3 ᠰᠠᠷ᠎ᠠ ᠶᠢᠨ 5 ᠤ ᠡᠳᠦᠷ᠂ ᠴᠢᠩᠱᠠᠨ ᠲᠣᠭᠤᠷᠢᠭ ᠤᠨ ᠨᠠᠮ ᠤᠨ ᠬᠤᠷᠢᠶᠠᠨ ᠤ ᠪᠦᠬᠦ ᠠᠷᠠᠳ ᠤᠨ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ᠂ | ᠴᠢᠩᠱᠠᠨ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ | ᠳᠤᠭᠤᠶᠢᠯᠠᠩ᠂ ᠴᠢᠩᠱᠠᠨ ᠲᠣᠭᠤᠷᠢᠭ ᠤᠨ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠠᠴᠠ | ᠭᠤᠣᠯᠯᠠᠨ ᠡᠷᠬᠢᠯᠡᠵᠦ᠂ ᠴᠢᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠴᠢᠩᠱᠠᠨ | ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠴᠢᠩᠱᠠᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ | ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠴᠢᠩᠱᠠᠨ ᠲᠣᠭᠤᠷᠢᠭ ᠤᠨ ᠴᠡᠷᠢᠭ ᠶᠢᠨ ᠠᠯᠪᠠ ᠠᠴᠠ | ᠬᠠᠯᠠᠭᠳᠠᠭᠰᠠᠳ ᠤᠨ ᠬᠡᠷᠡᠭ ᠡᠷᠬᠢᠯᠡᠬᠦ ᠲᠣᠪᠴᠢᠶ᠎ᠠ ᠶᠢᠨ ᠬᠠᠮᠵᠢᠯᠴᠠᠨ ᠡᠷᠬᠢᠯᠡᠭᠰᠡᠡ᠂ ᠪᠤᠭᠤᠲᠤ ᠶᠢᠨ ᠲᠣᠮᠣ | ᠵᠦᠴᠦᠭᠡ ᠶᠢᠨ ᠬᠦᠷᠢᠶᠡᠯᠡᠩ᠂ ᠪᠤᠭᠤᠲᠤ ᠬᠤᠳᠠ ᠶᠢᠨ ᠰᠦᠨ ᠸᠧᠢ ᠦᠭᠡ ᠬᠡᠯᠡ ᠤᠷᠠᠯᠢᠭ ᠤᠨ ᠠᠵᠢᠯ ᠤᠨ | ᠲᠠᠰᠤᠭ ᠤᠨ ᠳᠠᠭᠠᠭᠠᠴᠢᠯᠠᠨ ᠡᠷᠬᠢᠯᠡᠭᠰᠡᠡ ︽ᠮᠢᠨᠤ ᠵᠣᠭᠰᠣᠵᠤ ᠪᠠᠶᠢᠭ᠎ᠠ ᠭᠠᠵᠠᠷ ᠢ ᠳᠤᠮᠳᠠᠳᠤ ᠤᠯᠤᠰ ᠭᠡᠳᠡᠭ︾ ᠪᠦᠬᠦ | ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠪᠠ ᠤᠯᠤᠰ ᠢᠶᠠᠨ ᠬᠠᠶᠢᠷᠠᠯᠠᠬᠤ | ᠦᠵᠡᠯ ᠤᠨ ᠵᠣᠷᠢᠭ ᠰᠠᠨᠠᠭᠠᠨ ᠤ ᠭᠤᠣᠯ ᠰᠡᠳᠦᠪᠲᠦ ᠳᠠᠭᠤᠤ ᠬᠥᠭᠵᠢᠮ ᠰᠢᠯᠦᠭ ᠵᠢᠷᠤᠭ ᠤᠷᠠᠨ ᠤᠩᠰᠢᠯᠭ᠎ᠠ ᠶᠢᠨ | ᠬᠤᠷᠠᠯ ᠪᠤᠭᠤᠲᠤ ᠶᠢᠨ ᠲᠣᠮᠣ ᠵᠦᠴᠦᠭᠡ ᠶᠢᠨ ᠬᠦᠷᠢᠶᠡᠯᠡᠩ ᠪᠠᠭ᠎ᠠ ᠵᠦᠴᠦᠭᠡ ᠶᠢᠨ ᠲᠠᠯᠠᠪᠠᠢ ᠳᠤ ᠶᠠᠪᠤᠭᠳᠠᠪᠠ᠃ | ᠪᠤᠭᠤᠲᠤ ᠶᠢᠨ ᠴᠡᠷᠢᠭ ᠤᠨ ᠬᠤᠪᠢᠶᠠᠷᠢ ᠲᠣᠭᠤᠷᠢᠭ ᠤᠨ ᠤᠯᠤᠰ ᠲᠦᠷᠦ ᠶᠢᠨ ᠭᠠᠵᠠᠷ ᠂ ᠬᠤᠳᠠ ᠶᠢᠨ | ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠡᠷᠬᠢᠯᠡᠬᠦ ᠲᠣᠪᠴᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ | ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ | ᠳᠤᠭᠤᠶᠢᠯᠠᠩ ᠤᠨ ᠠᠯᠪᠠᠨ ᠭᠡᠷ ᠲᠤᠰ ᠤᠳᠠᠭ᠎ᠠ ᠶᠢᠨ ᠤᠷᠠᠨ ᠤᠩᠰᠢᠯᠭ᠎ᠠ ᠶᠢᠨ ᠬᠤᠷᠠᠯ ᠳᠤ ᠣᠷᠣᠯᠴᠠᠪᠠ᠃ | ᠪᠤᠭᠤᠲᠤ ᠶᠢᠨ ᠴᠡᠷᠢᠭ ᠤᠨ ᠬᠤᠪᠢᠶᠠᠷᠢ ᠲᠣᠭᠤᠷᠢᠭ ᠤᠨ ᠳᠠᠷᠤᠭ᠎ᠠ ᠪᠠᠶᠢᠯᠳᠤᠭᠴᠢ᠂ ᠴᠢᠩᠱᠠᠨ ᠲᠣᠭᠤᠷᠢᠭ᠂ ᠬᠦᠨᠳᠡᠯᠡᠨ | ᠲᠣᠭᠤᠷᠢᠭ᠂ ᠭᠦᠶᠠᠩ ᠠᠷᠠᠳ ᠤᠨ ᠵᠡᠪᠰᠡᠭᠲᠦ ᠬᠦᠴᠦᠨ ᠤ ᠬᠡᠯᠲᠡᠰ ᠵᠢᠴᠢ ᠲᠣᠭᠤᠷᠢᠭ ᠲᠤ ᠰᠠᠭᠤᠭ᠎ᠠ ᠴᠡᠷᠢᠭ | ᠠᠩᠭᠢ ᠶᠢᠨ ᠳᠠᠷᠤᠭ᠎ᠠ ᠪᠠᠶᠢᠯᠳᠤᠭᠴᠢ᠂ ᠭᠡᠷ ᠪᠦᠯᠢ᠂ ᠬᠠᠮᠤᠭ ᠤᠨ ᠭᠤᠶᠤ ᠵᠢᠱᠢᠶᠡᠴᠢ ᠴᠡᠷᠢᠭ ᠤᠨ ᠠᠯᠪᠠᠨ ᠠᠴᠠ | ᠬᠠᠯᠠᠭᠳᠠᠭᠰᠠᠳ ᠤᠨ ᠲᠥᠯᠥᠭᠡᠯᠡᠭᠴᠢ᠂ ᠲᠣᠭᠤᠷᠢᠭ ᠤᠨ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠭᠦᠨ ᠨᠢᠭᠡᠴᠡ ᠶᠢᠨ ᠭᠤᠣᠯ ᠤᠳᠤᠷᠢᠳᠤᠯᠭ᠎ᠠ᠂ ᠰᠣᠶᠣᠯ ᠤᠷᠠᠯᠢᠭ ᠤᠨ ᠡᠲᠡᠭᠡᠳ ᠤᠨ | ᠬᠦᠨᠳᠦᠲᠦ ᠵᠣᠴᠢᠳ ᠲᠤᠰ ᠤᠳᠠᠭ᠎ᠠ ᠶᠢᠨ ᠤᠷᠠᠨ ᠤᠩᠰᠢᠯᠭ᠎ᠠ ᠶᠢᠨ ᠬᠤᠷᠠᠯ ᠳᠤ ᠣᠷᠣᠯᠴᠠᠪᠠ᠃ | ᠤᠷᠠᠨ ᠤᠩᠰᠢᠯᠭ᠎ᠠ ᠶᠢᠨ ᠬᠤᠷᠠᠯ ᠳᠡᠭᠡᠷ᠎ᠡ᠂ ︽ᠠᠮᠢᠳᠤ ᠶᠠᠪᠤᠪᠠᠯ ᠢᠯᠠᠯᠲᠠ ᠣᠯᠣᠨ᠎ᠠ︾ ︽ᠲᠤᠭ︾ ︽ᠴᠢᠶᠠᠨ | ᠰᠢᠤᠸᠠᠢ ᠰᠧᠨ ᠤᠯᠤᠰ ᠲᠠᠭᠠᠨ ᠪᠤᠴᠠᠭᠰᠠᠨ︾ ︽ᠳᠤᠮᠳᠠᠳᠤ ᠤᠯᠤᠰ ᠤᠨ ᠴᠡᠷᠢᠭ︾ ︽ᠦᠬᠦᠯ ᠤᠨ ᠣᠷᠣᠨ ᠢ | ᠡᠷᠬᠡᠰᠢᠶᠡᠯ ᠳᠡᠭᠡᠨ ᠣᠷᠣᠭᠤᠯᠤᠭᠰᠠᠨ ᠠᠶᠤᠩᠭ᠎ᠠ ᠶᠢᠨ ᠰᠠᠬᠢᠭᠤᠯᠰᠤᠨ︾ ︽ᠠᠳᠡ᠂ ᠮᠢᠨᠤ ᠳᠤᠮᠳᠠᠳᠤ ᠤᠯᠤᠰ ᠮᠥᠨ︾ | ᠭᠡᠬᠦ ᠵᠡᠷᠭᠡ ᠰᠢᠯᠢᠳᠡᠭ ᠪᠦᠲᠦᠭᠡᠯ ᠨᠢ ᠲᠤᠬᠠᠢ ᠶᠢᠨ ᠲᠠᠯᠠᠪᠠᠢ ᠶᠢᠨ ᠦᠵᠡᠭᠴᠢᠳ ᠢ ᠦᠯᠢᠭᠡᠷ ᠤᠨ ᠦᠵᠡᠭᠳᠡᠯ ᠳᠤ | ᠳᠠᠭᠠᠭᠤᠯᠤᠨ ᠣᠷᠣᠭᠤᠯᠵᠤ᠂ ᠡᠳᠡᠭᠡᠷ ᠬᠥᠮᠥᠰ ᠤᠨ ᠰᠡᠳᠬᠢᠯ ᠢ ᠳᠣᠭᠳᠣᠯᠤᠭᠤᠯᠤᠭᠰᠠᠨ᠂ ᠪᠠᠭᠠᠲᠤᠷᠯᠢᠭ ᠪᠥᠭᠡᠳ ᠡᠭᠡᠯ | ᠵᠢᠷ ᠤᠨ ᠦᠯᠢᠬᠡᠷ ᠨᠢ ᠲᠤᠬᠠᠢ ᠶᠢᠨ ᠲᠠᠯᠠᠪᠠᠢ ᠶᠢᠨ ᠦᠵᠡᠭᠴᠢᠳ ᠢ ᠦᠨᠡᠨ ᠰᠡᠳᠬᠢᠯ ᠠᠴᠠ ᠪᠠᠨ ᠦᠨᠳᠦᠰᠦᠲᠡᠨ ᠤ | ᠪᠠᠭᠠᠲᠤᠷᠴᠤᠳ ᠢ ᠪᠢᠰᠢᠷᠡᠨ ᠬᠦᠨᠳᠦᠳᠬᠡᠵᠦ᠂ ᠡᠬᠡ ᠤᠯᠤᠰ ᠤᠨ ᠢᠶᠠᠨ ᠬᠦᠴᠦᠷᠬᠡᠭᠵᠢᠯ ᠤᠨ ᠲᠥᠯᠥᠭᠡ | ᠣᠮᠣᠭᠰᠢᠭᠤᠯᠵᠠᠢ᠃ ᠠᠵᠢᠯᠯᠠᠭ᠎ᠠ ᠨᠢ ᠥᠷᠭᠡᠨ ᠤᠯᠠᠨ ᠲᠦᠮᠡᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠤᠬᠠᠮᠰᠠᠷ ᠢ ᠦᠨᠡᠨᠬᠦ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠤᠯᠤᠰ ᠢᠶᠠᠨ ᠬᠠᠶᠢᠷᠠᠯᠠᠬᠤ ᠰᠡᠳᠬᠢᠯᠭᠡ ᠶᠢ | ᠬᠥᠭᠵᠢᠭᠡᠵᠦ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠶᠢ ᠴᠢᠩᠭᠠᠳᠬᠠᠵᠠᠢ᠃ | ᠵᠠᠯᠭᠠᠭᠠᠳ᠂ ᠴᠢᠩᠱᠠᠨ ᠲᠣᠭᠤᠷᠢᠭ ᠤᠨ ᠬᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ | ᠪᠠ ᠬᠤᠶᠠᠷ ᠢ ᠬᠦᠷᠢᠶᠡᠯᠡᠬᠦ ᠤᠬᠠᠭᠤᠯᠭ᠎ᠠ ᠶᠢᠨ ᠠᠵᠢᠯ ᠢ ᠦᠷᠭᠦᠯᠵᠢᠯᠡᠨ ᠴᠢᠩᠭᠠᠳᠬᠠᠵᠤ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠰᠤᠷᠭᠠᠨ ᠬᠥᠮᠦᠵᠢᠯ ᠪᠠ ᠬᠤᠶᠠᠷ ᠢ ᠬᠦᠷᠢᠶᠡᠯᠡᠬᠦ ᠤᠬᠠᠭᠤᠯᠭ᠎ᠠ ᠶᠢᠨ ᠰᠢᠨ᠎ᠡ ᠪᠠᠶᠢᠳᠠᠯ ᠢ | ᠠᠬᠢᠭᠤᠯᠤᠨ᠂ ︽ᠬᠤᠶᠠᠷ ᠢ ᠬᠦᠷᠢᠶᠡᠯᠡᠬᠦ ᠵᠢᠱᠢᠶᠡᠴᠢ ᠬᠤᠲᠠ ︵ᠬᠤᠰᠢᠭᠤ ᠰᠢᠶᠠᠨ᠂ ᠬᠤᠲᠠ ᠲᠣᠭᠤᠷᠢᠭ︶︾ ᠶᠢ | ᠬᠦᠴᠦᠯᠡᠨ ᠪᠣᠶ ᠪᠣᠯᠭᠠᠵᠤ᠂ ᠰᠢᠨ᠎ᠡ ᠴᠠᠭ ᠦᠶ᠎ᠡ ᠶᠢᠨ ᠤᠯᠤᠰ ᠢᠶᠠᠨ ᠬᠠᠶᠢᠷᠠᠯᠠᠵᠤ ᠴᠡᠷᠢᠭ ᠢᠶᠠᠨ ᠬᠦᠷᠢᠶᠡᠯᠡᠬᠦ | ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠪᠠ ᠵᠠᠰᠠᠭ ᠢᠶᠠᠨ ᠬᠦᠷᠢᠶᠡᠯᠡᠵᠦ ᠠᠷᠠᠳ ᠢᠶᠠᠨ ᠬᠠᠶᠢᠷᠠᠯᠠᠬᠤ ᠠᠵᠢᠯ ᠤᠨ | ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠪᠣᠯᠣᠨ᠎ᠠ᠃ |