ᠬᠥᠬᠡᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠪᠦᠯᠬᠦᠮ ᠳᠠᠭᠠᠭᠤᠯᠤᠨ ᠮᠠᠨ ᠤ ᠲᠤᠭᠤᠷᠢᠭ ᠲᠤ ᠢᠷᠡᠵᠦ ︽ᠰᠣᠶᠣᠯ ᠵᠢᠭᠤᠯᠴᠢᠯᠠᠯ + ᠪᠡᠶ᠎ᠡ ᠶᠢᠨ ᠲᠠᠮᠢᠷ︾ ᠢ ᠠᠭᠤᠰᠤᠯᠴᠠᠭᠤᠯᠤᠨ ᠬᠥᠭᠵᠢᠭᠦᠯᠬᠦ ᠠᠵᠢᠯ ᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2023/3/30
      3 ᠰᠠᠷ᠎ᠠ ᠶᠢᠨ 29 ᠤ ᠡᠳᠦᠷ᠂ ᠬᠥᠬᠡᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠡᠷᠭᠡ 7 ᠬᠥᠮᠥᠨ ᠴᠢᠩᠱᠠᠨ ᠲᠣᠭᠤᠷᠢᠭ ᠲᠤ ᠢᠷᠡᠵᠦ ︽ᠰᠣᠶᠣᠯ ᠵᠢᠭᠤᠯᠴᠢᠯᠠᠯ + ᠪᠡᠶ᠎ᠡ ᠶᠢᠨ ᠲᠠᠮᠢᠷ︾ ᠢ ᠠᠭᠤᠰᠤᠯᠴᠠᠭᠤᠯᠤᠨ ᠬᠥᠭᠵᠢᠭᠦᠯᠬᠦ ᠠᠵᠢᠯ ᠢ ᠰᠤᠷᠤᠯᠴᠠᠨ ᠰᠢᠨᠵᠢᠯᠡᠨ ᠪᠠᠶᠢᠴᠠᠭᠠᠪᠠ᠃ ᠪᠤᠭᠤᠲᠤ ᠬᠤᠲᠠ ᠶᠢᠨ ᠳᠡᠳ᠋ ᠳᠠᠷᠤᠭ᠎ᠠ ᠵᠢᠴᠢ ᠬᠤᠲᠠ ᠲᠣᠭᠤᠷᠢᠭ ᠬᠤᠶᠠᠷ ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃      ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠨᠢᠭᠡᠳᠦᠭᠡᠷ ᠮᠠᠰᠢᠨ ᠤ ᠪᠦᠯᠦᠭᠯᠡᠯ ᠤᠨ ᠦᠵᠡᠭᠦᠯᠭᠡ ᠶᠢᠨ ᠲᠢᠩᠬᠢᠮ᠂ ᠪᠤᠭᠤᠲᠤ ᠬᠤᠳᠠ ᠶᠢᠨ ᠪᠡᠶ᠎ᠡ ᠶᠢᠨ ᠲᠠᠮᠢᠷ ᠤᠨ ᠲᠥᠪ᠂ ᠴᠢᠩᠱᠠᠨ ᠲᠣᠭᠤᠷᠢᠭ ᠤᠨ ᠳ᠋ᠦᠩ ᠳ᠋ᠡ ᠭᠧᠦ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠵᠡᠷᠭᠡ ᠰᠣᠶᠣᠯ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠠᠵᠤ ᠦᠢᠯᠡᠰ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠡᠢ᠃ ᠮᠠᠨ ᠤ ᠲᠤᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ ᠬᠢ ᠲᠤᠷᠰᠢᠯᠭ᠎ᠠ ᠬᠢᠳᠡᠯ ᠢ ᠭᠦᠨᠵᠡᠭᠡᠢ ᠤᠶᠢᠯᠭᠠᠪᠠ᠃      ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠴᠢᠩᠱᠠᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠭᠦᠢᠴᠡᠳ ᠨᠤᠲᠠᠯᠠᠵᠤ᠂ ᠬᠤᠶᠢᠰᠢᠳᠠ ᠰᠣᠯᠢᠯᠴᠠᠭ᠎ᠠ ᠰᠤᠷᠤᠯᠴᠠᠯᠭ᠎ᠠ ᠪᠠᠨ ᠴᠢᠨᠠᠭᠰᠢᠳᠠ ᠴᠢᠩᠭᠠᠳᠬᠠᠵᠤ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠪᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号