ᠤᠮᠠᠷᠠᠲᠤ ᠶᠢᠨ ᠬᠦᠨᠳᠦ ᠠᠵᠤ ᠦᠢᠯᠡᠳᠪᠦᠷᠢ ᠶᠢᠨ ᠪᠦᠯᠦᠭᠯᠡᠯ ᠪᠠ ᠵᠢᠶᠠᠩᠰᠤ ᠮᠤᠵᠢ ᠶᠢᠨ ᠬᠢᠨ ︽ᠲᠦᠷᠪᠡᠨ ᠶᠡᠭᠡ ᠳᠠᠮᠵᠢᠭᠤᠯᠬᠤ ᠬᠤᠭᠤᠯᠠᠢ︾᠎ ᠶᠢᠨ ᠵᠠᠬᠢᠶᠠᠯᠠᠭ᠎ᠠ ᠶᠢ ᠲᠤᠭᠲᠠᠭᠠᠪᠠ
ᠨᠡᠶᠢᠲᠡᠯᠡᠭᠰᠡᠨ ᠴᠠᠭ᠄
2023/4/21
      ᠣᠶᠢᠷ᠎ᠠ ᠳᠤ᠂ ᠤᠮᠠᠷᠠᠲᠤ ᠶᠢᠨ ᠬᠦᠨᠳᠦ ᠠᠵᠤ ᠦᠢᠯᠡᠳᠪᠦᠷᠢ ᠶᠢᠨ ᠪᠦᠯᠦᠭᠯᠡᠯ ᠺᠣᠮᠫᠠᠨᠢ ︽ᠵᠢᠶᠠᠩᠰᠤ ᠮᠤᠵᠢ ᠶᠢᠨ ᠡᠨᠧᠷᠭᠢ ᠶᠢᠨ ᠪᠡᠯᠡ ᠣᠷᠤᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠤᠯᠠᠭᠠᠢ ᠶᠢᠨ 2x1000MW ᠲᠥᠷᠥᠯ ᠵᠦᠢᠯ︾ ᠭᠡᠬᠦ ᠳᠥᠷᠪᠡᠨ ᠲᠣᠮᠣ ᠳᠠᠮᠵᠢᠭᠤᠯᠬᠤ ᠬᠤᠭᠤᠯᠠᠢ ᠶᠢᠨ ᠭᠡᠷ᠎ᠡ ᠶᠢᠨ ᠳᠠᠭᠠᠭᠠᠴᠢᠯᠠᠯᠲᠠ ᠶᠢ ᠠᠮᠵᠢᠯᠲᠠᠲᠠᠢ ᠣᠯᠵᠤ᠂ ᠭᠡᠷ᠎ᠡ ᠶᠢᠨ ᠵᠣᠭᠤᠰ ᠤᠨ ᠲᠤᠭ᠎ᠠ ᠨᠢ 4000 ᠲᠦᠮᠡᠨ ᠲᠥᠭᠦᠷᠢᠭ ᠰᠢᠬᠠᠮ ᠳᠤ ᠬᠦᠷᠴᠡᠢ᠃      ᠲᠤᠰ ᠲᠦᠷᠦᠯ ᠵᠦᠢᠯ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠤᠯᠠᠭᠠᠢ ᠬᠠᠮᠢᠶᠠᠷᠤᠯᠲᠠ ᠶᠢᠨ ᠣᠷᠣᠨ ᠤ ᠬᠡᠰᠢᠭ ᠠᠭᠤᠯᠠ ᠮᠠᠯᠵᠢᠯ ᠤᠨ ᠲᠠᠯᠠᠪᠠᠢ ᠶᠢᠨ ᠬᠢᠯᠢ ᠳᠤ ᠪᠠᠶᠢᠷᠢᠯᠠᠵᠤ᠂ ᠵᠢᠶᠠᠩᠰᠤ᠂ ᠥᠪᠥᠷ ᠮᠣᠩᠭᠤᠯ ᠬᠤᠶᠠᠷ ᠮᠤᠵᠢ ᠣᠷᠣᠨ ᠤ ᠠᠩᠬᠠᠳᠠᠭᠴᠢ ᠴᠢᠬᠤᠯᠠ ᠶᠡᠭᠡ ᠡᠨᠧᠷᠭᠢ ᠶᠢᠨ ᠲᠦᠷᠦᠯ ᠤᠨ ᠬᠠᠮᠲᠤᠷᠠᠯᠴᠠᠭᠠᠨ ᠤ ᠲᠦᠷᠦᠯ ᠵᠦᠢᠯ ᠪᠣᠯᠣᠨ᠎ᠠ᠃      ᠲᠤᠰ ᠤᠳᠠᠭ᠎ᠠ ᠠᠮᠵᠢᠯᠲᠠ ᠲᠠᠢ ᠪᠠᠷ ᠳᠠᠭᠠᠭᠠᠴᠢᠯᠠᠯᠲᠠ ᠣᠯᠣᠭᠰᠠᠨ ᠨᠢ ᠤᠮᠠᠷᠠᠲᠤ ᠶᠢᠨ ᠬᠦᠨᠳᠦ ᠠᠵᠤ ᠦᠢᠯᠡᠳᠪᠦᠷᠢ ᠶᠢᠨ ᠪᠦᠯᠦᠭᠯᠡᠯ ᠤᠨ ᠢᠯᠴᠢ ᠶᠢᠨ ᠴᠠᠬᠢᠯᠭᠠᠨ᠂ ᠴᠥᠮ᠎ᠡ ᠶᠢᠨ ᠴᠠᠬᠢᠯᠭᠠᠨ᠂ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠵᠡᠷᠭᠡ ᠠᠵᠢᠯ ᠲᠦᠷᠦᠯ ᠤᠨ ᠥᠨᠳᠥᠷ ᠳᠤᠯᠠᠭᠠᠨ ᠳᠤ ᠲᠡᠰᠪᠦᠷᠢᠲᠡᠢ ᠳᠠᠷᠤᠯᠲᠠ ᠳᠠᠭᠠᠭᠠᠬᠤ ᠬᠤᠭᠤᠯᠠᠢ ᠶᠢᠨ ᠮᠠᠲ᠋ᠧᠷᠢᠶᠠᠯ ᠤᠨ ᠬᠦᠷᠢᠶᠡᠨ ᠳᠠᠬᠢ ᠵᠠᠬ᠎ᠠ ᠳᠡᠯᠭᠡᠭᠦᠷ ᠤᠨ ᠪᠠᠶᠢᠷᠢ ᠰᠠᠭᠤᠷᠢ ᠶᠢ ᠳᠠᠬᠢᠨᠲᠠ ᠪᠠᠬᠢᠵᠢᠭᠦᠯᠵᠦ᠂ ︽ᠤᠮᠠᠷᠠᠲᠤ ᠶᠢᠨ ᠬᠦᠨᠳᠦ ᠠᠵᠤ ᠦᠢᠯᠡᠳᠪᠦᠷᠢ︾᠎ ᠶᠢᠨ ᠲᠦᠷᠦᠯ ᠲᠡᠮᠳᠡᠭ ᠢ ᠤᠯᠤᠰ ᠤᠨ ᠳᠣᠲᠣᠭᠠᠳᠤ ᠶᠢᠨ ᠡᠯ᠎ᠡ ᠲᠣᠮᠣ ᠴᠠᠬᠢᠯᠭᠠᠨ ᠬᠦᠴᠦᠨ ᠤ ᠪᠦᠯᠦᠭᠯᠡᠯ ᠳᠤ ᠪᠦᠷᠬᠦᠭᠦᠯᠬᠦ ᠶᠢ ᠵᠢᠩᠬᠢᠨᠢ ᠪᠠᠷ ᠪᠡᠶᠡᠯᠡᠭᠦᠯᠦᠭᠰᠡᠨ ᠢ ᠬᠠᠷᠠᠭᠤᠯᠵᠤ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号