ᠴᠢᠩᠱᠠᠨ ᠲᠣᠭᠤᠷᠢᠭ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/6
      3 ᠰᠠᠷ᠎ᠠ ᠶᠢᠨ 4᠎ ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠳ᠋ᠢᠩ ᠺᠠᠢ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ᠂ ᠳᠤᠮᠳᠠᠲᠦ ᠤᠯᠤᠰ ᠤᠨ ᠡᠪ ᠬᠠᠮᠲᠦ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ᠂ ᠯᠧᠢ ᠹᠧᠩ ᠎ ᠠᠴᠠ ᠰᠤᠷᠤᠯᠴᠠᠬᠤ ᠠᠵᠢᠯᠯᠠᠭ᠎ᠠ ᠎ ᠶᠢ ᠭᠦᠨᠵᠡᠭᠡᠢ ᠥᠷᠨᠢᠭᠦᠯᠬᠦ ᠲᠤᠬᠠᠢ ᠰᠢ ᠶᠢᠨ ᠫᠢᠩ ᠶᠡᠷᠦᠩᠬᠡᠢ ᠱᠦᠵᠢ ᠎ ᠶᠢᠨ ᠴᠢᠬᠤᠯᠠ ᠵᠢᠭᠠᠪᠤᠷᠢ ᠎ ᠶᠢᠨ ᠵᠣᠷᠢᠭ ᠰᠠᠨᠠᠭ᠎ᠠ᠂ ᠳᠤᠮᠳᠠᠲᠦ ᠤᠯᠤᠰ ᠤᠨ ᠡᠪ ᠬᠠᠮᠲᠦ ᠨᠠᠮ ᠤᠨ ᠲᠥᠪ ᠬᠤᠷᠢᠶᠠᠨ ᠤ ᠤᠯᠤᠰ ᠳᠣᠶᠢᠷᠪ᠊ ᠶᠢᠨ ᠲᠣᠪᠴᠢᠶᠠᠨ ᠤ ᠬᠤᠷᠠᠯᠳᠤᠭᠠᠨ ᠤ ᠵᠣᠷᠢᠭ ᠰᠠᠨᠠᠭ᠎ᠠ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠤᠱᠯᠠᠭᠤᠯᠤᠨ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ ᠴᠢᠩᠱᠠᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ︾ ᠪᠠ ᠲᠠᠪᠤᠨ ᠲᠤᠰᠬᠠᠢ ᠲᠥᠰᠥᠯ ᠢ ᠰᠤᠳᠤᠯᠤᠨ ᠬᠢᠨᠠᠨ ᠵᠥᠪᠯᠡᠵᠦ᠂ ᠠᠵᠢᠯ ᠦᠢᠯᠡᠰ ᠤᠨ ᠣᠯᠭᠤᠮᠵᠢ ᠶᠢᠨ ᠭᠡᠷ᠎ᠡ ᠶᠢᠨ ᠳᠦᠷᠢᠮ ᠲᠠᠢ ᠬᠠᠷᠢᠴᠠᠭᠤᠯᠤᠨ ᠤᠷᠢᠨ ᠬᠡᠷᠡᠭᠯᠡᠬᠦ ᠬᠥᠮᠥᠰ ᠵᠢᠴᠢ ᠣᠷᠣᠨ ᠲᠣᠭᠠᠨ ᠠᠴᠠ ᠭᠠᠳᠠᠨᠠᠬᠢ ᠠᠵᠢᠯᠲᠠᠨ ᠤ ᠵᠡᠷᠭᠡ ᠳᠡᠰ ᠢ ᠳᠡᠪᠰᠢᠭᠦᠯᠬᠦ ᠵᠡᠷᠭᠡ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠵᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠪᠦᠬᠦ ᠨᠠᠮ ᠤᠨ ᠭᠡᠰᠢᠭᠦᠨ ᠺᠠᠳ᠋ᠷᠴᠤᠳ ᠢ ᠤᠯᠠᠮ ᠴᠢᠨᠠᠭᠰᠢᠳᠠ ᠬᠥᠲᠥᠯᠥᠨ ᠵᠢᠯᠤᠭᠤᠳᠴᠤ ᠪᠠᠶᠢᠭᠠᠳ ᠨᠠᠮ ᠤᠨ ᠬᠤᠷᠢᠳᠤᠭᠠᠷ ᠶᠡᠭᠡ ᠬᠤᠷᠠᠯ ᠤᠨ ᠤᠯᠤᠰ ᠲᠦᠷᠦ᠂ ᠤᠨᠤᠯ᠂ ᠦᠢᠯᠡᠳᠦᠯᠭᠡ ᠶᠢᠨ ᠲᠠᠯ᠎ᠠ ᠪᠠᠷ ᠣᠯᠣᠭᠰᠠᠨ ᠠᠯᠢ ᠤᠯᠠᠨ ᠴᠢᠬᠤᠯᠠ ᠶᠡᠭᠡ ᠦᠷ᠎ᠡ ᠪᠦᠲᠦᠭᠡᠯ ᠢ ᠭᠦᠨᠵᠡᠭᠡᠢ ᠣᠶᠢᠯᠠᠭᠠᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠦᠨᠡᠨᠬᠦ ᠠᠵᠢᠯ ᠢᠶᠠᠨ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾᠎ ᠶᠢ ᠨᠠᠶᠢᠳᠠᠪᠤᠷᠢᠵᠢᠭᠤᠯᠬᠤ ᠶᠢ ᠨᠢᠭᠡ ᠵᠦᠢᠯ ᠤᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ ᠪᠣᠳᠠᠲᠠᠢ ᠪᠥᠭᠡᠳ ᠨᠠᠷᠢᠯᠢᠭ ᠠᠳᠬᠤᠵᠤ᠂ ᠠᠮᠵᠢᠯᠲᠠ ᠪᠦᠲᠦᠮᠵᠢ ᠭᠠᠷᠭᠠᠬᠤ ᠪᠠᠷ ᠬᠦᠴᠦᠯᠡᠨ ᠴᠢᠷᠮᠠᠶᠢᠬᠤ ᠬᠡᠷᠡᠭᠲᠡᠢ᠃ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠲᠠᠨᠢᠵᠤ᠂ ᠶᠡᠷᠦᠩᠬᠡᠢ ᠱᠦᠵᠢ ᠶᠢᠨ ︽ᠨᠢᠭᠡ ᠶᠢ ᠡᠭᠦᠳᠬᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠪᠠᠷ ᠵᠢᠯᠣᠭᠤᠳᠤᠯᠭ᠎ᠠ ᠪᠣᠯᠭᠠᠵᠤ᠂ ᠪᠦᠬᠦ ᠣᠷᠣᠨ ᠪᠦᠬᠦ ᠬᠤᠳᠠ ᠶᠢᠨ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ ᠶᠢᠨ ᠭᠠᠷᠳᠠᠬᠤ ᠴᠡᠭ ᠪᠠ ᠬᠦᠴᠦᠯᠡᠬᠦ ᠴᠡᠭ ᠢ ᠣᠨᠣᠪᠴᠢᠲᠠᠢ ᠡᠷᠢᠨ ᠣᠯᠵᠤ᠂ ᠦᠨᠡᠨᠬᠦ ᠠᠳᠬᠤᠨ ᠪᠣᠳᠠᠲᠠᠢ ᠠᠵᠢᠯᠯᠠᠬᠤ᠂ ᠴᠢᠳᠠᠮᠠᠭᠠᠢ ᠪᠠᠷ ᠬᠢᠵᠦ ᠴᠢᠳᠠᠮᠠᠭᠠᠢ ᠪᠠᠷ ᠪᠦᠲᠦᠭᠡᠬᠦ ᠪᠣᠳᠠᠲᠤ ᠠᠵᠢᠯᠯᠠᠭ᠎ᠠ ᠪᠠᠷ ᠢᠶᠠᠨ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠯᠧᠢ ᠹᠧᠩ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ︽ᠤᠮᠠᠷᠠᠲᠤ ᠬᠢᠯᠢ ᠶᠢᠨ ᠦᠯᠢᠭᠡᠷ ᠳᠠᠭᠤᠷᠢᠶᠠᠯ︾᠎ ᠠᠴᠠ ᠰᠤᠷᠤᠯᠴᠠᠬᠤ᠂ ︽ᠪᠤᠭᠤᠲᠤ ᠪᠠᠨ ᠬᠠᠶᠢᠷᠠᠯᠠᠵᠦ᠂ ᠬᠤᠪᠢ ᠨᠡᠮᠡᠷᠢ ᠦᠵᠡᠭᠦᠯᠬᠦ︾ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠶᠢᠨ ᠲᠠᠪᠴᠠᠩ ᠠᠴᠢᠶᠠᠯᠠᠪᠤᠷᠢ ᠶᠢ ᠦᠷᠭᠦᠯᠵᠢᠯᠡᠨ ᠪᠠᠶᠠᠯᠢᠭᠵᠢᠭᠤᠯᠤᠨ ᠥᠷᠭᠡᠳᠬᠡᠵᠦ᠂ ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠡᠩᠨᠡᠭᠡ ᠶᠢ ᠬᠥᠭᠵᠢᠭᠦᠯᠦᠨ ᠪᠤᠵᠠᠭᠠᠶᠢᠷᠠᠭᠤᠯᠵᠤ᠂ ᠨᠡᠩ ᠤᠯᠠᠨ ᠲᠡᠷᠢᠭᠦᠨ ᠤ ᠦᠢᠯᠡ ᠠᠵᠢᠯᠯᠠᠭ᠎ᠠ ᠪᠠ ᠬᠡᠷᠡᠭ ᠤᠨ ᠵᠢᠱᠢᠶ᠎ᠡ ᠶᠢ ᠠᠭᠤᠳᠠᠯᠵᠤ᠂ ᠨᠡᠩ ᠤᠯᠠᠨ ᠴᠢᠩᠱᠠᠨ ᠤ ᠲᠤᠷᠰᠢᠯᠭ᠎ᠠ ᠪᠠ ᠨᠡᠷᠡᠲᠤ ᠲᠡᠮᠳᠡᠭ ᠤᠨ ᠬᠡᠪ ᠳᠠᠭᠤᠷᠢᠶᠠᠯ ᠢ ᠭᠠᠷᠭᠠᠬᠤ ᠬᠡᠷᠡᠭᠲᠡᠢ᠃ ︽ᠬᠤᠶᠠᠷ ᠰᠢᠨ᠎ᠡ︾ ︽ᠭᠤᠷᠪᠠ ᠶᠢ ᠴᠢᠷᠮᠠᠶᠢᠨ ᠣᠯᠬᠤ︾ ︽ᠬᠤᠶᠠᠷ ᠢ ᠤᠷᠢᠵᠦ ᠬᠤᠶᠠᠷ ᠢ ᠲᠠᠲᠠᠵᠤ ᠨᠢᠭᠡ ᠶᠢ ᠰᠢᠯᠢᠳᠡᠭᠵᠢᠭᠦᠯᠬᠦ︾ ᠵᠡᠷᠭᠡ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠨᠢᠭᠡ ᠪᠦᠯᠦᠭ ᠲᠣᠮᠣ ᠲᠥᠷᠥᠯ ᠵᠦᠢᠯ ᠰᠠᠶᠢᠨ ᠲᠥᠷᠥᠯ ᠵᠦᠢᠯ ᠤᠨ ᠲᠥᠪᠯᠡᠷᠡᠭᠦᠯᠦᠨ ᠭᠡᠷ᠎ᠡ ᠲᠣᠭᠲᠠᠬᠤ᠂ ᠲᠥᠪᠯᠡᠷᠡᠭᠦᠯᠦᠨ ᠠᠵᠢᠯ ᠡᠬᠢᠯᠡᠭᠦᠯᠬᠦ ᠶᠢ ᠱᠠᠯᠠᠪᠳᠠᠨ ᠠᠬᠢᠭᠤᠯᠬᠤ ᠬᠡᠷᠡᠭᠲᠡᠢ᠃ ᠺᠠᠳ᠋ᠷ ᠢ ᠤᠷᠮᠠᠰᠢᠭᠤᠯᠤᠨ ᠵᠣᠷᠢᠭᠵᠢᠭᠤᠯᠬᠤ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠤᠨᠢᠨ ᠳᠡᠭᠡᠷ᠎ᠡ ᠨᠢ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ᠂ ᠠᠵᠢᠯ ᠬᠢᠵᠦ ᠦᠢᠯᠡᠰ ᠪᠣᠰᠬᠠᠬᠤ ᠰᠠᠶᠢᠨ ᠰᠠᠶᠢᠬᠠᠨ ᠣᠷᠴᠢᠨ ᠲᠣᠭᠤᠷᠢᠨ ᠢ ᠢᠳᠡᠪᠬᠢᠲᠡᠢ ᠪᠤᠢ ᠪᠣᠯᠭᠠᠬᠤ ᠬᠡᠷᠡᠭᠲᠡᠢ᠃ ᠡᠯ᠎ᠡ ᠬᠦᠷᠢᠶᠡᠨ ᠤ ᠠᠶᠤᠯ ᠲᠦᠭᠰᠢᠭᠦᠷᠢ ᠶᠢᠨ ᠬᠡᠮ ᠰᠣᠭᠤᠭ ᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠬᠦᠴᠦᠯᠡᠨ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号