ᠴᠢᠩᠱᠠᠨ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠢᠭᠡᠳᠦᠭᠡᠷ ᠤᠯᠠᠷᠢᠯ ᠤᠨ ᠦᠢᠯᠡᠳᠪᠦᠷᠢᠯᠡᠯ ᠤᠨ ᠪᠠᠶᠢᠳᠠᠯ
ᠨᠡᠶᠢᠲᠡᠯᠡᠭᠰᠡᠨ ᠴᠠᠭ᠄
2023/4/17
      ᠨᠢᠭᠡᠳᠦᠭᠡᠷ ᠤᠯᠠᠷᠢᠯ ᠳᠤ᠂ ᠵᠢᠯ ᠤᠨ ᠡᠬᠢᠨ ᠤ ᠲᠠᠯᠠᠰᠲᠤ ᠴᠠᠬᠢᠭᠤᠷ ᠤᠨ ᠠᠵᠤ ᠠᠬᠤᠶᠢᠯᠠᠯ ᠤᠨ ᠦᠢᠯᠡᠳᠬᠦᠨ ᠤ ᠦᠨ᠎ᠡ ᠬᠠᠩᠰᠢ ᠶᠢᠨ ᠪᠠᠭᠤᠷᠠᠯᠲᠠ ᠶᠢᠨ ᠠᠰᠢᠭ ᠦᠭᠡᠢ ᠬᠦᠴᠦᠨ ᠵᠦᠢᠯ ᠠᠯᠬᠤᠮ ᠠᠯᠬᠤᠮ ᠢᠶᠠᠷ ᠨᠠᠮᠳᠠᠬᠤ ᠶᠢ ᠳᠠᠭᠠᠯᠳᠤᠨ᠂ ᠴᠢᠩᠱᠠᠨ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ︵ᠲᠣᠣᠷᠵᠢᠯ ᠴᠠᠬᠢᠯᠭᠠᠨ ᠬᠠᠩᠭᠠᠯᠲᠠ ᠶᠢ ᠰᠢᠭᠤᠳ ᠮᠡᠳᠡᠭᠦᠯᠬᠦ︶ ᠦᠢᠯᠡᠳᠪᠦᠷᠢᠯᠡᠯ ᠤᠨ ᠪᠠᠶᠢᠳᠠᠯ ᠲᠣᠭᠲᠠᠭᠤᠨ ᠢᠶᠠᠷ ᠰᠠᠶᠢᠵᠢᠷᠠᠵᠤ ᠡᠬᠢᠯᠡᠪᠡ᠃      ᠠᠩᠬ᠎ᠠ ᠠᠯᠬᠤᠮ ᠤᠨ ᠪᠦᠷᠢᠳᠬᠡᠯ ᠢ ᠦᠨᠳᠦᠰᠦᠯᠡᠪᠡᠯ᠂ ᠴᠢᠩᠱᠠᠨ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ︵ᠲᠣᠣᠷᠵᠢᠯ ᠴᠠᠬᠢᠯᠭᠠᠨ ᠬᠠᠩᠭᠠᠯᠲᠠ ᠶᠢ ᠰᠢᠭᠤᠳ ᠮᠡᠳᠡᠭᠦᠯᠬᠦ ᠪᠠᠭᠲᠠᠨ᠎ᠠ︶᠎ ᠶᠢᠨ ᠠᠵᠤ ᠠᠬᠤᠶᠢᠯᠠᠯ ᠨᠢᠭᠡᠳᠦᠭᠡᠷ ᠤᠯᠠᠷᠢᠯ ᠳᠤ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 5.7% ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ 1 — 2 ᠳ᠋ᠤᠭᠠᠷ ᠰᠠᠷ᠎ᠠ ᠠᠴᠠ 5.3 ᠵᠠᠭᠤᠨ ᠤ ᠴᠡᠭ ᠪᠠᠭᠠᠰᠪᠠ︔ ᠲᠠᠯᠠᠰᠲᠤ ᠴᠠᠬᠢᠭᠤᠷ ᠤᠨ ᠠᠵᠤ ᠠᠬᠤᠶᠢᠯᠠᠯ ᠤᠨ ᠦᠢᠯᠡᠳᠬᠦᠨ ᠤ ᠦᠨ᠎ᠡ ᠬᠠᠩᠰᠢ ᠳᠡᠭᠡᠭᠰᠢᠯᠡᠬᠦ ᠶᠢ ᠳᠠᠭᠠᠯᠳᠤᠨ᠂ ᠴᠢᠩᠱᠠᠨ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠭᠤᠷᠪᠠᠳᠤᠭᠠᠷ ᠰᠠᠷ᠎ᠠ ᠳᠤ ᠦᠢᠯᠡᠳᠬᠦᠨ ᠤ ᠥᠷᠲᠡᠭ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 4.4% ᠨᠡᠮᠡᠭᠳᠡᠵᠦ᠂ ᠳᠡᠭᠡᠷ᠎ᠡ ᠰᠠᠷ᠎ᠠ ᠶᠢᠨ ᠬᠢ ᠠᠴᠠ 0.3 ᠵᠠᠭᠤᠨ ᠤ ᠨᠢᠭᠡᠴᠢ ᠳᠡᠭᠡᠭᠰᠢᠯᠡᠵᠦ᠂ ᠭᠠᠷᠠᠬᠠᠨ ᠬᠠᠷᠢᠴᠠᠯ 2.3% ᠨᠡᠮᠡᠭᠳᠡᠪᠡ᠃      ᠨᠢᠭᠡᠳᠦᠭᠡᠷ ᠤᠯᠠᠷᠢᠯ ᠳᠤ 13 ᠠᠵᠢᠯ ᠲᠥᠷᠥᠯ ᠤᠨ 5 ᠠᠵᠢᠯ ᠲᠥᠷᠥᠯ ᠤᠨ ᠦᠢᠯᠡᠳᠬᠦᠨ ᠤ ᠥᠷᠲᠡᠭ ᠡᠶᠡᠷᠭᠦ ᠨᠡᠮᠡᠭᠳᠡᠯ ᠢ ᠪᠡᠶᠡᠯᠡᠭᠦᠯᠵᠦ᠂ ᠨᠡᠮᠡᠭᠳᠡᠯ ᠤᠨ ᠬᠡᠪᠴᠢᠶ᠎ᠡ ᠨᠢ 38.5%᠎ ᠳᠤ ᠬᠦᠷᠴᠦ᠂ ᠳᠡᠭᠡᠷ᠎ᠡ ᠰᠠᠷ᠎ᠠ ᠶᠢᠨ ᠬᠢ ᠠᠴᠠ 7.7 ᠵᠠᠭᠤᠨ ᠤ ᠨᠢᠭᠡᠴᠢ ᠪᠠᠭᠤᠷᠠᠪᠠ᠃ ᠡᠭᠦᠨ ᠳᠤ᠂ ᠴᠠᠬᠢᠯᠭᠠᠨ ᠬᠦᠴᠦᠨ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ ᠬᠠᠮᠤᠭ ᠤᠨ ᠶᠡᠭᠡ ᠨᠡᠮᠡᠭᠳᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 18.5%᠎ ᠪᠠᠷ ᠨᠡᠮᠡᠭᠳᠡᠵᠦ᠂ ᠴᠢᠩᠱᠠᠨ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠤᠨ ᠨᠡᠮᠡᠭᠳᠡᠯ ᠢ 7.0 ᠵᠠᠭᠤᠨ ᠤ ᠨᠢᠭᠡᠴᠢ ᠳᠠᠶᠢᠴᠢᠯᠠᠪᠠ︔ ᠲᠡᠮᠦᠷᠯᠢᠭ ᠪᠤᠰᠤ ᠠᠭᠤᠷᠬᠠᠶ ᠶᠢᠨ ᠪᠦᠲᠦᠭᠡᠭᠳᠡᠬᠦᠨ ᠤ ᠦᠢᠯᠡᠰ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ ᠬᠠᠮᠤᠭ ᠤᠨ ᠪᠠᠭ᠎ᠠ ᠬᠡᠮᠵᠢᠶ᠎ᠡ ᠪᠠᠷ ᠪᠠᠭᠠᠰᠴᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 24.5%᠎ ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠳᠡᠭᠡᠷ᠎ᠡ ᠰᠠᠷ᠎ᠠ ᠶᠢᠨ ᠬᠢ ᠠᠴᠠ 10.7 ᠵᠠᠭᠤᠨ ᠤ ᠨᠢᠭᠡᠴᠢ ᠨᠠᠮᠳᠠᠵᠤ᠂ ᠴᠢᠩᠱᠠᠨ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠶᠢ 7.8 ᠵᠠᠭᠤᠨ ᠤ ᠨᠢᠭᠡᠴᠢ ᠳᠤᠷᠤᠭᠰᠢ ᠲᠠᠲᠠᠪᠠ᠃      ᠨᠢᠭᠡᠳᠦᠭᠡᠷ ᠤᠯᠠᠷᠢᠯ ᠤᠨ 6 ᠵᠦᠢᠯ ᠤᠨ ᠭᠤᠤᠯ ᠪᠣᠯᠬᠤ ᠠᠵᠤ ᠦᠢᠯᠡᠳᠪᠦᠷᠢ ᠶᠢᠨ ᠦᠢᠯᠡᠳᠬᠦᠨ ᠤ ᠭᠠᠷᠤᠯᠲᠠ ᠶᠢᠨ ᠳᠣᠲᠣᠷ᠎ᠠ᠂ ᠳᠡᠭᠡᠷ᠎ᠡ ᠵᠢᠯ ᠤᠨ ᠬᠢ ᠠᠴᠠ 2 ᠵᠦᠢᠯ ᠨᠡᠮᠡᠭᠳᠡᠵᠦ᠂ ᠵᠥᠪᠬᠡᠨ ᠭᠤᠤᠯ ᠪᠣᠯᠬᠤ ᠦᠢᠯᠡᠳᠬᠦᠨ ᠤ ᠭᠠᠷᠤᠯᠲᠠ ᠶᠢᠨ 33.3%᠎ ᠶᠢ ᠡᠵᠡᠯᠡᠵᠦ ᠪᠤᠶ᠃ ᠡᠭᠦᠨ ᠳᠤ᠂ ᠴᠠᠭᠠᠨ ᠢᠳᠡᠭᠡᠨ ᠤ ᠭᠠᠷᠤᠯᠲᠠ ᠳᠡᠭᠡᠷ᠎ᠡ ᠵᠢᠯ ᠤᠨ ᠬᠢ ᠠᠴᠠ 20.4%᠎ ᠪᠠᠷ ᠨᠡᠮᠡᠭᠳᠡᠪᠡ︔ ᠳᠠᠩ ᠲᠠᠯᠠᠰᠲᠤ ᠴᠠᠬᠢᠭᠤᠷ ᠤᠨ ᠭᠠᠷᠤᠯᠲᠠ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠢᠯᠡᠳᠲᠡ ᠪᠠᠭᠠᠰᠴᠤ᠂ 22.1%᠎ ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠳᠡᠭᠡᠷ᠎ᠡ ᠰᠠᠷ᠎ᠠ ᠶᠢᠨ ᠬᠢ ᠠᠴᠠ 9.2 ᠵᠠᠭᠤᠨ ᠤ ᠴᠡᠭ ᠤᠳᠠᠭᠠᠰᠢᠷᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号