ᠶᠡᠷᠦᠩᠬᠡᠢ ᠱᠦᠵᠢ ᠰᠢ ᠶᠢᠨ ᠫᠢᠩ ᠤᠨ ᠪᠤᠭᠤᠲᠤ ᠳᠤ ︽ᠨᠢᠭᠡ ᠶᠢ ᠡᠭᠦᠳᠬᠦ᠂ ᠭᠤᠷᠪᠠ ᠶᠢ ᠪᠡᠶᠡᠯᠡᠭᠦᠯᠬᠦ︾ | ᠲᠤᠬᠠᠢ ᠴᠢᠬᠤᠯᠠ ᠵᠢᠭᠠᠪᠤᠷᠢ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠬᠦ ᠶᠢᠨ | ᠲᠥᠯᠥᠭᠡ᠂ ᠴᠢᠩᠱᠠᠨ ᠲᠣᠭᠤᠷᠢᠭ ︽ᠬᠤᠶᠠᠷ ᠰᠢᠨ᠎ᠡ︾ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠡᠮᠡᠭᠳᠡᠯ ᠤᠨ | ᠤᠬᠠᠮᠰᠠᠷ ᠢᠶᠠᠨ ᠴᠢᠩᠭᠠᠳᠬᠠᠵᠤ᠂ ︽ᠨᠡᠮᠡᠭᠳᠡᠯ ᠤᠨ ᠬᠡᠮᠵᠢᠶ᠎ᠡ ᠶᠢ ᠡᠷᠢᠬᠦ︾᠂ ︽ᠬᠠᠳᠠᠭᠠᠯᠠᠮᠵᠢ ᠶᠢᠨ ᠬᠡᠮᠵᠢᠶ᠎ᠡ ᠶᠢ | ᠠᠭᠤᠳᠠᠯᠵᠤ︾᠂ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠪᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ | ᠴᠢᠷᠮᠠᠶᠢᠨ ᠪᠡᠶᠡᠯᠡᠭᠦᠯᠦᠨ᠎ᠡ᠃ ᠣᠶᠢᠷ᠎ᠠ ᠳᠤ᠂ ᠴᠢᠩᠱᠠᠨ ᠲᠣᠭᠤᠷᠢᠭ ᠤᠨ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠰᠢᠨᠵᠢᠯᠡᠬᠦ ᠤᠬᠠᠭᠠᠨ ᠤ ᠲᠣᠪᠴᠢᠶ᠎ᠠ ᠵᠠᠯᠭᠠᠭ᠎ᠠ ᠪᠠᠷ ᠬᠡᠰᠡᠭ ᠳᠡᠭᠡᠳᠦ ᠬᠢᠵᠠᠭᠠᠷ ᠤᠨ ᠰᠢᠨ᠎ᠡ ᠠᠵᠤ | ᠠᠬᠤᠶᠢᠯᠠᠯ ᠵᠢᠴᠢ ᠳᠡᠭᠡᠳᠦ ᠬᠢᠵᠠᠭᠠᠷ ᠤᠨ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ | ᠣᠯᠠᠨ ᠲᠠᠯ᠎ᠠ ᠶᠢᠨ ᠨᠠᠷᠢᠯᠢᠭ ᠤᠨᠤᠪᠴᠢᠲᠠᠢ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠳᠤ | ᠦᠷ᠎ᠡ ᠪᠦᠲᠦᠮᠵᠢ ᠣᠯᠬᠤ ᠶᠢ ᠠᠬᠢᠭᠤᠯᠪᠠ᠃ | ᠦᠢᠯᠡᠳᠪᠦᠷᠢ ᠳᠤ ᠣᠷᠣᠬᠤ᠂ ᠲᠠᠨᠢᠯᠴᠠᠭᠤᠯᠭ᠎ᠠ ᠶᠢ ᠰᠣᠨᠣᠰᠬᠤ᠂ ᠦᠢᠯᠡᠳᠪᠦᠷᠢᠯᠡᠯ ᠢ ᠦᠵᠡᠬᠦ᠂ ᠬᠦᠴᠢᠷᠳᠡᠯ ᠢ | ᠰᠤᠷᠪᠤᠯᠵᠢᠯᠠᠬᠤ᠂ ᠬᠡᠷᠡᠭᠴᠡᠭᠡ ᠱᠠᠭᠠᠷᠳᠠᠯᠭ᠎ᠠ ᠶᠢ ᠠᠰᠠᠭᠤᠬᠤ᠂ ᠰᠡᠳᠬᠢᠴᠡ ᠶᠢ ᠶᠠᠷᠢᠯᠴᠠᠬᠤ ᠪᠠᠷ ᠳᠠᠮᠵᠢᠭᠤᠯᠤᠨ᠂ | ᠬᠠᠷᠢᠭᠤᠴᠠᠯᠭᠠᠲᠠᠨ ᠲᠠᠢ ᠨᠢᠭᠤᠷᠳᠠᠨ ᠰᠠᠨᠠᠯ ᠢᠶᠠᠨ ᠰᠣᠯᠢᠯᠴᠠᠬᠤ ᠪᠠᠷ ᠳᠠᠮᠵᠢᠨ ᠠᠰᠠᠭᠤᠳᠠᠯ ᠢ ᠰᠢᠢᠳᠪᠦᠷᠢᠯᠡᠬᠦ ᠶᠢᠨ | ᠬᠠᠮᠲᠤ ᠬᠠᠷᠠᠭᠠᠯᠵᠠᠯᠲᠤ ᠨᠥᠬᠦᠪᠦᠷᠢ ᠶᠢᠨ ᠲᠦᠷᠦ ᠶᠢᠨ ᠪᠣᠳᠣᠯᠭ᠎ᠠ ᠶᠢ ᠡᠮᠬᠢᠯᠡᠨ ᠲᠢᠭᠯᠡᠵᠦ᠂ ᠤᠯᠠᠨ ᠲᠠᠯ᠎ᠠ ᠠᠴᠠ | ᠤᠬᠠᠭᠤᠯᠤᠨ ᠲᠠᠶᠢᠯᠪᠤᠷᠢᠯᠠᠵᠤ᠂ ︽ᠴᠡᠭ ᠠᠴᠠ ᠴᠡᠭ ᠲᠤ ᠲᠠᠭᠠᠷᠠᠭᠤᠯᠬᠤ︾ ᠦᠢᠯᠡᠴᠢᠯᠡᠭᠡᠨ ᠤ ᠵᠢᠯᠣᠭᠤᠳᠤᠯᠭ᠎ᠠ | ᠬᠠᠩᠭᠠᠵᠤ᠂ ︽ᠳᠣᠲᠣᠨᠣ ᠪᠠᠷ ᠵᠥᠪᠳᠡᠯᠴᠡᠵᠦ ᠬᠠᠮᠲᠤ ᠪᠠᠷ ᠠᠰᠢᠭ ᠬᠦᠷᠳᠡᠬᠦ︾ ᠦᠢᠯᠡᠴᠢᠯᠡᠭᠡᠨ ᠤ ᠨᠡᠷᠡᠳᠤ ᠲᠡᠮᠳᠡᠭ ᠢ | ᠢᠯᠡ ᠪᠣᠯᠭᠠᠨ᠂ ᠠᠵᠤ ᠠᠬᠤᠶᠢᠯᠠᠯ ᠤᠨ ᠬᠥᠭᠵᠢᠯᠲᠡ ᠶᠢᠨ ᠢᠲᠡᠭᠡᠯ ᠢ ᠳᠡᠭᠡᠭᠰᠢᠯᠡᠭᠦᠯᠵᠦ᠂ ᠡᠵᠡᠩᠨᠡᠯᠲᠡ ᠶᠢᠨ ᠣᠷᠴᠢᠨ | ᠨᠥᠬᠦᠴᠡᠯ ᠢ ᠰᠢᠯᠢᠳᠡᠭᠵᠢᠭᠦᠯᠪᠡ᠃ | ᠲᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠬᠢᠨ ︽ᠡᠳᠦᠷ ᠤᠨ ᠬᠢᠨᠠᠨ ᠬᠡᠮᠵᠢᠯᠲᠡ᠂ | ᠭᠠᠷᠠᠭ ᠤᠨ ᠲᠣᠬᠢᠷᠠᠭᠤᠯᠤᠯᠲᠠ᠂ ᠰᠠᠷ᠎ᠠ ᠶᠢᠨ ᠳ᠋ᠦᠩᠨᠡᠯᠲᠡ︾ ᠶᠢᠨ ᠠᠵᠢᠯ ᠤᠨ ᠲᠣᠭᠲᠠᠴᠠ ᠶᠢ ᠦᠷᠭᠦᠯᠵᠢᠯᠡᠨ | ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠭᠤᠣᠯ ᠪᠣᠯᠬᠤ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ | ᠬᠥᠳᠡᠯᠦᠩᠭᠦᠢ ᠪᠠᠷ ᠡᠵᠡᠮᠰᠢᠵᠦ᠂ ᠠᠵᠤ ᠠᠬᠤᠶᠢᠯᠠᠯ ᠤᠨ ᠴᠠᠭ ᠲᠤᠬᠠᠢ ᠳᠤᠨᠢ ᠳᠦᠷᠢᠮ ᠲᠣᠭᠲᠠᠭᠠᠯ ᠢ | ᠳᠡᠭᠡᠭᠰᠢᠯᠡᠭᠦᠯᠦᠨ ᠨᠢᠭᠡᠳᠦᠯᠲᠡᠢ ᠪᠣᠯᠭᠠᠬᠤ ᠶᠢ ᠲᠦᠯᠬᠢᠨ ᠠᠬᠢᠭᠤᠯᠤᠨ᠎ᠠ᠃ |