ᠥᠨᠳᠥᠰᠥᠳᠡᠨ ᠤ ᠪᠥᠯᠬᠦᠮᠳᠡᠯ ᠲᠠᠪᠰᠢᠯᠳᠠ ᠶᠢᠨ ᠥᠯᠢᠬᠡᠷ ᠢ ᠰᠠᠶᠢᠳᠣᠷ ᠶᠠᠷᠢᠵᠣ᠂ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠶᠢᠨ ᠣᠬᠠᠮᠰᠠᠷ ᠢ ᠪᠠᠳᠣᠳᠬᠠᠬᠤ ᠶᠢ ᠠᠬᠢᠭᠤᠯᠣᠨ᠎ᠠ
ᠨᠡᠶᠢᠲᠡᠯᠡᠭᠰᠡᠨ ᠴᠠᠭ᠄
2023/4/19
      2023 ᠣᠨ ᠪᠣᠯ ᠨᠠᠮ ᠤᠨ ᠬᠤᠷᠢᠳᠣᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠣᠭᠤᠰᠢᠯᠠᠭᠤᠯᠣᠨ ᠨᠠᠶᠢᠳᠠᠪᠣᠷᠢᠵᠢᠭᠤᠯᠬᠤ ᠶᠢᠨ ᠡᠬᠢᠯᠡᠯᠳᠡ ᠶᠢᠨ ᠣᠨ ᠮᠥᠨ᠂ ︽ᠠᠷᠪᠠᠨ ᠲᠥᠷᠪᠡᠳᠣᠭᠡᠷ ᠲᠠᠪᠣᠨ ᠵᠢᠯ︾ ᠤᠨ ᠲᠥᠯᠥᠪᠵᠢᠬᠦᠯᠭᠡ ᠶᠢ ᠭᠡᠷᠡᠭᠵᠢᠬᠦᠯᠬᠦ ᠶᠢᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠬᠢᠯᠭ᠎ᠠ ᠶᠢᠨ ᠣᠨ ᠮᠥᠨ᠃ ᠴᠢᠩᠱᠠᠨ ᠲᠣᠭᠤᠷᠢᠭ ᠤᠨ ᠬᠠᠳᠠ ᠵᠠᠮ ᠤᠨ ᠪᠠᠭ᠎ᠠ ᠰᠣᠷᠭᠠᠭᠤᠯᠢ ᠶᠢᠨ ᠬᠢᠨ ᠨᠡᠶᠢᠭᠡᠮ ᠵᠢᠷᠣᠮ ᠤᠨ ᠭᠤᠣᠯᠯᠠᠭᠴᠢ ᠥᠷᠳᠡᠭ ᠤᠨ ᠥᠵᠡᠯᠳᠡ ᠪᠠᠷ ᠬᠥᠲᠥᠯᠦᠨ ᠵᠢᠯᠣᠭᠤᠳᠬᠤ ᠶᠢ ᠪᠠᠷᠢᠮᠳᠠᠯᠠᠨ᠂ ᠰᠣᠷᠭᠠᠭᠤᠯᠢ ᠶᠢᠨ ᠪᠠᠭᠰᠢ ᠰᠣᠷᠣᠭᠴᠢᠳ ᠢᠶᠠᠨ ᠵᠢᠯᠣᠭᠤᠳᠴᠣ ︽ᠭᠤᠷᠪᠠᠨ ᠰᠠᠯᠵᠤ ᠪᠣᠯᠤᠰᠢ ᠦᠭᠡᠢ︾ ᠥᠵᠡᠯ ᠰᠠᠨᠠᠭ᠎ᠠ ᠶᠢ ᠪᠠᠳᠣ ᠪᠠᠬᠢ ᠪᠣᠢ ᠪᠣᠯᠭᠠᠵᠣ᠂ ︽ᠲᠠᠪᠣᠨ ᠬᠠᠮᠳᠣ ᠶᠢᠨ ᠲᠠᠨᠢᠯᠳᠠ︾ ᠶᠢ ᠲᠠᠰᠣᠷᠠᠯᠳᠠ ᠥᠭᠡᠢ ᠴᠢᠩᠭᠠᠳᠬᠠᠨ᠂ ︽ᠲᠥᠷᠪᠠᠨ ᠬᠠᠮᠳᠣᠳᠬᠠᠬᠤ︾ ᠣᠶᠢᠯᠠᠭᠠᠭᠳᠠᠬᠤᠨ ᠢ ᠴᠢᠩᠭᠠᠷᠠᠭᠤᠯᠵᠣ᠂ ᠰᠢ ᠶᠢᠨ ᠫᠢᠩ ᠶᠡᠷᠥᠩᠬᠡᠢ ᠱᠥᠵᠢ ᠶᠢᠨ ᠥᠨᠳᠥᠰᠥᠳᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠣᠬᠠᠢ ᠴᠢᠬᠤᠯᠨ ᠥᠵᠡᠯ ᠰᠠᠨᠠᠭ᠎ᠠ ᠶᠢ ᠬᠥᠨᠵᠡᠭᠡᠢ ᠰᠣᠷᠣᠯᠴᠡᠨ ᠣᠶᠢᠯᠠᠭᠠᠵᠣ᠂ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠶᠢᠨ ᠣᠬᠠᠮᠰᠠᠷ ᠢ ᠪᠠᠳᠣᠳᠬᠠᠬᠤ  ᠪᠠᠷ ᠭᠤᠣᠯ ᠰᠢᠵᠢᠮ ᠪᠣᠯᠭᠠᠨ᠂ ᠠᠨᠠᠷ ᠤᠨ ᠥᠷ᠎ᠡ ᠶᠢᠨ ᠬᠥᠮᠥᠨ ᠢ ᠬᠥᠮᠥᠵᠢᠬᠦᠯᠬᠦ ᠬᠢᠴᠢᠶᠡᠯ ᠤᠨ ᠲᠠᠩᠬᠢᠮ ᠢᠶᠠᠷ ᠥᠨᠳᠥᠰᠥᠳᠡᠨ ᠤ ᠪᠥᠯᠬᠦᠮᠳᠡᠯ ᠤᠨ ᠰᠢᠷᠢᠰ ᠠᠵᠢᠯᠯᠠᠭ᠎ᠠ ᠶᠢ ᠥᠷᠨᠢᠬᠦᠯᠪᠠ᠃      ᠠᠵᠢᠯᠯᠠᠭᠠᠨ ᠤ ᠲᠣᠮᠳᠠ᠂ ᠰᠢ ᠶᠢᠨ ᠫᠢᠩ ᠶᠡᠷᠣᠩᠭᠡᠢ ᠱᠥᠵᠢ ᠶᠢᠨ 2019 ᠣᠨ ᠤ ᠪᠥᠬᠦ ᠣᠯᠣᠰ ᠤᠨ ᠥᠨᠳᠥᠰᠥᠳᠡᠨ ᠤ ᠪᠥᠯᠬᠦᠮᠳᠡᠯ ᠲᠠᠪᠰᠢᠯᠳᠠ ᠶᠢᠨ ᠬᠥᠬᠢᠭᠦᠯᠥᠨ ᠰᠠᠶᠢᠰᠢᠶᠠᠬᠤ ᠶᠡᠭᠡ ᠬᠤᠷᠠᠯ ᠲᠡᠭᠡᠷᠡᠬᠢ ᠶᠠᠷᠢᠶᠠᠨ ᠳᠤ ᠶᠠᠷᠢᠭᠰᠠᠨ ︽ᠯᠢᠶᠠᠩᠵᠸᠣ ᠶᠢᠨ ᠴᠢᠭᠤᠯᠭᠠᠨ︾ ᠤ ᠥᠯᠢᠭᠡᠷ ᠢ ᠶᠠᠷᠢᠬᠤ ᠪᠠᠷ ᠲᠠᠮᠵᠢᠭᠤᠯᠣᠨ᠂ ᠥᠨᠳᠥᠰᠥᠳᠡᠨ ᠤ ᠪᠥᠯᠬᠦᠮᠳᠡᠯ ᠤᠨ ᠥᠯᠢᠭᠡᠷ ᠢ ᠶᠠᠷᠢᠵᠣ᠂ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠶᠢᠨ ᠣᠬᠠᠮᠰᠠᠷ ᠢ ᠪᠠᠳᠣᠳᠬᠠᠬᠤ ᠶᠢ ᠢᠳᠡᠪᠬᠢᠳᠡᠢ ᠠᠬᠢᠭᠤᠯᠵᠣ᠂ ᠰᠠᠶᠢᠨ ᠥᠯᠢᠭᠡᠷ ᠢ ᠲᠥᠭ ᠲᠥᠮᠡᠨ ᠠᠶᠢᠯ ᠡᠷᠣᠭᠡ ᠳᠤ ᠣᠯᠠᠮᠵᠢᠯᠡᠨ᠂ ᠥᠨᠳᠥᠰᠥᠳᠡᠨ ᠨᠦᠭᠦᠳ ᠤᠨ ᠶᠠᠪᠣᠯᠴᠠᠭ᠎ᠠ ᠰᠣᠯᠢᠯᠴᠠᠭ᠎ᠠ ᠠᠭᠤᠰᠣᠯᠴᠡᠯ ᠢ ᠠᠬᠢᠭᠤᠯᠵᠣ᠂ ᠥᠨᠳᠥᠰᠥᠳᠡᠨ ᠨᠦᠭᠦᠳ ᠤᠨ ᠭᠥᠮᠥᠰ ᠤᠨ ᠰᠡᠳᠬᠢᠯ ᠨᠢᠭᠳᠠᠷᠠᠬᠤ᠂ ᠣᠶᠤᠨ ᠤᠬᠠᠭᠠᠨ ᠬᠠᠷᠢᠯᠴᠠᠨ ᠲᠦᠰᠢᠭᠯᠡᠬᠦ᠂ ᠪᠥᠯᠬᠦᠮᠳᠡᠨ ᠲᠡᠮᠡᠴᠡᠬᠦ ᠶᠢᠨ ᠭᠥᠴᠥᠷᠭᠡᠭ ᠶᠡᠭᠡ ᠣᠶᠣᠨ ᠣᠬᠠᠭᠠᠨ ᠤ ᠭᠥᠴᠥᠨ ᠢ ᠪᠥᠷᠢᠯᠳᠣᠬᠦᠯᠵᠣ᠂ ᠲᠣᠮᠳᠠᠳᠣ ᠶᠢᠨ ᠥᠨᠳᠥᠰᠥᠳᠡᠨ ᠤ ᠣᠶᠣᠨ ᠣᠬᠠᠭᠠᠨ ᠤ ᠬᠡᠷ ᠣᠷᠣᠨ ᠢᠶᠠᠨ ᠲᠠᠰᠣᠷᠡᠯᠳᠡ ᠥᠭᠡᠢ ᠴᠣᠭᠴᠠᠯᠠᠵᠣ᠂ ᠥᠨᠳᠥᠰᠥᠳᠡᠨ ᠤ ᠪᠥᠯᠬᠦᠮᠳᠡᠯ ᠤᠨ ᠵᠣᠷᠢᠭ ᠰᠠᠨᠠᠭ᠎ᠠ ᠶᠢ ᠥᠨᠢ ᠡᠭᠦᠷᠢᠳᠡ ᠭᠡᠷᠡᠯ ᠬᠢᠯᠪᠠᠭ᠎ᠠ ᠰᠠᠴᠣᠷᠠᠭᠤᠯᠣᠨ᠎ᠠ᠃      ᠰᠣᠷᠭᠠᠭᠤᠯᠢ ᠶᠢᠨ ᠬᠢᠨ ᠥᠷᠭᠦᠯᠵᠢᠯᠡᠨ ᠲᠣᠮᠳᠠᠳᠣ ᠶᠢᠨ ᠥᠨᠳᠥᠰᠥᠳᠡᠨ ᠤ ᠬᠠᠮᠳᠣ ᠶᠢᠨ ᠴᠣᠭᠴᠨ ᠶᠢᠨ ᠣᠬᠠᠮᠰᠠᠷ ᠢ ᠪᠠᠳᠣᠳᠬᠠᠬᠤ ᠪᠠᠷ ᠥᠪᠡᠷ ᠤᠨ ᠡᠭᠦᠷᠭᠡ ᠪᠠᠨ ᠪᠣᠯᠭᠠᠵᠣ᠄ ᠪᠢᠴᠢᠭ ᠵᠢᠭᠠᠨ ᠬᠥᠮᠥᠨ ᠬᠥᠮᠥᠵᠢᠭᠦᠯᠬᠦ ᠠᠵᠢᠯ ᠢᠶᠠᠨ ᠪᠥᠬᠦ ᠬᠥᠴᠥᠨ ᠢᠶᠠᠷ ᠢᠶᠠᠨ ᠰᠠᠶᠢᠳᠣᠷ ᠬᠢᠵᠣ᠂ ᠪᠠᠭᠪᠠᠭᠠᠢ ᠴᠡᠴᠡᠭ ᠰᠢᠭ ᠥᠨᠳᠥᠰᠥᠳᠡᠨ ᠤ ᠪᠥᠯᠭᠦᠮᠳᠡᠯ ᠤᠨ ᠥᠷ᠎ᠡ ᠶᠢ ᠭᠡᠣᠭᠡᠳ ᠤᠨ ᠰᠡᠳᠬᠢᠯ ᠳᠤ ᠰᠠᠴᠣᠨ᠂ ᠥᠨᠳᠥᠰᠥᠳᠡᠨ ᠨᠦᠭᠦᠳ ᠤᠨ ᠭᠡᠣᠭᠡᠳ ᠢ ᠠᠨᠠᠷ ᠤᠨ ᠥᠷ᠎ᠡ ᠰᠢᠭ ᠨᠢᠭᠳᠠᠷᠠᠨ ᠪᠥᠯᠭᠦᠮᠳᠡᠭᠦᠯᠵᠣ᠂ ᠪᠣᠳᠠᠳᠣ ᠠᠵᠢᠯᠯᠠᠭ᠎ᠠ ᠪᠠᠷ ᠢᠶᠠᠨ ᠥᠨᠳᠥᠰᠥᠳᠡᠨ ᠨᠦᠭᠦᠳ ᠤᠨ ᠪᠥᠯᠬᠦᠮᠳᠡᠯ ᠨᠥᠭᠦᠷᠯᠡᠯ ᠢ ᠰᠠᠶᠢᠳᠣᠷ ᠬᠠᠮᠠᠭᠠᠯᠠᠵᠣ᠂ ᠥᠨᠳᠥᠰᠥᠳᠡᠨ ᠤ ᠪᠥᠯᠭᠦᠮᠳᠡᠯ ᠤᠨ ᠴᠡᠴᠡᠭ ᠢ ᠣᠯᠠᠨ ᠠᠴᠠ ᠣᠯᠠᠮ ᠦᠵᠡᠰᠬᠦᠯᠡᠩ ᠰᠠᠶᠢᠬᠠᠨ ᠪᠣᠯᠭᠠᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号