ᠴᠢᠩᠱᠠᠨ ᠲᠤᠭᠤᠷᠢᠭ ᠤᠨ ᠰᠣᠶᠣᠯ ᠤᠨ ᠣᠷᠳᠣᠨ ︽ᠲᠠᠭᠤᠨ ᠢᠶᠠᠷ ᠤᠳᠬ᠎ᠠ ᠵᠣᠬᠢᠶᠠᠯ ᠤᠨ ᠭᠤᠸ᠎ᠠ ᠰᠠᠶᠢᠬᠠᠨ ᠢ ᠳᠠᠮᠵᠢᠭᠤᠯᠬᠤ︾ ᠰᠢᠯᠦᠭ ᠤᠨ ᠤᠷᠠᠨ ᠤᠩᠰᠢᠯᠭ᠎ᠠ ᠶᠢᠨ ᠴᠤᠭᠯᠠᠭᠠᠨ ᠢ ᠡᠷᠭᠢᠯᠡᠪᠡ
ᠨᠡᠶᠢᠲᠡᠯᠡᠭᠰᠡᠨ ᠴᠠᠭ᠄
2023/4/21
      ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ ᠳᠡᠯᠭᠡᠷᠡᠭᠦᠯᠵᠦ᠂ ᠦᠨᠳᠦᠰᠦᠲᠡᠨ ᠤ ᠤᠯᠠᠮᠵᠢᠯᠠᠯ ᠢ ᠵᠠᠯᠭᠠᠮᠵᠢᠯᠠᠵᠤ᠂ ᠰᠣᠶᠣᠯ ᠤᠨ ᠢᠲᠡᠭᠡᠯ ᠢᠶᠠᠨ ᠪᠠᠲᠤᠳᠬᠠᠨ᠂ ᠵᠠᠯᠠᠭᠤᠴᠤᠳ ᠪᠠᠭᠠᠴᠤᠳ ᠤᠨ ᠤᠳᠬ᠎ᠠ ᠵᠣᠬᠢᠶᠠᠯ ᠤᠨ ᠬᠡᠪ ᠪᠣᠯᠪᠠᠰᠤᠷᠠᠯ ᠪᠠ ᠦᠭᠡ ᠬᠡᠯᠡᠨ ᠤ ᠢᠯᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠦᠯᠦᠭᠡ᠂ ᠣᠶᠢᠷ᠎ᠠ ᠳᠤ᠂ ᠴᠢᠩᠱᠠᠨ ᠲᠣᠭᠤᠷᠢᠭ ᠤᠨ ᠰᠣᠶᠣᠯ ᠤᠨ ᠣᠷᠳᠣᠨ ᠪᠠ ᠵᠢᠩ ᠫᠢᠩ ᠨᠡᠪᠲᠡᠷᠡᠭᠦᠯᠭᠡ ᠠᠵᠢᠯ ᠤᠨ ᠲᠠᠰᠤᠭ ︽ᠪᠢ ᠪᠢᠴᠢᠭ ᠦᠵᠡᠵᠦ᠂ ᠪᠢ ᠪᠠᠶᠠᠷ ᠬᠥᠷ ᠲᠠᠢ ᠪᠠᠶᠢᠬᠤ︾ ᠵᠢᠴᠢ ︽ᠲᠠᠭᠤᠨ ᠢᠶᠠᠷ ᠤᠳᠬ᠎ᠠ ᠵᠣᠬᠢᠶᠠᠯ ᠤᠨ ᠭᠤᠸ᠎ᠠ ᠰᠠᠶᠢᠬᠠᠨ ᠎ ᠢ ᠳᠠᠮᠵᠢᠭᠤᠯᠬᠤ︾ ᠵᠠᠯᠠᠭᠤᠴᠤᠳ ᠪᠠᠭᠠᠴᠤᠳ ᠤᠨ ᠰᠢᠯᠦᠭ ᠤᠶᠠᠩᠭᠠᠯᠠᠨ ᠤᠩᠰᠢᠬᠤ ᠪᠠ ᠰᠣᠨᠢᠷᠬᠠᠬᠤ ᠴᠤᠭᠯᠠᠭᠠᠨ ᠢ ᠡᠷᠭᠢᠯᠡᠪᠡ᠃      ᠤᠷᠠᠨ ᠤᠩᠰᠢᠯᠭ᠎ᠠ ᠶᠢᠨ ᠴᠤᠭᠯᠠᠭᠠᠨ ᠨᠢ ᠰᠦᠷ ᠵᠢᠪᠬᠤᠭ᠎ᠠ ᠲᠠᠢ᠂ ᠬᠠᠶᠢᠷ᠎ᠠ ᠰᠡᠳᠬᠢᠯᠭᠡ ᠪᠢᠯᠬᠠᠭᠰᠠᠨ ︽ᠴᠢᠨ ᠶᠤᠸᠠᠨ ᠴᠦᠨ · ᠴᠠᠰᠤ︾ ᠭᠡᠬᠦ ᠰᠢᠯᠦᠭ ᠠᠴᠠ ᠡᠬᠢᠯᠡᠪᠡ᠃ ︽ᠫᠢᠫᠠ ᠎ ᠶᠢᠨ ᠠᠶᠠᠯᠠᠯ︾ ︽ᠲᠧᠩ ᠸᠠᠩ ᠭᠧ ᠲᠠᠭᠲᠤ ᠎ ᠶᠢᠨ ᠣᠷᠣᠰᠢᠯ︾ ︽ᠺᠠᠩ ᠴᠢᠶᠣᠤ ᠬᠥᠭᠦᠷᠭᠡ ᠠᠴᠠ ᠳᠠᠬᠢᠨ ᠠᠶᠠᠷᠯᠠᠭᠰᠠᠨ ᠨᠢ︾ ︽ᠶᠤᠸᠠᠢ ᠶᠠᠩ ᠯᠧᠦ ᠠᠰᠠᠷ ᠤᠨ ᠲᠡᠮᠳᠡᠭᠯᠡᠯ︾ ︽ᠮᠠᠨ ᠵᠢᠶᠠᠩ ᠬᠤᠩ ᠬᠢᠯᠢᠩ ᠤᠨ ᠣᠴᠢ ᠪᠠᠳᠠᠷᠠᠭᠰᠠᠨ ᠨᠢ︾ ᠵᠡᠷᠭᠡ ᠰᠣᠩᠭᠤᠳᠠᠭ ᠪᠦᠲᠦᠭᠡᠯ ᠨᠢ ᠬᠥᠮᠥᠰ ᠤᠨ ᠪᠠᠭ᠋ᠠᠷᠬᠠᠯ ᠎ ᠢ ᠲᠠᠲᠠᠭᠰᠠᠨ ᠪᠠᠶᠢᠨ᠎ᠠ᠃ ᠲᠤᠬᠠᠢ ᠶᠢᠨ ᠡᠳᠦᠷ ᠤᠨ ᠤᠷᠠᠨ ᠤᠩᠰᠢᠯᠭ᠎ᠠ ᠎ ᠶᠢᠨ ᠪᠦᠲᠦᠭᠡᠯ ᠨᠢ ᠨᠠᠮ ᠢᠶᠠᠨ ᠮᠠᠭᠲᠠᠨ ᠳᠠᠭᠤᠯᠠᠬᠤ᠂ ᠡᠬᠡ ᠣᠷᠣᠨ ᠢᠶᠠᠨ ᠮᠠᠭᠲᠠᠨ ᠳᠠᠭᠤᠯᠠᠬᠤ᠂ ᠨᠤᠲᠤᠭ ᠤᠰᠤ ᠪᠠᠨ ᠬᠠᠶᠢᠷᠠᠯᠠᠬᠤ᠂ ᠵᠠᠯᠠᠭᠤᠴᠤᠳ ᠪᠠᠭᠠᠴᠤᠳ ᠎ ᠢ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ᠂ ᠴᠠᠭ ᠮᠥᠴᠡ ᠎ ᠶᠢ ᠨᠠᠨᠳᠢᠩᠨᠠᠨ ᠡᠷᠡᠯᠬᠡᠭᠯᠡᠨ ᠤᠷᠤᠭᠰᠢᠯᠠᠬᠤ ᠎ ᠶᠢ ᠢᠳᠬᠠᠬᠤ ᠵᠣᠷᠢᠭ ᠰᠠᠨᠠᠭ᠎ᠠ ᠪᠠᠷ ᠭᠤᠣᠯ ᠪᠣᠯᠭᠠᠵᠤ᠂ ᠬᠥᠮᠥᠰ ᠲᠤ ᠰᠢᠯᠦᠭ ᠳᠠᠭᠤᠯᠠᠯ ᠤᠨ ᠠᠶᠢᠵᠠᠮ ᠴᠣᠬᠢᠯᠭ᠎ᠠ ᠎ ᠶᠢᠨ ᠭᠤᠸ᠎ᠠ ᠰᠠᠶᠢᠬᠠᠨ ᠎ ᠢ ᠡᠳ᠋ᠯᠡᠭᠦᠯᠬᠦ ᠎ ᠶᠢᠨ ᠬᠠᠮᠲᠤ ᠪᠠᠰᠠ ᠭᠦᠨ ᠵᠤᠵᠠᠭᠠᠨ ᠲᠡᠦᠬᠡ ᠶᠢᠨ ᠰᠣᠶᠣᠯ ᠎ ᠢ ᠠᠮᠲᠠᠯᠠᠭᠤᠯᠵᠠᠢ᠃      ᠲᠤᠰ ᠤᠳᠠᠭᠠᠨ ᠤ ᠠᠵᠢᠯᠯᠠᠭ᠎ᠠ ᠨᠢ ᠳᠤᠮᠳᠠᠳᠤ ᠎ ᠶᠢᠨ ᠰᠣᠶᠣᠯ ᠤᠨ ᠰᠣᠩᠭᠤᠳᠠᠭ ᠪᠦᠲᠦᠭᠡᠯ ᠤᠨ ᠥᠪᠡᠷᠮᠢᠴᠡ ᠨᠥᠯᠥᠭᠡᠯᠡᠬᠦ ᠬᠦᠴᠦᠨ᠂ ᠳᠣᠩᠰᠣᠯᠭᠠᠬᠤ ᠬᠦᠴᠦᠨ ᠎ ᠢ ᠠᠰᠢᠭᠯᠠᠨ᠂ ᠣᠶᠤᠨ ᠰᠠᠨᠠᠭᠠᠨ ᠤ ᠬᠦᠨᠡᠰᠦᠨ ᠤ ᠰᠢᠯᠦᠭ ᠳᠠᠭᠤᠯᠠᠯ ᠎ ᠢ ᠣᠯᠠᠨ ᠲᠦᠮᠡᠨ ᠳᠤ ᠤᠯᠠᠮᠵᠢᠯᠠᠵᠤ᠂ ᠴᠢᠩᠱᠠᠨ ᠲᠣᠭᠤᠷᠢᠭ ᠤᠨ ᠰᠣᠶᠣᠯ ᠤᠨ ᠠᠭᠤᠷ ᠠᠮᠢᠰᠬᠤᠯ ᠢ ᠤᠯᠠᠮ ᠥᠳᠬᠡᠨ ᠪᠣᠯᠭᠠᠵᠤ᠂ ᠬᠥᠮᠥᠨ ᠰᠣᠶᠣᠯ ᠤᠨ ᠬᠠᠶᠢᠷ᠎ᠠ ᠰᠡᠳᠬᠢᠯᠭᠡ ᠎ ᠶᠢ ᠴᠦ ᠤᠯᠠᠮ ᠭᠦᠨ ᠭᠦᠨᠵᠡᠭᠡᠢ ᠪᠣᠯᠭᠠᠵᠠᠢ᠃ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ᠂ ᠴᠢᠩᠱᠠᠨ ᠲᠣᠭᠤᠷᠢᠭ ᠤᠨ ᠰᠣᠶᠣᠯ ᠤᠨ ᠣᠷᠳᠣᠨ ᠲᠤᠰ ᠤᠳᠠᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ ᠴᠢᠩᠱᠠᠨ ᠤ ᠢᠳᠡᠪᠬᠢ ᠬᠦᠴᠦᠨ ᠢ ᠴᠤᠤᠷᠢᠶᠠᠲᠤᠭᠤᠯᠵᠤ᠂ ᠤᠯᠠᠨ ᠲᠦᠮᠡᠨ ᠤ ᠰᠣᠶᠣᠯ ᠤᠨ ᠠᠵᠢᠯᠯᠠᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号