ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠢᠨ ᠪᠤᠭᠤᠲᠤ ᠬᠤᠲᠠ ᠶᠢᠨ ᠴᠢᠩᠱᠠᠨ ᠲᠣᠭᠤᠷᠢᠭ ᠲᠤ ᠬᠦᠷᠴᠦ ᠲᠣᠭᠤᠷᠢᠨ ᠦᠵᠡᠵᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/3/6
      3 ᠰᠠᠷ᠎ᠠ ᠶᠢᠨ 3᠎ ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠣᠯᠠᠨ ᠲᠦᠮᠡᠨ ᠤ ᠪᠡᠶ᠎ᠡ ᠶᠢᠨ ᠲᠠᠮᠢᠷ ᠤᠨ ᠭᠠᠵᠠᠷ ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠲᠥᠪ ᠪᠤᠭᠤᠲᠤ ᠬᠤᠲᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠣᠯᠠᠨ ᠲᠦᠮᠡᠨ ᠤ ᠪᠡᠶ᠎ᠡ ᠶᠢᠨ ᠲᠠᠮᠢᠷ ᠤᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠰᠢᠨᠵᠢᠯᠡᠨ ᠪᠠᠶᠢᠴᠠᠭᠠᠵᠦ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠳᠤ ᠪᠠᠰᠠ ᠡᠯ᠎ᠡ ᠠᠶᠢᠮᠠᠭ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠷᠢᠭᠤᠴᠠᠯᠭᠠᠲᠠᠨ ᠵᠢᠴᠢ ᠠᠵᠢᠯᠲᠠᠨ 40 ᠭᠠᠷᠤᠢ ᠬᠥᠮᠥᠨ ᠪᠤᠢ᠃ ᠪᠤᠭᠤᠲᠤ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ᠂ ᠴᠢᠩᠱᠠᠨ ᠲᠣᠭᠤᠷᠢᠭ ᠤᠨ ᠰᠣᠶᠣᠯ ᠪᠡᠶ᠎ᠡ ᠲᠠᠮᠢᠷ ᠷᠠᠳᠢᠤ᠋ ᠲᠧᠯᠸᠢᠰ ᠵᠢᠭᠤᠯᠴᠢᠯᠠᠯ ᠤᠨ ᠲᠣᠪᠴᠢᠶ᠎ᠠ ᠬᠠᠮᠢᠶ᠎ᠠ ᠪᠦᠬᠦᠢ ᠬᠥᠮᠥᠰ ᠪᠠᠷ᠎ᠠ ᠪᠣᠯᠪᠠ᠃     ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠰᠠᠶᠢᠬᠠᠨ ᠲᠠᠯ᠎ᠠ ᠴᠡᠴᠡᠷᠯᠢᠭ ᠤᠨ ᠪᠡᠶ᠎ᠡ ᠴᠢᠭᠢᠷᠠᠭᠵᠢᠭᠤᠯᠬᠤ ᠵᠠᠮ᠂ ᠪᠤᠭᠤᠲᠤ ᠬᠤᠲᠠ ᠶᠢᠨ ᠪᠡᠶ᠎ᠡ ᠶᠢᠨ ᠲᠠᠮᠢᠷ ᠤᠨ ᠲᠥᠪ ᠤᠨ ᠲᠡᠰᠢᠯᠲᠡ ᠶᠢᠨ ᠲᠠᠯᠠᠪᠠᠶ᠂ ᠴᠢᠩᠱᠠᠨ ᠲᠣᠭᠤᠷᠢᠭ ᠤᠨ ᠪᠡᠶ᠎ᠡ ᠶᠢᠨ ᠲᠠᠮᠢᠷ ᠤᠨ ᠴᠡᠴᠡᠷᠯᠢᠭ ᠲᠤ ᠬᠦᠷᠴᠡᠢ᠃ ᠪᠤᠭᠤᠲᠤ ᠬᠤᠲᠠ ᠶᠢᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠲᠦᠭᠡᠮᠡᠯᠵᠢᠭᠦᠯᠵᠦ᠂ ᠣᠯᠠᠨ ᠲᠦᠮᠡᠨ ᠤ ᠪᠡᠶ᠎ᠡ ᠴᠢᠭᠢᠷᠠᠭᠵᠢᠭᠤᠯᠬᠤ ᠶᠢ ᠥᠷᠨᠢᠭᠦᠯᠵᠦ ᠪᠠᠶᠢᠭ᠎ᠠ ᠪᠠᠶᠢᠳᠠᠯ ᠢ ᠤᠶᠢᠯᠭᠠᠪᠠ᠃ ᠴᠢᠩᠱᠠᠨ ᠲᠣᠭᠤᠷᠢᠭ ᠤᠨ ᠲᠠᠮᠢᠷ ᠤᠨ ᠴᠡᠴᠡᠷᠯᠢᠭ ᠲᠤ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠲᠤᠬᠠᠢ ᠶᠢᠨ ᠭᠠᠵᠠᠷ ᠲᠤᠨᠢ ᠯᠠᠪᠯᠠᠨ ᠠᠰᠠᠭᠤᠬᠤ ᠵᠡᠷᠭᠡ ᠠᠷᠭ᠎ᠠ ᠬᠡᠯᠪᠡᠷᠢ ᠠᠪᠴᠤ᠂ ᠴᠢᠩᠱᠠᠨ ᠲᠣᠭᠤᠷᠢᠭ ᠤᠨ ᠪᠡᠶ᠎ᠡ ᠶᠢᠨ ᠲᠠᠮᠢᠷ ᠤᠨ ᠴᠡᠴᠡᠷᠯᠢᠭ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠪᠡᠶ᠎ᠡ ᠶᠢᠨ ᠲᠠᠮᠢᠷ ᠤᠨ ᠴᠡᠴᠡᠷᠯᠢᠭ ᠤᠨ ᠡᠵᠡᠯᠡᠬᠦ ᠲᠠᠯᠠᠪᠠᠢ᠂ ᠡᠩ ᠤᠨ ᠪᠥᠮᠪᠦᠭᠡ ᠶᠢᠨ ᠲᠦᠷᠦᠯ ᠤᠨ ᠲᠠᠯᠠᠪᠠᠢ᠂ ᠶᠠᠪᠠᠭᠠᠨ ᠵᠠᠮ ᠤᠨ ᠪᠦᠲᠦᠭᠡᠨ ᠪᠠᠶᠢᠭᠤᠯᠤᠯᠲᠠ᠂ ᠲᠠᠯᠠᠪᠠᠢ ᠪᠤᠯᠤᠨ ᠪᠠᠭᠠᠵᠢ ᠬᠡᠷᠡᠭᠰᠡᠯ ᠤᠨ ᠲᠠᠷᠬᠠᠯᠲᠠ᠂ ᠬᠡᠦᠬᠡᠳ ᠤᠨ ᠬᠥᠳᠡᠯᠭᠡᠭᠡᠨ ᠤ ᠲᠥᠬᠦᠭᠡᠷᠦᠮᠵᠢ ᠪᠠ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠥᠷᠨᠢᠭᠦᠯᠬᠦ ᠲᠦᠷᠦᠯ ᠵᠦᠢᠯ ᠵᠡᠷᠭᠡ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠬᠤ ᠶᠢᠨ ᠬᠠᠮᠲᠤ ᠪᠡᠶ᠎ᠡ ᠶᠢᠨ ᠲᠠᠮᠢᠷ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠳᠤ ᠰᠠᠨᠠᠯ ᠰᠠᠨᠠᠭᠤᠯᠭ᠎ᠠ ᠳᠤᠷᠠᠳᠴᠠᠢ᠃     ᠴᠢᠩᠱᠠᠨ ᠲᠣᠭᠤᠷᠢᠭ ᠤᠨ ᠰᠣᠶᠣᠯ ᠪᠡᠶ᠎ᠡ ᠲᠠᠮᠢᠷ ᠷᠠᠳᠢᠤ᠋ ᠲᠧᠯᠸᠢᠰ ᠵᠢᠭᠤᠯᠴᠢᠯᠠᠯ ᠤᠨ ᠲᠣᠪᠴᠢᠶ᠎ᠠ᠂ ᠮᠥᠰᠥ ᠴᠠᠰᠤᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠲᠦᠭᠡᠮᠡᠯᠵᠢᠭᠦᠯᠵᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠭᠵᠢᠯᠲᠡ ᠶᠢ ᠠᠬᠢᠭᠤᠯᠵᠤ᠂ ᠨᠡᠩ ᠤᠯᠠᠨ ᠬᠥᠮᠥᠰ ᠢ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠭᠤᠯᠤᠨ᠎ᠠ᠃ ᠣᠷᠴᠢᠨ ᠲᠣᠭᠤᠷᠢᠨ᠂ ᠦᠢᠯᠡᠴᠢᠯᠡᠭᠡᠨ ᠤ ᠤᠬᠠᠮᠰᠠᠷ ᠢᠶᠠᠨ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠪᠡᠶ᠎ᠡ ᠶᠢᠨ ᠲᠠᠮᠢᠷ ᠤᠨ ᠴᠡᠴᠡᠷᠯᠢᠭ ᠤᠨ ᠪᠦᠬᠦᠯᠢ ᠴᠣᠭᠴᠠ ᠶᠢᠨ ᠳᠦᠷᠰᠦ ᠪᠠᠶᠢᠳᠠᠯ ᠢ ᠳᠡᠭᠡᠭᠰᠢᠯᠡᠭᠦᠯᠦᠨ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠠᠵᠢᠯ ᠤᠨ ᠵᠢᠯᠣᠭᠤᠳᠤᠯᠭ᠎ᠠ ᠶᠢ ᠦᠷᠭᠦᠯᠵᠢᠯᠡᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠪᠡᠶ᠎ᠡ ᠶᠢᠨ ᠲᠠᠮᠢᠷ ᠤᠨ ᠴᠡᠴᠡᠷᠯᠢᠭ ᠢ ᠪᠦᠲᠦᠭᠡᠨ ᠪᠠᠶᠢᠭᠤᠯᠤᠨ᠎ᠠ ᠭᠡᠵᠦ ᠢᠯᠡᠳᠬᠡᠪᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号