ᠲᠤᠰ ᠲᠦᠷᠦᠯ ᠵᠦᠢᠯ ᠨᠢ ᠲᠤᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ | ᠲᠣᠭᠤᠷᠢᠭ ᠤᠨ ᠰᠢᠨ᠎ᠡ ᠲᠥᠯᠦᠪᠵᠢᠭᠦᠯᠭᠡ ᠶᠢᠨ ᠲᠣᠭᠤᠷᠢᠭ ᠲᠤ ᠪᠠᠶᠢᠷᠢᠯᠠᠵᠤ᠂ 430 ᠮᠦ ᠲᠠᠯᠠᠪᠠᠢ ᠲᠠᠢ᠂ | ᠪᠠᠷᠢᠯᠭ᠎ᠠ ᠶᠢᠨ ᠲᠠᠯᠠᠪᠠᠢ ᠨᠢ ᠪᠠᠷᠤᠭ 13.3 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠨᠢᠭᠡᠨᠲᠡ | ᠪᠠᠶᠢᠭᠤᠯᠤᠭᠰᠠᠨ ᠪᠢᠶᠠᠳᠢ ᠪᠤᠭᠤᠲᠤ ᠶᠢᠨ ᠰᠠᠭᠤᠷᠢᠨ ᠤ ᠤᠳᠤ ᠪᠠᠶᠢᠭ᠎ᠠ ᠦᠢᠯᠡᠳᠪᠦᠷᠢ ᠶᠢᠨ ᠪᠠᠶᠢᠰᠢᠩ ᠢ ᠠᠰᠢᠭᠯᠠᠨ | ᠲᠡᠰ ᠳᠡᠪᠰᠢᠭᠦᠯᠦᠨ ᠥᠭᠡᠷᠡᠴᠢᠯᠡᠵᠦ᠂ ᠭᠤᠣᠯᠳᠠᠭᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠥᠳᠡᠯᠭᠡᠭᠦ ᠬᠦᠴᠦᠨ ᠤ | ᠯᠢᠲ᠋ᠢ ᠶᠢᠨ ᠴᠠᠬᠢᠯᠭᠠᠨ ᠬᠡᠳᠦ ᠨᠢᠮᠭᠡᠨ ᠵᠡᠰ ᠴᠠᠭᠠᠰᠦᠨ ᠤ ᠦᠢᠯᠡᠳᠪᠦᠷᠢᠯᠡᠬᠦ ᠱᠤᠭᠤᠮ ᠢ 2 ᠵᠤᠷᠪᠤᠰ ᠪᠠᠶᠢᠭᠤᠯᠵᠤ᠂ | ᠪᠦᠬᠦᠨ ᠢ ᠪᠠᠶᠢᠭᠤᠯᠤᠭᠰᠠᠨ ᠤ ᠳᠠᠷᠠᠭ᠎ᠠ᠂ ᠵᠢᠯ ᠳᠤ 2.5 ᠲᠦᠮᠡᠨ ᠲᠣᠨ ᠯᠢᠲ᠋ᠢ ᠶᠢᠨ ᠴᠠᠬᠢᠯᠭᠠᠨ ᠬᠡᠳᠦ ᠨᠢᠮᠭᠡᠨ ᠵᠡᠰ | ᠴᠠᠭᠠᠰᠤ ᠦᠢᠯᠡᠳᠪᠦᠷᠢᠯᠡᠬᠦ ᠦᠢᠯᠡᠳᠪᠦᠷᠢᠯᠡᠯ ᠤᠨ ᠴᠢᠳᠠᠪᠤᠷᠢ ᠶᠢ ᠪᠦᠷᠢᠯᠳᠦᠭᠦᠯᠦᠨ᠎ᠡ᠃ | ᠣᠲᠣ ᠪᠣᠯᠲᠠᠯ᠎ᠠ᠂ ᠨᠢᠭᠡᠳᠦᠭᠡᠷ ᠨᠣᠮᠧᠷᠲᠤ ᠦᠢᠯᠡᠳᠪᠦᠷᠢ ᠶᠢᠨ ᠭᠡᠷ ᠪᠠᠶᠢᠰᠢᠩ ᠤᠨ ᠦᠨᠳᠦᠰᠦᠨ ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠵᠢᠴᠢ ᠲᠣᠨᠤᠭ ᠲᠥᠬᠦᠭᠡᠷᠦᠮᠵᠢ ᠶᠢ ᠪᠦᠬᠦᠨ ᠢ ᠤᠭᠰᠠᠷᠠᠵᠤ ᠳᠠᠭᠤᠰᠬᠠᠨ᠂ | ᠭᠤᠷᠪᠠᠳᠤᠭᠠᠷ ᠨᠣᠮᠧᠷᠲᠤ ᠦᠢᠯᠡᠳᠪᠦᠷᠢ ᠶᠢᠨ ᠭᠡᠷ ᠪᠠᠶᠢᠰᠢᠩ ᠤᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ | 80% ᠶᠢ ᠪᠡᠶᠡᠯᠡᠭᠦᠯᠵᠦ᠂ ᠲᠣᠨᠤᠭ ᠲᠥᠬᠦᠭᠡᠷᠦᠮᠵᠢ ᠶᠢᠨ ᠤᠭᠰᠠᠷᠠᠯᠲᠠ ᠶᠢᠨ 50% ᠶᠢ ᠪᠡᠶᠡᠯᠡᠭᠦᠯᠪᠡ᠃ ᠰᠢᠨ᠎ᠡ ᠪᠠᠷ | ᠪᠠᠶᠢᠭᠤᠯᠤᠭᠰᠠᠨ ᠳᠦᠷᠪᠡᠳᠦᠭᠡᠷ ᠨᠣᠮᠧᠷᠲᠤ ᠦᠢᠯᠡᠳᠪᠦᠷᠢ ᠶᠢᠨ ᠪᠠᠶᠢᠰᠢᠩ ᠤᠨ ᠰᠢᠷᠣᠢ ᠶᠢᠨ ᠵᠣᠷ ᠢ ᠡᠭᠡᠭᠦᠯᠦᠨ | ᠪᠥᠭᠯᠡᠬᠦ ᠠᠵᠢᠯ ᠢ 100% ᠪᠡᠶᠡᠯᠡᠭᠦᠯᠵᠦ᠂ ᠲᠠᠭᠲᠤ ᠶᠢᠨ ᠲᠠᠪᠴᠠᠩ ᠢ ᠴᠢᠳᠬᠤᠬᠤ ᠶᠢ 100% ᠪᠡᠶᠡᠯᠡᠭᠦᠯᠵᠦ᠂ | ᠶᠠᠭ ᠳᠡᠪᠢᠰᠬᠦ ᠳᠠᠪᠬᠤᠷᠭ᠎ᠠ ᠶᠢᠨ ᠠᠵᠢᠯ ᠢ ᠬᠢᠵᠦ ᠪᠤᠢ᠃ ᠵᠢᠱᠢᠯᠲᠡ ᠪᠠᠷ 2023 ᠣᠨ ᠤ 6 ᠰᠠᠷ᠎ᠠ ᠳᠤ ᠭᠠᠷᠤᠯᠲᠠ | ᠳᠦᠭᠦᠷᠦᠨ᠎ᠡ᠃ ᠲᠥᠷᠥᠯ ᠵᠦᠢᠯ ᠪᠦᠬᠦᠨ ᠢᠶᠠᠷ ᠢᠶᠠᠨ ᠦᠢᠯᠡᠳᠪᠦᠷᠢᠯᠡᠯ ᠳᠤ ᠣᠷᠣᠵᠤ᠂ ᠵᠢᠱᠢᠯᠲᠡ ᠪᠠᠷ ᠵᠢᠯ ᠤᠨ | ᠦᠢᠯᠡᠳᠬᠦᠨ ᠤ ᠥᠷᠲᠡᠭ ᠢ 15 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠵᠦ᠂ ᠵᠢᠯ ᠤᠨ ᠭᠠᠶᠢᠯᠢ ᠶᠢᠨ | ᠣᠷᠣᠯᠭ᠎ᠠ ᠶᠢ 2 ᠳ᠋ᠦᠩᠰᠢᠭᠤᠷ ᠲᠥᠭᠦᠷᠢᠭ ᠲᠤ ᠬᠦᠷᠭᠡᠵᠦ᠂ 700 ᠭᠠᠷᠤᠢ ᠬᠥᠮᠥᠨ ᠤ ᠠᠵᠢᠯ ᠣᠯᠭᠤᠯᠲᠠ ᠶᠢ | ᠰᠢᠢᠳᠪᠦᠷᠢᠯᠡᠵᠦ ᠪᠣᠯᠣᠨ᠎ᠠ᠃ |