ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ︽ᠰᠣᠶᠣᠯ ᠵᠢᠭᠤᠯᠴᠢᠯᠠᠯ ᠤᠨ ᠦᠢᠯᠡᠰ ᠤᠨ | ᠴᠢᠨᠠᠷ ᠰᠠᠶᠢᠲᠠᠢ ᠬᠥᠭᠵᠢᠯᠲᠡ ᠶᠢ ᠲᠡᠳᠬᠦᠨ ᠳᠡᠮᠵᠢᠬᠦ ᠲᠤᠬᠠᠢ ᠱᠠᠩᠨᠠᠨ ᠬᠥᠬᠢᠭᠦᠯᠬᠦ ᠠᠷᠭ᠎ᠠ︾ ︵ᠪᠤᠭᠤᠲᠦ ᠵᠠᠰᠠᠭ | ᠲᠠᠷᠬᠠᠭᠠᠭᠰᠠᠨ ﹇2022﹈ 17 ᠳ᠋ᠤᠭᠠᠷ ᠲᠣᠭᠠᠲᠤ︶ ᠶᠢᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ | ᠦᠨᠳᠦᠰᠦᠯᠡᠨ᠂ ᠱᠠᠲᠤ ᠳᠠᠷᠠᠭᠠᠯᠠᠨ ᠭᠤᠶᠤᠴᠢᠯᠠᠨ ᠮᠡᠳᠡᠭᠦᠯᠵᠦ᠂ ᠱᠠᠲᠤ ᠳᠠᠷᠠᠭᠠᠯᠠᠨ ᠬᠢᠨᠠᠨ ᠬᠠᠷᠭᠤᠭᠤᠯᠬᠤ ᠪᠠᠷ᠂ 3 | ᠰᠠᠷ᠎ᠠ ᠶᠢᠨ 27 ᠤ ᠡᠳᠦᠷ ᠤᠨ ᠦᠳᠡ ᠶᠢᠨ ᠬᠤᠶᠢᠨ᠎ᠠ᠂ ᠴᠢᠩᠱᠠᠨ ᠲᠣᠭᠤᠷᠢᠭ ᠤᠨ ᠰᠣᠶᠣᠯ ᠤᠨ ᠣᠷᠳᠣᠨ ᠴᠢᠩᠱᠠᠨ | ᠲᠣᠭᠤᠷᠢᠭ ᠤᠨ ᠨᠢᠭᠡᠨᠲᠡ ᠦᠵᠡᠮᠵᠢ ᠶᠢᠨ ᠣᠷᠣᠨ ᠳᠤ ᠣᠷᠣᠵᠤ ᠰᠠᠭᠤᠭᠰᠠᠨ ᠪᠣᠳᠠᠰ ᠤᠨ ᠪᠤᠰᠤ ᠰᠣᠶᠣᠯ ᠤᠨ | ᠥᠪ ᠤᠨ ᠵᠦᠢᠯᠡᠰ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ | 6 ᠤᠯᠠᠮᠵᠢᠯᠠᠭᠴᠢ ᠲᠣᠰ ᠲᠣᠰ ᠪᠤᠭᠤᠲᠤ ᠶᠢᠨ ᠡᠷᠲᠡᠨ ᠤ ᠬᠤᠲᠠ᠂ ᠨᠠᠨ ᠬᠠᠢ ᠴᠡᠴᠡᠷᠯᠢᠭ ᠪᠠ ᠬᠠᠲᠤᠨ | ᠭᠤᠣᠯ ᠤᠨ ᠴᠤᠤᠷᠬᠠᠯ ᠳᠤ ᠪᠣᠳᠠᠰ ᠤᠨ ᠪᠤᠰᠤ ᠰᠤᠶᠤᠯ ᠢ ᠤᠯᠠᠮᠵᠢᠯᠠᠨ ᠳᠡᠯᠭᠡᠷᠡᠭᠦᠯᠵᠦ᠂ ᠵᠢᠭᠤᠯᠴᠢᠯᠠᠭᠴᠢᠳ ᠢ | ᠳᠠᠭᠠᠭᠤᠯᠤᠨ ᠪᠣᠳᠠᠰ ᠤᠨ ᠪᠤᠰᠤ ᠰᠣᠶᠣᠯ ᠤᠨ ᠥᠪ ᠤᠨ ᠡᠭᠦᠳᠦᠯᠲᠡ᠂ ᠪᠣᠳᠠᠰ ᠤᠨ ᠪᠤᠰᠤ ᠰᠣᠶᠣᠯ ᠤᠨ ᠥᠪ ᠤᠨ | ᠤᠷ᠎ᠠ ᠮᠡᠷᠭᠡᠵᠢᠯ᠂ ᠪᠣᠳᠠᠰ ᠤᠨ ᠪᠤᠰᠤ ᠰᠣᠶᠣᠯ ᠤᠨ ᠥᠪ ᠤᠨ ᠠᠮᠲᠠ ᠶᠢ ᠰᠣᠨᠢᠷᠬᠠᠭᠤᠯᠵᠤ᠂ ᠪᠤᠭᠤᠲᠤ ᠬᠤᠲᠠ ᠶᠢᠨ | ᠪᠣᠳᠠᠰ ᠤᠨ ᠪᠤᠰᠤ ᠰᠣᠶᠣᠯ ᠤᠨ ᠥᠪ ᠤᠨ ᠭᠤᠶᠢᠳᠠ ᠰᠠᠶᠢᠬᠠᠨ ᠢ ᠪᠥᠬᠦ ᠲᠠᠯ᠎ᠠ ᠪᠠᠷ ᠣᠶᠢᠯᠠᠭᠠᠨ ᠮᠡᠳᠡᠷᠡᠭᠦᠯᠵᠦ᠂ | ᠵᠢᠭᠤᠯᠴᠢᠯᠠᠭᠴᠢᠳ ᠤᠨ ᠦᠵᠡᠮᠵᠢ ᠶᠢᠨ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠲᠤᠬᠠᠢ | ᠣᠶᠢᠯᠠᠭᠠᠯᠲᠠ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠬᠠᠮᠲᠤ ᠪᠠᠰᠠ ᠣᠯᠠᠨ ᠶᠠᠩᠵᠤ ᠶᠢᠨ ᠬᠡᠯᠪᠡᠷᠢ ᠪᠠᠷ ᠳᠡᠯᠭᠡᠨ | ᠦᠵᠡᠭᠦᠯᠵᠦ ᠤᠯᠠᠮᠵᠢᠯᠠᠨ ᠵᠠᠯᠭᠠᠮᠵᠢᠯᠠᠭᠤᠯᠪᠠ᠃ | ᠴᠢᠩᠱᠠᠨ ᠲᠣᠭᠤᠷᠢᠭ ᠤᠨ ᠰᠣᠶᠣᠯ ᠤᠨ ᠣᠷᠳᠣᠨ ᠨᠢ ᠪᠣᠳᠠᠰ ᠤᠨ ᠪᠤᠰᠤ ᠰᠣᠶᠣᠯ ᠤᠨ ᠥᠪ ᠤᠨ | ᠲᠥᠯᠥᠭᠡᠯᠡᠬᠦ ᠴᠢᠨᠠᠷᠲᠠᠢ ᠲᠦᠷᠦᠯ ᠵᠦᠢᠯ ᠤᠨ ᠬᠠᠮᠠᠭᠠᠯᠠᠯᠲᠠ ᠶᠢᠨ ᠨᠢᠭᠡᠴᠢ ᠪᠣᠯᠤᠭᠰᠠᠨ ᠤ ᠬᠤᠪᠢ ᠳᠤ᠂ ᠪᠣᠳᠠᠰ ᠤᠨ | ᠪᠤᠰᠤ ᠰᠣᠶᠣᠯ ᠤᠨ ᠥᠪ + ᠵᠢᠭᠤᠯᠴᠢᠯᠠᠯ ᠤᠨ ᠠᠯᠬᠤᠮ ᠢ ᠶᠡᠬᠡᠪᠡᠷ ᠠᠬᠢᠭᠤᠯᠵᠤ᠂ ᠬᠡᠳᠦᠨ ᠵᠢᠯ ᠤᠨ | ᠦᠢᠯᠡᠳᠦᠯᠭᠡ ᠪᠠᠷ ᠳᠠᠮᠵᠢᠨ᠂ ᠡᠷᠲᠡᠨ ᠤ ᠪᠣᠳᠠᠰ ᠤᠨ ᠪᠤᠰᠤ ᠰᠣᠶᠣᠯ ᠤᠨ ᠥᠪ ᠤᠨ ᠤᠳᠤ ᠦᠶ᠎ᠡ ᠶᠢᠨ | ᠵᠢᠭᠤᠯᠴᠢᠯᠠᠯ ᠳᠤ ᠠᠭᠤᠰᠤᠯᠴᠠᠵᠤ᠂ ᠤᠳᠤ ᠦᠶ᠎ᠡ ᠶᠢᠨ ᠠᠮᠢᠳᠤᠷᠠᠯ ᠳᠤ ᠠᠭᠤᠰᠤᠯᠴᠠᠭᠰᠠᠨ ᠤ ᠳᠠᠷᠠᠭᠠᠬᠢ ᠰᠢᠨ᠎ᠡ | ᠠᠮᠢᠵᠢᠷᠠᠯ ᠤᠨ ᠬᠦᠴᠦᠨ᠂ ᠰᠢᠨ᠎ᠡ ᠷᠢᠳᠢ ᠰᠢᠳᠢ ᠶᠢ ᠦᠨᠡᠨ ᠪᠣᠳᠠᠲᠠᠢ ᠪᠠᠷ ᠮᠡᠳᠡᠷᠡᠵᠦ᠂ ᠪᠣᠳᠠᠰ ᠤᠨ ᠪᠤᠰᠤ ᠰᠣᠶᠣᠯ ᠤᠨ | ᠥᠪ ᠤᠨ ᠬᠠᠮᠠᠭᠠᠯᠠᠯᠲᠠ ᠳᠤ ︽ᠬᠥᠮᠥᠨ ᠪᠣᠳᠠᠰ ᠠᠮᠢᠳᠤᠷᠠᠯ ᠢ ᠦᠵᠡᠬᠦ︾ ᠪᠣᠯᠭᠠᠭᠰᠠᠨ ᠪᠠᠶᠢᠨ᠎ᠠ᠃ | | | |