ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ 2023 ᠣᠨ ᠤ 4 ᠳ᠋ᠤᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/9
      3 ᠰᠠᠷ᠎ᠠ ᠶᠢᠨ 7 ᠤ ᠡᠳᠦᠷ᠂ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠤ᠂ 2023 ᠣᠨ ᠤ ᠰᠤᠷᠭᠠᠨ ᠬᠥᠮᠦᠵᠢᠯ ᠤᠨ ᠬᠦᠷᠢᠶᠡᠨ ᠳᠠᠬᠢ ᠡᠯ᠎ᠡ ᠲᠥᠷᠥᠯ ᠤᠨ ᠲᠥᠷᠥᠯ ᠵᠦᠢᠯ ᠤᠨ ᠪᠡᠯᠡ ᠮᠥᠩᠭᠦ ᠶᠢᠨ ᠲᠣᠬᠢᠷᠠᠭᠤᠯᠤᠯᠲᠠ᠂ ᠴᠢᠩᠱᠠᠨ ᠲᠣᠭᠤᠷᠢᠭ ᠤᠨ 2023 ᠣᠨ ᠤ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢᠨ ᠲᠥᠯᠥᠪᠯᠡᠭᠡ᠂ ᠴᠢᠩᠱᠠᠨ ᠲᠣᠭᠤᠷᠢᠭ ᠤᠨ ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠢ ᠬᠢᠨᠠᠨ ᠵᠥᠪᠰᠢᠶᠡᠷᠡᠵᠦ ᠰᠢᠯᠭᠠᠨ ᠠᠪᠬᠤ ᠠᠵᠢᠯ ᠤᠨ ᠬᠤᠯᠪᠣᠭᠳᠠᠯ ᠪᠦᠬᠦᠢ ᠵᠦᠢᠯᠡᠰ ᠢ ᠰᠤᠳᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠢ ᠶᠦᠨ ᠰᠢ ᠬᠤᠷᠠᠯ  ᠢ ᠡᠷᠭᠢᠯᠡᠪᠡ᠃     ᠬᠤᠷᠠᠯ ᠠᠴᠠ᠂ 2023 ᠣᠨ ᠤ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠬᠦ ᠨᠢ ᠪᠦᠬᠦ ᠲᠤᠭᠤᠷᠢᠭ ᠤᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ᠂ ᠬᠡᠷᠡᠭᠯᠡᠭᠡ ᠶᠢᠨ ᠨᠡᠮᠡᠭᠳᠡᠯ ᠤᠨ ᠬᠥᠳᠡᠯᠭᠡᠭᠦ ᠬᠦᠴᠦᠨ ᠢ ᠬᠥᠭᠵᠢᠭᠡᠬᠦ᠂ ᠬᠡᠷᠡᠭᠯᠡᠭᠡ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ ᠳᠤ ᠴᠢᠬᠤᠯᠠ ᠠᠴᠢ ᠬᠤᠯᠪᠣᠭᠳᠠᠯ ᠲᠠᠢ ᠭᠡᠵᠦ ᠴᠢᠬᠤᠯᠠᠴᠢᠯᠠᠪᠠ᠃ ᠬᠤᠷᠠᠯ ᠠᠴᠠ᠂ ᠬᠡᠷᠡᠭᠯᠡᠭᠡ ᠶᠢ ᠰᠡᠷᠭᠦᠭᠡᠬᠦ ᠪᠠ ᠥᠷᠭᠡᠳᠬᠡᠬᠦ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠡᠯᠪᠡᠭ ᠪᠠᠶᠠᠯᠢᠭ ᠠᠭᠤᠯᠭ᠎ᠠ ᠲᠠᠢ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠰᠢᠰᠲ᠋ᠧᠮ ᠲᠠᠢ ᠲᠥᠰᠥᠪᠯᠡᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠠ ᠬᠡᠷᠡᠭᠯᠡᠭᠡᠨ ᠤ ᠬᠠᠯᠠᠭᠤᠨ ᠰᠡᠳᠬᠢᠯᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠬᠥᠭᠵᠢᠭᠡᠵᠦ᠂ ᠨᠡᠶᠢᠭᠡᠮ ᠤᠨ ᠬᠡᠷᠡᠭᠯᠡᠭᠡ ᠶᠢᠨ ᠶᠠᠰᠤ ᠴᠢᠨᠠᠷ ᠢ ᠳᠡᠭᠡᠭᠰᠢᠯᠡᠭᠦᠯᠵᠦ ᠪᠠᠭᠲᠠᠭᠠᠮᠵᠢ ᠶᠢ ᠥᠷᠭᠡᠳᠬᠡᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠵᠠᠬ᠎ᠠ ᠳᠡᠯᠭᠡᠭᠦᠷ ᠤᠨ ᠪᠡᠶᠡᠴᠢ ᠴᠣᠭᠴᠠ ᠥᠷᠭᠡᠨ ᠤᠯᠠᠨ ᠲᠦᠮᠡᠨ ᠳᠤ ᠦᠨᠡᠨᠬᠦ ᠠᠰᠢᠭ ᠬᠦᠷᠲᠡᠭᠡᠵᠦ᠂ ᠨᠢᠭᠡᠳᠦᠭᠡᠷ ᠤᠯᠠᠷᠢᠯ ᠤᠨ ᠬᠡᠷᠡᠭᠯᠡᠭᠡ ᠶᠢᠨ ︽ᠰᠠᠶᠢᠨ ᠡᠬᠢᠯᠡᠯᠲᠡ︾ ᠶᠢ ᠪᠡᠶᠡᠯᠡᠭᠦᠯᠬᠦ ᠪᠠ ᠪᠦᠬᠦ ᠵᠢᠯ ᠤᠨ ᠬᠡᠷᠡᠭᠯᠡᠭᠡ ᠶᠢᠨ ᠦᠷᠭᠦᠯᠵᠢᠯᠡᠨ ᠨᠡᠮᠡᠭᠳᠡᠬᠦ ᠶᠢ ᠪᠡᠶᠡᠯᠡᠭᠦᠯᠦᠨ᠎ᠡ ᠭᠡᠵᠦ ᠱᠠᠭᠠᠷᠳᠠᠭᠰᠠᠨ ᠪᠠᠶᠢᠨ᠎ᠠ᠃     ᠬᠤᠷᠠᠯ ᠠᠴᠠ᠂ ᠬᠥᠷᠥᠰᠥ ᠰᠢᠷᠣᠢ ᠶᠢ ᠬᠠᠮᠠᠭᠠᠯᠠᠬᠤ ᠪᠣᠯ ᠭᠤᠣᠯ ᠮᠥᠷᠡᠨ ᠢ ᠬᠠᠮᠠᠭᠠᠯᠠᠨ ᠵᠠᠰᠠᠬᠤ ᠦᠨᠳᠦᠰᠦᠨ ᠠᠷᠭ᠎ᠠ ᠬᠡᠮᠵᠢᠶ᠎ᠡ ᠮᠥᠨ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠢ ᠰᠢᠯᠭᠠᠨ ᠠᠪᠬᠤ ᠠᠵᠢᠯ ᠢ ᠰᠠᠶᠢᠲᠤᠷ ᠬᠢᠬᠦ ᠨᠢ ᠮᠠᠨ ᠤ ᠲᠤᠭᠤᠷᠢᠭ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠭᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ  ᠠᠴᠠ᠂ ᠬᠥᠷᠥᠰᠥ ᠰᠢᠷᠣᠢ ᠶᠢᠨ ᠢᠳᠡᠭᠳᠡᠯ ᠢ ᠰᠡᠷᠭᠡᠶᠢᠯᠡᠨ ᠬᠠᠮᠠᠭᠠᠯᠠᠬᠤ ᠶᠢ ᠪᠥᠬᠦ ᠲᠠᠯ᠎ᠠ ᠪᠠᠷ ᠴᠢᠩᠭᠠᠳᠬᠠᠵᠤ᠂ ᠪᠥᠬᠦ ᠬᠡᠯᠬᠢᠶ᠎ᠡ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠲᠥᠰᠥᠯ ᠢ ᠨᠠᠶᠢᠷᠠᠭᠤᠯᠤᠨ ᠵᠣᠬᠢᠶᠠᠬᠤ ᠶᠢ ᠲᠡᠭᠦᠯᠳᠡᠷᠵᠢᠭᠦᠯᠵᠦ᠂ ᠮᠠᠨ ᠤ ᠲᠤᠭᠤᠷᠢᠭ ᠤᠨ ᠬᠥᠷᠥᠰᠥ ᠰᠢᠷᠣᠢ ᠶᠢᠨ ᠬᠠᠮᠠᠭᠠᠯᠠᠯᠲᠠ ᠶᠢ ᠬᠢᠨᠠᠨ ᠵᠥᠪᠰᠢᠶᠡᠷᠡᠵᠦ ᠰᠢᠯᠭᠠᠨ ᠠᠪᠬᠤ ᠪᠠ ᠬᠢᠨᠠᠯᠲᠠ ᠲᠠᠯᠪᠢᠵᠤ ᠬᠠᠮᠢᠶᠠᠷᠬᠤ ᠬᠠᠮᠢᠶ᠎ᠠ ᠪᠦᠬᠦᠢ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃     ᠬᠤᠷᠠᠯ ᠠᠴᠠ᠂ ᠪᠦᠬᠦ ᠵᠢᠯ ᠤᠨ ᠰᠤᠷᠭᠠᠨ ᠬᠥᠮᠦᠵᠢᠯ ᠤᠨ ᠬᠦᠷᠢᠶᠡᠨ ᠤ ᠡᠯ᠎ᠡ ᠵᠦᠢᠯ ᠤᠨ ᠪᠡᠯᠡ ᠮᠥᠩᠭᠦ ᠶᠢ ᠵᠣᠬᠢᠰᠲᠠᠢ ᠲᠣᠬᠢᠷᠠᠭᠤᠯᠬᠤ ᠨᠢ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠬᠤ᠂ ᠰᠤᠷᠭᠠᠭᠤᠯᠢ ᠶᠢᠨ ᠠᠮᠤᠷ ᠲᠦᠪᠰᠢᠨ ᠤ ᠭᠡᠮ ᠰᠣᠭᠤᠭ ᠢ ᠠᠷᠢᠯᠭᠠᠬᠤ᠂ ᠰᠠᠭᠤᠷᠢ ᠰᠤᠷᠭᠠᠨ ᠬᠥᠮᠦᠵᠢᠯ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠪᠦᠬᠦ ᠲᠤᠭᠤᠷᠢᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠭᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ  ᠠᠴᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠡᠯ᠎ᠡ ᠲᠥᠷᠥᠯ ᠤᠨ ᠲᠥᠷᠥᠯ ᠵᠦᠢᠯ ᠤᠨ ᠵᠠᠷᠤᠯᠭ᠎ᠠ ᠶᠢᠨ ᠲᠣᠬᠢᠷᠠᠭᠤᠯᠤᠯᠲᠠ ᠶᠢ ᠵᠦᠢ ᠵᠣᠬᠢᠰᠲᠠᠢ ᠲᠣᠭᠲᠠᠭᠠᠵᠤ᠂ ᠦᠵᠡᠯ ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠦᠶᠯᠡ ᠠᠵᠢᠯᠯᠠᠭ᠎ᠠ ᠶᠢᠨ ᠲᠠᠯ᠎ᠠ ᠪᠠᠷ ᠠᠬᠢᠴᠠ ᠪᠠᠨ ᠲᠦᠷᠭᠡᠳᠬᠡᠵᠦ᠂ ᠲᠥᠷᠥᠯ ᠵᠦᠢᠯ ᠤᠨ ᠨᠥᠭᠡᠴᠡᠯᠡᠯᠲᠡ ᠶᠢᠨ ᠲᠠᠯ᠎ᠠ ᠪᠠᠷ ᠤᠷᠢᠳᠴᠢᠯᠠᠨ ᠲᠥᠯᠥᠪᠵᠢᠭᠦᠯᠵᠦ᠂ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠠᠯ᠎ᠠ ᠪᠠᠷ ᠬᠦᠴᠦ ᠲᠠᠯᠪᠢᠨ ᠲᠡᠩᠴᠡᠭᠦᠷᠢᠲᠡᠢ ᠪᠠᠶᠢᠯᠭᠠᠵᠤ᠂ ᠮᠠᠨ ᠤ ᠲᠤᠭᠤᠷᠢᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ᠲᠦᠯᠬᠢᠨ ᠠᠬᠢᠭᠤᠯᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号