ᠴᠢᠩᠱᠠᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠄ ︽ᠬᠠᠤᠯᠢ ᠴᠠᠭᠠᠵᠠ︾᠎ ᠶᠢᠨ ᠬᠥᠭ ᠠᠶᠠᠰ ᠢ ᠴᠢᠪᠬᠠᠳᠠᠵᠤ ︽ᠡᠮᠡᠭᠲᠡᠶᠢᠴᠤᠳ︾ ᠎ ᠤᠨ ᠡᠷᠬᠡ ᠠᠰᠢᠭ ᠢ ᠰᠠᠬᠢᠨ ᠬᠠᠮᠠᠭᠠᠯᠠᠨ᠎ᠠ
ᠨᠡᠶᠢᠲᠡᠯᠡᠭᠰᠡᠨ ᠴᠠᠭ᠄
2023/3/9
      ᠡᠮᠡᠭᠲᠡᠢ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠪᠠ ᠣᠨᠴᠠᠭᠠᠶ ᠠᠰᠢᠭ ᠲᠤᠰᠠ ᠶᠢ ᠦᠨᠡᠨᠬᠦ ᠬᠠᠮᠠᠭᠠᠯᠠᠵᠦ᠂ ᠲᠥᠪ ᠭᠤᠣᠯᠴᠢ ᠡᠶ᠎ᠡ ᠵᠣᠬᠢᠴᠠᠯ ᠲᠠᠢ ᠬᠥᠳᠡᠯᠮᠦᠷᠢ ᠶᠢᠨ ᠣᠷᠴᠢᠨ ᠨᠥᠬᠦᠴᠡᠯ ᠢ ᠪᠤᠢ ᠪᠤᠯᠭᠠᠬᠤ ᠶᠢᠨ ᠲᠦᠯᠦᠭᠡ᠂ 3 ᠰᠠᠷ᠎ᠠ ᠶᠢᠨ 8᠎ ᠤ ᠡᠳᠦᠷ᠂ ᠮᠠᠨ ᠤ ᠤᠯᠤᠰ ᠤᠨ 100 ᠳ᠋ᠤᠭᠠᠷ ᠡᠮᠡᠭᠲᠡᠶᠢᠴᠦᠳ ᠤᠨ ᠪᠠᠶᠠᠷ ᠤᠨ ᠡᠳᠦᠷ ᠲᠤ᠂ ᠴᠢᠩᠱᠠᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠪᠥᠬᠦ ᠲᠤᠭᠤᠷᠢᠭ ᠤᠨ ᠬᠡᠪᠴᠢᠶᠡᠨ ᠳᠤ ᠡᠮᠡᠭᠲᠡᠢ ᠠᠵᠢᠯᠲᠠᠨ ᠠᠵᠢᠯᠴᠢᠨ ᠤ ᠬᠥᠳᠡᠯᠮᠦᠷᠢ ᠶᠢᠨ ᠬᠠᠮᠠᠭᠠᠯᠠᠯᠲᠠ ᠶᠢᠨ ᠲᠤᠰᠬᠠᠢ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ ᠥᠷᠨᠢᠭᠦᠯᠪᠡ      ᠲᠤᠰ ᠤᠳᠠᠭᠠᠨ ᠤ ᠪᠠᠶᠢᠴᠠᠭᠠᠯᠲᠠ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠭᠡᠷ᠎ᠡ ᠶᠢᠨ ᠬᠠᠤᠯᠢ︾᠂ ︽ᠡᠮᠡᠭᠲᠡᠢ ᠠᠵᠢᠯᠲᠠᠨ ᠠᠵᠢᠯᠴᠢᠨ ᠤ ᠬᠥᠳᠡᠯᠮᠦᠷᠢ ᠶᠢᠨ ᠬᠠᠮᠠᠭᠠᠯᠠᠯᠲᠠ ᠶᠢᠨ ᠣᠨᠴᠠᠭᠠᠶ ᠲᠣᠭᠲᠠᠭᠠᠯ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠎ ᠤᠨ ᠬᠡᠷᠡᠭᠵᠢᠭᠦᠯᠦᠯᠲᠡ ᠶᠢ ᠤᠯᠠᠮ ᠨᠢᠭᠡ ᠠᠯᠬᠤᠮ ᠠᠬᠢᠭᠤᠯᠬᠤ ᠪᠠᠷ ᠵᠣᠷᠢᠯᠭ᠎ᠠ ᠪᠣᠯᠭᠠᠵᠤ᠂ ᠴᠢᠩᠱᠠᠨ ᠲᠣᠭᠤᠷᠢᠭ ᠤᠨ ᠠᠵᠢᠯᠴᠢᠨ ᠬᠡᠷᠡᠭᠯᠡᠬᠦ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠡᠮᠡᠭᠲᠡᠢ ᠠᠵᠢᠯᠲᠠᠨ ᠠᠵᠢᠯᠴᠢᠨ ᠤ ᠡᠵᠡᠯᠡᠬᠦ ᠬᠠᠷᠢᠴᠠᠯ ᠵᠡᠷᠭᠡ ᠬᠥᠮᠦᠵᠢᠯ ᠪᠣᠯᠪᠠᠰᠤᠷᠠᠭᠤᠯᠤᠯ᠂ ᠢᠳᠡᠭᠡᠨ ᠤᠮᠳᠠᠭᠠᠨ ᠤ ᠦᠢᠯᠡᠴᠢᠯᠡᠭᠡ ᠵᠢᠴᠢ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠵᠡᠷᠭᠡ ᠠᠵᠢᠯ ᠲᠥᠷᠥᠯ᠂ ᠠᠵᠤ ᠠᠬᠤᠶᠢᠯᠠᠯ ᠤᠨ ᠠᠵᠢᠯᠲᠠᠨ ᠡᠯᠰᠡᠬᠦ ᠠᠵᠢᠯᠯᠠᠭ᠎ᠠ ᠶᠢ ᠵᠢᠷᠤᠮᠵᠢᠭᠤᠯᠬᠤ᠂ ᠠᠵᠢᠯᠲᠠᠨ ᠡᠯᠰᠡᠬᠦ ᠶᠢ ᠴᠠᠭᠠᠵᠠᠯᠠᠬᠤ ᠳᠤᠮᠳᠠᠬᠢ ᠴᠢᠨᠠᠷ ᠤᠨ ᠢᠯᠭᠠᠯ ᠤᠨ ᠭᠠᠳᠠᠭᠤᠷᠴᠢᠯᠠᠯ᠂ ᠡᠮᠡᠭᠲᠡᠢ ᠠᠵᠢᠯᠲᠠᠨ ᠠᠵᠢᠯᠴᠢᠨ ᠤ ᠣᠨᠴᠠᠭᠠᠶ ᠬᠠᠮᠠᠭᠠᠯᠠᠯᠲᠠ᠂ ᠠᠵᠢᠯ ᠤᠨ ᠴᠠᠭ ᠤᠨ ᠳᠦᠷᠢᠮ᠂ ᠨᠡᠶᠢᠭᠡᠮ ᠤᠨ ᠳᠠᠭᠠᠳᠬᠠᠯ ᠲᠤᠰᠢᠶᠠᠬᠤ᠂ ᠬᠥᠩᠭᠡᠵᠢᠯᠲᠡ ᠶᠢᠨ ᠴᠢᠯᠦᠭᠡᠨ ᠤ ᠬᠤᠭᠤᠴᠠᠭᠠᠨ ᠳᠠᠬᠢ ᠬᠠᠷᠠᠭᠠᠯᠵᠠᠯ ᠣᠯᠭᠤᠬᠤ ᠵᠡᠷᠭᠡ ᠠᠭᠤᠯᠭ᠎ᠠ ᠶᠢ ᠪᠠᠶᠢᠴᠠᠭᠠᠪᠠ᠃      ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ︾᠎ ᠳᠠᠬᠢ ᠡᠮᠡᠭᠲᠡᠶᠢᠴᠦᠳ ᠤᠨ ᠡᠷᠬᠡ ᠲᠡᠭᠰᠢ ᠪᠠᠷ ᠠᠵᠢᠯ ᠣᠯᠬᠤ ᠡᠷᠬᠡ ᠶᠢ ᠬᠠᠮᠠᠭᠠᠯᠠᠬᠤ᠂ ᠡᠮᠡᠭᠲᠡᠢ ᠠᠵᠢᠯᠲᠠᠨ ᠠᠵᠢᠯᠴᠢᠨ ᠤ ᠣᠨᠴᠠᠭᠠᠶ ᠡᠷᠬᠡ ᠠᠰᠢᠭ ᠢ ᠬᠠᠮᠠᠭᠠᠯᠠᠬᠤ ᠵᠡᠷᠭᠡ ᠠᠭᠤᠯᠭ᠎ᠠ ᠶᠢ ᠤᠬᠠᠭᠤᠯᠤᠨ ᠲᠠᠶᠢᠯᠪᠤᠷᠢᠯᠠᠭᠰᠠᠨ ᠪᠥᠭᠡᠳ ᠡᠮᠡᠭᠲᠡᠢ ᠠᠵᠢᠯᠲᠠᠨ ᠠᠵᠢᠯᠴᠢᠨ ᠤ ᠠᠵᠢᠯ ᠤᠨ ᠳᠤᠮᠳᠠ ᠠᠰᠠᠭᠤᠳᠠᠯ ᠲᠤᠯᠭᠠᠷᠠᠪᠠᠯ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠡᠷᠬᠢᠨ ᠬᠠᠮᠠᠭᠠᠯᠠᠬᠤ ᠲᠤᠬᠠᠢ ᠬᠠᠨᠳᠤᠯᠭᠠᠲᠤ ᠴᠢᠨᠠᠷᠲᠠᠢ ᠬᠠᠷᠢᠭᠤᠯᠲᠠ ᠥᠭᠭᠦᠭᠰᠡᠨ ᠪᠠᠶᠢᠨ᠎ᠠ᠃ ᠲᠣᠰ ᠤᠳᠠᠭᠠᠨ ᠤ ᠲᠤᠰᠬᠠᠢ ᠪᠠᠶᠢᠴᠠᠭᠠᠯᠲᠠ ᠨᠢ ᠨᠡᠶᠢᠲᠡ 18 ᠠᠵᠤ ᠠᠬᠤᠶᠢᠯᠠᠯ᠂ 800 ᠭᠠᠷᠤᠢ ᠡᠮᠡᠭᠲᠡᠢ ᠠᠵᠢᠯᠲᠠᠨ ᠠᠵᠢᠯᠴᠢᠨ ᠳᠤ ᠬᠤᠯᠪᠣᠭᠳᠠᠵᠤ᠂ ᠲᠤᠬᠠᠢ ᠶᠢᠨ ᠲᠠᠯᠠᠪᠤᠷ ᠲᠤ 15 ᠡᠮᠡᠭᠲᠡᠢ ᠠᠵᠢᠯᠲᠠᠨ ᠠᠵᠢᠯᠴᠢᠨ ᠳᠤ ᠬᠠᠤᠯᠢ ᠴᠠᠭᠠᠵᠠ ᠶᠢᠨ ᠠᠰᠠᠭᠤᠳᠠᠯ ᠎ ᠳᠤ ᠬᠠᠷᠢᠭᠤᠯᠲᠠ ᠥᠭᠴᠦ᠂ ᠥᠷᠭᠡᠨ ᠣᠯᠠᠨ ᠡᠮᠡᠭᠲᠡᠢ ᠠᠵᠢᠯᠲᠠᠨ ᠠᠵᠢᠯᠴᠢᠨ ᠤ ᠨᠢᠭᠡᠳᠦᠯᠲᠡᠢ ᠰᠠᠶᠢᠨ ᠦᠨᠡᠯᠡᠯᠲᠡ ᠪᠠ ᠨᠤᠲᠠᠯᠠᠯᠲᠠ ᠶᠢ ᠣᠯᠣᠭᠰᠠᠨ ᠪᠠᠶᠢᠨ᠎ᠠ᠃      ᠲᠣᠰ ᠤᠳᠠᠭᠠᠨ ᠤ ᠲᠤᠰᠬᠠᠢ ᠪᠠᠶᠢᠴᠠᠭᠠᠯᠲᠠ ᠨᠢ ᠪᠥᠬᠦ  ᠲᠤᠭᠤᠷᠢᠭ ᠤᠨ ᠡᠮᠡᠭᠲᠡᠢ ᠠᠵᠢᠯᠲᠠᠨ ᠠᠵᠢᠯᠴᠢᠨ ᠤ ᠡᠷᠬᠡ ᠪᠠᠨ ᠬᠠᠮᠠᠭᠠᠯᠠᠬᠤ ᠤᠬᠠᠮᠰᠠᠷ ᠪᠠ ᠬᠠᠤᠯᠢ ᠪᠠᠷ ᠵᠠᠰᠠᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠥᠬᠦ ᠲᠤᠭᠤᠷᠢᠭ ᠤᠨ ᠬᠡᠪᠴᠢᠶᠡᠨ ᠳᠤ ᠡᠷᠡᠭᠲᠡᠢ ᠡᠮᠡᠭᠲᠡᠢ ᠡᠷᠬᠡ ᠲᠡᠭᠰᠢ᠂ ᠡᠮᠡᠭᠲᠡᠶᠢᠴᠦᠳ ᠢ ᠬᠦᠨᠳᠦᠳᠬᠡᠬᠦ ᠰᠠᠶᠢᠨ ᠰᠠᠶᠢᠬᠠᠨ ᠬᠥᠳᠡᠯᠮᠦᠷᠢ ᠶᠢᠨ ᠠᠭᠤᠷ ᠠᠮᠢᠰᠬᠤᠯ ᠢ ᠪᠣᠶ ᠪᠣᠯᠭᠠᠪᠠ᠃ ᠲᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠬᠥᠳᠡᠯᠮᠦᠷᠢ ᠶᠢᠨ ᠬᠢᠨᠠᠨ ᠪᠠᠶᠢᠴᠠᠭᠠᠯᠲᠠ ᠶᠢᠨ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠨ᠂ ᠬᠠᠷᠢᠶᠠᠲᠤ ᠣᠷᠣᠨ ᠤ ᠡᠮᠡᠭᠲᠡᠢ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠨᠠᠩ ᠥᠷᠭᠡᠨ ᠳᠡᠯᠭᠡᠷ ᠨᠠᠩ ᠭᠦᠨᠵᠡᠭᠡᠢ ᠨᠠᠩ ᠪᠣᠳᠠᠲᠠᠢ ᠪᠠᠷ ᠬᠠᠮᠠᠭᠠᠯᠠᠵᠤ᠂ ᠬᠠᠤᠯᠢ ᠪᠠᠷ ᠵᠠᠰᠠᠬᠤ ᠴᠢᠩᠱᠠᠨ ᠶᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号