ᠪᠤᠭᠤᠲᠤ ᠬᠤᠲᠠ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠵᠡᠩᠨᠡᠯᠲᠡ ᠶᠢᠨ ᠲᠥᠪ ᠵᠢᠩᠬᠢᠨᠢ ᠪᠠᠷ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2023/4/20
      4 ᠰᠠᠷ᠎ᠠ ᠶᠢᠨ 19 ᠎ ᠤ ᠡᠳᠦᠷ᠂ ᠪᠤᠭᠤᠲᠤ ᠬᠤᠳᠠ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠵᠡᠩᠨᠡᠯᠲᠡ ᠶᠢᠨ ᠲᠥᠪ ᠵᠢᠩᠬᠢᠨᠢ ᠪᠠᠷ ᠪᠠᠶᠢᠭᠤᠯᠤᠭᠳᠠᠪᠠ᠃ ᠪᠤᠭᠤᠲᠤ ᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ᠂ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠫᠠᠶᠢᠰᠠ ᠰᠡᠬᠦᠬᠦ ᠶᠣᠰᠣᠯᠠᠯ ᠳᠤ ᠣᠷᠣᠯᠴᠠᠪᠠ᠃ ᠪᠤᠭᠤᠲᠤ ᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠳᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ᠂ ᠪᠤᠭᠤᠲᠤ ᠶᠢᠨ ᠲᠤᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠥᠪᠥᠷ ᠮᠣᠩᠭᠤᠯ ᠤᠨ ᠨᠢᠭᠡᠳᠦᠭᠡᠷ ᠮᠠᠰᠢᠨ ᠮᠧᠬᠠᠨᠢᠭ ᠤᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠾᠧᠩ ᠴᠢᠨ ᠤᠯᠠᠨ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠷᠠᠯᠵᠢᠶᠠᠨ ᠤ ᠲᠥᠪ ᠤᠨ ᠬᠢᠵᠠᠭᠠᠷᠲᠤ ᠺᠣᠮᠫᠠᠨᠢ ᠵᠡᠷᠭᠡ ᠬᠠᠮᠢᠶ᠎ᠠ ᠪᠦᠬᠦᠢ ᠬᠠᠷᠢᠭᠤᠴᠠᠯᠭᠠᠲᠠᠨ ᠫᠠᠶᠢᠰᠠ ᠡᠯᠭᠦᠬᠦ ᠶᠣᠰᠣᠯᠠᠯ ᠳᠤ ᠣᠷᠣᠯᠴᠠᠪᠠ᠃      ᠣᠶᠢᠯᠠᠭᠠᠭᠰᠠᠨ ᠢᠶᠠᠷ᠂ ᠪᠤᠭᠤᠲᠤ ᠬᠤᠲᠠ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠵᠡᠩᠨᠡᠯᠲᠡ ᠶᠢᠨ ᠲᠥᠪ ᠨᠢ ᠪᠤᠭᠤᠲᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠎ ᠶᠢᠨ ᠳᠡᠮᠵᠢᠯᠭᠡ ᠪᠠ ᠵᠢᠯᠣᠭᠤᠳᠤᠯᠭ᠎ᠠ ᠳᠣᠣᠷ᠎ᠠ᠂ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠠᠬᠢᠭᠤᠯᠤᠯ ᠵᠢᠯᠣᠭᠤᠳᠤᠯᠭ᠎ᠠ ᠪᠠᠷ᠂ ᠵᠦᠬᠠᠢ ᠶᠢᠨ ᠾᠧᠩ ᠴᠢᠨ ᠤᠯᠠᠨ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠷᠠᠯᠵᠢᠶᠠᠨ ᠤ ᠲᠥᠪ ᠤᠨ ᠬᠢᠵᠠᠭᠠᠷᠲᠤ ᠺᠣᠮᠫᠠᠨᠢ ᠠᠴᠠ ᠳᠠᠭᠠᠭᠠᠴᠢᠯᠠᠨ ᠡᠷᠬᠢᠯᠡᠵᠦ᠂ ᠳᠡᠭᠡᠳᠦ ᠲᠡᠰ ᠤᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠲᠣᠭᠤᠷᠢᠨ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠵᠡᠩᠨᠡᠯᠲᠡ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠦᠷᠨᠢᠭᠦᠯᠤᠨ᠎ᠠ᠃      ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠪᠣᠯ ᠪᠤᠭᠤᠲᠤ ᠬᠤᠲᠠ ᠶᠢᠨ ᠴᠢᠬᠤᠯᠠ ᠠᠵᠤ ᠦᠢᠯᠡᠰ ᠮᠥᠨ᠂ ᠬᠦᠷᠢᠶᠡᠯᠡᠩ ᠲᠣᠭᠤᠷᠢᠭ ᠤᠨ ᠮᠠᠰᠢ ᠣᠯᠠᠨ ᠠᠵᠤ ᠠᠬᠤᠶᠢᠯᠠᠯ ᠨᠢ ᠤᠯᠤᠰ ᠤᠨ ᠰᠠᠭᠤᠷᠢ ᠰᠤᠳᠤᠯᠭᠠᠨ ᠪᠠ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠴᠢᠩᠭᠠᠳᠬᠠᠬᠤ ᠴᠢᠬᠤᠯᠠ ᠡᠭᠦᠷᠭᠡ ᠶᠢ ᠡᠭᠦᠷᠭᠡᠯᠡᠵᠦ ᠪᠠᠶᠢᠨ᠎ᠠ᠃ ᠣᠶᠢᠷ᠎ᠠ ᠶᠢᠨ ᠵᠢᠯ ᠳᠤ᠂ ᠴᠢᠩᠱᠠᠨ ᠲᠣᠭᠤᠷᠢᠭ ᠤᠨ ᠵᠠᠰᠠᠭ ᠤᠨ ᠣᠷᠳᠣᠨ᠂ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶ ᠲᠤᠭᠤᠷᠢᠭ ᠤᠨ  ᠪᠠᠶᠢᠳᠠᠯ ᠳᠤ ᠰᠠᠭᠤᠷᠢᠯᠠᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ ᠪᠤᠳᠤᠯᠭ᠎ᠠ ᠶᠢ ᠶᠡᠭᠡ ᠬᠦᠴᠦᠨ ᠢᠶᠠᠷ ᠬᠡᠷᠡᠭᠵᠢᠭᠦᠯᠵᠦ᠂ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠥᠨᠳᠥᠷ ᠥᠷᠲᠡᠭᠲᠦ ᠪᠣᠶᠢᠵᠢᠭᠤᠯᠬᠤ ᠲᠥᠪ᠂ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠢᠯᠤᠭᠤᠳᠬᠤ ᠦᠢᠯᠡᠴᠢᠯᠡᠭᠡᠨ ᠤ ᠥᠷᠲᠡᠭᠡ ᠪᠠᠶᠢᠭᠤᠯᠬᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠪᠠᠭᠤᠯᠢᠭ ᠵᠢᠱᠢᠶ᠎ᠡ ᠦᠵᠡᠭᠦᠯᠬᠦ ᠠᠵᠤ ᠠᠬᠤᠶᠢᠯᠠᠯ ᠢ ᠪᠣᠶᠢᠵᠢᠭᠤᠯᠬᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠬᠤ ᠵᠡᠷᠭᠡ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠴᠢᠨᠠᠷ ᠰᠠᠶᠢᠲᠠᠢ ᠬᠥᠭᠵᠢᠯᠲᠡ ᠶᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠥᠬᠦ ᠬᠡᠯᠬᠢᠶ᠎ᠡ ᠶᠢᠨ ᠠᠵᠢᠯ ᠢᠯᠡᠳᠲᠡ ᠦᠷ᠎ᠡ ᠪᠦᠲᠦᠮᠵᠢ ᠣᠯᠵᠤ᠂ ᠴᠢᠩᠱᠠᠨ ᠲᠣᠭᠤᠷᠢᠭ ᠲᠤ ᠣᠲᠣ 8183 ᠬᠤᠪᠢ ᠬᠦᠴᠦᠨ ᠪᠦᠬᠦᠢ ᠳᠠᠩᠰᠠᠯᠠᠭᠤᠯᠤᠭᠰᠠᠨ ᠲᠠᠸᠠᠷ ᠤᠨ ᠲᠡᠮᠳᠡᠭ ᠲᠠᠢ ᠪᠠᠶᠢᠵᠤ᠂ ᠨᠡᠶᠢᠲᠡ 7767 ᠬᠤᠪᠢ ᠲᠤᠰᠬᠠᠢ ᠠᠰᠢᠭ ᠤᠨ ᠡᠷᠬᠡ ᠣᠯᠭᠤᠵᠤ᠂ ᠡᠭᠦᠨ ᠳᠤ ᠥᠨᠳᠥᠷ ᠥᠷᠲᠡᠭᠲᠦ ᠲᠤᠰᠬᠠᠢ ᠠᠰᠢᠭ 166 ᠬᠤᠪᠢ ᠪᠠᠶᠢᠨ᠎ᠠ᠃ ᠴᠢᠩᠱᠠᠨ ᠲᠣᠭᠤᠷᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠢᠭᠤᠷᠠᠯᠳᠤᠭᠠᠨ ᠠᠷᠠᠳ ᠤᠨ ᠡᠶᠡᠳᠡᠭᠦᠯᠬᠦ ᠺᠣᠮᠢᠰ᠂ ᠴᠢᠩᠱᠠᠨ ᠲᠣᠭᠤᠷᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠪᠰᠤᠷᠬᠤ ᠦᠢᠯᠡᠴᠢᠯᠡᠭᠡᠨ ᠤ ᠲᠦᠪ᠂ ᠤᠯᠤᠰ ᠤᠨ ᠲᠠᠰ ᠤᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠪᠠᠭᠤᠯᠢᠭ ᠵᠢᠱᠢᠶ᠎ᠡ ᠦᠵᠡᠭᠦᠯᠬᠦ ᠠᠵᠤ ᠠᠬᠤᠶᠢᠯᠠᠯ ᠢ 8 ᠪᠣᠶᠢᠵᠢᠭᠤᠯᠵᠤ᠂ ᠲᠥᠷᠥ ᠶᠢᠨ ᠪᠣᠳᠣᠯᠭ᠎ᠠ ᠶᠢᠨ ᠳᠦᠷᠢᠮ᠂ ᠥᠨᠳᠥᠷ ᠥᠷᠲᠡᠭ ᠢᠶᠠᠷ ᠦᠢᠯᠡᠳᠪᠦᠷᠢᠯᠡᠬᠦ᠂ ᠴᠢᠩᠭ᠎ᠠ ᠬᠠᠮᠠᠭᠠᠯᠠᠬᠤ᠂ ᠬᠤᠪᠢᠷᠠᠭᠤᠯᠤᠨ ᠬᠡᠷᠡᠭᠯᠡᠬᠦ ᠵᠡᠷᠭᠡ ᠲᠠᠯ᠎ᠠ ᠪᠠᠷ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠬᠦ᠂ ᠬᠠᠮᠠᠭᠠᠯᠠᠬᠤ᠂ ᠬᠡᠷᠡᠭᠯᠡᠬᠦ᠂ ᠦᠢᠯᠡᠴᠢᠯᠡᠬᠦ᠂ ᠬᠠᠮᠢᠶᠠᠷᠬᠤ ᠪᠥᠬᠦ ᠬᠡᠯᠬᠢᠶ᠎ᠡ ᠶᠢᠨ ᠠᠵᠢᠯ ᠤᠨ ᠰᠢᠰᠲ᠋ᠧᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠪᠥᠬᠦ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠠᠭᠤᠷᠢ ᠪᠠᠲᠤᠯᠠᠭ᠎ᠠ ᠬᠠᠩᠭᠠᠪᠠ᠃      ᠴᠢᠩᠱᠠᠨ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠢᠯᠡᠷᠬᠡᠶᠢᠯᠡᠬᠦ ᠳᠡᠭᠡᠨ᠂ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠵᠡᠩᠨᠡᠯᠲᠡ ᠶᠢᠨ ᠲᠥᠪ ᠪᠠᠶᠢᠭᠤᠯᠬᠤ ᠪᠣᠯ ᠴᠢᠩᠱᠠᠨ ᠲᠣᠭᠤᠷᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠤᠨ ᠪᠠᠰᠠ ᠨᠢᠭᠡᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠮᠥᠨ᠂ ᠡᠨᠡ ᠨᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠪᠠᠶᠢᠵᠤ᠂ ᠴᠢᠩᠱᠠᠨ ᠲᠣᠭᠤᠷᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠰᠢᠨ᠎ᠡ ᠳᠡᠭᠲᠡᠷ ᠲᠤ ᠭᠠᠷᠴᠤ᠂ ᠰᠢᠨ᠎ᠡ ᠱᠠᠲᠤᠨ ᠳᠤ ᠣᠷᠣᠭᠰᠠᠨ ᠢ ᠬᠠᠷᠠᠭᠤᠯᠵᠦ ᠪᠠᠶᠢᠨ᠎ᠠ ᠬᠡᠪᠡ᠃      ᠣᠳᠣᠬᠠᠨ ᠳᠤ᠂ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠵᠡᠩᠨᠡᠯᠲᠡ ᠶᠢᠨ ᠲᠥᠪ ᠨᠢ ᠥᠨᠳᠥᠷ ᠪᠦᠲᠦᠮᠵᠢᠲᠡᠢ ᠪᠦᠲᠦᠭᠡᠨ ᠪᠠᠶᠢᠭᠤᠯᠤᠯᠲᠠ ᠶᠢᠨ ᠱᠠᠲᠤᠨ ᠳᠤ ᠣᠷᠣᠰᠢᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠬᠢᠭᠡᠳ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ᠂ ᠠᠵᠤ ᠦᠢᠯᠡᠰ ᠤᠨ ᠲᠤᠯᠭᠠᠭᠤᠷᠢᠯᠠᠯ᠂ ᠠᠷᠠᠯᠵᠢᠶ᠎ᠠ ᠬᠤᠳᠠᠯᠳᠤᠭᠠᠨ ᠤ ᠠᠭᠤᠰᠤᠯᠴᠠᠯ ᠤᠨ ᠵᠠᠩᠭᠢᠯᠠᠭ᠎ᠠ ᠶᠢᠨ ᠲᠠᠪᠴᠠᠩ ᠪᠣᠯᠬᠤ ᠪᠥᠭᠡᠳ ᠪᠠᠰᠠ ᠰᠢᠨ᠎ᠡ ᠶᠢ ᠡᠭᠦᠳᠬᠦ ᠡᠬᠢ ᠪᠠᠶᠠᠯᠢᠭ ᠢ ᠲᠥᠪᠯᠡᠷᠡᠭᠦᠯᠬᠦ᠂ ᠠᠵᠤ ᠦᠢᠯᠡᠰ ᠤᠨ ᠬᠡᠯᠬᠢᠶ᠎ᠡ ᠶᠢᠨ ᠰᠢᠨ᠎ᠡ ᠶᠢ ᠡᠭᠦᠳᠬᠦ ᠬᠡᠯᠬᠢᠶ᠎ᠡ ᠶᠢᠨ ᠠᠭᠤᠰᠤᠯᠴᠠᠯ ᠢ ᠠᠬᠢᠭᠤᠯᠬᠤ ᠴᠢᠬᠤᠯᠠ ᠠᠷᠭ᠎ᠠ ᠪᠠᠷᠢᠯ ᠮᠦᠨ᠃ ᠰᠢᠨ᠎ᠡ ᠶᠢ ᠡᠭᠦᠳᠬᠦ ᠭᠤᠣᠯ ᠴᠣᠭᠴᠠ᠂ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠬᠦ᠂ ᠬᠡᠷᠡᠭᠯᠡᠬᠦ᠂ ᠬᠤᠪᠢᠷᠠᠭᠤᠯᠬᠤ ᠪᠠ ᠬᠠᠮᠢᠶᠠᠷᠬᠤ ᠵᠡᠷᠭᠡ ᠶᠢ ᠬᠠᠮᠤᠷᠤᠭᠰᠠᠨ ᠦᠢᠯᠡᠴᠢᠯᠡᠭᠡᠨ ᠬᠠᠩᠭᠠᠵᠤ᠂ ᠡᠨᠧᠷᠭᠢ ᠣᠯᠭᠤᠬᠤ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠰᠢᠨ᠎ᠡ ᠶᠢ ᠡᠭᠦᠳᠦᠨ ᠬᠥᠭᠵᠢᠭᠦᠯᠦᠨ᠎ᠡ᠃ ᠢᠷᠡᠭᠡᠳᠦᠢ ᠳᠤ᠂ ᠲᠥᠪ ᠢ ᠵᠢᠩᠬᠢᠨᠢ ᠪᠠᠷ ᠠᠵᠢᠯᠯᠠᠭᠤᠯᠤᠭᠰᠠᠨ ᠤ ᠲᠠᠷᠠᠭ᠎ᠠ᠂ ᠮᠡᠳᠡᠯᠭᠡ ᠶᠢᠨ ᠥᠮᠴᠢᠯᠡᠯ ᠤᠨ ᠡᠷᠬᠡ ᠪᠠᠷ ᠭᠤᠣᠯ ᠪᠣᠯᠭᠠᠵᠤ᠂ ᠠᠵᠤ ᠦᠢᠯᠡᠰ ᠤᠨ ᠬᠡᠯᠬᠢᠶ᠎ᠡ ᠪᠠ ᠰᠢᠨ᠎ᠡ ᠶᠢ ᠡᠭᠦᠳᠬᠦ ᠬᠡᠯᠬᠢᠶ᠎ᠡ ᠶᠢᠨ ᠠᠭᠤᠰᠤᠯᠴᠠᠯ ᠢ ᠴᠢᠩᠭᠠᠳᠬᠠᠵᠤ᠂ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠡᠯᠬᠢᠶ᠎ᠡ ᠶᠢᠨ ᠪᠠᠭᠤᠷᠠᠢ ᠭᠤᠭᠴᠤᠭ᠎ᠠ ᠶᠢ ᠨᠥᠬᠦᠪᠦᠷᠢᠯᠡᠵᠦ᠂ ᠥᠨᠳᠥᠷ ᠦᠷᠳᠡᠭ ᠲᠠᠢ ᠲᠤᠰᠬᠠᠢ ᠠᠰᠢᠭ ᠢ ᠪᠣᠶᠢᠵᠢᠭᠤᠯᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠴᠢᠳᠠᠪᠤᠷᠢᠲᠠᠨ ᠢ ᠬᠥᠮᠥᠵᠢᠭᠦᠯᠦᠨ ᠪᠣᠯᠪᠠᠰᠤᠷᠠᠭᠤᠯᠵᠤ᠂ ᠪᠦᠬᠦ ᠲᠤᠭᠤᠷᠢᠭ ᠤᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠪᠦᠲᠦᠴᠡ ᠶᠢᠨ ᠲᠡᠰ ᠳᠠᠪᠰᠢᠵᠤ ᠬᠡᠯᠪᠡᠷᠢ ᠪᠠᠨ ᠬᠤᠪᠢᠷᠠᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃ ᠡᠭᠦᠨ ᠤ ᠬᠠᠮᠲᠤ᠂ ᠬᠠᠮᠢᠶ᠎ᠠ ᠪᠦᠬᠦᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡᠨ ᠤ ᠡᠬᠢ ᠪᠠᠶᠠᠯᠢᠭ ᠢ ᠠᠭᠤᠰᠤᠯᠴᠠᠭᠤᠯᠤᠨ᠂ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠴᠢᠨᠠᠷ ᠰᠠᠶᠢᠲᠠᠢ ᠡᠭᠦᠳᠦᠯᠲᠡ᠂ ᠥᠨᠳᠥᠷ ᠬᠢᠷᠢ ᠲᠦᠪᠰᠢᠨ ᠲᠠᠢ ᠪᠠᠶᠢᠷᠢᠰᠢᠭᠤᠯᠤᠯᠲᠠ ᠪᠠ ᠥᠨᠳᠥᠷ ᠦᠷ᠎ᠡ ᠠᠰᠢᠭ ᠲᠠᠢ ᠬᠡᠷᠡᠭᠯᠡᠯᠲᠡ ᠶᠢ ᠠᠬᠢᠭᠤᠯᠵᠤ᠂ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃      ᠫᠠᠶᠢᠰᠠ ᠡᠯᠭᠦᠭᠦ ᠶᠣᠰᠣᠯᠠᠯ ᠳᠠᠭᠤᠰᠤᠭᠰᠠᠨ ᠤ ᠳᠠᠷᠠᠭ᠎ᠠ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠬᠠᠮᠢᠶ᠎ᠠ ᠪᠦᠬᠦᠢ ᠬᠥᠮᠥᠰ ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠥᠨᠳᠥᠷ ᠦᠨ᠎ᠡ ᠥᠷᠲᠡᠭ ᠲᠠᠢ ᠲᠤᠰᠬᠠᠢ ᠠᠰᠢᠭ ᠢ ᠬᠥᠮᠥᠵᠢᠭᠦᠯᠦᠨ ᠪᠣᠯᠪᠠᠰᠤᠷᠠᠭᠤᠯᠬᠤ ᠰᠤᠷᠤᠯᠴᠠᠯᠭ᠎ᠠ ᠳᠤ ᠣᠷᠣᠯᠴᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号