ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠡᠶᠢᠭᠡᠮ ᠤᠨ ᠨᠠᠰᠤᠵᠢᠯ ᠤᠨ ᠳᠠᠭᠠᠳᠬᠠᠯ ᠤᠨ | ᠬᠠᠷᠠᠭᠠᠯᠵᠠᠯ ᠤᠨ ᠬᠠᠮᠢᠶᠠᠷᠤᠯᠲᠠ ᠶᠢ ᠵᠢᠷᠤᠮᠵᠢᠭᠤᠯᠵᠦ᠂ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠶᠢ | ᠦᠨᠡᠨᠬᠦ ᠬᠠᠮᠠᠭᠠᠯᠠᠵᠤ᠂ ᠨᠡᠶᠢᠭᠡᠮ ᠤᠨ ᠳᠠᠭᠠᠳᠬᠠᠯ ᠤᠨ ᠺᠠᠷᠲ ᠤᠨ ᠠᠷᠠᠳ ᠲᠤ ᠲᠥᠬᠦᠮ ᠦᠵᠡᠭᠦᠯᠬᠦ᠂ ᠠᠷᠠᠳ ᠲᠤ | ᠠᠰᠢᠭ ᠬᠦᠷᠲᠡᠭᠡᠬᠦ ᠦᠢᠯᠡᠳᠦᠯ ᠢ ᠭᠦᠢᠴᠡᠳ ᠪᠠᠳᠠᠷᠠᠭᠤᠯᠤᠨ᠂ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠰᠠᠭᠤᠭᠠᠯᠢ | ᠠᠷᠠᠳ ᠲᠤ ᠴᠠᠭ ᠲᠤᠬᠠᠢ ᠳᠤᠨᠢ ᠣᠨᠣᠪᠴᠢᠲᠠᠶ ᠣᠯᠭᠤᠵᠤ᠂ ᠴᠢᠩᠱᠠᠨ ᠲᠣᠭᠤᠷᠢᠭ ᠤᠨ ᠨᠡᠶᠢᠭᠡᠮ ᠤᠨ | ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠨᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠨᠡᠶᠢᠭᠡᠮ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠣᠯᠭᠤᠮᠵᠢ ᠭᠥᠷᠳᠡᠬᠦ ᠠᠷᠭ᠎ᠠ ᠵᠠᠮ ᠢ ᠪᠦᠯᠦᠭ | ᠬᠤᠪᠢᠶᠠᠨ ᠨᠡᠶᠢᠭᠡᠮ ᠤᠨ ᠳᠠᠭᠠᠳᠬᠠᠯ ᠤᠨ ᠺᠠᠷᠲ ᠪᠣᠯᠭᠠᠨ ᠬᠤᠪᠢᠷᠠᠭᠤᠯᠵᠤ᠂ ᠳᠠᠭᠠᠳᠬᠠᠯ ᠳᠤ ᠣᠷᠣᠯᠴᠠᠭᠰᠠᠳ ᠤᠨ | ᠲᠣᠭᠲᠠᠭᠰᠠᠨ ᠴᠠᠭ ᠲᠠᠭᠠᠨ ᠣᠯᠭᠤᠮᠵᠢ ᠭᠥᠷᠳᠡᠬᠦ ᠶᠢ ᠦᠨᠡᠨᠬᠦ ᠪᠠᠲᠤᠯᠠᠵᠠᠢ᠃ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠰᠲ᠋ᠣᠺ ᠤᠨ ᠠᠵᠢᠯᠲᠠᠨ | ᠬᠠᠷᠢᠶᠠᠲᠤ ᠣᠷᠣᠨ ᠤ ᠪᠠᠨ 10 ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠣᠯᠭᠤᠮᠵᠢ ᠬᠦᠷᠲᠡᠵᠦ | ᠪᠠᠶᠢᠭ᠎ᠠ ᠬᠥᠮᠥᠰ ᠤᠨ ᠺᠠᠷᠲ ᠤᠨ ᠪᠠᠶᠢᠳᠠᠯ ᠢ ᠣᠶᠢᠯᠠᠭᠠᠨ ᠪᠦᠷᠢᠳᠬᠡᠵᠦ᠂ ᠬᠠᠮᠢᠶ᠎ᠠ ᠪᠦᠬᠦᠢ ᠲᠤᠭ᠎ᠠ ᠪᠠᠷᠢᠮᠲᠠ ᠶᠢ | ᠬᠠᠷᠢᠴᠠᠭᠤᠯᠤᠨ ᠰᠢᠯᠢᠵᠦ ᠰᠤᠩᠭᠤᠪᠠ᠃ 3 ᠰᠠᠷ᠎ᠠ ᠶᠢᠨ ᠡᠴᠦᠰ ᠪᠣᠯᠲᠠᠯ᠎ᠠ᠂ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠬᠠᠷᠠᠭᠠᠯᠵᠠᠯ ᠬᠦᠷᠲᠡᠭᠴᠢ ᠨᠡᠶᠢᠲᠡ 2517 ᠬᠥᠮᠥᠨ ᠪᠠᠶᠢᠵᠤ᠂ 2139 ᠬᠥᠮᠥᠨ ᠨᠡᠶᠢᠭᠡᠮ ᠤᠨ | ᠳᠠᠭᠠᠳᠬᠠᠯ ᠤᠨ ᠰᠢᠨ᠎ᠡ ᠺᠠᠷᠲ ᠢ ᠨᠢᠭᠡᠨᠲᠡ ᠬᠡᠷᠡᠭᠯᠡᠵᠦ᠂ ᠨᠡᠶᠢᠭᠡᠮ ᠤᠨ ᠳᠠᠭᠠᠳᠬᠠᠯ ᠤᠨ ᠺᠠᠷᠲ ᠢ ᠬᠡᠷᠡᠭᠯᠡᠭᠰᠡᠨ ᠨᠣᠷᠮ᠎ᠠ | 85% ᠳᠤ ᠬᠦᠷᠴᠡᠢ᠃ ᠦᠯᠡᠳᠡᠭᠰᠡᠨ ᠨᠡᠶᠢᠭᠡᠮ ᠤᠨ ᠳᠠᠭᠠᠳᠬᠠᠯ ᠤᠨ ᠺᠠᠷᠲ ᠢ ᠡᠬᠢᠯᠡᠵᠦ ᠬᠡᠷᠡᠭᠯᠡᠭᠡᠳᠦᠢ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠠᠭᠠᠯᠵᠠᠯ ᠢ ᠮᠠᠨ ᠤ | ᠲᠥᠪ ᠤᠯᠠᠮ ᠨᠢᠭᠡ ᠠᠯᠬᠤᠮ ᠬᠤᠪᠢᠷᠠᠭᠤᠯᠵᠤ᠂ ᠨᠡᠶᠢᠭᠡᠮ ᠤᠨ ᠳᠠᠭᠠᠳᠬᠠᠯ ᠤᠨ ᠺᠠᠷᠲ ᠢ ᠬᠡᠷᠡᠭᠯᠡᠬᠦ ᠨᠣᠷᠮ᠎ᠠ ᠶᠢ | ᠪᠠᠷᠢᠮᠵᠢᠶ᠎ᠠ ᠳᠤ ᠬᠦᠷᠭᠡᠨ᠎ᠡ᠃ | ᠲᠠᠷᠠᠭᠠᠴᠢ ᠶᠢᠨ ᠠᠯᠬᠤᠮ ᠳᠤ ᠴᠢᠩᠱᠠᠨ ᠲᠣᠭᠤᠷᠢᠭ ᠤᠨ ᠨᠡᠶᠢᠭᠡᠮ ᠤᠨ ᠳᠠᠭᠠᠳᠬᠠᠯ ᠤᠨ ᠦᠢᠯᠡᠰ ᠤᠨ | ᠦᠢᠯᠡᠴᠢᠯᠡᠭᠡᠨ ᠤ ᠲᠥᠪ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠪᠦᠲᠦᠮᠵᠢᠲᠡᠶ ᠡᠬᠢ ᠪᠠᠶᠠᠯᠢᠭ ᠢ ᠠᠰᠢᠭᠯᠠᠨ ᠣᠯᠠᠨ | ᠲᠦᠮᠡᠨ ᠳᠤ ᠰᠠᠶᠢᠲᠤᠷ ᠦᠢᠯᠡᠴᠢᠯᠡᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠤᠨ ᠨᠡᠶᠢᠭᠡᠮ ᠤᠨ ᠳᠠᠭᠠᠳᠬᠠᠯ ᠤᠨ ᠺᠠᠷᠲ ᠢ ᠰᠣᠯᠢᠬᠤ ᠠᠯᠬᠤᠴᠠ ᠶᠢ ᠲᠦᠷᠭᠡᠳᠬᠡᠨ᠂ | ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠳᠤ ᠨᠠᠩ ᠰᠢᠯᠢᠳᠡᠭ ᠪᠥᠭᠡᠳ ᠥᠨᠳᠥᠷ ᠪᠦᠲᠦᠮᠵᠢᠲᠡᠶ | ᠦᠢᠯᠡᠴᠢᠯᠡᠭᠡ ᠬᠠᠩᠭᠠᠵᠤ᠂ ᠥᠷᠭᠡᠨ ᠣᠯᠠᠨ ᠬᠤᠲᠠ ᠬᠥᠳᠡᠭᠡ ᠶᠢᠨ ᠰᠠᠭᠤᠭᠠᠯᠢ ᠠᠷᠠᠳ ᠲᠤ ᠨᠡᠶᠢᠭᠡᠮ ᠤᠨ | ᠳᠠᠭᠠᠳᠬᠠᠯ ᠤᠨ ᠺᠠᠷᠲ ᠢ ᠬᠡᠷᠡᠭᠯᠡᠭᠰᠡᠨ ᠠᠴᠠ ᠪᠣᠯᠤᠭᠰᠠᠨ ᠲᠥᠬᠦᠮ ᠨᠥᠬᠦᠴᠡᠯ ᠢ ᠦᠨᠡᠨᠬᠦ ᠡᠳ᠋ᠯᠡᠭᠦᠯᠦᠨ᠎ᠡ᠃ | | | |