ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠶᠡᠭᠡ ᠪᠠᠷ ᠴᠡᠭᠴᠡᠯᠡᠨ ᠵᠠᠰᠠᠪᠠ
ᠨᠡᠶᠢᠲᠡᠯᠡᠭᠰᠡᠨ ᠴᠠᠭ᠄
2023/4/11
      ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠪᠠᠶᠢᠩᠭᠤᠵᠢᠭᠤᠯᠤᠭᠰᠠᠨ ᠶᠡᠷᠦᠩᠬᠡᠶᠢᠯᠡᠨ ᠵᠠᠰᠠᠬᠤ ᠠᠵᠢᠯ ᠢ ᠤᠯᠠᠮ ᠨᠢᠭᠡ ᠠᠯᠬᠤᠮ ᠪᠠᠲᠤᠳᠬᠠᠬᠤ ᠶᠢᠨ ᠲᠥᠯᠥᠭᠡ᠂ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠵᠢᠭᠠᠪᠤᠷᠢ ᠶᠢᠨ ᠶᠣᠰᠣᠭᠠᠷ᠂ ᠰᠠᠯᠠᠭ᠎ᠠ ᠮᠥᠴᠢᠷ ᠤᠨ ᠡᠭᠦᠷᠭᠡ  ᠲᠤᠰᠢᠶᠠᠯ ᠡᠭᠦᠷᠭᠡ ᠬᠠᠷᠢᠭᠤᠴᠠᠯᠭ᠎ᠠ ᠳᠤ ᠰᠠᠭᠤᠷᠢᠯᠠᠵᠤ᠂  ᠶᠡᠷᠦᠩᠬᠡᠢ ᠠᠵᠢᠯ ᠢ‌‍ᠲ᠋ᠦ᠋ᠷᠦᠭᠦᠯᠡᠨ ᠠᠳᠬᠤᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯ ᠢ ᠨᠠᠷᠢᠨ ᠨᠢᠮᠪᠠᠢ ᠵᠣᠬᠢᠶᠠᠨ ᠪᠠᠶᠢᠭᠤᠯᠵᠤ ᠥᠷᠨᠢᠭᠦᠯᠪᠡ᠃      ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠲᠠᠳ ︽ᠭᠠᠷᠠᠭ ᠤᠨ ᠰᠡᠭᠦᠯᠴᠢ ᠳᠤ ᠡᠭᠦᠳᠡ ᠪᠠᠨ ᠬᠠᠭᠠᠬᠤ ᠦᠭᠡᠢ︾ ᠪᠠᠶᠢᠵᠤ᠂ ᠪᠥᠬᠦ ᠲᠤᠭᠤᠷᠢᠭ ᠤᠨ 13 ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠴᠡᠭ ᠲᠤ ᠪᠥᠬᠦ ᠲᠠᠯ᠎ᠠ ᠶᠢᠨ ᠬᠡᠪᠢᠰ ᠮᠠᠶ᠋ᠢᠭ ᠤᠨ ᠪᠠᠶᠢᠴᠠᠭᠠᠯᠲᠠ ᠥᠷᠨᠢᠭᠦᠯᠪᠡ᠃ ᠪᠤᠯᠪᠠᠰᠤᠨ ᠬᠤᠲᠠ ᠪᠠᠶᠢᠭᠤᠯᠬᠤ ᠶᠢ ᠰᠢᠯᠭᠠᠨ ᠦᠨᠡᠯᠡᠬᠦ ᠪᠠᠷᠢᠮᠵᠢᠶ᠎ᠠ ᠲᠠᠢ ᠬᠠᠷᠢᠴᠠᠭᠤᠯᠵᠤ᠂ ᠵᠠᠩᠭᠢᠯᠠᠭ᠎ᠠ ᠶᠢᠨ ᠴᠡᠭ ᠢ ᠠᠳᠬᠤᠨ᠂ ᠪᠡᠷᠬᠡ ᠠᠰᠠᠭᠤᠳᠠᠯ ᠢ ᠰᠢᠢᠳᠪᠦᠷᠢᠯᠡᠵᠦ᠂ ᠠᠰᠠᠭᠤᠳᠠᠯ ᠢ ᠡᠷᠢᠵᠦ᠂ ᠳᠤᠲᠠᠭᠤᠳᠠᠯ ᠢ ᠨᠥᠬᠦᠪᠦᠷᠢᠯᠡᠵᠦ᠂ ᠴᠡᠭᠴᠡᠯᠡᠨ ᠰᠠᠶᠢᠵᠢᠷᠠᠭᠤᠯᠬᠤ ᠳᠤ ᠪᠣᠳᠠᠲᠤ ᠦᠷ᠎ᠡ ᠪᠦᠲᠦᠮᠵᠢ ᠭᠠᠷᠭᠠᠵᠤ᠂ ᠳᠠᠬᠢᠨ ᠳᠡᠭᠡᠭᠰᠢᠯᠡᠭᠦᠯᠬᠦ ᠶᠢ ᠦᠨᠡᠨᠬᠦ ᠪᠠᠲᠤᠯᠠᠨ᠎ᠠ᠃      ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠦᠬᠦ ᠤᠯᠤᠰ ᠤᠨ ᠪᠣᠯᠪᠠᠰᠤᠨ ᠬᠤᠲᠠ᠂ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠪᠠ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠱᠠᠭᠠᠷᠳᠠᠯᠭ᠎ᠠ ᠶᠢ ᠬᠠᠷᠢᠯᠴᠠᠨ ᠤᠶᠠᠯᠳᠤᠭᠤᠯᠵᠤ᠂ ᠸᠠᠩ ᠯᠦᠩ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠢ ᠯᠢᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠴᠢᠶᠤᠸᠠᠨ ᠳ᠋ᠢᠶᠠᠨ ᠢᠳᠡᠭᠡᠨ ᠤ ᠵᠠᠬ᠎ᠠ ᠳᠡᠯᠭᠡᠭᠦᠷ᠂ ᠴᠦᠨ ᠭᠤᠸᠠᠩ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠵᠢᠦ ᠰᠢᠩ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠤᠭᠲᠤᠯᠭ᠎ᠠ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ 13 ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠪᠣᠯᠪᠠᠰᠤᠨ ᠢ ᠡᠭᠦᠳᠦᠨ ᠪᠠᠶᠢᠭᠤᠯᠬᠤ ᠤᠷᠢᠶ᠎ᠠ ᠯᠣᠽᠦ᠋ᠩ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠳᠡᠯᠭᠡᠭᠡ ᠮᠠᠶᠢᠮᠠᠢ᠂ ᠵᠠᠮ ᠡᠵᠡᠯᠡᠨ ᠡᠵᠡᠩᠨᠡᠬᠦ᠂ ᠭᠡᠷᠡᠴᠢ ᠪᠠᠷᠢᠮᠲᠠ ᠠᠪᠬᠤ ᠵᠡᠷᠭᠡ ᠭᠤᠣᠯᠳᠠᠯᠭ᠎ᠠ ᠲᠠᠢ ᠠᠰᠠᠭᠤᠳᠠᠯ ᠢ ᠴᠡᠭᠴᠡᠯᠡᠨ ᠵᠠᠰᠠᠵᠦ᠂ ᠡᠨᠡ ᠬᠤᠭᠤᠴᠠᠭᠠᠨ ᠳᠤ ᠨᠡᠶᠢᠲᠡ 151 ᠬᠥᠮᠥᠨ ᠤᠳᠠᠭ᠎ᠠ ᠠᠵᠢᠯᠲᠠᠨ ᠲᠣᠮᠢᠯᠠᠵᠤ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠰᠠᠭᠤᠳᠠᠯ ᠢ 33 ᠭᠠᠵᠠᠷ ᠤᠳᠠᠭ᠎ᠠ ᠬᠢᠨᠠᠨ ᠵᠢᠯᠤᠭᠤᠳᠴᠤ᠂ ᠬᠤᠳᠠᠯᠳᠤᠭᠠᠨ ᠤ ᠡᠷᠦᠬᠡ ᠶᠢᠨ ᠭᠡᠷᠡᠴᠢ ᠦᠨᠡᠮᠯᠡᠯ ᠤᠨ ᠠᠰᠠᠭᠤᠳᠠᠯ ᠢ 35 ᠤᠳᠠᠭ᠎ᠠ ᠴᠡᠭᠴᠡᠯᠡᠨ ᠥᠭᠡᠷᠡᠴᠢᠯᠡᠬᠦ ᠶᠢ ᠱᠠᠯᠠᠪᠳᠠᠭᠤᠯᠤᠨ ᠱᠠᠭᠠᠷᠳᠠᠵᠤ᠂ ᠢᠳᠡᠭᠡᠨ ᠤ ᠨᠡᠮᠡᠯᠲᠡ ᠡᠳ᠋ ᠢ ᠬᠡᠷᠡᠭᠯᠡᠬᠦ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠵᠢᠷᠤᠮᠵᠢᠭᠤᠯᠬᠤ ᠠᠰᠠᠭᠤᠳᠠᠯ ᠢ 15 ᠭᠠᠵᠠᠷ ᠵᠢᠷᠤᠮᠵᠢᠭᠤᠯᠪᠠ᠃ ᠡᠭᠦᠨ ᠤ ᠬᠠᠮᠲᠤ ᠡᠯ᠎ᠡ ᠵᠠᠬ᠎ᠠ ᠳᠡᠯᠭᠡᠭᠦᠷ ᠢ ᠱᠠᠯᠠᠪᠳᠠᠭᠤᠯᠤᠨ ᠳᠠᠶᠢᠴᠢᠯᠠᠵᠤ ᠪᠠᠶᠢᠭᠠᠳ ᠳᠡᠯᠭᠡᠭᠦᠷ ᠬᠠᠭᠠᠭᠰᠠᠨ ᠤ ᠳᠠᠷᠠᠭᠠᠬᠢ ᠡᠷᠡᠭᠦᠯ ᠬᠠᠮᠠᠭᠠᠯᠠᠯ ᠤᠨ ᠶᠡᠭᠡ ᠴᠡᠪᠡᠷᠯᠡᠯᠲᠡ ᠶᠢ ᠥᠷᠨᠢᠭᠦᠯᠵᠦ᠂ ᠵᠠᠬ᠎ᠠ ᠳᠡᠯᠭᠡᠭᠦᠷ ᠤᠨ ᠪᠦᠬᠦᠯᠢ ᠴᠣᠭᠴᠠ ᠶᠢᠨ ᠠᠷᠢᠭᠤᠨ ᠴᠡᠪᠡᠷ ᠢ ᠬᠠᠮᠠᠭᠠᠯᠠᠬᠤ ᠠᠵᠢᠯ ᠢ ᠴᠢᠩᠭᠠᠳᠬᠠᠨ᠂ ᠵᠠᠬ᠎ᠠ ᠳᠡᠯᠭᠡᠭᠦᠷ ᠤᠨ ᠣᠷᠣᠵᠤ ᠭᠠᠷᠬᠤ ᠭᠠᠵᠠᠷ᠂ ᠨᠡᠶᠢᠲᠡ ᠶᠢᠨ ᠵᠣᠷᠯᠣᠩ᠂ ᠭᠠᠯ ᠤᠨᠲᠠᠷᠠᠭᠠᠬᠤ ᠵᠠᠮ ᠵᠡᠷᠭᠡ ᠭᠠᠵᠠᠷ ᠤᠨ ᠡᠯᠳᠡᠪ ᠪᠣᠳᠠᠰ ᠢ ᠴᠡᠪᠡᠷᠯᠡᠨ ᠠᠷᠢᠯᠭᠠᠵᠤ᠂ ᠬᠡᠪᠰᠢᠭᠰᠡᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠠᠢ᠃      ᠳᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠭᠤᠷᠪᠠ ᠶᠢ ᠴᠢᠩᠭᠠᠳᠬᠠᠬᠤ︾ ᠠᠴᠠ ᠭᠠᠷᠳᠠᠵᠦ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠰᠠᠶᠢᠲᠤᠷ ᠬᠢᠬᠦ ᠪᠣᠯᠣᠨ᠎ᠠ᠄ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠵᠤ᠂ ᠨᠢᠭᠡ ᠪᠦᠯᠦᠭ ᠢ ᠴᠡᠭᠴᠡᠯᠡᠨ ᠵᠠᠰᠠᠵᠤ᠂ ᠨᠢᠭᠡ ᠪᠦᠯᠦᠭ ᠢ ᠪᠠᠷᠢᠮᠵᠢᠶ᠎ᠠ ᠳᠤ ᠬᠦᠷᠭᠡᠬᠦ ᠶᠢ ᠪᠠᠲᠤᠯᠠᠨ᠎ᠠ︔ ᠱᠠᠯᠠᠪᠳᠠᠭᠤᠯᠤᠨ ᠪᠠᠶᠢᠴᠠᠭᠠᠵᠤ ᠵᠢᠭᠠᠨ ᠵᠢᠯᠤᠭᠤᠳᠬᠤ ᠠᠵᠢᠯ ᠢᠶᠠᠨ ᠴᠢᠩᠭᠠᠳᠬᠠᠵᠤ᠂ ᠠᠰᠠᠭᠤᠳᠠᠯ ᠲᠠᠬᠢᠨ ᠡᠭᠦᠰᠬᠦ ᠶᠢ ᠰᠡᠷᠭᠡᠶᠢᠯᠡᠨ᠎ᠡ︔ ᠤᠬᠠᠭᠤᠯᠭ᠎ᠠ ᠪᠣᠯᠪᠠᠰᠤᠷᠠᠭᠤᠯᠤᠯ ᠢ ᠴᠢᠩᠭᠠᠳᠬᠠᠨ᠂ ᠵᠠᠮ ᠡᠵᠡᠯᠡᠨ ᠡᠵᠡᠩᠨᠡᠬᠦ᠂ ᠳᠡᠯᠭᠡᠭᠦᠷ ᠢ ᠤᠷᠲᠤᠳᠬᠠᠬᠤ᠂ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠬᠤ ᠶᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠤᠨ᠂ ᠤᠷᠳᠤ ᠬᠤᠭᠤᠴᠠᠭᠠᠨ ᠤ ᠦᠷ᠎ᠡ ᠪᠦᠲᠦᠮᠵᠢᠲᠡᠢ ᠲᠣᠭᠲᠠᠴᠠ ᠶᠢ ᠪᠤᠢ ᠪᠣᠯᠭᠠᠨ᠂ ᠨᠢᠭᠡᠨ ᠴᠡᠪᠡᠷ ᠲᠡᠭᠰᠢ᠂ ᠪᠣᠯᠪᠠᠰᠤᠨ ᠪᠥᠭᠡᠳ ᠡᠮᠬᠢ ᠵᠢᠷᠤᠮ ᠲᠠᠢ ᠪᠠᠷᠠᠭ᠎ᠠ ᠬᠤᠳᠠᠯᠳᠤᠨ ᠠᠪᠬᠤ ᠣᠷᠴᠢᠨ ᠲᠣᠭᠤᠷᠢᠨ ᠢ ᠢᠳᠡᠪᠬᠢᠲᠡᠢ ᠪᠠᠷ ᠪᠤᠢ ᠪᠤᠯᠭᠠᠨ᠎ᠠ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号