ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ    ᠳᠠᠯᠳᠠ ᠬᠡᠮ ᠢ ᠠᠷᠢᠯᠭᠠᠨ᠎ᠠ
ᠨᠡᠶᠢᠲᠡᠯᠡᠭᠰᠡᠨ ᠴᠠᠭ᠄
2023/3/6
      ᠬᠠᠷᠢᠶᠠᠲᠤ ᠣᠷᠣᠨ ᠤ ᠰᠠᠭᠤᠭᠠᠯᠢ ᠠᠷᠠᠳ ᠪᠠ ᠨᠢᠭᠡᠴᠡ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠪᠠ ᠬᠠᠷᠢᠭᠤᠴᠠᠯᠭ᠎ᠠ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ ᠲᠥᠷᠥᠯ ᠤᠨ ᠠᠮᠤᠷ ᠲᠦᠪᠰᠢᠨ ᠤ ᠬᠡᠮ ᠰᠣᠭᠤᠭ ᠢ ᠠᠷᠢᠯᠭᠠᠵᠤ᠂ ᠪᠥᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠤ ᠬᠠᠷᠢᠶᠠᠲᠤ ᠣᠷᠣᠨ ᠤ ᠠᠮᠤᠷ ᠲᠦᠪᠰᠢᠨ ᠲᠣᠭᠲᠠᠭᠤᠨ ᠪᠠᠶᠢᠬᠤ ᠶᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠲᠠᠯ᠎ᠠ ᠨᠤᠲᠤᠭ ᠤᠨ ᠨᠡᠶᠢᠭᠡᠮ ᠲᠣᠭᠤᠷᠢᠭ ᠤᠨ ᠬᠢᠨ ᠬᠠᠷᠢᠶᠠᠲᠤ ᠣᠷᠣᠨ ᠳᠠᠭᠠᠨ ᠣᠯᠠᠨ ᠵᠦᠢᠯ ᠤᠨ ᠬᠡᠯᠪᠡᠷᠢ ᠶᠢᠨ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠥᠷᠨᠢᠭᠦᠯᠪᠡ᠃     ᠥᠷᠭᠡᠨ ᠢᠶᠠᠷ ᠤᠬᠠᠭᠤᠯᠵᠤ᠂ ᠦᠵᠡᠯ ᠤᠬᠠᠮᠰᠠᠷ ᠢᠶᠠᠨ ᠴᠢᠩᠭᠠᠳᠬᠠᠨ᠎ᠠ᠃ ᠠᠰᠠᠷ ᠤᠨ ᠡᠭᠦᠳᠡᠨ ᠳᠤ ᠭᠠᠯ ᠤᠨ ᠭᠠᠮᠰᠢᠭ ᠤᠨ ᠳᠠᠯᠳᠠ ᠬᠡᠮ ᠢ ᠰᠡᠷᠭᠡᠶᠢᠯᠡᠬᠦ ᠬᠠᠯᠠᠭᠤᠨ ᠳᠣᠲᠣᠨᠣ ᠰᠠᠨᠠᠭᠤᠯᠤᠮᠵᠢ ᠶᠢ ᠥᠷᠭᠡᠨ ᠢᠶᠠᠷ ᠨᠠᠭᠠᠵᠤ᠂ ᠸᠢᠴᠠᠲ ᠤᠨ ᠨᠡᠶᠢᠲᠡ ᠶᠢᠨ ᠳ᠋ᠤᠭᠠᠷ ᠪᠠ ᠰᠠᠭᠤᠭᠠᠯᠢ ᠠᠷᠠᠳ ᠤᠨ ᠪᠦᠯᠦᠭᠯᠡᠯ ᠢ ᠠᠰᠢᠭᠯᠠᠨ ᠲᠣᠭᠤᠭᠠᠨ ᠭᠡᠷ ᠲᠤ ᠭᠠᠯ ᠬᠡᠷᠡᠭᠯᠡᠬᠦ᠂ ᠰᠢᠲᠠᠮᠠᠬᠠᠢ ᠬᠡᠢ ᠬᠡᠷᠡᠭᠯᠡᠬᠦ ᠵᠡᠷᠭᠡ ᠠᠮᠤᠷ ᠲᠦᠪᠰᠢᠨ ᠤ ᠮᠡᠳᠡᠯᠭᠡ ᠶᠢ ᠣᠯᠠᠨ ᠳᠤ ᠤᠬᠠᠭᠤᠯᠵᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠦᠵᠡᠯ ᠤᠬᠠᠮᠰᠠᠷ ᠢ ᠨᠡᠮᠡᠭᠳᠡᠭᠦᠯᠦᠨ᠂ ᠠᠮᠤᠷ ᠲᠦᠪᠰᠢᠨ ᠤ ᠳᠠᠯᠳᠠ ᠬᠡᠮ ᠡᠭᠦᠰᠬᠦ ᠶᠢ ᠡᠷᠡᠰ ᠬᠤᠷᠢᠭᠯᠠᠨ᠎ᠠ᠃      ᠬᠠᠮᠲᠤᠷᠠᠨ ᠪᠠᠶᠢᠴᠠᠭᠠᠵᠤ᠂ ᠳᠠᠷᠤᠢ ᠳᠤᠨᠢ ᠬᠡᠷᠡᠭᠵᠢᠭᠦᠯᠵᠦ ᠳᠠᠷᠤᠢ ᠳᠤᠨᠢ ᠥᠭᠡᠷᠡᠴᠢᠯᠡᠪᠡ᠃ ᠨᠡᠶᠢᠭᠡᠮ ᠲᠣᠭᠤᠷᠢᠭ ᠤᠨ ᠬᠢᠨ ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠵᠢᠵᠢᠭ ᠲᠣᠭᠤᠷᠢᠭ ᠤᠨ ᠠᠰᠠᠷ ᠤᠨ ᠬᠤᠩᠭᠢᠯ ᠤᠨ ᠵᠠᠮ ᠡᠵᠡᠯᠡᠬᠦ᠂ ᠠᠮᠠᠷᠬᠠᠨ ᠰᠢᠲᠠᠬᠤ ᠪᠣᠳᠠᠰ ᠣᠪᠣᠭᠠᠯᠠᠬᠤ᠂ ᠡᠯᠳᠡᠪ ᠪᠣᠳᠠᠰ ᠣᠪᠣᠭᠠᠯᠠᠬᠤ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠤᠲᠠᠰᠤ ᠪᠠᠷ ᠴᠠᠬᠢᠯᠭᠠᠨ ᠴᠡᠨᠡᠭᠯᠡᠬᠦ ᠵᠡᠷᠭᠡ ᠦᠵᠡᠭᠳᠡᠯ ᠳᠤ ᠭᠤᠣᠯᠳᠠᠯᠭ᠎ᠠ ᠲᠠᠢ ᠪᠠᠶᠢᠴᠠᠭᠠᠯᠲᠠ ᠬᠢᠪᠡ᠃ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠠᠰᠠᠷ ᠤᠨ ᠡᠮᠦᠨ᠎ᠡ ᠶᠠᠭᠤᠮ᠎ᠠ ᠬᠡᠦᠮ᠎ᠡ ᠣᠪᠣᠭᠠᠯᠠᠵᠤ ᠲᠠᠯᠪᠢᠭᠰᠠᠨ ᠪᠠᠶᠢᠳᠠᠯ ᠢ ᠡᠷᠦᠬᠡ ᠳᠠᠷᠠᠭᠠᠯᠠᠨ ᠢᠳᠬᠠᠵᠤ᠂ ᠶᠠᠭᠤᠮ᠎ᠠ ᠬᠡᠦᠮ᠎ᠡ ᠣᠪᠣᠭᠠᠯᠠᠵᠤ ᠲᠠᠯᠪᠢᠬᠤ ᠶᠢᠨ ᠠᠶᠤᠯᠲᠤ ᠴᠢᠨᠠᠷ ᠢ ᠮᠡᠳᠡᠭᠳᠡᠬᠦ ᠶᠢᠨ ᠬᠠᠮᠲᠤ ᠰᠠᠭᠤᠭᠠᠯᠢ ᠠᠷᠠᠳ ᠢ ᠬᠠᠪᠰᠤᠷᠤᠨ ᠴᠡᠪᠡᠷᠯᠡᠪᠡ᠃      ᠭᠤᠣᠯᠳᠠᠯᠭ᠎ᠠ ᠲᠠᠢ ᠪᠠᠷ ᠠᠩᠬᠠᠷᠴᠤ᠂ ᠳᠠᠯᠳᠠ ᠭᠡᠮ ᠢ ᠠᠷᠢᠯᠭᠠᠨ᠎ᠠ᠃ ᠨᠡᠶᠢᠭᠡᠮ ᠲᠣᠭᠤᠷᠢᠭ ᠤᠨ ᠠᠵᠢᠯᠲᠠᠳ ᠪᠠᠰᠠ ᠬᠠᠷᠢᠶ᠎ᠠ ᠣᠷᠣᠨ ᠤ ᠪᠠᠨ ᠬᠤᠳᠠᠯᠳᠤᠭᠠᠨ ᠤ ᠫᠦᠰᠡᠨ ᠳᠠᠬᠢ ᠬᠠᠮᠢᠶ᠎ᠠ ᠪᠦᠬᠦᠢ ᠭᠠᠯ ᠤᠨᠲᠠᠷᠠᠭᠠᠬᠤ ᠲᠥᠬᠦᠭᠡᠷᠦᠮᠵᠢ᠂ ᠭᠠᠯ ᠤᠨᠲᠠᠷᠠᠭᠠᠬᠤ ᠪᠠᠭᠠᠵᠢ ᠬᠡᠷᠡᠭᠰᠡᠯ᠂ ᠲᠠᠷᠬᠠᠭᠠᠨ ᠶᠠᠪᠤᠭᠤᠯᠬᠤ ᠵᠠᠮ ᠰᠠᠭᠠᠳ ᠦᠭᠡᠢ ᠨᠡᠪᠲᠡᠷᠡᠭᠰᠡᠨ ᠡᠰᠡᠬᠦ᠂ ᠠᠶᠦᠯᠭᠦᠢ ᠭᠠᠷᠬᠤ ᠵᠠᠮ ᠪᠥᠭᠯᠡᠷᠡᠭᠰᠡᠨ ᠡᠰᠡᠬᠦ ᠵᠡᠷᠭᠡ ᠪᠠᠶᠢᠳᠠᠯ ᠳᠤ ᠪᠠᠶᠢᠴᠠᠭᠠᠯᠲᠠ ᠬᠢᠵᠦ᠂ ᠴᠠᠬᠢᠯᠭᠠᠨ ᠤᠲᠠᠰᠤ ᠬᠠᠭᠤᠴᠢᠷᠠᠵᠤ ᠪᠠᠶᠢᠬᠤ ᠡᠰᠡᠬᠦ᠂ ᠭᠠᠯ ᠤᠨᠲᠠᠷᠠᠭᠠᠬᠤ ᠬᠡᠷᠡᠭᠰᠡᠯ ᠢ ᠬᠡᠪ ᠢᠶᠠᠷ ᠬᠡᠷᠡᠭᠯᠡᠵᠦ ᠪᠠᠶᠢᠬᠤ ᠡᠰᠡᠬᠦ ᠶᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ ᠶᠢᠨ ᠬᠠᠮᠲᠤ ᠡᠵᠡᠩᠨᠡᠭᠴᠢᠳ ᠠᠶᠤᠯᠭᠦᠢ ᠶᠢᠨ ᠤᠬᠠᠮᠰᠠᠷ ᠪᠠ ᠭᠠᠯ ᠤᠨ ᠠᠶᠤᠯ ᠤᠨ ᠳᠠᠯᠳᠠ ᠭᠡᠮ ᠢ ᠥᠪᠡᠰᠦᠪᠡᠨ ᠪᠠᠶᠢᠴᠠᠭᠠᠬᠤ᠂ ᠥᠪᠡᠰᠦᠪᠡᠨ ᠵᠠᠯᠠᠷᠠᠭᠤᠯᠬᠤ ᠴᠢᠳᠠᠪᠤᠷᠢ ᠪᠠᠨ ᠳᠡᠭᠡᠭᠰᠢᠯᠡᠭᠦᠯᠵᠦ᠂ ᠡᠳᠦᠷ ᠲᠤᠳᠤᠮ ᠤᠨ ᠦᠢᠯᠡᠳᠪᠦᠷᠢᠯᠡᠯ ᠤᠨ ᠠᠶᠤᠯᠭᠦᠢ ᠶᠢᠨ ᠪᠠᠶᠢᠴᠠᠭᠠᠯᠲᠠ ᠶᠢ ᠰᠠᠶᠢᠲᠤᠷ ᠬᠢᠵᠦ᠂ ᠠᠶᠤᠯᠭᠦᠢ ᠶᠢᠨ ᠳᠠᠯᠳᠠ ᠭᠡᠮ ᠢ ᠴᠠᠭ ᠲᠤᠬᠠᠢ ᠳᠤᠨᠢ ᠠᠷᠢᠯᠭᠠᠬᠤ ᠬᠡᠷᠡᠭᠲᠡᠢ ᠭᠡᠵᠦ ᠬᠤᠳᠠᠯᠳᠤᠭᠠᠴᠢᠳ ᠲᠤ ᠰᠠᠨᠠᠭᠤᠯᠪᠠ᠃      ᠲᠠᠷᠠᠭᠠᠴᠢ ᠶᠢᠨ ᠠᠯᠬᠤᠮ ᠳᠤ᠂ ᠨᠡᠶᠢᠭᠡᠮ ᠲᠣᠭᠤᠷᠢᠭ ᠤᠨ ᠬᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠬᠡᠮ ᠰᠣᠭᠤᠭ ᠢ ᠪᠠᠶᠢᠴᠠᠭᠠᠨ ᠵᠠᠰᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠠᠭᠤᠭᠠᠯᠢ ᠠᠷᠠᠳ ᠢ ᠬᠥᠲᠥᠯᠥᠨ ᠵᠢᠯᠤᠭᠤᠳᠴᠤ ᠪᠠᠶᠢᠭᠠᠳ ᠠᠮᠤᠷ ᠲᠦᠪᠰᠢᠨ ᠤ ᠣᠶᠢᠯᠠᠭᠠᠭᠳᠠᠬᠤᠨ ᠢ ᠦᠨᠡᠨᠬᠦ ᠳᠡᠭᠡᠭᠰᠢᠯᠡᠭᠦᠯᠵᠦ᠂ ᠡᠯ᠎ᠡ ᠲᠥᠷᠥᠯ ᠤᠨ ᠠᠳᠡᠯ ᠭᠠᠷᠬᠤ ᠶᠢ ᠡᠷᠡᠰ ᠬᠤᠷᠢᠭᠯᠠᠵᠤ᠂ ︽ᠬᠤᠶᠠᠷ ᠬᠤᠷᠠᠯ︾ ᠤᠨ ᠠᠮᠵᠢᠯᠲᠠ ᠲᠠᠢ ᠬᠤᠷᠠᠯᠳᠤᠬᠤ ᠳᠤ ᠠᠮᠤᠷ ᠲᠦᠪᠰᠢᠨ᠂ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号