ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ︽ᠯᠧᠢ ᠹᠧᠩ ᠠᠴᠠ ᠰᠤᠷᠤᠯᠴᠠᠵᠤ   ᠬᠤᠪᠢ ᠨᠡᠮᠡᠷᠢ ᠦᠵᠡᠭᠦᠯᠬᠦ︾ ᠭᠤᠣᠯ ᠰᠡᠳᠦᠪᠲᠦ ᠠᠵᠢᠯᠯᠠᠭ᠎ᠠ ᠵᠢᠴᠢ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠤᠨ ᠡᠬᠢᠯᠡᠯᠲᠡ ᠶᠢᠨ ᠶᠣᠰᠣᠯᠠᠯ ᠥᠷᠨᠢᠭᠦᠯᠪᠡ
ᠨᠡᠶᠢᠲᠡᠯᠡᠭᠰᠡᠨ ᠴᠠᠭ᠄
2023/3/7
      ᠭᠤᠷᠪᠠᠨ ᠰᠠᠷ᠎ᠠ  ᠶᠢᠨ ᠬᠠᠪᠤᠷ ᠤᠨ ᠤᠷᠢᠬᠠᠨ ᠰᠠᠯᠬᠢ ᠬᠥᠮᠥᠨ ᠤ ᠰᠡᠳᠬᠢᠯ  ᠢ ᠳᠤᠯᠠᠭᠠᠴᠠᠭᠤᠯᠵᠦ᠂ ᠯᠧᠢ ᠹᠧᠩ ᠤᠨ ᠵᠣᠷᠢᠭ ᠰᠠᠨᠠᠭ᠎ᠠ ᠥᠨᠢ ᠡᠭᠦᠷᠢᠳᠡ ᠤᠯᠠᠮᠵᠢᠯᠠᠭᠳᠠᠵᠤ ᠪᠤᠢ᠃ ᠯᠧᠢ ᠹᠧᠩ ᠤᠨ ᠵᠣᠷᠢᠭ ᠰᠠᠨᠠᠭ᠎ᠠ ᠪᠠ ︽ᠬᠤᠪᠢ ᠨᠡᠮᠡᠷᠢ ᠦᠵᠡᠭᠦᠯᠬᠦ᠂ ᠨᠥᠬᠦᠷᠰᠡᠭ ᠪᠠᠶᠢᠬᠤ᠂ ᠬᠠᠷᠢᠯᠴᠠᠨ ᠬᠠᠪᠰᠤᠷᠤᠯᠴᠠᠬᠤ᠂ ᠳᠠᠪᠰᠢᠬᠤ︾ ᠰᠠᠶᠢᠨ ᠳᠤᠷ᠎ᠠ  ᠶᠢᠨ ᠦᠢᠯᠡᠴᠢᠯᠡᠭᠡᠨ ᠤ ᠵᠣᠷᠢᠭ ᠰᠠᠨᠠᠭ᠎ᠠ  ᠶᠢ ᠶᠡᠭᠡ ᠪᠠᠷ ᠪᠠᠳᠠᠷᠠᠭᠤᠯᠵᠤ᠂ ᠳᠤᠮᠳᠠᠳᠤ  ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ  ᠢ ᠪᠠᠳᠠᠷᠠᠭᠤᠯᠬᠤ  ᠶᠢᠨ ᠲᠥᠯᠥᠭᠡ᠂ ᠪᠦᠬᠦ ᠤᠯᠤᠰ ᠤᠨ 60 ᠳ᠋ᠤᠭᠠᠷ ᠯᠧᠢ ᠹᠧᠩ  ᠠᠴᠠ ᠰᠤᠷᠤᠯᠴᠠᠬᠤ ᠡᠳᠦᠷ ᠬᠦᠷᠴᠦ ᠢᠷᠡᠬᠦ ᠲᠠᠰᠢᠷᠠᠮ ᠳᠤ ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠳᠤᠮᠳᠠᠳᠤ ᠪᠠᠭ᠎ᠠ ᠰᠤᠷᠭᠠᠭᠤᠯᠢ ᠨᠤᠭᠤᠳ ︽ᠯᠧᠢ ᠹᠧᠩ  ᠠᠴᠠ ᠰᠤᠷᠤᠯᠴᠠᠵᠤ ᠬᠤᠪᠢ ᠨᠡᠮᠡᠷᠢ ᠦᠵᠡᠭᠦᠯᠬᠦ︾ ᠭᠤᠣᠯ ᠰᠡᠳᠦᠪᠲᠦ ᠠᠵᠢᠯᠯᠠᠭ᠎ᠠ ᠵᠢᠴᠢ ᠰᠢᠨ᠎ᠡ ᠴᠠᠭ ᠦᠶ᠎ᠡ  ᠶᠢᠨ ᠪᠣᠯᠪᠠᠰᠤᠨ ᠦᠢᠯᠡᠳᠦᠯᠭᠡ  ᠶᠢᠨ ᠰᠠᠶᠢᠨ ᠳᠤᠷ᠎ᠠ  ᠶᠢᠨ ᠦᠢᠯᠡᠴᠢᠯᠡᠭᠡᠨ ᠤ ᠵᠦᠢᠯᠡᠰ ᠤᠨ ᠡᠬᠢᠯᠡᠯᠲᠡ  ᠶᠢᠨ ᠶᠣᠰᠣᠯᠠᠯ ᠶᠠᠪᠤᠭᠤᠯᠪᠠ᠃      ᠲᠣᠰ ᠤᠳᠠᠭᠠᠨ ᠤ ᠡᠬᠢᠯᠡᠯᠲᠡ ᠶᠢᠨ ᠶᠣᠰᠣᠯᠠᠯ ᠨᠢ ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ︽ᠯᠧᠢ ᠹᠧᠩ  ᠠᠴᠠ ᠰᠤᠷᠤᠯᠴᠠᠬᠤ︾ ᠰᠢᠷᠢᠰ ᠠᠵᠢᠯᠯᠠᠭ᠎ᠠ ᠶᠢᠨ ᠬᠥᠰᠢᠭᠡ ᠶᠢ ᠵᠢᠩᠬᠢᠨᠢ ᠪᠠᠷ ᠨᠡᠭᠡᠭᠡᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠪᠦᠬᠦ ᠲᠤᠭᠤᠷᠢᠭ ᠤᠨ ᠡᠯ᠎ᠡ ᠰᠤᠷᠭᠠᠭᠤᠯᠢ ᠦᠷᠭᠦᠯᠵᠢᠯᠡᠨ ᠦᠢᠯᠡᠴᠢᠯᠡᠭᠡᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ ᠪᠠᠷ ᠰᠠᠶᠢᠨ ᠳᠤᠷ᠎ᠠ ᠶᠢᠨ ᠦᠢᠯᠡᠴᠢᠯᠡᠭᠡᠨ ᠤ ᠴᠠᠭ ᠦᠶ᠎ᠡ ᠶᠢᠨ ᠤᠷᠤᠰᠬᠠᠯ ᠳᠤ ᠣᠷᠣᠯᠴᠠᠵᠤ᠂ ᠯᠧᠢ ᠹᠧᠩ ᠤᠨ ᠵᠣᠷᠢᠭ ᠰᠠᠨᠠᠭᠠᠨ ᠤ ᠤᠯᠠᠮᠵᠢᠯᠠᠭᠴᠢ᠂ ᠰᠠᠶᠢᠨ ᠳᠤᠷ᠎ᠠ ᠶᠢᠨ ᠦᠢᠯᠡᠴᠢᠯᠡᠭᠡᠨ ᠤ ᠣᠶᠢᠯᠠᠭᠠᠭᠳᠠᠬᠤᠨ ᠤ ᠲᠦᠭᠡᠮᠡᠯᠵᠢᠭᠦᠯᠦᠭᠴᠢ ᠪᠠ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢᠨ ᠦᠢᠯᠡᠳᠦᠯᠭᠡᠵᠢᠭᠦᠯᠦᠭᠴᠢ ᠪᠣᠯᠬᠤ ᠪᠠᠷ ᠴᠢᠷᠮᠠᠶᠢᠵᠤ᠂ ︽ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠬᠥᠮᠥᠵᠢᠭᠦᠯᠦᠨ ᠬᠠᠯᠠᠮᠵᠢᠯᠠᠬᠤ︾ ᠶᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠳᠤᠮᠳᠠᠬᠢ ᠬᠠᠮᠤᠭ ᠤᠨ ᠭᠤᠶᠤ ᠰᠠᠶᠢᠬᠠᠨ ᠨᠡᠷ᠎ᠡ ᠠᠯᠳᠠᠷ ᠪᠤᠯᠭᠠᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号