ᠲᠤᠭᠤᠷᠢᠭ ᠤᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2023/3/3
480X326.jpg
      2 ᠰᠠᠷ᠎ᠠ ᠶᠢᠨ 28 ᠤ ᠡᠳᠦᠷ᠂ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠬᠢᠪᠡ᠃ ᠲᠣᠰ ᠤᠳᠠᠭᠠᠨ ᠤ ᠰᠤᠷᠤᠯᠴᠠᠯᠭ᠎ᠠ ᠶᠢ ᠬᠠᠮᠲᠤ ᠪᠠᠷ ᠲᠣᠭᠤᠷᠢᠨ ᠦᠵᠡᠵᠦ ᠰᠢᠭᠤᠳ ᠨᠡᠪᠲᠡᠷᠡᠭᠦᠯᠬᠦ ᠠᠷᠭ᠎ᠠ ᠮᠠᠶ᠋ᠢᠭ ᠢᠶᠠᠷ ᠶᠠᠪᠤᠭᠳᠠᠭᠤᠯᠪᠠ᠃ ᠰᠤᠷᠤᠯᠴᠠᠯᠭ᠎ᠠ ᠶᠢᠨ ᠬᠤᠷᠠᠯ ᠢ ᠱᠠᠩᠬᠠᠢ ᠬᠤᠳᠠ ᠶᠢᠨ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ ᠨᠡᠶᠢᠭᠡᠮᠯᠢᠭ ᠤᠨ ᠳᠠᠷᠤᠭ᠎ᠠ᠂ ᠬᠤᠳᠠᠯᠳᠤᠭᠠᠨ ᠤ ᠶᠠᠪᠤᠳᠠᠯ ᠤᠨ ᠶᠠᠮᠤᠨ ᠤ ᠭᠠᠳᠠᠭᠠᠳᠤ ᠪᠡᠯᠡ ᠶᠢᠨ ᠵᠤᠷᠭᠠᠨ ᠤ ᠤᠤᠯ ᠤᠨ ᠵᠤᠷᠭᠠᠨ ᠤ ᠳᠠᠷᠤᠭ᠎ᠠ ᠬᠤᠸᠠᠩ ᠹᠧᠩ᠂ ᠤᠯᠠᠨ ᠤᠯᠤᠰ ᠤᠨ ᠬᠤᠯᠪᠣᠭᠠᠲᠤ ᠪᠠᠶᠢᠭᠤᠯᠤᠯᠭ᠎ᠠ ᠶᠢᠨ ᠠᠵᠤ ᠦᠢᠯᠡᠳᠪᠦᠷᠢ ᠶᠢᠨ ᠵᠣᠬᠢᠶᠠᠨ ᠪᠠᠶᠢᠭᠤᠯᠤᠯᠲᠠ ᠶᠢᠨ ᠤᠯᠤᠰ ᠤᠨ ᠢᠯᠭᠠᠯᠲᠤ ᠵᠥᠪᠯᠡᠭᠴᠢ᠂ ᠫᠦᠳᠦ᠋ᠩ ᠰᠢᠨ᠎ᠡ ᠲᠣᠭᠤᠷᠢᠭ ᠤᠨ ᠪᠡᠯᠡ ᠣᠷᠣᠭᠤᠯᠤᠯᠲᠠ ᠶᠢ ᠠᠬᠢᠭᠤᠯᠬᠤ ᠦᠢᠯᠡᠴᠢᠯᠡᠭᠡᠨ ᠤ ᠠᠯᠪᠠᠨ ᠭᠡᠷ ᠤᠨ ᠤᠤᠯ ᠤᠨ ᠡᠷᠬᠢᠯᠡᠭᠴᠢ ᠰᠦᠨ ᠶᠦᠩ ᠴᠢᠶᠠᠩ᠂ ︽ᠾᠧᠩ ᠰᠦᠩ ᠬᠥᠷᠥᠩᠭᠡ︾ ᠶᠢᠨ ᠡᠭᠦᠰᠬᠡᠨ ᠪᠠᠶᠢᠭᠤᠯᠤᠭᠴᠢ ᠪᠥᠭᠡᠳ ᠬᠡᠷᠡᠭ ᠮᠡᠳᠡᠭᠴᠢᠳ ᠤᠨ ᠳᠠᠷᠤᠭ᠎ᠠ ᠯᠧᠦ ᠭᠠᠩ ︽︿ᠠᠵᠤ ᠠᠬᠤᠢ ᠶᠢᠨ ᠬᠦᠴᠦᠨ ᠢᠶᠠᠨ ᠬᠠᠮᠲᠤᠳᠬᠠᠬᠤ﹀ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠳᠤ ᠬᠡᠷᠬᠢᠨ ᠪᠦᠰᠡᠯᠡᠯᠲᠡ ᠶᠢ ᠰᠢᠪᠲᠤᠯᠤᠨ ᠢᠯᠠᠯᠲᠠ ᠣᠯᠬᠤ︾ ᠶᠢ ᠰᠤᠯᠢᠯᠴᠠᠨ ᠬᠤᠪᠢᠶᠠᠯᠴᠠᠪᠠ᠃ ᠲᠤᠭᠤᠷᠢᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠬᠦ ᠪᠦᠷᠢᠯᠳᠦᠭᠦᠨ᠂ ᠲᠣᠭᠤᠷᠢᠭ ᠤᠨ ᠨᠠᠮ ᠤᠨ ᠬᠤᠷᠢᠶ᠎ᠠ ᠶᠢᠨ ᠡᠯ᠎ᠡ ᠰᠠᠯᠠᠭ᠎ᠠ ᠮᠥᠴᠢᠷ᠂ ᠲᠣᠭᠤᠷᠢᠭ ᠤᠨ ᠰᠢᠭᠤᠳ ᠬᠠᠷᠢᠶ᠎ᠠ ᠡᠯ᠎ᠡ ᠪᠠᠶᠢᠭᠤᠯᠤᠯᠭ᠎ᠠ᠂ ᠠᠵᠢᠯ ᠦᠢᠯᠡᠰ ᠤᠨ ᠨᠢᠭᠡᠴᠡ᠂ ᠠᠷᠠᠳ ᠤᠨ ᠪᠦᠯᠬᠦᠮ᠂ ᠡᠯ᠎ᠡ ᠵᠡᠭᠡᠯᠢ ᠪᠠᠯᠭᠠᠰᠤ ᠶᠢᠨ ᠭᠤᠣᠯ ᠬᠠᠷᠢᠭᠤᠴᠠᠯᠭᠠᠲᠠᠨ ᠨᠥᠬᠦᠳ 80 ᠭᠠᠷᠤᠢ ᠬᠥᠮᠥᠨ ᠲᠤᠰ ᠤᠳᠠᠭ᠎ᠠ ᠶᠢᠨ ᠰᠤᠷᠤᠯᠴᠠᠯᠭ᠎ᠠ ᠶᠢᠨ ᠬᠤᠷᠠᠯ ᠳᠤ ᠣᠷᠣᠯᠴᠠᠪᠠ᠃     ᠰᠤᠷᠤᠯᠴᠠᠯᠭ᠎ᠠ ᠶᠢᠨ ᠳᠡᠭᠡᠷ᠎ᠡ ᠬᠠᠭᠠᠰ ᠴᠠᠭ ᠲᠤ᠂ ᠰᠦᠨ ᠶᠦᠩ ᠴᠢᠶᠠᠩ ᠪᠠᠭᠰᠢ ︽ᠰᠢᠨ᠎ᠡ ᠴᠠᠭ ᠦᠶ᠎ᠡ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠷᠭ᠎ᠠ ᠪᠣᠳᠣᠯᠭ᠎ᠠ ᠪᠠ ᠫᠦᠳᠦ᠋ᠩ ᠤᠨ ᠰᠣᠩᠭᠤᠳᠠᠭ ᠬᠡᠷᠡᠭ ᠤᠨ ᠵᠢᠱᠢᠶ᠎ᠡ ᠶᠢᠨ ᠳᠡᠯᠭᠡᠷᠡᠭᠦᠯᠦᠯ︾ ᠭᠡᠬᠦ ᠰᠡᠳᠦᠪ ᠢᠶᠠᠷ᠂ ︽ᠳᠡᠯᠡᠬᠡᠢ ᠳ᠋ᠠᠬᠢᠨ ᠳᠤ ᠫᠦᠳᠦ᠋ᠩ ︵ᠵᠣᠣ ᠴᠢ ᠵᠧᠩ︶ ᠢ ᠲᠣᠳᠣᠷᠬᠠᠶᠢᠯᠠᠬᠤ︾ ᠠᠴᠠ ︽ᠰᠠᠭᠤᠷᠢ ᠶᠢ ᠨᠡᠭᠡᠭᠡᠨ ᠬᠥᠭᠵᠢᠭᠦᠯᠬᠦ ᠠᠴᠠ ᠴᠢᠳᠠᠮᠵᠢ ᠶᠢ ᠨᠡᠭᠡᠭᠡᠨ ᠬᠥᠭᠵᠢᠭᠦᠯᠬᠦ ᠬᠦᠷᠲᠡᠯ᠎ᠡ᠂ ᠣᠷᠣᠨ ᠪᠦᠰᠡ ᠶᠢᠨ ᠬᠤᠪᠢᠰᠤᠯᠲᠠ ᠶᠢ ᠲᠣᠭᠲᠠᠭᠠᠬᠤ ᠳᠤ ︽︿ᠬᠤᠳᠠᠯᠳᠤᠭᠠᠴᠢᠨ ᠢᠶᠠᠷ ᠬᠤᠳᠠᠯᠳᠤᠭᠠᠴᠢᠨ ᠢ ᠲᠠᠲᠠᠵᠤ᠂ ᠦᠷ᠎ᠡ ᠠᠰᠢᠭ ᠢ ᠨᠢᠭᠲᠠᠷᠠᠭᠤᠯᠬᠤ﹀︾᠂ ︽ᠱᠠᠲᠤ ᠵᠢᠭᠡᠯᠡᠵᠦ ᠠᠰᠠᠷ ᠳᠡᠭᠡᠷ᠎ᠡ ᠭᠠᠷᠬᠤ᠂ ᠣᠩᠭᠤᠴᠠ ᠵᠢᠭᠡᠯᠡᠵᠦ ᠲᠠᠯᠠᠢ ᠳᠤ ᠭᠠᠷᠬᠤ︾᠂ ︽ᠠᠵᠤ ᠦᠢᠯᠡᠰ ᠤᠨ ᠬᠡᠯᠬᠢᠶ᠎ᠡ ᠶᠢ ᠴᠣᠭᠴᠠᠯᠠᠵᠤ᠂ ᠠᠵᠤ ᠦᠢᠯᠡᠰ ᠤᠨ ᠪᠦᠯᠦᠭᠵᠢᠯ ᠢ ᠲᠥᠪᠯᠡᠷᠡᠭᠦᠯᠬᠦ︾᠂ ︽ᠡᠬᠢ ᠪᠠᠶᠠᠯᠢᠭ ᠢ ᠬᠤᠷᠠᠮᠳᠤᠭᠤᠯᠵᠤ᠂ ᠦᠢᠯᠡᠴᠢᠯᠡᠭᠡ ᠶᠢ ᠬᠤᠷᠠᠮᠳᠤᠭᠤᠯᠬᠤ︾ ᠵᠢᠷᠭᠤᠭᠠᠨ ᠰᠣᠩᠭᠤᠳᠠᠭ ᠡᠵᠡᠩᠨᠡᠯᠲᠡ ᠪᠣᠷᠤᠯᠠᠭᠤᠯᠭ᠎ᠠ ᠶᠢᠨ ᠵᠢᠱᠢᠶ᠎ᠡ ᠪᠠᠷ ᠤᠯᠠᠨ ᠳᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠷᠭ᠎ᠠ ᠪᠣᠳᠣᠯᠭ᠎ᠠ ᠶᠢ ᠨᠠᠷᠢᠨ ᠲᠠᠶᠢᠯᠪᠤᠷᠢᠯᠠᠬᠤ ᠶᠢᠨ ᠬᠠᠮᠲᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠠᠵᠤ ᠠᠬᠤᠶᠢᠯᠠᠯ ᠳᠤ ᠦᠢᠯᠡᠴᠢᠯᠡᠬᠦ ᠬᠠᠮᠤᠭ ᠤᠨ ᠴᠢᠬᠤᠯᠠ ᠴᠢᠳᠠᠪᠤᠷᠢ ᠶᠢ ᠳ᠋ᠦᠩᠨᠡᠵᠦ ᠭᠠᠷᠭᠠᠬᠤ  ᠨᠢ ᠳᠠᠷᠤᠢ ᠲᠠᠰᠤᠷᠠᠯᠲᠠ ᠦᠭᠡᠢ ᠪᠠᠶᠢᠷᠢ ᠰᠣᠯᠢᠵᠤ ᠰᠡᠳᠬᠢᠨ ᠪᠣᠳᠣᠯᠬᠢᠯᠠᠵᠤ ᠲᠠᠰᠤᠷᠠᠯᠲᠠ ᠦᠭᠡᠢ ᠰᠢᠨ᠎ᠡ ᠶᠢ ᠡᠭᠦᠳᠬᠦ ᠶᠢ ᠰᠤᠷᠬᠤ ᠶᠢᠨ ᠲᠥᠯᠥᠭᠡ ᠭᠡᠳᠡᠭ ᠢ ᠳ᠋ᠦᠩᠨᠡᠪᠡ᠃ ᠰᠤᠷᠤᠯᠴᠠᠯᠭ᠎ᠠ ᠶᠢᠨ ᠬᠤᠷᠠᠯ ᠤᠨ ᠳᠣᠣᠷ᠎ᠠ ᠬᠠᠭᠠᠰ ᠴᠠᠭ ᠲᠤ᠂ ᠬᠤᠸᠠᠩ ᠹᠧᠩ᠂ ᠰᠦᠨ ᠶᠦᠩ ᠴᠢᠶᠠᠩ᠂ ᠯᠧᠦ ᠭᠠᠩ ︽ᠰᠢᠨ᠎ᠡ ᠴᠠᠭ ᠦᠶ᠎ᠡ ᠳᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠦᠷᠦ ᠶᠢᠨ ᠪᠣᠳᠣᠯᠭ᠎ᠠ ᠶᠢᠨ ᠢᠵᠢ ᠪᠦᠷᠢᠳᠦᠭᠦᠯᠬᠦ ᠠᠵᠢᠯ ᠢ ᠬᠡᠷᠬᠢᠨ ᠰᠠᠶᠢᠲᠤᠷ ᠬᠢᠬᠦ︾᠂ ︽ᠣᠷᠣᠨ ᠨᠤᠲᠤᠭ ᠤᠨ ᠬᠤᠳᠠᠯᠳᠤᠭᠠᠴᠢᠨ ᠤᠷᠢᠬᠤ ᠳᠤ ᠠᠷᠭ᠎ᠠ ᠵᠠᠮ ᠢ ᠤᠯᠠᠨ ᠡᠰᠢᠵᠢᠬᠦᠯᠬᠦ ᠪᠠ ᠲᠦᠷᠦᠯ ᠵᠦᠢᠯ ᠢ ᠰᠢᠯᠢᠳᠡᠭᠴᠢᠯᠡᠨ ᠰᠣᠩᠭᠤᠬᠤ ᠶᠢ ᠬᠡᠷᠬᠢᠨ ᠪᠡᠶᠡᠯᠡᠭᠦᠯᠬᠦ︾ ᠵᠡᠷᠭᠡ ᠠᠰᠠᠭᠤᠳᠠᠯ ᠤᠨ ᠲᠣᠭᠤᠷᠢᠨ ᠳᠤ ᠰᠣᠯᠢᠯᠴᠠᠭ᠎ᠠ ᠬᠢᠵᠦ ᠬᠤᠪᠢᠶᠠᠯᠴᠠᠪᠠ᠃ ᠬᠢᠴᠢᠶᠡᠯ ᠵᠢᠭᠠᠬᠤ ᠪᠠᠭᠰᠢ ᠨᠠᠷ ᠰᠢᠨ᠎ᠡ ᠴᠠᠭ ᠦᠶ᠎ᠡ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠤᠨ ᠰᠦᠪᠡᠭᠴᠢᠯᠡᠬᠦ ᠦᠢᠯᠡᠳᠦᠯᠭᠡ ᠶᠢᠨ ᠵᠠᠭᠪᠤᠷ ᠢ ᠠᠮᠢᠳᠤᠯᠢᠭ ᠢᠶᠠᠷ ᠵᠢᠭᠠᠵᠤ ᠥᠭᠪᠡ᠃     ᠬᠤᠷᠠᠯ ᠳᠤ ᠣᠷᠣᠯᠴᠠᠭᠰᠠᠳ᠂ ᠲᠣᠰ ᠤᠳᠠᠭᠠᠨ ᠤ ᠰᠤᠷᠤᠯᠴᠠᠯᠭ᠎ᠠ ᠶᠢᠨ ᠬᠤᠷᠠᠯ ᠤᠨ ᠪᠣᠳᠠᠲᠠᠢ ᠪᠠᠷᠠᠭ᠎ᠠ ᠮᠠᠰᠢ ᠣᠯᠠᠨ ᠪᠠᠶᠢᠵᠤ᠂ ᠮᠠᠰᠢ ᠶᠡᠭᠡ ᠠᠰᠢᠭ ᠬᠦᠷᠲᠡᠵᠦ᠂ ᠮᠠᠨ ᠤ ᠲᠤᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠢᠷᠢ ᠲᠦᠪᠰᠢᠨ ᠢ ᠳᠡᠭᠡᠭᠰᠢᠯᠡᠭᠦᠯᠬᠦ ᠳᠤ ᠰᠢᠨ᠎ᠡ ᠰᠡᠳᠬᠢᠴᠡ ᠪᠠ ᠴᠢᠭᠯᠡᠯ ᠢ ᠬᠠᠩᠭᠠᠭᠰᠠᠨ ᠪᠠᠶᠢᠨ᠎ᠠ ᠭᠡᠵᠦ ᠢᠯᠡᠷᠬᠡᠶᠢᠯᠡᠪᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号