ᠲᠣᠭᠤᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠲᠤᠬᠠᠶᠢᠯᠠᠭᠰᠠᠨ ᠠᠵᠢᠯ ᠢ | ᠭᠦᠨᠵᠡᠭᠡᠶᠢᠷᠡᠭᠦᠯᠦᠨ᠂ ᠡᠮ ᠡᠮᠨᠡᠯᠭᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠢ ︽ᠣᠶᠢᠷ᠎ᠠ ᠬᠠᠪᠢ ᠳᠠᠭᠠᠨ | ᠭᠦᠢᠴᠡᠳᠬᠡᠬᠦ︾ ᠱᠠᠭᠠᠷᠳᠠᠯᠭ᠎ᠠ ᠶᠣᠰᠣᠭᠠᠷ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ︽ᠣᠯᠠᠨ ᠭᠠᠵᠠᠷ ᠲᠤ | ᠭᠦᠶᠦᠬᠦ︾ ︽ᠪᠤᠴᠠᠵᠤ ᠭᠦᠶᠦᠬᠦ︾ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠶᠢ ᠦᠨᠡᠨᠬᠦ ᠪᠠᠲᠤᠯᠠᠵᠤ᠂ | ᠦᠨᠳᠦᠰᠦᠨ ᠱᠠᠲᠤᠨ ᠤ ᠭᠠᠷᠲᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠵᠡᠭᠡᠯᠢ ᠭᠤᠳᠤᠮᠵᠢ | ᠵᠢᠴᠢ ᠨᠡᠶᠢᠭᠡᠮ ᠲᠣᠭᠤᠷᠢᠭ ᠤᠨᠡᠮᠦᠨ᠎ᠡ ᠲᠠᠪᠴᠠᠩ ᠤᠨ 6 ᠠᠵᠢᠯᠲᠠᠨ ᠰᠤᠷᠤᠯᠴᠠᠬᠤ ᠳᠤᠭᠤᠶᠢᠯᠠᠩ ᠪᠠᠶᠢᠭᠤᠯᠵᠤ | ᠲᠣᠭᠤᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠶᠡᠭᠡ ᠲᠢᠩᠬᠢᠮ ᠳᠤ ᠬᠦᠷᠴᠦ᠂ ᠠᠵᠢᠯ ᠤᠨ ᠪᠠᠶᠢᠷᠢ ᠳᠤ ᠭᠠᠷᠬᠤ | ᠠᠴᠠ ᠡᠮᠦᠨᠡᠬᠢ ᠪᠣᠳᠠᠲᠠᠢ ᠪᠣᠯᠪᠠᠰᠤᠷᠠᠭᠤᠯᠤᠯ ᠤᠨ ᠬᠡᠯᠪᠡᠷᠢ ᠪᠠᠷ 5 ᠡᠳᠦᠷ ᠤᠨ ᠬᠤᠭᠤᠴᠠᠭ᠎ᠠ ᠲᠠᠢ ᠪᠥᠬᠦ ᠲᠠᠯ᠎ᠠ ᠶᠢᠨ᠂ | ᠭᠦᠨᠵᠡᠭᠡᠢ ︽ᠠᠩᠭᠢ ᠳᠠᠭᠠᠵᠤ ᠪᠣᠯᠪᠠᠰᠤᠷᠠᠭᠤᠯᠬᠤ︾ ᠠᠵᠢᠯ ᠬᠢᠵᠡᠢ᠃ ᠪᠤᠯᠪᠠᠰᠤᠷᠠᠯ ᠤᠨ ᠠᠭᠤᠯᠭ᠎ᠠ ᠳᠤ ᠭᠤᠣᠯᠳᠠᠭᠤ | ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ᠂ ᠡᠮ ᠡᠮᠨᠡᠯᠭᠡ ᠶᠢᠨ ᠵᠠᠷᠤᠳᠠᠯ ᠢ ᠭᠠᠷ ᠢᠶᠠᠷ ᠲᠠᠩᠰᠠ | ᠲᠠᠶᠢᠯᠬᠤ ᠵᠡᠷᠭᠡ ᠠᠭᠤᠯᠭ᠎ᠠ ᠶᠢ ᠪᠠᠭᠲᠠᠭᠠᠨ᠎ᠠ᠃ ᠰᠤᠷᠤᠯᠴᠠᠬᠤ ᠳᠤᠭᠤᠶᠢᠯᠠᠩ ᠨᠢ ᠪᠤᠯᠪᠠᠰᠤᠷᠠᠯ ᠢ ᠵᠢᠩᠬᠢᠨᠢ ᠪᠠᠷ | ᠥᠷᠨᠢᠭᠦᠯᠬᠦ ᠠᠴᠠ ᠡᠮᠦᠨ᠎ᠡ ︽ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠵᠦᠢᠯᠡᠰ ᠤᠨ ᠰᠢᠰᠲ᠋ᠧᠮ ᠤᠨ | ᠠᠵᠢᠯᠯᠠᠭᠠᠨ ᠤ ᠵᠦᠭᠯᠡᠭᠦᠷ︾ ᠢ ᠨᠠᠷᠢᠨ ᠬᠢᠨᠠᠮᠠᠭᠠᠢ ᠤᠷᠢᠳᠴᠢᠯᠠᠨ ᠰᠤᠷᠤᠯᠴᠠᠵᠤ ᠰᠤᠳᠤᠯᠤᠨ ᠤᠩᠰᠢᠵᠤ᠂ ᠰᠤᠳᠤᠯᠤᠨ | ᠤᠩᠰᠢᠬᠤ ᠶᠠᠪᠤᠴᠠ ᠳᠤ ᠣᠷᠣᠰᠢᠵᠤ ᠪᠠᠶᠢᠭ᠎ᠠ ᠰᠡᠵᠢᠭ ᠲᠠᠢ ᠠᠰᠠᠭᠤᠳᠠᠯ ᠢ ᠳ᠋ᠦᠩᠨᠡᠨ᠂ ᠠᠰᠠᠭᠤᠳᠠᠯ ᠳᠤ ᠴᠢᠭᠯᠡᠭᠦᠯᠦᠨ | ︽ᠠᠩᠭᠢ ᠳᠠᠭᠠᠵᠤ ᠪᠣᠯᠪᠠᠰᠤᠷᠠᠭᠤᠯᠬᠤ︾ ᠳᠤ ᠣᠷᠣᠯᠴᠠᠵᠤ᠂ ᠪᠤᠯᠪᠠᠰᠤᠷᠠᠯ ᠵᠢᠴᠢ ᠪᠣᠳᠠᠲᠠᠢ ᠠᠵᠢᠯᠯᠠᠭ᠎ᠠ ᠪᠠᠷ ᠳᠡᠮᠵᠢᠨ | ᠲᠤᠷᠰᠢᠯᠭ᠎ᠠ ᠪᠠᠨ ᠳ᠋ᠦᠩᠨᠡᠵᠦ᠂ ᠬᠠᠮᠤᠭ ᠤᠨ ᠶᠡᠭᠡ ᠬᠡᠮᠵᠢᠶ᠎ᠡ ᠪᠠᠷ ︽ᠪᠤᠳᠤᠵᠤ ᠣᠯᠬᠤ᠂ ᠠᠰᠠᠭᠤᠬᠤ᠂ ᠰᠣᠨᠣᠰᠬᠤ᠂ | ᠰᠤᠷᠬᠤ︾ ᠶᠢ ᠪᠡᠶᠡᠯᠡᠭᠦᠯᠦᠨ᠎ᠡ᠃ ᠲᠠᠷᠠᠭᠠᠴᠢ ᠶᠢᠨ ᠠᠯᠬᠤᠮ ᠳᠤ᠂ ᠵᠡᠭᠡᠯᠢ ᠭᠤᠳᠤᠮᠵᠢ ᠶᠢᠨ ᠬᠢᠨ 21 ᠵᠦᠢᠯ ᠢ ᠵᠠᠯᠭᠠᠨ | ᠠᠪᠴᠤ᠂ ᠨᠡᠶᠢᠭᠡᠮ ᠲᠣᠭᠤᠷᠢᠭ ᠤᠨ ᠬᠢᠨ 7 ᠵᠦᠢᠯ ᠤᠨ ᠡᠮ ᠡᠮᠨᠡᠯᠭᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠢ | ᠵᠠᠯᠭᠠᠨ ᠠᠪᠴᠤ᠂ ᠰᠠᠭᠤᠭᠠᠯᠢ ᠠᠷᠠᠳ ᠤᠨ ᠭᠡᠷ ᠤᠨ ᠡᠭᠦᠳᠡᠨ ᠳᠤ ᠳᠠᠷᠤᠢ ᠡᠮ ᠡᠮᠨᠡᠯᠭᠡ ᠶᠢᠨ ᠳᠠᠭᠠᠳᠬᠠᠯ ᠤᠨ | ᠭᠡᠷᠡᠴᠢᠯᠡᠯ᠂ ᠲᠠᠩᠰᠠ ᠲᠠᠶᠢᠯᠬᠤ ᠵᠡᠷᠭᠡ ᠦᠢᠯᠡᠴᠢᠯᠡᠭᠡ ᠶᠢ ᠭᠦᠢᠴᠡᠳᠬᠡᠵᠦ ᠳᠡᠶᠢᠯᠬᠦ ᠶᠢ ᠪᠡᠶᠡᠯᠡᠭᠦᠯᠦᠨ᠎ᠡ᠃ |