ᠴᠢᠩᠱᠠᠨ ᠲᠣᠭᠤᠷᠢᠭ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/6
      3 ᠰᠠᠷ᠎ᠠ ᠶᠢᠨ 4 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠳ᠋ᠢᠩ ᠺᠠᠢ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ᠂ ᠳᠤᠮᠳᠠᠲᠦ ᠤᠯᠤᠰ ᠤᠨ ᠡᠪ ᠬᠠᠮᠲᠦ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ᠂ ᠯᠧᠢ ᠹᠧᠩ  ᠠᠴᠠ ᠰᠤᠷᠤᠯᠴᠠᠬᠤ ᠠᠵᠢᠯᠯᠠᠭ᠎ᠠ  ᠶᠢ ᠭᠦᠨᠵᠡᠭᠡᠢ ᠥᠷᠨᠢᠭᠦᠯᠬᠦ ᠲᠤᠬᠠᠢ ᠰᠢ ᠶᠢᠨ ᠫᠢᠩ ᠶᠡᠷᠦᠩᠬᠡᠢ ᠱᠦᠵᠢ  ᠶᠢᠨ ᠴᠢᠬᠤᠯᠠ ᠵᠢᠭᠠᠪᠤᠷᠢ  ᠶᠢᠨ ᠵᠣᠷᠢᠭ ᠰᠠᠨᠠᠭ᠎ᠠ᠂ ᠳᠤᠮᠳᠠᠲᠦ ᠤᠯᠤᠰ ᠤᠨ ᠡᠪ ᠬᠠᠮᠲᠦ ᠨᠠᠮ ᠤᠨ ᠲᠥᠪ ᠬᠤᠷᠢᠶᠠᠨ ᠤ ᠤᠯᠤᠰ ᠳᠣᠶᠢᠷᠪ᠊ ᠶᠢᠨ ᠲᠣᠪᠴᠢᠶᠠᠨ ᠤ ᠬᠤᠷᠠᠯᠳᠤᠭᠠᠨ ᠤ ᠵᠣᠷᠢᠭ ᠰᠠᠨᠠᠭ᠎ᠠ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠤᠱᠯᠠᠭᠤᠯᠤᠨ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ ᠴᠢᠩᠱᠠᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ︾ ᠪᠠ ᠲᠠᠪᠤᠨ ᠲᠤᠰᠬᠠᠢ ᠲᠥᠰᠥᠯ ᠢ ᠰᠤᠳᠤᠯᠤᠨ ᠬᠢᠨᠠᠨ ᠵᠥᠪᠯᠡᠵᠦ᠂ ᠠᠵᠢᠯ ᠦᠢᠯᠡᠰ ᠤᠨ ᠣᠯᠭᠤᠮᠵᠢ ᠶᠢᠨ ᠭᠡᠷ᠎ᠡ ᠶᠢᠨ ᠳᠦᠷᠢᠮ ᠲᠠᠢ ᠬᠠᠷᠢᠴᠠᠭᠤᠯᠤᠨ ᠤᠷᠢᠨ ᠬᠡᠷᠡᠭᠯᠡᠬᠦ ᠬᠥᠮᠥᠰ ᠵᠢᠴᠢ ᠣᠷᠣᠨ ᠲᠣᠭᠠᠨ ᠠᠴᠠ ᠭᠠᠳᠠᠨᠠᠬᠢ ᠠᠵᠢᠯᠲᠠᠨ ᠤ ᠵᠡᠷᠭᠡ ᠳᠡᠰ ᠢ ᠳᠡᠪᠰᠢᠭᠦᠯᠬᠦ ᠵᠡᠷᠭᠡ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠵᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠪᠦᠬᠦ ᠨᠠᠮ ᠤᠨ ᠭᠡᠰᠢᠭᠦᠨ ᠺᠠᠳ᠋ᠷᠴᠤᠳ ᠢ ᠤᠯᠠᠮ ᠴᠢᠨᠠᠭᠰᠢᠳᠠ ᠬᠥᠲᠥᠯᠥᠨ ᠵᠢᠯᠤᠭᠤᠳᠴᠤ ᠪᠠᠶᠢᠭᠠᠳ ᠨᠠᠮ ᠤᠨ ᠬᠤᠷᠢᠳᠤᠭᠠᠷ ᠶᠡᠭᠡ ᠬᠤᠷᠠᠯ ᠤᠨ ᠤᠯᠤᠰ ᠲᠦᠷᠦ᠂ ᠤᠨᠤᠯ᠂ ᠦᠢᠯᠡᠳᠦᠯᠭᠡ ᠶᠢᠨ ᠲᠠᠯ᠎ᠠ ᠪᠠᠷ ᠣᠯᠣᠭᠰᠠᠨ ᠠᠯᠢ ᠤᠯᠠᠨ ᠴᠢᠬᠤᠯᠠ ᠶᠡᠭᠡ ᠦᠷ᠎ᠡ ᠪᠦᠲᠦᠭᠡᠯ ᠢ ᠭᠦᠨᠵᠡᠭᠡᠢ ᠣᠶᠢᠯᠠᠭᠠᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠦᠨᠡᠨᠬᠦ ᠠᠵᠢᠯ ᠢᠶᠠᠨ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠶᠢ ᠨᠢᠭᠡ ᠵᠦᠢᠯ ᠤᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ ᠪᠣᠳᠠᠲᠠᠢ ᠪᠥᠭᠡᠳ ᠨᠠᠷᠢᠯᠢᠭ ᠠᠳᠬᠤᠵᠤ᠂ ᠠᠮᠵᠢᠯᠲᠠ ᠪᠦᠲᠦᠮᠵᠢ ᠭᠠᠷᠭᠠᠬᠤ ᠪᠠᠷ ᠬᠦᠴᠦᠯᠡᠨ ᠴᠢᠷᠮᠠᠶᠢᠬᠤ ᠬᠡᠷᠡᠭᠲᠡᠢ᠃ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠲᠠᠨᠢᠵᠤ᠂ ᠶᠡᠷᠦᠩᠬᠡᠢ ᠱᠦᠵᠢ ᠶᠢᠨ ︽ᠨᠢᠭᠡ ᠶᠢ ᠡᠭᠦᠳᠬᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠪᠠᠷ ᠵᠢᠯᠣᠭᠤᠳᠤᠯᠭ᠎ᠠ ᠪᠣᠯᠭᠠᠵᠤ᠂ ᠪᠦᠬᠦ ᠣᠷᠣᠨ ᠪᠦᠬᠦ ᠬᠤᠳᠠ ᠶᠢᠨ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ ᠶᠢᠨ ᠭᠠᠷᠳᠠᠬᠤ ᠴᠡᠭ ᠪᠠ ᠬᠦᠴᠦᠯᠡᠬᠦ ᠴᠡᠭ ᠢ ᠣᠨᠣᠪᠴᠢᠲᠠᠢ ᠡᠷᠢᠨ ᠣᠯᠵᠤ᠂ ᠦᠨᠡᠨᠬᠦ ᠠᠳᠬᠤᠨ ᠪᠣᠳᠠᠲᠠᠢ ᠠᠵᠢᠯᠯᠠᠬᠤ᠂ ᠴᠢᠳᠠᠮᠠᠭᠠᠢ ᠪᠠᠷ ᠬᠢᠵᠦ ᠴᠢᠳᠠᠮᠠᠭᠠᠢ ᠪᠠᠷ ᠪᠦᠲᠦᠭᠡᠬᠦ ᠪᠣᠳᠠᠲᠤ ᠠᠵᠢᠯᠯᠠᠭ᠎ᠠ ᠪᠠᠷ ᠢᠶᠠᠨ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠯᠧᠢ ᠹᠧᠩ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ︽ᠤᠮᠠᠷᠠᠲᠤ ᠬᠢᠯᠢ ᠶᠢᠨ ᠦᠯᠢᠭᠡᠷ ᠳᠠᠭᠤᠷᠢᠶᠠᠯ︾ ᠠᠴᠠ ᠰᠤᠷᠤᠯᠴᠠᠬᠤ᠂ ︽ᠪᠤᠭᠤᠲᠤ ᠪᠠᠨ ᠬᠠᠶᠢᠷᠠᠯᠠᠵᠦ᠂ ᠬᠤᠪᠢ ᠨᠡᠮᠡᠷᠢ ᠦᠵᠡᠭᠦᠯᠬᠦ︾ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠶᠢᠨ ᠲᠠᠪᠴᠠᠩ ᠠᠴᠢᠶᠠᠯᠠᠪᠤᠷᠢ ᠶᠢ ᠦᠷᠭᠦᠯᠵᠢᠯᠡᠨ ᠪᠠᠶᠠᠯᠢᠭᠵᠢᠭᠤᠯᠤᠨ ᠥᠷᠭᠡᠳᠬᠡᠵᠦ᠂ ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠡᠩᠨᠡᠭᠡ ᠶᠢ ᠬᠥᠭᠵᠢᠭᠦᠯᠦᠨ ᠪᠤᠵᠠᠭᠠᠶᠢᠷᠠᠭᠤᠯᠵᠤ᠂ ᠨᠡᠩ ᠤᠯᠠᠨ ᠲᠡᠷᠢᠭᠦᠨ ᠤ ᠦᠢᠯᠡ ᠠᠵᠢᠯᠯᠠᠭ᠎ᠠ ᠪᠠ ᠬᠡᠷᠡᠭ ᠤᠨ ᠵᠢᠱᠢᠶ᠎ᠡ ᠶᠢ ᠠᠭᠤᠳᠠᠯᠵᠤ᠂ ᠨᠡᠩ ᠤᠯᠠᠨ ᠴᠢᠩᠱᠠᠨ ᠤ ᠲᠤᠷᠰᠢᠯᠭ᠎ᠠ ᠪᠠ ᠨᠡᠷᠡᠲᠤ ᠲᠡᠮᠳᠡᠭ ᠤᠨ ᠬᠡᠪ ᠳᠠᠭᠤᠷᠢᠶᠠᠯ ᠢ ᠭᠠᠷᠭᠠᠬᠤ ᠬᠡᠷᠡᠭᠲᠡᠢ᠃ ︽ᠬᠤᠶᠠᠷ ᠰᠢᠨ᠎ᠡ︾ ︽ᠭᠤᠷᠪᠠ ᠶᠢ ᠴᠢᠷᠮᠠᠶᠢᠨ ᠣᠯᠬᠤ︾ ︽ᠬᠤᠶᠠᠷ ᠢ ᠤᠷᠢᠵᠦ ᠬᠤᠶᠠᠷ ᠢ ᠲᠠᠲᠠᠵᠤ ᠨᠢᠭᠡ ᠶᠢ ᠰᠢᠯᠢᠳᠡᠭᠵᠢᠭᠦᠯᠬᠦ︾ ᠵᠡᠷᠭᠡ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠨᠢᠭᠡ ᠪᠦᠯᠦᠭ ᠲᠣᠮᠣ ᠲᠥᠷᠥᠯ ᠵᠦᠢᠯ ᠰᠠᠶᠢᠨ ᠲᠥᠷᠥᠯ ᠵᠦᠢᠯ ᠤᠨ ᠲᠥᠪᠯᠡᠷᠡᠭᠦᠯᠦᠨ ᠭᠡᠷ᠎ᠡ ᠲᠣᠭᠲᠠᠬᠤ᠂ ᠲᠥᠪᠯᠡᠷᠡᠭᠦᠯᠦᠨ ᠠᠵᠢᠯ ᠡᠬᠢᠯᠡᠭᠦᠯᠬᠦ ᠶᠢ ᠱᠠᠯᠠᠪᠳᠠᠨ ᠠᠬᠢᠭᠤᠯᠬᠤ ᠬᠡᠷᠡᠭᠲᠡᠢ᠃ ᠺᠠᠳ᠋ᠷ ᠢ ᠤᠷᠮᠠᠰᠢᠭᠤᠯᠤᠨ ᠵᠣᠷᠢᠭᠵᠢᠭᠤᠯᠬᠤ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠤᠨᠢᠨ ᠳᠡᠭᠡᠷ᠎ᠡ ᠨᠢ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ᠂ ᠠᠵᠢᠯ ᠬᠢᠵᠦ ᠦᠢᠯᠡᠰ ᠪᠣᠰᠬᠠᠬᠤ ᠰᠠᠶᠢᠨ ᠰᠠᠶᠢᠬᠠᠨ ᠣᠷᠴᠢᠨ ᠲᠣᠭᠤᠷᠢᠨ ᠢ ᠢᠳᠡᠪᠬᠢᠲᠡᠢ ᠪᠤᠢ ᠪᠣᠯᠭᠠᠬᠤ ᠬᠡᠷᠡᠭᠲᠡᠢ᠃ ᠡᠯ᠎ᠡ ᠬᠦᠷᠢᠶᠡᠨ ᠤ ᠠᠶᠤᠯ ᠲᠦᠭᠰᠢᠭᠦᠷᠢ ᠶᠢᠨ ᠬᠡᠮ ᠰᠣᠭᠤᠭ ᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠬᠦᠴᠦᠯᠡᠨ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号