ᠴᠢᠩᠱᠠᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠄ ︽ᠬᠠᠤᠯᠢ ᠴᠠᠭᠠᠵᠠ︾ ᠶᠢᠨ ᠬᠥᠭ ᠠᠶᠠᠰ ᠢ ᠴᠢᠪᠬᠠᠳᠠᠵᠤ ︽ᠡᠮᠡᠭᠲᠡᠶᠢᠴᠤᠳ︾  ᠤᠨ ᠡᠷᠬᠡ ᠠᠰᠢᠭ ᠢ ᠰᠠᠬᠢᠨ ᠬᠠᠮᠠᠭᠠᠯᠠᠨ᠎ᠠ
ᠨᠡᠶᠢᠲᠡᠯᠡᠭᠰᠡᠨ ᠴᠠᠭ᠄
2023/3/9
      ᠡᠮᠡᠭᠲᠡᠢ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠪᠠ ᠣᠨᠴᠠᠭᠠᠶ ᠠᠰᠢᠭ ᠲᠤᠰᠠ ᠶᠢ ᠦᠨᠡᠨᠬᠦ ᠬᠠᠮᠠᠭᠠᠯᠠᠵᠦ᠂ ᠲᠥᠪ ᠭᠤᠣᠯᠴᠢ ᠡᠶ᠎ᠡ ᠵᠣᠬᠢᠴᠠᠯ ᠲᠠᠢ ᠬᠥᠳᠡᠯᠮᠦᠷᠢ ᠶᠢᠨ ᠣᠷᠴᠢᠨ ᠨᠥᠬᠦᠴᠡᠯ ᠢ ᠪᠤᠢ ᠪᠤᠯᠭᠠᠬᠤ ᠶᠢᠨ ᠲᠦᠯᠦᠭᠡ᠂ 3 ᠰᠠᠷ᠎ᠠ ᠶᠢᠨ 8 ᠤ ᠡᠳᠦᠷ᠂ ᠮᠠᠨ ᠤ ᠤᠯᠤᠰ ᠤᠨ 100 ᠳ᠋ᠤᠭᠠᠷ ᠡᠮᠡᠭᠲᠡᠶᠢᠴᠦᠳ ᠤᠨ ᠪᠠᠶᠠᠷ ᠤᠨ ᠡᠳᠦᠷ ᠲᠤ᠂ ᠴᠢᠩᠱᠠᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠪᠥᠬᠦ ᠲᠤᠭᠤᠷᠢᠭ ᠤᠨ ᠬᠡᠪᠴᠢᠶᠡᠨ ᠳᠤ ᠡᠮᠡᠭᠲᠡᠢ ᠠᠵᠢᠯᠲᠠᠨ ᠠᠵᠢᠯᠴᠢᠨ ᠤ ᠬᠥᠳᠡᠯᠮᠦᠷᠢ ᠶᠢᠨ ᠬᠠᠮᠠᠭᠠᠯᠠᠯᠲᠠ ᠶᠢᠨ ᠲᠤᠰᠬᠠᠢ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ ᠥᠷᠨᠢᠭᠦᠯᠪᠡ      ᠲᠤᠰ ᠤᠳᠠᠭᠠᠨ ᠤ ᠪᠠᠶᠢᠴᠠᠭᠠᠯᠲᠠ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠭᠡᠷ᠎ᠡ ᠶᠢᠨ ᠬᠠᠤᠯᠢ︾᠂ ︽ᠡᠮᠡᠭᠲᠡᠢ ᠠᠵᠢᠯᠲᠠᠨ ᠠᠵᠢᠯᠴᠢᠨ ᠤ ᠬᠥᠳᠡᠯᠮᠦᠷᠢ ᠶᠢᠨ ᠬᠠᠮᠠᠭᠠᠯᠠᠯᠲᠠ ᠶᠢᠨ ᠣᠨᠴᠠᠭᠠᠶ ᠲᠣᠭᠲᠠᠭᠠᠯ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ  ᠤᠨ ᠬᠡᠷᠡᠭᠵᠢᠭᠦᠯᠦᠯᠲᠡ ᠶᠢ ᠤᠯᠠᠮ ᠨᠢᠭᠡ ᠠᠯᠬᠤᠮ ᠠᠬᠢᠭᠤᠯᠬᠤ ᠪᠠᠷ ᠵᠣᠷᠢᠯᠭ᠎ᠠ ᠪᠣᠯᠭᠠᠵᠤ᠂ ᠴᠢᠩᠱᠠᠨ ᠲᠣᠭᠤᠷᠢᠭ ᠤᠨ ᠠᠵᠢᠯᠴᠢᠨ ᠬᠡᠷᠡᠭᠯᠡᠬᠦ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠡᠮᠡᠭᠲᠡᠢ ᠠᠵᠢᠯᠲᠠᠨ ᠠᠵᠢᠯᠴᠢᠨ ᠤ ᠡᠵᠡᠯᠡᠬᠦ ᠬᠠᠷᠢᠴᠠᠯ ᠵᠡᠷᠭᠡ ᠬᠥᠮᠦᠵᠢᠯ ᠪᠣᠯᠪᠠᠰᠤᠷᠠᠭᠤᠯᠤᠯ᠂ ᠢᠳᠡᠭᠡᠨ ᠤᠮᠳᠠᠭᠠᠨ ᠤ ᠦᠢᠯᠡᠴᠢᠯᠡᠭᠡ ᠵᠢᠴᠢ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠵᠡᠷᠭᠡ ᠠᠵᠢᠯ ᠲᠥᠷᠥᠯ᠂ ᠠᠵᠤ ᠠᠬᠤᠶᠢᠯᠠᠯ ᠤᠨ ᠠᠵᠢᠯᠲᠠᠨ ᠡᠯᠰᠡᠬᠦ ᠠᠵᠢᠯᠯᠠᠭ᠎ᠠ ᠶᠢ ᠵᠢᠷᠤᠮᠵᠢᠭᠤᠯᠬᠤ᠂ ᠠᠵᠢᠯᠲᠠᠨ ᠡᠯᠰᠡᠬᠦ ᠶᠢ ᠴᠠᠭᠠᠵᠠᠯᠠᠬᠤ ᠳᠤᠮᠳᠠᠬᠢ ᠴᠢᠨᠠᠷ ᠤᠨ ᠢᠯᠭᠠᠯ ᠤᠨ ᠭᠠᠳᠠᠭᠤᠷᠴᠢᠯᠠᠯ᠂ ᠡᠮᠡᠭᠲᠡᠢ ᠠᠵᠢᠯᠲᠠᠨ ᠠᠵᠢᠯᠴᠢᠨ ᠤ ᠣᠨᠴᠠᠭᠠᠶ ᠬᠠᠮᠠᠭᠠᠯᠠᠯᠲᠠ᠂ ᠠᠵᠢᠯ ᠤᠨ ᠴᠠᠭ ᠤᠨ ᠳᠦᠷᠢᠮ᠂ ᠨᠡᠶᠢᠭᠡᠮ ᠤᠨ ᠳᠠᠭᠠᠳᠬᠠᠯ ᠲᠤᠰᠢᠶᠠᠬᠤ᠂ ᠬᠥᠩᠭᠡᠵᠢᠯᠲᠡ ᠶᠢᠨ ᠴᠢᠯᠦᠭᠡᠨ ᠤ ᠬᠤᠭᠤᠴᠠᠭᠠᠨ ᠳᠠᠬᠢ ᠬᠠᠷᠠᠭᠠᠯᠵᠠᠯ ᠣᠯᠭᠤᠬᠤ ᠵᠡᠷᠭᠡ ᠠᠭᠤᠯᠭ᠎ᠠ ᠶᠢ ᠪᠠᠶᠢᠴᠠᠭᠠᠪᠠ᠃      ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ︾ ᠳᠠᠬᠢ ᠡᠮᠡᠭᠲᠡᠶᠢᠴᠦᠳ ᠤᠨ ᠡᠷᠬᠡ ᠲᠡᠭᠰᠢ ᠪᠠᠷ ᠠᠵᠢᠯ ᠣᠯᠬᠤ ᠡᠷᠬᠡ ᠶᠢ ᠬᠠᠮᠠᠭᠠᠯᠠᠬᠤ᠂ ᠡᠮᠡᠭᠲᠡᠢ ᠠᠵᠢᠯᠲᠠᠨ ᠠᠵᠢᠯᠴᠢᠨ ᠤ ᠣᠨᠴᠠᠭᠠᠶ ᠡᠷᠬᠡ ᠠᠰᠢᠭ ᠢ ᠬᠠᠮᠠᠭᠠᠯᠠᠬᠤ ᠵᠡᠷᠭᠡ ᠠᠭᠤᠯᠭ᠎ᠠ ᠶᠢ ᠤᠬᠠᠭᠤᠯᠤᠨ ᠲᠠᠶᠢᠯᠪᠤᠷᠢᠯᠠᠭᠰᠠᠨ ᠪᠥᠭᠡᠳ ᠡᠮᠡᠭᠲᠡᠢ ᠠᠵᠢᠯᠲᠠᠨ ᠠᠵᠢᠯᠴᠢᠨ ᠤ ᠠᠵᠢᠯ ᠤᠨ ᠳᠤᠮᠳᠠ ᠠᠰᠠᠭᠤᠳᠠᠯ ᠲᠤᠯᠭᠠᠷᠠᠪᠠᠯ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠡᠷᠬᠢᠨ ᠬᠠᠮᠠᠭᠠᠯᠠᠬᠤ ᠲᠤᠬᠠᠢ ᠬᠠᠨᠳᠤᠯᠭᠠᠲᠤ ᠴᠢᠨᠠᠷᠲᠠᠢ ᠬᠠᠷᠢᠭᠤᠯᠲᠠ ᠥᠭᠭᠦᠭᠰᠡᠨ ᠪᠠᠶᠢᠨ᠎ᠠ᠃ ᠲᠣᠰ ᠤᠳᠠᠭᠠᠨ ᠤ ᠲᠤᠰᠬᠠᠢ ᠪᠠᠶᠢᠴᠠᠭᠠᠯᠲᠠ ᠨᠢ ᠨᠡᠶᠢᠲᠡ 18 ᠠᠵᠤ ᠠᠬᠤᠶᠢᠯᠠᠯ᠂ 800 ᠭᠠᠷᠤᠢ ᠡᠮᠡᠭᠲᠡᠢ ᠠᠵᠢᠯᠲᠠᠨ ᠠᠵᠢᠯᠴᠢᠨ ᠳᠤ ᠬᠤᠯᠪᠣᠭᠳᠠᠵᠤ᠂ ᠲᠤᠬᠠᠢ ᠶᠢᠨ ᠲᠠᠯᠠᠪᠤᠷ ᠲᠤ 15 ᠡᠮᠡᠭᠲᠡᠢ ᠠᠵᠢᠯᠲᠠᠨ ᠠᠵᠢᠯᠴᠢᠨ ᠳᠤ ᠬᠠᠤᠯᠢ ᠴᠠᠭᠠᠵᠠ ᠶᠢᠨ ᠠᠰᠠᠭᠤᠳᠠᠯ  ᠳᠤ ᠬᠠᠷᠢᠭᠤᠯᠲᠠ ᠥᠭᠴᠦ᠂ ᠥᠷᠭᠡᠨ ᠣᠯᠠᠨ ᠡᠮᠡᠭᠲᠡᠢ ᠠᠵᠢᠯᠲᠠᠨ ᠠᠵᠢᠯᠴᠢᠨ ᠤ ᠨᠢᠭᠡᠳᠦᠯᠲᠡᠢ ᠰᠠᠶᠢᠨ ᠦᠨᠡᠯᠡᠯᠲᠡ ᠪᠠ ᠨᠤᠲᠠᠯᠠᠯᠲᠠ ᠶᠢ ᠣᠯᠣᠭᠰᠠᠨ ᠪᠠᠶᠢᠨ᠎ᠠ᠃      ᠲᠣᠰ ᠤᠳᠠᠭᠠᠨ ᠤ ᠲᠤᠰᠬᠠᠢ ᠪᠠᠶᠢᠴᠠᠭᠠᠯᠲᠠ ᠨᠢ ᠪᠥᠬᠦ  ᠲᠤᠭᠤᠷᠢᠭ ᠤᠨ ᠡᠮᠡᠭᠲᠡᠢ ᠠᠵᠢᠯᠲᠠᠨ ᠠᠵᠢᠯᠴᠢᠨ ᠤ ᠡᠷᠬᠡ ᠪᠠᠨ ᠬᠠᠮᠠᠭᠠᠯᠠᠬᠤ ᠤᠬᠠᠮᠰᠠᠷ ᠪᠠ ᠬᠠᠤᠯᠢ ᠪᠠᠷ ᠵᠠᠰᠠᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠥᠬᠦ ᠲᠤᠭᠤᠷᠢᠭ ᠤᠨ ᠬᠡᠪᠴᠢᠶᠡᠨ ᠳᠤ ᠡᠷᠡᠭᠲᠡᠢ ᠡᠮᠡᠭᠲᠡᠢ ᠡᠷᠬᠡ ᠲᠡᠭᠰᠢ᠂ ᠡᠮᠡᠭᠲᠡᠶᠢᠴᠦᠳ ᠢ ᠬᠦᠨᠳᠦᠳᠬᠡᠬᠦ ᠰᠠᠶᠢᠨ ᠰᠠᠶᠢᠬᠠᠨ ᠬᠥᠳᠡᠯᠮᠦᠷᠢ ᠶᠢᠨ ᠠᠭᠤᠷ ᠠᠮᠢᠰᠬᠤᠯ ᠢ ᠪᠣᠶ ᠪᠣᠯᠭᠠᠪᠠ᠃ ᠲᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠬᠥᠳᠡᠯᠮᠦᠷᠢ ᠶᠢᠨ ᠬᠢᠨᠠᠨ ᠪᠠᠶᠢᠴᠠᠭᠠᠯᠲᠠ ᠶᠢᠨ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠨ᠂ ᠬᠠᠷᠢᠶᠠᠲᠤ ᠣᠷᠣᠨ ᠤ ᠡᠮᠡᠭᠲᠡᠢ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠨᠠᠩ ᠥᠷᠭᠡᠨ ᠳᠡᠯᠭᠡᠷ ᠨᠠᠩ ᠭᠦᠨᠵᠡᠭᠡᠢ ᠨᠠᠩ ᠪᠣᠳᠠᠲᠠᠢ ᠪᠠᠷ ᠬᠠᠮᠠᠭᠠᠯᠠᠵᠤ᠂ ᠬᠠᠤᠯᠢ ᠪᠠᠷ ᠵᠠᠰᠠᠬᠤ ᠴᠢᠩᠱᠠᠨ ᠶᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号