ᠨᠢᠭᠡᠳᠦᠭᠡᠷ ᠤᠯᠠᠷᠢᠯ ᠳᠤ ᠴᠢᠩᠱᠠᠨ ᠲᠣᠭᠤᠷᠢᠭ ᠤᠨ ᠬᠤᠨᠤᠭ ᠢᠳᠡᠭᠡᠨ ᠤᠮᠳᠠᠭᠠᠨ ᠤ ᠦᠢᠯᠡᠰ ᠰᠠᠶᠢᠨ ᠡᠬᠢᠯᠡᠯᠲᠡ ᠲᠠᠢ ᠪᠣᠯᠪᠠ
ᠨᠡᠶᠢᠲᠡᠯᠡᠭᠰᠡᠨ ᠴᠠᠭ᠄
2023/4/23
      ᠨᠢᠭᠡᠳᠦᠭᠡᠷ ᠤᠯᠠᠷᠢᠯ ᠳᠤ᠂ ᠬᠢᠵᠢᠭ ᠤᠨ ᠪᠠᠶᠢᠳᠠᠯ ᠤᠨ ᠨᠥᠯᠥᠭᠡ ᠤᠯᠠᠮ ᠢᠶᠠᠷ ᠠᠷᠢᠯᠬᠤ ᠶᠢ ᠳᠠᠭᠠᠯᠳᠤᠨ᠂ ᠬᠡᠷᠡᠭᠯᠡᠭᠡᠨ ᠤ ᠪᠠᠶᠢᠳᠠᠯ ᠨᠡᠮᠡᠭᠳᠡᠵᠦ᠂ ᠬᠦᠷᠦᠯᠴᠡᠬᠦ ᠴᠢᠨᠠᠷᠲᠠᠢ ᠬᠡᠷᠡᠭᠯᠡᠭᠡ ᠲᠦᠷᠭᠡᠨ ᠢᠶᠠᠷ ᠨᠡᠮᠡᠭᠳᠡᠵᠦ᠂ ᠴᠢᠩᠱᠠᠨ ᠲᠣᠭᠤᠷᠢᠭ ᠤᠨ ᠬᠤᠨᠤᠭ ᠢᠳᠡᠭᠡᠨ ᠤᠮᠳᠠᠭᠠᠨ ᠰᠠᠶᠢᠨ ᠡᠬᠢᠯᠡᠯᠲᠡ ᠲᠠᠢ ᠪᠣᠯᠪᠠ᠃ ᠨᠢᠭᠡᠳᠦᠭᠡᠷ ᠤᠯᠠᠷᠢᠯ ᠳᠤ᠂ ᠴᠢᠩᠱᠠᠨ ᠲᠣᠭᠤᠷᠢᠭ ᠤᠨ ᠬᠤᠨᠤᠭ ᠢᠳᠡᠭᠡᠨ ᠤᠮᠳᠠᠭᠠᠨ ᠤ ᠦᠢᠯᠡᠰ ᠤᠨ ᠡᠵᠡᠩᠨᠡᠯᠲᠡ ᠶᠢᠨ ᠬᠡᠮᠵᠢᠶ᠎ᠡ ᠠᠳᠠᠯᠢ ᠬᠤᠭᠤᠴᠠᠭᠠᠨ ᠤ ᠎ ᠬᠢ ᠠᠴᠠ 14.9%᠎ ᠪᠠᠷ ᠨᠡᠮᠡᠭᠳᠡᠵᠦ᠂ ᠲᠦᠷᠦᠭᠦᠸ ᠵᠢᠯ ᠤᠨ ᠳᠥᠷᠪᠡᠳᠦᠭᠡᠷ ᠤᠯᠠᠷᠢᠯ ᠳᠤ 12.4%᠎ ᠪᠠᠷ ᠪᠠᠭᠤᠷᠠᠵᠤ᠂ ᠨᠡᠮᠡᠭᠳᠡᠯ ᠤᠨ ᠬᠤᠷᠳᠤᠴᠠ ᠨᠢ ᠰᠥᠭᠡᠷᠭᠦ ᠪᠠᠶᠢᠭᠰᠠᠨ ᠎ ᠠᠴᠠ ᠪᠠᠨ ᠡᠶᠡᠷᠬᠦ ᠪᠤᠯᠵᠠᠢ᠃ ᠡᠭᠦᠨ ᠳᠤ᠂ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠶᠢ ᠳᠠᠭᠠᠯᠳᠤᠨ᠂ ᠴᠢᠩᠱᠠᠨ ᠲᠣᠭᠤᠷᠢᠭ ᠤᠨ ᠨᠡᠭᠦᠳᠡᠯ ᠬᠥᠮᠥᠨ ᠠᠮᠠ ᠨᠡᠮᠡᠭᠳᠡᠵᠦ᠂ ᠪᠦᠯᠬᠦᠮ ᠨᠡᠶᠢᠲᠡ ᠶᠢᠨ ᠣᠷᠣᠵᠤ ᠰᠠᠭᠤᠬᠤ᠂ ᠬᠤᠷᠠᠯ ᠤᠨ ᠵᠠᠬᠢᠶᠠᠯᠠᠭ᠎ᠠ ᠶᠢᠨ ᠬᠠᠭᠤᠳᠠᠰᠤ ᠨᠡᠮᠡᠭᠳᠡᠨ᠂ ᠬᠤᠨᠣᠭᠯᠠᠬᠤ ᠦᠢᠯᠡᠰ ᠤᠨ ᠣᠷᠣᠵᠤ ᠰᠠᠭᠤᠬᠤ ᠨᠣᠷᠮ᠎ᠠ ᠢᠯᠡᠳᠲᠡ ᠳᠡᠭᠡᠭᠰᠢᠯᠡᠵᠦ᠂ ᠬᠤᠨᠣᠭᠯᠠᠬᠤ ᠦᠢᠯᠡᠰ ᠤᠨ ᠡᠵᠡᠩᠨᠡᠯᠲᠡ ᠶᠢᠨ ᠨᠣᠷᠮ᠎ᠠ ᠠᠳᠠᠯᠢ ᠬᠤᠭᠤᠴᠠᠭᠠᠨ ᠤ ᠬᠢ ᠠᠴᠠ 29.6% ᠨᠡᠮᠡᠭᠳᠡᠵᠦ᠂ ᠬᠤᠨᠣᠭᠯᠠᠬᠤ ᠦᠢᠯᠡᠰ ᠳᠡᠭᠡᠳᠦ ᠬᠤᠷᠳᠤᠴᠠ ᠪᠠᠷ ᠨᠡᠮᠡᠭᠳᠡᠪᠡ︔ ᠰᠠᠭᠤᠭᠠᠯᠢ ᠠᠷᠠᠳ ᠤᠨ ᠭᠠᠳᠠᠭᠰᠢ ᠭᠠᠷᠴᠤ ᠬᠡᠷᠡᠭᠯᠡᠭᠡ ᠬᠢᠬᠦ ᠬᠡᠷᠡᠭᠴᠡᠭᠡ ᠨᠡᠮᠡᠭᠳᠡᠵᠦ᠂ ᠢᠳᠡᠭᠡᠨ ᠤᠮᠳᠠᠭᠠᠨ ᠤ ᠠᠶᠠᠨᠴᠢᠳ ᠤᠨ ᠲᠤᠭ᠎ᠠ ᠢᠯᠡᠳᠲᠡ ᠳᠡᠭᠡᠭᠰᠢᠯᠡᠵᠦ᠂ ᠢᠳᠡᠭᠡᠨ ᠤᠮᠳᠠᠭᠠᠨ ᠤ ᠦᠢᠯᠡᠰ ᠤᠨ ᠡᠵᠡᠩᠨᠡᠯᠲᠡ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 14.4% ᠨᠡᠮᠡᠭᠳᠡᠵᠦ᠂ ᠢᠳᠡᠭᠡᠨ ᠤᠮᠳᠠᠭᠠᠨ ᠤ ᠦᠢᠯᠡᠰ ᠤᠨ ᠰᠡᠷᠭᠦᠯᠲᠡ ᠶᠢᠨ ᠪᠠᠶᠢᠳᠠᠯ ᠢᠯᠡᠳᠲᠡ ᠪᠣᠯᠪᠠ᠃      ᠬᠢᠵᠠᠭᠠᠷᠯᠠᠭᠰᠠᠨ ᠲᠤᠭ᠎ᠠ ᠎ ᠠᠴᠠ ᠳᠡᠭᠡᠭᠰᠢᠬᠢ ᠠᠵᠦ ᠠᠬᠤᠶᠢᠯᠠᠯ ᠤᠨ ᠪᠠᠶᠢᠳᠠᠯ᠄ ᠨᠢᠭᠡᠳᠦᠭᠡᠷ ᠤᠯᠠᠷᠢᠯ ᠳᠤ᠂ ᠴᠢᠩᠱᠠᠨ ᠲᠣᠭᠤᠷᠢᠭ ᠤᠨ ᠬᠢᠵᠠᠭᠠᠷᠯᠠᠭᠰᠠᠨ ᠲᠤᠭ᠎ᠠ ᠎ ᠠᠴᠠ ᠳᠡᠭᠡᠭᠰᠢᠬᠢ ᠬᠤᠨᠤᠭ ᠢᠳᠡᠭᠡᠨ ᠤᠮᠳᠠᠭᠠᠨ ᠤ ᠦᠢᠯᠡᠰ ᠤᠨ ᠡᠵᠡᠩᠨᠡᠯᠲᠡ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 15.9%᠎ ᠪᠠᠷ ᠨᠡᠮᠡᠭᠳᠡᠵᠦ᠂ ᠲᠦᠷᠦᠭᠦᠸ ᠵᠢᠯ ᠤᠨ ᠳᠥᠷᠪᠡᠳᠦᠭᠡᠷ ᠤᠯᠠᠷᠢᠯ ᠤᠨ ᠬᠢ ᠠᠴᠠ 12.3 ᠵᠠᠭᠤᠨ ᠤ ᠨᠢᠭᠡᠴᠢ ᠲᠦᠷᠭᠡᠳᠴᠡᠢ᠃ ᠨᠢᠭᠡᠴᠡ ᠶᠢᠨ ᠲᠥᠷᠥᠯ ᠬᠡᠯᠪᠡᠷᠢ ᠠᠴᠠ ᠦᠵᠡᠪᠡᠯ᠂ ᠬᠢᠵᠠᠭᠠᠷᠯᠠᠭᠰᠠᠨ ᠲᠤᠭ᠎ᠠ ᠎ ᠠᠴᠠ ᠳᠡᠭᠡᠭᠰᠢᠬᠢ ᠬᠤᠨᠤᠭ ᠢᠳᠡᠭᠡᠨ ᠤᠮᠳᠠᠭᠠᠨ ᠤ ᠬᠠᠤᠯᠢ ᠶᠢᠨ ᠡᠷᠬᠡᠲᠡᠨ ᠤ ᠨᠢᠭᠡᠴᠡ ᠶᠢᠨ ᠡᠵᠡᠩᠨᠡᠯᠲᠡ ᠶᠢᠨ ᠲᠤᠭ᠎ᠠ ᠠᠳᠠᠯᠢ ᠬᠤᠭᠤᠴᠠᠭᠠᠨ ᠤ ᠬᠢ ᠠᠴᠠ 8.7% ᠨᠡᠮᠡᠭᠳᠡᠵᠦ︔ ᠬᠢᠵᠠᠭᠠᠷᠯᠠᠭᠰᠠᠨ ᠲᠤᠭ᠎ᠠ ᠎ ᠠᠴᠠ ᠳᠡᠭᠡᠭᠰᠢᠬᠢ ᠢᠳᠡᠭᠡᠨ ᠤᠮᠳᠠᠭᠠᠨ ᠤ ᠬᠤᠪᠢ ᠎ ᠶᠢᠨ ᠡᠷᠦᠬᠡ ᠎ ᠶᠢᠨ ᠡᠵᠡᠩᠨᠡᠯᠲᠡ ᠶᠢᠨ ᠬᠡᠮᠵᠢᠶ᠎ᠡ ᠠᠳᠠᠯᠢ ᠬᠤᠭᠤᠴᠠᠭᠠᠨ ᠎ ᠠᠴᠠ 46.1% ᠨᠡᠮᠡᠭᠳᠡᠵᠡᠢ᠃ 
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号