ᠴᠢᠩᠱᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠬᠠᠪᠤᠷ ᠤᠨ ᠤᠯᠠᠷᠢᠯ ᠤᠨ ᠨᠣᠭᠤᠭᠠᠷᠠᠭᠤᠯᠵᠤ ᠠᠷᠠᠴᠢᠯᠠᠨ ᠬᠠᠮᠠᠭᠠᠯᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠪᠡ
ᠨᠡᠶᠢᠲᠡᠯᠡᠭᠰᠡᠨ ᠴᠠᠭ᠄
2023/3/28
      ᠬᠠᠪᠤᠷ ᠤᠨ ᠤᠯᠠᠷᠢᠯ ᠪᠣᠯ ᠨᠣᠭᠤᠭᠠᠷᠠᠭᠤᠯᠵᠤ ᠠᠷᠠᠴᠢᠯᠠᠨ ᠬᠠᠮᠠᠭᠠᠯᠠᠬᠤ ᠰᠢᠵᠢᠷ ᠠᠯᠲᠠᠨ ᠤᠯᠠᠷᠢᠯ ᠮᠥᠨ᠂ ᠬᠠᠪᠤᠷ ᠤᠨ ᠤᠯᠠᠷᠢᠯ ᠤᠨ ᠨᠣᠭᠤᠭᠠᠷᠠᠭᠤᠯᠵᠤ ᠠᠷᠠᠴᠢᠯᠠᠨ ᠬᠠᠮᠠᠭᠠᠯᠠᠬᠤ ᠠᠵᠢᠯ ᠢ ᠦᠨᠡᠨ ᠬᠦ ᠰᠠᠶᠢᠲᠤᠷ ᠬᠢᠵᠦ᠂ ᠨᠣᠭᠤᠭᠠᠷᠠᠭᠤᠯᠵᠤ ᠭᠤᠶᠣᠵᠢᠭᠤᠯᠬᠤ ᠦᠷ᠎ᠡ ᠪᠦᠲᠦᠮᠵᠢ ᠶᠢ ᠦᠨᠡᠨ ᠬᠦ ᠪᠠᠲᠤᠯᠠᠬᠤ ᠶᠢᠨ ᠲᠥᠯᠥᠭᠡ᠂ ᠴᠢᠩᠱᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠠᠭᠤᠷ ᠠᠮᠢᠰᠬᠤᠯ ᠤᠨ ᠠᠰᠢᠭᠲᠠᠢ ᠴᠠᠭ ᠲᠣᠬᠢᠶᠠᠯ ᠢ ᠠᠮᠵᠢᠨ᠂ G6 ᠲᠦᠷᠭᠡᠨ ᠵᠠᠰᠠᠮᠠᠯ ᠵᠠᠮ᠂ ᠬᠤᠲᠠ ᠶᠢ ᠲᠣᠭᠤᠷᠢᠭᠰᠠᠨ ᠲᠡᠮᠦᠷ ᠵᠠᠮ᠂ ᠴᠢᠩᠱᠠᠨ ᠲᠣᠭᠤᠷᠢᠭ ︱ ᠶᠡᠭᠡ ᠰᠦᠮ᠎ᠡ ᠶᠢᠨ ᠰᠦᠢᠳᠬᠡᠯ ᠬᠤᠷᠢᠶᠠᠬᠤ ᠦᠷᠲᠡᠭᠡ ᠶᠢᠨ ᠵᠠᠮ᠂ 210 ᠤᠯᠤᠰ ᠤᠨ ᠵᠠᠮ ᠳᠠᠭᠠᠤ ᠵᠡᠷᠭᠡ ᠣᠶ ᠰᠢᠭᠤᠢ ᠶᠢᠨ ᠠᠵᠢᠯ ᠳᠠᠭᠤᠰᠤᠭᠰᠠᠨ ᠢᠨᠵᠧᠨᠧᠷᠢᠩ ᠤᠨ ᠰᠡᠭᠦᠯᠴᠢ ᠶᠢᠨ ᠬᠤᠭᠤᠴᠠᠭᠠᠨ ᠤ ᠠᠷᠠᠴᠢᠯᠠᠨ ᠬᠠᠮᠠᠭᠠᠯᠠᠬᠤ ᠠᠵᠢᠯ ᠢ ᠡᠬᠢᠯᠡᠭᠦᠯᠪᠡ᠃      ᠨᠢᠭᠡ ᠳᠤ ᠠᠷᠠᠴᠢᠯᠠᠨ ᠬᠠᠮᠠᠭᠠᠯᠠᠬᠤ ᠠᠵᠢᠯ ᠤᠨ ᠬᠤᠷᠠᠯᠳᠤᠭᠠᠨ ᠢ ᠬᠤᠷᠠᠯᠳᠤᠭᠤᠯᠵᠤ ᠨᠢᠭᠡᠳᠦᠯᠲᠡᠢ ᠲᠥᠯᠥᠪᠯᠡᠨ ᠪᠠᠶᠢᠷᠢᠯᠠᠭᠤᠯᠪᠠ᠃ ᠨᠣᠭᠤᠭᠠᠷᠠᠭᠤᠯᠤᠯᠲᠠ ᠶᠢᠨ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠬᠠᠪᠤᠷ ᠤᠨ ᠤᠯᠠᠷᠢᠯ ᠤᠨ ᠬᠠᠮᠢᠶᠠᠷᠴᠤ ᠬᠠᠮᠠᠭᠠᠯᠠᠬᠤ ᠠᠵᠢᠯ ᠤᠨ ᠬᠤᠷᠠᠯ ᠬᠤᠷᠠᠯᠳᠤᠭᠤᠯᠵᠤ᠂ ᠬᠠᠪᠤᠷ ᠤᠨ ᠤᠯᠠᠷᠢᠯ ᠤᠨ ᠠᠷᠠᠴᠢᠯᠠᠨ ᠬᠠᠮᠠᠭᠠᠯᠠᠬᠤ ᠲᠥᠯᠥᠪᠯᠡᠭᠡ ᠶᠢ ᠵᠥᠪᠳᠡᠯᠴᠡᠨ ᠲᠣᠭᠲᠠᠭᠠᠵᠤ᠂ ︽ᠬᠠᠪᠤᠷ ‍ᠤᠨ‌ᠤᠯᠠᠷᠢᠯ ᠤᠨ ᠠᠷᠠᠴᠢᠯᠠᠨ ᠬᠠᠮᠠᠭᠠᠯᠠᠬᠤ ᠬᠠᠮᠢᠶᠠᠷᠤᠯᠲᠠ  ᠶᠢᠨ ᠠᠵᠢᠯ ᠤᠨ ᠲᠥᠰᠥᠯ︾ ᠢ ᠲᠣᠭᠲᠠᠭᠠᠨ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠣᠳᠣᠷᠬᠠᠶᠢᠯᠠᠨ᠂ 120 ᠨᠡᠷᠡᠰ ᠠᠷᠠᠴᠢᠯᠠᠨ ᠬᠠᠮᠠᠭᠠᠯᠠᠬᠤ ᠠᠵᠢᠯᠴᠢᠨ ᠪᠠ 15 ᠰᠠᠤᠷᠢ ᠠᠷᠠᠴᠢᠯᠠᠨ ᠬᠠᠮᠠᠭᠠᠯᠠᠬᠤ ᠮᠠᠰᠢᠨ ᠢ ᠵᠣᠬᠢᠶᠠᠨ ᠪᠠᠶᠢᠭᠤᠯᠤᠨ ᠬᠠᠪᠤᠷ ᠤᠨ ᠤᠯᠠᠷᠢᠯ ᠤᠨ ᠴᠢᠬᠢ ᠮᠣᠳᠣ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠲᠤ ᠦᠳᠲᠡᠷ ᠲᠦᠷᠭᠡᠨ ᠤᠷᠤᠭᠤᠯᠪᠠ᠃ ᠬᠤᠶᠠᠷ ᠲᠤ ᠴᠢᠬᠢ ᠮᠣᠳᠣ ᠶᠢ ᠨᠣᠭᠤᠭᠠᠷᠠᠭᠤᠯᠬᠤ ᠱᠠᠲᠤᠨ ᠤ ᠠᠷᠠᠴᠢᠯᠠᠨ ᠬᠠᠮᠠᠭᠠᠯᠠᠬᠤ ᠠᠵᠢᠯ ᠢ ᠰᠠᠶᠢᠲᠤᠷ ᠬᠢᠨ᠎ᠡ᠃ G6 ᠲᠦᠷᠭᠡᠨ ᠵᠠᠰᠠᠮᠠᠯ ᠵᠠᠮ᠂ ᠬᠤᠲᠠ ᠲᠣᠭᠤᠷᠢᠭᠰᠠᠨ ᠲᠡᠮᠦᠷ ᠵᠠᠮ ᠵᠡᠷᠭᠡ ᠭᠠᠵᠠᠷ ᠤᠨ 6000 ᠮᠦ ᠣᠶᠢᠲᠤ ᠭᠠᠵᠠᠷ ᠲᠤ ᠡᠪᠡᠰᠦ ᠠᠷᠢᠯᠭᠠᠬᠤ᠂ ᠬᠥᠷᠥᠰᠥ ᠶᠢ ᠰᠤᠯᠠᠷᠠᠭᠤᠯᠬᠤ᠂ ᠪᠣᠷᠳᠣᠭᠤᠷ ᠨᠡᠮᠡᠭᠳᠡᠭᠦᠯᠬᠦ ᠶᠢᠨ ᠬᠠᠮᠲᠤ ᠨᠣᠭᠤᠭᠠᠷᠠᠭᠤᠯᠬᠤ ᠪᠠ ᠭᠡᠰᠬᠡᠬᠦ ᠤᠰᠤ ᠶᠢ ᠤᠰᠤᠯᠠᠵᠤ᠂ ᠴᠢᠬᠢ ᠮᠣᠳᠣᠨ ᠤ ᠤᠷᠭᠤᠯᠲᠠ ᠳᠤ ᠭᠦᠢᠴᠡᠳ ᠰᠢᠮ᠎ᠡ ᠲᠡᠵᠢᠭᠡᠯ ᠬᠠᠩᠭᠠᠵᠤ᠂ ᠬᠠᠪᠤᠷ ᠤᠨ ᠤᠯᠠᠷᠢᠯ ᠳᠤ ᠨᠣᠭᠤᠭᠠᠷᠠᠭᠤᠯᠬᠤ ᠳᠤ ᠰᠠᠶᠢᠨ ᠰᠠᠭᠤᠷᠢ ᠲᠠᠯᠪᠢᠵᠤ ᠥᠭᠭᠦᠨ᠎ᠡ᠃ ᠭᠤᠷᠪᠠ ᠳᠤ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠨ᠎ᠡ᠃ ᠡᠯ᠎ᠡ ᠨᠣᠭᠤᠭᠠᠷᠠᠭᠤᠯᠤᠯᠲᠠ ᠶᠢᠨ ᠬᠡᠰᠡᠭ ᠴᠢᠬᠢ ᠮᠣᠳᠣᠨ ᠤ ᠤᠷᠭᠤᠯᠲᠠ ᠶᠢᠨ ᠪᠠᠶᠢᠳᠠᠯ ᠲᠠᠢ ᠤᠶᠠᠯᠳᠤᠭᠤᠯᠤᠨ᠂ ᠡᠯ᠎ᠡ ᠵᠦᠢᠯ ᠤᠨ ᠡᠪᠡᠳᠴᠢᠨ ᠬᠤᠷᠣᠬᠠᠢ ᠶᠢᠨ ᠭᠠᠮᠰᠢᠭ ᠡᠭᠦᠰᠬᠦ ᠵᠢᠮ᠎ᠡ ᠶᠣᠰᠣ ᠪᠠ ᠦᠷᠡᠵᠢᠬᠦ ᠬᠡᠪᠰᠢᠯ ᠢ ᠦᠨᠳᠦᠰᠦᠯᠡᠨ᠂ ᠲᠤᠰᠬᠠᠢ ᠬᠥᠮᠥᠨ ᠲᠣᠬᠢᠷᠠᠭᠤᠯᠤᠨ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ᠂ ᠰᠡᠷᠭᠡᠶᠢᠯᠡᠨ ᠵᠠᠰᠠᠬᠤ ᠲᠥᠰᠥᠯ ᠢ ᠵᠦᠢ ᠵᠣᠬᠢᠰᠲᠠᠢ ᠲᠣᠭᠲᠠᠭᠠᠨ᠂ ᠡᠷᠲᠡ ᠠᠴᠠ ᠣᠯᠵᠤ ᠮᠡᠳᠡᠨ᠂ ᠡᠷᠲᠡ ᠠᠴᠠ ᠰᠡᠷᠭᠡᠶᠢᠯᠡᠨ ᠵᠠᠰᠠᠬᠤ ᠶᠢ ᠪᠡᠶᠡᠯᠡᠭᠦᠯᠵᠦ᠂ ᠴᠢᠬᠢ ᠮᠣᠳᠣᠨ ᠤ ᠡᠷᠡᠭᠦᠯ ᠢᠶᠠᠷ ᠤᠷᠭᠤᠬᠤ ᠶᠢ ᠪᠠᠲᠤᠯᠠᠨ᠎ᠠ᠃ ᠳᠥᠷᠪᠡ ᠳᠤ᠂ ᠬᠠᠪᠤᠷ ᠤᠨ ᠤᠯᠠᠷᠢᠯ ᠤᠨ ᠴᠢᠬᠢ ᠮᠣᠳᠣ ᠶᠢ ᠬᠠᠶᠢᠴᠢᠯᠠᠵᠤ ᠵᠠᠰᠠᠬᠤ ᠪᠠ ᠨᠥᠬᠦᠵᠦ ᠲᠠᠷᠢᠬᠤ ᠨᠥᠬᠦᠵᠦ ᠵᠠᠶᠢᠯᠠᠬᠤ ᠠᠵᠢᠯ ᠢ ᠰᠠᠶᠢᠲᠤᠷ ᠬᠢᠨ᠎ᠡ᠃ ᠮᠣᠳᠣᠨ ᠤ ᠰᠠᠯᠠᠭ᠎ᠠ ᠮᠥᠴᠢᠷ ᠤᠨ ᠰᠢᠮ᠎ᠡ ᠲᠡᠵᠢᠭᠡᠯ ᠪᠠ ᠤᠰᠤ ᠶᠢ ᠨᠠᠩ ᠰᠠᠶᠢᠨ ᠰᠢᠩᠭᠡᠭᠡᠬᠦ ᠳᠤ ᠠᠰᠢᠭᠲᠠᠢ ᠪᠠᠶᠢᠯᠭᠠᠬᠤ ᠶᠢᠨ ᠲᠤᠰᠠᠳᠠ᠂ ᠬᠠᠪᠤᠷ ᠤᠨ ᠤᠯᠠᠷᠢᠯ ᠤᠨ ᠴᠢᠬᠢ ᠮᠣᠳᠣ ᠶᠢ ᠰᠡᠯᠪᠢᠨ ᠵᠠᠰᠠᠬᠤ᠂ ᠨᠥᠬᠦᠵᠦ ᠵᠠᠶᠢᠯᠠᠬᠤ ᠵᠡᠷᠭᠡ ᠠᠵᠢᠯ ᠢ ᠰᠢᠨᠵᠢᠯᠡᠬᠦ ᠤᠬᠠᠭᠠᠨᠴᠢ ᠪᠠᠷ ᠥᠷᠨᠢᠭᠦᠯᠵᠦ᠂ ᠬᠥᠮᠥᠨ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ ᠵᠡᠷᠭᠡ ᠠᠷᠭ᠎ᠠ ᠪᠠᠷᠢᠯ ᠢ ᠬᠡᠷᠡᠭᠯᠡᠨ ᠣᠶ ᠰᠢᠭᠤᠢ ᠶᠢᠨ ᠭᠠᠯ ᠤᠨ ᠠᠶᠤᠯ ᠭᠠᠷᠬᠤ ᠦᠭᠡᠢ ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠣᠳᠣᠬᠠᠨ ᠳᠤ᠂ ᠨᠢᠭᠡᠨᠲᠡ 20 ᠲᠦᠮᠡᠨ ᠰᠠᠭᠤᠷᠢ ᠵᠤᠯᠵᠠᠭ᠎ᠠ ᠮᠣᠳᠣ ᠶᠢ ᠬᠠᠶᠢᠴᠢᠯᠠᠨ ᠵᠠᠰᠠᠵᠤ᠂ ᠪᠠᠷᠤᠭ 3000 ᠮᠦ ᠣᠶ ᠶᠢᠨ ᠬᠤᠭᠤᠷᠣᠨᠳᠣᠬᠢ ᠡᠯᠳᠡᠪ ᠪᠣᠳᠠᠰ ᠢ ᠴᠡᠪᠡᠷᠯᠡᠵᠦ᠂ 4000 ᠭᠠᠷᠤᠢ ᠰᠠᠭᠤᠷᠢ ᠵᠤᠯᠵᠠᠭ᠎ᠠ ᠮᠣᠳᠣ ᠶᠢ ᠨᠥᠬᠦᠵᠦ ᠳᠠᠷᠢᠵᠤ᠂ ᠭᠤᠣᠯᠳᠠᠯᠭ᠎ᠠ ᠲᠠᠢ ᠣᠷᠣᠨ ᠪᠦᠰᠡ ᠳᠤ 15 ᠺᠢᠯᠣᠮᠧᠲᠷ ᠭᠠᠯ ᠢ ᠰᠡᠷᠭᠡᠶᠢᠯᠡᠬᠦ ᠲᠤᠰᠠᠭᠠᠷᠯᠠᠬᠤ ᠪᠦᠰᠡ ᠭᠠᠷᠭᠠᠵᠠᠢ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号