ᠴᠢᠳᠠᠪᠤᠷᠢᠲᠠᠨ ᠤ ᠨᠥᠬᠦᠪᠦᠷᠢ ᠶᠢ ᠬᠢᠨᠠᠨ ᠬᠠᠷᠭᠤᠭᠤᠯᠵᠤ ᠲᠠᠷᠬᠠᠭᠠᠬᠤ ᠶᠢ ᠴᠢᠩᠭᠠᠳᠬᠠᠵᠤ ᠰᠢᠯᠢᠳᠡᠭ ᠴᠢᠳᠠᠪᠤᠷᠢᠲᠠᠨ ᠤ ᠠᠮᠤᠭᠤᠯᠠᠩ ᠰᠠᠭᠤᠷᠢᠰᠢᠵᠤ ᠰᠢᠯᠢᠳᠡᠭ ᠰᠠᠭᠤᠷᠢᠰᠢᠬᠤ ᠶᠢ ᠪᠠᠲᠤᠯᠠᠨ᠎ᠠ
ᠨᠡᠶᠢᠲᠡᠯᠡᠭᠰᠡᠨ ᠴᠠᠭ᠄
2023/4/19
      ᠴᠢᠳᠠᠪᠤᠷᠢᠲᠠᠨ ᠢᠶᠠᠷ ᠬᠤᠲᠠ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠮᠠᠨ ᠤ ᠬᠤᠲᠠ ᠶᠢᠨ ᠠᠵᠤ ᠠᠬᠤᠢ ᠶᠢᠨ ᠬᠥᠭᠵᠢᠯᠲᠡ ᠪᠠ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ᠂ ᠮᠠᠨ ᠤ ᠬᠤᠲᠠ 2021 ᠣᠨ ᠤ ᠳᠥᠷᠪᠡᠳᠦᠭᠡᠷ ᠤᠯᠠᠷᠢᠯ ᠠᠴᠠ ᠡᠬᠢᠯᠡᠨ ᠴᠢᠳᠠᠪᠤᠷᠢᠲᠠᠨ ᠤ ᠠᠮᠤᠭᠤᠯᠠᠩ ᠣᠷᠣᠨ ᠰᠠᠭᠤᠴᠠ ᠶᠢᠨ ᠪᠠᠲᠤᠯᠠᠭ᠎ᠠ ᠶᠢᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠪᠡ᠃ 2023 ᠣᠨ ᠤ ᠨᠢᠭᠡᠳᠦᠭᠡᠷ ᠤᠯᠠᠷᠢᠯ ᠪᠣᠯᠲᠠᠯ᠎ᠠ᠂ ᠮᠠᠨ ᠤ ᠲᠤᠭᠤᠷᠢᠭ ᠨᠡᠶᠢᠲᠡ 271 ᠬᠥᠮᠥᠨ ᠢ ᠬᠢᠨᠠᠨ ᠬᠠᠷᠭᠤᠭᠤᠯᠵᠤ ᠪᠠᠲᠤᠯᠠᠨ᠂ ᠡᠭᠦᠨ ᠳᠤ 265 ᠬᠥᠮᠥᠨ ᠭᠡᠷ ᠲᠦᠷᠢᠶᠡᠰᠦᠯᠡᠬᠦ ᠨᠥᠬᠦᠪᠦᠷᠢ ᠭᠤᠶᠤᠴᠢᠯᠠᠵᠤ᠂ 6 ᠬᠥᠮᠥᠨ ᠤ ᠭᠡᠷ ᠬᠤᠳᠠᠯᠳᠤᠨ ᠠᠪᠬᠤ ᠦᠨ᠎ᠡ ᠪᠠᠭᠤᠷᠠᠭᠤᠯᠬᠤ ᠪᠠᠷ ᠭᠤᠶᠤᠴᠢᠯᠠᠵᠠᠢ︔ ᠨᠡᠶᠢᠲᠡ 394.94 ᠲᠦᠮᠡᠨ ᠲᠥᠭᠦᠷᠢᠭ ᠤᠨ ᠨᠥᠬᠦᠪᠦᠷᠢ ᠣᠯᠭᠤᠵᠤ᠂ ᠡᠭᠦᠨ ᠳᠤ ᠭᠡᠷ ᠪᠠᠶᠢᠰᠢᠩ ᠲᠦᠷᠢᠶᠡᠰᠦᠯᠡᠬᠦ ᠨᠥᠬᠦᠪᠦᠷᠢ 375.84 ᠲᠦᠮᠡᠨ ᠲᠥᠭᠦᠷᠢᠭ᠂ ᠭᠡᠷ ᠪᠠᠶᠢᠰᠢᠩ ᠬᠤᠳᠠᠯᠳᠤᠨ ᠠᠪᠬᠤ ᠦᠨ᠎ᠡ ᠪᠠᠭᠤᠷᠠᠭᠤᠯᠤᠭᠰᠠᠨ ᠨᠥᠬᠦᠪᠦᠷᠢ 19.1 ᠲᠦᠮᠡᠨ ᠲᠥᠭᠦᠷᠢᠭ ᠪᠣᠶ᠃      ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠲᠤᠰᠬᠠᠢ ᠬᠥᠮᠥᠨ ᠭᠠᠷᠭᠠᠵᠤ ᠴᠢᠳᠠᠪᠤᠷᠢᠲᠠᠨ ᠤ ᠨᠥᠬᠦᠪᠦᠷᠢ ᠶᠢ ᠬᠢᠨᠠᠨ ᠬᠠᠷᠭᠤᠭᠤᠯᠬᠤ᠂ ᠵᠠᠷᠯᠠᠨ ᠨᠡᠶᠢᠲᠡᠯᠡᠬᠦ᠂ ᠣᠯᠭᠤᠬᠤ ᠵᠡᠷᠭᠡ ᠠᠵᠢᠯ ᠢ ᠬᠢᠬᠦ ᠳᠤ᠂ ᠭᠤᠶᠤᠴᠢᠯᠠᠭᠴᠢ ᠨᠢ ᠭᠤᠶᠤᠴᠢᠯᠠᠯ ᠤᠨ ᠮᠠᠲ᠋ᠧᠷᠢᠶᠠᠯ ᠢᠶᠠᠨ ᠬᠡᠵᠢᠶ᠎ᠡ ᠴᠦ ᠲᠤᠰᠢᠶᠠᠵᠦ ᠪᠤᠯᠬᠤ ᠶᠢᠨ ᠬᠠᠮᠲᠤ ᠵᠡᠷᠭᠡ‌‍ᠳᠤᠨᠢ ᠬᠢᠨᠠᠨ ᠬᠠᠷᠭᠤᠭᠤᠯᠵᠤ᠂ ᠭᠤᠶᠤᠴᠢᠯᠠᠭᠴᠢ ᠨᠢ ᠭᠤᠶᠤᠴᠢᠯᠠᠯ ᠤᠨ ᠮᠠᠲ᠋ᠧᠷᠢᠶᠠᠯ ᠤᠨ ᠬᠢᠨᠠᠨ ᠪᠠᠲᠤᠯᠠᠭᠰᠠᠨ ᠪᠠᠶᠢᠳᠠᠯ ᠢ ᠲᠡᠷᠡ ᠳᠠᠷᠤᠢ ᠳᠤᠨᠢ ᠣᠶᠢᠯᠠᠭᠠᠵᠤ᠂ ᠴᠢᠳᠠᠪᠤᠷᠢᠲᠠᠨ ᠢ ᠳᠤᠲᠠᠭᠤ ᠭᠦᠶᠦᠯᠭᠡᠬᠦ ᠶᠢ ᠦᠨᠡᠨᠬᠦ ᠪᠠᠲᠤᠯᠠᠨ᠎ᠠ᠃      ᠬᠤᠶᠢᠰᠢᠳᠠ᠂ ᠮᠠᠨ ᠤ ᠬᠤᠲᠠ ᠶᠢᠨ ᠬᠤᠶᠠᠷ ᠢ ᠡᠯᠰᠡᠵᠦ ᠬᠤᠶᠠᠷ ᠢ ᠲᠠᠲᠠᠬᠤ ᠲᠥᠷᠥ ᠶᠢᠨ ᠪᠣᠳᠣᠯᠭ᠎ᠠ ᠶᠢᠨ ᠳᠣᠣᠷ᠎ᠠ᠂ ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ  ᠠᠴᠠ ᠣᠷᠣᠭᠤᠯᠤᠨ ᠠᠪᠴᠢᠷᠠᠭᠰᠠᠨ ᠴᠢᠳᠠᠪᠤᠷᠢᠲᠠᠨ ᠤ ᠠᠮᠤᠭᠤᠯᠠᠩ ᠣᠷᠣᠨ ᠰᠠᠭᠤᠴᠠ ᠶᠢᠨ ᠪᠠᠲᠤᠯᠠᠭ᠎ᠠ ᠶᠢᠨ ᠨᠥᠬᠦᠪᠦᠷᠢ ᠶᠢ ᠬᠢᠨᠠᠨ ᠬᠠᠷᠭᠤᠭᠤᠯᠵᠤ ᠣᠯᠭᠤᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠨᠥᠬᠦᠴᠡᠯ ᠳᠤ ᠨᠡᠶᠢᠴᠡᠬᠦ ᠨᠠᠩ ᠣᠯᠠᠨ ᠣᠷᠣᠭᠤᠯᠤᠨ ᠠᠪᠴᠢᠷᠠᠬᠤ ᠴᠢᠳᠠᠪᠤᠷᠢᠲᠠᠨ ᠳᠤ ᠨᠥᠬᠦᠪᠦᠷᠢ ᠣᠯᠭᠤᠬᠤ ᠲᠥᠷᠥ ᠶᠢᠨ ᠪᠣᠳᠣᠯᠭ᠎ᠠ ᠶᠢ ᠬᠠᠪᠰᠤᠷᠤᠨ᠎ᠠ᠃ ᠨᠡᠩ ᠤᠯᠠᠨ ᠰᠢᠯᠢᠳᠡᠭ ᠴᠢᠳᠠᠪᠤᠷᠢᠲᠠᠨ ᠢ ᠪᠤᠭᠤᠲᠤ ᠳᠤ ᠠᠮᠤᠷ ᠠᠵᠤ ᠲᠦᠷᠦᠭᠦᠯᠵᠦ᠂ ᠪᠤᠭᠤᠲᠤ ᠶᠢᠨ ᠬᠥᠭᠵᠢᠯᠲᠡ ᠳᠤ ᠥᠩᠭᠡ ᠭᠡᠷᠡᠯ ᠨᠡᠮᠡᠷᠢᠯᠡᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号