ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠷᠠᠳ ᠤᠨ ᠶᠠᠪᠤᠳᠠᠯ ᠤᠨ ᠠᠪᠤᠷᠠᠨ ᠲᠤᠰᠠᠯᠠᠬᠤ | ᠲᠥᠷᠥ ᠶᠢᠨ ᠪᠣᠳᠣᠯᠭ᠎ᠠ ᠶᠢᠨ ᠲᠤᠬᠠᠢ ᠣᠶᠢᠯᠠᠭᠠᠬᠤ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠠᠮ ᠪᠠ | ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠦᠨᠳᠦᠰᠦᠲᠡᠨ ᠨᠦᠭᠦᠳ ᠤᠨ ᠬᠦᠴᠢᠷᠳᠡᠯᠲᠡᠢ ᠣᠯᠠᠨ ᠲᠦᠮᠡᠨ ᠳᠤ | ᠬᠦᠷᠭᠡᠬᠦ ᠶᠢᠨ ᠲᠦᠯᠦᠭᠡ᠂ ︽ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠬᠦ︾ ᠦᠢᠯᠡᠳᠦᠯᠭᠡ ᠶᠢᠨ | ᠠᠵᠢᠯᠯᠠᠭ᠎ᠠ ᠲᠠᠢ ᠤᠶᠠᠯᠳᠤᠭᠤᠯᠤᠨ᠂ 3 ᠰᠠᠷ᠎ᠠ ᠶᠢᠨ 29 ᠤ ᠡᠳᠦᠷ᠂ ᠠᠷᠠᠳ ᠤᠨ ᠶᠠᠪᠤᠳᠠᠯ ᠤᠨ ᠲᠣᠪᠴᠢᠶ᠎ᠠ ᠶᠢᠨ | ᠨᠡᠶᠢᠭᠡᠮ ᠤᠨ ᠠᠪᠤᠷᠠᠨ ᠲᠤᠰᠠᠯᠠᠬᠤ ᠲᠠᠰᠤᠭ ᠤᠨ ᠬᠢᠨ ᠳᠤᠯᠠᠭᠠᠨ ᠨᠡᠶᠢᠭᠡᠮ ᠲᠣᠭᠤᠷᠢᠭ ᠤᠨ ︽ᠨᠠᠮ ᠤᠨ ᠠᠴᠢ ᠶᠢ | ᠮᠡᠳᠡᠷᠡᠵᠦ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ ᠲᠥᠷᠥ ᠶᠢᠨ ᠪᠣᠳᠣᠯᠭ᠎ᠠ ᠶᠢ ᠤᠬᠠᠭᠤᠯᠤᠨ | ᠲᠠᠶᠢᠯᠪᠤᠷᠢᠯᠠᠬᠤ ᠬᠤᠷᠠᠯ︾ ᠳᠤ ᠢᠳᠡᠪᠬᠢᠲᠡᠢ ᠣᠷᠣᠯᠴᠠᠵᠤ᠂ ᠬᠠᠷᠢᠶᠠᠲᠤ ᠣᠷᠣᠨ ᠤ ᠦᠨᠳᠦᠰᠦᠲᠡᠨ ᠨᠦᠭᠦᠳ ᠤᠨ | ᠣᠯᠠᠨ ᠲᠦᠮᠡᠨ ᠳᠤ ᠠᠷᠠᠳ ᠤᠨ ᠶᠠᠪᠤᠳᠠᠯ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠤᠬᠠᠭᠤᠯᠤᠨ | ᠲᠠᠶᠢᠯᠪᠤᠷᠢᠯᠠᠵᠤ᠂ ᠲᠤᠬᠠᠢ ᠶᠢᠨ ᠲᠠᠯᠠᠪᠤᠷ ᠲᠤ ᠣᠯᠠᠨ ᠲᠦᠮᠡᠨ ᠤ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠨ ᠥᠭᠴᠦ᠂ | ᠣᠯᠠᠨ ᠲᠦᠮᠡᠨ ᠤ ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢᠨ ᠲᠤᠬᠠᠢ ᠲᠠᠨᠢᠯᠲᠠ ᠶᠢ ᠨᠢ | ᠨᠡᠮᠡᠭᠳᠡᠭᠦᠯᠵᠦ᠂ ᠠᠷᠠᠳ ᠤᠨ ᠶᠠᠪᠤᠳᠠᠯ ᠤᠨ ᠠᠪᠤᠷᠠᠨ ᠲᠤᠰᠠᠯᠠᠬᠤ ᠠᠵᠢᠯ ᠤᠨ ᠢᠯᠡ ᠲᠣᠳᠣ ᠶᠢᠨ ᠬᠡᠮᠵᠢᠶ᠎ᠡ ᠪᠠ | ᠲᠥᠷᠥ ᠶᠢᠨ ᠪᠣᠳᠣᠯᠭ᠎ᠠ ᠶᠢᠨ ᠬᠠᠮᠤᠷᠬᠤ ᠬᠡᠪᠴᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠭᠰᠡᠨ ᠪᠠᠶᠢᠨ᠎ᠠ᠃ | ᠳᠠᠷᠠᠭᠠᠴᠢ ᠶᠢᠨ ᠠᠯᠬᠤᠮ ᠳᠤ ᠠᠷᠠᠳ ᠤᠨ ᠶᠠᠪᠤᠳᠠᠯ ᠤᠨ ᠲᠣᠪᠴᠢᠶ᠎ᠠ ᠦᠷᠭᠦᠯᠵᠢᠯᠡᠨ ᠰᠦᠯᠵᠢᠶ᠎ᠡ ᠪᠠᠷ | ᠤᠬᠠᠭᠤᠯᠬᠤ᠂ ᠨᠢᠭᠤᠷᠲᠠᠨ ᠲᠠᠶᠢᠯᠪᠤᠷᠢᠯᠠᠬᠤ᠂ ᠨᠡᠶᠢᠭᠡᠮ ᠲᠣᠭᠤᠷᠢᠭ ᠢᠶᠠᠷ ᠤᠬᠠᠭᠤᠯᠬᠤ ᠵᠡᠷᠭᠡ ᠠᠷᠭ᠎ᠠ ᠪᠠᠷᠢᠯ ᠢᠶᠠᠷ | ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠᠨ ᠦᠷᠭᠦᠯᠵᠢᠯᠡᠨ ᠴᠢᠩᠭᠠᠳᠬᠠᠵᠤ᠂ | ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠦᠨᠳᠦᠰᠦᠲᠡᠨ ᠤ ᠪᠦᠯᠬᠦᠮᠳᠡᠯ ᠤᠨ ᠢᠳᠡᠪᠬᠢ ᠬᠦᠴᠦᠨ ᠢ | ᠤᠯᠠᠮᠵᠢᠯᠠᠵᠤ᠂ ᠨᠠᠮ ᠤᠨ ᠠᠪᠤᠷᠠᠨ ᠲᠤᠰᠠᠯᠠᠬᠤ ᠲᠦᠷᠦ ᠶᠢᠨ ᠪᠣᠳᠣᠯᠭ᠎ᠠ ᠶᠢ ᠬᠥᠮᠥᠰ ᠤᠨ ᠰᠡᠳᠬᠢᠯ ᠳᠤ ᠨᠡᠩ ᠭᠦᠨ | ᠬᠠᠳᠠᠩᠰᠢᠭᠤᠯᠵᠤ᠂ ᠨᠠᠮ ᠤᠨ ᠬᠠᠶᠢᠷ᠎ᠠ ᠰᠡᠳᠬᠢᠯᠭᠡ ᠶᠢ ᠮᠡᠳᠡᠷᠡᠬᠦ ᠤᠬᠠᠮᠰᠠᠷ ᠢ ᠨᠡᠮᠡᠭᠳᠡᠭᠦᠯᠵᠦ᠂ ᠪᠦᠬᠦ ᠲᠤᠭᠤᠷᠢᠭ ᠲᠤ | ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠥᠨ ᠮᠡᠲᠦ ᠳᠣᠲᠣᠨᠣ᠂ ᠰᠡᠳᠬᠢᠯ ᠨᠢᠭᠡᠳᠦᠨ ᠳᠤᠮᠳᠠᠳᠤ ᠶᠢᠨ | ᠵᠡᠭᠦᠳᠦ ᠶᠢ ᠬᠠᠮᠲᠤᠪᠠᠷ ᠲᠡᠷᠭᠡᠯᠰᠢᠭᠦᠯᠬᠦ︾ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠢ ᠪᠤᠯᠭᠠᠨ᠎ᠠ᠃ |