2023 ᠣᠨ ᠤ ᠨᠢᠭᠲᠠᠯᠠᠨ ᠪᠤᠳᠤᠭᠴᠢ ᠶᠢᠨ ᠮᠡᠳᠡᠭᠡ ᠵᠠᠩᠭᠢ ᠶᠢᠨ ᠶᠠᠰᠤ ᠴᠢᠨᠠᠷ ᠤᠨ ᠪᠠᠶᠢᠴᠠᠭᠠᠯᠲᠠ ᠶᠢ ᠪᠠᠶᠢᠴᠠᠭᠠᠬᠤ ᠠᠴᠠ ᠡᠮᠦᠨᠡᠬᠢ ᠵᠠᠷᠯᠠᠯ
ᠨᠡᠶᠢᠲᠡᠯᠡᠭᠰᠡᠨ ᠴᠠᠭ᠄
2023/3/7
      ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠨᠢᠭᠲᠠᠯᠠᠨ ᠪᠤᠳᠤᠭᠴᠢ ᠶᠢᠨ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠭᠡᠵᠦ᠂ ᠨᠢᠭᠲᠠᠯᠠᠨ ᠪᠤᠳᠤᠭᠴᠢ ᠶᠢᠨ ᠬᠢᠨᠠᠯᠲᠠ ᠲᠠᠯᠪᠢᠯᠲᠠ ᠶᠢᠨ ᠦᠢᠯᠡᠴᠢᠯᠡᠭᠡᠨ ᠤ ᠬᠤᠷᠸ᠎ᠠ ᠲᠣᠬᠢᠷᠠᠭᠤᠯᠤᠯ ᠡᠵᠡᠮᠳᠡᠯ ᠪᠠ ᠡᠳ᠋ ᠤᠨ ᠵᠠᠰᠠᠭ ᠤᠨ ᠬᠠᠮᠢᠶᠠᠷᠤᠯᠲᠠ ᠶᠢᠨ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠨᠢᠭᠲᠠᠯᠠᠨ ᠪᠤᠳᠤᠭᠴᠢ ᠶᠢᠨ ᠮᠡᠳᠡᠭᠡ ᠵᠠᠩᠭᠢ ᠶᠢᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠦᠯᠦᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠢᠭᠲᠠᠯᠠᠨ ᠪᠤᠳᠤᠭᠴᠢ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠥᠪ ᠤᠨ ᠬᠠᠤᠯᠢ︾  ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠥᠪ ᠤᠨ ᠬᠠᠤᠯᠢ ᠶᠢ ᠬᠡᠷᠡᠭᠵᠢᠭᠦᠯᠬᠦ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠮᠠᠨ ᠤ ᠲᠤᠭᠤᠷᠢᠭ ᠤᠨ ᠪᠣᠳᠠᠲᠠᠢ ᠲᠠᠢ ᠪᠠᠨ ᠤᠶᠠᠯᠳᠤᠭᠤᠯᠤᠨ᠂ 2023 ᠣᠨ ᠤ ᠨᠢᠭᠲᠠᠯᠠᠨ ᠪᠤᠳᠤᠭᠴᠢ ᠶᠢᠨ ᠮᠡᠳᠡᠭᠡ ᠵᠠᠩᠭᠢ ᠶᠢᠨ ᠶᠠᠰᠤ ᠴᠢᠨᠠᠷ ᠤᠨ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄     ᠨᠢᠭᠡ᠂ ᠪᠠᠶᠢᠴᠠᠭᠠᠬᠤ ᠠᠭᠤᠯᠭ᠎ᠠ ᠵᠢᠴᠢ ᠭᠤᠣᠯᠳᠠᠯᠭ᠎ᠠ     ᠲᠣᠰ ᠤᠳᠠᠭᠠᠨ ᠤ ᠪᠠᠶᠢᠴᠠᠭᠠᠯᠲᠠ ᠶᠢᠨ ᠬᠦᠷᠢᠶ᠎ᠡ ᠬᠡᠪᠴᠢᠶ᠎ᠡ ᠪᠣᠯ 2022 ᠣᠨ ᠤ ᠨᠢᠭᠲᠠᠯᠠᠨ ᠪᠤᠳᠤᠬᠤ ᠲᠣᠭᠠᠴᠠᠭ᠎ᠠ᠂ ᠡᠳ᠋ ᠤᠨ ᠶᠠᠪᠤᠳᠠᠯ ᠤᠨ ᠬᠠᠮᠢᠶᠠᠷᠤᠯᠲᠠ᠂ ᠲᠥᠰᠥᠪ ᠪᠠ ᠲᠥᠰᠥᠪ ᠤᠨ ᠭᠦᠢᠴᠡᠳᠬᠡᠯ ᠢ ᠢᠯᠡ ᠪᠣᠯᠭᠠᠭᠰᠠᠨ᠂ ᠳᠣᠲᠣᠭᠠᠳᠤ ᠶᠢᠨ ᠡᠵᠡᠮᠳᠡᠯ᠂ ᠡᠳ᠋ ᠤᠨ ᠵᠠᠰᠠᠭ ᠤᠨ ᠲᠤᠰᠬᠠᠢ ᠪᠡᠯᠡ ᠮᠥᠩᠭᠦ ᠶᠢ ᠬᠠᠮᠢᠶᠠᠷᠴᠤ ᠬᠡᠷᠡᠭᠯᠡᠭᠰᠡᠨ ᠵᠡᠷᠭᠡ ᠪᠠᠶᠢᠳᠠᠯ᠂ ᠴᠢᠬᠤᠯᠠᠲᠠᠢ ᠦᠶ᠎ᠡ ᠳᠤ ᠥᠩᠭᠡᠷᠡᠭᠰᠡᠨ ᠵᠢᠯ ᠤᠨ ᠪᠠ ᠪᠤᠰᠤᠳ ᠬᠤᠯᠪᠣᠭᠳᠠᠯ ᠪᠦᠬᠦᠢ ᠨᠢᠭᠡᠴᠡ ᠶᠢᠨ ᠪᠠᠶᠢᠴᠠᠭᠠᠯᠲᠠ ᠶᠢ ᠤᠷᠲᠤᠳᠬᠠᠵᠤ ᠪᠣᠯᠣᠨ᠎ᠠ᠃     ᠪᠠᠶᠢᠴᠠᠭᠠᠬᠤ ᠠᠵᠢᠯ ᠤᠨ ᠭᠤᠣᠯᠳᠠᠯᠭ᠎ᠠ ᠨᠢ᠄ ︵1︶  ᠨᠢᠭᠡᠴᠡ ᠶᠢᠨ ᠳᠣᠲᠣᠭᠠᠳᠤ ᠶᠢᠨ ᠬᠢᠵᠠᠭᠠᠷᠯᠠᠬᠤ ᠳᠦᠷᠢᠮ ᠤᠨ ᠪᠠᠶᠢᠭᠤᠯᠤᠯᠲᠠ ᠵᠢᠴᠢ ᠬᠡᠷᠡᠭᠵᠢᠭᠦᠯᠦᠭᠰᠡᠨ ᠪᠠᠶᠢᠳᠠᠯ︔ ︵2︶ ᠲᠥᠰᠥᠪ ᠤᠨ ᠬᠠᠮᠢᠶᠠᠷᠤᠯᠲᠠ ᠶᠢᠨ ᠪᠠᠶᠢᠳᠠᠯ︔ ︵3︶ ᠨᠢᠭᠡᠴᠡ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠪᠠᠶᠢᠳᠠᠯ︔ ︵4︶ ᠰᠠᠯᠠᠭ᠎ᠠ ᠮᠥᠴᠢᠷ ᠤᠨ ᠲᠥᠰᠥᠪ ᠪᠠ ᠲᠥᠰᠥᠪ ᠤᠨ ᠭᠦᠢᠴᠡᠳᠬᠡᠯ ᠢ ᠢᠯᠡ ᠪᠣᠯᠭᠠᠭᠰᠠᠨ ᠪᠠᠶᠢᠳᠠᠯ︔ ︵5︶ ᠲᠤᠰᠬᠠᠢ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠪᠠ ᠬᠡᠷᠡᠭᠯᠡᠯᠲᠡ ᠶᠢᠨ ᠪᠠᠶᠢᠳᠠᠯ︔ ︵6︶ ᠡᠳ᠋ ᠤᠨ ᠵᠠᠰᠠᠭ ᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠲᠣᠭᠲᠠᠭᠠᠯ ᠢ ᠵᠥᠷᠢᠴᠡᠭᠰᠡᠨ ᠪᠤᠰᠤᠳ ᠦᠢᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ᠃     ᠬᠤᠶᠠᠷ᠂ ᠪᠠᠶᠢᠴᠠᠭᠠᠭᠳᠠᠬᠤ ᠡᠲᠡᠭᠡᠳ     ᠥᠪᠥᠷ ᠮᠣᠩᠭᠤᠯ ᠤᠨ ᠨᠢᠭᠡᠳᠦᠭᠡᠷ ᠮᠠᠰᠢᠨ ᠮᠧᠬᠠᠨᠢᠭ ᠦᠶᠯᠡᠳᠬᠦ ︵ᠪᠦᠯᠦᠭᠯᠡᠯ︶ ᠬᠢᠵᠠᠭᠠᠷᠲᠤ ᠺᠣᠮᠫᠠᠨᠢ ᠶᠢᠨ ᠨᠢᠭᠡᠳᠦᠭᠡᠷ ᠳᠤᠮᠳᠠᠳᠤ ᠰᠤᠷᠭᠠᠭᠤᠯᠢ     ᠪᠤᠭᠤᠲᠤ ᠬᠤᠲᠠ ᠶᠢᠨ ᠭᠤᠴᠢᠨ ᠵᠢᠷᠭᠤᠳᠤᠭᠠᠷ ᠳᠤᠮᠳᠠᠳᠤ ᠰᠤᠷᠭᠠᠭᠤᠯᠢ     ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠵᠣᠣ ᠵᠢᠶᠠ ᠶᠢᠩ ᠪᠠᠭ᠎ᠠ ᠰᠤᠷᠭᠠᠭᠤᠯᠢ     ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠬᠠᠩᠭᠠᠨ ᠪᠣᠷᠣᠯᠠᠭᠤᠯᠬᠤ ᠬᠤᠷᠰᠢᠶᠠᠨ ᠤ ᠬᠤᠯᠪᠣᠭᠠᠲᠤ ᠬᠤᠷᠰᠢᠶ᠎ᠠ     ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ     ᠭᠤᠷᠪᠠ᠂ ᠪᠠᠶᠢᠴᠠᠭᠠᠬᠤ ᠴᠠᠭ     2023 ᠣᠨ ᠤ 3 ᠰᠠᠷ᠎ᠠ ᠶᠢᠨ 6᠎ ᠤ ᠡᠳᠦᠷ ᠠᠴᠠ ᠡᠬᠢᠯᠡᠵᠦ᠂ 2023 ᠣᠨ ᠤ 3 ᠰᠠᠷ᠎ᠠ ᠶᠢᠨ 17᠎ ᠤ ᠡᠳᠦᠷ ᠳᠠᠭᠤᠰᠤᠨ᠎ᠠ᠃      ᠳᠥᠷᠪᠡ᠂ ᠵᠠᠷᠯᠠᠨ ᠨᠡᠶᠢᠲᠡᠯᠡᠬᠦ ᠴᠠᠭ     ᠵᠠᠷᠯᠠᠨ ᠨᠡᠶᠢᠲᠡᠯᠡᠬᠦ ᠴᠠᠭ ᠨᠢ ᠲᠣᠰ ᠡᠳᠦᠷ ᠠᠴᠠ ᠡᠬᠢᠯᠡᠨ ᠪᠠᠶᠢᠴᠠᠭᠠᠯᠲᠠ ᠳᠠᠭᠤᠰᠬᠤ ᠡᠳᠦᠷ ᠳᠠᠭᠤᠰᠤᠨ᠎ᠠ᠃     ᠲᠠᠪᠤ᠂ ᠬᠠᠷᠢᠯᠴᠠᠬᠤ ᠠᠷᠭ᠎ᠠ ᠬᠡᠯᠪᠡᠷᠢ     ᠬᠠᠷᠢᠯᠴᠠᠬᠤ ᠬᠥᠮᠥᠨ᠄ ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ᠬᠢᠨᠠᠯᠲᠠ ᠲᠠᠯᠪᠢᠬᠤ ᠲᠠᠰᠤᠭ      ᠭᠦᠸᠧ ᠨᠠᠨ     ᠬᠠᠷᠢᠯᠴᠠᠬᠤ ᠤᠲᠠᠰᠤ᠄ 3616703     ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ     2023 ᠣᠨ ᠤ 3 ᠰᠠᠷ᠎ᠠ ᠶᠢᠨ 1᠎ ᠤ ᠡᠳᠦᠷ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号