ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢᠨ ᠤᠬᠠᠭᠤᠯᠭ᠎ᠠ ᠬᠥᠮᠦᠵᠢᠯ ᠤᠨ ᠠᠵᠢᠯ ᠢ | ᠲᠦᠯᠬᠢᠨ ᠠᠬᠢᠭᠤᠯᠵᠤ᠂ ᠮᠠᠨ ᠤ ᠲᠣᠪᠴᠢᠶ᠎ᠠ ᠶᠢᠨ ᠺᠠᠳ᠋ᠷ ᠠᠵᠢᠯᠲᠠᠨ ᠤ ᠤᠯᠤᠰ ᠤᠨ ᠠᠮᠤᠷ ᠲᠦᠪᠰᠢᠨ ᠤ ᠤᠬᠠᠮᠰᠠᠷ ᠢ | ᠴᠢᠩᠭᠠᠳᠬᠠᠬᠤ ᠶᠢᠨ ᠲᠥᠯᠥᠭᠡ᠂ ᠴᠢᠩᠱᠠᠨ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠳᠡᠭᠡᠳᠦ ᠬᠡᠮᠵᠢᠶ᠎ᠡ ᠪᠠᠷ | ᠴᠢᠬᠤᠯᠠᠴᠢᠯᠠᠬᠤ ᠶᠢᠨ ᠬᠠᠮᠲᠤ ᠢᠳᠡᠪᠬᠢᠲᠡᠢ ᠪᠠᠷ ᠴᠤᠤᠷᠢᠶᠠᠲᠤᠨ ᠳᠠᠭᠠᠵᠤ᠂ ᠣᠯᠠᠨ ᠠᠷᠭ᠎ᠠ ᠵᠠᠮ ᠢᠶᠠᠷ ᠤᠯᠤᠰ ᠤᠨ | ᠠᠮᠤᠷ ᠲᠦᠪᠰᠢᠨ ᠤ ᠬᠥᠮᠦᠵᠢᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ᠃ | ᠨᠢᠭᠡ ᠳᠤ᠂ ᠰᠤᠷᠤᠯᠴᠠᠯᠭ᠎ᠠ ᠬᠥᠮᠦᠵᠢᠯ ᠢ ᠴᠢᠩᠭᠠᠳᠬᠠᠵᠤ᠂ ᠠᠮᠤᠷ ᠲᠦᠪᠰᠢᠨ ᠤ ᠤᠬᠠᠮᠰᠠᠷ ᠢ ᠪᠠᠲᠤᠳᠬᠠᠪᠠ᠃ | ᠺᠠᠳ᠋ᠷ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠵᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠤᠯᠤᠰ ᠤᠨ ᠠᠮᠤᠷ ᠲᠦᠪᠰᠢᠨ ᠤ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠰᠦᠯᠵᠢᠶᠡᠨ ᠤ ᠠᠮᠤᠷ ᠲᠦᠪᠰᠢᠨ ᠤ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ︾ ᠵᠡᠷᠭᠡ ᠬᠤᠯᠪᠣᠭᠳᠠᠯ ᠪᠦᠬᠦᠢ ᠤᠯᠤᠰ ᠤᠨ ᠠᠮᠤᠷ ᠲᠦᠪᠰᠢᠨ ᠤ | ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠲᠥᠪᠯᠡᠷᠡᠭᠦᠯᠦᠨ ᠰᠤᠷᠤᠯᠴᠠᠭᠤᠯᠤᠨ ᠤᠯᠠᠮᠵᠢᠯᠠᠵᠦ᠂ | ᠬᠢᠨᠠᠨ ᠪᠤᠳᠤᠬᠤ ᠺᠠᠳ᠋ᠷ ᠢ ᠬᠥᠲᠥᠯᠥᠨ ᠵᠢᠯᠤᠭᠤᠳᠴᠤ ᠪᠠᠶᠢᠭᠠᠳ ᠤᠯᠤᠰ ᠤᠨ ᠶᠡᠷᠦᠩᠬᠡᠢ ᠠᠮᠤᠷ ᠲᠦᠪᠰᠢᠨ ᠤ | ᠦᠵᠡᠯᠲᠡ ᠶᠢ ᠪᠠᠲᠤ ᠪᠠᠬᠢ ᠪᠣᠶ ᠪᠣᠯᠭᠠᠵᠤ᠂ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ | ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠶᠢᠨ ᠪᠥᠬᠦ ᠲᠠᠯ᠎ᠠ ᠳᠤ ᠪᠠᠲᠤ ᠪᠠᠬᠢ ᠦᠵᠡᠯ ᠰᠠᠨᠠᠭ᠎ᠠ ᠦᠵᠡᠯ | ᠤᠬᠠᠮᠰᠠᠷ ᠤᠨ ᠰᠠᠭᠤᠷᠢ ᠶᠢ ᠲᠠᠯᠪᠢᠵᠤ ᠦᠭᠪᠡ᠃ | ᠬᠤᠶᠠᠷ ᠲᠤ ᠤᠬᠠᠭᠤᠯᠭ᠎ᠠ ᠶᠢᠨ ᠠᠷᠭ᠎ᠠ ᠵᠠᠮ ᠢ ᠥᠷᠭᠡᠳᠬᠡᠵᠦ᠂ ᠠᠵᠢᠯᠯᠠᠭ᠎ᠠ ᠶᠢᠨ ᠠᠭᠤᠯᠭ᠎ᠠ ᠶᠢ | ᠪᠠᠶᠠᠯᠢᠭᠵᠢᠭᠤᠯᠪᠠ᠃ ᠵᠠᠭᠤᠴᠢᠯᠠᠭᠤᠷ ᠤᠨ ᠤᠬᠠᠭᠤᠯᠭ᠎ᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠢᠳᠡᠪᠬᠢᠲᠡᠢ | ᠪᠠᠳᠠᠷᠠᠭᠤᠯᠵᠤ᠂ ᠤᠬᠠᠭᠤᠯᠭ᠎ᠠ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠸᠢᠴᠠᠲ ᠤᠨ ᠪᠦᠯᠦᠭ᠂ ᠨᠡᠶᠢᠲᠡ ᠶᠢᠨ | ᠳ᠋ᠤᠭᠠᠷ ᠵᠡᠷᠭᠡ ᠠᠴᠢᠶᠠᠯᠠᠪᠤᠷᠢ ᠶᠢ ᠠᠰᠢᠭᠯᠠᠨ ᠤᠯᠤᠰ ᠤᠨ ᠠᠮᠤᠷ ᠲᠦᠪᠰᠢᠨ ᠤ ᠭᠤᠣᠯ ᠰᠡᠳᠦᠪᠲᠦ ᠤᠬᠠᠭᠤᠯᠭ᠎ᠠ ᠶᠢᠨ | ᠵᠣᠬᠢᠶᠠᠯ ᠢ ᠨᠡᠶᠢᠲᠡᠯᠡᠵᠦ᠂ ᠤᠬᠠᠭᠤᠯᠭ᠎ᠠ ᠶᠢᠨ ᠠᠵᠢᠯᠯᠠᠭ᠎ᠠ ᠶᠢᠨ ᠤᠯᠠᠮᠵᠢᠯᠠᠬᠤ ᠬᠦᠴᠦᠨ ᠪᠠ ᠨᠥᠯᠥᠭᠡᠯᠡᠬᠦ ᠬᠦᠴᠦᠨ ᠢ | ᠳᠡᠭᠡᠭᠰᠢᠯᠡᠭᠦᠯᠪᠡ᠃ ᠪᠥᠬᠦ ᠺᠠᠳ᠋ᠷ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ ᠪᠥᠬᠦ ᠠᠷᠠᠳ ᠤᠨ ᠠᠮᠤᠷ | ᠲᠦᠪᠰᠢᠨ ᠤ ᠡᠳᠦᠷ ᠤᠨ ᠬᠥᠮᠦᠵᠢᠯ ᠤᠨ ᠠᠵᠢᠯᠯᠠᠭ᠎ᠠ ᠶᠢᠨ ᠦᠵᠡᠭᠦᠯᠭᠡ ᠶᠢᠨ ᠰᠠᠮᠪᠠᠷ᠎ᠠ ᠶᠢ ᠲᠣᠭᠤᠷᠢᠨ ᠦᠵᠡᠭᠦᠯᠬᠦ᠂ | ᠪᠥᠬᠦ ᠠᠷᠠᠳ ᠤᠨ ᠠᠮᠤᠷ ᠲᠦᠪᠰᠢᠨ ᠤ ᠬᠥᠮᠦᠵᠢᠯ ᠤᠨ ᠤᠬᠠᠭᠤᠯᠭ᠎ᠠ ᠶᠢᠨ ᠳᠡᠪᠲᠡᠷ ᠢ ᠲᠠᠷᠬᠠᠭᠠᠬᠤ᠂ ᠪᠥᠬᠦ | ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠮᠡᠳᠡᠯᠭᠡ ᠶᠢᠨ ᠤᠷᠤᠯᠳᠤᠭᠠᠨ ᠢ ᠵᠣᠬᠢᠶᠠᠨ ᠪᠠᠶᠢᠭᠤᠯᠬᠤ | ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠮᠡᠳᠡᠯᠭᠡ ᠵᠢᠴᠢ ᠬᠠᠮᠢᠶ᠎ᠠ | ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠣᠶᠢᠯᠠᠭᠠᠬᠤ ᠨᠣᠷᠮ᠎ᠠ ᠪᠠ ᠲᠦᠭᠡᠮᠡᠯᠵᠢᠭᠦᠯᠬᠦ ᠨᠣᠷᠮ᠎ᠠ ᠶᠢ | ᠳᠡᠭᠡᠭᠰᠢᠯᠡᠭᠦᠯᠪᠡ᠃ | ᠭᠤᠷᠪᠠ ᠳᠤ᠂ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠤᠨ | ᠠᠮᠤᠷ ᠲᠦᠪᠰᠢᠨ ᠤ ᠠᠵᠢᠯ ᠤᠨ ᠴᠢᠨᠠᠷ ᠴᠢᠨᠰᠠᠭ᠎ᠠ ᠦᠷ᠎ᠡ ᠠᠰᠢᠭ ᠢ ᠳᠡᠭᠡᠭᠰᠢᠯᠡᠭᠦᠯᠪᠡ᠃ ︽4 ·15︾ ᠤ ᠪᠦᠬᠦ | ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠢᠶᠠᠷ ᠭᠠᠷᠳᠠᠴᠠ ᠪᠣᠯᠭᠠᠵᠤ᠂ ᠤᠯᠤᠰ ᠤᠨ ᠠᠮᠤᠷ | ᠲᠦᠪᠰᠢᠨ ᠤ ᠤᠬᠠᠭᠤᠯᠭ᠎ᠠ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠬᠢᠨᠠᠨ ᠪᠣᠳᠣᠬᠤ ᠠᠵᠢᠯ ᠤᠨ ᠪᠣᠳᠠᠲᠤ | ᠪᠠᠶᠢᠳᠠᠯ ᠲᠠᠢ ᠤᠶᠠᠯᠳᠤᠭᠤᠯᠤᠨ᠂ ᠠᠵᠢᠯ ᠮᠡᠷᠭᠡᠵᠢᠯ ᠤᠨ ᠨᠢᠭᠤᠴᠠ ᠶᠢ ᠬᠠᠮᠠᠭᠠᠯᠠᠬᠤ ᠬᠠᠷᠢᠭᠤᠴᠠᠯᠭ᠎ᠠ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠨᠠᠨ ᠪᠤᠳᠤᠬᠤ ᠠᠵᠢᠯᠲᠠᠨ ᠤ ᠨᠢᠭᠤᠴᠠ ᠶᠢ ᠬᠠᠮᠠᠭᠠᠯᠠᠬᠤ ᠤᠬᠠᠮᠰᠠᠷ ᠢ | ᠳᠡᠭᠡᠭᠰᠢᠯᠡᠭᠦᠯᠦᠨ᠂ ᠰᠦᠯᠵᠢᠶᠡᠨ ᠤ ᠠᠮᠤᠷ ᠲᠦᠪᠰᠢᠨ ᠢ ᠬᠠᠮᠠᠭᠠᠯᠠᠵᠤ᠂ ᠬᠢᠨᠠᠨ ᠪᠤᠳᠤᠬᠤ ᠨᠢᠭᠤᠴᠠ ᠶᠢ ᠬᠠᠮᠠᠭᠠᠯᠠᠬᠤ | ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠤᠨ᠂ ᠤᠯᠤᠰ ᠤᠨ ᠠᠵᠤ ᠠᠬᠤᠢ ᠶᠢᠨ ᠠᠮᠤᠷ ᠲᠦᠪᠰᠢᠨ ᠢ | ᠬᠠᠮᠠᠭᠠᠯᠠᠬᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠴᠢᠩᠭᠠᠷᠠᠭᠤᠯᠵᠤ᠂ ᠤᠯᠤᠰ ᠤᠨ ᠠᠮᠤᠷ | ᠲᠦᠪᠰᠢᠨ ᠢ ᠬᠠᠮᠠᠭᠠᠯᠠᠬᠤ ᠬᠢᠨᠠᠨ ᠪᠤᠳᠤᠬᠤ ᠬᠦᠴᠦᠨ ᠢ ᠬᠤᠷᠠᠮᠳᠤᠭᠤᠯᠤᠨ᠂ ᠤᠯᠤᠰ ᠤᠨ ᠡᠳ᠋ ᠬᠥᠷᠥᠩᠭᠡ ᠶᠢᠨ | ︽ᠡᠭᠦᠳᠡ ᠰᠠᠬᠢᠭᠴᠢ︾ ᠪᠠ ᠠᠵᠤ ᠠᠬᠤᠢ ᠶᠢᠨ ᠠᠮᠤᠷ ᠲᠦᠪᠰᠢᠨ ᠤ ︽ᠬᠠᠮᠠᠭᠠᠯᠠᠭᠴᠢ︾ ᠪᠣᠯᠵᠤ᠂ ᠬᠢᠨᠠᠨ ᠪᠤᠳᠤᠬᠤ | ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ |