ᠪᠣᠭᠤᠳᠣ ᠬᠤᠳᠠ ᠶᠢᠨ ᠪᠥᠬᠦ ᠣᠯᠣᠰ ᠤᠨ ᠥᠨᠳᠥᠰᠥᠳᠡᠨ ᠤ ᠪᠥᠯᠬᠦᠮᠳᠡᠯ ᠲᠠᠪᠰᠢᠯᠳᠠ ᠶᠢᠨ ᠵᠢᠱᠢᠶ᠎ᠡ | ᠥᠵᠡᠬᠦᠯᠬᠦ ᠬᠤᠳᠠ ᠶᠢ ᠡᠭᠦᠳᠣᠨ ᠪᠠᠶᠢᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠶᠢᠨ ᠲᠥᠯᠥᠭᠡ᠂ ᠲᠣᠭᠤᠷᠢᠭ ᠤᠨ | ᠥᠨᠳᠥᠰᠥᠳᠡᠨ ᠤ ᠪᠥᠯᠬᠦᠮᠳᠡᠯ ᠲᠠᠪᠰᠢᠯᠳᠠ ᠶᠢ ︽ᠨᠠᠢᠮᠨ ᠳᠤ ᠣᠷᠣᠭᠤᠯᠬᠤ︾ ᠲᠣᠰᠬᠠᠢ ᠲᠥᠷᠥᠯ ᠤᠨ ᠠᠬᠢᠭᠤᠯᠬᠤ | ᠲᠣᠭᠤᠶᠢᠯᠠᠩ ᠤᠨ ᠲᠥᠷᠥᠬᠦᠯᠡᠬᠦ ᠨᠢᠬᠡᠴᠢ ᠠᠴᠠ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠶᠢᠨ | ᠣᠬᠠᠮᠰᠠᠷ ᠢ ᠪᠠᠳᠣᠳᠬᠠᠵᠣ ᠥᠨᠳᠥᠰᠥᠳᠡᠨ ᠤ ᠪᠥᠯᠬᠦᠮᠳᠡᠯ ᠲᠠᠪᠰᠢᠯᠳᠠ ᠶᠢᠨ ᠡᠭᠦᠳᠣᠨ ᠪᠠᠶᠢᠭᠤᠯᠣᠯᠳᠠ ᠶᠢᠨ | ︽ᠰᠣᠷᠭᠠᠭᠤᠯᠢ ᠳᠤ ᠣᠷᠣᠬᠤ︾ ᠬᠠᠷᠢᠯᠴᠡᠨ ᠲᠣᠭᠤᠷᠢᠨ ᠥᠵᠡᠵᠣ ᠰᠣᠷᠣᠯᠴᠠᠬᠤ ᠠᠵᠢᠯᠯᠠᠭ᠎ᠠ ᠶᠢ ᠥᠷᠨᠢᠬᠦᠯᠵᠣ᠂ | ᠪᠣᠭᠤᠳᠣ ᠬᠤᠳᠠ ᠶᠢᠨ ᠥᠨᠳᠥᠰᠥᠳᠡᠨ ᠤ ᠭᠡᠷᠡᠭ ᠡᠷᠬᠢᠯᠡᠬᠦ ᠵᠥᠪᠯᠡᠯ ᠤᠨ ᠡᠷᠬᠢᠯᠡᠭᠴᠢ᠂ ᠲᠣᠭᠤᠷᠢᠭ ᠤᠨ ᠨᠢᠬᠡᠳᠣᠮᠡᠯ | ᠹᠡᠷᠣᠨᠲ ᠤᠨ ᠭᠡᠯᠳᠡᠰ ᠤᠨ ᠲᠡᠳ᠋ ᠲᠡᠷᠤᠭ᠎ᠠ ᠥᠨᠳᠥᠰᠥᠳᠡᠨ ᠤ ᠭᠡᠷᠡᠭ ᠡᠷᠬᠢᠯᠡᠬᠦ ᠵᠥᠪᠯᠡᠯ ᠤᠨ ᠡᠷᠬᠢᠯᠡᠭᠴᠢ᠂ | ᠲᠣᠭᠤᠷᠢᠭ ᠤᠨ ᠰᠣᠷᠭᠠᠨ ᠬᠥᠮᠥᠵᠢᠯ ᠤᠨ ᠲᠣᠪᠴᠢᠶᠠᠨ ᠤ ᠣᠳᠣᠷᠢᠳᠣᠯᠭ᠎ᠠ ᠵᠢᠴᠢ ᠡᠯ᠎ᠡ ᠰᠣᠷᠭᠠᠭᠤᠯᠢ ᠶᠢᠨ ᠬᠠᠮᠢᠶ᠎ᠠ | ᠪᠥᠬᠦᠢ ᠬᠠᠷᠢᠭᠤᠴᠠᠯᠭᠠᠳᠡᠳ ᠬᠠᠮᠳᠣ ᠪᠠᠷ ᠵᠢᠷᠭᠠᠯᠠᠩᠳᠣ ᠡᠮᠣᠨ᠎ᠡ ᠵᠠᠮ ᠤᠨ ᠪᠠᠭ᠎ᠠ ᠰᠣᠷᠭᠠᠭᠤᠯᠢ ᠶᠢᠨ ᠰᠣᠷᠭᠠᠨ | ᠭᠥᠮᠥᠵᠢᠯ ᠤᠨ ᠬᠤᠯᠪᠣᠭ᠎ᠠ ᠶᠢᠨ ᠭᠤᠷᠪᠠᠳᠣᠭᠠᠷ ᠰᠣᠷᠭᠠᠭᠤᠯᠢ ᠶᠢᠨ ᠲᠣᠭᠤᠷᠢᠭ ᠳᠤ ᠭᠥᠷᠴᠣ ᠲᠣᠭᠤᠷᠢᠨ ᠥᠵᠡᠵᠣ | ᠰᠣᠯᠢᠯᠴᠠᠪᠠ᠃ | ᠰᠣᠷᠭᠠᠭᠤᠯᠢ ᠶᠢᠨ ᠵᠠᠬᠢᠷᠣᠯ ᠠᠴᠠ ᠲᠣᠭᠤᠷᠢᠨ ᠥᠵᠡᠭᠰᠡᠳ ᠲᠤ ᠰᠣᠷᠭᠠᠭᠤᠯᠢ ᠶᠢᠨ ᠲᠣᠶᠢᠮᠣ ᠪᠠᠶᠢᠳᠠᠯ ᠵᠢᠴᠢ | ᠰᠣᠷᠭᠠᠭᠤᠯᠢ ᠶᠢᠨ ᠥᠨᠳᠥᠰᠥᠳᠡᠨ ᠤ ᠪᠥᠯᠬᠦᠮᠳᠡᠯ ᠲᠠᠪᠰᠢᠯᠳᠠ ᠶᠢᠨ ᠰᠣᠷᠭᠠᠨ ᠬᠥᠮᠥᠵᠢᠯ ᠤᠨ ᠣᠯᠣᠭᠰᠠᠨ ᠠᠮᠵᠢᠯᠳᠠ | ᠪᠥᠳᠣᠮᠵᠢ ᠶᠢ ᠲᠠᠨᠢᠯᠴᠠᠭᠤᠯᠵᠣ᠂ ᠰᠣᠷᠭᠠᠭᠤᠯᠢ ᠶᠢᠨ ᠬᠢᠨ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ | ᠴᠣᠭᠴᠨ ᠶᠢᠨ ᠣᠬᠠᠮᠰᠠᠷ ᠢ ᠪᠠᠳᠣᠳᠬᠠᠬᠤ ᠶᠢ ᠰᠣᠷᠭᠠᠭᠤᠯᠢ ᠶᠢᠨ ᠰᠣᠷᠭᠠᠨ ᠬᠥᠮᠥᠵᠢᠯ ᠵᠢᠭᠠᠨ ᠰᠣᠷᠭᠠᠯᠳᠠ ᠯᠤᠭ᠎ᠠ | ᠨᠢᠭᠳᠠ ᠠᠭᠤᠰᠣᠯᠴᠠᠭᠤᠯᠵᠣ᠂ ᠰᠣᠷᠭᠠᠭᠤᠯᠢ ᠡᠷᠬᠢᠯᠡᠬᠦ ᠣᠶᠢᠯᠠᠭᠠᠭᠳᠠᠬᠤᠨ᠂ ᠪᠠᠭᠰᠢ ᠶᠢᠨ ᠡᠩᠨᠡᠭᠡ᠂ ᠰᠣᠷᠭᠠᠨ ᠬᠥᠮᠥᠵᠢᠯ | ᠵᠢᠭᠠᠨ ᠰᠣᠷᠭᠠᠯᠳᠠ᠂ ᠲᠣᠮᠳᠠᠳᠣ ᠶᠢᠨ ᠰᠣᠶᠣᠯ ᠤᠨ ᠣᠷᠳᠣ ᠬᠤᠩᠬᠢᠯ᠂ ᠥᠨᠳᠥᠰᠥᠳᠡᠨ ᠤ ᠰᠣᠶᠣᠯ ᠤᠨ ᠣᠷᠳᠣ | ᠬᠤᠩᠬᠢᠯ᠂ ᠠᠨᠠᠷ ᠤᠨ ᠥᠷ᠎ᠡ ᠶᠢᠨ ᠥᠨᠳᠥᠰᠥᠳᠡᠨ ᠤ ᠥᠵᠡᠬᠦᠯᠥᠯᠭᠡ ᠤᠨ ᠲᠢᠩᠬᠢᠮ ᠵᠡᠷᠭᠡ ᠲᠠᠯ᠎ᠠ ᠪᠠᠷ ᠬᠤᠪᠢᠶᠠᠯᠴᠡᠨ | ᠰᠣᠯᠢᠯᠴᠠᠪᠠ᠃ | ᠪᠣᠭᠤᠳᠣ ᠬᠤᠳᠠ ᠶᠢᠨ ᠴᠢᠩᠱᠠᠨ ᠲᠣᠭᠤᠷᠢᠭ ᠤᠨ ᠵᠢᠷᠭᠠᠯᠠᠩᠳᠣ ᠡᠮᠣᠨᠡᠵᠠᠮ ᠤᠨ ᠪᠠᠭ᠎ᠠ ᠰᠣᠷᠭᠠᠭᠤᠯᠢ ᠶᠢᠨ | ᠰᠣᠷᠭᠠᠨ ᠭᠥᠮᠥᠵᠢᠯ ᠤᠨ ᠬᠤᠯᠪᠣᠭ᠎ᠠ ᠶᠢᠨ ᠭᠤᠷᠪᠠᠳᠣᠭᠠᠷ ᠰᠣᠷᠭᠠᠭᠤᠯᠢ ᠶᠢᠨ ᠲᠣᠭᠤᠷᠢᠭ ᠨᠢ ᠬᠤᠳᠠ ᠶᠢᠨ ᠲᠣᠮᠳᠠᠬᠢ | ᠲᠣᠰᠬᠤᠨ ᠳᠤ ᠪᠠᠶᠢᠷᠢᠯᠠᠵᠣ᠂ 95.3% ᠶᠢᠨ ᠰᠣᠷᠣᠭᠴᠢ ᠶᠢᠨ ᠢᠷᠡᠯᠳᠡ ᠨᠢ ᠬᠤᠳᠠ ᠣᠷᠣᠵᠣ ᠬᠥᠳᠡᠯᠮᠦᠷᠢ ᠬᠦᠴᠦ | ᠬᠢᠵᠣ ᠪᠠᠶᠢᠭ᠎ᠠ ᠬᠥᠮᠥᠰ ᠤᠨ ᠥᠷ᠎ᠡ ᠬᠡᠣᠭᠡᠳ ᠪᠠᠶᠢᠵᠣ᠂ ᠡᠭᠦᠨ ᠤ ᠲᠣᠳᠣᠷᠠᠬᠢ 500 ᠰᠢᠬᠠᠮ ᠰᠣᠷᠣᠭᠴᠢ ᠨᠢ | ᠥᠪᠥᠷ ᠮᠣᠩᠭᠤᠯ ᠤᠨ ᠪᠣᠰᠣ ᠭᠠᠵᠠᠷ ᠣᠷᠣᠨ ᠠᠴᠠ ᠢᠷᠡᠵᠣ᠂ ᠠᠳᠠᠯᠢ ᠪᠣᠰᠣ ᠣᠷᠣᠨ ᠪᠥᠰᠡ ᠶᠢᠨ ᠣᠨᠴᠠᠯᠢᠭ᠂ | ᠠᠳᠠᠯᠢ ᠪᠣᠰᠣ ᠵᠠᠩ ᠲᠠᠳᠬᠠᠯ᠂ ᠠᠳᠠᠯᠢ ᠪᠣᠰᠣ ᠥᠷᠳᠡᠭ ᠤᠨ ᠥᠵᠡᠯᠳᠡ᠂ ᠠᠳᠠᠯᠢ ᠪᠣᠰᠣ ᠥᠨᠳᠥᠰᠥᠳᠡᠨ ᠤ | ᠰᠣᠷᠣᠭᠴᠢ ᠬᠠᠮᠳᠣ ᠴᠣᠭᠯᠠᠷᠠᠨ᠂ ᠰᠣᠷᠭᠠᠭᠤᠯᠢ ᠶᠢ ᠣᠯᠠᠨ ᠡᠰᠢᠳᠣ ᠴᠢᠨᠠᠷ ᠲᠠᠢ ᠪᠣᠯᠭᠠᠵᠣ᠂ ᠣᠯᠠᠨ ᠡᠰᠢᠵᠢᠯ ᠢ ᠨᠢᠬᠡ | ᠴᠣᠭᠴᠠᠵᠢᠭᠤᠯᠬᠤ ᠶᠢᠨ ᠲᠥᠯᠥᠭᠡ᠂ ᠰᠣᠷᠭᠠᠭᠤᠯᠢ ᠶᠢᠨ ᠬᠢᠨ ᠠᠭᠤᠳᠠᠮᠴᠢ ᠰᠣᠷᠭᠠᠨ ᠭᠥᠮᠥᠵᠢᠯ ᠢ ᠪᠠᠷᠢᠮᠳᠠᠯᠠᠨ᠂ | ︽ᠣᠯᠣᠰ ᠭᠡᠷ ᠤᠨ ᠰᠡᠳᠬᠢᠯᠭᠡ ᠠᠭᠤᠳᠠᠮᠴᠢ ᠬᠥᠮᠥᠨ ᠤ ᠠᠮᠢᠳᠤᠷᠠᠯ︾ ᠤᠨ ᠰᠣᠷᠭᠠᠭᠤᠯᠢ ᠡᠷᠬᠢᠯᠡᠬᠦ | ᠣᠶᠢᠯᠠᠭᠠᠭᠳᠠᠬᠤᠨ ᠢ ᠲᠣᠷᠠᠳᠴᠣ᠂ ᠣᠶᠢᠷ᠎ᠡ ᠶᠢᠨ ᠵᠢᠯ ᠤᠳ ᠲᠤ᠂ ᠰᠣᠷᠭᠠᠭᠤᠯᠢ ᠨᠢ ︽ᠲᠣᠮᠳᠠᠳᠣ ᠶᠢᠨ | ᠥᠨᠳᠥᠰᠥᠳᠡᠨ ᠨᠢᠬᠡ ᠭᠡᠷ ᠪᠥᠯᠢ ᠶᠢᠨ ᠭᠥᠮᠥᠨ ᠰᠢᠭ ᠲᠣᠳᠣᠨᠣ ᠪᠠᠶᠢᠵᠣ᠂ ᠰᠡᠳᠬᠢᠯ ᠨᠢᠬᠡᠳᠣᠨ ᠲᠣᠮᠳᠠᠳᠣ ᠶᠢᠨ | ᠵᠡᠭᠦᠳᠣ ᠪᠠᠨ ᠬᠠᠮᠳᠣ ᠪᠠᠷ ᠲᠡᠷᠭᠡᠯᠰᠢᠬᠦᠯᠬᠦ︾ ᠪᠠᠷ ᠶᠡᠷᠥᠩᠭᠡᠢ ᠬᠠᠷᠠᠯᠳᠠ ᠪᠠᠨ ᠪᠣᠯᠭᠠᠵᠣ᠂ ᠣᠯᠣᠰ ᠢᠶᠠᠨ ᠬᠠᠶᠢᠷᠠᠯᠠᠬᠤ | ᠥᠵᠡᠯ ᠤᠨ ᠬᠥᠮᠥᠵᠢᠯ᠂ ᠨᠡᠶᠢᠭᠡᠮ ᠵᠢᠷᠣᠮ ᠤᠨ ᠭᠤᠣᠯᠯᠠᠭᠴᠢ ᠥᠷᠳᠡᠭ ᠤᠨ ᠥᠵᠡᠯᠳᠡ ᠪᠠᠷ ᠵᠢᠯᠣᠭᠤᠳᠣᠮᠵᠢ ᠪᠣᠯᠭᠠᠨ᠂ | ᠨᠠᠮ ᠤᠨ ᠪᠠᠶᠢᠭᠤᠯᠣᠯᠳᠠ ᠪᠠᠷ ᠬᠥᠳᠥᠯᠥᠨ ᠲᠠᠭᠠᠭᠤᠯᠵᠣ᠂ ᠬᠢᠴᠢᠶᠡᠯ ᠤᠨ ᠰᠣᠷᠭᠠᠨ ᠬᠥᠮᠥᠵᠢᠯ᠂ ᠥᠢᠯᠡᠳᠣᠯᠭᠡ ᠶᠢᠨ | ᠥᠷᠭᠡᠳᠭᠡᠯ᠂ ᠹᠷᠣᠨᠲ ᠤᠨ ᠪᠠᠶᠢᠭᠤᠯᠤᠯᠲᠠ᠂ ᠰᠣᠶᠣᠯ ᠪᠡᠶ᠎ᠡ ᠶᠢᠨ ᠲᠠᠮᠢᠷ ᠤᠨ ᠭᠥᠳᠡᠯᠭᠡᠭᠡᠨ ᠵᠡᠷᠭᠡ ᠲᠠᠯ᠎ᠠ ᠪᠠᠷ | ᠰᠣᠷᠭᠠᠭᠤᠯᠢ ᠶᠢᠨ ᠥᠨᠳᠥᠰᠥᠳᠡᠨ ᠤ ᠪᠥᠯᠬᠦᠮᠳᠡᠯ ᠲᠠᠪᠰᠢᠯᠳᠠ ᠶᠢ ᠡᠭᠦᠳᠥᠨ ᠪᠠᠶᠢᠭᠤᠯᠬᠤ ᠠᠵᠢᠯ ᠢ ᠲᠠᠰᠣᠷᠠᠯᠳᠠ | ᠥᠬᠡᠢ ᠭᠥᠨᠵᠡᠭᠡᠶᠢᠷᠡᠭᠦᠯᠵᠣ᠂ ᠵᠢᠭᠠᠬᠤ ᠮᠠᠲ᠋ᠧᠷᠢᠶᠠᠯ ᠤᠨ ︽ᠭᠤᠣᠯ ᠬᠥᠭ ᠠᠶᠠᠰ︾᠂ ᠬᠢᠴᠢᠶᠡᠯ ᠤᠨ ︽ᠭᠤᠣᠯ ᠲᠠᠶᠢᠨ ᠤ | ᠲᠠᠯᠠᠪᠣᠷ︾᠂ ᠪᠠᠭᠰᠢ ᠶᠢᠨ ︽ᠭᠤᠣᠯ ᠬᠥᠴᠥᠨ︾ ᠤ ᠥᠢᠯᠡᠳᠣᠯ ᠢ ᠢᠳᠡᠪᠬᠢᠳᠠᠢ ᠪᠠᠳᠠᠷᠠᠭᠤᠯᠣᠨ᠂ ︽ᠬᠢᠴᠢᠶᠠᠯ ᠪᠥᠭᠦᠨ | ᠥᠵᠡᠯ ᠰᠠᠨᠠᠭ᠎ᠠ ᠣᠯᠣᠰ ᠲᠥᠷᠣ ᠶᠢᠨ ᠬᠢᠴᠢᠶᠠᠯ᠂ ᠬᠥᠮᠥᠨ ᠪᠥᠬᠦᠨ ᠥᠵᠡᠯ ᠰᠠᠨᠠᠭ᠎ᠠ ᠣᠯᠣᠰ ᠲᠥᠷᠣ ᠶᠢᠨ | ᠬᠢᠴᠢᠶᠠᠯ ᠤᠨ ᠪᠠᠭᠰᠢ ᠮᠥᠨ︾ ᠭᠡᠳᠡᠭ ᠣᠶᠢᠯᠠᠭᠠᠭᠳᠠᠬᠤᠨ ᠢ ᠪᠣᠢ ᠪᠣᠯᠭᠠᠵᠣ᠂ ᠲᠣᠮᠳᠠᠳᠣ ᠶᠢᠨ ᠥᠨᠳᠥᠰᠥᠳᠡᠨ ᠤ | ᠬᠠᠮᠳᠣ ᠶᠢᠨ ᠴᠣᠭᠴᠨ ᠶᠢᠨ ᠣᠬᠠᠮᠰᠠᠷ ᠢ ᠪᠠᠳᠣᠳᠬᠠᠬᠤ ᠶᠢ ᠰᠣᠷᠭᠠᠭᠤᠯᠢ ᠶᠢᠨ ᠰᠣᠷᠭᠠᠨ ᠬᠥᠮᠥᠵᠢᠯ ᠤᠨ ᠵᠢᠭᠠᠨ | ᠰᠣᠷᠭᠠᠯᠳᠠ ᠶᠢᠨ ᠪᠥᠬᠦ ᠶᠠᠪᠣᠴᠨ᠂ ᠡᠯ᠎ᠡ ᠭᠤᠭᠴᠤᠭ᠎ᠠ ᠳᠤ ᠲᠣᠭᠤᠰᠢᠯᠠᠭᠤᠯᠣᠨ᠂ ᠰᠣᠷᠭᠠᠭᠤᠯᠢ ᠶᠢᠨ ᠪᠥᠬᠦ ᠲᠠᠯ᠎ᠠ ᠶᠢᠨ | ᠬᠥᠭᠵᠢᠯᠳᠡ᠂ ᠨᠡᠭᠡᠭᠡᠯᠳᠣ ᠮᠠᠶ᠋ᠢᠭ ᠤᠨ ᠰᠣᠷᠭᠠᠭᠤᠯᠢ ᠡᠷᠬᠢᠯᠡᠬᠦ ᠥᠪᠡᠷᠮᠢᠴᠨ ᠣᠨᠴᠠᠯᠢᠭ ᠲᠠᠢ ᠵᠠᠮ ᠢᠶᠠᠷ ᠵᠠᠮᠨᠠᠬᠤ ᠶᠢ | ᠲᠠᠰᠣᠷᠠᠯᠳᠠ ᠥᠬᠡᠢ ᠠᠬᠢᠭᠤᠯᠭᠰᠠᠨ ᠪᠠᠶᠢᠨ᠎ᠠ᠃ | ᠲᠠᠷᠠᠭᠠᠨ ᠳᠤᠨᠢ ᠣᠯᠠᠨ ᠢᠶᠠᠷ ᠢᠶᠠᠨ ᠰᠣᠷᠭᠠᠭᠤᠯᠢ ᠶᠢᠨ ︽ᠰᠡᠳᠬᠢᠯ ᠨᠢᠬᠡᠳᠣᠨ ᠲᠣᠮᠳᠠᠳᠣ ᠶᠢᠨ ᠵᠡᠭᠦᠳᠣ ᠪᠠᠨ | ᠬᠠᠮᠳᠣ ᠪᠠᠷ ᠲᠡᠷᠭᠡᠯᠰᠢᠬᠦᠯᠬᠦ︾ ᠥᠨᠳᠥᠰᠥᠳᠡᠨ ᠤ ᠶᠡᠭᠡ ᠬᠢᠴᠢᠶᠡᠯ ᠤᠨ ᠵᠠᠪᠰᠠᠷᠯᠠᠭ᠎ᠠ ᠶᠢ ᠰᠣᠨᠢᠷᠬᠠᠨ ᠥᠵᠡᠵᠣ᠂ | ᠰᠣᠷᠭᠠᠭᠤᠯᠢ ᠶᠢᠨ ᠠᠨᠠᠷ ᠤᠨ ᠭᠡᠣᠭᠡᠳ ᠤᠨ ᠣᠷᠳᠣ ᠬᠤᠭᠤᠴᠠᠭᠠᠨ ᠤ ᠪᠣᠯᠪᠠᠰᠣᠷᠡᠯ ᠢᠶᠠᠷ ᠲᠠᠮᠵᠢᠨ | ᠥᠨᠳᠥᠰᠥᠳᠡᠨ ᠨᠦᠭᠦᠳ ᠤᠨ ᠪᠥᠵᠢᠭ ᠢ ᠡᠵᠡᠮᠰᠢᠵᠣ᠂ ᠪᠥᠵᠢᠭ᠂ ᠥᠨᠳᠥᠰᠥᠳᠡᠨ ᠤ ᠬᠤᠪᠴᠠᠰᠣ ᠵᠠᠰᠠᠯ ᠢᠶᠠᠷ᠂ | 56ᠥᠨᠳᠥᠰᠥᠳᠡᠨ ᠤ ᠠᠨᠠᠷ ᠤᠨ ᠬᠡᠣᠭᠡᠳ ᠤᠨ ᠨᠢᠭᠳᠠᠷᠠᠨ ᠪᠥᠯᠭᠦᠮᠳᠡᠵᠣ᠂ ᠥᠨᠳᠥᠰᠥᠳᠡᠨ ᠨᠦᠭᠦᠳ ᠤᠨ | ᠪᠥᠯᠬᠦᠮᠳᠡᠯ ᠤᠨ ᠬᠥᠴᠥᠨ ᠢ ᠮᠡᠳᠡᠷᠡᠭᠦᠯᠪᠠ᠃ | ᠰᠣᠷᠭᠠᠭᠤᠯᠢ ᠶᠢᠨ ᠬᠢᠨ ᠨᠠᠮ ᠤᠨ ᠪᠠᠶᠢᠭᠤᠯᠣᠯᠳᠠ ᠪᠠᠷ ᠡᠪᠯᠡᠯ ᠤᠨ ᠪᠠᠶᠢᠭᠤᠯᠣᠯᠳᠠ ᠶᠢ ᠲᠠᠶᠢᠴᠢᠯᠠᠬᠤ | ᠴᠢᠳᠡᠪᠬᠢ ᠶᠢ ᠬᠥᠢᠴᠡᠳ ᠪᠠᠳᠠᠷᠠᠭᠤᠯᠵᠣ᠂ ᠰᠣᠶᠣᠯ ᠢᠶᠠᠷ ᠭᠥᠮᠥᠨ ᠢ ᠬᠥᠮᠥᠵᠢᠬᠦᠯᠬᠦ ᠶᠢ ᠪᠠᠷᠢᠮᠳᠠᠯᠠᠨ᠂ ᠲᠣᠮᠳᠠᠳᠣ ᠶᠢᠨ | ᠥᠨᠳᠥᠰᠥᠳᠡᠨ ᠤ ᠬᠠᠮᠳᠣ ᠶᠢᠨ ᠣᠶᠣᠨ ᠣᠬᠠᠭᠠᠨ ᠤ ᠭᠡᠷ ᠣᠷᠣᠨ ᠢᠶᠠᠨ ᠢᠳᠡᠪᠬᠢᠳᠡᠢ ᠴᠣᠭᠴᠠᠯᠠᠵᠣ᠂ ᠵᠢᠵᠢᠭ | ᠠᠨᠠᠷ ᠤᠨ ᠥᠷ᠎ᠡ ᠶᠢᠨ ᠲᠠᠶᠢᠯᠪᠣᠷᠢᠯᠠᠭᠴᠢ ᠣᠯᠠᠨ ᠳᠤ ︽ᠭᠡᠭᠡᠨᠴᠢᠷ ᠭᠥᠷᠢᠶᠡᠯᠡᠩ︾ ︽ᠡᠳ᠋ᠯᠡᠩ︾ ︽ᠴᠡᠴᠡᠭ ᠤᠨ | ᠭᠥᠷᠢᠶᠡᠯᠡᠩ︾ ︽ᠴᠡᠩᠭᠡᠯ ᠤᠨ ᠭᠥᠷᠢᠶᠡᠯᠡᠩ︾ ᠪᠣᠯᠣᠨ ᠬᠤᠶᠠᠷ ᠪᠣᠬᠢᠷᠳᠣᠯ ᠥᠬᠡᠢ ᠰᠣᠶᠣᠯ ᠤᠨ ᠬᠤᠩᠬᠢᠯ ᠢ | ᠲᠠᠨᠢᠯᠴᠠᠭᠤᠯᠵᠣ︔ ᠲᠣᠷᠭᠠᠨ ᠵᠠᠮ᠂ ᠲᠥᠷᠪᠡᠨ ᠶᠡᠭᠡ ᠡᠬᠦᠳᠥᠯᠳᠡ᠂ ᠲᠣᠮᠳᠠᠳᠣ ᠶᠢᠨ ᠱᠠᠭᠠᠵᠠᠩ ᠤᠨ ᠡᠳ᠋ᠯᠡᠯ᠂ | ᠣᠯᠠᠮᠵᠢᠯᠠᠯᠳᠣ ᠪᠠᠶᠠᠷ ᠤᠨ ᠡᠳᠣᠷ ᠵᠡᠷᠭᠡ ᠪᠠᠷ ᠭᠤᠣᠯ ᠰᠡᠳᠣᠪ ᠪᠣᠯᠭᠠᠨ ᠬᠤᠶᠠᠳᠣᠭᠠᠷ ᠲᠠᠪᠬᠤᠷᠯᠢᠭ ᠤᠨ | ᠲᠣᠮᠳᠠᠳᠣ ᠶᠢᠨ ᠰᠣᠶᠣᠯ ᠤᠨ ᠣᠷᠳᠣ ᠬᠤᠩᠬᠢᠯ ᠢ ᠪᠠᠶᠢᠭᠤᠯᠵᠣ᠂ ᠳ᠋ᠠᠢ ᠥᠨᠳᠥᠰᠥᠳᠡᠨ᠂ ᠮᠢᠶᠣᠣ ᠥᠨᠳᠥᠰᠥᠳᠡᠨ᠂ ᠵᠢᠩ | ᠥᠨᠳᠥᠰᠥᠳᠡᠨ ᠵᠡᠷᠭᠡᠥᠨᠳᠥᠰᠥᠳᠡᠨ ᠢᠶᠠᠷ ᠭᠤᠣᠯ ᠰᠡᠳᠣᠪ ᠪᠣᠯᠭᠠᠭᠰᠠᠨ ᠭᠤᠷᠪᠠᠳᠣᠭᠠᠷ ᠲᠠᠪᠬᠤᠷᠯᠢᠭ ᠤᠨ | ᠥᠨᠳᠥᠰᠥᠳᠡᠨ ᠤ ᠰᠣᠶᠣᠯ ᠤᠨ ᠬᠤᠩᠬᠢᠯ᠂ ᠲᠥᠷᠥᠯ ᠵᠥᠢᠯᠴᠢᠯᠡᠭᠰᠡᠨ ᠰᠣᠷᠣᠯᠴᠠᠯᠭ᠎ᠠ᠂ ᠰᠡᠳᠬᠢᠭᠦᠢ ᠶᠢᠨ ᠮᠠᠶ᠋ᠢᠭ ᠤᠨ | ᠬᠢᠴᠢᠶᠡᠯ᠂ ᠪᠢ ᠨᠣᠳᠤᠭ ᠣᠰᠣᠨ ᠤ ᠲᠥᠯᠥᠭᠡ ᠣᠷᠣᠯᠠᠨ ᠥᠭᠦᠯᠡᠬᠦ ᠂ ᠰᠢᠷᠣᠢ ᠥᠬᠡᠢ ᠪᠠᠷ ᠣᠷᠭᠤᠭᠤᠯᠬᠤ᠂ ᠠᠨᠠᠷ ᠤᠨ | ᠥᠷ᠎ᠡ ᠶᠢᠨ ᠬᠢᠴᠢᠶᠡᠯ ᠤᠨ ᠲᠢᠩᠬᠢᠮ ᠵᠡᠷᠭᠡ ᠨᠢ ᠬᠡᠣᠭᠡᠳ ᠤᠳ ᠢ ᠲᠣᠮᠳᠠᠳᠣ ᠶᠢᠨ ᠥᠨᠳᠥᠰᠥᠳᠡᠨ ᠤ ᠨᠢᠬᠡ ᠭᠡᠷ | ᠪᠥᠯᠢ ᠶᠢᠨ ᠭᠥᠮᠥᠰ ᠰᠢᠭ ᠰᠣᠶᠣᠯ ᠤᠨ ᠠᠭᠤᠷ ᠠᠮᠢᠰᠬᠤᠯ ᠳᠤ ᠴᠠᠭ ᠢᠮᠠᠭᠳᠠ ᠠᠭᠤᠰᠣᠯᠴᠠᠭᠤᠯᠵᠣ᠂ ᠬᠠᠷᠠᠬᠠᠨ | ᠪᠠᠭ᠎ᠠ ᠠᠴᠠ ᠪᠠᠨ ᠣᠯᠣᠰ ᠢᠶᠠᠨ ᠬᠠᠶᠢᠷᠠᠯᠠᠬᠤ ᠰᠡᠳᠬᠢᠯᠭᠡ ᠶᠢ ᠵᠣᠵᠠᠭᠠᠳᠬᠠᠵᠣ᠂ ᠲᠣᠮᠳᠠᠳᠣ ᠶᠢᠨ ᠬᠥᠮᠥᠨ ᠢ | ᠬᠥᠮᠥᠵᠢᠬᠦᠯᠥᠨ ᠲᠣᠮᠳᠠᠳᠣ ᠶᠢᠨ ᠰᠥᠭ ᠰᠥᠨᠡᠰᠣ ᠶᠢ ᠴᠣᠭᠴᠠᠯᠠᠨ᠎ᠠ᠃ | ᠰᠣᠷᠭᠠᠭᠤᠯᠢ ᠶᠢᠨ ᠬᠢᠨ ᠪᠠᠰᠠ ᠡᠯ᠎ᠡ ᠥᠨᠳᠥᠰᠥᠳᠡᠨ ᠤ ᠣᠷᠠᠯᠢᠭ᠂ ᠵᠠᠩ ᠲᠠᠳᠬᠠᠯ᠂ ᠬᠤᠪᠴᠠᠰᠣ ᠬᠤᠨᠠᠷ᠂ | ᠢᠳᠡᠭᠡᠨ ᠣᠮᠳᠠᠭᠠᠨ ᠵᠡᠷᠭᠡ ᠶᠢ ᠴᠣᠭᠯᠠᠭᠤᠯᠣᠨ ᠡᠮᠬᠢᠣᠭᠡᠵᠣ᠂ ᠰᠣᠷᠭᠠᠭᠤᠯᠢ ᠶᠢᠨ ︽ᠲᠣᠮᠳᠠᠳᠣ ᠶᠢᠨ ᠥᠨᠳᠥᠰᠥᠳᠡᠨ ᠤ | ᠶᠡᠭᠡ ᠭᠡᠷ ᠪᠥᠯᠢ︾ ᠶᠢᠨ ᠰᠣᠷᠭᠠᠭᠤᠯᠢ ᠶᠢᠨ ᠡᠭᠢ ᠪᠠᠶᠠᠯᠢᠭ ᠤᠨ ᠪᠠᠭᠯᠠᠭ᠎ᠠ ᠪᠣᠯᠭᠠᠨ ᠨᠠᠶᠢᠷᠠᠭᠤᠯᠵᠣ᠂ ᠭᠠᠷᠠᠭ ᠪᠥᠷᠢ ᠶᠢᠨ | ᠨᠢᠬᠡᠨ ᠤ ᠥᠳᠡ ᠶᠢᠨ ᠬᠤᠶᠢᠨᠠᠬᠢ ᠠᠨᠠᠷ ᠤᠨ ᠥᠷ᠎ᠡ ᠶᠢᠨ ᠬᠢᠴᠢᠶᠡᠯ ᠤᠨ ᠲᠢᠩᠬᠢᠮ ᠳᠤ᠂ ᠯᠧᠺᠲ᠋ᠣᠷ ᠤᠨ ᠪᠥᠯᠬᠦᠮ ᠤᠨ | ᠪᠥᠷᠢᠯᠳᠥᠬᠦᠨ ᠨᠠᠷ ᠰᠣᠷᠣᠭᠴᠢᠳ ᠢ ᠲᠠᠭᠠᠭᠤᠯᠣᠨ ᠥᠨᠳᠥᠰᠥᠳᠡᠨ ᠤ ᠪᠥᠯᠭᠦᠮᠳᠡᠯ ᠲᠠᠪᠰᠢᠯᠳᠠ ᠶᠢᠨ ᠥᠯᠢᠭᠡᠷ ᠢ | ᠬᠠᠮᠳᠣ ᠪᠠᠷ ᠰᠣᠷᠣᠯᠴᠠᠵᠣ᠂ ᠥᠨᠳᠥᠰᠥᠳᠡᠨ ᠨᠦᠭᠦᠳ ᠤᠨ ᠣᠷᠠᠯᠢᠭ᠂ ᠪᠠᠶᠡᠷ ᠲᠣᠷᠠᠰᠬᠠᠯ ᠤᠨ ᠡᠳᠣᠷ ᠵᠡᠷᠭᠡ ᠶᠢ | ᠣᠶᠢᠯᠠᠭᠠᠵᠣ᠂ ᠰᠣᠷᠭᠠᠭᠤᠯᠢ ᠶᠢᠨ ᠥᠨᠳᠥᠰᠥᠳᠡᠨ ᠤ ᠪᠥᠯᠭᠦᠮᠳᠡᠯ ᠲᠠᠪᠰᠢᠯᠳᠠ ᠶᠢᠨ ᠬᠥᠮᠥᠵᠢᠯ ᠤᠨ ᠠᠵᠢᠯ ᠤᠨ | ᠣᠶᠢᠯᠠᠭᠠᠭᠳᠠᠬᠤᠨ ᠢ ᠲᠠᠰᠣᠷᠠᠯᠳᠠ ᠥᠬᠡᠢ ᠭᠥᠨᠵᠡᠭᠡᠶᠢᠷᠡᠬᠦᠯᠥᠨ᠂ ᠥᠨᠳᠥᠰᠥᠳᠡᠨ ᠤ ᠪᠥᠯᠭᠦᠮᠳᠡᠯ ᠲᠠᠪᠰᠢᠯᠳᠠ ᠶᠢᠨ | ᠬᠥᠮᠥᠵᠢᠯ ᠢ ᠥᠨᠡᠨᠬᠦ ᠰᠣᠷᠣᠭᠴᠢᠳ ᠤᠨ ᠰᠡᠳᠬᠢᠯ ᠳᠤ ᠬᠠᠳᠠᠩᠰᠢᠭᠤᠯᠵᠣ︔ ᠰᠢᠨᠵᠢᠡᠯᠭᠡᠨ ᠤ ᠰᠠᠯᠠᠭ᠎ᠠ ᠶᠢ | ᠥᠷᠭᠡᠳᠭᠡᠬᠦ ᠬᠢᠴᠢᠶᠡᠯ ᠢ ᠠᠰᠢᠭᠯᠠᠨ ᠰᠣᠷᠣᠭᠴᠢᠳ ᠢᠶᠠᠨ ᠵᠣᠬᠢᠶᠠᠨ ᠪᠠᠶᠢᠭᠤᠯᠵᠣ᠂ ᠥᠨᠳᠥᠰᠥᠳᠡᠨ ᠤ ᠲᠠᠭᠤᠣ ᠶᠢ | ᠲᠠᠭᠤᠯᠠᠵᠣ᠂ ᠥᠨᠳᠥᠰᠥᠳᠡᠨ ᠤ ᠪᠥᠵᠢᠭ ᠢ ᠪᠥᠵᠢᠭᠯᠡᠨ ᠰᠣᠷᠴᠣ︔ ᠥᠵᠡᠯ ᠰᠠᠨᠠᠭ᠎ᠠ ᠣᠯᠣᠰ ᠲᠥᠷᠣ ᠶᠢᠨ ᠬᠢᠴᠢᠶᠡᠯ᠂ | ᠪᠠᠭᠠᠴᠣᠳ ᠤᠨ ᠬᠤᠰᠢᠭᠤᠴᠢ ᠠᠩᠬᠢ ᠶᠢᠨ ᠠᠵᠢᠯᠯᠠᠭ᠎ᠠ ᠶᠢᠨ ᠬᠢᠴᠢᠶᠡᠯ ᠳᠤ ᠶᠡᠭᠡ ᠪᠠᠭ᠎ᠠ ᠲᠣᠮᠳᠠ ᠭᠡᠣᠭᠡᠳ ᠤᠨ | ᠥᠵᠡᠯ ᠰᠠᠨᠠᠭ᠎ᠠ ᠣᠯᠣᠰ ᠲᠥᠷᠣ ᠶᠢ ᠨᠢᠬᠡ ᠴᠣᠭᠴᠠᠵᠢᠭᠤᠯᠬᠤ ᠶᠢ ᠨᠠᠶᠢᠳᠠᠪᠣᠷᠢᠵᠢᠭᠤᠯᠵᠣ᠂ ᠰᠣᠷᠣᠭᠴᠢᠳ ᠢ | ᠭᠥᠳᠥᠯᠥᠨ ᠵᠢᠯᠣᠭᠤᠳᠴᠣ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠶᠢᠨ ᠣᠬᠠᠮᠰᠠᠷ ᠤᠨ ᠲᠠᠨᠢᠯᠳᠠ | ᠠᠴᠠ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠶᠢᠨ ᠣᠬᠠᠮᠰᠠᠷ ᠢ ᠪᠠᠳᠣᠳᠬᠠᠬᠤ︔ ᠰᠣᠷᠣᠯᠭ᠎ᠠ ᠶᠢᠨ | ᠬᠤᠭᠤᠴᠠᠭ᠎ᠠ ᠪᠣᠯᠭᠠᠨ ᠳᠤ ︽ᠪᠢ ᠨᠣᠳᠤᠭ ᠣᠰᠣᠨ ᠤ ᠲᠥᠯᠥᠭᠡ ᠣᠷᠣᠯᠠᠨ ᠥᠭᠦᠯᠡᠬᠦ︾ ᠠᠵᠢᠯᠯᠠᠭ᠎ᠠ ᠶᠢ | ᠥᠷᠨᠢᠬᠦᠯᠥᠨ᠂ ᠣᠯᠠᠨ ᠡᠰᠢᠳᠣ ᠰᠣᠶᠣᠯ ᠢ ᠰᠣᠷᠭᠠᠭᠤᠯᠢ ᠳᠤ ᠣᠷᠣᠭᠤᠯᠵᠣ᠂ ᠰᠣᠷᠭᠠᠭᠤᠯᠢ ᠶᠢ | ᠥᠨᠳᠥᠰᠥᠳᠡᠨ ᠨᠦᠭᠦᠳ ᠤᠨ ᠰᠣᠯᠢᠯᠴᠠᠭᠠᠨ ᠤ ᠲᠠᠪᠴᠠᠩ ᠪᠣᠯᠭᠠᠪᠠ᠃ ᠰᠣᠷᠣᠭᠴᠢᠳ ᠤᠨ ᠰᠡᠳᠬᠢᠴᠡ ᠪᠠ ᠲᠠᠨᠢᠨ | ᠮᠡᠳᠡᠭᠦᠢ ᠳᠤ ᠨᠡᠶᠢᠴᠡᠭᠰᠡᠨ ᠪᠢᠴᠢᠯ ᠸᠢᠳᠢᠣ᠋᠂ ᠪᠢᠴᠢᠯ ᠺᠢᠨᠣ᠋᠂ ᠪᠢᠴᠢᠯ ᠬᠢᠴᠢᠶᠡᠯ ᠤᠨ ᠲᠠᠩᠬᠢᠮ ᠢ ᠨᠡᠭᠡᠭᠡᠨ ᠥᠢᠯᠡᠳᠴᠣ᠂ | ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠶᠢᠨ ᠬᠥᠮᠥᠵᠢᠯ ᠤᠨ ᠲᠠᠳᠠᠬᠤ ᠭᠥᠴᠥᠨ᠂ ᠨᠥᠯᠥᠭᠡᠯᠡᠬᠦ | ᠭᠥᠴᠥᠨ ᠢ ᠨᠡᠮᠡᠭᠳᠡᠭᠦᠯᠪᠡ᠃ ᠰᠣᠷᠭᠠᠨ ᠬᠥᠮᠥᠵᠢᠯ ᠤᠨ ᠲᠠᠪᠴᠠᠩ ᠤᠨ ᠡᠭᠢ ᠪᠠᠶᠠᠯᠢᠭ ᠢ ᠢᠳᠡᠪᠬᠢᠳᠡᠢ ᠪᠠᠷ ᠰᠣᠩᠭᠤᠨ | ᠭᠥᠷᠭᠡᠵᠣ᠂ ᠣᠯᠠᠨ ᠵᠥᠢᠯ ᠤᠨ ᠰᠣᠷᠣᠯᠴᠠᠬᠤ ᠠᠷᠭ᠎ᠠ ᠮᠠᠶ᠋ᠢᠭ ᠤᠨ ᠠᠭᠤᠰᠣᠯᠴᠠᠯ ᠢ ᠠᠬᠢᠭᠤᠯᠣᠨ᠂ ᠢᠨᠲ᠋ᠧᠷ | ᠰᠥᠯᠵᠢᠶ᠎ᠡ ᠶᠢ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠶᠢᠨ ᠣᠬᠠᠮᠰᠠᠷ ᠢ ᠪᠠᠳᠣᠳᠬᠠᠬᠤ ᠶᠢᠨ | ᠬᠠᠮᠤᠭ ᠤᠨ ᠶᠡᠭᠡ ᠨᠡᠮᠡᠭᠳᠡᠯ ᠪᠣᠯᠭᠠᠪᠠ᠃ ᠬᠤᠶᠢᠰᠢᠳᠠ᠂ ᠵᠢᠷᠭᠠᠯᠠᠩᠳᠣ ᠡᠮᠣᠨ᠎ᠡ ᠵᠠᠮ ᠤᠨ ᠪᠠᠭ᠎ᠠ ᠰᠣᠷᠭᠠᠭᠤᠯᠢ ᠶᠢᠨ | ᠰᠣᠷᠭᠠᠨ ᠭᠥᠮᠥᠵᠢᠯ ᠤᠨ ᠬᠤᠯᠪᠣᠭ᠎ᠠ ᠶᠢᠨ ᠭᠤᠷᠪᠠᠳᠣᠭᠠᠷ ᠰᠣᠷᠭᠠᠭᠤᠯᠢ ᠶᠢᠨ ᠲᠣᠭᠤᠷᠢᠭ ᠨᠢ ᠥᠨᠳᠥᠰᠥᠳᠡᠨ ᠤ | ᠪᠥᠯᠭᠦᠮᠳᠡᠯ ᠲᠠᠪᠰᠢᠯᠳᠠ ᠶᠢ ᠡᠭᠦᠳᠣᠨ ᠪᠠᠶᠢᠭᠤᠯᠬᠤ ᠠᠵᠢᠯ ᠤᠨ ᠲᠣᠮᠳᠠ ᠲᠣᠮᠳᠠᠳᠣ ᠶᠢᠨ ᠥᠨᠳᠥᠰᠥᠳᠡᠨ ᠤ | ᠬᠠᠮᠳᠣ ᠶᠢᠨ ᠴᠣᠭᠴᠨ ᠶᠢᠨ ᠣᠬᠠᠮᠰᠠᠷ ᠢ ᠪᠠᠳᠣᠳᠬᠠᠬᠤ ᠭᠤᠣᠯ ᠰᠢᠵᠢᠮ ᠢ ᠥᠩᠭᠡᠷᠡᠭᠰᠡᠨ ᠲᠠᠢ ᠨᠢᠭᠡ ᠯᠡ ᠠᠳᠠᠯᠢ | ᠴᠢᠩᠭ᠎ᠠ ᠠᠳᠬᠤᠨ᠂ ᠥᠨᠳᠥᠰᠥᠳᠡᠨ ᠤ ᠪᠥᠯᠭᠦᠮᠳᠡᠯ ᠲᠠᠪᠰᠢᠯᠳᠠ ᠶᠢᠨ ᠬᠥᠮᠥᠵᠢᠯ ᠤᠨ ᠠᠵᠢᠯᠯᠠᠭ᠎ᠠ ᠶᠢ ᠰᠣᠷᠭᠠᠭᠤᠯᠢ | ᠡᠷᠬᠢᠯᠡᠵᠣ ᠰᠣᠷᠭᠠᠭᠤᠯᠢ ᠪᠠᠨ ᠵᠠᠰᠠᠬᠤ᠂ ᠪᠢᠴᠢᠭ ᠵᠢᠭᠠᠨ ᠬᠥᠮᠥᠨ ᠬᠥᠮᠥᠵᠢᠭᠦᠯᠬᠦ ᠪᠥᠬᠦ ᠶᠠᠪᠣᠴᠨ ᠳᠤ | ᠲᠣᠭᠤᠰᠢᠯᠠᠭᠤᠯᠵᠣ᠂ ᠰᠢᠯᠢᠳᠡᠭ ᠬᠢᠷᠢ ᠪᠥᠳᠥᠮᠵᠢ ᠪᠠᠷ ᠪᠥᠬᠦ ᠣᠯᠣᠰ ᠤᠨ ᠥᠨᠳᠥᠰᠥᠳᠡᠨ ᠤ ᠪᠥᠯᠭᠦᠮᠳᠡᠯ | ᠲᠠᠪᠰᠢᠯᠳᠠ ᠶᠢᠨ ᠵᠢᠱᠢᠶ᠎ᠠ ᠥᠵᠡᠭᠦᠯᠬᠦ ᠰᠣᠷᠭᠠᠭᠤᠯᠢ ᠶᠢ ᠡᠭᠦᠳᠣᠨ ᠪᠠᠶᠢᠭᠤᠯᠬᠤ ᠪᠠᠷ ᠥᠷᠭᠦᠯᠵᠢᠯᠡᠨ ᠴᠢᠷᠮᠠᠶᠢᠨ᠎ᠠ᠃ | | | | | | | | | | | | |