭᠠᠯᠲᠠ ᠬᠢᠵᠦ᠂ ᠰᠠᠷ᠎ᠠ ᠪᠦᠷᠢ 50% ᠶᠢᠨ ᠭᠤᠣᠯᠳᠠᠯᠭ᠎ᠠ ᠲᠠᠢ ᠪᠦᠷᠢᠯᠳᠦᠭᠦᠨ ᠨᠢᠭᠡᠴᠡ ᠶᠢᠨ | ᠠᠶᠦᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠤᠭᠤᠴᠢᠨ | ᠪᠠᠶᠢᠴᠠᠭᠠᠬᠤ ᠶᠢᠨ ᠬᠠᠮᠲᠤ 1—2 ᠠᠵᠤ ᠠᠬᠤᠶᠢᠯᠠᠯ ᠵᠢᠴᠢ ᠨᠢᠭᠡᠴᠡ ᠶᠢ ᠤᠷᠲᠤᠳᠬᠠᠵᠤ᠂ ᠭᠡᠷᠡᠴᠢᠯᠡᠬᠦ ᠠᠵᠢᠯ ᠢ | ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠡᠷᠡᠭᠯᠡᠨ᠎ᠡ᠃ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠪᠥᠬᠦ ᠲᠤᠭᠤᠷᠢᠭ | ᠲᠤ ᠨᠡᠪᠲᠡᠷᠡᠭᠦᠯᠬᠦ ᠶᠢᠨ ᠬᠠᠮᠲᠤ ᠣᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠤ ᠬᠡᠷᠡᠭᠯᠡᠨ᠎ᠡ᠃ | ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠱᠠᠯᠠᠪᠳᠠᠭᠤᠯᠤᠨ ᠪᠠᠶᠢᠴᠠᠭᠠᠬᠤ ᠲᠠᠰᠤᠭ | ᠪᠠᠶᠢᠭᠤᠯᠤᠭᠳᠠᠭᠰᠠᠨ ᠠᠴᠠ ᠨᠠᠰᠢ᠂ ᠲᠤᠰᠬᠠᠢ ᠵᠦᠢᠯ ᠤᠨ ᠪᠠ ᠡᠳᠦᠷ ᠲᠤᠲᠤᠮ ᠤᠨ ᠴᠢᠨᠠᠷᠲᠠᠢ ᠠᠶᠤᠯᠭᠦᠢ | ᠦᠢᠯᠡᠳᠪᠦᠷᠢᠯᠡᠯ ᠤᠨ ᠪᠠᠶᠢᠴᠠᠭᠠᠯᠲᠠ ᠪᠠ ᠱᠠᠯᠠᠪᠳᠠᠭᠤᠯᠤᠨ ᠪᠠᠶᠢᠴᠠᠭᠠᠯᠲᠠ ᠶᠢ ᠨᠡᠶᠢᠲᠡ 20 ᠭᠠᠷᠤᠢ ᠤᠳᠠᠭ᠎ᠠ | ᠵᠣᠬᠢᠶᠠᠨ ᠪᠠᠶᠢᠭᠤᠯᠤᠨ ᠥᠷᠨᠢᠭᠦᠯᠵᠦ᠂ ᠱᠠᠯᠠᠪᠳᠠᠭᠤᠯᠤᠨ ᠪᠠᠶᠢᠴᠠᠭᠠᠬᠤ ᠶᠢ ᠨᠡᠶᠢᠲᠡᠯᠡᠨ ᠮᠡᠳᠡᠭᠳᠡᠬᠦ ᠠᠵᠢᠯ ᠢ 60 | ᠭᠠᠷᠤᠢ ᠬᠤᠭᠤᠴᠠᠭ᠎ᠠ ᠨᠡᠶᠢᠲᠡᠯᠡᠵᠦ᠂ ᠡ᠊ᠨᠳᠡᠯ ᠤᠯᠠᠨ ᠭᠠᠷᠤᠭᠰᠠᠨ᠂ ᠲᠠᠯᠳᠠ ᠭᠡᠮ ᠲᠤᠪᠤᠶᠢᠬᠰᠠᠨ᠂ ᠠᠶᠤᠯ ᠲᠦᠭᠰᠢᠭᠦᠷᠢ | ᠲᠤᠶᠢᠯ ᠤᠨ ᠶᠡᠭᠡ ᠪᠠᠶᠢᠭ᠎ᠠ ᠠᠵᠢᠯ ᠲᠦᠷᠦᠯ ᠤᠨ ᠬᠦᠷᠢᠶᠡᠨ ᠳᠤ ᠲᠤᠬᠠᠢ ᠶᠢᠨ ᠲᠠᠯᠠᠪᠤᠷ ᠲᠤ ᠰᠡᠷᠡᠮᠵᠢᠯᠡᠭᠦᠯᠦᠨ | ᠪᠣᠯᠵᠣᠨ ᠶᠠᠷᠢᠯᠴᠠᠬᠤ᠂ ᠪᠦᠬᠦ ᠲᠤᠭᠤᠷᠢᠭ ᠲᠤ ᠨᠡᠶᠢᠲᠡᠯᠡᠨ ᠮᠡᠳᠡᠭᠳᠡᠬᠦ᠂ ᠨᠢᠭᠡ ᠫᠢᠶᠣᠣ ᠪᠠᠷ ᠦᠭᠡᠶᠢᠰᠬᠡᠬᠦ ᠵᠡᠷᠭᠡ | ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠠᠵᠢᠯ ᠢᠶᠠᠨ ᠰᠠᠶᠢᠵᠢᠷᠠᠭᠤᠯᠬᠤ ᠶᠢ ᠠᠬᠢᠭᠤᠯᠵᠤ᠂ ᠲᠣᠭᠲᠠᠴᠠ᠂ | ᠬᠠᠮᠢᠶᠠᠷᠤᠯᠲᠠ ᠶᠢᠨ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠶᠤᠯ ᠲᠦᠭᠰᠢᠭᠦᠷᠢ ᠶᠢ ᠬᠠᠮᠢᠶᠠᠷᠤᠨ | ᠡᠵᠡᠮᠳᠡᠵᠦ᠂ ᠲᠠᠯᠳᠠ ᠭᠡᠮ ᠢ ᠠᠷᠢᠯᠭᠠᠨ᠂ ᠬᠠᠤᠯᠢ ᠶᠣᠰᠣᠭᠠᠷ ᠠᠮᠤᠷ ᠢ ᠬᠠᠮᠠᠭᠠᠯᠠᠬᠤ ᠴᠢᠳᠠᠪᠤᠷᠢ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠪᠡ᠃ | 【ᠬᠥᠲᠥᠯᠥᠭᠴᠢ】 | ᠠᠮᠤᠷ ᠲᠦᠪᠰᠢᠨ ᠤ ᠮᠥᠨ ᠴᠢᠨᠠᠷ ᠢ ᠠᠳᠬᠤᠬᠤ ᠨᠢ ᠨᠢᠭᠡ ᠯᠡ ᠡᠳᠦᠷ ᠤᠨ ᠠᠮᠵᠢᠯᠲᠠ ᠪᠢᠰᠢ᠂ | ᠳᠠᠷᠠᠭᠠᠴᠢ ᠶᠢᠨ ᠠᠯᠬᠤᠮ ᠳᠤ ᠬᠡᠷᠬᠢᠨ ᠠᠬᠢᠭᠤᠯᠬᠤ ᠪᠤᠢ︖ | 【ᠰᠤᠷᠪᠤᠯᠵᠢᠯᠠᠭ᠎ᠠ ᠬᠦᠯᠢᠶᠡᠭᠰᠡᠨ ᠵᠣᠴᠢᠨ ᠴᠧᠨ ᠶᠦᠩ ᠯᠢᠶᠠᠩ】 | ᠮᠠᠨ ᠤ ᠲᠣᠪᠴᠢᠶ᠎ᠠ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠪᠠ ᠲᠣᠭᠤᠷᠢᠭ ᠤᠨ | ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠦᠷᠭᠦᠯᠵᠢᠯᠡᠨ ᠨᠠᠷᠢᠨ ᠬᠢᠨᠠᠮᠠᠭᠠᠢ ᠲᠤᠤᠱᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠠᠬᠢ | ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠪᠠᠶᠢᠭᠤᠯᠤᠮᠵᠢ ᠲᠣᠭᠲᠠᠴᠠ ᠶᠢ ᠬᠦᠴᠦᠯᠡᠨ ᠲᠡᠭᠦᠯᠳᠡᠷᠵᠢᠭᠦᠯᠵᠦ᠂ | ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠪᠠ ᠬᠦᠨᠳᠦ ᠶᠡᠭᠡ ᠠᠮᠤᠷ ᠲᠦᠪᠰᠢᠨ ᠤ | ᠬᠡᠷᠡᠭ ᠢ ᠰᠢᠢᠳᠪᠦᠷᠢᠯᠡᠬᠦ ᠪᠠᠲᠤᠯᠠᠭ᠎ᠠ ᠶᠢᠨ ᠴᠢᠳᠠᠪᠤᠷᠢ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠨᠡᠯᠢᠶᠡᠳ | ᠶᠡᠭᠡ ᠵᠢᠴᠢ ᠲᠡᠭᠦᠨ ᠠᠴᠠ ᠳᠡᠭᠡᠭᠰᠢᠬᠢ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ | ᠬᠤᠷᠢᠭᠯᠠᠵᠤ᠂ ᠪᠦᠬᠦ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ | ᠲᠣᠭᠲᠠᠭᠤᠨ ᠢᠶᠠᠷ ᠰᠠᠶᠢᠵᠢᠷᠠᠬᠤ ᠶᠢ ᠪᠠᠲᠤᠯᠠᠵᠤ᠂ ︽ᠲᠠᠪᠤᠨ ᠶᠡᠭᠡ ᠢᠨᠵᠧᠨᠧᠷᠢᠩ︾ ᠢ ᠭᠤᠣᠯᠳᠠᠯᠭ᠎ᠠ ᠲᠠᠢ ᠠᠬᠢᠭᠤᠯᠤᠨ᠎ᠠ᠃ | ᠨᠢᠭᠡ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠵᠤ᠂ ᠠᠶᠦᠯᠭᠦᠢ | ᠦᠢᠯᠡᠳᠪᠦᠷᠢᠯᠡᠯ ᠤᠨ ᠰᠡᠷᠭᠡᠶᠢᠯᠡᠯᠲᠡ ᠶᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ | ᠠᠶᠦᠯᠭᠦᠢ ᠦᠢᠯᠡᠳᠪᠦᠷᠢᠯᠡᠯ ᠤᠨ ᠳᠠᠯᠳᠠ ᠬᠡᠮ ᠢ ᠶᠡᠬᠡᠪᠡᠷ ᠵᠢᠭᠰᠠᠭᠠᠨ ᠪᠠᠶᠢᠴᠠᠭᠠᠬᠤ᠂ ᠶᠡᠬᠡᠪᠡᠷ ᠴᠡᠭᠴᠡᠯᠡᠨ | ᠰᠠᠶᠢᠵᠢᠷᠠᠭᠤᠯᠬᠤ ᠪᠠ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ | ᠥᠷᠨᠢᠭᠦᠯᠵᠦ᠂ ︽ᠨᠢᠭᠡ ᠬᠠᠭᠤᠳᠠᠰᠤ ᠳᠥᠷᠪᠡᠨ ᠳᠦᠷᠢᠮ︾ ᠤᠨ ᠳᠦᠷᠢᠮ ᠢ ᠨᠠᠶᠢᠳᠠᠪᠤᠷᠢᠵᠢᠭᠤᠯᠤᠨ ᠬᠦᠨᠳᠦ ᠶᠡᠭᠡ | ᠠᠳᠡᠯ ᠤᠨ ᠳᠠᠯᠳᠠ ᠬᠡᠮ ᠢ ᠵᠠᠰᠠᠵᠤ᠂ ᠬᠦᠨᠳᠦ ᠶᠡᠭᠡ ᠠᠳᠡᠯ ᠤᠨ ᠳᠠᠯᠳᠠ ᠬᠡᠮ ᠤᠨ ᠨᠠᠷᠢᠨ ᠬᠠᠭᠤᠳᠠᠰᠤ ᠶᠢ | ᠪᠠᠶᠢᠭᠤᠯᠤᠨ᠂ ︽ᠲᠤᠰᠢᠶᠠᠨ ᠰᠢᠢᠳᠪᠦᠷᠢᠯᠡᠭᠦᠯᠬᠦ ᠳᠦᠷᠢᠮ᠂ ᠡᠬᠡ ᠲᠠᠩᠰᠠ ᠶᠢᠨ ᠳᠦᠷᠢᠮ᠂ ᠳ᠋ᠤᠭᠠᠷ ᠬᠠᠰᠤᠬᠤ ᠳᠦᠷᠢᠮ᠂ | ᠮᠡᠳᠡᠭᠡᠯᠡᠬᠦ ᠳᠦᠷᠢᠮ︾ ᠤᠨ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠲᠦᠭᠰᠢᠭᠦᠷᠢ ᠶᠢ | ᠬᠠᠮᠢᠶᠠᠷᠤᠨ ᠡᠵᠡᠮᠳᠡᠬᠦ ︽ᠵᠢᠷᠭᠤᠭᠠᠨ ᠵᠦᠢᠯ ᠤᠨ ᠲᠣᠭᠲᠠᠴᠠ︾ ᠶᠢ ᠳᠦᠷᠢᠮᠵᠢᠭᠦᠯᠦᠨ ᠵᠢᠷᠤᠮᠵᠢᠭᠤᠯᠬᠤ ᠶᠢ ᠯᠠᠪᠳᠠᠭᠤᠨ | ᠪᠠᠲᠤᠲᠠᠢ ᠠᠬᠢᠭᠤᠯᠵᠤ᠂ ᠡᠯ᠎ᠡ ᠲᠥᠷᠥᠯ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠶᠢ | ᠪᠦᠲᠦᠮᠵᠢᠲᠡᠶ ᠰᠡᠷᠭᠡᠶᠢᠯᠡᠨ᠎ᠡ ︵ᠠᠶᠦᠯᠭᠦᠢ ᠦᠢᠯᠡᠳᠪᠦᠷᠢᠯᠡᠯ ᠤᠨ ᠲᠦᠭᠰᠢᠭᠦᠷᠢ ᠶᠢ ᠡᠷᠢᠬᠦ᠂ ᠰᠤᠳᠤᠯᠤᠨ ᠮᠠᠭᠠᠳᠯᠠᠬᠤ᠂ | ᠤᠷᠢᠳᠴᠢᠯᠠᠨ ᠰᠡᠷᠡᠮᠵᠢᠯᠡᠭᠦᠯᠬᠦ᠂ ᠰᠡᠷᠭᠡᠶᠢᠯᠡᠬᠦ᠂ ᠰᠢᠢᠳᠪᠦᠷᠢᠯᠡᠬᠦ ᠪᠠ ᠬᠠᠷᠢᠭᠤᠴᠠᠯᠭ᠎ᠠ ︽ᠵᠢᠷᠭᠤᠭᠠᠨ ᠵᠦᠢᠯ ᠤᠨ | ᠲᠣᠭᠲᠠᠴᠠ︾︶᠃ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠭᠤᠣᠯᠳᠠᠯᠭ᠎ᠠ ᠲᠠᠢ ᠵᠦᠢᠯᠡᠰ ᠤᠨ ᠨᠠᠷᠢᠨ ᠬᠠᠭᠤᠳᠠᠰᠤ ᠶᠢ ᠨᠡᠶᠢᠲᠡᠯᠡᠵᠦ᠂ ᠠᠵᠤ ᠠᠬᠤᠶᠢᠯᠠᠯ ᠤᠨ | ︽ᠪᠥᠬᠦ ᠠᠵᠢᠯᠲᠠᠨ᠂ ᠪᠥᠬᠦ ᠠᠵᠢᠯ ᠤᠨ ᠪᠠᠶᠢᠷᠢ᠂ ᠪᠥᠬᠦ ᠶᠠᠪᠤᠴᠠ︾ ᠶᠢᠨ ᠠᠶᠦᠯᠭᠦᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠳᠦᠷᠢᠮ ᠢ ᠲᠦᠷᠭᠡᠳᠬᠡᠨ ᠪᠠᠶᠢᠭᠤᠯᠵᠦ᠂ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ | ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ 2023 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠪᠥᠬᠦ | ᠲᠤᠭᠤᠷᠢᠭ ᠤᠨ ᠠᠶᠤᠯᠲᠠᠢ ᠬᠢᠮᠢ ᠶᠢᠨ ᠪᠣᠳᠠᠰ᠂ ᠲᠡᠮᠦᠷᠯᠢᠭ ᠬᠠᠶᠢᠯᠤᠭᠤᠯᠬᠤ ᠠᠵᠤ ᠠᠬᠤᠶᠢᠯᠠᠯ ᠤᠨ ᠠᠶᠦᠯᠭᠦᠢ | ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢᠨ ᠭᠤᠷᠪᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ | ᠪᠠᠷᠢᠮᠵᠢᠶ᠎ᠠ ᠳᠤ ᠬᠦᠷᠦᠭᠦᠯᠬᠦ ᠨᠣᠷᠮ᠎ᠠ ᠶᠢ 100% ᠳᠤ ᠬᠦᠷᠦᠭᠦᠯᠬᠦ ᠪᠠᠷ ᠴᠢᠷᠮᠠᠶᠢᠨ᠎ᠠ᠃ ᠴᠢᠬᠤᠯᠠ ᠶᠡᠭᠡ ᠪᠠᠶᠠᠷ ᠤᠨ | ᠡᠳᠦᠷ᠂ ᠭᠤᠣᠯᠳᠠᠯᠭ᠎ᠠ ᠲᠠᠢ ᠴᠠᠭ ᠬᠤᠭᠤᠴᠠᠭ᠎ᠠ᠂ ᠰᠡᠷᠭᠡᠭ ᠴᠠᠭ ᠬᠤᠭᠤᠴᠠᠭᠠᠨ ᠤ ᠠᠶᠦᠯᠭᠦᠢ ᠦᠢᠯᠡᠳᠪᠦᠷᠢᠯᠡᠯ ᠤᠨ | ᠠᠵᠢᠯ ᠢ ᠦᠨᠡᠨᠬᠦ ᠰᠠᠶᠢᠲᠤᠷ ᠠᠳᠬᠤᠨ᠎ᠠ᠃ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠰᠡᠷᠭᠦᠭᠡᠵᠦ ᠠᠵᠢᠯ ᠢᠶᠠᠨ | ᠰᠡᠷᠭᠦᠭᠡᠬᠦ᠂ ᠡᠪᠦᠯ ᠤᠨ ᠤᠯᠠᠷᠢᠯ ᠳᠤ ᠠᠵᠢᠯ ᠵᠣᠭᠰᠣᠬᠤ ᠠᠴᠠ ᠡᠮᠦᠨᠡᠬᠢ ᠵᠡᠷᠭᠡ ᠵᠠᠩᠭᠢᠯᠠᠭ᠎ᠠ ᠶᠢᠨ ᠬᠤᠭᠤᠴᠠᠭᠠᠨ ᠳᠤ᠂ | ᠠᠮᠤᠷ ᠲᠦᠪᠰᠢᠨ ᠤ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠡᠯ᠎ᠡ ᠲᠦᠷᠦᠯ ᠤᠨ ᠠᠳᠡᠯ ᠭᠠᠷᠬᠤ ᠶᠢ | ᠬᠤᠷᠢᠭᠯᠠᠨ᠎ᠠ᠃ | ᠬᠤᠶᠠᠷ᠂ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠬᠤ | ᠲᠣᠨᠤᠭ ᠲᠥᠬᠦᠭᠡᠷᠦᠮᠵᠢ ᠶᠢ ᠰᠤᠳᠤᠯᠤᠨ ᠨᠡᠭᠡᠭᠡᠵᠦ ᠦᠶᠯᠡᠳᠬᠦ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ | ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠶᠢ ᠰᠤᠳᠤᠯᠤᠨ ᠨᠡᠭᠡᠭᠡᠵᠦ | ᠦᠶᠯᠡᠳᠬᠦ ᠨᠥᠭᠡᠴᠡᠯᠡᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠎ᠠ᠃ | ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠵᠢᠷᠤᠭ ᠲᠥᠯᠥᠪᠯᠡᠭᠡ᠂ ᠭᠠᠵᠠᠷ ᠰᠢᠷᠣᠢ ᠶᠢᠨ ᠲᠥᠯᠦᠪᠵᠢᠭᠦᠯᠭᠡ᠂ ᠭᠠᠷ | ᠭᠦᠢᠴᠡᠳᠬᠡᠯ ᠢ ᠵᠣᠬᠢᠴᠠᠭᠤᠯᠤᠨ ᠭᠦᠢᠴᠡᠳᠬᠡᠬᠦ ᠵᠡᠷᠭᠡ ᠵᠦᠢᠯᠡᠰ ᠢ ᠱᠠᠯᠠᠪᠳᠠᠨ ᠥᠷᠨᠢᠭᠦᠯᠬᠦ ᠶᠢᠨ ᠬᠠᠮᠲᠤ᠂ ᠥᠪᠡᠷᠲᠡᠭᠡᠨ | ᠵᠠᠰᠠᠬᠤ ᠣᠷᠣᠨ᠂ ᠪᠤᠭᠤᠲᠤ ᠬᠤᠲᠠ ᠶᠢᠨ ᠳᠡᠭᠡᠳᠦ ᠱᠠᠲᠤᠨ ᠤ ᠪᠡᠯᠡ ᠮᠥᠩᠭᠦ ᠶᠢᠨ ᠳᠡᠮᠵᠢᠯᠭᠡ ᠶᠢ ᠪᠥᠬᠦ | ᠬᠦᠴᠦᠨ ᠢᠶᠠᠷ ᠢᠶᠠᠨ ᠣᠯᠬᠤ ᠪᠠᠷ ᠴᠢᠷᠮᠠᠶᠢᠨ᠎ᠠ᠃ ᠡᠭᠦᠨ ᠤ ᠬᠠᠮᠲᠤ᠂ ᠪᠠᠴᠢᠮ ᠪᠠᠶᠢᠳᠠᠯ ᠢ ᠠᠷᠭᠠᠴᠠᠬᠤ ᠲᠣᠨᠤᠭ | ᠲᠥᠬᠦᠭᠡᠷᠦᠮᠵᠢ ᠶᠢᠨ ᠰᠤᠳᠤᠯᠤᠨ ᠨᠡᠭᠡᠭᠡᠬᠦ ᠲᠥᠪ᠂ ᠦᠶᠯᠡᠳᠬᠦ ᠲᠥᠪ ᠤᠨ ᠫᠠᠶᠢᠰᠠ ᠡᠯᠭᠦᠬᠦ ᠵᠦᠢᠯᠡᠰ ᠢ ᠪᠡᠯᠡᠳᠬᠡᠵᠦ᠂ | ᠨᠢᠭᠡᠳᠦᠭᠡᠷ ᠮᠠᠰᠢᠨ᠂ ᠤᠮᠠᠷᠠᠲᠤ ᠶᠢᠨ ᠬᠦᠨᠳᠦ ᠠᠵᠤ ᠦᠢᠯᠡᠳᠪᠦᠷᠢ ᠵᠡᠷᠭᠡ ᠤᠯᠤᠰ ᠤᠨ ᠥᠮᠴᠢᠯᠡᠯᠲᠦ | ᠭᠤᠣᠯᠳᠠᠯᠭ᠎ᠠ ᠲᠠᠢ ᠠᠵᠤ ᠠᠬᠤᠶᠢᠯᠠᠯ ᠤᠨ ᠰᠤᠳᠤᠯᠤᠨ ᠨᠡᠭᠡᠭᠡᠵᠦ ᠦᠶᠯᠡᠳᠬᠦ ᠳᠠᠪᠠᠭᠤᠯᠢᠭ ᠪᠠ ᠰᠠᠭᠤᠷᠢ ᠳᠤ | ᠲᠦᠰᠢᠭᠯᠡᠨ᠂ ᠮᠠᠨ ᠤ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠲᠣᠨᠤᠭ ᠲᠥᠬᠦᠭᠡᠷᠦᠮᠵᠢ ᠶᠢᠨ ᠰᠤᠳᠤᠯᠤᠨ | ᠨᠡᠭᠡᠭᠡᠵᠦ ᠦᠶᠯᠡᠳᠬᠦ ᠴᠢᠳᠠᠪᠤᠷᠢ ᠶᠢᠨ ᠳᠡᠭᠡᠭᠰᠢᠯᠡᠯᠲᠡ ᠶᠢ ᠠᠬᠢᠭᠤᠯᠤᠨ᠎ᠠ᠃ | ᠭᠤᠷᠪᠠ᠂ ᠲᠣᠭᠠᠨ ᠤ ᠤᠬᠠᠭᠠᠨ ᠢᠶᠠᠷ ᠴᠢᠳᠠᠪᠤᠷᠢ ᠣᠯᠭᠤᠬᠤ ᠶᠢ ᠴᠢᠩᠭᠠᠷᠠᠭᠤᠯᠵᠤ᠂ ᠲᠣᠭᠠᠨ ᠤ ᠪᠠᠴᠢᠮ | ᠪᠠᠶᠢᠳᠠᠯ ᠢ ᠠᠷᠭᠠᠴᠠᠬᠤ ᠮᠡᠷᠭᠡᠵᠢᠯ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ | ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠠᠵᠢᠯ ᠤᠨ ᠱᠠᠭᠠᠷᠳᠠᠯᠭ᠎ᠠ ᠶᠣᠰᠣᠭᠠᠷ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ᠂ ᠵᠢᠯᠣᠭᠤᠳᠤᠨ | ᠲᠣᠬᠢᠷᠠᠭᠤᠯᠬᠤ ᠰᠢᠰᠲ᠋ᠧᠮ ᠤᠨ ᠪᠠᠶᠢᠭᠤᠯᠤᠯᠲᠠ ᠶᠢ ᠢᠳᠡᠪᠬᠢᠲᠡᠢ ᠪᠠᠷ ᠠᠬᠢᠭᠤᠯᠵᠤ᠂ ᠣᠲᠣ ᠶᠢᠨ ᠪᠠᠶᠢᠭ᠎ᠠ ᠪᠠᠴᠢᠮ | ᠪᠠᠶᠢᠳᠠᠯ ᠢ ᠠᠷᠭᠠᠴᠠᠬᠤ ᠵᠢᠯᠤᠭᠤᠳᠬᠤ ᠲᠠᠪᠴᠠᠩ ᠪᠠ ᠮᠡᠳᠡᠭᠡ ᠵᠠᠩᠭᠢᠵᠢᠯᠲᠠ ᠶᠢᠨ ᠰᠠᠭᠤᠷᠢ ᠪᠠᠶᠢᠭᠤᠯᠤᠯᠲᠠ ᠶᠢ | ᠲᠦᠷᠭᠡᠳᠬᠡᠨ᠎ᠡ᠃ ᠣᠲᠣ ᠶᠢᠨ ᠪᠠᠶᠢᠭ᠎ᠠ ᠬᠠᠷᠠᠭᠠᠨ ᠳᠠᠪᠲᠠᠮᠵᠢ ᠪᠠᠷ ᠬᠢᠨᠠᠨ ᠬᠡᠮᠵᠢᠬᠦ ᠰᠢᠰᠲ᠋ᠧᠮ᠂ ᠭᠤᠣᠯᠳᠠᠯᠭ᠎ᠠ ᠲᠠᠢ | ᠠᠵᠤ ᠠᠬᠤᠶᠢᠯᠠᠯ ᠤᠨ ᠬᠢᠨᠠᠨ ᠡᠵᠡᠮᠳᠡᠬᠦ ᠰᠢᠰᠲ᠋ᠧᠮ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠬᠠᠷᠢᠯᠴᠠᠨ | ᠬᠤᠯᠪᠣᠭᠠᠯᠠᠵᠤ ᠬᠠᠮᠲᠤᠪᠠᠷ ᠭᠥᠷᠳᠡᠬᠦ ᠶᠢ ᠴᠢᠩᠭᠠᠳᠬᠠᠵᠤ᠂ ᠪᠥᠬᠦ ᠲᠤᠭᠤᠷᠢᠭ ᠤᠨ ᠠᠶᠤᠯᠲᠠᠢ ᠬᠢᠮᠢ ᠶᠢᠨ ᠪᠣᠳᠠᠰ᠂ | ᠲᠣᠰᠣ ᠨᠡᠮᠡᠬᠦ ︵ᠬᠡᠢ︶ ᠥᠷᠲᠡᠭᠡ᠂ ᠭᠤᠣᠯᠳᠠᠯᠭ᠎ᠠ ᠲᠠᠢ ᠠᠵᠤ ᠠᠬᠤᠶᠢᠯᠠᠯ ᠳᠤ ᠰᠦᠯᠵᠢᠶᠡᠨ ᠳᠡᠭᠡᠷ᠎ᠡ ᠴᠠᠭ ᠲᠤᠬᠠᠢ | ᠳᠤᠨᠢ ᠠᠮᠤᠷ ᠲᠦᠪᠰᠢᠨ ᠤ ᠬᠢᠨᠠᠨ ᠡᠵᠡᠮᠳᠡᠬᠦ ᠶᠢ ᠬᠡᠷᠡᠭᠵᠢᠭᠦᠯᠬᠦ ᠶᠢ ᠴᠢᠩᠭᠠᠷᠠᠭᠤᠯᠤᠨ᠎ᠠ᠃ ᠠᠷᠠᠳ ᠲᠤ ᠲᠥᠬᠦᠮ | ᠦᠵᠡᠭᠦᠯᠬᠦ ᠦᠢᠯᠡᠴᠢᠯᠡᠭᠡᠨ ᠤ ᠰᠢᠰᠲ᠋ᠧᠮ ᠤᠨ ᠬᠡᠷᠡᠭᠯᠡᠭᠡᠨ ᠤ ᠦᠵᠦᠭᠦᠷ ᠤᠨ ᠪᠦᠲᠦᠮᠵᠢᠲᠡᠶ ᠬᠡᠷᠡᠭᠯᠡᠯᠲᠡ ᠶᠢ | ᠦᠷᠭᠦᠯᠵᠢᠯᠡᠨ ᠠᠬᠢᠭᠤᠯᠵᠤ᠂ ᠤᠬᠠᠭᠤᠯᠤᠨ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠤᠨ᠂ ᠰᠦᠯᠵᠢᠶᠡᠨ ᠤ ᠠᠵᠢᠯᠲᠠᠨ | ᠵᠢᠴᠢ ᠰᠠᠭᠤᠭᠠᠯᠢ ᠠᠷᠠᠳ ᠤᠨ ᠳᠡᠷᠭᠡᠳᠡᠬᠢ ᠳᠠᠯᠳᠠ ᠬᠡᠮ ᠢ ᠣᠯᠵᠤ ᠮᠡᠳᠡᠬᠦ ᠶᠢ ᠵᠣᠷᠢᠭᠵᠢᠭᠤᠯᠵᠤ᠂ ᠠᠷᠠᠳ ᠲᠤ | ᠲᠥᠬᠦᠮ ᠦᠵᠡᠭᠦᠯᠬᠦ ᠦᠢᠯᠡᠴᠢᠯᠡᠭᠡᠨ ᠤ ᠰᠢᠰᠲ᠋ᠧᠮ ᠳᠤ ᠴᠠᠭ ᠲᠤᠬᠠᠢ ᠳᠤᠨᠢ ᠳᠠᠮᠵᠢᠭᠤᠯᠵᠤ᠂ ᠲᠣᠭᠲᠠᠭᠰᠠᠨ ᠴᠠᠭ | ᠬᠤᠭᠤᠴᠠᠭᠠᠨ ᠳᠤ ᠰᠢᠢᠳᠪᠦᠷᠢᠯᠡᠵᠦ ᠳᠠᠭᠤᠰᠬᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠨᠡᠶᠢᠭᠡᠮ ᠲᠣᠭᠤᠷᠢᠭ | ︵ᠲᠣᠰᠬᠤᠨ︶ ᠤᠨ ᠠᠶᠦᠯᠭᠦᠢ ᠦᠢᠯᠡᠳᠪᠦᠷᠢᠯᠡᠯ ᠤᠨ ᠬᠠᠤᠯᠢ ᠬᠡᠷᠡᠭᠵᠢᠭᠦᠯᠦᠯᠲᠡ ᠶᠢᠨ ᠦᠵᠡᠭᠳᠡᠮᠡᠯ ᠲᠥᠬᠦᠭᠡᠷᠦᠮᠵᠢ ᠶᠢ | ᠨᠢᠭᠡ ᠴᠣᠭᠴᠠᠵᠢᠭᠤᠯᠬᠤ ᠪᠠᠶᠢᠷᠢᠰᠢᠯ ᠢ ᠲᠡᠭᠦᠯᠳᠡᠷᠵᠢᠭᠦᠯᠵᠦ᠂ ᠪᠠᠯᠭᠠᠰᠤ ᠵᠡᠭᠡᠯᠢ ᠭᠤᠳᠤᠮᠵᠢ ᠶᠢᠨ ᠨᠢᠭᠡᠳᠦᠭᠡᠷ | ᠹᠷᠣᠨᠲ ᠤᠨ ᠬᠠᠤᠯᠢ ᠬᠡᠷᠡᠭᠵᠢᠭᠦᠯᠦᠯᠲᠡ ᠶᠢᠨ ᠦᠵᠡᠭᠳᠡᠮᠡᠯ ᠴᠢᠳᠠᠪᠤᠷᠢ ᠶᠢ ᠰᠢᠯᠭᠠᠬᠤ᠂ ᠵᠢᠯᠤᠭᠤᠳᠬᠤ ᠶᠢ | ᠴᠢᠩᠭᠠᠳᠬᠠᠨ᠂ ᠨᠡᠶᠢᠭᠡᠮ ᠲᠣᠭᠤᠷᠢᠭ ︵ᠲᠣᠰᠬᠤᠨ︶ ᠤᠨ ᠬᠠᠤᠯᠢ ᠬᠡᠷᠡᠭᠵᠢᠭᠦᠯᠬᠦ ᠪᠠ ᠦᠨᠳᠦᠰᠦᠨ ᠱᠠᠲᠤᠨ ᠤ ᠪᠠᠴᠢᠮ | ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | ᠳᠥᠷᠪᠡ᠂ ᠲᠤᠰᠬᠠᠢ ᠪᠠᠶᠢᠩᠭᠤ ᠶᠢ ᠬᠤᠣᠰᠯᠠᠭᠤᠯᠬᠤ ᠶᠢ ᠴᠢᠬᠤᠯᠠᠴᠢᠯᠠᠵᠤ᠂ ᠪᠠᠴᠢᠮ ᠪᠠᠶᠢᠳᠠᠯ ᠢ ᠠᠷᠭᠠᠴᠠᠵᠤ | ᠠᠪᠤᠷᠠᠨ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ | ᠪᠥᠬᠦ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠰᠢᠰᠲ᠋ᠧᠮᠵᠢ ᠶᠢ | ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠪᠥᠬᠦ ᠲᠤᠭᠤᠷᠢᠭ ᠤᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ᠂ ᠣᠶ | ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠵᠡᠷᠭᠡ ᠪᠠᠴᠢᠮ ᠪᠠᠶᠢᠳᠠᠯ ᠢ ᠠᠷᠭᠠᠴᠠᠵᠤ ᠠᠪᠤᠷᠠᠨ | ᠲᠤᠰᠠᠯᠠᠬᠤ ᠰᠣᠷᠢᠯᠲᠠ ᠶᠢ ᠨᠢᠭᠡᠳᠦᠯᠲᠡᠢ ᠲᠥᠯᠥᠪᠯᠡᠨ ᠥᠷᠨᠢᠭᠦᠯᠵᠦ᠂ ᠪᠣᠳᠠᠲᠤ ᠪᠠᠶᠢᠯᠳᠤᠭᠠᠨ ᠤ ᠰᠣᠷᠢᠯᠲᠠ᠂ ᠰᠠᠯᠠᠭ᠎ᠠ | ᠮᠥᠴᠢᠷ ᠤᠨ ᠬᠠᠮᠲᠤᠷᠠᠭᠰᠠᠨ ᠰᠣᠷᠢᠯᠲᠠ ᠪᠠ ᠣᠷᠣᠨ ᠪᠦᠰᠡ ᠶᠢᠨ ᠬᠠᠮᠵᠢᠯᠴᠠᠭᠠᠨ ᠤ ᠰᠣᠷᠢᠯᠲᠠ ᠶᠢ ᠳᠣᠪᠤᠶᠢᠯᠭᠠᠨ᠎ᠠ᠃ | ᠪᠠᠴᠢᠮ ᠪᠠᠶᠢᠳᠠᠯ ᠢ ᠠᠷᠭᠠᠴᠠᠬᠤ ᠬᠢᠭᠡᠳ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠢᠨ ᠬᠠᠮᠲᠤᠷᠠᠨ | ᠬᠥᠳᠡᠯᠦᠯᠴᠡᠬᠦ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠠᠷᠢᠶᠠᠯᠠᠩ ᠮᠠᠯ ᠠᠵᠤ ᠠᠬᠤᠢ᠂ | ᠪᠠᠶᠢᠭᠠᠯᠢ ᠶᠢᠨ ᠡᠬᠢ ᠪᠠᠶᠠᠯᠢᠭ ᠵᠡᠷᠭᠡ ᠰᠠᠯᠠᠭ᠎ᠠ ᠮᠥᠴᠢᠷ ᠪᠣᠯᠣᠨ ᠬᠠᠮᠢᠶ᠎ᠠ ᠪᠦᠬᠦᠢ ᠵᠡᠭᠡᠯᠢ ᠪᠠᠯᠭᠠᠰᠤ ᠯᠤᠭ᠎ᠠ ᠶᠢᠨ | ᠨᠡᠪᠲᠡᠷᠡᠯᠴᠡᠭᠡ ᠪᠠᠨ ᠴᠢᠩᠭᠠᠳᠬᠠᠨ᠂ ᠪᠣᠷᠣᠭᠠᠨ ᠤ ᠪᠠᠶᠢᠳᠠᠯ᠂ ᠤᠰᠤᠨ ᠤ ᠪᠠᠶᠢᠳᠠᠯ᠂ ᠦᠶᠡᠷ ᠤᠨ ᠪᠠᠶᠢᠳᠠᠯ ᠪᠣᠯᠣᠨ | ᠭᠠᠮᠰᠢᠭ ᠤᠨ ᠪᠠᠶᠢᠳᠠᠯ ᠢ ᠨᠢᠭᠲᠠ ᠠᠩᠬᠠᠷᠴᠤ᠂ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ ᠵᠠᠳᠠᠯᠤᠯᠲᠠ | ᠬᠢᠵᠦ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠢ ᠳᠤᠨᠢ ᠣᠯᠠᠨ ᠠᠷᠭ᠎ᠠ ᠵᠠᠮ ᠢᠶᠠᠷ ᠨᠡᠶᠢᠲᠡᠯᠡᠬᠦ ᠬᠡᠷᠡᠭᠲᠡᠢ᠃ | ᠡᠳ᠋ ᠪᠣᠳᠠᠰ ᠤᠨ ᠪᠠᠲᠤᠯᠠᠭ᠎ᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠠ ᠠᠶᠤᠯ | ᠭᠠᠮᠰᠢᠭ ᠠᠴᠠ ᠠᠪᠤᠷᠠᠬᠤ ᠡᠳ᠋ ᠪᠣᠳᠠᠰ ᠢ ᠱᠠᠲᠤ ᠬᠤᠪᠢᠶᠠᠨ ᠲᠦᠷᠦᠯ ᠬᠤᠪᠢᠶᠠᠨ ᠭᠦᠢᠴᠡᠳ ᠨᠥᠭᠡᠴᠡᠯᠡᠨ ᠭᠦᠢᠴᠡᠳ | ᠲᠣᠬᠢᠷᠠᠭᠤᠯᠵᠤ᠂ ᠡᠳ᠋ ᠪᠣᠳᠠᠰ ᠢ ᠲᠣᠬᠢᠷᠠᠭᠤᠯᠤᠨ ᠥᠭᠬᠦ ᠲᠣᠭᠲᠠᠴᠠ ᠶᠢ ᠪᠦᠷᠢᠨᠰᠢᠭᠦᠯᠦᠨ᠂ ᠭᠠᠮᠰᠢᠭ ᠠᠴᠠ ᠵᠠᠶᠢᠯᠠᠬᠤ | ᠵᠢᠷᠤᠮᠵᠢᠭᠰᠠᠨ ᠲᠠᠯᠠᠪᠤᠷ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨᠴᠢ | ᠪᠥᠭᠡᠳ ᠥᠨᠳᠥᠷ ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠨ᠎ᠠ᠃ | ᠲᠠᠪᠤ᠂ ᠠᠮᠤᠷ ᠲᠦᠪᠰᠢᠨ ᠤ ᠬᠡᠪ ᠪᠣᠯᠪᠠᠰᠤᠷᠠᠯ ᠢ ᠴᠢᠩᠭᠠᠷᠠᠭᠤᠯᠵᠤ᠂ ᠤᠬᠠᠭᠤᠯᠤᠨ ᠬᠥᠮᠥᠵᠢᠭᠦᠯᠬᠦ | ᠪᠣᠯᠪᠠᠰᠤᠷᠠᠭᠤᠯᠤᠯ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠶᠡᠷᠦᠩᠬᠡᠢ ᠱᠦᠵᠢ ᠰᠢ ᠶᠢᠨ | ᠫᠢᠩ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠪᠠ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ | ᠥᠭᠦᠯᠡᠯᠲᠡ ᠶᠢ ᠭᠦᠨᠵᠡᠭᠡᠢ ᠤᠬᠠᠭᠤᠯᠤᠨ ᠲᠤᠤᠱᠯᠠᠭᠤᠯᠤᠨ᠎ᠠ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ | ᠬᠠᠷᠢᠭᠤᠴᠠᠯᠭ᠎ᠠ ᠶᠢᠨ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠬᠦᠷᠢᠶᠡᠨ ᠳᠠᠬᠢ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠬᠦ᠂ ᠵᠠᠳᠠᠯᠬᠤ ᠪᠠ ᠰᠤᠳᠤᠯᠤᠨ | ᠮᠠᠭᠠᠳᠯᠠᠬᠤ ᠶᠢ ᠴᠢᠩᠭᠠᠳᠬᠠᠵᠤ᠂ ᠡᠷᠬᠡ ᠰᠦᠷᠲᠦ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠵᠦ᠂ ᠶᠠᠷᠢᠶ᠎ᠠ | ᠬᠡᠯᠡᠯᠴᠡᠭᠡᠨ ᠤ ᠲᠦᠭᠰᠢᠭᠦᠷᠢ ᠶᠢ ᠠᠷᠢᠯᠭᠠᠨ᠎ᠠ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠬᠠᠤᠯᠢ ᠪᠠᠷ | ᠵᠠᠰᠠᠬᠤ ᠤᠬᠠᠭᠤᠯᠭ᠎ᠠ ᠶᠢ ᠬᠦᠴᠦᠯᠡᠨ ᠴᠢᠩᠭᠠᠳᠬᠠᠵᠤ᠂ ᠬᠠᠤᠯᠢ ᠪᠠᠷ ᠵᠠᠰᠠᠬᠤ ᠦᠵᠡᠯᠲᠡ ᠶᠢ ᠴᠢᠩᠭᠠᠳᠬᠠᠵᠤ᠂ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠤᠨ᠎ᠠ᠃ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠤᠬᠠᠭᠤᠯᠭ᠎ᠠ ᠶᠢᠨ ︽ᠲᠠᠪᠤ ᠶᠢ ᠣᠷᠣᠭᠤᠯᠬᠤ︾᠂ ︽ᠠᠶᠤᠯᠭᠦᠢ ᠦᠢᠯᠡᠳᠪᠦᠷᠢᠯᠡᠯ ᠤᠨ ᠰᠠᠷ᠎ᠠ︾᠂ | ︽ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠡᠳᠦᠷ︾ ᠵᠡᠷᠭᠡ ᠠᠵᠢᠯᠯᠠᠭ᠎ᠠ ᠶᠢ ᠲᠦᠯᠬᠢᠨ ᠠᠬᠢᠭᠤᠯᠤᠨ᠎ᠠ᠃ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠡᠭᠡ ᠬᠢᠴᠢᠶᠡᠯ ᠤᠨ ᠲᠠᠩᠬᠢᠮ᠂ ᠭᠤᠣᠯ ᠰᠡᠳᠦᠪᠲᠦ ᠤᠬᠠᠭᠤᠯᠭ᠎ᠠ | ᠵᠡᠷᠭᠡ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠠᠶᠦᠯᠭᠦᠢ ᠦᠢᠯᠡᠳᠪᠦᠷᠢᠯᠡᠯ ᠪᠠ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠰᠡᠷᠡᠮᠵᠢᠯᠡᠭᠦᠯᠬᠦ ᠬᠥᠮᠦᠵᠢᠯ ᠢ ᠥᠷᠨᠢᠭᠦᠯᠦᠨ᠎ᠡ᠃ ᠣᠯᠠᠨ ᠲᠦᠮᠡᠨᠴᠢ ᠴᠢᠨᠠᠷᠲᠠᠢ ᠠᠮᠤᠷ | ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠳᠤ | ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ᠂ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ | ᠡᠵᠡᠮᠳᠡᠬᠦ ᠤᠬᠠᠭᠤᠯᠭ᠎ᠠ᠂ ᠪᠠᠴᠢᠮ ᠪᠠᠶᠢᠳᠠᠯ ᠢ ᠠᠷᠭᠠᠴᠠᠨ ᠲᠠᠷᠬᠠᠭᠠᠬᠤ ᠰᠣᠷᠢᠯᠲᠠ ᠵᠡᠷᠭᠡ ᠠᠵᠢᠯᠯᠠᠭ᠎ᠠ ᠶᠢ ᠵᠣᠬᠢᠶᠠᠨ | ᠪᠠᠶᠢᠭᠤᠯᠵᠤ᠂ ᠨᠡᠶᠢᠭᠡᠮ ᠨᠡᠶᠢᠲᠡ ᠶᠢᠨ ᠠᠮᠤᠷ ᠲᠦᠪᠰᠢᠨ ᠤ ᠠᠶᠤᠯ ᠠᠴᠠ ᠵᠠᠶᠢᠯᠠᠬᠤ ᠦᠵᠡᠯ ᠤᠬᠠᠮᠰᠠᠷ ᠪᠠ | ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | | |