ᠥᠰᠢ ᠶᠢᠨ ᠬᠤᠩ ᠿᠢ ᠰᠠᠯᠬᠢᠨ ᠬᠦᠴᠦᠨ ᠤ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠬᠦᠷᠢᠶᠡᠯᠡᠩ ᠲᠣᠭᠤᠷᠢᠭ ᠲᠤ ᠣᠷᠣᠵᠤ ᠠᠵᠤ ᠠᠬᠤᠢ ᠶᠢᠨ ᠬᠥᠭᠵᠢᠯᠲᠡ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2023/3/30
      ︽ᠪᠥᠬᠦ ᠣᠷᠣᠨ ᠤ ᠰᠠᠯᠬᠢᠨ ᠬᠦᠴᠦᠨ ᠤ ᠴᠠᠬᠢᠯᠭᠠᠨ ᠬᠡᠷᠡᠯ ᠸᠣᠯᠲ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2022﹈ 19 ᠳ᠋ᠤᠭᠡᠷ ᠲᠣᠭᠠᠲᠤ︶ ᠤᠨ ᠬᠤᠯᠪᠣᠭᠳᠠᠯ ᠪᠦᠬᠦᠢ ᠲᠣᠭᠲᠠᠭᠠᠯ ᠢ ᠨᠠᠶᠢᠳᠠᠪᠤᠷᠢᠵᠢᠭᠤᠯᠬᠤ ᠶᠢᠨ ᠲᠤᠰᠠᠳᠠ᠂ ᠡᠨᠧᠷᠭᠢ ᠶᠢᠨ ᠪᠦᠲᠦᠴᠡ ᠶᠢᠨ ᠲᠣᠬᠢᠷᠠᠭᠤᠯᠤᠯᠲᠠ ᠶᠢ ᠲᠦᠷᠭᠡᠳᠬᠡᠵᠦ᠂ ᠦᠵᠦᠭᠦᠷ ᠤᠨ ᠡᠨᠧᠷᠭᠢ ᠬᠡᠷᠡᠭᠯᠡᠬᠦ ᠰᠢᠨ᠎ᠡ ᠡᠨᠧᠷᠭᠢ ᠶᠢᠨ ᠴᠠᠬᠢᠯᠭᠠᠨ ᠬᠦᠴᠦᠨ ᠤ ᠬᠤᠪᠢ ᠶᠢᠨ ᠵᠢᠩ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠦᠷᠢᠶᠡᠯᠡᠩ ᠲᠣᠭᠤᠷᠢᠭ ᠤᠨ ᠪᠣᠬᠢᠷᠳᠤᠯ ᠦᠭᠡᠢ ᠴᠠᠬᠢᠯᠭᠠᠨ ᠬᠠᠩᠭᠠᠬᠤ ᠲᠦᠷᠦᠯ ᠵᠦᠢᠯ ᠤᠨ ᠴᠢᠨᠠᠷ ᠰᠠᠶᠢᠲᠠᠢ ᠪᠦᠲᠦᠭᠡᠨ ᠪᠠᠶᠢᠭᠤᠯᠤᠯᠲᠠ ᠶᠢ ᠪᠠᠲᠤᠯᠠᠵᠤ᠂ ᠠᠷᠢᠭᠤᠨ ᠴᠡᠪᠡᠷ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠤᠷ ᠲᠦᠪᠰᠢᠨ ᠥᠨᠳᠥᠷ ᠪᠦᠲᠦᠮᠵᠢᠲᠡᠢ ᠡᠨᠧᠷᠭᠢ ᠶᠢᠨ ᠰᠢᠰᠲ᠋ᠧᠮ ᠢ ᠪᠠᠶᠢᠭᠤᠯᠵᠤ᠂ 3 ᠰᠠᠷ᠎ᠠ ᠶᠢᠨ 22  ᠤ ᠡᠳᠦᠷ᠂ ᠪᠤᠭᠤᠲᠤ ᠶᠢᠨ ᠲᠤᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠥᠰᠢ ᠶᠢᠨ ᠬᠤᠩ ᠿᠢ ᠰᠠᠯᠬᠢᠨ ᠬᠦᠴᠦᠨ ᠤ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠬᠠᠮᠲᠤᠷᠠᠨ ᠴᠠᠬᠢᠯᠭᠠᠨ ᠬᠡᠷᠡᠭᠯᠡᠭᠴᠢᠳ ᠢ ᠵᠣᠯᠭᠠᠭᠤᠯᠬᠤ ᠶᠠᠷᠢᠯᠴᠠᠬᠤ ᠬᠤᠷᠠᠯ ᠬᠤᠷᠠᠯᠳᠤᠭᠤᠯᠪᠠ᠃ ᠠᠵᠤ ᠠᠬᠤᠢ ᠶᠢᠨ ᠬᠥᠭᠵᠢᠯᠲᠡ ᠶᠢᠨ ᠰᠠᠯᠠᠭᠠᠨ ᠳᠠᠷᠤᠭ᠎ᠠ ᠬᠤᠷᠠᠯ ᠡᠷᠭᠢᠯᠡᠵᠦ᠂ ᠥᠰᠢ ᠶᠢᠨ ᠬᠤᠩ ᠿᠢ ᠰᠠᠯᠬᠢᠨ ᠬᠦᠴᠦᠨ ᠤ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠢᠴᠢ ᠪᠤᠰᠤᠳ 13 ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃      ᠶᠠᠷᠢᠯᠴᠠᠬᠤ ᠬᠤᠷᠠᠯ ᠳᠡᠭᠡᠷ᠎ᠡ᠂ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠰᠠᠨᠠᠯ ᠢᠶᠠᠨ ᠰᠤᠯᠢᠯᠴᠠᠵᠦ᠂ ᠠᠵᠤ ᠠᠬᠤᠶᠢᠯᠠᠯ ᠤᠨ ᠲᠣᠰ ᠪᠡᠶ᠎ᠡ ᠶᠢᠨ ᠬᠥᠭᠵᠢᠯᠲᠡ ᠶᠢᠨ ᠪᠠᠶᠢᠳᠠᠯ ᠲᠠᠢ ᠪᠠᠨ ᠤᠶᠠᠯᠳᠤᠭᠤᠯᠤᠨ᠂ ᠬᠦᠷᠢᠶᠡᠯᠡᠩ ᠲᠣᠭᠤᠷᠢᠭ ᠲᠤ ᠣᠷᠣᠵᠤ ᠰᠠᠭᠤᠭᠰᠠᠨ ᠠᠴᠠ ᠨᠠᠰᠢᠬᠢ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠪᠠ ᠴᠠᠬᠢᠯᠭᠠᠨ ᠬᠦᠴᠦᠨ ᠤ ᠬᠡᠷᠡᠭᠴᠡᠭᠡ ᠶᠢᠨ ᠲᠤᠬᠠᠢ ᠨᠠᠷᠢᠨ ᠲᠣᠳᠣᠷᠬᠠᠢ ᠬᠠᠷᠢᠭᠤ ᠮᠡᠳᠡᠭᠦᠯᠦᠯᠲᠡ ᠬᠢᠵᠡᠢ᠃ ᠠᠵᠤ ᠠᠬᠤᠢ ᠶᠢᠨ ᠬᠥᠭᠵᠢᠯᠲᠡ ᠰᠠᠯᠠᠭᠠᠨ ᠳᠠᠷᠤᠭ᠎ᠠ ᠢᠯᠡᠷᠬᠡᠶᠢᠯᠡᠬᠦ ᠳᠡᠭᠡᠨ᠂ ᠬᠤᠶᠢᠰᠢᠳᠠ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠳᠤ ᠦᠢᠯᠡᠴᠢᠯᠡᠬᠦ ᠶᠢ ᠨᠠᠩ ᠢᠯᠡᠭᠦᠦ ᠴᠢᠬᠤᠯᠠᠴᠢᠯᠠᠵᠤ᠂ ᠨᠡᠪᠲᠡᠷᠡᠯᠴᠡᠬᠦ ᠬᠡᠪ ᠤᠨ ᠠᠵᠢᠯ ᠤᠨ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠵᠤ᠂ ᠡᠯ᠎ᠡ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠬᠡᠷᠡᠭᠯᠡᠭᠴᠢᠳ ᠤᠨ ᠡᠵᠡᠩᠨᠡᠯᠲᠡ ᠶᠢᠨ ᠣᠳᠣᠬᠢ ᠪᠠᠶᠢᠳᠠᠯ ᠪᠠ ᠴᠠᠬᠢᠯᠭᠠᠨ ᠬᠦᠴᠦᠨ ᠤ ᠬᠡᠷᠡᠭᠴᠡᠭᠡ ᠶᠢ ᠴᠠᠭ ᠲᠤᠬᠠᠢ  ᠳᠤᠨᠢ ᠣᠶᠢᠯᠠᠭᠠᠨ ᠡᠵᠡᠮᠰᠢᠵᠦ᠂ ᠴᠠᠬᠢᠯᠭᠠᠨ ᠬᠡᠷᠡᠭᠯᠡᠬᠦ ᠦᠢᠯᠡᠴᠢᠯᠡᠭᠡᠨ ᠤ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ ᠭᠡᠵᠡᠢ᠃      ᠲᠤᠰ ᠤᠳᠠᠭᠠᠨ ᠤ ᠶᠠᠷᠢᠯᠴᠠᠬᠤ ᠬᠤᠷᠠᠯ ᠢᠶᠠᠷ ᠳᠠᠮᠵᠢᠭᠤᠯᠤᠨ᠂ ᠡᠯ᠎ᠡ ᠲᠠᠯ᠎ᠠ ᠶᠢᠨ ᠬᠢᠨ ᠳᠤ ᠨᠢᠭᠡ ᠤᠳᠠᠭᠠᠨ ᠤ ᠰᠠᠶᠢᠨ ᠰᠠᠶᠢᠬᠠᠨ ᠨᠡᠪᠲᠡᠷᠡᠯᠴᠡᠨ ᠰᠣᠯᠢᠯᠴᠠᠬᠤ ᠲᠠᠪᠴᠠᠩ ᠢ ᠪᠠᠶᠢᠭᠤᠯᠵᠤ ᠥᠭᠭᠦᠭᠰᠡᠨ ᠪᠥᠭᠡᠳ ᠪᠠᠰᠠ ᠡᠯ᠎ᠡ ᠲᠠᠯ᠎ᠠ ᠶᠢᠨ ᠬᠢᠨ ᠤ ᠬᠠᠮᠲᠤᠷᠠᠯᠴᠠᠭ᠎ᠠ ᠪᠠᠨ ᠴᠢᠩᠭᠠᠳᠬᠠᠬᠤ᠂ ᠠᠵᠤ ᠠᠬᠤᠶᠢᠯᠠᠯ ᠤᠨ ᠬᠥᠭᠵᠢᠯᠲᠡ ᠶᠢ ᠬᠠᠮᠲᠤ ᠪᠠᠷ ᠰᠦᠪᠡᠭᠴᠢᠯᠡᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号