ᠮᠦᠩᠬᠡᠵᠢᠯ ᠵᠠᠮ ᠤᠨ ᠵᠡᠭᠡᠯᠢ ᠭᠤᠳᠤᠮᠵᠢ ︽3·8︾ ᠡᠮᠡᠭᠲᠡᠶᠢᠴᠦᠳ ᠤᠨ ᠪᠠᠶᠠᠷ ᠤᠨ ᠬᠤᠸᠠᠷ ᠬᠠᠳᠬᠤᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/3/9
      ᠡᠮᠡᠭᠲᠡᠶᠢᠴᠦᠳ ᠤᠨ ᠷᠢᠳᠢ ᠰᠢᠳᠢ ᠶᠢ ᠳᠡᠯᠭᠡᠨ ᠦᠵᠡᠭᠦᠯᠵᠦ᠂ ᠬᠠᠷᠢᠶᠠᠲᠤ ᠣᠷᠣᠨ ᠤ ᠡᠮᠡᠭᠲᠡᠶᠢᠴᠦᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ 3 ᠰᠠᠷ᠎ᠠ ᠶᠢᠨ 7 ᠤ ᠡᠳᠦᠷ᠂ ᠮᠦᠩᠬᠡᠵᠢᠯ ᠵᠠᠮ ᠤᠨ ᠵᠡᠭᠡᠯᠢ ᠭᠤᠳᠤᠮᠵᠢ ᠶᠢᠨ ᠢᠦᠢ ᠼᠠᠢ ᠨᠡᠶᠢᠭᠡᠮ ᠲᠣᠭᠤᠷᠢᠭ ᠬᠠᠷᠢᠶᠠᠲᠤ ᠣᠷᠣᠨ ᠤ ᠡᠮᠡᠭᠲᠡᠶᠢᠴᠦᠳ ᠢ ᠤᠷᠢᠵᠤ  ︽3 · 8︾ ᠡᠮᠡᠭᠲᠡᠶᠢᠴᠦᠳ ᠤᠨ ᠪᠠᠶᠠᠷ ᠤᠨ ᠬᠤᠸᠠᠷ ᠬᠠᠳᠬᠤᠬᠤ ᠠᠵᠢᠯᠯᠠᠭ᠎ᠠ ᠦᠷᠨᠢᠭᠦᠯᠪᠡ᠃ ᠲᠤᠬᠠᠢ ᠶᠢᠨ ᠲᠠᠯᠠᠪᠤᠷ ᠲᠤ᠂ ᠰᠠᠶᠢᠨ ᠳᠤᠷᠠᠴᠤᠤᠯ ᠣᠯᠠᠨ ᠳᠤ ᠴᠡᠴᠡᠭ ᠰᠣᠩᠭᠤᠬᠤ᠂ ᠬᠠᠶᠢᠴᠢᠯᠠᠬᠤ᠂ ᠥᠩᠭᠡ ᠲᠠᠭᠠᠷᠠᠭᠤᠯᠬᠤ᠂ ᠳᠦᠷᠰᠦ ᠪᠦᠲᠦᠭᠡᠬᠦ ᠵᠡᠷᠭᠡ ᠲᠠᠯ᠎ᠠ ᠶᠢᠨ ᠬᠤᠸᠠᠷ ᠬᠠᠳᠬᠤᠬᠤ ᠤᠷ᠎ᠠ ᠮᠡᠷᠭᠡᠵᠢᠯ ᠢ ᠵᠢᠭᠠᠵᠤ ᠥᠭᠬᠦ ᠶᠢᠨ ᠬᠠᠮᠲᠤ ᠠᠯᠬᠤᠮ ᠳᠠᠷᠠᠭ᠎ᠠ ᠲᠠᠢ ᠪᠠᠷ ᠵᠢᠱᠢᠶ᠎ᠡ ᠦᠵᠡᠭᠦᠯᠦᠨ ᠵᠢᠯᠤᠭᠤᠳᠪᠠ᠃ ᠲᠠᠷᠠᠭᠠᠴᠢ ᠶᠢᠨ ᠠᠯᠬᠤᠮ ᠳᠤ᠂ ᠨᠡᠶᠢᠭᠡᠮ ᠲᠣᠭᠤᠷᠢᠭ ᠦᠷᠭᠦᠯᠵᠢᠯᠡᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠵᠤ᠂ ᠡᠶ᠎ᠡ ᠵᠣᠬᠢᠴᠠᠯ ᠲᠠᠢ ᠨᠡᠶᠢᠭᠡᠮ ᠲᠣᠭᠤᠷᠢᠭ᠂ ᠣᠷᠣᠰᠢᠨ ᠰᠠᠭᠤᠬᠤ ᠳᠤ ᠲᠣᠬᠢᠷᠠᠮᠵᠢᠲᠠᠢ ᠨᠡᠶᠢᠭᠡᠮ ᠲᠣᠭᠤᠷᠢᠭ ᠢ ᠴᠢᠷᠮᠠᠶᠢᠨ ᠪᠠᠶᠢᠭᠤᠯᠵᠤ᠂ ᠰᠠᠭᠤᠭᠠᠯᠢ ᠠᠷᠠᠳ ᠤᠨ ᠠᠮᠢᠳᠤᠷᠠᠯ ᠢ ᠨᠠᠩ ᠢᠯᠡᠭᠦᠦ ︽ᠬᠠᠯᠠᠭᠤᠨ ᠳᠤᠯᠠᠭᠠᠨ︾ ᠪᠠ ︽ᠦᠨᠡᠨ ᠪᠣᠳᠠᠲᠠᠢ ᠲᠥᠷᠥᠭᠳᠡᠯ︾ ᠲᠠᠢ ᠪᠣᠯᠭᠠᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号