ᠴᠢᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2023 ᠣᠨ ᠤ 6 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/4/11
      ᠰᠢ ᠶᠢᠨ ᠫᠢᠩ ᠶᠡᠷᠦᠩᠬᠡᠢ ᠱᠦᠵᠢ ᠶᠢᠨ ᠱᠠᠰᠢᠨ ᠰᠤᠷᠲᠠᠬᠤᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠪᠠ ᠪᠦᠬᠦ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠳᠠ ᠶᠢᠨ ᠱᠠᠰᠢᠨ ᠰᠤᠷᠲᠠᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠶᠢᠨ ᠲᠥᠯᠥᠭᠡ᠂ 4 ᠰᠠᠷ᠎ᠠ ᠶᠢᠨ 10 ᠤ ᠡᠳᠦᠷ᠂ ᠴᠢᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2023 ᠣᠨ ᠤ 6 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠲᠤᠰᠬᠠᠢ ᠰᠡᠳᠦᠪᠲᠦ ᠱᠠᠰᠢᠨ ᠰᠤᠷᠲᠠᠬᠤᠨ ᠤ ᠠᠵᠢᠯ ᠢ ᠰᠤᠷᠤᠯᠴᠠᠪᠠ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠤᠷᠤᠯᠴᠠᠬᠤ ᠬᠤᠷᠠᠯ ᠢ ᠡᠷᠬᠢᠯᠡᠵᠡᠢ᠃      ᠲᠣᠭᠤᠷᠢᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠬᠦ ᠪᠦᠷᠢᠯᠳᠦᠭᠦᠨ᠂ ᠲᠣᠭᠤᠷᠢᠭ ᠤᠨ ᠬᠠᠷᠢᠶ᠎ᠠ ᠡᠯ᠎ᠡ ᠬᠠᠮᠢᠶ᠎ᠠ ᠪᠦᠬᠦᠢ ᠨᠢᠭᠡᠴᠡ ᠶᠢᠨ ᠭᠤᠣᠯ ᠬᠠᠷᠢᠭᠤᠴᠠᠯᠭᠠᠲᠠᠨ᠂ ᠡᠯ᠎ᠡ ᠵᠡᠭᠡᠯᠢ ᠪᠠᠯᠭᠠᠰᠤ ᠶᠢᠨ ᠨᠢᠭᠡᠳᠦᠮᠡᠯ ᠹᠷᠣᠨᠲ ᠤᠨ ᠭᠡᠰᠢᠭᠦᠨ᠂ ᠡᠯ᠎ᠡ ᠨᠡᠶᠢᠭᠡᠮ ᠲᠣᠭᠤᠷᠢᠭ ︵ᠲᠣᠰᠬᠤᠨ︶ ᠤᠨ ᠱᠦᠵᠢ 100 ᠭᠠᠷᠤᠢ ᠬᠥᠮᠥᠨ ᠰᠤᠷᠤᠯᠴᠠᠯᠭ᠎ᠠ ᠳᠤ ᠣᠷᠣᠯᠴᠠᠪᠠ᠃      ᠰᠤᠷᠤᠯᠴᠠᠯᠭ᠎ᠠ ᠶᠢᠨ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠠᠷᠪᠠᠨ ᠨᠢᠭᠡᠳᠦᠭᠡᠷ ᠭᠠᠵᠠᠷ ᠤᠨ ᠳᠠᠷᠤᠭ᠎ᠠ ᠶᠢ ᠣᠨᠴᠠᠭᠠᠶᠢᠯᠠᠨ ᠤᠷᠢᠵᠤ᠂ ︽ᠰᠢᠨ᠎ᠡ ᠴᠠᠭ ᠦᠶ᠎ᠡ ᠶᠢᠨ ᠨᠠᠮ ᠤᠨ ᠱᠠᠰᠢᠨ ᠰᠤᠷᠲᠠᠬᠤᠨ ᠤ ᠠᠵᠢᠯ ᠤᠨ ᠤᠨᠤᠯ ᠪᠠ ᠴᠢᠭᠯᠡᠯᠲᠡ ᠲᠦᠷᠦ ᠶᠢᠨ ᠪᠣᠳᠣᠯᠭ᠎ᠠ ᠶᠢ ᠭᠦᠨᠵᠡᠭᠡᠢ ᠰᠤᠷᠤᠯᠴᠠᠵᠤ᠂ ᠰᠢᠨ᠎ᠡ ᠴᠠᠭ ᠦᠶ᠎ᠡ ᠶᠢᠨ ᠨᠠᠮ ᠤᠨ ᠱᠠᠰᠢᠨ ᠰᠤᠷᠲᠠᠬᠤᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠶ᠎ᠡ︾ ᠭᠡᠬᠦ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠬᠢᠯᠭᠡᠪᠡ᠃      ᠰᠤᠷᠤᠯᠴᠠᠯᠭ᠎ᠠ ᠶᠢᠨ ᠬᠤᠷᠠᠯ ᠳᠡᠭᠡᠷ᠎ᠡ᠂ ᠱᠠᠰᠢᠨ ᠰᠤᠷᠲᠠᠬᠤᠨ ᠤ ᠠᠵᠢᠯ ᠤᠨ ᠣᠨᠴᠠᠭᠠᠢ ᠴᠢᠬᠤᠯᠠ ᠴᠢᠨᠠᠷ᠂ ᠨᠠᠮ ᠤᠨ ᠱᠠᠰᠢᠨ ᠰᠤᠷᠲᠠᠬᠤᠨ ᠤ ᠠᠵᠢᠯ ᠤᠨ ᠤᠨᠤᠯ ᠪᠠ ᠴᠢᠭᠯᠡᠯᠲᠡ ᠲᠦᠷᠦ ᠶᠢᠨ ᠪᠣᠳᠣᠯᠭ᠎ᠠ᠂ ᠰᠢᠨ᠎ᠡ ᠴᠠᠭ ᠦᠶ᠎ᠡ ᠶᠢᠨ ᠨᠠᠮ ᠤᠨ ᠱᠠᠰᠢᠨ ᠰᠤᠷᠲᠠᠬᠤᠨ ᠤ ᠠᠵᠢᠯ ᠤᠨ ᠪᠠᠶᠢᠳᠠᠯ ᠪᠠ ᠭᠤᠣᠯᠳᠠᠯᠭ᠎ᠠ ᠲᠠᠢ ᠡᠭᠦᠷᠭᠡ ᠵᠢᠴᠢ ᠨᠠᠮ ᠤᠨ ᠱᠠᠰᠢᠨ ᠰᠤᠷᠲᠠᠬᠤᠨ ᠤ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠬᠤ ᠵᠡᠷᠭᠡ ᠪᠦᠬᠦ ᠲᠠᠯ᠎ᠠ ᠶᠢᠨ ᠰᠢᠰᠲ᠋ᠧᠮ ᠲᠠᠢ ᠲᠠᠶᠢᠯᠪᠤᠷᠢᠯᠠᠯᠲᠠ ᠬᠢᠵᠦ᠂ ᠤᠨᠤᠯ ᠤᠨ ᠥᠨᠳᠥᠷᠴᠡ ᠲᠠᠢ ᠪᠥᠭᠡᠳ ᠪᠣᠳᠠᠲᠠᠢ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠠᠶᠢᠵᠤ᠂ ᠪᠦᠬᠦ ᠲᠤᠭᠤᠷᠢᠭ ᠤᠨ ᠱᠠᠰᠢᠨ ᠰᠤᠷᠲᠠᠬᠤᠨ ᠤ ᠠᠵᠢᠯ ᠢ ᠰᠠᠶᠢᠲᠤᠷ ᠬᠢᠬᠦ ᠳᠤ ᠮᠠᠰᠢ ᠴᠢᠩᠭ᠎ᠠ ᠵᠢᠯᠤᠭᠤᠳᠬᠤ ᠠᠴᠢ ᠬᠤᠯᠪᠣᠭᠳᠠᠯ ᠲᠠᠢ ᠶᠤᠮ᠃      ᠬᠤᠷᠠᠯ ᠠᠴᠠ᠂ ᠪᠦᠬᠦ ᠲᠤᠭᠤᠷᠢᠭ ᠤᠨ ᠨᠠᠮ ᠤᠨ ᠭᠡᠰᠢᠭᠦᠨ ᠺᠠᠳ᠋ᠷ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠱᠠᠰᠢᠨ ᠰᠤᠷᠲᠠᠬᠤᠨ ᠤ ᠠᠵᠢᠯ ᠢ ᠰᠠᠶᠢᠲᠤᠷ ᠬᠢᠬᠦ ᠡᠭᠦᠷᠭᠡᠲᠦ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ᠃ ᠡᠯ᠎ᠡ ᠨᠢᠭᠡᠴᠡ ᠶᠢᠨ ᠭᠤᠣᠯ ᠬᠠᠷᠢᠭᠤᠴᠠᠯᠭᠠᠲᠠᠨ ᠨᠥᠬᠦᠳ ᠱᠠᠰᠢᠨ ᠰᠤᠷᠲᠠᠬᠤᠨ ᠤ ᠠᠵᠢᠯ ᠤᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠱᠠᠰᠢᠨ ᠰᠤᠷᠲᠠᠬᠤᠨ ᠤ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ  ᠨᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠠᠵᠢᠯ ᠤᠨ ᠮᠥᠨ ᠴᠢᠨᠠᠷ ᠢ ᠣᠨᠣᠪᠴᠢᠲᠠᠢ ᠡᠵᠡᠮᠳᠡᠵᠦ᠂ ᠨᠢᠭᠡᠳᠦᠮᠡᠯ ᠹᠷᠣᠨᠲ ᠤᠨ ᠴᠢᠬᠤᠯᠠ ᠡᠷᠳᠡᠨᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠦᠨᠳᠦᠰᠦᠨ ᠱᠠᠲᠤᠨ ᠤ ᠱᠠᠰᠢᠨ ᠰᠤᠷᠲᠠᠬᠤᠨ ᠤ ᠠᠵᠢᠯ ᠤᠨ ᠰᠠᠭᠤᠷᠢ ᠶᠢ ᠤᠯᠠᠮ ᠨᠢᠭᠡ ᠠᠯᠬᠤᠮ ᠪᠠᠲᠤᠳᠬᠠᠵᠤ᠂ ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ ᠬᠠᠮᠢᠶᠠᠷᠬᠤ᠂ ᠨᠡᠶᠢᠭᠡᠮ ᠨᠡᠶᠢᠲᠡ ᠪᠠᠷ ᠢᠶᠠᠨ ᠬᠠᠮᠵᠢᠯᠴᠠᠬᠤ᠂ ᠱᠠᠰᠢᠨ ᠰᠤᠷᠲᠠᠬᠤᠨ ᠥᠪᠡᠷ ᠢ ᠪᠠᠨ ᠱᠠᠭᠠᠷᠳᠠᠬᠤ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠵᠠᠰᠠᠬᠤ ᠪᠠᠶᠢᠷᠢᠰᠢᠯ ᠢ ᠬᠦᠴᠦᠯᠡᠨ ᠪᠠᠶᠢᠭᠤᠯᠵᠤ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠬᠤ ᠠᠵᠢᠯ ᠤᠨ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号