ᠥᠷᠭᠡᠨ ᠤᠯᠠᠨ ᠬᠤᠳᠠ ᠶᠢᠨ ᠠᠷᠠᠳ ᠨᠠᠶᠢᠵᠢ ᠨᠠᠷ ᠠ᠄ | ᠬᠠᠪᠤᠷ ᠤᠨ ᠤᠯᠠᠷᠢᠯ ᠲᠦᠮᠡᠨ ᠪᠣᠳᠠᠰ ᠰᠡᠷᠭᠦᠵᠦ᠂ ᠬᠠᠩᠰᠢ ᠶᠢᠨ ᠡᠳᠦᠷ ᠬᠦᠷᠴᠦ ᠢᠷᠡᠨᠡᠮ᠃ ᠪᠣᠯᠪᠠᠰᠤᠨ᠂ | ᠡᠷᠡᠭᠦᠯ᠂ ᠠᠮᠤᠷ ᠲᠦᠪᠰᠢᠨ ᠣᠲᠣ ᠦᠶ᠎ᠡ ᠶᠢᠨ ᠲᠠᠬᠢᠯᠭ᠎ᠠ ᠶᠢᠨ ᠰᠢᠨ᠎ᠡ ᠰᠤᠷᠲᠠᠯ ᠢ ᠢᠳᠡᠪᠬᠢᠲᠡᠢ ᠪᠣᠶ ᠪᠣᠯᠭᠠᠵᠤ᠂ | ᠨᠡᠶᠢᠭᠡᠮ ᠵᠢᠷᠤᠮ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ᠂ ᠣᠲᠣ ᠥᠷᠭᠡᠨ | ᠣᠯᠠᠨ ᠬᠤᠲᠠ ᠶᠢᠨ ᠠᠷᠠᠳ ᠨᠠᠶᠢᠵᠠ ᠨᠠᠷ ᠲᠤ ᠳᠣᠣᠷᠠᠬᠢ ᠮᠡᠲᠦ ᠰᠠᠨᠠᠭᠠᠴᠢᠯᠠᠭ᠎ᠠ ᠭᠠᠷᠭᠠᠶ᠎ᠠ | ᠨᠢᠭᠡ᠂ ᠪᠣᠯᠪᠠᠰᠤᠨ ᠡᠷᠡᠭᠦᠯ ᠮᠡᠨᠳᠦ ᠶᠢᠨ ᠲᠠᠬᠢᠯᠭ᠎ᠠ ᠶᠢᠨ ᠰᠢᠨ᠎ᠡ ᠬᠡᠪ ᠰᠤᠷᠲᠠᠯ ᠢ ᠳᠡᠯᠭᠡᠷᠡᠭᠦᠯᠦᠨ᠎ᠡ | ᠰᠦᠯᠵᠢᠶ᠎ᠡ ᠪᠠᠷ ᠳᠠᠬᠢᠬᠤ᠂ ᠮᠣᠳᠣ ᠲᠠᠷᠢᠵᠤ ᠳᠠᠬᠢᠬᠤ᠂ ᠠᠯᠬᠤᠭ᠎ᠠ ᠪᠠᠷ ᠳᠠᠬᠢᠬᠤ ᠵᠡᠷᠭᠡ ᠰᠢᠨ᠎ᠡ ᠴᠠᠭ | ᠦᠶ᠎ᠡ ᠶᠢᠨ ᠪᠣᠯᠪᠠᠰᠤᠨ ᠳᠠᠬᠢᠯᠭ᠎ᠠ ᠶᠢᠨ ᠠᠷᠭ᠎ᠠ ᠬᠡᠯᠪᠡᠷᠢ ᠶᠢ ᠤᠷᠢᠳᠠᠪᠠᠷ ᠰᠣᠩᠭᠤᠬᠤ ᠶᠢ ᠰᠠᠨᠠᠭᠠᠴᠢᠯᠠᠵᠤ᠂ ᠨᠢᠭᠡ | ᠪᠠᠭᠴᠠ ᠰᠣᠷᠭᠤᠭ ᠴᠡᠴᠡᠭ ᠬᠦᠷᠭᠡᠬᠦ᠂ ᠮᠥᠩᠬᠡ ᠨᠣᠭᠤᠭᠠᠨ ᠮᠣᠳᠣ ᠲᠠᠷᠢᠬᠤ᠂ ᠤᠩᠭᠤᠨ ᠤ ᠬᠥᠰᠢᠶ᠎ᠡ ᠶᠢ ᠴᠡᠪᠡᠷᠯᠡᠬᠦ | ᠵᠡᠷᠭᠡ ᠠᠷᠭ᠎ᠠ ᠬᠡᠯᠪᠡᠷᠢ ᠪᠠᠷ ᠭᠠᠰᠢᠭᠤᠳᠠᠯ ᠢᠶᠠᠨ ᠢᠯᠡᠳᠬᠡᠬᠦ ᠶᠢ ᠰᠠᠨᠠᠭᠠᠴᠢᠯᠠᠨ᠎ᠠ᠃ ᠭᠠᠯ ᠢ ᠰᠡᠷᠭᠡᠶᠢᠯᠡᠬᠦ ᠦᠵᠡᠯ | ᠤᠬᠠᠮᠰᠠᠷ ᠢ ᠳᠡᠭᠡᠭᠰᠢᠯᠡᠭᠦᠯᠵᠦ᠂ ᠣᠶᠢᠲᠤ ᠭᠠᠵᠠᠷ᠂ ᠡᠪᠡᠰᠦᠲᠦ ᠭᠠᠵᠠᠷ᠂ ᠴᠡᠴᠡᠷᠯᠢᠭ ᠠᠭᠤᠳᠠᠮ ᠲᠠᠯᠠᠪᠠᠶ᠂ ᠵᠦᠯᠭᠡ | ᠭᠠᠵᠠᠷ᠂ ᠬᠤᠲᠠ ᠶᠢᠨ ᠵᠠᠮ ᠤᠨ ᠬᠤᠶᠠᠷ ᠬᠠᠵᠠᠭᠤ ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠳᠠᠬᠢᠯᠭ᠎ᠠ ᠶᠢᠨ | ᠬᠡᠷᠡᠭᠰᠡᠯ ᠢ ᠰᠢᠲᠠᠭᠠᠬᠤ ᠶᠢ ᠡᠷᠡᠰ ᠵᠣᠭᠰᠤᠭᠠᠬᠤ ᠬᠡᠷᠡᠭᠲᠡᠢ᠃ | ᠬᠤᠶᠠᠷ᠂ ᠪᠣᠬᠢᠷᠳᠤᠯ ᠦᠭᠡᠢ ᠠᠮᠢ ᠠᠬᠤᠢ ᠶᠢᠨ ᠣᠷᠣᠰᠢᠭᠤᠯᠬᠤ ᠠᠷᠭ᠎ᠠ ᠮᠠᠶ᠋ᠢᠭ ᠢ ᠰᠠᠨᠠᠭᠠᠴᠢᠯᠠᠨ᠎ᠠ | ᠭᠠᠯ ᠢᠶᠠᠷ ᠳᠡᠭᠳᠡᠭᠡᠬᠦ ᠶᠢ ᠰᠠᠨᠠᠭᠠᠴᠢᠯᠠᠵᠤ᠂ ᠰᠢᠷᠣᠢ ᠪᠠᠷ ᠪᠤᠯᠠᠰᠢᠯᠠᠬᠤ ᠶᠢ ᠥᠭᠡᠷᠡᠴᠢᠯᠡᠨ᠎ᠡ᠃ ᠭᠠᠯ ᠢᠶᠠᠷ | ᠳᠡᠭᠳᠡᠭᠡᠬᠦ ᠣᠷᠣᠨ ᠳᠤ ᠰᠢᠷᠣᠢ ᠳᠤ ᠣᠷᠣᠰᠢᠭᠤᠯᠬᠤ ᠶᠢ ᠴᠠᠭᠠᠵᠠᠯᠠᠵᠤ᠂ ᠨᠡᠶᠢᠲᠡ ᠶᠢᠨ ᠤᠡᠭᠭᠤᠨ ᠢ ᠲᠥᠪᠯᠡᠷᠡᠭᠦᠯᠦᠨ | ᠣᠷᠣᠰᠢᠭᠤᠯᠬᠤ ᠶᠢ ᠶᠡᠭᠡ ᠪᠠᠷ ᠳᠡᠯᠭᠡᠷᠡᠭᠦᠯᠦᠨ᠂ ᠴᠢᠨᠳᠠᠷ ᠢ ᠠᠪᠰᠠᠨ ᠳᠤ ᠰᠠᠪᠠᠯᠠᠵᠤ ᠲᠡᠬᠢᠵᠦ ᠣᠷᠣᠰᠢᠭᠤᠯᠵᠤ ᠪᠣᠯᠬᠤ | ᠤᠶᠢᠭᠡᠢ᠃ ᠠᠮᠢ ᠠᠬᠤᠢ ᠶᠢᠨ ᠣᠷᠣᠰᠢᠭᠤᠯᠭ᠎ᠠ᠂ ᠪᠣᠬᠢᠷᠳᠤᠯ ᠦᠭᠡᠢ ᠣᠷᠣᠰᠢᠭᠤᠯᠭ᠎ᠠ ᠶᠢ ᠰᠠᠨᠠᠭᠠᠴᠢᠯᠠᠵᠤ᠂ ᠮᠣᠳᠣᠨ | ᠣᠷᠣᠰᠢᠭᠤᠯᠭ᠎ᠠ᠂ ᠵᠦᠯᠭᠡᠨ ᠣᠷᠣᠰᠢᠭᠤᠯᠭ᠎ᠠ᠂ ᠴᠡᠴᠡᠭᠲᠦ ᠲᠠᠪᠴᠠᠩ ᠤᠨ ᠣᠷᠣᠰᠢᠭᠤᠯᠭ᠎ᠠ᠂ ᠬᠠᠨ᠎ᠠ ᠶᠢᠨ | ᠣᠷᠣᠰᠢᠭᠤᠯᠭ᠎ᠠ ᠵᠡᠷᠭᠡ ᠠᠮᠢ ᠠᠬᠤᠢ ᠶᠢᠨ ᠣᠷᠣᠰᠢᠭᠤᠯᠭ᠎ᠠ ᠶᠢᠨ ᠠᠷᠭ᠎ᠠ ᠶᠢ ᠰᠠᠨᠠᠭᠠᠴᠢᠯᠠᠵᠤ᠂ ᠭᠠᠵᠠᠷ ᠰᠢᠷᠣᠢ ᠶᠢᠨ | ᠡᠬᠢ ᠪᠠᠶᠠᠯᠢᠭ ᠢ ᠬᠠᠮᠤᠭ ᠤᠨ ᠶᠡᠭᠡ ᠬᠡᠮᠵᠢᠶ᠎ᠡ ᠪᠠᠷ ᠠᠷᠪᠢᠯᠠᠨ᠎ᠠ᠃ ᠳᠤᠷ᠎ᠠ ᠪᠠᠷ ᠢᠶᠠᠨ ᠪᠤᠯᠠᠵᠤ ᠳᠤᠷ᠎ᠠ ᠪᠠᠷ ᠢᠶᠠᠨ | ᠣᠷᠣᠰᠢᠭᠤᠯᠬᠤ᠂ ᠪᠤᠯᠠᠰᠢᠨ ᠭᠠᠵᠠᠷ ᠪᠠᠶᠢᠭᠤᠯᠬᠤ ᠶᠢ ᠵᠥᠷᠢᠴᠡᠬᠦ ᠵᠡᠷᠭᠡ ᠦᠢᠯᠡ ᠠᠵᠢᠯᠯᠠᠭ᠎ᠠ ᠶᠢ ᠡᠷᠡᠰ ᠡᠰᠡᠷᠭᠦᠴᠡᠨ | ᠬᠤᠷᠢᠭᠯᠠᠨ᠎ᠠ᠃ | ᠭᠤᠷᠪᠠ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠣᠯᠪᠠᠰᠤᠨ ᠣᠷᠣᠰᠢᠭᠤᠯᠭ᠎ᠠ ᠶᠢᠨ ᠶᠣᠰᠣᠯᠠᠯ ᠢ | ᠡᠷᠬᠢᠮᠯᠡᠨ᠎ᠡ | ᠳᠤᠮᠳᠠᠳᠤ ᠶᠢᠨ ᠦᠨᠳᠦᠰᠦᠲᠡᠨ ᠤ ︽ᠨᠠᠰᠤᠲᠠᠨ ᠢᠶᠠᠨ ᠬᠦᠨᠳᠦᠯᠡᠵᠦ ᠨᠢᠯᠬᠠᠰ ᠢᠶᠠᠨ ᠬᠠᠶᠢᠷᠠᠯᠠᠬᠤ᠂ ᠲᠦᠷᠦᠯ | ᠰᠠᠳᠤᠨ ᠢᠶᠠᠨ ᠠᠴᠢᠯᠠᠵᠤ ᠨᠠᠰᠤᠲᠠᠨ ᠢᠶᠠᠨ ᠬᠦᠨᠳᠦᠳᠭᠡᠬᠦ︾ ᠤᠯᠠᠮᠵᠢᠯᠠᠯᠲᠤ ᠰᠠᠶᠢᠨ ᠰᠠᠶᠢᠬᠠᠨ ᠶᠣᠰᠣ ᠰᠤᠷᠲᠠᠬᠤᠨ ᠢ | ᠪᠠᠳᠠᠷᠠᠭᠤᠯᠵᠤ᠂ ᠭᠦᠨ ᠠᠰᠠᠷᠠᠵᠤ ᠪᠠᠭ᠎ᠠ ᠣᠷᠣᠰᠢᠭᠤᠯᠬᠤ ᠰᠢᠨ᠎ᠡ ᠣᠶᠢᠯᠠᠭᠠᠭᠳᠠᠬᠤᠨ ᠢ ᠪᠤᠢ ᠪᠣᠯᠭᠠᠵᠤ᠂ | ᠨᠥᠭᠴᠢᠭᠰᠡᠳ ᠢ ᠳᠤᠷᠠᠰᠤᠨ ᠰᠠᠨᠠᠭᠠᠯᠵᠠᠬᠤ ᠪᠠ ᠰᠢᠯᠢᠳᠡᠭ ᠰᠠᠶᠢᠨ ᠭᠡᠷ ᠤᠨ ᠰᠤᠷᠭᠠᠯ ᠭᠡᠷ ᠤᠨ ᠰᠤᠷᠲᠠᠯ ᠢ | ᠪᠠᠳᠠᠷᠠᠭᠤᠯᠬᠤ ᠶᠢ ᠣᠷᠭᠠᠨᠢᠭ ᠢᠶᠠᠷ ᠤᠶᠠᠯᠳᠤᠭᠤᠯᠬᠤ ᠶᠢ ᠰᠠᠨᠠᠭᠠᠴᠢᠯᠠᠵᠤ᠂ ᠪᠣᠳᠠᠲᠠᠢ ᠭᠠᠵᠠᠷ ᠤᠨ ᠪᠣᠳᠠᠲᠤ ᠪᠣᠳᠠᠰ ᠤᠨ | ᠳᠠᠬᠢᠯᠭ᠎ᠠ ᠠᠴᠠ ᠨᠥᠭᠴᠢᠭᠰᠡᠳ ᠤᠨ ᠤᠶᠤᠨ ᠰᠠᠨᠠᠭᠠᠨ ᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠳᠡᠭᠡᠷ᠎ᠡ | ᠰᠢᠯᠵᠢᠭᠦᠯᠦᠨ᠎ᠡ᠃ ᠪᠡᠯᠪᠡᠰᠦᠷᠡᠯ ᠤᠨ ᠠᠵᠢᠯᠯᠠᠭ᠎ᠠ ᠪᠠᠷ ᠠᠲᠠᠭᠠᠷᠬᠠᠨ ᠠᠳᠠᠯᠢᠳᠬᠠᠬᠤ ᠦᠭᠡᠢ᠂ ᠯᠠᠷᠵᠠ ᠶᠠᠩᠪᠠ ᠲᠠᠲᠠᠵᠤ | ᠪᠣᠯᠬᠤ ᠦᠭᠡᠢ᠃ ᠹᠧᠣᠳᠠᠯ ᠤᠨ ᠮᠤᠬᠤᠷ ᠰᠦᠰᠦᠭ ᠤᠨ ᠠᠵᠢᠯᠯᠠᠭ᠎ᠠ ᠶᠢ ᠬᠢᠬᠦ ᠦᠭᠡᠢ᠂ ᠤᠯᠠᠨ ᠨᠡᠶᠢᠲᠡ ᠶᠢᠨ | ᠲᠠᠯᠠᠪᠤᠷ ᠲᠤ ᠴᠢᠨᠳᠠᠷ ᠤᠨ ᠰᠠᠷᠠᠪᠴᠢ ᠪᠣᠰᠬᠠᠬᠤ᠂ ᠴᠠᠭᠠᠷᠢᠭᠲᠤ ᠴᠡᠴᠡᠭ ᠲᠠᠯᠪᠢᠬᠤ᠂ ᠬᠡᠩᠭᠡᠷᠭᠡ ᠴᠠᠩ ᠳᠡᠯᠡᠳᠬᠦ᠂ | ᠪᠦᠷᠢᠶ᠎ᠡ ᠦᠯᠢᠶᠡᠵᠦ ᠬᠥᠭᠵᠢᠮ ᠬᠥᠭᠵᠢᠮᠳᠡᠬᠦ᠂ ᠫᠤᠤᠵᠢᠩ ᠲᠠᠯᠪᠢᠬᠤ ᠦᠭᠡᠢ᠂ ᠬᠡᠭᠦᠷ ᠭᠠᠷᠭᠠᠬᠤ ᠵᠠᠮ ᠳᠠᠭᠠᠨ ᠴᠠᠭᠠᠰᠤᠨ | ᠵᠣᠭᠤᠰ ᠰᠠᠴᠤᠬᠤ ᠦᠭᠡᠢ ᠬᠥᠷᠰᠢ ᠵᠡᠷᠭᠡᠯᠡᠳᠡᠭᠡ ᠶᠢᠨ ᠠᠮᠢᠳᠤᠷᠠᠯ ᠢ ᠲᠦᠢᠪᠡᠭᠡᠬᠦ ᠦᠭᠡᠢ᠃ | ᠳᠥᠷᠪᠡ᠂ ᠪᠣᠯᠪᠠᠰᠤᠨ ᠤ ᠰᠢᠨ᠎ᠡ ᠣᠶᠢᠯᠠᠭᠠᠭᠳᠠᠬᠤᠨ ᠢ ᠤᠬᠠᠮᠰᠠᠷ ᠠᠴᠠ ᠪᠠᠨ ᠦᠢᠯᠡᠳᠦᠯᠭᠡᠵᠢᠭᠦᠯᠦᠨ᠎ᠡ | ᠨᠠᠮ ᠤᠨ ᠭᠡᠰᠢᠭᠦᠨ ᠺᠠᠳ᠋ᠷ᠂ ᠤᠯᠤᠰ ᠤᠨ ᠠᠯᠪᠠᠨ ᠲᠤᠰᠢᠶᠠᠯᠲᠠᠨ ᠪᠡᠶ᠎ᠡ ᠪᠠᠷ ᠢᠶᠠᠨ ᠬᠡᠪ ᠳᠦᠷᠢᠮ ᠪᠣᠯᠵᠤ᠂ | ᠪᠡᠶ᠎ᠡ ᠪᠠᠷ ᠢᠶᠠᠨ ᠥᠯᠢᠭᠡᠷ ᠳᠠᠭᠤᠷᠢᠶᠠᠯ ᠪᠣᠯᠵᠤ᠂ ᠤᠬᠠᠮᠰᠠᠷ ᠠᠴᠠ ᠪᠠᠨ ᠲᠥᠷᠥᠯ ᠰᠠᠳᠤᠨ᠂ ᠡᠷᠬᠢᠨ ᠲᠣᠭᠤᠷᠢᠨ ᠤ | ᠣᠯᠠᠨ ᠲᠦᠮᠡᠨ ᠳᠤ ᠪᠣᠬᠢᠷᠳᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ᠂ ᠪᠣᠯᠪᠠᠰᠤᠨ ᠡᠷᠡᠭᠦᠯ ᠮᠡᠨᠳᠦ | ᠲᠠᠬᠢᠯᠭ᠎ᠠ ᠶᠢᠨ ᠠᠷᠭ᠎ᠠ ᠮᠠᠶ᠋ᠢᠭ ᠢ ᠤᠬᠠᠭᠤᠯᠵᠤ᠂ ᠰᠢᠨᠵᠢᠯᠡᠬᠦ ᠤᠬᠠᠭᠠᠨ ᠢ ᠡᠷᠬᠢᠮᠯᠡᠬᠦ ᠪᠠᠷ ᠢᠷᠠᠭᠤ ᠠᠯᠳᠠᠷ ᠢᠶᠠᠨ | ᠪᠣᠯᠭᠠᠵᠤ᠂ ᠮᠤᠩᠬᠠᠭ ᠪᠠᠯᠠᠢ ᠶᠢ ᠢᠴᠢᠭᠦᠷᠢ ᠭᠤᠲᠤᠮᠰᠢᠭ ᠢᠶᠠᠷ ᠦᠵᠡᠵᠦ᠂ ︽ᠮᠠᠭᠤ ᠳᠠᠳᠬᠠᠯ ᠠᠴᠠ ᠪᠠᠨ ᠰᠠᠯᠵᠤ᠂ | ᠪᠣᠯᠪᠠᠰᠤᠨ ᠢᠶᠠᠷ ᠲᠠᠬᠢᠯᠭ᠎ᠠ ᠬᠢᠬᠦ︾ ᠶᠢᠨ ᠬᠤᠰᠢᠭᠤᠴᠢ᠂ ᠳᠠᠭᠠᠭᠤᠯᠤᠭᠴᠢ ᠪᠣᠯᠬᠤ ᠬᠡᠷᠡᠭᠲᠡᠢ︔ ᠵᠠᠩ ᠳᠠᠳᠬᠠᠯ ᠢ | ᠥᠭᠡᠷᠡᠴᠢᠯᠡᠬᠦ ᠤᠬᠠᠭᠤᠯᠤᠭᠴᠢ᠂ ᠠᠬᠢᠭᠤᠯᠤᠭᠴᠢ ᠪᠠ ᠦᠢᠯᠡᠳᠦᠯᠭᠡᠵᠢᠭᠦᠯᠦᠭᠴᠢ ᠪᠣᠯᠣᠨ᠎ᠠ; ᠪᠣᠯᠪᠠᠰᠤᠨ ᠪᠤᠭᠤᠲᠤ ᠶᠢᠨ | ᠬᠤᠳᠠ ᠶᠢᠨ ᠠᠷᠠᠳ ᠪᠣᠯᠣᠨ᠎ᠠ᠃ | ᠦᠵᠡᠰᠬᠦᠯᠡᠩᠲᠦ ᠰᠠᠶᠢᠬᠠᠨ ᠴᠢᠩᠱᠠᠨ ᠶᠢ ᠪᠦᠲᠦᠭᠡᠨ ᠪᠠᠶᠢᠭᠤᠯᠤᠯᠲᠠ ᠳᠤ ᠲᠠ ᠪᠢᠳᠡ ᠬᠤᠶᠠᠭᠤᠯᠠ | ᠬᠠᠮᠲᠤ ᠪᠠᠷ ᠣᠷᠣᠯᠴᠠᠶ᠎ᠠ᠃ ᠣᠷᠣᠰᠢᠭᠤᠯᠭ᠎ᠠ ᠶᠢᠨ ᠪᠣᠯᠬᠢ ᠳᠠᠳᠬᠠᠯ ᠢ ᠲᠠᠶᠠᠭᠳᠠᠵᠤ᠂ ᠣᠷᠣᠰᠢᠭᠤᠯᠭ᠎ᠠ ᠶᠢᠨ ᠰᠢᠨ᠎ᠡ | ᠰᠤᠷᠲᠠᠯ ᠢ ᠪᠠᠳᠠᠷᠠᠭᠤᠯᠤᠨ᠂ ᠠᠮᠢ ᠠᠬᠤᠢ ᠶᠢᠨ ᠣᠷᠣᠰᠢᠭᠤᠯᠭ᠎ᠠ᠂ ᠠᠮᠤᠷ ᠲᠦᠪᠰᠢᠨ ᠪᠣᠯᠪᠠᠰᠤᠨ ᠤ ᠳᠠᠬᠢᠯᠭ᠎ᠠ ᠶᠢ | ᠰᠠᠨᠠᠭᠠᠴᠢᠯᠠᠬᠤ ᠪᠣᠯ ᠪᠦᠬᠦ ᠨᠡᠶᠢᠭᠡᠮ ᠤᠨ ᠬᠠᠮᠲᠤ ᠶᠢᠨ ᠬᠠᠷᠢᠭᠤᠴᠠᠯᠭ᠎ᠠ ᠮᠥᠨ᠂ ᠪᠢᠳᠡ ᠤᠬᠠᠮᠰᠠᠷ ᠠᠴᠠ ᠪᠠᠨ | ᠬᠥᠳᠡᠯᠦᠯᠴᠡᠵᠦ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠣᠳᠣ ᠠᠴᠠ ᠡᠬᠢᠯᠡᠨ ᠬᠢᠵᠦ᠂ ᠬᠠᠩᠰᠢ ᠶᠢᠨ ᠡᠳᠦᠷ ᠢ | ᠨᠡᠩ ᠰᠢᠨ᠎ᠡ ᠰᠣᠷᠭᠤᠭ ᠪᠥᠭᠡᠳ ᠪᠣᠯᠪᠠᠰᠤᠨ ᠪᠣᠯᠭᠠᠬᠤ ᠬᠡᠷᠡᠭᠲᠡᠢ᠃ | | ᠴᠢᠩᠱᠠᠨ ᠲᠣᠭᠤᠷᠢᠭ ᠤᠨ ᠪᠣᠯᠪᠠᠰᠤᠨ ᠤ ᠠᠯᠪᠠᠨ ᠭᠡᠷ | ᠴᠢᠩᠱᠠᠨ ᠲᠤᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ | 2023 ᠣᠨ ᠤ 3 ᠰᠠᠷ᠎ᠠ ᠶᠢᠨ 28 ᠤ ᠡᠳᠦᠷ | | | |