ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ ᠳᠡᠯᠭᠡᠷᠡᠭᠦᠯᠵᠦ᠂ ᠦᠨᠳᠦᠰᠦᠲᠡᠨ ᠤ | ᠤᠯᠠᠮᠵᠢᠯᠠᠯ ᠢ ᠵᠠᠯᠭᠠᠮᠵᠢᠯᠠᠵᠤ᠂ ᠰᠣᠶᠣᠯ ᠤᠨ ᠢᠲᠡᠭᠡᠯ ᠢᠶᠠᠨ ᠪᠠᠲᠤᠳᠬᠠᠨ᠂ ᠵᠠᠯᠠᠭᠤᠴᠤᠳ ᠪᠠᠭᠠᠴᠤᠳ ᠤᠨ ᠤᠳᠬ᠎ᠠ | ᠵᠣᠬᠢᠶᠠᠯ ᠤᠨ ᠬᠡᠪ ᠪᠣᠯᠪᠠᠰᠤᠷᠠᠯ ᠪᠠ ᠦᠭᠡ ᠬᠡᠯᠡᠨ ᠤ ᠢᠯᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠦᠯᠦᠭᠡ᠂ | ᠣᠶᠢᠷ᠎ᠠ ᠳᠤ᠂ ᠴᠢᠩᠱᠠᠨ ᠲᠣᠭᠤᠷᠢᠭ ᠤᠨ ᠰᠣᠶᠣᠯ ᠤᠨ ᠣᠷᠳᠣᠨ ᠪᠠ ᠵᠢᠩ ᠫᠢᠩ ᠨᠡᠪᠲᠡᠷᠡᠭᠦᠯᠭᠡ ᠠᠵᠢᠯ ᠤᠨ ᠲᠠᠰᠤᠭ | ︽ᠪᠢ ᠪᠢᠴᠢᠭ ᠦᠵᠡᠵᠦ᠂ ᠪᠢ ᠪᠠᠶᠠᠷ ᠬᠥᠷ ᠲᠠᠢ ᠪᠠᠶᠢᠬᠤ︾ ᠵᠢᠴᠢ ︽ᠲᠠᠭᠤᠨ ᠢᠶᠠᠷ ᠤᠳᠬ᠎ᠠ ᠵᠣᠬᠢᠶᠠᠯ ᠤᠨ ᠭᠤᠸ᠎ᠠ | ᠰᠠᠶᠢᠬᠠᠨ ᠢ ᠳᠠᠮᠵᠢᠭᠤᠯᠬᠤ︾ ᠵᠠᠯᠠᠭᠤᠴᠤᠳ ᠪᠠᠭᠠᠴᠤᠳ ᠤᠨ ᠰᠢᠯᠦᠭ ᠤᠶᠠᠩᠭᠠᠯᠠᠨ ᠤᠩᠰᠢᠬᠤ ᠪᠠ ᠰᠣᠨᠢᠷᠬᠠᠬᠤ | ᠴᠤᠭᠯᠠᠭᠠᠨ ᠢ ᠡᠷᠭᠢᠯᠡᠪᠡ᠃ | ᠤᠷᠠᠨ ᠤᠩᠰᠢᠯᠭ᠎ᠠ ᠶᠢᠨ ᠴᠤᠭᠯᠠᠭᠠᠨ ᠨᠢ ᠰᠦᠷ ᠵᠢᠪᠬᠤᠭ᠎ᠠ ᠲᠠᠢ᠂ ᠬᠠᠶᠢᠷ᠎ᠠ ᠰᠡᠳᠬᠢᠯᠭᠡ ᠪᠢᠯᠬᠠᠭᠰᠠᠨ ︽ᠴᠢᠨ | ᠶᠤᠸᠠᠨ ᠴᠦᠨ · ᠴᠠᠰᠤ︾ ᠭᠡᠬᠦ ᠰᠢᠯᠦᠭ ᠠᠴᠠ ᠡᠬᠢᠯᠡᠪᠡ᠃ ︽ᠫᠢᠫᠠ ᠶᠢᠨ ᠠᠶᠠᠯᠠᠯ︾ ︽ᠲᠧᠩ ᠸᠠᠩ ᠭᠧ ᠲᠠᠭᠲᠤ ᠶᠢᠨ | ᠣᠷᠣᠰᠢᠯ︾ ︽ᠺᠠᠩ ᠴᠢᠶᠣᠤ ᠬᠥᠭᠦᠷᠭᠡ ᠠᠴᠠ ᠳᠠᠬᠢᠨ ᠠᠶᠠᠷᠯᠠᠭᠰᠠᠨ ᠨᠢ︾ ︽ᠶᠤᠸᠠᠢ ᠶᠠᠩ ᠯᠧᠦ ᠠᠰᠠᠷ ᠤᠨ ᠲᠡᠮᠳᠡᠭᠯᠡᠯ︾ | ︽ᠮᠠᠨ ᠵᠢᠶᠠᠩ ᠬᠤᠩ ᠬᠢᠯᠢᠩ ᠤᠨ ᠣᠴᠢ ᠪᠠᠳᠠᠷᠠᠭᠰᠠᠨ ᠨᠢ︾ ᠵᠡᠷᠭᠡ ᠰᠣᠩᠭᠤᠳᠠᠭ ᠪᠦᠲᠦᠭᠡᠯ ᠨᠢ ᠬᠥᠮᠥᠰ ᠤᠨ | ᠪᠠᠭ᠋ᠠᠷᠬᠠᠯ ᠢ ᠲᠠᠲᠠᠭᠰᠠᠨ ᠪᠠᠶᠢᠨ᠎ᠠ᠃ ᠲᠤᠬᠠᠢ ᠶᠢᠨ ᠡᠳᠦᠷ ᠤᠨ ᠤᠷᠠᠨ ᠤᠩᠰᠢᠯᠭ᠎ᠠ ᠶᠢᠨ ᠪᠦᠲᠦᠭᠡᠯ ᠨᠢ ᠨᠠᠮ ᠢᠶᠠᠨ | ᠮᠠᠭᠲᠠᠨ ᠳᠠᠭᠤᠯᠠᠬᠤ᠂ ᠡᠬᠡ ᠣᠷᠣᠨ ᠢᠶᠠᠨ ᠮᠠᠭᠲᠠᠨ ᠳᠠᠭᠤᠯᠠᠬᠤ᠂ ᠨᠤᠲᠤᠭ ᠤᠰᠤ ᠪᠠᠨ ᠬᠠᠶᠢᠷᠠᠯᠠᠬᠤ᠂ ᠵᠠᠯᠠᠭᠤᠴᠤᠳ | ᠪᠠᠭᠠᠴᠤᠳ ᠢ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ᠂ ᠴᠠᠭ ᠮᠥᠴᠡ ᠶᠢ ᠨᠠᠨᠳᠢᠩᠨᠠᠨ ᠡᠷᠡᠯᠬᠡᠭᠯᠡᠨ | ᠤᠷᠤᠭᠰᠢᠯᠠᠬᠤ ᠶᠢ ᠢᠳᠬᠠᠬᠤ ᠵᠣᠷᠢᠭ ᠰᠠᠨᠠᠭ᠎ᠠ ᠪᠠᠷ ᠭᠤᠣᠯ ᠪᠣᠯᠭᠠᠵᠤ᠂ ᠬᠥᠮᠥᠰ ᠲᠤ ᠰᠢᠯᠦᠭ ᠳᠠᠭᠤᠯᠠᠯ ᠤᠨ | ᠠᠶᠢᠵᠠᠮ ᠴᠣᠬᠢᠯᠭ᠎ᠠ ᠶᠢᠨ ᠭᠤᠸ᠎ᠠ ᠰᠠᠶᠢᠬᠠᠨ ᠢ ᠡᠳ᠋ᠯᠡᠭᠦᠯᠬᠦ ᠶᠢᠨ ᠬᠠᠮᠲᠤ ᠪᠠᠰᠠ ᠭᠦᠨ ᠵᠤᠵᠠᠭᠠᠨ ᠲᠡᠦᠬᠡ ᠶᠢᠨ | ᠰᠣᠶᠣᠯ ᠢ ᠠᠮᠲᠠᠯᠠᠭᠤᠯᠵᠠᠢ᠃ | ᠲᠤᠰ ᠤᠳᠠᠭᠠᠨ ᠤ ᠠᠵᠢᠯᠯᠠᠭ᠎ᠠ ᠨᠢ ᠳᠤᠮᠳᠠᠳᠤ ᠶᠢᠨ ᠰᠣᠶᠣᠯ ᠤᠨ ᠰᠣᠩᠭᠤᠳᠠᠭ ᠪᠦᠲᠦᠭᠡᠯ ᠤᠨ ᠥᠪᠡᠷᠮᠢᠴᠡ | ᠨᠥᠯᠥᠭᠡᠯᠡᠬᠦ ᠬᠦᠴᠦᠨ᠂ ᠳᠣᠩᠰᠣᠯᠭᠠᠬᠤ ᠬᠦᠴᠦᠨ ᠢ ᠠᠰᠢᠭᠯᠠᠨ᠂ ᠣᠶᠤᠨ ᠰᠠᠨᠠᠭᠠᠨ ᠤ ᠬᠦᠨᠡᠰᠦᠨ ᠤ ᠰᠢᠯᠦᠭ | ᠳᠠᠭᠤᠯᠠᠯ ᠢ ᠣᠯᠠᠨ ᠲᠦᠮᠡᠨ ᠳᠤ ᠤᠯᠠᠮᠵᠢᠯᠠᠵᠤ᠂ ᠴᠢᠩᠱᠠᠨ ᠲᠣᠭᠤᠷᠢᠭ ᠤᠨ ᠰᠣᠶᠣᠯ ᠤᠨ ᠠᠭᠤᠷ ᠠᠮᠢᠰᠬᠤᠯ ᠢ | ᠤᠯᠠᠮ ᠥᠳᠬᠡᠨ ᠪᠣᠯᠭᠠᠵᠤ᠂ ᠬᠥᠮᠥᠨ ᠰᠣᠶᠣᠯ ᠤᠨ ᠬᠠᠶᠢᠷ᠎ᠠ ᠰᠡᠳᠬᠢᠯᠭᠡ ᠶᠢ ᠴᠦ ᠤᠯᠠᠮ ᠭᠦᠨ ᠭᠦᠨᠵᠡᠭᠡᠢ | ᠪᠣᠯᠭᠠᠵᠠᠢ᠃ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ᠂ ᠴᠢᠩᠱᠠᠨ ᠲᠣᠭᠤᠷᠢᠭ ᠤᠨ ᠰᠣᠶᠣᠯ ᠤᠨ ᠣᠷᠳᠣᠨ ᠲᠤᠰ | ᠤᠳᠠᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ ᠴᠢᠩᠱᠠᠨ ᠤ ᠢᠳᠡᠪᠬᠢ ᠬᠦᠴᠦᠨ ᠢ ᠴᠤᠤᠷᠢᠶᠠᠲᠤᠭᠤᠯᠵᠤ᠂ ᠤᠯᠠᠨ | ᠲᠦᠮᠡᠨ ᠤ ᠰᠣᠶᠣᠯ ᠤᠨ ᠠᠵᠢᠯᠯᠠᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ᠃ |