ᠴᠢᠩᠱᠠᠨ ᠲᠣᠭᠤᠷᠢᠭ ᠤᠨ ᠰᠣᠶᠣᠯ ᠤᠨ ᠣᠷᠳᠣᠨ ᠦᠵᠡᠮᠵᠢᠲᠦ ᠣᠷᠣᠨ ᠳᠤ ᠰᠠᠭᠤᠭ᠎ᠠ ᠪᠣᠳᠠᠰ ᠤᠨ ᠪᠤᠰᠤ ᠰᠣᠶᠣᠯ ᠤᠨ ᠥᠪ ᠤᠨ ᠵᠦᠢᠯᠡᠰ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ
ᠨᠡᠶᠢᠲᠡᠯᠡᠭᠰᠡᠨ ᠴᠠᠭ᠄
2023/3/29
      ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ︽ᠰᠣᠶᠣᠯ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠡᠳᠬᠦᠨ ᠳᠡᠮᠵᠢᠬᠦ ᠲᠤᠬᠠᠢ ᠱᠠᠩᠨᠠᠨ ᠬᠥᠬᠢᠭᠦᠯᠬᠦ ᠠᠷᠭ᠎ᠠ︾ ︵ᠪᠤᠭᠤᠲᠦ ᠵᠠᠰᠠᠭ ᠲᠠᠷᠬᠠᠭᠠᠭᠰᠠᠨ ﹇2022﹈ 17 ᠳ᠋ᠤᠭᠠᠷ ᠲᠣᠭᠠᠲᠤ︶᠎ ᠶᠢᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠱᠠᠲᠤ ᠳᠠᠷᠠᠭᠠᠯᠠᠨ ᠭᠤᠶᠤᠴᠢᠯᠠᠨ ᠮᠡᠳᠡᠭᠦᠯᠵᠦ᠂ ᠱᠠᠲᠤ ᠳᠠᠷᠠᠭᠠᠯᠠᠨ ᠬᠢᠨᠠᠨ ᠬᠠᠷᠭᠤᠭᠤᠯᠬᠤ ᠪᠠᠷ᠂ 3 ᠰᠠᠷ᠎ᠠ ᠶᠢᠨ 27᠎ ᠤ ᠡᠳᠦᠷ ᠤᠨ ᠦᠳᠡ ᠶᠢᠨ ᠬᠤᠶᠢᠨ᠎ᠠ᠂ ᠴᠢᠩᠱᠠᠨ ᠲᠣᠭᠤᠷᠢᠭ ᠤᠨ ᠰᠣᠶᠣᠯ ᠤᠨ ᠣᠷᠳᠣᠨ ᠴᠢᠩᠱᠠᠨ ᠲᠣᠭᠤᠷᠢᠭ ᠤᠨ ᠨᠢᠭᠡᠨᠲᠡ ᠦᠵᠡᠮᠵᠢ ᠶᠢᠨ ᠣᠷᠣᠨ ᠳᠤ ᠣᠷᠣᠵᠤ ᠰᠠᠭᠤᠭᠰᠠᠨ ᠪᠣᠳᠠᠰ ᠤᠨ ᠪᠤᠰᠤ ᠰᠣᠶᠣᠯ ᠤᠨ ᠥᠪ ᠤᠨ ᠵᠦᠢᠯᠡᠰ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃      6 ᠤᠯᠠᠮᠵᠢᠯᠠᠭᠴᠢ ᠲᠣᠰ ᠲᠣᠰ ᠪᠤᠭᠤᠲᠤ ᠶᠢᠨ ᠡᠷᠲᠡᠨ ᠤ ᠬᠤᠲᠠ᠂ ᠨᠠᠨ ᠬᠠᠢ ᠴᠡᠴᠡᠷᠯᠢᠭ ᠪᠠ ᠬᠠᠲᠤᠨ ᠭᠤᠣᠯ ᠤᠨ ᠴᠤᠤᠷᠬᠠᠯ ᠳᠤ ᠪᠣᠳᠠᠰ ᠤᠨ ᠪᠤᠰᠤ ᠰᠤᠶᠤᠯ ᠢ ᠤᠯᠠᠮᠵᠢᠯᠠᠨ ᠳᠡᠯᠭᠡᠷᠡᠭᠦᠯᠵᠦ᠂ ᠵᠢᠭᠤᠯᠴᠢᠯᠠᠭᠴᠢᠳ ᠢ ᠳᠠᠭᠠᠭᠤᠯᠤᠨ ᠪᠣᠳᠠᠰ ᠤᠨ ᠪᠤᠰᠤ ᠰᠣᠶᠣᠯ ᠤᠨ ᠥᠪ ᠤᠨ ᠡᠭᠦᠳᠦᠯᠲᠡ᠂ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ᠂ ᠪᠣᠳᠠᠰ ᠤᠨ ᠪᠤᠰᠤ ᠰᠣᠶᠣᠯ ᠤᠨ ᠥᠪ ᠤᠨ ᠠᠮᠲᠠ ᠶᠢ ᠰᠣᠨᠢᠷᠬᠠᠭᠤᠯᠵᠤ᠂ ᠪᠤᠭᠤᠲᠤ ᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠭᠤᠶᠢᠳᠠ ᠰᠠᠶᠢᠬᠠᠨ ᠢ ᠪᠥᠬᠦ ᠲᠠᠯ᠎ᠠ ᠪᠠᠷ ᠣᠶᠢᠯᠠᠭᠠᠨ ᠮᠡᠳᠡᠷᠡᠭᠦᠯᠵᠦ᠂ ᠵᠢᠭᠤᠯᠴᠢᠯᠠᠭᠴᠢᠳ ᠤᠨ ᠦᠵᠡᠮᠵᠢ ᠶᠢᠨ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠲᠤᠬᠠᠢ ᠣᠶᠢᠯᠠᠭᠠᠯᠲᠠ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠬᠠᠮᠲᠤ ᠪᠠᠰᠠ ᠣᠯᠠᠨ ᠶᠠᠩᠵᠤ ᠶᠢᠨ ᠬᠡᠯᠪᠡᠷᠢ ᠪᠠᠷ ᠳᠡᠯᠭᠡᠨ ᠦᠵᠡᠭᠦᠯᠵᠦ ᠤᠯᠠᠮᠵᠢᠯᠠᠨ ᠵᠠᠯᠭᠠᠮᠵᠢᠯᠠᠭᠤᠯᠪᠠ᠃      ᠴᠢᠩᠱᠠᠨ ᠲᠣᠭᠤᠷᠢᠭ ᠤᠨ ᠰᠣᠶᠣᠯ ᠤᠨ ᠣᠷᠳᠣᠨ ᠨᠢ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠦᠷᠦᠯ ᠵᠦᠢᠯ ᠤᠨ ᠬᠠᠮᠠᠭᠠᠯᠠᠯᠲᠠ ᠶᠢᠨ ᠨᠢᠭᠡᠴᠢ ᠪᠣᠯᠤᠭᠰᠠᠨ ᠤ ᠬᠤᠪᠢ ᠳᠤ᠂ ᠪᠣᠳᠠᠰ ᠤᠨ ᠪᠤᠰᠤ ᠰᠣᠶᠣᠯ ᠤᠨ ᠥᠪ + ᠵᠢᠭᠤᠯᠴᠢᠯᠠᠯ ᠤᠨ ᠠᠯᠬᠤᠮ ᠢ ᠶᠡᠬᠡᠪᠡᠷ ᠠᠬᠢᠭᠤᠯᠵᠤ᠂ ᠬᠡᠳᠦᠨ ᠵᠢᠯ ᠤᠨ ᠦᠢᠯᠡᠳᠦᠯᠭᠡ ᠪᠠᠷ ᠳᠠᠮᠵᠢᠨ᠂ ᠡᠷᠲᠡᠨ ᠤ ᠪᠣᠳᠠᠰ ᠤᠨ ᠪᠤᠰᠤ ᠰᠣᠶᠣᠯ ᠤᠨ ᠥᠪ ᠤᠨ ᠤᠳᠤ ᠦᠶ᠎ᠡ ᠶᠢᠨ ᠵᠢᠭᠤᠯᠴᠢᠯᠠᠯ ᠳᠤ ᠠᠭᠤᠰᠤᠯᠴᠠᠵᠤ᠂ ᠤᠳᠤ ᠦᠶ᠎ᠡ ᠶᠢᠨ ᠠᠮᠢᠳᠤᠷᠠᠯ ᠳᠤ ᠠᠭᠤᠰᠤᠯᠴᠠᠭᠰᠠᠨ ᠤ ᠳᠠᠷᠠᠭᠠᠬᠢ ᠰᠢᠨ᠎ᠡ ᠠᠮᠢᠵᠢᠷᠠᠯ ᠤᠨ ᠬᠦᠴᠦᠨ᠂ ᠰᠢᠨ᠎ᠡ ᠷᠢᠳᠢ ᠰᠢᠳᠢ ᠶᠢ ᠦᠨᠡᠨ ᠪᠣᠳᠠᠲᠠᠢ ᠪᠠᠷ ᠮᠡᠳᠡᠷᠡᠵᠦ᠂ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠳᠤ ︽ᠬᠥᠮᠥᠨ ᠪᠣᠳᠠᠰ ᠠᠮᠢᠳᠤᠷᠠᠯ ᠢ ᠦᠵᠡᠬᠦ︾ ᠪᠣᠯᠭᠠᠭᠰᠠᠨ ᠪᠠᠶᠢᠨ᠎ᠠ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号