ᠬᠤᠰᠢᠭᠤᠴᠢ ᠵᠠᠮ ᠤᠨ ᠵᠡᠭᠡᠯᠢ ᠭᠤᠳᠤᠮᠵᠢ᠄ ᠯᠧᠢ ᠹᠧᠩ ᠤᠨ ᠵᠣᠷᠢᠭ ᠰᠠᠨᠠᠭ᠎ᠠ ᠶᠢ ᠨᠠᠩ ᠶᠡᠭᠡ ᠢᠷᠠᠭᠤ ᠠᠯᠳᠠᠷ ᠲᠠᠢ ᠪᠣᠯᠭᠠᠨ᠎ᠠ
ᠨᠡᠶᠢᠲᠡᠯᠡᠭᠰᠡᠨ ᠴᠠᠭ᠄
2023/3/3
      ᠵᠡᠭᠡᠯᠢ ᠭᠤᠳᠤᠮᠵᠢ ᠶᠢᠨ ᠬᠠᠷᠢᠶ᠎ᠠ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠡᠬᠢ ᠪᠠᠶᠠᠯᠢᠭ ᠤᠨ ᠳᠠᠪᠠᠭᠤᠯᠢᠭ ᠵᠢᠴᠢ ᠲᠡᠷᠢᠭᠦᠨ ᠤ ᠨᠠᠮ ᠤᠨ ᠭᠡᠰᠢᠭᠦᠨ ᠤ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠭᠤᠲᠤ ᠬᠤᠳᠠ ᠶᠢᠨ ᠴᠢᠩᠱᠠᠨ ᠲᠣᠭᠤᠷᠢᠭ ᠤᠨ ᠬᠤᠰᠢᠭᠤᠴᠢ ᠵᠠᠮ ᠤᠨ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶ᠎ᠠ 2016 ᠣᠨ ᠤ 3 ᠰᠠᠷ᠎ᠠ ᠶᠢᠨ 4  ᠤ ᠡᠳᠦᠷ ︽ᠴᠧᠨ ᠸᠧᠨ ᠰᠢᠤᠸᠧ ᠶᠢᠨ ᠬᠤᠪᠢᠰᠬᠠᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠦᠷᠦᠭᠡ︾ ᠶᠢ ᠪᠠᠶᠢᠭᠤᠯᠵᠤ᠂ ᠰᠠᠶᠢᠨ ᠳᠤᠷ᠎ᠠ ᠶᠢᠨ ᠨᠡᠷ᠎ᠡ ᠪᠠᠷ ᠦᠢᠯᠡᠴᠢᠯᠡᠬᠦ ᠪᠠᠷ ᠭᠤᠣᠯ ᠪᠣᠯᠭᠠᠵᠤ᠂ ᠪᠤᠭᠤᠲᠤ ᠬᠤᠳᠠ ᠶᠢᠨ ᠬᠤᠪᠢᠰᠬᠠᠯ ᠤᠨ ᠵᠣᠷᠢᠭ ᠰᠠᠨᠠᠭᠠᠨ ᠤ ᠬᠥᠮᠦᠵᠢᠯ ᠳᠤ ᠴᠤᠤ ᠰᠢᠨ᠎ᠡ ᠵᠠᠮ ᠬᠠᠩᠭᠠᠬᠤ ᠪᠠᠷ ᠴᠢᠷᠮᠠᠶᠢᠪᠠ᠃     ︽ᠴᠧᠨ ᠸᠧᠨ ᠰᠢᠤᠸᠧ ᠬᠤᠪᠢᠰᠬᠠᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠲᠠᠰᠤᠭ︾ ᠢ ᠴᠧᠨ ᠸᠧᠨ ᠰᠢᠤᠸᠧ ᠨᠠᠰᠤᠲᠠᠨ ᠣᠷᠣᠨ ᠪᠦᠰᠡ ᠶᠢᠨ ᠠᠬᠠᠮᠠᠳ ᠨᠠᠮ ᠤᠨ ᠭᠡᠰᠢᠭᠦᠨ ᠢ ᠲᠠᠶᠢᠴᠢᠯᠠᠨ ᠬᠠᠮᠲᠤᠪᠠᠷ ᠪᠠᠶᠢᠭᠤᠯᠵᠤ᠂ ᠨᠠᠮ ᠤᠨ ᠭᠡᠰᠢᠭᠦᠨ ᠤ ᠰᠠᠶᠢᠨ ᠳᠤᠷ᠎ᠠ ᠶᠢᠨ ᠦᠢᠯᠡᠴᠢᠯᠡᠭᠡ ᠪᠠᠷ ᠭᠤᠣᠯ ᠰᠡᠳᠦᠪ ᠪᠣᠯᠭᠠᠭᠰᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠨᠡᠶᠢᠭᠡᠮ ᠤᠨ ᠠᠵᠢᠯ ᠤᠨ ᠲᠠᠰᠤᠭ ᠪᠣᠯᠣᠨ᠎ᠠ᠃ ᠠᠵᠢᠯᠯᠠᠬᠤ ᠲᠠᠰᠤᠭ ᠪᠠᠶᠢᠭᠤᠯᠤᠭᠳᠠᠭᠰᠠᠨ ᠠᠴᠠ ᠨᠠᠰᠢ ᠬᠤᠳᠠ ᠶᠢᠨ ᠳᠣᠲᠣᠨ᠎ᠠ ᠭᠠᠳᠠᠨᠠᠬᠢ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠳᠤ ᠣᠷᠣᠯᠴᠠᠭᠰᠠᠨ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠢ ᠭᠥᠷᠳᠡᠭᠰᠡᠨ 2000 ᠭᠠᠷᠤᠢ ᠪᠦᠯᠬᠦᠮ᠂ 5 ᠲᠦᠮᠡ ᠭᠠᠷᠤᠢ ᠬᠥᠮᠥᠨ ᠤᠳᠠᠭ᠎ᠠ ᠶᠢ ᠭᠥᠯᠢᠶᠡᠨ ᠠᠪᠴᠤ᠂ ᠴᠢᠩᠱᠠᠨ ᠲᠣᠭᠤᠷᠢᠭ ᠴᠢᠨᠠᠭᠰᠢᠯᠠᠪᠠᠯ ᠪᠤᠭᠤᠲᠤ ᠬᠤᠳᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠲᠡᠮᠳᠡᠭ᠂ ᠢᠳᠡᠪᠬᠢ ᠬᠦᠴᠦᠨ ᠢ ᠭᠠᠷᠭᠠᠬᠤ ᠭᠠᠵᠠᠷ᠂ ᠨᠠᠮᠴᠢ ᠴᠢᠨᠠᠷ ᠤᠨ ᠬᠥᠮᠦᠵᠢᠯ ᠤᠨ ᠰᠠᠭᠤᠷᠢᠨ ᠪᠣᠯᠤᠭᠰᠠᠨ ᠪᠠᠶᠢᠨ᠎ᠠ᠃ 2021 ᠣᠨ ᠳᠤ᠂ ︽ᠴᠧᠨ ᠸᠧᠨ ᠰᠢᠤᠸᠧ ᠬᠤᠪᠢᠰᠬᠠᠯᠲᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠲᠠᠰᠤᠭ︾ ᠪᠠᠰᠠ ︽ᠪᠥᠬᠦ ᠤᠯᠤᠰ ᠤᠨ ᠰᠢᠯᠢᠳᠡᠭ ᠬᠡᠦᠬᠡᠳ ᠤᠨ ᠭᠡᠷ︾ ᠢᠶᠠᠷ ᠦᠨᠡᠯᠡᠭᠳᠡᠪᠡ᠃     ᠣᠳᠣᠬᠠᠨ ᠳᠤ᠂ ᠴᠧᠨ ᠸᠧᠨ ᠰᠢᠤᠸᠧ ᠨᠠᠰᠤᠲᠠᠨ ᠪᠥᠬᠦ ᠤᠯᠤᠰ ᠤᠨ ᠠᠵᠢᠯ ᠤᠨ ᠪᠠᠶᠢᠷᠢ ᠳᠤ ᠯᠧᠢ ᠹᠧᠩ  ᠠᠴᠠ ᠰᠤᠷᠤᠯᠴᠠᠬᠤ ᠬᠠᠮᠤᠭ ᠤᠨ ᠭᠤᠶᠣ ᠠᠷᠪᠠᠨ ᠬᠥᠮᠥᠨ ᠤ ᠨᠢᠭᠡ᠂ ᠪᠥᠬᠦ ᠤᠯᠤᠰ ᠤᠨ ᠠᠵᠢᠯ ᠤᠨ ᠪᠠᠶᠢᠷᠢ ᠳᠤ ᠯᠧᠢ ᠹᠧᠩ  ᠠᠴᠠ ᠰᠤᠷᠤᠯᠴᠠᠬᠤ ᠵᠢᠱᠢᠶᠡᠴᠢ ᠪᠣᠯᠤᠭᠰᠠᠨ ᠤ ᠬᠤᠪᠢ ᠳᠤ᠂ ᠨᠢᠭᠡᠨᠲᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠭᠤᠲᠤ ᠬᠤᠲᠠ ᠶᠢᠨ ᠯᠧᠢ ᠹᠧᠩ  ᠠᠴᠠ ᠰᠤᠷᠤᠯᠴᠠᠬᠤ᠂ ᠯᠧᠢ ᠹᠧᠩ ᠤᠨ ᠵᠣᠷᠢᠭ ᠰᠠᠨᠠᠭ᠎ᠠ ᠶᠢ ᠤᠬᠠᠭᠤᠯᠬᠤ ᠨᠡᠷ᠎ᠡ ᠶᠢᠨ ᠬᠠᠭᠤᠳᠠᠰᠤ ᠪᠣᠯᠤᠭᠰᠠᠨ ᠪᠠᠶᠢᠨ᠎ᠠ᠃ 60 ᠵᠢᠯ ᠤᠨ ᠲᠤᠷᠰᠢ᠂ ᠯᠧᠢ ᠹᠧᠩ  ᠠᠴᠠ ᠰᠤᠷᠤᠯᠴᠠᠬᠤ ᠵᠠᠮ ᠳᠡᠭᠡᠷ᠎ᠡ ᠲᠡᠷᠡ ᠦᠯᠢᠭᠡᠷ ᠳᠠᠭᠤᠷᠢᠶᠠᠯ ᠪᠣᠯᠤᠭᠰᠠᠨ ᠢᠶᠠᠷ ᠪᠠᠷᠠᠬᠤ ᠦᠭᠡᠢ ᠪᠠᠰᠠ ᠨᠢᠭᠡᠨ ᠲᠤᠭ ᠲᠡᠮᠳᠡᠭ ᠪᠣᠯᠵᠤ᠂ 60 ᠵᠢᠯ ᠰᠠᠶᠢᠨ ᠠᠵᠢᠯ ᠬᠢᠵᠦ᠂ 30 ᠲᠦᠮᠡᠨ ᠲᠥᠭᠦᠷᠢᠭ ᠬᠠᠨᠳᠢᠪᠯᠠᠵᠦ ᠁ ᠯᠧᠢ ᠹᠧᠩ ᠤᠨ ᠵᠣᠷᠢᠭ ᠰᠠᠨᠠᠭ᠎ᠠ  ᠶᠢ ᠦᠢᠯᠡᠳᠦᠯᠭᠡᠵᠢᠭᠦᠯᠬᠦ  ᠶᠢᠨ ᠵᠡᠷᠭᠡ ᠳᠤ ᠬᠠᠶᠢᠷ᠎ᠠ  ᠶᠢᠨ ᠬᠦᠴᠦᠨ  ᠢ ᠴᠦ ᠳᠠᠮᠵᠢᠭᠤᠯᠵᠠᠢ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号