ᠪᠤᠭᠤᠲᠤ ᠶᠢᠨ ᠲᠣᠨᠤᠭ ᠲᠥᠬᠦᠭᠡᠷᠦᠮᠵᠢ ᠦᠶᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ︽ᠰᠡᠳᠬᠢᠯ ᠢᠶᠠᠨ ᠨᠢᠭᠡᠳᠬᠡᠵᠦ ᠬᠦᠴᠦᠨ ᠢᠶᠠᠨ ᠬᠠᠮᠲᠤᠳᠬᠠᠨ ᠴᠤᠭ ᠵᠢᠪᠬᠤᠭ᠎ᠠ ᠪᠠᠨ ᠪᠠᠳᠠᠷᠠᠭᠤᠯᠵᠤ ᠪᠦᠯᠬᠦᠮᠳᠡᠨ ᠲᠡᠮᠡᠴᠡᠵᠦ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠬᠦ︾ ᠰᠣᠨᠢᠷᠬᠠᠯᠳᠤ ᠪᠡᠶ᠎ᠡ ᠶᠢᠨ ᠲᠠᠮᠢᠷ ᠤᠨ ᠴᠤᠭᠯᠠᠭᠠᠨ ᠥᠷᠨᠢᠭᠦᠯᠪᠡ
ᠨᠡᠶᠢᠲᠡᠯᠡᠭᠰᠡᠨ ᠴᠠᠭ᠄
2023/3/8
      ᠥᠷᠭᠡᠨ ᠤᠯᠠᠨ ᠠᠵᠢᠯᠲᠠᠨ ᠠᠵᠢᠯᠴᠢᠨ ᠤ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠲᠤᠨᠤᠭ ᠲᠥᠬᠦᠭᠡᠷᠦᠮᠵᠢ ᠦᠶᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠰᠡᠳᠭᠢᠯ ᠰᠠᠨᠠᠭ᠎ᠠ ᠪᠠᠨ ᠲᠦᠪᠯᠡᠷᠡᠭᠦᠯᠦᠨ ᠬᠦᠴᠦᠨ ᠪᠠᠨ ᠬᠠᠮᠳᠤᠳᠬᠠᠬᠤ ᠶᠢᠨ ᠲᠥᠯᠥᠭᠡ᠂ 3 ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠪᠤᠭᠤᠲᠤ ᠶᠢᠨ ᠲᠤᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ︽ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠴᠤᠭ ᠵᠢᠪᠬᠤᠭ᠎ᠠ ᠪᠠᠨ ᠪᠠᠳᠠᠷᠠᠭᠤᠯᠵᠤ ᠪᠦᠯᠬᠦᠮᠳᠡᠨ ᠲᠡᠮᠡᠴᠡᠵᠦ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠬᠦ︾ ᠠᠩᠬᠠᠳᠤᠭᠠᠷ ᠬᠤᠭᠤᠴᠠᠭᠠᠨ ᠤ ᠰᠣᠨᠢᠷᠬᠠᠯᠳᠤ ᠲᠠᠮᠢᠷ ᠤᠨ ᠴᠤᠭᠯᠠᠭᠠᠨ ᠢ ᠡᠷᠬᠢᠯᠡᠪᠡ᠃ ᠬᠤᠩ ᠶᠤᠸᠠᠨ ᠰᠢᠨ᠎ᠡ ᠮᠠᠲ᠋ᠧᠷᠢᠶᠠᠯ ︵ᠪᠤᠭᠤᠲᠤ︶ ᠤᠨ ᠬᠢᠵᠠᠭᠠᠷᠲᠤ ᠺᠣᠮᠫᠠᠨᠢ᠂ ᠪᠤᠭᠤᠲᠤ ᠶᠢᠨ ᠵᠢᠩ ᠤᠣ ᠨᠡᠷᠡᠨ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠪᠤᠭᠤᠲᠤ ᠶᠢᠨ ᠠᠲ᠋ᠥᠰ ᠨᠡᠷᠡᠨ ᠤ ᠭᠡᠷᠡᠯ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠬᠠᠩ ᠰᠢᠶᠣᠣ ᠪᠣᠯᠣᠳ ᠪᠦᠲᠦᠴᠡ ᠶᠢᠨ ᠬᠢᠵᠠᠭᠠᠷᠲᠤ ᠺᠣᠮᠫᠠᠨᠢ᠂ ᠪᠡᠭᠡᠵᠢᠩ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠵᠡᠷᠭᠡ 21 ᠠᠵᠤ ᠠᠬᠤᠶᠢᠯᠠᠯ ᠵᠢᠴᠢ ᠬᠠᠮᠲᠤ ᠪᠠᠷ ᠪᠠᠶᠢᠭᠤᠯᠤᠭᠰᠠᠨ ᠨᠢᠭᠡᠴᠡ ᠢᠳᠡᠪᠬᠢᠲᠡᠢ ᠴᠤᠤᠷᠢᠶᠠᠲᠤᠨ ᠳᠠᠭᠠᠵᠤ᠂ 500 ᠭᠠᠷᠤᠢ ᠠᠵᠢᠯᠲᠠᠨ ᠠᠵᠢᠯᠴᠢᠨ ᠬᠠᠯᠠᠭᠤᠨ ᠢᠶᠠᠷ ᠣᠷᠣᠯᠴᠠᠪᠠ᠃      ᠲᠤᠰ ᠤᠳᠠᠭ᠎ᠠ ᠶᠢᠨ ᠰᠣᠨᠢᠷᠬᠠᠯᠳᠤ ᠪᠡᠶ᠎ᠡ ᠶᠢᠨ ᠲᠠᠮᠢᠷ ᠤᠨ ᠴᠤᠭᠯᠠᠭᠠᠨ ᠨᠢ ᠬᠠᠮᠵᠢᠯᠴᠠᠬᠤ ᠴᠢᠨᠠᠷ᠂ ᠥᠷᠢᠰᠦᠯᠳᠦᠬᠦ ᠴᠢᠨᠠᠷ᠂ ᠰᠣᠨᠢᠷᠬᠠᠯᠳᠤ ᠴᠢᠨᠠᠷ ᠢ ᠨᠢᠭᠡ ᠴᠣᠭᠴᠠᠵᠢᠭᠤᠯᠵᠤ᠂ ᠲᠤᠬᠠᠢ ᠶᠢᠨ ᠲᠠᠯᠠᠪᠤᠷ ᠲᠤ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ᠂ ᠡᠷᠡᠯᠬᠡᠭᠯᠡᠨ ᠤᠷᠤᠭᠰᠢᠯᠠᠬᠤ᠂ ᠵᠢᠷᠭᠠᠯ ᠵᠣᠪᠠᠯᠠᠩ ᠢᠶᠠᠨ ᠬᠠᠮᠲᠤᠳᠬᠠᠬᠤ ᠪᠠ ᠤᠷᠳᠤ ᠳᠡᠭᠡᠰᠦ ᠪᠠᠷ ᠵᠠᠯᠭᠠᠬᠤ ᠲᠦᠷᠪᠡᠨ ᠪᠦᠯᠬᠦᠮ ᠤᠨ ᠲᠦᠷᠦᠯ ᠵᠦᠢᠯ ᠢ ᠲᠣᠬᠢᠷᠠᠭᠤᠯᠵᠠᠢ᠃ ᠤᠷᠤᠯᠳᠤᠭᠠᠨ ᠳᠤ ᠣᠷᠣᠯᠴᠠᠭᠰᠠᠳ ᠰᠡᠳᠬᠢᠯ ᠰᠠᠨᠠᠭ᠎ᠠ ᠪᠠᠨ ᠲᠥᠪᠯᠡᠷᠡᠭᠦᠯᠦᠨ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠣᠷᠣᠯᠴᠠᠵᠤ᠂ ᠤᠷᠤᠯᠳᠤᠭᠠᠨ ᠤ ᠲᠠᠯᠠᠪᠤᠷ ᠲᠤ ᠬᠤᠷᠳᠤᠴᠠ ᠪᠠᠨ ᠠᠳᠠᠯᠢᠳᠬᠠᠨ᠂ ᠰᠥᠰᠥ ᠵᠣᠷᠢᠭ ᠢᠶᠠᠨ ᠠᠳᠠᠯᠢᠳᠬᠠᠨ᠂ ᠤᠷ᠎ᠠ ᠮᠡᠷᠭᠡᠵᠢᠯ ᠢᠶᠠᠨ ᠠᠳᠠᠯᠢᠳᠬᠠᠨ᠂ ᠪᠦᠯᠬᠦᠮᠳᠡᠯ ᠢᠶᠠᠨ ᠠᠳᠠᠯᠢᠳᠬᠠᠨ᠂ ᠣᠯᠠᠨ ᠢᠶᠠᠷ ᠢᠶᠠᠨ ᠬᠠᠷᠢᠯᠴᠠᠨ ᠲᠡᠮᠡᠴᠡᠯᠳᠦᠵᠦ᠂ ᠡᠷᠡᠯᠬᠡᠭᠯᠡᠨ ᠲᠡᠮᠡᠴᠡᠵᠡᠭᠡᠪᠡ᠃ ᠤᠷᠤᠯᠳᠤᠭᠠᠨ ᠤ ᠲᠠᠯᠠᠪᠤᠷ ᠤᠨ ᠭᠠᠳᠠᠨ᠎ᠠ᠂ ᠬᠥᠭᠵᠢᠭᠡᠨ ᠵᠣᠷᠢᠭᠵᠢᠭᠤᠯᠬᠤ ᠠᠩᠭᠢ ᠶᠢᠨ  ᠬᠢᠨ ᠤ ᠬᠠᠰᠬᠢᠷᠬᠤ ᠳᠠᠭᠤᠨ᠂ ᠪᠠᠶᠠᠷᠯᠠᠨ ᠢᠨᠢᠶᠡᠬᠦ ᠳᠠᠭᠤᠨ ᠴᠤᠤᠷᠢᠶᠠᠲᠤᠵᠤ᠂ ᠤᠷᠤᠯᠳᠤᠭᠠᠨ ᠤ ᠲᠤᠬᠠᠢ ᠶᠢᠨ ᠲᠠᠯᠠᠪᠠᠢ ᠬᠤᠷᠴᠠ ᠰᠢᠷᠦᠭᠦᠨ ᠡᠮᠬᠢ ᠳᠢᠭᠯᠢᠮ ᠲᠠᠢ᠂ ᠤᠷᠮ᠎ᠠ ᠪᠠᠬ᠎ᠠ ᠲᠠᠢ᠂ ᠭᠤᠶᠢᠳᠠ ᠰᠠᠶᠢᠬᠠᠨ ᠢᠯᠡᠷᠡᠵᠦ᠂ ᠬᠠᠪᠤᠷ ᠤᠨ ᠠᠭᠤᠷ ᠠᠮᠢᠰᠬᠤᠯ ᠪᠢᠯᠬᠠᠭᠰᠠᠨ ᠭᠤᠷᠪᠠᠨ ᠰᠠᠷ᠎ᠠ ᠳᠤ ᠬᠡᠳᠦᠨ ᠬᠤᠪᠢ ᠪᠠᠳᠠᠷᠠᠯᠲᠦ ᠬᠦᠴᠦᠨ ᠨᠡᠮᠡᠷᠢᠯᠡᠪᠡ᠃      ᠬᠤᠷᠴᠠ ᠰᠢᠷᠦᠭᠦᠨ ᠤᠷᠤᠯᠳᠤᠭᠠᠨ ᠢᠶᠠᠷ ᠳᠡᠮᠵᠢᠨ᠂ ᠵᠢᠩ ᠤᠣ ᠨᠡᠷᠡᠨ ᠡᠨᠧᠷᠭᠢ᠂ ᠪᠠᠢ ᠲᠧ ᠰᠢᠨ᠎ᠡ ᠮᠠᠲ᠋ᠧᠷᠢᠶᠠᠯ᠂ ᠿᠦᠢ ᠵᠢᠶᠧ ᠠᠳᠠᠯ ᠠᠬᠤᠢ ᠵᠡᠷᠭᠡ 9 ᠲᠥᠯᠥᠭᠡᠯᠡᠭᠴᠢᠳ ᠤᠨ ᠠᠩᠭᠢ ᠲᠣᠰ ᠲᠣᠰ ᠡᠯ᠎ᠡ ᠲᠠᠩ ᠵᠦᠢᠯ ᠤᠨ ᠠᠵᠢᠯᠯᠠᠭ᠎ᠠ ᠶᠢᠨ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠭᠥᠷᠳᠡᠪᠡ᠃ ᠬᠤᠩ ᠶᠤᠸᠠᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠱᠠᠨ ᠱᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠠ ᠬᠤᠸᠠ ᠰᠢᠨ ᠮᠧᠬᠠᠨᠢᠭ ᠤᠨ ᠬᠢᠵᠠᠭᠠᠷᠲᠤ ᠺᠣᠮᠫᠠᠨᠢ ᠶᠢᠨ ᠲᠥᠯᠥᠭᠡᠯᠡᠭᠴᠢᠳ ᠤᠨ ᠠᠩᠭᠢ ᠲᠤᠰ ᠲᠤᠰ ᠪᠦᠯᠬᠦᠮ ᠤᠨ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠬᠦᠷᠲᠡᠵᠡᠢ᠃      ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠥᠷᠭᠡᠨ ᠣᠯᠠᠨ ᠠᠵᠢᠯᠲᠠᠨ ᠠᠵᠢᠯᠴᠢᠨ ᠤ ᠴᠤᠭ ᠪᠠᠳᠠᠷᠠᠩᠭᠤᠢ ᠡᠷᠡᠯᠬᠡᠭᠯᠡᠨ ᠲᠡᠮᠡᠴᠡᠬᠦ ᠳᠦᠷᠢ ᠪᠠᠶᠢᠳᠠᠯ ᠪᠠ ᠰᠡᠳᠬᠢᠯ ᠨᠢᠭᠡᠳᠦᠨ ᠬᠠᠮᠵᠢᠯᠴᠠᠬᠤ ᠪᠦᠯᠬᠦᠮ ᠨᠡᠶᠢᠲᠡ ᠶᠢᠨ ᠵᠣᠷᠢᠭ ᠰᠠᠨᠠᠭ᠎ᠠ ᠶᠢ ᠬᠥᠭᠵᠢᠭᠡᠭᠰᠡᠨ ᠢᠶᠠᠷ ᠪᠠᠷᠠᠬᠤ ᠦᠭᠡᠢ᠂ ᠪᠠᠰᠠ ᠬᠦᠷᠢᠶᠡᠯᠡᠩ ᠲᠣᠭᠤᠷᠢᠭ ᠤᠨ ᠢᠳᠡᠪᠬᠢᠲᠡᠢ ᠪᠠᠷ ᠥᠭᠡᠳᠡᠯᠡᠨ ᠳᠠᠪᠰᠢᠬᠤ᠂ ᠲᠡᠷᠢᠭᠦᠨ ᠳᠤ ᠣᠷᠣᠬᠤ ᠪᠠᠷ ᠵᠣᠷᠢᠭᠲᠠᠢ ᠲᠡᠮᠡᠴᠡᠬᠦ᠂ ᠵᠣᠷᠢᠭᠲᠠᠢ ᠪᠠᠷ ᠳᠠᠪᠠᠵᠤ ᠭᠠᠷᠬᠤ ᠵᠣᠷᠢᠭ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠦᠭᠰᠡᠨ ᠪᠠᠶᠢᠨ᠎ᠠ᠃ ᠤᠷᠤᠯᠳᠤᠭᠠᠨ ᠳᠤ ᠣᠷᠣᠯᠴᠠᠭᠰᠠᠨ ᠡᠯ᠎ᠡ ᠠᠵᠤ ᠠᠬᠤᠶᠢᠯᠠᠯ ᠤᠨ ᠠᠵᠢᠯᠲᠠᠳ᠂ ᠲᠤᠰ ᠤᠳᠠᠭ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠲᠤᠰ ᠤᠳᠠᠭ᠎ᠠ ᠶᠢᠨ ᠲᠠᠮᠢᠷ ᠤᠨ ᠴᠤᠭᠯᠠᠭᠠᠨ ᠳᠤ ᠢᠯᠡᠷᠡᠭᠰᠡᠨ ᠪᠦᠯᠬᠦᠮᠳᠡᠨ ᠬᠠᠮᠵᠢᠯᠴᠠᠬᠤ ᠵᠣᠷᠢᠭ ᠰᠠᠨᠠᠭ᠎ᠠ ᠶᠢ ︽ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠬᠦ︾ ᠬᠥᠳᠡᠯᠭᠡᠭᠦ ᠬᠦᠴᠦᠨ ᠪᠠ ᠠᠵᠢᠯ ᠤᠨ ᠬᠠᠯᠠᠭᠤᠨ ᠰᠡᠳᠬᠢᠯᠭᠡ ᠪᠣᠯᠭᠠᠨ ᠬᠤᠪᠢᠷᠠᠭᠤᠯᠵᠤ᠂ ᠠᠵᠢᠯ ᠤᠨ ᠬᠠᠷᠠᠯᠲᠠ ᠪᠠᠨ ᠲᠣᠳᠣᠷᠬᠠᠶᠢᠯᠠᠵᠤ᠂ ᠪᠦᠬᠦ ᠵᠢᠯ ᠤᠨ ᠡᠭᠦᠷᠭᠡ ᠪᠠᠨ ᠴᠢᠩᠭ᠎ᠠ ᠠᠩᠬᠠᠷᠴᠤ᠂ ᠠᠵᠠ ᠲᠣᠬᠢᠶᠠᠯ ᠢ ᠠᠮᠵᠢᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠪᠦᠬᠦ ᠬᠦᠴᠦᠨ ᠢᠶᠠᠷ ᠢᠶᠠᠨ ᠭᠦᠢᠴᠡᠵᠦ ᠳᠠᠪᠠᠵᠤ᠂ ᠬᠦᠷᠢᠶᠡᠯᠡᠩ ᠲᠣᠭᠤᠷᠢᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号